ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠶ᠋ᠢᠮᠠᠭ ᠬᠤᠳᠠ᠎ᠶᠢᠨ ᠰᠤᠨᠢᠨ ᠮᠡᠳᠡᠭᠡ
ᠪᠤᠭᠤᠲᠤ᠄ 《 ᠢᠲᠡᠭᠡᠮᠵᠢ + 》 ᠥᠨᠳᠥᠷ ᠪᠦᠲᠦᠮᠵᠢᠲᠡᠶ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠦᠢᠯᠡᠴᠢᠯᠡᠭᠡ᠎ᠶᠢ ᠪᠣᠶ ᠪᠣᠯᠭᠠᠨ᠎ᠠ
ᠨᠡᠶ᠋ᠢᠲᠡᠯᠡᠭᠰᠡᠨ ᠴᠠᠭ᠄ 2026-01-20

       2025 ᠣᠨ᠎ᠳᠤ᠂ ᠪᠤᠭᠤᠲᠤ ᠬᠤᠳᠠ᠎ᠶᠢᠨ ᠬᠥᠨᠳᠡᠯᠡᠨ ᠲᠣᠭᠣᠷᠢᠭ᠋᠎ᠤᠨ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠥᠪ 《 ᠢᠲᠡᠭᠡᠮᠵᠢ + 》 ᠵᠢᠨ ᠪᠠᠢᠭᠤᠯᠤᠯᠲᠠ᠎ᠪᠠᠷ ᠰᠢᠪᠲᠤᠯᠤᠯᠲᠠ᠎ᠶᠢᠨ ᠴᠡᠭ ᠪᠣᠯᠭᠠᠵᠤ᠂ ᠵᠠᠬ᠎ᠠ ᠳᠡᠯᠭᠡᠭᠦᠷ᠎ᠦᠨ ᠭᠣᠣᠯ ᠴᠣᠭᠴᠠ᠎ᠶᠢᠨ ᠬᠦᠰᠡᠯ᠂ ᠤᠯᠠᠨ ᠲᠦᠮᠡᠨ᠎ᠦ ᠬᠡᠷᠡᠭᠴᠡᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠦᠢᠯᠡᠴᠢᠯᠡᠭᠡᠨ᠎ᠦ ᠬᠠᠩᠭᠠᠯᠭ᠎ᠠ᠎ᠶᠢᠨ ᠠᠷᠭ᠎ᠠ ᠬᠡᠯᠪᠡᠷᠢ᠎ᠶᠢ ᠦᠷᠭᠦᠯᠵᠢᠯᠡᠨ ᠰᠢᠨᠡᠴᠢᠯᠡᠵᠦ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡ᠎ᠶᠢ 《 ᠥᠨᠳᠥᠷ ᠪᠦᠲᠦᠮᠵᠢᠲᠡᠢ᠎ᠪᠡᠷ ᠨᠢᠭᠡ ᠶᠠᠪᠤᠳᠠᠯ᠎ᠢ ᠪᠦᠲᠦᠭᠡᠬᠦ 》᠂ 《 ᠤᠴᠢᠷ ᠪᠣᠯᠭᠠᠨ᠎ᠢ ᠰᠠᠢᠲᠤᠷ ᠰᠢᠢᠳᠪᠦᠷᠢᠯᠡᠬᠦ 》 ᠲᠡᠢᠰᠢ ᠳᠠᠪᠰᠢᠭᠤᠯᠵᠤ᠂ ᠡᠵᠡᠩᠨᠡᠯᠲᠡ᠎ᠶᠢᠨ ᠣᠷᠴᠢᠨ ᠲᠣᠭᠣᠷᠢᠨ᠎ᠢ ᠰᠢᠯᠢᠳᠡᠭᠵᠢᠭᠦᠯᠬᠦ ᠯᠠᠪᠳᠠᠭᠤᠨ ᠪᠠᠲᠤᠲᠠᠢ ᠬᠠᠷᠢᠭᠤᠯᠲᠠ᠎ᠶᠢᠨ ᠬᠠᠭᠤᠳᠠᠰᠤ᠎ᠶᠢ ᠲᠤᠰᠢᠶᠠᠪᠠ᠃
       ᠪᠤᠭᠤᠲᠤ ᠬᠣᠲᠠ᠎ᠶᠢᠨ ᠬᠥᠨᠳᠡᠯᠡᠨ ᠲᠣᠭᠣᠷᠢᠭ᠋᠎ᠤᠨ ᠠᠵᠢᠯ ᠣᠯᠭᠣᠬᠤ ᠦᠢᠯᠡᠴᠢᠯᠡᠭᠡᠨ᠎ᠦ ᠲᠥᠪ ᠨᠢ ᠦᠢᠯᠡᠰ ᠪᠣᠰᠬᠠᠬᠤ ᠲᠠᠭᠠᠭᠠᠯᠳᠠᠳᠤ ᠵᠢᠭᠡᠯᠡᠯᠭᠡ᠎ᠶᠢᠨ ᠦᠢᠯᠡᠴᠢᠯᠡᠭᠡᠨ᠎ᠦ ᠲᠣᠭᠲᠠᠴᠠ᠎ᠶᠢ ᠰᠢᠯᠢᠳᠡᠭᠵᠢᠭᠦᠯᠵᠦ᠂ ᠢᠲᠡᠭᠡᠮᠵᠢ᠎ᠶᠢᠨ ᠲᠡᠮᠳᠡᠭᠯᠡᠯ᠎ᠢᠶᠡᠷ ᠰᠠᠢᠨ᠂ ᠡᠵᠡᠩᠨᠡᠯᠲᠡ ᠨᠢ ᠵᠢᠷᠤᠮᠵᠢᠭ᠍ᠰᠠᠨ ᠬᠤᠪᠢ᠎ᠶᠢᠨ ᠠᠵᠤ ᠦᠢᠯᠡᠳᠪᠦᠷᠢ ᠬᠤᠳᠠᠯᠳᠤᠭᠠᠨ᠎ᠤ ᠡᠷᠦᠬᠡ ᠪᠠ ᠵᠢᠵᠢᠭ ᠪᠢᠴᠢᠯ ᠠᠵᠤ ᠠᠬᠤᠢᠯᠠᠯ᠎ᠳᠤ 《 ᠠᠮᠠᠯᠳᠠᠪᠠᠯ ᠳᠠᠷᠤᠢ ᠡᠳ᠋ᠯᠡᠬᠦ 》 ᠦᠢᠯᠡᠴᠢᠯᠡᠭᠡᠨ᠎ᠦ ᠵᠠᠭᠪᠤᠷ᠎ᠢ ᠬᠡᠷᠡᠭᠵᠢᠭᠦᠯᠵᠦ᠂ ᠦᠨᠡᠨᠴᠢ ᠢᠲᠡᠭᠡᠮᠵᠢ᠎ᠶᠢᠨ ᠠᠮᠠᠯᠠᠯᠲᠠ᠎ᠶᠢᠨ ᠪᠢᠴᠢᠭ᠎ᠲᠦ ᠭᠠᠷ᠎ᠤᠨ ᠥᠰᠥᠭ ᠵᠢᠷᠤᠬᠤ᠎ᠪᠠᠷ ᠳᠠᠮᠵᠢᠭᠤᠯᠤᠨ ᠭᠤᠶᠤᠴᠢᠯᠠᠨ ᠮᠡᠳᠡᠭᠦᠯᠬᠦ ᠮᠠᠲᠧᠷᠢᠶᠠᠯ᠎ᠢ ᠳᠥᠭᠥᠮᠴᠢᠯᠡᠵᠦ᠂ ᠲᠦᠷᠭᠡᠨ ᠬᠢᠨᠠᠨ ᠵᠥᠪᠰᠢᠶᠡᠷᠡᠬᠦ᠂ ᠥᠨᠳᠥᠷ ᠦᠷ᠎ᠡ ᠪᠦᠲᠦᠮᠵᠢᠲᠡᠶ᠎ᠪᠡᠷ ᠵᠢᠭᠡᠯᠡᠯᠭᠡ ᠲᠠᠯᠪᠢᠬᠤ᠎ᠶᠢ ᠪᠡᠶᠡᠯᠡᠭᠦᠯᠦᠨ᠎ᠡ᠃ ᠠᠶᠤᠯ ᠲᠦᠭᠰᠢᠭᠦᠷᠢ᠎ᠶᠢ ᠰᠡᠷᠭᠡᠢᠯᠡᠨ ᠡᠵᠡᠮᠳᠡᠬᠦ ᠰᠢᠰᠲᠧᠮ᠎ᠢ ᠵᠡᠷᠭᠡ᠎ᠪᠡᠷ ᠪᠦᠷᠢᠨᠰᠢᠭᠦᠯᠵᠦ᠂ ᠠᠮᠠᠯᠠᠯᠲᠠ ᠨᠢ ᠦᠨᠡᠨ ᠪᠣᠳᠠᠲᠠᠢ ᠪᠢᠰᠢ ᠪᠣᠯ ᠡᠷᠬᠡᠪᠰᠢ ᠬᠠᠤᠯᠢ ᠶᠣᠰᠣᠭᠠᠷ ᠪᠡᠯᠡ ᠮᠥᠩᠭᠥ᠎ᠶᠢ ᠪᠤᠴᠠᠭᠠᠬᠤ ᠬᠡᠷᠡᠭᠲᠡᠢ ᠭᠡᠵᠦ ᠲᠣᠳᠣᠷᠬᠠᠢᠯᠠᠬᠤ᠎ᠶᠢᠨ ᠬᠠᠮᠲᠤ ᠬᠣᠯᠪᠤᠭᠠᠯᠠᠨ ᠵᠠᠯᠬᠠᠭᠠᠨ ᠴᠡᠭᠡᠷᠯᠡᠭᠦᠯᠬᠦ ᠨᠡᠷᠡᠰ᠎ᠲᠦ ᠣᠷᠣᠭᠤᠯᠵᠤ᠂ ᠲᠦᠷᠦ᠎ᠶᠢᠨ ᠪᠣᠳᠣᠯᠭ᠎ᠠ᠎ᠶᠢᠨ ᠴᠡᠪᠡᠷ ᠠᠰᠢᠭ᠋᠎ᠢ ᠤᠨᠢᠨ ᠳᠡᠭᠡᠷ᠎ᠡ ᠨᠢ ᠰᠢᠭᠤᠳ ᠬᠦᠷᠭᠡᠬᠦ᠂ ᠠᠮᠤᠷ ᠲᠦᠪᠰᠢᠨ᠎ᠢᠶᠡᠷ ᠠᠵᠢᠯᠯᠠᠭᠤᠯᠬᠤ᠎ᠶᠢ ᠪᠠᠲᠤᠯᠠᠪᠠ᠃ 2025 ᠣᠨ᠎ᠠᠴᠠ ᠨᠠᠭᠠᠰᠢ᠂ ᠦᠨᠡᠨᠴᠢ ᠢᠲᠡᠭᠡᠮᠵᠢ᠎ᠶᠢᠨ ᠠᠮᠠᠯᠠᠯᠲᠠ᠎ᠶᠢᠨ ᠲᠣᠭᠲᠠᠴᠠ᠎ᠳᠤ ᠲᠦᠰᠢᠭᠯᠡᠨ ᠦᠢᠯᠡᠰ ᠪᠣᠰᠬᠠᠬᠤ ᠲᠠᠭᠠᠭᠠᠯᠳᠠᠳᠤ ᠵᠢᠭᠡᠯᠡᠯᠭᠡ᠎ᠶᠢ ᠨᠡᠢ᠍ᠢᠳᠡ 6620 ᠲᠦᠮᠡᠨ ᠲᠥᠭᠥᠷᠢᠭ ᠲᠠᠯᠪᠢᠵᠤ᠂ 20 ᠭᠠᠷᠤᠢ ᠦᠨᠡᠨᠴᠢ ᠢᠲᠡᠭᠡᠮᠵᠢ᠎ᠶᠢᠨ ᠠᠵᠤ ᠠᠬᠤᠢᠯᠠᠯ ᠪᠣᠯᠣᠨ ᠦᠢᠯᠡᠰ ᠪᠣᠰᠬᠠᠭ᠍ᠴᠢ᠎ᠳᠤ ᠠᠰᠢᠭ᠋ ᠬᠦᠷᠲᠡᠭᠡᠵᠡᠢ᠃
       ᠡᠭᠦᠨ᠎ᠡᠴᠡ ᠭᠠᠳᠠᠨ᠎ᠠ᠂ ᠪᠤᠭᠤᠲᠤ ᠬᠣᠲᠠ᠎ᠶᠢᠨ ᠬᠥᠨᠳᠡᠯᠡᠨ ᠲᠣᠭᠣᠷᠢᠭ᠋᠎ᠤᠨ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠥᠪ ᠨᠢ ᠠᠵᠤ ᠠᠬᠤᠢᠯᠠᠯ᠎ᠤᠨ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠤᠨ ᠠᠵᠢᠯ᠎ᠤᠨ ᠪᠠᠢᠷᠢ᠎ᠶᠢ ᠥᠷᠭᠡᠳᠬᠡᠬᠦ ᠭᠣᠣᠯ ᠬᠦᠰᠡᠯ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ ᠂ ᠢᠲᠡᠭᠡᠮᠵᠢ᠎ᠶᠢᠨ ᠵᠡᠷᠭᠡ ᠳᠡᠰ᠎ᠢᠶᠠᠷ ᠰᠠᠢᠨ ᠂ ᠲᠥᠷᠥ᠎ᠶᠢᠨ ᠪᠣᠳᠣᠯᠭ᠎ᠠ᠎ᠶᠢᠨ ᠨᠥᠬᠥᠴᠡᠯ᠎ᠳᠦ ᠨᠡᠢᠴᠡᠬᠦ ᠠᠵᠤ ᠠᠬᠤᠢᠯᠠᠯ᠎ᠳᠤ᠂ ᠠᠵᠢᠯ ᠠᠯᠳᠠᠯᠲᠠ᠎ᠶᠢᠨ ᠳᠠᠭᠠᠳᠬᠠᠯ᠎ᠤᠨ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠤᠨ ᠪᠤᠴᠠᠭᠠᠬᠤ 《 ᠭᠤᠶᠤᠴᠢᠯᠠᠬᠤ ᠦᠭᠡᠢ᠎ᠪᠡᠷ ᠳᠠᠷᠤᠢ ᠡᠳ᠋ᠯᠡᠬᠦ 》 ᠦᠢᠯᠡᠴᠢᠯᠡᠭᠡ᠎ᠶᠢ ᠪᠥᠬᠥ ᠲᠠᠯ᠎ᠠ᠎ᠪᠠᠷ ᠬᠡᠷᠡᠭᠵᠢᠭᠦᠯᠵᠦ᠂ 《 ᠢᠲᠡᠭᠡᠮᠵᠢᠲᠦ ᠳᠤᠮᠳᠠᠳᠤ ᠤᠯᠤᠰ 》᠎ᠤᠨ ᠲᠠᠪᠴᠠᠩ᠎ᠳᠤ ᠲᠦᠰᠢᠭᠯᠡᠨ ᠢᠲᠡᠭᠡᠮᠵᠢ᠎ᠶᠢᠨ ᠪᠠᠢᠳᠠᠯ᠎ᠤᠨ ᠣᠶᠤᠨᠴᠢ ᠰᠢᠯᠭᠠᠨ ᠪᠠᠢᠴᠠᠭᠠᠯᠲᠠ᠎ᠶᠢ ᠥᠷᠨᠢᠭᠦᠯᠵᠦ᠂ 《 ᠠᠵᠤ ᠠᠬᠤᠢᠯᠠᠯ ᠲᠥᠷᠥ᠎ᠶᠢᠨ ᠪᠣᠳᠣᠯᠭ᠎ᠠ ᠡᠷᠢᠬᠦ 》 ᠪᠠᠢᠭᠰᠠᠨ᠎ᠢ 《 ᠲᠥᠷᠥ᠎ᠶᠢᠨ ᠪᠣᠳᠣᠯᠭ᠎ᠠ᠎ᠪᠠᠷ ᠠᠵᠤ ᠠᠬᠤᠢᠯᠠᠯ ᠡᠷᠢᠬᠦ 》 ᠪᠣᠯᠭᠠᠨ ᠬᠤᠪᠢᠷᠠᠭᠤᠯᠪᠠ᠃ 2025 ᠣᠨ᠎ᠤ ᠡᠴᠦᠰ ᠪᠣᠯᠲᠠᠯ᠎ᠠ᠂ 1363 ᠠᠵᠤ ᠠᠬᠤᠢᠯᠠᠯ᠎ᠤᠨ ᠬᠢᠷᠢ ᠬᠡᠮ᠎ᠦᠨ ᠬᠢᠨᠠᠨ ᠬᠠᠷᠭᠤᠭᠤᠯᠤᠯᠲᠠ᠎ᠶᠢ ᠨᠢᠭᠡᠨᠲᠡ ᠪᠡᠶᠡᠯᠡᠭᠦᠯᠵᠦ ᠂ ᠵᠢᠱ᠌ᠢᠯᠲᠡ᠎ᠪᠡᠷ 549.24 ᠲᠦᠮᠡᠨ ᠲᠥᠭᠥᠷᠢᠭ᠎ᠦᠨ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠤᠭᠰᠠᠨ ᠪᠤᠴᠠᠭᠠᠯᠲᠠ ᠮᠥᠩᠭᠥ ᠲᠠᠷᠬᠠᠭᠠᠵᠤ᠂ ᠠᠵᠤ ᠠᠬᠤᠢᠯᠠᠯ᠎ᠤᠨ 1.76 ᠲᠦᠮᠡᠨ ᠠᠵᠢᠯᠲᠠᠨ ᠠᠵᠢᠯᠴᠢᠨ᠎ᠳᠤ ᠠᠰᠢᠭ᠋ ᠬᠦᠷᠲᠡᠭᠡᠨ᠎ᠡ᠃
       ᠡᠭᠦᠨ᠎ᠦ ᠬᠠᠮᠲᠤ᠂ ᠪᠤᠭᠤᠲᠤ ᠬᠣᠲᠠ᠎ᠶᠢᠨ ᠬᠥᠨᠳᠡᠯᠡᠨ ᠲᠣᠭᠣᠷᠢᠭ᠋᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ 《 ᠰᠦᠯᠵᠢᠶᠡᠨ ᠳᠡᠭᠡᠷ᠎ᠡ ᠥᠷᠭᠡᠨ᠎ᠢᠶᠡᠷ ᠪᠦᠷᠬᠦᠭᠦᠯᠵᠦ᠂ ᠰᠦᠯᠵᠢᠶᠡᠨ ᠭᠠᠳᠠᠨ᠎ᠠ ᠭᠦᠨᠵᠡᠭᠡᠢ ᠨᠡᠪᠴᠢᠭᠦᠯᠬᠦ 》 ᠦᠨᠡᠨᠴᠢ ᠢᠲᠡᠭᠡᠮᠵᠢ᠎ᠶᠢᠨ ᠤᠬᠠᠭᠤᠯᠭ᠎ᠠ᠎ᠶᠢᠨ ᠰᠢᠨ᠎ᠡ ᠪᠠᠢᠷᠢᠰᠢᠯ᠎ᠢ ᠪᠣᠶ ᠪᠣᠯᠭᠠᠪᠠ᠃ ᠰᠦᠯᠵᠢᠶᠡᠨ ᠳᠡᠭᠡᠷ᠎ᠡ 《 ᠠᠵᠢᠯ ᠣᠯᠭᠣᠯᠲᠠ ᠬᠥᠨᠳᠡᠯᠡᠨ ᠲᠣᠭᠣᠷᠢᠭ᠋ 》 ᠸᠢᠴᠠᠲ᠎ᠤᠨ ᠣᠯᠠᠨ ᠨᠡᠶ᠋ᠢᠲᠡ᠎ᠶᠢᠨ ᠳ᠋ᠤᠭᠠᠷ᠎ᠤᠨ ᠲᠠᠪᠴᠠᠩ᠎ᠳᠤ ᠲᠦᠰᠢᠭᠯᠡᠨ᠂ 《 ᠦᠨᠡᠨᠴᠢ ᠢᠲᠡᠭᠡᠮᠵᠢ᠎ᠶᠢᠨ ᠪᠠᠢᠭᠤᠯᠤᠯᠲᠠ 》 《 ᠦᠨᠡᠨᠴᠢ ᠢᠲᠡᠭᠡᠮᠵᠢ᠎ᠶᠢᠨ ᠣᠢᠯᠠᠭᠠᠭᠳᠠᠬᠤᠨ᠎ᠤ ᠤᠬᠠᠭᠤᠯᠭ᠎ᠠ 》 ᠵᠡᠷᠭᠡ ᠲᠤᠰᠬᠠᠢ ᠰᠡᠳᠦᠪᠲᠦ ᠮᠡᠳᠡᠭᠡ ᠵᠠᠩᠭᠢ᠎ᠶᠢ ᠨᠡᠢᠲᠡᠯᠡᠵᠦ᠂ ᠪᠠᠢᠩᠭᠤᠵᠢᠭ᠍ᠰᠠᠨ ᠮᠡᠳᠡᠭᠡ ᠵᠠᠩᠭᠢ ᠬᠦᠷᠭᠡᠬᠦ ᠲᠣᠭᠲᠠᠴᠠ᠎ᠶᠢ ᠪᠠᠢᠭᠤᠯᠤᠨ᠂ ᠦᠨᠡᠨᠴᠢ ᠢᠲᠡᠭᠡᠮᠵᠢ᠎ᠶᠢᠨ ᠣᠢᠯᠠᠭᠠᠭᠳᠠᠬᠤᠨ᠎ᠢ ᠥᠷᠭᠡᠨ᠎ᠢᠶᠡᠷ ᠤᠯᠠᠮᠵᠢᠯᠠᠨ ᠲᠠᠷᠬᠠᠭᠠᠵᠤ᠂ ᠠᠵᠤ ᠠᠬᠤᠢᠯᠠᠯ᠎ᠤᠨ ᠪᠠᠢᠭᠤᠯᠤᠮᠵᠢ᠂ ᠠᠵᠢᠯ ᠡᠷᠢᠬᠦ ᠬᠥᠮᠥᠰ ᠪᠠ ᠨᠡᠢᠭᠡᠮ ᠨᠡᠶ᠋ᠢᠲᠡ᠎ᠶᠢᠨ ᠤᠬᠠᠮᠰᠠᠷ᠎ᠠᠴᠠ᠎ᠪᠠᠨ ᠭᠡᠷ᠎ᠡ᠎ᠶᠢᠨ ᠵᠣᠷᠢᠭ᠋ ᠰᠠᠨᠠᠭ᠎ᠠ᠎ᠶᠢ ᠦᠢᠯᠡᠳᠦᠯᠭᠡᠵᠢᠭᠦᠯᠬᠦ᠎ᠶᠢ ᠬᠥᠲᠥᠯᠥᠨ ᠵᠢᠯᠣᠭᠣᠳᠪᠠ᠃ ᠰᠦᠯᠵᠢᠶᠡᠨ ᠭᠠᠳᠠᠨ᠎ᠠ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠡᠮᠦᠨ᠎ᠡ ᠵᠠᠬ᠎ᠠ᠎ᠶᠢᠨ ᠵᠢᠭ᠍ᠰᠠᠭᠠᠯ᠎ᠤᠨ ᠭᠠᠵᠠᠷ᠎ᠢ ᠭᠦᠨᠵᠡᠭᠡᠢ ᠬᠠᠭᠠᠯᠪᠤᠷᠢᠯᠠᠵᠤ᠂ 《 ᠦᠨᠡᠨᠴᠢ ᠢᠲᠡᠭᠡᠮᠵᠢ᠎ᠶᠢᠨ ᠵᠢᠱ᠌ᠢᠶ᠎ᠡ ᠦᠵᠡᠭᠦᠯᠬᠦ ᠴᠣᠩᠬᠣᠪᠴᠢ 》᠎ᠶᠢ ᠡᠭᠦᠳᠦᠨ ᠪᠠᠶ᠋ᠢᠭᠤᠯᠬᠤ᠎ᠶᠢ ᠪᠥᠬᠥ ᠲᠠᠯ᠎ᠠ᠎ᠪᠠᠷ ᠲᠦᠯᠬᠢᠨ ᠠᠬᠢᠭᠤᠯᠵᠤ᠂ 《ᠨᠢᠭᠡ ᠯᠡ ᠤᠳᠠᠭ᠎ᠠ᠎ᠳᠤ ᠮᠡᠳᠡᠭᠳᠡᠬᠦ》 《 ᠪᠠᠷᠢᠮᠵᠢᠶᠠᠵᠢᠭᠤᠯᠤᠭᠰᠠᠨ ᠦᠢᠯᠡᠴᠢᠯᠡᠭᠡᠨ᠎ᠦ ᠶᠠᠪᠤᠴᠠ》 ᠵᠡᠷᠭᠡ ᠳᠦᠷᠢᠮ᠎ᠦᠨ ᠵᠢᠷᠤᠮᠵᠢᠯ᠎ᠢ ᠴᠢᠩᠭ᠎ᠠ ᠨᠠᠢᠳᠠᠪᠤᠷᠢᠵᠢᠭᠤᠯᠤᠨ᠂ ᠦᠢᠯᠡᠴᠢᠯᠡᠭᠡᠨ᠎ᠦ ᠦᠷ᠎ᠡ ᠪᠦᠲᠦᠮᠵᠢ ᠬᠢᠭᠡᠳ ᠬᠥᠮᠥᠨ ᠨᠡᠢᠭᠡᠮ᠎ᠦᠨ ᠣᠢᠯᠠᠭᠠᠯᠲᠠ᠎ᠶᠢᠨ ᠬᠣᠣᠰ ᠳᠡᠭᠡᠭᠰᠢᠯᠡᠯᠲᠡ᠎ᠶᠢ ᠪᠡᠶᠡᠯᠡᠡᠬᠦᠯᠪᠡ᠃ ᠲᠠᠩᠰᠠ ᠡᠪᠬᠡᠮᠡᠯ᠎ᠢ ᠳᠠᠮᠵᠢᠭᠤᠯᠤᠨ ᠬᠦᠷᠭᠡᠬᠦ᠂ ᠠᠵᠢᠯ ᠡᠷᠢᠬᠦ ᠳᠠᠩᠰᠠᠯᠠᠯᠲᠠ ᠵᠡᠷᠭᠡ ᠥᠨᠳᠥᠷ ᠳᠠᠪᠲᠠᠮᠵᠢᠲᠤ ᠲᠤᠬᠠᠢᠯᠠᠭᠰᠠᠨ ᠠᠵᠢᠯ᠎ᠤᠨ ᠠᠬᠤᠢ ᠪᠠᠢᠳᠠᠯ᠎ᠲᠠᠢ ᠤᠶᠠᠯᠳᠤᠭᠤᠯᠤᠨ᠂ ᠬᠡᠷᠡᠭ ᠡᠷᠭᠢᠯᠡᠬᠦ ᠲᠢᠩᠬᠢᠮ᠎ᠦᠨ ᠢᠯᠡᠷᠬᠡᠢ ᠭᠠᠵᠠᠷ᠎ᠲᠤ ᠦᠨᠡᠨᠴᠢ ᠢᠲᠡᠭᠡᠮᠵᠢ᠎ᠶᠢᠨ ᠤᠬᠠᠭᠤᠯᠭ᠎ᠠ᠎ᠶᠢᠨ ᠵᠠᠷᠯᠠᠯ ᠨᠠᠭᠠᠵᠤ᠂ ᠴᠠᠬᠢᠯᠭᠠᠨ ᠱᠠᠲᠤ᠎ᠶᠢᠨ ᠬᠣᠭᠣᠷᠣᠨᠳᠣᠬᠢ LED ᠳᠡᠯᠭᠡᠴᠡ᠎ᠶᠢ ᠠᠰᠢᠭ᠍ᠯᠠᠨ ᠢᠲᠡᠭᠡᠮᠵᠢ᠎ᠲᠠᠢ ᠪᠠᠢᠬᠤ ᠨᠡᠢᠲᠡᠯᠢᠭ ᠬᠡᠷᠡᠭ᠎ᠦᠨ ᠵᠢᠱ᠌ᠢᠶ᠎ᠡ᠎ᠶᠢ ᠡᠷᠭᠢᠯᠳᠦᠭᠦᠯᠦᠨ ᠨᠠᠪᠲᠠᠷᠡᠭᠦᠯᠵᠦ᠂ ᠦᠨᠡᠨᠴᠢ ᠢᠲᠡᠭᠡᠮᠵᠢ᠎ᠶᠢᠨ ᠡᠯᠧᠮᠧᠨ᠋ᠲ᠎ᠢ ᠣᠯᠠᠨ ᠲᠦᠮᠡᠨ᠎ᠦ ᠬᠡᠷᠡᠭ ᠡᠷᠭᠢᠯᠡᠬᠦ ᠬᠥᠳᠡᠯᠭᠡᠬᠦ ᠬᠦᠴᠦᠨ᠎ᠳᠦ ᠣᠷᠭᠠᠨᠢᠭ᠋᠎ᠢᠶᠠᠷ ᠰᠢᠭᠢᠳᠬᠡᠨ ᠣᠷᠣᠭᠤᠯᠵᠤ᠂ ᠪᠥᠬᠥ ᠠᠷᠠᠳ᠎ᠤᠨ ᠦᠨᠡᠨᠴᠢ ᠢᠲᠡᠭᠡᠮᠵᠢ᠎ᠶᠢᠨ ᠦᠵᠡᠯ ᠤᠬᠠᠮᠰᠠᠷ᠎ᠢ ᠳᠡᠭᠡᠭᠰᠢᠯᠡᠭᠦᠯᠵᠡᠢ᠃
       ᠲᠠᠷᠠᠭᠠᠴᠢ᠎ᠶᠢᠨ ᠠᠯᠬᠤᠮ᠎ᠳᠤ᠂ ᠪᠤᠭᠤᠲᠤ ᠬᠣᠲᠠ᠎ᠶᠢᠨ ᠬᠥᠨᠳᠡᠯᠡᠨ ᠲᠣᠭᠣᠷᠢᠭ᠋᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ 《 ᠢᠲᠡᠭᠡᠮᠵᠢ + 》 ᠬᠡᠷᠡᠭᠯᠡᠭᠡᠨ᠎ᠦ ᠠᠬᠤᠢ ᠪᠠᠢᠳᠠᠯ᠎ᠢ ᠦᠷᠭᠦᠯᠵᠢᠯᠡᠨ ᠥᠷᠭᠡᠳᠬᠡᠵᠦ᠂ ᠢᠲᠡᠭᠡᠮᠵᠢ᠎ᠶᠢᠨ ᠰᠢᠰᠲᠧᠮᠵᠢ ᠬᠢᠭᠡᠳ ᠣᠯᠠᠨ ᠨᠡᠶ᠋ᠢᠲᠡ᠎ᠶᠢᠨ ᠦᠢᠯᠡᠴᠢᠯᠡᠭᠡ᠂ ᠦᠢᠯᠡᠰ ᠪᠣᠰᠬᠠᠬᠤ ᠳᠡᠮᠵᠢᠯᠭᠡ᠂ ᠠᠵᠢᠯ ᠣᠯᠭᠣᠯᠲᠠ᠎ᠶᠢᠨ ᠬᠠᠪᠰᠤᠷᠤᠯᠭ᠎ᠠ ᠵᠡᠷᠭᠡ ᠪᠥᠬᠥ ᠬᠡᠯᠬᠢᠶ᠎ᠡ᠎ᠶᠢᠨ ᠭᠦᠨᠵᠡᠭᠡᠢ ᠠᠭᠤᠰᠤᠯᠴᠠᠯ᠎ᠢ ᠲᠦᠯᠬᠢᠨ ᠠᠬᠢᠭᠤᠯᠵᠤ᠂ 《 ᠢᠲᠡᠭᠡᠮᠵᠢ + ᠬᠢᠨᠠᠨ ᠵᠥᠪᠰᠢᠶᠡᠷᠡᠬᠦ 》 《 ᠢᠲᠡᠭᠡᠮᠵᠢ + ᠬᠢᠨᠠᠨ ᠬᠠᠮᠢᠶᠠᠷᠬᠤ 》 ᠵᠡᠷᠭᠡ ᠰᠢᠨ᠎ᠡ᠎ᠶᠢ ᠡᠭᠦᠳᠬᠦ ᠵᠠᠭᠪᠤᠷ᠎ᠢ ᠬᠠᠢᠨ ᠰᠦᠪᠡᠭᠴᠢᠯᠡᠵᠦ᠂ 《 ᠬᠠᠯᠠᠭᠤᠨ ᠳᠤᠯᠠᠭᠠᠨ᠂ ᠴᠢᠨᠠᠷᠯᠢᠭ᠋ 》 ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠦᠢᠯᠡᠴᠢᠯᠡᠭᠡ᠎ᠶᠢ ᠪᠣᠶ ᠪᠣᠯᠭᠠᠨ᠎ᠠ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            