ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠶ᠋ᠢᠮᠠᠭ ᠬᠤᠳᠠ᠎ᠶᠢᠨ ᠰᠤᠨᠢᠨ ᠮᠡᠳᠡᠭᠡ
ᠠᠯᠠᠱ᠌ᠠ ᠠᠶ᠋ᠢᠮᠠᠭ᠎ᠤᠨ ᠦᠨᠳᠦᠰᠦᠨ ᠨᠠᠰᠤᠵᠢᠯ᠎ᠤᠨ ᠳᠠᠭ᠋ᠠᠳᠬᠠᠯ᠎ᠳᠤ ᠣᠷᠣᠯᠴᠠᠭᠰᠠᠨ ᠬᠥᠮᠦᠨ᠎ᠤ ᠲᠣᠭ᠎ᠠ 20 ᠲᠦᠮᠡ ᠵᠢ ᠳᠠᠪᠠᠪᠠ
ᠨᠡᠶ᠋ᠢᠲᠡᠯᠡᠭᠰᠡᠨ ᠴᠠᠭ᠄ 2025-06-23

      ᠡᠨᠡ ᠵᠢᠯ᠎ᠠᠴᠠ ᠨᠠᠭ᠋ᠠᠰᠢ᠂ ᠠᠯᠠᠱ᠌ᠠ ᠠᠶ᠋ᠢᠮᠠᠭ᠎ᠤᠨ᠎ᠬᠢᠨ ᠠᠷᠠᠳ᠎ᠤᠨ ᠠᠮᠢᠳᠤᠷᠠᠯ᠎ᠤᠨ ᠪᠤᠶᠠᠨ ᠵᠢᠷᠭ᠋ᠠᠯ᠎ᠢ ᠨᠡᠮᠡᠭᠳᠡᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠦᠨ 《ᠪᠥᠬᠥ ᠠᠷᠠᠳ ᠵᠶ᠋ᠠᠷ ᠵᠶ᠋ᠠᠨ ᠳᠠᠭ᠋ᠠᠳᠬᠠᠯ᠎ᠳᠤ ᠣᠷᠣᠯᠴᠠᠬᠤ ᠲᠥᠯᠥᠪᠯᠡᠭᠡ》᠎ᠪᠠᠷ ᠭᠠᠷᠳᠠᠴᠠ ᠪᠣᠯᠭ᠋ᠠᠵᠤ᠂ ᠲᠥᠷᠥ ᠵᠢᠨ ᠪᠣᠳᠣᠯᠭ᠎ᠠ ᠵᠢᠨ ᠰᠢᠨ᠎ᠡ ᠵᠢ ᠡᠭᠦᠳᠬᠦ᠂ ᠦᠢᠯᠡᠴᠢᠯᠡᠭᠡ ᠵᠢ ᠰᠢᠯᠢᠳᠡᠭᠵᠢᠭᠦᠯᠬᠦ ᠵᠡᠷᠭᠡ ᠲᠠᠯ᠎ᠠ᠎ᠪᠠᠷ ᠨᠠᠷᠢᠯᠢᠭ ᠣᠨᠣᠴᠠᠲᠠᠶ᠎ᠪᠠᠷ ᠬᠦᠴᠦᠯᠡᠵᠦ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠯᠠᠪᠳᠠᠭᠤᠨ ᠪᠠᠲᠤᠲᠠᠶ ᠠᠬᠢᠭᠤᠯᠵᠤ᠂ 3 ᠳ᠋ᠤᠭ᠋ᠠᠷ ᠰᠠᠷ᠎ᠠ ᠵᠢᠨ ᠰᠡᠭᠦᠯᠴᠢ ᠪᠣᠯᠲᠠᠯ᠎ᠠ ᠪᠥᠬᠥ ᠠᠶ᠋ᠢᠮᠠᠭ᠎ᠤᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠳᠤ ᠣᠷᠣᠯᠴᠠᠭᠰᠠᠨ ᠬᠥᠮᠦᠨ᠎ᠤ ᠲᠣᠭ᠎ᠠ 201262 ᠲᠤᠯᠵᠠᠢ᠃
      ᠡᠨᠡ ᠵᠢᠯ᠂ ᠠᠯᠠᠱ᠌ᠠ ᠠᠶ᠋ᠢᠮᠠᠭ᠎ᠤᠨ᠎ᠬᠢᠨ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠂ ᠰᠢᠨ᠎ᠡ ᠡᠵᠡᠩᠨᠡᠯᠲᠡ ᠵᠢᠨ ᠬᠡᠯᠪᠡᠷᠢ ᠪᠠᠶ᠋ᠢᠳᠠᠯ᠎ᠲᠠᠢ ᠬᠥᠮᠦᠰ᠂ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠡᠲᠡᠭᠡᠳ ᠵᠡᠷᠭᠡ ᠬᠥᠮᠥᠰ᠎ᠤᠨ ᠳᠠᠭ᠋ᠠᠳᠬᠠᠯ᠎ᠳᠤ ᠣᠷᠣᠯᠴᠠᠬᠤ ᠬᠡᠪᠴᠢᠶ᠎ᠡ ᠵᠢ ᠥᠷᠭᠡᠳᠬᠡᠬᠦ᠎ᠪᠠᠷ ᠭᠣᠥᠯᠳᠠᠯᠭ᠎ᠠ ᠪᠣᠯᠭ᠋ᠠᠵᠤ᠂ 《ᠲᠥᠷᠥ ᠵᠢᠨ ᠪᠣᠳᠣᠯᠭ᠎ᠠ᠎ᠪᠠᠷ ᠬᠥᠮᠦᠨ ᠡᠷᠢᠬᠦ》 《ᠦᠢᠯᠡᠴᠢᠯᠡᠭᠡ ᠵᠢ ᠬᠡᠷ᠎ᠲᠤᠨᠢ ᠬᠦᠷᠭᠡᠬᠦ》 ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠨᠠᠷᠢᠯᠢᠭ ᠣᠨᠣᠴᠠᠲᠠᠶ᠎ᠪᠠᠷ ᠬᠠᠮᠤᠷᠬᠤ ᠵᠢ ᠪᠡᠶᠡᠯᠡᠭᠦᠯᠪᠡ᠃ ᠡᠭᠦᠨ᠎ᠤ ᠬᠠᠮᠲᠤ᠂ 60 ᠨᠠᠰᠤ ᠬᠦᠷᠦᠭᠡᠳᠦᠢ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ ᠵᠢᠨ ᠡᠲᠡᠭᠡᠳ᠂ ᠣᠨᠴᠠ ᠬᠦᠴᠢᠷᠳᠡᠯᠲᠡᠶ ᠬᠥᠮᠦᠰ᠂ ᠬᠦᠨᠳᠦ ᠵᠡᠮᠳᠡᠭᠴᠦᠳ ᠵᠡᠷᠭᠡ ᠬᠦᠴᠢᠷᠳᠡᠯᠲᠡᠶ ᠣᠯᠠᠨ ᠲᠦᠮᠡᠨ᠎ᠤ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠢ ᠣᠷᠣᠯᠠᠨ ᠲᠤᠰᠢᠶᠠᠬᠤ ᠠᠵᠢᠯ᠎ᠢ ᠦᠷᠭᠦᠯᠵᠢᠯᠡᠨ ᠰᠠᠶ᠋ᠢᠲᠤᠷ ᠬᠢᠵᠦ᠂ ᠵᠠᠰᠠᠭ᠎ᠤᠨ ᠣᠷᠳᠣᠨ᠎ᠠᠴᠠ ᠬᠥᠮᠦᠨ ᠪᠦᠷᠢ᠎ᠳᠤ ᠵᠢᠯ᠎ᠳᠤ 300 ᠲᠥᠭᠥᠷᠢᠭ᠎ᠤᠨ ᠪᠠᠷᠢᠮᠵᠢᠶ᠎ᠠ᠎ᠪᠠᠷ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠰᠦᠢ᠍ᠳᠭᠡᠯ᠎ᠢ᠎ᠨᠢ ᠣᠷᠣᠯᠠᠨ ᠲᠤᠰᠢᠶᠠᠵᠤ᠂ ᠬᠦᠴᠢᠷᠳᠡᠯᠲᠡᠶ ᠣᠯᠠᠨ ᠲᠦᠮᠡᠨ᠎ᠳᠤ ᠲᠥᠷᠥ ᠵᠢᠨ ᠪᠣᠳᠣᠯᠭ᠎ᠠ ᠵᠢᠨ ᠠᠰᠢᠭ᠎ᠢ ᠦᠨᠡᠨ ᠬᠦ᠌ ᠡᠳ᠋ᠯᠡᠭᠦᠯᠦᠨ᠎ᠡ᠃
      ᠲᠣᠰ ᠰᠠᠷ᠎ᠠ᠎ᠠᠴᠠ ᠡᠬᠢᠯᠡᠨ᠂ ᠠᠯᠠᠱ᠌ᠠ ᠠᠶ᠋ᠢᠮᠠᠭ᠎ᠤᠨ ᠰᠠᠭᠤᠭ᠋ᠠᠯᠢ ᠠᠷᠠᠳ᠎ᠤᠨ ᠨᠡᠶ᠋ᠢᠭᠡᠮ᠎ᠤᠨ ᠳᠠᠭ᠋ᠠᠳᠬᠠᠯ᠎ᠤᠨ ᠣᠯᠭᠣᠮᠵᠢ ᠵᠢᠨ ᠬᠢᠷᠢ ᠬᠡᠮ᠎ᠤᠨ ᠭᠡᠷᠡᠴᠢᠯᠡᠯ ᠭᠥᠷᠳᠡᠬᠦ ᠦᠶᠡᠯᠡᠯ᠎ᠤᠨ ᠬᠤᠭᠤᠴᠠᠭ᠎ᠠ ᠵᠢ ᠤᠥᠯ᠎ᠤᠨ 12 ᠰᠠᠷ᠎ᠠ᠎ᠠᠴᠠ 6 ᠰᠠᠷ᠎ᠠ ᠪᠣᠯᠭ᠋ᠠᠨ ᠲᠣᠬᠢᠷᠠᠭᠤᠯᠤᠭᠰᠠᠨ᠎ᠤ ᠬᠠᠮᠲᠤ ᠲᠣᠰ ᠤᠳᠠᠭ᠋ᠠᠨ᠎ᠤ ᠲᠣᠬᠢᠷᠠᠭᠤᠯᠤᠯᠲᠠ᠎ᠪᠠᠷ ᠲᠣᠬᠢᠶᠠᠯ ᠪᠣᠯᠭ᠋ᠠᠵᠤ᠂ ᠠᠶ᠋ᠢᠮᠠᠭ ᠬᠣᠰᠢᠭᠤᠨ᠎ᠤ ᠡᠯ᠎ᠡ ᠱᠠᠲᠤᠨ᠎ᠤ ᠨᠡᠶ᠋ᠢᠭᠡᠮ᠎ᠤᠨ ᠳᠠᠭ᠋ᠠᠳᠬᠠᠯ᠎ᠤᠨ ᠭᠠᠷᠲᠠᠨ ᠭᠦᠢᠴᠡᠳᠬᠡᠬᠦ ᠪᠠᠶ᠋ᠢᠭᠤᠯᠤᠮᠵᠢ ᠬᠣᠯᠪᠣᠭ᠋ᠠᠯᠠᠨ ᠬᠥᠳᠡᠯᠦᠯᠴᠡᠵᠦ᠂ ᠥᠷᠭᠡᠨ ᠵᠶ᠋ᠡᠷ ᠤᠬᠠᠭᠤᠯᠬᠤ ᠰᠠᠶ᠋ᠢᠨ ᠰᠠᠶ᠋ᠢᠬᠠᠨ ᠪᠠᠶ᠋ᠢᠷᠢᠰᠢᠯ᠎ᠢ ᠪᠣᠶ ᠪᠣᠯᠭ᠋ᠠᠵᠤ᠂ ᠰᠦᠯᠵᠢᠶᠡᠨ ᠳᠡᠭᠡᠷ᠎ᠡ ᠪᠠ ᠪᠤᠳᠠᠳᠤ ᠠᠬᠤᠢ ᠬᠣᠶᠠᠷ ᠲᠠᠯ᠎ᠠ ᠵᠢᠨ ᠠᠵᠢᠯ᠎ᠢ ᠵᠡᠷᠭᠡ᠎ᠪᠠᠷ ᠬᠢᠵᠦ᠂ ᠨᠡᠶ᠋ᠢᠭᠡᠮ᠎ᠤᠨ ᠳᠠᠭ᠋ᠠᠳᠬᠠᠯ᠎ᠤᠨ ᠲᠥᠷᠥ ᠵᠢᠨ ᠪᠣᠳᠣᠯᠭ᠎ᠠ ᠵᠢ ᠲᠦᠭ ᠲᠦᠮᠡᠨ ᠡᠷᠦᠬᠡ᠎ᠳᠤ ᠰᠢᠭᠤᠳ ᠬᠦᠷᠭᠡᠬᠦ ᠵᠢ ᠦᠨᠡᠨ ᠬᠦ᠌ ᠪᠠᠲᠤᠯᠠᠨ᠎ᠠ᠃
      ᠨᠡᠶ᠋ᠢᠭᠡᠮ᠎ᠤᠨ ᠪᠠᠲᠤᠯᠠᠭ᠎ᠠ ᠵᠢᠨ ᠪᠠᠯᠠ ᠮᠥᠩᠭᠥ ᠵᠢᠨ ᠲᠠᠷᠬᠠᠭ᠋ᠠᠯᠲᠠ ᠵᠢᠨ ᠠᠮᠤᠷ ᠲᠦᠪᠰᠢᠨ ᠣᠨᠣᠪᠴᠢᠲᠠᠶ ᠪᠠᠶ᠋ᠢᠬᠤ ᠵᠢ ᠪᠠᠲᠤᠯᠠᠬᠤ ᠵᠢᠨ ᠲᠥᠯᠥᠭᠡ᠂ ᠠᠯᠠᠱ᠌ᠠ ᠠᠶ᠋ᠢᠮᠠᠭ ᠨᠠᠰᠤᠨ᠎ᠤ ᠠᠮᠠᠷᠠᠯᠲᠠ᠎ᠪᠠᠨ ᠠᠪᠤᠭᠰᠠᠳ᠎ᠤᠨ ᠮᠡᠳᠡᠭᠡ ᠵᠠᠩᠭᠢ ᠵᠢ ᠬᠠᠷᠭᠤᠭᠤᠯᠤᠨ ᠪᠠᠶ᠋ᠢᠴᠠᠭ᠋ᠠᠬᠤ ᠪᠣᠭᠣᠮᠲᠠ ᠵᠢ ᠴᠢᠩᠭ᠎ᠠ ᠠᠳᠬᠤᠪᠠ᠃ 1᠎ᠠᠴᠠ 3 ᠰᠠᠷ᠎ᠠ ᠪᠣᠯᠲᠠᠯ᠎ᠠ᠂ 54764 ᠬᠥᠮᠦᠨ᠎ᠳᠤ 57472.79 ᠲᠦᠮᠡᠨ ᠲᠥᠭᠥᠷᠢᠭ᠎ᠤᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠣᠯᠭᠣᠮᠵᠢ ᠣᠯᠭᠣᠵᠠᠶ᠃ ᠠᠯᠠᠱ᠌ᠠ ᠠᠶ᠋ᠢᠮᠠᠭ᠎ᠤᠨ ᠨᠡᠶ᠋ᠢᠭᠡᠮ᠎ᠤᠨ ᠪᠠᠲᠤᠯᠠᠭ᠎ᠠ ᠵᠢᠨ ᠲᠥᠪ᠎ᠤᠨ ᠳᠡᠳ᠋ ᠡᠷᠬᠢᠯᠡᠭᠴᠢ ᠮᠡᠷᠭᠡᠨ᠂ ᠲᠤᠰ ᠲᠥᠪ᠎ᠤᠨ᠎ᠬᠢᠨ ᠴᠢᠨᠠᠷ ᠰᠠᠶ᠋ᠢᠲᠠᠢ ᠬᠡᠪᠴᠢᠢ᠎ᠡ ᠵᠢ ᠥᠷᠭᠡᠳᠬᠡᠬᠦ ᠲᠤᠰᠬᠠᠢ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠰᠢᠨ᠎ᠡ ᠡᠵᠡᠩᠨᠡᠯᠲᠡ ᠵᠢᠨ ᠬᠡᠯᠪᠡᠷᠢ ᠵᠢᠨ ᠬᠥᠮᠦᠰ᠂ ᠠᠮᠢᠳᠤᠯᠢᠭ ᠵᠶ᠋ᠠᠷ ᠠᠵᠢᠯ ᠣᠯᠤᠭᠰᠠᠳ ᠵᠡᠷᠭᠡ ᠭᠣᠣᠯᠳᠠᠯᠭ᠎ᠠ᠎ᠲᠠᠢ ᠬᠥᠮᠥᠰ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠤᠯᠠᠨ ᠵᠦᠢ᠍ᠯ᠎ᠤᠨ ᠠᠷᠭ᠎ᠠ ᠬᠡᠮᠵᠢᠢ᠎ᠡ᠎ᠪᠠᠷ 《ᠳᠠᠭ᠋ᠠᠳᠬᠠᠯ᠎ᠠᠴᠠ ᠭᠣᠭᠣᠵᠢᠭᠳᠠᠬᠤ》 《ᠳᠠᠭ᠋ᠠᠳᠬᠠᠯ᠎ᠢ ᠲᠠᠰᠤᠯᠳᠠᠭᠤᠯᠬᠤ》 ᠵᠡᠷᠭᠡ ᠠᠰᠠᠭᠤᠳᠠᠯ᠎ᠢ ᠰᠢᠢ᠍ᠳᠪᠦᠷᠢᠯᠡᠵᠦ᠂ ᠶᠠᠳᠠᠭᠤ ᠬᠦᠴᠢᠷᠳᠡᠯᠲᠡᠢ ᠬᠥᠮᠦᠰ᠎ᠤᠨ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠢ ᠣᠷᠣᠯᠠᠨ ᠲᠤᠰᠢᠶᠠᠬᠤ ᠲᠦᠷᠦ ᠵᠢᠨ ᠪᠤᠳᠤᠯᠭ᠎ᠠ ᠵᠢ ᠦᠷᠭᠦᠯᠵᠢᠯᠡᠨ ᠨᠠᠶ᠋ᠢᠳᠠᠪᠤᠷᠢᠵᠢᠭᠤᠯᠵᠤ᠂ ᠨᠡᠶ᠋ᠢᠭᠡᠮ᠎ᠤᠨ ᠪᠠᠲᠤᠯᠠᠭ᠎ᠠ ᠵᠢᠨ ᠠᠮᠤᠷ ᠲᠦᠪᠰᠢᠨ᠎ᠤ ᠲᠣᠣᠷ᠎ᠢ ᠦᠨᠡᠨ ᠬᠦ᠌ ᠨᠢᠭᠲᠠ ᠪᠠᠶ᠋ᠢᠭᠤᠯᠤᠨ᠎ᠠ ᠭᠡᠵᠦ ᠢᠯᠡᠳᠬᠡᠪᠡ᠃

ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            