ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ᠎ᠶᠢᠨ ᠪᠦᠲᠦᠭᠡᠨ ᠪᠠᠢᠭᠤᠯᠤᠯᠲᠠ᠎ᠶᠢᠨ ᠬᠦᠷᠢᠶᠡᠨ᠎ᠳᠡᠬᠢ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠤᠨ ᠴᠠᠯᠢᠩ ᠥᠭᠬᠦ᠎ᠶᠢ ᠬᠢᠨᠠᠨ ᠡᠵᠡᠮᠳᠡᠵᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ᠎ᠤᠨ ᠦᠨᠡᠨ ᠨᠡᠷ᠎ᠡ᠎ᠪᠡᠷ ᠠᠵᠢᠯ᠎ᠳᠤ ᠭᠠᠷᠬᠤ᠎ᠶᠢ ᠪᠦᠷᠢᠳᠬᠡᠬᠦ ᠲᠥᠬᠦᠭᠡᠷᠦᠮᠵᠢ᠎ᠶᠢᠨ ᠰᠢᠰᠲᠧᠮ᠎ᠢ ᠵᠣᠯᠭᠠᠭᠤᠯᠵᠤ ᠲᠠᠰ ᠳᠡᠪᠰᠢᠭᠦᠯᠬᠦ ᠲᠤᠬᠠᠢ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2025-11-06

ᠬᠣᠯᠪᠣᠭᠳᠠᠯ ᠪᠦᠬᠦᠢ ᠨᠢᠭᠡᠴᠢ᠎ᠨᠦᠭᠦᠳ᠄
      ᠥᠪᠡᠷᠲᠡᠭᠡᠨ ᠵᠠᠰᠠᠬᠤ ᠣᠷᠣᠨ᠎ᠤ ᠴᠠᠯᠢᠩ ᠥᠷᠢᠲᠦᠬᠦ᠎ᠶᠢ ᠵᠠᠰᠠᠬᠤ ᠬᠠᠮᠢᠶ᠎ᠠ ᠪᠦᠬᠦᠢ ᠠᠵᠢᠯ᠎ᠤᠨ ᠱᠠᠭᠠᠷᠳᠠᠯᠭ᠎ᠠ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠤ ᠂ ᠪᠠᠷᠢᠯᠭ᠎ᠠ᠎ᠶᠢᠨ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ᠎ᠦᠨ ᠠᠵᠢᠯᠴᠢᠨ᠎ᠤ ᠦᠨᠡᠨ ᠨᠡᠷ᠎ᠡ᠎ᠶᠢᠨ ᠳᠦᠷᠢᠮ᠎ᠦᠨ ᠮᠡᠳᠡᠭᠡ ᠵᠠᠩᠭᠢᠴᠢᠯᠠᠯᠲᠠ᠎ᠶᠢᠨ ᠬᠠᠮᠢᠶᠠᠷᠤᠯᠲᠠ᠎ᠶᠢ ᠤᠯᠠᠮ ᠨᠢᠭᠡ ᠠᠯᠬᠤᠮ ᠴᠢᠩᠭᠠᠳᠬᠠᠬᠤ᠎ᠶᠢᠨ ᠲᠥᠯᠥᠭᠡ ᠂ ᠤᠯᠤᠰ᠎ᠤᠨ ᠢᠨᠲᠧᠷ ᠰᠦᠯᠵᠢᠶᠡᠨ᠎ᠦ ᠮᠡᠳᠡᠭᠡ ᠵᠠᠩᠭᠢ᠎ᠶᠢᠨ ᠠᠯᠪᠠᠨ ᠭᠡᠷ ᠂ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠳᠣᠲᠣᠭᠠᠳᠤ᠎ᠶᠢ ᠬᠠᠮᠠᠭᠠᠯᠠᠬᠤ ᠶᠠᠮᠤᠨ᠎ᠤ 《 ᠬᠥᠮᠥᠨ᠎ᠦ ᠵᠢᠰᠦ᠎ᠶᠢ ᠢᠯᠭᠠᠨ ᠲᠠᠨᠢᠬᠤ ᠮᠡᠷᠭᠡᠵᠢᠯ᠎ᠦᠨ ᠬᠡᠷᠡᠭᠯᠡᠭᠡᠨ᠎ᠦ ᠠᠮᠤᠷ ᠲᠦᠪᠰᠢᠨ᠎ᠦ ᠬᠠᠮᠢᠶᠠᠷᠤᠯᠲᠠ᠎ᠶᠢᠨ ᠠᠷᠭ᠎ᠠ 》 ᠪᠠ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠯᠥᠰᠦᠨ ᠠᠵᠢᠯᠴᠢᠨ᠎ᠤ ᠴᠠᠯᠢᠩ᠎ᠢ ᠥᠭᠬᠦ᠎ᠶᠢ ᠪᠠᠲᠤᠯᠠᠬᠤ ᠳᠦᠷᠢᠮ 》 ᠵᠡᠷᠭᠡ ᠪᠢᠴᠢᠭ ᠮᠠᠲᠧᠷᠢᠶᠠᠯ᠎ᠤᠨ ᠲᠣᠭᠲᠠᠭᠠᠯ᠎ᠢ ᠦᠨᠳᠦᠰᠦᠯᠡᠨ ᠂ ᠡᠳᠦᠭᠡ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ᠎ᠶᠢᠨ ᠪᠦᠲᠦᠭᠡᠨ ᠪᠠᠢᠭᠤᠯᠤᠯᠲᠠ᠎ᠶᠢᠨ ᠬᠦᠷᠢᠶᠡᠨ᠎ᠳᠡᠬᠢ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠲᠤ ᠴᠠᠯᠢᠩ ᠣᠯᠭᠣᠬᠤ᠎ᠶᠢ ᠬᠢᠨᠠᠨ ᠡᠵᠡᠮᠳᠡᠵᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ ( ᠳᠣᠷᠣᠭ᠍ᠰᠢ 《 ᠬᠢᠨᠠᠨ ᠡᠵᠡᠮᠳᠡᠵᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ 》 ᠭᠡᠵᠦ ᠲᠣᠪᠴᠢᠯᠠᠨ᠎ᠠ )᠎ᠤᠨ ᠦᠨᠡᠨ ᠨᠡᠷ᠎ᠡ᠎ᠪᠡᠷ ᠠᠵᠢᠯ᠎ᠳᠤ ᠭᠠᠷᠬᠤ᠎ᠶᠢ ᠪᠦᠷᠢᠳᠬᠡᠬᠦ ᠲᠥᠬᠦᠭᠡᠷᠦᠮᠵᠢ᠎ᠶᠢᠨ ᠰᠢᠰᠲᠧᠮ᠎ᠢ ᠵᠣᠯᠭᠠᠭᠤᠯᠵᠤ ᠲᠠᠰ ᠳᠡᠪᠰᠢᠭᠦᠯᠬᠦ ᠬᠣᠯᠪᠣᠭᠳᠠᠯ ᠪᠦᠬᠦᠢ ᠵᠦᠢᠯᠡᠰ᠎ᠢ ᠳᠣᠣᠷᠠᠬᠢ ᠮᠡᠲᠦ ᠵᠠᠷᠯᠠᠪᠠ᠃
      ᠨᠢᠭᠡ ᠂ ᠦᠨᠡᠨ ᠨᠡᠷ᠎ᠡ᠎ᠶᠢᠨ ᠳᠦᠷᠢᠮᠲᠦ ᠠᠵᠢᠯ᠎ᠳᠤ ᠭᠠᠷᠬᠤ᠎ᠶᠢ ᠪᠦᠷᠢᠳᠬᠡᠬᠦ ᠲᠥᠬᠦᠭᠡᠷᠦᠮᠵᠢ᠎ᠶᠢ ᠵᠣᠯᠭᠠᠭᠤᠯᠬᠤ ᠱᠠᠭᠠᠷᠳᠠᠯᠭ᠎ᠠ
      ( ᠨᠢᠭᠡ ) ᠦᠨᠡᠨ ᠨᠡᠷ᠎ᠡ᠎ᠶᠢᠨ ᠳᠦᠷᠢᠮᠲᠦ ᠠᠵᠢᠯ᠎ᠳᠦ ᠭᠠᠷᠬᠤ᠎ᠶᠢ ᠪᠦᠷᠢᠳᠬᠡᠬᠦ ᠲᠥᠬᠦᠭᠡᠷᠦᠮᠵᠢ᠎ᠶᠢᠨ ᠵᠥᠭᠡᠯᠡᠨ ᠬᠠᠲᠠᠭᠤ ᠲᠣᠨᠣᠭ᠎ᠤᠨ ᠮᠡᠷᠭᠡᠵᠢᠯ᠎ᠤᠨ ᠪᠠᠷᠢᠮᠵᠢᠶ᠎ᠠ
      ᠦᠨᠡᠨ ᠨᠡᠷ᠎ᠡ᠎ᠶᠢᠨ ᠳᠦᠷᠢᠮᠲᠦ ᠠᠵᠢᠯ᠎ᠳᠤ ᠭᠠᠷᠬᠤ᠎ᠶᠢ ᠪᠦᠷᠢᠳᠬᠡᠬᠦ ᠲᠣᠨᠣᠭ ᠲᠥᠬᠦᠭᠡᠷᠦᠮᠵᠢ᠎ᠶᠢᠨ ᠵᠥᠭᠡᠯᠡᠨ ᠬᠠᠲᠠᠭᠤ ᠲᠣᠨᠣᠭ ᠨᠢ ᠡᠷᠬᠡᠪᠰᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠎ᠳᠤ ᠲᠣᠭᠲᠠᠭᠠᠭᠰᠠᠨ ᠠᠮᠤᠷ ᠲᠦᠪᠰᠢᠨ᠎ᠦ ᠪᠠᠷᠢᠮᠵᠢᠶ᠎ᠠ᠎ᠶᠢ ᠬᠠᠩᠭᠠᠵᠤ ᠂ ᠠᠵᠢᠯ᠎ᠳᠤ ᠭᠠᠷᠬᠤ᠎ᠶᠢ ᠪᠦᠷᠢᠳᠬᠡᠬᠦ ᠬᠠᠲᠠᠭᠤ ᠲᠣᠨᠣᠭ ᠲᠥᠬᠦᠭᠡᠷᠦᠮᠵᠢ ᠵᠢᠴᠢ ᠰᠢᠰᠲᠧᠮ᠎ᠦᠨ ᠬᠡᠷᠡᠭᠯᠡᠯᠲᠡ᠎ᠶᠢᠨ ᠨᠠᠢᠳᠠᠪᠤᠷᠢᠲᠤ ᠴᠢᠨᠠᠷ ᠂ ᠲᠣᠭᠲᠠᠪᠤᠷᠢᠲᠤ ᠴᠢᠨᠠᠷ᠎ᠢ ᠪᠠᠲᠤᠯᠠᠵᠤ ᠂ ᠣᠷᠳᠣ᠌ ᠬᠤᠭᠤᠴᠠᠭᠠᠨ᠎ᠤ ᠲᠣᠭᠲᠠᠪᠤᠷᠢᠲᠠᠢ ᠪᠣᠷᠤᠯᠠᠭᠤᠯᠭ᠎ᠠ᠎ᠶᠢᠨ ᠳᠠᠷᠠᠭᠠᠬᠢ ᠦᠢᠯᠡᠴᠢᠯᠡᠭᠡᠨ ᠵᠢᠴᠢ ᠦᠷᠭᠦᠯᠵᠢᠯᠡᠭᠰᠡᠨ ᠮᠡᠷᠭᠡᠵᠢᠯ᠎ᠦᠨ ᠰᠢᠨᠡᠴᠢᠯᠡᠯᠲᠡ᠎ᠲᠠᠢ ᠪᠠᠢᠵᠤ ᠂ ᠠᠵᠢᠯ᠎ᠳᠤ ᠭᠠᠷᠬᠤ᠎ᠶᠢ ᠪᠦᠷᠢᠳᠬᠡᠬᠦ ᠲᠣᠨᠣᠭ ᠲᠥᠬᠦᠭᠡᠷᠦᠮᠵᠢ᠎ᠶᠢᠨ ᠪᠣᠯᠵᠣᠯᠲᠤ ᠲᠣᠭ᠎ᠠ ᠨᠢ ᠠᠵᠢᠯ᠎ᠳᠤ ᠭᠠᠷᠬᠤ᠎ᠶᠢ ᠪᠦᠷᠢᠳᠬᠡᠬᠦ ᠲᠣᠨᠣᠭ ᠲᠥᠬᠦᠭᠡᠷᠦᠮᠵᠢ᠎ᠶᠢᠨ ᠪᠣᠯᠵᠣᠯᠲᠤ ᠲᠣᠭ᠎ᠠ᠎ᠶᠢᠨ ᠪᠠᠷᠢᠮᠵᠢᠶ᠎ᠠ᠎ᠶᠢ ᠬᠠᠩᠭᠠᠬᠤ ᠬᠡᠷᠡᠭᠲᠡᠢ ( ᠨᠠᠷᠢᠨ ᠵᠦᠢᠯ᠎ᠢ ᠳᠠᠭᠠᠯᠳᠤᠭᠤᠯᠤᠯ 1 ︱ 1᠎ᠳᠤ ᠦᠵᠡ )᠃
      ( ᠬᠣᠶᠠᠷ ) ᠦᠨᠡᠨ ᠨᠡᠷ᠎ᠡ᠎ᠶᠢᠨ ᠳᠦᠷᠢᠮᠲᠦ ᠠᠵᠢᠯ᠎ᠳᠤ ᠭᠠᠷᠬᠤ᠎ᠶᠢ ᠪᠦᠷᠢᠳᠬᠡᠬᠦ ᠲᠥᠬᠦᠭᠡᠷᠦᠮᠵᠢ᠎ᠶᠢᠨ ᠵᠥᠭᠡᠯᠡᠨ ᠬᠠᠲᠠᠭᠤ ᠲᠣᠨᠣᠭ᠎ᠢ ᠵᠣᠯᠭᠠᠭᠤᠯᠬᠤ ᠱᠠᠭᠠᠷᠳᠠᠯᠭ᠎ᠠ
      ᠦᠨᠡᠨ ᠨᠡᠷ᠎ᠡ᠎ᠶᠢᠨ ᠳᠦᠷᠢᠮᠲᠦ ᠠᠵᠢᠯ᠎ᠳᠤ ᠭᠠᠷᠬᠤ᠎ᠶᠢ ᠪᠦᠷᠢᠳᠬᠡᠬᠦ ᠲᠥᠬᠦᠭᠡᠷᠦᠮᠵᠢ᠎ᠶᠢ ᠬᠢᠨᠠᠨ ᠡᠵᠡᠮᠳᠡᠵᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ᠎ᠤᠨ ᠨᠡᠢᠲᠡᠯᠡᠭᠰᠡᠨ 《 ᠲᠠᠪᠴᠠᠩ᠎ᠤᠨ ᠠᠮᠤᠷ ᠲᠦᠪᠰᠢᠨ᠎ᠢᠶᠡᠷ ᠵᠠᠯᠭᠠᠵᠤ ᠣᠷᠣᠭᠤᠯᠬᠤ ᠮᠡᠷᠭᠡᠵᠢᠯ᠎ᠦᠨ ᠵᠢᠷᠤᠮᠵᠢᠯ 》᠎ᠢ ᠦᠨᠳᠦᠰᠦᠯᠡᠨ ᠵᠥᠭᠡᠯᠡᠨ ᠬᠠᠲᠠᠭᠤ ᠲᠣᠨᠣᠭ᠎ᠢ ᠥᠭᠡᠷᠡᠴᠢᠯᠡᠬᠦ ᠂ ᠵᠣᠯᠭᠠᠭᠤᠯᠬᠤ᠎ᠶᠢ ᠬᠡᠷᠡᠭᠵᠢᠭᠦᠯᠬᠦ ᠬᠡᠷᠡᠭᠲᠡᠢ ᠃ ᠥᠭᠡᠷᠡᠴᠢᠯᠡᠵᠦ ᠂ ᠵᠣᠯᠭᠠᠭᠤᠯᠤᠭᠰᠠᠨ᠎ᠤ ᠳᠠᠷᠠᠭᠠᠬᠢ ᠲᠥᠬᠦᠭᠡᠷᠦᠮᠵᠢ᠎ᠶᠢ ᠬᠢᠨᠠᠨ ᠡᠵᠡᠮᠳᠡᠵᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ ᠯᠤᠭ᠎ᠠ ᠲᠣᠭ᠎ᠠ ᠪᠠᠷᠢᠮᠲᠠ᠎ᠶᠢ ᠬᠣᠯᠪᠣᠬᠤ᠎ᠶᠢ ᠪᠡᠶᠡᠯᠡᠭᠦᠯᠵᠦ ᠪᠣᠯᠣᠨ᠎ᠠ᠃
      ( ᠭᠤᠷᠪᠠ ) ᠦᠨᠡᠨ ᠨᠡᠷ᠎ᠡ᠎ᠶᠢᠨ ᠳᠦᠷᠢᠮᠲᠦ ᠠᠵᠢᠯ᠎ᠳᠤ ᠭᠠᠷᠬᠤ᠎ᠶᠢ ᠪᠦᠷᠢᠳᠬᠡᠬᠦ ᠲᠥᠬᠦᠭᠡᠷᠦᠮᠵᠢ᠎ᠶᠢᠨ ᠵᠥᠭᠡᠯᠡᠨ ᠬᠠᠲᠠᠭᠤ ᠲᠣᠨᠣᠭ᠎ᠢ ᠵᠣᠯᠭᠠᠭᠤᠯᠬᠤ ᠶᠠᠪᠤᠴᠠ
      1. ᠮᠠᠲᠧᠷᠢᠶᠠᠯ ᠲᠤᠰᠢᠶᠠᠬᠤ ᠬᠤᠭᠤᠴᠠᠭ᠎ᠠ᠃ ᠲᠣᠰ ᠤᠳᠠᠭᠠᠨ᠎ᠤ ᠠᠵᠢᠯ᠎ᠳᠤ ᠭᠠᠷᠬᠤ᠎ᠶᠢ ᠪᠦᠷᠢᠳᠬᠡᠬᠦ ᠲᠥᠬᠦᠭᠡᠷᠦᠮᠵᠢ᠎ᠶᠢ ᠵᠣᠯᠭᠠᠭᠤᠯᠵᠤ ᠬᠣᠯᠪᠤᠭᠠᠯᠠᠨ ᠰᠢᠯᠵᠢᠭᠦᠯᠬᠦ᠎ᠪᠡᠷ ᠭᠤᠶᠤᠴᠢᠯᠠᠬᠤ ᠴᠠᠭ ᠨᠢ 2025 ᠣᠨ᠎ᠤ 8 ᠰᠠᠷ᠎ᠠ᠎ᠶᠢᠨ 5᠎ᠤ ᠡᠳᠦᠷ᠎ᠡᠴᠡ 9 ᠰᠠᠷ᠎ᠠ᠎ᠶᠢᠨ 5᠎ᠤ ᠡᠳᠦᠷ ᠪᠣᠯᠣᠨ᠎ᠠ ᠃ ᠵᠠᠯᠭᠠᠭᠠᠳ ᠪᠣᠳᠠᠲᠠᠢ ᠠᠵᠢᠯ᠎ᠤᠨ ᠬᠡᠷᠡᠭᠴᠡᠭᠡ᠎ᠪᠡᠨ ᠦᠨᠳᠦᠰᠦᠯᠡᠨ ᠂ ᠵᠠᠷᠴᠢᠮ ᠳᠡᠭᠡᠷ᠎ᠡ᠎ᠪᠡᠨ ᠵᠢᠯ ᠪᠦᠷᠢ᠎ᠶᠢᠨ 3 ᠳ᠋ᠤᠭᠠᠷ ᠰᠠᠷ᠎ᠠ᠎ᠳᠤ ᠨᠢᠭᠡ ᠤᠳᠠᠭ᠎ᠠ ᠠᠵᠢᠯ᠎ᠳᠤ ᠭᠠᠷᠬᠤ᠎ᠶᠢ ᠪᠦᠷᠢᠳᠬᠡᠬᠦ ᠲᠥᠬᠦᠭᠡᠷᠦᠮᠵᠢ᠎ᠶᠢᠨ ᠬᠠᠲᠠᠭᠤ ᠲᠣᠨᠣᠭ᠎ᠢ ᠵᠣᠯᠭᠠᠭᠤᠯᠵᠤ ᠬᠣᠯᠪᠤᠭᠠᠯᠠᠨ ᠰᠢᠯᠵᠢᠭᠦᠯᠬᠦ ᠠᠵᠢᠯ᠎ᠢ ᠥᠷᠨᠢᠭᠦᠯᠦᠨ᠎ᠡ᠃
      2. ᠬᠠᠮᠢᠶ᠎ᠠ ᠪᠦᠬᠦᠢ ᠮᠠᠲᠧᠷᠢᠶᠠᠯ᠎ᠢᠶᠠᠨ ᠭᠠᠷᠳᠠᠭᠤᠯᠬᠤ᠃ ᠠᠵᠢᠯ᠎ᠳᠤ ᠭᠠᠷᠬᠤ᠎ᠶᠢ ᠪᠦᠷᠢᠳᠬᠡᠬᠦ ᠲᠥᠬᠦᠭᠡᠷᠦᠮᠵᠢ᠎ᠶᠢᠨ ᠦᠢᠯᠡᠳᠪᠦᠷᠢᠯᠡᠯ᠎ᠦᠨ ᠦᠢᠯᠡᠳᠪᠦᠷᠢ ᠬᠤᠳᠠᠯᠳᠤᠭ᠎ᠠ ( ᠲᠥᠬᠦᠭᠡᠷᠦᠮᠵᠢ᠎ᠶᠢᠨ ᠣᠷᠣᠯᠠᠨ ᠭᠦᠢᠴᠡᠳᠬᠡᠬᠦ ᠬᠤᠳᠠᠯᠳᠤᠭᠠᠴᠢᠨ ᠪᠠ ᠬᠤᠷᠠᠮᠠᠯ ᠬᠤᠳᠠᠯᠳᠤᠭᠠᠴᠢᠨ᠎ᠠᠴᠠ ᠪᠤᠰᠤᠳ ) ᠨᠢ ᠠᠵᠢᠯ᠎ᠳᠤ ᠭᠠᠷᠬᠤ᠎ᠶᠢ ᠪᠦᠷᠢᠳᠬᠡᠬᠦ ᠲᠥᠬᠦᠭᠡᠷᠦᠮᠵᠢ᠎ᠶᠢᠨ ᠵᠥᠭᠡᠯᠡᠨ ᠬᠠᠲᠠᠭᠤ ᠲᠣᠨᠣᠭ᠎ᠢ ᠬᠣᠯᠪᠣᠵᠤ ᠲᠣᠬᠢᠷᠠᠭᠤᠯᠤᠨ ᠵᠣᠯᠭᠠᠭᠤᠯᠬᠤ᠎ᠶᠢ ᠪᠠᠭᠲᠠᠭᠠᠭᠰᠠᠨ ᠭᠤᠶᠤᠴᠢᠯᠠᠯ᠎ᠤᠨ ᠪᠢᠴᠢᠭ ( ᠳᠠᠭᠠᠯᠳᠤᠭᠤᠯᠤᠯ 1 ︱ 2᠎ᠢ ᠦᠵᠡ ) ᠂ ᠠᠮᠠᠯᠠᠯᠲᠠ᠎ᠶᠢᠨ ᠪᠢᠴᠢᠭ ( ᠳᠠᠭᠠᠯᠳᠤᠭᠤᠯᠤᠯ 1 ︱ 3᠎ᠶᠢ ᠦᠵᠡ ) ᠂ ᠠᠵᠤ ᠠᠬᠤᠢᠯᠠᠯ᠎ᠤᠨ ᠬᠠᠤᠯᠢ᠎ᠪᠠᠷ ᠲᠣᠭᠲᠠᠭᠠᠭᠰᠠᠨ ᠲᠥᠯᠥᠭᠡᠯᠡᠭᠴᠢ᠎ᠶᠢᠨ ᠡᠷᠬᠡ ᠣᠯᠭᠣᠬᠤ ᠪᠢᠴᠢᠭ ( ᠳᠠᠭᠠᠯᠳᠤᠭᠤᠯᠤᠯ 1 ︱ 4᠎ᠶᠢ ᠦᠵᠡ ) ᠂ ᠡᠵᠡᠩᠨᠡᠯᠲᠡ᠎ᠶᠢᠨ ᠦᠨᠡᠮᠯᠡᠯ ᠂ ᠪᠣᠷᠣᠯᠠᠭᠤᠯᠤᠭᠰᠠᠨ᠎ᠤ ᠳᠠᠷᠠᠭᠠᠬᠢ ᠦᠢᠯᠡᠴᠢᠯᠡᠭᠡᠨ᠎ᠦ ᠴᠢᠳᠠᠪᠤᠷᠢ᠎ᠶᠢ ᠪᠦᠷᠢᠯᠳᠦᠭᠦᠯᠦᠭᠰᠡᠨ ᠲᠣᠳᠣᠷᠬᠠᠢᠯᠠᠯᠲᠠ ᠂ ᠲᠥᠬᠦᠭᠡᠷᠦᠮᠵᠢ᠎ᠶᠢ ᠪᠠᠢᠴᠠᠭᠠᠨ ᠰᠢᠯᠭᠠᠭᠰᠠᠨ ᠮᠡᠳᠡᠭᠦᠯᠦᠯᠲᠡ ᠵᠡᠷᠭᠡ ᠬᠠᠮᠢᠶ᠎ᠠ ᠪᠦᠬᠦᠢ ᠮᠠᠲᠧᠷᠢᠶᠠᠯ᠎ᠢ ᠲᠤᠰᠢᠶᠠᠬᠤ ᠬᠡᠷᠡᠭᠲᠡᠢ ( ᠪᠣᠳᠠᠲᠠᠢ ᠮᠠᠲᠧᠷᠢᠶᠠᠯ᠎ᠤᠨ ᠱᠠᠭᠠᠷᠳᠠᠯᠭ᠎ᠠ᠎ᠶᠢ ᠳᠠᠭᠠᠯᠳᠤᠭᠤᠯᠤᠯ 1 ︱ 5᠎ᠶᠢ ᠦᠵᠡ ) ᠃
      ᠭᠤᠶᠤᠴᠢᠯᠠᠯ᠎ᠤᠨ ᠮᠠᠲᠧᠷᠢᠶᠠᠯ᠎ᠢ ᠲᠤᠰᠢᠶᠠᠭᠰᠠᠨ ᠪᠤᠶᠤ ᠰᠢᠤᠳᠠᠨ᠎ᠢᠶᠠᠷ ᠢᠯᠡᠭᠡᠬᠦ ᠄ ᠬᠥᠬᠡᠬᠣᠲᠠ᠎ᠶᠢᠨ ᠰᠢᠨᠬᠤᠸᠠ ᠶᠡᠬᠡ ᠵᠡᠭᠡᠯᠢ᠎ᠶᠢᠨ 63 ᠳ᠋ᠤᠭᠠᠷ ᠨᠣᠮᠧᠷᠲᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ᠎ᠦᠨ 436 ᠥᠷᠥᠭᠡ ᠂ ᠡᠯᠧᠺᠲᠷᠣᠨ ᠰᠢᠤᠳᠠᠨ᠎ᠤ ᠬᠠᠢᠷᠴᠠᠭ ᠄ nmgrstldjcj@163.com ᠂ ᠬᠤᠭᠤᠴᠠᠭ᠎ᠠ ᠬᠡᠲᠦᠷᠡᠲᠡᠯ᠎ᠡ ᠲᠤᠰᠢᠶᠠᠭᠰᠠᠨ ᠪᠤᠶᠤ ᠲᠤᠰᠢᠶᠠᠭᠰᠠᠨ ᠮᠠᠲᠧᠷᠢᠶᠠᠯ ᠨᠢ ᠱᠠᠭᠠᠷᠳᠠᠯᠭ᠎ᠠ᠎ᠳᠤ ᠨᠡᠢᠴᠡᠬᠦ ᠦᠭᠡᠢ ᠪᠣᠯ ᠭᠤᠶᠤᠴᠢᠯᠠᠯ᠎ᠢ ᠬᠦᠴᠦᠨ ᠦᠭᠡᠢ᠎ᠪᠡᠷ ᠦᠵᠡᠨ᠎ᠡ᠃
      3. ᠠᠵᠢᠯ᠎ᠳᠤ ᠭᠠᠷᠬᠤ᠎ᠶᠢ ᠪᠦᠷᠢᠳᠬᠡᠬᠦ ᠬᠠᠲᠠᠭᠤ ᠲᠣᠨᠣᠭ᠎ᠦᠨ ᠲᠥᠬᠦᠭᠡᠷᠦᠮᠵᠢ᠎ᠶᠢ ᠵᠣᠯᠭᠠᠭᠤᠯᠵᠤ ᠬᠣᠯᠪᠤᠭᠠᠯᠠᠨ ᠲᠣᠬᠢᠷᠠᠭᠤᠯᠤᠨ᠎ᠠ ᠃ ᠠᠵᠢᠯ᠎ᠳᠤ ᠭᠠᠷᠬᠤ᠎ᠶᠢ ᠪᠦᠷᠢᠳᠬᠡᠬᠦ ᠲᠥᠬᠦᠭᠡᠷᠦᠮᠵᠢ ᠦᠢᠯᠡᠳᠪᠦᠷᠢᠯᠡᠬᠦ ᠦᠢᠯᠡᠳᠪᠦᠷᠢ ᠬᠤᠳᠠᠯᠳᠤᠭᠠᠴᠢᠨ ( ᠲᠥᠬᠦᠭᠡᠷᠦᠮᠵᠢ᠎ᠶᠢᠨ ᠣᠷᠣᠯᠠᠨ ᠭᠦᠢᠴᠡᠳᠬᠡᠬᠦ ᠬᠤᠳᠠᠯᠳᠤᠭᠠᠴᠢᠨ ᠪᠠ ᠬᠤᠷᠠᠮᠠᠯ ᠬᠤᠳᠠᠯᠳᠤᠭᠠᠴᠢᠨ ᠪᠠᠭᠲᠠᠬᠤ ᠦᠭᠡᠢ ) ᠱᠠᠭᠠᠷᠳᠠᠯᠭ᠎ᠠ ᠶᠣᠰᠣᠭᠠᠷ ᠭᠤᠶᠤᠴᠢᠯᠠᠯ᠎ᠤᠨ ᠮᠠᠲᠧᠷᠢᠶᠠᠯ᠎ᠢᠶᠠᠨ ᠲᠤᠰᠢᠶᠠᠵᠤ ᠂ ᠮᠠᠨ᠎ᠤ ᠲᠢᠩᠬᠢᠮ ᠬᠦᠴᠦᠨ᠎ᠲᠠᠢ ᠭᠡᠵᠦ ᠨᠤᠲᠠᠯᠠᠭᠰᠠᠨ᠎ᠤ ᠳᠠᠷᠠᠭ᠎ᠠ ᠂ ᠠᠵᠢᠯ᠎ᠳᠤ ᠭᠠᠷᠬᠤ᠎ᠶᠢ ᠪᠦᠷᠢᠳᠬᠡᠬᠦ ᠲᠥᠬᠦᠭᠡᠷᠦᠮᠵᠢ ᠦᠢᠯᠡᠳᠪᠦᠷᠢᠯᠡᠬᠦ ᠦᠢᠯᠡᠳᠪᠦᠷᠢ ᠬᠤᠳᠠᠯᠳᠤᠭᠠᠴᠢᠨ᠎ᠲᠠᠢ ᠮᠡᠷᠭᠡᠵᠢᠯ᠎ᠦᠨ ᠨᠢᠭᠤᠴᠠ᠎ᠶᠢ ᠬᠠᠮᠠᠭᠠᠯᠠᠬᠤ ᠬᠡᠯᠡᠯᠴᠡᠭᠡᠷ ᠲᠣᠭᠲᠠᠨ᠎ᠠ ᠃ ᠳᠠᠷᠠᠭ᠎ᠠ᠎ᠪᠠᠷ ᠨᠢ ᠠᠵᠢᠯ᠎ᠳᠤ ᠭᠠᠷᠬᠤ᠎ᠶᠢ ᠪᠦᠷᠢᠳᠬᠡᠬᠦ ᠲᠥᠬᠦᠭᠡᠷᠦᠮᠵᠢ᠎ᠶᠢᠨ ᠦᠢᠯᠡᠳᠪᠦᠷᠢᠯᠡᠯ᠎ᠦᠨ ᠦᠢᠯᠡᠳᠪᠦᠷᠢ᠎ᠳᠦ ᠠᠵᠢᠯ᠎ᠳᠤ ᠭᠠᠷᠬᠤ᠎ᠶᠢ ᠪᠦᠷᠢᠳᠬᠡᠬᠦ ᠲᠥᠬᠦᠭᠡᠷᠦᠮᠵᠢ᠎ᠶᠢ ᠵᠣᠯᠭᠠᠭᠤᠯᠵᠤ ᠬᠣᠯᠪᠤᠭᠠᠯᠠᠨ ᠲᠣᠬᠢᠷᠠᠭᠤᠯᠬᠤ ᠮᠡᠷᠭᠡᠵᠢᠯ᠎ᠦᠨ ᠵᠢᠯᠤᠭᠣᠳᠬᠤ ᠪᠢᠴᠢᠭ ᠮᠠᠲᠧᠷᠢᠶᠠᠯ ᠬᠠᠩᠭᠠᠵᠤ ᠂ ᠠᠵᠢᠯ᠎ᠳᠤ ᠭᠠᠷᠬᠤ᠎ᠶᠢ ᠪᠦᠷᠢᠳᠬᠡᠬᠦ ᠲᠥᠬᠦᠭᠡᠷᠦᠮᠵᠢ ᠦᠢᠯᠡᠳᠪᠦᠷᠢᠯᠡᠬᠦ ᠦᠢᠯᠡᠳᠪᠦᠷᠢ ᠬᠤᠳᠠᠯᠳᠤᠭᠠᠨ᠎ᠤ ᠬᠢᠨ ᠵᠢᠯᠤᠭᠣᠳᠬᠤ ᠪᠢᠴᠢᠭ ᠮᠠᠲᠧᠷᠢᠶᠠᠯ᠎ᠤᠨ ᠱᠠᠭᠠᠷᠳᠠᠯᠭ᠎ᠠ ᠶᠣᠰᠣᠭᠠᠷ ᠠᠵᠢᠯ᠎ᠳᠤ ᠭᠠᠷᠬᠤ᠎ᠶᠢ ᠪᠦᠷᠢᠳᠬᠡᠬᠦ ᠬᠠᠮᠢᠶᠠᠷᠤᠯᠲᠠ᠎ᠶᠢᠨ ᠰᠢᠰᠲᠧᠮ᠎ᠢ ᠵᠣᠯᠭᠠᠭᠤᠯᠵᠤ ᠂ ᠬᠠᠩᠭᠠᠬᠤ ᠠᠵᠢᠯ᠎ᠳᠤ ᠭᠠᠷᠬᠤ᠎ᠶᠢ ᠪᠦᠷᠢᠳᠬᠡᠬᠦ ᠲᠥᠬᠦᠭᠡᠷᠦᠮᠵᠢ᠎ᠪᠡᠨ ᠥᠭᠡᠷᠡᠴᠢᠯᠡᠬᠦ᠎ᠶᠢᠨ ᠬᠠᠮᠲᠤ ᠲᠣᠰ ᠺᠣᠮᠫᠠᠨᠢ᠎ᠶᠢᠨ ᠠᠵᠢᠯ᠎ᠳᠤ ᠭᠠᠷᠬᠤ᠎ᠶᠢ ᠪᠦᠷᠢᠳᠬᠡᠬᠦ ᠲᠥᠬᠦᠭᠡᠷᠦᠮᠵᠢ᠎ᠪᠡᠨ ᠬᠣᠯᠪᠤᠭᠠᠯᠠᠨ ᠲᠣᠬᠢᠷᠠᠭᠤᠯᠬᠤ᠎ᠶᠢ ᠵᠣᠯᠭᠠᠭᠤᠯᠬᠤ ᠪᠠ ᠰᠢᠯᠭᠠᠨ ᠲᠤᠷᠰᠢᠬᠤ ᠠᠵᠢᠯ᠎ᠢ ᠬᠠᠷᠢᠭᠤᠴᠠᠵᠤ ᠂ ᠨᠢᠭᠡ ᠰᠠᠷ᠎ᠠ᠎ᠶᠢᠨ ᠳᠣᠲᠣᠷ᠎ᠠ ᠬᠣᠯᠪᠤᠭᠠᠯᠠᠨ ᠲᠣᠬᠢᠷᠠᠭᠤᠯᠬᠤ᠎ᠶᠢ ᠵᠣᠯᠭᠠᠭᠤᠯᠬᠤ ᠰᠢᠯᠭᠠᠯᠲᠠ᠎ᠶᠢ ᠪᠡᠶᠡᠯᠡᠭᠦᠯᠵᠦ ᠂ ᠬᠤᠭᠤᠴᠠᠭ᠎ᠠ ᠬᠡᠲᠦᠷᠡᠪᠡᠯ ᠳᠠᠭᠢᠵᠤ ᠬᠣᠯᠪᠤᠭᠠᠯᠠᠨ ᠲᠣᠬᠢᠷᠠᠭᠤᠯᠬᠤ᠎ᠶᠢ ᠭᠥᠯᠢᠶᠡᠨ ᠠᠪᠬᠤ ᠦᠭᠡᠢ ᠪᠠᠢᠬᠤ ᠬᠡᠷᠡᠭᠲᠡᠢ᠃
      4. ᠠᠵᠢᠯ᠎ᠳᠤ ᠭᠠᠷᠬᠤ᠎ᠶᠢ ᠪᠦᠷᠢᠳᠬᠡᠬᠦ ᠲᠥᠬᠦᠭᠡᠷᠦᠮᠵᠢ᠎ᠶᠢᠨ ᠬᠠᠲᠠᠭᠤ ᠲᠣᠨᠣᠭ᠎ᠤᠨ ᠬᠡᠯᠪᠡᠷᠢ ᠮᠠᠶᠢᠭ᠋᠎ᠢ ᠨᠡᠢᠲᠡᠯᠡᠨ᠎ᠡ ᠃ ᠠᠵᠢᠯ᠎ᠳᠤ ᠭᠠᠷᠬᠤ᠎ᠶᠢ ᠪᠦᠷᠢᠳᠬᠡᠬᠦ ᠲᠥᠬᠦᠭᠡᠷᠦᠮᠵᠢ᠎ᠶᠢ ᠵᠣᠯᠭᠠᠭᠤᠯᠵᠤ ᠬᠣᠯᠪᠤᠭᠠᠯᠠᠨ ᠰᠢᠯᠵᠢᠭᠦᠯᠬᠦ ᠰᠢᠯᠭᠠᠯᠲᠠ᠎ᠶᠢᠨ ᠦᠷ᠎ᠡ ᠳ᠋ᠦᠩ᠎ᠢ ᠦᠨᠳᠦᠰᠦᠯᠡᠨ ᠂ ᠲᠠᠪᠴᠠᠩ ᠨᠢ ᠨᠢᠭᠡᠨᠲᠡ ᠬᠣᠯᠪᠤᠭᠠᠯᠠᠨ ᠲᠣᠬᠢᠷᠠᠭᠤᠯᠵᠤ ᠲᠤᠷᠰᠢᠨ ᠰᠢᠯᠭᠠᠭᠠᠳ ᠠᠮᠵᠢᠯᠲᠠ ᠣᠯᠣᠭᠰᠠᠨ ᠠᠵᠢᠯ᠎ᠳᠤ ᠭᠠᠷᠬᠤ᠎ᠶᠢ ᠪᠦᠷᠢᠳᠬᠡᠬᠦ ᠲᠥᠬᠦᠭᠡᠷᠦᠮᠵᠢ᠎ᠶᠢᠨ ᠬᠠᠲᠠᠭᠤ ᠲᠣᠨᠣᠭ᠎ᠦᠨ ᠬᠡᠯᠪᠡᠷᠢ ᠮᠠᠶᠢᠭ᠋᠎ᠢ ᠨᠡᠢᠲᠡᠯᠡᠬᠦ᠎ᠶᠢᠨ ᠬᠠᠮᠲᠤ ᠮᠡᠳᠡᠭᠡ ᠵᠠᠩᠭᠢ᠎ᠶᠢ ᠢᠯᠡ ᠨᠡᠢᠲᠡᠯᠡᠬᠦ ᠳᠦᠷᠢᠮ᠎ᠢ ᠪᠠᠢᠭᠤᠯᠵᠤ ᠂ ᠬᠡᠷᠡᠭᠯᠡᠬᠦ ᠲᠥᠬᠦᠭᠡᠷᠦᠮᠵᠢ᠎ᠶᠢᠨ ᠢᠨᠵᠧᠨᠧᠷᠢᠩ᠎ᠦᠨ ᠲᠥᠷᠥᠯ ᠵᠦᠢᠯ᠎ᠦᠨ ᠲᠣᠭ᠎ᠠ ᠂ ᠲᠥᠬᠦᠭᠡᠷᠦᠮᠵᠢ᠎ᠶᠢᠨ ᠰᠠᠭᠠᠳ᠎ᠤᠨ ᠨᠣᠷᠮ᠎ᠠ ᠵᠡᠷᠭᠡ ᠮᠡᠳᠡᠭᠡ ᠵᠠᠩᠭᠢ᠎ᠶᠢ ᠪᠠᠭᠲᠠᠭᠠᠭᠰᠠᠨ ᠠᠵᠢᠯ᠎ᠳᠤ ᠭᠠᠷᠬᠤ᠎ᠶᠢ ᠪᠦᠷᠢᠳᠬᠡᠬᠦ ᠲᠥᠬᠦᠭᠡᠷᠦᠮᠵᠢ᠎ᠶᠢᠨ ᠬᠠᠲᠠᠭᠤ ᠲᠣᠨᠣᠭ᠎ᠦᠨ ᠬᠡᠯᠪᠡᠷᠢ ᠮᠠᠶᠢᠭ᠋᠎ᠢ ᠬᠡᠷᠡᠭᠯᠡᠭᠰᠡᠨ ᠪᠠᠢᠳᠠᠯ᠎ᠢ ᠭᠠᠳᠠᠭ᠍ᠰᠢ ᠨᠡᠢᠲᠡᠯᠡᠵᠦ ᠂ ᠪᠠᠷᠢᠯᠭ᠎ᠠ᠎ᠶᠢᠨ ᠠᠵᠤ ᠠᠬᠤᠢᠯᠠᠯ᠎ᠤᠨ ᠯᠠᠪᠯᠠᠯᠲᠠ ᠪᠣᠯᠭᠠᠬᠤ ᠪᠠ ᠰᠢᠯᠢᠳᠡᠭ᠎ᠢ ᠨᠢ ᠰᠣᠩᠭᠣᠬᠤ᠎ᠳᠤ ᠬᠠᠩᠭᠠᠨ᠎ᠠ ᠃
      ᠬᠣᠶᠠᠷ᠂ ᠬᠢᠨᠠᠯᠲᠠ ᠲᠠᠯᠪᠢᠵᠤ ᠬᠠᠮᠢᠶᠠᠷᠬᠤ
      ᠠᠵᠢᠯ᠎ᠳᠤ ᠭᠠᠷᠬᠤ ᠲᠣᠭ᠎ᠠ ᠪᠠᠷᠢᠮᠲᠠ᠎ᠶᠢᠨ ᠶᠠᠰᠤ ᠴᠢᠨᠠᠷ ᠪᠠ ᠠᠵᠢᠯᠯᠠᠭᠤᠯᠵᠤ ᠪᠠᠲᠤᠯᠠᠬᠤ ᠦᠢᠯᠡᠴᠢᠯᠡᠭᠡᠨ᠎ᠦ ᠶᠠᠰᠤ ᠴᠢᠨᠠᠷ᠎ᠢ ᠪᠠᠲᠤᠯᠠᠬᠤ᠎ᠶᠢᠨ ᠲᠥᠯᠥᠭᠡ ᠂ ᠮᠠᠨ᠎ᠤ ᠲᠢᠩᠬᠢᠮ᠎ᠡᠴᠡ ᠬᠢᠨᠠᠨ ᠡᠵᠡᠮᠳᠡᠬᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ᠎ᠤᠨ ᠦᠨᠡᠨ ᠨᠡᠷ᠎ᠡ᠎ᠶᠢᠨ ᠳᠦᠷᠢᠮᠲᠦ ᠠᠵᠢᠯ᠎ᠳᠤ ᠭᠠᠷᠬᠤ᠎ᠶᠢ ᠪᠦᠷᠢᠳᠬᠡᠬᠦ ᠲᠥᠬᠦᠭᠡᠷᠦᠮᠵᠢ᠎ᠶᠢᠨ ᠬᠢᠨᠠᠯᠲᠠ ᠬᠠᠮᠢᠶᠠᠷᠤᠯᠲᠠ᠎ᠶᠢᠨ ᠳᠦᠷᠢᠮ᠎ᠢ ᠲᠣᠭᠲᠠᠭᠠᠵᠤ ᠂ ᠦᠨᠡᠨ ᠨᠡᠷ᠎ᠡ᠎ᠶᠢᠨ ᠳᠦᠷᠢᠮᠲᠦ ᠠᠵᠢᠯ᠎ᠳᠤ ᠭᠠᠷᠬᠤ᠎ᠶᠢ ᠪᠦᠷᠢᠳᠬᠡᠬᠦ ᠲᠥᠬᠦᠭᠡᠷᠦᠮᠵᠢ᠎ᠶᠢᠨ ᠵᠥᠭᠡᠯᠡᠨ ᠬᠠᠲᠠᠭᠤ ᠲᠣᠨᠣᠭ᠎ᠢ ᠦᠨᠡᠯᠡᠨ ᠵᠢᠱ᠌ᠢᠵᠦ ᠪᠠᠢᠴᠠᠭᠠᠨ ᠬᠡᠮᠵᠢᠬᠦ ᠪᠠ ᠠᠵᠢᠯ᠎ᠳᠤ ᠭᠠᠷᠬᠤ᠎ᠶᠢ ᠪᠦᠷᠢᠳᠬᠡᠬᠦ ᠲᠥᠬᠦᠭᠡᠷᠦᠮᠵᠢ᠎ᠶᠢᠨ ᠦᠢᠯᠡᠴᠢᠯᠡᠭᠡᠨ᠎ᠦ ᠬᠤᠳᠠᠯᠳᠤᠭᠠᠴᠢᠨ᠎ᠤ ᠡᠳᠦᠷ ᠲᠤᠲᠤᠮ᠎ᠤᠨ ᠬᠠᠮᠢᠶᠠᠷᠤᠯᠲᠠ᠎ᠶᠢ ᠴᠢᠩᠭᠠᠳᠬᠠᠵᠤ ᠂ ᠦᠨᠡᠨ ᠨᠡᠷ᠎ᠡ᠎ᠶᠢᠨ ᠳᠦᠷᠢᠮᠲᠦ ᠠᠵᠢᠯ᠎ᠳᠤ ᠭᠠᠷᠬᠤ᠎ᠶᠢ ᠪᠦᠷᠢᠳᠬᠡᠬᠦ ᠲᠥᠬᠦᠭᠡᠷᠦᠮᠵᠢ ᠵᠢᠴᠢ ᠦᠢᠯᠡᠳᠪᠦᠷᠢ ᠬᠤᠳᠠᠯᠳᠤᠭᠠᠴᠢᠨ᠎ᠤ ᠪᠠᠢᠴᠠᠭᠠᠨ ᠬᠡᠮᠵᠢᠵᠦ ᠦᠨᠡᠯᠡᠨ ᠵᠢᠱ᠌ᠢᠭᠰᠡᠨ ᠮᠡᠳᠡᠭᠦᠯᠦᠯᠲᠡ᠎ᠶᠢ ᠲᠣᠭᠲᠠᠮᠠᠯ ᠬᠤᠭᠤᠴᠠᠭ᠎ᠠ᠎ᠲᠠᠢ᠎ᠪᠠᠷ ᠨᠠᠪᠲᠠᠷᠡᠭᠦᠯᠵᠦ ᠂ ᠬᠢᠨᠠᠨ ᠡᠵᠡᠮᠳᠡᠵᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ᠎ᠤᠨ ᠠᠵᠢᠯ᠎ᠤᠨ ᠱᠠᠭᠠᠷᠳᠠᠯᠭ᠎ᠠ᠎ᠳᠤ ᠨᠡᠢᠴᠡᠬᠦ ᠦᠭᠡᠢ ᠲᠥᠬᠦᠭᠡᠷᠦᠮᠵᠢ᠎ᠶᠢᠨ ᠦᠢᠯᠡᠳᠪᠦᠷᠢ ᠬᠤᠳᠠᠯᠳᠤᠭᠠᠴᠢᠨ᠎ᠤ ᠲᠥᠬᠦᠭᠡᠷᠦᠮᠵᠢ ᠬᠠᠩᠭᠠᠬᠤ ᠬᠢᠷᠢ ᠬᠡᠮ᠎ᠢ ᠲᠦᠷ ᠵᠣᠭᠰᠣᠭᠠᠨ᠎ᠠ ᠃
      ᠬᠠᠷᠢᠯᠴᠠᠬᠤ ᠬᠥᠮᠥᠨ ᠄ ᠺᠠᠩ ᠺᠠᠢ
      ᠬᠠᠷᠢᠯᠴᠠᠬᠤ ᠤᠲᠠᠰᠤ ᠄ 0471-6944443
      ᠳᠠᠭᠠᠯᠳᠤᠭᠤᠯᠤᠯ ᠄ ᠠᠵᠢᠯ᠎ᠳᠤ ᠭᠠᠷᠬᠤ᠎ᠶᠢ ᠪᠦᠷᠢᠳᠬᠡᠬᠦ ᠲᠥᠬᠦᠭᠡᠷᠦᠮᠵᠢ᠎ᠶᠢᠨ ᠵᠥᠭᠡᠯᠡᠨ ᠬᠠᠲᠠᠭᠤ ᠲᠣᠨᠣᠭ᠎ᠢ ᠬᠣᠯᠪᠣᠨ ᠲᠣᠬᠢᠷᠠᠭᠤᠯᠬᠤ᠎ᠶᠢ ᠭᠤᠶᠤᠴᠢᠯᠠᠬᠤ᠎ᠳᠤ ᠲᠤᠰᠢᠶᠠᠬᠤ ᠴᠢᠬᠤᠯᠠᠲᠠᠢ ᠬᠠᠮᠢᠶ᠎ᠠ ᠪᠦᠬᠦᠢ ᠮᠠᠲᠧᠷᠢᠶᠠᠯ 1-1-1-5

 

                    ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ 
                    ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ
                              2025 ᠣᠨ᠎ᠤ 8 ᠰᠠᠷ᠎ᠠ᠎ᠶᠢᠨ 5᠎ᠤ ᠡᠳᠦᠷ

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            