ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠶ᠋ᠢᠮᠠᠭ ᠬᠤᠳᠠ᠎ᠶᠢᠨ ᠰᠤᠨᠢᠨ ᠮᠡᠳᠡᠭᠡ
ᠪᠠᠶᠠᠨᠨᠠᠭᠤᠷ᠄ ᠤᠷ᠎ᠠ ᠮᠡᠷᠭᠡᠵᠢᠯ᠎ᠤᠨ ᠪᠣᠯᠪᠠᠰᠤᠷᠠᠯ᠎ᠨᠢ ᠠᠵᠢᠯ ᠣᠯᠵᠤ ᠦᠢᠯᠡᠰ ᠪᠣᠰᠬᠠᠬᠤ᠎ᠳᠤ 《ᠵᠢᠭᠦᠷ》 ᠤᠷᠭᠤᠭᠤᠯᠪᠠ
ᠨᠡᠶ᠋ᠢᠲᠡᠯᠡᠭᠰᠡᠨ ᠴᠠᠭ᠄ 2025-05-21

      ᠠᠵᠢᠯ ᠮᠡᠷᠭᠡᠵᠢᠯ᠎ᠤᠨ ᠤᠷ᠎ᠠ ᠮᠡᠷᠭᠡᠵᠢᠯ᠎ᠤᠨ ᠪᠣᠯᠪᠠᠰᠤᠷᠠᠯ ᠪᠣᠯ ᠬᠥᠳᠡᠯᠮᠦᠷᠢᠴᠢᠳ᠎ᠤᠨ ᠠᠵᠢᠯ ᠣᠯᠵᠤ ᠦᠢᠯᠡᠰ ᠪᠣᠰᠬᠠᠬᠤ ᠴᠢᠳᠠᠪᠤᠷᠢ ᠵᠢ ᠳᠡᠭᠡᠭᠰᠢᠯᠡᠭᠦᠯᠬᠦ᠂ ᠪᠦᠲᠦᠴᠡ ᠵᠢᠨ ᠴᠢᠨᠠᠷᠲᠠᠶ ᠠᠵᠢᠯ ᠣᠯᠭᠣᠯᠲᠠ ᠵᠢᠨ ᠠᠰᠠᠭᠤᠳᠠᠯ᠎ᠢ ᠰᠢᠢᠳᠪᠦᠷᠢᠯᠡᠬᠦ᠂ ᠠᠵᠢᠯ ᠣᠯᠭᠣᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠬᠦ ᠵᠠᠩᠭᠢᠯᠠᠭ᠎ᠠ ᠵᠢᠨ ᠠᠷᠭ᠎ᠠ ᠬᠡᠮᠵᠢᠶ᠎ᠡ ᠮᠥᠨ᠃ ᠡᠨᠡ ᠵᠢᠯ᠂ ᠪᠠᠶᠠᠨᠨᠠᠭᠤᠷ ᠬᠣᠲᠠ ᠵᠢᠨ᠎ᠬᠢᠨ ᠠᠵᠢᠯ ᠮᠡᠷᠭᠡᠵᠢᠯ᠎ᠤᠨ ᠤᠷ᠎ᠠ ᠮᠡᠷᠭᠡᠵᠢᠯ᠎ᠤᠨ ᠪᠣᠯᠪᠠᠰᠤᠷᠠᠯ᠎ᠢ ᠣᠯᠠᠨ ᠲᠦᠮᠡᠨ᠎ᠤ ᠠᠵᠢᠯ ᠣᠯᠵᠤ ᠦᠢᠯᠡᠰ ᠪᠣᠰᠬᠠᠬᠤ ᠵᠢ ᠠᠬᠢᠭᠤᠯᠬᠤ ᠬᠦᠴᠦᠲᠡᠶ ᠭᠠᠷᠳᠠᠴᠠ ᠪᠣᠯᠭ᠋ᠠᠵᠤ᠂ ᠵᠠᠬ᠎ᠠ ᠳᠡᠯᠭᠡᠭᠦᠷ ᠪᠠ ᠣᠯᠠᠨ ᠲᠦᠮᠡᠨ᠎ᠤ ᠬᠡᠷᠡᠭᠴᠡᠭᠡ ᠱᠠᠭ᠋ᠠᠷᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠬᠠᠮᠢᠶ᠎ᠠ ᠪᠥᠬᠥᠶ ᠠᠵᠢᠯ᠎ᠢ ᠥᠨᠳᠥᠷ ᠪᠠᠷᠢᠮᠵᠢᠶ᠎ᠠ᠎ᠪᠠᠷ ᠳᠥᠯᠭᠢᠨ ᠠᠬᠢᠭᠤᠯᠬᠤ ᠪᠣᠯᠤᠨ᠎ᠠ᠃
      ᠪᠣᠯᠪᠠᠰᠤᠷᠠᠯ᠎ᠤᠨ ᠠᠴᠢᠶᠠᠯᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ ᠵᠢᠱ᠌ᠢᠶ᠎ᠡ ᠦᠵᠡᠭᠦᠯᠬᠦ ᠦᠢᠯᠡᠳᠦᠯ᠎ᠢ ᠪᠠᠳᠠᠷᠠᠭᠤᠯᠤᠨ᠎ᠠ
      ᠪᠠᠶᠠᠨᠨᠠᠭᠤᠷ᠎ᠤᠨ ᠬᠡᠷᠡᠭᠯᠡᠭᠡᠨ᠎ᠤ ᠮᠠᠰᠲ᠋ᠧᠷ᠎ᠤᠨ ᠳᠡᠭᠡᠳᠦ ᠰᠤᠷᠭ᠋ᠠᠭᠤᠯᠢ᠎ᠳᠤ᠂ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠳᠠᠳᠤᠯᠭ᠎ᠠ ᠪᠣᠯᠪᠠᠰᠤᠷᠠᠯ᠎ᠤᠨ ᠲᠥᠪ᠎ᠲᠤ ᠮᠠᠰᠢᠨ ᠲᠡᠷᠭᠡᠨ᠎ᠤ ᠲᠤᠰᠬᠠᠢ ᠮᠡᠷᠭᠡᠵᠢᠯ᠎ᠤᠨ ᠪᠦᠬᠦ ᠲᠠᠯ᠎ᠠ ᠵᠢᠨ ᠬᠢᠴᠢᠶᠡᠯ᠎ᠤᠨ ᠲᠦᠷᠦᠯ ᠵᠦᠢ᠍ᠯ᠎ᠢ ᠲᠤᠬᠢᠷᠠᠭᠤᠯᠵᠤ᠂ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠴᠠᠬᠢᠯᠭ᠋ᠠᠨ ᠮᠠᠰᠢᠨ᠂ ᠴᠡᠨᠡᠭ᠂ ᠴᠠᠬᠢᠯᠭ᠋ᠠᠨ ᠡᠵᠡᠮᠰᠢᠯ᠎ᠤᠨ ᠰᠢᠰᠲ᠋ᠧᠮ᠎ᠤᠨ ᠪᠦᠲᠦᠴᠡ ᠵᠢ ᠵᠠᠳᠠᠯᠤᠨ ᠲᠣᠨᠣᠭᠯᠠᠬᠤ ᠳᠠᠳᠤᠯᠭ᠎ᠠ ᠪᠣᠯᠪᠠᠰᠤᠷᠠᠯ᠎ᠲᠠᠢ ᠪᠠᠶ᠋ᠢᠬᠤ᠎ᠪᠠᠷ ᠪᠠᠷᠠᠬᠤ ᠦᠭᠡᠢ᠂ ᠪᠠᠰᠠ ᠪᠦᠬᠦᠯᠢ ᠲᠡᠷᠭᠡ ᠵᠢ ᠠᠷᠠᠴᠢᠯᠠᠬᠤ ᠮᠡᠷᠭᠡᠵᠢᠯ ᠪᠣᠯᠤᠨ ᠵᠢᠰᠦ ᠭᠣᠶᠣᠯᠠᠵᠤ ᠠᠷᠠᠴᠢᠯᠠᠬᠤ ᠵᠡᠷᠭᠡ ᠠᠵᠢᠯᠯᠠᠭ᠎ᠠ ᠵᠢ ᠪᠠᠭᠲᠠᠭ᠋ᠠᠵᠠᠢ᠃ ᠰᠢᠨ᠎ᠡ ᠡᠨᠧᠷᠭᠢ ᠵᠢᠨ ᠰᠤᠷᠪᠤᠯᠵᠢ ᠵᠢᠨ ᠮᠠᠰᠢᠨ ᠲᠡᠷᠭᠡ ᠵᠢ ᠪᠠᠶ᠋ᠢᠴᠠᠭ᠋ᠠᠨ ᠰᠢᠯᠭ᠋ᠠᠬᠤ ᠪᠠ ᠰᠡᠯᠪᠢᠨ ᠵᠠᠰᠠᠬᠤ ᠲᠤᠰᠬᠠᠶ ᠮᠡᠷᠭᠡᠵᠢᠯ᠎ᠤᠨ ᠬᠢᠴᠢᠶᠡᠯ᠎ᠤᠨ ᠲᠠᠩᠬᠢᠮ᠎ᠳᠤ᠂ ᠪᠠᠭᠰᠢ ᠵᠢᠨ ᠵᠢᠯᠣᠭᠣᠳᠣᠯᠭ᠎ᠠ ᠳᠣᠥᠷ᠎ᠠ᠂ ᠰᠤᠷᠤᠭᠴᠢᠳ ᠳᠤᠭᠤᠶ᠋ᠢᠯᠠᠩ ᠬᠤᠪᠢᠶᠠᠨ ᠰᠢᠨ᠎ᠡ ᠡᠨᠧᠷᠭᠢ ᠵᠢᠨ ᠰᠤᠷᠪᠤᠯᠵᠢ ᠵᠢᠨ ᠮᠠᠰᠢᠨ ᠲᠡᠷᠭᠡᠨ᠎ᠤ ᠡᠯ᠎ᠡ ᠰᠢᠰᠲ᠋ᠧᠮ᠎ᠳᠤ ᠵᠠᠳᠠᠯᠤᠯᠲᠠ᠂ ᠪᠠᠶ᠋ᠢᠴᠠᠭ᠋ᠠᠨ ᠬᠡᠮᠵᠢᠯᠲᠡ ᠪᠠ ᠤᠭᠰᠠᠷᠠᠯᠲᠠ ᠬᠢᠵᠦ᠂ ᠪᠣᠳᠠᠲᠠᠶ ᠪᠣᠯᠪᠠᠰᠤᠷᠠᠯ ᠵᠶ᠋ᠠᠷ ᠳᠠᠮᠵᠢᠭᠤᠯᠤᠨ ᠬᠠᠮᠢᠶ᠎ᠠ ᠪᠥᠬᠥᠶ ᠮᠡᠳᠡᠯᠭᠡ ᠪᠠ ᠤᠷ᠎ᠠ ᠮᠡᠷᠭᠡᠵᠢᠯ᠎ᠢ ᠯᠠᠪᠳᠠᠭᠤᠨ ᠪᠠᠲᠤᠲᠠᠶ ᠡᠵᠡᠮᠰᠢᠨ᠎ᠡ᠃
      ᠪᠠᠶᠠᠨᠨᠠᠭᠤᠷ᠎ᠤᠨ ᠬᠡᠷᠡᠭᠯᠡᠭᠡᠨ᠎ᠤ ᠮᠠᠰᠲ᠋ᠧᠷ᠎ᠤᠨ ᠳᠡᠭᠡᠳᠦ ᠰᠤᠷᠭ᠋ᠠᠭᠤᠯᠢ ᠪᠣᠯ ᠲᠥᠪᠯᠡᠷᠡᠭᠰᠡᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠂ ᠳᠡᠭᠡᠳᠦ ᠵᠡᠷᠭᠡ ᠵᠢᠨ ᠮᠡᠷᠭᠡᠵᠢᠯ᠎ᠤᠨ ᠠᠵᠢᠯᠴᠢᠨ᠎ᠤ ᠰᠤᠷᠭ᠋ᠠᠨ ᠬᠥᠮᠦᠵᠢᠯ᠂ ᠪᠡᠯᠡᠳᠬᠡᠯ ᠮᠠᠰᠲ᠋ᠧᠷ᠎ᠤᠨ ᠰᠤᠷᠭ᠋ᠠᠨ ᠬᠥᠮᠦᠵᠢᠯ ᠵᠢᠴᠢ ᠡᠯ᠎ᠡ ᠲᠥᠷᠥᠯ᠎ᠤᠨ ᠪᠣᠯᠪᠠᠰᠤᠷᠠᠯ ᠬᠢᠭᠡᠳ ᠠᠵᠢᠯ ᠮᠡᠷᠭᠡᠵᠢᠯ᠎ᠤᠨ ᠤᠷ᠎ᠠ ᠮᠡᠷᠭᠡᠵᠢᠯ᠎ᠤᠨ ᠦᠨᠡᠯᠡᠯᠲᠡ ᠵᠢ ᠨᠢᠭᠡ ᠴᠤᠭᠴᠠᠵᠢᠭᠤᠯᠤᠭᠰᠠᠨ ᠶᠡᠷᠦᠩᠬᠡᠶ᠋ᠢᠯᠡᠭᠰᠡᠨ ᠮᠠᠰᠲ᠋ᠧᠷ᠎ᠤᠨ ᠳᠡᠭᠡᠳᠦ ᠰᠤᠷᠭ᠋ᠠᠭᠤᠯᠢ ᠪᠣᠯᠤᠨ᠎ᠠ᠃ ᠰᠤᠷᠤᠭᠴᠢᠳ᠎ᠤᠨ ᠢᠷᠡᠭᠡᠳᠦᠶ ᠵᠢᠨ ᠠᠵᠢᠯ ᠣᠯᠭᠣᠯᠲᠠ ᠵᠢᠨ ᠬᠡᠷᠡᠭᠴᠡᠭᠡ ᠵᠢ ᠬᠠᠩᠭ᠋ᠠᠬᠤ ᠵᠢᠨ ᠲᠥᠯᠥᠭᠡ᠂ ᠳᠡᠭᠡᠳᠦ ᠰᠤᠷᠭ᠋ᠠᠭᠤᠯᠢ᠎ᠨᠢ 《ᠲᠤᠰᠬᠠᠶ ᠮᠡᠷᠭᠡᠵᠢᠯ᠎ᠤᠨ ᠬᠢᠴᠢᠶᠡᠯ + ᠦᠢᠯᠡᠳᠦᠯᠭᠡ ᠵᠢᠨ ᠤᠷ᠎ᠠ ᠮᠡᠷᠭᠡᠵᠢᠯ᠎ᠤᠨ ᠪᠣᠯᠪᠠᠰᠤᠷᠠᠯ》᠎ᠢ ᠬᠠᠷᠢᠯᠴᠠᠨ ᠤᠶᠠᠯᠳᠤᠭᠤᠯᠤᠭᠰᠠᠨ ᠵᠠᠭᠪᠤᠷ ᠵᠶ᠋ᠠᠷ ᠴᠢᠳᠠᠪᠤᠷᠢᠲᠠᠨ᠎ᠢ ᠬᠥᠮᠦᠵᠢᠭᠦᠯᠵᠦ᠂ ᠰᠤᠷᠤᠭᠴᠢᠳ᠎ᠢ ᠰᠤᠷᠭ᠋ᠠᠭᠤᠯᠢ ᠵᠢᠨ ᠬᠦᠷᠢᠶᠡᠨ᠎ᠠᠴᠠ ᠭᠠᠷᠭ᠋ᠠᠪᠠᠯ ᠳᠠᠷᠤᠶ ᠳᠡᠭᠡᠳᠦ ᠮᠡᠷᠭᠡᠵᠢᠯ᠎ᠤᠨ ᠴᠢᠳᠠᠪᠤᠷᠢᠲᠠᠨ ᠪᠣᠯᠭ᠋ᠠᠬᠤ ᠪᠣᠯᠤᠨ᠎ᠠ᠃
      ᠪᠠᠶᠠᠨᠨᠠᠭᠤᠷ᠎ᠤᠨ ᠬᠡᠷᠡᠭᠯᠡᠭᠡᠨ᠎ᠤ ᠮᠠᠰᠲ᠋ᠧᠷ᠎ᠤᠨ ᠳᠡᠭᠡᠳᠦ ᠰᠤᠷᠭ᠋ᠠᠭᠤᠯᠢ ᠪᠣᠯ ᠪᠠᠶᠠᠨᠨᠠᠭᠤᠷ ᠬᠤᠳᠠ ᠵᠢᠨ ᠤᠷ᠎ᠠ ᠮᠡᠷᠭᠡᠵᠢᠯ᠎ᠤᠨ ᠪᠣᠯᠪᠠᠰᠤᠷᠠᠯ᠎ᠤᠨ ᠠᠴᠢᠶᠠᠯᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠭᠰᠠᠨ ᠠᠮᠢᠳᠤᠯᠢᠭ ᠬᠤᠷᠢᠶᠠᠩᠭᠤᠢ ᠳᠦᠷᠰᠦ ᠪᠣᠯᠤᠨ᠎ᠠ᠃ ᠣᠳᠣᠬᠠᠨ᠎ᠳᠤ᠂ ᠪᠠᠶᠠᠨᠨᠠᠭᠤᠷ ᠬᠣᠲᠠ ᠵᠢᠨ 44 ᠪᠣᠯᠪᠠᠰᠤᠷᠠᠯ᠎ᠤᠨ ᠪᠠᠶ᠋ᠢᠭᠤᠯᠤᠮᠵᠢ ᠬᠠᠮᠲᠤ᠎ᠪᠠᠷ ᠣᠯᠠᠨ ᠲᠠᠰ ᠳᠠᠪᠬᠤᠷᠭ᠎ᠠ ᠵᠢᠨ ᠤᠷ᠎ᠠ ᠮᠡᠷᠭᠡᠵᠢᠯ᠎ᠤᠨ ᠪᠣᠯᠪᠠᠰᠤᠷᠠᠯ᠎ᠤᠨ ᠰᠢᠰᠲ᠋ᠧᠮ᠎ᠢ ᠪᠠᠶ᠋ᠢᠭᠤᠯᠤᠭᠰᠠᠨ ᠪᠠᠶ᠋ᠢᠨ᠎ᠠ᠃
      ᠡᠨᠡ ᠵᠢᠯ᠂ ᠪᠠᠶᠠᠨᠨᠠᠭᠤᠷ ᠬᠣᠲᠠ ᠪᠣᠯᠪᠠᠰᠤᠷᠠᠯ᠎ᠤᠨ ᠠᠴᠢᠶᠠᠯᠠᠪᠤᠷᠢ ᠵᠢᠨ ᠪᠠᠶ᠋ᠢᠭᠤᠯᠤᠯᠲᠠ᠎ᠪᠠᠨ ᠴᠢᠩᠭ᠋ᠠᠳᠬᠠᠵᠤ᠂ ᠬᠢᠷᠢ ᠬᠡᠮ ᠪᠠ ᠪᠣᠳᠠᠲᠤ ᠬᠦᠴᠦᠨ᠎ᠲᠠᠢ ᠡᠯ᠎ᠡ ᠲᠥᠷᠥᠯ᠎ᠤᠨ ᠪᠣᠯᠪᠠᠰᠤᠷᠠᠯ᠎ᠤᠨ ᠪᠠᠶ᠋ᠢᠭᠤᠯᠤᠮᠵᠢ ᠵᠢ ᠥᠷᠭᠡᠨ ᠵᠶ᠋ᠡᠷ ᠰᠢᠩᠭᠡᠭᠡᠨ ᠠᠪᠴᠤ᠂ ᠡᠬᠢ ᠪᠠᠶᠠᠯᠢᠭ᠎ᠢ ᠣᠷᠭ᠋ᠠᠨᠢᠭ ᠵᠶ᠋ᠠᠷ ᠨᠢᠭᠡᠳᠬᠡᠬᠦ ᠵᠢ ᠪᠡᠶᠡᠯᠡᠭᠦᠯᠦᠨ᠎ᠡ; ᠬᠣᠲᠠ ᠵᠢᠨ ᠳᠡᠰ᠎ᠤᠨ ᠣᠯᠠᠨ ᠨᠡᠶ᠋ᠢᠲᠡ ᠵᠢᠨ ᠪᠣᠳᠠᠲᠤ ᠪᠣᠯᠪᠠᠰᠤᠷᠠᠯ᠎ᠤᠨ ᠰᠠᠭᠤᠷᠢᠨ ᠭᠠᠵᠠᠷ᠎ᠢ ᠭᠤᠶᠤᠴᠢᠯᠠᠨ ᠮᠡᠳᠡᠭᠦᠯᠵᠦ᠂ ᠦᠶᠤᠸᠠᠨ ᠰᠢᠶᠠᠨ᠂ ᠳ᠋ᠸᠩᠺᠸᠤ ᠰᠢᠶᠠᠨ᠎ᠤ ᠣᠯᠠᠨ ᠨᠡᠶ᠋ᠢᠲᠡ ᠵᠢᠨ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠭᠠᠵᠠᠷ᠎ᠤᠨ ᠡᠵᠡᠩᠨᠡᠯᠲᠡ ᠪᠠ ᠪᠥᠲᠥᠭᠡᠨ ᠪᠠᠶ᠋ᠢᠭᠤᠯᠤᠯᠲᠠ ᠵᠢ ᠠᠬᠢᠭᠤᠯᠵᠤ᠂ ᠤᠷᠠᠳ᠎ᠤᠨ ᠬᠣᠶ᠋ᠢᠲᠤ ᠬᠣᠰᠢᠭᠤᠨ᠎ᠤ ᠣᠯᠠᠨ ᠨᠡᠶ᠋ᠢᠲᠡ ᠵᠢᠨ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢᠯ᠎ᠢ ᠴᠢᠷᠮᠠᠶ᠋ᠢᠨ ᠣᠯᠵᠤ᠂ 《ᠪᠣᠯᠪᠠᠰᠤᠷᠠᠯ — ᠬᠢᠨᠠᠨ ᠲᠣᠭᠲᠠᠭ᠋ᠠᠯᠲᠠ — ᠠᠵᠢᠯ ᠣᠯᠭᠣᠯᠲᠠ》 ᠵᠢ ᠨᠢᠭᠡ ᠴᠤᠭᠴᠠᠵᠢᠭᠤᠯᠤᠭᠰᠠᠨ ᠠᠵᠢᠯ ᠮᠡᠷᠭᠡᠵᠢᠯ᠎ᠤᠨ ᠤᠷ᠎ᠠ ᠮᠡᠷᠭᠡᠵᠢᠯ᠎ᠤᠨ ᠣᠯᠠᠨ ᠨᠡᠶ᠋ᠢᠲᠡ ᠵᠢᠨ ᠳᠠᠳᠤᠯᠭ᠎ᠠ ᠪᠣᠯᠪᠠᠰᠤᠷᠠᠯ᠎ᠤᠨ ᠰᠠᠭᠤᠷᠢᠨ ᠭᠠᠵᠠᠷ᠎ᠢ ᠪᠠᠶ᠋ᠢᠭᠤᠯᠵᠤ᠂ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠤ ᠪᠣᠯᠪᠠᠰᠤᠷᠠᠯ᠎ᠤᠨ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢ ᠴᠢᠩᠭ᠋ᠠᠳᠬᠠᠨ᠂ ᠪᠣᠯᠪᠠᠰᠤᠷᠠᠯ᠎ᠤᠨ ᠠᠴᠢᠶᠠᠯᠠᠪᠤᠷᠢ ᠵᠢᠨ ᠵᠢᠱ᠌ᠢᠶ᠎ᠡ ᠦᠵᠡᠭᠦᠯᠵᠦ ᠬᠥᠲᠥᠯᠦᠨ ᠳᠠᠭ᠋ᠠᠭᠤᠯᠬᠤ ᠦᠢᠯᠡᠳᠦᠯ᠎ᠢ ᠤᠯᠠᠮ ᠨᠢᠭᠡ ᠠᠯᠬᠤᠮ ᠪᠠᠳᠠᠷᠠᠭᠤᠯᠵᠤ᠂ ᠴᠢᠳᠠᠪᠤᠷᠢ ᠣᠯᠭᠣᠬᠤ ᠤᠷ᠎ᠠ ᠮᠡᠷᠭᠡᠵᠢᠯ᠎ᠤᠨ ᠪᠣᠯᠪᠠᠰᠤᠷᠠᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠦᠨ᠎ᠡ᠃
      ᠤᠷ᠎ᠠ ᠮᠡᠷᠭᠡᠵᠢᠯ᠎ᠤᠨ ᠪᠣᠯᠪᠠᠰᠤᠷᠠᠯ᠎ᠤᠨ ᠨᠠᠷᠠᠲᠤ ᠲᠥᠷᠥᠯ ᠲᠡᠮᠳᠡᠭ᠎ᠢ ᠪᠣᠶ ᠪᠣᠯᠭ᠋ᠠᠵᠤ ᠦᠢ᠍ᠯᠡᠴᠢᠯᠡᠭᠡᠨ᠎ᠤ ᠬᠢᠷᠢ ᠲᠦᠪᠰᠢᠨ ᠵᠶ᠋ᠡᠨ ᠲᠡᠭᠡᠭᠰᠢᠯᠡᠬᠦᠯᠦᠨ᠎ᠡ
      ᠣᠶ᠋ᠢᠷ᠎ᠠ᠎ᠳᠤ᠂ ᡁᠢ ᠴᠧᠩ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠰᠤᠷᠭ᠋ᠠᠭᠤᠯᠢ ᠵᠢᠨ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠪᠣᠯᠪᠠᠰᠤᠷᠠᠯ᠎ᠤᠨ ᠠᠩᠭᠢ᠎ᠳᠤ᠂ ᠪᠠᠭᠰᠢ ᠨᠠᠷ ᠲᠥᠬᠥᠮ ᠣᠶ᠋ᠢᠯᠠᠭ᠋ᠠᠮᠵᠢᠲᠠᠶ ᠦᠭᠡ ᠬᠡᠯᠡ ᠪᠠ ᠡᠯᠪᠡᠭ ᠪᠠᠶᠠᠯᠢᠭ ᠬᠡᠷᠡᠭ᠎ᠤᠨ ᠵᠢᠱ᠌ᠢᠶ᠎ᠡ᠎ᠪᠠᠷ ᠣᠬᠣᠷ ᠸᠢᠳᠢᠤ᠋ ᠵᠢᠨ ᠲᠠᠩᠰᠠᠨ ᠨᠣᠮᠧᠷ᠎ᠤᠨ ᠡᠵᠡᠩᠨᠡᠯᠲᠡ ᠵᠢᠨ ᠤᠷ᠎ᠠ ᠮᠡᠷᠭᠡᠵᠢᠯ ᠵᠢᠴᠢ ᠰᠢᠭᠤᠳ ᠨᠡᠪᠳᠡᠷᠡᠬᠦᠯᠵᠦ ᠪᠠᠷᠠᠭ᠎ᠠ ᠪᠣᠷᠣᠯᠠᠭᠤᠯᠬᠤ ᠶᠠᠪᠤᠴᠠ᠂ AI ᠵᠥᠭᠡᠯᠡᠨ ᠲᠣᠨᠣᠭ᠎ᠤᠨ ᠬᠡᠷᠡᠭᠯᠡᠯᠲᠡ ᠵᠡᠷᠭᠡ ᠠᠭᠤᠯᠭ᠎ᠠ ᠪᠦᠬᠦᠢ ᠪᠣᠯᠪᠠᠰᠤᠷᠠᠯ ᠬᠦᠷᠲᠡᠭᠡᠨ᠎ᠡ᠃ ᠪᠣᠯᠪᠠᠰᠤᠷᠠᠯ᠎ᠤᠨ ᠪᠤᠳᠠᠳᠠᠢ ᠠᠭᠤᠯᠭ᠎ᠠ ᠪᠦᠷᠢᠨ ᠪᠠᠶ᠋ᠢᠵᠤ᠂ ᠰᠤᠷᠤᠭᠴᠢᠳ᠎ᠤᠨ ᠲᠠᠩᠰᠠᠨ ᠨᠣᠮᠧᠷ᠎ᠤᠨ ᠡᠵᠡᠩᠨᠡᠯᠲᠡ ᠵᠢᠨ ᠲᠠᠯ᠎ᠠ᠎ᠪᠠᠷ᠎ᠬᠢ ᠲᠥᠭᠡᠷᠢᠭᠳᠡᠯ᠎ᠢ ᠰᠢᠢᠳᠪᠦᠷᠢᠯᠡᠵᠡᠶ᠃ 《ᠡᠨᠡ ᠤᠳᠠᠭ᠋ᠠᠨ᠎ᠤ ᠪᠣᠯᠪᠠᠰᠤᠷᠠᠯ᠎ᠨᠢ ᠮᠢᠨᠦ ᠬᠣᠶ᠋ᠢᠰᠢᠳᠠ ᠵᠢᠨ ᠠᠵᠢᠯ᠎ᠤᠨ ᠲᠠᠯ᠎ᠠ᠎ᠪᠠᠷ᠎ᠬᠢ ᠰᠢᠨ᠎ᠡ ᠰᠡᠳᠬᠢᠮᠵᠢ ᠵᠢ ᠨᠡᠭᠡᠭᠡᠵᠡᠶ᠂ ᠪᠢ ᠰᠣᠷᠣᠭᠰᠠᠨ ᠮᠡᠳᠡᠯᠭᠡ᠎ᠪᠠᠨ ᠣᠬᠣᠷ ᠸᠢᠳᠢᠤ᠋ ᠵᠢᠨ ᠳᠠᠩᠰᠠᠨ ᠳ᠋ᠤᠭ᠋ᠠᠷ᠎ᠲᠠᠭᠠᠨ ᠬᠡᠷᠡᠭᠯᠡᠵᠦ᠂ ᠰᠢᠨ᠎ᠡ ᠰᠢᠪᠲᠤᠯᠤᠯᠲᠠ ᠭᠠᠷᠭ᠋ᠠᠬᠤ ᠵᠢ ᠬᠦᠰᠡᠵᠦ ᠪᠠᠶ᠋ᠢᠨ᠎ᠠ》 ᠭᠡᠵᠦ ᠰᠤᠷᠤᠭᠴᠢ ᠸᠠᠩ ᠶᠤᠸᠠᠢ ᠬᠡᠯᠡᠪᠡ᠃
      ᠵᠡᠭᠦᠨ ᠭᠠᠷ ᠵᠶ᠋ᠠᠷ ᠵᠶ᠋ᠠᠨ ᠬᠡᠤᠬᠡᠳ᠎ᠤᠨ ᠬᠦᠵᠦᠭᠦᠦ ᠪᠣᠯᠣᠨ ᠲᠣᠯᠣᠭ᠋ᠠᠢ ᠵᠢ᠎ᠨᠢ ᠯᠠᠪᠳᠠᠭᠤᠨ ᠲᠤᠯᠵᠤ᠂ ᠪᠠᠷᠠᠭᠤᠨ ᠭᠠᠷ ᠵᠶ᠋ᠠᠷ ᠵᠶ᠋ᠠᠨ ᠪᠡᠶ᠎ᠡ ᠵᠢ᠎ᠨᠢ ᠬᠥᠩᠭᠡᠬᠡᠨ ᠵᠦᠯᠬᠦᠨ᠎ᠡ᠃ ᠰᠠᠷ᠎ᠠ᠎ᠳᠤ ᠰᠠᠭᠤᠭᠰᠠᠳ᠎ᠢ ᠠᠰᠠᠷᠠᠭᠴᠢ ᠴᠧᠨ ᠰᠢᠶᠠ ᠨᠢᠷᠠᠶ ᠬᠡᠦᠬᠡᠳ᠎ᠤᠨ ᠪᠡᠶ᠎ᠡ ᠵᠢ᠎ᠨᠢ ᠤᠬᠢᠶᠠᠵᠤ ᠥᠭᠬᠦ᠎ᠳᠡᠭᠡᠨ ᠢᠩᠬᠢᠵᠦ ᠪᠣᠯᠪᠠᠰᠤᠷᠠᠩᠭᠤᠶ᠎ᠪᠠᠷ ᠬᠥᠳᠡᠯᠵᠦ ᠪᠠᠷᠢᠨ᠎ᠠ᠃《ᠨᠢᠯᠬ᠎ᠠ ᠬᠡᠦᠬᠡᠳ᠎ᠢ ᠠᠰᠠᠷᠠᠵᠤ ᠬᠠᠷᠠᠭ᠋ᠠᠯᠵᠠᠬᠤ᠎ᠳᠤ ᠦᠵᠡᠬᠦ᠎ᠳᠤ ᠬᠢᠯᠪᠠᠷ ᠰᠢᠭ᠋ ᠪᠣᠯᠪᠠᠴᠤ ᠦᠨᠡᠨ᠎ᠳᠡᠭᠡᠨ ᠪᠠᠭ᠎ᠠ ᠪᠤᠰᠤ ᠡᠷᠳᠡᠮ ᠪᠠ ᠠᠷᠭ᠎ᠠ ᠲᠡᠮ ᠣᠷᠣᠨ᠎ᠠ》᠃ ᠴᠧᠨ ᠰᠢᠶᠠ ᠬᠡᠯᠡᠬᠦ᠎ᠳᠡᠭᠡᠨ᠂ ᠪᠢ ᡁᠢ ᠴᠧᠩ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠰᠤᠷᠭ᠋ᠠᠭᠤᠯᠢ᠎ᠳᠤ ᠡᠬᠡ ᠨᠢᠯᠬᠠᠰ᠎ᠤᠨ ᠰᠤᠪᠢᠯᠠᠯᠲᠠ (ᠰᠠᠷ᠎ᠠ᠎ᠳᠤ ᠰᠠᠭᠤᠭᠰᠠᠳ᠎ᠢ ᠠᠰᠠᠷᠠᠭᠴᠢ) ᠵᠢᠨ ᠪᠣᠯᠪᠠᠰᠤᠷᠠᠯ᠎ᠳᠤ ᠣᠷᠣᠯᠴᠠᠬᠤ᠎ᠳᠠᠭᠠᠨ ᠨᠢᠯᠬ᠎ᠠ ᠬᠡᠥᠬᠡᠳ᠎ᠤᠨ ᠡᠷᠡᠭᠦᠯ ᠬᠠᠮᠠᠭ᠋ᠠᠯᠠᠯ ᠡᠷᠡᠭᠦᠯᠵᠢᠯ᠂ ᠠᠮᠢᠳᠤᠷᠠᠯ᠎ᠤᠨ ᠬᠠᠷᠠᠭ᠋ᠠᠯᠵᠠᠯ᠂ ᠠᠮᠤᠷ ᠲᠦᠪᠰᠢᠨ᠎ᠤ ᠬᠠᠮᠠᠭ᠋ᠠᠯᠠᠯᠲᠠ ᠵᠡᠷᠭᠡ ᠲᠠᠯ᠎ᠠ ᠵᠢᠨ ᠮᠡᠳᠡᠯᠭᠡ ᠵᠢ ᠰᠢᠰᠲ᠋ᠧᠮ᠎ᠲᠠᠢ ᠰᠣᠷᠣᠯᠴᠠᠵᠠᠢ ᠭᠡᠪᠡ᠃ ᠣᠳᠣ ᠲᠡᠷᠡ ᠨᠢᠭᠡᠨᠲᠡ 《ᠬᠤᠨ ᠭᠠᠯᠠᠭᠤ》 ᠰᠠᠷ᠎ᠠ᠎ᠳᠤ ᠰᠠᠭᠤᠭᠰᠠᠳ᠎ᠢ ᠠᠰᠠᠷᠠᠭᠴᠢ ᠵᠢᠨ ᠡᠩᠨᠡᠭᠡᠨ ᠳᠣᠲᠣᠷᠠᠬᠢ ᠣᠷᠣᠶ᠋ᠢᠯᠠᠭᠴᠢ ᠪᠣᠯᠵᠤ᠂ ᠰᠠᠷ᠎ᠠ ᠵᠢᠨ ᠣᠷᠣᠯᠭ᠎ᠠ᠎ᠨᠢ ᠬᠠᠮᠤᠭ ᠠᠩᠬᠠᠨ᠎ᠤ 6800 ᠭᠠᠷᠤᠶ ᠲᠥᠭᠥᠷᠢᠭ ᠪᠠᠶ᠋ᠢᠭᠰᠠᠨ᠎ᠠᠴᠠ᠎ᠪᠠᠨ 13800 ᠲᠥᠭᠥᠷᠢᠭ᠎ᠲᠤ ᠬᠦᠷᠦᠭᠰᠡᠨ ᠪᠠᠶ᠋ᠢᠨ᠎ᠠ᠃
      ᠡᠨᠡ ᠵᠢᠯ᠂ ᠳᠠᠪᠠᠭᠤᠯᠢᠭ ᠤᠨᠴᠠᠯᠢᠭᠳᠤ ᠠᠵᠤ ᠦᠢᠯᠡᠰ᠎ᠤᠨ ᠲᠣᠭᠣᠷᠢᠨ᠎ᠳᠤ᠂ ᠪᠠᠶᠠᠨᠨᠠᠭᠤᠷ ᠬᠣᠲᠠ ᠵᠢᠨ᠎ᠬᠢᠨ 《ᠪᠣᠷᠣᠲᠣᠬᠣᠶ ᠵᠢᠨ ᠳᠠᠷᠬᠠᠨ》 ᠲᠤᠰᠬᠠᠶ ᠪᠣᠯᠪᠠᠰᠤᠷᠠᠯ᠎ᠤᠨ ᠲᠥᠯᠥᠪᠯᠡᠭᠡ ᠪᠠ 《ᠨᠢᠭᠡ ᠨᠠᠰᠤᠲᠠᠨ ᠨᠢᠭᠡ ᠨᠢᠯᠬ᠎ᠠ》 ᠵᠢᠨ ᠦᠢᠯᠡᠴᠢᠯᠡᠭᠡᠨ᠎ᠤ ᠲᠤᠰᠬᠠᠶ ᠪᠣᠯᠪᠠᠰᠤᠷᠠᠯ᠎ᠤᠨ ᠲᠥᠯᠥᠪᠯᠡᠭᠡ ᠵᠢ ᠬᠡᠷᠡᠭᠵᠢᠭᠦᠯᠵᠦ᠂ 《ᠤᠷ᠎ᠠ ᠮᠡᠷᠭᠡᠵᠢᠯ᠎ᠲᠠᠢ ᠪᠣᠯ ᠲᠠᠷᠤᠢ ᠪᠣᠷᠣᠲᠣᠬᠣᠶ᠎ᠳᠤ ᠠᠵᠢᠯ ᠣᠯᠵᠤ ᠲᠡᠢ᠌ᠯᠬᠦ》 ᠠᠵᠢᠯᠯᠠᠭ᠎ᠠ ᠵᠢ ᠥᠷᠨᠢᠭᠦᠯᠵᠦ᠂ ᠤᠷ᠎ᠠ ᠮᠡᠷᠭᠡᠵᠢᠯ ᠵᠶ᠋ᠠᠷ ᠦᠢᠯᠡᠰ ᠪᠣᠰᠬᠠᠬᠤ ᠵᠢ ᠳᠠᠶ᠋ᠢᠴᠢᠯᠠᠬᠤ ᠵᠢ ᠠᠬᠢᠭᠤᠯᠵᠤ᠂ ᠦᠢᠯᠡᠰ ᠪᠣᠰᠬᠠᠬᠤ᠎ᠪᠠᠷ ᠠᠵᠢᠯ ᠣᠯᠭᠣᠯᠲᠠ ᠵᠢ ᠳᠠᠶ᠋ᠢᠴᠢᠯᠠᠬᠤ᠎ᠪᠠᠷ ᠪᠣᠶ᠃ 《ᠠᠵᠢᠯ ᠮᠡᠷᠭᠡᠵᠢᠯ᠎ᠤᠨ ᠤᠷ᠎ᠠ ᠮᠡᠷᠭᠡᠵᠢᠯ᠎ᠤᠨ ᠪᠣᠯᠪᠠᠰᠤᠷᠠᠯ + ᠬᠥᠳᠡᠯᠮᠦᠷᠢ ᠦᠢᠯᠡᠴᠢᠯᠡᠭᠡ》 ᠵᠢᠨ ᠨᠠᠷᠠᠲᠤ ᠲᠥᠷᠥᠯ ᠲᠡᠮᠳᠡᠭ᠎ᠢ ᠢᠳᠡᠪᠬᠢᠲᠡᠶ᠎ᠪᠠᠷ ᠪᠣᠶ᠋ᠢᠵᠢᠭᠤᠯᠵᠤ᠂ ᠨᠠᠭ᠋ᠠᠳᠤ ᠵᠠᠬ᠎ᠠ᠎ᠳᠠᠭᠠᠨ 2 《ᠣᠨᠴᠠᠯᠢᠠᠠᠳᠣ ᠠᠵᠤ ᠦᠢᠯᠡᠰ + ᠣᠨᠴᠠᠯᠢᠠᠠᠳᠣ ᠬᠥᠳᠡᠯᠮᠦᠷᠢ ᠦᠢᠯᠡᠴᠢᠯᠡᠭᠡ》 ᠵᠢᠨ ᠬᠣᠥᠰ ᠨᠠᠷᠠᠲᠤ ᠲᠥᠷᠥᠯ ᠲᠡᠮᠳᠡᠭ᠎ᠢ ᠪᠣᠶ ᠪᠣᠯᠭ᠋ᠠᠬᠤ ᠵᠢᠨ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠤᠷ᠎ᠠ ᠮᠡᠷᠭᠡᠵᠢᠯ᠎ᠤᠨ ᠪᠣᠯᠪᠠᠰᠤᠷᠠᠯ᠎ᠤᠨ ᠨᠠᠷᠠᠲᠤ ᠲᠥᠷᠥᠯ ᠲᠡᠮᠳᠡᠭ᠎ᠢ ᠢᠳᠡᠪᠬᠢᠲᠡᠶ᠎ᠪᠠᠷ ᠪᠣᠶ᠋ᠢᠵᠢᠭᠤᠯᠤᠨ ᠪᠣᠶ ᠪᠣᠯᠭ᠋ᠠᠨ᠎ᠠ᠃ ᠣᠳᠣᠬᠠᠨ᠎ᠳᠤ᠂ ᠪᠥᠬᠥ ᠬᠣᠲᠠ ᠵᠢᠨ ᠥᠷᠨᠢᠭᠦᠯᠵᠦ ᠪᠣᠯᠬᠤ ᠭᠣᠥᠯᠳᠠᠯᠭ᠎ᠠ᠎ᠲᠠᠢ ᠠᠵᠤ ᠦᠢᠯᠡᠰ᠎ᠤᠨ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠭᠠᠷᠴᠠᠭ 163 ᠵᠦᠢᠯ ᠪᠣᠶ᠂ ᠡᠭᠦᠨ᠎ᠳᠤ ᠤᠨᠴᠠᠯᠢᠬᠳᠤ ᠲᠠᠷᠢᠶᠠᠯᠠᠩ ᠣᠶ ᠰᠢᠭᠤᠶ ᠵᠢᠨ ᠪᠦᠲᠦᠭᠡᠭᠳᠡᠬᠦᠨ᠎ᠤ ᠲᠠᠷᠢᠮᠠᠯ᠂ ᠡᠪᠡᠳᠴᠢᠲᠡᠨ᠎ᠢ ᠠᠰᠠᠷᠠᠬᠤ᠂ ᠨᠠᠰᠤᠵᠢᠯ᠎ᠤᠨ ᠠᠰᠠᠷᠠᠮᠵᠢ ᠵᠢᠨ ᠰᠤᠪᠢᠯᠠᠯᠲᠠ᠂ ᠠᠰᠠᠷᠠᠭᠴᠢ᠂ ᠳᠤᠮᠳᠠᠳᠤ ᠧᠦ᠋ᠷᠣᠫᠠ ᠮᠠᠶᠢᠭ᠎ᠤᠨ ᠭᠤᠯᠢᠷ᠂ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠂ ᠺᠣᠮᠫᠢᠦ᠋ᠲ᠋ᠧᠷ᠎ᠤᠨ ᠠᠵᠢᠯᠯᠠᠭ᠎ᠠ ᠵᠡᠷᠭᠡ ᠲᠤᠰᠬᠠᠶ ᠮᠡᠷᠭᠡᠵᠢᠯ (ᠠᠵᠢᠯ᠎ᠤᠨ ᠲᠥᠷᠥᠯ)᠎ᠢ ᠬᠠᠮᠤᠷᠴᠤ ᠪᠣᠶ᠃ 3 ᠰᠠᠷ᠎ᠠ ᠵᠢᠨ ᠰᠡᠭᠦᠯᠴᠢ ᠪᠣᠯᠲᠠᠯ᠎ᠠ᠂ ᠪᠥᠬᠥ ᠬᠣᠲᠠ᠎ᠳᠤ ᠨᠢᠭᠡᠨᠲᠡ 2004 ᠬᠥᠮᠦᠨ ᠤᠳᠠᠭ᠎ᠠ ᠵᠢ ᠪᠣᠯᠪᠠᠰᠤᠷᠠᠭᠤᠯᠵᠠᠶ᠃

ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            