ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠰᠤᠷᠪᠤᠯᠵᠢᠯᠠᠭ᠎ᠠ ᠶᠠᠷᠢᠯᠴᠠᠯᠭ᠎ᠠ
ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠮᠤᠵᠢ ᠠᠯᠤᠰᠯᠠᠨ ᠣᠨᠳᠣᠣ ᠭᠠᠵᠠᠷ᠎ᠲᠤ ᠡᠮᠨᠡᠭᠦᠯᠦᠭᠰᠡᠨ ᠵᠠᠷᠤᠳᠠᠯ᠎ᠢ ᠰᠢᠭᠤᠳ ᠳ᠋ᠦᠩᠨᠡᠨ ᠪᠤᠳᠤᠬᠤ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
ᠨᠡᠶ᠋ᠢᠲᠡᠯᠡᠭᠰᠡᠨ ᠴᠠᠭ᠄ 2024-12-20

      ᠴᠠᠭ᠄ 2024 — 11 — 15 10᠄ 30
      ᠵᠣᠴᠢᠨ᠄ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠳᠠᠭ᠋ᠠᠳᠬᠠᠯ᠎ᠤᠨ ᠦᠢ᠍ᠯᠡᠰ᠎ᠤᠨ ᠦᠢ᠍ᠯᠡᠴᠢᠯᠡᠭᠡᠨ᠎ᠤ ᠲᠥᠪ᠎ᠤᠨ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠲᠤᠬᠠᠢ᠌ᠯᠠᠭᠰᠠᠨ ᠠᠵᠢᠯ᠎ᠤᠨ ᠭᠠᠵᠠᠷ᠎ᠤᠨ ᠬᠣᠶᠠᠳᠤᠭ᠋ᠠᠷ ᠳᠡᠰ᠎ᠤᠨ ᠡᠷᠬᠢᠯᠡᠭᠴᠢ ᠭᠡᠰᠢᠭᠦᠴᠢ  ᠸᠠᠩ ᠽᠧ ᠵᠣᠣ
      ᠲᠣᠪᠴᠢᠯᠠᠯ᠄ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠵᠢ ᠣᠢ᠌ᠯᠠᠭ᠋ᠠᠬᠤ ᠬᠡᠮᠵᠢᠶ᠎ᠡ ᠵᠢ ᠦᠷᠭᠦᠯᠵᠢᠯᠡᠨ ᠥᠷᠭᠡᠳᠬᠡᠵᠦ᠂ ᠤᠯᠠᠨ ᠲᠦᠮᠡᠨ᠎ᠤ ᠬᠦᠰᠡᠯ ᠱᠠᠭ᠋ᠠᠷᠳᠠᠯᠭ᠎ᠠ᠎ᠳᠤ ᠴᠠᠭ ᠲᠤᠬᠠᠢ᠎ᠳᠤᠨᠢ ᠬᠠᠷᠢᠭᠤᠯᠲᠠ ᠥᠭᠬᠦ ᠵᠢᠨ ᠲᠥᠯᠥᠭᠡ᠂ ᠪᠢᠳᠡ ᠰᠢᠷᠢᠰ 《ᠰᠦᠯᠵᠢᠶᠡᠨ ᠳᠡᠭᠡᠷᠡᠬᠢ ᠰᠣᠷᠪᠤᠯᠵᠢᠯᠠᠭ᠎ᠠ》 ᠪᠤᠯᠤᠩ ᠭᠠᠷᠭ᠋ᠠᠵᠤ᠂ ᠲᠢᠩᠬᠢᠮ ᠰᠢᠰᠲ᠋ᠧᠮ᠎ᠤᠨ ᠭᠠᠵᠠᠷ ᠲᠠᠰᠤᠭ ᠨᠢᠭᠡᠴᠢ ᠵᠢᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠨᠥᠬᠥᠳ᠎ᠢ ᠤᠷᠢᠵᠤ ᠠᠵᠤ ᠠᠬᠤᠢ᠌ᠯᠠᠯ᠎ᠳᠤ ᠠᠰᠢᠭ ᠬᠦᠷᠲᠡᠭᠡᠵᠦ ᠠᠷᠠᠳ᠎ᠲᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢᠨ ᠲᠤᠬᠠᠢ ᠲᠠᠢ᠌ᠯᠤᠮᠵᠢ ᠬᠢᠯᠭᠡᠵᠦ᠂ ᠨᠡᠢ᠌ᠭᠡᠮ᠎ᠤᠨ ᠤᠯᠠᠨ ᠲᠦᠮᠡᠨ᠎ᠤ ᠠᠵᠢᠯ ᠶᠠᠪᠤᠳᠠᠯ ᠭᠦᠢ᠍ᠴᠡᠳᠬᠡᠬᠦ ᠶᠠᠪᠤᠴᠠ᠎ᠳᠤ ᠲᠤᠯᠭ᠋ᠠᠷᠠᠭᠰᠠᠨ ᠡᠷᠡᠭᠡᠯᠵᠡᠭᠡ᠎ᠲᠠᠢ ᠵᠦᠢ᠍ᠯ᠂ ᠬᠠᠯᠠᠮᠰᠢᠯ ᠴᠡᠭ᠎ᠤᠨ ᠠᠰᠠᠭᠤᠳᠠᠯ᠎ᠳᠤ ᠬᠠᠷᠢᠭᠤᠯᠲᠠ ᠥᠭᠪᠡ᠃ ᠲᠣᠰ ᠬᠤᠭᠤᠴᠠᠭ᠋ᠠᠨ᠎ᠤ ᠸᠢᠳᠢᠤ᠋ ᠰᠣᠷᠪᠤᠯᠵᠢᠯᠠᠭ᠎ᠠ᠎ᠳᠤ ᠭᠣᠣᠯᠳᠠᠭᠤ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠮᠤᠵᠢ ᠠᠯᠤᠰᠯᠠᠨ ᠣᠨᠳᠣᠣ ᠭᠠᠵᠠᠷ᠎ᠲᠤ ᠡᠮᠴᠢᠯᠡᠭᠦᠯᠦᠭᠰᠡᠨ ᠵᠠᠷᠤᠳᠠᠯ᠎ᠢ ᠰᠢᠭᠤᠳ ᠳ᠋ᠦᠩᠨᠡᠨ ᠪᠤᠳᠤᠬᠤ ᠲᠥᠷᠥ ᠵᠢᠨ ᠪᠣᠳᠣᠯᠭ᠎ᠠ᠎ᠳᠤ ᠲᠠᠢ᠌ᠯᠤᠮᠵᠢ ᠬᠢᠨ᠎ᠡ᠃
      ᠬᠥᠲᠥᠯᠥᠭᠴᠢ᠄ ᠰᠦᠯᠵᠢᠶᠡᠨ᠎ᠤ ᠠᠨᠳᠠ ᠨᠠᠷ ᠰᠠᠶ᠋ᠢᠨ ᠪᠠᠢ᠌ᠵᠠᠭ᠋ᠠᠨ᠎ᠠ ᠦᠦ! ᠲᠤᠰ ᠬᠤᠭᠤᠴᠠᠭ᠋ᠠᠨ᠎ᠤ ᠰᠦᠯᠵᠢᠶᠡᠨ ᠳᠡᠭᠡᠷᠡᠬᠢ ᠰᠣᠷᠪᠤᠯᠵᠢᠯᠠᠭ᠎ᠠ ᠵᠢᠨ ᠪᠤᠯᠤᠩ᠎ᠢ ᠬᠦᠯᠢᠶᠡᠨ ᠠᠪᠴᠤ ᠦᠵᠡᠬᠦ ᠵᠢ ᠪᠠᠶᠠᠷᠯᠠᠨ ᠤᠭᠲᠤᠵᠤ ᠪᠠᠢ᠍ᠨ᠎ᠠ᠃ ᠥᠨᠥᠳᠥᠷ ᠪᠢᠳᠡ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠳᠠᠭ᠋ᠠᠳᠬᠠᠯ᠎ᠤᠨ ᠠᠵᠢᠯ ᠦᠢ᠍ᠯᠡᠰ᠎ᠤᠨ ᠦᠢ᠍ᠯᠡᠴᠢᠯᠡᠭᠡᠨ᠎ᠤ ᠲᠥᠪ᠎ᠤᠨ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠲᠤᠬᠠᠢ᠌ᠯᠠᠭᠰᠠᠨ ᠠᠵᠢᠯ᠎ᠤᠨ ᠭᠠᠵᠠᠷ᠎ᠤᠨ ᠸᠠᠩ ᠽᠧ ᠵᠣᠣ ᠵᠢ ᠤᠷᠢᠵᠤ ᠠᠪᠴᠢᠷᠠᠭᠰᠠᠨ᠎ᠳᠠᠭᠠᠨ ᠮᠠᠰᠢ ᠪᠠᠶᠠᠷᠲᠠᠢ ᠪᠠᠢ᠌ᠨ᠎ᠠ᠂ ᠲᠡᠷᠡ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠮᠤᠵᠢ ᠠᠯᠤᠰᠯᠠᠨ ᠣᠨᠳᠣᠣ ᠭᠠᠵᠠᠷ᠎ᠲᠤ ᠡᠮᠨᠡᠭᠦᠯᠦᠭᠰᠡᠨ ᠵᠠᠷᠤᠳᠠᠯ᠎ᠢ ᠰᠢᠭᠤᠳ ᠳ᠋ᠦᠩᠨᠡᠨ ᠪᠤᠳᠤᠬᠤ ᠲᠤᠷᠰᠢᠯᠲᠠ ᠵᠢᠨ ᠠᠵᠢᠯ᠎ᠤᠨ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢᠨ ᠲᠤᠬᠠᠢ ᠤᠯᠠᠨ᠎ᠲᠠᠢ ᠬᠤᠪᠢᠶᠠᠯᠴᠠᠬᠤ᠎ᠪᠠᠷ ᠪᠠᠢ᠌ᠨ᠎ᠠ᠃ ᠲᠠᠨ᠎ᠢ ᠪᠠᠶᠠᠷᠯᠠᠨ ᠤᠭᠲᠤᠶ᠎ᠠ!
      ᠸᠠᠩ ᠽᠧ ᠵᠣᠣ᠄ ᠬᠥᠲᠥᠯᠥᠭᠴᠢ ᠰᠠᠶ᠋ᠢᠨ ᠦᠦ᠂ ᠲᠠ ᠪᠦᠬᠦᠨ ᠰᠠᠶ᠋ᠢᠨ ᠦᠦ! ᠠᠲᠠ ᠪᠢ ᠤᠯᠠᠨ᠎ᠲᠠᠢ ᠰᠠᠨᠠᠯ ᠵᠶ᠋ᠠᠨ ᠰᠣᠯᠢᠯᠴᠠᠬᠤ ᠪᠣᠯᠤᠭᠰᠠᠨ᠎ᠳᠠᠭᠠᠨ ᠮᠠᠰᠢ ᠪᠠᠶᠠᠷ᠎ᠲᠠᠢ ᠪᠠᠢ᠌ᠨ᠎ᠠ᠃ ᠡᠨᠡ ᠬᠦ᠌ ᠲᠣᠬᠢᠶᠠᠯ ᠵᠶ᠋ᠠᠷ ᠨᠡᠢ᠌ᠭᠡᠮ᠎ᠤᠨ ᠳᠠᠭ᠋ᠠᠳᠬᠠᠯ᠎ᠤᠨ ᠦᠢ᠍ᠯᠡᠰ᠎ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠥᠷᠭᠡᠨ ᠤᠯᠠᠨ ᠰᠦᠯᠵᠢᠶᠡᠨ᠎ᠤ ᠠᠨᠳᠠ ᠨᠠᠷ᠎ᠲᠤ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠵᠦ ᠪᠠᠢ᠌ᠨ᠎ᠠ!
      ᠬᠥᠲᠥᠯᠥᠭᠴᠢ᠄ ᠡᠨᠡ ᠵᠢᠯ᠎ᠤᠨ 3 ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠡᠷᠡᠭᠦᠯ ᠬᠠᠮᠠᠭ᠋ᠠᠯᠠᠯ ᠡᠷᠡᠭᠦᠯ ᠮᠠᠨᠳᠤ ᠵᠢᠨ ᠵᠥᠪᠯᠡᠯ ᠬᠠᠮᠲᠤᠷᠠᠨ 《ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠮᠤᠵᠢ ᠠᠯᠤᠰᠯᠠᠨ ᠣᠨᠳᠣᠣ ᠭᠠᠵᠠᠷ᠎ᠲᠤ ᠡᠮᠨᠡᠭᠦᠯᠦᠭᠰᠡᠨ ᠵᠠᠷᠤᠳᠠᠯ᠎ᠢ ᠰᠢᠭᠤᠳ ᠳ᠋ᠦᠩᠨᠡᠨ ᠪᠤᠳᠤᠬᠤ ᠲᠤᠷᠰᠢᠯᠲᠠ ᠵᠢᠨ ᠠᠵᠢᠯ᠎ᠢ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠲᠠᠷᠬᠠᠭ᠋ᠠᠵᠤ᠂ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠮᠤᠵᠢ ᠠᠯᠤᠰᠯᠠᠨ ᠣᠨᠳᠣᠣ ᠭᠠᠵᠠᠷ᠎ᠲᠤ ᠡᠮᠨᠡᠭᠦᠯᠦᠭᠰᠡᠨ ᠵᠠᠷᠤᠳᠠᠯ᠎ᠢ ᠰᠢᠭᠤᠳ ᠳ᠋ᠦᠩᠨᠡᠨ ᠪᠤᠳᠤᠬᠤ ᠲᠤᠷᠰᠢᠯᠲᠠ ᠵᠢᠨ ᠭᠠᠵᠠᠷ ᠣᠷᠣᠨ᠂ ᠭᠦᠢ᠍ᠴᠡᠳᠬᠡᠬᠦ ᠨᠥᠬᠥᠴᠡᠯ᠂ ᠳ᠋ᠦᠩᠨᠡᠨ ᠪᠤᠳᠤᠬᠤ ᠪᠠᠷᠢᠮᠵᠢᠶ᠎ᠠ ᠵᠡᠷᠭᠡ ᠠᠭᠤᠯᠭ᠎ᠠ ᠵᠢ ᠲᠣᠳᠣᠷᠬᠠᠢ᠌ᠯᠠᠪᠠ᠂ ᠶᠠᠭᠤᠨ᠎ᠤ ᠡᠮᠦᠨ᠎ᠡ᠂ ᠲᠠ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠮᠤᠵᠢ ᠠᠯᠤᠰᠯᠠᠨ ᠣᠨᠳᠣᠣ ᠭᠠᠵᠠᠷ᠎ᠲᠤ ᠡᠮᠨᠡᠭᠦᠯᠦᠭᠰᠡᠨ ᠵᠠᠷᠤᠳᠠᠯ᠎ᠢ ᠰᠢᠭᠤᠳ ᠳ᠋ᠦᠩᠨᠡᠨ ᠪᠤᠳᠤᠬᠤ ᠲᠤᠷᠰᠢᠯᠲᠠ ᠵᠢᠨ ᠠᠵᠢᠯ᠎ᠤᠨ ᠭᠣᠣᠯ ᠠᠭᠤᠯᠭ᠎ᠠ᠎ᠨᠢ ᠶᠠᠭᠤ ᠶᠠᠭᠤ ᠪᠣᠯᠬᠤ ᠵᠢ ᠲᠠᠨᠢᠯᠴᠠᠭᠤᠯᠤᠨ᠎ᠠ ᠦᠦ?
      ᠸᠠᠩ ᠽᠧ ᠵᠣᠣ᠄ ᠵᠠ᠃ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠮᠤᠵᠢ ᠠᠯᠤᠰᠯᠠᠨ ᠣᠨᠳᠣᠣ ᠭᠠᠵᠠᠷ᠎ᠲᠤ ᠡᠮᠨᠡᠭᠦᠯᠦᠭᠰᠡᠨ ᠵᠠᠷᠤᠳᠠᠯ᠎ᠢ ᠰᠢᠭᠤᠳ ᠳ᠋ᠦᠩᠨᠡᠨ ᠪᠤᠳᠤᠬᠤ ᠲᠤᠷᠰᠢᠯᠲᠠ ᠵᠢᠨ ᠠᠵᠢᠯ᠎ᠤᠨ ᠲᠥᠰᠥᠯ᠎ᠤᠨ ᠭᠣᠣᠯ ᠠᠭᠤᠯᠭ᠎ᠠ᠎ᠳᠤ ᠳᠣᠣᠷᠠᠬᠢ ᠬᠡᠳᠦᠨ ᠲᠠᠯ᠎ᠠ ᠪᠠᠭᠲᠠᠨ᠎ᠠ᠄
      ᠨᠢᠭᠡ᠂ ᠲᠤᠷᠰᠢᠯᠲᠠ ᠬᠢᠬᠦ ᠭᠠᠵᠠᠷ ᠣᠷᠣᠨ
      2024 ᠣᠨ᠎ᠤ 4 ᠰᠠᠷ᠎ᠠ ᠵᠢᠨ 1᠎ᠤ ᠡᠳᠦᠷ᠎ᠠᠴᠠ ᠡᠬᠢᠯᠡᠨ᠂ ᠬᠥᠬᠡᠬᠣᠲᠠ᠂ ᠪᠤᠭᠤᠲᠤ ᠬᠣᠲᠠ᠂ ᠦᠬᠠᠢ ᠬᠣᠲᠠ᠂ ᠤᠯᠠᠭ᠋ᠠᠨᠴᠠᠪ ᠬᠣᠲᠠ ᠪᠣᠯᠣᠨ ᠬᠢᠩᠭ᠋ᠠᠨ ᠠᠶ᠋ᠢᠮᠠᠭ᠎ᠲᠤ ᠠᠵᠢᠯ ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠮᠤᠵᠢ ᠠᠯᠤᠰᠯᠠᠨ ᠣᠨᠳᠣᠣ ᠭᠠᠵᠠᠷ᠎ᠲᠤ ᠡᠮᠨᠡᠭᠦᠯᠦᠭᠰᠡᠨ ᠵᠠᠷᠤᠳᠠᠯ᠎ᠢ ᠰᠢᠭᠤᠳ ᠳ᠋ᠦᠩᠨᠡᠨ ᠪᠤᠳᠤᠬᠤ ᠲᠤᠷᠰᠢᠯᠲᠠ ᠵᠢᠨ ᠠᠵᠢᠯ᠎ᠢ ᠡᠬᠢᠯᠡᠭᠦᠯᠬᠦ᠎ᠪᠠᠷ ᠰᠣᠩᠭᠣᠨ ᠲᠣᠭᠲᠠᠭ᠋ᠠᠵᠤ᠂ ᠲᠤᠷᠰᠢᠯᠲᠠ ᠵᠢᠨ ᠴᠡᠭ᠎ᠤᠨ ᠠᠶ᠋ᠢᠮᠠᠭ ᠬᠣᠲᠠ ᠵᠢᠨ ᠠᠵᠢᠯ᠎ᠤᠨ ᠬᠠᠷᠠᠭ᠎ᠠ᠎ᠪᠠᠷ ᠭᠡᠮᠲᠦᠭᠰᠡᠨ ᠬᠥᠮᠥᠰ ᠨᠡᠢ᠌ᠭᠡᠮ᠎ᠤᠨ ᠪᠠᠲᠤᠯᠠᠭ᠎ᠠ ᠵᠢᠨ ᠺᠠᠷᠲ (ᠡᠯᠧᠺᠲᠷᠣᠨ ᠨᠡᠢ᠌ᠭᠡᠮ᠎ᠤᠨ ᠪᠠᠲᠤᠯᠠᠭ᠎ᠠ ᠵᠢᠨ ᠺᠠᠷᠲ ᠪᠠᠭᠲᠠᠨ᠎ᠠ)  ᠵᠶ᠋ᠠᠷ ᠭᠠᠳᠠᠨᠠᠬᠢ ᠮᠤᠵᠢ ᠬᠣᠲᠠ ᠵᠢᠨ ᠲᠤᠷᠰᠢᠯᠲᠠ ᠵᠢᠨ ᠴᠡᠭ᠎ᠤᠨ ᠬᠡᠯᠡᠯᠴᠡᠭᠡᠷ᠎ᠤᠨ ᠪᠠᠢ᠌ᠭᠤᠯᠤᠮᠵᠢ᠎ᠳᠤ ᠮᠤᠵᠢ ᠠᠯᠤᠰᠯᠠᠨ ᠣᠨᠳᠣᠣ ᠭᠠᠵᠠᠷ᠎ᠲᠤ ᠡᠮᠨᠡᠭᠦᠯᠦᠭᠰᠡᠨ ᠵᠠᠷᠤᠳᠠᠯ᠎ᠢ ᠰᠢᠭᠤᠳ ᠳ᠋ᠦᠩᠨᠡᠨ ᠪᠣᠳᠣᠵᠤ ᠪᠣᠯᠣᠨ᠎ᠠ᠃ ᠲᠤᠷᠰᠢᠯᠲᠠ ᠵᠢᠨ ᠬᠤᠭᠤᠴᠠᠭ᠎ᠠ᠎ᠨᠢ ᠨᠢᠭᠡ ᠵᠢᠯ ᠪᠣᠯᠣᠨ᠎ᠠ᠃
      ᠲᠤᠷᠰᠢᠯᠲᠠ ᠵᠢᠨ ᠬᠤᠭᠤᠴᠠᠭ᠋ᠠᠨ᠎ᠳᠤ᠂ ᠥᠪᠥᠷ ᠮᠣᠩᠭᠣᠯ᠎ᠤᠨ ᠠᠨᠠᠭ᠋ᠠᠬᠤ ᠤᠬᠠᠭ᠋ᠠᠨ᠎ᠤ ᠶᠡᠬᠡ ᠰᠤᠷᠭ᠋ᠠᠭᠤᠯᠢ ᠵᠢᠨ ᠬᠣᠶᠠᠳᠤᠭ᠋ᠠᠷ ᠬᠠᠷᠢᠶᠠᠲᠤ ᠡᠮᠨᠡᠯᠭᠡ ᠵᠢᠨ ᠬᠣᠷᠢᠶ᠎ᠠ᠂ ᠥᠪᠥᠷ ᠮᠣᠩᠭᠣᠯ᠎ᠤᠨ ᠪᠤᠭᠤᠲᠤ ᠵᠢᠨ ᠪᠣᠯᠣᠳ ᠲᠡᠮᠦᠷ᠎ᠤᠨ ᠺᠣᠮᠫᠠᠨᠢ ᠵᠢᠨ ᠡᠮᠨᠡᠯᠭᠡ ᠵᠢᠨ ᠬᠣᠷᠢᠶ᠎ᠠ᠂ ᠦᠬᠠᠢ ᠬᠣᠲᠠ ᠵᠢᠨ ᠠᠷᠠᠳ᠎ᠤᠨ ᠡᠮᠨᠡᠯᠭᠡ ᠵᠢᠨ ᠬᠣᠷᠢᠶ᠎ᠠ᠂ ᠤᠯᠠᠭ᠋ᠠᠨᠴᠠᠪ ᠬᠣᠲᠠ ᠵᠢᠨ ᠭᠤᠷᠪᠠᠳᠤᠭ᠋ᠠᠷ ᠡᠮᠨᠡᠯᠭᠡ ᠵᠢᠨ ᠬᠣᠷᠢᠶ᠎ᠠ᠂ ᠬᠢᠩᠭ᠋ᠠᠨ ᠠᠶ᠋ᠢᠮᠠᠭ᠎ᠤᠨ ᠠᠷᠠᠳ᠎ᠤᠨ ᠡᠮᠨᠡᠯᠭᠡ ᠵᠢᠨ ᠬᠣᠷᠢᠶ᠎ᠠ ᠡᠮᠴᠢᠯᠡᠭᠡᠨ᠎ᠤ ᠦᠢ᠍ᠯᠡᠴᠢᠯᠡᠭᠡ ᠬᠠᠩᠭ᠋ᠠᠨ᠎ᠠ; ᠥᠪᠥᠷ ᠮᠣᠩᠭᠣᠯ᠎ᠤᠨ ᠠᠨᠠᠭ᠋ᠠᠬᠤ ᠤᠬᠠᠭ᠋ᠠᠨ᠎ᠤ ᠶᠡᠬᠡ ᠰᠤᠷᠭ᠋ᠠᠭᠤᠯᠢ ᠵᠢᠨ ᠬᠣᠶᠠᠳᠤᠭ᠋ᠠᠷ ᠬᠠᠷᠢᠶᠠᠲᠤ ᠡᠮᠨᠡᠯᠭᠡ ᠵᠢᠨ ᠬᠣᠷᠢᠶ᠎ᠠ ᠡᠷᠡᠭᠦᠯᠵᠢᠯ᠎ᠤᠨ ᠦᠢ᠍ᠯᠡᠴᠢᠯᠡᠭᠡ ᠬᠠᠩᠭ᠋ᠠᠨ᠎ᠠ; ᠥᠪᠥᠷ ᠮᠣᠩᠭᠣᠯ᠎ᠤᠨ ᠳ᠋ᠧ ᠮᠧᠩ ᠡᠷᠡᠭᠦᠯᠵᠢᠯ᠎ᠤᠨ ᠲᠤᠰᠠᠯᠠᠬᠤ ᠪᠠᠭ᠋ᠠᠵᠢ ᠵᠢᠨ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠲᠤᠰᠠᠯᠠᠬᠤ ᠪᠠᠭ᠋ᠠᠵᠢ ᠬᠡᠷᠡᠭᠰᠡᠯ᠎ᠤᠨ ᠦᠢ᠍ᠯᠡᠴᠢᠯᠡᠭᠡ ᠬᠠᠩᠭ᠋ᠠᠨ᠎ᠠ᠃
      ᠬᠣᠶᠠᠷ᠂ ᠬᠥᠮᠥᠨ᠎ᠤ ᠬᠡᠪᠴᠢᠶ᠎ᠡ
      ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠳᠤ ᠣᠷᠣᠯᠴᠠᠭᠰᠠᠨ ᠪᠥᠭᠡᠳ ᠠᠵᠢᠯ᠎ᠠᠴᠠ ᠪᠣᠯᠤᠭᠰᠠᠨ ᠭᠡᠮᠲᠦᠯ᠎ᠢ ᠮᠠᠭ᠋ᠠᠳᠯᠠᠨ ᠲᠣᠭᠲᠠᠭ᠋ᠠᠬᠤ᠂ ᠠᠵᠢᠯ᠎ᠠᠴᠠ ᠪᠣᠯᠤᠭᠰᠠᠨ ᠭᠡᠮᠲᠦᠯ᠎ᠤᠨ ᠲᠠᠬᠢᠨ ᠡᠭᠦᠰᠬᠦ ᠵᠢ ᠨᠤᠲᠠᠯᠠᠬᠤ᠂ ᠠᠵᠢᠯ᠎ᠠᠴᠠ ᠪᠣᠯᠤᠭᠰᠠᠨ ᠭᠡᠮᠲᠦᠯ᠎ᠤᠨ ᠡᠷᠡᠭᠦᠯᠵᠢᠯ᠎ᠢ ᠨᠤᠲᠠᠯᠠᠬᠤ ᠪᠤᠶᠤ ᠲᠤᠰᠠᠯᠠᠬᠤ ᠪᠠᠭ᠋ᠠᠵᠢ ᠬᠡᠷᠡᠭᠰᠡᠯ᠎ᠤᠨ ᠲᠣᠬᠢᠷᠠᠭᠤᠯᠤᠯᠲᠠ ᠵᠢ ᠨᠤᠲᠠᠯᠠᠬᠤ ᠠᠵᠢᠯ᠎ᠢ ᠨᠢᠭᠡᠨᠲᠡ ᠪᠡᠶᠡᠯᠡᠭᠦᠯᠦᠭᠰᠡᠨ ᠭᠠᠳᠠᠷ ᠮᠤᠵᠢ ᠬᠤᠳᠠ᠎ᠳᠤ ᠤᠷᠳᠤ ᠬᠤᠭᠤᠴᠠᠭ᠎ᠠ᠎ᠪᠠᠷ ᠰᠠᠭᠤᠭ᠎ᠠ (  ᠠᠵᠢᠯᠯᠠᠵᠤ ᠪᠠᠢ᠌ᠭ᠎ᠠ)ᠪᠠ ᠡᠮᠨᠡᠯᠭᠡ ᠰᠢᠯᠵᠢᠵᠦ ᠭᠠᠳᠠᠷ ᠮᠤᠵᠢ ᠬᠤᠳᠠ᠎ᠳᠤ ᠣᠴᠢᠭᠰᠠᠨ ᠠᠵᠢᠯ᠎ᠠᠴᠠ ᠪᠣᠯᠤᠭᠰᠠᠨ ᠭᠡᠮᠲᠦᠯ᠎ᠲᠠᠢ ᠬᠥᠮᠥᠰ ᠮᠤᠵᠢ ᠠᠯᠤᠰᠯᠠᠨ ᠣᠨᠳᠣᠣ ᠭᠠᠵᠠᠷ᠎ᠲᠤ ᠡᠮᠨᠡᠭᠦᠯᠦᠭᠰᠡᠨ ᠪᠠ ᠡᠮᠨᠡᠯᠭᠡ᠎ᠳᠤ ᠰᠠᠭᠤᠭᠰᠠᠨ ᠠᠵᠢᠯ᠎ᠠᠴᠠ ᠪᠣᠯᠤᠭᠰᠠᠨ ᠭᠡᠮᠲᠦᠯ᠎ᠤᠨ ᠡᠮ ᠡᠮᠨᠡᠯᠭᠡ ᠵᠢᠨ ᠵᠠᠷᠤᠳᠠᠯ᠂ ᠡᠮᠨᠡᠯᠭᠡ᠎ᠳᠤ ᠰᠠᠭᠤᠵᠤ ᠡᠷᠡᠭᠦᠯᠵᠢᠭᠦᠯᠬᠦ ᠵᠠᠷᠤᠳᠠᠯ᠂ ᠲᠤᠰᠠᠯᠠᠬᠤ ᠪᠠᠭ᠋ᠠᠵᠢ ᠬᠡᠷᠡᠭᠰᠡᠯ᠎ᠤᠨ ᠲᠣᠬᠢᠷᠠᠭᠤᠯᠤᠯᠲᠠ ᠵᠢᠨ ᠵᠠᠷᠤᠳᠠᠯ᠎ᠢ ᠰᠢᠭᠤᠳ ᠳ᠋ᠦᠩᠨᠡᠨ ᠪᠤᠳᠤᠬᠤ ᠵᠢ ᠭᠤᠶᠤᠴᠢᠯᠠᠵᠤ ᠪᠣᠯᠣᠨ᠎ᠠ᠃
      ᠭᠤᠷᠪᠠ᠂ ᠭᠦᠢ᠍ᠴᠡᠳᠬᠡᠬᠦ ᠨᠥᠬᠥᠴᠡᠯ
      1. ᠳᠠᠭ᠋ᠠᠳᠬᠠᠯ᠎ᠳᠤ ᠣᠷᠣᠯᠴᠠᠭᠰᠠᠨ ᠭᠠᠵᠠᠷ᠎ᠠᠴᠠ ᠭᠠᠳᠠᠨ᠎ᠠ ᠬᠠᠭ᠋ᠠᠰ ᠵᠢᠯ (ᠠᠵᠢᠯᠯᠠᠭᠰᠠᠨ) ᠪᠤᠶᠤ ᠲᠡᠭᠦᠨ᠎ᠠᠴᠠ ᠳᠡᠭᠡᠭᠰᠢ ᠰᠠᠭᠤᠭᠰᠠᠨ ᠪᠥᠭᠡᠳ ᠳᠠᠭ᠋ᠠᠳᠬᠠᠯ᠎ᠳᠤ ᠣᠷᠣᠯᠴᠠᠭᠰᠠᠨ ᠭᠠᠵᠠᠷ᠎ᠤᠨ ᠮᠤᠵᠢ ᠠᠯᠤᠰᠯᠠᠨ ᠣᠨᠳᠣᠣ ᠭᠠᠵᠠᠷ᠎ᠲᠤ ᠡᠮᠨᠡᠯᠭᠡ᠎ᠳᠤ ᠰᠠᠭᠤᠵᠤ ᠡᠮᠨᠡᠭᠦᠯᠬᠦ᠂ ᠡᠮᠨᠡᠯᠭᠡ᠎ᠳᠤ ᠰᠠᠭᠤᠵᠤ ᠡᠷᠡᠭᠦᠯᠵᠢᠭᠦᠯᠬᠦ᠂ ᠲᠤᠰᠠᠯᠠᠬᠤ ᠪᠠᠭ᠋ᠠᠵᠢ ᠬᠡᠷᠡᠭᠰᠡᠯ ᠲᠣᠬᠢᠷᠠᠭᠤᠯᠬᠤ ᠱᠠᠭ᠋ᠠᠷᠳᠠᠯᠭ᠎ᠠ᠎ᠳᠤ ᠨᠡᠢ᠌ᠴᠡᠭᠰᠡᠨ ᠠᠵᠢᠯ᠎ᠠᠴᠠ ᠪᠣᠯᠵᠤ ᠭᠡᠮᠲᠦᠭᠰᠡᠨ ᠬᠥᠮᠥᠰ᠃
      2. ᠳᠠᠭ᠋ᠠᠳᠬᠠᠯ᠎ᠳᠤ ᠣᠷᠣᠯᠴᠠᠭᠰᠠᠨ ᠭᠠᠵᠠᠷ᠎ᠤᠨ ᠡᠮᠴᠢᠯᠡᠭᠡ᠂ ᠡᠷᠡᠭᠦᠯᠵᠢᠯ ᠪᠠ ᠲᠤᠰᠠᠯᠠᠬᠤ ᠪᠠᠭ᠋ᠠᠵᠢ ᠬᠡᠷᠡᠭᠰᠡᠯ᠎ᠢ ᠲᠣᠬᠢᠷᠠᠭᠤᠯᠬᠤ ᠬᠡᠯᠡᠯᠴᠡᠭᠡᠷ᠎ᠤᠨ ᠪᠠᠢ᠌ᠭᠤᠯᠤᠮᠵᠢ᠎ᠨᠢ ᠡᠮᠴᠢᠯᠡᠭᠡᠨ᠎ᠤ ᠮᠡᠷᠭᠡᠵᠢᠯ ᠪᠠ ᠲᠥᠬᠦᠭᠡᠷᠦᠮᠵᠢ᠎ᠤᠨ ᠨᠥᠬᠥᠴᠡᠯ᠎ᠠᠴᠠ ᠪᠣᠯᠵᠤ ᠣᠨᠣᠰᠢᠯᠠᠨ ᠵᠠᠰᠠᠬᠤ ᠪᠤᠶᠤ ᠲᠣᠬᠢᠷᠠᠭᠤᠯᠵᠤ ᠳᠡᠢ᠌ᠯᠬᠦ ᠦᠭᠡᠢ ᠮᠥᠷᠲᠡᠭᠡᠨ ᠳᠠᠭ᠋ᠠᠳᠬᠠᠯ᠎ᠳᠤ ᠣᠷᠣᠯᠴᠠᠭᠰᠠᠨ ᠭᠠᠵᠠᠷ᠎ᠤᠨ ᠡᠮᠨᠡᠯᠭᠡ ᠰᠢᠯᠵᠢᠬᠦ ᠱᠠᠭ᠋ᠠᠷᠳᠠᠯᠭ᠎ᠠ᠎ᠳᠤ ᠨᠡᠢ᠌ᠴᠡᠭᠰᠡᠨ ᠠᠵᠢᠯ᠎ᠠᠴᠠ ᠪᠣᠯᠤᠭᠰᠠᠨ ᠭᠡᠮᠲᠦᠯ᠎ᠲᠠᠢ ᠬᠥᠮᠥᠰ᠃
      ᠳᠥᠷᠪᠡ᠂ ᠪᠦᠷᠢᠳᠬᠡᠨ ᠳᠠᠩᠰᠠᠯᠠᠬᠤ ᠬᠠᠮᠢᠶᠠᠷᠤᠯᠲᠠ
      ᠲᠤᠷᠰᠢᠯᠲᠠ ᠵᠢᠨ ᠴᠡᠭ᠎ᠤᠨ ᠠᠶ᠋ᠢᠮᠠᠭ ᠬᠣᠲᠠ ᠵᠢᠨ ᠠᠵᠢᠯ᠎ᠠᠴᠠ ᠪᠣᠯᠵᠤ ᠭᠡᠮᠲᠦᠭᠰᠡᠨ ᠬᠥᠮᠥᠰ ᠮᠤᠵᠢ ᠠᠯᠤᠰᠯᠠᠨ ᠣᠨᠳᠣᠣ ᠭᠠᠵᠠᠷ᠎ᠲᠤ ᠡᠮᠨᠡᠭᠦᠯᠬᠦ᠎ᠠᠴᠠ ᠡᠮᠦᠨ᠎ᠡ᠂ ᠤᠷᠢᠳᠠᠪᠠᠷ ᠳᠠᠭ᠋ᠠᠳᠬᠠᠯ᠎ᠳᠤ ᠣᠷᠣᠯᠴᠠᠭᠰᠠᠨ ᠭᠠᠵᠠᠷ᠎ᠤᠨ ᠭᠠᠷᠲᠠᠨ ᠭᠦᠢ᠍ᠴᠡᠳᠬᠡᠬᠦ ᠪᠠᠢ᠌ᠭᠤᠯᠤᠮᠵᠢ᠎ᠳᠤ ᠠᠵᠢᠯ᠎ᠠᠴᠠ ᠪᠣᠯᠤᠭᠰᠠᠨ ᠭᠡᠮᠲᠦᠯ᠎ᠢ ᠣᠨᠳᠣᠣ ᠭᠠᠵᠠᠷ᠎ᠲᠤ ᠡᠮᠨᠡᠭᠦᠯᠦᠭᠰᠡᠨ ᠵᠠᠷᠤᠳᠠᠯ᠎ᠢ ᠰᠢᠭᠤᠳ ᠳ᠋ᠦᠩᠨᠡᠨ ᠪᠤᠳᠤᠬᠤ ᠳᠠᠩᠰᠠᠯᠠᠯᠲᠠ ᠬᠢᠯᠭᠡᠬᠦ᠎ᠪᠠᠷ ᠭᠤᠶᠤᠴᠢᠯᠠᠵᠤ᠂ ᠳᠡᠩᠰᠡᠯᠡᠵᠦ ᠬᠢᠨᠠᠭᠰᠠᠨ᠎ᠤ ᠳᠠᠷᠠᠭ᠎ᠠ ᠣᠨᠳᠣᠣ ᠭᠠᠵᠠᠷ᠎ᠲᠤ ᠡᠮᠨᠡᠭᠦᠯᠦᠭᠰᠡᠨ ᠵᠠᠷᠤᠳᠠᠯ᠎ᠢ ᠰᠢᠭᠤᠳ ᠳ᠋ᠦᠩᠨᠡᠨ ᠪᠤᠳᠤᠬᠤ ᠦᠢ᠍ᠯᠡᠴᠢᠯᠡᠭᠡ ᠵᠢ ᠭᠥᠷᠳᠡᠵᠦ ᠪᠣᠯᠣᠨ᠎ᠠ᠃
      ᠮᠤᠵᠢ ᠠᠯᠤᠰᠯᠠᠨ ᠣᠨᠳᠣᠣ ᠭᠠᠵᠠᠷ᠎ᠲᠤ ᠡᠮᠨᠡᠭᠦᠯᠦᠭᠰᠡᠨ ᠵᠠᠷᠤᠳᠠᠯ᠎ᠢ ᠰᠢᠭᠤᠳ ᠳ᠋ᠦᠩᠨᠡᠨ ᠪᠤᠳᠤᠵᠤ ᠳᠠᠩᠰᠠᠯᠠᠭᠤᠯᠬᠤ ᠭᠠᠷᠳᠠᠮ᠎ᠢ ᠲᠣᠭᠲᠠᠭ᠋ᠠᠯ ᠶᠣᠰᠣᠭ᠋ᠠᠷ ᠭᠦᠢ᠍ᠴᠡᠳᠬᠡᠭᠰᠡᠨ ᠦᠭᠡᠢ ᠪᠠᠢ᠌ᠪᠠᠯ᠂ ᠮᠤᠵᠢ ᠠᠯᠤᠰᠯᠠᠨ ᠣᠨᠳᠣᠣ ᠭᠠᠵᠠᠷ᠎ᠲᠤ ᠡᠮᠨᠡᠭᠦᠯᠦᠭᠰᠡᠨ ᠵᠠᠷᠤᠳᠠᠯ᠎ᠢ ᠰᠢᠭᠤᠳ ᠳ᠋ᠦᠩᠨᠡᠨ ᠪᠤᠳᠤᠬᠤ ᠦᠢ᠍ᠯᠡᠴᠢᠯᠡᠭᠡ ᠵᠢ ᠭᠥᠷᠳᠡᠬᠦ ᠦᠭᠡᠢ᠃
      ᠲᠠᠪᠤ᠂ ᠳᠠᠩᠰᠠᠯᠠᠭᠤᠯᠬᠤ ᠬᠦᠴᠦᠨ᠎ᠲᠠᠢ ᠬᠤᠭᠤᠴᠠᠭ᠎ᠠ
      ᠣᠨᠳᠣᠣ ᠭᠠᠵᠠᠷ᠎ᠲᠤ ᠣᠷᠳᠣ ᠬᠤᠭᠤᠴᠠᠭ᠎ᠠ᠎ᠪᠠᠷ ᠰᠠᠭᠤᠭᠰᠠᠨ (ᠠᠵᠢᠯᠯᠠᠭᠰᠠᠨ) ᠠᠵᠢᠯ᠎ᠤᠨ ᠬᠠᠷᠠᠭ᠎ᠠ᠎ᠪᠠᠷ ᠭᠡᠮᠲᠦᠭᠰᠡᠨ ᠬᠥᠮᠥᠰ᠎ᠤᠨ ᠳᠠᠩᠰᠠᠯᠠᠭᠤᠯᠬᠤ ᠬᠦᠴᠦᠨ᠎ᠲᠠᠢ ᠬᠤᠭᠤᠴᠠᠭ᠎ᠠ᠎ᠨᠢ 1 ᠵᠢᠯ ᠪᠣᠯᠣᠨ᠎ᠠ; ᠮᠤᠵᠢ ᠠᠯᠤᠰᠯᠠᠨ ᠡᠮᠨᠡᠯᠭᠡ ᠰᠢᠯᠵᠢᠭᠰᠡᠨ ᠠᠵᠢᠯ᠎ᠠᠴᠠ ᠪᠣᠯᠤᠭᠰᠠᠨ ᠭᠡᠮᠲᠦᠯ᠎ᠲᠠᠢ ᠬᠥᠮᠥᠰ᠎ᠤᠨ ᠳᠠᠩᠰᠠᠯᠠᠭᠤᠯᠬᠤ ᠬᠦᠴᠦᠨ᠎ᠲᠠᠢ ᠬᠤᠭᠤᠴᠠᠭ᠎ᠠ᠎ᠨᠢ 3 ᠰᠠᠷ᠎ᠠ ᠪᠣᠯᠣᠨ᠎ᠠ᠃ ᠣᠨᠳᠣᠣ ᠭᠠᠵᠠᠷ᠎ᠲᠤ ᠣᠷᠳᠣ ᠬᠤᠭᠤᠴᠠᠭ᠎ᠠ᠎ᠪᠠᠷ ᠰᠠᠭᠤᠵᠤ  ᠪᠠᠢ᠌ᠭ᠎ᠠ (ᠠᠵᠢᠯᠯᠠᠵᠤ ᠪᠠᠢ᠌ᠭ᠎ᠠ)  ᠠᠵᠢᠯ᠎ᠠᠴᠠ ᠪᠣᠯᠵᠤ ᠭᠡᠮᠲᠦᠭᠰᠡᠨ ᠬᠥᠮᠥᠰ ᠵᠦᠢ ᠵᠣᠬᠢᠰᠲᠠᠢ ᠡᠮᠬᠢ ᠵᠢᠷᠤᠮ᠎ᠲᠠᠢ᠎ᠪᠠᠷ ᠡᠮᠨᠡᠭᠦᠯᠬᠦ ᠬᠡᠷᠡᠭᠲᠡᠶ᠂ ᠳᠠᠩᠰᠠᠯᠠᠭᠤᠯᠬᠤ ᠬᠤᠭᠤᠴᠠᠭ᠎ᠠ ᠵᠢ ᠬᠤᠪᠢᠷᠠᠭᠤᠯᠬᠤ ᠪᠤᠶᠤ ᠬᠦᠴᠦᠨ ᠦᠭᠡᠢ ᠪᠣᠯᠭ᠋ᠠᠬᠤ ᠴᠠᠭ ᠬᠤᠭᠤᠴᠠᠭ᠎ᠠ᠎ᠨᠢ ᠵᠠᠷᠴᠢᠮ ᠳᠡᠭᠡᠷ᠎ᠡ᠎ᠪᠠᠨ 6 ᠰᠠᠷ᠎ᠠ ᠪᠣᠯᠣᠨ᠎ᠠ᠃
      ᠵᠢᠷᠭᠤᠭ᠎ᠠ᠂ ᠵᠠᠷᠤᠳᠠᠯ᠎ᠤᠨ ᠬᠡᠪᠴᠢᠶ᠎ᠡ
      ᠣᠨᠳᠣᠣ ᠭᠠᠵᠠᠷ᠎ᠲᠤ ᠡᠮᠨᠡᠭᠦᠯᠦᠭᠰᠡᠨ ᠠᠵᠢᠯ᠎ᠠᠴᠠ ᠪᠣᠯᠵᠤ ᠭᠡᠮᠲᠦᠭᠰᠡᠨ ᠬᠥᠮᠥᠰ᠎ᠤᠨ ᠡᠮᠨᠡᠭᠦᠯᠦᠭᠰᠡᠨ ᠭᠠᠵᠠᠷ᠎ᠲᠤ ᠡᠭᠦᠰᠦᠭᠰᠡᠨ ᠭᠤᠷᠪᠠᠳᠠᠭᠢ ᠡᠲᠡᠭᠡᠳ᠎ᠤᠨ ᠬᠠᠷᠢᠭᠤᠴᠠᠯᠭ᠎ᠠ ᠦᠭᠡᠢ ᠡᠮᠨᠡᠯᠭᠡ᠎ᠳᠤ ᠰᠠᠭᠤᠭᠰᠠᠨ ᠠᠵᠢᠯ᠎ᠠᠴᠠ ᠪᠣᠯᠤᠭᠰᠠᠨ ᠭᠡᠮᠲᠦᠯ᠎ᠤᠨ ᠡᠮᠴᠢᠯᠡᠭᠡᠨ᠎ᠤ ᠵᠠᠷᠤᠳᠠᠯ᠂ ᠡᠮᠨᠡᠯᠭᠡ᠎ᠳᠤ ᠰᠠᠭᠤᠭᠰᠠᠨ ᠠᠵᠢᠯ᠎ᠠᠴᠠ ᠪᠣᠯᠤᠭᠰᠠᠨ ᠭᠡᠮᠲᠦᠯ᠎ᠤᠨ ᠡᠷᠡᠭᠦᠯᠵᠢᠯ᠎ᠤᠨ ᠵᠠᠷᠤᠳᠠᠯ ᠪᠠ ᠲᠤᠰᠠᠯᠠᠬᠤ ᠪᠠᠭ᠋ᠠᠵᠢ ᠬᠡᠷᠡᠭᠰᠡᠯ᠎ᠤᠨ ᠲᠣᠬᠢᠷᠠᠭᠤᠯᠤᠯᠲᠠ ᠵᠢᠨ ᠵᠠᠷᠤᠳᠠᠯ᠎ᠢ ᠮᠤᠵᠢ ᠠᠯᠤᠰᠯᠠᠨ ᠣᠨᠳᠣᠣ ᠭᠠᠵᠠᠷ᠎ᠲᠤ ᠡᠮᠨᠡᠭᠦᠯᠦᠭᠰᠡᠨ ᠵᠠᠷᠤᠳᠠᠯ᠎ᠢ ᠰᠢᠭᠤᠳ ᠳ᠋ᠦᠩᠨᠡᠨ ᠪᠤᠳᠤᠬᠤ ᠬᠡᠪᠴᠢᠶᠡᠨ᠎ᠳᠤ ᠣᠷᠣᠭᠤᠯᠤᠨ᠎ᠠ᠃
      ᠡᠮᠨᠡᠯᠭᠡ᠎ᠳᠤ ᠰᠠᠭᠤᠭᠰᠠᠨ ᠬᠣᠭᠣᠯᠠᠨ᠎ᠤ ᠨᠥᠬᠥᠪᠦᠷᠢ ᠵᠢᠨ ᠵᠠᠷᠤᠳᠠᠯ ᠪᠠ ᠡᠮᠨᠡᠯᠭᠡ ᠰᠢᠯᠵᠢᠭᠦᠯᠦᠨ ᠡᠮᠨᠡᠭᠦᠯᠬᠦ ᠪᠠ ᠡᠮᠨᠡᠯᠭᠡ ᠰᠢᠯᠵᠢᠭᠦᠯᠬᠦ᠎ᠳᠤ ᠡᠭᠦᠰᠦᠭᠰᠡᠨ ᠵᠠᠮ ᠬᠠᠷᠢᠯᠴᠠᠭ᠎ᠠ ᠬᠣᠭᠣᠯᠠ ᠬᠣᠨᠣᠭ᠎ᠤᠨ ᠵᠠᠷᠤᠳᠠᠯ᠎ᠢ ᠮᠤᠵᠢ ᠠᠯᠤᠰᠯᠠᠨ ᠣᠨᠳᠣᠣ ᠭᠠᠵᠠᠷ᠎ᠲᠤ ᠡᠮᠨᠡᠭᠦᠯᠦᠭᠰᠡᠨ ᠵᠠᠷᠤᠳᠠᠯ᠎ᠢ ᠰᠢᠭᠤᠳ ᠳ᠋ᠦᠩᠨᠡᠨ ᠪᠤᠳᠤᠬᠤ ᠬᠡᠪᠴᠢᠶᠡᠨ᠎ᠳᠤ ᠣᠷᠣᠭᠤᠯᠬᠤ ᠦᠭᠡᠢ᠂ ᠳᠠᠭ᠋ᠠᠳᠬᠠᠯ᠎ᠳᠤ ᠣᠷᠣᠯᠴᠠᠭᠰᠠᠨ ᠭᠠᠵᠠᠷ᠎ᠤᠨ ᠭᠠᠷᠲᠠᠨ ᠭᠦᠢ᠍ᠴᠡᠳᠬᠡᠬᠦ ᠪᠠᠢ᠌ᠭᠤᠯᠤᠮᠵᠢ᠎ᠠᠴᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠢᠨᠠᠨ ᠬᠠᠷᠭᠤᠭᠤᠯᠵᠤ ᠲᠠᠩᠰᠠ ᠲᠠᠢ᠌ᠯᠤᠨ᠎ᠠ᠃
      ᠲᠤᠯᠤᠭ᠎ᠠ᠂ ᠳ᠋ᠦᠩᠨᠡᠨ ᠪᠤᠳᠤᠬᠤ ᠪᠠᠷᠢᠮᠵᠢᠶ᠎ᠠ
      ᠣᠨᠳᠣᠣ ᠭᠠᠵᠠᠷ᠎ᠲᠤ ᠡᠮᠨᠡᠭᠦᠯᠦᠭᠡᠳ ᠰᠢᠭᠤᠳ ᠳ᠋ᠦᠩᠨᠡᠨ ᠪᠤᠳᠤᠭᠰᠠᠨ ᠡᠮᠨᠡᠯᠭᠡ᠎ᠳᠤ ᠰᠠᠭᠤᠭᠰᠠᠨ ᠠᠵᠢᠯ᠎ᠠᠴᠠ ᠪᠣᠯᠤᠭᠰᠠᠨ ᠭᠡᠮᠲᠦᠯ᠎ᠤᠨ ᠡᠮᠴᠢᠯᠡᠭᠡᠨ᠎ᠤ ᠵᠠᠷᠤᠳᠠᠯ᠂ ᠡᠮᠨᠡᠯᠭᠡ᠎ᠳᠤ ᠰᠠᠭᠤᠭᠰᠠᠨ ᠠᠵᠢᠯ᠎ᠠᠴᠠ ᠪᠣᠯᠤᠭᠰᠠᠨ ᠭᠡᠮᠲᠦᠯ᠎ᠤᠨ ᠡᠷᠡᠭᠦᠯᠵᠢᠯ᠎ᠤᠨ ᠵᠠᠷᠤᠳᠠᠯ᠎ᠨᠢ ᠡᠮᠨᠡᠭᠦᠯᠦᠭᠰᠡᠨ ᠭᠠᠵᠠᠷ᠎ᠤᠨ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠣᠨᠣᠰᠢᠯᠠᠨ ᠡᠮᠨᠡᠬᠦ ᠵᠦᠢ᠍ᠯᠡᠰ᠎ᠤᠨ ᠭᠠᠷᠴᠠᠭ᠂ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠡᠮ᠎ᠤᠨ ᠵᠦᠢ᠍ᠯ᠎ᠤᠨ ᠭᠠᠷᠴᠠᠭ᠂ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠡᠮᠨᠡᠯᠭᠡ᠎ᠳᠤ ᠰᠠᠭᠤᠬᠤ ᠦᠢ᠍ᠯᠡᠴᠢᠯᠡᠭᠡᠨ᠎ᠤ ᠪᠠᠷᠢᠮᠵᠢᠶ᠎ᠠ᠂ ᠠᠵᠢᠯ᠎ᠠᠴᠠ ᠪᠣᠯᠣᠭᠰᠠᠨ ᠭᠡᠮᠲᠦᠯ᠎ᠤᠨ ᠡᠷᠡᠭᠦᠯᠵᠢᠯ᠎ᠤᠨ ᠦᠢ᠍ᠯᠡᠴᠢᠯᠡᠭᠡᠨ᠎ᠤ ᠲᠥᠷᠥᠯ ᠵᠦᠢ᠍ᠯ ᠵᠡᠷᠭᠡ ᠬᠠᠮᠢᠶ᠎ᠠ ᠪᠦᠬᠦᠢ ᠲᠣᠭᠲᠠᠭ᠋ᠠᠯ᠎ᠢ ᠬᠡᠷᠡᠭᠵᠢᠭᠦᠯᠦᠨ᠎ᠡ; ᠠᠵᠢᠯ᠎ᠠᠴᠠ ᠪᠣᠯᠤᠭᠰᠠᠨ ᠭᠡᠮᠲᠦᠯ᠎ᠤᠨ ᠲᠤᠰᠠᠯᠠᠬᠤ ᠪᠠᠭ᠋ᠠᠵᠢ ᠬᠡᠷᠡᠭᠰᠡᠯ᠎ᠤᠨ ᠲᠣᠬᠢᠷᠠᠭᠤᠯᠤᠯᠲᠠ᠎ᠨᠢ ᠳᠠᠭ᠋ᠠᠳᠬᠠᠯ᠎ᠳᠤ ᠣᠷᠣᠯᠴᠠᠭᠰᠠᠨ ᠭᠠᠵᠠᠷ᠎ᠤᠨ ᠲᠤᠰᠠᠯᠠᠬᠤ ᠪᠠᠭ᠋ᠠᠵᠢ ᠬᠡᠷᠡᠭᠰᠡᠯ᠎ᠤᠨ ᠲᠣᠬᠢᠷᠠᠭᠤᠯᠤᠯᠲᠠ ᠵᠢᠨ ᠭᠠᠷᠴᠠᠭ ᠪᠠ ᠬᠢᠵᠠᠭ᠋ᠠᠷᠯᠠᠭᠰᠠᠨ ᠲᠣᠭ᠎ᠠ ᠵᠢᠨ ᠬᠣᠯᠪᠣᠭᠳᠠᠯ ᠪᠦᠬᠦᠢ ᠲᠣᠭᠲᠠᠭ᠋ᠠᠯ᠎ᠢ ᠬᠡᠷᠡᠭᠵᠢᠭᠦᠯᠦᠨ᠎ᠡ᠃
      ᠬᠥᠲᠥᠯᠥᠭᠴᠢ᠄ ᠲᠠ ᠰᠠᠶᠢᠬᠠᠨ ᠥᠪᠡᠷᠲᠡᠭᠡᠨ ᠵᠠᠰᠠᠬᠤ ᠣᠷᠣᠨ᠎ᠤ ᠲᠤᠷᠰᠢᠯᠲᠠ ᠵᠢᠨ ᠴᠡᠭ᠎ᠤᠨ ᠠᠶ᠋ᠢᠮᠠᠭ ᠬᠣᠲᠠ ᠪᠠ ᠬᠡᠯᠡᠯᠴᠡᠭᠡᠷ᠎ᠤᠨ ᠪᠠᠢ᠌ᠭᠤᠯᠤᠮᠵᠢ ᠵᠢ ᠳᠤᠷᠠᠳᠤᠭᠰᠠᠨ ᠪᠠᠢ᠌ᠨ᠎ᠠ᠂ ᠲᠡᠭᠡᠪᠡᠯ ᠭᠠᠳᠠᠷ ᠮᠤᠵᠢ ᠣᠷᠣᠨ ᠬᠣᠲᠠ ᠵᠢᠨ ᠲᠤᠷᠰᠢᠯᠲᠠ ᠵᠢᠨ ᠴᠡᠭ᠎ᠤᠨ ᠭᠠᠵᠠᠷ ᠣᠷᠣᠨ ᠪᠠ ᠬᠡᠯᠡᠯᠴᠡᠭᠡᠷ᠎ᠤᠨ ᠪᠠᠢ᠌ᠭᠤᠯᠤᠮᠵᠢ ᠵᠢ ᠬᠡᠷᠬᠢᠨ ᠪᠠᠢ᠌ᠴᠠᠭ᠋ᠠᠨ ᠯᠠᠪᠯᠠᠬᠤ ᠪᠤᠢ?
      ᠸᠠᠩ ᠽᠧ ᠵᠣᠣ᠄ ᠲᠤᠷᠰᠢᠯᠲᠠ ᠵᠢᠨ ᠴᠡᠭ᠎ᠤᠨ ᠠᠶ᠋ᠢᠮᠠᠭ ᠬᠣᠲᠠ ᠵᠢᠨ ᠠᠵᠢᠯ᠎ᠠᠴᠠ ᠪᠣᠯᠵᠤ ᠭᠡᠮᠲᠦᠭᠰᠡᠨ ᠬᠥᠮᠥᠰ ᠣᠨᠳᠣᠣ ᠭᠠᠵᠠᠷ᠎ᠲᠤ ᠡᠮᠨᠡᠭᠦᠯᠬᠦ᠎ᠠᠴᠠ ᠡᠮᠦᠨ᠎ᠡ ᠤᠯᠤᠰ᠎ᠤᠨ ᠨᠡᠢ᠌ᠭᠡᠮ᠎ᠤᠨ ᠳᠠᠭ᠋ᠠᠳᠬᠠᠯ᠎ᠤᠨ ᠤᠯᠠᠨ ᠨᠠᠢ᠌ᠳᠠ ᠵᠢᠨ ᠦᠢ᠍ᠯᠡᠴᠢᠯᠡᠭᠡᠨ᠎ᠤ ᠲᠠᠪᠴᠠᠩ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠂ 《ᠠᠯᠠᠭ᠋ᠠᠨ ᠳᠡᠭᠡᠷᠡᠬᠢ 12333》 APP᠂ ᠡᠯᠧᠺᠲᠷᠣᠨ ᠨᠡᠢ᠌ᠭᠡᠮ᠎ᠤᠨ ᠪᠠᠲᠤᠯᠠᠭ᠎ᠠ ᠵᠢᠨ ᠺᠠᠷᠲ ᠵᠡᠷᠭᠡ ᠪᠥᠬᠥ ᠤᠯᠤᠰ᠎ᠤᠨ ᠨᠢᠭᠡᠳᠦᠯᠲᠡᠢ ᠦᠢ᠍ᠯᠡᠴᠢᠯᠡᠭᠡᠨ᠎ᠤ ᠤᠷᠤᠴᠠ᠎ᠪᠠᠷ ᠳᠠᠮᠵᠢᠭᠤᠯᠤᠨ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠮᠤᠵᠢ ᠠᠯᠤᠰᠯᠠᠨ ᠣᠨᠳᠣᠣ ᠭᠠᠵᠠᠷ᠎ᠲᠤ ᠡᠮᠨᠡᠭᠦᠯᠬᠦ ᠵᠢ ᠰᠢᠭᠤᠳ ᠳ᠋ᠦᠩᠨᠡᠨ ᠪᠤᠳᠤᠬᠤ ᠲᠤᠷᠰᠢᠯᠲᠠ ᠵᠢᠨ ᠴᠡᠭ᠎ᠤᠨ ᠭᠠᠵᠠᠷ ᠣᠷᠣᠨ ᠪᠠ ᠬᠡᠯᠡᠯᠴᠡᠭᠡᠷ᠎ᠤᠨ ᠪᠠᠢ᠌ᠭᠤᠯᠤᠮᠵᠢ ᠵᠢᠨ ᠪᠠᠶ᠋ᠢᠳᠠᠯ᠎ᠢ ᠣᠢ᠌ᠯᠠᠭ᠋ᠠᠵᠤ ᠪᠣᠯᠣᠨ᠎ᠠ᠃
      ᠬᠥᠲᠥᠯᠥᠭᠴᠢ᠄ ᠲᠤᠷᠰᠢᠯᠲᠠ ᠵᠢᠨ ᠴᠡᠭ᠎ᠤᠨ ᠠᠶ᠋ᠢᠮᠠᠭ ᠬᠣᠲᠠ ᠵᠢᠨ ᠠᠵᠢᠯ᠎ᠠᠴᠠ ᠪᠣᠯᠵᠤ ᠭᠡᠮᠲᠦᠭᠰᠡᠨ ᠬᠥᠮᠥᠰ ᠮᠤᠵᠢ ᠠᠯᠤᠰᠯᠠᠨ ᠣᠨᠳᠣᠣ ᠭᠠᠵᠠᠷ᠎ᠲᠤ ᠡᠮᠨᠡᠭᠦᠯᠬᠦ᠎ᠠᠴᠠ ᠡᠮᠦᠨ᠎ᠡ᠂ ᠤᠷᠢᠳᠠᠪᠠᠷ ᠳᠠᠭ᠋ᠠᠳᠬᠠᠯ᠎ᠳᠤ ᠣᠷᠣᠯᠴᠠᠭᠰᠠᠨ ᠭᠠᠵᠠᠷ᠎ᠤᠨ ᠭᠠᠷᠲᠠᠨ ᠭᠦᠢ᠍ᠴᠡᠳᠬᠡᠬᠦ ᠪᠠᠢ᠌ᠭᠤᠯᠤᠮᠵᠢ᠎ᠳᠤ ᠳᠠᠩᠰᠠᠯᠠᠭᠤᠯᠬᠤ᠎ᠪᠠᠷ ᠭᠤᠶᠤᠴᠢᠯᠠᠬᠤ ᠬᠡᠷᠡᠭᠲᠡᠶ ᠭᠡᠵᠦ ᠲᠠ ᠰᠠᠶᠢᠬᠠᠨ ᠳᠤᠷᠠᠳᠤᠭᠰᠠᠨ ᠪᠠᠢ᠌ᠨ᠎ᠠ᠂ ᠲᠡᠭᠡᠪᠡᠯ ᠶᠠᠮᠠᠷ ᠶᠠᠮᠠᠷ ᠠᠷᠭ᠎ᠠ ᠵᠠᠮ ᠪᠠᠶ᠋ᠢᠬᠤ ᠪᠤᠢ?
      ᠸᠠᠩ ᠽᠧ ᠵᠣᠣ᠄ ᠰᠦᠯᠵᠢᠶᠡᠨ ᠳᠡᠭᠡᠷ᠎ᠡ ᠳᠠᠩᠰᠠᠯᠠᠭᠤᠯᠬᠤ ᠠᠷᠭ᠎ᠠ ᠵᠠᠮ᠄ ᠤᠯᠤᠰ᠎ᠤᠨ ᠨᠡᠢ᠌ᠭᠡᠮ᠎ᠤᠨ ᠳᠠᠭ᠋ᠠᠳᠬᠠᠯ᠎ᠤᠨ ᠤᠯᠠᠨ ᠨᠠᠢ᠌ᠳᠠ ᠵᠢᠨ ᠦᠢ᠍ᠯᠡᠴᠢᠯᠡᠭᠡᠨ᠎ᠤ ᠲᠠᠪᠴᠠᠩ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠂ 《ᠠᠯᠠᠭ᠋ᠠᠨ ᠳᠡᠭᠡᠷᠡᠬᠢ 12333》 APP᠂ ᠡᠯᠧᠺᠲᠷᠣᠨ ᠨᠡᠢ᠌ᠭᠡᠮ᠎ᠤᠨ ᠪᠠᠲᠤᠯᠠᠭ᠎ᠠ ᠵᠢᠨ ᠺᠠᠷᠲ; ᠰᠦᠯᠵᠢᠶᠡᠨ᠎ᠠᠴᠠ ᠭᠠᠳᠠᠨ᠎ᠠ ᠳᠠᠩᠰᠠᠯᠠᠭᠤᠯᠬᠤ ᠠᠷᠭ᠎ᠠ ᠵᠠᠮ᠄ ᠳᠠᠭ᠋ᠠᠳᠬᠠᠯ᠎ᠳᠤ ᠣᠷᠣᠯᠴᠠᠭᠰᠠᠨ ᠭᠠᠵᠠᠷ᠎ᠤᠨ ᠭᠠᠷᠲᠠᠨ ᠭᠦᠢ᠍ᠴᠡᠳᠬᠡᠬᠦ ᠪᠠᠢ᠌ᠭᠤᠯᠤᠮᠵᠢ ᠵᠢᠨ ᠴᠣᠩᠬᠣ᠃
      ᠬᠥᠲᠥᠯᠥᠭᠴᠢ᠄ ᠮᠤᠵᠢ ᠠᠯᠤᠰᠯᠠᠨ ᠣᠨᠳᠣᠣ ᠭᠠᠵᠠᠷ᠎ᠲᠤ ᠡᠮᠨᠡᠭᠦᠯᠦᠭᠰᠡᠨ ᠵᠠᠷᠤᠳᠠᠯ᠎ᠢ ᠰᠢᠭᠤᠳ ᠳ᠋ᠦᠩᠨᠡᠨ ᠪᠤᠳᠤᠬᠤ᠎ᠨᠢ ᠠᠵᠢᠯ᠎ᠤᠨ ᠬᠠᠷᠠᠭ᠎ᠠ᠎ᠪᠠᠷ ᠭᠡᠮᠲᠦᠭᠰᠡᠨ ᠬᠥᠮᠥᠰ᠎ᠲᠤ ᠠᠪᠴᠤ ᠬᠡᠯᠡᠪᠡᠯ ᠶᠠᠮᠠᠷ ᠰᠠᠶ᠋ᠢᠨ ᠲᠠᠯ᠎ᠠ᠎ᠲᠠᠢ ᠪᠤᠢ?
      ᠸᠠᠩ ᠽᠧ ᠵᠣᠣ᠄ ᠮᠤᠵᠢ ᠠᠯᠤᠰᠯᠠᠨ ᠣᠨᠳᠣᠣ ᠭᠠᠵᠠᠷ᠎ᠲᠤ ᠡᠮᠨᠡᠭᠦᠯᠦᠭᠰᠡᠨ ᠵᠠᠷᠤᠳᠠᠯ᠎ᠢ ᠰᠢᠭᠤᠳ ᠳ᠋ᠦᠩᠨᠡᠨ ᠪᠤᠳᠤᠬᠤ᠎ᠨᠢ ᠠᠵᠢᠯ᠎ᠤᠨ ᠬᠠᠷᠠᠭ᠎ᠠ᠎ᠪᠠᠷ ᠭᠡᠮᠲᠦᠭᠰᠡᠨ ᠬᠥᠮᠥᠰ᠎ᠲᠤ ᠠᠪᠴᠤ ᠬᠡᠯᠡᠪᠡᠯ ᠳᠣᠣᠷᠠᠬᠢ ᠬᠡᠳᠦᠨ ᠲᠠᠯ᠎ᠠ ᠵᠢᠨ ᠰᠠᠶ᠋ᠢᠨ ᠲᠠᠯ᠎ᠠ᠎ᠲᠠᠢ᠄
ᠨᠢᠭᠡ᠎ᠳᠤ᠂ ᠠᠵᠢᠯ᠎ᠠᠴᠠ ᠪᠣᠯᠵᠤ ᠭᠡᠮᠲᠦᠭᠰᠡᠨ ᠬᠥᠮᠥᠰ᠎ᠤᠨ ᠠᠵᠤ ᠠᠬᠤᠢ ᠵᠢᠨ ᠳᠠᠷᠤᠭ᠋ᠠᠰᠤ ᠵᠢ ᠬᠥᠩᠭᠡᠯᠡᠨ᠎ᠡ᠃ ᠠᠵᠢᠯ᠎ᠠᠴᠠ ᠪᠣᠯᠵᠤ ᠭᠡᠮᠲᠦᠭᠰᠡᠨ ᠬᠥᠮᠥᠰ ᠮᠤᠵᠢ ᠠᠯᠤᠰᠯᠠᠨ ᠣᠨᠳᠣᠣ ᠭᠠᠵᠠᠷ᠎ᠲᠤ ᠡᠪᠡᠳᠴᠢᠨ ᠦᠵᠡᠭᠦᠯᠬᠦ ᠦᠶ᠎ᠡ᠎ᠳᠤ᠂ ᠡᠮᠴᠢᠯᠡᠭᠦᠯᠦᠭᠰᠡᠨ ᠵᠠᠷᠤᠳᠠᠯ᠎ᠢ ᠤᠷᠢᠳ ᠵᠶ᠋ᠠᠷ ᠣᠷᠣᠯᠠᠨ ᠲᠥᠯᠥᠬᠦ ᠴᠢᠬᠤᠯᠠ ᠦᠭᠡᠢ᠂ ᠳᠠᠷᠠᠭ᠎ᠠ᠎ᠨᠢ ᠳᠠᠭ᠋ᠠᠳᠬᠠᠯ᠎ᠳᠤ ᠣᠷᠣᠯᠴᠠᠭᠰᠠᠨ ᠭᠠᠵᠠᠷ᠎ᠲᠠᠭᠠᠨ ᠬᠦᠷᠴᠦ ᠳᠠᠩᠰᠠ ᠲᠠᠶ᠋ᠢᠯᠤᠭᠤᠯᠬᠤ᠎ᠨᠢ ᠮᠤᠵᠢ ᠠᠯᠤᠰᠯᠠᠨ ᠣᠨᠳᠣᠣ ᠭᠠᠵᠠᠷ᠎ᠲᠤ ᠡᠪᠡᠳᠴᠢᠨ ᠦᠵᠡᠭᠦᠯᠬᠦ᠎ᠠᠴᠠ ᠪᠣᠯᠤᠭᠰᠠᠨ ᠠᠵᠤ ᠠᠬᠤᠢ ᠵᠢᠨ ᠳᠠᠷᠤᠭ᠋ᠠᠰᠤ᠎ᠠᠴᠠ ᠵᠠᠢ᠌ᠯᠠᠰᠬᠢᠵᠦ ᠴᠢᠳᠠᠭᠰᠠᠨ ᠪᠠᠢ᠌ᠨ᠎ᠠ᠃
      ᠬᠣᠶᠠᠷ᠎ᠲᠤ ᠠᠵᠢᠯ᠎ᠠᠴᠠ ᠪᠣᠯᠵᠤ ᠭᠡᠮᠲᠦᠭᠰᠡᠨ ᠬᠥᠮᠥᠰ᠎ᠤᠨ ᠡᠪᠡᠳᠴᠢᠨ ᠦᠵᠡᠭᠦᠯᠬᠦ ᠳᠥᠭᠥᠮ ᠳᠥᠲᠡ ᠴᠢᠨᠠᠷ᠎ᠢ ᠳᠡᠭᠡᠭᠰᠢᠯᠡᠭᠦᠯᠦᠨ᠎ᠡ᠃ ᠠᠵᠢᠯ᠎ᠠᠴᠠ ᠪᠣᠯᠵᠤ ᠭᠡᠮᠲᠦᠭᠰᠡᠨ ᠬᠥᠮᠥᠰ ᠮᠤᠵᠢ ᠠᠯᠤᠰᠯᠠᠨ ᠣᠨᠳᠣᠣ ᠭᠠᠵᠠᠷ᠎ᠲᠤ ᠡᠪᠡᠳᠴᠢᠨ ᠦᠵᠡᠭᠦᠯᠬᠦ ᠦᠶ᠎ᠡ᠎ᠳᠤ᠂ ᠭᠠᠳᠠᠷ ᠮᠤᠵᠢ ᠬᠣᠲᠠ ᠵᠢᠨ ᠲᠣᠭᠲᠠᠭᠰᠠᠨ ᠬᠡᠯᠡᠯᠴᠡᠭᠡᠷ᠎ᠤᠨ ᠪᠠᠢ᠌ᠭᠤᠯᠤᠮᠵᠢ᠎ᠳᠤ ᠡᠮᠨᠡᠯᠭᠡ᠎ᠳᠤ ᠰᠠᠭᠤᠵᠤ ᠡᠮᠨᠡᠭᠦᠯᠬᠦ᠂ ᠡᠷᠡᠭᠦᠯᠵᠢᠭᠦᠯᠬᠦ ᠪᠠ ᠲᠤᠰᠠᠯᠠᠬᠤ ᠪᠠᠭ᠋ᠠᠵᠢ ᠬᠡᠷᠡᠭᠰᠡᠯ᠎ᠤᠨ ᠲᠣᠬᠢᠷᠠᠭᠤᠯᠤᠯᠲᠠ ᠵᠢᠨ ᠵᠠᠷᠤᠳᠠᠯ᠎ᠢ ᠰᠢᠭᠤᠳ ᠳ᠋ᠦᠩᠨᠡᠨ ᠪᠤᠳᠤᠵᠤ ᠪᠣᠯᠣᠨ᠎ᠠ᠂ ᠳᠠᠭ᠋ᠠᠳᠬᠠᠯ᠎ᠳᠤ ᠣᠷᠣᠯᠴᠠᠭᠰᠠᠨ ᠭᠠᠵᠠᠷ ᠪᠠ ᠡᠮᠨᠡᠭᠦᠯᠦᠭᠰᠡᠨ ᠭᠠᠵᠠᠷ᠎ᠤᠨ ᠬᠣᠭᠣᠷᠣᠨᠳᠤ ᠨᠠᠭ᠋ᠠᠰᠢ ᠴᠠᠭ᠋ᠠᠰᠢ ᠶᠠᠪᠤᠬᠤ ᠴᠢᠬᠤᠯᠠ ᠦᠭᠡᠢ ᠪᠣᠯᠬᠣᠷ ᠴᠠᠭ ᠪᠠ ᠬᠥᠮᠥᠨ᠎ᠤ ᠬᠦᠴᠦ ᠵᠢ ᠠᠷᠪᠢᠯᠠᠵᠤ ᠲᠠᠢ᠌ᠯᠤᠨ᠎ᠠ᠃
      ᠭᠤᠷᠪᠠ᠎ᠳᠤ ᠠᠵᠢᠯ᠎ᠠᠴᠠ ᠪᠣᠯᠵᠤ ᠭᠡᠮᠲᠦᠭᠰᠡᠨ ᠬᠥᠮᠥᠰ᠎ᠤᠨ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠨ᠎ᠠ᠃ ᠮᠤᠵᠢ ᠠᠯᠤᠰᠯᠠᠨ ᠣᠨᠳᠣᠣ ᠭᠠᠵᠠᠷ᠎ᠲᠤ ᠡᠮᠴᠢᠯᠡᠭᠦᠯᠦᠭᠰᠡᠨ ᠵᠠᠷᠤᠳᠠᠯ᠎ᠢ ᠰᠢᠭᠤᠳ ᠳ᠋ᠦᠩᠨᠡᠨ ᠪᠤᠳᠤᠬᠤ ᠲᠥᠷᠥ ᠵᠢᠨ ᠪᠣᠳᠣᠯᠭ᠎ᠠ᠎ᠳᠤ ᠮᠤᠵᠢ ᠠᠯᠤᠰᠯᠠᠨ ᠣᠨᠳᠣᠣ ᠭᠠᠵᠠᠷ᠎ᠲᠤ ᠡᠮᠨᠡᠭᠦᠯᠬᠦ᠂ ᠡᠷᠡᠭᠦᠯᠵᠢᠭᠦᠯᠬᠦ ᠪᠠ ᠲᠤᠰᠠᠯᠠᠬᠤ ᠪᠠᠭ᠋ᠠᠵᠢ ᠬᠡᠷᠡᠭᠰᠡᠯ ᠲᠣᠬᠢᠷᠠᠭᠤᠯᠬᠤ ᠵᠢᠨ ᠳ᠋ᠦᠩᠨᠡᠨ ᠪᠤᠳᠤᠬᠤ ᠪᠠᠷᠢᠮᠵᠢᠶ᠎ᠠ ᠪᠠ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠱᠠᠭ᠋ᠠᠷᠳᠠᠯᠭ᠎ᠠ ᠵᠢ ᠲᠣᠭᠲᠠᠭ᠋ᠠᠵᠤ᠂ ᠠᠵᠢᠯ᠎ᠠᠴᠠ ᠪᠣᠯᠵᠤ ᠭᠡᠮᠲᠦᠭᠰᠡᠨ ᠬᠥᠮᠥᠰ᠎ᠤᠨ ᠮᠤᠵᠢ ᠠᠯᠤᠰᠯᠠᠨ ᠣᠨᠳᠣᠣ ᠭᠠᠵᠠᠷ᠎ᠲᠤ ᠡᠮᠴᠢᠯᠡᠭᠦᠯᠬᠦ ᠦᠶ᠎ᠡ ᠵᠢᠨ ᠡᠷᠬᠡ ᠠᠰᠢᠭ ᠨᠥᠯᠥᠭᠡᠯᠡᠭᠳᠡᠬᠦ ᠦᠭᠡᠢ ᠪᠠᠶ᠋ᠢᠬᠤ ᠵᠢ ᠦᠨᠡᠨ ᠬᠦ᠌ ᠪᠠᠲᠤᠯᠠᠵᠤ ᠴᠢᠳᠠᠨ᠎ᠠ᠃
      ᠬᠥᠲᠥᠯᠥᠭᠴᠢ᠄ ᠵᠠ᠂ ᠲᠠᠨ᠎ᠤ ᠬᠠᠯᠠᠰᠢᠷᠠᠯ ᠦᠭᠡᠢ ᠬᠠᠷᠢᠭᠤᠯᠤᠭᠰᠠᠨ᠎ᠳᠤ ᠲᠠᠯᠠᠷᠬᠠᠵᠤ ᠪᠠᠢ᠌ᠨ᠎ᠠ᠂ ᠥᠷᠭᠡᠨ ᠤᠯᠠᠨ ᠰᠦᠯᠵᠢᠶᠡᠨ᠎ᠤ ᠨᠠᠢ᠌ᠵᠠ ᠨᠠᠷ᠎ᠤᠨ ᠭᠥᠯᠢᠶᠡᠨ ᠠᠪᠴᠤ ᠦᠵᠡᠭᠰᠡᠨ᠎ᠳᠤ ᠴᠦ᠍ ᠲᠠᠯᠠᠷᠬᠠᠵᠤ ᠪᠠᠢ᠌ᠨ᠎ᠠ᠂ ᠲᠣᠰ ᠤᠳᠠᠭ᠋ᠠᠨ᠎ᠤ ᠰᠣᠷᠪᠤᠯᠵᠢᠯᠠᠭ᠎ᠠ ᠠᠲᠠ ᠬᠥᠷᠥᠶ᠎ᠡ᠂ ᠲᠠᠷᠠᠭ᠋ᠠᠴᠢ ᠵᠢᠨ ᠬᠤᠭᠤᠴᠠᠭ᠋ᠠᠨ᠎ᠳᠤ ᠳᠠᠬᠢᠭ᠋ᠠᠳ ᠠᠭᠤᠯᠵᠠᠶ᠎ᠠ!
      ᠸᠠᠩ ᠽᠧ ᠵᠣᠣ᠄ ᠪᠠᠶᠠᠷᠲᠠᠢ᠃

ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
《ᠬᠠᠷᠢᠮᠠᠬᠠᠢ ᠴᠢᠨᠠᠷᠲᠠᠢ ᠨᠠᠰᠤᠨ᠎ᠤ ᠠᠮᠠᠷᠠᠯᠲᠠ᠎ᠪᠠᠨ ᠠᠪᠬᠤ ᠳᠦᠷᠢᠮ᠎ᠢ ᠬᠡᠷᠡᠭᠵᠢᠭᠦᠯᠬᠦ ᠲᠦᠷ ᠬᠡᠷᠡᠭᠵᠢᠭᠦᠯᠬᠦ ᠠᠷᠭ᠎ᠠ》 ᠵᠢᠨ ᠲᠤᠬᠠᠢ ᠠᠯᠪᠠᠨ᠎ᠤ ᠲᠠᠢ᠌ᠯᠤᠮᠵᠢ᠂ ᠲᠦᠷᠭᠡᠨ ᠦᠵᠡᠶ᠎ᠡ
2025 ᠣᠨ᠎ᠳᠤ ᠬᠡᠷᠬᠢᠨ ᠠᠵᠢᠯ ᠣᠯᠭᠣᠯᠲᠠ ᠵᠢ ᠲᠣᠭᠲᠠᠪᠤᠷᠢᠵᠢᠭᠤᠯᠵᠤ ᠣᠷᠣᠯᠭ᠎ᠠ ᠵᠢᠨ ᠨᠡᠮᠡᠭᠳᠡᠯ᠎ᠢ ᠠᠬᠢᠭᠤᠯᠬᠤ ᠪᠤᠢ? ᠡᠷᠬᠡ ᠰᠦᠷᠲᠦ ᠰᠠᠯᠠᠭ᠎ᠠ ᠮᠥᠴᠢᠷ᠎ᠠᠴᠠ ᠠᠵᠢᠯ ᠣᠯᠭᠣᠯᠲᠠ᠂ ᠣᠷᠣᠯᠭ᠎ᠠ ᠵᠡᠷᠭᠡ ᠬᠠᠯᠠᠮᠰᠢᠯ ᠠᠰᠠᠭᠤᠳᠠᠯ᠎ᠳᠤ ᠬᠠᠷᠢᠭᠤᠯᠲᠠ ᠥᠭᠪᠡ
ᠠᠵᠢᠯ ᠣᠯᠭᠣᠯᠲᠠ ᠪᠣᠯ ᠠᠷᠠᠳ᠎ᠤᠨ ᠠᠮᠢᠳᠤᠷᠠᠯ᠎ᠤᠨ ᠲᠡᠷᠢᠭᠦᠨ ᠴᠢᠬᠤᠯᠠ ᠶᠠᠪᠤᠳᠠᠯ ᠮᠥᠨ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠰᠠᠢ᠌ᠳ ᠬᠣᠶᠠᠷ ᠦᠭᠡ᠎ᠪᠠᠷ ᠬᠤᠷᠢᠶᠠᠩᠭᠤᠢ᠌ᠯᠠᠪᠠ
ᠲᠥᠪ ᠬᠣᠷᠢᠶᠠᠨ᠎ᠤ ᠨᠠᠢ᠍ᠮᠠᠨ ᠵᠦᠢ᠍ᠯ᠎ᠤᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠴᠥᠬᠥᠷᠡᠯ ᠦᠭᠡᠢ ᠨᠠᠢ᠌ᠳᠠᠪᠤᠷᠢᠵᠢᠭᠤᠯᠤᠶ᠎ᠠ — ᠨᠠᠮ᠎ᠤᠨ ᠰᠤᠷᠲᠠᠯ᠎ᠤᠨ ᠪᠠᠶ᠋ᠢᠭᠤᠯᠤᠯᠲᠠ ᠵᠢ ᠠᠬᠢᠭᠤᠯᠬᠤ ᠲᠠᠯ᠎ᠠ᠎ᠪᠠᠷ ᠤᠷᠤᠭᠰᠢᠯᠠᠵᠤ᠂ ᠦᠯᠢᠭᠡᠷ ᠳᠠᠭᠤᠷᠢᠶᠠᠯ ᠦᠵᠡᠭᠦᠯᠰᠦᠭᠡᠢ — ᠲᠥᠪ᠎ᠤᠨ ᠪᠠ ᠲᠦᠷᠦ ᠵᠢᠨ ᠪᠠᠶ᠋ᠢᠭᠤᠯᠭ᠎ᠠ᠂ ᠠᠷᠠᠳ᠎ᠤᠨ ᠪᠦᠯᠬᠦᠮ᠎ᠤᠨ᠎ᠬᠢᠨ ᠲᠥᠪ ᠬᠣᠷᠢᠶᠠᠨ᠎ᠤ ᠨᠠᠢ᠍ᠮᠠᠨ ᠵᠦᠢ᠍ᠯ᠎ᠤᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠦᠷᠪᠡᠳᠤᠬᠡᠷ ᠲᠠᠪᠤᠨ ᠵᠢᠯ᠎ᠤᠨ ᠲᠦᠯᠦᠪᠵᠢᠬᠦᠯᠬᠡ》 ᠵᠢᠨ ᠠᠵᠢᠯ ᠣᠯᠭᠣᠯᠲᠠ ᠵᠢ ᠠᠬᠢᠭᠤᠯᠬᠤ ᠲᠥᠯᠥᠪᠵᠢᠭᠦᠯᠭᠡ ᠵᠢᠨ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠤᠷᠠᠯᠳᠤᠪᠠ
 
            