《 〈 ᠰᠣᠳᠣᠨ ᠴᠢᠳᠠᠪᠤᠷᠢᠲᠠᠨ᠎ᠢᠶᠠᠷ ᠥᠪᠥᠷ ᠮᠣᠩᠭᠣᠯ᠎ᠢᠶᠠᠨ ᠬᠥᠭᠵᠢᠭᠦᠯᠬᠦ 〉 ᠢᠨᠵᠧᠨᠧᠷᠢᠩ᠎ᠦᠨ ᠲᠥᠷᠥ᠎ᠶᠢᠨ ᠪᠣᠳᠣᠯᠭ᠎ᠠ᠎ᠨᠤᠭᠤᠳ᠎ᠢ ᠬᠡᠷᠡᠭᠵᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠦᠨ ᠰᠠᠨᠠᠯ 》 ( ᠥᠪᠥᠷ ᠨᠠᠮ ᠠᠯᠪᠠᠨ ᠲᠠᠷᠬᠠᠭᠠᠭᠰᠠᠨ [ 2024 ] 18 ᠳ᠋ᠤᠭᠠᠷ ᠲᠣᠭᠠᠲᠤ ) ᠪᠠ 《 ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠠᠵᠢᠯ ᠦᠢᠯᠡᠰ᠎ᠦᠨ ᠨᠢᠭᠡᠴᠢ᠎ᠶᠢᠨ 〈 ᠰᠠᠭᠠᠳ ᠦᠭᠡᠢ ᠨᠡᠪᠲᠡᠷᠡᠬᠦ ᠵᠠᠮ 〉᠎ᠢᠶᠠᠷ ᠳᠡᠭᠡᠳᠦ ᠲᠠᠰ᠎ᠤᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠬᠣᠯᠪᠣᠭᠳᠠᠯ ᠪᠦᠬᠦᠢ ᠠᠵᠢᠯ᠎ᠢ ᠤᠯᠠᠮ ᠨᠢᠭᠡ ᠠᠯᠬᠤᠮ ᠰᠠᠢᠲᠤᠷ ᠬᠢᠬᠦ ᠲᠤᠬᠠᠢ ᠮᠡᠳᠡᠭᠳᠡᠯ 》 ( ᠥᠪᠥᠷ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ ᠲᠠᠷᠬᠠᠭᠠᠭᠰᠠᠨ [ 2025 ] 10 ᠳ᠋ᠤᠭᠠᠷ ᠲᠣᠭᠠᠲᠤ )᠎ᠤᠨ ᠬᠣᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ ᠴᠢᠳᠠᠪᠤᠷᠢᠲᠠᠨ ᠡᠯᠰᠡᠬᠦ ᠠᠯᠪᠠᠨ ᠵᠠᠷ ᠨᠡᠢᠲᠡᠯᠡᠬᠦ ᠂ ᠵᠣᠬᠢᠶᠠᠨ ᠪᠠᠢᠭᠤᠯᠵᠤ ᠨᠡᠷ᠎ᠡ ᠮᠡᠳᠡᠭᠦᠯᠵᠦ ᠬᠢᠨᠠᠨ ᠪᠠᠢᠴᠠᠭᠠᠬᠤ᠂ ᠲᠤᠰᠬᠠᠢ ᠮᠡᠷᠭᠡᠵᠢᠯᠲᠡᠨ᠎ᠠᠴᠠ ᠦᠨᠡᠯᠡᠨ ᠵᠢᠱ᠌ᠢᠵᠦ ᠮᠠᠭᠠᠳᠯᠠᠨ ᠲᠣᠭᠲᠠᠭᠠᠬᠤ᠂ ᠬᠢᠨᠠᠨ ᠪᠠᠢᠴᠠᠭᠠᠬᠤ᠂ ᠪᠡᠶ᠎ᠡ᠎ᠶᠢᠨ ᠪᠠᠢᠴᠠᠭᠠᠯᠲᠠ ᠬᠢᠬᠦ ᠵᠡᠷᠭᠡ ᠲᠠᠰ ᠳᠠᠷᠠᠭᠠᠯᠠᠯ᠎ᠢᠶᠠᠷ ᠳᠡᠮᠵᠢᠨ᠂ ᠨᠡᠶ᠋ᠢᠲᠡ 2 ᠬᠥᠮᠥᠨ ᠣᠷᠣᠭᠤᠯᠤᠨ ᠠᠪᠴᠢᠷᠠᠬᠤ᠎ᠪᠠᠷ ᠪᠠᠢᠭ᠎ᠠ ᠴᠢᠳᠠᠪᠤᠷᠢᠲᠠᠨ᠎ᠤ ᠬᠡᠪᠴᠢᠶᠡᠨ᠎ᠳᠦ ᠣᠷᠣᠵᠤ᠂ ᠡᠳᠦᠭᠡ ᠣᠷᠣᠭᠤᠯᠤᠨ ᠠᠪᠴᠢᠷᠠᠬᠤ᠎ᠪᠠᠷ ᠪᠠᠢᠭ᠎ᠠ ᠳᠡᠭᠡᠳᠦ ᠲᠠᠰ ᠳᠠᠪᠬᠤᠷᠭ᠎ᠠ᠎ᠶᠢᠨ ᠠᠵᠢᠯᠲᠠᠨ ᠵᠢᠴᠢ ᠣᠷᠣᠭᠤᠯᠤᠨ ᠠᠪᠴᠢᠷᠠᠬᠤ᠎ᠪᠠᠷ ᠪᠠᠢᠭ᠎ᠠ ᠨᠢᠭᠡᠴᠢ᠎ᠶᠢ ᠢᠯᠡ ᠨᠡᠢᠲᠡᠯᠡᠨ᠎ᠡ᠃
ᠨᠢᠭᠡ᠂ ᠢᠯᠡ ᠨᠡᠢᠲᠡᠯᠡᠬᠦ ᠡᠲᠡᠭᠡᠳ
ᠺᠠᠩ ᠮᠢᠨ᠂ ᠡᠮᠡᠭᠲᠡᠢ᠂ ᠬᠢᠲᠠᠳ ᠦᠨᠳᠦᠰᠦᠲᠡᠨ᠂ 1994 ᠣᠨ᠎ᠤ 9 ᠰᠠᠷ᠎ᠠ᠎ᠳᠤ ᠳᠦᠷᠦᠵᠡᠶ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ᠂ ᠠᠰᠫᠢᠷᠠᠨᠲ᠎ᠤᠨ ᠰᠤᠷᠤᠯᠭ᠎ᠠ᠎ᠶᠢᠨ ᠨᠠᠮᠲᠠᠷ᠎ᠲᠠᠢ᠂ ᠡᠮᠴᠢᠯᠡᠭᠡᠨ᠎ᠦ ᠠᠨᠠᠭᠠᠬᠤ ᠤᠬᠠᠭᠠᠨ᠎ᠤ ᠳ᠋ᠣᠺᠲ᠋ᠣᠷ ᠴᠣᠯᠠ᠎ᠲᠠᠢ ᠂ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶᠢᠨ ᠬᠠᠷᠢᠶᠠᠲᠤ ᠡᠮᠨᠡᠯᠭᠡ᠎ᠶᠢᠨ ᠬᠣᠷᠢᠶ᠎ᠠ᠎ᠶᠢᠨ ᠡᠮᠴᠢᠯᠡᠭᠡᠨ᠎ᠦ ᠰᠢᠯᠭᠠᠨ ᠪᠠᠢᠴᠠᠭᠠᠬᠤ ᠲᠥᠪ᠎ᠦᠨ ᠲᠤᠰᠬᠠᠢ ᠮᠡᠷᠭᠡᠵᠢᠯ᠎ᠦᠨ ᠠᠵᠢᠯ᠎ᠤᠨ ᠪᠠᠢᠷᠢ ( ᠡᠮᠴᠢ᠎ᠶᠢᠨ ᠠᠵᠢᠯ᠎ᠤᠨ ᠪᠠᠢᠷᠢ )᠎ᠳᠦ ᠤᠷᠢᠨ ᠬᠡᠷᠡᠭᠯᠡᠬᠦ᠎ᠪᠠᠷ ᠪᠣᠶ᠃
ᠯᠢ ᠰᠢᠨ᠂ ᠡᠮᠡᠭᠲᠡᠢ᠂ ᠬᠢᠲᠠᠳ ᠦᠨᠳᠦᠰᠦᠲᠡᠨ᠂ 1995 ᠣᠨ᠎ᠤ 8 ᠰᠠᠷ᠎ᠠ᠎ᠳᠤ ᠳᠦᠷᠦᠵᠡᠶ᠂ ᠣᠯᠠᠨ ᠲᠦᠮᠡᠨ᠂ ᠠᠰᠫᠢᠷᠠᠨᠲ᠎ᠤᠨ ᠰᠤᠷᠤᠯᠭ᠎ᠠ᠎ᠶᠢᠨ ᠨᠠᠮᠲᠠᠷ᠎ᠲᠠᠢ᠂ ᠡᠮᠴᠢᠯᠡᠭᠡᠨ᠎ᠦ ᠠᠨᠠᠭᠠᠬᠤ ᠤᠬᠠᠭᠠᠨ᠎ᠤ ᠳ᠋ᠣᠺᠲ᠋ᠣᠷ ᠴᠣᠯᠠ᠎ᠲᠠᠢ᠂ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶᠢᠨ ᠬᠠᠷᠢᠶᠠᠲᠤ ᠡᠮᠨᠡᠯᠭᠡ᠎ᠶᠢᠨ ᠬᠣᠷᠢᠶᠠᠨ᠎ᠤ ᠳᠣᠲᠣᠭᠠᠳᠤ ᠰᠢᠭᠦᠷᠡᠯ᠎ᠦᠨ ᠰᠠᠯᠠᠭᠠᠨ᠎ᠤ ᠲᠤᠰᠬᠠᠢ ᠮᠡᠷᠭᠡᠵᠢᠯ᠎ᠦᠨ ᠠᠵᠢᠯ᠎ᠤᠨ ᠪᠠᠢᠷᠢ ( ᠡᠮᠴᠢ᠎ᠶᠢᠨ ᠠᠵᠢᠯ᠎ᠤᠨ ᠪᠠᠢᠷᠢ )᠎ᠳᠤ ᠤᠷᠢᠨ ᠬᠡᠷᠡᠭᠯᠡᠬᠦ᠎ᠪᠠᠷ ᠪᠣᠶ᠃
ᠬᠣᠶᠠᠷ᠂ ᠢᠯᠡ ᠨᠡᠢᠲᠡᠯᠡᠬᠦ ᠴᠠᠭ
2025 ᠣᠨ᠎ᠤ 11 ᠰᠠᠷ᠎ᠠ᠎ᠶᠢᠨ 19 ᠡᠴᠡ 2025 ᠣᠨ᠎ᠤ 11 ᠰᠠᠷ᠎ᠠ᠎ᠶᠢᠨ 25᠎ᠤ ᠡᠳᠦᠷ ᠪᠣᠯᠲᠠᠯ᠎ᠠ᠃
ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶᠢᠭ᠋
ᠨᠢᠭᠡᠴᠢ ᠪᠣᠯᠣᠨ ᠬᠤᠪᠢ ᠬᠥᠮᠥᠨ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ ᠵᠡᠷᠭᠡ ᠬᠡᠯᠪᠡᠷᠢ᠎ᠪᠡᠷ ᠳᠡᠭᠡᠷ᠎ᠡ ᠳᠤᠷᠠᠳᠤᠭᠰᠠᠨ ᠨᠡᠶ᠋ᠢᠲᠡ᠎ᠳᠦ ᠵᠠᠷᠯᠠᠭᠰᠠᠨ ᠡᠲᠡᠭᠡᠳ᠎ᠦᠨ ᠬᠣᠯᠪᠣᠭᠳᠠᠯ ᠪᠦᠬᠦᠢ ᠪᠠᠢᠳᠠᠯ ᠪᠣᠯᠣᠨ ᠠᠰᠠᠭᠤᠳᠠᠯ᠎ᠢ ᠲᠤᠰᠬᠠᠵᠤ ᠪᠣᠯᠣᠨ᠎ᠠ᠂ ᠲᠤᠰᠬᠠᠭᠰᠠᠨ ᠮᠠᠲᠧᠷᠢᠶᠠᠯ᠎ᠳᠤ ᠨᠢᠭᠡᠴᠢ ᠨᠢ ᠠᠯᠪᠠᠨ ᠲᠠᠮᠠᠭ᠎ᠠ ᠳᠠᠷᠤᠵᠤ᠂ ᠬᠤᠪᠢ ᠬᠥᠮᠥᠨ ᠨᠢ ᠦᠨᠡᠨ ᠨᠡᠷ᠎ᠡ᠎ᠪᠡᠨ ᠪᠢᠴᠢᠬᠦ᠎ᠶᠢᠨ ᠬᠠᠮᠲᠤ ᠬᠠᠷᠢᠯᠴᠠᠬᠤ ᠠᠷᠭ᠎ᠠ ᠬᠡᠯᠪᠡᠷᠢ᠎ᠪᠡᠨ ᠬᠠᠩᠭᠠᠬᠤ ᠬᠡᠷᠡᠭᠲᠡᠢ᠃
ᠬᠦᠯᠢᠶᠡᠨ ᠠᠪᠬᠤ ᠤᠲᠠᠰᠤ᠄ 0471-6946229
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ
ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ
2025 ᠣᠨ᠎ᠤ 11 ᠰᠠᠷ᠎ᠠ᠎ᠶᠢᠨ 18᠎ᠤ ᠡᠳᠦᠷ