《 〈 ᠰᠣᠳᠣᠨ ᠴᠢᠳᠠᠪᠤᠷᠢᠲᠠᠨ᠎ᠢᠶᠠᠷ ᠥᠪᠥᠷ ᠮᠣᠩᠭᠣᠯ᠎ᠢᠶᠠᠨ ᠬᠥᠭᠵᠢᠭᠦᠯᠬᠦ 〉 ᠢᠨᠵᠧᠨᠧᠷᠢᠩ᠎ᠦᠨ ᠲᠥᠷᠥ᠎ᠶᠢᠨ ᠪᠣᠳᠣᠯᠭ᠎ᠠ᠎ᠨᠤᠭᠤᠳ᠎ᠢ ᠬᠡᠷᠡᠭᠵᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠭᠡᠷ᠎ᠦᠨ ᠰᠠᠨᠠᠯ 》 ( ᠥᠪᠥᠷ ᠨᠠᠮ ᠠᠯᠪᠠᠨ ᠲᠠᠷᠬᠠᠭᠠᠭᠰᠠᠨ 〔2024〕 18 ᠳ᠋ᠤᠭᠠᠷ ᠲᠣᠭᠠᠲᠤ )᠂ 《 ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠠᠵᠢᠯ ᠦᠢᠯᠡᠰ᠎ᠦᠨ ᠨᠢᠭᠡᠴᠢ᠎ᠶᠢᠨ 〈 ᠰᠠᠭᠠᠳ ᠦᠭᠡᠢ ᠨᠡᠪᠲᠡᠷᠡᠬᠦ ᠵᠠᠮ 〉 ᠢᠶᠠᠷ ᠳᠡᠭᠡᠳᠦ ᠲᠠᠰ᠎ᠤᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠬᠣᠯᠪᠣᠭᠳᠠᠯ ᠪᠦᠬᠦᠢ ᠠᠵᠢᠯ᠎ᠢ ᠤᠯᠠᠮ ᠨᠢᠭᠡ ᠠᠯᠬᠤᠮ ᠰᠠᠢᠲᠤᠷ ᠬᠢᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠶᠢᠨ ᠵᠣᠬᠢᠶᠠᠨ ᠪᠠᠶ᠋ᠢᠭᠤᠯᠬᠤ ᠬᠡᠯᠲᠡᠰ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠭᠤᠯᠤᠮᠵᠢ᠎ᠶᠢᠨ ᠣᠷᠣᠨ ᠲᠣᠭᠠᠨ᠎ᠤ ᠵᠥᠪᠯᠡᠯ᠎ᠦᠨ ᠠᠯᠪᠠᠨ ᠭᠡᠷ᠎ᠦᠨ ᠮᠡᠳᠡᠭᠳᠡᠯ 》 ( ᠥᠪᠥᠷ ᠨᠡᠢᠭᠡᠮ ᠲᠠᠷᠬᠠᠭᠠᠭᠰᠠᠨ [ 2025 ] 10 ᠳ᠋ᠤᠭᠠᠷ ᠲᠣᠭᠠᠲᠤ ) ᠤᠨ ᠬᠣᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠂ ᠥᠪᠥᠷ ᠮᠣᠩᠭᠣᠯ᠎ᠤᠨ ᠪᠠᠷᠢᠯᠭ᠎ᠠ᠎ᠶᠢᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ ᠴᠢᠳᠠᠪᠤᠷᠢᠲᠠᠨ ᠣᠷᠣᠭᠤᠯᠬᠤ ᠠᠯᠪᠠᠨ ᠵᠠᠷ ᠨᠡᠢᠲᠡᠯᠡᠬᠦ ᠂ ᠵᠣᠬᠢᠶᠠᠨ ᠪᠠᠢᠭᠤᠯᠤᠨ ᠨᠡᠷ᠎ᠡ ᠮᠡᠳᠡᠭᠦᠯᠵᠦ ᠬᠢᠨᠠᠨ ᠪᠠᠢᠴᠠᠭᠠᠬᠤ ᠂ ᠲᠤᠰᠬᠠᠢ ᠮᠡᠷᠭᠡᠵᠢᠯᠲᠡᠨ᠎ᠡᠴᠡ ᠦᠨᠡᠯᠡᠨ ᠵᠢᠱ᠌ᠢᠵᠦ ᠮᠠᠭᠠᠳᠯᠠᠨ ᠲᠣᠭᠲᠠᠭᠠᠬᠤ ᠂ ᠬᠢᠨᠠᠨ ᠪᠠᠢᠴᠠᠭᠠᠬᠤ ᠂ ᠪᠡᠶ᠎ᠡ᠎ᠶᠢᠨ ᠪᠠᠢᠴᠠᠭᠠᠯᠲᠠ ᠬᠢᠬᠦ ᠵᠡᠷᠭᠡ ᠲᠠᠰ ᠳᠠᠷᠠᠭᠠᠯᠠᠯ᠎ᠢᠶᠠᠷ ᠳᠡᠮᠵᠢᠨ ᠂ ᠨᠡᠶ᠋ᠢᠲᠡ 1 ᠬᠥᠮᠥᠨ ᠣᠷᠣᠭᠤᠯᠤᠨ ᠠᠪᠴᠢᠷᠠᠬᠤ᠎ᠪᠠᠷ ᠪᠠᠢᠭ᠎ᠠ ᠴᠢᠳᠠᠪᠤᠷᠢᠲᠠᠨ᠎ᠤ ᠬᠡᠪᠴᠢᠶᠡᠨ᠎ᠳᠦ ᠣᠷᠣᠵᠤ ᠂ ᠡᠳᠦᠭᠡ ᠣᠷᠣᠭᠤᠯᠤᠨ ᠠᠪᠴᠢᠷᠠᠬᠤ᠎ᠪᠠᠷ ᠪᠠᠢᠭ᠎ᠠ ᠳᠡᠭᠡᠳᠦ ᠲᠠᠰ᠎ᠤᠨ ᠠᠵᠢᠯᠲᠠᠨ ᠵᠢᠴᠢ ᠣᠷᠣᠭᠤᠯᠤᠨ ᠠᠪᠴᠢᠷᠠᠬᠤ᠎ᠪᠠᠷ ᠪᠠᠢᠭ᠎ᠠ ᠨᠢᠭᠡᠴᠢ᠎ᠶᠢ ᠢᠯᠡ ᠨᠡᠢᠲᠡᠯᠡᠨ᠎ᠡ ᠃
ᠨᠢᠭᠡ ᠂ ᠢᠯᠡ ᠨᠡᠢᠲᠡᠯᠡᠬᠦ ᠡᠲᠡᠭᠡᠳ
ᠯᠢᠦᠢ ᠵᠢᠶᠣᠣ ᠶᠠᠩ ᠂ ᠡᠷᠡᠭᠲᠡᠢ ᠂ 1990 ᠣᠨ᠎ᠤ 6 ᠰᠠᠷ᠎ᠠ᠎ᠳᠤ ᠳᠦᠷᠦᠵᠡᠶ ᠂ ᠳ᠋ᠣᠺᠲ᠋ᠣᠷᠠᠨᠲ ᠂ ᠥᠪᠥᠷ ᠮᠣᠩᠭᠣᠯ᠎ᠤᠨ ᠪᠠᠷᠢᠯᠭ᠎ᠠ᠎ᠶᠢᠨ ᠠᠵᠢᠯ ᠮᠡᠷᠭᠡᠵᠢᠯ᠎ᠦᠨ ᠶᠡᠬᠡ ᠰᠤᠷᠭᠠᠭᠤᠯᠢ᠎ᠶᠢᠨ ᠲᠤᠰᠬᠠᠢ ᠪᠠᠭ᠍ᠰᠢ᠎ᠶᠢᠨ ᠠᠵᠢᠯ᠎ᠤᠨ ᠪᠠᠢᠷᠢ᠎ᠳᠤ ᠤᠷᠢᠭ᠍ᠳᠠᠬᠤ᠎ᠪᠠᠷ ᠪᠣᠶ ᠃
ᠬᠣᠶᠠᠷ᠂ ᠢᠯᠡ ᠨᠡᠢᠲᠡᠯᠡᠬᠦ ᠴᠠᠭ
2025 ᠣᠨ᠎ᠤ 10 ᠰᠠᠷ᠎ᠠ᠎ᠶᠢᠨ 14᠎ᠦ ᠡᠳᠦᠷ᠎ᠡᠴᠡ 2025 ᠣᠨ᠎ᠤ 10 ᠰᠠᠷ᠎ᠠ᠎ᠶᠢᠨ 20᠎ᠤ ᠡᠳᠦᠷ ᠪᠤᠯᠳᠠᠯ᠎ᠠ
ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶᠢᠭ᠋
ᠨᠢᠭᠡᠴᠢ ᠪᠣᠯᠣᠨ ᠬᠤᠪᠢ ᠬᠥᠮᠥᠨ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ ᠵᠡᠷᠭᠡ ᠬᠡᠯᠪᠡᠷᠢ᠎ᠪᠡᠷ ᠳᠡᠭᠡᠷ᠎ᠡ ᠳᠤᠷᠠᠳᠤᠭᠰᠠᠨ ᠢᠯᠡ ᠨᠡᠢᠲᠡᠯᠡᠭᠰᠡᠨ ᠡᠲᠡᠭᠡᠳ᠎ᠦᠨ ᠬᠣᠯᠪᠣᠭᠳᠠᠯ ᠪᠦᠬᠦᠢ ᠪᠠᠢᠳᠠᠯ ᠪᠣᠯᠣᠨ ᠠᠰᠠᠭᠤᠳᠠᠯ᠎ᠢ ᠲᠤᠰᠬᠠᠵᠤ ᠪᠣᠯᠣᠨ᠎ᠠ᠂ ᠲᠤᠰᠬᠠᠭᠰᠠᠨ ᠮᠠᠲᠧᠷᠢᠶᠠᠯ᠎ᠳᠦ ᠨᠢᠭᠡᠴᠢ ᠨᠢ ᠠᠯᠪᠠᠨ ᠲᠠᠮᠠᠭ᠎ᠠ ᠳᠠᠷᠤᠵᠤ᠂ ᠬᠤᠪᠢ ᠬᠥᠮᠥᠨ ᠦᠨᠡᠨ ᠨᠡᠷ᠎ᠡ᠎ᠪᠡᠨ ᠪᠢᠴᠢᠬᠦ᠎ᠶᠢᠨ ᠬᠠᠮᠲᠤ ᠬᠠᠷᠢᠯᠴᠠᠬᠤ ᠠᠷᠭ᠎ᠠ ᠬᠡᠯᠪᠡᠷᠢ᠎ᠪᠡᠨ ᠬᠠᠩᠭᠠᠬᠤ ᠬᠡᠷᠡᠭᠲᠡᠢ᠃
ᠬᠦᠯᠢᠶᠡᠨ ᠠᠪᠬᠤ ᠴᠠᠭ ᠄ ᠦᠳᠡ᠎ᠶᠢᠨ ᠡᠮᠦᠨ᠎ᠡ 9 ᠄ 00 ︱ 12 ᠄ 00 ᠂ ᠦᠳᠡ᠎ᠶᠢᠨ ᠬᠣᠢᠨ᠎ᠠ 14 ᠄ 30 ︱ 17 ᠄ 00
ᠬᠦᠯᠢᠶᠡᠨ ᠠᠪᠬᠤ ᠤᠲᠠᠰᠤ ᠄ 0471-6946229
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ
ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ
2025 ᠣᠨ᠎ᠤ 10 ᠰᠠᠷ᠎ᠠ᠎ᠶᠢᠨ 13᠎ᠤ ᠡᠳᠦᠷ