ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠣᠯ᠎ᠤᠨ ᠦᠨᠳᠦᠰᠦᠲᠡᠨ᠎ᠦ ᠶᠡᠬᠡ ᠰᠤᠷᠭᠠᠭᠤᠯᠢ᠎ᠶᠢᠨ ᠣᠷᠣᠭᠤᠯᠤᠨ ᠠᠪᠴᠢᠷᠠᠬᠤ᠎ᠪᠠᠷ ᠪᠠᠢᠭ᠎ᠠ ᠳᠡᠭᠡᠳᠦ ᠲᠠᠰ᠎ᠤᠨ ᠴᠢᠳᠠᠪᠤᠷᠢᠲᠠᠨ᠎ᠢ ᠢᠯᠡ ᠨᠡᠢᠲᠡᠯᠡᠬᠦ ᠲᠤᠬᠠᠢ ᠠᠯᠪᠠᠨ ᠵᠠᠷᠯᠠᠯ
ᠨᠡᠶ᠋ᠢᠲᠡᠯᠡᠭᠰᠡᠨ ᠴᠠᠭ᠄ 2026-01-03

      《 〈 ᠰᠣᠳᠣᠨ ᠴᠢᠳᠠᠪᠤᠷᠢᠲᠠᠨ᠎ᠢᠶᠠᠷ ᠥᠪᠥᠷ ᠮᠣᠩᠭᠣᠯ᠎ᠢᠶᠠᠨ ᠬᠥᠭᠵᠢᠭᠦᠯᠬᠦ 〉 ᠢᠨᠵᠧᠨᠧᠷᠢᠩ᠎ᠦᠨ ᠲᠥᠷᠥ᠎ᠶᠢᠨ ᠪᠣᠳᠣᠯᠭ᠎ᠠ᠎ᠨᠤᠭᠤᠳ᠎ᠢ ᠬᠡᠷᠡᠭᠵᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠦᠨ ᠰᠠᠨᠠᠯ 》᠎ᠤᠨ ᠱᠠᠭᠠᠷᠳᠠᠯᠭ᠎ᠠ᠎ᠶᠢ ᠦᠨᠳᠦᠰᠦᠯᠡᠨ᠂ ᠥᠪᠥᠷ ᠮᠣᠩᠭᠣᠯ᠎ᠤᠨ ᠦᠨᠳᠦᠰᠦᠲᠡᠨ᠎ᠦ ᠶᠡᠬᠡ ᠰᠤᠷᠭᠠᠭᠤᠯᠢ ᠴᠢᠳᠠᠪᠤᠷᠢᠲᠠᠨ ᠡᠯᠰᠡᠬᠦ ᠠᠯᠪᠠᠨ ᠵᠠᠷ ᠨᠡᠢᠲᠡᠯᠡᠬᠦ᠂ ᠵᠣᠬᠢᠶᠠᠨ ᠪᠠᠢᠭᠤᠯᠵᠤ ᠨᠡᠷ᠎ᠡ ᠮᠡᠳᠡᠭᠦᠯᠵᠦ ᠬᠢᠨᠠᠨ ᠪᠠᠢᠴᠠᠭᠠᠬᠤ ᠂ ᠲᠤᠰᠬᠠᠢ ᠮᠡᠷᠭᠡᠵᠢᠯᠲᠡᠨ᠎ᠠᠴᠠ ᠦᠨᠡᠯᠡᠨ ᠵᠢᠱ᠌ᠢᠵᠦ ᠮᠠᠭᠠᠳᠯᠠᠨ ᠲᠣᠭᠲᠠᠭᠠᠬᠤ᠂ ᠬᠢᠨᠠᠨ ᠪᠠᠢᠴᠠᠭᠠᠬᠤ᠂ ᠪᠡᠶ᠎ᠡ᠎ᠶᠢᠨ ᠪᠠᠢᠴᠠᠭᠠᠯᠲᠠ ᠬᠢᠬᠦ ᠵᠡᠷᠭᠡ ᠲᠠᠰ ᠳᠠᠷᠠᠭᠠᠯᠠᠯ᠎ᠢᠶᠠᠷ ᠳᠡᠮᠵᠢᠨ᠂ ᠨᠡᠶ᠋ᠢᠲᠡ 2 ᠬᠥᠮᠥᠨ ᠣᠷᠣᠭᠤᠯᠤᠨ ᠠᠪᠴᠢᠷᠠᠬᠤ᠎ᠪᠠᠷ ᠪᠠᠢᠭ᠎ᠠ ᠴᠢᠳᠠᠪᠤᠷᠢᠲᠠᠨ᠎ᠤ ᠬᠡᠪᠴᠢᠶᠡᠨ᠎ᠳᠦ ᠣᠷᠣᠵᠤ᠂ ᠡᠳᠦᠭᠡ ᠣᠷᠣᠭᠤᠯᠤᠨ ᠠᠪᠴᠢᠷᠠᠬᠤ᠎ᠪᠠᠷ ᠪᠠᠢᠭ᠎ᠠ ᠳᠡᠭᠡᠳᠦ ᠲᠠᠰ ᠳᠠᠪᠬᠤᠷᠭ᠎ᠠ᠎ᠶᠢᠨ ᠠᠵᠢᠯᠲᠠᠨ ᠵᠢᠴᠢ ᠣᠷᠣᠭᠤᠯᠤᠨ ᠠᠪᠴᠢᠷᠠᠬᠤ᠎ᠪᠠᠷ ᠪᠠᠢᠭ᠎ᠠ ᠨᠢᠭᠡᠴᠢ᠎ᠶᠢ ᠢᠯᠡ ᠨᠡᠢᠲᠡᠯᠡᠨ᠎ᠡ᠃
      ᠨᠢᠭᠡ᠂ ᠢᠯᠡ ᠨᠡᠢᠲᠡᠯᠡᠬᠦ ᠡᠲᠡᠭᠡᠳ
      1. ᠰᠠᠴᠤᠷᠠ᠂ ᠡᠮᠡᠭᠲᠡᠢ᠂ 1995 ᠣᠨ᠎ᠤ 3 ᠰᠠᠷ᠎ᠠ᠎ᠳᠤ ᠳᠦᠷᠦᠵᠡᠶ᠂ ᠳ᠋ᠣᠺᠲ᠋ᠣᠷᠠᠨᠲ᠂ ᠥᠪᠥᠷ ᠮᠣᠩᠭᠣᠯ᠎ᠤᠨ ᠦᠨᠳᠦᠰᠦᠲᠡᠨ᠎ᠦ ᠶᠡᠬᠡ ᠰᠤᠷᠭᠠᠭᠤᠯᠢ᠎ᠶᠢᠨ ᠬᠠᠷᠢᠶᠠᠲᠤ ᠡᠮᠨᠡᠯᠭᠡ᠎ᠶᠢᠨ ᠬᠣᠷᠢᠶ᠎ᠠ᠎ᠶᠢᠨ ᠲᠤᠰᠬᠠᠢ ᠮᠡᠷᠭᠡᠵᠢᠯ᠎ᠦᠨ ᠠᠵᠢᠯ᠎ᠤᠨ ᠪᠠᠢᠷᠢ᠎ᠳᠤ ᠤᠷᠢᠭ᠍ᠳᠠᠬᠤ᠎ᠪᠠᠷ ᠪᠣᠶ᠃
      2. ᠬᠥ ᡁᠢ ᠯᠢᠨ᠂ ᠡᠷᠡᠭᠲᠡᠢ᠂ 1999 ᠣᠨ᠎ᠤ 1 ᠰᠠᠷ᠎ᠠ᠎ᠳᠤ ᠳᠦᠷᠦᠵᠡᠶ᠂ ᠳ᠋ᠣᠺᠲ᠋ᠣᠷᠠᠨᠲ᠂ ᠥᠪᠥᠷ ᠮᠣᠩᠭᠣᠯ᠎ᠤᠨ ᠦᠨᠳᠦᠰᠦᠲᠡᠨ᠎ᠦ ᠶᠡᠬᠡ ᠰᠤᠷᠭᠠᠭᠤᠯᠢ᠎ᠶᠢᠨ ᠬᠠᠷᠢᠶᠠᠲᠤ ᠡᠮᠨᠡᠯᠭᠡ᠎ᠶᠢᠨ ᠬᠣᠷᠢᠶ᠎ᠠ᠎ᠶᠢᠨ ᠲᠤᠰᠬᠠᠢ ᠮᠡᠷᠭᠡᠵᠢᠯ᠎ᠦᠨ ᠠᠵᠢᠯ᠎ᠤᠨ ᠪᠠᠢᠷᠢ᠎ᠳᠤ ᠤᠷᠢᠭ᠍ᠳᠠᠬᠤ᠎ᠪᠠᠷ ᠪᠣᠶ᠃
      ᠬᠣᠶᠠᠷ᠂ ᠢᠯᠡ ᠨᠡᠢᠲᠡᠯᠡᠬᠦ ᠴᠠᠭ
      2025 ᠣᠨ᠎ᠤ 12 ᠰᠠᠷ᠎ᠠ᠎ᠶᠢᠨ 12᠎ᠤᠨ ᠡᠳᠦᠷ᠎ᠡᠴᠡ 2025 ᠣᠨ᠎ᠤ 12 ᠰᠠᠷ᠎ᠠ᠎ᠶᠢᠨ 18᠎ᠤ ᠡᠳᠦᠷ ᠪᠤᠯᠳᠠᠯ᠎ᠠ
      ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶᠢᠭ᠋
      ᠨᠢᠭᠡᠴᠢ ᠪᠣᠯᠣᠨ ᠬᠤᠪᠢ ᠬᠥᠮᠥᠨ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ ᠵᠡᠷᠭᠡ ᠬᠡᠯᠪᠡᠷᠢ᠎ᠪᠡᠷ ᠳᠡᠭᠡᠷ᠎ᠡ ᠳᠤᠷᠠᠳᠤᠭᠰᠠᠨ ᠢᠯᠡ ᠨᠡᠢᠲᠡᠯᠡᠭᠰᠡᠨ ᠡᠲᠡᠭᠡᠳ᠎ᠦᠨ ᠬᠣᠯᠪᠣᠭᠳᠠᠯ ᠪᠦᠬᠦᠢ ᠪᠠᠢᠳᠠᠯ ᠪᠣᠯᠣᠨ ᠠᠰᠠᠭᠤᠳᠠᠯ᠎ᠢ ᠲᠤᠰᠬᠠᠵᠤ ᠪᠣᠯᠣᠨ᠎ᠠ᠂ ᠲᠤᠰᠬᠠᠭᠰᠠᠨ ᠮᠠᠲᠧᠷᠢᠶᠠᠯ᠎ᠳᠦ ᠨᠢᠭᠡᠴᠢ ᠨᠢ ᠠᠯᠪᠠᠨ ᠲᠠᠮᠠᠭ᠎ᠠ ᠳᠠᠷᠤᠵᠤ᠂ ᠬᠤᠪᠢ ᠬᠥᠮᠥᠨ ᠦᠨᠡᠨ ᠨᠡᠷ᠎ᠡ᠎ᠪᠡᠨ ᠪᠢᠴᠢᠬᠦ᠎ᠶᠢᠨ ᠬᠠᠮᠲᠤ ᠬᠠᠷᠢᠯᠴᠠᠬᠤ ᠠᠷᠭ᠎ᠠ ᠬᠡᠯᠪᠡᠷᠢ᠎ᠪᠡᠨ ᠬᠠᠩᠭᠠᠬᠤ ᠬᠡᠷᠡᠭᠲᠡᠢ᠃
      ᠬᠦᠯᠢᠶᠡᠨ ᠠᠪᠬᠤ ᠴᠠᠭ᠄ ᠦᠳᠡ᠎ᠶᠢᠨ ᠡᠮᠦᠨ᠎ᠡ 9 ᠄ 00 ︱ 12 ᠄ 00 ᠂ ᠦᠳᠡ᠎ᠶᠢᠨ ᠬᠣᠢᠨ᠎ᠠ 14 ᠄ 30 ︱ 17 ᠄ 00
      ᠬᠦᠯᠢᠶᠡᠨ ᠠᠪᠬᠤ ᠤᠲᠠᠰᠤ᠄ 0471-4896229
                  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ 
                  ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ
                                    2025 ᠣᠨ᠎ᠤ 12 ᠰᠠᠷ᠎ᠠ᠎ᠶᠢᠨ 11᠎ᠤ ᠡᠳᠦᠷ

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ᠋ ᠪᠠ ᠨᠡᠶ᠋ᠢᠭᠡᠮ᠎ᠦᠨ ᠪᠠᠲᠤᠯᠠᠭ᠎ᠠ᠎ᠶᠢᠨ ᠲᠢᠩᠬᠢᠮ
          
ᠬᠠᠮᠢᠶ᠎ᠡ ᠪᠦᠬᠦᠢ ᠰᠣᠨᠢᠨ
 
            