ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠶ᠋ᠢᠮᠠᠭ ᠬᠤᠳᠠ᠎ᠶᠢᠨ ᠰᠤᠨᠢᠨ ᠮᠡᠳᠡᠭᠡ
ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠰᠢᠨ᠎ᠡ ᠵᠢ ᠡᠭᠦᠳᠴᠦ ᠠᠵᠢᠯ ᠶᠠᠪᠤᠳᠠᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ  ᠰᠢᠯᠢ ᠵᠢᠨ ᠭᠣᠣᠯ ᠠᠢ᠌ᠮᠠᠭ᠄ ᠲᠣᠭ᠎ᠠ ᠪᠠᠷᠢᠮᠲᠠ ᠵᠢ ᠢᠯᠡᠭᠦᠦ ᠬᠥᠳᠡᠯᠭᠡᠵᠦ ᠣᠯᠠᠨ ᠲᠦᠮᠡᠨ᠎ᠢ ᠨᠢᠭᠡ ᠤᠳᠠᠭ᠎ᠠ ᠴᠦ᠍ ᠭᠦᠶᠦᠯᠭᠡᠬᠦ ᠦᠭᠡᠢ ᠪᠣᠯᠭ᠋ᠠᠨ᠎ᠠ
ᠨᠡᠶ᠋ᠢᠲᠡᠯᠡᠭᠰᠡᠨ ᠴᠠᠭ᠄ 2025-05-15

      ᠰᠢᠯᠢ ᠵᠢᠨ ᠭᠣᠣᠯ ᠠᠢ᠌ᠮᠠᠭ᠎ᠤᠨ ᠵᠥᠩ ᠰᠢᠩ ᠡᠳ᠋ᠯᠡᠩ᠎ᠤᠨ ᠬᠠᠮᠢᠶᠠᠷᠤᠯᠲᠠ ᠵᠢᠨ ᠬᠢᠵᠠᠭ᠋ᠠᠷᠲᠤ ᠺᠣᠮᠫᠠᠨᠢ ᠵᠢᠨ ᠠᠵᠢᠯᠲᠠᠨ ᠵᠠᠩ ᠠᠪᠤᠭ᠋ᠠᠢ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠬᠥᠮ ᠳᠥᠲᠡ ᠵᠢ ᠦᠨᠡᠨ ᠬᠦ᠌ ᠮᠡᠳᠡᠷᠡᠵᠡᠢ᠃ 4 ᠰᠠᠷ᠎ᠠ ᠵᠢᠨ 1᠎ᠤ ᠡᠳᠦᠷ᠂ ᠲᠡᠷᠡ ᠰᠣᠷᠪᠤᠯᠵᠢᠯᠠᠭ᠎ᠠ ᠬᠦᠯᠢᠶᠡᠬᠦ᠎ᠳᠡᠭᠡᠨ᠄ 《ᠨᠢᠳᠤᠨᠤᠨ᠎ᠠᠴᠠ ᠡᠨᠡ ᠵᠢᠯ ᠪᠣᠯᠲᠠᠯ᠎ᠠ᠂ ᠪᠢ ᠤᠷ᠎ᠠ ᠮᠡᠷᠭᠡᠵᠢᠯ ᠵᠶ᠋ᠡᠨ ᠳᠡᠭᠡᠭᠰᠢᠯᠡᠭᠦᠯᠬᠦ ᠨᠥᠬᠥᠪᠦᠷᠢ ᠵᠢ ᠬᠣᠶᠠᠷ ᠤᠳᠠᠭ᠎ᠠ ᠭᠤᠶᠤᠴᠢᠯᠠᠪᠠ᠂ ᠤᠳᠠᠭ᠎ᠠ ᠪᠦᠷᠢ 〈ᠥᠪᠥᠷ ᠮᠣᠩᠭᠣᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ〉 ᠵᠢᠨ APP ᠳᠡᠭᠡᠷ᠎ᠡ ᠲᠣᠪᠴᠢᠳᠠᠪᠠᠯ ᠳᠠᠷᠤᠢ 3 ᠮᠢᠨᠦ᠋ᠲ᠎ᠤᠨ ᠳᠣᠲᠣᠷ᠎ᠠ ᠪᠡᠶᠡᠯᠡᠭᠦᠯᠴᠢᠬᠡᠨ᠎ᠡ᠂ ᠡᠨᠡ ᠦᠨᠡᠬᠡᠷ ᠮᠠᠰᠢ ᠲᠥᠬᠥᠮ ᠪᠣᠯᠵᠠᠢ!》 ᠭᠡᠵᠦ ᠪᠠᠶᠠᠷᠲᠠᠢ᠎ᠪᠠᠷ ᠬᠡᠯᠡᠪᠡ᠃
      ᠵᠠᠩ ᠠᠪᠤᠭ᠋ᠠᠢ ᠵᠢᠨ ᠡᠨᠡ ᠬᠦ᠌ ᠮᠡᠳᠡᠷᠡᠮᠵᠢ ᠪᠣᠯ ᠰᠢᠯᠢ ᠵᠢᠨ ᠭᠣᠣᠯ ᠠᠢ᠌ᠮᠠᠭ᠎ᠤᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠲᠥᠪ᠎ᠤᠨ ᠦᠢ᠍ᠯᠡᠴᠢᠯᠡᠭᠡᠨ᠎ᠤ ᠠᠷᠭ᠎ᠠ ᠬᠡᠮᠵᠢᠶ᠎ᠡ᠎ᠪᠠᠨ ᠰᠢᠯᠢᠳᠡᠭᠵᠢᠭᠦᠯᠵᠦ᠂ ᠠᠵᠢᠯ᠎ᠤᠨ ᠦᠷ᠎ᠡ ᠪᠦᠲᠦᠮᠵᠢ᠎ᠪᠠᠨ ᠳᠡᠭᠡᠭᠰᠢᠯᠡᠭᠦᠯᠦᠭᠰᠡᠨ᠎ᠤ ᠠᠮᠢᠳᠤᠯᠢᠭ ᠢᠯᠡᠷᠡᠯ ᠮᠥᠨ᠃
      ᠣᠢ᠌ᠷ᠎ᠠ ᠵᠢᠨ ᠬᠡᠳᠦᠨ ᠵᠢᠯ᠎ᠳᠤ᠂ ᠰᠢᠯᠢ ᠵᠢᠨ ᠭᠣᠣᠯ ᠠᠢ᠌ᠮᠠᠭ᠎ᠤᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠲᠥᠪ ᠠᠵᠢᠯ ᠣᠯᠭᠣᠯᠲᠠ ᠵᠢ ᠲᠣᠭᠲᠠᠭᠤᠨ ᠵᠶ᠋ᠠᠷ ᠠᠬᠢᠭᠤᠯᠬᠤ ᠠᠵᠢᠯ᠎ᠤᠨ ᠭᠣᠣᠯ ᠱᠤᠭᠤᠮ᠎ᠢ ᠴᠢᠩᠭ᠎ᠠ ᠠᠳᠬᠤᠵᠤ᠂ ᠠᠵᠢᠯ ᠠᠯᠳᠠᠯᠲᠠ ᠵᠢᠨ ᠳᠠᠭ᠋ᠠᠳᠬᠠᠯ᠎ᠤᠨ 《ᠠᠮᠢᠳᠤᠷᠠᠯ᠎ᠢ ᠪᠠᠲᠤᠯᠠᠬᠤ᠂ ᠠᠵᠢᠯ ᠠᠯᠳᠠᠯᠲᠠ ᠵᠢ ᠰᠡᠷᠭᠡᠢ᠌ᠯᠡᠬᠦ᠂ ᠠᠵᠢᠯ ᠣᠯᠭᠣᠯᠲᠠ ᠵᠢ ᠠᠬᠢᠭᠤᠯᠬᠤ》 ᠵᠠᠩᠭᠢᠯᠠᠭ᠎ᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠠᠵᠢᠯ ᠠᠯᠳᠠᠯᠲᠠ ᠵᠢᠨ ᠳᠠᠭ᠋ᠠᠳᠬᠠᠯ᠎ᠤᠨ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠪᠥᠬᠥ ᠲᠠᠯ᠎ᠠ᠎ᠪᠠᠷ ᠲᠦᠯᠬᠢᠨ ᠠᠬᠢᠭᠤᠯᠵᠤ᠂ ᠣᠯᠠᠨ ᠲᠦᠮᠡᠨ᠎ᠤ ᠬᠡᠷᠡᠭᠴᠡᠭᠡ ᠱᠠᠭ᠋ᠠᠷᠳᠠᠯᠭ᠎ᠠ᠎ᠪᠠᠷ ᠤᠳᠤᠷᠢᠳᠤᠮᠵᠢ ᠪᠣᠯᠭ᠋ᠠᠨ᠂ ᠠᠵᠢᠯ ᠶᠠᠪᠤᠳᠠᠯ ᠭᠦᠢ᠍ᠴᠡᠳᠬᠡᠬᠦ ᠶᠠᠪᠤᠴᠠ ᠵᠢ ᠳᠥᠭᠥᠮᠴᠢᠯᠡᠬᠦ᠂ ᠦᠢ᠍ᠯᠡᠴᠢᠯᠡᠭᠡᠨ᠎ᠤ ᠦᠷ᠎ᠡ ᠪᠦᠲᠦᠮᠵᠢ ᠵᠢ ᠳᠡᠭᠡᠭᠰᠢᠯᠡᠭᠦᠯᠬᠦ ᠵᠢ ᠲᠡᠷᠢᠭᠦᠨ ᠴᠢᠬᠤᠯᠠ ᠡᠭᠦᠷᠭᠡ ᠪᠣᠯᠭ᠋ᠠᠵᠤ᠂ ᠠᠯᠢ ᠣᠯᠠᠨ ᠰᠢᠨ᠎ᠡ ᠵᠢ ᠡᠭᠦᠳᠬᠦ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠠᠵᠤ ᠠᠬᠤᠢ᠌ᠯᠠᠯ ᠪᠠ ᠣᠯᠠᠨ ᠲᠦᠮᠡᠨ᠎ᠳᠤ ᠨᠠᠩ ᠥᠨᠳᠥᠷ ᠪᠦᠲᠦᠮᠵᠢᠲᠡᠶ᠂ ᠳᠥᠭᠥᠮ ᠳᠥᠲᠡ᠂ ᠳᠣᠲᠣᠨᠣ ᠦᠢ᠍ᠯᠡᠴᠢᠯᠡᠭᠡ ᠬᠠᠩᠭ᠋ᠠᠵᠠᠢ᠃
      ᠦᠢ᠍ᠯᠡᠴᠢᠯᠡᠭᠡᠨ᠎ᠤ ᠵᠠᠭᠪᠤᠷ᠎ᠤᠨ ᠰᠢᠨ᠎ᠡ ᠵᠢ ᠡᠭᠦᠳᠬᠦ ᠲᠠᠯ᠎ᠠ᠎ᠪᠠᠷ᠂ ᠲᠣᠰ ᠲᠥᠪ᠎ᠨᠢ ᠥᠪᠥᠷ ᠮᠣᠩᠭᠣᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠢᠰᠲ᠋ᠧᠮ᠎ᠤᠨ ᠲᠤᠬᠠᠢ᠌ᠯᠠᠭᠰᠠᠨ ᠠᠵᠢᠯ᠎ᠤᠨ ᠶᠡᠷᠦᠩᠬᠡᠢ᠌ᠯᠡᠭᠰᠡᠨ ᠭᠦᠢ᠍ᠴᠡᠳᠬᠡᠬᠦ ᠲᠠᠪᠴᠠᠩ᠎ᠳᠤ ᠲᠦᠰᠢᠭᠯᠡᠨ᠂ 《ᠣᠶᠤᠨᠴᠢ᠎ᠪᠠᠷ ᠭᠦᠢ᠍ᠴᠡᠳᠬᠡᠬᠦ᠂ ᠭᠤᠶᠤᠴᠢᠯᠠᠯᠲᠠ᠎ᠠᠴᠠ ᠬᠡᠯᠲᠦᠷᠢᠭᠦᠯᠦᠨ ᠳᠠᠷᠤᠢ᠌ᠬᠠᠨ ᠡᠳ᠋ᠯᠡᠬᠦᠯᠬᠦ᠂ ᠰᠢᠭᠤᠳ ᠬᠦᠷᠭᠡᠵᠦ ᠲᠦᠷᠭᠡᠨ ᠡᠳ᠋ᠯᠡᠬᠦᠯᠬᠦ》 ᠴᠣ᠋ ᠰᠢᠨ᠎ᠡ ᠦᠢ᠍ᠯᠡᠴᠢᠯᠡᠭᠡᠨ᠎ᠤ ᠵᠠᠭᠪᠤᠷ᠎ᠢ ᠢᠳᠡᠪᠬᠢᠲᠡᠢ ᠬᠡᠷᠡᠭᠵᠢᠭᠦᠯᠪᠡ᠃ ᠲᠤᠬᠠᠢ᠌ᠯᠠᠭᠰᠠᠨ ᠠᠵᠢᠯ᠎ᠢ ᠭᠠᠷᠲᠠᠨ ᠬᠢᠭᠴᠢ ᠰᠢᠰᠲ᠋ᠧᠮ᠎ᠤᠨ ᠲᠣᠭ᠎ᠠ ᠪᠠᠷᠢᠮᠲᠠ ᠵᠢ ᠨᠠᠷᠢᠯᠢᠭ ᠣᠨᠣᠴᠠᠲᠠᠢ᠎ᠪᠠᠷ ᠬᠠᠷᠢᠴᠠᠭᠤᠯᠬᠤ᠎ᠪᠠᠷ ᠳᠡᠮᠵᠢᠨ᠂ ᠠᠵᠤ ᠠᠬᠤᠢ᠌ᠯᠠᠯ ᠵᠢ ᠰᠠᠨᠠᠭ᠋ᠠᠴᠢᠯᠠᠭ᠎ᠠ᠎ᠠᠴᠠ᠎ᠪᠠᠨ ᠭᠤᠶᠤᠴᠢᠯᠠᠬᠤ᠂ ᠮᠠᠲ᠋ᠧᠷᠢᠶᠠᠯ ᠲᠤᠰᠢᠶᠠᠬᠤ ᠪᠤᠶᠤ ᠨᠠᠭ᠋ᠠᠰᠢ ᠴᠠᠭ᠋ᠠᠰᠢ ᠭᠦᠶᠦᠬᠦ ᠴᠢᠬᠤᠯᠠ ᠦᠭᠡᠢ ᠪᠣᠯᠭ᠋ᠠᠪᠠ᠂ ᠳᠠᠷᠤᠢ ᠠᠵᠢᠯ᠎ᠤᠨ ᠪᠠᠢ᠌ᠷᠢ ᠵᠢ ᠲᠣᠭᠲᠠᠪᠤᠷᠢᠵᠢᠭᠤᠯᠤᠭᠰᠠᠨ ᠪᠤᠴᠠᠭ᠋ᠠᠯᠲᠠ ᠮᠥᠩᠭᠥ᠂ ᠠᠵᠢᠯ᠎ᠤᠨ ᠪᠠᠢ᠌ᠷᠢ ᠵᠢ ᠥᠷᠭᠡᠳᠬᠡᠭᠰᠡᠨ ᠨᠢᠭᠡ ᠯᠡ ᠤᠳᠠᠭ᠎ᠠ ᠵᠢᠨ ᠴᠢᠨᠠᠷᠲᠠᠢ ᠨᠥᠬᠥᠪᠦᠷᠢ ᠵᠡᠷᠭᠡ ᠠᠵᠤ ᠠᠬᠤᠢ᠌ᠯᠠᠯ᠎ᠳᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢ ᠰᠢᠭᠤᠳ ᠭᠥᠷᠳᠡᠵᠦ᠂ 《ᠬᠠᠮᠤᠭ᠎ᠤᠨ ᠠᠷᠪᠢᠨ᠎ᠳᠠᠭᠠᠨ ᠨᠢᠭᠡ ᠤᠳᠠᠭ᠎ᠠ ᠭᠦᠶᠦᠯᠭᠡᠬᠦ》 ᠪᠠᠢ᠌ᠭᠰᠠᠨ᠎ᠠᠴᠠ᠎ᠪᠠᠨ 《ᠨᠢᠭᠡ ᠤᠳᠠᠭ᠎ᠠ ᠴᠤ᠌ ᠭᠦᠶᠦᠯᠭᠡᠬᠦ ᠦᠭᠡᠢ》 ᠪᠣᠯᠬᠤ ᠬᠤᠪᠢᠷᠠᠯᠲᠠ ᠵᠢ ᠪᠡᠶᠡᠯᠡᠭᠦᠯᠵᠡᠢ᠃ ᠡᠭᠦᠨ᠎ᠤ ᠬᠠᠮᠲᠤ᠂ ᠠᠵᠢᠯ ᠠᠯᠳᠠᠯᠲᠠ ᠵᠢᠨ ᠳᠠᠭ᠋ᠠᠳᠬᠠᠯ᠎ᠤᠨ ᠰᠦᠢ᠍ᠳᠬᠡᠯ᠎ᠤᠨ ᠨᠣᠷᠮ᠎ᠠ ᠵᠢ ᠱᠠᠲᠤᠴᠢ ᠴᠢᠨᠠᠷᠲᠠᠢ᠎ᠪᠠᠷ ᠪᠠᠭᠤᠷᠠᠭᠤᠯᠬᠤ ᠵᠡᠷᠭᠡ ᠠᠷᠠᠳ᠎ᠲᠤ ᠠᠰᠢᠭ ᠬᠦᠷᠲᠡᠭᠡᠵᠦ ᠠᠵᠤ ᠠᠬᠤᠢ᠌ᠯᠠᠯ᠎ᠳᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢ ᠴᠤ᠌ ᠰᠢᠭᠢᠳᠬᠡᠭᠰᠡᠨ ᠰᠢᠰᠲ᠋ᠧᠮ ᠵᠶ᠋ᠡᠷ ᠳᠠᠮᠵᠢᠭᠤᠯᠤᠨ ᠰᠢᠭᠤᠳ ᠬᠡᠷᠡᠭᠵᠢᠭᠦᠯᠵᠦ᠂ ᠪᠥᠬᠥ ᠠᠢ᠌ᠮᠠᠭ᠎ᠤᠨ ᠠᠵᠢᠯ ᠠᠯᠳᠠᠯᠲᠠ ᠵᠢᠨ ᠳᠠᠭ᠋ᠠᠳᠬᠠᠯ᠎ᠳᠤ ᠣᠷᠣᠯᠴᠠᠭᠰᠠᠨ ᠨᠢᠭᠡᠴᠢ᠎ᠳᠤ ᠪᠥᠬᠥ ᠲᠠᠯ᠎ᠠ᠎ᠪᠠᠷ ᠠᠰᠢᠭ ᠬᠦᠷᠲᠡᠭᠡᠵᠦ᠂ ᠠᠵᠤ ᠠᠬᠤᠢ᠌ᠯᠠᠯ᠎ᠤᠨ ᠳᠠᠷᠤᠭ᠋ᠠᠰᠤ ᠵᠢ ᠦᠨᠡᠨ ᠬᠦ᠌ ᠬᠥᠩᠭᠡᠷᠡᠭᠦᠯᠵᠦ᠂ ᠠᠵᠢᠯ ᠣᠯᠭᠣᠯᠲᠠ ᠵᠢᠨ ᠠᠵᠢᠯ᠎ᠤᠨ ᠪᠠᠢ᠌ᠷᠢ ᠵᠢ ᠲᠣᠭᠲᠠᠪᠤᠷᠢᠵᠢᠭᠤᠯᠪᠠ᠃
      ᠦᠢ᠍ᠯᠡᠴᠢᠯᠡᠭᠡᠨ᠎ᠤ ᠳᠥᠭᠥᠮ ᠳᠥᠲᠡ ᠴᠢᠨᠠᠷ᠎ᠢ ᠳᠡᠭᠡᠭᠰᠢᠯᠡᠭᠦᠯᠬᠦ ᠲᠠᠯ᠎ᠠ᠎ᠪᠠᠷ᠂ ᠰᠢᠯᠢ ᠵᠢᠨ ᠭᠣᠣᠯ ᠠᠢ᠌ᠮᠠᠭ᠎ᠤᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠲᠥᠪ᠎ᠨᠢ ᠠᠵᠢᠯ ᠠᠯᠳᠠᠯᠲᠠ ᠵᠢᠨ ᠳᠠᠭ᠋ᠠᠳᠬᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ ᠪᠥᠬᠥ ᠲᠠᠯ᠎ᠠ᠎ᠪᠠᠷ ᠡᠮᠬᠢᠯᠡᠨ ᠳᠢᠭᠯᠡᠵᠦ᠂ ᠦᠢ᠍ᠯᠡᠴᠢᠯᠡᠭᠡᠨ᠎ᠤ ᠨᠠᠷᠢᠨ ᠲᠠᠩᠰᠠ᠂ ᠲᠥᠷᠥ ᠵᠢᠨ ᠪᠣᠳᠣᠯᠭ᠎ᠠ ᠵᠢᠨ ᠨᠠᠷᠢᠨ ᠲᠠᠩᠰᠠ᠂ ᠬᠠᠷᠢᠭᠤᠴᠠᠯᠭ᠎ᠠ ᠵᠢᠨ ᠨᠠᠷᠢᠨ ᠲᠠᠩᠰᠠ ᠪᠠ ᠠᠵᠢᠯ ᠶᠠᠪᠤᠳᠠᠯ ᠭᠦᠢ᠍ᠴᠡᠳᠬᠡᠬᠦ ᠵᠦᠭᠯᠡᠭᠦᠷ᠎ᠢ ᠨᠠᠷᠢᠨ ᠨᠢᠮᠪᠠᠢ ᠨᠠᠢ᠌ᠷᠠᠭᠤᠯᠤᠨ ᠵᠣᠬᠢᠶᠠᠵᠤ᠂ 《ᠠᠵᠢᠯ ᠣᠯᠭᠣᠯᠲᠠ ᠵᠢᠨ ᠰᠢᠯᠢ ᠵᠢᠨ ᠭᠣᠣᠯ》᠎ᠤᠨ ᠨᠡᠶ᠋ᠢᠲᠡ ᠵᠢᠨ ᠳ᠋ᠤᠭ᠋ᠠᠷ᠂ ᠠᠯᠪᠠᠨ᠎ᠤ ᠰᠦᠯᠵᠢᠶ᠎ᠡ ᠵᠡᠷᠭᠡ ᠣᠯᠠᠨ ᠠᠷᠭ᠎ᠠ ᠵᠠᠮ ᠵᠶ᠋ᠠᠷ ᠨᠡᠢ᠌ᠭᠡᠮ ᠨᠡᠶ᠋ᠢᠲᠡ᠎ᠳᠤ ᠢᠯᠡ ᠪᠣᠯᠭ᠋ᠠᠪᠠ᠃ ᠡᠭᠦᠨ᠎ᠤ ᠬᠠᠮᠲᠤ᠂ 《ᠥᠪᠥᠷ ᠮᠣᠩᠭᠣᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ》 ᠵᠢᠨ APP᠂ 《ᠮᠥᠩᠬᠡ ᠰᠤᠪᠠᠭ》᠎ᠤᠨ APP᠂ ᠡᠯᠧᠺᠲᠷᠣᠨ ᠨᠡᠢ᠌ᠭᠡᠮ᠎ᠤᠨ ᠪᠠᠲᠤᠯᠠᠭ᠎ᠠ ᠵᠢᠨ ᠺᠠᠷᠲ᠎ᠤᠨ ᠵᠢᠵᠢᠭ ᠫᠷᠣᠭ᠌ᠷᠠᠮ ᠵᠡᠷᠭᠡ ᠰᠦᠯᠵᠢᠶᠡᠨ ᠳᠡᠭᠡᠷᠡᠬᠢ ᠲᠠᠪᠴᠠᠩ᠎ᠳᠤ ᠲᠦᠰᠢᠭᠯᠡᠨ᠂ ᠠᠵᠢᠯ ᠠᠯᠳᠠᠯᠲᠠ ᠵᠢᠨ ᠳᠠᠭ᠋ᠠᠳᠬᠠᠯ᠎ᠤᠨ ᠣᠯᠭᠣᠮᠵᠢ ᠭᠤᠶᠤᠴᠢᠯᠠᠬᠤ᠂ ᠤᠷ᠎ᠠ ᠮᠡᠷᠭᠡᠵᠢᠯ ᠵᠶ᠋ᠠᠨ ᠳᠡᠭᠡᠭᠰᠢᠯᠡᠭᠦᠯᠬᠦ ᠨᠥᠬᠥᠪᠦᠷᠢ ᠵᠡᠷᠭᠡ ᠥᠨᠳᠥᠷ ᠳᠠᠪᠲᠠᠮᠵᠢᠲᠤ ᠲᠤᠬᠠᠢ᠌ᠯᠠᠭᠰᠠᠨ ᠠᠵᠢᠯ᠎ᠢ 《ᠰᠦᠯᠵᠢᠶᠡᠨ ᠳᠡᠭᠡᠷ᠎ᠡ ᠭᠦᠢ᠍ᠴᠡᠳᠬᠡᠬᠦ》 《ᠠᠯᠠᠭ᠋ᠠᠨ ᠳᠡᠭᠡᠷ᠎ᠡ᠎ᠪᠠᠨ ᠭᠦᠢ᠍ᠴᠡᠳᠬᠡᠬᠦ》 ᠵᠢ ᠪᠡᠶᠡᠯᠡᠭᠦᠯᠵᠦ᠂ ᠲᠣᠭ᠎ᠠ ᠪᠠᠷᠢᠮᠲᠠ ᠵᠢ ᠢᠯᠡᠭᠦᠬᠡᠨ ᠬᠥᠳᠡᠯᠭᠡᠵᠦ᠂ ᠣᠯᠠᠨ ᠲᠦᠮᠡᠨ᠎ᠢ ᠳᠤᠲᠠᠭᠤ ᠭᠦᠶᠦᠯᠭᠡᠬᠦ ᠵᠢ ᠦᠨᠡᠨ ᠬᠦ᠌ ᠪᠡᠶᠡᠯᠡᠭᠦᠯᠵᠡᠢ᠃
      ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠬᠦ ᠲᠠᠯ᠎ᠠ᠎ᠪᠠᠷ᠂ ᠲᠤᠬᠠᠢ᠌ᠯᠠᠭᠰᠠᠨ ᠠᠵᠢᠯ᠎ᠤᠨ ᠠᠵᠢᠯᠲᠠᠨ᠎ᠤ ᠴᠣᠩᠬᠣᠪᠴᠢ᠎ᠪᠠᠷ ᠠᠵᠢᠯ᠎ᠤᠨ ᠪᠠᠢ᠌ᠷᠢ ᠡᠭᠡᠯᠵᠢᠯᠡᠭᠦᠯᠬᠦ ᠳᠦᠷᠢᠮ᠎ᠢ ᠬᠡᠷᠡᠭᠵᠢᠭᠦᠯᠬᠦ᠂ ᠲᠥᠷᠥ ᠵᠢᠨ ᠪᠣᠳᠣᠯᠭ᠎ᠠ ᠵᠢ ᠲᠥᠪᠯᠡᠷᠡᠭᠦᠯᠦᠨ ᠰᠤᠷᠤᠯᠴᠠᠬᠤ ᠵᠢ ᠵᠣᠬᠢᠶᠠᠨ ᠪᠠᠶ᠋ᠢᠭᠤᠯᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠲᠤᠬᠠᠢ᠌ᠯᠠᠭᠰᠠᠨ ᠠᠵᠢᠯ᠎ᠤᠨ ᠭᠠᠷᠲᠠᠨ ᠭᠦᠢ᠍ᠴᠡᠳᠬᠡᠬᠦ ᠠᠵᠢᠯᠲᠠᠨ᠎ᠤ ᠦᠢ᠍ᠯᠡᠴᠢᠯᠡᠭᠡᠨ᠎ᠤ ᠴᠢᠳᠠᠪᠤᠷᠢ ᠵᠢ ᠦᠷᠭᠦᠯᠵᠢᠯᠡᠨ ᠳᠡᠭᠡᠭᠰᠢᠯᠡᠭᠦᠯᠪᠡ᠃ 2024 ᠣᠨ᠎ᠳᠤ᠂ ᠰᠢᠯᠢ ᠵᠢᠨ ᠭᠣᠣᠯ ᠠᠢ᠌ᠮᠠᠭ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠎ᠤᠨ ᠳᠥᠷᠪᠡᠳᠦᠭᠡᠷ ᠤᠯᠠᠷᠢᠯ᠎ᠤᠨ ᠰᠢᠯᠭ᠋ᠠᠷᠠᠭᠤᠯᠤᠯᠲᠠ᠎ᠳᠤ᠂ ᠠᠵᠢᠯ ᠠᠯᠳᠠᠯᠲᠠ ᠵᠢᠨ ᠳᠠᠭ᠋ᠠᠳᠬᠠᠯ᠎ᠤᠨ ᠴᠣᠩᠬᠣᠪᠴᠢ 《ᠬᠠᠮᠤᠭ᠎ᠤᠨ ᠰᠠᠢ᠌ᠨ ᠦᠢ᠍ᠯᠡᠴᠢᠯᠡᠭᠡᠨ᠎ᠤ ᠴᠣᠩᠬᠣᠪᠴᠢ》 ᠵᠢᠨ ᠢᠷᠠᠭᠤ ᠠᠯᠳᠠᠷ᠎ᠢ ᠭᠥᠷᠳᠡᠵᠦ᠂ ᠴᠣᠩᠬᠣᠪᠴᠢ ᠵᠢᠨ ᠠᠵᠢᠯᠲᠠᠨ ᠰᠢᠯᠭ᠋ᠠᠷᠠᠭᠰᠠᠨ ᠲᠤᠰᠬᠠᠢ ᠮᠡᠷᠭᠡᠵᠢᠯ᠎ᠤᠨ ᠪᠣᠯᠪᠠᠰᠤᠷᠠᠯ ᠪᠠ ᠠᠷᠠᠳ᠎ᠲᠤ ᠲᠥᠬᠥᠮ ᠦᠵᠡᠭᠦᠯᠬᠦ ᠦᠢ᠍ᠯᠡᠴᠢᠯᠡᠭᠡ᠎ᠪᠠᠷ ᠵᠶ᠋ᠡᠨ ᠭᠤᠷᠪᠠᠳᠤᠭ᠋ᠠᠷ᠂ ᠳᠥᠷᠪᠡᠳᠦᠭᠡᠷ ᠤᠯᠠᠷᠢᠯ᠎ᠤᠨ 《ᠬᠠᠮᠤᠭ᠎ᠤᠨ ᠰᠠᠢ᠌ᠨ ᠦᠢ᠍ᠯᠡᠴᠢᠯᠡᠭᠡᠨ᠎ᠤ ᠣᠳᠣᠨ》 ᠵᠶ᠋ᠠᠷ ᠦᠨᠡᠯᠡᠭᠳᠡᠪᠡ᠃
      ᠦᠢ᠍ᠯᠡᠴᠢᠯᠡᠭᠡ ᠵᠢ ᠲᠠᠰ ᠳᠡᠪᠰᠢᠭᠦᠯᠬᠦ ᠠᠯᠢ ᠣᠯᠠᠨ ᠠᠷᠭ᠎ᠠ ᠬᠡᠮᠵᠢᠶ᠎ᠡ ᠢᠯᠡᠳᠲᠡ ᠦᠷ᠎ᠡ ᠪᠦᠲᠦᠮᠵᠢ ᠣᠯᠪᠠ᠃ ᠣᠳᠣᠬᠠᠨ᠎ᠳᠤ ᠰᠢᠯᠢ ᠵᠢᠨ ᠭᠣᠣᠯ ᠠᠢ᠌ᠮᠠᠭ 1506 ᠬᠥᠮᠥᠨ᠎ᠳᠤ ᠨᠡᠶ᠋ᠢᠲᠡ 624.33 ᠲᠦᠮᠡᠨ ᠲᠥᠭᠥᠷᠢᠭ᠎ᠤᠨ ᠠᠵᠢᠯ ᠠᠯᠳᠠᠯᠲᠠ ᠵᠢᠨ ᠳᠠᠭ᠋ᠠᠳᠬᠠᠯ᠎ᠤᠨ ᠮᠥᠩᠭᠥ ᠲᠠᠷᠬᠠᠭ᠋ᠠᠵᠤ᠂ 1380 ᠬᠥᠮᠥᠨ᠎ᠤ 112.35 ᠲᠦᠮᠡᠨ ᠲᠥᠭᠥᠷᠢᠭ᠎ᠤᠨ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠤᠨ ᠰᠦᠢ᠍ᠳᠬᠡᠯ᠎ᠢ᠎ᠨᠢ ᠣᠷᠣᠯᠠᠨ ᠲᠤᠰᠢᠶᠠᠵᠤ᠂ ᠠᠵᠢᠯ ᠠᠯᠳᠠᠭᠰᠠᠳ᠎ᠤᠨ ᠦᠨᠳᠦᠰᠦᠨ ᠠᠮᠢᠳᠤᠷᠠᠯ᠎ᠢ ᠪᠦᠲᠦᠮᠵᠢᠲᠡᠶ ᠪᠠᠲᠤᠯᠠᠪᠠ; ᠨᠥᠬᠥᠴᠡᠯ᠎ᠳᠤ ᠨᠡᠢ᠌ᠴᠡᠬᠦ 380 ᠨᠡᠷᠡᠰ ᠳᠠᠭ᠋ᠠᠳᠬᠠᠯ᠎ᠳᠤ ᠣᠷᠣᠯᠴᠠᠭᠰᠠᠨ ᠠᠵᠢᠯᠲᠠᠨ ᠠᠵᠢᠯᠴᠢᠨ᠎ᠳᠤ 58.5 ᠲᠦᠮᠡᠨ ᠲᠥᠭᠥᠷᠢᠭ᠎ᠤᠨ ᠤᠷ᠎ᠠ ᠮᠡᠷᠭᠡᠵᠢᠯ᠎ᠢ ᠳᠡᠭᠡᠭᠰᠢᠯᠡᠭᠦᠯᠬᠦ ᠨᠥᠬᠥᠪᠦᠷᠢ ᠣᠯᠭᠣᠵᠤ᠂ ᠠᠵᠢᠯᠲᠠᠨ ᠠᠵᠢᠯᠴᠢᠨ᠎ᠤ ᠠᠵᠢᠯ ᠮᠡᠷᠭᠡᠵᠢᠯ᠎ᠤᠨ ᠤᠷ᠎ᠠ ᠮᠡᠷᠭᠡᠵᠢᠯ ᠵᠶ᠋ᠠᠨ ᠳᠡᠭᠡᠭᠰᠢᠯᠡᠭᠦᠯᠬᠦ ᠢᠳᠡᠪᠬᠢᠵᠢᠯ᠎ᠢ ᠬᠥᠭᠵᠢᠭᠡᠪᠡ; ᠠᠵᠢᠯ᠎ᠤᠨ ᠪᠠᠢ᠌ᠷᠢ ᠵᠢ ᠥᠷᠭᠡᠳᠬᠡᠭᠰᠡᠨ ᠨᠢᠭᠡ ᠯᠡ ᠤᠳᠠᠭ᠎ᠠ ᠵᠢᠨ ᠴᠢᠨᠠᠷᠲᠠᠢ ᠨᠥᠬᠥᠪᠦᠷᠢ ᠵᠢ 6.45 ᠲᠦᠮᠡᠨ ᠲᠥᠭᠥᠷᠢᠭ ᠨᠠᠢ᠌ᠳᠠᠪᠤᠷᠢᠵᠢᠭᠤᠯᠵᠤ᠂ ᠠᠵᠤ ᠠᠬᠤᠢ᠌ᠯᠠᠯ᠎ᠤᠨ ᠨᠠᠩ ᠣᠯᠠᠨ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ ᠵᠡᠷᠭᠡ ᠭᠣᠣᠯᠳᠠᠯᠭ᠎ᠠ᠎ᠲᠠᠢ ᠬᠥᠮᠥᠰ᠎ᠲᠤ ᠠᠵᠢᠯ ᠣᠯᠭᠣᠬᠤ᠎ᠳᠤ ᠬᠦᠴᠦᠨ ᠨᠡᠮᠡᠷᠢᠯᠡᠪᠡ; ᠠᠵᠢᠯ ᠠᠯᠳᠠᠯᠲᠠ ᠵᠢᠨ ᠳᠠᠭ᠋ᠠᠳᠬᠠᠯ᠎ᠤᠨ ᠰᠦᠢ᠍ᠳᠬᠡᠯ᠎ᠤᠨ ᠨᠣᠷᠮ᠎ᠠ ᠵᠢ ᠱᠠᠲᠤᠴᠢ ᠴᠢᠨᠠᠷᠲᠠᠢ᠎ᠪᠠᠷ ᠪᠠᠭᠤᠷᠠᠭᠤᠯᠬᠤ ᠲᠥᠷᠥ ᠵᠢᠨ ᠪᠣᠳᠣᠯᠭ᠎ᠠ᠎ᠨᠢ ᠪᠥᠬᠥ ᠠᠢ᠌ᠮᠠᠭ᠎ᠤᠨ ᠳᠠᠭ᠋ᠠᠳᠬᠠᠯ᠎ᠳᠤ ᠣᠷᠣᠯᠴᠠᠭᠰᠠᠨ ᠨᠢᠭᠡᠴᠢ ᠵᠢᠨ ᠳᠠᠷᠤᠭ᠋ᠠᠰᠤ ᠵᠢ ᠨᠡᠶ᠋ᠢᠲᠡ 2292.4 ᠲᠦᠮᠡᠨ ᠲᠥᠭᠥᠷᠢᠭ ᠬᠥᠩᠭᠡᠯᠡᠵᠦ᠂ ᠠᠵᠤ ᠠᠬᠤᠢ᠌ᠯᠠᠯ᠎ᠤᠨ ᠡᠵᠡᠩᠨᠡᠯᠲᠡ ᠵᠢᠨ ᠥᠪᠡᠷ᠎ᠤᠨ ᠥᠷᠲᠡᠭ᠎ᠢ ᠪᠦᠲᠦᠮᠵᠢᠲᠡᠶ ᠬᠥᠩᠭᠡᠷᠡᠭᠦᠯᠪᠡ᠃
      《ᠲᠠᠷᠠᠭ᠋ᠠᠴᠢ ᠵᠢᠨ ᠠᠯᠬᠤᠮ᠎ᠳᠤ᠂ ᠪᠢᠳᠡ ᠥᠨᠳᠥᠷ ᠪᠦᠲᠦᠮᠵᠢᠲᠡᠶ ᠦᠢ᠍ᠯᠡᠴᠢᠯᠡᠭᠡᠨ᠎ᠤ ᠣᠢ᠌ᠯᠠᠭ᠋ᠠᠭᠳᠠᠬᠤᠨ᠎ᠢ ᠦᠷᠭᠦᠯᠵᠢᠯᠡᠨ ᠨᠠᠢ᠌ᠳᠠᠪᠤᠷᠢᠵᠢᠭᠤᠯᠵᠤ᠂ ᠦᠢ᠍ᠯᠡᠴᠢᠯᠡᠭᠡᠨ᠎ᠤ ᠠᠷᠭ᠎ᠠ ᠬᠡᠮᠵᠢᠶ᠎ᠡ ᠵᠢᠨ ᠰᠢᠨ᠎ᠡ ᠵᠢ ᠡᠭᠦᠳᠬᠦ ᠵᠢ ᠬᠠᠢ᠌ᠨ ᠰᠦᠪᠡᠭᠴᠢᠯᠡᠵᠦ᠂ ᠦᠢ᠍ᠯᠡᠴᠢᠯᠡᠭᠡᠨ᠎ᠤ ᠶᠠᠪᠤᠴᠠ ᠵᠢ ᠰᠢᠯᠢᠳᠡᠭᠵᠢᠭᠦᠯᠦᠨ᠂ ᠦᠢ᠍ᠯᠡᠴᠢᠯᠡᠭᠡᠨ᠎ᠤ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠨᠠᠩ ᠳᠣᠲᠣᠨᠣ᠂ ᠳᠥᠭᠥᠮ ᠳᠥᠲᠡ᠂ ᠥᠨᠳᠥᠷ ᠪᠦᠲᠦᠮᠵᠢᠲᠡᠶ ᠦᠢ᠍ᠯᠡᠴᠢᠯᠡᠭᠡ᠎ᠪᠠᠷ ᠠᠵᠤ ᠠᠬᠤᠢ᠌ᠯᠠᠯ ᠪᠠ ᠣᠯᠠᠨ ᠲᠦᠮᠡᠨ᠎ᠤ ᠬᠦᠷᠲᠡᠮᠵᠢ ᠵᠢᠨ ᠲᠥᠷᠥᠭᠳᠡᠯ ᠪᠠ ᠬᠠᠨᠤᠮᠵᠢ ᠵᠢᠨ ᠬᠡᠮᠵᠢᠶ᠎ᠡ ᠵᠢ ᠨᠡᠮᠡᠭᠳᠡᠭᠦᠯᠵᠦ᠂ ᠥᠪᠡᠷᠲᠡᠭᠡᠨ ᠵᠠᠰᠠᠬᠤ ᠣᠷᠣᠨ᠎ᠤ 〈ᠵᠢᠷᠭᠤᠭ᠋ᠠᠨ ᠠᠵᠢᠯᠯᠠᠭ᠎ᠠ〉 ᠵᠢ ᠦᠨᠡᠨ ᠬᠦ᠌ ᠠᠬᠢᠭᠤᠯᠤᠨ᠎ᠠ》  ᠭᠡᠵᠦ ᠰᠢᠯᠢ ᠵᠢᠨ ᠭᠣᠣᠯ ᠠᠢ᠌ᠮᠠᠭ᠎ᠤᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠲᠥᠪ᠎ᠤᠨ ᠠᠵᠢᠯ ᠠᠯᠳᠠᠯᠲᠠ ᠵᠢᠨ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠪᠠᠢ᠌ᠭᠤᠯᠤᠮᠵᠢ ᠵᠢᠨ ᠬᠠᠷᠢᠭᠤᠴᠠᠯᠭ᠋ᠠᠲᠠᠨ ᠨᠠᠨ ᠬᠣᠢ ᠬᠡᠯᠡᠪᠡ᠃

ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            