ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠶ᠋ᠢᠮᠠᠭ ᠬᠤᠳᠠ᠎ᠶᠢᠨ ᠰᠤᠨᠢᠨ ᠮᠡᠳᠡᠭᠡ
ᠪᠤᠭᠤᠲᠤ ᠬᠣᠲᠠ᠎ᠶᠢᠨ ᠠᠵᠢᠯ ᠣᠯᠭᠣᠯᠲᠠ᠎ᠶᠢᠨ ᠰᠠᠯᠠᠭ᠎ᠠ ᠮᠥᠴᠢᠷ 17 ᠵᠦᠢᠯ᠎ᠦᠨ ᠳᠡᠮᠵᠢᠬᠦ ᠲᠥᠷᠥ᠎ᠶᠢᠨ ᠪᠣᠳᠣᠯᠭ᠎ᠠ᠎ᠶᠢ ᠨᠡᠢᠲᠡᠯᠡᠵᠦ ᠠᠵᠢᠯᠲᠠᠨ ᠡᠯᠰᠡᠬᠦ ᠠᠵᠢᠯᠯᠠᠭ᠎ᠠ᠎ᠶᠢ 652 ᠤᠳᠠᠭ᠎ᠠ ᠡᠷᠬᠢᠯᠡᠵᠦ ᠠᠵᠢᠯ ᠣᠯᠭᠣᠯᠲᠠ᠎ᠶᠢ ᠠᠬᠢᠭᠤᠯᠵᠤ 《 ᠪᠤᠳᠠᠭᠠᠨ ᠠᠶᠠᠭ᠎ᠠ 》᠎ᠶᠢ ᠨᠠᠩ ᠲᠣᠭᠲᠠᠭᠤᠨ ᠪᠣᠯᠭᠠᠨ᠎ᠠ
ᠨᠡᠶ᠋ᠢᠲᠡᠯᠡᠭᠰᠡᠨ ᠴᠠᠭ᠄ 2026-01-20

      ᠪᠤᠭᠤᠲᠤ ᠬᠣᠲᠠ᠎ᠶᠢᠨ ᠠᠵᠢᠯ ᠣᠯᠭᠣᠯᠲᠠ᠎ᠶᠢᠨ ᠰᠠᠯᠠᠭ᠎ᠠ ᠮᠥᠴᠢᠷ᠎ᠦᠨ ᠬᠢᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠠᠵᠢᠯ ᠣᠯᠭᠣᠯᠲᠠ᠎ᠶᠢᠨ ᠠᠵᠢᠯ᠎ᠤᠨ ᠪᠦᠬᠦ ᠶᠠᠪᠤᠴᠠ᠎ᠳᠤ ᠭᠦᠨᠵᠡᠭᠡᠢ ᠠᠭᠤᠰᠬᠠᠨ ᠣᠷᠣᠭᠤᠯᠵᠤ᠂ 《 ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶᠢ ᠠᠬᠢᠭᠤᠯᠬᠤ 》᠎ᠪᠠᠷ ᠭᠣᠣᠯ ᠬᠠᠷᠠᠯᠲᠠ ᠪᠣᠯᠭᠠᠵᠤ᠂ ᠭᠣᠣᠯᠳᠠᠯᠭ᠎ᠠ᠎ᠲᠠᠢ ᠠᠵᠤ ᠦᠢᠯᠡᠰ᠎ᠦᠨ ᠪᠠᠢᠷᠢᠰᠢᠭᠤᠯᠤᠯᠲᠠ᠎ᠳᠤ ᠰᠠᠭᠤᠷᠢᠯᠠᠨ᠂ ᠨᠥᠭᠡᠴᠡ᠎ᠶᠢ ᠲᠣᠭᠲᠠᠪᠤᠷᠢᠵᠢᠭᠤᠯᠬᠤ᠂ ᠨᠡᠮᠡᠭᠳᠡᠯ᠎ᠢ ᠥᠷᠭᠡᠳᠬᠡᠬᠦ᠂ ᠶᠠᠰᠤ ᠴᠢᠨᠠᠷ᠎ᠢ ᠳᠡᠭᠡᠭᠰᠢᠯᠡᠭᠦᠯᠬᠦ᠂ ᠦᠢᠯᠡᠴᠢᠯᠡᠭᠡ᠎ᠶᠢ ᠰᠢᠯᠢᠳᠡᠭᠵᠢᠭᠦᠯᠬᠦ ᠲᠠᠯ᠎ᠠ᠎ᠪᠠᠷ ᠬᠠᠨᠳᠤᠯᠭ᠎ᠠ᠎ᠲᠠᠢ᠎ᠪᠠᠷ ᠬᠦᠴᠦᠯᠡᠵᠦ᠂ ᠦᠨᠡᠨ ᠪᠣᠳᠠᠲᠠᠢ ᠠᠷᠭ᠎ᠠ ᠬᠡᠮᠵᠢᠶ᠎ᠡ᠎ᠪᠡᠷ ᠠᠵᠢᠯ ᠣᠯᠭᠣᠯᠲᠠ᠎ᠶᠢᠨ ᠠᠰᠢᠭ᠋᠎ᠢ ᠨᠠᠷᠢᠯᠢᠭ᠋ ᠣᠨᠣᠴᠠᠲᠠᠢ᠎ᠪᠠᠷ ᠬᠦᠷᠲᠡᠭᠡᠵᠦ᠂ ᠪᠥᠬᠥ ᠬᠣᠲᠠ᠎ᠶᠢᠨ ᠠᠵᠢᠯ ᠣᠯᠭᠣᠯᠲᠠ᠎ᠶᠢᠨ ᠪᠠᠢᠳᠠᠯ᠎ᠢ ᠦᠷᠭᠦᠯᠵᠢᠯᠡᠨ ᠲᠣᠭᠲᠠᠭᠤᠨ᠎ᠢᠶᠠᠷ ᠰᠠᠢᠵᠢᠷᠠᠭᠤᠯᠵᠤ᠂ ᠠᠷᠠᠳ᠎ᠤᠨ ᠠᠮᠢᠳᠤᠷᠠᠯ᠎ᠤᠨ ᠬᠠᠯᠠᠭᠤᠨ ᠳᠤᠯᠠᠭᠠᠨ᠎ᠢᠶᠠᠷ ᠲᠥᠷᠥ᠎ᠶᠢᠨ ᠪᠣᠳᠣᠯᠭ᠎ᠠ᠎ᠶᠢᠨ ᠡᠷᠴᠢᠮ᠎ᠢ ᠢᠯᠡᠷᠡᠭᠦᠯᠪᠡ᠃
      ᠠᠵᠢᠯ ᠣᠯᠭᠣᠯᠲᠠ ᠪᠣᠯ ᠬᠠᠮᠤᠭ᠎ᠤᠨ ᠶᠡᠬᠡ ᠠᠷᠠᠳ᠎ᠤᠨ ᠠᠮᠢᠳᠤᠷᠠᠯ ᠮᠥᠨ᠂ ᠪᠠᠰᠠ ᠴᠤ᠌ ᠠᠵᠤ ᠠᠬᠤᠢ ᠨᠡᠢᠭᠡᠮ᠎ᠦᠨ ᠲᠣᠭᠲᠠᠭᠤᠨ᠎ᠢᠶᠠᠷ ᠬᠥᠭᠵᠢᠬᠦ᠎ᠶᠢᠨ ᠰᠠᠭᠤᠷᠢ ᠴᠢᠯᠠᠭᠤ ᠮᠥᠨ᠃ ᠪᠤᠭᠤᠲᠤ ᠬᠣᠲᠠ᠎ᠶᠢᠨ ᠠᠵᠢᠯ ᠣᠯᠭᠣᠯᠲᠠ᠎ᠶᠢᠨ ᠰᠠᠯᠠᠭ᠎ᠠ ᠮᠥᠴᠢᠷ᠎ᠦᠨ ᠬᠢᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠠᠵᠢᠯ ᠣᠯᠭᠣᠯᠲᠠ᠎ᠶᠢᠨ ᠠᠵᠢᠯ᠎ᠤᠨ ᠪᠦᠬᠦ ᠶᠠᠪᠤᠴᠠ᠎ᠳᠤ ᠭᠦᠨᠵᠡᠭᠡᠢ ᠠᠭᠤᠰᠬᠠᠨ ᠣᠷᠣᠭᠤᠯᠵᠤ᠂ 《 ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶᠢ ᠠᠬᠢᠭᠤᠯᠬᠤ 》 ᠪᠡᠷ ᠭᠣᠣᠯ ᠬᠠᠷᠠᠯᠲᠠ ᠪᠣᠯᠭᠠᠵᠤ᠂ ᠭᠣᠣᠯᠳᠠᠯᠭ᠎ᠠ᠎ᠲᠠᠢ ᠠᠵᠤ ᠦᠢᠯᠡᠰ᠎ᠦᠨ ᠪᠠᠢᠷᠢᠰᠢᠭᠤᠯᠤᠯᠲᠠ᠎ᠳᠤ ᠰᠠᠭᠤᠷᠢᠯᠠᠵᠤ᠂ ᠨᠥᠭᠡᠴᠡ᠎ᠶᠢ ᠲᠣᠭᠲᠠᠪᠤᠷᠢᠵᠢᠭᠤᠯᠬᠤ᠂ ᠨᠡᠮᠡᠭᠳᠡᠯ᠎ᠢ ᠥᠷᠭᠡᠳᠬᠡᠬᠦ᠂ ᠶᠠᠰᠤ ᠴᠢᠨᠠᠷ᠎ᠢ ᠳᠡᠭᠡᠭᠰᠢᠯᠡᠭᠦᠯᠬᠦ᠂ ᠦᠢᠯᠡᠴᠢᠯᠡᠭᠡ᠎ᠶᠢ ᠰᠢᠯᠢᠳᠡᠭᠵᠢᠭᠦᠯᠬᠦ ᠲᠠᠯ᠎ᠠ᠎ᠪᠠᠷ ᠬᠠᠷᠠᠯᠲᠠ ᠪᠣᠯᠭᠠᠨ ᠬᠦᠴᠦᠯᠡᠵᠦ᠂ ᠪᠣᠳᠠᠲᠠᠢ ᠠᠷᠭ᠎ᠠ ᠬᠡᠮᠵᠢᠶ᠎ᠡ᠎ᠪᠡᠷ ᠠᠵᠢᠯ ᠣᠯᠭᠣᠯᠲᠠ᠎ᠶᠢᠨ ᠠᠰᠢᠭ᠋ ᠣᠯᠵᠠᠪᠤᠷᠢ᠎ᠶᠢ ᠨᠠᠷᠢᠯᠢᠭ᠋ ᠤᠨᠤᠪᠴᠢᠳᠠᠢ ᠬᠦᠷᠲᠡᠭᠡᠵᠦ᠂ ᠪᠦᠬᠦ ᠬᠤᠳᠠ᠎ᠶᠢᠨ ᠠᠵᠢᠯ ᠣᠯᠭᠣᠯᠲᠠ᠎ᠶᠢᠨ ᠪᠠᠢᠳᠠᠯ ᠦᠷᠭᠦᠯᠵᠢᠯᠡᠨ ᠲᠣᠭᠲᠠᠭᠤᠨ᠎ᠢᠶᠠᠷ ᠰᠠᠢᠵᠢᠷᠠᠵᠤ᠂ ᠠᠷᠠᠳ᠎ᠤᠨ ᠠᠮᠢᠳᠤᠷᠠᠯ᠎ᠤᠨ ᠳᠤᠯᠠᠭᠠᠨ᠎ᠤ ᠬᠡᠮᠵᠢᠶ᠎ᠡ᠎ᠪᠡᠷ ᠲᠦᠷᠦ᠎ᠶᠢᠨ ᠪᠣᠳᠣᠯᠭ᠎ᠠ᠎ᠶᠢᠨ ᠡᠷᠴᠢᠮ᠎ᠢ ᠢᠯᠡᠷᠡᠭᠦᠯᠪᠡ᠃
      ᠠᠵᠢᠯ ᠣᠯᠭᠣᠯᠲᠠ᠎ᠶᠢ ᠲᠡᠷᠢᠭᠦᠨ᠎ᠳᠦ ᠲᠠᠯᠪᠢᠬᠤ ᠲᠦᠷᠦ᠎ᠶᠢᠨ ᠪᠣᠳᠣᠯᠭ᠎ᠠ᠎ᠶᠢ ᠴᠢᠩᠭᠠᠳᠬᠠᠵᠤ᠂ 2025 ᠣᠨ᠎ᠳᠤ 17 ᠵᠦᠢᠯ᠎ᠦᠨ ᠠᠵᠢᠯ ᠣᠯᠭᠣᠯᠲᠠ᠎ᠶᠢ ᠳᠡᠮᠵᠢᠬᠦ ᠲᠦᠷᠦ᠎ᠶᠢᠨ ᠪᠣᠳᠣᠯᠭ᠎ᠠ᠎ᠶᠢ ᠲᠣᠭᠲᠠᠭᠠᠵᠤ᠂ 《 ᠲᠥᠷᠥ᠎ᠶᠢᠨ ᠪᠣᠳᠣᠯᠭ᠎ᠠ᠎ᠶᠢᠨ ᠪᠣᠳᠣᠭᠤᠷ 》᠎ᠢ ᠨᠠᠷᠢᠯᠢᠭ᠋ ᠣᠨᠣᠴᠠᠲᠠᠢ᠎ᠪᠠᠷ ᠵᠣᠬᠢᠴᠠᠭᠤᠯᠬᠤ᠂ 《 ᠪᠣᠭᠣᠳᠠᠯᠯᠠᠵᠤ ᠮᠡᠳᠡᠭᠳᠡᠬᠦ 》 ᠰᠢᠭᠤᠳ ᠬᠦᠷᠭᠡᠵᠦ ᠲᠦᠷᠭᠡᠨ ᠡᠳ᠋ᠯᠡᠬᠦ ᠵᠡᠷᠭᠡ ᠦᠢᠯᠡᠴᠢᠯᠡᠭᠡᠨ᠎ᠦ ᠵᠠᠭᠪᠤᠷ᠎ᠢᠶᠠᠷ ᠳᠠᠮᠵᠢᠭᠤᠯᠤᠨ᠂ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠤᠨ ᠪᠤᠴᠠᠭᠠᠬᠤ᠂ ᠠᠵᠢᠯ᠎ᠤᠨ ᠪᠠᠢᠷᠢ᠎ᠶᠢ ᠨᠢᠭᠡ ᠯᠡ ᠤᠳᠠᠭ᠎ᠠ᠎ᠳᠤ ᠥᠷᠭᠡᠳᠬᠡᠨ ᠨᠥᠬᠥᠪᠦᠷᠢᠯᠡᠬᠦ ᠵᠡᠷᠭᠡ ᠲᠥᠷᠥ᠎ᠶᠢᠨ ᠪᠣᠳᠣᠯᠭ᠎ᠠ᠎ᠶᠢᠨ ᠴᠡᠪᠡᠷ ᠠᠰᠢᠭ᠋᠎ᠢ ᠨᠠᠷᠢᠯᠢᠭ᠋ ᠣᠨᠣᠴᠠᠲᠠᠢ᠎ᠪᠠᠷ ᠨᠠᠢᠳᠠᠪᠤᠷᠢᠵᠢᠭᠤᠯᠵᠤ᠂ 6479 ᠠᠵᠤ ᠠᠬᠤᠢᠯᠠᠯ᠎ᠳᠤ 1.25 ᠳ᠋ᠦᠩᠰᠢᠭᠤᠷ ᠲᠥᠭᠥᠷᠢᠭ᠎ᠦᠨ ᠨᠥᠬᠥᠪᠦᠷᠢ᠎ᠶᠢᠨ ᠪᠡᠯᠡ ᠮᠥᠩᠭᠥ ᠣᠯᠭᠣᠪᠠ᠃ ᠵᠢᠯ᠎ᠦᠨ ᠳᠣᠲᠣᠷ᠎ᠠ ᠪᠥᠬᠥ ᠬᠣᠲᠠ᠎ᠶᠢᠨ ᠬᠣᠲᠠ ᠪᠠᠯᠭᠠᠰᠤᠨ᠎ᠳᠤ 4.08 ᠲᠦᠮᠡᠨ ᠬᠥᠮᠥᠨ᠎ᠳᠦ ᠰᠢᠨ᠎ᠡ᠎ᠪᠡᠷ ᠠᠵᠢᠯ ᠣᠯᠭᠣᠵᠤ᠂ 1.54 ᠲᠦᠮᠡᠨ ᠠᠵᠢᠯ ᠠᠯᠳᠠᠭᠰᠠᠳ᠎ᠲᠤ ᠳᠠᠬᠢᠨ ᠠᠵᠢᠯ ᠣᠯᠭᠣᠵᠤ᠂ ᠣᠯᠠᠨ ᠵᠦᠢᠯ᠎ᠦᠨ ᠭᠣᠣᠯ ᠭᠦᠢᠴᠡᠳᠬᠡᠯ ᠲᠣᠭ᠎ᠠ ᠬᠠᠷᠠᠯᠲᠠ᠎ᠪᠠᠨ ᠳᠠᠪᠠᠭᠤᠯᠤᠨ ᠪᠡᠶᠡᠯᠡᠭᠦᠯᠵᠦ ᠂ ᠠᠵᠢᠯ ᠠᠯᠳᠠᠭᠰᠠᠳ᠎ᠤᠨ ᠳᠠᠭᠠᠳᠬᠠᠯ᠎ᠳᠤ ᠣᠷᠣᠯᠴᠠᠭᠰᠠᠨ ᠬᠥᠮᠥᠨ᠎ᠦ ᠲᠣᠭ᠎ᠠ 44.4 ᠲᠦᠮᠡ᠎ᠳᠦ ᠬᠦᠷᠴᠦ᠂ ᠠᠵᠢᠯ ᠣᠯᠭᠣᠯᠲᠠ᠎ᠶᠢᠨ 《 ᠦᠨᠳᠦᠰᠦᠨ ᠲᠣᠭ᠎ᠠ 》 ᠶᠠᠪᠤᠬᠤ ᠲᠤᠲᠤᠮ ᠲᠣᠭᠲᠠᠪᠤᠷᠢᠵᠢᠪᠠ᠃
      《 ᠠᠵᠤ ᠠᠬᠤᠢᠯᠠᠯ᠎ᠤᠨ ᠠᠵᠢᠯᠴᠢᠨ ᠡᠯᠰᠡᠬᠦ᠎ᠳᠦ ᠬᠦᠴᠢᠷᠲᠡᠢ᠂ ᠣᠯᠠᠨ ᠲᠦᠮᠡᠨ᠎ᠦ ᠠᠵᠢᠯ ᠣᠯᠬᠤ᠎ᠳᠤ ᠬᠦᠴᠢᠷᠲᠡᠢ 》 ᠪᠠᠢᠬᠤ ᠪᠦᠲᠦᠴᠡ᠎ᠶᠢᠨ ᠴᠢᠨᠠᠷᠲᠠᠢ ᠵᠥᠷᠢᠴᠡᠯ᠎ᠢ ᠰᠢᠢᠳᠪᠦᠷᠢᠯᠡᠬᠦ᠎ᠶᠢᠨ ᠲᠥᠯᠥᠭᠡ᠂ ᠪᠤᠭᠤᠲᠤ ᠬᠣᠲᠠ᠎ᠶᠢᠨ ᠬᠢᠨ 《 ᠬᠡᠷᠡᠭᠴᠡᠭᠡ ᠱᠠᠭᠠᠷᠳᠠᠯᠭ᠎ᠠ᠎ᠶᠢ ᠰᠤᠷᠪᠤᠯᠵᠢᠯᠠᠬᠤ᠂ ᠲᠥᠷᠥ᠎ᠶᠢᠨ ᠪᠣᠳᠣᠯᠭ᠎ᠠ ᠬᠦᠷᠭᠡᠬᠦ᠂ ᠠᠵᠢᠯ᠎ᠤᠨ ᠪᠠᠢᠷᠢ ᠬᠠᠢᠬᠤ 》 ᠲᠤᠰᠬᠠᠢ ᠠᠵᠢᠯᠯᠠᠭ᠎ᠠ᠎ᠶᠢ ᠭᠦᠨᠵᠡᠭᠡᠢ ᠥᠷᠨᠢᠭᠦᠯᠵᠦ᠂ ᠠᠵᠢᠯ ᠣᠯᠭᠣᠬᠤ ᠦᠢᠯᠡᠴᠢᠯᠡᠭᠡᠨ᠎ᠦ ᠲᠤᠰᠬᠠᠢ ᠲᠤᠰᠢᠶᠠᠯᠲᠠᠨ᠎ᠢ ᠵᠣᠬᠢᠶᠠᠨ ᠪᠠᠢᠭᠤᠯᠤᠨ ᠬᠦᠷᠢᠶᠡᠯᠡᠩ ᠲᠣᠭᠣᠷᠢᠭ᠋᠎ᠤᠨ ᠠᠵᠤ ᠠᠬᠤᠢᠯᠠᠯ᠎ᠳᠤ ᠣᠴᠢᠭᠤᠯᠪᠠ᠃ ᠡᠭᠦᠨ᠎ᠦ ᠵᠡᠷᠭᠡ᠎ᠳᠦ 《 ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ》 ᠠᠵᠢᠯᠲᠠᠨ ᠡᠯᠰᠡᠬᠦ ᠵᠢᠭ᠍ᠰᠠᠭᠠᠯ᠎ᠢ ᠰᠢᠨ᠎ᠡ᠎ᠪᠡᠷ ᠡᠭᠦᠳᠦᠨ ᠪᠠᠢᠭᠤᠯᠵᠤ᠂ ᠡᠯ᠎ᠡ ᠲᠥᠷᠥᠯ᠎ᠦᠨ ᠠᠵᠢᠯᠲᠠᠨ ᠡᠯᠰᠡᠬᠦ ᠠᠵᠢᠯᠯᠠᠭ᠎ᠠ᠎ᠶᠢ 652 ᠲᠠᠯᠠᠪᠤᠷ ᠡᠷᠭᠢᠯᠡᠵᠦ᠂ 《 ᠠᠵᠤ ᠠᠬᠤᠢᠯᠠᠯ᠎ᠳᠤ ᠬᠦᠷᠭᠡᠬᠦ 》 《 ᠣᠷᠣᠨ ᠪᠦᠰᠡ᠎ᠶᠢᠨ ᠬᠥᠳᠡᠯᠮᠦᠷᠢ ᠦᠢᠯᠡᠴᠢᠯᠡᠭᠡᠨ᠎ᠦ ᠬᠠᠮᠵᠢᠯᠴᠠᠭ᠎ᠠ 》 《 ᠰᠤᠷᠭᠠᠭᠤᠯᠢ᠎ᠶᠢᠨ ᠬᠦᠷᠢᠶᠡᠨ᠎ᠦ ᠵᠣᠯᠭᠠᠯᠴᠠᠭ᠎ᠠ 》 ᠵᠡᠷᠭᠡ ᠣᠨᠴᠠᠯᠢᠭ᠍ᠲᠤ ᠬᠡᠯᠪᠡᠷᠢ᠎ᠪᠡᠷ ᠳᠠᠮᠵᠢᠭᠤᠯᠤᠨ᠂ 36 ᠬᠠᠮᠵᠢᠯᠴᠠᠬᠤ ᠬᠣᠲᠠ ᠪᠠ 74 ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ᠎ᠳᠤ ᠠᠵᠢᠯ᠎ᠤᠨ ᠪᠠᠢᠷᠢ᠎ᠶᠢᠨ ᠮᠡᠳᠡᠭᠡ ᠵᠠᠩᠭᠢ᠎ᠶᠢ ᠬᠦᠷᠭᠡᠨ ᠥᠭᠴᠦ᠂ ᠣᠯᠠᠨ ᠰᠠᠯᠠᠭ᠎ᠠ ᠮᠥᠴᠢᠷ᠎ᠲᠠᠢ ᠬᠣᠯᠪᠤᠭᠠᠯᠠᠨ ᠪᠠᠷᠢᠯᠭ᠎ᠠ ᠂ ᠰᠣᠶᠣᠯ ᠵᠢᠭᠤᠯᠴᠢᠯᠠᠯ᠂ ᠨᠠᠰᠤᠵᠢᠯ᠎ᠤᠨ ᠠᠰᠠᠷᠠᠮᠵᠢ ᠵᠡᠷᠭᠡ ᠬᠦᠷᠢᠶᠡᠨ᠎ᠳᠡᠬᠢ ᠠᠵᠢᠯᠴᠢᠨ ᠬᠡᠷᠡᠭᠯᠡᠬᠦ ᠳᠠᠯᠳᠠ ᠬᠦᠴᠦᠨ᠎ᠢ ᠭᠦᠨ ᠠᠭᠤᠳᠠᠯᠵᠤ᠂ ᠬᠥᠳᠡᠯᠮᠦᠷᠢᠴᠢᠳ᠎ᠲᠦ ᠨᠠᠩ ᠣᠯᠠᠨ ᠰᠣᠩᠭᠣᠯᠲᠠ ᠬᠠᠩᠭᠠᠭᠰᠠᠨ ᠪᠠᠢᠨ᠎ᠠ᠃
      ᠦᠢᠯᠡᠰ ᠪᠣᠰᠬᠠᠬᠤ᠎ᠶᠢ ᠳᠡᠮᠵᠢᠬᠦ ᠡᠷᠴᠢᠮ᠎ᠢᠶᠡᠨ ᠴᠢᠩᠭᠠᠷᠠᠭᠤᠯᠵᠤ᠂ ᠪᠥᠬᠥ ᠬᠡᠯᠬᠢᠶᠡᠵᠢᠭᠰᠡᠨ ᠦᠢᠯᠡᠰ ᠪᠣᠰᠬᠠᠬᠤ ᠦᠢᠯᠡᠴᠢᠯᠡᠭᠡᠨ᠎ᠦ ᠰᠢᠰᠲᠧᠮᠵᠢ᠎ᠶᠢ ᠪᠥᠬᠥ ᠬᠦᠴᠦᠨ᠎ᠢᠶᠡᠷ᠎ᠢᠶᠡᠨ ᠴᠣᠭᠴᠠᠯᠠᠨ ᠪᠠᠢᠭᠤᠯᠵᠤ᠂ 5 ᠦᠢᠯᠡᠰ ᠪᠣᠰᠬᠠᠬᠤ᠎ᠶᠢ ᠵᠢᠯᠤᠭᠣᠳᠬᠤ ᠶᠡᠬᠡ ᠮᠠᠰᠲᠧᠷ᠎ᠤᠨ ᠠᠵᠢᠯᠯᠠᠬᠤ ᠲᠠᠰᠤᠭ᠎ᠢ ᠪᠦᠲᠦᠭᠡᠨ ᠪᠠᠶ᠋ᠢᠭᠤᠯᠬᠤ᠎ᠪᠠᠷ ᠳᠠᠮᠵᠢᠭᠤᠯᠤᠨ᠂ 71 ᠦᠢᠯᠡᠰ ᠪᠣᠰᠬᠠᠬᠤ᠎ᠶᠢ ᠨᠡᠪᠴᠢᠭᠦᠯᠬᠦ ᠰᠠᠭᠤᠷᠢᠨ ᠭᠠᠵᠠᠷ᠎ᠢ ᠲᠡᠳᠬᠦᠨ ᠳᠡᠮᠵᠢᠵᠦ᠂ 3359 ᠡᠷᠦᠬᠡ᠎ᠶᠢᠨ ᠦᠢᠯᠡᠰ ᠪᠣᠰᠬᠠᠬᠤ ᠪᠣᠳᠠᠲᠤ ᠴᠣᠭᠴᠠ᠎ᠶᠢ ᠨᠡᠪᠴᠢᠭᠦᠯᠬᠦ᠎ᠳᠦ ᠲᠤᠰᠬᠠᠢ ᠮᠡᠷᠭᠡᠵᠢᠯ᠎ᠦᠨ ᠵᠢᠯᠣᠭᠣᠳᠤᠯᠭ᠎ᠠ ᠪᠠ 42.4 ᠲᠦᠮᠡᠨ ᠲᠥᠭᠥᠷᠢᠭ᠎ᠦᠨ ᠦᠢᠯᠡᠴᠢᠯᠡᠭᠡᠨ᠎ᠦ ᠨᠥᠬᠥᠪᠦᠷᠢ ᠬᠠᠩᠭᠠᠵᠤ᠂ ᠦᠢᠯᠡᠰ ᠪᠣᠰᠬᠠᠭ᠍ᠴᠢᠳ᠎ᠢ ᠲᠣᠭᠣᠷᠢᠤ ᠵᠠᠮ᠎ᠢᠶᠠᠷ ᠳᠤᠲᠠᠭᠤ ᠵᠠᠮᠨᠠᠭᠤᠯᠤᠨ᠎ᠠ᠃ ᠲᠥᠷᠥᠯ ᠵᠦᠢᠯ᠎ᠦᠨ ᠬᠥᠭᠵᠢᠯᠲᠡ᠎ᠶᠢᠨ ᠣᠷᠣᠨ ᠵᠠᠢ᠎ᠶᠢ ᠥᠷᠭᠡᠳᠬᠡᠵᠦ᠂ ᠦᠢᠯᠡᠰ ᠪᠣᠰᠬᠠᠬᠤ ᠲᠠᠭᠠᠭᠠᠯᠳᠠᠳᠤ ᠵᠢᠭᠡᠯᠡᠯᠭᠡ᠎ᠶᠢ ᠭᠦᠢᠴᠡᠳᠬᠡᠬᠦ ᠦᠶᠡᠯᠡᠯ᠎ᠦᠨ ᠬᠤᠭᠤᠴᠠᠭ᠎ᠠ᠎ᠶᠢ 21 ᠠᠵᠢᠯᠯᠠᠬᠤ ᠡᠳᠦᠷ ᠪᠠᠢᠭᠰᠠᠨ᠎ᠠᠴᠠ 15 ᠠᠵᠢᠯᠯᠠᠬᠤ ᠡᠳᠦᠷ ᠪᠣᠯᠭᠠᠨ ᠪᠠᠭᠠᠰᠬᠠᠵᠤ᠂ 178 ᠠᠵᠤ ᠠᠬᠤᠢᠯᠠᠯ ᠪᠠ ᠬᠤᠪᠢ᠎ᠶᠢᠨ ᠠᠵᠤ ᠦᠢᠯᠡᠳᠪᠦᠷᠢ ᠬᠤᠳᠠᠯᠳᠤᠭᠠᠨ᠎ᠤ ᠡᠷᠦᠬᠡ᠎ᠳᠦ ᠬᠥᠭᠵᠢᠯᠲᠡ᠎ᠶᠢᠨ ᠠᠮᠢᠳᠤᠯᠢᠭ᠋ ᠬᠦᠴᠦᠨ ᠨᠡᠮᠡᠷᠢᠯᠡᠵᠦ ᠂ ᠦᠢᠯᠡᠰ ᠪᠣᠰᠬᠠᠬᠤ᠎ᠪᠠᠷ ᠠᠵᠢᠯ ᠣᠯᠭᠣᠯᠲᠠ᠎ᠶᠢ ᠳᠠᠢᠴᠢᠯᠠᠬᠤ ᠳᠠᠬᠢᠨ᠎ᠢᠶᠠᠷ ᠨᠡᠮᠡᠭᠳᠡᠭᠦᠯᠬᠦ ᠦᠢᠯᠡᠳᠦᠯ᠎ᠢ ᠦᠷᠭᠦᠯᠵᠢᠯᠡᠨ ᠪᠠᠳᠠᠷᠠᠭᠤᠯᠪᠠ᠃ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠂ ᠮᠠᠯᠴᠢᠨ ᠲᠠᠷᠢᠶᠠᠴᠢᠨ᠂ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ ᠵᠡᠷᠭᠡ ᠭᠣᠣᠯᠳᠠᠯᠭ᠎ᠠ᠎ᠲᠠᠢ ᠬᠥᠮᠥᠰ᠎ᠲᠤ ᠴᠢᠭᠯᠡᠭᠦᠯᠦᠨ᠂ ᠬᠠᠪᠰᠤᠷᠤᠨ ᠲᠡᠳᠬᠦᠬᠦ ᠲᠥᠰᠥᠯ ᠲᠣᠭᠲᠠᠭᠠᠵᠤ᠂ 《 ᠨᠠᠷᠢᠯᠢᠭ᠋ ᠣᠨᠣᠴᠠᠲᠠᠢ᠎ᠪᠠᠷ ᠤᠰᠤᠯᠠᠬᠤ 》᠎ᠶᠢ ᠪᠡᠶᠡᠯᠡᠭᠦᠯᠵᠦ᠂ ᠶᠡᠬᠡ ᠳᠡᠭᠡᠳᠦ ᠰᠤᠷᠭᠠᠭᠤᠯᠢ ᠲᠡᠭᠦᠰᠦᠭᠰᠡᠳ᠎ᠲᠦ ᠵᠠᠬ᠎ᠠ ᠳᠡᠯᠭᠡᠭᠦᠷᠴᠢᠯᠡᠨ ᠠᠵᠢᠯ ᠣᠯᠭᠣᠬᠤ ᠪᠠ ᠲᠥᠷᠥ᠎ᠶᠢᠨ ᠪᠣᠳᠣᠯᠭ᠎ᠠ᠎ᠶᠢᠨ ᠴᠢᠨᠠᠷᠲᠠᠢ ᠠᠵᠢᠯ᠎ᠤᠨ ᠪᠠᠢᠷᠢ᠎ᠶᠢ ᠵᠡᠷᠭᠡ᠎ᠪᠡᠷ ᠴᠢᠬᠤᠯᠠᠴᠢᠯᠠᠬᠤ ᠠᠵᠢᠯ ᠣᠯᠭᠣᠯᠲᠠ᠎ᠶᠢᠨ ᠲᠠᠪᠴᠠᠩ᠎ᠢ ᠪᠠᠢᠭᠤᠯᠵᠤ ᠥᠭᠴᠡᠢ ; 《 ᠬᠠᠪᠤᠷ᠎ᠤᠨ ᠤᠷᠢᠬᠠᠨ ᠰᠠᠯᠬᠢ ᠠᠵᠢᠯᠯᠠᠭ᠎ᠠ 》 《 ᠤᠷᠢᠬᠠᠨ ᠬᠠᠪᠤᠷ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠢ ᠳᠤᠯᠠᠭᠠᠴᠠᠭᠤᠯᠬᠤ 》 ᠵᠡᠷᠭᠡ ᠲᠤᠰᠬᠠᠢ ᠵᠦᠢᠯ᠎ᠦᠨ ᠠᠵᠢᠯᠯᠠᠭ᠎ᠠ᠎ᠪᠠᠷ ᠳᠠᠮᠵᠢᠭᠤᠯᠤᠨ᠂ ᠮᠠᠯᠴᠢᠨ ᠲᠠᠷᠢᠶᠠᠴᠢᠳ᠎ᠢ ᠰᠢᠯᠵᠢᠭᠦᠯᠦᠨ ᠠᠵᠢᠯ ᠣᠯᠭᠣᠬᠤ᠎ᠶᠢ ᠠᠬᠢᠭᠤᠯᠪᠠ᠃ ᠰᠢᠨ᠎ᠡ᠎ᠶᠢ ᠡᠭᠦᠳᠦᠨ AI ᠵᠢᠨ 《 ᠲᠣᠭᠠᠴᠢᠯᠠᠭᠰᠠᠨ ᠠᠵᠢᠯᠲᠠᠨ 》᠎ᠤ ᠰᠢᠰᠲᠧᠮ᠎ᠢ ᠣᠷᠣᠭᠤᠯᠤᠨ ᠠᠪᠴᠢᠷᠠᠵᠤ᠂ ᠨᠡᠢᠭᠡᠮ᠎ᠦᠨ ᠳᠠᠭᠠᠳᠬᠠᠯ᠎ᠤᠨ ᠨᠥᠬᠥᠪᠦᠷᠢ ᠂ ᠠᠵᠢᠯ ᠠᠯᠳᠠᠯᠲᠠ᠎ᠶᠢᠨ ᠮᠥᠩᠭᠥ᠎ᠶᠢ ᠬᠢᠨᠠᠨ ᠬᠠᠷᠭᠤᠭᠤᠯᠬᠤ ᠵᠡᠷᠭᠡ ᠲᠤᠬᠠᠢᠯᠠᠭᠰᠠᠨ ᠠᠵᠢᠯ᠎ᠢ 24 ᠴᠠᠭ᠎ᠤᠨ ᠳᠣᠲᠣᠷ᠎ᠠ ᠲᠠᠰᠤᠷᠠᠯᠲᠠ ᠦᠭᠡᠢ ᠰᠢᠢᠳᠪᠦᠷᠢᠯᠡᠵᠦ ᠂ ᠭᠣᠣᠯᠳᠠᠯᠭ᠎ᠠ᠎ᠲᠠᠢ ᠬᠥᠮᠥᠰ᠎ᠢ ᠬᠠᠪᠰᠤᠷᠤᠨ ᠲᠡᠳᠬᠦᠬᠦ᠎ᠶᠢ ᠨᠠᠩ ᠲᠦᠷᠭᠡᠨ ᠠᠬᠢᠭᠤᠯᠵᠤ᠂ ᠦᠢᠯᠡᠴᠢᠯᠡᠭᠡ᠎ᠶᠢ ᠨᠠᠩ ᠳᠣᠲᠣᠨᠣ᠌ ᠪᠣᠯᠭᠠᠪᠠ᠃
      ᠨᠠᠰᠤᠨ ᠲᠤᠷᠰᠢᠲᠠ᠎ᠶᠢᠨ ᠠᠵᠢᠯ ᠮᠡᠷᠭᠡᠵᠢᠯ᠎ᠦᠨ ᠤᠷ᠎ᠠ ᠮᠡᠷᠭᠡᠵᠢᠯ᠎ᠦᠨ ᠪᠣᠯᠪᠠᠰᠤᠷᠠᠯ᠎ᠤᠨ ᠳᠦᠷᠢᠮ᠎ᠢ ᠲᠡᠭᠦᠯᠳᠡᠷᠵᠢᠭᠦᠯᠵᠦ᠂ ᠭᠣᠣᠯᠳᠠᠯᠭ᠎ᠠ᠎ᠲᠠᠢ ᠠᠵᠤ ᠦᠢᠯᠡᠰ᠎ᠦᠨ ᠬᠡᠷᠡᠭᠴᠡᠭᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠪᠣᠯᠪᠠᠰᠤᠷᠠᠯ᠎ᠤᠨ ᠭᠠᠷᠴᠠᠭ᠎ᠢ ᠬᠥᠳᠡᠯᠦᠩᠭᠦᠢ᠎ᠪᠡᠷ ᠰᠢᠯᠢᠳᠡᠭᠵᠢᠭᠦᠯᠦᠨ᠂ ᠪᠠᠴᠢᠮ ᠬᠡᠷᠡᠭᠴᠡᠭᠡ᠎ᠲᠠᠢ ᠠᠵᠢᠯ ᠮᠡᠷᠭᠡᠵᠢᠯ᠎ᠦᠨ ᠲᠥᠷᠥᠯ ᠵᠦᠢᠯ᠎ᠦᠨ ᠪᠣᠯᠪᠠᠰᠤᠷᠠᠯ᠎ᠤᠨ ᠲᠥᠷᠥᠯ ᠵᠦᠢᠯ᠎ᠢ 26 ᠭᠠᠷᠭᠠᠵᠤ᠂ 《 ᠠᠵᠢᠯ᠎ᠤᠨ ᠪᠠᠢᠷᠢ᠎ᠶᠢᠨ ᠬᠡᠷᠡᠭᠴᠡᠭᠡ + ᠤᠷ᠎ᠠ ᠮᠡᠷᠭᠡᠵᠢᠯ᠎ᠦᠨ ᠪᠣᠯᠪᠠᠰᠤᠷᠠᠯ + ᠤᠷ᠎ᠠ ᠮᠡᠷᠭᠡᠵᠢᠯ᠎ᠦᠨ ᠦᠨᠡᠯᠡᠯᠲᠡ + ᠠᠵᠢᠯ ᠣᠯᠭᠣᠯᠲᠠ᠎ᠶᠢᠨ ᠦᠢᠯᠡᠴᠢᠯᠡᠭᠡ 》 ᠵᠢᠨ ᠳᠥᠷᠪᠡ᠎ᠶᠢ ᠨᠢᠭᠡ ᠴᠣᠭᠴᠠᠵᠢᠭᠤᠯᠤᠭᠰᠠᠨ ᠲᠥᠷᠥᠯ ᠵᠦᠶ᠋ᠯᠴᠢᠯᠡᠭᠰᠡᠨ ᠪᠣᠯᠪᠠᠰᠤᠷᠠᠯ᠎ᠢ ᠤᠷᠢᠳ᠎ᠢᠶᠠᠷ ᠬᠡᠷᠡᠭᠵᠢᠭᠦᠯᠵᠦ᠂ 《 ᠪᠤᠭᠤᠲᠤ᠎ᠶᠢᠨ ᠴᠠᠬᠢᠯᠭᠠᠨ᠎ᠤ ᠠᠵᠢᠯᠴᠢᠨ 》 ᠵᠡᠷᠭᠡ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠬᠥᠳᠡᠯᠮᠦᠷᠢ ᠦᠢᠯᠡᠴᠢᠯᠡᠭᠡᠨ᠎ᠦ ᠨᠠᠷᠠᠲᠤ ᠲᠥᠷᠥᠯ ᠲᠡᠮᠳᠡᠭ᠎ᠢ ᠪᠣᠢᠵᠢᠭᠤᠯᠤᠨ᠂ ᠤᠷ᠎ᠠ ᠮᠡᠷᠭᠡᠵᠢᠯ᠎ᠦᠨ ᠪᠣᠯᠪᠠᠰᠤᠷᠠᠯ᠎ᠤᠨ ᠨᠠᠷᠠᠲᠤ ᠲᠥᠷᠥᠯ ᠲᠡᠮᠳᠡᠭ᠎ᠢ 18 ᠪᠣᠢᠵᠢᠭᠤᠯᠵᠤ᠂ ᠬᠥᠳᠡᠯᠮᠦᠷᠢᠴᠢᠳ᠎ᠤᠨ ᠤᠷ᠎ᠠ ᠮᠡᠷᠭᠡᠵᠢᠯ᠎ᠢᠶᠠᠷ᠎ᠢᠶᠠᠨ ᠣᠷᠣᠰᠢᠨ ᠲᠣᠭᠲᠠᠨᠢᠵᠤ᠂ ᠴᠢᠳᠠᠪᠤᠷᠢ᠎ᠪᠠᠷ᠎ᠢᠶᠠᠨ ᠣᠷᠣᠯᠭ᠎ᠠ᠎ᠪᠠᠨ ᠨᠡᠮᠡᠭᠳᠡᠭᠦᠯᠬᠦ᠎ᠶᠢ ᠪᠡᠶᠡᠯᠡᠭᠦᠯᠪᠡ᠃
      ᠣᠯᠠᠨ ᠨᠡᠶ᠋ᠢᠲᠡ᠎ᠶᠢᠨ ᠠᠵᠢᠯ ᠣᠯᠭᠣᠯᠲᠠ᠎ᠶᠢᠨ ᠦᠢᠯᠡᠴᠢᠯᠡᠭᠡ᠎ᠶᠢ ᠰᠢᠯᠢᠳᠡᠭᠵᠢᠭᠦᠯᠬᠦ ᠲᠠᠯ᠎ᠠ᠎ᠪᠠᠷ᠂ ᠪᠤᠭᠤᠲᠤ ᠬᠣᠲᠠ ᠨᠢ 《 4+N+X 》 ᠠᠵᠢᠯ ᠣᠯᠭᠣᠯᠲᠠ᠎ᠶᠢᠨ ᠣᠯᠠᠨ ᠨᠡᠶ᠋ᠢᠲᠡ᠎ᠶᠢᠨ ᠦᠢᠯᠡᠴᠢᠯᠡᠭᠡᠨ᠎ᠦ ᠰᠢᠰᠲᠧᠮᠵᠢ᠎ᠶᠢ ᠲᠠᠰ ᠳᠡᠪᠰᠢᠭᠦᠯᠦᠨ ᠪᠠᠢᠭᠤᠯᠵᠤ᠂ 30 《 ᠭᠡᠷ᠎ᠦᠨ ᠡᠭᠦᠳᠡᠨ 》 ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠥᠷᠲᠡᠭᠡ᠎ᠶᠢ ᠰᠢᠯᠢᠳᠡᠭᠵᠢᠭᠦᠯᠦᠨ ᠲᠠᠰ ᠳᠡᠪᠰᠢᠭᠦᠯᠵᠦ᠂ 16 ᠥᠷᠲᠡᠭᠡ ᠴᠡᠭ ᠨᠢ 《 A 》 ᠲᠠᠰ᠎ᠢᠶᠠᠷ ᠦᠨᠡᠯᠡᠭᠳᠡᠵᠦ᠂ ᠮᠡᠳᠡᠭᠡ ᠵᠠᠩᠭᠢ ᠴᠤᠭᠯᠠᠭᠤᠯᠬᠤ᠂ ᠠᠵᠢᠯ᠎ᠤᠨ ᠪᠠᠢᠷᠢ᠎ᠶᠢ ᠵᠣᠯᠭᠠᠭᠤᠯᠬᠤ᠂ ᠤᠷ᠎ᠠ ᠮᠡᠷᠭᠡᠵᠢᠯ᠎ᠦᠨ ᠪᠣᠯᠪᠠᠰᠤᠷᠠᠯ ᠬᠢᠬᠦ᠂ ᠲᠥᠷᠥ᠎ᠶᠢᠨ ᠪᠣᠳᠣᠯᠭ᠎ᠠ᠎ᠶᠢ ᠬᠡᠷᠡᠭᠵᠢᠭᠦᠯᠬᠦ᠎ᠳᠦ 《 ᠨᠢᠭᠡ ᠦᠷᠲᠡᠭᠡᠴᠢᠯᠡᠭᠰᠡᠨ ᠮᠠᠶᠢᠭ᠋ 》᠎ᠢᠶᠠᠷ ᠭᠦᠢᠴᠡᠳᠬᠡᠬᠦ᠎ᠶᠢ ᠪᠡᠶᠡᠯᠡᠭᠦᠯᠵᠡᠢ᠃ ᠰᠦᠯᠵᠢᠶᠡᠨ ᠳᠡᠭᠡᠷ᠎ᠡ 《 ᠠᠵᠢᠯ ᠣᠯᠭᠣᠯᠲᠠ ᠪᠤᠭᠤᠲᠤ》 ᠵᠢᠨ ᠰᠢᠨ᠎ᠡ ᠵᠠᠭᠤᠴᠢᠯᠠᠭᠤᠷ᠎ᠤᠨ ᠲᠠᠪᠴᠠᠩ᠎ᠢ ᠪᠠᠢᠭᠤᠯᠵᠤ᠂ 365 ᠲᠠᠯᠠᠪᠠᠢ 《 ᠠᠵᠢᠯ᠎ᠤᠨ ᠪᠠᠢᠷᠢ ᠲᠠᠨᠢᠯᠴᠠᠭᠤᠯᠬᠤ ᠰᠢᠭᠤᠳ ᠨᠡᠪᠲᠡᠷᠡᠭᠦᠯᠭᠡ 》 ᠨᠢ ᠨᠡᠢ᠍ᠢᠳᠡ 297.06 ᠲᠦᠮᠡᠨ ᠬᠥᠮᠥᠨ ᠤᠳᠠᠭ᠎ᠠ᠎ᠶᠢᠨ ᠠᠩᠬᠠᠷᠤᠯ᠎ᠢ ᠲᠠᠲᠠᠪᠠ; ᠰᠦᠯᠵᠢᠶᠡᠨ᠎ᠡᠴᠡ ᠭᠠᠳᠠᠨ᠎ᠠ ᠭᠡᠷ᠎ᠦᠨ ᠭᠠᠳᠠᠨᠠᠬᠢ ᠲᠣᠮᠣ᠌ ᠳᠡᠯᠭᠡᠴᠡ᠂ ᠬᠤᠳᠠᠯᠳᠤᠭᠠᠨ᠎ᠤ ᠬᠡᠲᠦ ᠳᠡᠯᠭᠡᠭᠦᠷ᠂ ᠨᠡᠶ᠋ᠢᠲᠡ᠎ᠶᠢᠨ ᠵᠠᠮ ᠬᠠᠷᠢᠯᠴᠠᠭ᠎ᠠ ᠵᠡᠷᠭᠡ ᠲᠠᠯᠠᠪᠤᠷ᠎ᠲᠤ ᠠᠵᠢᠯ ᠣᠯᠭᠣᠯᠲᠠ᠎ᠶᠢᠨ ᠮᠡᠳᠡᠭᠡ ᠵᠠᠩᠭᠢ᠎ᠶᠢ ᠥᠷᠭᠡᠨ᠎ᠢᠶᠡᠷ ᠲᠠᠷᠬᠠᠭᠠᠵᠤ᠂ 《 ᠥᠷᠭᠡᠨ᠎ᠢᠶᠡᠷ ᠬᠠᠮᠤᠷᠬᠤ᠂ ᠨᠢᠳᠦᠨ᠎ᠳᠦ ᠦᠵᠡᠭᠳᠡᠬᠦ᠂ ᠬᠦᠷᠦᠯᠴᠡᠬᠦ ᠲᠡᠢᠯᠬᠦ᠂ ᠬᠠᠷᠢᠭᠤ ᠲᠤᠰᠬᠠᠯ᠎ᠲᠠᠢ 》 ᠦᠢᠯᠡᠴᠢᠯᠡᠭᠡᠨ᠎ᠦ ᠵᠢᠭ᠍ᠰᠠᠭᠠᠯ᠎ᠢ ᠪᠠᠢᠭᠤᠯᠵᠤ᠂ ᠠᠵᠢᠯ ᠣᠯᠭᠣᠯᠲᠠ᠎ᠶᠢᠨ ᠦᠢᠯᠡᠴᠢᠯᠡᠭᠡ᠎ᠶᠢ ᠬᠡᠵᠢᠶ᠎ᠡ ᠬᠠᠮᠢᠭ᠎ᠠ ᠴᠤ᠌ ᠭᠡᠰᠡᠨ ᠬᠠᠵᠠᠭᠤ ᠳ᠋ᠤᠨᠢ ᠪᠠᠢᠯᠭᠠᠨ᠎ᠠ᠃
      ᠰᠢᠨ᠎ᠡ ᠬᠥᠭᠵᠢᠯᠲᠡ᠎ᠶᠢᠨ ᠭᠠᠷᠤᠭ᠎ᠠ ᠳᠡᠭᠡᠷ᠎ᠡ᠂ ᠪᠤᠭᠤᠲᠤ ᠬᠤᠳᠠ᠎ᠶᠢᠨ ᠠᠵᠢᠯ ᠣᠯᠭᠣᠯᠲᠠ᠎ᠶᠢᠨ ᠰᠠᠯᠠᠭ᠎ᠠ ᠮᠥᠴᠢᠷ᠎ᠦᠨ ᠬᠢᠨ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠠᠵᠢᠯ ᠣᠯᠭᠣᠯᠲᠠ᠎ᠶᠢ ᠳᠡᠮᠵᠢᠬᠦ ᠲᠦᠷᠦ᠎ᠶᠢᠨ ᠪᠣᠳᠣᠯᠭ᠎ᠠ᠎ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠤᠯᠠᠨ ᠨᠡᠶ᠋ᠢᠲᠡ᠎ᠶᠢᠨ ᠠᠵᠢᠯ ᠣᠯᠭᠣᠯᠲᠠ᠎ᠶᠢᠨ ᠦᠢᠯᠡᠴᠢᠯᠡᠭᠡ᠎ᠶᠢ ᠰᠢᠯᠢᠳᠡᠭᠵᠢᠭᠦᠯᠵᠦ᠂ ᠨᠡᠩ ᠤᠯᠠᠨ ᠬᠥᠳᠡᠯᠮᠦᠷᠢᠴᠢᠳ᠎ᠤᠨ ᠲᠣᠭᠲᠠᠭᠤᠨ ᠠᠵᠢᠯ ᠣᠯᠭᠣᠯᠲᠠ᠂ ᠨᠡᠷ᠎ᠡ ᠲᠦᠷᠦ᠎ᠲᠠᠢ ᠠᠵᠢᠯ ᠣᠯᠭᠣᠯᠲᠠ᠎ᠶᠢ ᠪᠡᠶᠡᠯᠡᠭᠦᠯᠵᠦ᠂ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠳᠦ ᠥᠨᠢ ᠤᠳᠠᠭᠠᠨ᠎ᠤ ᠠᠷᠠᠳ᠎ᠤᠨ ᠠᠮᠢᠳᠤᠷᠠᠯ᠎ᠤᠨ ᠬᠥᠳᠡᠯᠭᠡᠬᠦ ᠬᠦᠴᠦᠨ ᠨᠡᠮᠡᠷᠢᠯᠡᠨ᠎ᠡ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            