ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠰᠤᠷᠪᠤᠯᠵᠢᠯᠠᠭ᠎ᠠ ᠶᠠᠷᠢᠯᠴᠠᠯᠭ᠎ᠠ
ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠰᠢᠯᠵᠢᠯᠲᠡ ᠵᠢᠨ ᠬᠠᠮᠢᠶᠠᠷᠤᠯᠲᠠ ᠵᠢᠨ ᠵᠤᠷᠭ᠋ᠠᠨ᠎ᠤ ᠬᠠᠷᠢᠭᠤᠴᠠᠯᠭ᠋ᠠᠲᠠᠨ 《ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠢ ᠵᠢᠷᠤᠮᠵᠢᠭᠤᠯᠤᠨ ᠬᠠᠮᠢᠶᠠᠷᠬᠤ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠢ ᠮᠡᠳᠡᠭᠳᠡᠯ》᠎ᠤᠨ ᠲᠤᠬᠠᠢ ᠰᠤᠷᠪᠤᠯᠵᠢᠯᠠᠬ᠍ᠴᠢ ᠵᠢᠨ ᠠᠰᠠᠭᠤᠯᠲᠠ ᠵᠢ ᠬᠠᠷᠢᠭᠤᠯᠪᠠ
ᠨᠡᠶ᠋ᠢᠲᠡᠯᠡᠭᠰᠡᠨ ᠴᠠᠭ᠄ 2024-10-10

      ᠣᠢ᠌ᠷ᠎ᠠ᠎ᠳᠤ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠂ ᠲᠥᠪ᠎ᠤᠨ ᠢᠨᠲ᠋ᠧᠷ ᠰᠦᠯᠵᠢᠶᠡᠨ᠎ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠵᠢᠨ ᠵᠥᠪᠯᠡᠯ᠎ᠤᠨ ᠠᠯᠪᠠᠨ ᠭᠡᠷ ᠬᠠᠮᠲᠤᠷᠠᠨ 《ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠢ ᠵᠢᠷᠤᠮᠵᠢᠭᠤᠯᠤᠨ ᠬᠠᠮᠢᠶᠠᠷᠬᠤ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠢ ᠮᠡᠳᠡᠭᠳᠡᠯ》 (ᠳᠣᠷᠣᠭᠰᠢ 《ᠮᠡᠳᠡᠭᠳᠡᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠃ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠰᠢᠯᠵᠢᠯᠲᠡ ᠵᠢᠨ ᠬᠠᠮᠢᠶᠠᠷᠤᠯᠲᠠ ᠵᠢᠨ ᠵᠤᠷᠭ᠋ᠠᠨ᠎ᠤ ᠬᠠᠷᠢᠭᠤᠴᠠᠯᠭ᠋ᠠᠲᠠᠨ 《ᠮᠡᠳᠡᠭᠳᠡᠯ》᠎ᠤᠨ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠰᠤᠷᠪᠤᠯᠵᠢᠯᠠᠬ᠍ᠴᠢ ᠵᠢᠨ ᠠᠰᠠᠭᠤᠯᠲᠠ ᠵᠢ ᠬᠠᠷᠢᠭᠤᠯᠪᠠ᠃
      ᠠᠰᠠᠭᠤᠯᠲᠠ᠄ 《ᠮᠡᠳᠡᠭᠳᠡᠯ》 ᠎ᠢ ᠨᠡᠢ᠌ᠲᠡᠯᠡᠭᠰᠡᠨ ᠠᠬᠤᠢ ᠪᠠᠶ᠋ᠢᠳᠠᠯ᠎ᠢ ᠲᠠᠨᠢᠯᠴᠠᠭᠤᠯᠤᠭ᠋ᠠᠳ ᠥᠭᠭᠦᠨ᠎ᠡ ᠦᠦ?
      ᠬᠠᠷᠢᠭᠤᠯᠲᠠ᠄ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ ᠪᠣᠯ ᠮᠠᠰᠢ ᠴᠢᠬᠤᠯᠠ ᠡᠯᠧᠮᠧᠨ᠋ᠲ᠎ᠤᠨ ᠵᠠᠬ᠎ᠠ ᠳᠡᠯᠭᠡᠭᠦᠷ ᠮᠥᠨ᠂ ᠬᠥᠳᠡᠯᠮᠦᠷᠢᠴᠢᠳ᠎ᠤᠨ ᠠᠵᠢᠯ ᠣᠯᠬᠤ ᠴᠢᠬᠤᠯᠠ ᠠᠷᠭ᠎ᠠ ᠵᠠᠮ ᠮᠥᠨ᠃ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠬᠥᠳᠡᠯᠮᠦᠷᠢᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ ᠪᠣᠯ ᠴᠢᠨᠠᠷ ᠰᠠᠢ᠌ᠲᠠᠢ ᠭᠦᠢ᠍ᠴᠡᠳ ᠠᠵᠢᠯ ᠣᠯᠭᠣᠯᠲᠠ ᠵᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠤᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ ᠢᠷᠡᠪᠡ᠃ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠠᠴᠠ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠨᠡᠩ ᠰᠠᠶ᠋ᠢᠲᠤᠷ ᠬᠠᠮᠠᠭ᠋ᠠᠯᠠᠬᠤ ᠬᠡᠷᠡᠭᠲᠡᠶ ᠭᠡᠵᠦ ᠵᠢᠭ᠋ᠠᠵᠤ ᠭᠠᠷᠭ᠋ᠠᠨ᠂ ᠵᠠᠭᠤᠴᠢ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠦᠨᠡᠨᠴᠢ ᠢᠲᠡᠭᠡᠮᠵᠢ᠎ᠲᠠᠢ ᠪᠠᠶ᠋ᠢᠬᠤ᠂ ᠬᠠᠤᠯᠢ ᠶᠣᠰᠣᠭ᠋ᠠᠷ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠶᠡᠷᠦᠩᠬᠡᠢ ᠱᠦᠵᠢ ᠰᠢ ᠵᠢᠨ ᠫᠢᠩ ᠲᠥᠪ ᠬᠣᠷᠢᠶ᠎ᠠ ᠵᠢᠨ ᠤᠯᠤᠰ ᠲᠥᠷᠥ ᠵᠢᠨ ᠲᠣᠪᠴᠢᠶ᠎ᠠ ᠵᠢᠨ ᠴᠢᠨᠠᠷ ᠰᠠᠢ᠌ᠲᠠᠢ ᠪᠥᠭᠡᠳ ᠭᠦᠢ᠍ᠴᠡᠳ ᠠᠵᠢᠯ ᠣᠯᠭᠣᠯᠲᠠ ᠵᠢ ᠠᠬᠢᠭᠤᠯᠬᠤ ᠲᠤᠬᠠᠢ ᠠᠷᠪᠠᠨ ᠳᠥᠷᠪᠡᠳᠦᠭᠡᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠵᠢ ᠥᠷᠨᠢᠭᠦᠯᠬᠦ ᠦᠶ᠎ᠡ᠎ᠳᠤ᠂ ᠨᠢᠭᠡᠳᠦᠯᠲᠡᠢ ᠪᠥᠭᠡᠳ ᠵᠢᠷᠤᠮᠵᠢᠭᠰᠠᠨ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠤᠨ ᠰᠢᠰᠲ᠋ᠧᠮ᠎ᠢ ᠪᠦᠷᠢᠨᠰᠢᠭᠦᠯᠵᠦ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠪᠠ ᠬᠥᠳᠡᠯᠮᠦᠷᠢ ᠵᠢᠨ ᠪᠠᠲᠤᠯᠠᠭ᠎ᠠ ᠵᠢᠨ ᠬᠢᠨᠠᠨ ᠪᠠᠢ᠌ᠴᠠᠭ᠋ᠠᠯᠲᠠ ᠬᠠᠤᠯᠢ ᠬᠡᠷᠡᠭᠵᠢᠭᠦᠯᠦᠯᠲᠡ ᠵᠢ ᠴᠢᠩᠭ᠋ᠠᠳᠬᠠᠬᠤ ᠬᠡᠷᠡᠭᠲᠡᠶ ᠭᠡᠵᠦ ᠴᠢᠬᠤᠯᠠᠴᠢᠯᠠᠭᠰᠠᠨ ᠪᠠᠢ᠌ᠨ᠎ᠠ᠃ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠠᠵᠢᠯ ᠳᠦᠷᠦᠯ᠎ᠤᠨ ᠬᠥᠭᠵᠢᠯᠲᠡ ᠵᠢ ᠠᠬᠢᠭᠤᠯᠬᠤ ᠪᠠ ᠪᠦᠲᠦᠮᠵᠢᠲᠡᠢ ᠬᠢᠨᠠᠯᠲᠠ ᠬᠠᠮᠢᠶᠠᠷᠤᠯᠲᠠ ᠵᠢ ᠬᠡᠷᠡᠭᠵᠢᠭᠦᠯᠬᠦ ᠵᠢ ᠵᠡᠷᠭᠡ᠎ᠪᠠᠷ ᠴᠢᠬᠤᠯᠠᠴᠢᠯᠠᠬᠤ ᠵᠢ ᠪᠠᠷᠢᠮᠲᠠᠯᠠᠵᠤ᠂ ᠨᠢᠭᠡᠳᠦᠯᠲᠡᠢ ᠪᠥᠭᠡᠳ ᠵᠢᠷᠤᠮᠵᠢᠭᠰᠠᠨ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠤᠨ ᠰᠢᠰᠲ᠋ᠧᠮ᠎ᠤᠨ ᠪᠠᠢ᠌ᠭᠤᠯᠤᠯᠲᠠ ᠵᠢ ᠲᠦᠷᠭᠡᠪᠴᠢᠯᠡᠨ ᠠᠬᠢᠭᠤᠯᠵᠤ᠂ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠤᠨ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠢ ᠲᠦᠯᠬᠢᠨ ᠠᠬᠢᠭᠤᠯᠵᠤ᠂ ᠵᠠᠬ᠎ᠠ ᠳᠡᠯᠭᠡᠭᠦᠷ᠎ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠵᠦ᠂ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠭᠦᠢ᠍ᠴᠡᠳ ᠬᠥᠭᠵᠢᠭᠡᠵᠦ᠂ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠲᠦᠷᠭᠡᠨ ᠬᠥᠭᠵᠢᠯᠲᠡ ᠵᠢ ᠲᠦᠯᠬᠢᠨ ᠠᠬᠢᠭᠤᠯᠪᠠ᠃ ᠣᠳᠣᠬᠠᠨ᠎ᠳᠤ᠂ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠤᠨ ᠡᠮᠬᠢ ᠳᠢᠭᠯᠢᠮ ᠶᠡᠷᠦᠩᠬᠡᠢ᠎ᠳᠡᠭᠡᠨ ᠲᠣᠭᠲᠠᠭᠤᠨ ᠪᠥᠭᠡᠳ ᠡᠮᠬᠢ ᠵᠢᠷᠤᠮ᠎ᠲᠠᠢ ᠪᠠᠢ᠌ᠵᠤ᠂ ᠵᠣᠩᠬᠢᠯᠠᠬᠤ ᠤᠯᠠᠨ ᠲᠣᠭ᠋ᠠᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠦᠨᠡᠨᠴᠢ ᠢᠲᠡᠭᠡᠮᠵᠢ᠎ᠲᠠᠢ᠎ᠪᠠᠷ ᠦᠢ᠍ᠯᠡᠴᠢᠯᠡᠵᠦ᠂ ᠵᠢᠷᠤᠮᠵᠢᠩᠭᠤᠢ ᠡᠵᠡᠩᠨᠡᠵᠦ᠂ ᠬᠥᠳᠡᠯᠮᠦᠷᠢᠴᠢᠳ᠎ᠤᠨ ᠠᠵᠢᠯ ᠣᠯᠬᠤ ᠵᠢ ᠠᠬᠢᠭᠤᠯᠬᠤ᠂ ᠠᠵᠤ ᠠᠬᠤᠢ᠌ᠯᠠᠯ᠎ᠤᠨ ᠠᠵᠢᠯᠴᠢᠨ ᠬᠡᠷᠡᠭᠯᠡᠬᠦ ᠵᠢ ᠪᠠᠲᠤᠯᠠᠬᠤ᠂ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠰᠢᠯᠵᠢᠯᠲᠡ ᠵᠢᠨ ᠲᠣᠬᠢᠷᠠᠭᠤᠯᠤᠯᠲᠠ ᠵᠢ ᠰᠢᠯᠢᠳᠡᠭᠵᠢᠭᠦᠯᠬᠦ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠪᠠ᠃
      《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢᠨ ᠭᠦᠨᠵᠡᠭᠡᠢ᠌ᠷᠡᠨ ᠠᠬᠢᠬᠤ ᠵᠢ ᠳᠠᠭ᠋ᠠᠯᠳᠤᠨ᠂ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠲᠣᠭ᠎ᠠ ᠬᠡᠮᠵᠢᠶ᠎ᠡ ᠲᠦᠷᠭᠡᠨ ᠵᠶ᠋ᠡᠷ ᠨᠡᠮᠡᠭᠳᠡᠵᠦ᠂ ᠵᠠᠬ᠎ᠠ ᠳᠡᠯᠭᠡᠭᠦᠷ᠎ᠤᠨ ᠠᠵᠢᠯᠯᠠᠭ᠋ᠠᠨ᠎ᠤ ᠬᠡᠯᠪᠡᠷᠢ ᠡᠳᠦᠷ ᠢᠷᠡᠬᠦᠶ᠎ᠡ ᠤᠯᠠᠨ ᠶᠠᠩᠵᠤ ᠵᠢᠨ ᠪᠣᠯᠵᠤ᠂ ᠰᠢᠨ᠎ᠡ ᠮᠡᠷᠭᠡᠵᠢᠯ᠂ ᠰᠢᠨ᠎ᠡ ᠡᠵᠡᠩᠨᠡᠯᠲᠡ ᠵᠢᠨ ᠬᠡᠯᠪᠡᠷᠢ᠂ ᠰᠢᠨ᠎ᠡ ᠵᠠᠭᠪᠤᠷ ᠲᠠᠰᠤᠷᠠᠯᠲᠠ ᠦᠭᠡᠢ ᠢᠯᠡᠷᠡᠨ ᠭᠠᠷᠴᠤ᠂ ᠬᠠᠤᠯᠢ ᠪᠤᠰᠤ᠎ᠪᠠᠷ ᠠᠵᠢᠯ ᠲᠠᠨᠢᠯᠴᠠᠭᠤᠯᠬᠤ᠂ ᠬᠤᠳᠠᠯ ᠬᠠᠭᠤᠷᠮᠠᠭ ᠵᠶ᠋ᠠᠷ ᠡᠯᠰᠡᠨ ᠤᠷᠢᠬᠤ᠂ ᠬᠤᠪᠢ ᠬᠥᠮᠥᠨ᠎ᠤ ᠮᠡᠳᠡᠭᠡ ᠵᠠᠩᠭᠢ ᠵᠢ ᠵᠠᠳᠠᠷᠠᠭᠤᠯᠬᠤ᠂ ᠠᠵᠢᠯ ᠣᠯᠭᠣᠯᠲᠠ ᠵᠢᠨ ᠭᠠᠳᠠᠭᠤᠷᠴᠢᠯᠠᠯ᠂ ᠲᠣᠭᠲᠠᠭ᠋ᠠᠯ ᠎ᠠᠴᠠ ᠵᠥᠷᠢᠴᠡᠨ ᠰᠦᠢ᠍ᠳᠬᠡᠯ ᠬᠤᠷᠢᠶᠠᠬᠤ ᠵᠡᠷᠭᠡ ᠬᠥᠳᠡᠯᠮᠦᠷᠢᠴᠢᠳ᠎ᠤᠨ ᠡᠷᠬᠡ ᠠᠰᠢᠭ᠎ᠢ ᠬᠣᠬᠢᠷᠠᠭᠤᠯᠬᠤ ᠠᠰᠠᠭᠤᠳᠠᠯ ᠪᠠᠶ᠋ᠢᠨ ᠳᠠᠬᠢᠨ ᠭᠠᠷᠴᠤ ᠪᠠᠢ᠌ᠨ᠎ᠠ᠃ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠴᠢᠨᠠᠭᠰᠢᠳᠠ ᠵᠢᠷᠤᠮᠵᠢᠭᠤᠯᠵᠤ᠂ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠤᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠬᠥᠳᠡᠯᠮᠦᠷᠢᠴᠢᠨ ᠪᠠ ᠬᠥᠮᠥᠨ ᠬᠡᠷᠡᠭᠯᠡᠬᠦ ᠨᠢᠭᠡᠴᠢ ᠵᠢᠨ ᠬᠠᠤᠯᠢ ᠶᠣᠰᠣᠨ᠎ᠤ ᠡᠷᠬᠡ ᠠᠰᠢᠭ᠎ᠢ ᠦᠨᠡᠨ ᠬᠦ᠌ ᠬᠠᠮᠠᠭ᠋ᠠᠯᠠᠬᠤ ᠵᠢᠨ ᠲᠥᠯᠥᠭᠡ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠂ ᠲᠥᠪ᠎ᠤᠨ ᠢᠨᠲ᠋ᠧᠷ ᠰᠦᠯᠵᠢᠶᠡᠨ᠎ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠵᠢᠨ ᠵᠥᠪᠯᠡᠯ᠎ᠤᠨ ᠠᠯᠪᠠᠨ ᠭᠡᠷ ᠬᠠᠮᠲᠤᠷᠠᠨ 《ᠮᠡᠳᠡᠭᠳᠡᠯ》 ᠳᠠᠷᠤᠮᠠᠯᠯᠠᠨ ᠲᠠᠷᠬᠠᠭ᠋ᠠᠵᠤ᠂ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠵᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠪᠣᠳᠠᠲᠠᠢ᠌ᠵᠢᠭᠤᠯᠵᠤ᠂ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠠᠵᠢᠯᠯᠠᠭ᠎ᠠ ᠵᠢ ᠵᠢᠷᠤᠮᠵᠢᠭᠤᠯᠵᠤ᠂ ᠬᠠᠤᠯᠢ ᠵᠢ ᠰᠠᠬᠢᠵᠤ ᠡᠵᠡᠩᠨᠡᠬᠦ᠂ ᠦᠨᠡᠨᠴᠢ ᠢᠲᠡᠭᠡᠮᠵᠢᠲᠡᠢ᠎ᠪᠠᠷ ᠦᠢ᠍ᠯᠡᠴᠢᠯᠡᠬᠦ ᠵᠠᠬ᠎ᠠ ᠳᠡᠯᠭᠡᠭᠦᠷ᠎ᠤᠨ ᠣᠷᠴᠢᠨ ᠨᠥᠬᠥᠴᠡᠯ᠎ᠢ ᠪᠤᠢ ᠪᠣᠯᠭ᠋ᠠᠬᠤ ᠵᠢ ᠲᠦᠯᠬᠢᠨ ᠠᠬᠢᠭᠤᠯᠵᠤ᠂ ᠠᠵᠢᠯ ᠣᠯᠵᠤ ᠦᠢ᠍ᠯᠡᠰ ᠪᠣᠰᠬᠠᠬᠤ ᠵᠢ ᠨᠡᠩ ᠰᠠᠶ᠋ᠢᠲᠤᠷ ᠠᠬᠢᠭᠤᠯᠬᠤ ᠪᠠ ᠬᠥᠮᠥᠨ᠎ᠤ ᠬᠦᠴᠦᠨ᠎ᠤ ᠡᠬᠢ ᠪᠠᠶᠠᠯᠢᠭ᠎ᠢ ᠰᠢᠯᠵᠢᠭᠦᠯᠦᠨ ᠲᠣᠬᠢᠷᠠᠭᠤᠯᠬᠤ ᠵᠢ ᠰᠢᠯᠢᠳᠡᠭᠵᠢᠭᠦᠯᠪᠡ᠃
      ᠠᠰᠠᠭᠤᠯᠲᠠ᠄ 《ᠮᠡᠳᠡᠭᠳᠡᠯ》 ᠎ᠳᠤ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠲᠤ ᠣᠷᠣᠬᠤ ᠵᠢ ᠵᠥᠪᠰᠢᠶᠡᠷᠡᠬᠦ ᠬᠠᠮᠢᠶᠠᠷᠤᠯᠲᠠ ᠵᠢ ᠴᠢᠩᠭ᠋ᠠᠳᠬᠠᠬᠤ᠎ᠳᠤ ᠶᠠᠮᠠᠷ ᠶᠠᠮᠠᠷ ᠠᠷᠭ᠎ᠠ ᠬᠡᠮᠵᠢᠶ᠎ᠡ ᠳᠤᠷᠠᠳᠤᠭᠰᠠᠨ ᠪᠤᠢ?
      ᠬᠠᠷᠢᠭᠤᠯᠲᠠ᠄ ᠵᠠᠬ᠎ᠠ ᠳᠡᠯᠭᠡᠭᠦᠷ᠎ᠲᠤ ᠣᠷᠣᠬᠤ ᠵᠢ ᠵᠥᠪᠰᠢᠶᠡᠷᠡᠬᠦ ᠬᠠᠮᠢᠶᠠᠷᠤᠯᠲᠠ ᠵᠢ ᠬᠡᠷᠡᠭᠵᠢᠭᠦᠯᠬᠦ ᠪᠣᠯ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠤᠨ ᠬᠠᠮᠢᠶᠠᠷᠤᠯᠲᠠ ᠵᠢᠨ ᠨᠢᠭᠡᠨ ᠴᠢᠬᠤᠯᠠ ᠳᠦᠷᠢᠮ ᠮᠥᠨ᠃ 《ᠮᠡᠳᠡᠭᠳᠡᠯ》᠎ᠨᠢ 《ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠤᠨ ᠲᠦᠷ ᠬᠡᠷᠡᠭᠵᠢᠭᠦᠯᠬᠦ ᠳᠦᠷᠢᠮ》᠂ 《ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠬᠠᠮᠢᠶᠠᠷᠤᠯᠲᠠ ᠵᠢᠨ ᠲᠣᠭᠲᠠᠭ᠋ᠠᠯ》᠂ 《ᠰᠦᠯᠵᠢᠶ᠎ᠡ᠎ᠪᠠᠷ ᠠᠵᠢᠯᠲᠠᠨ ᠠᠵᠢᠯᠴᠢᠨ ᠡᠯᠰᠡᠬᠦ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠲᠣᠭᠲᠠᠭ᠋ᠠᠯ》 ᠎ᠤᠨ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠲᠤ ᠣᠷᠣᠬᠤ ᠵᠢ ᠵᠥᠪᠰᠢᠶᠡᠷᠡᠬᠦ ᠬᠠᠮᠢᠶᠠᠷᠤᠯᠲᠠ ᠵᠢ ᠴᠢᠩᠭ᠋ᠠᠳᠬᠠᠬᠤ ᠲᠠᠯ᠎ᠠ᠎ᠪᠠᠷ ᠳᠥᠷᠪᠡᠨ ᠲᠠᠯ᠎ᠠ ᠵᠢᠨ ᠠᠷᠭ᠎ᠠ ᠬᠡᠮᠵᠢᠶ᠎ᠡ ᠳᠤᠷᠠᠳᠴᠠᠢ᠄ ᠨᠢᠭᠡ᠎ᠳᠤ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠲᠤ ᠣᠷᠣᠬᠤ ᠵᠢ ᠵᠥᠪᠰᠢᠶᠡᠷᠡᠬᠦ ᠳᠦᠷᠢᠮ᠎ᠢ ᠪᠦᠷᠢᠨᠰᠢᠭᠦᠯᠵᠦ᠂ ᠮᠡᠳᠡᠭᠳᠡᠬᠦ ᠪᠠ ᠠᠮᠠᠯᠳᠠᠬᠤ ᠳᠦᠷᠢᠮ᠎ᠢ ᠵᠢᠷᠤᠮᠵᠢᠭᠤᠯᠤᠨ ᠬᠡᠷᠡᠭᠵᠢᠭᠦᠯᠵᠦ᠂ ᠡᠯ᠎ᠡ ᠭᠠᠵᠠᠷ᠎ᠤᠨ᠎ᠬᠢᠨ᠎ᠤ ᠪᠠᠷᠢᠮᠵᠢᠶ᠎ᠠ ᠵᠢ ᠨᠠᠷᠢᠯᠢᠭᠵᠢᠭᠤᠯᠬᠤ᠂ ᠮᠠᠲ᠋ᠧᠷᠢᠶᠠᠯ᠎ᠢ ᠴᠣᠮᠬᠠᠳᠬᠠᠬᠤ᠂ ᠲᠡᠰ ᠳᠠᠷᠠᠭ᠋ᠠᠯᠠᠯ᠎ᠢ ᠰᠢᠯᠢᠳᠡᠭᠵᠢᠭᠦᠯᠬᠦ ᠵᠢ ᠲᠦᠯᠬᠢᠨ ᠠᠬᠢᠭᠤᠯᠵᠤ᠂ ᠵᠠᠬ᠎ᠠ ᠳᠡᠯᠭᠡᠭᠦᠷ᠎ᠤᠨ ᠭᠣᠣᠯ ᠴᠣᠭᠴᠠ᠎ᠳᠤ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡ ᠬᠢᠬᠦ ᠵᠢ ᠵᠥᠪᠰᠢᠶᠡᠷᠡᠬᠦ ᠭᠠᠷᠳᠠᠮ᠎ᠢ ᠭᠦᠢ᠍ᠴᠡᠳᠬᠡᠵᠦ ᠥᠭᠬᠦ᠎ᠳᠤ ᠲᠥᠬᠥᠮ ᠦᠵᠡᠭᠦᠯᠦᠨ᠎ᠡ᠃ ᠬᠣᠶᠠᠷ᠎ᠲᠤ᠂ ᠠᠵᠢᠯ ᠮᠡᠷᠭᠡᠵᠢᠯ᠎ᠤᠨ ᠵᠠᠭᠤᠴᠢᠯᠠᠬᠤ ᠠᠵᠢᠯᠯᠠᠭ᠎ᠠ ᠵᠢ ᠰᠢᠭᠰᠢᠨ ᠪᠠᠢ᠌ᠴᠠᠭ᠋ᠠᠬᠤ᠂ ᠢᠯᠭ᠋ᠠᠨ ᠲᠣᠳᠣᠯᠠᠬᠤ ᠵᠢ ᠴᠢᠩᠭ᠋ᠠᠳᠬᠠᠵᠤ᠂ ᠣᠢ᠌ᠷ᠎ᠠ ᠵᠢᠨ ᠵᠢᠯ᠎ᠤᠳ᠎ᠲᠤ ᠸᠢᠴᠠᠲ ᠨᠠᠢ᠌ᠳᠠ ᠵᠢᠨ ᠲᠠᠪᠴᠠᠩ᠂ APP᠂ ᠸᠢᠳᠢᠤ᠋᠂ ᠢᠨᠲ᠋ᠧᠷ ᠰᠦᠯᠵᠢᠶᠡᠨ᠎ᠤ ᠴᠤᠭᠯᠠᠷᠠᠯ ᠵᠡᠷᠭᠡ ᠠᠷᠭ᠎ᠠ ᠮᠠᠶᠢᠭ ᠵᠶ᠋ᠠᠷ ᠠᠵᠢᠯ ᠮᠡᠷᠭᠡᠵᠢᠯ᠎ᠤᠨ ᠵᠠᠭᠤᠴᠢᠯᠠᠬᠤ ᠠᠵᠢᠯᠯᠠᠭ᠎ᠠ ᠨᠡᠯᠢᠶᠡᠳ ᠤᠯᠠᠨ ᠢᠯᠡᠷᠡᠭᠰᠡᠨ ᠪᠠᠶ᠋ᠢᠳᠠᠯ᠎ᠳᠤ ᠴᠢᠭᠯᠡᠭᠦᠯᠦᠨ᠂ ᠬᠢᠨᠠᠯᠲᠠ ᠬᠠᠮᠢᠶᠠᠷᠤᠯᠲᠠ ᠵᠢᠨ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠵᠢ ᠴᠢᠩᠭ᠋ᠠᠳᠬᠠᠵᠤ᠂ ᠰᠢᠭᠰᠢᠨ ᠪᠠᠢ᠌ᠴᠠᠭ᠋ᠠᠬᠤ᠂ ᠢᠯᠭ᠋ᠠᠨ ᠲᠣᠳᠣᠯᠠᠬᠤ ᠠᠵᠢᠯ᠎ᠢ ᠬᠠᠨᠳᠤᠯᠭ᠋ᠠᠲᠤ ᠴᠢᠨᠠᠷᠲᠠᠢ᠎ᠪᠠᠷ ᠥᠷᠨᠢᠭᠦᠯᠵᠦ᠂ ᠴᠠᠭ ᠲᠤᠬᠠᠢ᠎ᠳᠤᠨᠢ ᠮᠥᠷᠳᠡᠨ ᠬᠢᠨᠠᠨ ᠬᠠᠮᠢᠶᠠᠷᠤᠨ᠎ᠠ᠃ ᠭᠤᠷᠪᠠ᠎ᠳᠤ᠂ ᠮᠡᠳᠡᠭᠳᠡᠬᠦ ᠪᠠ ᠠᠮᠠᠯᠳᠠᠬᠤ ᠵᠦᠢ᠍ᠯᠡᠰ᠎ᠤᠨ ᠬᠣᠯᠪᠣᠭᠳᠠᠯ ᠪᠦᠬᠦᠢ ᠵᠥᠪᠰᠢᠶᠡᠷᠡᠬᠦ ᠨᠥᠬᠥᠴᠡᠯ᠎ᠤᠨ ᠦᠨᠡᠨ ᠪᠣᠳᠠᠲᠤ ᠴᠢᠨᠠᠷ᠎ᠲᠤ ᠬᠢᠨᠠᠨ ᠪᠠᠢ᠌ᠴᠠᠭ᠋ᠠᠬᠤ ᠵᠢ ᠴᠢᠩᠭ᠋ᠠᠳᠬᠠᠵᠤ᠂ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡ ᠵᠢ ᠵᠥᠪᠰᠢᠶᠡᠷᠡᠭᠦᠯᠬᠦ᠎ᠪᠠᠷ ᠭᠤᠶᠤᠴᠢᠯᠠᠭᠴᠢ ᠵᠢᠨ ᠠᠮᠠᠯᠠᠯᠲᠠ᠎ᠪᠠᠨ ᠪᠠᠲᠤ ᠰᠠᠬᠢᠬᠤ ᠵᠢ ᠱᠠᠯᠠᠪᠳᠠᠭᠤᠯᠤᠨ᠎ᠠ᠃ ᠳᠥᠷᠪᠡ᠎ᠳᠤ ᠬᠠᠤᠯᠢ ᠬᠡᠷᠡᠭᠵᠢᠭᠦᠯᠵᠦ ᠪᠠᠢ᠌ᠴᠠᠭ᠋ᠠᠨ ᠰᠢᠢ᠍ᠳᠪᠦᠷᠢᠯᠡᠬᠦ ᠵᠢ ᠴᠢᠩᠭ᠋ᠠᠳᠬᠠᠵᠤ᠂ ᠵᠥᠪᠰᠢᠶᠡᠷᠡᠯ ᠣᠯᠣᠭᠰᠠᠨ ᠦᠭᠡᠢ᠎ᠪᠠᠷ ᠠᠵᠢᠯ ᠮᠡᠷᠭᠡᠵᠢᠯ᠎ᠤᠨ ᠵᠠᠭᠤᠴᠢᠯᠠᠬᠤ ᠠᠵᠢᠯᠯᠠᠭ᠎ᠠ ᠵᠢ ᠳᠤᠷ᠎ᠠ᠎ᠪᠠᠷ ᠵᠶ᠋ᠠᠨ ᠥᠷᠨᠢᠭᠦᠯᠦᠭᠰᠡᠨ ᠪᠠᠢ᠌ᠪᠠᠯ᠂ ᠬᠠᠤᠯᠢ ᠶᠣᠰᠣᠭ᠋ᠠᠷ ᠡᠭᠦᠳᠡ ᠵᠢ᠎ᠨᠢ ᠬᠠᠭ᠋ᠠᠯᠭ᠋ᠠᠬᠤ ᠪᠤᠶᠤ ᠠᠵᠢᠯ ᠮᠡᠷᠭᠡᠵᠢᠯ᠎ᠤᠨ ᠵᠠᠭᠤᠴᠢᠯᠠᠬᠤ ᠠᠵᠢᠯᠯᠠᠭ᠎ᠠ ᠬᠢᠬᠦ ᠵᠢ᠎ᠨᠢ ᠵᠠᠷᠯᠢᠭᠳᠠᠨ ᠵᠣᠭᠰᠣᠭ᠋ᠠᠵᠤ᠂ ᠬᠠᠤᠯᠢ ᠵᠢ ᠵᠥᠷᠢᠴᠡᠵᠦ ᠣᠯᠣᠭᠰᠠᠨ ᠣᠯᠵᠠ ᠠᠰᠢᠭ᠎ᠲᠠᠢ ᠪᠠᠢ᠌ᠪᠠᠯ ᠬᠠᠤᠯᠢ ᠵᠢ ᠵᠥᠷᠢᠴᠡᠵᠦ ᠣᠯᠣᠭᠰᠠᠨ ᠣᠯᠵᠠ ᠠᠰᠢᠭ᠎ᠢ᠎ᠨᠢ ᠬᠣᠷᠢᠶᠠᠨ ᠠᠪᠬᠤ ᠵᠢᠨ ᠬᠠᠮᠲᠤ ᠵᠣᠭᠣᠰ ᠵᠶ᠋ᠠᠷ ᠲᠣᠷᠭ᠋ᠠᠵᠤ ᠰᠢᠢ᠍ᠳᠬᠡᠨ᠎ᠡ᠃
      ᠠᠰᠠᠭᠤᠯᠲᠠ᠄ 《ᠮᠡᠳᠡᠭᠳᠡᠯ》᠎ᠳᠤ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠶᠠᠮᠠᠷ ᠶᠠᠮᠠᠷ ᠠᠵᠢᠯᠯᠠᠭ᠎ᠠ ᠵᠢ ᠭᠣᠣᠯᠳᠠᠯᠭ᠎ᠠ᠎ᠲᠠᠢ ᠵᠢᠷᠤᠮᠵᠢᠭᠤᠯᠤᠭᠰᠠᠨ ᠪᠣᠢ? ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠪᠠᠶ᠋ᠢᠬᠤ ᠪᠤᠢ?
      ᠬᠠᠷᠢᠭᠤᠯᠲᠠ᠄ 《ᠮᠡᠳᠡᠭᠳᠡᠯ》᠎ᠳᠤ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠣᠳᠣᠬᠠᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠲᠤ ᠣᠷᠣᠰᠢᠵᠤ ᠪᠠᠢ᠌ᠭ᠎ᠠ ᠬᠤᠳᠠᠯ ᠬᠠᠭᠤᠷᠮᠠᠭ ᠵᠶ᠋ᠡᠷ ᠠᠵᠢᠯᠲᠠᠨ ᠠᠵᠢᠯᠴᠢᠨ ᠡᠯᠰᠡᠬᠦ᠂ ᠠᠵᠢᠯ ᠡᠷᠢᠭᠰᠡᠳ᠎ᠤᠨ ᠬᠤᠪᠢ ᠬᠥᠮᠥᠨ᠎ᠤ ᠮᠡᠳᠡᠭᠡ ᠵᠠᠩᠭᠢ ᠵᠢ ᠵᠠᠳᠠᠷᠠᠭᠤᠯᠬᠤ᠂ ᠠᠵᠢᠯ ᠣᠯᠭᠣᠯᠲᠠ ᠵᠢᠨ ᠭᠠᠳᠠᠭᠤᠷᠴᠢᠯᠠᠯ᠂ ᠲᠣᠭᠲᠠᠭ᠋ᠠᠯ᠎ᠠᠴᠠ ᠵᠥᠷᠢᠴᠡᠨ ᠰᠦᠢ᠍ᠳᠬᠡᠯ ᠬᠤᠷᠢᠶᠠᠬᠤ ᠵᠡᠷᠭᠡ ᠲᠣᠪᠣᠢ᠌ᠮ᠎ᠠ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠣᠯᠪᠣᠭᠳᠠᠯ ᠪᠦᠬᠦᠢ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠠᠵᠢᠯᠯᠠᠭ᠎ᠠ᠎ᠳᠤ ᠴᠢᠭᠯᠡᠭᠦᠯᠦᠨ ᠳᠥᠷᠪᠡᠨ ᠵᠦᠢ᠍ᠯ᠎ᠤᠨ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠪᠠ᠄ ᠨᠢᠭᠡ᠎ᠳᠤ᠂ ᠰᠦᠯᠵᠢᠶ᠎ᠡ᠎ᠪᠠᠷ ᠠᠵᠢᠯᠲᠠᠨ ᠠᠵᠢᠯᠴᠢᠨ ᠡᠯᠰᠡᠬᠦ ᠦᠢ᠍ᠯᠡᠴᠢᠯᠡᠭᠡ ᠵᠢ ᠴᠢᠩᠭ᠎ᠠ ᠵᠢᠷᠤᠮᠵᠢᠭᠤᠯᠵᠤ᠂ ᠬᠢᠨᠠᠯᠲᠠ ᠬᠠᠮᠢᠶᠠᠷᠤᠯᠲᠠ ᠵᠢᠨ ᠳᠦᠷᠢᠮ᠎ᠢ ᠲᠡᠭᠦᠯᠳᠡᠷᠵᠢᠭᠦᠯᠬᠦ᠂ ᠦᠨᠡᠨ ᠪᠣᠳᠠᠲᠤ ᠴᠢᠨᠠᠷ ᠬᠠᠤᠯᠢ ᠶᠣᠰᠣᠴᠢ ᠴᠢᠨᠠᠷ᠎ᠢ᠎ᠨᠢ ᠬᠢᠨᠠᠨ ᠬᠠᠷᠭᠤᠭᠤᠯᠬᠤ ᠵᠢ ᠴᠢᠩᠭ᠋ᠠᠳᠬᠠᠬᠤ᠂ ᠲᠣᠭ᠎ᠠ ᠪᠠᠷᠢᠮᠲᠠ ᠵᠢᠨ ᠠᠮᠤᠷ ᠲᠦᠪᠰᠢᠨ ᠪᠠ ᠬᠤᠪᠢ ᠬᠥᠮᠥᠨ᠎ᠤ ᠮᠡᠳᠡᠭᠡ ᠵᠠᠩᠭᠢ ᠵᠢᠨ ᠬᠠᠮᠠᠭ᠋ᠠᠯᠠᠯᠲᠠ ᠵᠢ ᠴᠢᠩᠭ᠋ᠠᠳᠬᠠᠬᠤ᠂ ᠰᠢᠭᠤᠳ ᠨᠡᠪᠲᠡᠷᠡᠭᠦᠯᠭᠡ᠎ᠪᠠᠷ ᠠᠵᠢᠯ᠎ᠤᠨ ᠪᠠᠶ᠋ᠢᠷᠢ ᠲᠠᠨᠢᠯᠴᠠᠭᠤᠯᠬᠤ ᠠᠵᠢᠯᠯᠠᠭ᠎ᠠ ᠵᠢ ᠵᠢᠷᠤᠮᠵᠢᠭᠤᠯᠤᠨ ᠬᠠᠮᠢᠶᠠᠷᠬᠤ ᠵᠡᠷᠭᠡ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠵᠤ᠂ ᠠᠵᠢᠯᠲᠠᠨ ᠠᠵᠢᠯᠴᠢᠨ ᠡᠯᠰᠡᠬᠦ ᠬᠤᠳᠠᠯ ᠬᠠᠭᠤᠷᠮᠠᠭ ᠮᠡᠳᠡᠭᠡ ᠵᠠᠩᠭᠢ ᠨᠡᠢ᠌ᠲᠡᠯᠡᠬᠦ᠂ ᠠᠵᠢᠯ ᠡᠷᠢᠭᠰᠡᠳ᠎ᠤᠨ ᠬᠤᠪᠢ ᠬᠥᠮᠥᠨ᠎ᠤ ᠮᠡᠳᠡᠭᠡ ᠵᠠᠩᠭᠢ ᠵᠢ ᠵᠠᠳᠠᠷᠠᠭᠤᠯᠬᠤ ᠵᠡᠷᠭᠡ ᠠᠰᠠᠭᠤᠳᠠᠯ᠎ᠢ ᠬᠠᠨᠳᠤᠯᠭ᠋ᠠᠲᠤ ᠴᠢᠨᠠᠷᠲᠠᠢ᠎ᠪᠠᠷ ᠰᠡᠷᠭᠡᠢ᠌ᠯᠡᠪᠡ᠃ ᠬᠣᠶᠠᠷ᠎ᠲᠤ᠂ ᠠᠵᠢᠯ ᠣᠯᠭᠣᠯᠲᠠ ᠵᠢᠨ ᠭᠠᠳᠠᠭᠤᠷᠴᠢᠯᠠᠯ᠎ᠢ ᠪᠦᠲᠦᠮᠵᠢᠲᠡᠢ ᠰᠡᠷᠭᠡᠢ᠌ᠯᠡᠵᠦ᠂ ᠠᠵᠢᠯᠲᠠᠨ ᠠᠵᠢᠯᠴᠢᠨ ᠡᠯᠰᠡᠬᠦ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠳᠦᠷᠢᠮ᠎ᠢ ᠲᠡᠭᠦᠯᠳᠡᠷᠵᠢᠭᠦᠯᠬᠦ᠂ ᠬᠢᠨᠠᠯᠲᠠ ᠪᠠᠢ᠌ᠴᠠᠭ᠋ᠠᠯᠲᠠ ᠵᠢ ᠴᠢᠩᠭ᠋ᠠᠳᠬᠠᠬᠤ᠂ ᠬᠥᠳᠡᠯᠦᠩᠭᠦᠢ ᠬᠢᠨᠠᠨ ᠬᠡᠮᠵᠢᠯᠲᠡ ᠵᠢ ᠥᠷᠨᠢᠭᠦᠯᠬᠦ ᠵᠡᠷᠭᠡ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠵᠤ᠂ ᠬᠦᠢ᠍ᠰᠦ ᠵᠢᠨ ᠢᠯᠭ᠋ᠠᠯ᠂ ᠨᠠᠰᠤ ᠵᠢᠯ᠂ ᠰᠤᠷᠤᠯᠭ᠎ᠠ ᠵᠢᠨ ᠨᠠᠮᠲᠠᠷ ᠵᠡᠷᠭᠡ ᠲᠠᠯ᠎ᠠ ᠵᠢᠨ ᠭᠠᠳᠠᠭᠤᠷᠴᠢᠯᠠᠯ᠎ᠤᠨ ᠴᠢᠨᠠᠷᠲᠠᠢ ᠠᠭᠤᠯᠭ᠎ᠠ᠎ᠲᠠᠢ ᠠᠵᠢᠯᠲᠠᠨ ᠠᠵᠢᠯᠴᠢᠨ ᠡᠯᠰᠡᠬᠦ ᠮᠡᠳᠡᠭᠡ ᠵᠠᠩᠭᠢ ᠨᠡᠢ᠌ᠲᠡᠯᠡᠬᠦ᠎ᠠᠴᠠ ᠰᠡᠷᠭᠡᠢ᠌ᠯᠡᠪᠡ᠃ ᠭᠤᠷᠪᠠ᠎ᠳᠤ᠂ ᠠᠬᠤᠢ ᠲᠠᠯᠠᠪᠠᠢ ᠵᠢᠨ ᠠᠵᠢᠯᠲᠠᠨ ᠠᠵᠢᠯᠴᠢᠨ ᠡᠯᠰᠡᠬᠦ ᠠᠵᠢᠯ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢ ᠴᠢᠩᠭ᠋ᠠᠳᠬᠠᠵᠤ᠂ ᠠᠵᠢᠯᠯᠠᠭ᠎ᠠ ᠵᠢ ᠡᠷᠭᠢᠯᠡᠭᠰᠡᠨ ᠨᠢᠭᠡᠴᠢ ᠵᠢᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠬᠤ᠂ ᠠᠬᠤᠢ ᠲᠠᠯᠠᠪᠠᠢ ᠵᠢᠨ ᠠᠵᠢᠯᠲᠠᠨ ᠠᠵᠢᠯᠴᠢᠨ ᠡᠯᠰᠡᠬᠦ ᠠᠵᠢᠯ᠎ᠤᠨ ᠬᠠᠮᠢᠶᠠᠷᠤᠯᠲᠠ ᠵᠢ ᠴᠢᠩᠭ᠋ᠠᠳᠬᠠᠬᠤ᠂ ᠣᠷᠳᠣ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠦᠷᠢᠨᠰᠢᠭᠦᠯᠬᠦ ᠵᠡᠷᠭᠡ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠵᠤ᠂ ᠠᠵᠢᠯᠲᠠᠨ ᠠᠵᠢᠯᠴᠢᠨ ᠡᠯᠰᠡᠬᠦ ᠠᠵᠢᠯ᠎ᠤᠨ ᠲᠤᠬᠠᠢ ᠵᠢᠨ ᠲᠠᠯᠠᠪᠤᠷ᠎ᠲᠤ ᠰᠢᠬᠠᠯᠴᠠᠵᠤ ᠭᠢᠰᠬᠢᠯᠴᠡᠬᠦ᠂ ᠬᠢᠵᠢᠭ ᠡᠭᠦᠰᠬᠦ᠂ ᠭᠠᠯ᠎ᠤᠨ ᠠᠶᠤᠯ ᠭᠠᠷᠬᠤ ᠵᠡᠷᠭᠡ ᠠᠮᠤᠷ ᠲᠦᠪᠰᠢᠨ ᠪᠠ ᠪᠠᠶ᠋ᠢᠭ᠋ᠠᠯᠢ ᠵᠢᠨ ᠭᠠᠢ ᠭᠠᠮᠰᠢᠭ ᠡᠭᠦᠰᠬᠦ ᠵᠢ ᠰᠡᠷᠭᠡᠢ᠌ᠯᠡᠨ ᠬᠣᠷᠢᠭᠯᠠᠵᠤ᠂ ᠡᠯ᠎ᠡ ᠲᠥᠷᠥᠯ᠎ᠤᠨ ᠠᠬᠤᠢ ᠲᠠᠯᠠᠪᠠᠢ ᠵᠢᠨ ᠠᠵᠢᠯᠲᠠᠨ ᠠᠵᠢᠯᠴᠢᠨ ᠡᠯᠰᠡᠬᠦ ᠠᠵᠢᠯᠯᠠᠭ᠎ᠠ ᠵᠢᠨ ᠠᠮᠤᠷ ᠲᠦᠪᠰᠢᠨ ᠡᠮᠬᠢ ᠳᠢᠭᠯᠢᠮ᠎ᠲᠠᠢ ᠪᠠᠢ᠌ᠬᠤ ᠵᠢ ᠪᠠᠲᠤᠯᠠᠪᠠ᠃ ᠳᠥᠷᠪᠡ᠎ᠳᠤ᠂ ᠵᠠᠬ᠎ᠠ ᠳᠡᠯᠭᠡᠭᠦᠷ᠎ᠤᠨ ᠦᠢ᠍ᠯᠡᠴᠢᠯᠡᠭᠡᠨ᠎ᠤ ᠰᠦᠢ᠍ᠳᠬᠡᠯ ᠬᠤᠷᠢᠶᠠᠬᠤ ᠠᠵᠢᠯᠯᠠᠭ᠎ᠠ ᠵᠢ ᠵᠢᠷᠤᠮᠵᠢᠭᠤᠯᠵᠤ᠂ ᠬᠢᠨᠠᠨ ᠰᠢᠯᠭ᠋ᠠᠬᠤ ᠲᠣᠭᠲᠠᠴᠠ ᠵᠢ ᠪᠦᠷᠢᠨᠰᠢᠭᠦᠯᠬᠦ᠂ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠢᠯᠡ ᠪᠣᠯᠭ᠋ᠠᠬᠤ ᠵᠢ ᠱᠠᠯᠠᠪᠳᠠᠭᠤᠯᠬᠤ᠂ ᠲᠣᠭᠲᠠᠭ᠋ᠠᠯ ᠎ᠠᠴᠠ ᠵᠥᠷᠢᠴᠡᠨ ᠰᠦᠢ᠍ᠳᠬᠡᠯ ᠬᠤᠷᠢᠶᠠᠬᠤ ᠵᠢ ᠴᠢᠩᠭ᠎ᠠ ᠪᠠᠢ᠌ᠴᠠᠭ᠋ᠠᠨ ᠰᠢᠢ᠍ᠳᠪᠦᠷᠢᠯᠡᠬᠦ ᠵᠡᠷᠭᠡ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠵᠤ᠂ 《ᠳᠣᠲᠣᠭ᠋ᠠᠳᠤ᠎ᠳᠠᠭᠠᠨ ᠲᠠᠨᠢᠯᠴᠠᠭᠤᠯᠬᠤ》 ᠵᠡᠷᠭᠡ ᠨᠡᠷ᠎ᠡ᠎ᠪᠠᠷ ᠶᠡᠬᠡ ᠬᠡᠮᠵᠢᠶᠡᠨ᠎ᠤ ᠰᠦᠢ᠍ᠳᠬᠡᠯ ᠬᠤᠷᠢᠶᠠᠬᠤ᠂ 《ᠵᠡᠮᠳᠡᠭᠴᠦᠳ᠎ᠤᠨ ᠦᠨᠡᠮᠯᠡᠯ》᠎ᠢ ᠲᠦᠰᠢᠵᠦ ᠵᠦᠢ ᠪᠤᠰᠤ ᠠᠰᠢᠭ ᠣᠯᠬᠤ ᠵᠢ ᠲᠠᠨᠢᠯᠴᠠᠭᠤᠯᠬᠤ᠂ ᠬᠤᠪᠢ ᠬᠥᠮᠥᠨ᠎ᠢ ᠥᠳᠥᠭᠡᠵᠦ ᠪᠠᠶ᠋ᠢᠭ᠋ᠠᠳ ᠵᠢᠭᠡᠯᠡᠯᠭᠡ ᠠᠪᠤᠭᠤᠯᠬᠤ᠂ ᠪᠣᠯᠪᠠᠰᠤᠷᠠᠯ ᠬᠦᠷᠲᠡᠭᠡᠬᠦ ᠵᠡᠷᠭᠡ ᠨᠡᠷ᠎ᠡ᠎ᠪᠠᠷ ᠠᠵᠢᠯ ᠡᠷᠢᠬᠦ ᠪᠠ ᠠᠵᠢᠯᠲᠠᠨ ᠠᠵᠢᠯᠴᠢᠨ ᠡᠯᠰᠡᠬᠦ ᠤᠨᠠᠭᠤᠯᠢ ᠲᠠᠯᠪᠢᠵᠤ ᠡᠳ᠋ ᠠᠰᠢᠭ᠎ᠢ ᠮᠡᠬᠡᠯᠡᠨ ᠠᠪᠬᠤ ᠵᠡᠷᠭᠡ ᠲᠣᠭᠲᠠᠭ᠋ᠠᠯ ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠭᠣᠣᠯᠳᠠᠯᠭ᠎ᠠ᠎ᠲᠠᠢ ᠰᠡᠷᠭᠡᠢ᠌ᠯᠡᠪᠡ᠃
      ᠠᠰᠠᠭᠤᠯᠲᠠ᠄ 《ᠮᠡᠳᠡᠭᠳᠡᠯ》 ᠎ᠳᠤ ᠵᠠᠬ᠎ᠠ ᠳᠡᠯᠭᠡᠭᠦᠷ᠎ᠤᠨ ᠠᠵᠢᠯᠯᠠᠭ᠎ᠠ ᠵᠢ ᠶᠡᠷᠦᠩᠬᠡᠢ᠌ᠯᠡᠨ ᠬᠢᠨᠠᠨ ᠬᠠᠮᠢᠶᠠᠷᠬᠤ ᠵᠢ ᠴᠢᠩᠭ᠋ᠠᠳᠬᠠᠬᠤ ᠲᠠᠯ᠎ᠠ᠎ᠪᠠᠷ ᠶᠠᠮᠠᠷ ᠶᠠᠮᠠᠷ ᠠᠷᠭ᠎ᠠ ᠬᠡᠮᠵᠢᠶ᠎ᠡ ᠳᠤᠷᠠᠳᠤᠭᠰᠠᠨ ᠪᠤᠢ?
      ᠬᠠᠷᠢᠭᠤᠯᠲᠠ᠄ 《ᠮᠡᠳᠡᠭᠳᠡᠯ》᠎ᠳᠤ ᠤᠴᠢᠷ ᠶᠠᠪᠤᠳᠠᠯ᠎ᠤᠨ ᠳᠤᠮᠳᠠᠬᠢ ᠪᠠ ᠤᠴᠢᠷ ᠶᠠᠪᠤᠳᠠᠯ᠎ᠤᠨ ᠳᠠᠷᠠᠭ᠋ᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ ᠲᠤᠭᠤᠰᠢᠯᠠᠭᠤᠯᠵᠤ᠂ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠤᠨ ᠠᠵᠢᠯᠯᠠᠭ᠎ᠠ ᠵᠢᠨ ᠶᠡᠷᠦᠩᠬᠡᠢ᠌ᠯᠡᠭᠰᠡᠨ ᠬᠢᠨᠠᠯᠲᠠ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠢ ᠲᠣᠳᠣᠷᠬᠠᠢ ᠱᠠᠭ᠋ᠠᠷᠳᠠᠯᠭ᠎ᠠ ᠳᠤᠷᠠᠳᠴᠤ᠂ ᠡᠯ᠎ᠡ ᠭᠠᠵᠠᠷ᠎ᠤᠨ᠎ᠬᠢᠨ᠎ᠤ ᠬᠢᠨᠠᠨ ᠬᠠᠮᠢᠶᠠᠷᠬᠤ ᠬᠠᠷᠢᠭᠤᠴᠠᠯᠭ᠎ᠠ᠎ᠪᠠᠨ ᠨᠠᠢ᠌ᠳᠠᠪᠤᠷᠢᠵᠢᠭᠤᠯᠬᠤ ᠵᠢ ᠲᠦᠯᠬᠢᠨ ᠠᠬᠢᠭᠤᠯᠵᠤ᠂ ᠬᠠᠷᠢᠶ᠎ᠠ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠤᠨ ᠠᠵᠢᠯᠯᠠᠭ᠎ᠠ ᠵᠢᠨ ᠬᠠᠮᠢᠶᠠᠷᠤᠯᠲᠠ ᠵᠢ ᠴᠢᠩᠭ᠋ᠠᠳᠬᠠᠪᠠ᠃ ᠭᠣᠣᠯ ᠠᠷᠭ᠎ᠠ ᠬᠡᠮᠵᠢᠶ᠎ᠡ ᠭᠡᠪᠡᠯ᠄ ᠨᠢᠭᠡ᠎ᠳᠤ᠂ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠡᠯ᠎ᠡ ᠭᠠᠵᠠᠷ᠎ᠤᠨ 《ᠬᠣᠶᠠᠷ᠎ᠢ ᠲᠣᠬᠢᠶᠠᠯᠳᠤᠮᠵᠢ᠎ᠪᠠᠷ ᠬᠢᠬᠦ᠂ ᠨᠢᠭᠡ ᠵᠢ ᠢᠯᠡ ᠪᠣᠯᠭ᠋ᠠᠬᠤ》 ᠬᠢᠨᠠᠯᠲᠠ ᠬᠠᠮᠢᠶᠠᠷᠤᠯᠲᠠ ᠵᠢᠨ ᠳᠦᠷᠢᠮ᠎ᠢ ᠨᠠᠢ᠌ᠳᠠᠪᠤᠷᠢᠵᠢᠭᠤᠯᠬᠤ ᠵᠢ ᠠᠬᠢᠭᠤᠯᠵᠤ᠂ ᠬᠠᠷᠢᠶ᠎ᠠ ᠣᠷᠣᠨ᠎ᠤ ᠳᠣᠲᠣᠷᠠᠬᠢ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠡᠳᠦᠷ ᠲᠤᠲᠤᠮ᠎ᠤᠨ ᠬᠢᠨᠠᠯᠲᠠ ᠪᠠᠢ᠌ᠴᠠᠭ᠋ᠠᠯᠲᠠ ᠵᠢ ᠴᠢᠩᠭ᠋ᠠᠳᠬᠠᠨ᠎ᠠ᠃ ᠬᠣᠶᠠᠷ᠎ᠲᠤ᠂ ᠭᠣᠣᠯᠳᠠᠯᠭ᠎ᠠ᠎ᠲᠠᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠢᠯᠡᠴᠢᠯᠡᠨ ᠮᠡᠳᠡᠭᠦᠯᠦᠭᠰᠡᠨ ᠪᠠ ᠵᠠᠭ᠋ᠠᠯᠳᠤᠭᠰᠠᠨ᠎ᠨᠢ ᠤᠯᠠᠨ᠂ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠰᠦᠪᠡᠭᠴᠢ ᠵᠢᠨ ᠲᠤᠰᠬᠠᠯ ᠲᠥᠪᠯᠡᠷᠡᠭᠰᠡᠨ ᠪᠤᠶᠤ ᠬᠡᠷᠡᠭ᠎ᠲᠤ ᠬᠣᠯᠪᠣᠭᠳᠠᠵᠣ ᠶᠠᠭ ᠪᠠᠢ᠌ᠴᠠᠭ᠋ᠠᠵᠤ ᠪᠠᠢ᠌ᠭ᠎ᠠ ᠬᠣᠯᠪᠣᠭᠳᠠᠯ ᠪᠦᠬᠦᠢ ᠨᠢᠭᠡᠴᠢ᠎ᠳᠠᠬᠢ ᠬᠠᠮᠢᠶᠠᠷᠤᠯᠲᠠ ᠵᠢ ᠴᠢᠩᠭ᠋ᠠᠳᠬᠠᠵᠤ᠂ ᠬᠠᠨᠳᠤᠯᠭ᠋ᠠᠲᠤ ᠴᠢᠨᠠᠷᠲᠠᠢ᠎ᠪᠠᠷ ᠪᠠᠢ᠌ᠴᠠᠭ᠋ᠠᠬᠤ ᠤᠳᠠᠭ᠎ᠠ ᠵᠢ ᠨᠡᠮᠡᠭᠳᠡᠭᠦᠯᠬᠦ᠂ ᠬᠠᠮᠲᠤᠷᠠᠨ ᠪᠠᠢ᠌ᠴᠠᠭ᠋ᠠᠬᠤ ᠵᠡᠷᠭᠡ ᠠᠷᠭ᠎ᠠ ᠬᠡᠮᠵᠢᠶ᠎ᠡ ᠵᠢ ᠠᠪᠤᠨ᠎ᠠ᠃ ᠭᠤᠷᠪᠠ᠎ᠳᠤ᠂ ᠬᠢᠨᠠᠨ ᠬᠠᠮᠢᠶᠠᠷᠬᠤ ᠠᠷᠭ᠎ᠠ ᠮᠠᠶᠢᠭ᠎ᠤᠨ ᠰᠢᠨ᠎ᠡ ᠵᠢ ᠡᠭᠦᠳᠴᠦ᠂ ᠣᠷᠣᠨ ᠨᠤᠲᠤᠭ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ ᠲᠣᠮᠣ ᠳ᠋ᠠᠢ᠌ᠲ᠋ᠠ ᠵᠡᠷᠭᠡ ᠮᠡᠷᠭᠡᠵᠢᠯ᠎ᠢ ᠬᠡᠷᠡᠭᠯᠡᠨ᠂ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠰᠦᠪᠡᠭᠴᠢ ᠵᠢ ᠰᠠᠨᠠᠭ᠋ᠠᠴᠢᠯᠠᠭ᠎ᠠ᠎ᠠᠴᠠ᠎ᠪᠠᠨ ᠢᠯᠡᠷᠡᠭᠦᠯᠬᠦ ᠪᠠ ᠢᠯᠭ᠋ᠠᠨ ᠲᠠᠨᠢᠬᠤ ᠵᠢ ᠲᠦᠯᠬᠢᠨ ᠠᠬᠢᠭᠤᠯᠵᠤ᠂ ᠠᠶᠤᠯ ᠲᠦᠭᠰᠢᠭᠦᠷᠢ ᠵᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠵᠢ ᠴᠢᠩᠭ᠋ᠠᠳᠬᠠᠵᠤ᠂ ᠡᠷᠲᠡ ᠢᠯᠡᠷᠡᠭᠦᠯᠵᠦ ᠡᠷᠲᠡ ᠰᠢᠢ᠍ᠳᠪᠦᠷᠢᠯᠡᠬᠦ ᠵᠢ ᠪᠡᠶᠡᠯᠡᠭᠦᠯᠦᠨ᠎ᠡ᠃ ᠳᠥᠷᠪᠡ᠎ᠳᠤ᠂ ᠬᠥᠳᠡᠯᠮᠦᠷᠢ ᠵᠢᠨ ᠪᠠᠲᠤᠯᠠᠭ᠎ᠠ ᠵᠢᠨ ᠬᠢᠨᠠᠨ ᠪᠠᠢ᠌ᠴᠠᠭ᠋ᠠᠬᠤ ᠪᠠ ᠬᠠᠤᠯᠢ ᠬᠡᠷᠡᠭᠵᠢᠭᠦᠯᠬᠦ ᠵᠢ ᠴᠢᠩᠭ᠋ᠠᠳᠬᠠᠵᠤ᠂ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠤᠨ ᠡᠮᠬᠢ ᠵᠢᠷᠤᠮ᠎ᠢ ᠢᠯᠭ᠋ᠠᠷᠠᠭᠤᠯᠤᠨ ᠴᠡᠭᠴᠡᠯᠡᠬᠦ ᠲᠤᠰᠬᠠᠢ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠤᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠡᠯ᠎ᠡ ᠳᠦᠷᠦᠯ᠎ᠤᠨ ᠠᠵᠢᠯᠯᠠᠭ᠎ᠠ᠎ᠳᠤ ᠬᠠᠤᠯᠢ ᠶᠣᠰᠣᠭ᠋ᠠᠷ ᠴᠢᠩᠭ᠎ᠠ ᠴᠣᠬᠢᠯᠲᠠ ᠥᠭᠭᠦᠨ᠎ᠡ᠃
      ᠠᠰᠠᠭᠤᠯᠲᠠ᠄ 《ᠮᠡᠳᠡᠭᠳᠡᠯ》 ᠎ᠳᠤ ᠠᠵᠢᠯ ᠡᠷᠢᠭᠰᠡᠳ᠎ᠢ ᠰᠤᠷᠭ᠋ᠠᠨ ᠬᠥᠮᠥᠵᠢᠭᠦᠯᠵᠦ ᠬᠥᠲᠥᠯᠥᠨ ᠵᠢᠯᠤᠭᠣᠳᠬᠤ ᠵᠢ ᠴᠢᠩᠭ᠋ᠠᠳᠬᠠᠨ᠎ᠠ ᠭᠡᠵᠦ ᠳᠤᠷᠠᠳᠴᠠᠢ᠂ ᠲᠡᠭᠡᠪᠡᠯ ᠡᠭᠦᠨ᠎ᠤ ᠲᠤᠬᠠᠢ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠪᠠᠶ᠋ᠢᠬᠤ ᠪᠤᠢ?
      ᠬᠠᠷᠢᠭᠤᠯᠲᠠ᠄ 《ᠮᠡᠳᠡᠭᠳᠡᠯ》 ᠎ᠳᠤ ᠠᠵᠢᠯ ᠡᠷᠢᠭᠰᠡᠳ᠎ᠢ ᠰᠤᠷᠭ᠋ᠠᠨ ᠬᠥᠮᠥᠵᠢᠭᠦᠯᠵᠦ ᠬᠥᠲᠥᠯᠥᠨ ᠵᠢᠯᠤᠭᠣᠳᠬᠤ ᠵᠢ ᠴᠢᠩᠭ᠋ᠠᠳᠬᠠᠵᠤ᠂ ᠠᠵᠢᠯ ᠡᠷᠢᠭᠰᠡᠳ᠎ᠢ ᠬᠠᠪᠰᠤᠷᠤᠨ ᠡᠷᠬᠡ ᠠᠰᠢᠭ ᠵᠶ᠋ᠠᠨ ᠬᠠᠮᠠᠭ᠋ᠠᠯᠠᠬᠤ ᠤᠬᠠᠮᠰᠠᠷ ᠪᠠ ᠲᠦᠭᠰᠢᠭᠦᠷᠢ᠎ᠠᠴᠠ ᠰᠡᠷᠭᠡᠢ᠌ᠯᠡᠬᠦ ᠴᠢᠳᠠᠪᠤᠷᠢ ᠵᠢ᠎ᠨᠢ ᠳᠡᠭᠡᠭᠰᠢᠯᠡᠭᠦᠯᠵᠦ᠂ ᠦᠨᠡᠨᠴᠢ ᠢᠲᠡᠭᠡᠮᠵᠢᠲᠡᠢ᠎ᠪᠠᠷ ᠠᠵᠢᠯ ᠡᠷᠢᠬᠦ ᠵᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠤᠨ ᠰᠠᠶ᠋ᠢᠨ ᠰᠠᠢ᠌ᠬᠠᠨ ᠣᠷᠴᠢᠨ ᠨᠥᠬᠥᠴᠡᠯ᠎ᠢ ᠢᠳᠡᠪᠬᠢᠲᠡᠢ ᠪᠤᠢ ᠪᠣᠯᠭ᠋ᠠᠬᠤ ᠬᠡᠷᠡᠭᠲᠡᠶ ᠭᠡᠵᠦ ᠱᠠᠭ᠋ᠠᠷᠳᠠᠪᠠ᠃ ᠭᠣᠣᠯ ᠠᠷᠭ᠎ᠠ ᠬᠡᠮᠵᠢᠶ᠎ᠡ ᠭᠡᠪᠡᠯ᠄ ᠨᠢᠭᠡ᠎ᠳᠤ᠂ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢ ᠴᠢᠩᠭ᠋ᠠᠳᠬᠠᠵᠤ᠂ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠤᠨ ᠬᠣᠯᠪᠣᠭᠳᠠᠯ ᠪᠦᠬᠦᠢ ᠬᠠᠤᠯᠢ ᠲᠣᠭᠲᠠᠭ᠋ᠠᠯ ᠳᠦᠷᠢᠮ᠎ᠢ ᠥᠷᠭᠡᠨ ᠵᠶ᠋ᠡᠷ ᠤᠬᠠᠭᠤᠯᠤᠨ ᠲᠠᠢ᠌ᠯᠪᠤᠷᠢᠯᠠᠵᠤ᠂ ᠲᠣᠭᠲᠠᠭ᠋ᠠᠯ ᠎ᠠᠴᠠ ᠵᠥᠷᠢᠴᠡᠭᠰᠡᠨ ᠨᠡᠢ᠌ᠲᠡᠯᠢᠭ ᠬᠡᠷᠡᠭ᠎ᠤᠨ ᠵᠢᠱ᠌ᠢᠶ᠎ᠡ᠂ ᠠᠵᠢᠯ ᠡᠷᠢᠬᠦ ᠲᠦᠭᠰᠢᠭᠦᠷᠢ ᠵᠢᠨ ᠰᠠᠨᠠᠭᠤᠯᠤᠮᠵᠢ ᠵᠢ ᠨᠡᠢ᠌ᠲᠡᠯᠡᠵᠦ᠂ ᠠᠵᠢᠯ ᠡᠷᠢᠭᠰᠡᠳ᠎ᠤᠨ ᠰᠡᠷᠭᠡᠢ᠌ᠯᠡᠬᠦ ᠤᠬᠠᠮᠰᠠᠷ ᠪᠠ ᠴᠢᠳᠠᠪᠤᠷᠢ ᠵᠢ ᠳᠡᠭᠡᠭᠰᠢᠯᠡᠭᠦᠯᠦᠨ᠎ᠡ᠃ ᠬᠣᠶᠠᠷ᠎ᠲᠤ᠂ ᠦᠨᠡᠨᠴᠢ ᠢᠲᠡᠭᠡᠮᠵᠢ ᠵᠢᠨ ᠬᠥᠮᠦᠵᠢᠯ᠎ᠢ ᠥᠷᠨᠢᠭᠦᠯᠵᠦ᠂ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ᠂ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠠᠵᠤ ᠦᠢ᠍ᠯᠡᠰ᠎ᠤᠨ ᠬᠦᠷᠢᠶᠡᠯᠡᠩ ᠵᠡᠷᠭᠡ ᠦᠢ᠍ᠯᠡᠴᠢᠯᠡᠭᠡᠨ᠎ᠤ ᠴᠣᠩᠬᠣᠪᠴᠢ ᠵᠢ ᠭᠦᠢ᠍ᠴᠡᠳ ᠠᠰᠢᠭᠯᠠᠨ᠂ ᠢᠲᠡᠭᠡᠮᠵᠢ ᠵᠢᠨ ᠲᠤᠬᠠᠢ ᠮᠡᠳᠡᠯᠭᠡ ᠵᠢᠨ ᠬᠥᠮᠦᠵᠢᠯ᠎ᠢ ᠬᠠᠨᠳᠤᠯᠭ᠋ᠠᠲᠤ ᠴᠢᠨᠠᠷᠲᠠᠢ᠎ᠪᠠᠷ ᠥᠷᠨᠢᠭᠦᠯᠵᠦ᠂ ᠠᠵᠢᠯ ᠡᠷᠢᠭᠰᠡᠳ᠎ᠤᠨ ᠦᠨᠡᠨᠴᠢ ᠢᠲᠡᠭᠡᠮᠵᠢ ᠵᠢᠨ ᠤᠬᠠᠮᠰᠠᠷ᠎ᠢ ᠲᠡᠭᠡᠭᠰᠢᠯᠡᠬᠦᠯᠦᠨ᠎ᠡ᠃ ᠭᠤᠷᠪᠠ᠎ᠳᠤ᠂ ᠠᠵᠢᠯ ᠡᠷᠢᠭᠰᠡᠳ᠎ᠤᠨ ᠠᠵᠢᠯ ᠮᠡᠷᠭᠡᠵᠢᠯ᠎ᠤᠨ ᠢᠲᠡᠭᠡᠮᠵᠢ ᠵᠢᠨ ᠬᠠᠮᠢᠶᠠᠷᠤᠯᠲᠠ ᠵᠢ ᠴᠢᠩᠭ᠋ᠠᠳᠬᠠᠬᠤ ᠵᠢ ᠰᠦᠪᠡᠭᠴᠢᠯᠡᠵᠦ᠂ ᠣᠳᠣᠬᠠᠨ᠎ᠳᠤ ᠣᠷᠣᠰᠢᠵᠤ ᠪᠠᠢ᠌ᠭ᠎ᠠ ᠣᠨᠴᠠ ᠵᠠᠷᠢᠮ ᠠᠵᠢᠯ ᠡᠷᠢᠭᠰᠡᠳ᠎ᠤᠨ ᠬᠣᠯᠪᠣᠭᠳᠠᠯ ᠪᠦᠬᠦᠢ ᠪᠡᠶ᠎ᠡ ᠭᠠᠷᠤᠯ᠂ ᠰᠤᠷᠤᠯᠭ᠎ᠠ ᠵᠢᠨ ᠨᠠᠮᠲᠠᠷ᠂ ᠥᠩᠭᠡᠷᠡᠯᠲᠡ ᠵᠡᠷᠭᠡ ᠵᠢ ᠬᠠᠭᠤᠷᠮᠠᠭ ᠵᠶ᠋ᠠᠷ ᠵᠣᠬᠢᠶᠠᠬᠤ ᠵᠢᠴᠢ ᠰᠢᠯᠭ᠋ᠠᠯᠲᠠ᠎ᠳᠤ ᠬᠡᠮ ᠬᠢᠬᠦ᠂ ᠠᠵᠢᠯ᠎ᠤᠨ ᠴᠠᠯᠢᠩ᠎ᠢ ᠮᠡᠬᠡᠯᠡᠨ ᠠᠪᠬᠤ ᠵᠡᠷᠭᠡ ᠦᠢ᠍ᠯᠡ ᠪᠠᠶ᠋ᠢᠳᠠᠯ᠎ᠨᠢ ᠬᠦᠨᠳᠦ ᠨᠣᠴᠢᠲᠠᠢ᠂ ᠦᠷ᠎ᠡ ᠨᠥᠯᠥᠭᠡ᠎ᠨᠢ ᠮᠠᠭᠤ ᠮᠠᠭᠤᠬᠠᠢ ᠦᠢ᠍ᠯᠡ ᠠᠵᠢᠯᠯᠠᠭ᠎ᠠ᠎ᠳᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠵᠢᠯᠴᠠᠨ ᠬᠠᠤᠯᠢ ᠶᠣᠰᠣᠭ᠋ᠠᠷ ᠢᠲᠡᠭᠡᠮᠵᠢ ᠵᠢᠨ ᠬᠢᠵᠠᠭ᠋ᠠᠷᠯᠠᠯ᠎ᠢ ᠬᠡᠷᠡᠭᠵᠢᠭᠦᠯᠦᠨ᠎ᠡ᠃
      ᠠᠰᠠᠭᠤᠯᠲᠠ᠄ 《ᠮᠡᠳᠡᠭᠳᠡᠯ》 ᠎ᠢ ᠲᠤᠭᠤᠰᠢᠯᠠᠭᠤᠯᠤᠨ ᠬᠡᠷᠡᠭᠵᠢᠭᠦᠯᠬᠦ ᠠᠵᠢᠯ᠎ᠢ ᠬᠡᠷᠬᠢᠨ ᠰᠠᠶ᠋ᠢᠲᠤᠷ ᠬᠢᠬᠦ ᠪᠤᠢ?
      ᠬᠠᠷᠢᠭᠤᠯᠲᠠ᠄ 《ᠮᠡᠳᠡᠭᠳᠡᠯ》 ᠎ᠢ ᠳᠠᠷᠤᠮᠠᠯᠯᠠᠨ ᠲᠠᠷᠬᠠᠭ᠋ᠠᠭᠰᠠᠨ᠎ᠤ ᠳᠠᠷᠠᠭ᠎ᠠ᠂ ᠲᠤᠭᠤᠰᠢᠯᠠᠭᠤᠯᠤᠨ ᠬᠡᠷᠡᠭᠵᠢᠭᠦᠯᠬᠦ ᠠᠵᠢᠯ᠎ᠢ ᠰᠠᠶ᠋ᠢᠲᠤᠷ ᠬᠢᠬᠦ ᠪᠣᠯ ᠵᠠᠩᠭᠢᠯᠠᠭ᠎ᠠ ᠪᠣᠯᠣᠨ᠎ᠠ᠃ ᠨᠢᠭᠡ᠎ᠳᠤ᠂ ᠤᠬᠠᠭᠤᠯᠵᠤ ᠬᠥᠲᠥᠯᠥᠨ ᠵᠢᠯᠤᠭᠣᠳᠬᠤ ᠵᠢ ᠥᠷᠨᠢᠭᠦᠯᠦᠨ᠎ᠡ᠃ 《ᠮᠡᠳᠡᠭᠳᠡᠯ》᠎ᠤᠨ ᠠᠭᠤᠯᠭ᠎ᠠ ᠵᠢ ᠤᠬᠠᠭᠤᠯᠵᠣ ᠲᠠᠢ᠌ᠯᠤᠮᠵᠢ ᠬᠢᠬᠦ ᠵᠢ ᠰᠠᠶ᠋ᠢᠲᠤᠷ ᠬᠢᠵᠦ᠂ ᠲᠥᠷᠥ ᠵᠢᠨ ᠪᠣᠳᠣᠯᠭ᠎ᠠ ᠵᠢ ᠣᠢ᠌ᠯᠠᠭ᠋ᠠᠬᠤ ᠬᠡᠮᠵᠢᠶ᠎ᠡ ᠵᠢ ᠥᠷᠭᠡᠳᠬᠡᠨ᠂ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠵᠥᠪ ᠵᠶ᠋ᠡᠷ ᠣᠢ᠌ᠯᠠᠭ᠋ᠠᠬᠤ ᠪᠠ ᠬᠡᠷᠡᠭᠯᠡᠬᠦ ᠵᠢ ᠠᠬᠢᠭᠤᠯᠵᠤ᠂ 《ᠮᠡᠳᠡᠭᠳᠡᠯ》᠎ᠢ ᠬᠡᠷᠡᠭᠵᠢᠭᠦᠯᠬᠦ᠎ᠳᠤ ᠰᠠᠶ᠋ᠢᠨ ᠰᠠᠢ᠌ᠬᠠᠨ ᠠᠭᠤᠷ ᠠᠮᠢᠰᠬᠤᠯ᠎ᠢ ᠪᠤᠢ ᠪᠣᠯᠭ᠋ᠠᠨ᠎ᠠ᠃ ᠬᠣᠶᠠᠷ᠎ᠲᠤ᠂ ᠠᠵᠢᠯ᠎ᠤᠨ ᠵᠢᠯᠣᠭᠣᠳᠤᠯᠭ᠎ᠠ᠎ᠪᠠᠨ ᠴᠢᠩᠭ᠋ᠠᠳᠬᠠᠨ᠎ᠠ᠃ ᠬᠠᠨᠳᠤᠯᠭ᠋ᠠᠲᠤ ᠴᠢᠨᠠᠷᠲᠠᠢ ᠪᠣᠯᠪᠠᠰᠤᠷᠠᠯ᠎ᠢ ᠥᠷᠨᠢᠭᠦᠯᠵᠦ᠂ ᠣᠷᠣᠨ ᠨᠤᠲᠤᠭ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠢ ᠵᠢᠯᠣᠭᠣᠳᠤᠨ ᠬᠢᠨᠠᠯᠲᠠ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠨᠠᠷᠢᠯᠢᠭᠵᠢᠭᠤᠯᠵᠤ᠂ ᠦᠷ᠎ᠡ ᠪᠦᠲᠦᠮᠵᠢ ᠵᠢ ᠮᠥᠷᠳᠡᠨ ᠠᠰᠠᠭᠤᠬᠤ ᠵᠢ ᠴᠢᠩᠭ᠋ᠠᠳᠬᠠᠨ᠂ 《ᠮᠡᠳᠡᠭᠳᠡᠯ》 ᠎ᠢ ᠦᠨᠡᠨᠬᠦ ᠨᠠᠢ᠌ᠳᠠᠪᠤᠷᠢᠵᠢᠭᠤᠯᠤᠨ ᠪᠣᠳᠠᠲᠠᠢ᠌ᠵᠢᠭᠤᠯᠬᠤ ᠵᠢ ᠪᠠᠲᠤᠯᠠᠨ᠎ᠠ᠃ ᠭᠤᠷᠪᠠ᠎ᠳᠤ᠂ ᠬᠠᠮᠵᠢᠯᠴᠠᠨ ᠬᠢᠨᠠᠨ ᠬᠠᠮᠢᠶᠠᠷᠬᠤ ᠵᠢ ᠴᠢᠩᠭ᠋ᠠᠳᠬᠠᠨ᠎ᠠ᠃ ᠬᠣᠯᠪᠣᠭᠳᠠᠯ ᠪᠦᠬᠦᠢ ᠰᠠᠯᠠᠭ᠎ᠠ ᠮᠥᠴᠢᠷ᠎ᠯᠦᠭᠡ ᠵᠢᠨ ᠬᠠᠮᠲᠤᠷᠠᠯᠴᠠᠨ ᠬᠠᠮᠵᠢᠯᠴᠠᠬᠤ ᠵᠢ ᠴᠢᠩᠭ᠋ᠠᠳᠬᠠᠵᠤ᠂ ᠬᠠᠮᠵᠢᠯᠴᠠᠨ ᠬᠢᠨᠠᠨ ᠬᠠᠮᠢᠶᠠᠷᠬᠤ ᠠᠵᠢᠯ᠎ᠤᠨ ᠲᠣᠭᠲᠠᠴᠠ ᠵᠢ ᠪᠦᠷᠢᠨᠰᠢᠭᠦᠯᠦᠨ᠂ ᠵᠥᠪᠰᠢᠶᠡᠷᠡᠵᠦ ᠳᠠᠩᠰᠠᠯᠠᠬᠤ᠂ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠬᠢᠭᠡᠳ ᠬᠢᠨᠠᠨ ᠪᠠᠢ᠌ᠴᠠᠭ᠋ᠠᠵᠤ ᠬᠠᠤᠯᠢ ᠬᠡᠷᠡᠭᠵᠢᠭᠦᠯᠬᠦ ᠵᠡᠷᠭᠡ ᠮᠡᠳᠡᠭᠡ ᠵᠠᠩᠭᠢ ᠵᠢᠨ ᠬᠠᠷᠢᠯᠴᠠᠨ ᠬᠣᠯᠪᠣᠭ᠋ᠠᠯᠠᠵᠤ ᠬᠠᠷᠢᠯᠴᠠᠨ ᠨᠡᠪᠲᠡᠷᠡᠯᠴᠡᠬᠦ ᠵᠢ ᠠᠬᠢᠭᠤᠯᠵᠤ᠂ ᠬᠢᠨᠠᠯᠲᠠ ᠬᠠᠮᠢᠶᠠᠷᠤᠯᠲᠠ ᠵᠢᠨ ᠬᠠᠮᠲᠤᠷᠠᠯ ᠬᠦᠴᠦᠨ᠎ᠢ ᠪᠦᠲᠦᠮᠵᠢᠲᠡᠢ ᠪᠦᠷᠢᠯᠳᠦᠭᠦᠯᠦᠨ᠎ᠡ᠃ ᠳᠥᠷᠪᠡ᠎ᠳᠤ᠂ ᠬᠢᠨᠠᠨ ᠬᠠᠮᠢᠶᠠᠷᠤᠯᠲᠠ ᠵᠢᠨ ᠦᠷ᠎ᠡ ᠪᠦᠲᠦᠮᠵᠢ ᠴᠢᠳᠠᠪᠤᠷᠢ ᠵᠢ ᠳᠡᠭᠡᠭᠰᠢᠯᠡᠭᠦᠯᠦᠨ᠎ᠡ᠃ ᠬᠢᠨᠠᠨ ᠬᠠᠮᠢᠶᠠᠷᠬᠤ ᠠᠷᠭ᠎ᠠ ᠮᠠᠶᠢᠭ᠎ᠤᠨ ᠲᠠᠯ᠎ᠠ᠎ᠪᠠᠷ ᠰᠢᠨ᠎ᠡ ᠵᠢ ᠡᠭᠦᠳᠴᠦ᠂ ᠰᠢᠨ᠎ᠡ ᠪᠠᠶ᠋ᠢᠳᠠᠯ ᠰᠢᠨ᠎ᠡ ᠠᠰᠠᠭᠤᠳᠠᠯ᠎ᠢ ᠴᠠᠭ ᠲᠤᠬᠠᠢ᠎ᠳᠤᠨᠢ ᠰᠤᠳᠤᠯᠤᠨ ᠰᠢᠢ᠍ᠳᠪᠦᠷᠢᠯᠡᠵᠦ᠂ ᠵᠠᠬ᠎ᠠ ᠳᠡᠯᠭᠡᠭᠦᠷ᠎ᠤᠨ ᠬᠢᠨᠠᠨ ᠬᠠᠮᠢᠶᠠᠷᠤᠯᠲᠠ ᠵᠢ ᠨᠠᠷᠢᠯᠢᠭ ᠣᠨᠣᠴᠠᠲᠠᠢ ᠪᠣᠯᠭ᠋ᠠᠬᠤ ᠬᠢᠷᠢ ᠲᠦᠪᠰᠢᠨ᠎ᠢ ᠳᠡᠭᠡᠭᠰᠢᠯᠡᠭᠦᠯᠵᠦ᠂ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠤᠨ ᠰᠠᠢ᠍ᠢ᠍ᠨ ᠰᠠᠢ᠌ᠬᠠᠨ ᠡᠮᠬᠢ ᠳᠢᠭᠯᠢᠮ᠎ᠢ ᠦᠨᠡᠨ ᠬᠦ᠌ ᠬᠠᠮᠠᠭ᠋ᠠᠯᠠᠵᠤ᠂ ᠠᠵᠢᠯ ᠣᠯᠵᠤ ᠦᠢ᠍ᠯᠡᠰ ᠪᠣᠰᠬᠠᠬᠤ ᠪᠠ ᠬᠥᠮᠥᠨ᠎ᠤ ᠬᠦᠴᠦᠨ᠎ᠤ ᠡᠬᠢ ᠪᠠᠶᠠᠯᠢᠭ᠎ᠢ ᠰᠢᠯᠵᠢᠭᠦᠯᠦᠨ ᠲᠣᠬᠢᠷᠠᠭᠤᠯᠬᠤ ᠵᠢ ᠨᠡᠩ ᠰᠠᠶ᠋ᠢᠲᠤᠷ ᠠᠬᠢᠭᠤᠯᠤᠨ᠎ᠠ᠃

ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠬᠣᠯᠪᠣᠭᠳᠠᠯ ᠪᠦᠬᠦᠢ ᠵᠤᠷᠭ᠋ᠠᠨ ᠲᠣᠪᠴᠢᠶ᠎ᠠ ᠵᠢᠨ ᠬᠠᠷᠢᠭᠤᠴᠠᠯᠭ᠋ᠠᠲᠠᠨ 《ᠠᠵᠢᠯ ᠦᠢ᠍ᠯᠡᠰ᠎ᠤᠨ ᠨᠢᠭᠡᠴᠢ ᠵᠢᠨ ᠢᠯᠡ᠎ᠪᠠᠷ ᠠᠵᠢᠯᠲᠠᠨ ᠡᠯᠰᠡᠬᠦ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠬᠦ ᠲᠤᠬᠠᠢ ᠮᠡᠳᠡᠭᠳᠡᠯ》᠎ᠤᠨ ᠲᠤᠬᠠᠢ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠣᠯᠭᠣᠮᠵᠢ ᠠᠪᠬᠤ ᠬᠢᠷᠢ ᠬᠡᠮ᠎ᠤᠨ ᠭᠡᠷᠡᠴᠢᠯᠡᠯ᠎ᠤᠨ ᠲᠠᠢ᠌ᠯᠤᠮᠵᠢ
ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠮᠤᠵᠢ ᠠᠯᠤᠰᠯᠠᠨ ᠣᠨᠳᠣᠣ ᠭᠠᠵᠠᠷ᠎ᠲᠤ ᠡᠮᠨᠡᠭᠦᠯᠦᠭᠰᠡᠨ ᠵᠠᠷᠤᠳᠠᠯ᠎ᠢ ᠰᠢᠭᠤᠳ ᠳ᠋ᠦᠩᠨᠡᠨ ᠪᠤᠳᠤᠬᠤ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
《ᠬᠠᠷᠢᠮᠠᠬᠠᠢ ᠴᠢᠨᠠᠷᠲᠠᠢ ᠨᠠᠰᠤᠨ᠎ᠤ ᠠᠮᠠᠷᠠᠯᠲᠠ᠎ᠪᠠᠨ ᠠᠪᠬᠤ ᠳᠦᠷᠢᠮ᠎ᠢ ᠬᠡᠷᠡᠭᠵᠢᠭᠦᠯᠬᠦ ᠲᠦᠷ ᠬᠡᠷᠡᠭᠵᠢᠭᠦᠯᠬᠦ ᠠᠷᠭ᠎ᠠ》 ᠵᠢᠨ ᠲᠤᠬᠠᠢ ᠠᠯᠪᠠᠨ᠎ᠤ ᠲᠠᠢ᠌ᠯᠤᠮᠵᠢ᠂ ᠲᠦᠷᠭᠡᠨ ᠦᠵᠡᠶ᠎ᠡ
2025 ᠣᠨ᠎ᠳᠤ ᠬᠡᠷᠬᠢᠨ ᠠᠵᠢᠯ ᠣᠯᠭᠣᠯᠲᠠ ᠵᠢ ᠲᠣᠭᠲᠠᠪᠤᠷᠢᠵᠢᠭᠤᠯᠵᠤ ᠣᠷᠣᠯᠭ᠎ᠠ ᠵᠢᠨ ᠨᠡᠮᠡᠭᠳᠡᠯ᠎ᠢ ᠠᠬᠢᠭᠤᠯᠬᠤ ᠪᠤᠢ? ᠡᠷᠬᠡ ᠰᠦᠷᠲᠦ ᠰᠠᠯᠠᠭ᠎ᠠ ᠮᠥᠴᠢᠷ᠎ᠠᠴᠠ ᠠᠵᠢᠯ ᠣᠯᠭᠣᠯᠲᠠ᠂ ᠣᠷᠣᠯᠭ᠎ᠠ ᠵᠡᠷᠭᠡ ᠬᠠᠯᠠᠮᠰᠢᠯ ᠠᠰᠠᠭᠤᠳᠠᠯ᠎ᠳᠤ ᠬᠠᠷᠢᠭᠤᠯᠲᠠ ᠥᠭᠪᠡ
 
            