ᠰᠤᠷᠪᠤᠯᠵᠢᠯᠠᠭ᠎ᠠ ᠬᠦᠯᠢᠶᠡᠭᠰᠡᠨ ᠵᠣᠴᠢᠨ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠳᠠᠭ᠋ᠠᠳᠬᠠᠯ᠎ᠤᠨ ᠦᠢ᠍ᠯᠡᠰ᠎ᠤᠨ ᠦᠢ᠍ᠯᠡᠴᠢᠯᠡᠭᠡᠨ᠎ᠤ ᠲᠥᠪ᠎ᠤᠨ ᠨᠡᠢ᠌ᠭᠡᠮ᠎ᠤᠨ ᠳᠠᠭ᠋ᠠᠳᠬᠠᠯ᠎ᠤᠨ ᠬᠠᠷᠢᠴᠠᠭ᠎ᠠ ᠵᠢᠨ ᠬᠠᠮᠢᠶᠠᠷᠤᠯᠲᠠ ᠵᠢᠨ ᠭᠠᠵᠠᠷ᠎ᠤᠨ ᠳᠡᠳ᠋ ᠳᠠᠷᠤᠭ᠎ᠠ ᠨᠢᠦ ᠽᠧᠩ ᠰᠢᠶᠠᠩ
ᠲᠣᠪᠴᠢ ᠠᠭᠤᠯᠭ᠎ᠠ᠄ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠵᠢᠨ ᠲᠥᠯᠥᠭᠡ᠂ ᠨᠡᠢ᠌ᠭᠡᠮ᠎ᠤᠨ ᠠᠩᠬᠠᠷᠤᠯ ᠲᠠᠯᠪᠢᠵᠤ ᠪᠠᠢ᠌ᠭ᠎ᠠ᠂ ᠤᠯᠠᠨ ᠲᠦᠮᠡᠨ᠎ᠤ ᠬᠠᠠᠯᠠᠮᠵᠢᠯᠠᠵᠤ ᠪᠠᠢ᠌ᠭ᠎ᠠ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠢᠳᠡ 《ᠭᠠᠵᠠᠷ᠎ᠤᠨ ᠳᠠᠷᠤᠭ᠎ᠠ ᠵᠢᠨ ᠰᠦᠯᠵᠢᠶᠡᠨ ᠰᠣᠷᠪᠤᠯᠵᠢᠯᠠᠭ᠎ᠠ》 ᠵᠢ ᠨᠡᠢ᠌ᠲᠡᠯᠡᠵᠦ᠂ ᠲᠢᠩᠬᠢᠮ᠎ᠤᠨ ᠰᠢᠰᠲ᠋ᠧᠮ᠎ᠤᠨ ᠳᠣᠲᠣᠷᠠᠬᠢ ᠭᠠᠵᠠᠷ ᠲᠠᠰᠤᠭ ᠨᠢᠭᠡᠴᠢ ᠵᠢᠨ ᠬᠠᠷᠢᠭᠤᠴᠠᠯᠭ᠋ᠠᠲᠠᠨ᠎ᠢ ᠤᠷᠢᠵᠤ ᠲᠥᠷᠥ ᠵᠢᠨ ᠪᠣᠳᠣᠯᠭ᠎ᠠ ᠵᠢᠨ ᠲᠤᠬᠠᠢ ᠲᠠᠢ᠌ᠯᠤᠮᠵᠢ ᠬᠢᠯᠭᠡᠵᠦ ᠪᠣᠢ᠂ ᠠᠩᠬᠠᠷᠤᠯ ᠵᠶ᠋ᠡᠨ ᠬᠠᠨᠳᠤᠭᠤᠯᠤᠮᠤ᠃
ᠬᠥᠲᠥᠯᠥᠭᠴᠢ᠄
ᠰᠦᠯᠵᠢᠶᠡᠨ ᠠᠨᠳᠠ ᠨᠠᠷ ᠰᠠᠶ᠋ᠢᠨ ᠪᠠᠢ᠌ᠵᠠᠭ᠋ᠠᠨ᠎ᠠ ᠦᠦ! ᠲᠤᠰ ᠬᠤᠭᠤᠴᠠᠭ᠋ᠠᠨ᠎ᠤ ᠭᠠᠵᠠᠷ᠎ᠤᠨ ᠳᠠᠷᠤᠭ᠎ᠠ ᠵᠢᠨ ᠰᠦᠯᠵᠢᠶᠡᠨ ᠰᠣᠷᠪᠤᠯᠵᠢᠯᠠᠭ᠎ᠠ ᠵᠢᠨ ᠪᠤᠯᠤᠩ᠎ᠢ ᠬᠦᠯᠢᠶᠡᠨ ᠠᠪᠴᠤ ᠦᠵᠡᠬᠦ ᠵᠢ ᠪᠠᠶᠠᠷᠯᠠᠨ ᠤᠭᠲᠤᠵᠤ ᠪᠠᠢ᠌ᠨ᠎ᠠ᠃ ᠥᠨᠥᠳᠥᠷ ᠪᠢᠳᠡ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠳᠠᠭ᠋ᠠᠳᠬᠠᠯ᠎ᠤᠨ ᠦᠢ᠍ᠯᠡᠰ᠎ᠤᠨ ᠦᠢ᠍ᠯᠡᠴᠢᠯᠡᠭᠡᠨ᠎ᠤ ᠲᠥᠪ᠎ᠤᠨ ᠨᠡᠢ᠌ᠭᠡᠮ᠎ᠤᠨ ᠳᠠᠭ᠋ᠠᠳᠬᠠᠯ᠎ᠤᠨ ᠬᠠᠷᠢᠴᠠᠭ᠎ᠠ ᠵᠢᠨ ᠬᠠᠮᠢᠶᠠᠷᠤᠯᠲᠠ ᠵᠢᠨ ᠭᠠᠵᠠᠷ᠎ᠤᠨ ᠳᠡᠳ᠋ ᠳᠠᠷᠤᠭ᠎ᠠ ᠵᠢ ᠤᠷᠢᠵᠤ᠂ ᠤᠯᠠᠨ ᠲᠦᠮᠡᠨ᠎ᠤ ᠬᠠᠯᠠᠮᠵᠢᠯᠠᠵᠤ ᠪᠠᠢ᠌ᠭ᠎ᠠ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠬᠠᠷᠢᠴᠠᠭ᠎ᠠ᠎ᠪᠠᠨ ᠰᠢᠯᠵᠢᠭᠦᠯᠦᠨ ᠦᠷᠭᠦᠯᠵᠢᠯᠡᠭᠦᠯᠬᠦ ᠲᠤᠬᠠᠢ ᠬᠠᠮᠢᠶ᠎ᠠ ᠪᠦᠬᠦᠢ ᠠᠭᠤᠯᠭ᠎ᠠ ᠵᠢ ᠤᠯᠠᠨ᠎ᠯᠤᠭ᠎ᠠ ᠶᠠᠷᠢᠯᠴᠠᠨ ᠰᠣᠯᠢᠯᠴᠠᠬᠤ ᠪᠣᠯᠣᠨ᠎ᠠ᠃ ᠨᠢᠦ ᠭᠠᠵᠠᠷ᠎ᠤᠨ ᠳᠠᠷᠤᠭ᠎ᠠ᠂ ᠲᠠ ᠰᠠᠢ᠌ᠨ ᠦᠦ!
ᠰᠤᠷᠪᠤᠯᠵᠢᠯᠠᠭ᠎ᠠ ᠬᠦᠯᠢᠶᠡᠭᠰᠡᠨ ᠵᠣᠴᠢᠨ᠄
ᠬᠥᠲᠥᠯᠥᠭᠴᠢ ᠰᠠᠢ᠍ᠢ᠍ᠨ ᠦᠦ᠂ ᠤᠯᠠᠨ ᠵᠶ᠋ᠠᠷ ᠵᠶ᠋ᠠᠨ ᠰᠠᠢ᠍ᠢ᠍ᠨ ᠪᠠᠢ᠌ᠵᠠᠭ᠋ᠠᠨ᠎ᠠ ᠦᠦ! ᠠᠲᠠ ᠤᠯᠠᠨ᠎ᠲᠠᠢ ᠶᠠᠷᠢᠯᠴᠠᠵᠤ ᠰᠣᠯᠢᠯᠴᠠᠬᠤ ᠪᠣᠯᠤᠭᠰᠠᠨ᠎ᠳᠠᠭᠠᠨ ᠮᠠᠰᠢ ᠪᠠᠶᠠᠷᠲᠠᠢ ᠪᠠᠢ᠌ᠨ᠎ᠠ᠃ ᠡᠨᠡ ᠬᠦ᠌ ᠲᠣᠬᠢᠶᠠᠯ ᠵᠶ᠋ᠠᠷ ᠳᠠᠮᠵᠢᠨ ᠨᠡᠢ᠌ᠭᠡᠮ᠎ᠤᠨ ᠳᠠᠭ᠋ᠠᠳᠬᠠᠯ᠎ᠤᠨ ᠦᠢ᠍ᠯᠡᠰ᠎ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠥᠷᠭᠡᠨ ᠤᠯᠠᠨ ᠰᠦᠯᠵᠢᠶᠡᠨ ᠠᠨᠳᠠ ᠨᠠᠷ᠎ᠲᠤ ᠴᠢᠩ ᠰᠡᠳᠬᠢᠯ᠎ᠤᠨ ᠲᠠᠯᠠᠷᠬᠠᠯ ᠵᠶ᠋ᠠᠨ ᠳᠡᠪᠰᠢᠭᠦᠯᠵᠦ ᠪᠠᠢ᠌ᠨ᠎ᠠ!
ᠬᠥᠲᠥᠯᠥᠭᠴᠢ᠄
ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠬᠠᠷᠢᠴᠠᠭ᠎ᠠ᠎ᠪᠠᠨ ᠰᠢᠯᠵᠢᠭᠦᠯᠦᠨ ᠣᠷᠣᠭᠤᠯᠬᠤ ᠨᠥᠬᠥᠴᠡᠯ᠎ᠨᠢ ᠶᠠᠭᠤ ᠪᠣᠢ?
ᠰᠤᠷᠪᠤᠯᠵᠢᠯᠠᠭ᠎ᠠ ᠬᠦᠯᠢᠶᠡᠭᠰᠡᠨ ᠵᠣᠴᠢᠨ᠄
ᠳᠣᠣᠷᠠᠬᠢ ᠪᠠᠶ᠋ᠢᠳᠠᠯ᠎ᠤᠨ ᠨᠢᠭᠡ᠎ᠳᠤ ᠨᠡᠢ᠌ᠴᠡᠪᠡᠯ ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠬᠠᠷᠢᠴᠠᠭ᠎ᠠ᠎ᠪᠠᠨ ᠰᠢᠯᠵᠢᠭᠦᠯᠦᠨ ᠣᠷᠣᠭᠤᠯᠬᠤ᠎ᠪᠠᠷ ᠭᠤᠶᠤᠴᠢᠯᠠᠵᠤ ᠪᠣᠯᠣᠨ᠎ᠠ᠃
ᠪᠠᠶ᠋ᠢᠳᠠᠯ ᠨᠢᠭᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠷᠦᠬᠡ ᠠᠮᠠ ᠵᠢᠨ ᠳᠠᠩᠰᠠ᠎ᠲᠠᠢ ᠬᠥᠮᠥᠰ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠬᠣᠲᠠ ᠪᠠᠯᠭ᠋ᠠᠰᠤᠨ᠎ᠤ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠳᠤ ᠣᠷᠣᠯᠴᠠᠭᠰᠠᠨ ᠪᠠᠢ᠌ᠪᠠᠯ᠂ ᠬᠠᠷᠢᠴᠠᠭ᠎ᠠ᠎ᠪᠠᠨ ᠰᠢᠯᠵᠢᠭᠦᠯᠦᠨ ᠣᠷᠣᠭᠤᠯᠬᠤ ᠵᠢ ᠭᠦᠢ᠍ᠴᠡᠳᠬᠡᠵᠦ ᠪᠣᠯᠣᠨ᠎ᠠ᠃
ᠪᠠᠶ᠋ᠢᠳᠠᠯ ᠬᠣᠶᠠᠷ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠷᠦᠬᠡ ᠠᠮᠠ ᠵᠢᠨ ᠲᠠᠩᠰᠠ ᠦᠭᠡᠢ ᠬᠥᠮᠥᠰ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠬᠣᠲᠠ ᠪᠠᠯᠭ᠋ᠠᠰᠤᠨ᠎ᠤ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠳᠤ ᠣᠷᠣᠯᠴᠠᠭᠰᠠᠨ ᠪᠥᠭᠡᠳ ᠳᠣᠣᠷᠠᠬᠢ ᠨᠥᠬᠥᠴᠡᠯ᠎ᠤᠳ᠎ᠤᠨ ᠨᠢᠭᠡᠳᠤᠨᠢ ᠨᠡᠢ᠌ᠴᠡᠭᠰᠡᠨ ᠪᠠᠢ᠌ᠬᠤ᠄
(1) ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠨᠢᠭᠡᠴᠢ ᠵᠢᠨ ᠳᠠᠭ᠋ᠠᠳᠬᠠᠯ᠎ᠳᠤ ᠣᠷᠣᠯᠴᠠᠭᠰᠠᠨ ᠠᠵᠢᠯᠲᠠᠨ ᠠᠵᠢᠯᠴᠢᠨ ᠡᠷᠡᠭᠲᠡᠢ ᠪᠦᠬᠦᠯᠢ 50 ᠨᠠᠰᠤ ᠬᠦᠷᠬᠦ ᠦᠭᠡᠢ᠂ ᠡᠮᠡᠭᠲᠡᠢ ᠪᠦᠬᠦᠯᠢ 40 ᠨᠠᠰᠤ ᠬᠦᠷᠬᠦ ᠦᠭᠡᠢ᠃
(2) ᠰᠢᠶᠠᠨ᠎ᠤ ᠱᠠᠲᠤᠨ᠎ᠠᠴᠠ ᠳᠡᠭᠡᠭᠰᠢᠬᠢ ᠨᠠᠮ᠎ᠤᠨ ᠬᠣᠷᠢᠶᠠᠨ᠎ᠤ ᠵᠣᠬᠢᠶᠠᠨ ᠪᠠᠢ᠌ᠭᠤᠯᠬᠤ ᠰᠠᠯᠠᠭ᠎ᠠ ᠮᠥᠴᠢᠷ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠵᠶ᠋ᠡᠷ ᠵᠥᠪᠰᠢᠶᠡᠷᠡᠭᠦᠯᠦᠭᠡᠳ ᠠᠵᠢᠯ ᠰᠢᠯᠵᠢᠭᠰᠡᠨ ᠪᠥᠭᠡᠳ ᠰᠢᠯᠵᠢᠨ ᠣᠴᠢᠭᠰᠠᠨ ᠨᠢᠭᠡᠴᠢ᠎ᠲᠠᠢ ᠬᠥᠳᠡᠯᠮᠦᠷᠢ ᠵᠢᠨ ᠬᠠᠷᠢᠴᠠᠭ᠎ᠠ ᠪᠠᠢ᠌ᠭᠤᠯᠬᠤ ᠵᠢᠨ ᠬᠠᠮᠲᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠰᠦᠢ᠍ᠳᠬᠡᠯ ᠵᠶ᠋ᠡᠨ ᠲᠤᠰᠢᠶᠠᠭᠰᠠᠨ᠃
(3) ᠳᠠᠭ᠋ᠠᠳᠬᠠᠯ᠎ᠤᠨ ᠮᠥᠩᠭᠥ ᠣᠯᠭᠣᠮᠵᠢ᠎ᠪᠠᠨ ᠠᠪᠬᠤ ᠨᠥᠬᠥᠴᠡᠯ᠎ᠳᠤ ᠭᠦᠷᠦᠭᠰᠡᠨ ᠦᠶ᠎ᠡ᠎ᠳᠤ᠂ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠬᠠᠷᠢᠴᠠᠭ᠎ᠠ᠎ᠨᠢ ᠡᠷᠦᠬᠡ ᠠᠮᠠ ᠵᠢᠨ ᠲᠠᠩᠰᠠ ᠵᠢᠨ ᠪᠠᠢ᠌ᠭ᠎ᠠ ᠭᠠᠵᠠᠷ᠎ᠲᠠᠭᠠᠨ ᠪᠠᠶ᠋ᠢᠬᠤ ᠦᠭᠡᠢ ᠮᠥᠷᠲᠡᠭᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠳᠠᠭ᠋ᠠᠳᠬᠠᠯ᠎ᠤᠨ ᠰᠦᠢ᠍ᠳᠬᠡᠯ ᠲᠤᠰᠢᠶᠠᠭ᠋ᠠᠳ ᠪᠦᠬᠦᠯᠢ 10 ᠵᠢᠯ ᠪᠣᠯᠤᠭᠰᠠᠨ᠃
ᠬᠥᠲᠥᠯᠥᠭᠴᠢ᠄
ᠣᠳᠣᠬᠠᠨ᠎ᠳᠤ ᠮᠠᠨ᠎ᠤ ᠣᠷᠣᠨ᠎ᠤ ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠬᠠᠷᠢᠴᠠᠭ᠎ᠠ ᠵᠢ ᠰᠢᠯᠵᠢᠭᠦᠯᠦᠨ ᠣᠷᠣᠭᠤᠯᠬᠤ ᠵᠢ ᠭᠦᠢ᠍ᠴᠡᠳᠬᠡᠬᠦ᠎ᠳᠤ ᠶᠠᠮᠠᠷ ᠶᠠᠮᠠᠷ ᠬᠡᠯᠪᠡᠷᠢ ᠪᠠᠢ᠌ᠬᠤ ᠪᠣᠢ?
ᠰᠤᠷᠪᠤᠯᠵᠢᠯᠠᠭ᠎ᠠ ᠬᠦᠯᠢᠶᠡᠭᠰᠡᠨ ᠵᠣᠴᠢᠨ᠄
ᠨᠢᠭᠡ᠎ᠳᠤ᠂ ᠰᠦᠯᠵᠢᠶᠡᠨ ᠳᠡᠭᠡᠷ᠎ᠡ ᠭᠦᠢ᠍ᠴᠡᠳᠬᠡᠬᠦ ᠬᠡᠯᠪᠡᠷᠢ
(1) 《ᠤᠯᠤᠰ᠎ᠤᠨ ᠨᠡᠢ᠌ᠭᠡᠮ᠎ᠤᠨ ᠳᠠᠭ᠋ᠠᠳᠬᠠᠯ᠎ᠤᠨ ᠤᠯᠠᠨ ᠨᠠᠢ᠌ᠳᠠ ᠵᠢᠨ ᠦᠢ᠍ᠯᠡᠴᠢᠯᠡᠭᠡᠨ᠎ᠤ ᠲᠠᠪᠴᠠᠩ》 (http://si.12333.gov.cn)᠎ᠳᠤ ᠣᠷᠣᠵᠤ᠂ ᠲᠦᠷᠦᠭᠦᠸ᠋ ᠨᠢᠭᠤᠷ᠎ᠤᠨ ᠵᠠᠮᠴᠢᠯᠠᠬᠤ ᠪᠤᠯᠤᠩ᠎ᠳᠤ ᠣᠷᠣᠵᠤ 《ᠬᠠᠷᠢᠴᠠᠭ᠎ᠠ ᠵᠢ ᠰᠢᠯᠵᠢᠭᠦᠯᠬᠦ》 ᠰᠣᠩᠭᠣᠯᠲᠠ ᠵᠢᠨ ᠳᠣᠲᠣᠷᠠᠬᠢ 《ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠬᠠᠷᠢᠴᠠᠭ᠎ᠠ ᠵᠢ ᠰᠢᠯᠵᠢᠭᠦᠯᠬᠦ ᠭᠤᠶᠤᠴᠢᠯᠠᠯ》 ᠭᠡᠬᠦ ᠠᠭᠤᠯᠭ᠎ᠠ ᠵᠢ ᠲᠣᠪᠴᠢᠳᠠᠨ᠂ 《ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ᠎ᠤ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠬᠠᠷᠢᠴᠠᠭ᠎ᠠ ᠵᠢ ᠰᠢᠯᠵᠢᠭᠦᠯᠬᠦ ᠭᠤᠶᠤᠴᠢᠯᠠᠯ》᠎ᠤᠨ ᠦᠢ᠍ᠯᠡᠴᠢᠯᠡᠭᠡ ᠵᠢ ᠰᠣᠩᠭᠣᠵᠤ᠂ ᠪᠣᠳᠠᠲᠠᠢ ᠬᠥᠮᠥᠨ᠎ᠤ ᠬᠢᠷᠢ ᠬᠡᠮ ᠵᠶ᠋ᠡᠨ ᠭᠡᠷᠡᠴᠢᠯᠡᠭᠦᠯᠦᠭᠡᠳ ᠪᠦᠲᠦᠭᠰᠡᠨᠤ ᠳᠠᠷᠠᠭ᠎ᠠ᠂ ᠰᠢᠯᠵᠢᠭᠦᠯᠬᠦ ᠭᠤᠶᠤᠴᠢᠯᠠᠯ᠎ᠤᠨ ᠬᠠᠮᠢᠶ᠎ᠠ ᠪᠦᠬᠦᠢ ᠮᠡᠳᠡᠭᠡ ᠵᠠᠩᠭᠢ ᠵᠢ ᠲᠠᠭᠯᠠᠨ ᠪᠢᠴᠢᠬᠦ ᠵᠢᠨ ᠬᠠᠮᠲᠤ ᠭᠤᠶᠤᠴᠢᠯᠠᠯ ᠵᠶ᠋ᠠᠨ ᠲᠤᠰᠢᠶᠠᠨ᠎ᠠ᠃
(2) 《ᠠᠯᠠᠭ᠋ᠠᠨ ᠳᠡᠭᠡᠷᠡᠬᠢ 12333》 APP᠎ᠪᠠᠷ ᠳᠠᠮᠵᠢᠭᠤᠯᠤᠨ 《ᠨᠡᠢ᠌ᠭᠡᠮ᠎ᠤᠨ ᠪᠠᠲᠤᠯᠠᠭ᠎ᠠ ᠵᠢᠨ ᠡᠯᠧᠺᠲᠷᠣᠨ ᠺᠠᠷᠲ》᠎ᠤᠨ ᠴᠢᠳᠠᠮᠵᠢ ᠵᠢ ᠰᠣᠩᠭᠣᠵᠤ᠂ 《ᠨᠡᠢ᠌ᠭᠡᠮ᠎ᠤᠨ ᠪᠠᠲᠤᠯᠠᠭ᠎ᠠ ᠵᠢᠨ ᠡᠯᠧᠺᠲᠷᠣᠨ ᠺᠠᠷᠲ》᠎ᠤᠨ ᠳᠣᠲᠣᠷᠠᠬᠢ 《ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠬᠠᠷᠢᠴᠠᠭ᠎ᠠ ᠵᠢ ᠰᠢᠯᠵᠢᠭᠦᠯᠬᠦ ᠭᠤᠶᠤᠴᠢᠯᠠᠯ — ᠪᠢ ᠭᠤᠶᠤᠴᠢᠯᠠᠨ᠎ᠠ》 ᠭᠡᠬᠦ ᠠᠭᠤᠯᠭ᠎ᠠ ᠵᠢ ᠲᠣᠪᠴᠢᠳᠠᠨ ᠭᠦᠢ᠍ᠴᠡᠳᠬᠡᠨ᠎ᠡ᠃
ᠬᠣᠶᠠᠷ᠎ᠲᠤ᠂ ᠪᠣᠳᠠᠲᠤ ᠴᠣᠭᠴᠠ ᠵᠢᠨ ᠴᠣᠩᠬᠣᠪᠴᠢ᠎ᠳᠤ ᠭᠦᠢ᠍ᠴᠡᠳᠬᠡᠬᠦ ᠬᠡᠯᠪᠡᠷᠢ
ᠳᠠᠭ᠋ᠠᠳᠬᠠᠯ᠎ᠳᠤ ᠣᠷᠣᠯᠴᠠᠭᠰᠠᠳ ᠥᠪᠡᠷ᠎ᠤᠨ ᠬᠦᠴᠦᠨ ᠪᠦᠬᠦᠢ ᠪᠡᠶ᠎ᠡ ᠵᠢᠨ ᠦᠨᠡᠮᠯᠡᠯ ᠵᠶ᠋ᠡᠨ ᠠᠪᠴᠤ᠂ ᠰᠢᠨ᠎ᠡ᠎ᠪᠠᠷ ᠠᠵᠢᠯ ᠣᠯᠣᠭᠰᠠᠨ ᠭᠠᠵᠠᠷ (ᠰᠢᠯᠵᠢᠨ ᠣᠴᠢᠭᠰᠠᠨ ᠭᠠᠵᠠᠷ)᠎ᠤᠨ ᠨᠡᠢ᠌ᠭᠡᠮ᠎ᠤᠨ ᠳᠠᠭ᠋ᠠᠳᠬᠠᠯ᠎ᠢ ᠭᠠᠷᠲᠠᠨ ᠭᠦᠢ᠍ᠴᠡᠳᠬᠡᠬᠦ ᠪᠠᠢ᠌ᠭᠤᠯᠤᠮᠵᠢ᠎ᠳᠤ ᠳᠠᠭ᠋ᠠᠳᠬᠠᠯ᠎ᠳᠤ ᠣᠷᠣᠯᠴᠠᠬᠤ ᠭᠠᠷᠳᠠᠮ ᠵᠶ᠋ᠠᠨ ᠭᠦᠢ᠍ᠴᠡᠳᠬᠡᠭᠰᠡᠨ᠎ᠤ ᠳᠠᠷᠠᠭ᠎ᠠ᠂ ᠰᠢᠯᠵᠢᠭᠦᠯᠬᠦ ᠭᠠᠷᠳᠠᠮ ᠭᠦᠢ᠍ᠴᠡᠳᠬᠡᠬᠦ ᠭᠤᠶᠤᠴᠢᠯᠠᠯ ᠭᠠᠷᠭ᠋ᠠᠵᠤ ᠪᠣᠯᠣᠨ᠎ᠠ᠃
ᠬᠥᠲᠥᠯᠥᠭᠴᠢ᠄
ᠰᠢᠯᠵᠢᠭᠦᠯᠬᠦ ᠠᠬᠢᠴᠠ ᠵᠢ ᠬᠡᠷᠬᠢᠨ ᠪᠠᠢ᠌ᠴᠠᠭ᠋ᠠᠨ ᠯᠠᠪᠯᠠᠬᠤ ᠪᠤᠢ?
ᠰᠤᠷᠪᠤᠯᠵᠢᠯᠠᠭ᠎ᠠ ᠬᠦᠯᠢᠶᠡᠭᠰᠡᠨ ᠵᠣᠴᠢᠨ᠄
(1) 《ᠤᠯᠤᠰ᠎ᠤᠨ ᠨᠡᠢ᠌ᠭᠡᠮ᠎ᠤᠨ ᠳᠠᠭ᠋ᠠᠳᠬᠠᠯ᠎ᠤᠨ ᠤᠯᠠᠨ ᠨᠠᠢ᠌ᠳᠠ ᠵᠢᠨ ᠦᠢ᠍ᠯᠡᠴᠢᠯᠡᠭᠡᠨ᠎ᠤ ᠲᠠᠪᠴᠠᠩ》 (http://si.12333.gov.cn)᠎ᠳᠤ ᠣᠷᠣᠵᠤ᠂ 《ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ》᠎ᠤᠨ ᠬᠡᠰᠡᠭ᠎ᠲᠠᠬᠢ 《ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠬᠠᠷᠢᠴᠠᠭ᠎ᠠ ᠵᠢ ᠰᠢᠯᠵᠢᠭᠦᠯᠬᠦ ᠠᠬᠢᠴᠠ ᠵᠢ ᠪᠠᠢ᠌ᠴᠠᠭ᠋ᠠᠨ ᠯᠠᠪᠯᠠᠬᠤ》 ᠭᠡᠬᠦ ᠠᠭᠤᠯᠭ᠎ᠠ ᠵᠢ ᠰᠣᠩᠭᠣᠵᠤ᠂ ᠰᠢᠯᠵᠢᠭᠦᠯᠬᠦ ᠵᠢ ᠬᠢᠨᠠᠨ ᠬᠠᠷᠭᠤᠭᠤᠯᠬᠤ ᠠᠬᠢᠴᠠ ᠵᠢ ᠪᠠᠢ᠌ᠴᠠᠭ᠋ᠠᠨ ᠦᠵᠡᠵᠦ ᠪᠣᠯᠣᠨ᠎ᠠ᠃
(2) 《ᠠᠯᠠᠭ᠋ᠠᠨ ᠳᠡᠭᠡᠷᠡᠬᠢ 12333》 APP ᠪᠤᠶᠤ ᠨᠡᠢ᠌ᠭᠡᠮ᠎ᠤᠨ ᠪᠠᠲᠤᠯᠠᠭ᠎ᠠ ᠵᠢᠨ ᠡᠯᠧᠺᠲᠷᠣᠨ ᠺᠠᠷᠲ᠎ᠤᠨ ᠠᠷᠭ᠎ᠠ ᠵᠠᠮ ᠵᠶ᠋ᠠᠷ ᠳᠠᠮᠵᠢᠵᠤ — ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠬᠠᠷᠢᠴᠠᠭ᠎ᠠ ᠵᠢ ᠰᠢᠯᠵᠢᠭᠦᠯᠬᠦ᠎ᠪᠠᠷ ᠭᠤᠶᠤᠴᠢᠯᠠᠬᠤ — ᠠᠬᠢᠴᠠ ᠵᠢ ᠪᠠᠢ᠌ᠴᠠᠭ᠋ᠠᠨ ᠯᠠᠪᠯᠠᠵᠤ᠂ ᠬᠢᠨᠠᠨ ᠬᠠᠷᠭᠤᠭᠤᠯᠤᠭᠰᠠᠨ ᠦᠷ᠎ᠡ ᠳ᠋ᠦᠩ᠎ᠢ ᠪᠠᠢ᠌ᠴᠠᠭ᠋ᠠᠨ ᠦᠵᠡᠵᠦ᠂ ᠭᠦᠢ᠍ᠴᠡᠳᠬᠡᠬᠦ ᠠᠬᠢᠴᠠ ᠵᠢ ᠮᠥᠷᠳᠡᠵᠦ ᠪᠣᠯᠣᠨ᠎ᠠ᠃
ᠬᠥᠲᠥᠯᠥᠭᠴᠢ᠄
ᠳᠠᠭ᠋ᠠᠳᠬᠠᠯ᠎ᠳᠤ ᠣᠷᠣᠯᠴᠠᠭᠰᠠᠳ᠎ᠤᠨ ᠡᠷᠦᠬᠡ ᠠᠮᠠ ᠵᠢᠨ ᠲᠠᠩᠰᠠ᠎ᠨᠢ ᠳᠠᠭ᠋ᠠᠳᠬᠠᠯ᠎ᠳᠤ ᠣᠷᠣᠯᠴᠠᠭᠰᠠᠨ ᠭᠠᠵᠠᠷ᠎ᠲᠠᠭᠠᠨ ᠪᠠᠶ᠋ᠢᠬᠤ ᠦᠭᠡᠢ᠂ ᠭᠡᠪᠡᠴᠦ ᠳᠠᠭ᠋ᠠᠳᠬᠠᠯ᠎ᠳᠤ ᠣᠷᠣᠯᠴᠠᠬᠤ ᠦᠶ᠎ᠡ᠎ᠳᠤ ᠡᠷᠡᠭᠲᠡᠢ ᠪᠦᠬᠦᠯᠢ 50 ᠨᠠᠰᠤ ᠬᠦᠷᠦᠭᠡᠳᠦᠢ᠂ ᠡᠮᠡᠭᠲᠡᠢ ᠪᠦᠬᠦᠯᠢ 40 ᠨᠠᠰᠤ ᠬᠦᠷᠦᠭᠡᠳᠦᠢ᠂ ᠳᠠᠭ᠋ᠠᠳᠬᠠᠯ᠎ᠳᠤ ᠣᠷᠣᠯᠴᠠᠭᠰᠠᠨ ᠭᠠᠵᠠᠷ᠎ᠲᠠᠭᠠᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠲᠠᠩᠰᠠᠨ ᠡᠷᠦᠬᠡ ᠪᠠᠢ᠌ᠭᠤᠯᠤᠭᠰᠠᠨ ᠪᠣᠯᠪᠠᠴᠤ ᠬᠠᠤᠯᠢ᠎ᠪᠠᠷ ᠲᠣᠭᠲᠠᠭ᠋ᠠᠭᠰᠠᠨ ᠠᠵᠢᠯ᠎ᠠᠴᠠ ᠠᠮᠠᠷᠠᠬᠤ ᠨᠠᠰᠤᠨ᠎ᠳᠤ ᠭᠥᠷᠥᠭᠰᠡᠨ ᠦᠶ᠎ᠡ᠎ᠳᠤ ᠰᠦᠢ᠍ᠳᠬᠡᠯ ᠲᠤᠰᠢᠶᠠᠬᠤ᠎ᠪᠠᠨ ᠵᠣᠭᠰᠣᠭᠰᠠᠨ᠎ᠠᠴᠠ ᠪᠣᠯᠵᠤ ᠰᠦᠢ᠍ᠳᠬᠡᠯ ᠲᠤᠰᠢᠶᠠᠭᠰᠠᠨ ᠣᠨ ᠵᠢᠯ᠎ᠤᠨ ᠬᠤᠭᠤᠴᠠᠭ᠎ᠠ᠎ᠨᠢ 10 ᠵᠢᠯ ᠬᠦᠷᠬᠦ ᠦᠭᠡᠢ ᠪᠠᠢ᠌ᠪᠠᠯ᠂ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠲᠠᠩᠰᠠᠨ ᠡᠷᠦᠬᠡ ᠵᠢ ᠲᠦᠷ ᠴᠠᠭ᠎ᠤᠨ ᠲᠠᠩᠰᠠᠨ ᠡᠷᠦᠬᠡ ᠪᠣᠯᠭ᠋ᠠᠨ ᠲᠣᠬᠢᠷᠠᠭᠤᠯᠤᠭ᠋ᠠᠳ ᠳᠡᠭᠡᠷ᠎ᠡ ᠨᠢᠭᠡ ᠳᠠᠭ᠋ᠠᠳᠬᠠᠯ᠎ᠳᠤ ᠣᠷᠣᠯᠴᠠᠭᠰᠠᠨ ᠭᠠᠵᠠᠷ ᠪᠤᠶᠤ ᠡᠷᠦᠬᠡ ᠠᠮᠠ ᠵᠢᠨ ᠲᠠᠩᠰᠠ ᠪᠠᠢ᠌ᠭ᠎ᠠ ᠭᠠᠵᠠᠷ᠎ᠲᠤᠨᠢ ᠰᠢᠯᠵᠢᠭᠦᠯᠵᠦ ᠪᠣᠯᠣᠨ᠎ᠠ ᠦᠦ?
ᠰᠤᠷᠪᠤᠯᠵᠢᠯᠠᠭ᠎ᠠ ᠬᠦᠯᠢᠶᠡᠭᠰᠡᠨ ᠵᠣᠴᠢᠨ᠄
ᠲᠦᠷ ᠴᠠᠭ᠎ᠤᠨ ᠲᠠᠩᠰᠠᠨ ᠡᠷᠦᠬᠡ ᠪᠣᠯᠭ᠋ᠠᠨ ᠲᠣᠬᠢᠷᠠᠭᠤᠯᠵᠤ ᠪᠣᠯᠬᠤ ᠦᠭᠡᠢ᠂ ᠳᠡᠭᠡᠷ᠎ᠡ ᠨᠢᠭᠡ ᠳᠠᠭ᠋ᠠᠳᠬᠠᠯ᠎ᠳᠤ ᠣᠷᠣᠯᠴᠠᠭᠰᠠᠨ ᠭᠠᠵᠠᠷ ᠪᠤᠶᠤ ᠡᠷᠦᠬᠡ ᠠᠮᠠ ᠵᠢᠨ ᠲᠠᠩᠰᠠ ᠵᠢᠨ ᠪᠠᠢ᠌ᠭ᠎ᠠ ᠭᠠᠵᠠᠷ᠎ᠲᠤᠨᠢ ᠰᠢᠯᠵᠢᠭᠦᠯᠦᠨ ᠠᠪᠴᠢᠷᠠᠵᠤ ᠪᠣᠯᠬᠤ ᠦᠭᠡᠢ᠃ 《ᠬᠣᠲᠠ ᠪᠠᠯᠭ᠋ᠠᠰᠤᠨ᠎ᠤ ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠬᠠᠷᠢᠴᠠᠭ᠎ᠠ ᠵᠢ ᠰᠢᠯᠵᠢᠭᠦᠯᠦᠨ ᠦᠷᠭᠦᠯᠵᠢᠯᠡᠭᠦᠯᠬᠦ ᠪᠣᠳᠠᠲᠠᠢ ᠠᠰᠠᠭᠤᠳᠠᠯ᠎ᠤᠳ᠎ᠤᠨ ᠰᠠᠨᠠᠯ᠎ᠢ ᠳᠠᠷᠤᠮᠠᠯᠯᠠᠨ ᠲᠠᠷᠬᠠᠭ᠋ᠠᠬᠤ ᠲᠤᠬᠠᠢ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠮᠡᠳᠡᠭᠳᠡᠯ》 (ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ ᠲᠠᠷᠬᠠᠭ᠋ᠠᠪᠠ [2010] 70 ᠳ᠋ᠤᠭ᠋ᠠᠷ ᠲᠣᠭ᠋ᠠᠲᠤ)᠎ᠤᠨ ᠲᠣᠭᠲᠠᠭ᠋ᠠᠯ᠎ᠢ ᠦᠨᠳᠦᠰᠦᠯᠡᠪᠡᠯ 《ᠳᠠᠭ᠋ᠠᠳᠬᠠᠯ᠎ᠳᠤ ᠣᠷᠣᠯᠴᠠᠭᠰᠠᠳ 2010 ᠣᠨ᠎ᠤ 1 ᠰᠠᠷ᠎ᠠ ᠵᠢᠨ 1᠎ᠤ ᠡᠳᠦᠷ᠎ᠠᠴᠠ ᠡᠮᠦᠨ᠎ᠡ ᠡᠷᠦᠬᠡ ᠠᠮᠠ ᠵᠢᠨ ᠲᠠᠩᠰᠠ ᠦᠭᠡᠢ ᠭᠠᠵᠠᠷ (ᠮᠤᠵᠢ᠎ᠪᠠᠷ ᠨᠢᠭᠡᠴᠢ ᠪᠣᠯᠭ᠋ᠠᠨ᠎ᠠ᠂ ᠳᠣᠷᠣᠭᠰᠢ ᠠᠳᠠᠯᠢ) ᠠᠵᠢᠯ ᠣᠯᠵᠤ ᠳᠠᠭ᠋ᠠᠳᠬᠠᠯ᠎ᠳᠤ ᠣᠷᠣᠯᠴᠠᠵᠣ᠂ 2010 ᠣᠨ᠎ᠤ 1 ᠰᠠᠷ᠎ᠠ ᠵᠢᠨ 1᠎ᠤ ᠡᠳᠦᠷ᠎ᠠᠴᠠ ᠬᠣᠶ᠋ᠢᠰᠢ ᠡᠷᠡᠭᠲᠡᠢ ᠪᠦᠬᠦᠯᠢ 50 ᠨᠠᠰᠤ ᠬᠦᠷᠦᠭᠰᠡᠨ ᠪᠠ ᠡᠮᠡᠭᠲᠡᠢ ᠪᠦᠬᠦᠯᠢ 40 ᠨᠠᠰᠤ ᠬᠦᠷᠦᠭᠰᠡᠨ ᠪᠠᠢ᠌ᠪᠠᠯ᠂ ᠳᠠᠭ᠋ᠠᠳᠬᠠᠯ᠎ᠳᠤ ᠣᠷᠣᠯᠴᠠᠭᠰᠠᠨ ᠬᠥᠮᠥᠨ ᠳᠠᠭ᠋ᠠᠳᠬᠠᠯ᠎ᠤᠨ ᠰᠦᠢ᠍ᠳᠬᠡᠯ ᠵᠶ᠋ᠠᠨ ᠲᠤᠰᠢᠶᠠᠬᠤ᠎ᠪᠠᠨ ᠵᠣᠭᠰᠣᠭᠰᠠᠨ ᠬᠤᠭᠤᠴᠠᠭ᠋ᠠᠨ᠎ᠳᠤ ᠡᠷᠡᠭᠲᠡᠢ ᠪᠦᠬᠦᠯᠢ 50 ᠨᠠᠰᠤ ᠬᠦᠷᠦᠭᠰᠡᠨ ᠪᠠ ᠡᠮᠡᠭᠲᠡᠢ ᠪᠦᠬᠦᠯᠢ 40 ᠨᠠᠰᠤ ᠬᠦᠷᠦᠭᠰᠡᠨ ᠪᠠᠢ᠌ᠪᠠᠯ᠂ ᠳᠠᠭ᠋ᠠᠳᠬᠠᠯ᠎ᠳᠤ ᠣᠷᠣᠯᠴᠠᠭᠰᠠᠨ ᠭᠠᠵᠠᠷ᠎ᠨᠢ ᠲᠡᠭᠦᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠬᠠᠷᠢᠴᠠᠭ᠎ᠠ ᠵᠢ ᠲᠦᠷ ᠴᠠᠭ᠎ᠤᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ ᠲᠠᠨᠭ᠌ᠰᠠᠨ ᠡᠷᠦᠬᠡ ᠪᠣᠯᠭ᠋ᠠᠨ ᠲᠣᠬᠢᠷᠠᠭᠤᠯᠵᠤ ᠪᠣᠯᠬᠤ ᠦᠭᠡᠢ》 ᠭᠡᠵᠦ ᠲᠣᠭᠲᠠᠭ᠋ᠠᠪᠠ᠃
ᠬᠥᠲᠥᠯᠥᠭᠴᠢ᠄
ᠳᠠᠭ᠋ᠠᠳᠬᠠᠯ᠎ᠳᠤ ᠣᠷᠣᠯᠴᠠᠬᠤ ᠦᠶ᠎ᠡ᠎ᠳᠤ ᠲᠦᠷ ᠴᠠᠭ᠎ᠤᠨ ᠲᠠᠩᠰᠠᠨ ᠡᠷᠦᠬᠡ ᠪᠠᠢ᠌ᠭᠤᠯᠵᠤ᠂ ᠰᠡᠭᠦᠯᠡᠷ᠎ᠨᠢ ᠡᠷᠦᠬᠡ ᠠᠮᠠ ᠵᠢᠨ ᠲᠠᠩᠰᠠᠨ᠎ᠪᠠᠨ ᠰᠢᠯᠵᠢᠭᠦᠯᠦᠨ ᠠᠪᠴᠢᠷᠠᠭᠰᠠᠨ ᠪᠠᠢ᠌ᠪᠠᠯ᠂ ᠲᠠᠩᠰᠠᠨ ᠡᠷᠦᠬᠡ ᠵᠢ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠲᠠᠩᠰᠠᠨ ᠡᠷᠦᠬᠡ ᠪᠣᠯᠭ᠋ᠠᠨ ᠲᠣᠬᠢᠷᠠᠭᠤᠯᠵᠤ ᠪᠣᠯᠣᠨ᠎ᠠ ᠦᠦ?
ᠰᠤᠷᠪᠤᠯᠵᠢᠯᠠᠭ᠎ᠠ ᠬᠦᠯᠢᠶᠡᠭᠰᠡᠨ ᠵᠣᠴᠢᠨ᠄
ᠪᠣᠯᠣᠨ᠎ᠠ᠃ 《ᠬᠣᠲᠠ ᠪᠠᠯᠭ᠋ᠠᠰᠤᠨ᠎ᠤ ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠬᠠᠷᠢᠴᠠᠭ᠎ᠠ ᠵᠢ ᠰᠢᠯᠵᠢᠭᠦᠯᠦᠨ ᠦᠷᠭᠦᠯᠵᠢᠯᠡᠭᠦᠯᠬᠦ ᠪᠣᠳᠠᠲᠠᠢ ᠠᠰᠠᠭᠤᠳᠠᠯ᠎ᠤᠳ᠎ᠤᠨ ᠰᠠᠨᠠᠯ᠎ᠢ ᠳᠠᠷᠤᠮᠠᠯᠯᠠᠨ ᠲᠠᠷᠬᠠᠭ᠋ᠠᠬᠤ ᠲᠤᠬᠠᠢ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠮᠡᠳᠡᠭᠳᠡᠯ》 (ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ ᠲᠠᠷᠬᠠᠭ᠋ᠠᠪᠠ [2010] 70 ᠳ᠋ᠤᠭ᠋ᠠᠷ ᠲᠣᠭ᠋ᠠᠲᠤ)᠎ᠤᠨ ᠲᠣᠭᠲᠠᠭ᠋ᠠᠯ᠎ᠢ ᠦᠨᠳᠦᠰᠦᠯᠡᠪᠡᠯ 《ᠡᠷᠦᠬᠡ ᠠᠮᠠ ᠵᠢᠨ ᠲᠠᠩᠰᠠ᠎ᠪᠠᠨ ᠲᠦᠷ ᠴᠠᠭ᠎ᠤᠨ ᠲᠠᠩᠰᠠᠨ ᠡᠷᠦᠬᠡ ᠪᠠᠢ᠌ᠭᠤᠯᠵᠤ ᠳᠠᠭ᠋ᠠᠳᠬᠠᠯ᠎ᠳᠤ ᠤᠷᠤᠯᠴᠠᠬᠰᠠᠨ ᠭᠠᠵᠠᠷ᠎ᠲᠠᠭᠠᠨ ᠨᠡᠭᠦᠯᠭᠡᠨ ᠠᠪᠴᠢᠷᠠᠭᠰᠠᠨ᠎ᠤ ᠬᠢᠨᠢ ᠳᠠᠷᠠᠭ᠎ᠠ ᠰᠠᠷ᠎ᠠ᠎ᠠᠴᠠ᠎ᠨᠢ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠬᠠᠷᠢᠴᠠᠭ᠎ᠠ ᠪᠣᠯᠭ᠋ᠠᠨ ᠲᠣᠬᠢᠷᠠᠭᠤᠯᠵᠤ ᠪᠣᠯᠣᠨ᠎ᠠ; ᠳᠠᠭ᠋ᠠᠳᠬᠠᠯ᠎ᠤᠨ ᠮᠥᠩᠭᠥ ᠣᠯᠭᠣᠮᠵᠢ᠎ᠪᠠᠨ ᠠᠪᠬᠤ ᠨᠥᠬᠥᠴᠡᠯ᠎ᠳᠤ ᠭᠦᠷᠦᠭᠡᠳ ᠮᠥᠩᠭᠥ ᠣᠯᠭᠣᠮᠵᠢ᠎ᠪᠠᠨ ᠠᠪᠬᠤ ᠭᠠᠷᠳᠠᠮ ᠵᠶ᠋ᠠᠨ ᠭᠦᠢ᠍ᠴᠡᠳᠬᠡᠭᠡᠳᠦᠢ ᠬᠤᠭᠤᠴᠠᠭ᠋ᠠᠨ᠎ᠳᠤ ᠡᠷᠦᠭᠡ ᠠᠮᠠ ᠵᠢᠨ ᠲᠠᠩᠰᠠ᠎ᠳᠤ ᠬᠤᠪᠢᠷᠠᠯᠲᠠ ᠭᠠᠷᠤᠭᠰᠠᠨ ᠪᠠᠢ᠌ᠪᠠᠯ᠂ ᠡᠷᠦᠭᠡ ᠠᠮᠠ ᠵᠢᠨ ᠲᠠᠩᠰᠠ ᠵᠢᠨ ᠪᠠᠢ᠌ᠭ᠎ᠠ ᠭᠠᠵᠠᠷ᠎ᠢ ᠲᠣᠭᠲᠠᠭ᠋ᠠᠬᠤ ᠦᠶ᠎ᠡ᠎ᠳᠤ᠂ ᠲᠡᠭᠦᠨ᠎ᠤ ᠳᠠᠭ᠋ᠠᠳᠬᠠᠯ᠎ᠤᠨ ᠮᠥᠩᠭᠥ ᠣᠯᠭᠣᠮᠵᠢ ᠠᠪᠬᠤ ᠨᠥᠬᠥᠴᠡᠯ᠎ᠳᠤ ᠭᠦᠷᠦᠭᠰᠡᠨ ᠨᠠᠰᠤᠨ᠎ᠤ ᠴᠠᠭ ᠵᠶ᠋ᠠᠷ᠎ᠨᠢ ᠪᠠᠷᠢᠮᠵᠢᠶ᠎ᠠ ᠪᠣᠯᠭ᠋ᠠᠨ᠎ᠠ》 ᠭᠡᠵᠦ ᠲᠣᠭᠲᠠᠭ᠋ᠠᠪᠠ᠃
ᠬᠥᠲᠥᠯᠥᠭᠴᠢ᠄
ᠳᠠᠭ᠋ᠠᠳᠬᠠᠯ᠎ᠳᠤ ᠣᠷᠣᠯᠴᠠᠭᠴᠢ ᠤᠯᠠᠨ ᠭᠠᠵᠠᠷ᠎ᠲᠤ ᠳᠠᠭ᠋ᠠᠳᠬᠠᠯ᠎ᠳᠤ ᠤᠷᠤᠯᠴᠠᠬᠰᠠᠨ ᠪᠣᠯᠪᠠᠴᠤ ᠴᠥᠮ ᠲᠦᠷ ᠴᠠᠭ᠎ᠤᠨ ᠲᠠᠩᠰᠠᠨ ᠡᠷᠦᠬᠡ ᠪᠣᠯ᠂ ᠠᠯᠢ ᠨᠡᠢ᠌ᠭᠡᠮ᠎ᠤᠨ ᠳᠠᠭ᠋ᠠᠳᠬᠠᠯ᠎ᠤᠨ ᠪᠠᠢ᠌ᠭᠤᠯᠤᠮᠵᠢ᠎ᠠᠴᠠ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠲᠠᠩᠰᠠᠨ ᠡᠷᠦᠬᠡ ᠵᠢ ᠬᠣᠷᠢᠶᠠᠨ ᠴᠤᠭᠯᠠᠭᠤᠯᠬᠤ ᠠᠵᠢᠯ᠎ᠢ ᠬᠠᠷᠢᠭᠤᠴᠠᠬᠤ ᠪᠤᠢ?
ᠰᠤᠷᠪᠤᠯᠵᠢᠯᠠᠭ᠎ᠠ ᠬᠦᠯᠢᠶᠡᠭᠰᠡᠨ ᠵᠣᠴᠢᠨ᠄
ᠡᠷᠦᠬᠡ ᠠᠮᠠ ᠵᠢᠨ ᠲᠠᠩᠰᠠ ᠪᠠᠢ᠌ᠭ᠎ᠠ ᠭᠠᠵᠠᠷ᠎ᠠᠴᠠ᠎ᠨᠢ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠳᠠᠩᠰᠠᠨ ᠵᠢ ᠬᠣᠷᠢᠶᠠᠨ ᠴᠤᠭᠯᠠᠭᠤᠯᠤᠨ᠎ᠠ᠃ 《ᠬᠣᠲᠠ ᠪᠠᠯᠭ᠋ᠠᠰᠤᠨ᠎ᠤ ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠬᠠᠷᠢᠴᠠᠭ᠎ᠠ ᠵᠢ ᠰᠢᠯᠵᠢᠭᠦᠯᠦᠨ ᠦᠷᠭᠦᠯᠵᠢᠯᠡᠭᠦᠯᠬᠦ ᠪᠣᠳᠠᠲᠠᠢ ᠠᠰᠠᠭᠤᠳᠠᠯ᠎ᠤᠳ᠎ᠤᠨ ᠰᠠᠨᠠᠯ᠎ᠢ ᠳᠠᠷᠤᠮᠠᠯᠯᠠᠨ ᠲᠠᠷᠬᠠᠭ᠋ᠠᠬᠤ ᠲᠤᠬᠠᠢ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠮᠡᠳᠡᠭᠳᠡᠯ》 (ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ ᠲᠠᠷᠬᠠᠭ᠋ᠠᠪᠠ [2010] 70 ᠳ᠋ᠤᠭ᠋ᠠᠷ ᠲᠣᠭ᠋ᠠᠲᠤ)᠎ᠳᠤ᠂ 《ᠳᠠᠭ᠋ᠠᠳᠬᠠᠯ᠎ᠳᠤ ᠣᠷᠣᠯᠴᠠᠭᠰᠠᠳ ᠲᠦᠷ ᠴᠠᠭ᠎ᠤᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ ᠳᠠᠩᠰᠠᠨ ᠡᠷᠦᠬᠡ ᠪᠠᠢ᠌ᠭᠤᠯᠤᠭᠰᠠᠨ ᠬᠤᠭᠤᠴᠠᠭ᠋ᠠᠨ᠎ᠳᠤ ᠮᠥᠩᠭᠥ ᠣᠯᠭᠣᠮᠵᠢ᠎ᠪᠠᠨ ᠠᠪᠬᠤ ᠨᠥᠬᠥᠴᠡᠯ᠎ᠳᠤ ᠬᠦᠷᠦᠭᠰᠡᠨ ᠦᠶ᠎ᠡ᠎ᠳᠤ᠂ ᠤᠤᠯ᠎ᠤᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠬᠠᠷᠢᠴᠠᠭ᠎ᠠ ᠵᠢ ᠦᠯᠡᠳᠡᠭᠡᠭᠰᠡᠨ ᠪᠠᠢ᠌ᠭ᠎ᠠ ᠭᠠᠵᠠᠷ᠎ᠨᠢ ᠲᠡᠭᠦᠨ᠎ᠤ ᠲᠦᠷ ᠴᠠᠭ᠎ᠤᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ ᠲᠠᠨᠭ᠌ᠰᠠᠨ ᠡᠷᠦᠭᠡ ᠵᠢ ᠬᠣᠷᠢᠶᠠᠨ ᠴᠤᠭᠯᠠᠭᠤᠯᠬᠤ ᠵᠢ ᠬᠠᠷᠢᠭᠤᠴᠠᠨ᠎ᠠ᠃ ᠡᠭᠦᠨ᠎ᠳᠤ᠂ ᠵᠥᠪᠬᠡᠨ ᠲᠦᠷ ᠴᠠᠭ᠎ᠤᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ ᠲᠠᠩᠰᠠᠨ ᠡᠷᠦᠬᠡ᠎ᠲᠠᠢ ᠪᠠᠢ᠌ᠪᠠᠯ᠂ ᠡᠷᠦᠬᠡ ᠠᠮᠠ ᠵᠢᠨ ᠲᠠᠩᠰᠠ ᠪᠠᠢ᠌ᠭ᠎ᠠ ᠭᠠᠵᠠᠷ᠎ᠠᠴᠠ ᠬᠠᠷᠢᠭᠤᠴᠠᠨ ᠬᠣᠷᠢᠶᠠᠨ ᠴᠤᠭᠯᠠᠭᠤᠯᠵᠤ ᠨᠡᠶ᠋ᠢᠯᠡᠭᠦᠯᠬᠦ ᠵᠢᠨ ᠬᠠᠮᠲᠤ ᠰᠢᠯᠵᠢᠭᠦᠯᠦᠨ ᠣᠷᠣᠭᠤᠯᠬᠤ ᠭᠠᠷᠳᠠᠮ᠎ᠢ ᠭᠦᠢ᠍ᠴᠡᠳᠬᠡᠬᠦ ᠵᠢᠨ ᠬᠠᠮᠲᠤ ᠳᠠᠭ᠋ᠠᠳᠬᠠᠯ᠎ᠳᠤ ᠣᠷᠣᠯᠴᠠᠭᠰᠠᠨ ᠮᠡᠳᠡᠭᠡ ᠵᠠᠩᠭᠢ ᠵᠢᠨ ᠳᠠᠩᠰᠠᠯᠠᠯᠲᠠ ᠵᠢ ᠪᠡᠶᠡᠯᠡᠭᠦᠯᠦᠨ᠎ᠡ》 ᠭᠡᠵᠦ ᠲᠣᠭᠲᠠᠭ᠋ᠠᠵᠠᠢ᠃
ᠬᠥᠲᠥᠯᠥᠭᠴᠢ᠄
《ᠲᠦᠷ ᠬᠡᠷᠡᠭᠵᠢᠭᠦᠯᠬᠦ ᠠᠷᠭ᠎ᠠ》 ᠵᠢ ᠬᠡᠷᠡᠭᠵᠢᠭᠦᠯᠬᠦ᠎ᠠᠴᠠ ᠡᠮᠦᠨ᠎ᠡ ᠰᠢᠯᠵᠢᠭᠦᠯᠬᠦ ᠭᠠᠷᠳᠠᠮ᠎ᠢ ᠭᠦᠢ᠍ᠴᠡᠳᠬᠡᠭᠰᠡᠨ ᠪᠠᠢ᠌ᠪᠠᠯ᠂ ᠰᠢᠯᠵᠢᠭᠦᠯᠵᠦ ᠣᠷᠣᠭᠤᠯᠤᠭᠰᠠᠨ ᠭᠠᠵᠠᠷ᠎ᠨᠢ ᠰᠢᠯᠵᠢᠭᠦᠯᠦᠨ ᠣᠷᠣᠭᠤᠯᠬᠤ ᠦᠶ᠎ᠡ᠎ᠳᠤ ᠡᠷᠡᠭᠲᠡᠢ ᠪᠦᠬᠦᠯᠢ 50 ᠨᠠᠰᠤ᠂ ᠡᠮᠡᠭᠲᠡᠢ ᠪᠦᠬᠦᠯᠢ 40 ᠨᠠᠰᠤ ᠬᠡᠲᠦᠷᠡᠭᠰᠡᠨ ᠭᠡᠬᠦ ᠰᠢᠯᠲᠠᠭ᠋ᠠᠨ ᠵᠶ᠋ᠠᠷ ᠠᠵᠢᠯ᠎ᠠᠴᠠ᠎ᠪᠠᠨ ᠠᠮᠠᠷᠠᠬᠤ ᠭᠠᠷᠳᠠᠮ᠎ᠢ ᠭᠦᠢ᠍ᠴᠡᠳᠬᠡᠵᠦ ᠥᠭᠬᠦ ᠦᠭᠡᠢ ᠪᠠᠢ᠌ᠵᠤ ᠪᠣᠯᠣᠨ᠎ᠠ ᠦᠦ?
ᠰᠤᠷᠪᠤᠯᠵᠢᠯᠠᠭ᠎ᠠ ᠬᠦᠯᠢᠶᠡᠭᠰᠡᠨ ᠵᠣᠴᠢᠨ᠄
ᠪᠣᠯᠬᠤ ᠦᠭᠡᠢ᠃ 《ᠬᠣᠲᠠ ᠪᠠᠯᠭ᠋ᠠᠰᠤᠨ᠎ᠤ ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠬᠠᠷᠢᠴᠠᠭ᠎ᠠ ᠵᠢ ᠰᠢᠯᠵᠢᠭᠦᠯᠦᠨ ᠦᠷᠭᠦᠯᠵᠢᠯᠡᠭᠦᠯᠬᠦ ᠪᠣᠳᠠᠲᠠᠢ ᠠᠰᠠᠭᠤᠳᠠᠯ᠎ᠤᠳ᠎ᠤᠨ ᠰᠠᠨᠠᠯ᠎ᠢ ᠳᠠᠷᠤᠮᠠᠯᠯᠠᠨ ᠲᠠᠷᠬᠠᠭ᠋ᠠᠬᠤ ᠲᠤᠬᠠᠢ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠮᠡᠳᠡᠭᠳᠡᠯ》 (ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ ᠲᠠᠷᠬᠠᠭ᠋ᠠᠪᠠ [2010] 70 ᠳ᠋ᠤᠭ᠋ᠠᠷ ᠲᠣᠭ᠋ᠠᠲᠤ)᠎ᠤᠨ ᠲᠣᠭᠲᠠᠭ᠋ᠠᠯ᠎ᠢ ᠦᠨᠳᠦᠰᠦᠯᠡᠪᠡᠯ᠂ 《2010 ᠣᠨ᠎ᠤ 1 ᠰᠠᠷ᠎ᠠ ᠵᠢᠨ 1᠎ᠤ ᠡᠳᠦᠷ᠎ᠠᠴᠠ ᠡᠮᠦᠨ᠎ᠡ (ᠲᠦᠷ ᠬᠡᠷᠡᠭᠵᠢᠭᠦᠯᠬᠦ ᠠᠷᠭ᠎ᠠ ᠵᠢ ᠬᠡᠷᠡᠭᠵᠢᠭᠦᠯᠬᠦ᠎ᠠᠴᠠ ᠡᠮᠦᠨ᠎ᠡ)᠂ ᠨᠢᠭᠡᠨᠲᠡ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠬᠠᠷᠢᠴᠠᠭ᠎ᠠ᠎ᠪᠠᠨ ᠰᠢᠯᠵᠢᠭᠦᠯᠦᠭᠰᠡᠨ ᠪᠠᠢ᠌ᠪᠠᠯ᠂ ᠬᠡᠷᠡᠭᠵᠢᠭᠦᠯᠦᠭᠰᠡᠨ᠎ᠤ ᠳᠠᠷᠠᠭ᠎ᠠ ᠳᠠᠬᠢᠵᠤ ᠮᠤᠵᠢ ᠠᠯᠤᠰᠯᠠᠨ ᠠᠵᠢᠯ ᠰᠢᠯᠵᠢᠵᠦ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠬᠠᠷᠢᠴᠠᠭ᠎ᠠ᠎ᠪᠠᠨ ᠰᠢᠯᠵᠢᠭᠦᠯᠦᠭᠰᠡᠨ ᠶᠠᠪᠤᠳᠠᠯ ᠪᠠᠶ᠋ᠢᠬᠤ ᠦᠭᠡᠢ ᠪᠣᠯ᠂ ᠮᠥᠩᠭᠥ ᠣᠯᠭᠣᠮᠵᠢ᠎ᠪᠠᠨ ᠠᠪᠬᠤ ᠨᠥᠬᠥᠴᠡᠯ᠎ᠳᠤ ᠭᠦᠷᠦᠭᠰᠡᠨ ᠦᠶ᠎ᠡ᠎ᠳᠤ᠂ ᠲᠡᠭᠦᠨ᠎ᠤ ᠣᠳᠣᠬᠠᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠬᠠᠷᠢᠴᠠᠭ᠎ᠠ ᠵᠢᠨ ᠪᠠᠢ᠌ᠭ᠎ᠠ ᠭᠠᠵᠠᠷ᠎ᠨᠢ ᠳᠠᠷᠤᠢ ᠮᠥᠩᠭᠥ ᠣᠯᠭᠣᠮᠵᠢ᠎ᠪᠠᠨ ᠠᠪᠬᠤ ᠭᠠᠵᠠᠷ ᠪᠣᠯᠣᠨ᠎ᠠ᠃ ᠳᠠᠬᠢᠨᠲᠠ ᠰᠢᠯᠵᠢᠭᠦᠯᠦᠨ ᠭᠠᠷᠭ᠋ᠠᠭᠰᠠᠨ ᠪᠠᠢ᠌ᠪᠠᠯ 〈ᠲᠦᠷ ᠬᠡᠷᠡᠭᠵᠢᠭᠦᠯᠬᠦ ᠠᠷᠭ᠎ᠠ〉᠎ᠳᠤ ᠲᠣᠭᠲᠠᠭ᠋ᠠᠭᠰᠠᠨ ᠶᠣᠰᠣᠭ᠋ᠠᠷ ᠮᠥᠩᠭᠥ ᠣᠯᠭᠣᠮᠵᠢ᠎ᠪᠠᠨ ᠠᠪᠬᠤ ᠭᠠᠵᠠᠷ᠎ᠢ ᠲᠣᠭᠲᠠᠭ᠋ᠠᠨ᠎ᠠ》 ᠭᠡᠵᠦ ᠲᠣᠭᠲᠠᠭ᠋ᠠᠪᠠ᠃
ᠬᠥᠲᠥᠯᠥᠭᠴᠢ᠄
ᠰᠢᠯᠵᠢᠭᠦᠯᠦᠨ ᠭᠠᠷᠭ᠋ᠠᠬᠤ ᠦᠶ᠎ᠡ᠎ᠳᠤ ᠬᠤᠪᠢ ᠬᠥᠮᠥᠨ ᠨᠥᠬᠥᠵᠦ ᠲᠤᠰᠢᠶᠠᠬᠤ᠎ᠪᠠᠨ ᠪᠣᠯᠢᠪᠠᠯ᠂ ᠲᠤᠰ ᠬᠥᠮᠥᠨ᠎ᠨᠢ ᠪᠢᠴᠢᠭ᠎ᠤᠨ ᠬᠡᠯᠪᠡᠷᠢ᠎ᠪᠠᠷ ᠭᠠᠷᠤᠨ ᠦᠰᠦᠭ ᠵᠢᠷᠤᠵᠤ ᠲᠣᠳᠣᠯᠠᠬᠤ ᠴᠢᠬᠤᠯᠠᠲᠠᠢ ᠦᠦ?
ᠰᠤᠷᠪᠤᠯᠵᠢᠯᠠᠭ᠎ᠠ ᠬᠦᠯᠢᠶᠡᠭᠰᠡᠨ ᠵᠣᠴᠢᠨ᠄
ᠲᠡᠢ᠌ᠮᠦ ᠠ᠋᠂ ᠡᠨᠡ ᠪᠠᠢ᠌ᠳᠠᠯ ᠳᠣᠣᠷ᠎ᠠ ᠲᠤᠰ ᠬᠥᠮᠥᠨ᠎ᠨᠢ ᠭᠠᠷᠤᠨ ᠦᠰᠦᠭ ᠵᠢᠷᠤᠵᠤ ᠲᠣᠳᠣᠯᠠᠬᠤ ᠴᠢᠬᠤᠯᠠᠲᠠᠢ᠃ 《ᠬᠣᠲᠠ ᠪᠠᠯᠭ᠋ᠠᠰᠤᠨ᠎ᠤ ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠬᠠᠷᠢᠴᠠᠭ᠎ᠠ ᠵᠢ ᠰᠢᠯᠵᠢᠭᠦᠯᠦᠨ ᠦᠷᠭᠦᠯᠵᠢᠯᠡᠭᠦᠯᠬᠦ ᠪᠣᠳᠠᠲᠠᠢ ᠠᠰᠠᠭᠤᠳᠠᠯ᠎ᠤᠳ᠎ᠤᠨ ᠰᠠᠨᠠᠯ᠎ᠢ ᠳᠠᠷᠤᠮᠠᠯᠯᠠᠨ ᠲᠠᠷᠬᠠᠭ᠋ᠠᠬᠤ ᠲᠤᠬᠠᠢ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠮᠡᠳᠡᠭᠳᠡᠯ》 (ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ ᠲᠠᠷᠬᠠᠭ᠋ᠠᠪᠠ [2010] 70 ᠳ᠋ᠤᠭ᠋ᠠᠷ ᠲᠣᠭ᠋ᠠᠲᠤ)᠎ᠤᠨ ᠲᠣᠭᠲᠠᠭ᠋ᠠᠯ᠎ᠢ ᠦᠨᠳᠦᠰᠦᠯᠡᠪᠡᠯ᠂ 《ᠬᠤᠪᠢ ᠬᠥᠮᠥᠨ᠎ᠤ ᠥᠷᠢᠲᠦᠵᠦ ᠪᠠᠢ᠌ᠭ᠎ᠠ ᠲᠡᠷᠡ ᠬᠡᠰᠡᠭ ᠰᠦᠢ᠍ᠳᠬᠡᠯ ᠵᠶ᠋ᠡᠨ ᠨᠥᠬᠥᠵᠦ ᠲᠤᠰᠢᠶᠠᠬᠤ᠎ᠪᠠᠨ ᠪᠣᠯᠢᠪᠠᠯ ᠲᠣᠰ ᠬᠥᠮᠥᠨ᠎ᠨᠢ ᠪᠢᠴᠢᠭ᠎ᠤᠨ ᠬᠡᠯᠪᠡᠷᠢ᠎ᠪᠠᠷ ᠭᠠᠷᠤᠨ ᠦᠰᠦᠭ ᠵᠢᠷᠤᠵᠤ ᠲᠣᠳᠣᠯᠠᠬᠤ ᠬᠡᠷᠡᠭᠲᠡᠶ᠂ ᠨᠢᠭᠡᠴᠢ᠎ᠠᠴᠠ ᠲᠤᠰᠢᠶᠠᠬᠤ ᠬᠡᠰᠡᠭ᠎ᠤᠨ ᠰᠦᠢ᠍ᠳᠬᠡᠯ᠎ᠢ ᠥᠷᠢᠲᠦᠵᠦ ᠪᠠᠢ᠌ᠭ᠎ᠠ ᠪᠠᠢ᠌ᠳᠠᠯ᠎ᠢ ᠮᠥᠨᠬᠦ ᠰᠢᠯᠵᠢᠭᠦᠯᠦᠨ ᠭᠠᠷᠭ᠋ᠠᠭᠰᠠᠨ ᠭᠠᠵᠠᠷ᠎ᠤᠨ ᠨᠡᠢ᠌ᠭᠡᠮ᠎ᠤᠨ ᠳᠠᠭ᠋ᠠᠳᠬᠠᠯ᠎ᠤᠨ ᠰᠦᠢ᠍ᠳᠬᠡᠯ᠎ᠢ ᠲᠠᠲᠠᠪᠤᠷᠢᠯᠠᠬᠤ ᠪᠠ ᠲᠤᠰᠢᠶᠠᠬᠤ ᠪᠠᠢ᠌ᠭᠤᠯᠤᠮᠵᠢ᠎ᠠᠴᠠ ᠬᠠᠷᠢᠭᠤᠴᠠᠨ ᠢᠯᠭ᠋ᠠᠷᠠᠭᠤᠯᠤᠨ ᠰᠢᠢ᠍ᠳᠪᠦᠷᠢᠯᠡᠨ᠎ᠡ》 ᠭᠡᠵᠦ ᠲᠣᠭᠲᠠᠭ᠋ᠠᠪᠠ᠃
ᠬᠥᠲᠥᠯᠥᠭᠴᠢ᠄
ᠬᠠᠤᠯᠢ᠎ᠪᠠᠷ ᠲᠣᠭᠲᠠᠭ᠋ᠠᠭᠰᠠᠨ ᠠᠵᠢᠯ᠎ᠠᠴᠠ᠎ᠪᠠᠨ ᠠᠮᠠᠷᠠᠬᠤ ᠨᠠᠰᠤᠨ᠎ᠳᠤ ᠭᠦᠷᠦᠭᠰᠡᠨ ᠪᠣᠯᠪᠠᠴᠤ ᠰᠦᠢ᠍ᠳᠬᠡᠯ ᠲᠤᠰᠢᠶᠠᠭ᠋ᠠᠳ ᠪᠦᠬᠦᠯᠢ 15 ᠵᠢᠯ ᠪᠣᠯᠣᠭ᠋ᠠᠳᠤᠢ ᠪᠠᠶ᠋ᠢᠳᠠᠯ᠎ᠳᠤ᠂ ᠦᠷᠭᠦᠯᠵᠢᠯᠡᠨ ᠰᠦᠢ᠍ᠳᠬᠡᠯ ᠲᠤᠰᠢᠶᠠᠬᠤ᠎ᠳᠤ ᠠᠯᠢ ᠨᠡᠢ᠌ᠭᠡᠮ᠎ᠤᠨ ᠳᠠᠭ᠋ᠠᠳᠬᠠᠯ᠎ᠤᠨ ᠪᠠᠢ᠌ᠭᠤᠯᠤᠮᠵᠢ᠎ᠳᠤ ᠰᠦᠢ᠍ᠳᠬᠡᠯ ᠲᠤᠰᠢᠶᠠᠬᠤ ᠪᠤᠢ?
ᠰᠤᠷᠪᠤᠯᠵᠢᠯᠠᠭ᠎ᠠ ᠬᠦᠯᠢᠶᠡᠭᠰᠡᠨ ᠵᠣᠴᠢᠨ᠄
ᠡᠭᠦᠨ᠎ᠢ ᠳᠣᠣᠷᠠᠬᠢ ᠳᠦᠷᠢᠮ᠎ᠤᠳ ᠵᠶ᠋ᠡᠷ ᠲᠣᠭᠲᠠᠭ᠋ᠠᠨ᠎ᠠ᠃ 《ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠬᠠᠷᠢᠴᠠᠭ᠎ᠠ ᠵᠢ ᠰᠢᠯᠵᠢᠭᠦᠯᠦᠨ ᠦᠷᠭᠦᠯᠵᠢᠯᠡᠭᠦᠯᠬᠦ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠠᠯᠪᠠᠨ ᠲᠢᠩᠬᠢᠮ᠎ᠤᠨ ᠵᠠᠬᠢᠳᠠᠯ》 (ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠠᠯᠪᠠᠨ ᠲᠢᠩᠬᠢᠮ᠎ᠤᠨ ᠵᠠᠬᠢᠳᠠᠯ [2013] 250 ᠳ᠋ᠤᠭ᠋ᠠᠷ ᠲᠣᠭ᠋ᠠᠲᠤ)᠎ᠤᠨ ᠲᠣᠭᠲᠠᠭ᠋ᠠᠯ᠎ᠢ ᠦᠨᠳᠦᠰᠦᠯᠡᠪᠡᠯ᠂ 《ᠳᠠᠭ᠋ᠠᠳᠬᠠᠯ᠎ᠳᠤ ᠣᠷᠣᠯᠴᠠᠭᠰᠠᠳ ᠬᠠᠤᠯᠢ᠎ᠪᠠᠷ ᠲᠣᠭᠲᠠᠭ᠋ᠠᠭᠰᠠᠨ ᠠᠵᠢᠯ᠎ᠠᠴᠠ᠎ᠪᠠᠨ ᠠᠮᠠᠷᠠᠬᠤ ᠨᠠᠰᠤᠨ᠎ᠳᠤ ᠬᠦᠷᠬᠦ ᠦᠶ᠎ᠡ᠎ᠳᠤ ᠰᠦᠢ᠍ᠳᠬᠡᠯ ᠲᠤᠰᠢᠶᠠᠭᠰᠠᠨ ᠬᠤᠭᠤᠴᠠᠭ᠎ᠠ᠎ᠨᠢ ᠪᠦᠬᠦᠯᠢ 15 ᠵᠢᠯ ᠬᠦᠷᠬᠦ ᠦᠭᠡᠢ ᠪᠠᠢ᠌ᠪᠠᠯ᠂ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠬᠠᠷᠢᠴᠠᠭ᠎ᠠ᠎ᠨᠢ ᠡᠷᠦᠬᠡ ᠠᠮᠠ ᠵᠢᠨ ᠲᠠᠩᠰᠠ ᠪᠠᠢ᠌ᠭ᠎ᠠ ᠭᠠᠵᠠᠷ᠎ᠲᠤ ᠪᠠᠢ᠌ᠪᠠᠯ᠂ ᠦᠷᠭᠦᠯᠵᠢᠯᠡᠨ ᠰᠦᠢ᠍ᠳᠬᠡᠯ ᠲᠤᠰᠢᠶᠠᠬᠤ ᠭᠠᠵᠠᠷ᠎ᠨᠢ ᠡᠷᠦᠬᠡ ᠠᠮᠠ ᠵᠢᠨ ᠲᠠᠩᠰᠠ ᠪᠠᠢ᠌ᠭ᠎ᠠ ᠭᠠᠵᠠᠷ ᠪᠣᠯᠣᠨ᠎ᠠ; ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠬᠠᠷᠢᠴᠠᠭ᠎ᠠ᠎ᠨᠢ ᠡᠷᠦᠭᠡ ᠠᠮᠠ ᠵᠢᠨ ᠲᠠᠩᠰᠠ ᠵᠢᠨ ᠪᠠᠢ᠌ᠭ᠎ᠠ ᠭᠠᠵᠠᠷ᠎ᠲᠤ ᠪᠠᠶ᠋ᠢᠬᠤ ᠦᠭᠡᠢ ᠪᠠᠢ᠌ᠪᠠᠯ᠂ ᠦᠷᠭᠦᠯᠵᠢᠯᠡᠨ ᠰᠦᠢ᠍ᠳᠬᠡᠯ ᠲᠤᠰᠢᠶᠠᠬᠤ ᠭᠠᠵᠠᠷ᠎ᠨᠢ ᠰᠦᠢ᠍ᠳᠬᠡᠯ ᠲᠤᠰᠢᠶᠠᠭᠰᠠᠨ ᠵᠢᠯ ᠬᠤᠭᠤᠴᠠᠭ᠎ᠠ᠎ᠨᠢ ᠪᠦᠬᠦᠯᠢ 10 ᠵᠢᠯ ᠪᠣᠯᠤᠭᠰᠠᠨ ᠭᠠᠵᠠᠷ ᠪᠣᠯᠣᠨ᠎ᠠ; ᠳᠠᠭ᠋ᠠᠳᠬᠠᠯ᠎ᠳᠤ ᠣᠷᠣᠯᠴᠠᠭᠰᠠᠨ ᠭᠠᠵᠠᠷ ᠨᠢᠭᠡᠪᠦᠷᠢ ᠵᠢᠨ ᠰᠦᠢ᠍ᠳᠬᠡᠯ ᠲᠤᠰᠢᠶᠠᠭᠰᠠᠨ ᠬᠤᠭᠤᠴᠠᠭ᠎ᠠ᠎ᠨᠢ ᠴᠥᠮ 10 ᠵᠢᠯ ᠬᠦᠷᠬᠦ ᠦᠭᠡᠢ ᠪᠠᠢ᠌ᠪᠠᠯ᠂ ᠦᠷᠭᠦᠯᠵᠢᠯᠡᠨ ᠰᠦᠢ᠍ᠳᠬᠡᠯ ᠲᠤᠰᠢᠶᠠᠬᠤ ᠭᠠᠵᠠᠷ᠎ᠨᠢ ᠡᠷᠦᠬᠡ ᠠᠮᠠ ᠵᠢᠨ ᠲᠠᠩᠰᠠ ᠪᠠᠢ᠌ᠭ᠎ᠠ ᠭᠠᠵᠠᠷ ᠪᠣᠯᠣᠨ᠎ᠠ᠃ ᠬᠡᠷᠪᠡ ᠠᠵᠤ ᠠᠬᠤᠢ᠌ᠯᠠᠯ᠎ᠳᠤ ᠦᠷᠭᠦᠯᠵᠢᠯᠡᠨ ᠠᠵᠢᠯ ᠣᠯᠵᠤ ᠳᠠᠭ᠋ᠠᠳᠬᠠᠯ᠎ᠳᠤ ᠣᠷᠣᠯᠴᠠᠭᠰᠠᠨ ᠪᠠᠢ᠌ᠪᠠᠯ᠂ ᠤᠯᠤᠰ᠎ᠤᠨ ᠲᠣᠭᠲᠠᠭ᠋ᠠᠯ ᠶᠣᠰᠣᠭ᠋ᠠᠷ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠰᠦᠢ᠍ᠳᠬᠡᠯ᠎ᠢ ᠲᠤᠰᠢᠶᠠᠨ᠎ᠠ; ᠠᠵᠤ ᠠᠬᠤᠢ᠌ᠯᠠᠯ᠎ᠳᠤ ᠦᠷᠭᠦᠯᠵᠢᠯᠡᠨ ᠠᠵᠢᠯ ᠣᠯᠵᠤ ᠳᠠᠭ᠋ᠠᠳᠬᠠᠯ᠎ᠳᠤ ᠣᠷᠣᠯᠴᠠᠭᠰᠠᠨ ᠦᠭᠡᠢ ᠪᠠᠢ᠌ᠪᠠᠯ᠂ ᠦᠷᠭᠦᠯᠵᠢᠯᠡᠨ ᠰᠦᠢ᠍ᠳᠬᠡᠯ ᠲᠤᠰᠢᠶᠠᠬᠤ ᠭᠠᠵᠠᠷ᠎ᠲᠠᠭᠠᠨ ᠲᠤᠬᠠᠢ ᠵᠢᠨ ᠭᠠᠵᠠᠷ᠎ᠤᠨ ᠠᠮᠢᠳᠤᠯᠢᠭ ᠵᠶ᠋ᠠᠷ ᠠᠵᠢᠯ ᠣᠯᠣᠭᠰᠠᠳ᠎ᠤᠨ ᠰᠦᠢ᠍ᠳᠬᠡᠯ ᠲᠤᠰᠢᠶᠠᠬᠤ ᠪᠠᠷᠢᠮᠵᠢᠶ᠎ᠠ᠎ᠪᠠᠷ ᠯᠠᠪᠯᠠᠯᠲᠠ ᠪᠣᠯᠭ᠋ᠠᠵᠤ ᠰᠦᠢ᠍ᠳᠬᠡᠯ ᠲᠤᠰᠢᠶᠠᠬᠤ ᠬᠤᠭᠤᠴᠠᠭ᠎ᠠ᠎ᠪᠠᠨ ᠤᠷᠲᠤᠳᠬᠠᠬᠤ᠎ᠪᠠᠷ ᠭᠤᠶᠤᠴᠢᠯᠠᠵᠤ ᠪᠣᠯᠣᠨ᠎ᠠ᠂ ᠰᠦᠢ᠍ᠳᠬᠡᠯ ᠲᠤᠰᠢᠶᠠᠬᠤ ᠬᠤᠭᠤᠴᠠᠭ᠎ᠠ ᠵᠢ ᠤᠷᠲᠤᠳᠬᠠᠬᠤ ᠪᠣᠳᠠᠲᠠᠢ ᠠᠷᠭ᠎ᠠ ᠵᠢ ᠡᠯ᠎ᠡ ᠭᠠᠵᠠᠷ᠎ᠤᠨ᠎ᠬᠢᠨ ᠲᠣᠭᠲᠠᠭ᠋ᠠᠨ᠎ᠠ》 ᠭᠡᠵᠡᠢ᠃
ᠬᠥᠲᠥᠯᠥᠭᠴᠢ᠄
ᠵᠠ᠂ ᠲᠠᠨ᠎ᠤ ᠨᠠᠷᠢᠯᠢᠭ ᠲᠣᠳᠣᠷᠬᠠᠢ ᠬᠠᠷᠢᠭᠤᠯᠵᠤ ᠥᠭᠭᠦᠭᠰᠡᠨ᠎ᠳᠤ ᠲᠠᠯᠠᠷᠬᠠᠵᠤ ᠪᠠᠢ᠌ᠨ᠎ᠠ᠂ ᠪᠠᠰᠠ ᠰᠦᠯᠵᠢᠶᠡᠨ ᠠᠨᠳᠠ ᠨᠠᠷ᠎ᠤᠨ ᠭᠥᠯᠢᠶᠡᠨ ᠠᠪᠴᠤ ᠦᠵᠡᠭᠰᠡᠨ᠎ᠳᠤ ᠲᠠᠯᠠᠷᠬᠠᠵᠤ ᠪᠠᠢ᠌ᠨ᠎ᠠ᠂ ᠲᠣᠰ ᠬᠤᠭᠤᠴᠠᠭ᠋ᠠᠨ᠎ᠤ ᠫᠷᠣᠭ᠌ᠷᠠᠮ᠎ᠢ ᠠᠲᠠ ᠬᠦᠷᠭᠡᠶ᠎ᠡ᠂ ᠲᠠᠷᠠᠭ᠋ᠠᠴᠢ ᠵᠢᠨ ᠬᠤᠭᠤᠴᠠᠭ᠋ᠠᠨ᠎ᠳᠤ ᠳᠠᠬᠢᠨ ᠠᠭᠤᠯᠵᠠᠶ᠎ᠠ!