ᠠᠯᠲᠠᠨ ᠨᠠᠮᠤᠷ᠎ᠤᠨ ᠤᠯᠠᠷᠢᠯ᠎ᠳᠤ᠂ ᠥᠪᠥᠷ ᠮᠣᠩᠭᠣᠯ᠎ᠤᠨ ᠪᠤᠭᠤᠲᠤ ᠬᠣᠲᠠ 《 ᠴᠢᠳᠠᠪᠤᠷᠢᠲᠠᠨ ᠴᠤᠭᠯᠠᠷᠠᠭᠰᠠᠨ ᠥᠨᠳᠥᠷᠯᠢᠭ ᠭᠠᠵᠠᠷ᠎ᠢ ᠪᠠᠶ᠋ᠢᠭᠤᠯᠬᠤ 》 ᠪᠠᠢᠯᠳᠤᠬᠤ ᠪᠣᠳᠣᠯᠭ᠎ᠠ᠎ᠶᠢᠨ ᠬᠠᠷᠠᠯᠲᠠ᠎ᠪᠠᠨ ᠲᠣᠭᠲᠠᠭᠠᠵᠤ᠂ 《 ᠬᠣᠪᠣᠷ ᠰᠢᠷᠣᠢ᠎ᠶᠢᠨ ᠬᠣᠶᠠᠷ ᠰᠠᠭᠤᠷᠢᠨ ᠭᠠᠵᠠᠷ 》᠎ᠤᠨ ᠪᠦᠲᠦᠭᠡᠨ ᠪᠠᠢᠭᠤᠯᠤᠯᠲᠠ ᠬᠢᠭᠡᠳ ᠣᠳᠣᠬᠢᠴᠢᠯᠠᠭᠰᠠᠨ ᠠᠵᠤ ᠦᠢᠯᠡᠰ᠎ᠦᠨ ᠰᠢᠰᠲᠧᠮᠵᠢ᠎ᠶᠢᠨ ᠬᠥᠭᠵᠢᠯᠲᠡ᠎ᠶᠢᠨ ᠬᠡᠷᠡᠭᠴᠡᠭᠡ ᠱᠠᠭᠠᠷᠳᠠᠯᠭ᠎ᠠ᠎ᠲᠠᠢ ᠨᠢᠭ᠍ᠲᠠ ᠤᠶᠠᠯᠳᠤᠭᠤᠯᠤᠨ᠂ 2025 ᠣᠨ᠎ᠤ ᠨᠠᠮᠤᠷ᠎ᠤᠨ ᠤᠯᠠᠷᠢᠯ᠎ᠤᠨ ᠰᠤᠷᠭᠠᠭᠤᠯᠢ᠎ᠶᠢᠨ ᠬᠦᠷᠢᠶᠡᠨ᠎ᠦ ᠴᠢᠳᠠᠪᠤᠷᠢᠲᠠᠨ ᠡᠯᠰᠡᠵᠦ ᠣᠶᠤᠨ ᠤᠬᠠᠭᠠᠨ ᠣᠷᠣᠭᠤᠯᠬᠤ ᠠᠵᠢᠯᠯᠠᠭ᠎ᠠ᠎ᠶᠢ ᠪᠥᠬᠥ ᠲᠠᠯ᠎ᠠ᠎ᠪᠠᠷ ᠡᠬᠢᠯᠡᠭᠦᠯᠪᠡ᠃ ᠡᠨᠡ ᠤᠳᠠᠭᠠᠨ᠎ᠤ 《ᠴᠢᠳᠠᠪᠤᠷᠢᠲᠠᠨ᠎ᠤ ᠲᠡᠷᠢᠭᠦᠨ ᠵᠡᠷᠭᠡ᠎ᠶᠢᠨ ᠶᠡᠬᠡ ᠶᠠᠪᠤᠳᠠᠯ᠎ᠢ ᠬᠠᠮᠤᠷᠬᠤ 》᠎ᠪᠠᠷ ᠭᠣᠣᠯ ᠲᠥᠷᠥᠯ ᠲᠡᠮᠳᠡᠭ ᠪᠣᠯᠭᠠᠭᠰᠠᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠦᠢᠯᠡᠳᠦᠯᠭᠡ᠂ 《ᠠᠷᠪᠠ᠎ᠶᠢ ᠠᠵᠢᠭ᠍ᠯᠠᠬᠤ ᠠᠷᠭ᠎ᠠ》 ᠵᠢᠨ ᠴᠢᠳᠠᠪᠤᠷᠢᠲᠠᠨ᠎ᠢ ᠲᠠᠲᠠᠬᠤ ᠠᠵᠢᠯ᠎ᠤᠨ ᠠᠷᠭ᠎ᠠ᠎ᠶᠢ ᠬᠡᠷᠡᠭᠯᠡᠵᠦ᠂ AI ᠣᠶᠤᠨᠲᠤ ᠮᠡᠷᠭᠡᠵᠢᠯ᠎ᠳᠦ ᠲᠦᠰᠢᠭᠯᠡᠨ᠂ 《ᠰᠦᠯᠵᠢᠶᠡᠨ᠎ᠡᠴᠡ ᠭᠠᠳᠠᠨ᠎ᠠ ᠬᠠᠯᠠᠭᠤᠨ ᠰᠡᠳᠬᠢᠯ᠎ᠢᠶᠡᠷ ᠤᠷᠢᠬᠤ + ᠰᠦᠯᠵᠢᠶᠡᠨ ᠳᠡᠭᠡᠷ᠎ᠡ ᠣᠶᠤᠨᠲᠤ ᠴᠢᠳᠠᠪᠤᠷᠢᠲᠠᠨ᠎ᠢ ᠲᠠᠲᠠᠬᠤ 》 ᠬᠣᠣᠰ ᠵᠠᠮ᠎ᠤᠨ ᠵᠠᠭᠪᠤᠷ᠎ᠢ ᠰᠢᠨ᠎ᠡ᠎ᠪᠡᠷ ᠡᠭᠦᠳᠴᠦ᠂ ᠪᠤᠭᠤᠲᠤ ᠬᠤᠳᠠ᠎ᠶᠢᠨ ᠠᠵᠤ ᠦᠢᠯᠡᠰ᠎ᠦᠨ ᠰᠢᠨ᠎ᠡ᠎ᠶᠢ ᠡᠭᠦᠳᠬᠦ ᠪᠠ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ᠎ᠳᠦ ᠵᠠᠯᠠᠭᠤ ᠨᠠᠰᠤᠨ᠎ᠤ ᠬᠥᠳᠡᠯᠭᠡᠬᠦ ᠬᠦᠴᠦᠨ ᠨᠡᠮᠡᠷᠢᠯᠡᠭᠰᠡᠨ᠎ᠢᠶᠡᠷ ᠪᠠᠷᠠᠬᠤ ᠦᠭᠡᠢ᠂ ᠨᠡᠩ ᠴᠤ᠌ ᠬᠠᠭᠤᠴᠢᠨ ᠠᠵᠤ ᠦᠢᠯᠡᠳᠪᠦᠷᠢ᠎ᠶᠢᠨ ᠰᠠᠭᠤᠷᠢᠨ᠎ᠤ ᠬᠡᠯᠪᠡᠷᠢ᠎ᠪᠡᠨ ᠬᠤᠪᠢᠷᠠᠭᠤᠯᠤᠨ ᠬᠥᠭᠵᠢᠬᠦ ᠴᠢᠳᠠᠪᠤᠷᠢᠲᠠᠨ᠎ᠢ 《 ᠬᠥᠮᠥᠵᠢᠭᠦᠯᠬᠦ ᠦᠯᠡᠳᠡᠭᠡᠬᠦ ᠬᠡᠷᠡᠭᠯᠡᠬᠦ ᠦᠢᠯᠡᠴᠢᠯᠡᠬᠦ 》 ᠴᠣ ᠰᠢᠨ᠎ᠡ ᠠᠷᠭ᠎ᠠ ᠵᠠᠮ᠎ᠢ ᠬᠠᠢᠨ ᠰᠦᠪᠡᠭᠴᠢᠯᠡᠵᠡᠢ᠃
ᠴᠢᠳᠠᠪᠤᠷᠢᠲᠠᠨ ᠤᠷᠢᠬᠤ ᠠᠯᠲᠠᠨ ᠨᠠᠮᠤᠷ᠎ᠤᠨ ᠪᠣᠯᠵᠣᠭ᠎ᠠ᠄ ᠲᠤᠰᠬᠠᠢ ᠠᠩᠭᠢ 《 ᠰᠤᠷᠭᠠᠭᠤᠯᠢ᠎ᠳᠦ ᠣᠷᠣᠵᠤ》 ᠂ ᠲᠥᠷᠥ᠎ᠶᠢᠨ ᠪᠣᠳᠣᠯᠭ᠎ᠠ᠎ᠶᠢᠨ ᠠᠰᠢᠭ᠋ ᠲᠤᠰᠠ ᠨᠢ ᠶᠡᠬᠡ ᠳᠡᠭᠡᠳᠦ ᠰᠤᠷᠭᠠᠭᠤᠯᠢ᠎ᠶᠢᠨ 《 ᠴᠢᠳᠠᠪᠤᠷᠢᠲᠠᠨ᠎ᠤ ᠬᠠᠯᠠᠮᠰᠢᠯ》᠎ᠢ ᠪᠤᠶ ᠪᠣᠯᠭᠠᠪᠠ
9 ᠳ᠋ᠦ᠍ᠭᠡᠷ ᠰᠠᠷ᠎ᠠ᠎ᠳᠤ ᠨᠠᠮᠤᠷ᠎ᠤᠨ ᠰᠣᠷᠣᠭ᠍ᠴᠢ ᠡᠯᠰᠡᠬᠦ ᠠᠵᠢᠯ ᠡᠬᠢᠯᠡᠭᠰᠡᠨ᠎ᠡᠴᠡ ᠨᠠᠭᠠᠰᠢ ᠂ ᠪᠤᠭᠤᠲᠤ ᠬᠣᠲᠠ᠎ᠶᠢᠨ ᠬᠢᠨ ᠴᠢᠳᠠᠪᠤᠷᠢᠲᠠᠨ ᠡᠯᠰᠡᠵᠦ ᠣᠶᠤᠨ ᠤᠬᠠᠭᠠᠨ ᠣᠷᠣᠭᠤᠯᠬᠤ ᠪᠠᠭ᠎ᠠ ᠠᠩᠭᠢ᠎ᠶᠢ ᠢᠳᠡᠪᠬᠢᠲᠡᠢ ᠵᠣᠬᠢᠶᠠᠨ ᠪᠠᠢᠭᠤᠯᠵᠤ᠂ ᠪᠥᠬᠥ ᠬᠣᠲᠠ᠎ᠶᠢᠨ 85 ᠭᠣᠣᠯᠳᠠᠯᠭ᠎ᠠ᠎ᠲᠠᠢ ᠠᠵᠤ ᠠᠬᠤᠢᠯᠠᠯ᠎ᠤᠨ 309 ᠠᠵᠢᠯ᠎ᠤᠨ ᠪᠠᠢᠷᠢ᠂ 1878 ᠴᠢᠳᠠᠪᠤᠷᠢᠲᠠᠨ᠎ᠤ ᠬᠡᠷᠡᠭᠴᠡᠭᠡ ᠱᠠᠭᠠᠷᠳᠠᠯᠭ᠎ᠠ᠎ᠶᠢ ᠳᠠᠭᠠᠭᠤᠯᠤᠨ᠂ ᠱᠠᠨ ᠰᠢ ᠱᠠᠨᠳᠦ᠋ᠩ ᠾᠧᠨᠠᠨ ᠵᠢᠶᠠᠩᠰᠤ ᠱᠠᠩᠬᠠᠢ᠂ ᠱᠠᠨᠰᠢ ᠭᠠᠨᠰᠤ ᠬᠥᠬᠡᠨᠠᠭᠤᠷ ᠰᠧᠴᠤᠸᠠᠨ ᠴᠦᠩᠴᠢᠩ ᠵᠢᠴᠢ ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ 10 ᠭᠠᠷᠤᠢ ᠮᠤᠵᠢ ᠣᠷᠣᠨ᠂ 39 ᠶᠡᠬᠡ ᠳᠡᠭᠡᠳᠦ ᠰᠤᠷᠭᠠᠭᠤᠯᠢ᠎ᠳᠤ ᠴᠢᠳᠠᠪᠤᠷᠢᠲᠠᠨ ᠡᠯᠰᠡᠵᠦ᠂ ᠭᠣᠣᠯᠳᠠᠯᠭ᠎ᠠ᠎ᠲᠠᠢ ᠶᠡᠬᠡ ᠳᠡᠭᠡᠳᠦ ᠰᠤᠷᠭᠠᠭᠤᠯᠢ ᠂ ᠭᠣᠣᠯᠯᠠᠬᠤ ᠰᠢᠨᠵᠢᠯᠡᠭᠡᠨ᠎ᠦ ᠰᠠᠯᠠᠭ᠎ᠠ᠂ ᠬᠣᠪᠣᠷ ᠴᠤᠬᠠᠭ ᠲᠤᠰᠬᠠᠢ ᠮᠡᠷᠭᠡᠵᠢᠯ᠎ᠢ ᠨᠠᠷᠢᠯᠢᠭ᠋ ᠣᠨᠣᠴᠠᠲᠠᠢ᠎ᠪᠠᠷ ᠬᠠᠮᠤᠷᠬᠤ᠎ᠶᠢ ᠪᠡᠶᠡᠯᠡᠭᠦᠯᠪᠡ᠃
ᠤᠯᠠᠨ ᠶᠡᠬᠡ ᠳᠡᠭᠡᠳᠦ ᠰᠤᠷᠭᠠᠭᠤᠯᠢ᠎ᠶᠢᠨ ᠠᠵᠢᠯᠲᠠᠨ ᠡᠯᠰᠡᠬᠦ ᠲᠤᠬᠠᠢ᠎ᠶᠢᠨ ᠲᠠᠯᠠᠪᠠᠢ᠎ᠳᠤ᠂ 《 ᠳ᠋ᠣᠺᠲ᠋ᠣᠷ᠎ᠲᠤ 20 ᠲᠦᠮᠡ᠂ ᠮᠠᠰᠲᠧᠷ᠎ᠲᠤ 10 ᠲᠦᠮᠡᠨ ᠲᠥᠭᠥᠷᠢᠭ ᠡᠷᠦᠬᠡ ᠠᠮᠠ᠎ᠶᠢᠨ ᠨᠥᠬᠥᠪᠦᠷᠢ ᠮᠥᠩᠭᠥ ᠥᠭᠬᠦ 》᠂ 《 ᠠᠵᠢᠯ ᠦᠢᠯᠡᠰ᠎ᠦᠨ ᠣᠷᠣᠨ ᠲᠣᠭ᠎ᠠ᠎ᠶᠢᠨ ᠠᠵᠤ ᠠᠬᠤᠢᠯᠠᠯ᠎ᠤᠨ ᠬᠡᠷᠡᠭᠯᠡᠭᠡ 》᠂ 《 ᠵᠠᠯᠠᠭᠤᠴᠤᠳ᠎ᠤᠨ ᠤᠯᠠᠭ᠎ᠠ ᠦᠷᠳᠡᠭᠡ᠎ᠳᠦ ᠰᠦᠢᠳᠬᠡᠯ ᠬᠤᠷᠢᠶᠠᠬᠤ ᠦᠭᠡᠢ᠎ᠪᠡᠷ 15 ᠡᠳᠦᠷ ᠣᠷᠣᠵᠤ ᠰᠠᠭᠤᠯᠭᠠᠬᠤ ᠨᠢᠭᠡ ᠦᠷᠲᠡᠭᠡᠴᠢᠯᠡᠭᠰᠡᠨ ᠦᠢᠯᠡᠴᠢᠯᠡᠭᠡ ᠬᠠᠩᠭᠠᠬᠤ》 ᠵᠡᠷᠭᠡ ᠪᠤᠭᠤᠲᠤ ᠬᠤᠳᠠ᠎ᠶᠢᠨ ᠴᠢᠳᠠᠪᠤᠷᠢᠲᠠᠨ ᠡᠯᠰᠡᠬᠦ ᠲᠦᠷᠦ᠎ᠶᠢᠨ ᠪᠣᠳᠣᠯᠭ᠎ᠠ᠎ᠶᠢᠨ ᠵᠠᠷᠯᠠᠯ᠎ᠤᠨ ᠡᠮᠦᠨ᠎ᠡ᠂ ᠰᠤᠷᠤᠭ᠍ᠴᠢᠳ᠎ᠤᠨ ᠯᠠᠪᠯᠠᠭ᠎ᠠ ᠠᠪᠬᠤ ᠤᠷᠳᠤ ᠡᠩᠨᠡᠭᠡ ᠮᠥᠷᠯᠡᠨ ᠵᠢᠭ᠍ᠰᠠᠵᠤ ᠪᠠᠢᠯ᠎ᠠ᠃ ᠮᠠᠰᠢᠨ ᠮᠧᠬᠠᠨᠢᠭ᠋᠎ᠤᠨ ᠢᠨᠵᠧᠨᠧᠷᠢᠩ᠂ ᠡᠨᠧᠷᠭᠢ᠎ᠶᠢᠨ ᠬᠥᠳᠡᠯᠭᠡᠬᠦ ᠬᠦᠴᠦᠨ ᠵᠡᠷᠭᠡ ᠲᠤᠰᠬᠠᠢ ᠮᠡᠷᠭᠡᠵᠢᠯ᠎ᠦᠨ ᠲᠡᠭᠦᠰᠬᠦ ᠰᠤᠷᠤᠭ᠍ᠴᠢᠳ᠎ᠤᠨ ᠠᠩᠬᠠᠷᠤᠯ ᠪᠤᠭᠤᠲᠤ᠎ᠶᠢᠨ ᠬᠣᠪᠣᠷ ᠰᠢᠷᠣᠢ᠎ᠶᠢᠨ ᠰᠢᠨ᠎ᠡ ᠮᠠᠲᠧᠷᠢᠶᠠᠯ᠂ ᠰᠠᠯᠬᠢᠨ ᠬᠦᠴᠦᠨ᠎ᠦ ᠴᠠᠬᠢᠯᠭᠠᠨ᠎ᠤ ᠲᠣᠨᠣᠭᠯᠠᠯ᠎ᠤᠨ ᠠᠵᠢᠯ᠎ᠤᠨ ᠪᠠᠢᠷᠢ ᠵᠡᠷᠭᠡ᠎ᠳᠦ ᠲᠥᠪᠯᠡᠷᠡᠵᠦ᠂ ᠣᠷᠣᠨ ᠰᠠᠭᠤᠴᠠ᠎ᠶᠢᠨ ᠨᠥᠬᠥᠪᠦᠷᠢ᠎ᠶᠢ ᠴᠠᠭ ᠲᠤᠬᠠᠢ ᠳ᠋ᠤᠨᠢ ᠲᠠᠢᠯᠪᠤᠷᠢᠯᠠᠵᠤ᠂ ᠳᠦᠷᠦ᠎ᠶᠢᠨ ᠪᠣᠳᠣᠯᠭ᠎ᠠ᠎ᠶᠢ ᠠᠮᠢᠳᠤᠯᠢᠭ᠋᠎ᠢᠶᠠᠷ ᠨᠠᠢᠷᠠᠭᠤᠯᠤᠨ ᠵᠣᠬᠢᠶᠠᠵᠤ᠂ ᠰᠤᠷᠤᠭ᠍ᠴᠢᠳ᠎ᠤᠨ ᠠᠵᠢᠯ ᠣᠯᠭᠣᠯᠲᠠ᠎ᠶᠢᠨ ᠲᠤᠬᠠᠢ ᠡᠷᠡᠭᠡᠯᠵᠡᠭᠡ᠎ᠶᠢ ᠰᠢᠭᠤᠳ ᠠᠷᠢᠯᠭᠠᠵᠤ᠂ 《 ᠠᠯᠳᠠᠨ ᠨᠠᠮᠤᠷ᠎ᠤᠨ ᠤᠯᠠᠷᠢᠯ ᠪᠤᠭᠤᠲᠤ ᠬᠤᠳᠠ᠎ᠳᠤ ᠢᠷᠡᠵᠦ ᠬᠥᠭᠵᠢᠬᠦ 》 ᠶ᠋ᠢ ᠡᠩ᠎ᠦᠨ ᠰᠣᠩᠭᠣᠯᠲᠠ᠎ᠠᠴᠠ ᠰᠢᠯᠢᠳᠡᠭ ᠰᠣᠩᠭᠣᠯᠲᠠ ᠪᠣᠯᠭᠠᠨ ᠬᠤᠪᠢᠷᠠᠭᠤᠯᠪᠠ᠃
ᠡᠨᠡ ᠤᠳᠠᠭ᠎ᠠ᠎ᠶᠢᠨ ᠠᠯᠲᠠᠨ ᠨᠠᠮᠤᠷ᠎ᠤᠨ ᠴᠢᠳᠠᠪᠤᠷᠢᠲᠠᠨ ᠤᠷᠢᠬᠤ ᠠᠵᠢᠯᠯᠠᠭ᠎ᠠ᠎ᠳᠦ᠂ ᠪᠤᠭᠤᠲᠤ ᠬᠣᠲᠠ ᠪᠥᠬᠥ ᠶᠠᠪᠤᠴᠠ᠎ᠶᠢᠨ ᠨᠢᠭᠡᠳᠦᠭᠡᠷ ᠬᠣᠶᠠᠳᠤᠭᠠᠷ ᠭᠤᠷᠪᠠᠳᠤᠭᠠᠷ ᠠᠵᠤ ᠦᠢᠯᠡᠰ᠎ᠦᠨ ᠬᠡᠷᠡᠭᠴᠡᠭᠡ ᠱᠠᠭᠠᠷᠳᠠᠯᠭ᠎ᠠ᠎ᠲᠠᠢ ᠨᠢᠭ᠍ᠲᠠ ᠤᠶᠠᠯᠳᠤᠭᠤᠯᠤᠨ᠂ ᠠᠵᠤ ᠦᠢᠯᠡᠰ᠎ᠦᠨ ᠴᠢᠳᠠᠪᠤᠷᠢᠲᠠᠨ᠎ᠤ ᠭᠠᠵᠠᠷ᠎ᠤᠨ ᠵᠢᠷᠤᠭ᠎ᠢ ᠨᠠᠷᠢᠯᠢᠭ᠋ ᠣᠨᠣᠴᠠᠲᠠᠢ᠎ᠪᠠᠷ ᠵᠢᠷᠤᠵᠤ᠂ ᠭᠣᠣᠯᠳᠠᠯᠭ᠎ᠠ᠎ᠲᠠᠢ ᠠᠵᠤ ᠦᠢᠯᠡᠰ ᠪᠠ ᠨᠡᠢᠭᠡᠮ᠎ᠦᠨ ᠬᠦᠷᠢᠶᠡᠨ᠎ᠳᠡᠬᠢ ᠳᠡᠭᠡᠳᠦ ᠲᠠᠰ᠎ᠤᠨ ᠳᠤᠲᠠᠭᠳᠠᠵᠤ ᠪᠠᠢᠭ᠎ᠠ ᠴᠢᠳᠠᠪᠤᠷᠢᠲᠠᠨ᠎ᠤ ᠬᠡᠷᠡᠭᠴᠡᠭᠡ ᠱᠠᠭᠠᠷᠳᠠᠯᠭ᠎ᠠ᠎ᠶᠢᠨ ᠨᠠᠷᠢᠨ ᠲᠠᠩᠰᠠ ᠂ ᠵᠠᠯᠠᠭᠤ ᠴᠢᠳᠠᠪᠤᠷᠢᠲᠠᠨ᠎ᠤ ᠬᠡᠷᠡᠭᠴᠡᠭᠡ ᠱᠠᠭᠠᠷᠳᠠᠯᠭ᠎ᠠ᠎ᠶᠢᠨ ᠨᠠᠷᠢᠨ ᠲᠠᠩᠰᠠ᠂ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ ᠲᠥᠷᠥᠯ ᠵᠦᠢᠯᠡᠰ᠎ᠦᠨ ᠴᠢᠳᠠᠪᠤᠷᠢᠲᠠᠨ᠎ᠤ ᠬᠡᠷᠡᠭᠴᠡᠭᠡ ᠱᠠᠭᠠᠷᠳᠠᠯᠭ᠎ᠠ᠎ᠶᠢᠨ ᠨᠠᠷᠢᠨ ᠲᠠᠩᠰᠠ᠂ ᠶᠡᠬᠡ ᠳᠡᠭᠡᠳᠦ ᠰᠤᠷᠭᠠᠭᠤᠯᠢ᠎ᠶᠢᠨ ᠥᠪᠥᠷ ᠮᠣᠩᠭᠣᠯ᠎ᠦᠨ ᠴᠢᠳᠠᠪᠤᠷᠢᠲᠠᠨ ᠪᠤᠭᠤᠲᠤ᠎ᠶᠢᠨ ᠴᠢᠳᠠᠪᠤᠷᠢᠲᠠᠨᠦ ᠡᠬᠢ ᠪᠠᠶᠠᠯᠢᠭ᠋᠎ᠤᠨ ᠨᠠᠷᠢᠨ ᠲᠠᠩᠰᠠ᠎ᠶᠢ ᠨᠠᠢᠷᠠᠭᠤᠯᠤᠨ ᠵᠣᠬᠢᠶᠠᠪᠠ᠃ ᠲᠧᠭᠨᠢᠭ᠎ᠦᠨ ᠤᠬᠠᠭᠠᠨ᠎ᠤ ᠳᠡᠭᠡᠳᠦ ᠰᠤᠷᠭᠠᠭᠤᠯᠢ᠎ᠳᠤ ᠴᠢᠭᠯᠡᠭᠦᠯᠦᠨ᠂ ᠰᠢᠨ᠎ᠡ ᠡᠨᠧᠷᠭᠢ᠎ᠶᠢᠨ ᠰᠤᠷᠪᠤᠯᠵᠢ᠎ᠶᠢᠨ ᠬᠦᠨᠳᠦ ᠠᠴᠢᠶᠠᠨ᠎ᠤ ᠮᠠᠰᠢᠨ ᠂ ᠲᠣᠨᠣᠭ ᠲᠥᠬᠦᠭᠡᠷᠦᠮᠵᠢ ᠦᠢᠯᠡᠳᠬᠦ ᠠᠵᠤ ᠠᠬᠤᠢᠯᠠᠯ᠎ᠢ ᠭᠣᠣᠯᠳᠠᠯᠭ᠎ᠠ᠎ᠲᠠᠢ ᠵᠣᠯᠭᠠᠭᠤᠯᠪᠠ;ᠶᠡᠷᠦᠩᠬᠡᠢᠯᠡᠭᠰᠡᠨ ᠶᠡᠬᠡ ᠳᠡᠭᠡᠳᠦ ᠰᠤᠷᠭᠠᠭᠤᠯᠢ᠎ᠳᠤ ᠬᠠᠨᠳᠤᠭᠤᠯᠤᠨ᠂ ᠹᠯᠣᠷ᠎ᠤᠨ ᠮᠠᠲᠧᠷᠢᠶᠠᠯ᠂ ᠡᠨᠧᠷᠭᠢ ᠬᠠᠳᠠᠭᠠᠯᠠᠬᠤ ᠬᠦᠷᠢᠶᠡᠨ᠎ᠦ ᠠᠵᠢᠯ᠎ᠤᠨ ᠪᠠᠢᠷᠢ᠎ᠶᠢ ᠭᠣᠣᠯᠳᠠᠯᠭ᠎ᠠ᠎ᠲᠠᠢ ᠬᠦᠷᠭᠡᠵᠦ᠂ 《 ᠲᠤᠰᠬᠠᠢ ᠮᠡᠷᠭᠡᠵᠢᠯ ᠨᠡᠢᠴᠡᠬᠦ᠂ ᠬᠥᠮᠥᠨ ᠪᠠ ᠠᠵᠢᠯ᠎ᠤᠨ ᠪᠠᠢᠷᠢ ᠨᠠᠷᠢᠯᠢᠭ᠋ ᠣᠨᠣᠴᠠᠲᠠᠢ ᠵᠣᠬᠢᠴᠠᠯᠳᠤᠬᠤ 》᠎ᠶᠢ ᠦᠨᠡᠨ ᠬᠦ᠌ ᠪᠠᠲᠤᠯᠠᠵᠠᠢ᠃
ᠰᠢ ᠠᠨ᠎ᠤ ᠵᠠᠮ ᠬᠠᠷᠢᠯᠴᠠᠭᠠᠨ᠎ᠤ ᠶᠡᠬᠡ ᠰᠤᠷᠭᠠᠭᠤᠯᠢ᠂ ᠲᠠᠢᠶᠤᠸᠠᠨ᠎ᠤ ᠪᠠᠢᠭᠠᠯᠢ ᠲᠧᠭᠨᠢᠭ᠎ᠦᠨ ᠤᠬᠠᠭᠠᠨ᠎ᠤ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠶᠡᠬᠡ ᠰᠤᠷᠭᠠᠭᠤᠯᠢ ᠵᠡᠷᠭᠡ ᠬᠣᠣᠰ ᠰᠣᠩᠭᠣᠯᠲᠠ᠎ᠶᠢᠨ ᠬᠤᠷᠠᠯ᠎ᠤᠨ ᠲᠤᠬᠠᠢ᠎ᠶᠢᠨ ᠲᠠᠯᠠᠪᠠᠢ᠎ᠳᠤ᠂ ᠲᠦᠷᠦ᠎ᠶᠢᠨ ᠪᠣᠳᠣᠯᠭ᠎ᠠ᠎ᠶᠢ ᠤᠬᠠᠭᠤᠯᠤᠨ ᠲᠠᠢᠯᠪᠤᠷᠢᠯᠠᠬᠤ᠂ ᠠᠵᠤ ᠠᠬᠤᠢᠯᠠᠯ᠎ᠤᠨ ᠲᠠᠨᠢᠯᠴᠠᠭᠤᠯᠭ᠎ᠠ᠂ ᠲᠤᠬᠠᠢ᠎ᠶᠢᠨ ᠲᠠᠯᠠᠪᠠᠢ᠎ᠳᠤ 《 ᠭᠤᠷᠪᠠᠨ ᠬᠡᠮᠵᠢᠯᠲᠦ ᠬᠠᠮᠲᠤᠷᠠᠯᠴᠠᠭ᠎ᠠ 》 ᠶ᠋ᠢ ᠵᠥᠪᠳᠡᠯᠴᠡᠬᠦ᠎ᠪᠡᠷ ᠳᠠᠮᠵᠢᠭᠤᠯᠵᠤ᠂ ᠪᠤᠭᠤᠲᠤ ᠬᠤᠳᠠ᠎ᠶᠢᠨ ᠬᠢᠨ ᠨᠠᠮᠤᠷ᠎ᠤᠨ ᠤᠯᠠᠷᠢᠯ᠎ᠤᠨ ᠬᠡᠯᠪᠡᠷᠢ᠎ᠶᠢ ᠬᠤᠪᠢᠷᠠᠭᠤᠯᠬᠤ ᠵᠢᠷᠤᠭ ᠲᠥᠯᠥᠪᠯᠡᠭᠡ᠂ ᠠᠵᠤ ᠦᠢᠯᠡᠰ᠎ᠦᠨ ᠠᠵᠠ ᠲᠣᠬᠢᠶᠠᠯ᠎ᠢ ᠰᠤᠷᠤᠭ᠍ᠴᠢᠳ᠎ᠤᠨ ᠡᠮᠦᠨ᠎ᠡ ᠳᠡᠯᠭᠡᠵᠦ᠂ ᠪᠤᠭᠤᠲᠤ ᠬᠤᠳᠠ᠎ᠶᠢᠨ ᠲᠠᠲᠠᠬᠤ ᠬᠦᠴᠦᠨ᠎ᠢ 《 ᠴᠠᠭᠠᠰᠤᠨ ᠨᠢᠭᠤᠷ 》 ᠡᠴᠡ ᠴᠠᠭ ᠲᠤᠬᠠᠢ ᠳ᠋ᠤᠨᠢ 《 ᠪᠣᠳᠠᠲᠠᠢ ᠭᠠᠵᠠᠷ 》᠎ᠲᠤ᠌ ᠨᠠᠢᠳᠠᠪᠤᠷᠢᠵᠢᠭᠤᠯᠵᠠᠢ᠃ ᠣᠲᠣ᠌ ᠪᠣᠯᠲᠠᠯ᠎ᠠ ᠂ ᠰᠦᠯᠵᠢᠶᠡᠨ ᠭᠠᠳᠠᠨ᠎ᠠ ᠠᠵᠢᠯᠲᠠᠨ ᠡᠯᠰᠡᠬᠦ ᠡᠯ᠎ᠡ ᠲᠥᠷᠥᠯ᠎ᠦᠨ ᠠᠵᠢᠯᠯᠠᠭ᠎ᠠ᠎ᠶᠢ ᠨᠢᠭᠡᠨᠲᠡ 13 ᠲᠠᠯᠠᠪᠤᠷ ᠵᠣᠬᠢᠶᠠᠨ ᠪᠠᠢᠭᠤᠯᠵᠤ᠂ 5564 ᠬᠤᠪᠢ ᠰᠠᠨᠠᠮᠵᠢ᠎ᠶᠢᠨ ᠲᠣᠪᠴᠢ ᠨᠠᠮᠲᠠᠷ᠎ᠢ ᠭᠥᠯᠢᠶᠡᠨ ᠠᠪᠴᠠᠢ᠂ ᠡᠭᠦᠨ᠎ᠳᠦ ᠳ᠋ᠣᠺᠲ᠋ᠣᠷ᠎ᠦᠨ 125 ᠬᠤᠪᠢ᠂ ᠮᠠᠰᠲᠧᠷ᠎ᠤᠨ 2859 ᠬᠤᠪᠢ᠂ ᠵᠢᠩᠬᠢᠨᠢ ᠠᠩᠭᠢ᠎ᠶᠢᠨ 2542 ᠬᠤᠪᠢ᠂ ᠲᠤᠰᠬᠠᠢ ᠮᠡᠷᠭᠡᠵᠢᠯ᠎ᠦᠨ ᠠᠩᠭᠢ᠎ᠶᠢᠨ 38 ᠬᠤᠪᠢ ᠪᠠᠢᠵᠤ᠂ ᠥᠨᠳᠥᠷ ᠰᠤᠷᠤᠯᠭ᠎ᠠ᠎ᠶᠢᠨ ᠨᠠᠮᠲᠠᠷ᠎ᠲᠠᠢ ᠴᠢᠳᠠᠪᠤᠷᠢᠲᠠᠨ᠎ᠤ ᠡᠵᠡᠯᠡᠬᠦ ᠬᠠᠷᠢᠴᠠᠯ ᠢᠯᠡ ᠲᠣᠳᠣ᠌ ᠪᠣᠯᠵᠤ ᠂ ᠠᠰᠫᠢᠷᠠᠨᠲ᠎ᠠᠴᠠ ᠳᠡᠭᠡᠭᠰᠢᠬᠢ ᠰᠤᠷᠤᠯᠭ᠎ᠠ᠎ᠶᠢᠨ ᠨᠠᠮᠲᠠᠷ᠎ᠲᠠᠢ ᠲᠣᠪᠴᠢ ᠨᠠᠮᠲᠠᠷ᠎ᠤᠨ ᠡᠵᠡᠯᠡᠬᠦ ᠬᠠᠷᠢᠴᠠᠯ ᠨᠢ 53.63% ᠬᠦᠷᠴᠡᠢ᠃
9 ᠰᠠᠷ᠎ᠠ᠎ᠶᠢᠨ 26᠎ᠤ ᠡᠳᠦᠷ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠎ᠳᠤ ᠪᠤᠭᠤᠲᠤ ᠬᠣᠲᠠ᠎ᠶᠢᠨ ᠨᠠᠮᠤᠷ᠎ᠤᠨ ᠠᠵᠢᠯ ᠡᠯᠰᠡᠯᠳᠡ ᠠᠩᠬᠠᠨ᠎ᠤ ᠲᠤᠰᠬᠠᠢ ᠠᠵᠢᠯᠯᠠᠭ᠎ᠠ᠎ᠶᠢ ᠡᠬᠢᠯᠡᠭᠦᠯᠵᠦ᠂ ᠵᠡᠷᠭᠡ᠎ᠪᠡᠷ ᠥᠪᠥᠷ ᠮᠣᠩᠭᠣᠯ᠎ᠤᠨ ᠶᠡᠬᠡ ᠰᠤᠷᠭᠠᠭᠤᠯᠢ ᠵᠡᠷᠭᠡ 7 ᠶᠡᠬᠡ ᠳᠡᠭᠡᠳᠦ ᠰᠤᠷᠭᠠᠭᠤᠯᠢ᠎ᠳᠤ 《 ᠬᠦᠷᠢᠶ᠎ᠡ ᠬᠡᠪᠴᠢᠶ᠎ᠡ᠎ᠶᠢ ᠥᠷᠭᠡᠳᠬᠡᠬᠦ 》 ᠠᠵᠢᠯᠯᠠᠭ᠎ᠠ ᠥᠷᠨᠢᠭᠦᠯᠵᠦ᠂ 3600 ᠭᠠᠷᠤᠢ ᠲᠡᠭᠦᠰᠬᠦ ᠰᠣᠷᠣᠭ᠍ᠴᠢ ᠲᠤᠬᠠᠢ᠎ᠶᠢᠨ ᠲᠠᠯᠠᠪᠤᠷ᠎ᠲᠤ ᠢᠷᠡᠵᠦ ᠠᠰᠠᠭᠤᠨ ᠯᠠᠪᠯᠠᠬᠤ ᠂ ᠲᠣᠪᠴᠢ ᠨᠠᠮᠲᠠᠷ ᠬᠦᠷᠭᠡᠬᠦ᠂ ᠠᠵᠢᠯ᠎ᠤᠨ ᠪᠠᠢᠷᠢ᠎ᠶᠢᠨ ᠵᠥᠪᠳᠡᠯᠴᠡᠭᠡ ᠬᠢᠪᠡ᠃ ᠲᠣᠰ ᠤᠳᠠᠭᠠᠨ᠎ᠤ ᠲᠤᠰᠬᠠᠢ ᠠᠵᠢᠯᠲᠠᠨ ᠡᠯᠰᠡᠬᠦ ᠠᠵᠢᠯ ᠨᠢ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠎ᠶᠢᠨ ᠰᠤᠷᠭᠠᠭᠤᠯᠢ ᠡᠷᠭᠢᠯᠡᠬᠦ ᠣᠨᠴᠠᠯᠢᠭ᠋᠎ᠲᠤ ᠣᠨᠣᠪᠴᠢᠲᠠᠶ ᠨᠡᠢᠴᠡᠵᠦ᠂ 43 ᠲᠣᠰ ᠭᠠᠵᠠᠷ᠎ᠤᠨ ᠬᠥᠮᠥᠨ ᠬᠡᠷᠡᠭᠯᠡᠬᠦ ᠨᠢᠭᠡᠴᠢ 155 ᠠᠵᠢᠯ᠎ᠤᠨ ᠪᠠᠢᠷᠢ᠂ 1004 ᠬᠥᠮᠥᠨ᠎ᠦ ᠬᠡᠷᠡᠭᠴᠡᠭᠡ᠎ᠶᠢ ᠬᠠᠩᠭᠠᠵᠤ᠂ ᠲᠣᠰ ᠰᠤᠷᠭᠠᠭᠤᠯᠢ᠎ᠶᠢᠨ ᠮᠧᠬᠠᠨᠢᠭ᠋᠎ᠤᠨ ᠢᠨᠵᠧᠨᠧᠷᠢᠩ᠂ ᠡᠵᠡᠮᠳᠡᠯ᠎ᠦᠨ ᠢᠨᠵᠧᠨᠧᠷᠢᠩ᠂ ᠡᠨᠧᠷᠭᠢ᠎ᠶᠢᠨ ᠰᠤᠷᠪᠤᠯᠵᠢ ᠬᠢᠭᠡᠳ ᠬᠥᠳᠡᠯᠭᠡᠭᠴᠢ ᠬᠦᠴᠦᠨ᠎ᠦ ᠢᠨᠵᠧᠨᠧᠷᠢᠩ ᠵᠡᠷᠭᠡ ᠳᠠᠪᠠᠭᠤᠯᠢᠭ᠋ ᠰᠢᠨᠵᠢᠯᠡᠭᠡᠨ᠎ᠦ ᠰᠠᠯᠠᠭ᠎ᠠ ᠲᠠᠢ ᠪᠦᠷᠢᠮᠦᠰᠦᠨ ᠨᠡᠢᠴᠡᠭᠰᠡᠨ ᠪᠠᠢᠨ᠎ᠠ᠃ ᠲᠣᠰ ᠠᠵᠢᠯᠯᠠᠭ᠎ᠠ᠎ᠳᠤ ᠲᠣᠰ ᠡᠳᠦᠷ᠎ᠲᠦ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠲᠣᠪᠴᠢ ᠨᠠᠮᠲᠠᠷ᠎ᠢ ᠨᠡᠶ᠋ᠢᠲᠡ 1361 ᠬᠤᠪᠢ ᠬᠤᠷᠢᠶᠠᠵᠤ ᠂ ᠡᠭᠦᠨ᠎ᠦ ᠳᠣᠲᠣᠷ᠎ᠠ ᠳ᠋ᠣᠺᠲ᠋ᠣᠷ᠎ᠤᠨ 4 ᠬᠤᠪᠢ ᠂ ᠮᠠᠰᠲᠧᠷ᠎ᠤᠨ 392 ᠬᠤᠪᠢ ᠬᠤᠷᠢᠶᠠᠵᠤ ᠂ ᠠᠵᠢᠯ᠎ᠤᠨ ᠪᠠᠢᠷᠢ ᠪᠣᠯᠣᠨ ᠲᠤᠰᠬᠠᠢ ᠮᠡᠷᠭᠡᠵᠢᠯ᠎ᠦᠨ ᠥᠨᠳᠥᠷ ᠵᠣᠬᠢᠴᠠᠯ ᠨᠢ ᠠᠵᠢᠯ ᠡᠷᠢᠬᠦ ᠦᠷ᠎ᠡ ᠪᠦᠲᠦᠮᠵᠢ᠎ᠶᠢ ᠶᠡᠬᠡᠪᠡᠷ ᠳᠡᠭᠡᠭᠰᠢᠯᠡᠭᠦᠯᠦᠭᠰᠡᠨ ᠪᠠᠢᠨ᠎ᠠ᠃
ᠳᠤᠷᠠᠳᠤᠭᠤᠰᠢᠲᠠᠢ ᠵᠦᠢᠯ ᠭᠡᠪᠡᠯ᠂ ᠪᠤᠭᠤᠲᠤ ᠬᠢᠭᠡᠳ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠎ᠶᠢᠨ ᠬᠠᠮᠲᠤᠷᠠᠯᠴᠠᠭ᠎ᠠ᠎ᠶᠢᠨ ᠬᠤᠪᠢ ᠪᠠᠷᠢᠯᠳᠤᠯᠭ᠎ᠠ ᠨᠢ ᠠᠯᠢ ᠡᠷᠲᠡ᠎ᠡᠴᠡ ᠭᠦᠨ ᠰᠠᠭᠤᠷᠢ ᠲᠠᠢ ᠶᠤᠮ᠃ ᠠᠯᠢ ᠡᠷᠲᠡ 《 ᠠᠩᠬᠠᠳᠤᠭᠠᠷ ᠲᠠᠪᠤᠨ ᠵᠢᠯ 》᠎ᠤᠨ ᠬᠤᠭᠤᠴᠠᠭᠠᠨ᠎ᠳᠤ ᠂ ᠤᠯᠤᠰ᠎ᠤᠨ ᠭᠣᠣᠯᠳᠠᠯᠭ᠎ᠠ᠎ᠲᠠᠢ 6 ᠠᠵᠤ ᠦᠢᠯᠡᠳᠪᠦᠷᠢ᠎ᠶᠢᠨ ᠲᠥᠷᠥᠯ ᠵᠦᠢᠯ ᠪᠤᠭᠤᠲᠤ᠎ᠳᠦ ᠨᠤᠲᠤᠭᠰᠢᠵᠤ ᠂ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠳᠡᠭᠡᠳᠦ ᠰᠤᠷᠭᠠᠭᠤᠯᠢ ( ᠤᠤᠯ᠎ᠤᠨ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ ) ᠵᠢᠨ ᠮᠡᠨᠳᠦᠯᠡᠬᠦ᠎ᠶᠢ ᠰᠢᠭᠤᠳ ᠠᠬᠢᠭᠤᠯᠪᠠ; ᠣᠳᠣᠬᠠᠨ᠎ᠳᠤ᠂ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠎ᠶᠢᠨ ᠡᠨᠧᠷᠭᠢ᠂ ᠮᠠᠲᠧᠷᠢᠶᠠᠯ ᠵᠡᠷᠭᠡ ᠰᠢᠨᠵᠢᠯᠡᠭᠡᠨ᠎ᠦ ᠰᠠᠯᠠᠭ᠎ᠠ ᠨᠢ ᠪᠤᠭᠤᠲᠤ᠎ᠶᠢᠨ ᠭᠣᠣᠯᠳᠠᠯᠭ᠎ᠠ᠎ᠲᠠᠢ ᠠᠵᠤ ᠦᠢᠯᠡᠰ᠎ᠦᠨ ᠪᠦᠯᠦᠭᠯᠡᠯ᠎ᠲᠠᠢ ᠳᠡᠭᠡᠳᠦ ᠬᠡᠮᠵᠢᠶ᠎ᠡ᠎ᠪᠡᠷ ᠨᠡᠢᠴᠡᠵᠦ᠂ ᠵᠠᠰᠠᠭ ᠰᠤᠷᠭᠠᠭᠤᠯᠢ ᠠᠵᠤ ᠠᠬᠤᠢᠯᠠᠯ᠎ᠤᠨ ᠬᠠᠮᠲᠤᠷᠠᠯᠴᠠᠭ᠎ᠠ ᠠᠯᠬᠤᠮ ᠠᠯᠬᠤᠮ᠎ᠢᠶᠠᠷ ᠪᠡᠶᠡᠯᠡᠭᠳᠡᠵᠡᠢ᠃ 2025 ᠣᠨ᠎ᠳᠤ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠎ᠶᠢᠨ 469 ᠣᠶᠤᠲᠠᠨ ᠪᠤᠭᠤᠲᠤ᠎ᠳᠤ ᠢᠷᠡᠵᠥ ᠠᠵᠢᠯᠯᠠᠵᠤ᠂ ᠤᠯᠠᠨ ᠵᠢᠯ᠎ᠦᠨ ᠲᠤᠷᠰᠢ ᠵᠠᠯᠭᠠᠭ᠎ᠠ᠎ᠪᠠᠷ 1.5 ᠲᠦᠮᠡ ᠭᠠᠷᠤᠢ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠎ᠶᠢᠨ ᠰᠣᠷᠣᠭ᠍ᠴᠢᠳ ᠪᠤᠭᠤᠲᠤ᠎ᠶᠢ ᠰᠣᠩᠭᠣᠵᠤ᠂《 ᠪᠤᠭᠤᠲᠤ᠎ᠳᠠᠭᠠᠨ ᠬᠠᠷᠢᠵᠤ᠂ ᠨᠤᠲᠤᠭ ᠤᠰᠤ᠎ᠪᠠᠨ ᠪᠦᠲᠦᠭᠡᠨ ᠪᠠᠶ᠋ᠢᠭᠤᠯᠬᠤ 》 ᠨᠢ ᠨᠢᠭᠡᠨᠲᠡ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠎ᠶᠢᠨ ᠰᠣᠷᠣᠭ᠍ᠴᠢᠳ᠎ᠦᠨ ᠠᠵᠢᠯ ᠣᠯᠭᠣᠯᠲᠠ᠎ᠶᠢᠨ ᠰᠢᠨ᠎ᠡ ᠬᠠᠨᠳᠤᠰᠢ ᠪᠣᠯᠵᠠᠢ᠃
ᠲᠣᠭᠠᠴᠢᠯᠠᠭᠰᠠᠨ ᠠᠯᠲᠠᠨ ᠨᠠᠮᠤᠷ᠎ᠤᠨ ᠬᠥᠭᠥᠷᠭᠡ ᠄ AI+ ᠲᠣᠮᠣ᠌ ᠳ᠋ᠠᠢᠲ᠋ᠠ᠂ ᠨᠢᠭᠡ ᠺᠣᠳ᠋᠎ᠢᠶᠠᠷ ᠨᠡᠢᠳᠡᠮ ᠭᠦᠢᠴᠡᠳᠬᠡᠬᠦ ᠨᠢ ᠴᠢᠳᠠᠪᠤᠷᠢᠲᠠᠨ ᠲᠠᠲᠠᠬᠤ 《 ᠬᠤᠷᠳᠤᠴᠠ᠎ᠶᠢ ᠨᠡᠮᠡᠭᠳᠡᠭᠦᠯᠬᠦ 》᠎ᠶᠢ ᠪᠡᠶᠡᠯᠡᠭᠦᠯᠪᠡ
ᠨᠠᠮᠤᠷ᠎ᠤᠨ ᠤᠯᠠᠷᠢᠯ᠎ᠤᠨ ᠰᠣᠷᠣᠭ᠍ᠴᠢ ᠡᠯᠰᠡᠬᠦ ᠰᠦᠯᠵᠢᠶᠡᠨ᠎ᠡᠴᠡ ᠭᠠᠳᠠᠭᠤᠷᠬᠢ ᠴᠢᠳᠠᠪᠤᠷᠢᠲᠠᠨ ᠲᠠᠲᠠᠬᠤ ᠠᠵᠢᠯᠯᠠᠭ᠎ᠠ᠎ᠶᠢ ᠬᠥᠭᠵᠢᠶᠡᠨᠲᠡᠢ ᠠᠬᠢᠭᠤᠯᠬᠤ ᠶᠠᠪᠤᠴᠠ᠎ᠳᠤ᠂ ᠪᠤᠭᠤᠲᠤ ᠬᠣᠲᠠ᠎ᠶᠢᠨ ᠬᠢᠨ ᠲᠣᠭᠠᠴᠢᠯᠠᠭᠰᠠᠨ ᠮᠡᠷᠭᠡᠵᠢᠯ᠎ᠳᠦ ᠲᠦᠰᠢᠭᠯᠡᠨ ᠪᠥᠬᠥ ᠴᠠᠷᠠᠭᠠᠨ᠎ᠤ ᠴᠢᠳᠠᠪᠤᠷᠢᠲᠠᠨ ᠲᠠᠲᠠᠬᠤ ᠣᠶᠤᠨᠲᠤ ᠵᠢᠭ᠍ᠰᠠᠭᠠᠯ᠎ᠢ ᠪᠣᠶ ᠪᠣᠯᠭᠠᠵᠤ ᠂ ᠲᠣᠮᠣ᠌ ᠳ᠋ᠠᠢᠲ᠋ᠠ᠂ AI ᠮᠡᠷᠭᠡᠵᠢᠯ᠎ᠢᠶᠡᠷ ᠴᠢᠳᠠᠪᠤᠷᠢᠲᠠᠨ᠎ᠤ ᠬᠠᠩᠭᠠᠯᠭ᠎ᠠ ᠬᠡᠷᠡᠭᠴᠡᠭᠡ᠎ᠶᠢᠨ ᠲᠦᠭᠵᠢᠷᠡᠯ᠎ᠢ ᠨᠠᠪᠲᠠᠷᠡᠭᠦᠯᠵᠦ ᠂ ᠴᠢᠳᠠᠪᠤᠷᠢᠲᠠᠨ ᠲᠠᠲᠠᠬᠤ ᠵᠠᠭᠪᠤᠷ᠎ᠢ 《 ᠢᠳᠡᠪᠬᠢ ᠪᠤᠰᠤ᠎ᠪᠠᠷ ᠲᠣᠪᠴᠢ ᠨᠠᠮᠲᠠᠷ ᠬᠤᠷᠢᠶᠠᠬᠤ 》 ᠠᠴᠠ 《 ᠰᠠᠨᠠᠭᠠᠴᠢᠯᠠᠭ᠎ᠠ᠎ᠠᠴᠠ᠎ᠪᠠᠨ ᠲᠤᠬᠠᠢ᠎ᠶᠢᠨ ᠴᠠᠭ᠎ᠲᠤ ᠨᠢ ᠬᠥᠮᠥᠨ ᠪᠠ ᠠᠵᠢᠯ᠎ᠤᠨ ᠪᠠᠢᠷᠢ᠎ᠶᠢ ᠵᠣᠬᠢᠴᠠᠭᠤᠯᠬᠤ 》 ᠲᠡᠢᠰᠢ ᠬᠤᠪᠢᠷᠠᠭᠤᠯᠵᠤ ᠂ ᠴᠢᠳᠠᠪᠤᠷᠢᠲᠠᠨ ᠲᠠᠲᠠᠬᠤ ᠦᠷ᠎ᠡ ᠪᠦᠲᠦᠮᠵᠢ᠎ᠶᠢ 《 ᠳᠠᠬᠢᠨ᠎ᠢᠶᠠᠷ ᠨᠡᠮᠡᠭᠳᠡᠭᠦᠯᠬᠦ 》 ᠶ᠋ᠢ ᠪᠡᠶᠡᠯᠡᠭᠦᠯᠪᠡ ᠃ ᠪᠤᠭᠤᠲᠤ ᠬᠤᠳᠠ᠎ᠶᠢᠨ ᠬᠢᠨ ᠲᠡᠭᠦᠰᠬᠦ ᠰᠤᠷᠤᠭ᠍ᠴᠢᠳ᠎ᠤᠨ ᠲᠤᠰᠬᠠᠢ ᠮᠡᠷᠭᠡᠵᠢᠯ᠂ ᠤᠷ᠎ᠠ ᠴᠢᠳᠠᠪᠤᠷᠢ᠂ ᠠᠵᠢᠯ ᠣᠯᠬᠤ ᠰᠠᠨᠠᠮᠵᠢ ᠪᠣᠯᠣᠨ ᠠᠵᠤ ᠠᠬᠤᠢᠯᠠᠯ᠎ᠤᠨ ᠠᠵᠢᠯ᠎ᠤᠨ ᠪᠠᠢᠷᠢ᠎ᠶᠢᠨ ᠬᠡᠷᠡᠭᠴᠡᠭᠡ ᠱᠠᠭᠠᠷᠳᠠᠯᠭ᠎ᠠ᠎ᠶᠢ ᠬᠠᠮᠤᠷᠤᠭᠰᠠᠨ ᠲᠣᠮᠣ᠌ ᠳ᠋ᠠᠢᠲ᠋ᠠ᠎ᠶᠢᠨ ᠲᠠᠪᠴᠠᠩ᠎ᠢ ᠪᠠᠢᠭᠤᠯᠵᠤ᠂ 《 ᠠᠷᠪᠠ᠎ᠶᠢ ᠠᠩᠬᠠᠷᠬᠤ ᠠᠷᠭ᠎ᠠ 》 ᠶ᠋ᠢ ᠬᠡᠷᠡᠭᠯᠡᠨ ᠪᠤᠳᠤᠬᠤ ᠠᠷᠭ᠎ᠠ᠎ᠶᠢᠨ ᠵᠠᠭᠪᠤᠷ᠎ᠢ ᠰᠢᠯᠢᠳᠡᠭᠵᠢᠭᠦᠯᠵᠦ᠂ 《 ᠠᠵᠢᠯ᠎ᠤᠨ ᠪᠠᠢᠷᠢ + ᠴᠢᠳᠠᠪᠤᠷᠢᠲᠠᠨ 》᠎ᠤ ᠲᠤᠬᠠᠢ᠎ᠶᠢᠨ ᠴᠠᠭ᠎ᠤᠨ ᠣᠶᠤᠨᠴᠢ ᠵᠣᠬᠢᠴᠠᠭᠤᠯᠬᠤ ᠰᠢᠰᠲᠧᠮ᠎ᠢ ᠪᠠᠢᠭᠤᠯᠵᠤ᠂ ᠤᠯᠠᠨ ᠬᠡᠮᠵᠢᠯᠲᠦ ᠬᠠᠷᠢᠴᠠᠭᠤᠯᠤᠯ᠎ᠢᠶᠠᠷ ᠳᠠᠮᠵᠢᠭᠤᠯᠵᠤ 《 ᠬᠥᠮᠥᠨ ᠪᠠ ᠠᠵᠢᠯ᠎ᠤᠨ ᠪᠠᠢᠷᠢ᠎ᠶᠢ ᠨᠠᠷᠢᠯᠢᠭ᠋ ᠤᠨᠤᠪᠴᠢᠳᠠᠢ ᠲᠣᠬᠢᠷᠠᠭᠤᠯᠬᠤ 》 ᠶ᠋ᠢ ᠪᠡᠶᠡᠯᠡᠭᠦᠯᠵᠡᠢ᠃
ᠡᠭᠦᠨ᠎ᠦ ᠰᠠᠭᠤᠷᠢᠨ ᠳᠡᠭᠡᠷ᠎ᠡ ᠂ 《 ᠮᠢᠩᠭᠠᠨ ᠠᠵᠢᠯ᠎ᠤᠨ ᠪᠠᠢᠷᠢ᠎ᠶᠢᠨ ᠬᠤᠷᠠᠮᠳᠤᠯ ᠺᠣᠳ᠋ 》 《 ᠺᠣᠳ᠋᠎ᠢᠶᠠᠷ ᠴᠢᠳᠠᠪᠤᠷᠢᠲᠠᠨ ᠴᠤᠭᠯᠠᠭᠤᠯᠬᠤ 》 ᠴᠢᠳᠠᠮᠵᠢ᠎ᠶᠢ ᠡᠮᠬᠢᠯᠡᠨ ᠨᠡᠢᠯᠡᠭᠦᠯᠵᠦ ᠂ 《 ᠨᠢᠭᠡ ᠺᠣᠳ᠋᠎ᠢᠶᠡᠷ ᠬᠥᠮᠥᠨ ᠡᠯᠰᠡᠬᠦ᠂ ᠨᠢᠭᠡ ᠺᠣᠳ᠋᠎ᠢᠶᠡᠷ ᠠᠵᠢᠯ ᠡᠷᠢᠬᠦ 》 ᠳᠥᠭᠥᠮ ᠳᠥᠲᠡ ᠵᠠᠭᠪᠤᠷ᠎ᠢ ᠪᠠᠢᠭᠤᠯᠪᠠ ᠄ ᠠᠵᠤ ᠠᠬᠤᠢᠯᠠᠯ᠎ᠤᠳ AI ᠣᠶᠤᠨᠴᠢ ᠦᠢᠯᠡᠴᠢᠯᠡᠭᠡ᠎ᠶᠢ ᠠᠰᠢᠭ᠍ᠯᠠᠨ ᠲᠣᠪᠴᠢ ᠨᠠᠮᠲᠠᠷ᠎ᠢ ᠴᠠᠭ ᠲᠤᠬᠠᠢ ᠳ᠋ᠤᠨᠢ ᠰᠢᠯᠢᠨ ᠰᠣᠩᠭᠣᠵᠤ ᠂ ᠴᠢᠳᠠᠪᠤᠷᠢᠲᠠᠨ᠎ᠤ ᠨᠥᠭᠡᠴᠡ᠎ᠶᠢᠨ ᠬᠥᠮᠥᠷᠭᠡ᠎ᠶᠢ ᠪᠠᠢᠭᠤᠯᠤᠨ ᠬᠥᠮᠥᠨ᠎ᠦ ᠬᠦᠴᠦ᠎ᠪᠡᠷ ᠣᠶᠤᠨᠴᠢ 《 ᠣᠷᠴᠢᠭᠤᠯᠭ᠎ᠠ 》 ᠲᠡᠢᠰᠢ ᠳᠠᠪᠰᠢᠭᠤᠯᠵᠤ ᠂ ᠲᠡᠭᠦᠰᠬᠦ ᠰᠤᠷᠤᠭ᠍ᠴᠢᠳ ᠬᠥᠮᠥᠨ ᠮᠠᠰᠢᠨ᠎ᠤ ᠶᠠᠷᠢᠯᠴᠠᠭ᠎ᠠ᠎ᠪᠠᠷ ᠳᠡᠮᠵᠢᠨ ᠳᠠᠷᠤᠢ 《 ᠲᠣᠭᠲᠠᠭᠰᠠᠨ 》 ᠠᠵᠢᠯ᠎ᠤᠨ ᠪᠠᠢᠷᠢ ᠣᠯᠵᠤ ᠂ ᠲᠥᠷᠥ᠎ᠶᠢᠨ ᠪᠣᠳᠣᠯᠭ᠎ᠠ᠎ᠶᠢᠨ ᠲᠠᠨᠢᠯᠴᠠᠭᠤᠯᠭ᠎ᠠ ᠂ ᠴᠢᠳᠠᠪᠤᠷᠢᠲᠠᠨ᠎ᠤ ᠬᠠᠩᠭᠠᠯᠭ᠎ᠠ ᠬᠡᠷᠡᠭᠴᠡᠭᠡ᠎ᠶᠢᠨ ᠬᠣᠶᠠᠷ ᠦᠵᠦᠭᠦᠷ᠎ᠲᠦ 《 ᠰᠧᠺᠦ᠋ᠨ᠋ᠳ᠋᠎ᠢᠶᠡᠷ ᠵᠣᠯᠭᠠᠭᠤᠯᠬᠤ 》 ᠶ᠋ᠢ ᠪᠡᠶᠡᠯᠡᠭᠦᠯᠵᠦ ᠪᠣᠯᠣᠨ᠎ᠠ ᠃ ᠰᠦᠯᠵᠢᠶᠡᠨ ᠳᠡᠭᠡᠷᠡᠬᠢ ᠲᠠᠪᠴᠠᠩ᠎ᠤᠨ ᠳᠥᠭᠥᠮ ᠳᠥᠲᠡ ᠴᠢᠨᠠᠷ ᠨᠢ ᠲᠣᠰ ᠤᠳᠠᠭᠠᠨ᠎ᠤ ᠠᠯᠲᠠᠨ ᠨᠠᠮᠤᠷ᠎ᠤᠨ ᠴᠢᠳᠠᠪᠤᠷᠢᠲᠠᠨ ᠣᠷᠣᠭᠤᠯᠬᠤ ᠤᠯᠠᠷᠢᠯ᠎ᠳᠦ ᠮᠠᠰᠢ ᠤᠯᠠᠨ ᠬᠦᠷᠢᠶᠡᠯᠡᠭᠴᠢ ᠲᠠᠢ ᠪᠣᠯᠵᠠᠢ —— ᠲᠡᠭᠦᠰᠬᠦ ᠰᠣᠷᠣᠭ᠍ᠴᠢᠳ ᠰᠤᠷᠭᠠᠭᠤᠯᠢ᠎ᠶᠢᠨ ᠬᠦᠷᠢᠶᠡᠨ᠎ᠠᠴᠠ᠎ᠪᠠᠨ ᠭᠠᠷᠬᠤ ᠦᠭᠡᠢ᠎ᠪᠠᠷ ᠳᠠᠷᠤᠢ ᠠᠵᠢᠯ᠎ᠤᠨ ᠪᠠᠢᠷᠢ᠎ᠶᠢ ᠴᠠᠭ ᠲᠤᠬᠠᠢ ᠳ᠋ᠤᠨᠢ ᠪᠠᠢᠴᠠᠭᠠᠨ ᠯᠠᠪᠯᠠᠵᠤ ᠂ ᠲᠣᠪᠴᠢ ᠨᠠᠮᠲᠠᠷ᠎ᠢᠶᠠᠨ ᠲᠤᠰᠢᠶᠠᠵᠤ ᠂ ᠲᠥᠷᠥ᠎ᠶᠢᠨ ᠪᠣᠳᠣᠯᠭ᠎ᠠ᠎ᠶᠢᠨ ᠵᠥᠪᠯᠡᠯᠭᠡ ᠠᠪᠴᠤ ᠂ ᠲᠣᠪᠴᠢ ᠨᠠᠮᠲᠠᠷ᠎ᠤᠨ ᠬᠠᠷᠢᠭᠤ ᠲᠤᠰᠬᠠᠬᠤ ᠦᠶᠡᠯᠡᠯ᠎ᠦᠨ ᠬᠤᠭᠤᠴᠠᠭ᠎ᠠ᠎ᠶᠢ ᠤᠯᠠᠮᠵᠢᠯᠠᠯᠲᠤ ᠵᠠᠭᠪᠤᠷ᠎ᠠᠴᠠ 50%᠎ᠡᠴᠡ ᠳᠡᠭᠡᠭᠰᠢ ᠪᠣᠭᠣᠨᠢᠰᠬᠠᠵᠠᠢ ᠃ ᠣᠬᠣᠷᠬᠠᠨ 5 ᠡᠳᠦᠷ᠎ᠦᠨ ᠠᠵᠢᠯᠲᠠᠨ ᠡᠯᠰᠡᠬᠦ ᠴᠤᠭᠯᠠᠭᠠᠨ᠎ᠳᠤ ᠂ ᠲᠣᠰ ᠲᠠᠪᠴᠠᠩ ᠨᠢ ᠨᠢᠭᠡᠨᠲᠡ ᠵᠠᠭᠤ ᠰᠢᠬᠠᠮ ᠠᠵᠤ ᠠᠬᠤᠢᠯᠠᠯ ᠂ 8000 ᠭᠠᠷᠤᠢ ᠲᠡᠭᠦᠰᠬᠦ ᠰᠣᠷᠣᠭ᠍ᠴᠢ᠎ᠳᠦ ᠦᠢᠯᠡᠴᠢᠯᠡᠵᠦ ᠂ ᠣᠷᠣᠨ ᠪᠦᠰᠡ ᠠᠯᠤᠰᠯᠠᠨ ᠴᠢᠳᠠᠪᠤᠷᠢᠲᠠᠨ ᠲᠠᠲᠠᠬᠤ 《 ᠣᠷᠣᠨ ᠪᠦᠰᠡ᠎ᠶᠢᠨ ᠪᠡᠬᠢᠯᠡᠯᠲᠡ 》᠎ᠶᠢ ᠡᠪᠳᠡᠭᠰᠡᠨ ᠪᠠᠢᠨ᠎ᠠ᠃
ᠠᠯᠲᠠᠨ ᠨᠠᠮᠤᠷ᠎ᠤᠨ ᠣᠷᠳᠣ᠌ ᠬᠤᠭᠤᠴᠠᠭᠠᠨ᠎ᠤ ᠪᠦᠲᠦᠮᠵᠢᠲᠡᠶ ᠬᠠᠮᠠᠭᠠᠯᠠᠯᠲᠠ ᠄ ᠭᠤᠷᠪᠠᠨ ᠬᠡᠮᠵᠢᠯ᠎ᠢᠶᠡᠷ 《 ᠠᠮᠢ ᠠᠬᠤᠢ᠎ᠶᠢᠨ ᠴᠠᠭᠠᠷᠢᠭ᠋ 》᠎ᠢ ᠪᠠᠢᠭᠤᠯᠵᠤ ᠂ ᠪᠥᠬᠥ ᠦᠶᠡᠯᠡᠯ᠎ᠦᠨ ᠬᠤᠭᠤᠴᠠᠭᠠᠨ᠎ᠤ ᠦᠢᠯᠡᠴᠢᠯᠡᠭᠡ᠎ᠪᠡᠷ ᠴᠢᠳᠠᠪᠤᠷᠢᠲᠠᠨ᠎ᠤ 《 ᠰᠡᠳᠬᠢᠯ᠎ᠢ ᠠᠮᠤᠷᠵᠢᠭᠤᠯᠬᠤ ᠦᠷᠢᠯ 》᠎ᠢ ᠰᠠᠬᠢᠨ᠎ᠠ
《 ᠠᠯᠲᠠᠨ ᠨᠠᠮᠤᠷ᠎ᠤᠨ ᠴᠢᠳᠠᠪᠤᠷᠢᠲᠠᠨ ᠡᠯᠰᠡᠯᠳᠡ ᠪᠣᠯ ᠨᠢᠭᠡᠳᠦᠭᠡᠷ ᠠᠯᠬᠤᠮ᠂ ᠴᠢᠳᠠᠪᠤᠷᠢᠲᠠᠨ᠎ᠢ ᠦᠯᠡᠳᠡᠭᠡᠵᠦ ᠬᠡᠷᠡᠭᠯᠡᠬᠦ ᠪᠣᠯ ᠰᠠᠶᠢ ᠵᠠᠩᠭᠢᠯᠠᠭ᠎ᠠ ᠮᠥᠨ 》᠃ ᠪᠤᠭᠤᠲᠤ ᠬᠤᠳᠠ᠎ᠶᠢᠨ ᠬᠢᠨ ᠴᠢᠳᠠᠪᠤᠷᠢᠲᠠᠨ᠎ᠢ ᠲᠠᠳᠠᠨ ᠣᠷᠣᠭᠤᠯᠬᠤ ᠤᠷᠳᠤ ᠬᠤᠭᠤᠴᠠᠭᠠᠨ᠎ᠤ ᠪᠦᠲᠦᠮᠵᠢᠲᠡᠢ ᠲᠣᠭᠲᠠᠴᠠ᠎ᠶᠢ ᠪᠠᠶ᠋ᠢᠭᠤᠯᠬᠤ᠎ᠠᠴᠠ ᠭᠠᠷᠳᠠᠵᠤ᠂ ᠴᠢᠳᠠᠪᠤᠷᠢᠲᠠᠨ᠎ᠢ ᠪᠤᠭᠤᠲᠤ᠎ᠳᠤ ᠦᠨᠳᠦᠰᠦᠯᠡᠭᠦᠯᠦᠭᠰᠡᠨᠦ ᠳᠠᠷᠠᠭ᠎ᠠ ᠰᠡᠳᠬᠢᠯ᠎ᠢ ᠨᠢ ᠠᠮᠤᠷᠵᠢᠭᠤᠯᠵᠤ᠂ ᠦᠨᠳᠦᠰᠦ ᠬᠠᠳᠬᠤᠭᠤᠯᠵᠤ᠂ ᠠᠮᠵᠢᠯᠲᠠ ᠪᠦᠲᠦᠮᠵᠢ ᠡᠭᠦᠳᠦᠨ᠎ᠡ᠃
ᠨᠤᠲᠤᠭ᠎ᠤᠨ 《 ᠠᠯᠲᠠᠨ ᠨᠠᠮᠤᠷ᠎ᠤᠨ ᠴᠢᠳᠠᠪᠤᠷᠢᠲᠠᠨ᠎ᠤ ᠴᠥᠭᠥᠷᠥᠮ 》᠎ᠢ ᠭᠦᠨ ᠮᠠᠯᠲᠠᠨ᠎ᠠ᠃ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠮᠡᠷᠭᠡᠵᠢᠯ᠎ᠦᠨ ᠶᠡᠬᠡ ᠰᠤᠷᠭᠠᠭᠤᠯᠢ ᠵᠡᠷᠭᠡ ᠲᠤᠬᠠᠢ᠎ᠶᠢᠨ ᠭᠠᠵᠠᠷ᠎ᠤᠨ ᠶᠡᠬᠡ ᠳᠡᠭᠡᠳᠦ ᠰᠤᠷᠭᠠᠭᠤᠯᠢ᠎ᠳᠤ ᠦᠷᠭᠦᠯᠵᠢᠯᠡᠨ ᠲᠤᠰᠬᠠᠢ ᠠᠵᠢᠯᠲᠠᠨ ᠡᠯᠰᠡᠬᠦ ᠴᠤᠭᠯᠠᠭᠠᠨ ᠡᠷᠬᠢᠯᠡᠵᠦ᠂ 《 ᠪᠤᠭᠤᠲᠤ᠎ᠶᠢᠨ ᠴᠢᠳᠠᠪᠤᠷᠢᠲᠠᠨ᠎ᠢ ᠪᠥᠬᠥᠨ᠎ᠢ ᠬᠡᠷᠡᠭᠯᠡᠬᠦ ᠂ ᠥᠪᠥᠷ ᠮᠣᠩᠭᠣᠯ᠎ᠦᠨ ᠴᠢᠳᠠᠪᠤᠷᠢᠲᠠᠨ᠎ᠢ ᠪᠥᠬᠥᠨ᠎ᠢ ᠬᠡᠷᠡᠭᠯᠡᠬᠦ 》 ᠲᠣᠭᠲᠠᠴᠠ᠎ᠶᠢ ᠭᠦᠨᠵᠡᠭᠡᠢᠷᠡᠭᠦᠯᠦᠨ ᠂ ᠲᠤᠬᠠᠢ᠎ᠶᠢᠨ ᠭᠠᠵᠠᠷ᠎ᠤᠨ ᠴᠢᠳᠠᠪᠤᠷᠢᠲᠠᠨ᠎ᠤ 《 ᠭᠡᠷ᠎ᠦᠨ ᠡᠭᠦᠳᠡᠨ᠎ᠳᠡᠭᠡᠨ ᠠᠵᠢᠯ ᠣᠯᠬᠤ 》᠎ᠶᠢ ᠠᠬᠢᠭᠤᠯᠵᠤ ᠂ ᠪᠤᠭᠤᠲᠤ ᠬᠣᠲᠠ᠎ᠶᠢᠨ ᠴᠢᠨᠠᠷ ᠰᠠᠢᠲᠠᠢ ᠬᠥᠭᠵᠢᠯᠲᠡ᠎ᠳᠦ 《 ᠳᠣᠲᠣᠭᠠᠳᠤ᠎ᠶᠢᠨ ᠬᠥᠳᠡᠯᠭᠡᠬᠦ ᠬᠦᠴᠦᠨ 》 ᠨᠡᠮᠡᠷᠢᠯᠡᠨ᠎ᠡ᠃
ᠪᠦᠬᠦ ᠤᠯᠤᠰ᠎ᠤᠨ ᠬᠡᠪᠴᠢᠶᠡᠨ᠎ᠦ 《 ᠴᠢᠳᠠᠪᠤᠷᠢᠲᠠᠨ ᠲᠠᠲᠠᠬᠤ ᠲᠣᠣᠷ 》᠎ᠢ ᠨᠢᠭ᠍ᠲᠠ ᠰᠦᠯᠵᠢᠨ᠎ᠡ᠃ 《 ᠪᠥᠬᠥ ᠤᠯᠤᠰ᠎ᠤᠨ ᠠᠵᠢᠯ ᠡᠯᠰᠡᠯᠳᠡ᠎ᠶᠢᠨ ᠭᠠᠵᠠᠷ᠎ᠤᠨ ᠳᠠᠷᠤᠭ᠎ᠠ᠎ᠶᠢᠨ ᠪᠤᠭᠤᠲᠤ᠎ᠳᠡᠬᠢ ᠠᠶᠠᠯᠠᠯ 》᠎ᠤᠨ ᠬᠤᠷᠠᠮᠳᠤᠭᠤᠯᠤᠭᠰᠠᠨ ᠭᠦᠨ ᠵᠤᠵᠠᠭᠠᠨ 《 ᠶᠠᠪᠤᠯᠴᠠᠭᠠᠨ 》᠎ᠳᠤ ᠲᠦᠰᠢᠭᠯᠡᠨ᠂ ᠪᠡᠭᠡᠵᠢᠩ ᠲᠢᠶᠠᠨᠵᠢᠨ ᠾᠧᠪᠧᠢ ᠥᠪᠥᠷ ᠮᠣᠩᠭᠣᠯ᠂ ᠬᠥᠬᠡᠮᠥ᠋ᠷᠡᠨ᠎ᠦ ᠭᠤᠷᠪᠠᠯᠵᠢᠨ ᠬᠣᠢᠭ᠋᠂ ᠬᠠᠲᠤᠨ ᠭᠣᠣᠯ᠎ᠤᠨ ᠰᠠᠪᠠ ᠭᠠᠵᠠᠷ ᠵᠡᠷᠭᠡ ᠤᠯᠤᠰ᠎ᠤᠨ ᠪᠠᠢᠯᠳᠤᠬᠤ ᠪᠣᠳᠣᠯᠭ᠎ᠠ᠎ᠳᠤ ᠦᠷᠭᠦᠯᠵᠢᠯᠡᠨ ᠰᠠᠨᠠᠭᠠᠴᠢᠯᠠᠭ᠎ᠠ᠎ᠠᠴᠠ᠎ᠪᠠᠨ ᠠᠭᠤᠰᠤᠯᠴᠠᠵᠤ ᠂ ᠪᠡᠭᠡᠵᠢᠩ ᠲᠢᠶᠠᠨᠵᠢᠨ ᠾᠧᠪᠧᠢ ᠬᠤᠨᠠᠨ ᠬᠤᠪᠧᠢ᠂ ᠬᠠᠷᠠᠮᠥ᠋ᠷᠡᠨ ᠭᠢᠷᠢᠨ ᠯᠢᠶᠣᠤᠨᠢᠩ ᠵᠡᠷᠭᠡ ᠣᠷᠣᠨ ᠪᠦᠰᠡ᠎ᠶᠢᠨ 26 ᠶᠡᠬᠡ ᠳᠡᠭᠡᠳᠦ ᠰᠤᠷᠭᠠᠭᠤᠯᠢ᠎ᠳᠤ ᠬᠦᠷᠴᠦ ᠴᠢᠳᠠᠪᠤᠷᠢᠲᠠᠨ ᠡᠯᠰᠡᠵᠦ ᠣᠶᠤᠨ ᠤᠬᠠᠭᠠᠨ ᠣᠷᠣᠭᠤᠯᠬᠤ ᠠᠵᠢᠯᠯᠠᠭ᠎ᠠ ᠥᠷᠨᠢᠭᠦᠯᠪᠡ ᠃ ᠪᠦᠬᠦ ᠤᠯᠤᠰ᠎ᠤᠨ 500 ᠭᠠᠷᠤᠢ ᠶᠡᠬᠡ ᠳᠡᠭᠡᠳᠦ ᠰᠤᠷᠭᠠᠭᠤᠯᠢ᠎ᠳᠤ ᠰᠢᠯᠢᠳᠡᠭ ᠠᠵᠢᠯ᠎ᠤᠨ ᠪᠠᠢᠷᠢ ᠨᠡᠢᠲᠡᠯᠡᠵᠦ᠂ ᠠᠭᠠᠷ᠎ᠤᠨ ᠬᠣᠣᠰ ᠰᠣᠩᠭᠣᠯᠲᠠ᠎ᠶᠢᠨ ᠬᠤᠷᠠᠯ᠎ᠢ ᠦᠷᠭᠦᠯᠵᠢᠯᠡᠨ ᠬᠤᠷᠠᠯᠳᠤᠭᠤᠯᠵᠤ᠂ ᠨᠢᠭᠡ ᠬᠤᠳᠠ᠎ᠶᠢᠨ ᠨᠡᠷ᠎ᠡ᠎ᠪᠡᠷ ᠪᠦᠬᠦ ᠤᠯᠤᠰ᠎ᠤᠨ ᠰᠣᠳᠣᠨ ᠴᠢᠳᠠᠪᠤᠷᠢᠲᠠᠨ᠎ᠢ ᠥᠷᠭᠡᠨ᠎ᠢᠶᠡᠷ ᠡᠯᠰᠡᠨ᠎ᠡ᠃
ᠤᠯᠠᠨ ᠨᠡᠶ᠋ᠢᠲᠡ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ 《 ᠪᠠᠲᠤᠯᠠᠭ᠎ᠠ᠎ᠶᠢᠨ 《 ᠠᠷᠪᠠ᠎ᠶᠢ ᠠᠩᠬᠠᠷᠬᠤ ᠠᠷᠭ᠎ᠠ 》᠎ᠪᠠᠷ ᠠᠵᠤ ᠠᠬᠤᠢᠯᠠᠯ᠎ᠤᠨ ᠭᠡᠷ᠎ᠡ ᠲᠣᠭᠲᠠᠬᠤ ᠠᠬᠢᠴᠠ᠎ᠶᠢ ᠮᠥᠷᠳᠡᠵᠦ᠂ 《 ᠠᠰᠠᠭᠤᠳᠠᠯ᠎ᠤᠨ ᠡᠬᠡ ᠲᠠᠩᠰᠠ ︱ ᠱᠠᠯᠠᠪᠳᠠᠭᠤᠯᠤᠨ ᠰᠢᠢᠳᠪᠦᠷᠢᠯᠡᠭᠦᠯᠬᠦ ︱ ᠬᠠᠷᠢᠭᠤ ᠲᠤᠰᠬᠠᠬᠤ 》 ᠪᠢᠲᠡᠭᠦᠦ ᠴᠠᠭᠠᠷᠢᠭ᠋᠎ᠤᠨ ᠲᠣᠭᠲᠠᠴᠠ᠎ᠶᠢ ᠪᠠᠢᠭᠤᠯᠵᠤ ᠂ ᠪᠥᠬᠥ ᠶᠠᠪᠤᠴᠠ᠎ᠪᠠᠷ ᠴᠢᠳᠠᠪᠤᠷᠢᠲᠠᠨ᠎ᠤ ᠬᠠᠩᠭᠠᠯᠭ᠎ᠠ ᠬᠡᠷᠡᠭᠴᠡᠭᠡ᠎ᠶᠢᠨ ᠦᠢᠯᠡᠴᠢᠯᠡᠭᠡᠨ᠎ᠦ ᠪᠠᠲᠤᠯᠠᠭ᠎ᠠ᠎ᠶᠢ ᠨᠠᠪᠲᠠᠷᠡᠭᠦᠯᠵᠦ᠂ ᠲᠥᠷᠥ᠎ᠶᠢᠨ ᠪᠣᠳᠣᠯᠭ᠎ᠠ᠎ᠶᠢᠨ ᠬᠠᠯᠠᠭᠤᠨ ᠳᠤᠯᠠᠭᠠᠨ᠂ ᠦᠢᠯᠡᠴᠢᠯᠡᠭᠡᠨ᠎ᠦ ᠬᠠᠯᠠᠭᠤᠨ᠎ᠤ ᠬᠡᠮᠵᠢᠶ᠎ᠡ᠎ᠪᠡᠷ ᠳᠠᠮᠵᠢᠭᠤᠯᠤᠨ᠂ ᠪᠤᠭᠤᠲᠤ᠎ᠳᠤ ᠢᠷᠡᠭᠰᠡᠨ ᠴᠢᠳᠠᠪᠤᠷᠢᠲᠠᠨ᠎ᠢ 《 ᠣᠷᠣᠭᠤᠯᠵᠤ ᠳᠡᠶ᠋ᠢᠯᠬᠦ ᠂ ᠦᠯᠡᠳᠡᠭᠡᠵᠦ ᠳᠡᠶ᠋ᠢᠯᠬᠦ ᠂ ᠰᠠᠢᠲᠤᠷ ᠬᠡᠷᠡᠭᠯᠡᠵᠦ ᠳᠡᠶ᠋ᠢᠯᠬᠦ 》 ᠪᠣᠯᠭᠠᠨ᠎ᠠ᠃