ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠰᠤᠷᠪᠤᠯᠵᠢᠯᠠᠭ᠎ᠠ ᠶᠠᠷᠢᠯᠴᠠᠯᠭ᠎ᠠ
ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠬᠣᠯᠪᠣᠭᠳᠠᠯ ᠪᠦᠬᠦᠢ ᠵᠤᠷᠭ᠋ᠠᠨ ᠲᠣᠪᠴᠢᠶ᠎ᠠ ᠵᠢᠨ ᠬᠠᠷᠢᠭᠤᠴᠠᠯᠭ᠋ᠠᠲᠠᠨ 《ᠠᠵᠢᠯ ᠦᠢ᠍ᠯᠡᠰ᠎ᠤᠨ ᠨᠢᠭᠡᠴᠢ ᠵᠢᠨ ᠢᠯᠡ᠎ᠪᠠᠷ ᠠᠵᠢᠯᠲᠠᠨ ᠡᠯᠰᠡᠬᠦ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠬᠦ ᠲᠤᠬᠠᠢ ᠮᠡᠳᠡᠭᠳᠡᠯ》᠎ᠤᠨ ᠲᠤᠬᠠᠢ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
ᠨᠡᠶ᠋ᠢᠲᠡᠯᠡᠭᠰᠡᠨ ᠴᠠᠭ᠄ 2024-10-15

      ᠣᠢ᠌ᠷ᠎ᠠ᠎ᠳᠤ᠂ ᠲᠥᠪ᠎ᠤᠨ ᠵᠣᠬᠢᠶᠠᠨ ᠪᠠᠢ᠌ᠭᠤᠯᠬᠤ ᠬᠡᠯᠲᠡᠰ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ 《ᠠᠵᠢᠯ ᠦᠢ᠍ᠯᠡᠰ᠎ᠤᠨ ᠨᠢᠭᠡᠴᠢ ᠵᠢᠨ ᠢᠯᠡ᠎ᠪᠠᠷ ᠠᠵᠢᠯᠲᠠᠨ ᠡᠯᠰᠡᠬᠦ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠬᠦ ᠲᠤᠬᠠᠢ ᠮᠡᠳᠡᠭᠳᠡᠯ》 (ᠳᠣᠷᠣᠭᠰᠢ 《ᠮᠡᠳᠡᠭᠳᠡᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ᠎ᠤ ᠶᠠᠪᠤᠳᠠᠯ᠎ᠤᠨ ᠬᠠᠮᠢᠶᠠᠷᠤᠯᠲᠠ ᠵᠢᠨ ᠵᠤᠷᠭ᠋ᠠᠨ᠎ᠤ ᠬᠠᠷᠢᠭᠤᠴᠠᠯᠭ᠋ᠠᠲᠠᠨ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠰᠤᠷᠪᠤᠯᠵᠢᠯᠠᠬ᠍ᠴᠢ ᠵᠢᠨ ᠠᠰᠠᠭᠤᠯᠲᠠ ᠵᠢ ᠬᠠᠷᠢᠭᠤᠯᠪᠠ᠃
      ᠨᠢᠭᠡ᠂ 《ᠮᠡᠳᠡᠭᠳᠡᠯ》᠎ᠢ ᠨᠡᠢ᠌ᠲᠡᠯᠡᠭᠰᠡᠨ ᠠᠬᠤᠢ ᠪᠠᠶ᠋ᠢᠳᠠᠯ᠎ᠨᠢ ᠶᠠᠮᠠᠷ ᠪᠤᠢ?
      ᠢᠯᠡ᠎ᠪᠠᠷ ᠠᠵᠢᠯᠲᠠᠨ ᠡᠯᠰᠡᠬᠦ᠎ᠨᠢ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ᠎ᠤ ᠶᠠᠪᠤᠳᠠᠯ᠎ᠤᠨ ᠬᠠᠮᠢᠶᠠᠷᠤᠯᠲᠠ ᠵᠢᠨ ᠨᠢᠭᠡᠨ ᠦᠨᠳᠦᠰᠦᠨ ᠳᠦᠷᠢᠮ ᠪᠤᠯᠤᠬᠰᠠᠨ᠎ᠤ ᠬᠤᠪᠢ᠎ᠳᠤ᠂ ᠠᠵᠢᠯ ᠦᠢ᠍ᠯᠡᠰ᠎ᠤᠨ ᠨᠢᠭᠡᠴᠢ ᠵᠢᠨ ᠰᠢᠯᠢᠳᠡᠭ᠎ᠢ ᠰᠣᠩᠭᠣᠵᠤ ᠬᠥᠮᠥᠨ ᠤᠷᠢᠨ ᠠᠪᠴᠢᠷᠠᠬᠤ ᠭᠣᠣᠯ ᠠᠷᠭ᠎ᠠ ᠵᠠᠮ ᠮᠥᠨ᠂ ᠠᠵᠢᠯ ᠦᠢ᠍ᠯᠡᠰ᠎ᠤᠨ ᠨᠢᠭᠡᠴᠢ ᠵᠢᠨ ᠬᠥᠮᠥᠨ ᠰᠣᠩᠭᠣᠵᠤ ᠬᠥᠮᠥᠨ ᠬᠡᠷᠡᠭᠯᠡᠬᠦ ᠠᠵᠢᠯ᠎ᠢ ᠡᠬᠢ ᠡᠭᠦᠰᠦᠯ᠎ᠠᠴᠠ᠎ᠨᠢ ᠵᠢᠷᠤᠮᠵᠢᠭᠤᠯᠬᠤ ᠳᠦᠷᠢᠮ᠎ᠤᠨ ᠴᠢᠨᠠᠷᠲᠠᠢ ᠲᠣᠬᠢᠷᠠᠭᠤᠯᠤᠯᠲᠠ ᠮᠥᠨ᠂ ᠡᠨᠡ᠎ᠨᠢ ᠥᠷᠭᠡᠨ ᠤᠯᠠᠨ ᠠᠵᠢᠯ ᠡᠷᠢᠭᠰᠡᠳ᠎ᠤᠨ ᠡᠷᠬᠡ ᠲᠡᠭᠰᠢ᠎ᠪᠠᠷ ᠠᠵᠢᠯ ᠣᠯᠬᠤ ᠡᠷᠬᠡ ᠠᠰᠢᠭ᠎ᠲᠤ ᠬᠣᠯᠪᠣᠭᠳᠠᠵᠤ᠂ ᠨᠡᠢ᠌ᠭᠡᠮ᠎ᠤᠨ ᠲᠥᠪ ᠭᠣᠣᠯᠴᠢ ᠰᠢᠳᠤᠷᠭᠤ ᠶᠣᠰᠣᠨ᠎ᠳᠤ ᠬᠣᠯᠪᠣᠭᠳᠠᠵᠤ ᠪᠠᠢ᠌ᠳᠠᠭ᠃ ᠢᠯᠡ᠎ᠪᠠᠷ ᠠᠵᠢᠯᠲᠠᠨ ᠡᠯᠰᠡᠬᠦ ᠠᠵᠢᠯ᠎ᠢ ᠵᠢᠷᠤᠮᠵᠢᠭᠤᠯᠬᠤ ᠵᠢᠨ ᠲᠥᠯᠥᠭᠡ᠂ ᠲᠥᠪ᠎ᠤᠨ ᠵᠣᠬᠢᠶᠠᠨ ᠪᠠᠢ᠌ᠭᠤᠯᠬᠤ ᠬᠡᠯᠲᠡᠰ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ ᠳᠦᠷᠢᠮ ᠲᠣᠭᠲᠠᠭ᠋ᠠᠯ᠎ᠢ ᠬᠦᠴᠦᠯᠡᠨ ᠲᠣᠭᠲᠠᠭ᠋ᠠᠵᠤ᠂ ᠤᠷᠢᠳ ᠬᠣᠵᠢᠳ ᠠᠯᠢ ᠤᠯᠠᠨ ᠲᠥᠷᠥ ᠵᠢᠨ ᠪᠣᠳᠣᠯᠭ᠎ᠠ ᠳᠦᠷᠢᠮ᠎ᠢ ᠨᠡᠢ᠌ᠲᠡᠯᠡᠨ ᠬᠡᠷᠡᠭᠵᠢᠭᠦᠯᠵᠦ᠂ ᠲᠥᠷᠥ ᠵᠢᠨ ᠪᠣᠳᠣᠯᠭ᠎ᠠ ᠵᠢᠨ ᠰᠢᠰᠲ᠋ᠧᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠵᠢᠭ᠋ᠠᠨ ᠵᠢᠯᠤᠭᠣᠳᠴᠤ ᠬᠢᠨᠠᠯᠲᠠ ᠲᠠᠯᠪᠢᠬᠤ᠎ᠪᠠᠨ ᠦᠨᠡᠨᠬᠦ ᠴᠢᠩᠭ᠋ᠠᠳᠬᠠᠪᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠢᠳᠡᠪᠬᠢᠲᠡᠢ ᠠᠬᠢᠭᠤᠯᠤᠨ ᠨᠠᠢ᠌ᠳᠠᠪᠤᠷᠢᠵᠢᠭᠤᠯᠵᠤ᠂ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠨᠠᠷᠢᠯᠢᠭᠵᠢᠭᠤᠯᠤᠨ᠂ ᠠᠵᠢᠯᠯᠠᠬᠤ ᠶᠠᠪᠤᠴᠠ ᠵᠢ ᠵᠢᠷᠤᠮᠵᠢᠭᠤᠯᠵᠤ᠂ ᠠᠵᠢᠯᠲᠠᠨ ᠡᠯᠰᠡᠬᠦ ᠠᠵᠢᠯ᠎ᠤᠨ ᠶᠠᠰᠤ ᠴᠢᠨᠠᠷ ᠪᠠ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠶᠡᠷᠦᠩᠬᠡᠢ᠎ᠳᠤᠨᠢ ᠠᠪᠴᠤ ᠦᠵᠡᠪᠡᠯ᠂ ᠠᠵᠢᠯ ᠦᠢ᠍ᠯᠡᠰ᠎ᠤᠨ ᠨᠢᠭᠡᠴᠢ ᠵᠢᠨ ᠢᠯᠡ᠎ᠪᠠᠷ ᠠᠵᠢᠯᠲᠠᠨ ᠡᠯᠰᠡᠬᠦ ᠠᠵᠢᠯ ᠵᠢᠷᠤᠮᠵᠢᠭᠤᠨ ᠪᠥᠭᠡᠳ ᠡᠮᠬᠢ ᠳᠢᠭᠯᠢᠮ᠎ᠲᠠᠢ᠂ ᠠᠮᠤᠷ ᠲᠦᠪᠰᠢᠨ ᠪᠥᠭᠡᠳ ᠲᠣᠭᠲᠠᠭᠤᠨ ᠪᠠᠢ᠌ᠵᠤ᠂ ᠠᠵᠢᠯ ᠦᠢ᠍ᠯᠡᠰ᠎ᠤᠨ ᠨᠢᠭᠡᠴᠢ ᠵᠢᠨ ᠬᠥᠮᠥᠨ ᠰᠣᠩᠭᠣᠵᠤ ᠬᠡᠷᠡᠭᠯᠡᠬᠦ ᠬᠠᠷᠠᠭ᠎ᠠ ᠵᠢ ᠥᠷᠭᠡᠳᠬᠡᠬᠦ᠂ ᠥᠨᠳᠥᠷ ᠬᠡᠪ ᠪᠣᠯᠪᠠᠰᠤᠷᠠᠯ ᠪᠦᠬᠦᠢ ᠲᠤᠰᠬᠠᠢ᠌ᠵᠢᠭᠰᠠᠨ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ᠎ᠤ ᠡᠩᠨᠡᠭᠡ ᠵᠢ ᠪᠠᠢ᠌ᠭᠤᠯᠬᠤ ᠵᠡᠷᠭᠡ ᠲᠠᠯ᠎ᠠ᠎ᠪᠠᠷ ᠴᠢᠬᠤᠯᠠ ᠦᠢ᠍ᠯᠡᠳᠦᠯ ᠦᠵᠡᠭᠦᠯᠦᠭᠰᠡᠨ ᠪᠠᠢ᠌ᠨ᠎ᠠ᠃ ᠭᠡᠪᠡᠴᠦ ᠣᠢ᠌ᠷ᠎ᠠ ᠵᠢᠨ ᠵᠢᠯ᠎ᠤᠳ᠎ᠲᠤ ᠦᠢ᠍ᠯᠡᠳᠦᠯᠭᠡ ᠵᠢᠨ ᠳᠤᠮᠳᠠ ᠪᠠᠰᠠ ᠵᠠᠷᠢᠮ ᠲᠣᠪᠣᠢ᠌ᠮ᠎ᠠ ᠠᠰᠠᠭᠤᠳᠠᠯ ᠢᠯᠡᠷᠡᠪᠡ᠂ ᠡᠭᠦᠨ᠎ᠳᠤ ᠭᠣᠣᠯᠳᠠᠭᠤ ᠵᠠᠷᠢᠮ ᠭᠠᠵᠠᠷ ᠣᠷᠣᠨ ᠪᠣᠯᠣᠨ ᠰᠠᠯᠠᠭ᠎ᠠ ᠮᠥᠴᠢᠷ (ᠨᠢᠭᠡᠴᠢ) ᠠᠵᠢᠯᠲᠠᠨ ᠡᠯᠰᠡᠬᠦ ᠠᠵᠢᠯ᠎ᠢ ᠨᠢᠭᠡᠳᠦᠯᠲᠡᠢ ᠲᠥᠯᠥᠪᠵᠢᠭᠦᠯᠬᠦ ᠲᠠᠯ᠎ᠠ᠎ᠪᠠᠷ ᠬᠦᠷᠦᠯᠴᠡᠬᠦ ᠦᠭᠡᠢ᠂ ᠢᠯᠡ᠎ᠪᠠᠷ ᠠᠵᠢᠯᠲᠠᠨ ᠡᠯᠰᠡᠬᠦ ᠵᠢᠷᠤᠮ ᠪᠣᠯᠣᠨ ᠱᠠᠭ᠋ᠠᠷᠳᠠᠯᠭ᠎ᠠ᠎ᠠᠴᠠ ᠰᠢᠯᠲᠠᠭᠯᠠᠨ ᠵᠠᠢ᠌ᠯᠠᠬᠤ᠂ ᠬᠢᠷᠢ ᠬᠡᠮ᠎ᠤᠨ ᠨᠥᠬᠥᠴᠡᠯ᠎ᠢ ᠲᠣᠬᠢᠷᠠᠭᠤᠯᠤᠭᠰᠠᠨ᠎ᠨᠢ ᠵᠦᠢ ᠵᠣᠬᠢᠰ ᠦᠭᠡᠢ᠂ ᠬᠢᠷᠢ ᠬᠡᠮ᠎ᠢ ᠬᠢᠨᠠᠨ ᠪᠠᠢ᠌ᠴᠠᠭ᠋ᠠᠬᠤ᠎ᠨᠢ ᠵᠢᠷᠤᠮᠵᠢᠯ ᠦᠭᠡᠢ᠂ ᠰᠢᠯᠭ᠋ᠠᠯᠲᠠ ᠵᠢᠨ ᠰᠡᠳᠦᠪ ᠪᠠ ᠰᠡᠳᠦᠪ ᠭᠠᠷᠭ᠋ᠠᠬᠤ ᠳᠦᠷᠢᠮ᠎ᠨᠢ ᠰᠢᠨᠵᠢᠯᠡᠬᠦ ᠤᠬᠠᠭ᠋ᠠᠨᠴᠢ ᠪᠤᠰᠤ᠂ ᠰᠢᠯᠭ᠋ᠠᠯᠲᠠ ᠵᠢᠨ ᠶᠠᠪᠤᠳᠠᠯ᠎ᠢ ᠵᠣᠬᠢᠶᠠᠨ ᠪᠠᠢ᠌ᠭᠤᠯᠬᠤ᠎ᠨᠢ ᠨᠢᠭᠲᠠ ᠴᠢᠩᠭ᠎ᠠ ᠪᠢᠰᠢ ᠵᠡᠷᠭᠡ᠎ᠨᠢ ᠨᠡᠢ᠌ᠭᠡᠮ᠎ᠤᠨ ᠡᠯ᠎ᠡ ᠡᠲᠡᠭᠡᠳ᠎ᠤᠨ ᠠᠩᠬᠠᠷᠤᠯ᠎ᠢ ᠲᠠᠲᠠᠵᠤ ᠪᠠᠢ᠌ᠨ᠎ᠠ᠃ ᠡᠭᠦᠨ᠎ᠤ ᠲᠥᠯᠥᠭᠡ᠂ ᠲᠥᠪ᠎ᠤᠨ ᠵᠣᠬᠢᠶᠠᠨ ᠪᠠᠢ᠌ᠭᠤᠯᠬᠤ ᠬᠡᠯᠲᠡᠰ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ ᠭᠦᠨᠵᠡᠭᠡᠢ ᠪᠠᠢ᠌ᠴᠠᠭ᠋ᠠᠨ ᠰᠤᠳᠤᠯᠤᠯᠲᠠ ᠬᠢᠵᠦ᠂ ᠥᠷᠭᠡᠨ ᠵᠶ᠋ᠡᠷ ᠰᠠᠨᠠᠯ ᠰᠣᠨᠣᠰᠤᠭᠰᠠᠨ ᠰᠠᠭᠤᠷᠢᠨ ᠳᠡᠭᠡᠷ᠎ᠡ᠂ ᠦᠢ᠍ᠯᠡᠳᠦᠯᠭᠡ ᠵᠢᠨ ᠳᠤᠮᠳᠠ ᠣᠷᠣᠰᠢᠵᠤ ᠪᠠᠢ᠌ᠭ᠎ᠠ ᠪᠣᠳᠠᠲᠠᠢ ᠠᠰᠠᠭᠤᠳᠠᠯ᠎ᠳᠤ ᠴᠢᠭᠯᠡᠭᠦᠯᠦᠨ᠂ ᠲᠤᠷᠰᠢᠯᠭ᠎ᠠ ᠪᠠ ᠠᠷᠭ᠎ᠠ ᠬᠢᠳᠡᠯ ᠵᠶ᠋ᠡᠨ ᠳ᠋ᠦᠩᠨᠡᠵᠦ᠂ 《ᠮᠡᠳᠡᠭᠳᠡᠯ》᠎ᠢ ᠰᠤᠳᠤᠯᠤᠨ ᠲᠣᠭᠲᠠᠭ᠋ᠠᠵᠤ᠂ ᠣᠢ᠌ᠷ᠎ᠠ ᠵᠢᠨ ᠬᠤᠭᠤᠴᠠᠭ᠋ᠠᠨ᠎ᠳᠤ ᠳᠠᠷᠤᠮᠠᠯᠯᠠᠨ ᠲᠠᠷᠬᠠᠭ᠋ᠠᠵᠤ ᠬᠡᠷᠡᠭᠵᠢᠭᠦᠯᠪᠡ᠃
      ᠬᠣᠶᠠᠷ᠂ 《ᠮᠡᠳᠡᠭᠳᠡᠯ》᠎ᠤᠨ ᠭᠣᠣᠯ ᠠᠭᠤᠯᠭ᠎ᠠ᠎ᠨᠢ ᠶᠠᠭᠤ ᠪᠤᠢ?
      ᠬᠠᠷᠢᠭᠤᠯᠲᠠ᠄ 《ᠮᠡᠳᠡᠭᠳᠡᠯ》᠎ᠨᠢ ᠨᠠᠢ᠌ᠳᠠ ᠲᠠᠪᠤᠨ ᠬᠡᠰᠡᠭ᠂ 15 ᠵᠦᠢ᠍ᠯ ᠵᠶ᠋ᠡᠷ ᠪᠦᠷᠢᠯᠳᠦᠵᠡᠢ᠃ ᠨᠢᠭᠡᠳᠦᠭᠡᠷ ᠬᠡᠰᠡᠭ᠎ᠨᠢ 《ᠢᠯᠡ᠎ᠪᠠᠷ ᠠᠵᠢᠯᠲᠠᠨ ᠡᠯᠰᠡᠬᠦ ᠠᠵᠢᠯ᠎ᠢ ᠨᠢᠭᠡᠳᠦᠯᠲᠡᠢ ᠲᠥᠯᠥᠪᠵᠢᠭᠦᠯᠬᠦ ᠵᠢ ᠴᠢᠩᠭ᠋ᠠᠳᠬᠠᠨ᠎ᠠ》᠂ ᠭᠣᠣᠯᠳᠠᠭᠤ ᠢᠯᠡ᠎ᠪᠠᠷ ᠠᠵᠢᠯᠲᠠᠨ ᠡᠯᠰᠡᠬᠦ ᠵᠢ ᠵᠣᠬᠢᠶᠠᠨ ᠪᠠᠢ᠌ᠭᠤᠯᠬᠤ ᠬᠡᠯᠪᠡᠷᠢ ᠵᠢ ᠰᠠᠢ᠌ᠵᠢᠷᠠᠭᠤᠯᠤᠨ ᠲᠡᠭᠦᠯᠳᠡᠷᠵᠢᠭᠦᠯᠬᠦ᠂ ᠠᠳᠠᠯᠢ ᠪᠤᠰᠤ ᠪᠠᠶ᠋ᠢᠳᠠᠯ᠎ᠳᠤ ᠢᠯᠭ᠋ᠠᠭ᠎ᠠ᠎ᠲᠠᠢ ᠬᠠᠨᠳᠤᠵᠤ ᠠᠵᠢᠯᠲᠠᠨ ᠡᠯᠰᠡᠬᠦ ᠠᠵᠢᠯ᠎ᠢ ᠨᠢᠭᠡᠳᠦᠯᠲᠡᠢ ᠵᠣᠬᠢᠶᠠᠨ ᠪᠠᠢ᠌ᠭᠤᠯᠬᠤ ᠪᠠ ᠪᠡᠶ᠎ᠡ᠎ᠪᠠᠨ ᠳᠠᠭ᠋ᠠᠭ᠋ᠠᠵᠤ ᠵᠣᠬᠢᠶᠠᠨ ᠪᠠᠢ᠌ᠭᠤᠯᠬᠤ ᠵᠡᠷᠭᠡ ᠲᠠᠯ᠎ᠠ᠎ᠪᠠᠷ ᠱᠠᠭ᠋ᠠᠷᠳᠠᠯᠭ᠎ᠠ ᠳᠤᠷᠠᠳᠪᠠ; ᠬᠣᠶᠠᠳᠤᠭ᠋ᠠᠷ ᠬᠡᠰᠡᠭ᠎ᠨᠢ 《ᠠᠵᠢᠯᠲᠠᠨ ᠡᠯᠰᠡᠬ ᠵᠢᠷᠤᠮ᠎ᠤᠨ ᠱᠠᠭ᠋ᠠᠷᠳᠠᠯᠭ᠎ᠠ ᠵᠢ ᠴᠢᠩᠳᠠᠯᠠᠨ᠎ᠠ》᠂ ᠭᠣᠣᠯᠳᠠᠭᠤ ᠲᠣᠭᠲᠠᠭ᠋ᠠᠯ᠎ᠢ ᠴᠢᠩᠭ᠎ᠠ ᠵᠢᠷᠤᠮᠯᠠᠵᠤ ᠠᠵᠢᠯᠲᠠᠨ ᠡᠯᠰᠡᠬᠦ ᠵᠢ ᠬᠡᠷᠡᠭᠵᠢᠭᠦᠯᠬᠦ᠂ ᠠᠵᠢᠯᠲᠠᠨ ᠡᠯᠰᠡᠬᠦ ᠮᠡᠳᠡᠭᠡ ᠵᠠᠩᠭᠢ ᠵᠢ ᠨᠡᠢ᠌ᠲᠡᠯᠡᠬᠦ ᠠᠵᠢᠯ᠎ᠢ ᠵᠢᠷᠤᠮᠵᠢᠭᠤᠯᠬᠤ ᠵᠡᠷᠭᠡ ᠲᠠᠯ᠎ᠠ᠎ᠪᠠᠷ ᠱᠠᠭ᠋ᠠᠷᠳᠠᠯᠭ᠎ᠠ ᠳᠤᠷᠠᠳᠪᠠ; ᠭᠤᠷᠪᠠᠳᠤᠭ᠋ᠠᠷ ᠬᠡᠰᠡᠭ᠎ᠨᠢ 《ᠠᠵᠢᠯ᠎ᠤᠨ ᠪᠠᠶ᠋ᠢᠷᠢ ᠵᠢᠨ ᠨᠥᠬᠥᠴᠡᠯ᠎ᠢ ᠲᠣᠬᠢᠷᠠᠭᠤᠯᠬᠤ ᠪᠠ ᠬᠢᠷᠢ ᠬᠡᠮ᠎ᠢ ᠬᠢᠨᠠᠨ ᠪᠠᠢ᠌ᠴᠠᠭ᠋ᠠᠬᠤ ᠠᠵᠢᠯ᠎ᠢ ᠰᠢᠯᠢᠳᠡᠭᠵᠢᠭᠦᠯᠦᠨ᠎ᠡ》᠂ ᠭᠣᠣᠯᠳᠠᠭᠤ ᠠᠵᠢᠯ᠎ᠤᠨ ᠪᠠᠶ᠋ᠢᠷᠢ ᠵᠢᠨ ᠬᠢᠷᠢ ᠬᠡᠮ᠎ᠤᠨ ᠨᠥᠬᠥᠴᠡᠯ᠎ᠢ ᠵᠦᠢ ᠵᠣᠬᠢᠰᠲᠠᠢ ᠲᠣᠬᠢᠷᠠᠭᠤᠯᠬᠤ᠂ ᠰᠢᠨᠵᠢᠯᠡᠭᠡᠨ᠎ᠤ ᠰᠠᠯᠠᠭ᠎ᠠ ᠲᠤᠰᠬᠠᠢ ᠮᠡᠷᠭᠡᠵᠢᠯ᠎ᠤᠨ ᠱᠠᠭ᠋ᠠᠷᠳᠠᠯᠭ᠎ᠠ ᠵᠢ ᠲᠣᠳᠣᠷᠬᠠᠢ᠌ᠯᠠᠬᠤ᠂ ᠡᠯᠰᠡᠬᠦ ᠭᠡᠵᠦ  ᠪᠠᠢ᠌ᠭ᠎ᠠ ᠬᠥᠮᠥᠨ᠎ᠤ ᠦᠨᠡᠨᠴᠢ ᠢᠲᠡᠭᠡᠮᠵᠢ ᠵᠢᠨ ᠲᠤᠬᠠᠢ ᠠᠮᠠᠯᠳᠠᠬᠤ ᠳᠦᠷᠢᠮ᠎ᠢ  ᠬᠡᠷᠡᠭᠵᠢᠭᠦᠯᠬᠦ᠂ ᠬᠢᠷᠢ ᠬᠡᠮ᠎ᠤᠨ ᠬᠢᠨᠠᠨ ᠪᠠᠢ᠌ᠴᠠᠭ᠋ᠠᠯᠲᠠ ᠵᠢ ᠵᠢᠷᠤᠮᠵᠢᠭᠤᠯᠬᠤ ᠵᠡᠷᠭᠡ ᠲᠠᠯ᠎ᠠ᠎ᠪᠠᠷ ᠱᠠᠭ᠋ᠠᠷᠳᠠᠯᠭ᠎ᠠ ᠳᠤᠷᠠᠳᠪᠠ; ᠳᠥᠷᠪᠡᠳᠦᠭᠡᠷ ᠬᠡᠰᠡᠭ᠎ᠨᠢ 《ᠠᠵᠢᠯᠲᠠᠨ ᠡᠯᠰᠡᠬᠦ ᠰᠢᠯᠭ᠋ᠠᠯᠲᠠ ᠵᠢᠨ ᠬᠠᠨᠳᠤᠯᠭ᠋ᠠᠲᠤ ᠴᠢᠨᠠᠷ ᠪᠠ ᠰᠢᠨᠵᠢᠯᠡᠬᠦ ᠤᠬᠠᠭ᠋ᠠᠨᠴᠢ ᠴᠢᠨᠠᠷ᠎ᠢ ᠴᠢᠩᠭ᠋ᠠᠳᠬᠠᠨ᠎ᠠ》᠂ ᠭᠣᠣᠯᠳᠠᠭᠤ ᠰᠡᠳᠦᠪ ᠭᠠᠷᠭ᠋ᠠᠬᠤ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠬᠦ᠂ ᠨᠢᠭᠤᠷᠲᠠᠨ ᠰᠢᠯᠭ᠋ᠠᠯᠲᠠ ᠵᠢᠨ ᠡᠷᠬᠡ ᠲᠡᠭᠰᠢ ᠲᠥᠪ ᠭᠣᠣᠯᠴᠢ ᠪᠠᠶ᠋ᠢᠬᠤ ᠵᠢ ᠦᠨᠡᠨᠬᠦ ᠪᠠᠲᠤᠯᠠᠬᠤ᠂ ᠰᠢᠯᠭ᠋ᠠᠯᠲᠠ ᠵᠢᠨ ᠲᠠᠯᠠᠪᠤᠷ᠎ᠤᠨ ᠬᠠᠮᠢᠶᠠᠷᠤᠯᠲᠠ ᠵᠢ ᠴᠢᠩᠳᠠᠯᠠᠬᠤ ᠵᠡᠷᠭᠡ ᠲᠠᠯ᠎ᠠ᠎ᠪᠠᠷ ᠱᠠᠭ᠋ᠠᠷᠳᠠᠯᠭ᠎ᠠ ᠳᠤᠷᠠᠳᠪᠠ; ᠲᠠᠪᠤᠳᠤᠭ᠋ᠠᠷ ᠬᠡᠰᠡᠭ᠎ᠨᠢ 《ᠰᠠᠬᠢᠯᠭ᠎ᠠ ᠪᠠᠲᠤ ᠵᠢᠨ ᠱᠠᠭ᠋ᠠᠷᠳᠠᠯᠭ᠎ᠠ ᠵᠢ ᠴᠢᠩᠳᠠᠯᠠᠨ᠎ᠠ》᠂ ᠭᠣᠣᠯᠳᠠᠭᠤ ᠬᠡᠯᠪᠡᠢ᠌ᠯᠭᠡᠬᠦ ᠲᠥᠷᠥ ᠵᠢᠨ ᠪᠣᠳᠣᠯᠭ᠎ᠠ ᠵᠢ ᠳᠤᠷ᠎ᠠ᠎ᠪᠠᠷ ᠵᠶ᠋ᠠᠨ ᠲᠣᠭᠲᠠᠭ᠋ᠠᠬᠤ ᠪᠤᠶᠤ ᠥᠷᠭᠡᠳᠬᠡᠵᠦ ᠪᠣᠯᠬᠤ ᠦᠭᠡᠢ᠂ ᠰᠢᠯᠭ᠋ᠠᠯᠲᠠ ᠵᠢᠨ ᠰᠦᠢ᠍ᠳᠬᠡᠯ ᠬᠤᠷᠢᠶᠠᠬᠤ ᠪᠠ ᠵᠠᠷᠤᠯᠭ᠎ᠠ ᠵᠢᠨ ᠲᠣᠭᠲᠠᠭ᠋ᠠᠯ᠎ᠢ ᠴᠢᠩᠭ᠎ᠠ ᠬᠡᠷᠡᠭᠵᠢᠭᠦᠯᠬᠦ᠂ ᠰᠠᠬᠢᠯᠭ᠎ᠠ ᠪᠠᠲᠤ ᠳᠦᠷᠢᠮ ᠲᠣᠭᠲᠠᠭ᠋ᠠᠯ᠎ᠢ ᠵᠥᠷᠢᠴᠡᠭᠰᠡᠨ ᠦᠢ᠍ᠯᠡ ᠠᠵᠢᠯᠯᠠᠭ᠎ᠠ ᠵᠢ ᠴᠢᠩᠭ᠎ᠠ ᠰᠢᠢ᠍ᠳᠪᠦᠷᠢᠯᠡᠬᠦ ᠵᠡᠷᠭᠡ ᠲᠠᠯ᠎ᠠ᠎ᠪᠠᠷ ᠱᠠᠭ᠋ᠠᠷᠳᠠᠯᠭ᠎ᠠ ᠳᠤᠷᠠᠳᠪᠠ᠃
      ᠭᠤᠷᠪᠠ᠂ 《ᠮᠡᠳᠡᠭᠳᠡᠯ》᠎ᠳᠤ ᠢᠯᠡ᠎ᠪᠠᠷ ᠠᠵᠢᠯᠲᠠᠨ ᠡᠯᠰᠡᠬᠦ ᠠᠵᠢᠯ᠎ᠢ ᠨᠢᠭᠡᠳᠦᠯᠲᠡᠢ ᠲᠥᠯᠥᠪᠵᠢᠭᠦᠯᠬᠦ ᠵᠢ ᠴᠢᠩᠭ᠋ᠠᠳᠬᠠᠬᠤ ᠲᠠᠯ᠎ᠠ᠎ᠪᠠᠷ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠠᠪᠤᠭᠰᠠᠨ ᠪᠤᠢ?
      ᠬᠠᠷᠢᠭᠤᠯᠲᠠ᠄ ᠵᠠᠷᠢᠮ ᠭᠠᠵᠠᠷ ᠣᠷᠣᠨ ᠪᠠ ᠰᠠᠯᠠᠭ᠎ᠠ ᠮᠥᠴᠢᠷ (ᠨᠢᠭᠡᠴᠢ)᠎ᠤᠨ ᠢᠯᠡ᠎ᠪᠠᠷ ᠠᠵᠢᠯᠲᠠᠨ ᠡᠯᠰᠡᠬᠦ ᠠᠵᠢᠯ᠎ᠨᠢ ᠬᠡᠲᠦ ᠲᠠᠷᠬᠠᠢ ᠪᠤᠲᠠᠷᠬᠠᠢ᠂ ᠵᠣᠬᠢᠶᠠᠨ ᠪᠠᠢ᠌ᠭᠤᠯᠬᠤ ᠥᠪᠡᠷ᠎ᠤᠨ ᠥᠷᠲᠡᠭ᠎ᠨᠢ ᠨᠡᠯᠢᠶᠡᠳ ᠥᠨᠳᠥᠷ᠂ ᠰᠢᠯᠭ᠋ᠠᠯᠲᠠ ᠵᠢᠨ ᠠᠮᠤᠷ ᠲᠦᠪᠰᠢᠨ᠎ᠤ ᠲᠦᠭᠰᠢᠭᠦᠷᠢ ᠨᠡᠯᠢᠶᠡᠳ ᠶᠡᠬᠡ ᠵᠡᠷᠭᠡ ᠠᠰᠠᠭᠤᠳᠠᠯ᠎ᠳᠤ ᠴᠢᠭᠯᠡᠭᠦᠯᠦᠨ᠂ 《ᠮᠡᠳᠡᠭᠳᠡᠯ》᠎ᠳᠤ ᠢᠯᠡ ᠲᠣᠳᠣ ᠡᠷᠬᠡ ᠲᠡᠭᠰᠢ ᠲᠥᠪ ᠭᠣᠣᠯᠴᠢ ᠪᠠᠶ᠋ᠢᠬᠤ ᠵᠢ ᠪᠠᠲᠤᠯᠠᠬᠤ᠂ ᠠᠵᠢᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠬᠦ᠂ ᠵᠣᠬᠢᠶᠠᠨ ᠪᠠᠢ᠌ᠭᠤᠯᠤᠯᠲᠠ ᠵᠢᠨ ᠥᠪᠡᠷ᠎ᠤᠨ ᠥᠷᠲᠡᠭ᠎ᠢ ᠪᠠᠭᠤᠷᠠᠭᠤᠯᠬᠤ᠂ ᠠᠶᠤᠯ ᠲᠦᠭᠰᠢᠭᠦᠷᠢ ᠵᠢ ᠰᠡᠷᠭᠡᠢ᠌ᠯᠡᠨ ᠠᠷᠢᠯᠭ᠋ᠠᠬᠤ ᠵᠡᠷᠭᠡ᠎ᠠᠴᠠ ᠡᠭᠦᠰᠴᠦ᠂ ᠨᠢᠭᠡᠳᠦᠭᠡᠷ ᠬᠡᠰᠡᠭ᠎ᠲᠤ 《ᠢᠯᠡ᠎ᠪᠠᠷ ᠠᠵᠢᠯᠲᠠᠨ ᠡᠯᠰᠡᠬᠦ ᠠᠵᠢᠯ᠎ᠢ ᠨᠢᠭᠡᠳᠦᠯᠲᠡᠢ ᠲᠥᠯᠥᠪᠵᠢᠭᠦᠯᠬᠦ ᠵᠢ ᠴᠢᠩᠭ᠋ᠠᠳᠬᠠᠬᠤ ᠬᠡᠷᠡᠭᠲᠡᠶ》 ᠭᠡᠵᠦ ᠲᠣᠳᠣᠷᠬᠠᠢ ᠱᠠᠭ᠋ᠠᠷᠳᠠᠭᠰᠠᠨ ᠪᠥᠭᠡᠳ ᠲᠥᠪ᠎ᠤᠨ ᠪᠠ ᠲᠥᠷᠥ ᠵᠢᠨ ᠪᠠᠢ᠌ᠭᠤᠯᠭ᠎ᠠ ᠵᠢᠨ ᠡᠯ᠎ᠡ ᠰᠠᠯᠠᠭ᠎ᠠ ᠮᠥᠴᠢᠷ᠎ᠲᠤ ᠬᠠᠷᠢᠶᠠᠯᠠᠭᠳᠠᠬᠤ ᠠᠵᠢᠯ ᠦᠢ᠍ᠯᠡᠰ᠎ᠤᠨ ᠨᠢᠭᠡᠴᠢ᠎ᠳᠠᠬᠢ ᠨᠡᠯᠢᠶᠡᠳ ᠳᠣᠣᠷ᠎ᠠ ᠲᠠᠰ᠎ᠤᠨ ᠠᠵᠢᠯ᠎ᠤᠨ ᠪᠠᠶ᠋ᠢᠷᠢ᠎ᠳᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠢᠯᠡ᠎ᠪᠠᠷ ᠠᠵᠢᠯᠲᠠᠨ ᠡᠯᠰᠡᠬᠦ ᠠᠵᠢᠯ᠎ᠢ ᠲᠥᠪᠯᠡᠷᠡᠭᠦᠯᠦᠨ ᠵᠣᠬᠢᠶᠠᠨ ᠪᠠᠢ᠌ᠭᠤᠯᠵᠤ᠂ ᠣᠷᠣᠨ ᠨᠤᠲᠤᠭ᠎ᠤᠨ ᠠᠵᠢᠯ ᠦᠢ᠍ᠯᠡᠰ᠎ᠤᠨ ᠨᠢᠭᠡᠴᠢ ᠲᠠᠰ ᠬᠤᠪᠢᠶᠠᠨ᠂ ᠲᠥᠷᠥᠯ ᠢᠯᠭ᠋ᠠᠨ ᠢᠯᠡ᠎ᠪᠠᠷ ᠠᠵᠢᠯᠲᠠᠨ ᠡᠯᠰᠡᠬᠦ ᠠᠵᠢᠯ᠎ᠢ ᠨᠢᠭᠡᠳᠦᠯᠲᠡᠢ ᠵᠣᠬᠢᠶᠠᠨ ᠪᠠᠢ᠌ᠭᠤᠯᠬᠤ ᠲᠠᠯ᠎ᠠ᠎ᠪᠠᠷ ᠲᠣᠰ ᠲᠣᠰ ᠪᠣᠳᠠᠲᠠᠢ ᠱᠠᠭ᠋ᠠᠷᠳᠠᠯᠭ᠎ᠠ ᠳᠤᠷᠠᠳᠪᠠ᠃ ᠡᠭᠦᠨ᠎ᠤ ᠵᠡᠷᠭᠡ᠎ᠪᠠᠷ᠂ ᠶᠡᠬᠡ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠂ ᠠᠯᠪᠠᠨ᠎ᠠᠴᠠ ᠪᠠᠢ᠌ᠭᠤᠯᠤᠭᠰᠠᠨ ᠡᠮᠨᠡᠯᠭᠡ ᠵᠢᠨ ᠬᠣᠷᠢᠶ᠎ᠠ ᠵᠢᠴᠢ ᠨᠡᠢ᠌ᠭᠡᠮ᠎ᠳᠤ ᠬᠠᠨᠳᠤᠭᠤᠯᠤᠭᠰᠠᠨ ᠨᠠᠢ᠌ᠳᠠ ᠵᠢᠨ ᠠᠰᠠᠷᠠᠮᠵᠢ ᠵᠢᠨ ᠦᠢ᠍ᠯᠡᠴᠢᠯᠡᠭᠡ ᠬᠠᠩᠭ᠋ᠠᠬᠤ ᠬᠡᠪᠴᠢᠶ᠎ᠡ᠎ᠪᠠᠷ ᠨᠡᠯᠢᠶᠡᠳ ᠶᠡᠬᠡ ᠪᠤᠰᠤᠳ ᠠᠵᠢᠯ ᠦᠢ᠍ᠯᠡᠰ᠎ᠤᠨ ᠨᠢᠭᠡᠴᠢ ᠵᠢᠨ ᠪᠣᠳᠠᠲᠠᠢ ᠪᠠᠶ᠋ᠢᠳᠠᠯ᠎ᠢ ᠪᠣᠳᠣᠯᠬᠢᠯᠠᠨ᠂ ᠲᠣᠭᠲᠠᠭ᠋ᠠᠭᠰᠠᠨ ᠵᠢᠷᠤᠮ ᠪᠠ ᠱᠠᠭ᠋ᠠᠷᠳᠠᠯᠭ᠎ᠠ ᠶᠣᠰᠣᠭ᠋ᠠᠷ ᠢᠯᠡ᠎ᠪᠠᠷ ᠠᠵᠢᠯᠲᠠᠨ ᠡᠯᠰᠡᠬᠦ ᠵᠢ ᠪᠡᠶ᠎ᠡ᠎ᠪᠠᠨ ᠳᠠᠭ᠋ᠠᠭ᠋ᠠᠵᠤ ᠵᠣᠬᠢᠶᠠᠨ ᠪᠠᠢ᠌ᠭᠤᠯᠤᠨ ᠥᠷᠨᠢᠭᠦᠯᠵᠦ ᠪᠣᠯᠣᠨ᠎ᠠ᠂ ᠳᠥᠭᠥᠮᠬᠡᠨ ᠵᠶ᠋ᠡᠷ ᠨᠢᠭᠡ ᠯᠡ ᠠᠳᠠᠯᠢ᠎ᠪᠠᠷ ᠱᠠᠭ᠋ᠠᠷᠳᠠᠵᠤ ᠪᠣᠯᠬᠤ ᠦᠭᠡᠢ ᠭᠡᠵᠦ ᠲᠣᠳᠣᠷᠬᠠᠢ ᠲᠣᠭᠲᠠᠭ᠋ᠠᠵᠠᠢ᠃
      ᠳᠥᠷᠪᠡ᠂ 《ᠮᠡᠳᠡᠭᠳᠡᠯ》᠎ᠳᠤ ᠲᠥᠪ ᠭᠣᠣᠯᠴᠢ ᠥᠷᠢᠰᠥᠯᠳᠦᠭᠡᠨ᠎ᠤ ᠣᠷᠴᠢᠨ ᠨᠥᠬᠥᠴᠡᠯ᠎ᠢ ᠪᠤᠢ ᠪᠣᠯᠭ᠋ᠠᠬᠤ ᠲᠠᠯ᠎ᠠ᠎ᠪᠠᠷ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠠᠪᠬᠤ᠎ᠪᠠᠷ ᠲᠣᠭᠲᠠᠭ᠋ᠠᠭᠰᠠᠨ ᠪᠣᠢ?
      ᠬᠠᠷᠢᠭᠤᠯᠲᠠ᠄ ᠵᠠᠷᠢᠮ ᠭᠠᠵᠠᠷ ᠣᠷᠣᠨ ᠪᠠ ᠰᠠᠯᠠᠭ᠎ᠠ ᠮᠥᠴᠢᠷ (ᠨᠢᠭᠡᠴᠢ)᠎ᠤᠨ ᠡᠯ᠎ᠡ ᠵᠦᠢ᠍ᠯ᠎ᠤᠨ ᠨᠡᠷ᠎ᠡ᠎ᠪᠠᠷ ᠵᠣᠷᠢᠭᠤᠳᠠ ᠢᠯᠡ᠎ᠪᠠᠷ ᠠᠵᠢᠯᠲᠠᠨ ᠡᠯᠰᠡᠬᠦ ᠵᠢᠷᠤᠮ ᠪᠠ ᠱᠠᠭ᠋ᠠᠷᠳᠠᠯᠭ᠎ᠠ᠎ᠠᠴᠠ ᠲᠡᠷᠰᠯᠡᠭᠰᠡᠨ ᠵᠡᠷᠭᠡ ᠠᠰᠠᠭᠤᠳᠠᠯ᠎ᠳᠤ ᠴᠢᠭᠯᠡᠭᠦᠯᠦᠨ᠂ 《ᠮᠡᠳᠡᠭᠳᠡᠯ》᠎ᠤᠨ ᠬᠣᠶᠠᠳᠤᠭ᠋ᠠᠷ ᠬᠡᠰᠡᠭ᠎ᠲᠤ 《ᠠᠵᠢᠯᠲᠠᠨ ᠡᠯᠰᠡᠬᠦ ᠵᠢᠷᠤᠮ᠎ᠤᠨ ᠱᠠᠭ᠋ᠠᠷᠳᠠᠯᠭ᠎ᠠ ᠵᠢ ᠴᠢᠩᠳᠠᠯᠠᠬᠤ ᠬᠡᠷᠡᠭᠳᠡᠢ》᠂ ᠭᠤᠷᠪᠠᠳᠤᠭ᠋ᠠᠷ ᠬᠡᠰᠡᠭ᠎ᠲᠤ 《ᠠᠵᠢᠯ᠎ᠤᠨ ᠪᠠᠶ᠋ᠢᠷᠢ ᠵᠢᠨ ᠨᠥᠬᠥᠴᠡᠯ᠎ᠢ ᠲᠣᠬᠢᠷᠠᠭᠤᠯᠬᠤ ᠪᠠ ᠬᠢᠷᠢ ᠬᠡᠮ᠎ᠢ ᠬᠢᠨᠠᠨ ᠪᠠᠢ᠌ᠴᠠᠭ᠋ᠠᠬᠤ ᠠᠵᠢᠯ᠎ᠢ ᠰᠢᠯᠢᠳᠡᠭᠵᠢᠭᠦᠯᠬᠦ》 ᠳᠤᠮᠳᠠ ᠬᠠᠨᠳᠤᠯᠭ᠋ᠠᠲᠤ ᠴᠢᠨᠠᠷᠲᠠᠢ ᠲᠣᠭᠲᠠᠭ᠋ᠠᠯ ᠭᠠᠷᠭ᠋ᠠᠪᠠ᠃ ᠡᠭᠦᠨ᠎ᠳᠤ᠂ ᠳᠥᠷᠪᠡᠳᠦᠭᠡᠷ ᠵᠦᠢ᠍ᠯ᠎ᠳᠤ 《〈ᠠᠵᠢᠯ ᠦᠢ᠍ᠯᠡᠰ᠎ᠤᠨ ᠨᠢᠭᠡᠴᠢ ᠵᠢᠨ ᠢᠯᠡ᠎ᠪᠠᠷ ᠠᠵᠢᠯᠲᠠᠨ ᠡᠯᠰᠡᠬᠦ ᠲᠤᠬᠠᠢ ᠲᠦᠷ ᠬᠡᠷᠡᠭᠵᠢᠭᠦᠯᠬᠦ ᠲᠣᠭᠲᠠᠭ᠋ᠠᠯ〉 ᠵᠡᠷᠭᠡ ᠬᠣᠯᠪᠣᠭᠳᠠᠯ ᠪᠦᠬᠦᠢ ᠲᠣᠭᠲᠠᠭ᠋ᠠᠯ᠎ᠢ ᠴᠢᠩᠭ᠎ᠠ ᠵᠢᠷᠤᠮᠯᠠᠨ ᠠᠵᠢᠯᠲᠠᠨ ᠡᠯᠰᠡᠬᠦ ᠵᠢ ᠬᠡᠷᠡᠭᠵᠢᠭᠦᠯᠬᠦ ᠬᠡᠷᠡᠭᠳᠡᠢ》᠂ 《ᠶᠡᠬᠡ ᠳᠡᠭᠡᠳᠦ ᠰᠤᠷᠭ᠋ᠠᠭᠤᠯᠢ ᠵᠡᠷᠭᠡ ᠲᠠᠯᠠᠪᠤᠷ ᠭᠠᠵᠠᠷ᠎ᠲᠤ 〈ᠰᠤᠷᠭ᠋ᠠᠭᠤᠯᠢ ᠵᠢᠨ ᠬᠦᠷᠢᠶᠡᠨ᠎ᠳᠤ ᠠᠵᠢᠯᠲᠠᠨ ᠡᠯᠰᠡᠬᠦ〉᠂ 〈ᠲᠤᠬᠠᠢ ᠵᠢᠨ ᠲᠠᠯᠠᠪᠤᠷ᠎ᠲᠤ ᠠᠵᠢᠯᠲᠠᠨ ᠡᠯᠰᠡᠬᠦ〉 ᠵᠢ ᠬᠡᠷᠡᠭᠵᠢᠭᠦᠯᠬᠦ ᠵᠢᠴᠢ ᠲᠣᠭᠲᠠᠭ᠋ᠠᠯ ᠶᠣᠰᠣᠭ᠋ᠠᠷ ᠰᠢᠭᠤᠳ ᠰᠢᠯᠭ᠋ᠠᠨ ᠪᠠᠢ᠌ᠴᠠᠭ᠋ᠠᠬᠤ ᠠᠷᠭ᠎ᠠ ᠮᠠᠶᠢᠭ ᠵᠶ᠋ᠠᠷ ᠢᠯᠡ᠎ᠪᠠᠷ ᠠᠵᠢᠯᠲᠠᠨ ᠡᠯᠰᠡᠬᠦ᠎ᠳᠤ᠂ ᠴᠥᠮ ᠱᠠᠭ᠋ᠠᠷᠳᠠᠯᠭ᠎ᠠ ᠶᠣᠰᠣᠭ᠋ᠠᠷ ᠠᠵᠢᠯᠲᠠᠨ ᠡᠯᠰᠡᠬᠦ ᠲᠥᠰᠥᠯ᠎ᠤᠨ ᠳᠠᠩᠰᠠᠯᠠᠭᠤᠯᠬᠤ ᠵᠢᠷᠤᠮ᠎ᠢ ᠭᠦᠢ᠍ᠴᠡᠳᠬᠡᠬᠦ ᠵᠢᠨ ᠬᠠᠮᠲᠤ ᠨᠡᠢ᠌ᠭᠡᠮ᠎ᠳᠤ ᠬᠠᠨᠳᠤᠭᠤᠯᠤᠨ ᠠᠵᠢᠯᠲᠠᠨ ᠡᠯᠰᠡᠬᠦ ᠮᠡᠳᠡᠭᠡ ᠵᠠᠩᠭᠢ ᠵᠢ ᠢᠯᠡ᠎ᠪᠠᠷ ᠨᠡᠢ᠌ᠲᠡᠯᠡᠬᠦ ᠬᠡᠷᠡᠭᠲᠡᠶ᠂ ᠨᠥᠬᠥᠴᠡᠯ᠎ᠳᠤ ᠨᠡᠶ᠋ᠢᠴᠡᠬᠦ ᠪᠤᠰᠤᠳ ᠬᠥᠮᠥᠰ᠎ᠤᠨ ᠨᠡᠷ᠎ᠡ ᠮᠡᠳᠡᠭᠦᠯᠵᠦ ᠡᠯᠰᠡᠯᠳᠡ᠎ᠳᠤ ᠣᠷᠣᠯᠴᠠᠬᠤ ᠵᠢ ᠬᠢᠵᠠᠭ᠋ᠠᠷᠯᠠᠵᠤ ᠪᠣᠯᠬᠤ ᠦᠭᠡᠢ》 ᠭᠡᠵᠦ ᠲᠣᠭᠲᠠᠭ᠋ᠠᠵᠠᠢ; ᠵᠢᠷᠭᠤᠳᠤᠭ᠋ᠠᠷ ᠵᠦᠢ᠍ᠯ᠎ᠳᠤ 《ᠰᠤᠷᠤᠯᠭ᠎ᠠ ᠵᠢᠨ ᠨᠠᠮᠲᠠᠷ ᠡᠷᠳᠡᠮ᠎ᠤᠨ ᠴᠣᠯᠠ᠂ ᠰᠢᠨᠵᠢᠯᠡᠭᠡᠨ᠎ᠤ ᠰᠠᠯᠠᠭ᠎ᠠ ᠲᠤᠰᠬᠠᠢ ᠮᠡᠷᠭᠡᠵᠢᠯ᠂ ᠨᠠᠰᠤ ᠵᠢᠯ᠂ ᠠᠵᠢᠯᠯᠠᠭᠰᠠᠨ ᠣᠨ ᠵᠢᠯ᠎ᠤᠨ ᠬᠢᠵᠠᠭ᠋ᠠᠷ ᠵᠡᠷᠭᠡ ᠨᠥᠬᠥᠴᠡᠯ᠎ᠢ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠵᠤ᠂ ᠭᠠᠳᠠᠭᠤᠷᠴᠢᠯᠠᠬᠤ ᠴᠢᠨᠠᠷᠲᠠᠢ᠂ ᠵᠢᠭ᠋ᠠᠯᠲᠠ ᠵᠢᠨ ᠴᠢᠨᠠᠷᠲᠠᠢ ᠵᠢᠴᠢ ᠵᠦᠢ ᠵᠣᠬᠢᠰ ᠦᠭᠡᠢ ᠬᠢᠵᠠᠭ᠋ᠠᠷᠯᠠᠬᠤ ᠴᠢᠨᠠᠷᠲᠠᠢ ᠨᠥᠬᠥᠴᠡᠯ᠎ᠢ ᠲᠣᠬᠢᠷᠠᠭᠤᠯᠵᠤ ᠪᠣᠯᠬᠤ ᠦᠭᠡᠢ》 ᠭᠡᠵᠦ ᠲᠣᠭᠲᠠᠭ᠋ᠠᠵᠠᠢ; ᠶᠢᠰᠦᠳᠦᠭᠡᠷ ᠵᠦᠢ᠍ᠯ᠎ᠳᠤ 《〈ᠲᠣᠪᠴᠢ ᠨᠠᠮᠲᠠᠷ ᠵᠶ᠋ᠡᠷ ᠰᠢᠭᠰᠢᠨ ᠰᠣᠩᠭᠣᠬᠤ〉 ᠵᠡᠷᠭᠡ ᠵᠢ ᠬᠡᠷᠡᠭᠵᠢᠭᠦᠯᠵᠦ ᠦᠭᠡᠢ》᠂ ᠠᠵᠢᠯᠲᠠᠨ ᠡᠯᠰᠡᠬᠦ ᠵᠢᠷᠤᠮ ᠪᠠ ᠱᠠᠭ᠋ᠠᠷᠳᠠᠯᠭ᠎ᠠ ᠵᠢ ᠤᠯᠠᠮ ᠨᠢᠭᠡ ᠠᠯᠬᠤᠮ ᠵᠢᠷᠤᠮᠵᠢᠭᠤᠯᠵᠤ᠂ ᠲᠥᠪ ᠭᠣᠣᠯᠴᠢ᠎ᠪᠠᠷ ᠥᠷᠢᠰᠥᠯᠳᠦᠬᠦ ᠰᠠᠶ᠋ᠢᠨ ᠰᠠᠢ᠌ᠬᠠᠨ ᠣᠷᠴᠢᠨ ᠨᠥᠬᠥᠴᠡᠯ᠎ᠢ ᠪᠤᠢ ᠪᠣᠯᠭ᠋ᠠᠬᠤ ᠬᠡᠷᠡᠭᠳᠡᠢ ᠭᠡᠵᠦ ᠲᠣᠭᠲᠠᠭ᠋ᠠᠪᠠ᠃
      ᠲᠠᠪᠤ᠂ 《ᠮᠡᠳᠡᠭᠳᠡᠯ》᠎ᠳᠤ ᠠᠵᠢᠯᠲᠠᠨ ᠡᠯᠰᠡᠬᠦ ᠰᠢᠯᠭ᠋ᠠᠯᠲᠠ ᠵᠢᠨ ᠠᠮᠤᠷ ᠲᠦᠪᠰᠢᠨ᠎ᠤ ᠠᠶᠤᠯ ᠲᠦᠭᠰᠢᠭᠦᠷᠢ ᠵᠢ ᠰᠡᠷᠭᠡᠢ᠌ᠯᠡᠨ ᠠᠷᠢᠯᠭ᠋ᠠᠬᠤ ᠲᠠᠯ᠎ᠠ᠎ᠪᠠᠷ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠲᠣᠭᠲᠠᠭ᠋ᠠᠭᠰᠠᠨ ᠪᠤᠢ?
      ᠬᠠᠷᠢᠭᠤᠯᠲᠠ᠄ ᠵᠠᠷᠢᠮ ᠭᠠᠵᠠᠷ ᠣᠷᠣᠨ ᠪᠠ ᠰᠠᠯᠠᠭ᠎ᠠ ᠮᠥᠴᠢᠷ (ᠨᠢᠭᠡᠴᠢ)᠎ᠤᠨ ᠢᠯᠡ᠎ᠪᠠᠷ ᠠᠵᠢᠯᠲᠠᠨ ᠡᠯᠰᠡᠬᠦ ᠠᠵᠢᠯ᠎ᠤᠨ ᠳᠤᠮᠳᠠ ᠣᠷᠣᠰᠢᠵᠤ ᠪᠠᠢ᠌ᠭ᠎ᠠ ᠭᠠᠷᠭ᠋ᠠᠭᠰᠠᠠᠨ ᠰᠡᠳᠦᠪ᠎ᠤᠨ ᠶᠠᠰᠤ ᠴᠢᠨᠠᠷ ᠥᠨᠳᠥᠷ ᠪᠢᠰᠢ᠂ ᠰᠢᠯᠭ᠋ᠠᠯᠲᠠ ᠵᠢᠨ ᠶᠠᠪᠤᠳᠠᠯ᠎ᠢ ᠨᠠᠶ᠋ᠢᠳᠠᠵᠣ ᠭᠦᠢ᠍ᠴᠡᠳᠬᠡᠯᠭᠡᠬᠦ ᠵᠠᠮᠪᠠᠷᠠᠭ᠎ᠠ ᠦᠭᠡᠢ ᠦᠵᠡᠭᠳᠡᠯ ᠵᠢᠴᠢ ᠳᠡᠭᠡᠳᠦ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠡᠷ ᠬᠡᠮ ᠦᠢ᠍ᠯᠡᠳᠬᠦ ᠵᠡᠷᠭᠡ ᠠᠮᠤᠷ ᠲᠦᠪᠰᠢᠨ᠎ᠤ ᠠᠶᠤᠯ ᠲᠦᠭᠰᠢᠭᠦᠷᠢ ᠵᠢᠨ ᠠᠰᠠᠭᠤᠳᠠᠯ᠎ᠳᠤ ᠴᠢᠭᠯᠡᠭᠦᠯᠦᠨ᠂ 《ᠮᠡᠳᠡᠭᠳᠡᠯ》᠎ᠤᠨ ᠳᠥᠷᠪᠡᠳᠦᠭᠡᠷ ᠬᠡᠰᠡᠭ᠎ᠲᠤ 《ᠠᠵᠢᠯᠲᠠᠨ ᠡᠯᠰᠡᠬᠦ ᠰᠢᠯᠭ᠋ᠠᠯᠲᠠ ᠵᠢᠨ ᠬᠠᠨᠳᠤᠯᠭ᠋ᠠᠲᠤ ᠴᠢᠨᠠᠷ ᠪᠠ ᠰᠢᠨᠵᠢᠯᠡᠬᠦ ᠤᠬᠠᠭ᠋ᠠᠨᠴᠢ ᠴᠢᠨᠠᠷ᠎ᠢ ᠴᠢᠩᠭ᠋ᠠᠳᠬᠠᠬᠤ》᠂ ᠲᠠᠪᠤᠳᠤᠭ᠋ᠠᠷ ᠬᠡᠰᠡᠭ᠎ᠲᠤ 《ᠰᠠᠬᠢᠯᠭ᠎ᠠ ᠪᠠᠲᠤ ᠵᠢᠨ ᠱᠠᠭ᠋ᠠᠷᠳᠠᠯᠭ᠎ᠠ ᠵᠢ ᠴᠢᠩᠳᠠᠯᠠᠬᠤ》 ᠬᠡᠰᠡᠭ᠎ᠲᠤ ᠴᠥᠮ ᠠᠵᠢᠯᠲᠠᠨ ᠡᠯᠰᠡᠬᠦ ᠰᠢᠯᠭ᠋ᠠᠯᠲᠠ ᠵᠢᠨ ᠰᠡᠳᠦᠪ ᠭᠠᠷᠭ᠋ᠠᠬᠤ᠂ ᠰᠢᠯᠭ᠋ᠠᠯᠲᠠ ᠵᠢᠨ ᠶᠠᠪᠤᠳᠠᠯ᠎ᠢ ᠵᠣᠬᠢᠶᠠᠨ ᠪᠠᠢ᠌ᠭᠤᠯᠬᠤ ᠵᠡᠷᠭᠡ ᠬᠣᠯᠪᠣᠭᠳᠠᠯ ᠪᠦᠬᠦᠢ ᠠᠵᠢᠯ᠎ᠳᠤ ᠵᠢᠷᠤᠮᠵᠢᠯ᠎ᠤᠨ ᠴᠢᠨᠠᠷᠲᠠᠢ ᠱᠠᠭ᠋ᠠᠷᠳᠠᠯᠭ᠎ᠠ ᠭᠠᠷᠭ᠋ᠠᠵᠤ᠂ ᠲᠤᠰᠬᠠᠢ ᠮᠡᠷᠭᠡᠵᠢᠯ᠎ᠤᠨ ᠴᠢᠨᠠᠷ᠂ ᠠᠶᠤᠯᠭᠦᠢ ᠴᠢᠨᠠᠷ᠂ ᠰᠢᠨᠵᠢᠯᠡᠬᠦ ᠤᠬᠠᠭ᠋ᠠᠨᠴᠢ ᠴᠢᠨᠠᠷ᠎ᠢ ᠬᠦᠴᠦᠯᠡᠨ ᠳᠡᠭᠡᠭᠰᠢᠯᠡᠭᠦᠯᠪᠡ᠃ ᠡᠭᠦᠨ᠎ᠳᠤ᠂ ᠠᠷᠪᠠᠳᠤᠭ᠋ᠠᠷ ᠵᠦᠢ᠍ᠯ᠎ᠳᠤ 《ᠰᠡᠳᠦᠪ ᠭᠠᠷᠭ᠋ᠠᠬᠤ ᠠᠵᠢᠯ᠎ᠤᠨ ᠳᠦᠷᠢᠮ ᠪᠠ ᠱᠠᠭ᠋ᠠᠷᠳᠠᠯᠭ᠎ᠠ ᠵᠢ ᠴᠢᠩᠭ᠎ᠠ ᠬᠡᠷᠡᠭᠵᠢᠭᠦᠯᠵᠦ᠂ ᠰᠢᠯᠭ᠋ᠠᠯᠲᠠ ᠵᠢᠨ ᠰᠡᠳᠦᠪ᠎ᠢ ᠬᠠᠭᠤᠯᠵᠤ ᠡᠪᠯᠡᠭᠦᠯᠬᠦ᠂ ᠳᠠᠬᠢᠨ ᠳᠠᠪᠲᠠᠨ ᠬᠡᠷᠡᠭᠯᠡᠬᠦ ᠵᠡᠷᠭᠡ ᠠᠰᠠᠭᠤᠳᠠᠯ ᠢᠯᠡᠷᠡᠬᠦ᠎ᠠᠴᠠ ᠡᠷᠡᠰ ᠰᠡᠷᠭᠡᠢ᠌ᠯᠡᠨ ᠬᠣᠷᠢᠭᠯᠠᠬᠤ ᠬᠡᠷᠡᠭᠲᠡᠶ》᠂ 《ᠨᠠᠢ᠍ᠢ᠍ᠳᠠᠵᠤ ᠰᠡᠳᠦᠪ ᠭᠠᠷᠭ᠋ᠠᠯᠭ᠋ᠠᠭᠰᠠᠨ ᠪᠠᠢ᠌ᠪᠠᠯ᠂ ᠲᠤᠰᠬᠠᠢ ᠮᠡᠷᠭᠡᠵᠢᠯ᠎ᠤᠨ ᠬᠢᠷᠢ ᠬᠡᠮᠵᠢᠶ᠎ᠡ᠎ᠪᠠᠷ ᠥᠨᠳᠥᠷ᠂ ᠨᠢᠭᠤᠴᠠ ᠵᠢ ᠬᠠᠮᠠᠭ᠋ᠠᠯᠠᠬᠤ ᠱᠠᠭ᠋ᠠᠷᠳᠠᠯᠭ᠎ᠠ ᠵᠡᠷᠭᠡ ᠨᠥᠬᠥᠴᠡᠯ᠎ᠳᠤ ᠨᠡᠢ᠌ᠴᠡᠭᠰᠡᠨ ᠰᠢᠯᠭ᠋ᠠᠯᠲᠠ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠰᠣᠩᠭᠣᠵᠤ ᠰᠡᠳᠦᠪ ᠭᠠᠷᠭ᠋ᠠᠬᠤ ᠠᠵᠢᠯ᠎ᠢ ᠡᠭᠦᠷᠭᠡᠯᠡᠭᠦᠯᠬᠦ ᠬᠡᠷᠡᠭᠲᠡᠶ》 ᠭᠡᠵᠦ ᠲᠣᠭᠲᠠᠭ᠋ᠠᠵᠠᠢ; ᠠᠷᠪᠠᠨ ᠨᠢᠭᠡᠳᠦᠭᠡᠷ ᠵᠦᠢ᠍ᠯ᠎ᠳᠤ 《ᠨᠢᠭᠤᠷᠲᠠᠨ ᠰᠢᠯᠭ᠋ᠠᠬᠤ ᠭᠠᠵᠠᠷ᠎ᠲᠤ ᠳᠦᠷᠰᠦ ᠰᠢᠩᠭᠡᠭᠡᠯᠲᠡ᠂ ᠲᠠᠭᠤ ᠰᠢᠩᠭᠡᠭᠡᠯᠲᠡ ᠵᠢᠨ ᠲᠣᠨᠣᠭ ᠲᠥᠬᠦᠭᠡᠷᠦᠮᠵᠢ ᠲᠣᠬᠢᠷᠠᠭᠤᠯᠵᠤ᠂ ᠨᠢᠭᠤᠷᠲᠠᠨ ᠰᠢᠯᠭ᠋ᠠᠭᠰᠠᠨ ᠶᠠᠪᠤᠴᠠ ᠵᠢ ᠪᠥᠬᠥᠨ᠎ᠢ ᠲᠡᠮᠳᠡᠭᠯᠡᠬᠦ ᠬᠡᠷᠡᠭᠲᠡᠶ》 ᠭᠡᠵᠦ ᠲᠣᠭᠲᠠᠭ᠋ᠠᠵᠠᠢ; ᠠᠷᠪᠠᠨ ᠬᠣᠶᠠᠳᠤᠭ᠋ᠠᠷ ᠵᠦᠢ᠍ᠯ᠎ᠳᠤ 《ᠰᠢᠯᠭ᠋ᠠᠯᠲᠠ ᠵᠢᠨ ᠴᠡᠭ᠎ᠢ ᠲᠣᠬᠢᠷᠠᠭᠤᠯᠬᠤ ᠵᠢᠴᠢ ᠲᠡᠭᠦᠨ᠎ᠤ ᠡᠷᠬᠢᠨ ᠲᠣᠭᠣᠷᠢᠨ᠎ᠤ ᠣᠷᠴᠢᠨ ᠲᠣᠭᠣᠷᠢᠨ᠎ᠨᠢ ᠰᠢᠯᠭ᠋ᠠᠯᠲᠠ ᠵᠢᠨ ᠶᠠᠪᠤᠳᠠᠯ᠎ᠢ ᠵᠣᠬᠢᠶᠠᠨ ᠪᠠᠢ᠌ᠭᠤᠯᠬᠤ᠂ ᠨᠢᠭᠤᠴᠠ ᠵᠢ ᠬᠠᠮᠠᠭ᠋ᠠᠯᠠᠬᠤ᠂ ᠠᠮᠤᠷ ᠲᠦᠪᠰᠢᠨ ᠵᠡᠷᠭᠡ ᠠᠵᠢᠯ᠎ᠤᠨ ᠱᠠᠭ᠋ᠠᠷᠳᠠᠯᠭ᠎ᠠ᠎ᠳᠤ ᠨᠡᠢ᠌ᠴᠡᠭᠰᠡᠨ ᠪᠠᠶ᠋ᠢᠬᠤ ᠬᠡᠷᠡᠭᠲᠡᠶ ᠪᠥᠭᠡᠳ ᠪᠦᠲᠦᠮᠵᠢᠲᠡᠢ ᠮᠡᠷᠭᠡᠵᠢᠯ᠎ᠤᠨ ᠠᠷᠭ᠎ᠠ ᠪᠠᠷᠢᠯ᠎ᠢ ᠬᠡᠷᠡᠭᠯᠡᠨ᠂ ᠬᠡᠮ ᠬᠢᠬᠦ ᠦᠢ᠍ᠯᠡ ᠠᠵᠢᠯᠯᠠᠭ᠎ᠠ᠎ᠠᠴᠠ ᠰᠡᠷᠭᠡᠢ᠌ᠯᠡᠬᠦ ᠬᠡᠷᠡᠭᠲᠡᠶ》 ᠭᠡᠬᠦ ᠮᠡᠲᠦ᠎ᠪᠠᠷ ᠲᠣᠭᠲᠠᠭ᠋ᠠᠵᠤ᠂ ᠢᠯᠡ᠎ᠪᠠᠷ ᠠᠵᠢᠯᠲᠠᠨ ᠡᠯᠰᠡᠬᠦ ᠠᠵᠢᠯ᠎ᠤᠨ ᠠᠮᠤᠷ ᠲᠦᠪᠰᠢᠨ᠂ ᠲᠣᠭᠲᠠᠭᠤᠨ᠂ ᠤᠷᠤᠭᠰᠢᠲᠠᠢ ᠶᠠᠪᠤᠭᠳᠠᠬᠤ ᠵᠢ ᠦᠨᠡᠨᠬᠦ ᠪᠠᠲᠤᠯᠠᠨ᠎ᠠ᠃
      ᠵᠢᠷᠭᠤᠭ᠎ᠠ᠂ 《ᠮᠡᠳᠡᠭᠳᠡᠯ》᠎ᠳᠤ ᠬᠡᠯᠪᠡᠢ᠌ᠯᠭᠡᠬᠦ ᠲᠥᠷᠥ ᠵᠢᠨ ᠪᠣᠳᠣᠯᠭ᠎ᠠ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ᠎ᠳᠤ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠲᠣᠭᠲᠠᠭ᠋ᠠᠭᠰᠠᠨ ᠪᠤᠢ?
      ᠬᠠᠷᠢᠭᠤᠯᠲᠠ᠄ ᠲᠤᠰᠬᠠᠢ ᠵᠦᠢ᠍ᠯ ᠵᠶ᠋ᠡᠷ ᠠᠵᠢᠯᠲᠠᠨ ᠡᠯᠰᠡᠬᠦ᠂ ᠬᠤᠪᠢ ᠨᠡᠮᠡᠬᠦ ᠵᠡᠷᠭᠡ ᠪᠣᠯ ᠠᠵᠢᠯ ᠦᠢ᠍ᠯᠡᠰ᠎ᠤᠨ ᠨᠢᠭᠡᠴᠢ ᠵᠢᠨ ᠢᠯᠡ᠎ᠪᠠᠷ ᠠᠵᠢᠯᠲᠠᠨ ᠡᠯᠰᠡᠬᠦ ᠵᠢᠨ ᠬᠡᠯᠪᠡᠢ᠌ᠯᠭᠡᠬᠦ ᠲᠥᠷᠥ ᠵᠢᠨ ᠪᠣᠳᠣᠯᠭ᠎ᠠ᠎ᠳᠤ ᠲᠣᠭ᠋ᠠᠴᠠᠭᠳᠠᠨ᠎ᠠ᠂ ᠲᠥᠪ᠎ᠤᠨ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ᠎ᠤ ᠶᠠᠪᠤᠳᠠᠯ᠎ᠤᠨ ᠶᠡᠷᠦᠩᠬᠡᠢ᠌ᠯᠡᠭᠰᠡᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠬᠣᠯᠪᠣᠭᠳᠠᠯ ᠪᠦᠬᠦᠢ ᠬᠡᠯᠪᠡᠢ᠌ᠯᠭᠡᠬᠦ ᠲᠥᠷᠥ ᠵᠢᠨ ᠪᠣᠳᠣᠯᠭ᠎ᠠ ᠵᠢᠨ ᠲᠤᠬᠠᠢ ᠲᠣᠳᠣᠷᠬᠠᠢ ᠲᠣᠭᠲᠠᠭ᠋ᠠᠯ ᠪᠣᠢ᠂ ᠵᠢᠱ᠌ᠢᠶᠡᠯᠡᠪᠡᠯ ᠴᠡᠷᠢᠭ᠎ᠤᠨ ᠠᠯᠪᠠ᠎ᠠᠴᠠ ᠬᠠᠯᠠᠭᠳᠠᠭᠰᠠᠳ᠂ ᠤᠯᠤᠰ᠎ᠠᠴᠠ ᠪᠠᠢ᠌ᠭᠤᠯᠤᠭᠰᠠᠨ ᠦᠨᠳᠦᠰᠦᠨ ᠱᠠᠲᠤᠨ᠎ᠤ ᠦᠢ᠍ᠯᠡᠴᠢᠯᠡᠭᠡᠨ᠎ᠤ ᠲᠥᠷᠥᠯ ᠵᠦᠢ᠍ᠯ᠎ᠳᠤ ᠦᠢ᠍ᠯᠡᠴᠢᠯᠡᠵᠦ ᠬᠤᠭᠤᠴᠠᠭ᠎ᠠ᠎ᠨᠢ ᠳᠦᠭᠦᠷᠴᠦ ᠬᠢᠨᠠᠨ ᠰᠢᠯᠭ᠋ᠠᠭ᠋ᠠᠳ ᠬᠢᠷᠢ ᠲᠡᠩᠴᠡᠭᠰᠡᠨ ᠬᠥᠮᠥᠰ᠎ᠲᠤ ᠬᠠᠨᠳᠤᠭᠤᠯᠤᠭᠰᠠᠨ ᠠᠵᠢᠯ ᠦᠢ᠍ᠯᠡᠰ᠎ᠤᠨ ᠨᠢᠭᠡᠴᠢ ᠵᠢᠨ ᠲᠤᠰᠬᠠᠢ ᠵᠦᠢ᠍ᠯ ᠵᠶ᠋ᠡᠷ ᠠᠵᠢᠯᠲᠠᠨ ᠡᠯᠰᠡᠬᠦ ᠲᠥᠷᠥ ᠵᠢᠨ ᠪᠣᠳᠣᠯᠭ᠎ᠠ ᠵᠡᠷᠭᠡ ᠪᠣᠯᠣᠨ᠎ᠠ᠃ ᠭᠡᠪᠡᠴᠦ ᠦᠢ᠍ᠯᠡᠳᠦᠯᠭᠡ ᠳᠤᠮᠳᠠ᠂ ᠵᠠᠷᠢᠮ ᠭᠠᠵᠠᠷ ᠣᠷᠣᠨ᠎ᠤ᠎ᠬᠢᠨ ᠬᠡᠯᠪᠡᠢ᠌ᠯᠭᠡᠬᠦ ᠲᠥᠷᠥ ᠵᠢᠨ ᠪᠣᠳᠣᠯᠭ᠎ᠠ ᠵᠢ ᠥᠪᠡᠰᠦᠪᠡᠨ ᠲᠣᠭᠲᠠᠭ᠋ᠠᠨ ᠨᠡᠢ᠌ᠲᠡᠯᠡᠬᠦ ᠪᠤᠶᠤ ᠤᠯᠤᠰ᠎ᠠᠴᠠ ᠲᠣᠭᠲᠠᠭ᠋ᠠᠭᠰᠠᠨ ᠬᠡᠯᠪᠡᠢ᠌ᠯᠭᠡᠬᠦ ᠲᠥᠷᠥ ᠵᠢᠨ ᠪᠣᠳᠣᠯᠭ᠎ᠠ ᠵᠢᠨ ᠬᠡᠪᠴᠢᠶ᠎ᠡ ᠵᠢ ᠳᠤᠷ᠎ᠠ᠎ᠪᠠᠷ ᠵᠶ᠋ᠠᠨ ᠥᠷᠭᠡᠳᠬᠡᠵᠦ᠂ ᠲᠥᠷᠥ ᠵᠢᠨ ᠪᠣᠳᠣᠯᠭ᠎ᠠ ᠵᠢ ᠲᠡᠩᠴᠡᠭᠦᠷᠢ ᠦᠭᠡᠢ ᠪᠣᠯᠭ᠋ᠠᠵᠤ᠂ ᠡᠷᠬᠡ ᠲᠡᠭᠰᠢ ᠲᠥᠪ ᠭᠣᠣᠯᠴᠢ ᠪᠠᠶ᠋ᠢᠬᠤ ᠵᠠᠷᠴᠢᠮ᠎ᠢ ᠵᠥᠷᠢᠴᠡᠵᠦ ᠪᠠᠢ᠌ᠨ᠎ᠠ᠃ ᠠᠵᠢᠯ ᠦᠢ᠍ᠯᠡᠰ᠎ᠤᠨ ᠨᠢᠭᠡᠴᠢ ᠵᠢᠨ ᠢᠯᠡ᠎ᠪᠠᠷ ᠠᠵᠢᠯᠲᠠᠨ ᠡᠯᠰᠡᠬᠦ ᠠᠵᠢᠯ᠎ᠤᠨ ᠲᠥᠪ ᠭᠣᠣᠯᠴᠢ ᠴᠢᠨᠠᠷ᠂ ᠲᠥᠪ ᠴᠢᠩᠭ᠎ᠠ ᠴᠢᠨᠠᠷ᠎ᠢ ᠬᠠᠮᠠᠭ᠋ᠠᠯᠠᠬᠤ ᠵᠢᠨ ᠲᠥᠯᠥᠭᠡ᠂ 《ᠮᠡᠳᠡᠭᠳᠡᠯ》᠎ᠤᠨ ᠠᠷᠪᠠᠨ ᠭᠤᠷᠪᠠᠳᠤᠭ᠋ᠠᠷ ᠵᠦᠢ᠍ᠯ᠎ᠳᠤ 《ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠵᠢᠨ᠎ᠬᠢᠨ ᠣᠨᠴᠠ ᠲᠣᠭᠲᠠᠭᠰᠠᠨ ᠬᠥᠮᠥᠰ᠎ᠲᠤ ᠬᠠᠨᠳᠤᠭᠤᠯᠤᠭᠰᠠᠨ ᠲᠤᠰᠬᠠᠢ ᠵᠦᠢ᠍ᠯ ᠵᠶ᠋ᠠᠷ ᠠᠵᠢᠯᠲᠠᠨ ᠡᠯᠰᠡᠬᠦ᠂ ᠬᠤᠪᠢ ᠨᠡᠮᠡᠬᠦ ᠵᠡᠷᠭᠡ ᠠᠵᠢᠯ ᠦᠢ᠍ᠯᠡᠰ᠎ᠤᠨ ᠨᠢᠭᠡᠴᠢ ᠵᠢᠨ ᠢᠯᠡ᠎ᠪᠠᠷ ᠠᠵᠢᠯᠲᠠᠨ ᠡᠯᠰᠡᠬᠦ᠎ᠳᠤ ᠬᠡᠯᠪᠡᠢ᠌ᠯᠭᠡᠬᠦ ᠲᠥᠷᠥ ᠵᠢᠨ ᠪᠣᠳᠣᠯᠭ᠎ᠠ ᠵᠢ ᠥᠪᠡᠰᠦᠪᠡᠨ ᠲᠣᠭᠲᠠᠭ᠋ᠠᠵᠤ ᠪᠣᠯᠬᠤ ᠦᠭᠡᠢ᠂ ᠤᠯᠤᠰ᠎ᠤᠨ ᠲᠣᠭᠲᠠᠭ᠋ᠠᠭᠰᠠᠨ ᠬᠡᠯᠪᠡᠢ᠌ᠯᠭᠡᠬᠦ ᠲᠥᠷᠥ ᠵᠢᠨ ᠪᠣᠳᠣᠯᠭ᠎ᠠ ᠵᠢᠨ ᠬᠡᠪᠴᠢᠶ᠎ᠡ ᠵᠢ ᠳᠤᠷ᠎ᠠ᠎ᠪᠠᠷ ᠵᠶ᠋ᠠᠨ ᠥᠷᠭᠡᠳᠬᠡᠵᠦ ᠪᠣᠯᠬᠤ ᠦᠭᠡᠢ》 ᠭᠡᠵᠦ ᠲᠣᠳᠣᠷᠬᠠᠢ ᠱᠠᠭ᠋ᠠᠷᠳᠠᠭᠰᠠᠨ ᠪᠠᠢ᠌ᠨ᠎ᠠ᠃ ᠡᠭᠦᠨ᠎ᠤ ᠬᠠᠮᠲᠤ᠂ ᠣᠷᠣᠨ ᠨᠤᠲᠤᠭ᠎ᠤᠨ ᠠᠵᠢᠯ᠎ᠤᠨ ᠪᠣᠳᠠᠲᠠᠢ ᠪᠠᠶ᠋ᠢᠳᠠᠯ᠎ᠢ ᠪᠣᠳᠣᠯᠬᠢᠯᠠᠨ᠂ ᠲᠥᠷᠥ ᠵᠢᠨ ᠪᠣᠳᠣᠯᠭ᠎ᠠ ᠵᠢ ᠵᠠᠯᠭ᠋ᠠᠯᠳᠤᠭᠤᠯᠤᠨ ᠰᠢᠯᠵᠢᠭᠦᠯᠬᠦ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠵᠦ᠂ ᠬᠣᠯᠪᠣᠭᠳᠠᠯ ᠪᠦᠬᠦᠢ ᠬᠥᠮᠥᠰ᠎ᠤᠨ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠬᠤ ᠵᠢᠨ ᠲᠥᠯᠥᠭᠡ᠂ ᠲᠠᠷᠠᠭ᠋ᠠᠴᠢ ᠵᠢᠨ ᠵᠣᠬᠢᠶᠠᠨ ᠪᠠᠢ᠌ᠭᠤᠯᠵᠤ ᠬᠡᠷᠡᠭᠵᠢᠭᠦᠯᠬᠦ ᠶᠠᠪᠤᠴᠠ᠎ᠳᠤ ᠡᠯ᠎ᠡ ᠭᠠᠵᠠᠷ᠎ᠤᠨ᠎ᠬᠢᠨ᠎ᠢ ᠵᠢᠯᠣᠭᠣᠳᠤᠨ ᠲᠥᠷᠥ ᠵᠢᠨ ᠪᠣᠳᠣᠯᠭ᠎ᠠ ᠵᠢᠨ ᠵᠣᠷᠢᠭ ᠰᠠᠨᠠᠭ᠎ᠠ ᠵᠢ ᠣᠨᠣᠪᠴᠢᠲᠠᠢ ᠡᠵᠡᠮᠰᠢᠭᠦᠯᠵᠦ᠂ ᠪᠠᠶ᠋ᠢᠳᠠᠯ᠎ᠢ᠎ᠨᠢ ᠢᠯᠭ᠋ᠠᠨ ᠣᠳᠣ ᠵᠢᠨ ᠬᠡᠷᠡᠭᠵᠢᠭᠦᠯᠵᠦ ᠪᠠᠢ᠌ᠭ᠎ᠠ ᠬᠡᠯᠪᠡᠢ᠌ᠯᠭᠡᠬᠦ ᠲᠥᠷᠥ ᠵᠢᠨ ᠪᠣᠳᠣᠯᠭ᠎ᠠ ᠵᠢ ᠳᠦᠷᠢᠮᠵᠢᠭᠦᠯᠵᠦ᠂ ᠦᠨᠡᠨᠬᠦ ᠦᠷᠬᠦᠯᠵᠢᠯᠡᠨ ᠬᠡᠷᠡᠭᠵᠢᠭᠦᠯᠬᠦ ᠴᠢᠬᠤᠯᠠᠲᠠᠢ ᠪᠠᠢ᠌ᠪᠠᠯ ᠵᠢᠷᠤᠮ ᠶᠣᠰᠣᠭ᠋ᠠᠷ ᠦᠯᠡᠳᠡᠭᠡᠵᠦ᠂ ᠬᠣᠯᠪᠣᠭᠳᠠᠯ ᠪᠦᠬᠦᠢ ᠬᠡᠯᠪᠡᠢ᠌ᠯᠭᠡᠬᠦ ᠲᠥᠷᠥ ᠵᠢᠨ ᠪᠣᠳᠣᠯᠭ᠎ᠠ ᠵᠢ ᠵᠢᠷᠤᠮᠵᠢᠭᠤᠨ ᠪᠥᠭᠡᠳ ᠡᠮᠬᠢ ᠵᠢᠷᠤᠮ᠎ᠲᠠᠢ᠎ᠪᠠᠷ ᠬᠡᠷᠡᠭᠵᠢᠭᠦᠯᠬᠦ ᠵᠢ ᠦᠨᠡᠨᠬᠦ ᠪᠠᠲᠤᠯᠠᠨ᠎ᠠ᠃
      ᠲᠤᠯᠤᠭ᠎ᠠ᠂ 《ᠮᠡᠳᠡᠭᠳᠡᠯ》᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠲᠠᠯ᠎ᠠ᠎ᠪᠠᠷ ᠶᠠᠮᠠᠷ ᠪᠣᠳᠠᠲᠠᠢ ᠪᠠᠢ᠌ᠷᠢᠯᠠᠭᠤᠯᠤᠯᠲᠠ ᠬᠢᠭᠰᠡᠨ ᠪᠤᠢ?
      ᠬᠠᠷᠢᠭᠤᠯᠲᠠ᠄ 《ᠮᠡᠳᠡᠭᠳᠡᠯ》 ᠪᠣᠯ ᠠᠵᠢᠯ ᠦᠢ᠍ᠯᠡᠰ᠎ᠤᠨ ᠨᠢᠭᠡᠴᠢ ᠵᠢᠨ ᠢᠯᠡ᠎ᠪᠠᠷ ᠠᠵᠢᠯᠲᠠᠨ ᠡᠯᠰᠡᠬᠦ ᠳᠦᠷᠢᠮ᠎ᠤᠨ ᠰᠢᠰᠲ᠋ᠧᠮ᠎ᠢ ᠲᠡᠭᠦᠯᠳᠡᠷᠵᠢᠭᠦᠯᠬᠦ ᠵᠢᠷᠤᠮᠵᠢᠯ᠎ᠤᠨ ᠴᠢᠨᠠᠷᠲᠠᠢ ᠴᠢᠬᠤᠯᠠ ᠪᠢᠴᠢᠭ ᠮᠠᠲ᠋ᠧᠷᠢᠶᠠᠯ ᠮᠥᠨ᠂ ᠪᠢᠳᠡ ᠤᠯᠠᠨ ᠵᠦᠢ᠍ᠯ᠎ᠤᠨ ᠬᠡᠯᠪᠡᠷᠢ᠎ᠪᠠᠷ ᠤᠬᠠᠭᠤᠯᠤᠨ ᠲᠤᠭᠤᠰᠢᠯᠠᠭᠤᠯᠬᠤ ᠠᠵᠢᠯ᠎ᠢ ᠰᠠᠶ᠋ᠢᠲᠤᠷ ᠠᠳᠬᠤᠨ᠎ᠠ᠃ ᠵᠠᠭᠤᠴᠢᠯᠠᠭᠤᠷ᠎ᠲᠤ ᠲᠦᠰᠢᠭᠯᠡᠨ ᠰᠢᠷᠢᠰ ᠤᠬᠠᠭᠤᠯᠭ᠎ᠠ ᠵᠢ ᠥᠷᠨᠢᠭᠦᠯᠵᠦ᠂ ᠬᠤᠷᠠᠯ᠂ ᠪᠣᠯᠪᠠᠰᠤᠷᠠᠯ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠬᠢᠬᠦ ᠵᠢ ᠴᠢᠩᠭ᠋ᠠᠳᠬᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠵᠢ ᠬᠥᠲᠥᠯᠥᠨ ᠵᠢᠯᠤᠭᠣᠳᠴᠤ ᠲᠥᠷᠥ ᠵᠢᠨ ᠪᠣᠳᠣᠯᠭ᠎ᠠ ᠵᠢ ᠣᠨᠣᠪᠴᠢᠲᠠᠢ ᠡᠵᠡᠮᠰᠢᠭᠦᠯᠵᠦ᠂ ᠲᠥᠷᠥ ᠵᠢᠨ ᠪᠣᠳᠣᠯᠭ᠎ᠠ ᠵᠢ ᠴᠢᠩᠭ᠎ᠠ ᠬᠡᠷᠡᠭᠵᠢᠭᠦᠯᠦᠨ᠎ᠡ᠃ ᠪᠢᠴᠢᠭ ᠮᠠᠲ᠋ᠧᠷᠢᠶᠠᠯ᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠤᠭᠰᠠᠨ ᠪᠠᠶ᠋ᠢᠳᠠᠯ᠎ᠢ ᠮᠥᠷᠳᠡᠨ ᠣᠢ᠌ᠯᠠᠭ᠋ᠠᠵᠤ᠂ ᠵᠣᠬᠢᠶᠠᠨ ᠪᠠᠢ᠌ᠭᠤᠯᠤᠨ ᠵᠢᠯᠤᠭᠣᠳᠬᠤ ᠪᠠ ᠱᠠᠯᠠᠪᠳᠠᠭᠤᠯᠤᠨ ᠪᠠᠢ᠌ᠴᠠᠭ᠋ᠠᠬᠤ᠎ᠪᠠᠨ ᠴᠢᠩᠭ᠋ᠠᠳᠬᠠᠨ᠂ 《ᠮᠡᠳᠡᠭᠳᠡᠯ》᠎ᠤᠨ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠵᠢ ᠦᠨᠡᠨᠬᠦ ᠪᠠᠲᠤᠯᠠᠨ᠎ᠠ᠃

ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠣᠯᠭᠣᠮᠵᠢ ᠠᠪᠬᠤ ᠬᠢᠷᠢ ᠬᠡᠮ᠎ᠤᠨ ᠭᠡᠷᠡᠴᠢᠯᠡᠯ᠎ᠤᠨ ᠲᠠᠢ᠌ᠯᠤᠮᠵᠢ
ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠮᠤᠵᠢ ᠠᠯᠤᠰᠯᠠᠨ ᠣᠨᠳᠣᠣ ᠭᠠᠵᠠᠷ᠎ᠲᠤ ᠡᠮᠨᠡᠭᠦᠯᠦᠭᠰᠡᠨ ᠵᠠᠷᠤᠳᠠᠯ᠎ᠢ ᠰᠢᠭᠤᠳ ᠳ᠋ᠦᠩᠨᠡᠨ ᠪᠤᠳᠤᠬᠤ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
《ᠬᠠᠷᠢᠮᠠᠬᠠᠢ ᠴᠢᠨᠠᠷᠲᠠᠢ ᠨᠠᠰᠤᠨ᠎ᠤ ᠠᠮᠠᠷᠠᠯᠲᠠ᠎ᠪᠠᠨ ᠠᠪᠬᠤ ᠳᠦᠷᠢᠮ᠎ᠢ ᠬᠡᠷᠡᠭᠵᠢᠭᠦᠯᠬᠦ ᠲᠦᠷ ᠬᠡᠷᠡᠭᠵᠢᠭᠦᠯᠬᠦ ᠠᠷᠭ᠎ᠠ》 ᠵᠢᠨ ᠲᠤᠬᠠᠢ ᠠᠯᠪᠠᠨ᠎ᠤ ᠲᠠᠢ᠌ᠯᠤᠮᠵᠢ᠂ ᠲᠦᠷᠭᠡᠨ ᠦᠵᠡᠶ᠎ᠡ
2025 ᠣᠨ᠎ᠳᠤ ᠬᠡᠷᠬᠢᠨ ᠠᠵᠢᠯ ᠣᠯᠭᠣᠯᠲᠠ ᠵᠢ ᠲᠣᠭᠲᠠᠪᠤᠷᠢᠵᠢᠭᠤᠯᠵᠤ ᠣᠷᠣᠯᠭ᠎ᠠ ᠵᠢᠨ ᠨᠡᠮᠡᠭᠳᠡᠯ᠎ᠢ ᠠᠬᠢᠭᠤᠯᠬᠤ ᠪᠤᠢ? ᠡᠷᠬᠡ ᠰᠦᠷᠲᠦ ᠰᠠᠯᠠᠭ᠎ᠠ ᠮᠥᠴᠢᠷ᠎ᠠᠴᠠ ᠠᠵᠢᠯ ᠣᠯᠭᠣᠯᠲᠠ᠂ ᠣᠷᠣᠯᠭ᠎ᠠ ᠵᠡᠷᠭᠡ ᠬᠠᠯᠠᠮᠰᠢᠯ ᠠᠰᠠᠭᠤᠳᠠᠯ᠎ᠳᠤ ᠬᠠᠷᠢᠭᠤᠯᠲᠠ ᠥᠭᠪᠡ
ᠠᠵᠢᠯ ᠣᠯᠭᠣᠯᠲᠠ ᠪᠣᠯ ᠠᠷᠠᠳ᠎ᠤᠨ ᠠᠮᠢᠳᠤᠷᠠᠯ᠎ᠤᠨ ᠲᠡᠷᠢᠭᠦᠨ ᠴᠢᠬᠤᠯᠠ ᠶᠠᠪᠤᠳᠠᠯ ᠮᠥᠨ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠰᠠᠢ᠌ᠳ ᠬᠣᠶᠠᠷ ᠦᠭᠡ᠎ᠪᠠᠷ ᠬᠤᠷᠢᠶᠠᠩᠭᠤᠢ᠌ᠯᠠᠪᠠ
 
            