ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠳᠡᠭᠡᠳᠦ ᠲᠠᠰ᠎ᠤᠨ ᠴᠢᠳᠠᠪᠤᠷᠢᠲᠠᠨ᠎ᠢ ᠢᠯᠡ ᠨᠡᠢ᠌ᠲᠡᠯᠡᠬᠦ ᠲᠤᠬᠠᠢ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2025-05-09

      《〈ᠰᠣᠳᠣᠨ ᠴᠢᠳᠠᠪᠤᠷᠢᠲᠠᠨ ᠵᠶ᠋ᠠᠷ ᠥᠪᠥᠷ ᠮᠣᠩᠭᠣᠯ ᠵᠶ᠋ᠠᠨ ᠬᠥᠭᠵᠢᠭᠦᠯᠬᠦ〉 ᠢᠨᠵᠧᠨᠧᠷᠢᠩ᠎ᠤᠨ ᠲᠥᠷᠥ ᠵᠢᠨ ᠪᠣᠳᠣᠯᠭ᠎ᠠ᠎ᠨᠤᠭᠤᠳ᠎ᠢ ᠬᠡᠷᠡᠭᠵᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠰᠠᠨᠠᠯ》 (ᠥᠪᠥᠷ ᠨᠠᠮ ᠠᠯᠪᠠᠨ ᠲᠠᠷᠬᠠᠭ᠋ᠠᠭᠰᠠᠨ [2024] 18 ᠳ᠋ᠤᠭ᠋ᠠᠷ ᠲᠣᠭ᠋ᠠᠲᠤ)᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ᠎ᠬᠢᠨ ᠴᠢᠳᠠᠪᠤᠷᠢᠲᠠᠨ ᠤᠷᠢᠵᠤ ᠬᠡᠷᠡᠭᠯᠡᠬᠦ ᠠᠯᠪᠠᠨ ᠵᠠᠷᠯᠠᠯ ᠨᠡᠢ᠌ᠲᠡᠯᠡᠬᠦ᠂ ᠵᠣᠬᠢᠶᠠᠨ ᠪᠠᠢ᠌ᠭᠤᠯᠵᠤ ᠨᠡᠷ᠎ᠡ ᠮᠡᠳᠡᠭᠦᠯᠵᠦ ᠬᠢᠨᠠᠨ ᠪᠠᠢ᠌ᠴᠠᠭ᠋ᠠᠬᠤ᠂ ᠲᠤᠰᠬᠠᠢ ᠮᠡᠷᠭᠡᠵᠢᠯᠲᠡᠨ ᠦᠨᠡᠯᠡᠨ ᠵᠢᠱ᠌ᠢᠵᠦ ᠮᠠᠭ᠋ᠠᠳᠯᠠᠨ ᠲᠣᠭᠲᠠᠭ᠋ᠠᠬᠤ᠂ ᠬᠢᠨᠠᠨ ᠪᠠᠢ᠌ᠴᠠᠭ᠋ᠠᠬᠤ᠂ ᠪᠡᠶ᠎ᠡ ᠵᠢᠨ ᠪᠠᠢ᠌ᠴᠠᠭ᠋ᠠᠯᠲᠠ ᠬᠢᠬᠦ ᠵᠡᠷᠭᠡ ᠲᠠᠰ ᠳᠠᠷᠠᠭ᠋ᠠᠯᠠᠯ ᠵᠶ᠋ᠠᠷ ᠳᠡᠮᠵᠢᠨ᠂ ᠨᠡᠶ᠋ᠢᠲᠡ 8 ᠬᠥᠮᠥᠨ ᠤᠷᠢᠵᠤ ᠣᠷᠣᠭᠤᠯᠬᠤ᠎ᠪᠠᠷ ᠪᠠᠢ᠌ᠭ᠎ᠠ ᠴᠢᠳᠠᠪᠤᠷᠢᠲᠠᠨ᠎ᠤ ᠬᠡᠪᠴᠢᠶᠡᠨ᠎ᠳᠤ ᠣᠷᠣᠵᠤ᠂ ᠣᠲᠣ ᠤᠷᠢᠵᠤ ᠣᠷᠣᠭᠤᠯᠬᠤ᠎ᠪᠠᠷ ᠪᠠᠢ᠌ᠭ᠎ᠠ ᠳᠡᠭᠡᠳᠦ ᠲᠠᠰ᠎ᠤᠨ ᠠᠵᠢᠯᠲᠠᠨ ᠵᠢᠴᠢ ᠤᠷᠢᠵᠤ ᠣᠷᠣᠭᠤᠯᠬᠤ᠎ᠪᠠᠷ ᠪᠠᠢ᠌ᠭ᠎ᠠ ᠨᠢᠭᠡᠴᠢ ᠵᠢ ᠢᠯᠡ ᠨᠡᠢ᠌ᠲᠡᠯᠡᠨ᠎ᠡ᠃
      ᠨᠢᠭᠡ᠂ ᠢᠯᠡ ᠨᠡᠢ᠌ᠲᠡᠯᠡᠬᠦ ᠡᠲᠡᠭᠡᠳ
      ᠳᠠᠭ᠋ᠠᠯᠳᠤᠭᠤᠯᠤᠯ᠎ᠢ ᠦᠵᠡ
      ᠬᠣᠶᠠᠷ᠂ ᠢᠯᠡ ᠨᠡᠢ᠌ᠲᠡᠯᠡᠬᠦ ᠴᠠᠭ
      2025 ᠣᠨ᠎ᠤ 4 ᠰᠠᠷ᠎ᠠ ᠵᠢᠨ 2᠎ᠤᠨ ᠡᠳᠦᠷ᠎ᠠᠴᠠ 4 ᠰᠠᠷ᠎ᠠ ᠵᠢᠨ 9᠎ᠤ ᠡᠳᠦᠷ ᠪᠤᠯᠳᠠᠯ᠎ᠠ
      ᠭᠤᠷᠪᠠ᠂ ᠬᠦᠯᠢᠶᠡᠨ ᠠᠪᠴᠤ ᠰᠢᠢ᠍ᠳᠪᠦᠷᠢᠯᠡᠬᠦ ᠠᠷᠭ᠎ᠠ ᠮᠠᠶᠢᠭ
      ᠨᠢᠭᠡᠴᠢ ᠪᠣᠯᠣᠨ ᠬᠤᠪᠢ ᠬᠥᠮᠥᠨ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ ᠵᠡᠷᠭᠡ ᠬᠡᠯᠪᠡᠷᠢ᠎ᠪᠠᠷ ᠳᠡᠭᠡᠷ᠎ᠡ ᠳᠤᠷᠠᠳᠤᠭᠰᠠᠨ ᠢᠯᠡ ᠨᠡᠢ᠌ᠲᠡᠯᠡᠭᠰᠡᠨ ᠡᠲᠡᠭᠡᠳ᠎ᠤᠨ ᠬᠣᠯᠪᠣᠭᠳᠠᠯ ᠪᠦᠬᠦᠢ ᠪᠠᠢ᠌ᠳᠠᠯ ᠪᠣᠯᠣᠨ ᠠᠰᠠᠭᠤᠳᠠᠯ᠎ᠢ ᠲᠤᠰᠬᠠᠵᠤ ᠪᠣᠯᠣᠨ᠎ᠠ᠂ ᠲᠤᠰᠬᠠᠭᠰᠠᠨ ᠮᠠᠲ᠋ᠧᠷᠢᠶᠠᠯ᠎ᠳᠤ ᠨᠢᠭᠡᠴᠢ᠎ᠨᠢ ᠠᠯᠪᠠᠨ ᠲᠠᠮᠠᠭ᠎ᠠ ᠳᠠᠷᠤᠵᠤ᠂ ᠬᠤᠪᠢ ᠬᠥᠮᠥᠨ ᠦᠨᠡᠨ ᠨᠡᠷ᠎ᠡ᠎ᠪᠠᠨ ᠪᠢᠴᠢᠬᠦ ᠵᠢᠨ ᠬᠠᠮᠲᠤ ᠬᠠᠷᠢᠯᠴᠠᠬᠤ ᠠᠷᠭ᠎ᠠ ᠬᠡᠯᠪᠡᠷᠢ᠎ᠪᠠᠨ ᠬᠠᠩᠭ᠋ᠠᠬᠤ ᠬᠡᠷᠡᠭᠲᠡᠢ᠃
      ᠬᠦᠯᠢᠶᠡᠨ ᠠᠪᠬᠤ ᠴᠠᠭ᠄ ᠦᠳᠡ ᠵᠢᠨ ᠡᠮᠦᠨ᠎ᠡ 9᠄ 00 — 12᠄ 00᠂ ᠦᠳᠡ ᠵᠢᠨ ᠬᠣᠢ᠌ᠨ᠎ᠠ 14᠄ 30 — 17᠄ 00
      ᠬᠦᠯᠢᠶᠡᠨ ᠠᠪᠬᠤ ᠤᠲᠠᠰᠤ᠄ 0471-6946229
      ᠳᠠᠭ᠋ᠠᠯᠳᠤᠭᠤᠯᠤᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ 《ᠰᠠᠭ᠋ᠠᠳ ᠦᠭᠡᠢ ᠨᠡᠪᠲᠡᠷᠡᠬᠦ ᠵᠠᠮ》 ᠵᠶ᠋ᠠᠷ ᠣᠷᠣᠭᠤᠯᠤᠨ ᠠᠪᠴᠢᠷᠠᠬᠤ᠎ᠪᠠᠷ ᠪᠣᠶ ᠳᠡᠭᠡᠳᠦ ᠲᠠᠰ᠎ᠤᠨ ᠴᠢᠳᠠᠪᠤᠷᠢᠲᠠᠨ᠎ᠢ ᠢᠯᠡ ᠨᠡᠢ᠌ᠲᠡᠯᠡᠬᠦ ᠨᠡᠷᠡᠰ


               ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ

               ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ
                           2025 ᠣᠨ᠎ᠤ 4 ᠰᠠᠷ᠎ᠠ ᠵᠢᠨ 1᠎ᠤ ᠡᠳᠦᠷ

ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            