ᠭᠦᠶᠠᠩ ᠰᠢᠶᠠᠨ᠎ᠤ ᠴᠢᠳᠠᠪᠤᠷᠢᠲᠠᠨ᠎ᠤ ᠦᠢᠯᠡᠴᠢᠯᠡᠭᠡᠨ᠎ᠦ ᠲᠤᠰᠬᠠᠢ ᠲᠤᠰᠢᠶᠠᠯᠲᠠᠨ ᠲᠤᠰᠬᠠᠢ ᠮᠡᠷᠭᠡᠵᠢᠯ᠎ᠦᠨ ᠬᠡᠪ ᠪᠣᠯᠪᠠᠰᠤᠷᠠᠯ᠎ᠢᠶᠠᠷ᠎ᠢᠶᠠᠨ ᠴᠢᠳᠠᠪᠤᠷᠢᠲᠠᠨ ᠬᠢᠭᠡᠳ ᠬᠥᠭᠵᠢᠯᠲᠡ᠎ᠶᠢᠨ 《 ᠬᠣᠯᠪᠣᠯᠳᠤᠭᠰᠠᠨ ᠬᠥᠭᠥᠷᠭᠡ 》᠎ᠶᠢ ᠪᠠᠢᠭᠤᠯᠵᠤ ᠂ ᠰᠢᠶᠠᠨ᠎ᠤ ᠬᠡᠪᠴᠢᠶᠡᠨ᠎ᠦ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠳᠦ ᠴᠢᠳᠠᠪᠤᠷᠢᠲᠠᠨ᠎ᠤ ᠪᠠᠲᠤᠯᠠᠭ᠎ᠠ ᠬᠠᠩᠭᠠᠭᠰᠠᠨ ᠪᠠᠢᠨ᠎ᠠ᠃
ᠭᠦᠶᠠᠩ ᠰᠢᠶᠠᠨ᠎ᠤ ᠠᠵᠤ ᠠᠬᠤᠢᠯᠠᠯ᠎ᠤᠨ ᠦᠢᠯᠡᠳᠪᠦᠷᠢ᠎ᠶᠢᠨ ᠲᠠᠰᠤᠭ᠂ ᠬᠦᠷᠢᠶᠡᠯᠡᠩ ᠲᠣᠭᠣᠷᠢᠭ᠋᠎ᠤᠨ ᠠᠰᠠᠷ ᠲᠠᠭᠲᠤ᠎ᠳᠤ 50 ᠨᠡᠷᠡᠰ ᠣᠨᠴᠠᠭᠠᠶ 《 ᠦᠢᠯᠡᠴᠢᠯᠡᠭᠴᠢ 》 ᠪᠣᠶ᠃ ᠲᠡᠳᠡ ᠲᠥᠷᠥ᠎ᠶᠢᠨ ᠪᠣᠳᠣᠯᠭ᠎ᠠ᠎ᠶᠢᠨ ᠨᠠᠷᠢᠨ ᠳᠠᠩᠰᠠ᠎ᠶᠢ ᠠᠪᠴᠤ᠂ ᠬᠡᠷᠡᠭᠴᠡᠭᠡ ᠱᠠᠭᠠᠷᠳᠠᠯᠭ᠎ᠠ᠎ᠶᠢᠨ ᠡᠬᠡ ᠳᠠᠩᠰᠠ᠎ᠶᠢ ᠠᠳᠬᠤᠵᠤ᠂ ᠠᠵᠤ ᠠᠬᠤᠢᠯᠠᠯ ᠪᠣᠯᠣᠨ ᠴᠢᠳᠠᠪᠤᠷᠢᠲᠠᠨ᠎ᠤ ᠬᠣᠭᠣᠷᠣᠨᠳᠤ ᠰᠦᠯᠵᠢᠯᠳᠦᠵᠦ᠂ ᠤᠨᠢᠨ ᠳᠡᠭᠡᠷ᠎ᠡ ᠨᠢ ᠵᠣᠯᠭᠠᠭᠤᠯᠬᠤ᠎ᠪᠠᠷ ᠬᠠᠩᠭᠠᠯᠭ᠎ᠠ ᠬᠡᠷᠡᠭᠴᠡᠭᠡᠨ᠎ᠦ ᠪᠡᠬᠢᠯᠡᠯᠲᠡ᠎ᠶᠢ ᠡᠪᠳᠡᠵᠦ᠂ ᠰᠡᠳᠬᠢᠯ᠎ᠢ ᠳᠤᠯᠠᠭᠠᠴᠠᠭᠤᠯᠬᠤ ᠦᠢᠯᠡᠴᠢᠯᠡᠭᠡ᠎ᠪᠡᠷ ᠠᠵᠤ ᠠᠬᠤᠢᠯᠠᠯ᠎ᠤᠨ ᠴᠢᠳᠠᠪᠤᠷᠢᠲᠠᠨ᠎ᠤ ᠬᠣᠢᠰᠢᠳᠠ᠎ᠶᠢᠨ ᠵᠣᠪᠠᠨᠢᠯ᠎ᠢ ᠰᠢᠢᠳᠪᠦᠷᠢᠯᠡᠨ᠎ᠡ ︱ ᠲᠡᠳᠡ ᠪᠣᠯ ᠳᠠᠷᠤᠢ ᠭᠦᠶᠠᠩ ᠰᠢᠶᠠᠨ᠎ᠤ ᠴᠢᠳᠠᠪᠤᠷᠢᠲᠠᠨ᠎ᠤ ᠦᠢᠯᠡᠴᠢᠯᠡᠭᠡᠨ᠎ᠦ ᠲᠤᠰᠬᠠᠢ ᠲᠤᠰᠢᠶᠠᠯᠲᠠᠨ ᠪᠠᠢᠵᠤ᠂ ᠲᠤᠰᠬᠠᠢ ᠮᠡᠷᠭᠡᠵᠢᠯ᠎ᠦᠨ ᠬᠡᠪ ᠪᠣᠯᠪᠠᠰᠤᠷᠠᠯ᠎ᠢᠶᠠᠷ᠎ᠢᠶᠠᠨ ᠴᠢᠳᠠᠪᠤᠷᠢᠲᠠᠨ ᠪᠣᠯᠣᠨ ᠬᠥᠭᠵᠢᠯᠲᠡ᠎ᠶᠢᠨ 《 ᠬᠣᠯᠪᠣᠯᠳᠤᠭᠰᠠᠨ ᠬᠥᠭᠥᠷᠭᠡ 》 ᠶ᠋ᠢ ᠪᠠᠢᠭᠤᠯᠵᠤ᠂ ᠰᠢᠶᠠᠨ᠎ᠤ ᠪᠦᠰᠡ᠎ᠶᠢᠨ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠳᠦ ᠴᠢᠳᠠᠪᠤᠷᠢᠲᠠᠨ᠎ᠤ ᠪᠠᠲᠤᠯᠠᠭ᠎ᠠ ᠬᠠᠩᠭᠠᠵᠠᠢ᠃
《 ᠪᠢᠳᠡ 〈 ᠬᠦᠰᠡᠭᠰᠡᠨ ᠪᠦᠬᠦᠨ᠎ᠢ ᠬᠠᠩᠭᠠᠬᠤ ᠂ ᠶᠠᠪᠤᠳᠠᠯ ᠦᠭᠡᠢ ᠪᠣᠯ ᠬᠠᠷᠰᠢᠯᠠᠬᠤ ᠦᠭᠡᠢ 〉 ᠠᠵᠢᠯ᠎ᠤᠨ ᠵᠠᠷᠴᠢᠮ᠎ᠢ ᠢᠮᠠᠭᠲᠠ ᠵᠢᠷᠤᠮᠯᠠᠵᠤ᠂ ᠦᠢᠯᠡᠴᠢᠯᠡᠭᠡ᠎ᠶᠢ ᠠᠵᠤ ᠠᠬᠤᠢᠯᠠᠯ ᠪᠠ ᠴᠢᠳᠠᠪᠤᠷᠢᠲᠠᠨ᠎ᠤ ᠰᠡᠳᠬᠢᠯ᠎ᠳᠦ ᠬᠦᠷᠭᠡᠨ᠎ᠡ 》 ᠭᠡᠬᠦ ᠭᠦᠶᠠᠩ ᠰᠢᠶᠠᠨ᠎ᠤ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠥᠪ᠎ᠦᠨ ᠴᠢᠳᠠᠪᠤᠷᠢᠲᠠᠨ᠎ᠤ ᠦᠢᠯᠡᠴᠢᠯᠡᠭᠡᠨ᠎ᠦ ᠲᠤᠰᠬᠠᠢ ᠲᠤᠰᠢᠶᠠᠯᠲᠠᠨ ᠯᠢ ᠫᠧᠩ᠎ᠦᠨ ᠦᠭᠡ ᠨᠢ ᠡᠨᠡ ᠬᠦ᠌ ᠡᠩᠨᠡᠭᠡ᠎ᠶᠢᠨ ᠦᠢᠯᠡᠴᠢᠯᠡᠭᠡᠨ᠎ᠦ ᠣᠢᠯᠠᠭᠠᠭᠳᠠᠬᠤᠨ᠎ᠢ ᠬᠡᠯᠡᠵᠦ ᠭᠠᠷᠭᠠᠵᠠᠢ᠃ 2024 ᠣᠨ᠎ᠳᠤ᠂ ᠯᠢ ᠫᠧᠩ ᠬᠠᠮᠲᠤ ᠠᠵᠢᠯᠯᠠᠭᠰᠠᠳ᠎ᠲᠠᠢ᠎ᠪᠠᠨ 22 ᠠᠵᠤ ᠠᠬᠤᠢᠯᠠᠯ᠎ᠦᠨ ᠲᠤᠬᠠᠢ᠎ᠶᠢᠨ ᠭᠠᠵᠠᠷ ᠲᠤᠨᠢ ᠬᠦᠷᠴᠦ᠂ ᠨᠡᠢ᠍ᠢᠳᠡ 5000 ᠭᠠᠷᠤᠢ ᠬᠤᠪᠢ ᠲᠦᠷᠦ᠎ᠶᠢᠨ ᠪᠣᠳᠣᠯᠭ᠎ᠠ᠎ᠶᠢᠨ ᠤᠬᠠᠭᠤᠯᠭ᠎ᠠ᠎ᠶᠢᠨ ᠮᠠᠲᠧᠷᠢᠶᠠᠯ ᠲᠠᠷᠬᠠᠭᠠᠵᠤ᠂ 112 ᠬᠤᠪᠢ ᠴᠢᠳᠠᠪᠤᠷᠢᠲᠠᠨ᠎ᠤ ᠦᠢᠯᠡᠴᠢᠯᠡᠭᠡᠨ᠎ᠦ ᠬᠠᠷᠢᠯᠴᠠᠬᠤ ᠺᠠᠷᠲ᠎ᠢ ᠬᠦᠷᠭᠡᠵᠦ᠂ 《 ᠲᠦᠷᠦ᠎ᠶᠢᠨ ᠪᠣᠳᠣᠯᠭ᠎ᠠ᠎ᠪᠠᠷ ᠬᠥᠮᠥᠨ ᠡᠷᠢᠵᠦ᠂ ᠦᠢᠯᠡᠴᠢᠯᠡᠭᠡ᠎ᠶᠢ ᠭᠡᠷ ᠲᠦ᠍ᠨᠢ ᠬᠦᠷᠭᠡᠬᠦ 》 ᠶ᠋ᠢ ᠬᠡᠪ᠎ᠦᠨ ᠪᠠᠢᠳᠠᠯ ᠪᠣᠯᠭᠠᠵᠠᠢ᠃
ᠤᠨᠢᠨ ᠳᠡᠭᠡᠷ᠎ᠡ ᠨᠢ ᠵᠣᠯᠭᠠᠭᠤᠯᠵᠤ ᠂ ᠴᠢᠳᠠᠪᠤᠷᠢᠲᠠᠨ᠎ᠤ ᠬᠠᠩᠭᠠᠯᠭ᠎ᠠ ᠬᠡᠷᠡᠭᠴᠡᠭᠡ᠎ᠶᠢ ᠨᠡᠪᠲᠡᠷᠡᠭᠦᠯᠦᠨ᠎ᠡ
ᠴᠢᠳᠠᠪᠤᠷᠢᠲᠠᠨ ᠬᠢᠭᠡᠳ ᠠᠵᠢᠯ᠎ᠤᠨ ᠪᠠᠢᠷᠢ᠎ᠶᠢ ᠨᠠᠷᠢᠯᠢᠭ᠋ ᠣᠨᠣᠴᠠᠲᠠᠢ᠎ᠪᠠᠷ ᠵᠣᠬᠢᠴᠠᠭᠤᠯᠬᠤ ᠪᠣᠯ ᠬᠥᠭᠵᠢᠯᠲᠡ᠎ᠶᠢᠨ ᠠᠮᠢᠳᠤᠯᠢᠭ᠋ ᠬᠦᠴᠦᠨ᠎ᠢ ᠬᠥᠭᠵᠢᠭᠡᠬᠦ᠎ᠶᠢᠨ ᠵᠠᠩᠭᠢᠯᠠᠭ᠎ᠠ ᠮᠥᠨ᠃ ᠭᠦᠶᠠᠩ ᠰᠢᠶᠠᠨ᠎ᠤ ᠴᠢᠳᠠᠪᠤᠷᠢᠲᠠᠨ᠎ᠤ ᠦᠢᠯᠡᠴᠢᠯᠡᠭᠡᠨ᠎ᠦ ᠲᠤᠰᠬᠠᠢ ᠲᠤᠰᠢᠶᠠᠯᠲᠠᠨ 《 ᠨᠢᠭᠡᠳᠦᠭᠡᠷ ᠹᠷᠣᠨᠲ᠎ᠤᠨ ᠠᠵᠢᠯ᠎ᠤᠨ ᠠᠷᠭ᠎ᠠ 》᠎ᠪᠠᠷ ᠬᠠᠩᠭᠠᠯᠭ᠎ᠠ ᠬᠡᠷᠡᠭᠴᠡᠭᠡᠨ᠎ᠦ ᠬᠣᠶᠠᠷ ᠲᠠᠯ᠎ᠠ᠎ᠶᠢᠨ ᠪᠣᠳᠠᠲᠤ ᠪᠠᠢᠳᠠᠯ᠎ᠢ ᠲᠣᠳᠣᠷᠬᠠᠢ ᠣᠢᠯᠠᠭᠠᠵᠤ᠂ ᠨᠢᠭᠡ ᠲᠠᠯ᠎ᠠ᠎ᠪᠠᠷ ᠭᠣᠣᠯᠳᠠᠯᠭ᠎ᠠ᠎ᠲᠠᠢ ᠠᠵᠤ ᠠᠬᠤᠢᠯᠠᠯ᠎ᠳᠤ ᠭᠦᠨᠵᠡᠭᠡᠢᠷᠡᠨ᠂ ᠠᠵᠤ ᠠᠬᠤᠢᠯᠠᠯ᠎ᠤᠨ ᠠᠵᠢᠯᠴᠢᠨ ᠬᠡᠷᠡᠭᠯᠡᠬᠦ ᠠᠵᠢᠯ᠎ᠤᠨ ᠪᠠᠢᠷᠢ᠎ᠶᠢᠨ ᠤᠷ᠎ᠠ ᠴᠢᠳᠠᠪᠤᠷᠢ᠎ᠶᠢᠨ ᠱᠠᠭᠠᠷᠳᠠᠯᠭ᠎ᠠ ᠪᠣᠯᠣᠨ ᠴᠠᠯᠢᠩ ᠬᠥᠯᠥᠰᠦ᠎ᠶᠢᠨ ᠣᠯᠭᠣᠮᠵᠢ᠎ᠶᠢ ᠨᠠᠷᠢᠨ ᠲᠣᠳᠣᠷᠬᠠᠢ ᠲᠡᠮᠳᠡᠭᠯᠡᠨ᠎ᠡ ; ᠨᠥᠭᠥᠭᠡ ᠲᠠᠯ᠎ᠠ᠎ᠪᠠᠷ ᠶᠠᠷᠢᠯᠴᠠᠬᠤ ᠬᠤᠷᠠᠯ᠂ ᠰᠦᠯᠵᠢᠶᠡᠨ ᠳᠡᠭᠡᠷᠡᠬᠢ ᠠᠰᠠᠭᠤᠯᠲᠠ᠎ᠶᠢᠨ ᠬᠠᠭᠤᠳᠠᠰᠤ ᠵᠡᠷᠭᠡ ᠬᠡᠯᠪᠡᠷᠢ᠎ᠪᠡᠷ ᠳᠠᠮᠵᠢᠭᠤᠯᠤᠨ᠂ ᠴᠢᠳᠠᠪᠤᠷᠢᠲᠠᠨ᠎ᠤ ᠠᠵᠢᠯ ᠮᠡᠷᠭᠡᠵᠢᠯ᠎ᠦᠨ ᠲᠥᠯᠦᠪᠵᠢᠭᠦᠯᠭᠡ ᠪᠠ ᠬᠥᠭᠵᠢᠯᠲᠡ᠎ᠶᠢᠨ ᠬᠦᠰᠡᠯ ᠱᠠᠭᠠᠷᠳᠠᠯᠭ᠎ᠠ᠎ᠶᠢ ᠡᠵᠡᠮᠰᠢᠵᠦ᠂ 《 ᠠᠵᠤ ᠠᠬᠤᠢᠯᠠᠯ᠎ᠳᠤ ᠶᠠᠮᠠᠷ ᠬᠥᠮᠥᠨ ᠬᠡᠷᠡᠭᠴᠡᠭᠡ᠎ᠲᠠᠢ ᠪᠣᠯ ᠲᠤᠰᠬᠠᠢ ᠲᠤᠰᠢᠶᠠᠯᠲᠠᠨ ᠳᠠᠷᠤᠢ ᠶᠠᠮᠠᠷ ᠬᠥᠮᠥᠨ᠎ᠢ ᠡᠷᠢᠬᠦ 》 ᠬᠠᠨᠳᠤᠯᠭᠠᠲᠤ ᠦᠢᠯᠡᠴᠢᠯᠡᠭᠡ᠎ᠶᠢ ᠪᠡᠶᠡᠯᠡᠭᠦᠯᠦᠨ᠎ᠡ᠃
ᠰᠠᠶᠢᠬᠠᠨ ᠲᠡᠭᠦᠰᠦᠭᠰᠡᠨ ᠣᠶᠤᠲᠠᠨ ᠰᠢᠶᠣᠣ ᠯᠢ ᠰᠢᠨ᠎ᠡ ᠡᠨᠧᠷᠭᠢ᠎ᠶᠢᠨ ᠠᠵᠢᠯ ᠲᠦᠷᠦᠯ᠎ᠳᠡᠬᠢ ᠬᠠᠯᠠᠭᠤᠨ ᠰᠡᠳᠬᠢᠯᠭᠡ᠎ᠶᠢ ᠡᠪᠦᠷᠯᠡᠨ ᠭᠦᠶᠠᠩ ᠰᠢᠶᠠᠨ᠎ᠳᠤ ᠬᠦᠷᠴᠦ ᠢᠷᠡᠪᠡ᠃ ᠲᠠᠨᠢᠯ ᠪᠤᠰᠤ ᠬᠤᠳᠠ᠎ᠳᠤ ᠠᠩᠬ᠎ᠠ ᠣᠴᠢᠭ᠍ᠰᠠᠨ ᠲᠡᠷᠡ ᠤᠲᠠᠰᠤ᠎ᠪᠠᠷ ᠴᠢᠳᠠᠪᠤᠷᠢᠲᠠᠨ᠎ᠤ ᠦᠢᠯᠡᠴᠢᠯᠡᠭᠡᠨ᠎ᠦ ᠲᠤᠰᠬᠠᠢ ᠲᠤᠰᠢᠶᠠᠯᠲᠠᠨ᠎ᠲᠠᠢ ᠬᠠᠷᠢᠯᠴᠠᠵᠤ᠂ ᠲᠤᠰᠬᠠᠢ ᠲᠤᠰᠢᠶᠠᠯᠲᠠᠨ᠎ᠡᠴᠡ ᠲᠡᠭᠦᠨ᠎ᠦ ᠪᠠᠢᠳᠠᠯ᠎ᠢ ᠨᠠᠷᠢᠨ ᠣᠢᠯᠠᠭᠠᠭᠰᠠᠨ᠎ᠤ ᠲᠠᠷᠠᠭ᠎ᠠ᠂ ᠰᠢᠶᠠᠨ᠎ᠤ ᠬᠡᠪᠴᠢᠶᠡᠨ᠎ᠦ ᠠᠵᠤ ᠠᠬᠤᠢᠯᠠᠯ᠎ᠤᠨ ᠨᠡᠷᠡᠰ᠎ᠦᠨ ᠵᠢᠭ᠍ᠰᠠᠭᠠᠯᠲᠠ᠎ᠲᠠᠢ ᠤᠶᠠᠯᠳᠤᠭᠤᠯᠤᠨ ᠲᠡᠭᠦᠨ᠎ᠦ ᠲᠤᠰᠬᠠᠢ ᠮᠡᠷᠭᠡᠵᠢᠯ ᠪᠠ ᠳᠤᠷ᠎ᠠ ᠰᠣᠨᠢᠷᠬᠠᠯᠳᠤ ᠲᠣᠬᠢᠷᠠᠭᠰᠠᠨ ᠬᠡᠳᠦᠨ ᠰᠢᠨ᠎ᠡ ᠡᠨᠧᠷᠭᠢ᠎ᠶᠢᠨ ᠠᠵᠤ ᠠᠬᠤᠢᠯᠠᠯ᠎ᠢ ᠦᠳᠲᠡᠷ ᠲᠦᠷᠭᠡᠨ ᠰᠣᠩᠭᠣᠨ ᠭᠠᠷᠭᠠᠵᠤ ᠥᠭᠪᠡ᠃ ᠰᠢᠶᠣᠣ ᠯᠢ ᠰᠢᠯᠢᠨ ᠰᠣᠩᠭᠣᠬᠤ᠂ ᠨᠢᠭᠤᠷᠲᠠᠨ ᠰᠢᠯᠭᠠᠬᠤ᠂ ᠪᠡᠶ᠎ᠡ᠎ᠶᠢᠨ ᠪᠠᠢᠴᠠᠭᠠᠯᠲᠠ ᠬᠢᠬᠦ ᠵᠡᠷᠭᠡ ᠭᠣᠭᠴᠣᠭ᠎ᠠ᠎ᠶᠢ ᠤᠷᠤᠭᠰᠢᠲᠠᠢ ᠥᠩᠭᠡᠷᠡᠭᠡᠵᠦ ᠠᠮᠵᠢᠯᠲᠠ᠎ᠲᠠᠢ ᠠᠵᠢᠯ᠎ᠳᠤ ᠣᠷᠣᠵᠠᠢ᠃ 《 ᠲᠤᠰᠬᠠᠢ ᠲᠤᠰᠢᠶᠠᠯᠲᠠᠨ᠎ᠤ ᠬᠠᠯᠠᠰᠢᠷᠠᠯ ᠦᠭᠡᠢ ᠵᠢᠭᠠᠨ ᠵᠢᠯᠤᠭᠣᠳᠴᠤ ᠲᠠᠨᠢᠯᠴᠠᠭᠤᠯᠤᠭᠰᠠᠨ᠎ᠳᠤ ᠲᠠᠯᠠᠷᠬᠠᠯ᠎ᠢᠶᠠᠨ ᠳᠡᠪᠰᠢᠭᠦᠯᠵᠦ ᠪᠠᠢᠨ᠎ᠠ᠂ ᠪᠢ ᠭᠦᠶᠠᠩ ᠰᠢᠶᠠᠨ᠎ᠤ 〈 ᠳᠡᠯᠡᠬᠡᠢ ᠳ᠋ᠠᠬᠢᠨ᠎ᠤ ᠡᠷᠳᠡᠮᠲᠡᠨ ᠴᠢᠳᠠᠪᠤᠷᠢᠲᠠᠨ᠎ᠢ ᠴᠤᠭᠯᠠᠭᠤᠯᠤᠨ ᠬᠡᠷᠡᠭᠯᠡᠬᠦ 〉 ᠦᠨᠡᠨᠴᠢ ᠰᠡᠳᠬᠢᠯ ᠪᠣᠯᠣᠨ ᠡᠷᠡᠰ ᠵᠣᠷᠢᠭ᠋᠎ᠢ ᠭᠦᠨ ᠮᠡᠳᠡᠷᠡᠯ᠎ᠡ 》 ᠭᠡᠵᠦ ᠰᠢᠶᠣᠣ ᠯᠢ ᠳᠣᠭᠳᠣᠯᠤᠨ ᠶᠠᠷᠢᠵᠤ ᠪᠠᠢᠯ᠎ᠠ᠃ ᠡᠢᠮᠦᠷᠬᠦᠦ ᠨᠠᠷᠢᠯᠢᠭ᠋ ᠣᠨᠣᠴᠠᠲᠠᠢ᠎ᠪᠠᠷ ᠵᠣᠯᠭᠠᠯᠳᠤᠭᠤᠯᠤᠭᠰᠠᠨ᠎ᠢᠶᠠᠷ ᠠᠵᠤ ᠠᠬᠤᠢᠯᠠᠯ ᠨᠢ ᠬᠡᠷᠡᠭᠴᠡᠭᠡ ᠪᠦᠬᠦᠢ ᠴᠢᠳᠠᠪᠤᠷᠢᠲᠠᠨ᠎ᠢᠶᠠᠨ ᠣᠯᠵᠤ᠂ ᠴᠢᠳᠠᠪᠤᠷᠢᠲᠠᠨ ᠨᠢ ᠴᠦ᠍ ᠠᠪᠢᠶᠠᠰ ᠴᠢᠳᠠᠪᠤᠷᠢ᠎ᠪᠠᠨ ᠪᠠᠳᠠᠷᠠᠭᠤᠯᠬᠤ ᠲᠠᠪᠴᠠᠩ᠎ᠢᠶᠠᠨ ᠣᠯᠣᠭᠰᠠᠨ ᠪᠠᠢᠨ᠎ᠠ᠃
ᠲᠦᠷᠦ᠎ᠶᠢᠨ ᠪᠣᠳᠣᠯᠭ᠎ᠠ᠎ᠶᠢᠨ ᠲᠠᠢᠯᠤᠮᠵᠢ ᠬᠢᠵᠦ᠂ ᠴᠢᠳᠠᠪᠤᠷᠢᠲᠠᠨ᠎ᠤ ᠬᠥᠭᠵᠢᠯᠲᠡ᠎ᠶᠢᠨ 《 ᠤᠬᠠᠭᠠᠨᠲᠠᠨ᠎ᠤ ᠪᠦᠯᠬᠦᠮ 》᠎ᠢ ᠪᠦᠷᠢᠯᠳᠦᠭᠦᠯᠦᠨ᠎ᠡ
《 ᠠᠵᠢᠯ ᠦᠢᠯᠡᠰ᠎ᠦᠨ ᠣᠷᠣᠨ ᠲᠣᠭ᠎ᠠ᠎ᠶᠢ ᠠᠵᠤ ᠠᠬᠤᠢᠯᠠᠯ ᠬᠡᠷᠡᠭᠯᠡᠬᠦ 》 《 ᠴᠢᠳᠠᠪᠤᠷᠢᠲᠠᠨ᠎ᠤ ᠨᠡᠶ᠋ᠢᠲᠡ᠎ᠶᠢᠨ ᠪᠠᠢᠷᠢ᠎ᠶᠢ ᠤᠷᠢᠳ᠎ᠢᠶᠠᠷ ᠬᠤᠪᠢᠶᠠᠷᠢᠯᠠᠬᠤ 》 —— ᠭᠦᠶᠠᠩ ᠰᠢᠶᠠᠨ᠎ᠤ ᠣᠢᠷ᠎ᠠ᠎ᠶᠢᠨ ᠵᠢᠯ᠎ᠳᠦ ᠨᠡᠢᠲᠡᠯᠡᠭᠰᠡᠨ ᠠᠯᠢ ᠣᠯᠠᠨ ᠴᠢᠳᠠᠪᠤᠷᠢᠲᠠᠨ᠎ᠤ ᠲᠥᠷᠥ᠎ᠶᠢᠨ ᠪᠣᠳᠣᠯᠭ᠎ᠠ᠎ᠶᠢ ᠬᠡᠷᠬᠢᠨ 《 ᠪᠢᠴᠢᠭ ᠮᠠᠲᠧᠷᠢᠶᠠᠯ 》 ᠪᠠᠢᠭᠰᠠᠨ᠎ᠠᠴᠠ ᠨᠢ 《 ᠠᠰᠠᠷᠠᠮᠵᠢ ᠬᠠᠯᠠᠮᠵᠢ》 ᠪᠣᠯᠭᠠᠨ ᠬᠤᠪᠢᠷᠠᠭᠤᠯᠬᠤ ᠪᠣᠶ ? ᠴᠢᠳᠠᠪᠤᠷᠢᠲᠠᠨ᠎ᠤ ᠦᠢᠯᠡᠴᠢᠯᠡᠭᠡᠨ᠎ᠦ ᠲᠤᠰᠬᠠᠢ ᠲᠤᠰᠢᠶᠠᠯᠲᠠᠨ ᠵᠠᠩᠭᠢᠯᠠᠭ᠎ᠠ᠎ᠶᠢᠨ ᠬᠣᠯᠪᠣᠭᠠᠰᠤ ᠪᠣᠯᠪᠠ᠃ ᠲᠠᠳᠠ ᠲᠥᠷᠥ᠎ᠶᠢᠨ ᠪᠣᠳᠣᠯᠭ᠎ᠠ᠎ᠶᠢᠨ 《 ᠤᠬᠠᠭᠤᠯᠤᠭ᠍ᠴᠢ 》 ᠪᠠ 《 ᠲᠠᠢᠯᠪᠤᠷᠢᠯᠠᠭ᠍ᠴᠢ 》 ᠪᠣᠯᠵᠤ᠂ ᠠᠵᠤ ᠠᠬᠤᠢᠯᠠᠯ ᠪᠠ ᠴᠢᠳᠠᠪᠤᠷᠢᠲᠠᠨ᠎ᠤ ᠠᠩᠬᠠᠷᠴᠤ ᠪᠠᠢᠭ᠎ᠠ ᠨᠥᠬᠥᠪᠦᠷᠢ ᠭᠤᠶᠤᠴᠢᠯᠠᠬᠤ᠂ ᠬᠢᠷᠢ ᠬᠡᠮ᠎ᠢ ᠮᠠᠭᠠᠳᠯᠠᠨ ᠲᠣᠭᠲᠠᠭᠠᠬᠤ ᠵᠡᠷᠭᠡ ᠠᠰᠠᠭᠤᠳᠠᠯ᠎ᠳᠤ ᠴᠢᠭᠯᠡᠭᠦᠯᠦᠨ᠂ 《 ᠨᠢᠭᠡ᠎ᠶᠢ ᠨᠢᠭᠡ᠎ᠳᠤ ᠬᠠᠷᠠᠭᠠᠯᠵᠠᠭᠤᠯᠤᠭᠰᠠᠨ ᠲᠠᠢᠯᠤᠮᠵᠢ 》 ᠥᠷᠨᠢᠭᠦᠯᠵᠦ᠂ 《 ᠨᠢᠭᠤᠷᠲᠠᠨ ᠠᠭᠤᠯᠵᠠᠵᠤ 》 ᠮᠠᠳᠠᠭ᠎ᠲᠠᠢ ᠠᠰᠠᠭᠤᠳᠠᠯ᠎ᠢ ᠬᠠᠷᠢᠭᠤᠯᠵᠠᠢ᠃
ᠨᠢᠭᠡᠨ ᠠᠵᠤ ᠠᠬᠤᠢᠯᠠᠯ ᠨᠢ ᠳᠡᠭᠡᠳᠦ ᠲᠠᠰ᠎ᠤᠨ ᠮᠡᠷᠭᠡᠵᠢᠯ᠎ᠦᠨ ᠴᠢᠳᠠᠪᠤᠷᠢᠲᠠᠨ᠎ᠢ ᠬᠥᠮᠥᠵᠢᠭᠦᠯᠬᠦ ᠥᠪᠡᠷ᠎ᠦᠨ ᠥᠷᠲᠡᠭ᠎ᠦᠨ ᠠᠰᠠᠭᠤᠳᠠᠯ᠎ᠠᠴᠠ ᠪᠣᠯᠵᠤ ᠡᠷᠡᠭᠡᠯᠵᠡᠨ ᠲᠠᠲᠠᠭᠠᠯᠵᠠᠵᠤ ᠪᠠᠢᠪᠠ᠃ ᠲᠤᠰᠬᠠᠢ ᠲᠤᠰᠢᠶᠠᠯᠲᠠᠨ ᠨᠠᠷ ᠠᠵᠤ ᠠᠬᠤᠢᠯᠠᠯ᠎ᠳᠤ ᠣᠷᠣᠵᠤ ᠤᠬᠠᠭᠤᠯᠤᠨ ᠲᠠᠢᠯᠪᠤᠷᠢᠯᠠᠬᠤ᠎ᠳᠠᠭᠠᠨ᠂ ᠭᠦᠶᠠᠩ ᠰᠢᠶᠠᠨ᠎ᠤ 《 ᠨᠢᠭᠡ ᠬᠡᠷᠡᠭ᠎ᠢ ᠨᠢᠭᠡ ᠵᠥᠪᠯᠡᠬᠦ 》 ᠵᠤᠷᠰᠢᠯ᠎ᠢᠶᠠᠷ ᠲᠡᠳᠬᠦᠨ ᠳᠡᠮᠵᠢᠬᠦ ᠲᠥᠷᠥ᠎ᠶᠢᠨ ᠪᠣᠳᠣᠯᠭ᠎ᠠ᠎ᠶᠢ ᠭᠣᠣᠯᠳᠠᠯᠭ᠎ᠠ᠎ᠲᠠᠢ ᠲᠠᠢᠯᠪᠤᠷᠢᠯᠠᠬᠤ᠎ᠶᠢᠨ ᠬᠠᠮᠲᠤ ᠲᠣᠰ ᠲᠥᠷᠥᠯ ᠵᠦᠢᠯ᠎ᠢ ᠰᠢᠶᠠᠨ᠎ᠤ ᠬᠡᠪᠴᠢᠶᠡᠨ᠎ᠦ ᠭᠣᠣᠯᠳᠠᠯᠭ᠎ᠠ᠎ᠲᠠᠢ ᠲᠡᠳᠬᠦᠨ ᠳᠡᠮᠵᠢᠬᠦ ᠨᠠᠷᠢᠨ ᠲᠠᠩᠰᠠᠨ᠎ᠳᠤ ᠣᠷᠣᠭᠤᠯᠵᠤ ᠪᠣᠯᠣᠨ᠎ᠠ ᠭᠡᠳᠡᠭ᠎ᠢ ᠶᠠᠷᠢᠵᠤ ᠥᠭᠭᠦᠭᠰᠡᠨ ᠪᠠᠢᠨ᠎ᠠ᠃ ᠲᠥᠷᠥ᠎ᠶᠢᠨ ᠪᠣᠳᠣᠯᠭ᠎ᠠ᠎ᠶᠢᠨ ᠲᠣᠳᠣᠷᠬᠠᠢ ᠲᠠᠢᠯᠤᠮᠵᠢ ᠨᠢ ᠠᠵᠤ ᠠᠬᠤᠢᠯᠠᠯ᠎ᠤᠨ ᠬᠠᠷᠢᠭᠤᠴᠠᠯᠭᠠᠲᠠᠨ᠎ᠤ ᠰᠡᠳᠬᠢᠯ᠎ᠢ ᠲᠠᠢᠪᠤᠰᠢᠷᠠᠭᠤᠯᠵᠤ᠂ ᠳᠡᠭᠡᠳᠦ ᠲᠠᠰ᠎ᠤᠨ ᠴᠢᠳᠠᠪᠤᠷᠢᠲᠠᠨ ᠤᠷᠢᠬᠤ ᠲᠥᠯᠥᠪᠯᠡᠭᠡ᠎ᠪᠠᠨ ᠳᠠᠷᠤᠢᠬᠠᠨ ᠡᠬᠢᠯᠡᠭᠦᠯᠵᠦ ᠂ ᠰᠢᠨ᠎ᠡ ᠦᠢᠯᠡᠳᠪᠦᠷᠢᠯᠡᠯ᠎ᠦᠨ ᠱᠤᠭᠤᠮ ᠨᠢ 2 ᠰᠠᠷ᠎ᠠ ᠤᠷᠢᠳᠴᠢᠯᠠᠨ ᠠᠰᠢᠭ᠍ᠯᠠᠯᠲᠠ᠎ᠳᠤ ᠣᠷᠣᠪᠠ᠃
ᠪᠦᠬᠦ ᠶᠠᠪᠤᠴᠠ᠎ᠶᠢᠨ ᠦᠢᠯᠡᠴᠢᠯᠡᠭᠡ ᠬᠠᠩᠭᠠᠵᠤ᠂ ᠴᠢᠳᠠᠪᠤᠷᠢᠲᠠᠨ᠎ᠢ 《 ᠬᠠᠯᠠᠭᠤᠨ ᠳᠤᠯᠠᠭᠠᠨ ᠭᠠᠷᠠᠮ ᠲᠣᠬᠣᠢ 》᠎ᠳᠤ ᠦᠨᠳᠦᠰᠦᠯᠡᠭᠦᠯᠦᠨ᠎ᠡ
《 ᠡᠭᠦᠳᠡ ᠨᠡᠭᠡᠭᠡᠭᠳᠡᠪᠡ 》 ᠭᠡᠬᠦ ᠴᠢᠩᠭᠢᠨᠠᠮ᠎ᠠ ᠲᠠᠭᠤᠨ᠎ᠢ ᠳᠠᠭᠠᠯᠳᠤᠨ᠂ ᠬᠥᠮᠥᠨ᠎ᠦ ᠵᠢᠰᠦ᠎ᠶᠢ ᠢᠯᠭᠠᠨ ᠲᠠᠨᠢᠬᠤ ᠮᠡᠷᠭᠡᠵᠢᠯ᠎ᠢᠶᠡᠷ ᠭᠦᠶᠠᠩ ᠰᠢᠶᠠᠨ᠎ᠤ ᠴᠢᠳᠠᠪᠤᠷᠢᠲᠠᠨ᠎ᠤ ᠨᠡᠶ᠋ᠢᠲᠡ᠎ᠶᠢᠨ ᠪᠠᠢᠷᠢ᠎ᠳᠤ ᠤᠷᠤᠭᠰᠢᠲᠠᠢ᠎ᠪᠠᠷ ᠣᠷᠣᠵᠤ ᠰᠠᠭᠤᠭᠰᠠᠨ ᠭᠦᠸᠧ ᠣᠪᠣᠭᠲᠤ ᠰᠡᠳᠬᠢᠯ ᠳᠣᠭᠳᠣᠯᠤᠨ ᠬᠡᠯᠡᠬᠦ᠎ᠳᠡᠭᠡᠨ᠄ 《 ᠴᠢᠳᠠᠪᠤᠷᠢᠲᠠᠨ᠎ᠤ ᠨᠡᠶ᠋ᠢᠲᠡ᠎ᠶᠢᠨ ᠪᠠᠢᠷᠢ᠎ᠶᠢᠨ ᠣᠷᠴᠢᠨ ᠲᠣᠭᠣᠷᠢᠨ ᠰᠠᠢᠨ᠂ ᠪᠠᠢᠭᠤᠯᠭ᠎ᠠ᠎ᠠᠴᠠ ᠴᠤ᠌ ᠣᠢᠷ᠎ᠠ᠂ ᠮᠢᠨᠤ ᠠᠵᠤ ᠠᠬᠤᠢ᠎ᠶᠢᠨ ᠲᠠᠯ᠎ᠠ᠎ᠪᠠᠷ ᠬᠢ ᠳᠠᠷᠤᠭᠠᠰᠤ᠎ᠶᠢ ᠬᠥᠩᠭᠡᠯᠡᠵᠦ ᠥᠭᠴᠡᠢ᠂ ᠪᠢ ᠭᠦᠶᠠᠩ ᠰᠢᠶᠠᠨ᠎ᠤ ᠴᠢᠳᠠᠪᠤᠷᠢᠲᠠᠨ᠎ᠢ ᠬᠠᠯᠠᠮᠵᠢᠯᠠᠬᠤ ᠲᠥᠷᠥ᠎ᠶᠢᠨ ᠪᠣᠳᠣᠯᠭ᠎ᠠ᠎ᠶᠢ ᠦᠨᠡᠨ ᠬᠦ᠌ ᠮᠡᠳᠡᠷᠡᠵᠦ ᠪᠠᠢᠨ᠎ᠠ᠂ ᠨᠠᠳᠠ᠎ᠳᠤ ᠡᠨᠡ ᠨᠤᠲᠤᠭ᠎ᠲᠤ ᠠᠵᠢᠯᠯᠠᠵᠤ ᠠᠮᠢᠳᠤᠷᠠᠬᠤ ᠬᠥᠳᠡᠯᠭᠡᠬᠦ ᠬᠦᠴᠦᠨ ᠣᠯᠭᠣᠵᠠᠢ 》 ᠭᠡᠪᠡ᠃
《 ᠴᠢᠳᠠᠪᠤᠷᠢᠲᠠᠨ᠎ᠢ ᠦᠯᠡᠳᠡᠭᠡᠵᠦ ᠠᠪᠬᠤ᠎ᠳᠤ ᠲᠡᠳᠡᠨ᠎ᠦ ᠠᠵᠢᠯ ᠳᠡᠭᠡᠷ᠎ᠡ᠎ᠪᠡᠨ ᠤᠷᠤᠭᠰᠢᠲᠠᠢ ᠪᠠᠢᠯᠭᠠᠬᠤ᠎ᠪᠡᠷ ᠪᠠᠷᠠᠬᠤ ᠦᠭᠡᠢ ᠠᠮᠢᠳᠤᠷᠠᠯ᠎ᠢ ᠨᠢ ᠨᠡᠩ ᠴᠤ᠌ ᠲᠠᠭᠠᠯᠠᠮᠵᠢᠲᠠᠢ ᠪᠣᠯᠭᠠᠬᠤ ᠬᠡᠷᠡᠭᠲᠡᠢ 》 ᠃ ᠡᠨᠡ ᠪᠣᠯ ᠭᠦᠶᠠᠩ ᠰᠢᠶᠠᠨ᠎ᠤ ᠴᠢᠳᠠᠪᠤᠷᠢᠲᠠᠨ᠎ᠤ ᠦᠢᠯᠡᠴᠢᠯᠡᠭᠡᠨ᠎ᠦ ᠭᠣᠣᠯᠯᠠᠬᠤ ᠣᠢᠯᠠᠭᠠᠭᠳᠠᠬᠤᠨ ᠮᠥᠨ᠃ ᠲᠤᠰᠬᠠᠢ ᠲᠤᠰᠢᠶᠠᠯᠲᠠᠨ ᠨᠠᠷ 《 ᠠᠵᠢᠯ + ᠠᠮᠢᠳᠤᠷᠠᠯ 》᠎ᠤᠨ ᠪᠥᠬᠥ ᠬᠡᠯᠬᠢᠶ᠎ᠡ᠎ᠶᠢᠨ ᠦᠢᠯᠡᠴᠢᠯᠡᠭᠡᠨ᠎ᠦ ᠰᠢᠰᠲᠧᠮ᠎ᠢ ᠪᠠᠢᠭᠤᠯᠪᠠ ᠄ ᠨᠥᠬᠥᠴᠡᠯ᠎ᠳᠦ ᠨᠡᠢᠴᠡᠬᠦ ᠴᠢᠳᠠᠪᠤᠷᠢᠲᠠᠨ᠎ᠢ ᠬᠠᠪᠰᠤᠷᠤᠨ ᠴᠢᠳᠠᠪᠤᠷᠢᠲᠠᠨ᠎ᠤ ᠨᠡᠶ᠋ᠢᠲᠡ᠎ᠶᠢᠨ ᠪᠠᠢᠷᠢ ᠭᠤᠶᠤᠴᠢᠯᠠᠵᠤ᠂ ᠣᠷᠣᠨ ᠰᠠᠭᠤᠴᠠ᠎ᠶᠢᠨ ᠬᠦᠴᠢᠷ ᠠᠰᠠᠭᠤᠳᠠᠯ᠎ᠢ ᠨᠢ ᠰᠢᠢᠳᠪᠦᠷᠢᠯᠡᠨ᠎ᠡ ; ᠰᠤᠷᠭᠠᠨ ᠬᠥᠮᠦᠵᠢᠯ᠎ᠦᠨ ᠰᠠᠯᠠᠭ᠎ᠠ ᠮᠥᠴᠢᠷ᠎ᠢ ᠵᠣᠬᠢᠴᠠᠭᠤᠯᠵᠤ ᠪᠠᠢᠭᠠᠳ ᠴᠢᠳᠠᠪᠤᠷᠢᠲᠠᠨ᠎ᠤ ᠦᠷ᠎ᠡ ᠬᠡᠦᠬᠡᠳ᠎ᠦᠨ ᠰᠤᠷᠭᠠᠭᠤᠯᠢ᠎ᠳᠤ ᠣᠷᠣᠬᠤ ᠰᠠᠭᠠᠳ ᠦᠭᠡᠢ ᠵᠠᠮ᠎ᠢ ᠨᠡᠪᠲᠡᠷᠡᠭᠦᠯᠦᠨ᠎ᠡ ; ᠬᠣᠯᠪᠤᠭᠠᠯᠠᠨ ᠬᠥᠳᠡᠯᠦᠯᠴᠡᠭᠰᠡᠨ ᠡᠮᠴᠢᠯᠡᠭᠡᠨ᠎ᠦ ᠰᠢᠰᠲᠧᠮ ᠨᠢ ᠤᠷᠢᠳ᠎ᠢᠶᠠᠷ ᠡᠮᠨᠡᠭᠦᠯᠬᠦ ᠦᠢᠯᠡᠴᠢᠯᠡᠭᠡ ᠬᠠᠩᠭᠠᠵᠤ᠂ ᠴᠢᠳᠠᠪᠤᠷᠢᠲᠠᠨ᠎ᠢ ᠰᠠᠨᠠᠭᠠᠰᠢᠷᠠᠨ ᠵᠣᠪᠠᠬᠤ ᠵᠦᠢᠯ ᠦᠭᠡᠢ ᠪᠣᠯᠭᠠᠨ᠎ᠠ᠃
ᠡᠭᠦᠨ᠎ᠢᠶᠡᠷ ᠪᠠᠷᠠᠬᠤ ᠦᠭᠡᠢ᠂ ᠲᠤᠰᠬᠠᠢ ᠲᠤᠰᠢᠶᠠᠯᠲᠠᠨ᠎ᠤ ᠡᠩᠨᠡᠭᠡ ᠪᠠᠰᠠ ᠴᠢᠳᠠᠪᠤᠷᠢᠲᠠᠨ᠎ᠤ ᠠᠵᠢᠯ ᠮᠡᠷᠭᠡᠵᠢᠯ᠎ᠦᠨ ᠪᠣᠶ᠋ᠢᠵᠢᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠲᠣᠭᠲᠠᠭᠰᠠᠨ ᠬᠤᠭᠤᠴᠠᠭ᠎ᠠ᠎ᠲᠠᠢ᠎ᠪᠠᠷ ᠤᠷ᠎ᠠ ᠮᠡᠷᠭᠡᠵᠢᠯ᠎ᠦᠨ ᠪᠣᠯᠪᠠᠰᠤᠷᠠᠯ᠂ ᠠᠵᠢᠯ ᠲᠥᠷᠥᠯ᠎ᠦᠨ ᠰᠣᠯᠢᠯᠴᠠᠭᠠᠨ᠎ᠤ ᠠᠵᠢᠯᠯᠠᠭ᠎ᠠ᠎ᠶᠢ ᠵᠣᠬᠢᠶᠠᠨ ᠪᠠᠶ᠋ᠢᠭᠤᠯᠬᠤ᠎ᠶᠢᠨ ᠬᠠᠮᠲᠤ ᠡᠯᠧᠺᠲᠷᠣᠨ ᠬᠥᠳᠡᠯᠮᠦᠷᠢ᠎ᠶᠢᠨ ᠭᠡᠷ᠎ᠡ᠎ᠶᠢ ᠪᠥᠬᠥ ᠬᠦᠴᠦᠨ᠎ᠢᠶᠡᠷ᠎ᠢᠶᠡᠨ ᠳᠡᠯᠭᠡᠷᠡᠭᠦᠯᠵᠦ᠂ ᠬᠥᠳᠡᠯᠮᠦᠷᠢ᠎ᠶᠢᠨ ᠵᠢᠭᠤᠷᠠᠯᠳᠤᠭᠠᠨ᠎ᠢ ᠪᠦᠲᠦᠮᠵᠢᠲᠡᠶ᠎ᠪᠡᠷ ᠪᠠᠭᠠᠰᠬᠠᠨ᠂ ᠲᠣᠭᠲᠠᠪᠤᠷᠢᠲᠠᠢ ᠠᠵᠢᠯᠴᠢᠨ ᠬᠡᠷᠡᠭᠯᠡᠬᠦ ᠣᠷᠴᠢᠨ ᠨᠥᠬᠥᠴᠡᠯ᠎ᠢ ᠪᠣᠶ ᠪᠣᠯᠭᠠᠪᠠ᠃
《 ᠣᠳᠣᠬᠠᠨ᠎ᠳᠤ᠂ ᠭᠦᠶᠠᠩ ᠰᠢᠶᠠᠨ᠎ᠤ ᠬᠢᠨ ᠴᠢᠳᠠᠪᠤᠷᠢᠲᠠᠨ᠎ᠤ ᠦᠢᠯᠡᠴᠢᠯᠡᠭᠡᠨ᠎ᠦ ᠲᠤᠰᠬᠠᠢ ᠲᠤᠰᠢᠶᠠᠯᠲᠠᠨ᠎ᠤ ᠴᠢᠷᠮᠠᠢᠯᠭ᠎ᠠ᠎ᠪᠠᠷ ᠴᠢᠳᠠᠪᠤᠷᠢᠲᠠᠨ ᠪᠣᠯᠣᠨ ᠠᠵᠤ ᠠᠬᠤᠢᠯᠠᠯ᠎ᠤᠨ ᠠᠮᠢᠵᠢᠷᠠᠯ᠎ᠤᠨ ᠬᠦᠴᠦᠨ᠎ᠢ ᠭᠦᠢᠴᠡᠳ ᠬᠥᠭᠵᠢᠭᠡᠭᠰᠡᠨ ᠪᠠᠢᠨ᠎ᠠ᠂ ᠢᠷᠡᠭᠡᠳᠦᠢ᠎ᠳᠦ ᠡᠲᠡᠭᠡᠷ ᠲᠤᠰᠬᠠᠢ ᠲᠤᠰᠢᠶᠠᠯᠲᠠᠨ ᠬᠥᠭᠥᠷᠭᠡ ᠬᠣᠯᠪᠣᠭᠠᠰᠤ᠎ᠶᠢᠨ ᠦᠢᠯᠡᠳᠦᠯ᠎ᠢᠶᠡᠨ ᠦᠷᠭᠦᠯᠵᠢᠯᠡᠨ ᠪᠠᠳᠠᠷᠠᠭᠤᠯᠵᠤ᠂ ᠭᠦᠶᠠᠩ ᠰᠢᠶᠠᠨ᠎ᠤ ᠴᠢᠨᠠᠷ ᠰᠠᠢᠲᠠᠢ ᠬᠥᠭᠵᠢᠯᠲᠡ᠎ᠳᠦ ᠲᠠᠰᠤᠷᠠᠯᠲᠠ ᠦᠭᠡᠢ ᠴᠢᠳᠠᠪᠤᠷᠢᠲᠠᠨ᠎ᠤ ᠬᠥᠳᠡᠯᠭᠡᠬᠦ ᠬᠦᠴᠦᠨ ᠢ ᠨᠡᠮᠡᠷᠢᠯᠡᠬᠦ ᠪᠣᠯᠣᠨ᠎ᠠ 》 ᠭᠡᠵᠦ ᠭᠦᠶᠠᠩ ᠰᠢᠶᠠᠨ᠎ᠤ ᠨᠠᠮ᠎ᠤᠨ ᠬᠣᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ᠎ᠦᠨ ᠪᠠᠢᠩᠭᠤ᠎ᠶᠢᠨ ᠳᠡᠳ᠋ ᠳᠠᠷᠤᠭ᠎ᠠ ᠸᠠᠩ ᠰᠢᠶᠦ᠋ᠩ ᠬᠡᠯᠡᠪᠡ᠃