ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠶ᠋ᠢᠮᠠᠭ ᠬᠤᠳᠠ᠎ᠶᠢᠨ ᠰᠤᠨᠢᠨ ᠮᠡᠳᠡᠭᠡ
ᠤᠯᠠᠭᠠᠨᠬᠠᠳᠠ᠄ ᠨᠠᠷᠢᠯᠢᠭ᠋ ᠣᠨᠣᠴᠠᠲᠠᠢ᠎ᠪᠠᠷ 《 ᠰᠤᠳᠠᠯ ᠪᠠᠷᠢᠵᠤ 》 ᠥᠨᠳᠥᠷ ᠪᠦᠲᠦᠮᠵᠢᠲᠡᠶ᠎ᠪᠡᠷ 《 ᠠᠷᠭ᠎ᠠ ᠬᠡᠮᠵᠢᠶ᠎ᠡ ᠠᠪᠴᠤ 》 ᠠᠵᠤ ᠠᠬᠤᠢᠯᠠᠯ᠎ᠤᠨ ᠬᠥᠭᠵᠢᠯᠲᠡ᠎ᠳᠦ ᠬᠦᠴᠦᠨ ᠨᠡᠮᠡᠷᠢᠯᠡᠨ᠎ᠡ
ᠨᠡᠶ᠋ᠢᠲᠡᠯᠡᠭᠰᠡᠨ ᠴᠠᠭ᠄ 2026-01-20

       1 ᠳ᠋ᠦ᠍ᠭᠡᠷ ᠰᠠᠷ᠎ᠠ᠎ᠶᠢᠨ 4᠎ᠦ ᠡᠳᠦᠷ᠂ ᠤᠯᠠᠭᠠᠨᠬᠠᠳᠠ ᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ᠎ᠠᠴᠠ ᠭᠣᠣᠯᠯᠠᠨ ᠡᠷᠭᠢᠯᠡᠭᠰᠡᠨ 《 ᠤᠮᠠᠷᠠᠲᠤ ᠬᠢᠯᠢ᠎ᠳᠦ ᠦᠢᠯᠡᠰ ᠪᠦᠲᠦᠭᠡᠵᠦ ᠠᠩᠭᠠᠬᠠᠢ ᠪᠦᠷᠭᠦᠳ ᠳᠡᠭᠦᠯᠢᠨ ᠨᠢᠰᠬᠦ 》 ᠵᠠᠭᠤᠨ ᠠᠵᠤ ᠠᠬᠤᠢᠯᠠᠯ᠎ᠤᠨ ᠦᠢᠯᠡᠰ ᠪᠣᠰᠬᠠᠬᠤ ᠦᠢᠯᠡᠴᠢᠯᠡᠭᠡᠨ᠎ᠦ ᠲᠤᠰᠬᠠᠢ ᠠᠵᠢᠯᠯᠠᠭ᠎ᠠ ᠣᠢᠷ᠎ᠠ᠎ᠶᠢᠨ ᠬᠤᠭᠤᠴᠠᠭᠠᠨ᠎ᠳᠤ ᠠᠮᠵᠢᠯᠲᠠ᠎ᠲᠠᠢ ᠲᠡᠭᠦᠰᠪᠡ᠃ ᠲᠣᠰ ᠤᠳᠠᠭᠠᠨ᠎ᠤ ᠠᠵᠢᠯᠯᠠᠭ᠎ᠠ ᠨᠢ ᠰᠠᠷ᠎ᠠ ᠬᠠᠭᠠᠰ᠎ᠤᠨ ᠬᠤᠭᠤᠴᠠᠭ᠎ᠠ ᠶᠠᠪᠤᠭᠳᠠᠵᠤ᠂ ᠲᠤᠬᠠᠢ᠎ᠶᠢᠨ ᠭᠠᠵᠠᠷ ᠲᠤᠨᠢ ᠬᠦᠷᠴᠦ ᠰᠤᠷᠪᠤᠯᠵᠢᠯᠠᠬᠤ᠂ ᠠᠰᠠᠭᠤᠯᠲᠠ᠎ᠶᠢᠨ ᠬᠠᠭᠤᠳᠠᠰᠤ᠎ᠪᠠᠷ ᠪᠠᠢᠴᠠᠭᠠᠬᠤ ᠪᠠ ᠶᠠᠷᠢᠯᠴᠠᠨ ᠰᠣᠯᠢᠯᠴᠠᠬᠤ᠎ᠶᠢ ᠤᠶᠠᠯᠳᠤᠭᠤᠯᠬᠤ ᠠᠷᠭ᠎ᠠ ᠮᠠᠶᠢᠭ᠋᠎ᠢᠶᠠᠷ ᠳᠠᠮᠵᠢᠭᠤᠯᠤᠨ᠂ ᠤᠯᠠᠭᠠᠨᠬᠠᠳᠠ᠎ᠶᠢᠨ ᠠᠵᠤ ᠠᠬᠤᠢᠯᠠᠯ᠎ᠳᠤ ᠪᠥᠬᠥ ᠲᠠᠯ᠎ᠠ᠎ᠶᠢᠨ ᠦᠢᠯᠡᠰ ᠪᠣᠰᠬᠠᠬᠤ᠎ᠶᠢ ᠵᠢᠯᠤᠭᠣᠳᠬᠤ ᠦᠢᠯᠡᠴᠢᠯᠡᠭᠡ ᠬᠠᠩᠭᠠᠵᠠᠢ᠃
       ᠲᠣᠰ ᠤᠳᠠᠭᠠᠨ᠎ᠤ ᠠᠵᠢᠯᠯᠠᠭ᠎ᠠ᠎ᠳᠤ ᠨᠡᠶ᠋ᠢᠲᠡ 117 ᠠᠵᠤ ᠠᠬᠤᠢᠯᠠᠯ᠎ᠢ ᠰᠤᠷᠪᠤᠯᠵᠢᠯᠠᠵᠤ᠂ ᠡᠴᠦᠰ᠎ᠲᠡᠬᠡᠨ 104 ᠡᠷᠦᠬᠡ᠎ᠶᠢᠨ ᠪᠦᠲᠦᠮᠵᠢᠲᠡᠶ ᠪᠠᠢᠴᠠᠭᠠᠨ ᠰᠤᠳᠤᠯᠤᠯᠲᠠ᠎ᠶᠢᠨ ᠵᠠᠭᠪᠤᠷ᠎ᠢ ᠪᠣᠶ ᠪᠣᠯᠭᠠᠵᠤ᠂ ᠬᠤᠪᠢ᠎ᠶᠢᠨ ᠦᠢᠯᠡᠳᠪᠦᠷᠢ ᠬᠤᠳᠠᠯᠳᠤᠭᠠᠨ᠎ᠤ ᠡᠷᠦᠬᠡ᠂ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ ᠣᠯᠠᠨ ᠵᠦᠢᠯ᠎ᠦᠨ ᠵᠠᠬ᠎ᠠ ᠳᠡᠯᠭᠡᠭᠦᠷ᠎ᠦᠨ ᠭᠣᠣᠯ ᠴᠣᠭᠴᠠ᠎ᠶᠢ ᠬᠠᠮᠤᠷᠪᠠ᠃ ᠠᠵᠢᠯᠯᠠᠭ᠎ᠠ᠎ᠳᠤ 《 ᠪᠠᠢᠴᠠᠭᠠᠨ ᠰᠤᠳᠤᠯᠬᠤ ᠪᠠ ᠦᠢᠯᠡᠴᠢᠯᠡᠬᠦ᠎ᠶᠢ ᠵᠡᠷᠭᠡ᠎ᠪᠡᠷ ᠶᠠᠪᠤᠭᠳᠠᠭᠤᠯᠬᠤ᠂ ᠣᠨᠣᠰᠢᠯᠠᠬᠤ ᠪᠠ ᠬᠠᠪᠰᠤᠷᠤᠨ ᠲᠡᠳᠬᠦᠬᠦ᠎ᠶᠢ ᠤᠶᠠᠯᠳᠤᠭᠤᠯᠬᠤ 》 ᠵᠠᠷᠴᠢᠮ᠎ᠢ ᠪᠠᠷᠢᠮᠲᠠᠯᠠᠨ᠂ 《 ᠨᠢᠭᠡ᠎ᠶᠢ ᠨᠢᠭᠡ᠎ᠳᠦ ᠬᠠᠷᠠᠭᠠᠯᠵᠠᠭᠤᠯᠤᠨ ᠰᠤᠷᠪᠤᠯᠵᠢᠯᠠᠨ ᠰᠤᠳᠠᠯ ᠪᠠᠷᠢᠬᠤ + ᠲᠤᠰᠬᠠᠢ ᠮᠡᠷᠭᠡᠵᠢᠯᠲᠡᠨ᠎ᠦ ᠪᠦᠯᠬᠦᠮ ᠬᠠᠮᠲᠤᠷᠠᠨ ᠣᠨᠣᠰᠢᠯᠠᠬᠤ + ᠵᠤᠷᠰᠢᠯ᠎ᠢᠶᠠᠷ ᠬᠠᠪᠰᠤᠷᠤᠨ ᠵᠢᠯᠤᠭᠣᠳᠬᠤ 》 ᠵᠠᠭᠪᠤᠷ᠎ᠢᠶᠠᠷ ᠳᠠᠮᠵᠢᠭᠤᠯᠤᠨ᠂ ᠪᠦᠬᠦᠢᠯᠡ 104 ᠡᠷᠦᠬᠡ ᠥᠯᠢᠭᠡᠷ ᠡᠳ᠋᠎ᠦᠨ ᠠᠵᠤ ᠠᠬᠤᠢᠯᠠᠯ᠎ᠢ ᠨᠠᠷᠢᠯᠢᠭ᠋ ᠣᠨᠣᠴᠠᠲᠠᠢ᠎ᠪᠠᠷ ᠣᠨᠣᠰᠢᠯᠠᠬᠤ᠎ᠶᠢ ᠪᠦᠷᠬᠦᠭᠦᠯᠬᠦ᠎ᠶᠢ ᠪᠡᠶᠡᠯᠡᠭᠦᠯᠪᠡ᠃ ᠲᠣᠰ ᠠᠵᠢᠯᠯᠠᠭ᠎ᠠ᠎ᠳᠤ ᠨᠡᠶ᠋ᠢᠲᠡ 104 ᠬᠤᠪᠢ ᠥᠪᠡᠷᠮᠢᠴᠡ 《ᠠᠵᠤ ᠠᠬᠤᠢᠯᠠᠯ᠎ᠤᠨ ᠲᠥᠷᠥᠯ ᠵᠦᠢᠯ᠎ᠦᠨ ᠣᠨᠣᠰᠢᠯᠠᠯᠲᠠ᠎ᠶᠢᠨ ᠮᠡᠳᠡᠭᠦᠯᠦᠯᠲᠡ᠎ᠶᠢᠨ ᠪᠢᠴᠢᠭ》᠎ᠢ ᠭᠠᠷᠭᠠᠵᠤ᠂ 95 ᠠᠵᠤ ᠠᠬᠤᠢᠯᠠᠯ᠎ᠳᠤ 《ᠦᠢᠯᠡᠰ ᠪᠣᠰᠬᠠᠬᠤ ᠴᠢᠭᠯᠡᠯ᠎ᠦᠨ ᠰᠠᠨᠠᠭᠤᠯᠭ᠎ᠠ᠎ᠶᠢᠨ ᠲᠣᠬᠢᠷᠠᠭᠤᠯᠤᠯᠲᠠ᠎ᠶᠢᠨ ᠪᠢᠴᠢᠭ》 ᠬᠠᠩᠭᠠᠭᠰᠠᠨ ᠪᠥᠭᠡᠳ ᠪᠣᠶ ᠪᠦᠬᠦᠢ ᠠᠵᠤ ᠠᠬᠤᠢᠯᠠᠯ᠎ᠳᠤ ᠦᠢᠯᠡᠳᠬᠦᠨ᠎ᠢ ᠰᠢᠯᠢᠳᠡᠭᠵᠢᠭᠦᠯᠬᠦ᠂ ᠦᠢᠯᠡᠴᠢᠯᠡᠭᠡ᠎ᠶᠢ ᠲᠠᠰ ᠳᠡᠪᠰᠢᠭᠦᠯᠬᠦ ᠵᠡᠷᠭᠡ ᠪᠣᠳᠠᠲᠠᠢ ᠰᠠᠨᠠᠭᠤᠯᠭ᠎ᠠ ᠬᠠᠩᠭᠠᠭᠰᠠᠨ ᠪᠠᠢᠨ᠎ᠠ᠃ ᠡᠭᠦᠨ᠎ᠦ ᠬᠠᠮᠲᠤ᠂ ᠠᠵᠢᠯᠯᠠᠭ᠎ᠠ ᠨᠢ 42 ᠠᠵᠤ ᠠᠬᠤᠢᠯᠠᠯ᠎ᠳᠤ ᠨᠢᠭᠤᠷᠲᠠᠨ ᠲᠥᠷᠥ᠎ᠶᠢᠨ ᠪᠣᠳᠣᠯᠭ᠎ᠠ᠎ᠶᠢᠨ ᠤᠬᠠᠭᠤᠯᠭ᠎ᠠ᠎ᠶᠢᠨ ᠲᠠᠢᠯᠪᠤᠷᠢᠯᠠᠯᠲᠠ ᠬᠠᠩᠭᠠᠭᠰᠠᠨ ᠪᠥᠭᠡᠳ 25 ᠭᠣᠣᠯᠳᠠᠯᠭ᠎ᠠ᠎ᠲᠠᠢ ᠠᠵᠤ ᠠᠬᠤᠢᠯᠠᠯ᠎ᠳᠤ ᠲᠣᠬᠢᠷᠠᠮᠵᠢᠲᠠᠢ ᠲᠥᠷᠥ᠎ᠶᠢᠨ ᠪᠣᠳᠣᠯᠭ᠎ᠠ᠎ᠶᠢ ᠨᠠᠷᠢᠯᠢᠭ᠋ ᠣᠨᠣᠴᠠᠲᠠᠢ᠎ᠪᠠᠷ ᠬᠦᠷᠭᠡᠨ ᠥᠭᠴᠦ᠂ ᠡᠴᠦᠰ᠎ᠲᠡᠬᠡᠨ ᠪᠦᠷᠢᠨ ᠪᠦᠲᠦᠨ ᠮᠥᠷᠳᠡᠨ ᠦᠢᠯᠡᠴᠢᠯᠡᠬᠦ ᠪᠢᠲᠡᠭᠦᠦ ᠴᠠᠭᠠᠷᠢᠭ᠋᠎ᠢ ᠪᠠᠢᠭᠤᠯᠤᠭᠰᠠᠨ ᠪᠠᠢᠨ᠎ᠠ᠃
       ᠲᠣᠰ ᠤᠳᠠᠭᠠᠨ᠎ᠤ ᠠᠵᠢᠯᠯᠠᠭ᠎ᠠ᠎ᠳᠤ ᠠᠵᠤ ᠠᠬᠤᠢᠯᠠᠯ᠎ᠤᠨ 《 ᠥᠪᠡᠷ᠎ᠦᠨ ᠥᠷᠲᠡᠭ᠎ᠢ ᠪᠠᠭᠤᠷᠠᠭᠤᠯᠬᠤ ᠂ ᠵᠠᠬ᠎ᠠ ᠳᠡᠯᠭᠡᠭᠦᠷ᠎ᠢ ᠥᠷᠭᠡᠳᠬᠡᠬᠦ᠂ ᠪᠡᠯᠡ ᠲᠣᠬᠢᠷᠠᠭᠤᠯᠭ᠎ᠠ᠎ᠶᠢᠨ ᠳᠡᠮᠵᠢᠯᠭᠡ ᠦᠵᠡᠭᠦᠯᠬᠦ᠂ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠬᠤ 》 ᠲᠠᠯ᠎ᠠ᠎ᠪᠠᠷ ᠬᠢ ᠭᠣᠣᠯ ᠬᠦᠰᠡᠯ ᠱᠠᠭᠠᠷᠳᠠᠯᠭ᠎ᠠ᠎ᠶᠢ ᠲᠣᠳᠣᠷᠬᠠᠢ ᠲᠣᠭᠲᠠᠭᠠᠵᠤ᠂ ᠤᠯᠠᠭᠠᠨᠬᠠᠳᠠ᠎ᠶᠢᠨ ᠲᠠᠷᠠᠭᠠᠴᠢ᠎ᠶᠢᠨ ᠦᠢᠯᠡᠰ ᠪᠣᠰᠬᠠᠬᠤ᠎ᠶᠢ ᠰᠢᠯᠢᠳᠡᠭᠵᠢᠭᠦᠯᠬᠦ᠂ ᠠᠵᠤ ᠠᠬᠤᠢᠯᠠᠯ᠎ᠤᠨ ᠬᠥᠭᠵᠢᠯᠲᠡ᠎ᠳᠦ ᠨᠠᠷᠢᠯᠢᠭ᠋ ᠣᠨᠣᠴᠠᠲᠠᠢ᠎ᠪᠠᠷ ᠬᠦᠴᠦᠨ ᠨᠡᠮᠡᠷᠢᠯᠡᠬᠦ᠎ᠳᠦ ᠲᠤᠷᠰᠢᠯᠭ᠎ᠠ ᠬᠤᠷᠠᠮᠳᠤᠭᠤᠯᠵᠠᠢ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            