ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶᠢᠨ ᠣᠷᠣᠭᠤᠯᠤᠨ ᠠᠪᠴᠢᠷᠠᠬᠤ᠎ᠪᠠᠷ ᠪᠠᠢᠭ᠎ᠠ ᠳᠡᠭᠡᠳᠦ ᠲᠠᠰ᠎ᠤᠨ ᠴᠢᠳᠠᠪᠤᠷᠢᠲᠠᠨ᠎ᠢ ᠢᠯᠡ ᠨᠡᠢᠲᠡᠯᠡᠬᠦ ᠲᠤᠬᠠᠢ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2026-01-17

      《 〈 ᠰᠣᠳᠣᠨ ᠴᠢᠳᠠᠪᠤᠷᠢᠲᠠᠨ᠎ᠢᠶᠠᠷ ᠥᠪᠥᠷ ᠮᠣᠩᠭᠣᠯ᠎ᠢᠶᠠᠨ ᠬᠥᠭᠵᠢᠭᠦᠯᠬᠦ 〉 ᠢᠨᠵᠧᠨᠧᠷᠢᠩ᠎ᠦᠨ ᠲᠥᠷᠥ᠎ᠶᠢᠨ ᠪᠣᠳᠣᠯᠭ᠎ᠠ᠎ᠨᠤᠭᠤᠳ᠎ᠢ ᠬᠡᠷᠡᠭᠵᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠠᠯᠪᠠᠨ ᠲᠢᠩᠬᠢᠮ᠎ᠦᠨ ᠰᠠᠨᠠᠯ 》 ( ᠥᠪᠥᠷ ᠨᠠᠮ ᠠᠯᠪᠠᠨ ᠲᠠᠷᠬᠠᠭᠠᠭᠰᠠᠨ 〔2024〕18 ᠳ᠋ᠤᠭᠠᠷ ᠲᠣᠭᠠᠲᠤ )᠂ 《 ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠠᠵᠢᠯ ᠦᠢᠯᠡᠰ᠎ᠦᠨ ᠨᠢᠭᠡᠴᠢ᠎ᠶᠢᠨ 〈 ᠰᠠᠭᠠᠳ ᠦᠭᠡᠢ ᠨᠡᠪᠲᠡᠷᠡᠬᠦ ᠵᠠᠮ 〉᠎ᠢᠶᠠᠷ ᠳᠡᠭᠡᠳᠦ ᠲᠠᠰ᠎ᠤᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠬᠣᠯᠪᠣᠭᠳᠠᠯ ᠪᠦᠬᠦᠢ ᠠᠵᠢᠯ᠎ᠢ ᠤᠯᠠᠮ ᠨᠢᠭᠡ ᠠᠯᠬᠤᠮ ᠰᠠᠢᠲᠤᠷ ᠬᠢᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ᠎ᠶᠢᠨ ᠵᠣᠬᠢᠶᠠᠨ ᠪᠠᠶ᠋ᠢᠭᠤᠯᠬᠤ ᠬᠡᠯᠲᠡᠰ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠪᠠᠢᠭᠤᠯᠤᠮᠵᠢ᠎ᠶᠢᠨ ᠣᠷᠣᠨ ᠲᠣᠭᠠᠨ᠎ᠤ ᠵᠥᠪᠯᠡᠯ᠎ᠦᠨ ᠠᠯᠪᠠᠨ ᠭᠡᠷ᠎ᠦᠨ ᠮᠡᠳᠡᠭᠳᠡᠯ 》 ( ᠥᠪᠥᠷ ᠬᠥᠮᠥᠨ ᠨᠡᠢᠭᠡᠮ ᠲᠠᠷᠬᠠᠭᠠᠭᠰᠠᠨ 〔2025〕10 ᠳ᠋ᠤᠭᠠᠷ

ᠲᠣᠭᠠᠲᠤ )᠎ᠦᠨ ᠬᠣᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠰᠤᠷᠭᠠᠭᠤᠯᠢ᠎ᠶᠢᠨ ᠬᠠᠷᠢᠶᠠᠲᠤ ᠡᠮᠨᠡᠯᠭᠡ᠎ᠶᠢᠨ ᠬᠣᠷᠢᠶ᠎ᠠ ᠴᠢᠳᠠᠪᠤᠷᠢᠲᠠᠨ ᠣᠷᠣᠭᠤᠯᠬᠤ ᠠᠯᠪᠠᠨ ᠵᠠᠷ ᠨᠡᠢᠲᠡᠯᠡᠬᠦ᠂ ᠵᠣᠬᠢᠶᠠᠨ ᠪᠠᠢᠭᠤᠯᠤᠨ ᠨᠡᠷ᠎ᠡ ᠮᠡᠳᠡᠭᠦᠯᠵᠦ ᠬᠢᠨᠠᠨ ᠪᠠᠢᠴᠠᠭᠠᠬᠤ᠂ ᠲᠤᠰᠬᠠᠢ ᠮᠡᠷᠭᠡᠵᠢᠯᠲᠡᠨ᠎ᠡᠴᠡ ᠦᠨᠡᠯᠡᠨ ᠵᠢᠱ᠌ᠢᠵᠦ ᠮᠠᠭᠠᠳᠯᠠᠨ ᠲᠣᠭᠲᠠᠭᠠᠬᠤ᠂ ᠬᠢᠨᠠᠨ ᠪᠠᠢᠴᠠᠭᠠᠬᠤ᠂ ᠪᠡᠶ᠎ᠡ᠎ᠶᠢᠨ ᠪᠠᠢᠴᠠᠭᠠᠯᠲᠠ ᠬᠢᠬᠦ ᠵᠡᠷᠭᠡ ᠲᠠᠰ ᠳᠠᠷᠠᠭᠠᠯᠠᠯ᠎ᠢᠶᠠᠷ ᠳᠡᠮᠵᠢᠨ᠂ ᠨᠡᠢᠳᠡ 1 ᠬᠥᠮᠥᠨ ᠣᠷᠣᠭᠤᠯᠤᠨ ᠠᠪᠴᠢᠷᠠᠬᠤ᠎ᠪᠠᠷ ᠪᠠᠢᠭ᠎ᠠ ᠴᠢᠳᠠᠪᠤᠷᠢᠲᠠᠨ᠎ᠤ ᠬᠡᠪᠴᠢᠶᠡᠨ᠎ᠳᠦ ᠣᠷᠣᠵᠤ᠂ ᠡᠳᠦᠭᠡ ᠣᠷᠣᠭᠤᠯᠤᠨ ᠠᠪᠴᠢᠷᠠᠬᠤ᠎ᠪᠠᠷ ᠪᠠᠢᠭ᠎ᠠ ᠳᠡᠭᠡᠳᠦ ᠲᠠᠰ᠎ᠤᠨ ᠠᠵᠢᠯᠲᠠᠨ ᠵᠢᠴᠢ ᠣᠷᠣᠭᠤᠯᠤᠨ ᠠᠪᠴᠢᠷᠠᠬᠤ᠎ᠪᠠᠷ ᠪᠠᠢᠭ᠎ᠠ ᠨᠢᠭᠡᠴᠢ᠎ᠶᠢ ᠢᠯᠡ ᠨᠡᠢᠲᠡᠯᠡᠨ᠎ᠡ᠃
      ᠨᠢᠭᠡ᠂ ᠢᠯᠡ ᠨᠡᠢᠲᠡᠯᠡᠬᠦ ᠡᠲᠡᠭᠡᠳ
      ᠵᠣᠣ ᠷᠦᠩ ᠲᠤᠸ᠋᠂ ᠡᠮᠡᠭᠲᠡᠢ᠂ 1994 ᠣᠨ᠎ᠤ 2 ᠰᠠᠷ᠎ᠠ᠎ᠳᠤ ᠳᠦᠷᠦᠵᠡᠶ᠂ ᠠᠰᠫᠢᠷᠠᠨᠲ᠎ᠤᠨ ᠰᠤᠷᠤᠯᠭ᠎ᠠ᠎ᠶᠢᠨ ᠨᠠᠮᠲᠠᠷ᠎ᠲᠠᠢ᠂ ᠡᠮᠴᠢᠯᠡᠭᠡᠨ᠎ᠦ ᠠᠨᠠᠭᠠᠬᠤ ᠤᠬᠠᠭᠠᠨ᠎ᠤ ᠳ᠋ᠣᠺᠲ᠋ᠣᠷ ᠴᠣᠯᠠ᠎ᠲᠠᠢ᠂ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠎ᠶᠢᠨ ᠬᠠᠷᠢᠶᠠᠲᠤ ᠡᠮᠨᠡᠯᠭᠡ᠎ᠶᠢᠨ ᠬᠣᠷᠢᠶ᠎ᠠ᠎ᠶᠢᠨ ᠲᠥᠪ ᠲᠤᠷᠰᠢᠯᠲᠠ᠎ᠶᠢᠨ ᠲᠠᠰᠤᠭ᠎ᠤᠨ ᠲᠤᠰᠬᠠᠢ ᠮᠡᠷᠭᠡᠵᠢᠯ᠎ᠦᠨ ᠠᠵᠢᠯ᠎ᠤᠨ ᠪᠠᠢᠷᠢ ( ᠰᠢᠨᠵᠢᠯᠡᠬᠦ ᠤᠬᠠᠭᠠᠨ᠎ᠤ ᠰᠤᠳᠤᠯᠭᠠᠨ᠎ᠤ ᠠᠵᠢᠯ᠎ᠤᠨ ᠪᠠᠢᠷᠢ )᠎ᠳᠤ ᠤᠷᠢᠭ᠍ᠳᠠᠬᠤ᠎ᠪᠠᠷ ᠪᠣᠢ᠃
      ᠬᠣᠶᠠᠷ᠂ ᠢᠯᠡ ᠨᠡᠢᠲᠡᠯᠡᠬᠦ ᠴᠠᠭ
      2025 ᠣᠨ᠎ᠤ 12 ᠰᠠᠷ᠎ᠠ᠎ᠶᠢᠨ 30᠎ᠤ ᠡᠳᠦᠷ᠎ᠡᠴᠡ 2026 ᠣᠨ᠎ᠤ 1 ᠰᠠᠷ᠎ᠠ᠎ᠶᠢᠨ 6᠎ᠤ ᠡᠳᠦᠷ ᠪᠤᠯᠳᠠᠯ᠎ᠠ
      ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶᠢᠭ᠋
      ᠨᠢᠭᠡᠴᠢ ᠪᠣᠯᠣᠨ ᠬᠤᠪᠢ ᠬᠥᠮᠥᠨ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ ᠵᠡᠷᠭᠡ ᠬᠡᠯᠪᠡᠷᠢ᠎ᠪᠡᠷ ᠳᠡᠭᠡᠷ᠎ᠡ ᠳᠤᠷᠠᠳᠤᠭᠰᠠᠨ ᠢᠯᠡ ᠨᠡᠢᠲᠡᠯᠡᠭᠰᠡᠨ ᠡᠲᠡᠭᠡᠳ᠎ᠦᠨ ᠬᠣᠯᠪᠣᠭᠳᠠᠯ ᠪᠦᠬᠦᠢ ᠪᠠᠢᠳᠠᠯ ᠪᠣᠯᠣᠨ ᠠᠰᠠᠭᠤᠳᠠᠯ᠎ᠢ ᠲᠤᠰᠬᠠᠵᠤ ᠪᠣᠯᠣᠨ᠎ᠠ᠂ ᠲᠤᠰᠬᠠᠭᠰᠠᠨ ᠮᠠᠲᠧᠷᠢᠶᠠᠯ᠎ᠳᠦ ᠨᠢᠭᠡᠴᠢ ᠨᠢ ᠠᠯᠪᠠᠨ ᠲᠠᠮᠠᠭ᠎ᠠ ᠳᠠᠷᠤᠵᠤ᠂ ᠬᠤᠪᠢ ᠬᠥᠮᠥᠨ ᠦᠨᠡᠨ ᠨᠡᠷ᠎ᠡ᠎ᠪᠡᠨ ᠪᠢᠴᠢᠬᠦ᠎ᠶᠢᠨ ᠬᠠᠮᠲᠤ ᠬᠠᠷᠢᠯᠴᠠᠬᠤ ᠠᠷᠭ᠎ᠠ ᠬᠡᠯᠪᠡᠷᠢ᠎ᠪᠡᠨ ᠬᠠᠩᠭᠠᠬᠤ ᠬᠡᠷᠡᠭᠲᠡᠢ᠃
      ᠬᠦᠯᠢᠶᠡᠨ ᠠᠪᠬᠤ ᠴᠠᠭ᠄ ᠦᠳᠡ᠎ᠶᠢᠨ ᠡᠮᠦᠨ᠎ᠡ 9᠄ 00 ︱ 12᠄ 00᠂ ᠦᠳᠡ᠎ᠶᠢᠨ ᠬᠣᠢᠨ᠎ᠠ 14᠄ 30 ︱ 17᠄ 00
      ᠬᠦᠯᠢᠶᠡᠨ ᠠᠪᠬᠤ ᠤᠲᠠᠰᠤ᠄ 0471-6653056 ( ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ )
                  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ 
                  ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ
                        2025 ᠣᠨ᠎ᠤ 12 ᠰᠠᠷ᠎ᠠ᠎ᠶᠢᠨ 29᠎ᠤ ᠡᠳᠦᠷ

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            