ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ 2025 ᠣᠨ᠎ᠤ ᠪᠥᠬᠥ ᠤᠯᠤᠰ᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠵᠠᠬ᠎ᠠ ᠳᠡᠯᠭᠡᠭᠦᠷ᠎ᠦᠨ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠲᠤ ᠠᠵᠢᠯ ᠣᠯᠭᠣᠬᠤ ᠦᠢᠯᠡᠴᠢᠯᠡᠭᠡᠨ᠎ᠦ ᠲᠤᠰᠬᠠᠢ ᠠᠵᠢᠯᠯᠠᠭ᠎ᠠ ᠡᠷᠬᠢᠯᠡᠨ᠎ᠡ
ᠨᠡᠶ᠋ᠢᠲᠡᠯᠡᠭᠰᠡᠨ ᠴᠠᠭ᠄ 2026-01-03

      ᠨᠠᠮ᠎ᠤᠨ ᠲᠥᠪ ᠬᠣᠷᠢᠶ᠎ᠠ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶᠢ ᠠᠬᠢᠭᠤᠯᠬᠤ ᠲᠤᠬᠠᠢ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠲᠤᠭᠤᠰᠢᠯᠠᠭᠤᠯᠬᠤ᠎ᠶᠢᠨ ᠲᠥᠯᠥᠭᠡ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ 12 ᠳ᠋ᠤᠭᠠᠷ ᠰᠠᠷ᠎ᠠ᠎ᠶᠢᠨ ᠳᠤᠮᠳᠠᠴᠢ᠎ᠠᠴᠠ ᠡᠬᠢᠯᠡᠨ᠂ ᠪᠥᠬᠥ ᠤᠯᠤᠰ᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠵᠠᠬ᠎ᠠ ᠳᠡᠯᠭᠡᠭᠦᠷ᠎ᠦᠨ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠲᠦ ᠠᠵᠢᠯ ᠣᠯᠭᠣᠬᠤ ᠦᠢᠯᠡᠴᠢᠯᠡᠭᠡᠨ᠎ᠦ ᠨᠢᠭᠡ ᠰᠠᠷ᠎ᠠ᠎ᠶᠢᠨ ᠬᠤᠭᠤᠴᠠᠭ᠎ᠠ᠎ᠲᠠᠢ ᠲᠤᠰᠬᠠᠢ ᠠᠵᠢᠯᠯᠠᠭ᠎ᠠ᠎ᠶᠢ ᠡᠷᠭᠢᠯᠡᠵᠦ᠂ 2026 ᠬᠤᠭᠤᠴᠠᠭᠠᠨ᠎ᠤ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠂ ᠥᠩᠭᠡᠷᠡᠭᠰᠡᠨ ᠬᠤᠭᠤᠴᠠᠭᠠᠨ᠎ᠤ ᠰᠤᠷᠭᠠᠭᠤᠯᠢ᠎ᠠᠴᠠ᠎ᠪᠠᠨ ᠰᠠᠯᠤᠭᠠᠳ ᠠᠵᠢᠯ ᠣᠯᠣᠭᠠᠳᠤᠢ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠵᠢᠴᠢ 《 ᠭᠤᠷᠪᠠ᠎ᠶᠢ ᠳᠡᠮᠵᠢᠵᠦ ᠨᠢᠭᠡ᠎ᠶᠢ ᠲᠡᠳᠬᠦᠬᠦ 》 ᠲᠥᠯᠥᠪᠯᠡᠭᠡ ᠵᠡᠷᠭᠡ ᠦᠨᠳᠦᠰᠦᠨ ᠱᠠᠲᠤᠨ᠎ᠤ ᠦᠢᠯᠡᠴᠢᠯᠡᠭᠡᠨ᠎ᠦ ᠲᠥᠷᠥᠯ ᠵᠦᠢᠯᠡᠰ᠎ᠦᠨ ᠠᠵᠢᠯᠲᠠᠳ᠎ᠲᠤ ᠴᠢᠨᠠᠷ ᠰᠠᠢᠲᠠᠢ ᠥᠨᠳᠥᠷ ᠪᠦᠲᠦᠮᠵᠢᠲᠡᠶ ᠠᠵᠢᠯ ᠣᠯᠭᠣᠯᠲᠠ᠎ᠶᠢᠨ ᠦᠢᠯᠡᠴᠢᠯᠡᠭᠡ ᠬᠠᠩᠭᠠᠨ᠎ᠠ᠃
      ᠲᠤᠰᠬᠠᠢ ᠠᠵᠢᠯᠯᠠᠭ᠎ᠠ᠎ᠶᠢᠨ ᠬᠤᠭᠤᠴᠠᠭᠠᠨ᠎ᠳᠤ᠂ ᠡᠯ᠎ᠡ ᠭᠠᠵᠠᠷ᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ᠂ ᠬᠣᠯᠪᠣᠭᠳᠠᠯ ᠪᠦᠬᠦᠢ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠪᠠᠢᠭᠤᠯᠤᠮᠵᠢ᠂ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠠᠵᠤ ᠦᠢᠯᠡᠰ᠎ᠦᠨ ᠬᠦᠷᠢᠶᠡᠯᠡᠩ ᠪᠠ ᠴᠢᠳᠠᠪᠤᠷᠢᠲᠠᠨ᠎ᠤ ᠵᠠᠬ᠎ᠠ ᠳᠡᠯᠭᠡᠭᠦᠷ ᠵᠠᠬ᠎ᠠ ᠳᠡᠯᠭᠡᠭᠦᠷᠴᠢᠯᠡᠭᠰᠡᠨ ᠠᠵᠢᠯ ᠣᠯᠭᠣᠯᠲᠠ᠎ᠶᠢᠨ ᠠᠵᠢᠯ᠎ᠤᠨ ᠪᠠᠢᠷᠢ᠎ᠶᠢ ᠥᠷᠭᠡᠨ᠎ᠢᠶᠡᠷ ᠠᠭᠤᠳᠠᠯᠯᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ᠎ᠡᠴᠡ ᠭᠠᠳᠠᠭᠤᠷᠬᠢ ᠤᠷᠢᠵᠤ ᠡᠯᠰᠡᠬᠦ ᠠᠵᠢᠯᠯᠠᠭ᠎ᠠ᠎ᠶᠢ ᠲᠥᠪᠯᠡᠷᠡᠭᠦᠯᠦᠨ ᠥᠷᠨᠢᠭᠦᠯᠵᠦ᠂ ᠰᠢᠭᠤᠳ ᠨᠡᠪᠲᠡᠷᠡᠭᠦᠯᠭᠡ᠎ᠪᠡᠷ ᠠᠵᠢᠯ᠎ᠤᠨ ᠪᠠᠢᠷᠢ  ᠲᠠᠨᠢᠯᠴᠠᠭᠤᠯᠬᠤ ᠪᠠ ᠠᠵᠢᠯ ᠮᠡᠷᠭᠡᠵᠢᠯ᠎ᠦᠨ ᠥᠩᠭᠡᠷᠡᠭᠡᠯᠲᠡ᠎ᠶᠢ ᠰᠢᠯᠢᠳᠡᠭᠵᠢᠭᠦᠯᠵᠦ᠂ ᠰᠦᠯᠵᠢᠶᠡᠨ ᠳᠡᠭᠡᠷᠡᠬᠢ ᠰᠢᠯᠭᠠᠨ ᠲᠣᠭᠲᠠᠭᠠᠯᠲᠠ ᠪᠠ ᠰᠢᠯᠭᠠᠯᠲᠠ᠎ᠶᠢᠨ ᠦᠢᠯᠡᠴᠢᠯᠡᠭᠡ᠎ᠶᠢ ᠰᠢᠨᠡᠴᠢᠯᠡᠨ᠂ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡ᠎ᠶᠢ ᠰᠤᠷᠭᠠᠭᠤᠯᠢ᠎ᠶᠢᠨ ᠬᠦᠷᠢᠶᠡᠨ᠎ᠳᠦ ᠣᠷᠣᠭᠤᠯᠬᠤ᠎ᠶᠢ ᠡᠮᠬᠢ ᠵᠢᠷᠤᠮ᠎ᠲᠠᠢ ᠵᠣᠬᠢᠶᠠᠨ ᠪᠠᠢᠭᠤᠯᠵᠤ᠂ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠭᠣᠣᠯᠳᠠᠯᠭ᠎ᠠ᠎ᠲᠠᠢ ᠬᠥᠮᠥᠰ᠎ᠤᠨ ᠵᠠᠬ᠎ᠠ ᠳᠡᠯᠭᠡᠭᠦᠷᠴᠢᠯᠡᠭᠰᠡᠨ ᠨᠡᠢᠭᠡᠮᠴᠢᠯᠡᠭᠰᠡᠨ ᠠᠵᠢᠯ ᠣᠯᠭᠣᠯᠲᠠ᠎ᠶᠢᠨ ᠠᠷᠭ᠎ᠠ ᠵᠠᠮ᠎ᠢ ᠥᠷᠭᠡᠳᠬᠡᠨ᠎ᠡ᠃ ᠡᠭᠦᠨ᠎ᠦ ᠬᠠᠮᠲᠤ᠂ ᠠᠵᠢᠯ ᠡᠷᠢᠬᠦ ᠲᠦᠭᠰᠢᠭᠦᠷᠢ᠎ᠶᠢ ᠰᠡᠷᠭᠡᠢᠯᠡᠬᠦ ᠤᠬᠠᠭᠤᠯᠭ᠎ᠠ ᠬᠥᠮᠦᠵᠢᠯ᠎ᠢ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠲᠥᠷᠥᠯ᠎ᠦᠨ ᠠᠵᠢᠯᠲᠠᠨ ᠡᠯᠰᠡᠬᠦ᠎ᠶᠢ ᠵᠣᠯᠭᠠᠭᠤᠯᠬᠤ ᠠᠵᠢᠯᠯᠠᠭ᠎ᠠ᠎ᠶᠢ ᠠᠮᠤᠷ ᠲᠦᠪᠰᠢᠨ ᠡᠮᠬᠢ ᠵᠢᠷᠤᠮ᠎ᠲᠠᠢ ᠡᠷᠭᠢᠯᠡᠵᠦ᠂ ᠠᠵᠢᠯ ᠡᠷᠢᠭᠰᠡᠳ᠎ᠦᠨ ᠬᠠᠤᠯᠢ ᠶᠣᠰᠣᠨ᠎ᠤ ᠡᠷᠬᠡ ᠠᠰᠢᠭ᠋᠎ᠢ ᠪᠠᠲᠤᠯᠠᠨ᠂ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠵᠠᠬ᠎ᠠ ᠳᠡᠯᠭᠡᠭᠦᠷ᠎ᠦᠨ ᠰᠠᠢᠨ ᠰᠠᠢᠬᠠᠨ ᠡᠮᠬᠢ ᠵᠢᠷᠤᠮ᠎ᠢ ᠬᠠᠮᠲᠤ᠎ᠪᠠᠷ ᠬᠠᠮᠠᠭᠠᠯᠠᠨ᠎ᠠ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            