ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠰᠤᠷᠪᠤᠯᠵᠢᠯᠠᠭ᠎ᠠ ᠶᠠᠷᠢᠯᠴᠠᠯᠭ᠎ᠠ
ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠣᠯᠭᠣᠮᠵᠢ ᠠᠪᠬᠤ ᠬᠢᠷᠢ ᠬᠡᠮ᠎ᠤᠨ ᠭᠡᠷᠡᠴᠢᠯᠡᠯ᠎ᠤᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2024-12-06


      ᠴᠠᠭ᠄ 2024 — 11 — 15 09᠄ 30

      ᠵᠣᠴᠢᠨ᠄ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠳᠠᠭ᠋ᠠᠳᠬᠠᠯ᠎ᠤᠨ ᠦᠢ᠍ᠯᠡᠰ᠎ᠤᠨ ᠦᠢ᠍ᠯᠡᠴᠢᠯᠡᠭᠡᠨ᠎ᠤ ᠲᠥᠪ᠎ᠤᠨ ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ᠎ᠤ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠲᠤᠬᠠᠢ᠌ᠯᠠᠭᠰᠠᠨ ᠠᠵᠢᠯ᠎ᠤᠨ ᠭᠠᠵᠠᠷ᠎ᠤᠨ ᠳᠥᠷᠪᠡᠳᠦᠭᠡᠷ ᠲᠡᠰ᠎ᠤᠨ ᠪᠠᠢ᠌ᠴᠠᠭ᠋ᠠᠨ ᠰᠤᠳᠤᠯᠤᠭᠴᠢ ᠵᠠᠩ ᠴᠢ

      ᠲᠣᠪᠴᠢᠯᠠᠯ᠄ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠵᠢ ᠣᠢ᠌ᠯᠠᠭ᠋ᠠᠬᠤ ᠬᠡᠮᠵᠢᠶ᠎ᠡ ᠵᠢ ᠦᠷᠭᠦᠯᠵᠢᠯᠡᠨ ᠥᠷᠭᠡᠳᠬᠡᠵᠦ᠂ ᠤᠯᠠᠨ ᠲᠦᠮᠡᠨ᠎ᠤ ᠬᠦᠰᠡᠯ ᠱᠠᠭ᠋ᠠᠷᠳᠠᠯᠭ᠎ᠠ᠎ᠳᠤ ᠴᠠᠭ ᠲᠤᠬᠠᠢ᠎ᠳᠤᠨᠢ ᠬᠠᠷᠢᠭᠤᠯᠲᠠ ᠥᠭᠬᠦ ᠵᠢᠨ ᠲᠥᠯᠥᠭᠡ᠂ ᠪᠢᠳᠡ ᠰᠢᠷᠢᠰ 《ᠰᠦᠯᠵᠢᠶᠡᠨ ᠳᠡᠭᠡᠷᠡᠬᠢ ᠰᠣᠷᠪᠤᠯᠵᠢᠯᠠᠭ᠎ᠠ》 ᠪᠤᠯᠤᠩ ᠭᠠᠷᠭ᠋ᠠᠵᠤ᠂ ᠲᠢᠩᠬᠢᠮ ᠰᠢᠰᠲ᠋ᠧᠮ᠎ᠤᠨ ᠭᠠᠵᠠᠷ ᠲᠠᠰᠤᠭ ᠨᠢᠭᠡᠴᠢ ᠵᠢᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠨᠥᠬᠥᠳ᠎ᠢ ᠤᠷᠢᠵᠤ ᠠᠵᠤ ᠠᠬᠤᠢ᠌ᠯᠠᠯ᠎ᠳᠤ ᠠᠰᠢᠭ ᠬᠦᠷᠲᠡᠭᠡᠵᠦ ᠠᠷᠠᠳ᠎ᠲᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢᠨ ᠲᠤᠬᠠᠢ ᠲᠠᠢ᠌ᠯᠤᠮᠵᠢ ᠬᠢᠯᠭᠡᠵᠦ᠂ ᠨᠡᠢ᠌ᠭᠡᠮ᠎ᠤᠨ ᠤᠯᠠᠨ ᠲᠦᠮᠡᠨ᠎ᠤ ᠠᠵᠢᠯ ᠶᠠᠪᠤᠳᠠᠯ ᠭᠦᠢ᠍ᠴᠡᠳᠬᠡᠬᠦ ᠶᠠᠪᠤᠴᠠ᠎ᠳᠤ ᠲᠤᠯᠭ᠋ᠠᠷᠠᠭᠰᠠᠨ ᠡᠷᠡᠭᠡᠯᠵᠡᠭᠡ᠎ᠲᠠᠢ ᠵᠦᠢ᠍ᠯ᠂ ᠬᠠᠯᠠᠮᠰᠢᠯ ᠴᠡᠭ᠎ᠤᠨ ᠠᠰᠠᠭᠤᠳᠠᠯ᠎ᠳᠤ ᠬᠠᠷᠢᠭᠤᠯᠲᠠ ᠥᠭᠪᠡ᠃ ᠲᠣᠰ ᠬᠤᠭᠤᠴᠠᠭ᠋ᠠᠨ᠎ᠳᠤ ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ᠎ᠤ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠣᠯᠭᠣᠮᠵᠢ ᠠᠪᠬᠤ ᠬᠢᠷᠢ ᠬᠡᠮ᠎ᠤᠨ ᠭᠡᠷᠡᠴᠢᠯᠡᠯ᠎ᠤᠨ ᠬᠣᠯᠪᠣᠭᠳᠠᠯ ᠪᠦᠬᠦᠢ ᠠᠭᠤᠯᠭ᠎ᠠ᠎ᠳᠤ ᠲᠠᠢ᠌ᠯᠤᠮᠵᠢ ᠬᠢᠨ᠎ᠡ᠃

      ᠬᠥᠲᠥᠯᠥᠭᠴᠢ᠄ ᠰᠦᠯᠵᠢᠶᠡᠨ᠎ᠤ ᠠᠨᠳᠠ ᠨᠠᠷ ᠰᠠᠶ᠋ᠢᠨ ᠪᠠᠢ᠌ᠵᠠᠭ᠋ᠠᠨ᠎ᠠ ᠦᠦ! ᠲᠤᠰ ᠬᠤᠭᠤᠴᠠᠭ᠋ᠠᠨ᠎ᠤ ᠰᠦᠯᠵᠢᠶᠡᠨ ᠳᠡᠭᠡᠷᠡᠬᠢ ᠰᠣᠷᠪᠤᠯᠵᠢᠯᠠᠭ᠎ᠠ ᠵᠢᠨ ᠪᠤᠯᠤᠩ᠎ᠢ ᠬᠦᠯᠢᠶᠡᠨ ᠠᠪᠴᠤ ᠦᠵᠡᠬᠦ ᠵᠢ ᠪᠠᠶᠠᠷᠯᠠᠨ ᠤᠭᠲᠤᠵᠤ ᠪᠠᠢ᠍ᠨ᠎ᠠ᠃ ᠥᠨᠥᠳᠥᠷ ᠪᠢᠳᠡ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠳᠠᠭ᠋ᠠᠳᠬᠠᠯ᠎ᠤᠨ ᠦᠢ᠍ᠯᠡᠰ᠎ᠤᠨ ᠦᠢ᠍ᠯᠡᠴᠢᠯᠡᠭᠡᠨ᠎ᠤ ᠲᠥᠪ᠎ᠤᠨ ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ᠎ᠤ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠲᠤᠬᠠᠢ᠌ᠯᠠᠭᠰᠠᠨ ᠠᠵᠢᠯ᠎ᠤᠨ ᠭᠠᠵᠠᠷ᠎ᠤᠨ ᠳᠥᠷᠪᠡᠳᠦᠭᠡᠷ ᠳᠡᠰ᠎ᠤᠨ ᠪᠠᠢ᠌ᠴᠠᠭ᠋ᠠᠨ ᠰᠤᠳᠤᠯᠤᠭᠴᠢ ᠵᠠᠩ ᠴᠢ ᠵᠢ ᠤᠷᠢᠵᠤ ᠠᠪᠴᠢᠷᠠᠭᠰᠠᠨ᠎ᠳᠠᠭᠠᠨ ᠮᠠᠰᠢ ᠪᠠᠶᠠᠷᠲᠠᠢ ᠪᠠᠢ᠌ᠨ᠎ᠠ᠂ ᠲᠡᠷᠡ ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠣᠯᠭᠣᠮᠵᠢ ᠠᠪᠬᠤ ᠬᠢᠷᠢ ᠬᠡᠮ᠎ᠤᠨ ᠭᠡᠷᠡᠴᠢᠯᠡᠯ᠎ᠤᠨ ᠬᠣᠯᠪᠣᠭᠳᠠᠯ ᠪᠦᠬᠦᠢ ᠠᠭᠤᠯᠭ᠎ᠠ ᠵᠢᠨ ᠲᠣᠭᠣᠷᠢᠨ᠎ᠳᠤ ᠤᠯᠠᠨ᠎ᠲᠠᠢ ᠰᠠᠨᠠᠯ ᠵᠶ᠋ᠠᠨ ᠰᠣᠯᠢᠯᠴᠠᠬᠤ᠎ᠪᠠᠷ ᠪᠠᠢ᠌ᠨ᠎ᠠ᠃ ᠲᠠᠨ᠎ᠢ ᠪᠠᠶᠠᠷᠯᠠᠨ ᠤᠭᠲᠤᠶ᠎ᠠ!

      ᠵᠠᠩ ᠴᠢ᠄ ᠬᠥᠲᠥᠯᠥᠭᠴᠢ ᠰᠠᠶ᠋ᠢᠨ ᠦᠦ᠂ ᠲᠠ ᠪᠦᠬᠦᠨ ᠰᠠᠶ᠋ᠢᠨ ᠪᠠᠢ᠌ᠵᠠᠭ᠋ᠠᠨ᠎ᠠ ᠦᠦ! ᠠᠲᠠ ᠪᠢ ᠤᠯᠠᠨ᠎ᠲᠠᠢ ᠰᠠᠨᠠᠯ ᠵᠶ᠋ᠠᠨ ᠰᠣᠯᠢᠯᠴᠠᠬᠤ ᠪᠣᠯᠤᠭᠰᠠᠨ᠎ᠳᠠᠭᠠᠨ ᠮᠠᠰᠢ ᠪᠠᠶᠠᠷ᠎ᠲᠠᠢ ᠪᠠᠢ᠌ᠨ᠎ᠠ᠃ ᠡᠨᠡ ᠬᠦ᠌ ᠲᠣᠬᠢᠶᠠᠯ ᠵᠶ᠋ᠠᠷ ᠨᠡᠢ᠌ᠭᠡᠮ᠎ᠤᠨ ᠳᠠᠭ᠋ᠠᠳᠬᠠᠯ᠎ᠤᠨ ᠦᠢ᠍ᠯᠡᠰ᠎ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠥᠷᠭᠡᠨ ᠤᠯᠠᠨ ᠰᠦᠯᠵᠢᠶᠡᠨ᠎ᠤ ᠠᠨᠳᠠ ᠨᠠᠷ᠎ᠲᠤ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠵᠦ ᠪᠠᠢ᠌ᠨ᠎ᠠ!

      ᠬᠥᠲᠥᠯᠥᠭᠴᠢ᠄ ᠪᠢᠳᠡᠨ᠎ᠤ ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠣᠯᠭᠣᠮᠵᠢ ᠵᠢᠨ ᠬᠢᠷᠢ ᠬᠡᠮ᠎ᠤᠨ ᠭᠡᠷᠡᠴᠢᠯᠡᠯ ᠬᠢᠬᠦ ᠵᠢᠨ ᠵᠣᠷᠢᠯᠭ᠎ᠠ᠎ᠨᠢ ᠶᠠᠭᠤ ᠪᠤᠢ?

      ᠵᠠᠩ ᠴᠢ᠄ ᠨᠠᠰᠤᠵᠢᠯ᠎ᠤᠨ ᠠᠰᠠᠷᠠᠮᠵᠢ ᠵᠢᠨ ᠮᠥᠩᠭᠥ ᠪᠣᠯ ᠠᠵᠢᠯ᠎ᠠᠴᠠ᠎ᠪᠠᠨ ᠠᠮᠠᠷᠠᠭᠰᠠᠳ᠎ᠤᠨ 《ᠨᠠᠰᠤᠵᠢᠯ᠎ᠤᠨ ᠠᠰᠠᠷᠠᠮᠵᠢ ᠵᠢᠨ ᠮᠥᠩᠭᠥ᠂ ᠠᠮᠢ ᠵᠢᠭᠤᠬᠤ ᠮᠥᠩᠭᠥ》 ᠮᠥᠨ᠂ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠣᠯᠭᠣᠮᠵᠢ ᠵᠢᠨ ᠬᠢᠷᠢ ᠬᠡᠮ᠎ᠤᠨ ᠭᠡᠷᠡᠴᠢᠯᠡᠯ ᠠᠪᠬᠤ᠎ᠨᠢ ᠨᠠᠰᠤᠵᠢᠯ᠎ᠤᠨ ᠠᠰᠠᠷᠠᠮᠵᠢ ᠵᠢᠨ ᠮᠥᠩᠭᠥ ᠣᠯᠭᠣᠬᠤ ᠵᠢᠨ ᠣᠨᠣᠪᠴᠢᠲᠤ ᠴᠢᠨᠠᠷ ᠪᠠ ᠠᠶᠤᠯᠭᠦᠢ ᠴᠢᠨᠠᠷ᠎ᠢ ᠦᠨᠡᠨ ᠬᠦ᠌ ᠪᠠᠲᠤᠯᠠᠵᠤ᠂ ᠨᠠᠰᠤᠵᠢᠯ᠎ᠤᠨ ᠠᠰᠠᠷᠠᠮᠵᠢ ᠵᠢᠨ ᠮᠥᠩᠭᠥ ᠵᠢ ᠬᠠᠭᠤᠷᠮᠠᠭᠯᠠᠨ ᠠᠪᠬᠤ ᠪᠤᠶᠤ ᠳᠤᠷ᠎ᠠ᠎ᠪᠠᠷ ᠵᠶ᠋ᠠᠨ ᠬᠡᠷᠡᠭᠯᠡᠬᠦ᠎ᠠᠴᠠ ᠰᠡᠷᠭᠡᠢ᠌ᠯᠡᠬᠦ ᠵᠢᠨ ᠲᠥᠯᠥᠭᠡ ᠶᠤᠮ᠃ ᠪᠡᠶ᠎ᠡ ᠵᠢᠨ ᠭᠠᠷᠤᠯ᠎ᠢ ᠬᠢᠨᠠᠨ ᠬᠠᠷᠭᠤᠭᠤᠯᠬᠤ᠂ ᠪᠠᠶ᠋ᠢᠳᠠᠯ᠎ᠢ ᠨᠤᠲᠠᠯᠠᠬᠤ᠂ ᠪᠡᠯᠡ ᠮᠥᠩᠭᠥ ᠵᠢᠨ ᠠᠮᠤᠷ ᠲᠦᠪᠰᠢᠨ᠎ᠢ ᠪᠠᠲᠤᠯᠠᠬᠤ ᠵᠢᠴᠢ ᠬᠠᠮᠢᠶᠠᠷᠤᠯᠲᠠ ᠬᠢᠭᠡᠳ ᠦᠢ᠍ᠯᠡᠴᠢᠯᠡᠭᠡ᠎ᠳᠤ ᠲᠥᠬᠥᠮ ᠦᠵᠡᠭᠦᠯᠬᠦ᠎ᠪᠠᠷ ᠳᠠᠮᠵᠢᠭᠤᠯᠤᠨ᠂ ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠳᠠᠭ᠋ᠠᠳᠬᠠᠯ᠎ᠤᠨ ᠣᠯᠭᠣᠮᠵᠢ ᠠᠪᠬᠤ ᠬᠢᠷᠢ ᠬᠡᠮ᠎ᠢ ᠭᠡᠷᠡᠴᠢᠯᠡᠬᠦ ᠠᠵᠢᠯ᠎ᠢ ᠥᠷᠨᠢᠭᠦᠯᠬᠦ ᠪᠣᠯ ᠨᠡᠢ᠌ᠭᠡᠮ᠎ᠤᠨ ᠳᠠᠭ᠋ᠠᠳᠬᠠᠯ᠎ᠤᠨ ᠰᠠᠭᠤᠷᠢ ᠮᠥᠩᠭᠥ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠵᠤ᠂ ᠨᠠᠰᠤᠵᠢᠯ᠎ᠤᠨ ᠳᠠᠭ᠋ᠠᠳᠬᠠᠯ᠎ᠤᠨ ᠣᠯᠭᠣᠮᠵᠢ ᠭᠥᠷᠳᠡᠬᠦ ᠪᠥᠬᠥ ᠬᠥᠮᠥᠰ᠎ᠤᠨ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃

      ᠬᠥᠲᠥᠯᠥᠭᠴᠢ᠄ ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠣᠯᠭᠣᠮᠵᠢ ᠵᠢᠨ ᠬᠢᠷᠢ ᠬᠡᠮ᠎ᠤᠨ ᠭᠡᠷᠡᠴᠢᠯᠡᠯ᠎ᠤᠨ ᠬᠡᠪᠴᠢᠶ᠎ᠡ ᠵᠢᠴᠢ ᠠᠷᠭ᠎ᠠ ᠮᠠᠶᠢᠭ᠎ᠨᠢ ᠶᠠᠮᠠᠷ ᠶᠠᠮᠠᠷ ᠪᠠᠢ᠌ᠳᠠᠭ ᠪᠣᠢ?

      ᠵᠠᠩ ᠴᠢ᠄ ᠭᠡᠷᠡᠴᠢᠯᠡᠬᠦ ᠬᠡᠪᠴᠢᠶ᠎ᠡ᠎ᠨᠢ ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠣᠯᠭᠣᠮᠵᠢ ᠵᠢ ᠰᠠᠷ᠎ᠠ᠎ᠪᠠᠷ ᠭᠥᠷᠳᠡᠵᠦ ᠪᠠᠢ᠌ᠭ᠎ᠠ ᠬᠥᠮᠥᠰ (ᠠᠵᠢᠯ᠎ᠠᠴᠠ᠎ᠪᠠᠨ ᠠᠮᠠᠷᠠᠭᠰᠠᠨ ᠪᠠ ᠠᠵᠢᠯ᠎ᠠᠴᠠ᠎ᠪᠠᠨ ᠪᠠᠭᠤᠭᠰᠠᠨ᠂ ᠨᠥᠭᠴᠢᠭᠰᠡᠳ᠎ᠤᠨ ᠭᠡᠷ ᠪᠦᠯᠢ ᠵᠢᠨ᠎ᠬᠢᠨ 2021 ᠣᠨ᠎ᠤ 9 ᠰᠠᠷ᠎ᠠ ᠵᠢᠨ 1᠎ᠤ ᠡᠳᠦᠷ᠎ᠠᠴᠠ ᠡᠮᠦᠨ᠎ᠡ)᠃ ᠭᠡᠷᠡᠴᠢᠯᠡᠯ᠎ᠤᠨ ᠠᠷᠭ᠎ᠠ ᠮᠠᠶᠢᠭ᠎ᠢ ᠭᠣᠣᠯᠳᠠᠭᠤ ᠠᠯᠤᠰ᠎ᠠᠴᠠ ᠥᠪᠡᠰᠦᠪᠡᠨ ᠭᠡᠷᠡᠴᠢᠯᠡᠬᠦ ᠬᠡᠯᠪᠡᠷᠢ᠎ᠪᠠᠷ ᠶᠠᠪᠤᠭᠳᠠᠭᠤᠯᠤᠨ᠎ᠠ᠃

      ᠨᠢᠭᠡ᠎ᠳᠤ᠂ ᠭᠠᠷ ᠤᠲᠠᠰᠤᠨ᠎ᠤ 《ᠬᠡᠷᠡᠭᠯᠡᠭᠡᠨ᠎ᠤ ᠳᠡᠯᠭᠡᠭᠦᠷ》᠎ᠠᠴᠠ 《ᠥᠪᠥᠷ ᠮᠣᠩᠭᠣᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ》 ᠵᠢᠨ APP ᠵᠢ ᠪᠠᠭᠤᠯᠭ᠋ᠠᠨ ᠤᠭᠰᠠᠷᠠᠵᠤ᠂ ᠨᠡᠪᠲᠡᠷᠡᠭᠰᠡᠨ᠎ᠤ ᠳᠠᠷᠠᠭ᠎ᠠ ᠪᠠᠷᠠᠭᠤᠨ ᠳᠣᠣᠷ᠎ᠠ ᠲᠠᠯ᠎ᠠ ᠵᠢᠨ 《ᠬᠢᠷᠢ ᠬᠡᠮ᠎ᠤᠨ ᠭᠡᠷᠡᠴᠢᠯᠡᠯ》᠎ᠤᠨ ᠬᠡᠰᠡᠭ᠎ᠢ ᠲᠣᠪᠴᠢᠳᠠᠵᠤ᠂ 《ᠭᠦᠢ᠍ᠴᠡᠳᠬᠡᠬᠦ᠎ᠳᠤ ᠡᠷᠬᠡᠪᠰᠢ ᠮᠡᠳᠡᠬᠦ ᠶᠣᠰᠣᠲᠠᠢ ᠵᠦᠢ᠍ᠯᠡᠰ》᠎ᠢ ᠤᠩᠰᠢᠨ ᠣᠢ᠌ᠯᠠᠭ᠋ᠠᠵᠤ 《ᠵᠢᠵᠢᠭ ᠳᠥᠷᠪᠡᠯᠵᠢᠨ ᠬᠦᠷᠢᠶ᠎ᠡ》 ᠵᠢ ᠰᠣᠩᠭᠣᠵᠤ ᠦᠷᠭᠦᠯᠵᠢᠯᠡᠨ ᠲᠣᠪᠴᠢᠳᠠᠵᠤ᠂ ᠰᠠᠨᠠᠭᠤᠯᠤᠮᠵᠢ ᠵᠢᠨ ᠶᠣᠰᠣᠭ᠋ᠠᠷ ᠣᠯᠭᠣᠮᠵᠢ ᠵᠢᠨ ᠬᠢᠷᠢ ᠬᠡᠮ᠎ᠤᠨ ᠭᠡᠷᠡᠴᠢᠯᠡᠯ᠎ᠢ ᠪᠡᠶᠡᠯᠡᠭᠦᠯᠦᠨ᠎ᠡ᠃

      ᠬᠣᠶᠠᠷ᠎ᠲᠤ᠂ ᠸᠢᠴᠠᠲ ᠵᠶ᠋ᠠᠷ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠳᠠᠭ᠋ᠠᠳᠬᠠᠯ᠎ᠤᠨ ᠦᠢ᠍ᠯᠡᠰ᠎ᠤᠨ ᠦᠢ᠍ᠯᠡᠴᠢᠯᠡᠭᠡᠨ᠎ᠤ ᠲᠥᠪ》᠎ᠤᠨ ᠸᠢᠴᠠᠲ᠎ᠤᠨ ᠨᠠᠢ᠌ᠳᠠ ᠵᠢᠨ ᠳ᠋ᠤᠭ᠋ᠠᠷ᠎ᠢ ᠬᠠᠢ᠌ᠵᠤ᠂ ᠠᠩᠬᠠᠷᠤᠯ᠎ᠳᠠᠭᠠᠨ ᠠᠪᠤᠭᠰᠠᠨ᠎ᠤ ᠳᠠᠷᠠᠭ᠎ᠠ 《ᠨᠡᠢ᠌ᠭᠡᠮ᠎ᠤᠨ ᠳᠠᠭ᠋ᠠᠳᠬᠠᠯ᠎ᠤᠨ ᠦᠢ᠍ᠯᠡᠴᠢᠯᠡᠭᠡ》 ᠵᠢᠨ ᠬᠡᠰᠡᠭ᠎ᠢ ᠳᠠᠷᠤᠵᠤ 《ᠣᠯᠭᠣᠮᠵᠢ ᠵᠢᠨ ᠬᠢᠷᠢ ᠬᠡᠮ᠎ᠤᠨ ᠭᠡᠷᠡᠴᠢᠯᠡᠯ》᠎ᠢ ᠰᠣᠩᠭᠣᠵᠤ᠂ ᠰᠠᠨᠠᠭᠤᠯᠤᠮᠵᠢ ᠵᠢᠨ ᠱᠠᠭ᠋ᠠᠷᠳᠠᠯᠭ᠎ᠠ ᠶᠣᠰᠣᠭ᠋ᠠᠷ ᠭᠡᠷᠡᠴᠢᠯᠡᠯ᠎ᠢ ᠪᠡᠶᠡᠯᠡᠭᠦᠯᠦᠨ᠎ᠡ᠃

      ᠭᠤᠷᠪᠠ᠎ᠳᠤ᠂ ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ 《ᠠᠯᠠᠭ᠋ᠠᠨ ᠳᠡᠭᠡᠷᠡᠬᠢ 12333》 ᠭᠠᠷ ᠤᠲᠠᠰᠤᠨ᠎ᠤ APP᠎ᠪᠠᠷ ᠳᠠᠮᠵᠢᠭᠤᠯᠤᠨ ᠥᠪᠡᠰᠦᠪᠡᠨ ᠭᠡᠷᠡᠴᠢᠯᠡᠯ ᠬᠢᠵᠦ ᠪᠣᠯᠣᠨ᠎ᠠ᠃ ᠭᠠᠷ ᠤᠲᠠᠰᠤᠨ᠎ᠤ 《ᠬᠡᠷᠡᠭᠯᠡᠭᠡᠨ᠎ᠤ ᠳᠡᠯᠭᠡᠭᠦᠷ》᠎ᠠᠴᠠ 《ᠠᠯᠠᠭ᠋ᠠᠨ ᠳᠡᠭᠡᠷᠡᠬᠢ 12333》 APP ᠵᠢ ᠪᠠᠭᠤᠯᠭ᠋ᠠᠨ ᠤᠭᠰᠠᠷᠠᠵᠤ᠂ ᠨᠡᠪᠲᠡᠷᠡᠭᠰᠡᠨ᠎ᠤ ᠳᠠᠷᠠᠭ᠎ᠠ ᠡᠯᠧᠺᠲᠷᠣᠨ ᠨᠡᠢ᠌ᠭᠡᠮ᠎ᠤᠨ ᠪᠠᠲᠤᠯᠠᠭ᠎ᠠ ᠵᠢᠨ ᠺᠠᠷᠲ᠎ᠢ ᠳᠠᠷᠤᠵᠤ᠂ ᠨᠢᠭᠡᠨᠲᠡ ᠳᠠᠩᠰᠠᠯᠠᠭᠤᠯᠤᠭᠰᠠᠨ ᠬᠡᠷᠡᠭᠯᠡᠭᠴᠢ ᠰᠢᠭᠤᠳ ᠨᠡᠪᠳᠡᠷᠡᠵᠦ᠂ ᠳᠠᠩᠰᠠᠯᠠᠭᠤᠯᠵᠤ ᠥᠩᠭᠡᠷᠡᠭᠰᠡᠨ ᠦᠭᠡᠢ ᠬᠡᠷᠡᠭᠯᠡᠭᠴᠢ ᠪᠠᠷᠠᠭᠤᠨ ᠳᠣᠣᠷ᠎ᠠ ᠲᠠᠯ᠎ᠠ ᠵᠢᠨ 《ᠰᠢᠨ᠎ᠡ ᠬᠡᠷᠡᠭᠯᠡᠭᠴᠢ ᠵᠢᠨ ᠳᠠᠩᠰᠠᠯᠠᠯᠲᠠ》 ᠵᠢ ᠳᠠᠷᠤᠵᠤ᠂ ᠰᠠᠨᠠᠭᠤᠯᠤᠮᠵᠢ ᠵᠢᠨ ᠶᠣᠰᠣᠭ᠋ᠠᠷ ᠮᠡᠳᠡᠭᠡ ᠵᠠᠩᠭᠢ᠎ᠪᠠᠨ ᠲᠠᠭᠯᠠᠨ ᠳᠠᠩᠰᠠᠯᠠᠭᠤᠯᠵᠤ᠂ ᠨᠡᠪᠲᠡᠷᠡᠭᠰᠡᠨ᠎ᠤ ᠳᠠᠷᠠᠭ᠎ᠠ 《ᠨᠡᠢ᠌ᠭᠡᠮ᠎ᠤᠨ ᠳᠠᠭ᠋ᠠᠳᠬᠠᠯ᠎ᠤᠨ ᠣᠯᠭᠣᠮᠵᠢ ᠵᠢᠨ ᠬᠢᠷᠢ ᠬᠡᠮ᠎ᠤᠨ ᠭᠡᠷᠡᠴᠢᠯᠡᠯ》᠎ᠢ ᠳᠠᠷᠤᠵᠤ ᠰᠠᠨᠠᠭᠤᠯᠤᠮᠵᠢ ᠵᠢᠨ ᠱᠠᠭ᠋ᠠᠷᠳᠠᠯᠭ᠎ᠠ ᠶᠣᠰᠣᠭ᠋ᠠᠷ ᠪᠡᠶᠡᠯᠡᠭᠦᠯᠦᠨ᠎ᠡ᠃

      ᠳᠥᠷᠪᠡ᠎ᠳᠤ᠂ ᠬᠢᠯᠢ ᠵᠢᠨ ᠭᠠᠳᠠᠨ᠎ᠠ ᠰᠠᠭᠤᠷᠢᠰᠢᠭ᠎ᠠ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠣᠯᠭᠣᠮᠵᠢ ᠭᠥᠷᠳᠡᠵᠦ ᠪᠠᠢ᠌ᠭ᠎ᠠ ᠬᠥᠮᠥᠰ ᠭᠠᠷ ᠤᠲᠠᠰᠤᠨ᠎ᠤ APP ᠭᠡᠷᠡᠴᠢᠯᠡᠯ᠎ᠤᠨ ᠨᠥᠬᠥᠴᠡᠯ᠎ᠢ ᠪᠦᠷᠢᠯᠳᠦᠭᠦᠯᠦᠭᠰᠡᠨ ᠪᠠᠢ᠌ᠪᠠᠯ᠂ ᠳᠡᠭᠡᠷ᠎ᠡ ᠳᠤᠷᠠᠳᠤᠭᠰᠠᠨ ᠠᠯᠬᠤᠮ ᠳᠠᠷᠠᠭ᠎ᠠ᠎ᠪᠠᠷ ᠶᠠᠪᠤᠭᠳᠠᠭᠤᠯᠤᠨ᠎ᠠ; ᠰᠦᠯᠵᠢᠶᠡᠨ ᠳᠡᠭᠡᠷ᠎ᠡ ᠭᠡᠷᠡᠴᠢᠯᠡᠨ ᠮᠠᠭ᠋ᠠᠳᠯᠠᠬᠤ ᠨᠥᠬᠥᠴᠡᠯ᠎ᠢ ᠪᠦᠷᠢᠳᠦᠭᠦᠯᠦᠭᠰᠡᠨ ᠦᠭᠡᠢ ᠪᠠᠢ᠌ᠪᠠᠯ᠂ ᠮᠠᠨ᠎ᠤ ᠤᠯᠤᠰ᠎ᠤᠨ ᠲᠤᠰ ᠤᠯᠤᠰ᠎ᠲᠤ ᠰᠠᠭᠤᠭ᠎ᠠ ᠡᠯᠴᠢᠨ ᠰᠠᠢ᠌ᠳ᠎ᠤᠨ ᠶᠠᠮᠤᠨ᠂ ᠺᠣᠨᠰᠦ᠋ᠯ᠎ᠤᠨ ᠭᠠᠵᠠᠷ ᠵᠶ᠋ᠠᠷ ᠳᠠᠮᠵᠢᠭᠤᠯᠤᠨ ᠡᠷᠡᠭᠦᠯ ᠮᠠᠨᠳᠤ ᠵᠢᠨ ᠭᠡᠷᠡᠴᠢᠯᠡᠯ ᠪᠤᠶᠤ ᠺᠣᠨᠰᠦ᠋ᠯ᠎ᠤᠨ ᠭᠡᠷᠡᠴᠢᠯᠡᠯ ᠬᠢᠯᠭᠡᠬᠦ᠎ᠪᠠᠷ ᠭᠤᠶᠤᠴᠢᠯᠠᠨ᠎ᠠ᠂ ᠰᠠᠭᠤᠭ᠎ᠠ ᠭᠠᠵᠠᠷ᠎ᠨᠢ ᠮᠠᠨ᠎ᠤ ᠤᠯᠤᠰ᠎ᠲᠠᠢ ᠬᠠᠷᠠᠬᠠᠨ ᠭᠠᠳᠠᠭ᠋ᠠᠳᠤ ᠬᠠᠷᠢᠯᠴᠠᠭ᠎ᠠ ᠪᠠᠢ᠌ᠭᠤᠯᠤᠭ᠋ᠠᠳᠤᠢ ᠪᠠᠢ᠌ᠪᠠᠯ᠂ ᠮᠠᠨ᠎ᠤ ᠤᠯᠤᠰ᠎ᠤᠨ ᠲᠤᠰ ᠤᠯᠤᠰ᠎ᠲᠤ ᠰᠠᠭᠤᠭ᠎ᠠ ᠬᠣᠯᠪᠣᠭᠳᠠᠯ ᠪᠦᠬᠦᠢ ᠪᠠᠢ᠌ᠭᠤᠯᠤᠮᠵᠢ ᠪᠤᠶᠤ ᠬᠣᠯᠪᠣᠭᠳᠠᠯ ᠪᠦᠬᠦᠢ ᠣᠷᠣᠯᠠᠨ ᠬᠠᠮᠢᠶᠠᠷᠬᠤ ᠺᠣᠨᠰᠦ᠋ᠯ᠎ᠠᠴᠠ ᠡᠷᠡᠭᠦᠯ ᠮᠠᠨᠳᠤ ᠵᠢᠨ ᠭᠡᠷᠡᠴᠢᠯᠡᠯ ᠪᠤᠶᠤ ᠺᠣᠨᠰᠦ᠋ᠯ᠎ᠤᠨ ᠭᠡᠷᠡᠴᠢᠯᠡᠯ ᠬᠢᠯᠭᠡᠨ᠎ᠡ᠃

      ᠲᠠᠪᠤ᠎ᠳᠤ᠂ ᠭᠠᠷ ᠤᠲᠠᠰᠤᠨ᠎ᠤ 《APP》᠎ᠪᠠᠷ ᠳᠡᠮᠵᠢᠨ ᠪᠡᠶ᠎ᠡ᠎ᠪᠠᠨ ᠳᠠᠭ᠋ᠠᠭ᠋ᠠᠵᠤ ᠭᠡᠷᠡᠴᠢᠯᠡᠯ ᠬᠢᠵᠦ ᠳᠡᠢ᠌ᠯᠬᠦ ᠦᠭᠡᠢ ᠬᠥᠮᠥᠰ (ᠵᠢᠱ᠌ᠢᠶᠡᠯᠡᠪᠡᠯ᠂ ᠴᠢᠳᠠᠪᠤᠷᠢ᠎ᠪᠠᠨ ᠠᠯᠳᠠᠭᠰᠠᠨ ᠬᠥᠮᠥᠰ᠂ ᠵᠢᠰᠦ ᠴᠢᠷᠠᠢ ᠵᠢ᠎ᠨᠢ ᠢᠯᠭ᠋ᠠᠨ ᠲᠠᠨᠢᠵᠤ ᠳᠡᠢ᠌ᠯᠬᠦ ᠦᠭᠡᠢ ᠬᠥᠮᠥᠰ) ᠠᠵᠢᠯ᠎ᠠᠴᠠ᠎ᠪᠠᠨ ᠠᠮᠠᠷᠠᠬᠤ᠎ᠠᠴᠠ ᠡᠮᠦᠨᠡᠬᠢ ᠨᠢᠭᠡᠴᠢ ᠪᠠ ᠨᠡᠢ᠌ᠭᠡᠮ᠎ᠤᠨ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠪᠠᠢ᠌ᠭᠤᠯᠤᠮᠵᠢ᠎ᠠᠴᠠ ᠣᠯᠭᠣᠮᠵᠢ ᠵᠢᠨ ᠬᠢᠷᠢ ᠬᠡᠮ᠎ᠤᠨ ᠭᠡᠷᠡᠴᠢᠯᠡᠯ᠎ᠢ ᠬᠠᠪᠰᠤᠷᠤᠨ ᠪᠡᠶᠡᠯᠡᠭᠦᠯᠵᠦ ᠪᠣᠯᠣᠨ᠎ᠠ᠃ ᠪᠣᠳᠠᠲᠠᠢ ᠶᠠᠪᠤᠴᠠ᠎ᠨᠢ᠄ ᠣᠯᠭᠣᠮᠵᠢ ᠬᠦᠷᠲᠡᠭᠰᠡᠳ᠎ᠤᠨ ᠲᠥᠷᠥᠯ ᠰᠠᠳᠤᠨ ᠪᠤᠶᠤ ᠪᠤᠰᠤᠳ ᠬᠥᠮᠥᠨ ᠠᠵᠢᠯ᠎ᠠᠴᠠ᠎ᠪᠠᠨ ᠠᠮᠠᠷᠠᠬᠤ᠎ᠠᠴᠠ ᠡᠮᠦᠨᠡᠬᠢ ᠨᠢᠭᠡᠴᠢ᠎ᠲᠠᠢ ᠬᠠᠷᠢᠯᠴᠠᠵᠤ᠂ ᠸᠢᠴᠠᠲ᠎ᠤᠨ ᠸᠢᠳᠢᠤ᠋ ᠵᠡᠷᠭᠡ ᠠᠷᠭ᠎ᠠ ᠮᠠᠶᠢᠭ ᠵᠶ᠋ᠠᠷ ᠳᠡᠮᠵᠢᠨ ᠲᠤᠰᠠᠯᠠᠬᠤ ᠭᠡᠷᠡᠴᠢᠯᠡᠯ ᠬᠢᠵᠦ᠂ ᠠᠵᠢᠯ᠎ᠠᠴᠠ᠎ᠪᠠᠨ ᠠᠮᠠᠷᠠᠬᠤ᠎ᠠᠴᠠ ᠡᠮᠦᠨ᠎ᠡ ᠬᠥᠮᠥᠨ ᠬᠡᠷᠡᠭᠯᠡᠬᠦ ᠨᠢᠭᠡᠴᠢ ᠠᠵᠢᠯ᠎ᠠᠴᠠ᠎ᠪᠠᠨ ᠠᠮᠠᠷᠠᠭᠰᠠᠳ᠎ᠤᠨ ᠪᠠᠶ᠋ᠢᠳᠠᠯ᠎ᠢ ᠨᠤᠲᠠᠯᠠᠭᠰᠠᠨ᠎ᠤ ᠳᠠᠷᠠᠭ᠎ᠠ᠂ ᠲᠤᠰᠠᠯᠠᠬᠤ ᠭᠡᠷᠡᠴᠢᠯᠡᠯ᠎ᠤᠨ ᠬᠦᠰᠦᠨᠦᠭᠲᠦ ᠵᠢ ᠲᠠᠭᠯᠠᠬᠤ ᠵᠢᠨ ᠬᠠᠮᠲᠤ ᠠᠯᠪᠠᠨ ᠲᠠᠮᠠᠭ᠎ᠠ ᠳᠠᠷᠤᠵᠤ᠂ ᠨᠡᠢ᠌ᠭᠡᠮ᠎ᠤᠨ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠪᠠᠢ᠌ᠭᠤᠯᠤᠮᠵᠢ᠎ᠳᠤ ᠮᠡᠳᠡᠭᠦᠯᠵᠦ᠂ ᠨᠡᠢ᠌ᠭᠡᠮ᠎ᠤᠨ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠪᠠᠢ᠌ᠭᠤᠯᠤᠮᠵᠢ ᠵᠢᠨ ᠠᠵᠢᠯᠲᠠᠨ ᠰᠢᠰᠲ᠋ᠧᠮ᠎ᠳᠤ ᠣᠷᠣᠭᠤᠯᠬᠤ ᠵᠢᠨ ᠬᠠᠮᠲᠤ ᠤᠯᠤᠰ᠎ᠤᠨ ᠲᠠᠪᠴᠠᠩ᠎ᠳᠤ ᠳᠠᠮᠵᠢᠭᠤᠯᠤᠨ᠎ᠠ᠃ (ᠲᠠᠢ᠌ᠯᠪᠤᠷᠢ᠄ ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ᠎ᠤ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠢ ᠨᠢᠭᠡᠨᠲᠡ ᠪᠦᠬᠦ ᠤᠯᠤᠰ᠎ᠲᠤ ᠨᠢᠭᠡᠳᠦᠯᠲᠡᠢ ᠲᠥᠯᠥᠪᠯᠡᠬᠦ ᠵᠢ ᠪᠡᠶᠡᠯᠡᠭᠦᠯᠵᠦ᠂ ᠲᠤᠰᠠᠯᠠᠨ ᠭᠡᠷᠡᠴᠢᠯᠡᠬᠦ ᠠᠵᠢᠯᠲᠠᠨ᠎ᠨᠢ ᠡᠷᠬᠡᠪᠰᠢ ᠲᠤᠰᠠᠯᠠᠨ ᠭᠡᠷᠡᠴᠢᠯᠡᠬᠦ ᠨᠥᠬᠥᠴᠡᠯ᠎ᠳᠤ ᠨᠡᠢ᠌ᠴᠡᠭᠰᠡᠨ ᠪᠠᠶ᠋ᠢᠬᠤ ᠬᠡᠷᠡᠭᠲᠡᠶ)

      ᠭᠡᠷᠡᠴᠢᠯᠡᠬᠦ ᠦᠶᠡᠯᠡᠯ᠎ᠤᠨ ᠬᠤᠭᠤᠴᠠᠭ᠎ᠠ᠄ ᠥᠪᠡᠷᠲᠡᠭᠡᠨ ᠵᠠᠰᠠᠬᠤ ᠣᠷᠣᠨ᠎ᠠᠴᠠ ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠣᠯᠭᠣᠮᠵᠢ ᠵᠢ ᠰᠠᠷ᠎ᠠ᠎ᠪᠠᠷ ᠠᠪᠴᠤ ᠪᠠᠢ᠌ᠭ᠎ᠠ ᠬᠥᠮᠥᠰ ᠡᠷᠬᠡᠪᠰᠢ ᠵᠢᠯ ᠪᠦᠷᠢ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠣᠯᠭᠣᠮᠵᠢ ᠵᠢᠨ ᠭᠡᠷᠡᠴᠢᠯᠡᠯ ᠬᠢᠬᠦ ᠬᠡᠷᠡᠭᠲᠡᠢ᠃ ᠡᠭᠦᠨ᠎ᠳᠤ᠄ ᠠᠵᠢᠯ᠎ᠠᠴᠠ᠎ᠪᠠᠨ ᠪᠠᠭᠤᠵᠤ ᠠᠮᠠᠷᠠᠭᠰᠠᠨ ᠣᠯᠭᠣᠮᠵᠢ ᠬᠦᠷᠲᠡᠭᠰᠡᠳ᠎ᠤᠨ ᠭᠡᠷᠡᠴᠢᠯᠡᠬᠦ ᠤᠳᠠᠭ᠎ᠠ ᠵᠢ ᠬᠢᠵᠠᠭ᠋ᠠᠷᠯᠠᠬᠤ ᠦᠭᠡᠢ᠂ 1 ᠡᠳᠦᠷ ᠠᠯᠤᠰᠯᠠᠬᠤ ᠴᠢᠬᠤᠯᠠᠲᠠᠢ ᠪᠠᠢ᠌ᠵᠤ᠂ ᠲᠣᠭᠲᠠᠮᠠᠯ ᠬᠤᠭᠤᠴᠠᠭ᠎ᠠ᠎ᠲᠠᠢ ᠨᠥᠭᠴᠢᠭᠰᠡᠳ᠎ᠤᠨ ᠭᠡᠷ ᠪᠦᠯᠢ ᠵᠢᠨ ᠣᠯᠭᠣᠮᠵᠢ ᠬᠦᠷᠲᠡᠵᠦ ᠪᠠᠢ᠌ᠭ᠎ᠠ ᠬᠥᠮᠥᠰ ᠰᠠᠷ᠎ᠠ ᠪᠦᠷᠢ ᠨᠢᠭᠡ ᠤᠳᠠᠭ᠎ᠠ ᠭᠡᠷᠡᠴᠢᠯᠡᠯ᠎ᠢ ᠪᠡᠶᠡᠯᠡᠭᠦᠯᠬᠦ ᠬᠡᠷᠡᠭᠲᠡᠶ᠃ ᠭᠡᠷᠡᠴᠢᠯᠡᠯ᠎ᠨᠢ ᠬᠤᠭᠤᠴᠠᠭ᠎ᠠ᠎ᠠᠴᠠ ᠬᠡᠲᠦᠷᠡᠬᠦ᠎ᠠᠴᠠ ᠡᠮᠦᠨ᠎ᠡ ᠣᠬᠣᠷ ᠮᠡᠳᠡᠭᠡ ᠶᠠᠪᠤᠭᠤᠯᠵᠤ ᠰᠠᠨᠠᠭᠤᠯᠤᠨ᠎ᠠ᠂ ᠡᠭᠦᠨ᠎ᠤ ᠤᠷᠢᠲᠠᠯ᠎ᠨᠢ ᠣᠯᠭᠣᠮᠵᠢ ᠬᠦᠷᠲᠡᠭᠴᠢ᠎ᠠᠴᠠ ᠮᠡᠳᠡᠭᠡ ᠵᠠᠩᠭᠢ ᠵᠢᠨ ᠰᠢᠰᠲ᠋ᠧᠮ᠎ᠳᠤ ᠦᠯᠡᠳᠡᠭᠡᠨ ᠬᠠᠳᠠᠭ᠋ᠠᠯᠠᠭᠰᠠᠨ ᠭᠠᠷ ᠤᠲᠠᠰᠤᠨ᠎ᠤ ᠨᠣᠮᠧᠷ᠎ᠨᠢ ᠲᠣᠰ ᠬᠥᠮᠥᠨ᠎ᠤ ᠬᠡᠷᠡᠭᠯᠡᠵᠦ ᠪᠠᠢ᠌ᠭ᠎ᠠ ᠭᠠᠷ ᠤᠲᠠᠰᠤᠨ᠎ᠤ ᠨᠣᠮᠧᠷ ᠪᠠᠢ᠌ᠬᠤ ᠬᠡᠷᠡᠭᠲᠡᠢ᠃

      ᠬᠥᠲᠥᠯᠥᠭᠴᠢ᠄ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠣᠯᠭᠣᠮᠵᠢ ᠬᠦᠷᠲᠡᠭᠴᠢ ᠭᠡᠷᠡᠴᠢᠯᠡᠯ᠎ᠢ ᠪᠡᠶᠡᠯᠡᠭᠦᠯᠦᠭᠰᠡᠨ᠎ᠤ ᠳᠠᠷᠠᠭ᠎ᠠ ᠭᠡᠷᠡᠴᠢᠯᠡᠯ᠎ᠤᠨ ᠦᠷ᠎ᠡ ᠳ᠋ᠦᠩ᠎ᠢ ᠬᠡᠷᠬᠢᠨ ᠰᠢᠢ᠍ᠳᠪᠦᠷᠢᠯᠡᠬᠦ ᠪᠤᠢ?

      ᠵᠠᠩ ᠴᠢ᠄ 《ᠨᠡᠢ᠌ᠭᠡᠮ᠎ᠤᠨ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠳᠦᠷᠢᠮ》᠎ᠢ 2023 ᠣᠨ᠎ᠤ 12 ᠰᠠᠷ᠎ᠠ ᠵᠢᠨ 1᠎ᠤ ᠡᠳᠦᠷ᠎ᠠᠴᠠ ᠵᠢᠩᠬᠢᠨᠢ᠎ᠪᠠᠷ ᠬᠡᠷᠡᠭᠵᠢᠭᠦᠯᠪᠡ᠃ 《ᠳᠦᠷᠢᠮ》᠎ᠤᠨ ᠬᠣᠷᠢᠨ ᠲᠠᠪᠤᠳᠤᠭ᠋ᠠᠷ ᠵᠦᠢ᠍ᠯ᠎ᠳᠤ᠂ ᠬᠤᠪᠢ ᠬᠥᠮᠥᠨ᠎ᠳᠤ ᠤᠯᠤᠰ᠎ᠠᠴᠠ ᠲᠣᠭᠲᠠᠭ᠋ᠠᠭᠰᠠᠨ ᠨᠡᠢ᠌ᠭᠡᠮ᠎ᠤᠨ ᠳᠠᠭ᠋ᠠᠳᠬᠠᠯ᠎ᠤᠨ ᠣᠯᠭᠣᠮᠵᠢ ᠭᠥᠷᠳᠡᠬᠦ ᠵᠢ ᠵᠣᠭᠰᠤᠭ᠋ᠠᠬᠤ ᠪᠠᠶ᠋ᠢᠳᠠᠯ ᠭᠠᠷᠪᠠᠯ᠂ ᠬᠥᠮᠥᠨ ᠬᠡᠷᠡᠭᠯᠡᠬᠦ ᠨᠢᠭᠡᠴᠢ᠂ ᠣᠯᠭᠣᠮᠵᠢ ᠬᠦᠷᠲᠡᠭᠴᠢ ᠪᠤᠶᠤ ᠲᠡᠭᠦᠨ᠎ᠤ ᠲᠥᠷᠥᠯ ᠰᠠᠳᠤᠨ᠎ᠨᠢ ᠬᠣᠯᠪᠣᠭᠳᠠᠯ ᠪᠦᠬᠦᠢ ᠪᠠᠶ᠋ᠢᠳᠠᠯ ᠡᠭᠦᠰᠦᠭᠰᠡᠨ ᠡᠳᠦᠷ᠎ᠠᠴᠠ ᠡᠬᠢᠯᠡᠨ 20 ᠠᠵᠢᠯᠯᠠᠬᠤ ᠡᠳᠦᠷ᠎ᠤᠨ ᠳᠣᠲᠣᠷ᠎ᠠ ᠨᠡᠢ᠌ᠭᠡᠮ᠎ᠤᠨ ᠳᠠᠭ᠋ᠠᠳᠬᠠᠯ᠎ᠢ ᠭᠠᠷᠲᠠᠨ ᠭᠦᠢ᠍ᠴᠡᠳᠬᠡᠬᠦ ᠪᠠᠢ᠌ᠭᠤᠯᠤᠮᠵᠢ᠎ᠳᠤ ᠮᠡᠳᠡᠭᠳᠡᠬᠦ ᠬᠡᠷᠡᠭᠲᠡᠶ ᠭᠡᠵᠦ ᠲᠣᠭᠲᠠᠭ᠋ᠠᠵᠠᠢ᠃ ᠨᠡᠢ᠌ᠭᠡᠮ᠎ᠤᠨ ᠳᠠᠭ᠋ᠠᠳᠬᠠᠯ᠎ᠢ ᠭᠠᠷᠳᠠᠨ ᠬᠢᠬᠦ ᠪᠠᠢ᠌ᠭᠤᠯᠤᠮᠵᠢ ᠬᠢᠨᠠᠨ ᠬᠠᠷᠭᠤᠭᠤᠯᠤᠭᠰᠠᠨ᠎ᠤ ᠳᠠᠷᠠᠭ᠎ᠠ ᠬᠠᠷᠠᠭ᠋ᠠᠯᠵᠠᠭᠰᠠᠨ ᠨᠡᠢ᠌ᠭᠡᠮ᠎ᠤᠨ ᠳᠠᠭ᠋ᠠᠳᠬᠠᠯ᠎ᠤᠨ ᠣᠯᠭᠣᠮᠵᠢ ᠣᠯᠭᠣᠬᠤ ᠵᠢ ᠵᠣᠭᠰᠤᠭ᠋ᠠᠬᠤ ᠬᠡᠷᠡᠭᠲᠡᠶ᠃ ᠬᠣᠷᠢᠨ ᠵᠢᠷᠭᠤᠳᠤᠭ᠋ᠠᠷ ᠵᠦᠢ᠍ᠯ᠎ᠳᠤ᠂ ᠨᠡᠢ᠌ᠭᠡᠮ᠎ᠤᠨ ᠳᠠᠭ᠋ᠠᠳᠬᠠᠯ᠎ᠢ ᠭᠠᠷᠳᠠᠨ ᠬᠢᠬᠦ ᠪᠠᠢ᠌ᠭᠤᠯᠤᠮᠵᠢ᠎ᠨᠢ ᠮᠡᠳᠡᠭᠡ ᠵᠠᠩᠭᠢ ᠵᠢ ᠬᠠᠷᠢᠴᠠᠭᠤᠯᠬᠤ᠂ ᠥᠪᠡᠰᠦᠪᠡᠨ ᠭᠡᠷᠡᠴᠢᠯᠡᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠨᠡᠢ᠌ᠭᠡᠮ᠎ᠤᠨ ᠳᠠᠭ᠋ᠠᠳᠬᠠᠯ᠎ᠤᠨ ᠣᠯᠭᠣᠮᠵᠢ ᠬᠦᠷᠲᠡᠬᠦ ᠬᠢᠷᠢ ᠬᠡᠮ᠎ᠢ ᠬᠢᠨᠠᠨ ᠰᠢᠯᠭ᠋ᠠᠬᠤ ᠬᠡᠷᠡᠭᠲᠡᠶ ᠭᠡᠵᠦ ᠲᠣᠭᠲᠠᠭ᠋ᠠᠵᠠᠢ᠃ ᠮᠡᠳᠡᠭᠡ ᠵᠠᠩᠭᠢ ᠵᠢ ᠬᠠᠷᠢᠴᠠᠭᠤᠯᠬᠤ᠂ ᠥᠪᠡᠰᠦᠪᠡᠨ ᠭᠡᠷᠡᠴᠢᠯᠡᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠨᠡᠢ᠌ᠭᠡᠮ᠎ᠤᠨ ᠳᠠᠭ᠋ᠠᠳᠬᠠᠯ᠎ᠤᠨ ᠣᠯᠭᠣᠮᠵᠢ ᠬᠦᠷᠲᠡᠬᠦ ᠬᠢᠷᠢ ᠬᠡᠮ᠎ᠢ ᠨᠤᠲᠠᠯᠠᠨ ᠲᠣᠭᠲᠠᠭ᠋ᠠᠬᠤ ᠵᠢᠨ ᠠᠷᠭ᠎ᠠ ᠦᠭᠡᠢ ᠪᠠᠢ᠌ᠪᠠᠯ᠂ ᠨᠡᠢ᠌ᠭᠡᠮ᠎ᠤᠨ ᠳᠠᠭ᠋ᠠᠳᠬᠠᠯ᠎ᠢ ᠭᠠᠷᠳᠠᠨ ᠬᠢᠬᠦ ᠪᠠᠢ᠌ᠭᠤᠯᠤᠮᠵᠢ᠎ᠠᠴᠠ ᠬᠥᠮᠥᠨ ᠬᠡᠷᠡᠭᠯᠡᠬᠦ ᠨᠢᠭᠡᠴᠢ ᠪᠤᠶᠤ ᠭᠤᠷᠪᠠᠳᠠᠭᠢ ᠡᠲᠡᠭᠡᠳ᠎ᠤᠨ ᠪᠠᠢ᠌ᠭᠤᠯᠤᠮᠵᠢ᠎ᠳᠤ ᠨᠠᠶ᠋ᠢᠳᠠᠵᠤ ᠬᠢᠨᠠᠨ ᠬᠠᠷᠭᠤᠭᠤᠯᠤᠭᠤᠯᠵᠤ ᠪᠣᠯᠣᠨ᠎ᠠ᠃ ᠨᠡᠢ᠌ᠭᠡᠮ᠎ᠤᠨ ᠳᠠᠭ᠋ᠠᠳᠬᠠᠯ᠎ᠤᠨ ᠣᠯᠭᠣᠮᠵᠢ ᠵᠢ ᠡᠳ᠋ᠯᠡᠬᠦ ᠬᠢᠷᠢ ᠬᠡᠮ ᠵᠶ᠋ᠡᠨ ᠠᠯᠳᠠᠭᠰᠠᠨ᠎ᠤ ᠳᠠᠷᠠᠭ᠎ᠠ ᠦᠷᠭᠦᠯᠵᠢᠯᠡᠨ ᠣᠯᠭᠣᠮᠵᠢ ᠬᠦᠷᠲᠡᠵᠦ ᠪᠠᠢ᠌ᠭ᠎ᠠ ᠰᠡᠵᠢᠭᠯᠡᠯᠲᠡᠢ ᠪᠠᠢ᠌ᠪᠠᠯ᠂ ᠨᠡᠢ᠌ᠭᠡᠮ᠎ᠤᠨ ᠳᠠᠭ᠋ᠠᠳᠬᠠᠯ᠎ᠢ ᠭᠠᠷᠳᠠᠨ ᠬᠢᠬᠦ ᠪᠠᠢ᠌ᠭᠤᠯᠤᠮᠵᠢ᠎ᠠᠴᠠ ᠪᠠᠢ᠌ᠴᠠᠭ᠋ᠠᠨ ᠬᠠᠷᠭᠤᠭᠤᠯᠬᠤ ᠬᠡᠷᠡᠭᠲᠡᠶ᠃ ᠪᠠᠢ᠌ᠴᠠᠭ᠋ᠠᠯᠲᠠ᠎ᠪᠠᠷ ᠳᠠᠮᠵᠢᠨ ᠨᠡᠢ᠌ᠭᠡᠮ᠎ᠤᠨ ᠳᠠᠭ᠋ᠠᠳᠬᠠᠯ᠎ᠤᠨ ᠣᠯᠭᠣᠮᠵᠢ ᠬᠦᠷᠲᠡᠬᠦ ᠬᠢᠷᠢ ᠬᠡᠮ᠎ᠳᠤ ᠨᠡᠶ᠋ᠢᠴᠡᠬᠦ ᠦᠭᠡᠢ ᠭᠡᠵᠦ ᠨᠤᠲᠠᠯᠠᠭᠰᠠᠨ ᠪᠠᠢ᠌ᠪᠠᠯ᠂ ᠣᠯᠭᠣᠮᠵᠢ ᠣᠯᠭᠣᠬᠤ ᠵᠢ᠎ᠨᠢ ᠵᠣᠭᠰᠣᠭ᠋ᠠᠨ᠎ᠠ᠃ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠠᠯᠪᠠᠨ ᠲᠢᠩᠬᠢᠮ᠎ᠤᠨ 《〈ᠨᠡᠢ᠌ᠭᠡᠮ᠎ᠤᠨ ᠳᠠᠭ᠋ᠠᠳᠬᠠᠯ᠎ᠤᠨ ᠣᠯᠭᠣᠮᠵᠢ ᠭᠥᠷᠳᠡᠬᠦ ᠬᠢᠷᠢ ᠬᠡᠮ᠎ᠢ ᠨᠤᠲᠠᠯᠠᠬᠤ ᠭᠠᠷᠲᠠᠨ ᠭᠦᠢ᠍ᠴᠡᠳᠬᠡᠬᠦ ᠳᠦᠷᠢᠮ〉᠎ᠢ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ》 (ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ ᠲᠠᠷᠬᠠᠭ᠋ᠠᠭᠰᠠᠨ [2018] 107 ᠳ᠋ᠤᠭ᠋ᠠᠷ ᠲᠣᠭ᠋ᠠᠲᠤ)᠎ᠤᠨ ᠲᠣᠭᠲᠠᠭ᠋ᠠᠯ᠎ᠢ ᠦᠨᠳᠦᠰᠦᠯᠡᠪᠡᠯ᠂ ᠨᠢᠭᠡ ᠭᠡᠷᠡᠴᠢᠯᠡᠯ᠎ᠤᠨ ᠦᠶᠡᠯᠡᠯ᠎ᠤᠨ ᠬᠤᠭᠤᠴᠠᠭ᠋ᠠᠨ᠎ᠳᠤ ᠣᠯᠭᠣᠮᠵᠢ ᠭᠥᠷᠳᠡᠬᠦ ᠬᠢᠷᠢ ᠬᠡᠮ᠎ᠤᠨ ᠭᠡᠷᠡᠴᠢᠯᠡᠯ ᠠᠪᠤᠭᠰᠠᠨ ᠦᠭᠡᠢ ᠬᠥᠮᠥᠰ᠎ᠲᠤ ᠨᠠᠰᠤᠵᠢᠯ᠎ᠤᠨ ᠠᠰᠠᠷᠠᠮᠵᠢ ᠵᠢᠨ ᠮᠥᠩᠭᠥ ᠣᠯᠭᠣᠬᠤ ᠵᠢ ᠲᠦᠷ ᠵᠣᠭᠰᠣᠭ᠋ᠠᠨ᠎ᠠ᠃ ᠡᠭᠦᠨ᠎ᠤ ᠬᠠᠮᠲᠤ ᠳᠣᠲᠣᠭ᠋ᠠᠳᠤ ᠵᠢ ᠬᠠᠮᠠᠭ᠋ᠠᠯᠠᠬᠤ᠂ ᠠᠷᠠᠳ᠎ᠤᠨ ᠶᠠᠪᠤᠳᠠᠯ ᠪᠠ ᠡᠷᠡᠭᠦᠯ ᠬᠠᠮᠠᠭ᠋ᠠᠯᠠᠯ ᠡᠷᠡᠭᠦᠯ ᠮᠠᠨᠳᠤ ᠵᠢᠨ ᠵᠥᠪᠯᠡᠯ ᠵᠡᠷᠭᠡ ᠰᠠᠯᠠᠭ᠎ᠠ ᠮᠥᠴᠢᠷ᠎ᠤᠨ ᠲᠣᠮᠣ ᠳ᠋ᠠᠢ᠌ᠲ᠋ᠠ ᠵᠢᠨ ᠮᠡᠳᠡᠭᠡ ᠵᠠᠩᠭᠢ᠎ᠲᠠᠢ ᠬᠠᠷᠢᠴᠠᠭᠤᠯᠬᠤ᠎ᠪᠠᠷ ᠳᠡᠮᠵᠢᠨ᠂ ᠲᠡᠳᠡᠨ᠎ᠤ ᠣᠯᠭᠣᠮᠵᠢ ᠠᠪᠬᠤ ᠬᠢᠷᠢ ᠬᠡᠮ᠎ᠢ ᠤᠯᠠᠮ ᠨᠢᠭᠡ ᠠᠯᠬᠤᠮ ᠬᠠᠷᠭᠤᠭᠤᠯᠤᠨ ᠪᠠᠢ᠌ᠴᠠᠭ᠋ᠠᠨ᠎ᠠ᠃ ᠣᠯᠭᠣᠬᠤ ᠨᠥᠬᠥᠴᠡᠯ᠎ᠳᠤ ᠨᠡᠢ᠌ᠴᠡᠭᠰᠡᠨ ᠪᠠᠢ᠌ᠪᠠᠯ ᠦᠷᠭᠦᠯᠵᠢᠯᠡᠨ ᠣᠯᠭᠣᠬᠤ ᠵᠢᠨ ᠬᠠᠮᠲᠤ ᠲᠦᠷ ᠵᠣᠭᠰᠣᠭ᠋ᠠᠭᠰᠠᠨ ᠬᠤᠭᠤᠴᠠᠭ᠋ᠠᠨ᠎ᠳᠠᠬᠢ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠣᠯᠭᠣᠮᠵᠢ ᠵᠢ ᠨᠥᠬᠥᠪᠦᠷᠢᠯᠡᠨ ᠣᠯᠭᠣᠨ᠎ᠠ; ᠣᠯᠭᠣᠬᠤ ᠨᠥᠬᠥᠴᠡᠯ᠎ᠳᠤ ᠨᠡᠶ᠋ᠢᠴᠡᠬᠦ ᠦᠭᠡᠢ ᠪᠣᠯ ᠣᠯᠭᠣᠮᠵᠢ ᠵᠢ᠎ᠨᠢ ᠵᠣᠭᠰᠤᠭ᠋ᠠᠬᠤ ᠵᠢᠨ ᠬᠠᠮᠲᠤ ᠲᠣᠭᠲᠠᠭ᠋ᠠᠯ᠎ᠠᠴᠠ ᠵᠥᠷᠢᠴᠡᠨ ᠠᠪᠤᠭᠰᠠᠨ ᠨᠠᠰᠤᠵᠢᠯ᠎ᠤᠨ ᠳᠠᠭ᠋ᠠᠳᠬᠠᠯ᠎ᠤᠨ ᠣᠯᠭᠣᠮᠵᠢ ᠵᠢ᠎ᠨᠢ ᠨᠡᠬᠡᠮᠵᠢᠯᠡᠨ ᠲᠤᠰᠢᠶᠠᠯᠭ᠋ᠠᠨ᠎ᠠ᠃

      ᠬᠥᠲᠥᠯᠥᠭᠴᠢ᠄ ᠲᠡᠭᠡᠪᠡᠯ ᠭᠡᠷᠡᠴᠢᠯᠡᠯ᠎ᠤᠨ ᠦᠷ᠎ᠡ ᠳ᠋ᠦᠩ᠎ᠢ ᠬᠡᠷᠬᠢᠨ ᠪᠠᠢ᠌ᠴᠠᠭ᠋ᠠᠨ ᠯᠠᠪᠯᠠᠬᠤ ᠪᠤᠢ?

      ᠵᠠᠩ ᠴᠢ᠄ ᠭᠡᠷᠡᠴᠢᠯᠡᠯ᠎ᠤᠨ ᠦᠷ᠎ᠡ ᠳ᠋ᠦᠩ᠎ᠢ ᠪᠠᠢ᠌ᠴᠠᠭ᠋ᠠᠨ ᠯᠠᠪᠯᠠᠬᠤ᠎ᠳᠤ 《ᠥᠪᠥᠷ ᠮᠣᠩᠭᠣᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ》 ᠵᠢᠨ ᠭᠠᠷ ᠤᠲᠠᠰᠤᠨ᠎ᠤ APP᠎ᠪᠠᠷ ᠰᠢᠰᠲ᠋ᠧᠮ᠎ᠳᠤ ᠨᠡᠪᠳᠡᠷᠡᠨ᠎ᠡ — ᠳᠡᠯᠭᠡᠴᠡ ᠵᠢᠨ ᠳᠡᠭᠡᠷ᠎ᠡ ᠲᠠᠯ᠎ᠠ᠎ᠳᠤ 《ᠨᠠᠩ ᠤᠯᠠᠨ》᠎ᠢ ᠲᠣᠪᠴᠢᠳᠠᠨ᠎ᠠ — 《ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ》 — 《ᠭᠡᠷᠡᠴᠢᠯᠡᠯ᠎ᠤᠨ ᠲᠡᠮᠳᠡᠭᠯᠡᠯ᠎ᠢ ᠪᠠᠢ᠌ᠴᠠᠭ᠋ᠠᠨ ᠯᠠᠪᠯᠠᠬᠤ》 ᠲᠣᠪᠶᠣᠭ — 《ᠪᠡᠶ᠎ᠡ ᠵᠢᠨ ᠦᠨᠡᠮᠯᠡᠯ᠎ᠤᠨ ᠨᠣᠮᠧᠷ》 《ᠣᠪᠣᠭ ᠨᠡᠷ᠎ᠡ》᠎ᠪᠠᠨ ᠲᠠᠰ ᠳᠠᠷᠠᠭ᠋ᠠᠯᠠᠨ ᠲᠠᠭᠯᠠᠨ᠎ᠠ — ᠳᠠᠬᠢᠨ 《ᠪᠠᠢ᠌ᠴᠠᠭ᠋ᠠᠨ ᠯᠠᠪᠯᠠᠬᠤ》 ᠵᠢ ᠰᠣᠩᠭᠣᠨ᠎ᠠ — ᠵᠢᠰᠦ ᠴᠢᠷᠠᠢ᠎ᠪᠠᠷ ᠭᠡᠷᠡᠴᠢᠯᠡᠭᠰᠡᠨ᠎ᠤ ᠳᠠᠷᠠᠭ᠎ᠠ ᠳᠠᠷᠤᠢ ᠪᠠᠢ᠌ᠴᠠᠭ᠋ᠠᠨ ᠯᠠᠪᠯᠠᠵᠤ ᠪᠣᠯᠣᠨ᠎ᠠ᠃ ᠪᠠᠰᠠ ᠸᠢᠴᠠᠲ ᠵᠶ᠋ᠠᠷ ᠪᠠᠢ᠌ᠴᠠᠭ᠋ᠠᠨ ᠯᠠᠪᠯᠠᠵᠤ ᠪᠣᠯᠣᠨ᠎ᠠ᠄ ᠸᠢᠴᠠᠲ᠎ᠲᠤ ᠨᠡᠪᠳᠡᠷᠡᠨ᠎ᠡ — ᠳᠡᠯᠭᠡᠴᠡ ᠵᠢᠨ ᠳᠣᠣᠷ᠎ᠠ ᠲᠠᠯ᠎ᠠ ᠵᠢᠨ 《ᠬᠠᠷᠢᠯᠴᠠᠬᠤ ᠬᠠᠶᠢᠭ᠎ᠤᠨ ᠳᠡᠪᠲᠡᠷ》 ᠲᠣᠪᠶᠣᠭ᠎ᠢ ᠲᠣᠪᠴᠢᠳᠠᠨ᠎ᠠ — ᠳᠡᠭᠡᠷ᠎ᠡ ᠲᠠᠯ᠎ᠠ ᠵᠢᠨ 《ᠨᠠᠢ᠌ᠳᠠ ᠵᠢᠨ ᠳ᠋ᠤᠭ᠋ᠠᠷ》᠎ᠢ ᠲᠣᠪᠴᠢᠳᠠᠨ᠎ᠠ — 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠳᠠᠭ᠋ᠠᠳᠬᠠᠯ᠎ᠤᠨ ᠠᠵᠢᠯ ᠦᠢ᠍ᠯᠡᠰ᠎ᠤᠨ ᠦᠢ᠍ᠯᠡᠴᠢᠯᠡᠭᠡᠨ᠎ᠤ ᠲᠥᠪ》᠎ᠢ ᠬᠠᠶ᠋ᠢᠬᠤ ᠵᠢᠨ ᠬᠠᠮᠲᠤ ᠠᠩᠬᠠᠷᠤᠯ᠎ᠳᠤ᠎ᠪᠠᠨ ᠠᠪᠤᠨ᠎ᠠ — 《ᠣᠯᠭᠣᠮᠵᠢ ᠵᠢᠨ ᠭᠡᠷᠡᠴᠢᠯᠡᠯ᠎ᠤᠨ ᠲᠡᠮᠳᠡᠭᠯᠡᠯ᠎ᠢ ᠯᠠᠪᠯᠠᠬᠤ》 ᠵᠢ ᠲᠣᠪᠴᠢᠳᠠᠨ᠎ᠠ — 《ᠪᠡᠶ᠎ᠡ ᠵᠢᠨ ᠦᠨᠡᠮᠯᠡᠯ᠎ᠤᠨ ᠨᠣᠮᠧᠷ》 《ᠣᠪᠣᠭ ᠨᠡᠷ᠎ᠡ》᠎ᠪᠠᠨ ᠲᠠᠭᠯᠠᠨ᠎ᠠ — ᠳᠠᠬᠢᠨ 《ᠪᠠᠢ᠌ᠴᠠᠭ᠋ᠠᠨ ᠯᠠᠪᠯᠠᠬᠤ》 ᠵᠢ ᠰᠣᠩᠭᠣᠨ᠎ᠠ — ᠵᠢᠰᠦ ᠴᠢᠷᠠᠢ᠎ᠪᠠᠷ ᠭᠡᠷᠡᠴᠢᠯᠡᠭᠰᠡᠨ᠎ᠤ ᠳᠠᠷᠠᠭ᠎ᠠ ᠳᠠᠷᠤᠢ ᠪᠠᠢ᠌ᠴᠠᠭ᠋ᠠᠨ ᠯᠠᠪᠯᠠᠵᠤ ᠪᠣᠯᠣᠨ᠎ᠠ᠃

      ᠬᠥᠲᠥᠯᠥᠭᠴᠢ᠄ ᠭᠡᠷᠡᠴᠢᠯᠡᠯᠲᠡ ᠵᠢ ᠲᠦᠷ ᠵᠣᠭᠰᠣᠭ᠋ᠠᠭᠰᠠᠨ᠎ᠤ ᠳᠠᠷᠠᠭ᠎ᠠ ᠣᠯᠭᠣᠮᠵᠢ ᠵᠢ ᠬᠡᠷᠬᠢᠨ ᠦᠷᠭᠦᠯᠵᠢᠯᠡᠨ ᠣᠯᠭᠣᠬᠤ ᠪᠤᠢ?

      ᠵᠠᠩ ᠴᠢ᠄ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠣᠯᠭᠣᠮᠵᠢ ᠣᠯᠭᠣᠬᠤ ᠵᠢ ᠲᠦᠷ ᠵᠣᠭᠰᠣᠭ᠋ᠠᠭᠰᠠᠨ ᠬᠥᠮᠥᠰ᠂ ᠠᠯᠢ ᠬᠤᠷᠳᠤᠨ ᠵᠶ᠋ᠠᠷ 《ᠥᠪᠥᠷ ᠮᠣᠩᠭᠣᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ》 ᠵᠢᠨ ᠭᠠᠷ ᠤᠲᠠᠰᠤᠨ᠎ᠤ APP ᠪᠤᠶᠤ 《ᠥᠪᠥᠷ ᠮᠣᠩᠭᠣᠯ᠎ᠤᠨ ᠨᠡᠢ᠌ᠭᠡᠮ᠎ᠤᠨ ᠳᠠᠭ᠋ᠠᠳᠬᠠᠯ᠎ᠤᠨ ᠦᠢ᠍ᠯᠡᠰ᠎ᠤᠨ ᠦᠢ᠍ᠯᠡᠴᠢᠯᠡᠭᠡᠨ᠎ᠤ ᠲᠥᠪ》᠎ᠤᠨ ᠸᠢᠴᠠᠲ᠎ᠤᠨ ᠨᠠᠢ᠌ᠳᠠ ᠵᠢᠨ ᠳ᠋ᠤᠭ᠋ᠠᠷ ᠵᠶ᠋ᠠᠷ ᠳᠠᠮᠵᠢᠭᠤᠯᠤᠨ ᠣᠯᠭᠣᠮᠵᠢ ᠠᠪᠬᠤ ᠬᠢᠷᠢ ᠬᠡᠮ᠎ᠤᠨ ᠭᠡᠷᠡᠴᠢᠯᠡᠯ ᠬᠢᠬᠦ ᠬᠡᠷᠡᠭᠲᠡᠢ᠃ 2024 ᠣᠨ᠎ᠤ 6 ᠰᠠᠷ᠎ᠠ᠎ᠠᠴᠠ ᠡᠮᠦᠨ᠎ᠡ᠂ ᠭᠡᠷᠡᠴᠢᠯᠡᠯ ᠬᠢᠭᠰᠡᠨ ᠦᠭᠡᠢ᠎ᠠᠴᠠ ᠪᠣᠯᠵᠤ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠣᠯᠭᠣᠮᠵᠢ ᠵᠢ ᠲᠦᠷ ᠵᠣᠭᠰᠣᠭ᠋ᠠᠭᠰᠠᠨ ᠬᠥᠮᠥᠰ᠂ ᠭᠡᠷᠡᠴᠢᠯᠡᠯ ᠬᠢᠭᠰᠡᠨ᠎ᠤ ᠳᠠᠷᠠᠭ᠎ᠠ ᠠᠵᠢᠯ᠎ᠠᠴᠠ᠎ᠪᠠᠨ ᠠᠮᠠᠷᠠᠬᠤ᠎ᠠᠴᠠ ᠡᠮᠦᠨᠡᠬᠢ ᠨᠢᠭᠡᠴᠢ᠎ᠳᠤ᠎ᠪᠠᠨ ᠮᠡᠳᠡᠭᠳᠡᠬᠦ ᠬᠡᠷᠡᠭᠲᠡᠶ᠂ ᠨᠢᠭᠡᠴᠢ᠎ᠠᠴᠠ ᠣᠯᠭᠣᠮᠵᠢ ᠵᠢ ᠦᠷᠭᠦᠯᠵᠢᠯᠡᠨ ᠲᠠᠷᠬᠠᠭ᠋ᠠᠬᠤ ᠲᠤᠬᠠᠢ᠌ᠯᠠᠭᠰᠠᠨ ᠠᠵᠢᠯ᠎ᠤᠨ ᠮᠠᠲ᠋ᠧᠷᠢᠶᠠᠯ᠎ᠢ ᠮᠡᠳᠡᠭᠦᠯᠦᠨ ᠬᠦᠷᠭᠡᠭᠰᠡᠨ ᠲᠣᠰ ᠰᠠᠷ᠎ᠠ᠎ᠳᠤ᠂ ᠨᠡᠢ᠌ᠭᠡᠮ᠎ᠤᠨ ᠳᠠᠭ᠋ᠠᠳᠬᠠᠯ᠎ᠢ ᠭᠠᠷᠲᠠᠨ ᠭᠦᠢ᠍ᠴᠡᠳᠬᠡᠬᠦ ᠪᠠᠢ᠌ᠭᠤᠯᠤᠮᠵᠢ ᠵᠢᠨ ᠠᠵᠢᠯᠲᠠᠨ ᠰᠢᠰᠲ᠋ᠧᠮ ᠵᠶ᠋ᠡᠷ ᠭᠡᠷᠡᠴᠢᠯᠡᠨ ᠮᠠᠭ᠋ᠠᠳᠯᠠᠭᠰᠠᠨ ᠲᠡᠮᠳᠡᠭᠯᠡᠯ᠎ᠢ ᠬᠢᠨᠠᠨ ᠬᠠᠷᠭᠤᠭᠤᠯᠤᠭᠰᠠᠨ᠎ᠤ ᠳᠠᠷᠠᠭ᠎ᠠ᠂ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠣᠯᠭᠣᠮᠵᠢ ᠵᠢ ᠰᠡᠷᠭᠦᠭᠡᠬᠦ ᠵᠢᠨ ᠬᠠᠮᠲᠤ ᠲᠦᠷ ᠵᠣᠭᠰᠣᠭ᠋ᠠᠭᠰᠠᠨ ᠬᠤᠭᠤᠴᠠᠭ᠋ᠠᠨ᠎ᠳᠠᠬᠢ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠣᠯᠭᠣᠮᠵᠢ ᠵᠢ ᠪᠥᠬᠥᠨ᠎ᠢ ᠨᠥᠬᠥᠨ ᠣᠯᠭᠣᠨ᠎ᠠ᠃ 2024 ᠣᠨ᠎ᠤ 6 ᠰᠠᠷ᠎ᠠ᠎ᠠᠴᠠ ᠰᠡᠭᠦᠯᠡᠷ᠂ ᠭᠡᠷᠡᠴᠢᠯᠡᠯ ᠬᠢᠭᠰᠡᠨ ᠦᠭᠡᠢ᠎ᠠᠴᠠ ᠪᠣᠯᠵᠤ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠣᠯᠭᠣᠮᠵᠢ ᠵᠢ ᠲᠦᠷ ᠵᠣᠭᠰᠣᠭ᠋ᠠᠭᠰᠠᠨ ᠬᠥᠮᠥᠰ ᠭᠡᠷᠡᠴᠢᠯᠡᠯ ᠬᠢᠭᠰᠡᠨ᠎ᠤ ᠳᠠᠷᠠᠭ᠎ᠠ᠂ ᠨᠡᠢ᠌ᠭᠡᠮ᠎ᠤᠨ ᠳᠠᠭ᠋ᠠᠳᠬᠠᠯ᠎ᠤᠨ ᠲᠤᠬᠠᠢ᠌ᠯᠠᠭᠰᠠᠨ ᠠᠵᠢᠯ᠎ᠤᠨ ᠰᠢᠰᠲ᠋ᠧᠮ ᠠᠶᠠᠨᠳᠠᠭ᠋ᠠᠨ ᠨᠥᠬᠥᠵᠦ ᠦᠷᠭᠦᠯᠵᠢᠯᠡᠨ ᠣᠯᠭᠣᠨ᠎ᠠ᠃ ᠨᠢᠭᠡᠴᠢ᠎ᠠᠴᠠ ᠣᠯᠭᠣᠮᠵᠢ ᠵᠢᠨ ᠬᠢᠷᠢ ᠬᠡᠮ᠎ᠤᠨ ᠭᠡᠷᠡᠴᠢᠯᠡᠯ᠎ᠢ ᠲᠤᠰᠠᠯᠠᠨ ᠬᠢᠭᠰᠡᠨ ᠪᠠᠢ᠌ᠪᠠᠯ᠂ ᠨᠢᠭᠡᠴᠢ᠎ᠠᠴᠠ ᠣᠯᠭᠣᠮᠵᠢ ᠵᠢᠨ ᠬᠢᠷᠢ ᠬᠡᠮ᠎ᠤᠨ ᠭᠡᠷᠡᠴᠢᠯᠡᠯ᠎ᠤᠨ ᠪᠦᠷᠢᠨ ᠪᠦᠲᠦᠨ ᠮᠠᠲ᠋ᠧᠷᠢᠶᠠᠯ᠎ᠢ ᠮᠡᠳᠡᠭᠦᠯᠦᠨ ᠬᠦᠷᠭᠡᠵᠦ᠂ ᠨᠡᠢ᠌ᠭᠡᠮ᠎ᠤᠨ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠪᠠᠢ᠌ᠭᠤᠯᠤᠮᠵᠢ ᠵᠢᠨ ᠠᠵᠢᠯᠲᠠᠨ ᠭᠠᠷ ᠵᠶ᠋ᠠᠷ ᠰᠢᠰᠲ᠋ᠧᠮ᠎ᠳᠤ ᠣᠷᠣᠭᠤᠯᠤᠭᠰᠠᠨ᠎ᠤ ᠳᠠᠷᠠᠭ᠎ᠠ᠂ ᠲᠣᠰ ᠰᠠᠷ᠎ᠠ᠎ᠳᠤᠨᠢ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠣᠯᠭᠣᠮᠵᠢ ᠵᠢ ᠰᠡᠷᠭᠦᠭᠡᠬᠦ ᠵᠢᠨ ᠬᠠᠮᠲᠤ ᠲᠦᠷ ᠵᠣᠭᠰᠣᠭ᠋ᠠᠭᠰᠠᠨ ᠬᠤᠭᠤᠴᠠᠭ᠋ᠠᠨ᠎ᠳᠠᠬᠢ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠣᠯᠭᠣᠮᠵᠢ ᠵᠢ ᠪᠥᠬᠥᠨ᠎ᠢ ᠨᠥᠬᠥᠨ ᠣᠯᠭᠣᠨ᠎ᠠ᠃

      ᠬᠥᠲᠥᠯᠥᠭᠴᠢ᠄ ᠣᠯᠭᠣᠮᠵᠢ ᠵᠢᠨ ᠬᠢᠷᠢ ᠬᠡᠮ᠎ᠤᠨ ᠭᠡᠷᠡᠴᠢᠯᠡᠯ ᠬᠢᠬᠦ᠎ᠳᠤ ᠪᠤᠰᠤᠳ ᠠᠩᠬᠠᠷᠬᠤ ᠵᠦᠢ᠍ᠯ ᠶᠠᠭᠤ ᠶᠠᠭᠤ ᠪᠠᠶ᠋ᠢᠬᠤ ᠪᠤᠢ?

      ᠵᠠᠩ ᠴᠢ᠄ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠣᠯᠭᠣᠮᠵᠢ ᠭᠤᠶᠤᠴᠢᠯᠠᠬᠤ ᠲᠤᠬᠠᠢ᠌ᠯᠠᠭᠰᠠᠨ ᠠᠵᠢᠯ᠎ᠤᠨ ᠳᠡᠰ ᠳᠠᠷᠠᠭ᠋ᠠᠯᠠᠯ᠎ᠤᠨ ᠬᠤᠪᠢᠷᠠᠯᠲᠠ ᠵᠢᠨ ᠪᠣᠳᠠᠲᠠᠢ ᠪᠠᠶ᠋ᠢᠳᠠᠯ᠎ᠢ ᠦᠨᠳᠦᠰᠦᠯᠡᠪᠡᠯ᠂ 2024 ᠣᠨ᠎ᠤ 6 ᠰᠠᠷ᠎ᠠ ᠵᠢᠨ 1᠎ᠤ ᠡᠳᠦᠷ᠎ᠠᠴᠠ ᠡᠬᠢᠯᠡᠨ᠂ ᠨᠡᠢ᠌ᠭᠡᠮ᠎ᠤᠨ ᠳᠠᠭ᠋ᠠᠳᠬᠠᠯ᠎ᠤᠨ ᠭᠠᠷᠳᠠᠨ ᠬᠢᠬᠦ ᠪᠠᠢ᠌ᠭᠤᠯᠤᠮᠵᠢ ᠵᠢᠨ ᠲᠤᠬᠠᠢ᠌ᠯᠠᠭᠰᠠᠨ ᠠᠵᠢᠯ᠎ᠤᠨ ᠭᠠᠷᠳᠠᠨ ᠬᠢᠬᠦ ᠠᠵᠢᠯᠲᠠᠨ ᠠᠵᠢᠯ᠎ᠠᠴᠠ᠎ᠪᠠᠨ ᠪᠠᠭᠤᠵᠤ ᠠᠮᠠᠷᠠᠬᠤ ᠲᠤᠬᠠᠢ᠌ᠯᠠᠭᠰᠠᠨ ᠠᠵᠢᠯ᠎ᠢ ᠭᠦᠢ᠍ᠴᠡᠳᠬᠡᠬᠦ ᠦᠶ᠎ᠡ᠎ᠳᠤ᠂ ᠠᠵᠢᠯ᠎ᠠᠴᠠ᠎ᠪᠠᠨ ᠪᠠᠭᠤᠵᠤ ᠠᠮᠠᠷᠠᠭᠰᠠᠳ᠎ᠤᠨ ᠭᠠᠷ ᠤᠲᠠᠰᠤᠨ᠎ᠤ ᠨᠣᠮᠧᠷ᠎ᠢ ᠪᠢᠴᠢᠵᠦ ᠣᠷᠣᠭᠤᠯᠬᠤ ᠴᠢᠬᠤᠯᠠᠲᠠᠢ᠂ ᠲᠤᠬᠠᠢ᠌ᠯᠠᠭᠰᠠᠨ ᠠᠵᠢᠯ᠎ᠢ ᠭᠦᠢ᠍ᠴᠡᠳᠬᠡᠵᠦ ᠳᠠᠭᠤᠰᠤᠭᠰᠠᠨ᠎ᠤ ᠳᠠᠷᠠᠭ᠎ᠠ ᠰᠢᠰᠲ᠋ᠧᠮ᠎ᠠᠴᠠ ᠠᠵᠢᠯ᠎ᠠᠴᠠ᠎ᠪᠠᠨ ᠪᠠᠭᠤᠵᠤ ᠠᠮᠠᠷᠠᠭᠰᠠᠳ᠎ᠲᠤ ᠣᠯᠭᠣᠮᠵᠢ ᠭᠥᠷᠳᠡᠬᠦ ᠬᠢᠷᠢ ᠬᠡᠮ᠎ᠤᠨ ᠭᠡᠷᠡᠴᠢᠯᠡᠯ ᠠᠪᠬᠤ ᠰᠠᠨᠠᠭᠤᠯᠤᠮᠵᠢ ᠵᠢᠨ ᠣᠬᠣᠷ ᠮᠡᠳᠡᠭᠡ ᠶᠠᠪᠤᠭᠤᠯᠬᠤ ᠵᠢᠨ ᠬᠠᠮᠲᠤ ᠲᠤᠬᠠᠢ᠌ᠯᠠᠭᠰᠠᠨ ᠠᠵᠢᠯ᠎ᠤᠨ ᠰᠢᠰᠲ᠋ᠧᠮ᠎ᠳᠤ ᠣᠯᠭᠣᠮᠵᠢ ᠵᠢ ᠪᠤᠳᠤᠬᠤ ᠠᠷᠭ᠎ᠠ ᠵᠢ ᠡᠯᠭᠦᠵᠦ᠂ ᠠᠵᠢᠯ᠎ᠠᠴᠠ᠎ᠪᠠᠨ ᠪᠠᠭᠤᠵᠤ ᠠᠮᠠᠷᠠᠭᠰᠠᠳ ᠠᠩᠬ᠎ᠠ ᠤᠳᠠᠭ᠎ᠠ ᠣᠯᠭᠣᠮᠵᠢ ᠭᠥᠷᠳᠡᠬᠦ ᠬᠢᠷᠢ ᠬᠡᠮ᠎ᠤᠨ ᠭᠡᠷᠡᠴᠢᠯᠡᠯ ᠠᠪᠤᠭᠰᠠᠨ᠎ᠤ ᠳᠠᠷᠠᠭ᠎ᠠ ᠰᠠᠶᠢ ᠠᠵᠢᠯ ᠵᠶ᠋ᠠᠨ ᠦᠷᠭᠦᠯᠵᠢᠯᠡᠨ ᠶᠠᠪᠤᠭᠤᠯᠵᠤ᠂ ᠠᠵᠢᠯ᠎ᠠᠴᠠ᠎ᠪᠠᠨ ᠪᠠᠭᠤᠵᠤ ᠠᠮᠠᠷᠠᠭᠰᠠᠳ᠎ᠤᠨ ᠨᠠᠰᠤᠵᠢᠯ᠎ᠤᠨ ᠠᠰᠠᠷᠠᠮᠵᠢ ᠵᠢᠨ ᠮᠥᠩᠭᠥ ᠵᠢ ᠪᠤᠳᠤᠬᠤ ᠲᠤᠬᠠᠢ᠌ᠯᠠᠭᠰᠠᠨ ᠠᠵᠢᠯ᠎ᠢ ᠭᠦᠢ᠍ᠴᠡᠳᠬᠡᠨ᠎ᠡ᠃ ᠠᠩᠬ᠎ᠠ ᠤᠳᠠᠭ᠋ᠠᠨ᠎ᠤ ᠭᠡᠷᠡᠴᠢᠯᠡᠯ᠎ᠤᠨ ᠣᠬᠣᠷ ᠮᠡᠳᠡᠭᠡᠨ᠎ᠤ ᠰᠠᠨᠠᠭᠤᠯᠤᠮᠵᠢ ᠲᠣᠰᠣᠭᠰᠠᠳ᠂ ᠣᠬᠣᠷ ᠮᠡᠳᠡᠭᠡᠨ᠎ᠤ ᠰᠠᠨᠠᠭᠤᠯᠤᠮᠵᠢ᠎ᠪᠠᠷ ᠠᠩᠬ᠎ᠠ ᠤᠳᠠᠭ᠎ᠠ ᠣᠯᠭᠣᠮᠵᠢ ᠭᠥᠷᠳᠡᠬᠦ ᠬᠢᠷᠢ ᠬᠡᠮ᠎ᠤᠨ ᠭᠡᠷᠡᠴᠢᠯᠡᠯ ᠵᠶ᠋ᠠᠨ ᠲᠦᠷᠭᠡᠬᠡᠨ ᠪᠡᠶᠡᠯᠡᠭᠦᠯᠵᠦ᠂ ᠭᠡᠷᠡᠴᠢᠯᠡᠯ ᠬᠢᠭᠰᠡᠨ ᠦᠭᠡᠢ᠎ᠠᠴᠠ ᠪᠣᠯᠵᠤ ᠨᠠᠰᠤᠵᠢᠯ᠎ᠤᠨ ᠳᠠᠭ᠋ᠠᠳᠬᠠᠯ᠎ᠤᠨ ᠣᠯᠭᠣᠮᠵᠢ ᠭᠥᠷᠳᠡᠬᠦ ᠵᠢ ᠨᠥᠯᠥᠭᠡᠯᠡᠬᠦ᠎ᠠᠴᠠ ᠵᠠᠢ᠌ᠯᠠᠰᠬᠢᠬᠦ ᠬᠡᠷᠡᠭᠲᠡᠶ᠃

      ᠬᠥᠲᠥᠯᠥᠭᠴᠢ᠄ ᠵᠠ᠂ ᠲᠠᠨ᠎ᠤ ᠬᠠᠯᠠᠰᠢᠷᠠᠯ ᠦᠭᠡᠢ ᠬᠠᠷᠢᠭᠤᠯᠤᠭᠰᠠᠨ᠎ᠳᠤ ᠲᠠᠯᠠᠷᠬᠠᠵᠤ ᠪᠠᠢ᠌ᠨ᠎ᠠ᠂ ᠥᠷᠭᠡᠨ ᠤᠯᠠᠨ ᠰᠦᠯᠵᠢᠶᠡᠨ᠎ᠤ ᠨᠠᠢ᠌ᠵᠠ ᠨᠠᠷ᠎ᠤᠨ ᠭᠥᠯᠢᠶᠡᠨ ᠠᠪᠴᠤ ᠦᠵᠡᠭᠰᠡᠨ᠎ᠳᠤ ᠴᠦ᠍ ᠲᠠᠯᠠᠷᠬᠠᠵᠤ ᠪᠠᠢ᠌ᠨ᠎ᠠ᠂ ᠲᠣᠰ ᠤᠳᠠᠭ᠋ᠠᠨ᠎ᠤ ᠰᠣᠷᠪᠤᠯᠵᠢᠯᠠᠭ᠎ᠠ ᠠᠲᠠ ᠬᠥᠷᠥᠶ᠎ᠡ᠂ ᠲᠠᠷᠠᠭ᠋ᠠᠴᠢ ᠵᠢᠨ ᠬᠤᠭᠤᠴᠠᠭ᠋ᠠᠨ᠎ᠳᠤ ᠳᠠᠬᠢᠭ᠋ᠠᠳ ᠠᠭᠤᠯᠵᠠᠶ᠎ᠠ!

      ᠵᠠᠩ ᠴᠢ᠄ ᠪᠠᠶᠠᠷᠲᠠᠢ!


ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            