ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠲᠦᠷᠦᠭᠦᠦ 11 ᠰᠠᠷ᠎ᠠ᠎ᠳᠤ ᠪᠦᠬᠦ ᠤᠯᠤᠰ᠎ᠤᠨ ᠬᠣᠲᠠ ᠪᠠᠯᠭᠠᠰᠤᠨ᠎ᠤ 1210 ᠲᠦᠮᠡᠨ ᠬᠥᠮᠥᠨ᠎ᠳᠦ ᠰᠢᠨ᠎ᠡ᠎ᠪᠡᠷ ᠠᠵᠢᠯ ᠣᠯᠭᠣᠪᠠ
ᠨᠡᠶ᠋ᠢᠲᠡᠯᠡᠭᠰᠡᠨ ᠴᠠᠭ᠄ 2025-12-31

      ᠰᠢᠨᠬᠤᠸᠠ ᠬᠣᠷᠢᠶᠠᠨ᠎ᠤ ᠪᠡᠭᠡᠵᠢᠩ᠎ᠦᠨ 12 ᠰᠠᠷ᠎ᠠ᠎ᠶᠢᠨ 16᠎ᠤ ᠡᠳᠦᠷ᠎ᠦᠨ ᠮᠡᠳᠡᠭᠡ ᠰᠤᠷᠪᠤᠯᠵᠢᠯᠠᠭ᠍ᠴᠢ 12 ᠰᠠᠷ᠎ᠠ᠎ᠶᠢᠨ 16᠎ᠤ ᠡᠳᠦᠷ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠎ᠠᠴᠠ ᠣᠢᠯᠠᠭᠠᠭᠰᠠᠨ ᠨᠢ᠂ 1 ᠳ᠋ᠦ᠍ᠭᠡᠷ ᠰᠠᠷ᠎ᠠ᠎ᠠᠴᠠ 11 ᠳ᠋ᠦ᠍ᠭᠡᠷ ᠰᠠᠷ᠎ᠠ ᠪᠣᠯᠲᠠᠯ᠎ᠠ᠂ ᠪᠥᠬᠥ ᠤᠯᠤᠰ᠎ᠤᠨ ᠬᠣᠲᠠ ᠪᠠᠯᠭᠠᠰᠤᠨ᠎ᠤ 1210 ᠲᠦᠮᠡᠨ ᠬᠥᠮᠥᠨ᠎ᠳᠦ ᠰᠢᠨ᠎ᠡ᠎ᠪᠡᠷ ᠠᠵᠢᠯ ᠣᠯᠭᠣᠵᠤ᠂ ᠬᠣᠲᠠ ᠪᠠᠯᠭᠠᠰᠤᠨ᠎ᠤ ᠪᠠᠢᠴᠠᠭᠠᠯᠲᠠ᠎ᠶᠢᠨ ᠠᠵᠢᠯ ᠠᠯᠳᠠᠯᠲᠠ᠎ᠶᠢᠨ ᠨᠣᠷᠮ᠎ᠠ᠎ᠶᠢᠨ ᠳᠤᠮᠳᠠᠴᠢ ᠬᠡᠮᠵᠢᠭᠳᠡᠯ ᠨᠢ 5.2% ᠲᠤᠯᠪᠠ᠃
      ᠡᠨᠡ ᠵᠢᠯ᠎ᠡᠴᠡ ᠨᠠᠭᠠᠰᠢ᠂ ᠨᠠᠮ᠎ᠤᠨ ᠲᠥᠪ ᠬᠣᠷᠢᠶ᠎ᠠ ᠠᠵᠢᠯ ᠣᠯᠭᠣᠯᠲᠠ᠎ᠶᠢ ᠲᠣᠭᠲᠠᠭᠤᠨ ᠪᠠᠢᠯᠭᠠᠬᠤ᠎ᠶᠢ 《 ᠳᠥᠷᠪᠡ᠎ᠶᠢ ᠲᠣᠭᠲᠠᠭᠤᠨ ᠪᠠᠢᠯᠭᠠᠬᠤ 》᠎ᠶᠢᠨ ᠲᠡᠷᠢᠭᠦᠨ ᠪᠠᠢᠷᠢᠨ᠎ᠳᠤ ᠲᠠᠯᠪᠢᠵᠤ᠂ ᠠᠵᠢᠯ ᠣᠯᠭᠣᠯᠲᠠ᠎ᠶᠢ ᠲᠣᠭᠲᠠᠭᠤᠨ ᠪᠠᠢᠯᠭᠠᠬᠤ ᠪᠠ ᠠᠵᠤ ᠠᠬᠤᠢ᠎ᠶᠢ ᠲᠣᠭᠲᠠᠭᠤᠨ ᠪᠠᠢᠯᠭᠠᠬᠤ ᠠᠯᠢ ᠣᠯᠠᠨ ᠲᠥᠷᠥ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠶᠢ ᠨᠡᠢᠲᠡᠯᠡᠨ ᠬᠡᠷᠡᠭᠵᠢᠭᠦᠯᠵᠦ᠂ ᠠᠵᠢᠯ ᠣᠯᠭᠣᠯᠲᠠ᠎ᠶᠢᠨ ᠪᠠᠢᠳᠠᠯ ᠶᠡᠷᠦᠩᠬᠡᠢ᠎ᠳᠡᠭᠡᠨ ᠲᠣᠭᠲᠠᠭᠤᠨ ᠪᠠᠢᠬᠤ᠎ᠶᠢ ᠪᠠᠲᠤᠯᠠᠪᠠ᠃
      ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠎ᠤ ᠠᠵᠢᠯ ᠣᠯᠭᠣᠯᠲᠠ᠎ᠶᠢ ᠠᠬᠢᠭᠤᠯᠬᠤ ᠵᠤᠷᠭᠠᠨ᠎ᠤ ᠬᠣᠯᠪᠣᠭᠳᠠᠯ ᠪᠦᠬᠦᠢ ᠬᠠᠷᠢᠭᠤᠴᠠᠯᠭᠠᠲᠠᠨ ᠢᠯᠡᠷᠬᠡᠢᠯᠡᠬᠦ᠎ᠳᠡᠭᠡᠨ᠂ ᠲᠠᠷᠠᠭᠠᠴᠢ᠎ᠶᠢᠨ ᠠᠯᠬᠤᠮ᠎ᠳᠤ᠂ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠤᠨ ᠪᠠᠭᠲᠠᠭᠠᠮᠵᠢ᠎ᠶᠢ ᠥᠷᠭᠡᠳᠬᠡᠵᠦ ᠶᠠᠰᠤ ᠴᠢᠨᠠᠷ᠎ᠢ ᠳᠡᠭᠡᠭᠰᠢᠯᠡᠭᠦᠯᠬᠦ ᠠᠵᠢᠯᠯᠠᠭ᠎ᠠ᠎ᠶᠢ ᠬᠡᠷᠡᠭᠵᠢᠭᠦᠯᠵᠦ᠂ ᠠᠵᠢᠯ ᠣᠯᠭᠣᠯᠲᠠ᠎ᠶᠢᠨ ᠶᠡᠬᠡ ᠲᠠᠯ᠎ᠠ᠎ᠶᠢ ᠪᠥᠬᠥ ᠬᠦᠴᠦᠨ᠎ᠢᠶᠡᠷ᠎ᠢᠶᠡᠨ ᠲᠣᠭᠲᠠᠭᠤᠨ ᠪᠣᠯᠭᠠᠨ᠎ᠠ ; ᠠᠵᠢᠯ ᠣᠯᠭᠣᠯᠲᠠ᠎ᠶᠢᠨ ᠭᠣᠣᠯᠳᠠᠯᠭ᠎ᠠ᠎ᠲᠠᠢ ᠬᠥᠮᠥᠰ᠎ᠲᠤ ᠠᠩᠬᠠᠷᠤᠯ᠎ᠢᠶᠠᠨ ᠲᠥᠪᠯᠡᠷᠡᠭᠦᠯᠵᠦ᠂ ᠲᠥᠷᠥ᠎ᠶᠢᠨ ᠪᠣᠳᠣᠯᠭ᠎ᠠ᠎ᠶᠢ ᠨᠠᠷᠢᠯᠢᠭ᠋ ᠤᠨᠤᠪᠴᠢᠳᠠᠢ ᠬᠡᠷᠡᠭᠵᠢᠭᠦᠯᠵᠦ ᠠᠵᠢᠯ ᠣᠯᠭᠣᠯᠲᠠ᠎ᠶᠢ ᠲᠣᠭᠲᠠᠪᠤᠷᠢᠲᠠᠢ ᠪᠣᠯᠭᠠᠬᠤ ᠪᠥᠭᠡᠳ ᠥᠷᠭᠡᠳᠬᠡᠨ᠎ᠡ ; ᠠᠵᠢᠯ ᠮᠡᠷᠭᠡᠵᠢᠯ᠎ᠦᠨ ᠤᠷ᠎ᠠ ᠮᠡᠷᠭᠡᠵᠢᠯ᠎ᠦᠨ ᠪᠣᠯᠪᠠᠰᠤᠷᠠᠯ᠎ᠢ ᠴᠢᠩᠭᠠᠳᠬᠠᠵᠤ᠂ ᠬᠥᠳᠡᠯᠮᠦᠷᠢᠴᠢᠳ᠎ᠦᠨ ᠠᠵᠢᠯ ᠣᠯᠬᠤ ᠴᠢᠳᠠᠪᠤᠷᠢ᠎ᠶᠢ ᠨᠡᠩ ᠰᠠᠢᠨ ᠳᠡᠭᠡᠭᠰᠢᠯᠡᠭᠦᠯᠦᠨ᠎ᠡ ; ᠠᠵᠢᠯ ᠣᠯᠭᠣᠯᠲᠠ᠎ᠶᠢᠨ ᠤᠯᠠᠨ ᠨᠡᠶ᠋ᠢᠲᠡ᠎ᠶᠢᠨ ᠦᠢᠯᠡᠴᠢᠯᠡᠭᠡ᠎ᠶᠢ ᠰᠢᠯᠢᠳᠡᠭᠵᠢᠭᠦᠯᠵᠦ᠂ ᠬᠥᠮᠥᠨ ᠪᠠ ᠠᠵᠢᠯ᠎ᠤᠨ ᠪᠠᠢᠷᠢ᠎ᠶᠢᠨ ᠥᠨᠳᠥᠷ ᠪᠦᠲᠦᠮᠵᠢᠲᠡᠢ᠎ᠪᠡᠷ ᠵᠣᠬᠢᠴᠠᠯᠳᠤᠬᠤ᠎ᠶᠢ ᠨᠡᠩ ᠰᠠᠢᠲᠤᠷ ᠠᠬᠢᠭᠤᠯᠤᠨ᠎ᠠ ; ᠦᠢᠯᠡᠰ ᠪᠣᠰᠬᠠᠬᠤ᠎ᠶᠢ ᠳᠡᠮᠵᠢᠬᠦ ᠡᠷᠴᠢᠮ᠎ᠢᠶᠡᠨ ᠴᠢᠩᠭᠠᠷᠠᠭᠤᠯᠵᠤ᠂ ᠠᠵᠢᠯ ᠣᠯᠭᠣᠯᠲᠠ᠎ᠶᠢᠨ ᠳᠠᠬᠢᠨ᠎ᠢᠶᠠᠷ ᠨᠡᠮᠡᠭᠳᠡᠬᠦ᠎ᠶᠢ ᠳᠠᠢᠴᠢᠯᠠᠬᠤ ᠦᠢᠯᠡᠳᠦᠯ᠎ᠢ ᠪᠠᠳᠠᠷᠠᠭᠤᠯᠤᠨ᠎ᠠ ᠭᠡᠵᠡᠢ᠃ ( ᠵᠠᠩ ᠰᠢᠶᠣᠣ ᠵᠢᠶᠧ )

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            