ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠶ᠋ᠢᠮᠠᠭ ᠬᠤᠳᠠ᠎ᠶᠢᠨ ᠰᠤᠨᠢᠨ ᠮᠡᠳᠡᠭᠡ
ᠡᠨᠡ ᠵᠢᠯ ᠰᠢᠯᠢ᠎ᠶᠢᠨ ᠭᠣᠣᠯ ᠠᠢᠮᠠᠭ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠤᠭᠰᠠᠨ ᠪᠤᠴᠠᠭᠠᠯᠲᠠ ᠮᠥᠩᠭᠥ᠎ᠶᠢ ᠨᠡᠶ᠋ᠢᠲᠡ 3369.36 ᠲᠦᠮᠡᠨ ᠲᠥᠭᠥᠷᠢᠭ ᠲᠠᠷᠬᠠᠭᠠᠵᠤ 5.6 ᠲᠦᠮᠡ ᠭᠠᠷᠤᠢ ᠬᠥᠮᠥᠨ᠎ᠳᠦ ᠠᠰᠢᠭ᠋ ᠬᠦᠷᠲᠡᠭᠡᠪᠡ
ᠨᠡᠶ᠋ᠢᠲᠡᠯᠡᠭᠰᠡᠨ ᠴᠠᠭ᠄ 2026-01-20

      ᠡᠨᠡ ᠵᠢᠯ᠎ᠡᠴᠡ ᠨᠠᠭᠠᠰᠢ᠂ ᠥᠪᠥᠷ ᠮᠣᠩᠭᠣᠯ᠎ᠤᠨ ᠰᠢᠯᠢ᠎ᠶᠢᠨ ᠭᠣᠣᠯ ᠠᠢᠮᠠᠭ 《ᠠᠵᠢᠯ᠎ᠤᠨ ᠪᠠᠢᠷᠢ᠎ᠶᠢ ᠲᠣᠭᠲᠠᠭᠤᠨ ᠪᠠᠢᠯᠭᠠᠬᠤ᠂ ᠪᠠᠭᠲᠠᠭᠠᠮᠵᠢ᠎ᠶᠢ ᠥᠷᠭᠡᠳᠬᠡᠬᠦ ᠂ ᠶᠠᠰᠤ ᠴᠢᠨᠠᠷ᠎ᠢ ᠳᠡᠭᠡᠭᠰᠢᠯᠡᠭᠦᠯᠬᠦ᠂ ᠨᠠᠭᠠᠲᠤ ᠵᠠᠬ᠎ᠠ᠎ᠶᠢᠨ ᠪᠠᠷᠢᠮᠵᠢᠶ᠎ᠠ᠎ᠶᠢ ᠪᠠᠲᠤᠯᠠᠬᠤ》 ᠳᠥᠷᠪᠡᠨ ᠶᠡᠬᠡ ᠬᠠᠷᠠᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ 《ᠠᠵᠢᠯ ᠣᠯᠭᠣᠯᠲᠠ᠎ᠶᠢ ᠠᠬᠢᠭᠤᠯᠬᠤ ᠠᠵᠢᠯᠯᠠᠭ᠎ᠠ》᠎ᠶᠢᠨ ᠡᠯ᠎ᠡ ᠵᠦᠢᠯ᠎ᠦᠨ ᠪᠠᠢᠷᠢᠯᠠᠭᠤᠯᠤᠯᠲᠠ ᠱᠠᠭᠠᠷᠳᠠᠯᠭ᠎ᠠ᠎ᠲᠠᠢ ᠤᠶᠠᠯᠳᠤᠭᠤᠯᠤᠨ᠂ ᠠᠵᠤ ᠠᠬᠤᠢᠯᠠᠯ᠎ᠳᠤ ᠠᠰᠢᠭ᠋ ᠬᠦᠷᠲᠡᠭᠡᠵᠦ ᠠᠷᠠᠳ᠎ᠲᠤ ᠠᠰᠢᠭ᠋ ᠬᠦᠷᠲᠡᠭᠡᠬᠦ ᠠᠯᠢ ᠣᠯᠠᠨ ᠲᠥᠷᠥ᠎ᠶᠢᠨ ᠪᠣᠳᠣᠯᠭ᠎ᠠ᠎ᠶᠢᠨ 《 ᠬᠠᠮ ᠠᠷᠭ᠎ᠠ 》 ᠭᠠᠷᠭᠠᠵᠤ᠂ ᠠᠵᠢᠯ ᠣᠯᠭᠣᠯᠲᠠ᠎ᠶᠢᠨ ᠠᠰᠢᠭ᠋ ᠲᠤᠰᠠ᠎ᠶᠢ ᠵᠠᠬ᠎ᠠ ᠳᠡᠯᠭᠡᠭᠦᠷ᠎ᠦᠨ ᠭᠣᠣᠯ ᠴᠣᠭᠴᠠ ᠪᠠ ᠥᠷᠭᠡᠨ ᠣᠯᠠᠨ ᠬᠥᠳᠡᠯᠮᠦᠷᠢᠴᠢᠳ᠎ᠲᠦ ᠨᠠᠷᠢᠯᠢᠭ᠋ ᠣᠨᠣᠴᠠᠲᠠᠢ᠎ᠪᠠᠷ ᠣᠯᠭᠣᠭᠰᠠᠨ ᠪᠠᠢᠨ᠎ᠠ᠃ ᠣᠲᠣ᠌ ᠪᠣᠯᠲᠠᠯ᠎ᠠ᠂ ᠪᠥᠬᠥ ᠠᠢᠮᠠᠭ᠎ᠤᠨ 2375 ᠠᠵᠤ ᠠᠬᠤᠢᠯᠠᠯ᠂ ᠨᠡᠢᠭᠡᠮ᠎ᠦᠨ ᠵᠣᠬᠢᠶᠠᠨ ᠪᠠᠢᠭᠤᠯᠤᠯᠲᠠ ᠵᠡᠷᠭᠡ ᠳᠠᠭᠠᠳᠬᠠᠯ᠎ᠳᠤ ᠣᠷᠣᠯᠴᠠᠭᠰᠠᠨ ᠨᠢᠭᠡᠴᠢ᠎ᠳᠦ ᠨᠢᠭᠡᠨᠲᠡ 3369.36 ᠲᠦᠮᠡᠨ ᠲᠥᠭᠥᠷᠢᠭ᠎ᠤᠨ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠤᠭᠰᠠᠨ ᠪᠤᠴᠠᠭᠠᠯᠲᠠ ᠮᠥᠩᠭᠥ ᠲᠠᠷᠬᠠᠭᠠᠵᠤ᠂ 5.6 ᠲᠦᠮᠡ ᠭᠠᠷᠤᠢ ᠠᠵᠢᠯᠲᠠᠨ ᠠᠵᠢᠯᠴᠢᠨ᠎ᠳᠤ ᠬᠣᠯᠪᠣᠭᠳᠠᠵᠠᠢ᠃
      ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠤᠨ ᠠᠵᠢᠯ᠎ᠤᠨ ᠪᠠᠢᠷᠢ᠎ᠶᠢ ᠥᠷᠭᠡᠳᠬᠡᠬᠦ ᠲᠠᠯ᠎ᠠ᠎ᠪᠠᠷ᠂ ᠠᠵᠢᠯ ᠠᠯᠳᠠᠯᠲᠠ᠎ᠶᠢᠨ ᠳᠠᠭᠠᠳᠬᠠᠯ᠎ᠤᠨ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠤᠭᠰᠠᠨ ᠪᠤᠴᠠᠭᠠᠯᠲᠠ ᠮᠥᠩᠭᠥ᠎ᠶᠢ 《 ᠭᠤᠶᠤᠴᠢᠯᠠᠬᠤ ᠦᠭᠡᠢ᠎ᠪᠡᠷ ᠳᠠᠷᠤᠢ ᠡᠳ᠋ᠯᠡᠬᠦ 》 ᠵᠠᠭᠪᠤᠷ᠎ᠢ ᠰᠢᠨ᠎ᠡ᠎ᠪᠡᠷ ᠡᠭᠦᠳᠦᠨ ᠬᠡᠷᠡᠭᠵᠢᠭᠦᠯᠵᠦ᠂ ᠲᠣᠭ᠎ᠠ ᠪᠠᠷᠢᠮᠲᠠ᠎ᠶᠢ ᠬᠠᠮᠲᠤ᠎ᠪᠠᠷ ᠡᠳ᠋ᠯᠡᠬᠦ᠂ ᠨᠠᠷᠢᠯᠢᠭ᠋ ᠣᠨᠣᠴᠠᠲᠠᠢ᠎ᠪᠠᠷ ᠰᠢᠭ᠌ᠰᠢᠨ ᠪᠠᠢᠴᠠᠭᠠᠬᠤ᠎ᠪᠠᠷ ᠳᠠᠮᠵᠢᠭᠤᠯᠤᠨ᠂ ᠲᠥᠷᠥ᠎ᠶᠢᠨ ᠪᠣᠳᠣᠯᠭ᠎ᠠ᠎ᠶᠢᠨ ᠠᠰᠢᠭ᠋ ᠲᠤᠰᠠ᠎ᠶᠢ ᠰᠢᠭᠤᠳ ᠪᠥᠭᠡᠳ ᠲᠦᠷᠭᠡᠨ ᠡᠳ᠋ᠯᠡᠭᠦᠯᠵᠦ᠂ ᠠᠵᠤ ᠠᠬᠤᠢᠯᠠᠯ ᠭᠤᠶᠤᠴᠢᠯᠠᠨ ᠮᠡᠳᠡᠭᠦᠯᠬᠦ ᠴᠢᠬᠤᠯᠠ ᠦᠭᠡᠢ ᠪᠣᠯᠭᠠᠪᠠ᠃ ᠠᠵᠢᠯ ᠠᠯᠳᠠᠯᠲᠠ᠎ᠶᠢᠨ ᠳᠠᠭᠠᠳᠬᠠᠯ᠎ᠤᠨ ᠰᠦᠢᠳᠬᠡᠯ᠎ᠦᠨ ᠨᠣᠷᠮ᠎ᠠ᠎ᠶᠢ ᠱᠠᠲᠤᠴᠢ ᠴᠢᠨᠠᠷᠲᠠᠢ᠎ᠪᠠᠷ ᠪᠠᠭᠤᠷᠠᠭᠤᠯᠬᠤ ᠲᠥᠷᠥ᠎ᠶᠢᠨ ᠪᠣᠳᠣᠯᠭ᠎ᠠ᠎ᠶᠢ ᠦᠷᠭᠦᠯᠵᠢᠯᠡᠨ ᠨᠠᠢᠳᠠᠪᠤᠷᠢᠵᠢᠭᠤᠯᠵᠤ᠂ ᠳᠠᠭᠠᠳᠬᠠᠯ᠎ᠳᠤ ᠣᠷᠣᠯᠴᠠᠭᠰᠠᠨ ᠡᠯ᠎ᠡ ᠲᠥᠷᠥᠯ᠎ᠦᠨ ᠨᠢᠭᠡᠴᠢ᠎ᠶᠢᠨ ᠳᠠᠷᠤᠭᠠᠰᠤ᠎ᠶᠢ ᠨᠡᠶ᠋ᠢᠲᠡ 12975.28 ᠲᠦᠮᠡᠨ ᠲᠥᠭᠥᠷᠢᠭ ᠬᠥᠩᠭᠡᠯᠡᠵᠦ᠂ ᠲᠥᠷᠥ᠎ᠶᠢᠨ ᠪᠣᠳᠣᠯᠭ᠎ᠠ᠎ᠶᠢᠨ 《 ᠬᠠᠰᠤᠬᠤ 》 ᠠᠷᠭ᠎ᠠ᠎ᠪᠠᠷ ᠠᠵᠤ ᠠᠬᠤᠢᠯᠠᠯ᠎ᠤᠨ ᠬᠥᠭᠵᠢᠯᠲᠡ᠎ᠶᠢᠨ 《 ᠨᠡᠮᠡᠬᠦ 》 ᠠᠷᠭ᠎ᠠ᠎ᠶᠢ ᠰᠣᠯᠢᠵᠤ᠂ ᠠᠵᠢᠯ ᠣᠯᠭᠣᠯᠲᠠ᠎ᠶᠢᠨ ᠪᠠᠭᠲᠠᠭᠠᠮᠵᠢ᠎ᠶᠢ ᠥᠷᠭᠡᠳᠬᠡᠬᠦ᠎ᠳᠦ ᠰᠠᠭᠤᠷᠢ᠎ᠶᠢ ᠪᠠᠲᠤᠳᠬᠠᠪᠠ᠃
      ᠭᠣᠣᠯᠳᠠᠯᠭ᠎ᠠ᠎ᠲᠠᠢ ᠬᠥᠮᠥᠰ᠎ᠢ ᠬᠠᠪᠰᠤᠷᠤᠨ ᠲᠡᠳᠬᠦᠬᠦ ᠲᠠᠯ᠎ᠠ᠎ᠪᠠᠷ᠂ 《 ᠨᠠᠷᠢᠯᠢᠭ᠋ ᠣᠨᠣᠴᠠᠲᠠᠢ᠎ᠪᠠᠷ ᠢᠯᠭᠠᠨ ᠲᠠᠨᠢᠬᠤ + ᠲᠥᠷᠥᠯ ᠬᠤᠪᠢᠶᠠᠨ ᠬᠠᠪᠰᠤᠷᠤᠨ ᠲᠡᠳᠬᠦᠬᠦ + ᠣᠯᠠᠨ ᠡᠰᠢᠲᠦ ᠴᠢᠳᠠᠪᠤᠷᠢ ᠣᠯᠭᠣᠬᠤ 》 ᠠᠵᠢᠯ᠎ᠤᠨ ᠰᠢᠰᠲᠧᠮᠵᠢ᠎ᠶᠢ ᠪᠠᠢᠭᠤᠯᠪᠠ᠃ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠲᠦ ᠬᠠᠨᠳᠤᠭᠤᠯᠤᠨ᠂ 《 ᠰᠢᠭᠤᠳ ᠨᠡᠪᠲᠡᠷᠡᠭᠦᠯᠭᠡ᠎ᠪᠡᠷ ᠠᠵᠢᠯ᠎ᠤᠨ ᠪᠠᠢᠷᠢ ᠲᠠᠨᠢᠯᠴᠠᠭᠤᠯᠬᠤ + ᠲᠥᠷᠥ᠎ᠶᠢᠨ ᠪᠣᠳᠣᠯᠭ᠎ᠠ᠎ᠶᠢᠨ ᠲᠠᠢᠯᠤᠮᠵᠢ 》 ᠵᠢᠨ ᠲᠤᠰᠬᠠᠢ ᠠᠵᠢᠯᠯᠠᠭ᠎ᠠ᠂ ᠰᠤᠷᠭᠠᠭᠤᠯᠢ ᠪᠠ ᠠᠵᠤ ᠠᠬᠤᠢᠯᠠᠯ ᠬᠠᠮᠲᠤᠷᠠᠯᠴᠠᠨ ᠬᠠᠨᠳᠤᠯᠭ᠎ᠠ᠎ᠲᠠᠢ᠎ᠪᠠᠷ ᠬᠥᠮᠥᠵᠢᠭᠦᠯᠬᠦ ᠵᠡᠷᠭᠡ ᠠᠷᠭ᠎ᠠ ᠮᠠᠶᠢᠭ᠋᠎ᠢᠶᠠᠷ ᠳᠠᠮᠵᠢᠭᠤᠯᠤᠨ᠂ 2025 ᠬᠤᠭᠤᠴᠠᠭᠠᠨ᠎ᠤ ᠰᠤᠷᠭᠠᠭᠤᠯᠢ᠎ᠠᠴᠠ᠎ᠪᠠᠨ ᠰᠠᠯᠤᠭᠠᠳ ᠠᠵᠢᠯ ᠣᠯᠣᠭᠠᠳᠤᠢ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠦᠨ ᠠᠵᠢᠯ ᠣᠯᠣᠭᠰᠠᠨ ᠨᠣᠷᠮ᠎ᠠ 90% ᠶ᠋ᠢ ᠳᠠᠪᠠᠵᠠᠢ ; ᠮᠠᠯᠵᠢᠬᠤ ᠲᠠᠷᠢᠶᠠᠯᠠᠬᠤ ᠣᠷᠣᠨ᠎ᠤ ᠬᠥᠳᠡᠯᠮᠦᠷᠢ ᠬᠦᠴᠦᠨ᠎ᠳᠦ ᠴᠢᠭᠯᠡᠭᠦᠯᠦᠨ᠂ ᠪᠡᠭᠡᠵᠢᠩ ᠥᠪᠥᠷ ᠮᠣᠩᠭᠣᠯ᠎ᠤᠨ ᠬᠥᠳᠡᠯᠮᠦᠷᠢ ᠦᠢᠯᠡᠴᠢᠯᠡᠭᠡᠨ᠎ᠦ ᠬᠠᠮᠵᠢᠯᠴᠠᠭ᠎ᠠ᠎ᠶᠢ ᠭᠦᠨᠵᠡᠭᠡᠢᠷᠡᠭᠦᠯᠵᠦ᠂ 《 6 + 1 》 ᠬᠥᠳᠡᠯᠮᠦᠷᠢ ᠦᠢᠯᠡᠴᠢᠯᠡᠭᠡᠨ᠎ᠦ ᠬᠠᠮᠵᠢᠯᠴᠠᠭ᠎ᠠ᠎ᠶᠢᠨ ᠬᠣᠯᠪᠣᠭ᠎ᠠ᠎ᠶᠢ ᠲᠦᠷᠦᠭᠦᠯᠡᠨ ᠪᠠᠢᠭᠤᠯᠵᠤ᠂ ᠣᠷᠣᠨ ᠪᠦᠰᠡ ᠠᠯᠤᠰᠯᠠᠭᠰᠠᠨ ᠠᠵᠢᠯ᠎ᠤᠨ ᠪᠠᠢᠷᠢ᠎ᠶᠢᠨ ᠡᠬᠢ ᠪᠠᠶᠠᠯᠢᠭ᠋᠎ᠢ ᠬᠠᠮᠲᠤ᠎ᠪᠠᠷ ᠡᠳ᠋ᠯᠡᠬᠦ᠎ᠶᠢ ᠲᠦᠯᠬᠢᠨ ᠠᠬᠢᠭᠤᠯᠵᠤ᠂ ᠣᠲᠣ᠌ ᠪᠣᠯᠲᠠᠯ᠎ᠠ ᠂ ᠮᠠᠯᠵᠢᠬᠤ ᠲᠠᠷᠢᠶᠠᠯᠠᠬᠤ ᠣᠷᠣᠨ᠎ᠤ 82014 ᠬᠥᠮᠥᠨ᠎ᠢ ᠰᠢᠯᠵᠢᠭᠦᠯᠦᠨ ᠠᠵᠢᠯ ᠣᠯᠭᠣᠵᠤ᠂ ᠶᠠᠳᠠᠭᠤ᠎ᠠᠴᠠ ᠠᠩᠭᠢᠵᠢᠷᠠᠭᠤᠯᠤᠭᠰᠠᠨ 10343 ᠬᠥᠮᠥᠨ᠎ᠳᠦ ᠠᠵᠢᠯ ᠣᠯᠭᠣᠪᠠ ; ᠠᠵᠢᠯ ᠣᠯᠬᠤ᠎ᠳᠤ ᠬᠦᠴᠢᠷᠲᠡᠢ ᠬᠥᠮᠥᠰ᠎ᠲᠦ ᠴᠢᠭᠯᠡᠭᠦᠯᠦᠨ᠂ 《 ᠨᠢᠭᠡ᠎ᠶᠢ ᠨᠢᠭᠡ᠎ᠳᠦ ᠬᠠᠷᠠᠭᠠᠯᠵᠠᠭᠤᠯᠤᠭᠰᠠᠨ 》 ᠲᠤᠰᠠᠯᠠᠮᠵᠢ ᠦᠵᠡᠭᠦᠯᠬᠦ ᠲᠣᠭᠲᠠᠴᠠ᠎ᠶᠢ ᠪᠠᠢᠭᠤᠯᠵᠤ᠂ ᠤᠷ᠎ᠠ ᠮᠡᠷᠭᠡᠵᠢᠯ᠎ᠦᠨ ᠪᠣᠯᠪᠠᠰᠤᠷᠠᠯ᠂ ᠠᠵᠢᠯ᠎ᠤᠨ ᠪᠠᠢᠷᠢ᠎ᠶᠢᠨ ᠲᠠᠨᠢᠯᠴᠠᠭᠤᠯᠭ᠎ᠠ᠂ ᠦᠢᠯᠡᠰ ᠪᠣᠰᠬᠠᠬᠤ᠎ᠶᠢ ᠲᠡᠳᠬᠦᠨ ᠳᠡᠮᠵᠢᠬᠦ ᠵᠡᠷᠭᠡ ᠠᠷᠭ᠎ᠠ ᠬᠡᠮᠵᠢᠶ᠎ᠡ᠎ᠪᠡᠷ ᠳᠠᠮᠵᠢᠭᠤᠯᠤᠨ᠂ ᠠᠵᠢᠯ ᠣᠯᠬᠤ᠎ᠳᠤ ᠬᠦᠴᠢᠷᠲᠡᠢ 1628 ᠬᠥᠮᠥᠨ᠎ᠢ ᠬᠠᠪᠰᠤᠷᠴᠤ ᠲᠣᠭᠲᠠᠪᠤᠷᠢᠲᠠᠢ ᠠᠵᠢᠯ ᠣᠯᠭᠣᠯᠲᠠ᠎ᠶᠢ ᠪᠡᠶᠡᠯᠡᠭᠦᠯᠪᠡ᠃
      ᠦᠢᠯᠡᠴᠢᠯᠡᠭᠡᠨ᠎ᠦ ᠶᠠᠰᠤ ᠴᠢᠨᠠᠷ᠎ᠢ ᠳᠡᠭᠡᠭᠰᠢᠯᠡᠭᠦᠯᠵᠦ ᠰᠢᠨ᠎ᠡ᠎ᠶᠢ ᠡᠭᠦᠳᠬᠦ ᠲᠠᠯ᠎ᠠ᠎ᠪᠠᠷ᠂ 《 ᠲᠣᠭᠠᠴᠢᠯᠠᠭᠰᠠᠨ + ᠪᠣᠳᠠᠲᠤ ᠴᠣᠭᠴᠠ 》᠎ᠶᠢᠨ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠣᠣᠷ᠎ᠢ ᠪᠠᠢᠭᠤᠯᠵᠤ᠂ ᠨᠡᠢ᠍ᠢᠳᠡ 357 ᠲᠠᠯᠠᠪᠤᠷ 《 ᠰᠢᠭᠤᠳ ᠨᠡᠪᠲᠡᠷᠡᠭᠦᠯᠭᠡ᠎ᠪᠡᠷ ᠠᠵᠢᠯ᠎ᠤᠨ ᠪᠠᠢᠷᠢ ᠲᠠᠨᠢᠯᠴᠠᠭᠤᠯᠬᠤ 》 ᠠᠵᠢᠯᠯᠠᠭ᠎ᠠ ᠥᠷᠨᠢᠭᠦᠯᠵᠦ᠂ 36642 ᠠᠵᠢᠯ᠎ᠤᠨ ᠪᠠᠢᠷᠢ ᠬᠠᠩᠭᠠᠵᠤ᠂ 2616 ᠬᠥᠮᠥᠨ᠎ᠢ ᠲᠠᠢ᠍ᠢᠴᠢᠯᠠᠨ ᠠᠵᠢᠯ ᠣᠯᠬᠤ ᠰᠠᠨᠠᠮᠵᠢ ᠲᠣᠬᠢᠷᠠᠯᠴᠠᠪᠠ ; ᠰᠦᠯᠵᠢᠶᠡᠨ᠎ᠡᠴᠡ ᠭᠠᠳᠠᠭᠤᠷᠬᠢ ᠦᠢᠯᠡᠴᠢᠯᠡᠭᠡᠨ᠎ᠦ ᠶᠠᠪᠤᠴᠠ᠎ᠶᠢ ᠰᠢᠯᠢᠳᠡᠭᠵᠢᠭᠦᠯᠵᠦ ᠂ ᠤᠷ᠎ᠠ ᠮᠡᠷᠭᠡᠵᠢᠯ᠎ᠢ ᠳᠡᠭᠡᠭᠰᠢᠯᠡᠭᠦᠯᠬᠦ ᠨᠥᠬᠥᠪᠦᠷᠢ ᠭᠤᠶᠤᠴᠢᠯᠠᠨ ᠠᠪᠬᠤ᠂ ᠠᠵᠢᠯ ᠠᠯᠳᠠᠭᠰᠠᠳ᠎ᠤᠨ ᠣᠯᠭᠣᠮᠵᠢ᠎ᠶᠢ ᠭᠦᠢᠴᠡᠳᠬᠡᠬᠦ ᠵᠡᠷᠭᠡ ᠲᠤᠬᠠᠢᠯᠠᠭᠰᠠᠨ ᠠᠵᠢᠯ᠎ᠢ 《 ᠨᠢᠭᠡ ᠴᠣᠩᠬᠣᠪᠴᠢ᠎ᠳᠤ ᠭᠥᠯᠢᠶᠡᠨ ᠠᠪᠴᠤ᠂ ᠨᠢᠭᠡ ᠯᠡ ᠤᠳᠠᠭ᠎ᠠ᠎ᠳᠤ ᠭᠦᠢᠴᠡᠳᠬᠡᠵᠦ ᠳᠠᠭᠤᠰᠬᠠᠬᠤ 》᠎ᠶᠢ ᠪᠡᠶᠡᠯᠡᠭᠦᠯᠵᠦ᠂ ᠴᠣᠩᠬᠣᠪᠴᠢ᠎ᠶᠢᠨ ᠦᠢᠯᠡᠴᠢᠯᠡᠭᠡᠨ᠎ᠦ ᠬᠠᠨᠤᠮᠵᠢ᠎ᠶᠢᠨ ᠬᠡᠮᠵᠢᠶ᠎ᠡ᠎ᠶᠢ 100%᠎ᠳᠤ ᠬᠦᠷᠦᠭᠦᠯᠪᠡ᠃ ᠠᠵᠢᠯ ᠮᠡᠷᠭᠡᠵᠢᠯ᠎ᠦᠨ ᠤᠷ᠎ᠠ ᠮᠡᠷᠭᠡᠵᠢᠯ᠎ᠦᠨ ᠪᠣᠯᠪᠠᠰᠤᠷᠠᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠎ᠶᠢ ᠶᠡᠬᠡ᠎ᠪᠡᠷ ᠲᠦᠯᠬᠢᠨ ᠠᠬᠢᠭᠤᠯᠵᠤ᠂ ᠨᠥᠬᠥᠪᠦᠷᠢ᠎ᠶᠢᠨ ᠴᠢᠨᠠᠷᠲᠠᠢ ᠤᠷ᠎ᠠ ᠮᠡᠷᠭᠡᠵᠢᠯ᠎ᠦᠨ ᠪᠣᠯᠪᠠᠰᠤᠷᠠᠯ᠎ᠢ 9569 ᠬᠥᠮᠥᠨ ᠤᠳᠠᠭ᠎ᠠ᠎ᠳᠦ ᠥᠷᠨᠢᠭᠦᠯᠵᠦ᠂ ᠰᠤᠷᠭᠠᠭᠤᠯᠢ ᠪᠠ ᠠᠵᠤ ᠠᠬᠤᠢᠯᠠᠯ ᠬᠠᠮᠲᠤᠷᠠᠯᠴᠠᠬᠤ᠂ ᠵᠠᠬᠢᠶᠠᠯᠠᠭ᠎ᠠ᠎ᠶᠢᠨ ᠮᠠᠶᠢᠭ᠋᠎ᠤᠨ ᠪᠣᠯᠪᠠᠰᠤᠷᠠᠯ ᠬᠢᠬᠦ ᠵᠡᠷᠭᠡ ᠠᠷᠭ᠎ᠠ ᠮᠠᠶᠢᠭ᠋᠎ᠢᠶᠠᠷ ᠳᠠᠮᠵᠢᠭᠤᠯᠤᠨ᠂ ᠪᠦᠲᠦᠴᠡ᠎ᠶᠢᠨ ᠴᠢᠨᠠᠷᠲᠠᠢ ᠠᠵᠢᠯ ᠣᠯᠭᠣᠯᠲᠠ᠎ᠶᠢᠨ ᠵᠥᠷᠢᠴᠡᠯ᠎ᠢ ᠰᠢᠢᠳᠪᠦᠷᠢᠯᠡᠵᠦ᠂ ᠬᠥᠳᠡᠯᠮᠦᠷᠢᠴᠢᠳ᠎ᠢ 《 ᠨᠢᠭᠡ ᠮᠡᠷᠭᠡᠵᠢᠯ ᠡᠵᠡᠮᠰᠢᠵᠦ ᠠᠵᠢᠯ ᠣᠯᠬᠤ᠎ᠳᠤ ᠵᠣᠪᠠᠬᠤ ᠦᠭᠡᠢ 》 ᠪᠣᠯᠭᠠᠪᠠ᠃
      ᠲᠠᠷᠠᠭᠠᠴᠢ᠎ᠶᠢᠨ ᠠᠯᠬᠤᠮ᠎ᠳᠤ᠂ ᠰᠢᠯᠢ᠎ᠶᠢᠨ ᠭᠣᠣᠯ ᠠᠢᠮᠠᠭ᠎ᠤᠨ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠥᠪ ᠨᠢ 《 ᠠᠷᠪᠠᠨ ᠲᠠᠪᠤᠳᠤᠭᠠᠷ ᠲᠠᠪᠤᠨ ᠵᠢᠯ 》᠎ᠤᠨ ᠬᠤᠭᠤᠴᠠᠭᠠᠨ᠎ᠳᠠᠬᠢ ᠠᠵᠢᠯ ᠣᠯᠭᠣᠯᠲᠠ᠎ᠶᠢᠨ ᠠᠵᠢᠯ᠎ᠤᠨ ᠪᠠᠢᠷᠢᠯᠠᠭᠤᠯᠤᠯᠲᠠ᠎ᠶᠢᠨ ᠲᠣᠭᠣᠷᠢᠨ᠎ᠳᠤ᠂ 《 ᠠᠵᠢᠯ ᠣᠯᠭᠣᠯᠲᠠ᠎ᠶᠢ ᠠᠬᠢᠭᠤᠯᠬᠤ ᠠᠵᠢᠯᠯᠠᠭ᠎ᠠ 》᠎ᠶᠢᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠠᠵᠢᠯ ᠣᠯᠭᠣᠯᠲᠠ᠎ᠶᠢᠨ ᠪᠠᠭᠲᠠᠭᠠᠮᠵᠢ᠎ᠶᠢ ᠤᠯᠠᠮ ᠨᠢᠭᠡ ᠠᠯᠬᠤᠮ ᠥᠷᠭᠡᠳᠬᠡᠨ᠂ ᠠᠵᠢᠯ ᠣᠯᠭᠣᠯᠲᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠵᠦ᠂ ᠠᠵᠢᠯ ᠣᠯᠭᠣᠯᠲᠠ᠎ᠶᠢᠨ ᠣᠷᠴᠢᠨ ᠨᠥᠬᠥᠴᠡᠯ᠎ᠢ ᠰᠢᠯᠢᠳᠡᠭᠵᠢᠭᠦᠯᠦᠨ᠂ ᠨᠠᠩ ᠣᠯᠠᠨ ᠬᠥᠳᠡᠯᠮᠦᠷᠢᠴᠢᠳ᠎ᠢ ᠠᠮᠠᠷᠬᠠᠨ ᠠᠵᠢᠯ ᠣᠯᠵᠤ ᠂ ᠰᠠᠢᠨ ᠠᠵᠢᠯ ᠣᠯᠬᠤ ᠪᠣᠯᠭᠠᠨ᠎ᠠ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            