ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠶ᠋ᠢᠮᠠᠭ ᠬᠤᠳᠠ᠎ᠶᠢᠨ ᠰᠤᠨᠢᠨ ᠮᠡᠳᠡᠭᠡ
ᠪᠤᠭᠤᠲᠤ᠄ ᠰᠤᠷᠭ᠋ᠠᠭᠤᠯᠢ ᠵᠢᠨ ᠬᠦᠷᠢᠶᠡᠨ᠎ᠤ ᠠᠵᠢᠯᠲᠠᠨ ᠡᠯᠰᠡᠯᠳᠡ᠎ᠨᠢ ᠲᠡᠭᠦᠰᠬᠦ ᠰᠤᠷᠤᠭᠴᠢᠳ᠎ᠤᠨ ᠠᠵᠢᠯ ᠣᠯᠭᠣᠯᠲᠠ᠎ᠳᠤ ᠬᠦᠴᠦᠨ ᠨᠡᠮᠡᠷᠢᠯᠡᠨ᠎ᠡ
ᠨᠡᠶ᠋ᠢᠲᠡᠯᠡᠭᠰᠡᠨ ᠴᠠᠭ᠄ 2025-06-24

      ᠠᠵᠢᠯ ᠣᠯᠭᠣᠯᠲᠠ ᠵᠢ ᠠᠬᠢᠭᠤᠯᠬᠤ ᠠᠵᠢᠯᠯᠠᠭ᠎ᠠ ᠵᠢ ᠭᠦᠨᠵᠡᠭᠡᠢ ᠠᠬᠢᠭᠤᠯᠵᠤ᠂ ᠠᠵᠤ ᠠᠬᠤᠶ᠋ᠢᠯᠠᠯ᠎ᠤᠨ ᠠᠵᠢᠯᠴᠢᠨ ᠬᠡᠷᠡᠭᠯᠡᠬᠦ ᠬᠡᠷᠡᠭᠴᠡᠭᠡ ᠵᠢ ᠪᠦᠬᠦ ᠬᠦᠴᠦᠨ ᠵᠶ᠋ᠡᠷ ᠵᠶ᠋ᠡᠨ ᠪᠠᠲᠤᠯᠠᠵᠤ᠂ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ ᠵᠡᠷᠭᠡ ᠵᠠᠯᠠᠭᠤᠴᠤᠳ᠎ᠤᠨ ᠴᠢᠨᠠᠷ ᠰᠠᠶ᠋ᠢᠲᠠᠢ ᠠᠵᠢᠯ ᠣᠯᠭᠣᠯᠲᠠ ᠵᠢ ᠠᠬᠢᠭᠤᠯᠬᠤ ᠵᠢᠨ ᠲᠥᠯᠥᠭᠡ᠂ ᠤᠢ᠍ᠢ᠍ᠷ᠎ᠠ ᠵᠢᠨ ᠡᠳᠦᠷ᠂ ᠪᠤᠭᠤᠲᠤ ᠬᠤᠳᠠ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠳᠤᠯᠠᠭ᠎ᠠ ᠵᠢᠨ ᠲᠣᠪᠴᠢᠢ᠎ᠠ ᠵᠢᠨ ᠠᠵᠢᠯ ᠣᠯᠭᠣᠯᠲᠠ ᠵᠢᠨ ᠰᠠᠯᠠᠭ᠎ᠠ ᠮᠥᠴᠢᠷ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠡᠬᠡ ᠰᠤᠷᠭ᠋ᠠᠭᠤᠯᠢ᠎ᠲᠠᠢ ᠬᠠᠮᠲᠤᠷᠠᠨ᠂ 2025 ᠣᠨ᠎ᠤ ᠪᠤᠭᠤᠲᠤ ᠬᠤᠳᠠ ᠵᠢᠨ ᠠᠵᠢᠯᠲᠠᠨ ᠡᠯᠰᠡᠬᠦ ᠦᠢ᠍ᠯᠡᠴᠢᠯᠡᠭᠡ ᠵᠢ ᠰᠤᠷᠭ᠋ᠠᠭᠤᠯᠢ ᠵᠢᠨ ᠬᠦᠷᠢᠶᠡᠨ᠎ᠳᠤ ᠣᠷᠣᠭᠤᠯᠬᠤ ᠠᠵᠢᠯᠯᠠᠭ᠎ᠠ ᠵᠢ ᠥᠷᠨᠢᠭᠦᠯᠵᠦ᠂ ᠠᠵᠤ ᠠᠬᠤᠶ᠋ᠢᠯᠠᠯ ᠪᠣᠯᠤᠨ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠲᠤ ᠥᠨᠳᠥᠷ ᠪᠦᠲᠦᠮᠵᠢᠲᠡᠢ ᠵᠣᠯᠭ᠋ᠠᠭᠤᠯᠬᠤ ᠬᠥᠭᠥᠷᠭᠡ ᠪᠠᠶ᠋ᠢᠭᠤᠯᠵᠤ ᠥᠭᠴᠡᠢ᠃
      ᠲᠣᠰ ᠤᠳᠠᠭ᠋ᠠᠨ᠎ᠤ ᠠᠵᠢᠯᠲᠠᠨ ᠡᠯᠰᠡᠬᠦ ᠠᠵᠢᠯᠯᠠᠭ᠎ᠠ᠎ᠳᠤ ᠬᠣᠲᠠ ᠵᠢᠨ ᠳᠣᠲᠣᠨ᠎ᠠ ᠭᠠᠳᠠᠨᠠᠬᠢ 134 ᠠᠵᠤ ᠠᠬᠤᠶ᠋ᠢᠯᠠᠯ ᠢᠳᠡᠪᠬᠢᠲᠡᠶ ᠣᠷᠣᠯᠴᠠᠵᠠᠶ᠃ ᠡᠭᠦᠨ᠎ᠳᠤ᠂ ᠪᠤᠭᠤᠲᠤ ᠬᠣᠲᠠ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠠᠵᠢᠯ ᠣᠯᠭᠣᠯᠲᠠ ᠵᠢᠨ ᠰᠠᠯᠠᠭ᠎ᠠ ᠮᠥᠴᠢᠷ ᠬᠢᠭᠡᠳ ᠥᠪᠥᠷ ᠮᠣᠩᠭᠣᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠡᠬᠡ ᠰᠤᠷᠭ᠋ᠠᠭᠤᠯᠢ ᠬᠣᠪᠣᠷ ᠰᠢᠷᠣᠶ᠂ ᠰᠣᠷᠢᠨᠵᠢᠨ ᠮᠠᠲ᠋ᠧᠷᠢᠶᠠᠯ᠂ ᠡᠨᠧᠷᠭᠢ᠂ ᠬᠢᠮᠢ ᠵᠢᠨ ᠠᠵᠤ ᠦᠢᠯᠡᠳᠪᠦᠷᠢ᠂ ᠢᠳᠡᠭᠡᠨ ᠦᠢᠯᠡᠳᠬᠦ ᠵᠡᠷᠭᠡ ᠬᠦᠷᠢᠶᠡᠨ᠎ᠳᠠᠬᠢ 35 ᠭᠣᠥᠯᠳᠠᠯᠭ᠎ᠠ᠎ᠲᠠᠢ ᠠᠵᠤ ᠠᠬᠤᠶ᠋ᠢᠯᠠᠯ᠎ᠢ ᠨᠠᠷᠢᠨ ᠨᠢᠮᠪᠠᠶ ᠰᠢᠯᠢᠨ ᠰᠣᠩᠭᠣᠵᠤ ᠣᠷᠣᠯᠴᠠᠭᠤᠯᠪᠠ᠃ ᠡᠲᠡᠭᠡᠷ ᠠᠵᠤ ᠠᠬᠤᠶ᠋ᠢᠯᠠᠯ᠎ᠨᠢ ᠥᠪᠡᠷᠲᠡᠭᠡᠨ ᠵᠠᠰᠠᠬᠤ ᠣᠷᠣᠨ᠎ᠤ 《ᠬᠣᠶᠠᠷ ᠨᠠᠷᠢᠨ ᠲᠠᠩᠰᠠ》 ᠵᠢᠨ ᠠᠵᠤ ᠠᠬᠤᠶ᠋ᠢᠯᠠᠯ ᠵᠢᠴᠢ ᠪᠤᠭᠤᠲᠤ ᠬᠣᠲᠠ ᠵᠢᠨ ᠬᠡᠷᠡᠭᠵᠢᠭᠦᠯᠬᠦ᠎ᠪᠠᠷ ᠲᠥᠯᠥᠪᠯᠡᠵᠦ ᠪᠠᠶ᠋ᠢᠭ᠎ᠠ ᠭᠣᠥᠯᠳᠠᠯᠭ᠎ᠠ᠎ᠲᠠᠢ ᠲᠥᠷᠥᠯ ᠵᠦᠢᠯ᠎ᠢ ᠬᠠᠮᠤᠷᠪᠠ᠃ ᠡᠭᠦᠨ᠎ᠤ ᠬᠠᠮᠳᠤ᠂ ᠠᠵᠤ ᠠᠬᠤᠶ᠋ᠢᠯᠠᠯ᠎ᠤᠨ ᠨᠠᠶ᠋ᠢᠳᠠᠯᠭ᠎ᠠ᠎ᠪᠠᠷ ᠬᠣᠲᠠ ᠵᠢᠨ ᠠᠵᠢᠯ ᠮᠡᠷᠭᠡᠵᠢᠯ᠎ᠤᠨ ᠲᠠᠨᠢᠯᠴᠠᠭᠤᠯᠭ᠎ᠠ ᠵᠢᠨ ᠲᠥᠪ᠎ᠠᠴᠠ ᠪᠠᠰᠠ 20 ᠠᠵᠤ ᠠᠬᠤᠶ᠋ᠢᠯᠠᠯ᠎ᠳᠤ ᠣᠷᠣᠯᠠᠨ ᠡᠯᠰᠡᠬᠦ ᠦᠢ᠍ᠯᠡᠴᠢᠯᠡᠭᠡ ᠬᠠᠩᠭ᠋ᠠᠵᠤ᠂ 141 ᠰᠢᠯᠢᠳᠡᠭ ᠠᠵᠢᠯ᠎ᠤᠨ ᠪᠠᠶ᠋ᠢᠷᠢ ᠬᠠᠩᠭ᠋ᠠᠵᠤ᠂ ᠲᠡᠭᠦᠰᠬᠦ ᠰᠤᠷᠤᠭᠴᠢᠳ᠎ᠤᠨ ᠰᠤᠩᠭᠤᠯᠳᠠ ᠵᠢᠨ ᠣᠷᠣᠨ ᠵᠠᠶ ᠵᠢ ᠤᠯᠠᠮ ᠨᠢᠭᠡ ᠠᠯᠬᠤᠮ ᠥᠷᠭᠡᠳᠬᠡᠭᠰᠡᠨ ᠪᠠᠶ᠋ᠢᠨ᠎ᠠ᠃
      ᠡᠭᠦᠨ᠎ᠠᠴᠠ ᠭᠠᠳᠠᠨ᠎ᠠ᠂ ᠲᠣᠰ ᠤᠳᠠᠭ᠋ᠠᠨ᠎ᠤ ᠠᠵᠢᠯᠲᠠᠨ ᠡᠯᠰᠡᠬᠦ ᠠᠵᠢᠯᠯᠠᠭ᠎ᠠ᠎ᠳᠤ 《ᠪᠤᠳᠠᠳᠤ ᠠᠬᠤᠢ + ᠰᠦᠯᠵᠢᠶᠡᠨ ᠲᠡᠭᠡᠷ᠎ᠡ》 ᠵᠢ ᠤᠶᠠᠯᠳᠤᠭᠤᠯᠬᠤ ᠵᠠᠭᠪᠤᠷ᠎ᠢ ᠬᠡᠷᠡᠭᠯᠡᠭᠰᠡᠨ ᠪᠠᠶ᠋ᠢᠨ᠎ᠠ᠃ 《ᠠᠵᠢᠯ ᠣᠯᠭᠣᠯᠲᠠ ᠵᠢᠨ ᠪᠤᠭᠤᠲᠤ》 ᠵᠢᠨ ᠠᠯᠪᠠᠨ᠎ᠤ ᠲᠠᠯ᠎ᠠ ᠵᠢᠨ᠎ᠬᠢᠨ ᠰᠢᠭᠤᠳ ᠨᠡᠪᠲᠡᠷᠡᠭᠦᠯᠭᠡ᠎ᠪᠠᠷ ᠠᠵᠢᠯ᠎ᠤᠨ ᠪᠠᠶ᠋ᠢᠷᠢ ᠲᠠᠨᠢᠯᠴᠠᠭᠤᠯᠵᠤ᠂ ᠠᠵᠤ ᠠᠬᠤᠶ᠋ᠢᠯᠠᠯ᠎ᠤᠨ ᠴᠣᠭ ᠵᠢᠪᠬᠤᠭ᠎ᠠ ᠪᠣᠯᠤᠨ ᠠᠵᠢᠯ᠎ᠤᠨ ᠪᠠᠶ᠋ᠢᠷᠢ ᠵᠢᠨ ᠨᠠᠷᠢᠨ ᠪᠠᠶ᠋ᠢᠳᠠᠯ᠎ᠢ ᠠᠮᠢᠳᠤᠯᠢᠭ ᠵᠶ᠋ᠠᠷ ᠳᠡᠯᠭᠡᠨ ᠦᠵᠡᠭᠦᠯᠵᠦ᠂ ᠰᠢᠭᠤᠳ ᠨᠡᠪᠲᠡᠷᠡᠭᠦᠯᠭᠡ ᠵᠢ ᠦᠵᠡᠭᠰᠡᠨ ᠬᠥᠮᠦᠨ᠎ᠤ ᠲᠣᠭ᠎ᠠ 3 ᠲᠦᠮᠡ ᠭᠠᠷᠤᠶ ᠬᠥᠮᠦᠨ ᠤᠳᠠᠭ᠎ᠠ᠎ᠳᠤ ᠬᠦᠷᠴᠦ᠂ ᠰᠦᠯᠵᠢᠶᠡᠨ ᠳᠡᠭᠡᠷᠡᠬᠢ ᠬᠠᠮᠤᠭ᠎ᠤᠨ ᠣᠯᠠᠨ ᠬᠥᠮᠦᠨ᠎ᠤ ᠲᠣᠭ᠎ᠠ 4115 ᠬᠥᠮᠦᠨ᠎ᠳᠤ ᠬᠦᠷᠴᠦ᠂ ᠠᠵᠢᠯᠲᠠᠨ ᠡᠯᠰᠡᠬᠦ ᠮᠡᠳᠡᠭᠡ ᠵᠠᠩᠭᠢ ᠵᠢ ᠥᠷᠭᠡᠨ ᠵᠶ᠋ᠡᠷ ᠳᠠᠮᠵᠢᠭᠤᠯᠬᠤ ᠵᠢ ᠪᠡᠶᠡᠯᠡᠭᠦᠯᠵᠡᠶ᠃ ᠠᠵᠢᠯᠯᠠᠭ᠎ᠠ ᠵᠢᠨ ᠲᠤᠬᠠᠶ ᠵᠢᠨ ᠲᠠᠯᠠᠪᠤᠷ᠎ᠲᠤ᠂ ᠬᠣᠲᠠ ᠵᠢᠨ ᠠᠵᠢᠯ ᠲᠠᠨᠢᠯᠴᠠᠭᠤᠯᠬᠤ ᠲᠥᠪ᠎ᠤᠨ ᠠᠵᠢᠯᠲᠠᠨ ᠲᠡᠭᠦᠰᠬᠦ ᠰᠤᠷᠤᠭᠴᠢᠳ᠎ᠲᠤ ᠠᠵᠢᠯ ᠣᠯᠵᠤ ᠦᠢᠯᠡᠰ ᠪᠣᠰᠬᠠᠬᠤ ᠲᠥᠷᠥ ᠵᠢᠨ ᠪᠣᠳᠣᠯᠭ᠎ᠠ ᠵᠢ ᠢᠳᠡᠪᠬᠢᠲᠡᠶ ᠲᠠᠨᠢᠯᠴᠠᠭᠤᠯᠤᠭᠰᠠᠨ ᠪᠥᠭᠡᠳ ᠤᠬᠠᠭᠤᠯᠬᠤ ᠮᠠᠲ᠋ᠧᠷᠢᠶᠠᠯ᠎ᠢ 500 ᠭᠠᠷᠤᠶ ᠬᠤᠪᠢ ᠲᠠᠷᠬᠠᠭ᠋ᠠᠵᠤ᠂ ᠲᠡᠭᠦᠰᠬᠦ ᠰᠤᠷᠤᠭᠴᠢᠳ᠎ᠢ ᠬᠠᠪᠰᠤᠷᠤᠨ ᠠᠵᠢᠯ ᠣᠯᠭᠣᠯᠲᠠ ᠵᠢᠨ ᠪᠠᠶ᠋ᠢᠳᠠᠯ ᠪᠠ ᠲᠥᠷᠥ ᠵᠢᠨ ᠪᠣᠳᠣᠯᠭ᠎ᠠ ᠵᠢᠨ ᠠᠰᠠᠷᠠᠮᠵᠢ ᠵᠢ ᠨᠠᠩ ᠰᠠᠶ᠋ᠢᠨ ᠣᠶ᠋ᠢᠯᠠᠭ᠋ᠠᠭᠤᠯᠪᠠ᠃
      ᠲᠣᠰ ᠤᠳᠠᠭ᠋ᠠᠨ᠎ᠤ ᠠᠵᠢᠯᠲᠠᠨ ᠡᠯᠰᠡᠬᠦ ᠴᠤᠭᠯᠠᠭ᠋ᠠᠨ᠎ᠳᠤ ᠲᠡᠭᠦᠰᠬᠦ ᠰᠣᠷᠣᠭᠴᠢ ᠵᠢᠨ ᠬᠦᠷᠭᠡᠭᠰᠡᠨ ᠲᠣᠪᠴᠢ ᠨᠠᠮᠲᠠᠷ᠎ᠢ ᠨᠡᠶ᠋ᠢᠲᠡ 3708 ᠬᠤᠪᠢ ᠲᠣᠰᠣᠨ ᠣᠯᠤᠭᠰᠠᠨ ᠪᠥᠭᠡᠳ ᠴᠥᠮ ᠵᠢᠩᠬᠢᠨᠢ ᠠᠩᠭᠢ ᠵᠢᠨ ᠲᠡᠭᠦᠰᠬᠦ ᠰᠣᠷᠣᠭᠴᠢ ᠪᠣᠯᠤᠨ᠎ᠠ᠂ ᠡᠨᠡ᠎ᠨᠢ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠪᠤᠭᠤᠲᠤ ᠬᠣᠲᠠ ᠵᠢᠨ ᠠᠵᠤ ᠠᠬᠤᠶ᠋ᠢᠯᠠᠯ᠎ᠢ ᠳᠡᠭᠡᠳᠦ ᠬᠡᠮᠵᠢᠶ᠎ᠡ᠎ᠪᠠᠷ ᠮᠡᠳᠡᠷᠡᠵᠦ ᠪᠠᠶ᠋ᠢᠬᠤ ᠪᠠ ᠢᠳᠡᠪᠬᠢᠲᠡᠶ ᠴᠤᠤᠷᠢᠶᠠᠲᠤᠨ ᠳᠠᠭ᠋ᠠᠵᠤ ᠪᠠᠶ᠋ᠢᠬᠤ ᠵᠢ ᠭᠦᠢᠴᠡᠳ ᠬᠠᠷᠠᠭᠤᠯᠤᠭᠰᠠᠨ ᠪᠠᠶ᠋ᠢᠨ᠎ᠠ᠃
      ᠪᠤᠭᠤᠲᠤ ᠬᠣᠲᠠ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠠᠵᠢᠯ ᠣᠯᠭᠣᠯᠲᠠ ᠵᠢᠨ ᠰᠠᠯᠠᠭ᠎ᠠ ᠮᠥᠴᠢᠷ᠎ᠤᠨ ᠬᠠᠷᠢᠭᠤᠴᠠᠯᠭ᠋ᠠᠳᠠᠨ ᠢᠯᠡᠷᠬᠡᠢ᠌ᠯᠡᠬᠦ᠎ᠳᠡᠭᠡᠨ᠂ ᠵᠠᠰᠠᠭ᠎ᠤᠨ ᠣᠷᠳᠣᠨ᠂ ᠠᠵᠤ ᠠᠬᠤᠶ᠋ᠢᠯᠠᠯ᠂ ᠶᠡᠬᠡ ᠳᠡᠭᠡᠳᠦ ᠰᠤᠷᠭ᠋ᠠᠭᠤᠯᠢ ᠵᠡᠷᠭᠡ ᠵᠢᠨ ᠡᠬᠢ ᠪᠠᠶᠠᠯᠢᠭ᠎ᠢ ᠦᠷᠭᠦᠯᠵᠢᠯᠡᠨ ᠡᠮᠬᠢᠯᠡᠨ ᠨᠡᠶ᠋ᠢᠯᠡᠭᠦᠯᠵᠦ᠂ ᠰᠤᠷᠭ᠋ᠠᠭᠤᠯᠢ ᠵᠢᠨ ᠬᠦᠷᠢᠶᠡᠨ᠎ᠤ ᠠᠵᠢᠯᠲᠠᠨ ᠡᠯᠰᠡᠬᠦ ᠦᠢᠯᠡᠴᠢᠯᠡᠭᠡᠨ᠎ᠤ ᠪᠠᠭ᠎ᠠ ᠬᠡᠪᠴᠢᠶᠡᠨ᠎ᠤ᠂ ᠨᠠᠷᠢᠯᠢᠭ ᠣᠨᠣᠴᠠᠲᠠᠶ ᠠᠵᠢᠯᠯᠠᠭ᠎ᠠ ᠵᠢ ᠪᠠᠶ᠋ᠢᠩᠭᠤᠵᠢᠭᠤᠯᠤᠨ᠂ ᠥᠨᠳᠥᠷ ᠳᠠᠪᠲᠠᠮᠵᠢ᠎ᠪᠠᠷ ᠡᠷᠭᠢᠯᠡᠵᠦ᠂ ᠠᠵᠢᠯ ᠡᠷᠢᠭᠰᠡᠳ ᠬᠢᠭᠡᠳ ᠬᠥᠮᠦᠨ ᠬᠡᠷᠡᠭᠯᠡᠬᠦ ᠨᠢᠭᠡᠴᠢ ᠵᠢᠨ ᠬᠣᠥᠰ ᠴᠢᠭᠯᠡᠯ ᠵᠶ᠋ᠡᠷ ᠰᠣᠩᠭᠣᠬᠤ ᠲᠠᠪᠴᠠᠩ᠎ᠢ ᠦᠷᠭᠦᠯᠵᠢᠯᠡᠨ ᠰᠢᠯᠢᠳᠡᠭᠵᠢᠭᠦᠯᠵᠦ᠂ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠠᠵᠢᠯ ᠡᠷᠢᠬᠦ ᠬᠢᠭᠡᠳ ᠠᠵᠤ ᠠᠬᠤᠶ᠋ᠢᠯᠠᠯ᠎ᠤᠨ ᠠᠵᠢᠯᠲᠠᠨ ᠡᠯᠰᠡᠬᠦ ᠵᠢ ᠥᠨᠳᠥᠷ ᠪᠦᠲᠦᠮᠵᠢᠲᠡᠶ᠎ᠪᠠᠷ ᠵᠣᠯᠭ᠋ᠠᠭᠤᠯᠬᠤ ᠵᠢ ᠠᠬᠢᠭᠤᠯᠤᠨ᠂ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ ᠵᠡᠷᠭᠡ ᠵᠠᠯᠠᠭᠤᠴᠤᠳ᠎ᠤᠨ ᠭᠦᠢᠴᠡᠳ ᠠᠵᠢᠯ ᠤᠯᠬᠤ ᠵᠢ ᠠᠬᠢᠭᠤᠯᠬᠤ᠂ ᠣᠷᠣᠨ ᠨᠤᠲᠤᠭ᠎ᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠦᠢᠯᠡᠴᠢᠯᠡᠬᠦ᠎ᠳᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠬᠦᠴᠦᠨ ᠴᠢᠳᠠᠯ ᠵᠶ᠋ᠡᠨ ᠨᠡᠮᠡᠷᠢᠯᠡᠨ᠎ᠡ ᠭᠡᠵᠡᠢ᠃

ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            