《〈ᠰᠣᠳᠣᠨ ᠴᠢᠳᠠᠪᠤᠷᠢᠲᠠᠨ ᠵᠶ᠋ᠠᠷ ᠥᠪᠥᠷ ᠮᠣᠩᠭᠣᠯ ᠵᠶ᠋ᠠᠨ ᠬᠥᠭᠵᠢᠭᠦᠯᠬᠦ〉 ᠢᠨᠵᠧᠨᠧᠷᠢᠩ᠎ᠤᠨ ᠲᠥᠷᠥ ᠵᠢᠨ ᠪᠣᠳᠣᠯᠭ᠎ᠠ᠎ᠨᠤᠭᠤᠳ᠎ᠢ ᠬᠡᠷᠡᠭᠵᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠰᠠᠨᠠᠯ》 (ᠥᠪᠥᠷ ᠨᠠᠮ ᠠᠯᠪᠠᠨ ᠲᠠᠷᠬᠠᠭ᠋ᠠᠭᠰᠠᠨ [2024] 18 ᠳ᠋ᠤᠭ᠋ᠠᠷ ᠲᠣᠭ᠋ᠠᠲᠤ)᠎ᠤᠨ ᠬᠣᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ᠂ ᠥᠪᠥᠷ ᠮᠣᠩᠭᠣᠯ᠎ᠤᠨ ᠦᠨᠳᠦᠰᠦᠲᠡᠨ᠎ᠤ ᠶᠡᠬᠡ ᠰᠤᠷᠭ᠋ᠠᠭᠤᠯᠢ ᠴᠢᠳᠠᠪᠤᠷᠢᠲᠠᠨ ᠡᠯᠰᠡᠬᠦ ᠠᠯᠪᠠᠨ ᠵᠠᠷᠯᠠᠯ ᠨᠡᠢ᠌ᠲᠡᠯᠡᠬᠦ᠂ ᠵᠣᠬᠢᠶᠠᠨ ᠪᠠᠢ᠌ᠭᠤᠯᠵᠤ ᠨᠡᠷ᠎ᠡ ᠮᠡᠳᠡᠭᠦᠯᠵᠦ ᠬᠢᠨᠠᠨ ᠪᠠᠢ᠌ᠴᠠᠭ᠋ᠠᠬᠤ᠂ ᠲᠤᠰᠬᠠᠢ ᠮᠡᠷᠭᠡᠵᠢᠯᠲᠡᠨ ᠦᠨᠡᠯᠡᠨ ᠵᠢᠱ᠌ᠢᠵᠦ ᠮᠠᠭ᠋ᠠᠳᠯᠠᠨ ᠲᠣᠭᠲᠠᠭ᠋ᠠᠬᠤ᠂ ᠬᠢᠨᠠᠨ ᠪᠠᠢ᠌ᠴᠠᠭ᠋ᠠᠬᠤ᠂ ᠪᠡᠶ᠎ᠡ ᠵᠢᠨ ᠪᠠᠢ᠌ᠴᠠᠭ᠋ᠠᠯᠲᠠ ᠬᠢᠬᠦ ᠵᠡᠷᠭᠡ ᠲᠠᠰ ᠳᠠᠷᠠᠭ᠋ᠠᠯᠠᠯ ᠵᠶ᠋ᠠᠷ ᠳᠡᠮᠵᠢᠨ᠂ ᠨᠡᠶ᠋ᠢᠲᠡ 2 ᠬᠥᠮᠥᠨ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠴᠢᠳᠠᠪᠤᠷᠢᠲᠠᠨ᠎ᠤ ᠬᠡᠪᠴᠢᠶᠡᠨ᠎ᠳᠤ ᠣᠷᠣᠵᠤ᠂ ᠡᠳᠦᠭᠡ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠳᠡᠭᠡᠳᠦ ᠲᠠᠰ᠎ᠤᠨ ᠠᠵᠢᠯᠲᠠᠨ ᠵᠢᠴᠢ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠨᠢᠭᠡᠴᠢ ᠵᠢ ᠢᠯᠡ ᠨᠡᠢ᠌ᠲᠡᠯᠡᠨ᠎ᠡ᠃
ᠨᠢᠭᠡ᠂ ᠢᠯᠡ ᠨᠡᠢ᠌ᠲᠡᠯᠡᠬᠦ ᠡᠲᠡᠭᠡᠳ
1. ᠢᠦᠢ ᠲᠢᠶᠠᠨ ᠽᠢ᠂ ᠡᠮᠡᠭᠲᠡᠢ᠂ 1988 ᠣᠨ᠎ᠤ 4 ᠰᠠᠷ᠎ᠠ᠎ᠳᠤ ᠲᠦᠷᠦᠵᠡᠢ᠂ ᠳ᠋ᠣᠺᠲ᠋ᠣᠷᠠᠨᠲ᠂ ᠮᠠᠷᠺᠰ᠎ᠤᠨ ᠦᠵᠡᠯ᠎ᠤᠨ ᠳᠡᠭᠡᠳᠦ ᠰᠤᠷᠭ᠋ᠠᠭᠤᠯᠢ ᠵᠢᠨ ᠲᠤᠰᠬᠠᠢ ᠮᠡᠷᠭᠡᠵᠢᠯ᠎ᠤᠨ ᠠᠵᠢᠯ᠎ᠤᠨ ᠪᠠᠢ᠌ᠷᠢ᠎ᠳᠤ ᠤᠷᠢᠭᠳᠠᠬᠤ᠎ᠪᠠᠷ ᠪᠣᠢ᠃
2. ᠵᠠᠩ ᠵᠢᠩ ᠵᠢᠩ᠂ ᠡᠮᠡᠭᠲᠡᠢ᠂ 1988 ᠣᠨ᠎ᠤ 11 ᠰᠠᠷ᠎ᠠ᠎ᠳᠤ ᠲᠦᠷᠦᠵᠡᠢ᠂ ᠳ᠋ᠣᠺᠲ᠋ᠣᠷᠠᠨᠲ᠂ ᠮᠠᠷᠺᠰ᠎ᠤᠨ ᠦᠵᠡᠯ᠎ᠤᠨ ᠳᠡᠭᠡᠳᠦ ᠰᠤᠷᠭ᠋ᠠᠭᠤᠯᠢ ᠵᠢᠨ ᠲᠤᠰᠬᠠᠢ ᠮᠡᠷᠭᠡᠵᠢᠯ᠎ᠤᠨ ᠠᠵᠢᠯ᠎ᠤᠨ ᠪᠠᠢ᠌ᠷᠢ᠎ᠳᠤ ᠤᠷᠢᠭᠳᠠᠬᠤ᠎ᠪᠠᠷ ᠪᠣᠢ᠃
ᠬᠣᠶᠠᠷ᠂ ᠢᠯᠡ ᠨᠡᠢ᠌ᠲᠡᠯᠡᠬᠦ ᠴᠠᠭ
2025 ᠣᠨ᠎ᠤ 3 ᠰᠠᠷ᠎ᠠ ᠵᠢᠨ 24᠎ᠤ ᠡᠳᠦᠷ᠎ᠠᠴᠠ 2024 ᠣᠨ᠎ᠤ 3 ᠰᠠᠷ᠎ᠠ ᠵᠢᠨ 28᠎ᠤ ᠡᠳᠦᠷ ᠪᠤᠯᠳᠠᠯ᠎ᠠ
ᠭᠤᠷᠪᠠ᠂ ᠬᠦᠯᠢᠶᠡᠨ ᠠᠪᠴᠤ ᠰᠢᠢ᠍ᠳᠪᠦᠷᠢᠯᠡᠬᠦ ᠠᠷᠭ᠎ᠠ ᠮᠠᠶᠢᠭ
ᠨᠢᠭᠡᠴᠢ ᠪᠣᠯᠣᠨ ᠬᠤᠪᠢ ᠬᠥᠮᠥᠨ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ ᠵᠡᠷᠭᠡ ᠬᠡᠯᠪᠡᠷᠢ᠎ᠪᠠᠷ ᠳᠡᠭᠡᠷ᠎ᠡ ᠳᠤᠷᠠᠳᠤᠭᠰᠠᠨ ᠢᠯᠡ ᠨᠡᠢ᠌ᠲᠡᠯᠡᠭᠰᠡᠨ ᠡᠲᠡᠭᠡᠳ᠎ᠤᠨ ᠬᠣᠯᠪᠣᠭᠳᠠᠯ ᠪᠦᠬᠦᠢ ᠪᠠᠢ᠌ᠳᠠᠯ ᠪᠣᠯᠣᠨ ᠠᠰᠠᠭᠤᠳᠠᠯ᠎ᠢ ᠲᠤᠰᠬᠠᠵᠤ ᠪᠣᠯᠣᠨ᠎ᠠ᠂ ᠲᠤᠰᠬᠠᠭᠰᠠᠨ ᠮᠠᠲ᠋ᠧᠷᠢᠶᠠᠯ᠎ᠳᠤ ᠨᠢᠭᠡᠴᠢ᠎ᠨᠢ ᠠᠯᠪᠠᠨ ᠲᠠᠮᠠᠭ᠎ᠠ ᠳᠠᠷᠤᠵᠤ᠂ ᠬᠤᠪᠢ ᠬᠥᠮᠥᠨ ᠦᠨᠡᠨ ᠨᠡᠷ᠎ᠡ᠎ᠪᠠᠨ ᠪᠢᠴᠢᠬᠦ ᠵᠢᠨ ᠬᠠᠮᠲᠤ ᠬᠠᠷᠢᠯᠴᠠᠬᠤ ᠠᠷᠭ᠎ᠠ ᠬᠡᠯᠪᠡᠷᠢ᠎ᠪᠠᠨ ᠬᠠᠩᠭ᠋ᠠᠬᠤ ᠬᠡᠷᠡᠭᠲᠡᠢ᠃
ᠬᠦᠯᠢᠶᠡᠨ ᠠᠪᠬᠤ ᠴᠠᠭ᠄ ᠦᠳᠡ ᠵᠢᠨ ᠡᠮᠦᠨ᠎ᠡ 9᠄ 00 — 12᠄ 00᠂ ᠦᠳᠡ ᠵᠢᠨ ᠬᠣᠢ᠌ᠨ᠎ᠠ
14᠄ 30 — 17᠄ 00
ᠬᠦᠯᠢᠶᠡᠨ ᠠᠪᠬᠤ ᠤᠲᠠᠰᠤ᠄ 0471-6946229
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ
ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ
2025 ᠣᠨ᠎ᠤ 3 ᠰᠠᠷ᠎ᠠ ᠵᠢᠨ 24᠎ᠤ ᠡᠳᠦᠷ