ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠬᠥᠬᠡᠬᠣᠲᠠ ᠵᠢᠨ ᠦᠨᠳᠦᠰᠦᠲᠡᠨ᠎ᠤ ᠳᠡᠭᠡᠳᠦ ᠰᠤᠷᠭ᠋ᠠᠭᠤᠯᠢ ᠵᠢᠨ ᠣᠷᠣᠭᠤᠯᠤᠨ ᠠᠪᠴᠢᠷᠠᠬᠤ᠎ᠪᠠᠷ ᠪᠠᠶ᠋ᠢᠭ᠎ᠠ ᠳᠡᠭᠡᠳᠦ ᠲᠠᠰ᠎ᠤᠨ ᠴᠢᠳᠠᠪᠤᠷᠢᠲᠠᠨ᠎ᠢ ᠢᠯᠡ ᠨᠡᠶ᠋ᠢᠲᠡᠯᠡᠬᠦ ᠲᠤᠬᠠᠶ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2025-06-23

      《〈ᠰᠣᠳᠣᠨ ᠴᠢᠳᠠᠪᠤᠷᠢᠲᠠᠨ ᠵᠶ᠋ᠠᠷ ᠥᠪᠥᠷ ᠮᠣᠩᠭᠣᠯ ᠵᠶ᠋ᠠᠨ ᠬᠦᠭᠵᠢᠬᠦᠯᠬᠦ〉 ᠢᠨᠵᠧᠨᠧᠷᠢᠩ᠎ᠤᠨ ᠲᠥᠷᠥ ᠵᠢᠨ ᠪᠣᠳᠣᠯᠭ᠎ᠠ᠎ᠨᠤᠭᠤᠳ᠎ᠢ ᠬᠡᠷᠡᠭᠵᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠰᠠᠨᠠᠯ》 (ᠥᠪᠥᠷ ᠨᠠᠮ ᠠᠯᠪᠠᠨ ᠲᠠᠷᠬᠠᠭ᠋ᠠᠭᠰᠠᠨ [2024] 18 ᠳ᠋ᠤᠭ᠋ᠠᠷ ᠲᠣᠭ᠋ᠠᠲᠤ)᠎ᠤᠨ ᠬᠣᠯᠪᠣᠭᠳᠠᠯ ᠪᠥᠬᠥᠶ ᠱᠠᠭ᠋ᠠᠷᠳᠠᠯᠭ᠎ᠠ ᠶᠣᠰᠣᠭ᠋ᠠᠷ᠂ ᠬᠥᠬᠡᠬᠣᠲᠠ ᠵᠢᠨ ᠦᠨᠳᠦᠰᠦᠲᠡᠨ᠎ᠤ ᠳᠡᠭᠡᠳᠦ ᠰᠤᠷᠭ᠋ᠠᠭᠤᠯᠢ ᠴᠢᠳᠠᠪᠤᠷᠢᠲᠠᠨ ᠡᠯᠰᠡᠬᠦ ᠠᠯᠪᠠᠨ ᠵᠠᠷᠯᠠᠯ ᠨᠡᠶ᠋ᠢᠲᠡᠯᠡᠬᠦ᠂ ᠵᠣᠬᠢᠶᠠᠨ ᠪᠠᠢ᠌ᠭᠤᠯᠵᠤ ᠨᠡᠷ᠎ᠡ ᠮᠡᠳᠡᠭᠦᠯᠵᠦ ᠬᠢᠨᠠᠨ ᠪᠠᠶ᠋ᠢᠴᠠᠭ᠋ᠠᠬᠤ᠂ ᠲᠤᠰᠬᠠᠶ ᠮᠡᠷᠭᠡᠵᠢᠯᠲᠡᠨ᠎ᠠᠴᠠ ᠦᠨᠡᠯᠡᠨ ᠵᠢᠱ᠌ᠢᠵᠦ ᠮᠠᠭ᠋ᠠᠳᠯᠠᠨ ᠲᠣᠭᠲᠠᠭ᠋ᠠᠬᠤ᠂ ᠬᠢᠨᠠᠨ ᠪᠠᠶ᠋ᠢᠴᠠᠭ᠋ᠠᠬᠤ᠂ ᠪᠡᠶ᠎ᠡ ᠵᠢᠨ ᠪᠠᠶ᠋ᠢᠴᠠᠭ᠋ᠠᠯᠲᠠ ᠬᠢᠬᠦ ᠵᠡᠷᠭᠡ ᠲᠠᠰ ᠳᠠᠷᠠᠭ᠋ᠠᠯᠠᠯ ᠵᠶ᠋ᠠᠷ ᠳᠡᠮᠵᠢᠨ᠂ ᠨᠡᠶ᠋ᠢᠲᠡ 1 ᠬᠥᠮᠦᠨ ᠣᠷᠣᠭᠤᠯᠤᠨ ᠠᠪᠴᠢᠷᠠᠬᠤ᠎ᠪᠠᠷ ᠪᠠᠶ᠋ᠢᠭ᠎ᠠ ᠴᠢᠳᠠᠪᠤᠷᠢᠲᠠᠨ᠎ᠤ ᠬᠡᠪᠴᠢᠶᠡᠨ᠎ᠳᠤ ᠣᠷᠣᠵᠤ᠂ ᠡᠳᠦᠭᠡ ᠣᠷᠣᠭᠤᠯᠤᠨ ᠠᠪᠴᠢᠷᠠᠬᠤ᠎ᠪᠠᠷ ᠪᠠᠶ᠋ᠢᠭ᠎ᠠ ᠳᠡᠭᠡᠳᠦ᠎ᠤᠨ ᠠᠵᠢᠯᠲᠠᠨ ᠵᠢᠴᠢ ᠣᠷᠣᠭᠤᠯᠤᠨ ᠠᠪᠴᠢᠷᠠᠬᠤ᠎ᠪᠠᠷ ᠪᠠᠶ᠋ᠢᠭ᠎ᠠ ᠨᠢᠭᠡᠴᠢ ᠵᠢ ᠢᠯᠡ ᠨᠡᠶ᠋ᠢᠲᠡᠯᠡᠨ᠎ᠡ᠃
      ᠨᠢᠭᠡ᠂ ᠢᠯᠡ ᠨᠡᠶ᠋ᠢᠲᠡᠯᠡᠬᠦ ᠡᠲᠡᠭᠡᠳ
      ᠷᠦᠩ ᠷᠦᠩ᠂ ᠡᠮᠡᠭᠲᠡᠢ᠂ 1995 ᠣᠨ᠎ᠤ 5 ᠰᠠᠷ᠎ᠠ᠎ᠳᠤ ᠲᠦᠷᠦᠵᠠᠢ᠂ ᠳ᠋ᠤᠺᠲ᠋ᠤᠷᠠᠨᠲ᠂ ᠬᠥᠬᠡᠬᠣᠲᠠ ᠵᠢᠨ ᠦᠨᠳᠦᠰᠦᠲᠡᠨ᠎ᠤ ᠳᠡᠭᠡᠳᠦ ᠰᠤᠷᠭ᠋ᠠᠭᠤᠯᠢ ᠵᠢᠨ ᠲᠤᠰᠬᠠᠢ ᠮᠡᠷᠭᠡᠵᠢᠯ᠎ᠤᠨ ᠠᠵᠢᠯ᠎ᠤᠨ ᠪᠠᠶ᠋ᠢᠷᠢ᠎ᠳᠤ ᠤᠷᠢᠬᠤ᠎ᠪᠠᠷ ᠪᠤᠢ᠃
      ᠬᠣᠶᠠᠷ᠂ ᠢᠯᠡ ᠨᠡᠶ᠋ᠢᠲᠡᠯᠡᠬᠦ ᠴᠠᠭ
      2025 ᠣᠨ᠎ᠤ 4 ᠰᠠᠷ᠎ᠠ ᠵᠢᠨ 11᠎ᠤ ᠡᠳᠦᠷ᠎ᠠᠴᠠ 2025 ᠣᠨ᠎ᠤ 4 ᠰᠠᠷ᠎ᠠ ᠵᠢᠨ 17 ᠵᠢᠨ ᠡᠳᠦᠷ ᠪᠤᠯᠳᠠᠯ᠎ᠠ
      ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶᠢᠭ
      ᠨᠢᠭᠡᠴᠢ ᠪᠣᠯᠤᠨ ᠬᠤᠪᠢ ᠬᠥᠮᠦᠨ ᠤᠳᠠᠰᠤ ᠢᠷᠡᠭᠦᠯᠬᠦ᠂ ᠵᠠᠬᠢᠳᠠᠯ ᠢᠷᠡᠭᠦᠯᠬᠦ ᠵᠡᠷᠭᠡ ᠬᠡᠯᠪᠡᠷᠢ᠎ᠪᠠᠷ ᠳᠡᠭᠡᠷ᠎ᠡ ᠳᠤᠷᠠᠳᠤᠭᠰᠠᠨ ᠢᠯᠡ ᠨᠡᠢ᠌ᠳᠡᠯᠡᠭᠰᠡᠨ ᠡᠲᠡᠭᠡᠳ᠎ᠤᠨ ᠬᠣᠯᠪᠣᠭᠳᠠᠯ ᠪᠦᠬᠦᠢ ᠪᠠᠶ᠋ᠢᠳᠠᠯ ᠪᠣᠯᠤᠨ ᠠᠰᠠᠭᠤᠳᠠᠯ᠎ᠢ ᠲᠤᠰᠬᠠᠵᠤ ᠪᠣᠯᠤᠨ᠎ᠠ᠂ ᠲᠤᠰᠬᠠᠭᠰᠠᠨ ᠮᠠᠲ᠋ᠧᠷᠢᠶᠠᠯ᠎ᠳᠤ ᠨᠢᠭᠡᠴᠢ᠎ᠨᠢ ᠠᠯᠪᠠᠨ ᠲᠠᠮᠠᠭ᠎ᠠ ᠳᠠᠷᠤᠵᠤ᠂ ᠬᠤᠪᠢ ᠬᠥᠮᠦᠨ ᠦᠨᠡᠨ ᠨᠡᠷ᠎ᠡ᠎ᠪᠠᠨ ᠪᠢᠴᠢᠬᠦ ᠵᠢᠨ ᠬᠠᠮᠲᠤ ᠬᠠᠷᠢᠯᠴᠠᠬᠤ ᠠᠷᠭ᠎ᠠ ᠬᠡᠯᠪᠡᠷᠢ᠎ᠪᠠᠨ ᠬᠠᠩᠭ᠋ᠠᠬᠤ ᠬᠡᠷᠡᠭᠲᠡᠶ᠃
      ᠬᠦᠯᠢᠶᠡᠨ ᠠᠪᠬᠤ ᠴᠠᠭ᠄ ᠦᠳᠡ ᠵᠢᠨ ᠡᠮᠦᠨ᠎ᠡ 9᠄ 00 — 12᠄ 00᠂ ᠦᠳᠡ ᠵᠢᠨ ᠬᠣᠶ᠋ᠢᠨ᠎ᠠ 14᠄ 30 — 17᠄ 00
      ᠬᠦᠯᠢᠶᠡᠨ ᠠᠪᠬᠤ ᠤᠲᠠᠰᠤ᠄ 0471 — 6946229
      ᠳᠠᠭ᠋ᠠᠯᠳᠤᠭᠤᠯᠤᠯ᠄ ᠬᠥᠬᠡᠬᠣᠲᠠ ᠵᠢᠨ ᠦᠨᠳᠦᠰᠦᠲᠡᠨ᠎ᠤ ᠳᠡᠭᠡᠳᠦ ᠰᠤᠷᠭ᠋ᠠᠭᠤᠯᠢ ᠵᠢᠨ 《ᠰᠠᠭ᠋ᠠᠳ ᠥᠬᠡᠶ ᠨᠡᠪᠲᠡᠷᠡᠬᠦ ᠵᠠᠮ》 ᠵᠶ᠋ᠠᠷ ᠣᠷᠣᠭᠤᠯᠤᠨ ᠠᠪᠴᠢᠷᠠᠬᠤ᠎ᠪᠠᠷ ᠪᠠᠢ᠌ᠭ᠎ᠠ ᠳᠡᠭᠡᠳᠦ ᠲᠠᠰ᠎ᠤᠨ ᠴᠢᠳᠠᠪᠤᠷᠢᠲᠠᠨ᠎ᠢ ᠢᠯᠡ ᠨᠡᠶ᠋ᠢᠲᠡᠯᠡᠬᠦ ᠨᠡᠷᠡᠰ᠎ᠤᠨ ᠵᠢᠭᠰᠠᠭ᠋ᠠᠯᠳᠠ᠃
              ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ

             ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠳᠤᠯᠠᠭ᠎ᠠ ᠵᠢᠨ ᠲᠢᠩᠬᠢᠮ
                      2025 ᠣᠨ᠎ᠤ 4 ᠰᠠᠷ᠎ᠠ ᠵᠢᠨ 11᠎ᠤ ᠡᠳᠦᠷ

ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            