ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠰᠤᠷᠪᠤᠯᠵᠢᠯᠠᠭ᠎ᠠ ᠶᠠᠷᠢᠯᠴᠠᠯᠭ᠎ᠠ
《2023 ᠣᠨ · ᠡᠷᠭᠢᠴᠡᠭᠦᠯᠦᠯ》 ᠰᠢᠷᠢᠰ ᠭᠣᠣᠯ ᠰᠡᠳᠦᠪᠲᠦ ᠰᠣᠨᠢᠨ ᠮᠡᠳᠡᠭᠡ ᠨᠡᠢ᠌ᠲᠡᠯᠡᠬᠦ ᠬᠤᠷᠠᠯ᠎ᠤᠨ ᠠᠷᠪᠠᠳᠤᠭ᠋ᠠᠷ ᠲᠠᠯᠠᠪᠠᠢ — ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠲᠤᠰᠬᠠᠢ ᠲᠡᠯᠡᠪᠡᠢ ᠰᠣᠨᠢᠨ ᠮᠡᠳᠡᠭᠡ ᠨᠡᠢ᠌ᠲᠡᠯᠡᠬᠦ ᠬᠤᠷᠠᠯ
ᠨᠡᠶ᠋ᠢᠲᠡᠯᠡᠭᠰᠡᠨ ᠴᠠᠭ᠄ 2024-02-08

      1 ᠰᠠᠷ᠎ᠠ ᠵᠢᠨ 12᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ 《2023 ᠣᠨ · ᠡᠷᠭᠢᠴᠡᠭᠦᠯᠦᠯ》 ᠰᠢᠷᠢᠰ ᠭᠣᠣᠯ ᠰᠡᠳᠦᠪᠲᠦ ᠰᠣᠨᠢᠨ ᠮᠡᠳᠡᠭᠡ ᠨᠡᠢ᠌ᠲᠡᠯᠡᠬᠦ ᠬᠤᠷᠠᠯ᠎ᠤᠨ ᠠᠷᠪᠠᠳᠤᠭ᠋ᠠᠷ ᠲᠠᠯᠠᠪᠠᠢ — ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠲᠤᠰᠬᠠᠢ ᠲᠡᠯᠡᠪᠡᠢ ᠰᠣᠨᠢᠨ ᠮᠡᠳᠡᠭᠡ ᠨᠡᠢ᠌ᠲᠡᠯᠡᠬᠦ ᠬᠤᠷᠠᠯ᠎ᠢ ᠬᠤᠷᠠᠯᠳᠤᠭᠤᠯᠪᠠ; ᠰᠣᠨᠢᠨ ᠮᠡᠳᠡᠭᠡ ᠨᠡᠢ᠌ᠲᠡᠯᠡᠬᠦ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠯᠢ ᠸᠸᠨ ᠭᠠᠩ ᠶᠡᠷᠦᠩᠬᠡᠢ ᠪᠠᠢ᠌ᠳᠠᠯ᠎ᠢ ᠨᠡᠢ᠌ᠲᠡᠯᠡᠵᠦ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠲᠥᠯᠦᠪᠵᠢᠭᠦᠯᠭᠡ ᠡᠳ᠋᠎ᠤᠨ ᠶᠠᠪᠤᠳᠠᠯ᠎ᠤᠨ ᠭᠠᠵᠠᠷ᠎ᠤᠨ ᠳᠠᠷᠤᠭ᠎ᠠ ᠭᠣᠣ ᠪᠢᠨ᠂ ᠠᠵᠢᠯ ᠣᠯᠭᠣᠯᠲᠠ ᠵᠢ ᠠᠬᠢᠭᠤᠯᠬᠤ ᠭᠠᠵᠠᠷ᠎ᠤᠨ ᠳᠠᠷᠤᠭ᠎ᠠ ᠵᠠᠩ ᠬᠠᠢ ᠲᠣᠣ᠂ ᠬᠥᠮᠥᠨ᠎ᠤ ᠬᠦᠴᠦᠨ᠎ᠤ ᠡᠬᠢ ᠪᠠᠶᠠᠯᠢᠭ᠎ᠢ ᠨᠡᠭᠡᠭᠡᠨ ᠬᠥᠭᠵᠢᠭᠦᠯᠬᠦ ᠭᠠᠵᠠᠷ᠎ᠤᠨ ᠳᠠᠷᠤᠭ᠎ᠠ ᠶᠦᠨ ᠰᠢᠶᠠ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠭᠠᠵᠠᠷ᠎ᠤᠨ ᠳᠠᠷᠤᠭ᠎ᠠ ᠸᠠᠩ ᠰᠢᠶᠣᠣ ᠢᠩ᠂ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠳᠠᠭ᠋ᠠᠳᠬᠠᠯ᠎ᠤᠨ ᠦᠢ᠍ᠯᠡᠰ᠎ᠤᠨ ᠦᠢ᠍ᠯᠡᠴᠢᠯᠡᠭᠡᠨ᠎ᠤ ᠲᠥᠪ᠎ᠤᠨ ᠲᠣᠭ᠎ᠠ ᠪᠠᠷᠢᠮᠲᠠ ᠵᠢᠨ ᠬᠠᠮᠢᠶᠠᠷᠤᠯᠲᠠ ᠵᠢᠨ ᠭᠠᠵᠠᠷ᠎ᠤᠨ ᠳᠠᠷᠤᠭ᠎ᠠ ᠵᠣᠣ ᠢᠦᠢ ᠮᠢᠩ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠯᠢ ᠸᠧᠨ ᠭᠠᠩ

      ᠵᠠᠭᠤᠴᠢᠯᠠᠭᠤᠷ᠎ᠤᠨ ᠨᠠᠢ᠌ᠵᠠ ᠨᠠᠷ ᠠ᠋᠄

      ᠤᠯᠠᠨ ᠵᠶ᠋ᠠᠷ ᠵᠶ᠋ᠠᠨ ᠰᠠᠢ᠍ᠢ᠍ᠨ ᠪᠠᠢ᠌ᠵᠠᠭ᠋ᠠᠨ᠎ᠠ ᠦᠦ! ᠥᠨᠥᠳᠥᠷ᠎ᠤᠨ ᠰᠣᠨᠢᠨ ᠮᠡᠳᠡᠭᠡ ᠨᠡᠢ᠌ᠲᠡᠯᠡᠬᠦ ᠬᠤᠷᠠᠯ᠎ᠳᠤ ᠣᠷᠣᠯᠴᠠᠬᠤ ᠪᠣᠯᠤᠭᠰᠠᠨ᠎ᠳᠠᠭᠠᠨ ᠮᠠᠰᠢ ᠪᠠᠶᠠᠷ᠎ᠲᠠᠢ ᠪᠠᠢ᠌ᠨ᠎ᠠ᠃ ᠶᠠᠭᠤᠨ᠎ᠤ ᠡᠮᠦᠨ᠎ᠡ᠂ ᠣᠷᠳᠣ ᠬᠤᠭᠤᠴᠠᠭ᠋ᠠᠨ᠎ᠤ ᠲᠤᠷᠰᠢ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠠᠵᠢᠯ᠎ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠵᠠᠭᠤᠴᠢᠯᠠᠭᠤᠷ᠎ᠤᠨ ᠨᠠᠢ᠌ᠵᠠ ᠨᠠᠷ᠎ᠲᠤ ᠴᠢᠩ ᠰᠡᠳᠬᠡᠯ᠎ᠤᠨ ᠲᠠᠯᠠᠷᠬᠠᠯ ᠳᠡᠪᠰᠢᠭᠦᠯᠵᠦ ᠪᠠᠢ᠌ᠨ᠎ᠠ᠃

      2023 ᠣᠨ ᠪᠣᠯ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ ᠠᠷᠠᠳ᠎ᠤᠨ ᠠᠮᠢᠳᠤᠷᠠᠯ᠎ᠢ ᠪᠠᠲᠤᠯᠠᠨ ᠰᠠᠢ᠌ᠵᠢᠷᠠᠭᠤᠯᠤᠭᠰᠠᠨ ᠦᠷ᠎ᠡ ᠪᠦᠲᠦᠮᠵᠢ᠎ᠪᠠᠷ ᠨᠠᠩ ᠢᠯᠡᠷᠬᠡᠢ᠂ ᠬᠥᠭᠵᠢᠯᠲᠡ ᠵᠢᠨ ᠶᠡᠬᠡ ᠲᠠᠯ᠎ᠠ᠎ᠳᠤ ᠦᠢ᠍ᠯᠡᠴᠢᠯᠡᠬᠦ ᠵᠢ ᠨᠠᠩ ᠬᠦᠴᠦᠲᠡᠢ ᠪᠣᠯᠭ᠋ᠠᠭᠰᠠᠨ ᠨᠢᠭᠡ ᠵᠢᠯ ᠪᠣᠯᠣᠨ᠎ᠠ᠃ ᠰᠠᠶᠢᠬᠠᠨ ᠥᠩᠭᠡᠷᠡᠭᠰᠡᠨ ᠨᠢᠭᠡ ᠵᠢᠯ᠎ᠳᠤ᠂ ᠪᠦᠬᠦ ᠣᠷᠣᠨ᠎ᠤ ᠡᠯ᠎ᠡ ᠱᠠᠲᠤᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠡᠷᠡᠰ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ 《ᠬᠣᠶᠠᠷ ᠶᠡᠬᠡ ᠶᠠᠪᠤᠳᠠᠯ》᠎ᠢ ᠰᠠᠶ᠋ᠢᠲᠤᠷ ᠬᠢᠬᠦ᠎ᠲᠠᠢ ᠨᠢᠭᠲᠠ ᠤᠶᠠᠯᠳᠤᠭᠤᠯᠤᠨ᠂ ᠭᠣᠣᠯ ᠰᠡᠳᠦᠪᠲᠦ ᠬᠥᠮᠦᠵᠢᠯ᠎ᠢ ᠭᠦᠨᠵᠡᠭᠡᠢ ᠥᠷᠨᠢᠭᠦᠯᠵᠦ᠂ ᠰᠡᠳᠬᠢᠯ ᠨᠢᠭᠡᠳᠦᠨ ᠬᠦᠴᠦᠨ ᠵᠶ᠋ᠡᠨ ᠲᠥᠪᠯᠡᠷᠡᠭᠦᠯᠵᠦ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ᠂ ᠠᠷᠠᠳ᠎ᠤᠨ ᠠᠮᠢᠳᠤᠷᠠᠯ᠎ᠢ ᠪᠠᠲᠤᠯᠠᠬᠤ᠂ ᠬᠥᠭᠵᠢᠯᠲᠡ ᠵᠢ ᠠᠬᠢᠭᠤᠯᠬᠤ᠂ ᠬᠣᠲᠠ ᠪᠠᠯᠭ᠋ᠠᠰᠤ ᠵᠢᠨ ᠰᠠᠭᠤᠭ᠋ᠠᠯᠢ ᠠᠷᠠᠳ᠎ᠲᠤ ᠰᠢᠨ᠎ᠡ᠎ᠪᠠᠷ ᠠᠵᠢᠯ ᠣᠯᠭᠣᠬᠤ ᠵᠡᠷᠭᠡ 28 ᠵᠦᠢ᠍ᠯ᠎ᠤᠨ ᠣᠨ᠎ᠤ ᠬᠠᠷᠠᠯᠲᠠ ᠵᠢ ᠴᠥᠮ ᠳᠠᠪᠠᠭᠤᠯᠤᠨ ᠪᠡᠶᠡᠯᠡᠭᠦᠯᠵᠦ᠂ ᠨᠡᠢ᠌ᠭᠡᠮ᠎ᠤᠨ ᠳᠠᠭ᠋ᠠᠳᠬᠠᠯ᠎ᠤᠨ ᠳᠠᠭ᠋ᠠᠳᠬᠠᠯ᠎ᠳᠤ ᠣᠷᠣᠯᠴᠠᠬᠤ ᠬᠡᠪᠴᠢᠶ᠎ᠡ ᠵᠢ ᠥᠷᠭᠡᠳᠬᠡᠬᠦ ᠵᠡᠷᠭᠡ 6 ᠵᠦᠢ᠍ᠯ᠎ᠤᠨ 《ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ》᠎ᠢ ᠲᠡᠭᠦᠰ ᠠᠮᠵᠢᠯᠲᠠ᠎ᠲᠠᠢ ᠪᠡᠶᠡᠯᠡᠭᠦᠯᠵᠦ᠂ ᠨᠢᠭᠡ ᠬᠤᠪᠢ ᠬᠠᠯᠠᠭᠤᠨ ᠳᠤᠯᠠᠭ᠋ᠠᠨ ᠪᠥᠭᠡᠳ ᠠᠮᠵᠢᠯᠲᠠ ᠳᠦᠭᠦᠷᠡᠩ ᠠᠷᠠᠳ᠎ᠤᠨ ᠠᠮᠢᠳᠤᠷᠠᠯ᠎ᠤᠨ ᠬᠠᠷᠢᠭᠤᠯᠲᠠ ᠵᠢᠨ ᠬᠠᠭᠤᠳᠠᠰᠤ᠂ ᠬᠥᠭᠵᠢᠯᠲᠡ ᠵᠢᠨ ᠬᠠᠷᠢᠭᠤᠯᠲᠠ ᠵᠢᠨ ᠬᠠᠭᠤᠳᠠᠰᠤ ᠵᠢ ᠲᠤᠰᠢᠶᠠᠪᠠ᠃ ᠨᠢᠭᠡ ᠵᠢᠯ᠎ᠤᠨ ᠲᠤᠷᠰᠢ᠂ ᠪᠢᠳᠡ ᠳᠣᠣᠷᠠᠬᠢ ᠠᠵᠢᠯ᠎ᠤᠳ᠎ᠢ ᠭᠣᠣᠯᠳᠠᠯᠭ᠎ᠠ᠎ᠲᠠᠢ ᠬᠢᠪᠡ᠃

      ᠨᠢᠭᠡ᠎ᠳᠤ᠂ ᠡᠷᠡᠰ ᠭᠤᠶ᠋ᠢᠪᠢᠰᠢ ᠦᠭᠡᠢ᠎ᠪᠠᠷ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ ᠪᠠ ᠥᠷᠭᠡᠳᠬᠡᠵᠦ᠂ ᠠᠵᠢᠯ ᠣᠯᠭᠣᠯᠲᠠ ᠵᠢᠨ ᠦᠨᠳᠦᠰᠦᠨ ᠪᠠᠶ᠋ᠢᠳᠠᠯ ᠤᠯᠠᠮ ᠶᠠᠪᠤᠬᠤ ᠲᠤᠲᠤᠮ ᠲᠣᠭᠲᠠᠭᠤᠨ ᠪᠣᠯᠪᠠ᠃ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ ᠪᠠ ᠥᠷᠭᠡᠳᠬᠡᠬᠦ ᠴᠢᠬᠤᠯᠠ ᠶᠡᠬᠡ ᠤᠯᠤᠰ ᠲᠥᠷᠥ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠵᠦ᠂ ᠠᠵᠢᠯ ᠣᠯᠭᠣᠯᠲᠠ ᠵᠢ ᠲᠡᠷᠢᠭᠦᠨ᠎ᠳᠤ ᠲᠠᠯᠪᠢᠬᠤ ᠲᠥᠷᠥ ᠵᠢᠨ ᠪᠣᠳᠣᠯᠭ᠎ᠠ ᠵᠢ ᠴᠢᠩᠭ᠋ᠠᠳᠬᠠᠨ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠯᠲᠠ ᠵᠢ ᠠᠬᠢᠭᠤᠯᠬᠤ ᠳᠦᠷᠢᠮ》᠎ᠳᠤ ᠵᠠᠰᠠᠪᠤᠷᠢ ᠣᠷᠣᠭᠤᠯᠵᠤ᠂ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ᠎ᠨᠦᠭᠦᠳ᠎ᠢ ᠨᠡᠢ᠌ᠲᠡᠯᠡᠨ ᠬᠡᠷᠡᠭᠵᠢᠭᠦᠯᠵᠦ ᠬᠥᠭᠵᠢᠯᠲᠡ ᠵᠢ ᠪᠥᠬᠥ ᠬᠦᠴᠦᠨ ᠵᠶ᠋ᠡᠷ ᠵᠶ᠋ᠡᠨ ᠠᠬᠢᠭᠤᠯᠵᠤ ᠠᠷᠠᠳ᠎ᠲᠤ ᠠᠰᠢᠭ ᠬᠦᠷᠲᠡᠭᠡᠬᠦ 35 ᠵᠤᠷᠪᠤᠰ ᠠᠷᠭ᠎ᠠ ᠬᠡᠮᠵᠢᠶ᠎ᠡ ᠵᠢ ᠲᠣᠭᠲᠠᠭ᠋ᠠᠨ᠂ ᠪᠥᠬᠥ ᠣᠷᠣᠨ᠎ᠤ ᠬᠣᠲᠠ ᠪᠠᠯᠭ᠋ᠠᠰᠤ ᠵᠢᠨ 21.9 ᠲᠦᠮᠡᠨ ᠬᠥᠮᠥᠨ᠎ᠳᠤ ᠰᠢᠨ᠎ᠡ᠎ᠪᠠᠷ ᠠᠵᠢᠯ ᠣᠯᠭᠣᠵᠤ᠂ ᠣᠨ᠎ᠤ ᠲᠥᠯᠥᠪᠯᠡᠭᠡ ᠵᠢᠨ 109.4% ᠵᠢ ᠪᠡᠶᠡᠯᠡᠭᠦᠯᠪᠡ᠃ ᠭᠣᠣᠯᠳᠠᠯᠭ᠎ᠠ᠎ᠲᠠᠢ ᠬᠥᠮᠥᠰ᠎ᠤᠨ ᠠᠵᠢᠯ ᠣᠯᠭᠣᠯᠲᠠ ᠵᠢ ᠲᠣᠪᠤᠢ᠌ᠯᠭ᠋ᠠᠨ ᠰᠠᠢ᠌ᠲᠤᠷ ᠠᠳᠬᠤᠵᠤ᠂ ᠴᠢᠬᠤᠯᠠ ᠶᠡᠬᠡ ᠲᠥᠷᠥᠯ ᠵᠦᠢ᠍ᠯ᠎ᠤᠨ ᠠᠵᠢᠯᠴᠢᠨ ᠬᠡᠷᠡᠭᠯᠡᠬᠦ ᠬᠡᠷᠡᠭᠴᠡᠭᠡ ᠵᠢ ᠵᠣᠯᠭ᠋ᠠᠭᠤᠯᠬᠤ ᠵᠢ ᠴᠢᠩᠭ᠋ᠠᠳᠬᠠᠵᠤ᠂ ᠠᠵᠢᠯᠲᠠᠨ ᠠᠵᠢᠯᠴᠢᠨ ᠤᠷᠢᠨ ᠡᠯᠰᠡᠬᠦ ᠠᠵᠢᠯᠯᠠᠭ᠎ᠠ ᠵᠢ ᠥᠷᠨᠢᠭᠦᠯᠬᠦ ᠳᠠᠪᠲᠠᠮᠵᠢ ᠵᠢ ᠳᠡᠭᠡᠭᠰᠢᠯᠡᠭᠦᠯᠵᠦ᠂ ᠠᠵᠢᠯ ᠣᠯᠭᠣᠯᠲᠠ ᠵᠢ ᠬᠠᠪᠰᠤᠷᠤᠨ ᠲᠡᠳᠬᠦᠬᠦ ᠡᠷᠴᠢᠮ ᠵᠶ᠋ᠡᠨ ᠴᠢᠩᠭ᠋ᠠᠷᠠᠭᠤᠯᠵᠤ᠂ ᠰᠤᠷᠭ᠋ᠠᠭᠤᠯᠢ᠎ᠠᠴᠠ᠎ᠪᠠᠨ ᠰᠠᠯᠤᠭ᠋ᠠᠳ ᠠᠵᠢᠯ ᠣᠯᠣᠭ᠋ᠠᠳᠤᠢ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠨ ᠰᠤᠷᠤᠭᠴᠢᠳ᠎ᠤᠨ ᠠᠵᠢᠯ ᠣᠯᠭᠣᠯᠲᠠ ᠵᠢᠨ ᠨᠤᠷᠮ᠎ᠠ 92.5%᠎ᠳᠤ ᠬᠦᠷᠴᠦ᠂ 13.1 ᠲᠦᠮᠡᠨ ᠠᠵᠢᠯ ᠠᠯᠳᠠᠭᠰᠠᠳ᠎ᠲᠤ ᠲᠠᠬᠢᠨ ᠠᠵᠢᠯ ᠣᠯᠭᠣᠵᠤ᠂ 7.3 ᠲᠦᠮᠡᠨ ᠠᠵᠢᠯ ᠣᠯᠬᠤ᠎ᠳᠤ ᠬᠦᠴᠢᠷᠲᠡᠢ ᠬᠥᠮᠥᠰ᠎ᠲᠤ ᠠᠵᠢᠯ ᠣᠯᠭᠣᠵᠤ᠂ 260.1 ᠲᠦᠮᠡᠨ ᠮᠠᠯᠴᠢᠨ ᠲᠠᠷᠢᠶᠠᠴᠢᠨ᠎ᠢ ᠰᠢᠯᠵᠢᠭᠦᠯᠦᠨ ᠠᠵᠢᠯ ᠣᠯᠭᠣᠵᠤ᠂ ᠳᠡᠭᠡᠷ᠎ᠡ ᠵᠢᠯ᠎ᠤᠨ᠎ᠬᠢ᠎ᠠᠴᠠ ᠲᠤᠰ ᠲᠤᠰ 2.4 ᠲᠦᠮᠡ᠂ 0.4 ᠲᠦᠮᠡ᠂ 0.7 ᠲᠦᠮᠡᠨ ᠬᠥᠮᠥᠨ ᠨᠡᠮᠡᠭᠳᠡᠵᠦ᠂ 《ᠠᠵᠢᠯ᠎ᠲᠠᠢ ᠬᠥᠮᠥᠨ ᠦᠭᠡᠢ》 ᠭᠡᠷ ᠪᠦᠯᠢ᠎ᠳᠤ ᠬᠥᠳᠡᠯᠦᠩᠭᠦᠢ᠎ᠪᠠᠷ ᠠᠵᠢᠯ ᠣᠯᠭᠣᠨ ᠰᠢᠢ᠍ᠳᠪᠦᠷᠢᠯᠡᠵᠦ᠂ ᠠᠵᠢᠯ ᠣᠯᠭᠣᠯᠲᠠ ᠵᠢᠨ ᠬᠣᠷᠢᠭ᠎ᠠ ᠱᠤᠭᠤᠮ᠎ᠢ ᠨᠡᠩ ᠪᠠᠲᠤ ᠰᠠᠬᠢᠵᠤ᠂ ᠬᠥᠳᠡᠯᠮᠦᠷᠢᠴᠢᠳ᠎ᠤᠨ 《ᠪᠤᠳᠠᠭ᠋ᠠᠨ ᠠᠶᠠᠭ᠎ᠠ》 ᠵᠢ ᠨᠡᠩ ᠯᠠᠪᠳᠠᠭᠤᠨ ᠪᠣᠯᠭ᠋ᠠᠪᠠ᠃ ᠠᠵᠢᠯ᠎ᠠᠴᠠ ᠪᠣᠯᠤᠭᠰᠠᠨ ᠭᠡᠮᠲᠦᠯ ᠪᠠ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠰᠦᠢ᠍ᠳᠬᠡᠯ᠎ᠤᠨ ᠨᠤᠷᠮ᠎ᠠ ᠵᠢ ᠱᠠᠲᠤᠴᠢ ᠴᠢᠨᠠᠷᠲᠠᠢ᠎ᠪᠠᠷ ᠪᠠᠭᠤᠷᠠᠭᠤᠯᠬᠤ᠂ ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠤᠭᠰᠠᠨ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠰᠦᠢ᠍ᠳᠬᠡᠯ᠎ᠢ ᠪᠤᠴᠠᠭ᠋ᠠᠬᠤ ᠵᠡᠷᠭᠡ ᠠᠵᠤ ᠠᠬᠤᠢ᠌ᠯᠠᠯ᠎ᠢ ᠬᠠᠪᠰᠤᠷᠤᠨ ᠬᠦᠴᠢᠷᠳᠡᠯ᠎ᠢ᠎ᠨᠢ ᠰᠢᠢ᠍ᠳᠪᠦᠷᠢᠯᠡᠬᠦ ᠲᠥᠷᠥ ᠵᠢᠨ ᠪᠣᠳᠣᠯᠭ᠎ᠠ ᠵᠢ ᠦᠷᠭᠦᠯᠵᠢᠯᠡᠨ ᠬᠡᠷᠡᠭᠵᠢᠭᠦᠯᠵᠦ᠂ ᠲᠥᠷᠥ ᠵᠢᠨ ᠪᠣᠳᠣᠯᠭ᠎ᠠ ᠵᠢᠨ ᠠᠰᠢᠭ ᠲᠤᠰᠠ ᠵᠢ 42 ᠳ᠋ᠦᠩᠰᠢᠭᠤᠷ ᠲᠥᠭᠥᠷᠢᠭ ᠥᠭᠬᠦ ᠵᠢ ᠪᠡᠶᠡᠯᠡᠭᠦᠯᠵᠦ᠂ ᠠᠵᠤ ᠠᠬᠤᠢ᠌ᠯᠠᠯ᠎ᠤᠨ ᠳᠠᠷᠤᠭ᠋ᠠᠰᠤ ᠵᠢ ᠦᠨᠡᠨ ᠬᠦ᠌ ᠬᠥᠩᠭᠡᠷᠡᠭᠦᠯᠵᠦ᠂ ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠤᠨ ᠠᠵᠢᠯ᠎ᠤᠨ ᠪᠠᠶ᠋ᠢᠷᠢ ᠵᠢ ᠥᠷᠭᠡᠳᠬᠡᠬᠦ ᠵᠢ ᠠᠬᠢᠭᠤᠯᠪᠠ᠃ 30.4 ᠲᠦᠮᠡᠨ ᠬᠥᠮᠥᠨ ᠤᠳᠠᠭ᠎ᠠ᠎ᠳᠤ ᠨᠥᠬᠥᠪᠦᠷᠢ ᠵᠢᠨ ᠴᠢᠨᠠᠷᠲᠠᠢ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠢ ᠥᠷᠨᠢᠭᠦᠯᠵᠦ᠂ ᠠᠵᠢᠯ ᠣᠯᠭᠣᠯᠲᠠ ᠵᠢᠨ ᠪᠦᠲᠦᠴᠡ ᠵᠢᠨ ᠴᠢᠨᠠᠷᠲᠠᠢ ᠵᠥᠷᠢᠴᠡᠯ᠎ᠢ ᠪᠦᠲᠦᠮᠵᠢᠲᠡᠢ᠎ᠪᠠᠷ ᠨᠠᠮᠳᠠᠭᠤᠯᠪᠠ᠃ 103 ᠬᠣᠰᠢᠭᠤ ᠰᠢᠶᠠᠨ ᠲᠣᠭᠣᠷᠢᠭ᠎ᠲᠤ ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ᠎ᠢ 123 ᠪᠠᠢ᠌ᠭᠤᠯᠵᠤ᠂ 《ᠵᠠᠮ᠎ᠤᠨ ᠬᠠᠵᠠᠭᠤ᠎ᠳᠤ ᠵᠣᠭᠰᠣᠵᠤ ᠠᠵᠢᠯ ᠡᠷᠢᠬᠦ》 ᠠᠮᠢᠳᠤᠯᠢᠭ ᠵᠶ᠋ᠠᠷ ᠠᠵᠢᠯ ᠣᠯᠣᠭᠰᠠᠳ᠎ᠲᠤ ᠰᠠᠯᠬᠢ ᠪᠣᠷᠣᠭ᠋ᠠᠨ᠎ᠢ ᠬᠠᠯᠬᠠᠯᠠᠬᠤ ᠰᠡᠳᠬᠢᠯ᠎ᠢ ᠳᠤᠯᠠᠭ᠋ᠠᠴᠠᠭᠤᠯᠤᠭᠰᠠᠨ ᠤᠯᠠᠭ᠎ᠠ ᠥᠷᠲᠡᠭᠡ᠎ᠲᠠᠢ ᠪᠣᠯᠭ᠋ᠠᠪᠠ᠃ 2023 ᠣᠨ᠎ᠤ 12 ᠰᠠᠷ᠎ᠠ᠎ᠳᠤ᠂ ᠪᠥᠬᠥ ᠤᠯᠤᠰ᠎ᠲᠤ ᠬᠠᠮᠤᠭ᠎ᠤᠨ ᠤᠷᠢᠳ ᠵᠶ᠋ᠠᠷ 2024 ᠣᠨ᠎ᠤ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠠᠵᠢᠯᠴᠢᠨ ᠡᠯᠰᠡᠬᠦ ᠰᠢᠯᠭ᠋ᠠᠯᠲᠠ ᠵᠢ ᠬᠡᠷᠡᠭᠵᠢᠭᠦᠯᠵᠦ᠂ ᠲᠥᠷᠥ ᠵᠢᠨ ᠪᠣᠳᠣᠯᠭ᠎ᠠ ᠵᠢᠨ ᠴᠢᠨᠠᠷᠲᠠᠢ ᠠᠵᠢᠯ᠎ᠤᠨ ᠪᠠᠶ᠋ᠢᠷᠢ ᠵᠢ ᠲᠦᠮᠡ ᠭᠠᠷᠤᠢ ᠰᠤᠯᠠᠯᠠᠵᠤ᠂ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠠᠵᠢᠯ ᠣᠯᠵᠤ ᠠᠵᠢᠯ ᠰᠣᠩᠭᠣᠬᠤ ᠵᠢ ᠨᠠᠩ ᠡᠷᠲᠡ᠂ ᠨᠠᠩ ᠤᠯᠠᠨ ᠠᠵᠠ ᠲᠣᠬᠢᠶᠠᠯ᠎ᠲᠠᠢ ᠪᠣᠯᠭ᠋ᠠᠵᠠᠢ᠃

      ᠬᠣᠶᠠᠷ᠎ᠲᠤ᠂ ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠨᠡᠢ᠌ᠭᠡᠮ᠎ᠤᠨ ᠪᠠᠲᠤᠯᠠᠭ᠎ᠠ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠠᠷᠠᠳ᠎ᠤᠨ ᠠᠮᠢᠳᠤᠷᠠᠯ᠎ᠤᠨ ᠠᠮᠤᠷ ᠲᠦᠪᠰᠢᠨ᠎ᠤ ᠲᠣᠣᠷ᠎ᠢ ᠤᠯᠠᠮ ᠨᠢᠭᠲᠠ ᠰᠦᠯᠵᠢᠪᠡ᠃ ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠢ ᠪᠥᠬᠥ ᠤᠯᠤᠰ᠎ᠲᠤ ᠨᠢᠭᠡᠳᠦᠯᠲᠡᠢ ᠲᠥᠯᠥᠪᠵᠢᠭᠦᠯᠬᠦ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠰᠠᠭᠤᠷᠢ ᠮᠥᠩᠭᠥ ᠵᠢᠨ ᠲᠥᠯᠥᠬᠦ ᠴᠢᠳᠠᠪᠤᠷᠢ ᠵᠢ ᠢᠯᠡᠳᠲᠡ ᠴᠢᠩᠭ᠋ᠠᠷᠠᠭᠤᠯᠵᠤ᠂ ᠰᠠᠭᠤᠷᠢ ᠮᠥᠩᠭᠥ ᠵᠢᠨ ᠲᠣᠰ ᠬᠤᠭᠤᠴᠠᠭ᠋ᠠᠨ᠎ᠤ ᠣᠷᠣᠯᠭ᠎ᠠ ᠵᠠᠷᠤᠯᠭ᠎ᠠ ᠵᠢᠨ ᠦᠯᠡᠳᠡᠪᠦᠷᠢ 130.4 ᠳ᠋ᠦᠩᠰᠢᠭᠤᠷ ᠲᠥᠭᠥᠷᠢᠭ ᠪᠣᠯᠪᠠ; ᠣᠨ᠎ᠤ ᠮᠥᠩᠭᠥ ᠵᠢᠨ ᠳᠦᠷᠢᠮ᠎ᠢ ᠪᠦᠷᠬᠦᠭᠦᠯᠬᠦ ᠬᠡᠪᠴᠢᠶ᠎ᠡ ᠵᠢ ᠠᠯᠬᠤᠮ ᠠᠯᠬᠤᠮ ᠵᠶ᠋ᠠᠷ ᠥᠷᠭᠡᠳᠬᠡᠵᠦ᠂ ᠬᠤᠪᠢ ᠬᠥᠮᠥᠨ᠎ᠤ ᠨᠠᠰᠤᠵᠢᠯ᠎ᠤᠨ ᠠᠰᠠᠷᠠᠮᠵᠢ ᠵᠢᠨ ᠮᠥᠩᠭᠥ ᠵᠢ ᠤᠷᠢᠳ ᠵᠶ᠋ᠠᠷ ᠬᠡᠷᠡᠭᠵᠢᠭᠦᠯᠬᠦ ᠠᠵᠢᠯ᠎ᠢ ᠡᠬᠢᠯᠡᠭᠦᠯᠵᠦ᠂ ᠤᠯᠠᠨ ᠲᠠᠰ ᠳᠠᠪᠬᠤᠷᠭ᠎ᠠ᠂ ᠤᠯᠠᠨ ᠲᠤᠯᠭ᠋ᠠᠭᠤᠷᠢᠯᠠᠯ᠎ᠤᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠰᠢᠰᠲ᠋ᠧᠮ᠎ᠢ ᠪᠠᠢ᠌ᠭᠤᠯᠬᠤ ᠲᠠᠯ᠎ᠠ᠎ᠪᠠᠷ ᠢᠳᠡᠪᠬᠢᠲᠡᠢ ᠦᠷ᠎ᠡ ᠪᠦᠲᠦᠮᠵᠢ ᠣᠯᠪᠠ᠃ ᠠᠵᠢᠯ᠎ᠠᠴᠠ ᠪᠣᠯᠤᠭᠰᠠᠨ ᠭᠡᠮᠲᠦᠯ᠂ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠰᠠᠭᠤᠷᠢ ᠮᠥᠩᠭᠥ ᠵᠢ ᠥᠪᠡᠷᠲᠡᠭᠡᠨ ᠵᠠᠰᠠᠬᠤ ᠣᠷᠣᠨ᠎ᠤ ᠱᠠᠲᠤᠨ᠎ᠳᠤ ᠨᠢᠭᠡᠳᠦᠯᠲᠡᠢ ᠬᠤᠷᠢᠶᠠᠵᠤ ᠨᠢᠭᠡᠳᠦᠯᠲᠡᠢ ᠵᠠᠷᠤᠬᠤ ᠵᠢ ᠪᠡᠶᠡᠯᠡᠭᠦᠯᠵᠦ᠂ ᠪᠥᠬᠥ ᠤᠯᠤᠰ᠎ᠲᠤ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠰᠠᠭᠤᠷᠢ ᠮᠥᠩᠭᠥ ᠵᠢ ᠠᠶ᠋ᠢᠮᠠᠭ ᠬᠣᠲᠠ ᠵᠢᠨ ᠱᠠᠲᠤᠨ᠎ᠠᠴᠠ ᠬᠠᠮᠢᠶᠠᠷᠬᠤ ᠵᠢ ᠤᠷᠢᠳ ᠵᠶ᠋ᠠᠷ ᠪᠡᠶᠡᠯᠡᠭᠦᠯᠪᠡ᠃ ᠪᠥᠬᠥ ᠠᠷᠠᠳ ᠵᠶ᠋ᠠᠷ ᠵᠶ᠋ᠠᠨ ᠳᠠᠭ᠋ᠠᠳᠬᠠᠯ᠎ᠳᠤ ᠣᠷᠣᠯᠴᠠᠬᠤ ᠲᠥᠯᠥᠪᠯᠡᠭᠡ ᠵᠢ ᠭᠦᠨᠵᠡᠭᠡᠢ ᠬᠡᠷᠡᠭᠵᠢᠭᠦᠯᠵᠦ᠂ ᠨᠠᠰᠤᠵᠢᠯᠲᠠ ᠵᠢᠨ ᠠᠬᠢᠴᠠ ᠲᠦᠷᠬᠡᠳᠦᠭᠰᠡᠨ᠂ ᠬᠡᠪᠴᠢᠶ᠎ᠡ ᠵᠢ ᠥᠷᠭᠡᠳᠬᠡᠬᠦ ᠬᠡᠮᠵᠢᠶ᠎ᠡ ᠢᠪᠴᠤᠤ ᠪᠤᠯᠤᠬᠰᠠᠨ ᠵᠡᠷᠭᠡ ᠬᠦᠴᠢᠷᠳᠡᠯ᠎ᠢ ᠢᠯᠠᠨ ᠳᠠᠪᠠᠵᠤ᠂ ᠪᠥᠬᠥ ᠣᠷᠣᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠂ ᠠᠵᠢᠯ᠎ᠠᠴᠠ ᠪᠣᠯᠤᠭᠰᠠᠨ ᠭᠡᠮᠲᠦᠯ ᠪᠠ ᠠᠵᠢᠯ ᠠᠯᠳᠠᠭᠰᠠᠳ᠎ᠤᠨ ᠳᠠᠭ᠋ᠠᠳᠬᠠᠯ᠎ᠳᠤ ᠣᠷᠣᠯᠴᠠᠭᠰᠠᠨ ᠬᠥᠮᠥᠨ᠎ᠤ ᠲᠣᠭ᠎ᠠ ᠲᠣᠰ ᠲᠣᠰ 1747.7 ᠲᠦᠮᠡᠨ ᠬᠥᠮᠥᠨ᠂ 361.8 ᠲᠦᠮᠡᠨ ᠬᠥᠮᠥᠨ᠂ 329.3 ᠲᠦᠮᠡᠨ ᠬᠥᠮᠥᠨ᠎ᠳᠤ ᠬᠦᠷᠴᠦ᠂ 2022 ᠣᠨ᠎ᠤ ᠵᠢᠯ᠎ᠤᠨ ᠡᠴᠦᠰ᠎ᠤᠨ᠎ᠬᠢ᠎ᠠᠴᠠ ᠲᠣᠰ ᠲᠣᠰ 53.9 ᠲᠦᠮᠡᠨ ᠬᠥᠮᠥᠨ᠂ 11.9 ᠲᠦᠮᠡᠨ ᠬᠥᠮᠥᠨ᠂ 20.9 ᠲᠦᠮᠡᠨ ᠬᠥᠮᠥᠨ ᠨᠡᠮᠡᠭᠳᠡᠵᠦ᠂ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠳᠤ ᠣᠷᠣᠯᠴᠠᠭᠰᠠᠨ ᠨᠣᠷᠮ᠎ᠠ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠠᠷᠠᠯᠲᠠ ᠵᠢᠨ ᠡᠭᠦᠷᠭᠡ᠎ᠪᠠᠨ ᠤᠷᠢᠳᠴᠢᠯᠠᠨ ᠪᠡᠶᠡᠯᠡᠭᠦᠯᠪᠡ᠃ 50.3 ᠲᠦᠮᠡᠨ ᠠᠮᠢᠳᠤᠷᠠᠯ᠎ᠨᠢ ᠬᠦᠴᠢᠷᠳᠡᠯ᠎ᠲᠠᠢ ᠤᠯᠠᠨ ᠲᠦᠮᠡᠨ᠎ᠳᠤ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠰᠦᠢ᠍ᠳᠬᠡᠯ᠎ᠢ᠎ᠨᠢ ᠣᠷᠣᠯᠠᠨ ᠲᠤᠰᠢᠶᠠᠵᠤ᠂ ᠬᠦᠴᠢᠷᠳᠡᠯ᠎ᠲᠠᠢ ᠬᠥᠮᠥᠰ᠎ᠤᠨ ᠳᠠᠭ᠋ᠠᠳᠬᠠᠯ᠎ᠳᠤ ᠣᠷᠣᠬᠤ ᠵᠢ ᠨᠢᠭᠡ ᠵᠢ ᠴᠦ᠍ ᠣᠷᠬᠢᠭᠳᠠᠭᠤᠯᠬᠤ ᠦᠭᠡᠢ᠂ ᠨᠢᠭᠡ ᠬᠥᠮᠥᠨ᠎ᠢ ᠴᠦ᠍ ᠰᠦᠢ᠍ᠳᠬᠡᠯ ᠲᠤᠰᠢᠶᠠᠬᠤ ᠵᠢ᠎ᠨᠢ ᠲᠠᠰᠤᠯᠳᠠᠭᠤᠯᠬᠤ ᠦᠭᠡᠢ ᠵᠢ ᠪᠠᠲᠤᠯᠠᠪᠠ᠃ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ ᠲᠤᠰᠢᠶᠠᠬᠤ᠎ᠳᠤ ᠬᠠᠮᠲᠤ ᠵᠢᠨ ᠠᠵᠤ ᠠᠬᠤᠢ᠎ᠠᠴᠠ ᠨᠥᠬᠥᠪᠦᠷᠢ ᠥᠭᠬᠦ ᠠᠵᠢᠯ᠎ᠢ ᠥᠷᠨᠢᠭᠦᠯᠵᠦ᠂ ᠪᠡᠯᠡ ᠴᠤᠭᠯᠠᠭᠤᠯᠬᠤ ᠪᠦᠲᠦᠴᠡ ᠵᠢ ᠰᠠᠢ᠌ᠵᠢᠷᠠᠭᠤᠯᠬᠤ᠂ ᠴᠠᠯᠢᠩ ᠣᠯᠭᠣᠮᠵᠢ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ ᠰᠢᠨ᠎ᠡ ᠠᠷᠭ᠎ᠠ ᠵᠠᠮ᠎ᠢ ᠨᠡᠭᠡᠭᠡᠪᠡ᠃ ᠠᠵᠢᠯ᠎ᠠᠴᠠ᠎ᠪᠠᠨ ᠠᠮᠠᠷᠠᠭᠰᠠᠳ᠎ᠤᠨ ᠨᠠᠰᠤᠵᠢᠯ᠎ᠤᠨ ᠠᠰᠠᠷᠠᠮᠵᠢ ᠵᠢᠨ ᠮᠥᠩᠭᠥ᠂ ᠬᠤᠳᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠰᠠᠭᠤᠷᠢ ᠨᠠᠰᠤᠵᠢᠯ᠎ᠤᠨ ᠠᠰᠠᠷᠠᠮᠵᠢ ᠵᠢᠨ ᠮᠥᠩᠭᠥ ᠪᠠ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠮᠥᠩᠭᠥ ᠣᠯᠭᠣᠮᠵᠢ ᠵᠢᠨ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠬᠦ ᠠᠵᠢᠯ᠎ᠢ ᠪᠡᠶᠡᠯᠡᠭᠦᠯᠵᠦ᠂ ᠪᠠᠲᠤᠯᠠᠭ᠎ᠠ ᠵᠢᠨ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠡᠯ᠎ᠡ ᠵᠦᠢ᠍ᠯ᠎ᠤᠨ ᠮᠥᠩᠭᠥ ᠣᠯᠭᠣᠮᠵᠢ ᠵᠢ ᠴᠠᠭ ᠲᠤᠬᠠᠢ᠎ᠳᠤᠨᠢ ᠲᠣᠭ᠎ᠠ ᠶᠣᠰᠣᠭ᠋ᠠᠷ᠎ᠨᠢ ᠥᠭᠴᠦ᠂ ᠠᠷᠠᠳ ᠤᠯᠠᠨ᠎ᠢ ᠨᠡᠩ ᠲᠣᠭᠲᠠᠭᠤᠨ᠂ ᠨᠡᠩ ᠰᠠᠨᠠᠭ᠎ᠠ ᠠᠮᠤᠷ ᠪᠣᠯᠭ᠋ᠠᠵᠠᠢ᠃ ᠨᠡᠢ᠌ᠭᠡᠮ᠎ᠤᠨ ᠳᠠᠭ᠋ᠠᠳᠬᠠᠯ᠎ᠤᠨ ᠰᠠᠭᠤᠷᠢ ᠮᠥᠩᠭᠥ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠬᠥᠮᠥᠨ ᠵᠶ᠋ᠡᠷ ᠰᠡᠷᠭᠡᠢ᠌ᠯᠡᠬᠦ᠂ ᠳᠦᠷᠢᠮ ᠵᠶ᠋ᠠᠷ ᠰᠡᠷᠭᠡᠢ᠌ᠯᠡᠬᠦ᠂ ᠮᠡᠷᠭᠡᠵᠢᠯ ᠵᠶ᠋ᠡᠷ ᠰᠡᠷᠭᠡᠢ᠌ᠯᠡᠬᠦ᠂ ᠤᠯᠠᠨ ᠵᠶ᠋ᠠᠷ ᠵᠶ᠋ᠠᠨ ᠰᠡᠷᠭᠡᠢ᠌ᠯᠡᠬᠦ 《ᠳᠥᠷᠪᠡᠨ ᠰᠡᠷᠭᠡᠢ᠌ᠯᠡᠯᠲᠡ》 ᠵᠢᠨ ᠬᠠᠮᠵᠢᠯᠴᠠᠭ᠎ᠠ ᠵᠢ ᠨᠠᠢ᠌ᠳᠠᠪᠤᠷᠢᠵᠢᠭᠤᠯᠤᠨ᠂ ᠨᠡᠢ᠌ᠭᠡᠮ᠎ᠤᠨ ᠳᠠᠭ᠋ᠠᠳᠬᠠᠯ᠎ᠤᠨ ᠲᠤᠬᠠᠢ᠌ᠯᠠᠭᠰᠠᠨ ᠠᠵᠢᠯ᠎ᠢ ᠭᠠᠷᠲᠠᠨ ᠭᠦᠢ᠍ᠴᠡᠳᠬᠡᠬᠦ ᠵᠢᠨ ᠣᠷᠣᠨ ᠪᠦᠰᠡ ᠠᠯᠤᠰᠯᠠᠨ 《ᠬᠠᠮᠲᠤ᠎ᠪᠠᠷ ᠬᠢᠨᠠᠵᠤ ᠨᠢᠭᠡᠳᠦᠯᠲᠡᠢ ᠭᠦᠢ᠍ᠴᠡᠳᠬᠡᠬᠦ》 ᠥᠭᠡᠷᠡᠴᠢᠯᠡᠯᠲᠡ ᠵᠢ ᠬᠡᠷᠡᠭᠵᠢᠭᠦᠯᠵᠦ᠂ ᠭᠠᠷᠲᠠᠨ ᠭᠦᠢ᠍ᠴᠡᠳᠬᠡᠬᠦ ᠦᠷ᠎ᠡ ᠠᠰᠢᠭ᠎ᠢ ᠳᠡᠭᠡᠭᠰᠢᠯᠡᠭᠦᠯᠦᠨ᠂ ᠬᠠᠮᠢᠶᠠᠷᠤᠯᠲᠠ ᠵᠢᠨ ᠲᠦᠭᠰᠢᠭᠦᠷᠢ ᠵᠢ ᠰᠡᠷᠭᠡᠢ᠌ᠯᠡᠵᠦ᠂ ᠠᠷᠠᠳ ᠤᠯᠠᠨ᠎ᠤ 《ᠨᠠᠰᠤᠵᠢᠯ᠎ᠤᠨ ᠠᠰᠠᠷᠠᠮᠵᠢ ᠵᠢᠨ ᠵᠣᠭᠣᠰ》 《ᠠᠮᠢ ᠵᠢᠭᠤᠬᠤ ᠵᠣᠭᠣᠰ》᠎ᠢ ᠪᠥᠬᠥ ᠬᠦᠴᠦᠨ ᠵᠶ᠋ᠡᠷ ᠵᠶ᠋ᠡᠨ ᠰᠠᠶ᠋ᠢᠲᠤᠷ ᠰᠠᠬᠢᠨ ᠬᠠᠮᠠᠭ᠋ᠠᠯᠠᠪᠠ᠃

      ᠭᠤᠷᠪᠠ᠎ᠳᠤ᠂ ᠠᠷᠭ᠎ᠠ ᠪᠦᠬᠦᠨ᠎ᠢ ᠰᠦᠪᠡᠭᠴᠢᠯᠡᠨ ᠴᠢᠳᠠᠪᠤᠷᠢᠲᠠᠨ᠎ᠤ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠰᠢᠨ᠎ᠡ ᠵᠢ ᠡᠭᠦᠳᠦᠨ ᠬᠥᠭᠵᠢᠬᠦ ᠬᠥᠳᠡᠯᠭᠡᠬᠦ ᠬᠦᠴᠦᠨ ᠤᠯᠠᠮ ᠭᠦᠢ᠍ᠴᠡᠳ ᠪᠣᠯᠪᠠ᠃ ᠮᠡᠷᠭᠡᠵᠢᠯ ᠤᠷ᠎ᠠ ᠴᠢᠳᠠᠪᠤᠷᠢ ᠵᠢᠨ ᠴᠢᠳᠠᠪᠤᠷᠢᠲᠠᠨ᠎ᠢ ᠬᠥᠮᠥᠵᠢᠭᠦᠯᠬᠦ ᠶᠠᠰᠤ ᠴᠢᠨᠠᠷ᠎ᠢ ᠳᠡᠭᠡᠭᠰᠢᠯᠡᠭᠦᠯᠬᠦ ᠢᠨᠵᠧᠨᠧᠷᠢᠩ᠎ᠢ ᠬᠡᠷᠡᠭᠵᠢᠭᠦᠯᠵᠦ᠂ 26 ᠵᠦᠢ᠍ᠯ᠎ᠤᠨ ᠴᠢᠳᠠᠪᠤᠷᠢᠲᠠᠨ᠎ᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠲᠣᠳᠣᠷᠬᠠᠢ᠌ᠯᠠᠵᠤ᠂ ᠴᠢᠳᠠᠪᠤᠷᠢᠲᠠᠨ᠎ᠤ 《ᠪᠠᠶ᠋ᠢᠷᠢ ᠵᠢᠨ ᠡᠨᠧᠷᠭᠢ》 ᠵᠢ ᠴᠢᠨᠠᠷ ᠰᠠᠢ᠌ᠲᠠᠢ ᠬᠥᠭᠵᠢᠯᠲᠡ ᠵᠢᠨ 《ᠬᠥᠳᠡᠯᠭᠡᠬᠦ ᠡᠨᠧᠷᠭᠢ》 ᠪᠣᠯᠭ᠋ᠠᠨ ᠬᠤᠪᠢᠷᠠᠭᠤᠯᠬᠤ ᠵᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠪᠣᠯᠣᠨ ᠬᠥᠭᠵᠢᠯᠲᠡ ᠵᠢᠨ ᠴᠢᠭᠯᠡᠯ᠎ᠤᠨ ᠲᠣᠭᠣᠷᠢᠨ᠎ᠳᠤ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠠᠵᠢᠯ᠎ᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠳᠡᠭᠡᠳᠦ ᠲᠠᠰ᠎ᠤᠨ ᠴᠢᠳᠠᠪᠤᠷᠢᠲᠠᠨ᠎ᠤ ᠬᠡᠷᠡᠭᠴᠡᠭᠡ ᠵᠢᠨ ᠭᠠᠷᠴᠠᠭ᠎ᠢ 12 ᠪᠦᠯᠦᠭ ᠤᠳᠠᠭ᠎ᠠ ᠬᠥᠳᠡᠯᠦᠩᠭᠦᠢ᠎ᠪᠠᠷ ᠨᠡᠢ᠌ᠲᠡᠯᠡᠵᠦ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠳᠡᠭᠡᠳᠦ ᠲᠠᠰ᠎ᠤᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ 469 ᠣᠷᠣᠭᠤᠯᠤᠨ ᠠᠪᠴᠢᠷᠠᠵᠤ᠂ ᠳᠡᠭᠡᠳᠦ ᠲᠠᠰ᠎ᠤᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠪᠡᠯᠡ ᠮᠥᠩᠭᠥ ᠵᠢ 1 ᠳ᠋ᠦᠩᠰᠢᠭᠤᠷ ᠲᠥᠭᠥᠷᠢᠭ ᠨᠠᠢ᠌ᠳᠠᠪᠤᠷᠢᠵᠢᠭᠤᠯᠤᠨ᠂ ᠡᠯ᠎ᠡ ᠠᠶ᠋ᠢᠮᠠᠭ ᠬᠣᠲᠠ ᠵᠢᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠠᠵᠢᠯ ᠵᠶ᠋ᠠᠨ ᠴᠢᠩᠭ᠋ᠠᠳᠬᠠᠬᠤ ᠵᠢ ᠳᠡᠮᠵᠢᠨ ᠵᠢᠯᠤᠭᠣᠳᠴᠤ᠂ ᠡᠯ᠎ᠡ ᠭᠠᠵᠠᠷ᠎ᠤᠨ᠎ᠬᠢᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠠᠵᠢᠯᠯᠠᠭ᠎ᠠ ᠵᠢ 117 ᠲᠠᠯᠠᠪᠠᠢ ᠡᠷᠭᠢᠯᠡᠵᠦ᠂ 1.4 ᠲᠦᠮᠡᠨ ᠴᠢᠳᠠᠪᠤᠷᠢᠲᠠᠨ᠎ᠢ ᠣᠷᠣᠭᠤᠯᠤᠨ ᠠᠪᠴᠢᠷᠠᠪᠠ᠃ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠰ᠎ᠤᠨ ᠬᠥᠭᠵᠢᠯᠲᠡ ᠵᠢᠨ ᠴᠢᠭᠯᠡᠯ᠎ᠲᠠᠢ ᠨᠢᠭᠲᠠ ᠤᠶᠠᠯᠳᠤᠭᠤᠯᠤᠨ᠂ ᠤᠯᠤᠰ᠎ᠤᠨ ᠳᠡᠮᠵᠢᠯᠭᠡ ᠵᠢ ᠣᠯᠬᠤ᠎ᠪᠠᠷ ᠢᠳᠡᠪᠬᠢᠲᠡᠢ ᠴᠢᠷᠮᠠᠢ᠌ᠵᠤ᠂ ᠠᠬᠠᠯᠠᠭᠴᠢ ᠳ᠋ᠣᠺᠲ᠋ᠣᠷ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠯᠠᠬᠤ ᠥᠷᠲᠡᠭᠡ 2᠂ ᠠᠬᠠᠯᠠᠭᠴᠢ ᠳ᠋ᠣᠺᠲ᠋ᠣᠷ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠨᠡᠭᠦᠳᠡᠯ ᠥᠷᠲᠡᠭᠡ 7 ᠵᠢ ᠰᠢᠨ᠎ᠡ᠎ᠪᠠᠷ ᠵᠥᠪᠰᠢᠶᠡᠷᠡᠭᠦᠯᠵᠦ᠂ ᠴᠢᠳᠠᠪᠤᠷᠢᠲᠠᠨ᠎ᠢ ᠴᠤᠭᠯᠠᠭᠤᠯᠬᠤ ᠪᠠ ᠴᠢᠳᠠᠪᠤᠷᠢᠲᠠᠨ᠎ᠢ ᠬᠥᠮᠥᠵᠢᠭᠦᠯᠬᠦ ᠰᠢᠨ᠎ᠡ ᠲᠠᠪᠴᠠᠩ᠎ᠢ ᠨᠡᠮᠡᠭᠳᠡᠭᠦᠯᠦᠨ᠂ ᠪᠥᠬᠥ ᠣᠷᠣᠨ᠎ᠤ ᠠᠬᠠᠯᠠᠭᠴᠢ ᠳ᠋ᠣᠺᠲ᠋ᠣᠷ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠯᠠᠬᠤ ᠥᠷᠲᠡᠭᠡ᠂ ᠨᠡᠭᠦᠳᠡᠯ ᠥᠷᠲᠡᠭᠡ ᠨᠠᠢ᠌ᠳᠠ 69 ᠪᠣᠯᠪᠠ᠃ ᠮᠡᠷᠭᠡᠵᠢᠯ᠎ᠤᠨ ᠴᠣᠯᠠ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ 25 ᠰᠢᠷᠢᠰ᠂ 56 ᠲᠤᠰᠬᠠᠢ ᠮᠡᠷᠭᠡᠵᠢᠯ᠎ᠤᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠨᠥᠬᠥᠴᠡᠯ᠎ᠢ ᠨᠡᠢ᠌ᠲᠡᠯᠡᠵᠦ᠂ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠦᠨᠡᠯᠡᠬᠦ ᠰᠢᠰᠲ᠋ᠧᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠡᠷᠬᠡ ᠵᠢ ᠦᠷᠭᠦᠯᠵᠢᠯᠡᠨ ᠳᠣᠷᠣᠭᠰᠢ ᠪᠠᠭᠤᠯᠭ᠋ᠠᠵᠤ᠂ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠵᠢ ᠪᠡᠶ᠎ᠡ᠎ᠪᠠᠨ ᠳᠠᠭ᠋ᠠᠭ᠋ᠠᠵᠤ ᠬᠢᠨᠠᠨ ᠲᠣᠭᠲᠠᠭ᠋ᠠᠬᠤ ᠨᠢᠭᠡᠴᠢ 71 ᠪᠣᠯᠵᠤ᠂ ᠦᠨᠡᠨ ᠬᠦ᠌ ᠬᠥᠮᠥᠨ ᠬᠡᠷᠡᠭᠯᠡᠬᠦ ᠬᠥᠮᠥᠨ᠎ᠠᠴᠠ ᠬᠥᠮᠥᠨ᠎ᠢ ᠦᠨᠡᠯᠡᠬᠦ᠂ ᠬᠥᠮᠥᠨ᠎ᠢ ᠦᠨᠡᠯᠡᠭᠰᠡᠨ ᠬᠥᠮᠥᠨ ᠬᠥᠮᠥᠨ ᠬᠡᠷᠡᠭᠯᠡᠬᠦ ᠵᠢ ᠪᠡᠶᠡᠯᠡᠭᠦᠯᠪᠡ᠃ ᠮᠠᠯᠴᠢᠨ ᠲᠠᠷᠢᠶᠠᠴᠢᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠵᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠨᠠᠩ ᠤᠯᠠᠨ 《ᠨᠤᠲᠤᠭ᠎ᠤᠨ ᠮᠡᠷᠭᠡᠵᠢᠯᠲᠡᠨ》 《ᠲᠠᠷᠢᠶᠠᠯᠠᠩ᠎ᠤᠨ ᠴᠢᠳᠠᠪᠤᠷᠢᠲᠠᠨ》᠎ᠢ ᠴᠣᠯᠭᠣᠷᠠᠭᠤᠯᠤᠨ ᠭᠠᠷᠭ᠋ᠠᠵᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠳᠤᠮᠳᠠ ᠡᠷᠳᠡᠮ ᠴᠢᠳᠠᠪᠤᠷᠢ᠎ᠪᠠᠨ ᠶᠡᠬᠡ᠎ᠪᠠᠷ ᠪᠠᠳᠠᠷᠠᠭᠤᠯᠬᠤ ᠵᠢ ᠠᠬᠢᠭᠤᠯᠪᠠ᠃ 《ᠤᠷ᠎ᠠ ᠴᠢᠳᠠᠪᠤᠷᠢ ᠵᠢᠨ ᠥᠪᠥᠷ ᠮᠣᠩᠭᠣᠯ᠎ᠤᠨ ᠠᠵᠢᠯᠯᠠᠭ᠎ᠠ》 ᠵᠢ ᠭᠦᠨᠵᠡᠭᠡᠢ ᠬᠡᠷᠡᠭᠵᠢᠭᠦᠯᠵᠦ᠂ ᠳᠡᠭᠡᠳᠦ ᠲᠡᠰ᠎ᠤᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ 5.9 ᠲᠦᠮᠡᠨ ᠬᠥᠮᠥᠨ ᠬᠥᠮᠥᠵᠢᠭᠦᠯᠵᠦ᠂ ᠣᠨᠴᠠ ᠲᠠᠰ᠎ᠤᠨ ᠮᠠᠰᠲ᠋ᠧᠷ 50 ᠬᠥᠮᠥᠨ᠂ ᠲᠡᠷᠢᠭᠦᠨ ᠮᠠᠰᠲ᠋ᠧᠷ 16 ᠬᠥᠮᠥᠨ᠎ᠢ ᠦᠨᠡᠯᠡᠨ ᠰᠢᠯᠭ᠋ᠠᠷᠠᠭᠤᠯᠵᠤ᠂ ᠳᠠᠭ᠋ᠠᠭᠤᠯᠤᠭᠴᠢ ᠮᠠᠶᠢᠭ᠎ᠤᠨ ᠳᠡᠭᠡᠳᠦ ᠲᠡᠰ᠎ᠤᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ ᠵᠢ ᠤᠯᠠᠮ ᠨᠢᠭᠡ ᠠᠯᠬᠤᠮ ᠪᠤᠵᠠᠭ᠋ᠠᠢ᠌ᠷᠠᠭᠤᠯᠪᠠ᠃ ᠵᠠᠬ᠎ᠠ ᠳᠡᠯᠭᠡᠭᠦᠷᠴᠢᠯᠡᠭᠰᠡᠨ ᠴᠢᠳᠠᠪᠤᠷᠢᠲᠠᠨ᠎ᠤ ᠦᠢ᠍ᠯᠡᠴᠢᠯᠡᠭᠡᠨ᠎ᠤ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠬᠥᠬᠡᠬᠣᠲᠠ᠂ ᠪᠤᠭᠤᠲᠤ ᠵᠢᠨ 2 ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠠᠵᠤ ᠦᠢ᠍ᠯᠡᠰ᠎ᠤᠨ ᠬᠦᠷᠢᠶᠡᠯᠡᠩ᠎ᠢ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠵᠤ ᠦᠢ᠍ᠯᠡᠰ᠎ᠤᠨ ᠬᠦᠷᠢᠶᠡᠯᠡᠩ ᠵᠶ᠋ᠡᠷ ᠬᠢᠨᠠᠨ ᠲᠣᠭᠲᠠᠭ᠋ᠠᠵᠤ᠂ ᠪᠥᠬᠥ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠠᠵᠢᠯ ᠲᠥᠷᠥᠯ᠎ᠤᠨ ᠬᠥᠭᠵᠢᠯᠲᠡ ᠰᠢᠨ᠎ᠡ ᠳᠡᠭᠲᠡᠷ᠎ᠲᠤ ᠭᠠᠷᠪᠠ᠃ ᠬᠣᠰᠢᠭᠤ ᠰᠢᠶᠠᠨ᠎ᠠᠴᠠ ᠳᠣᠷᠣᠭᠰᠢᠬᠢ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ᠎ᠤ ᠳᠡᠰ ᠳᠡᠪᠰᠢᠬᠦ ᠳᠦᠷᠢᠮ᠎ᠢ ᠢᠳᠡᠪᠬᠢᠲᠡᠢ ᠨᠠᠢ᠌ᠳᠠᠪᠤᠷᠢᠵᠢᠭᠤᠯᠵᠤ᠂ 《ᠬᠠᠨᠳᠤᠯᠭ᠎ᠠ᠎ᠲᠠᠢ᠎ᠪᠠᠷ ᠡᠯᠰᠡᠬᠦ ᠠᠵᠢᠯ᠎ᠤᠨ ᠪᠠᠶ᠋ᠢᠷᠢ》 ᠵᠢᠨ ᠦᠨᠳᠦᠰᠦᠨ ᠱᠠᠲᠤᠨ᠎ᠤ ᠠᠵᠢᠯ ᠦᠢ᠍ᠯᠡᠰ᠎ᠤᠨ ᠨᠢᠭᠡᠴᠢ ᠵᠢᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠳᠤᠮᠳᠠᠬᠢ ᠢᠳᠡᠪᠬᠢᠲᠡᠢ ᠦᠢ᠍ᠯᠡᠳᠦᠯ᠎ᠢ ᠪᠠᠳᠠᠷᠠᠭᠤᠯᠤᠨ᠂ ᠦᠨᠳᠦᠰᠦᠨ ᠱᠠᠲᠤᠨ᠎ᠤ ᠠᠵᠢᠯ ᠦᠢ᠍ᠯᠡᠰ᠎ᠤᠨ ᠨᠢᠭᠡᠴᠢ ᠵᠢᠨ 1.4 ᠲᠦᠮᠡᠨ ᠬᠠᠮᠢᠶᠠᠷᠤᠯᠲᠠ ᠵᠢᠨ ᠠᠵᠢᠯᠲᠠᠨ᠎ᠤ ᠠᠵᠢᠯ᠎ᠤᠨ ᠪᠠᠶ᠋ᠢᠷᠢ ᠵᠢ ᠲᠡᠰ ᠳᠡᠪᠰᠢᠭᠦᠯᠵᠦ᠂ 1.2 ᠲᠦᠮᠡᠨ ᠬᠥᠮᠥᠨ᠎ᠢ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠵᠢᠨ ᠲᠤᠰᠬᠠᠢ ᠮᠡᠷᠭᠡᠵᠢᠯ᠎ᠤᠨ ᠠᠵᠢᠯ᠎ᠤᠨ ᠪᠠᠶ᠋ᠢᠷᠢ᠎ᠳᠤ ᠤᠷᠢᠨ ᠬᠡᠷᠡᠭᠯᠡᠵᠦ᠂ ᠴᠢᠳᠠᠪᠤᠷᠢᠲᠠᠨ᠎ᠤ ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ ᠭᠠᠪᠢᠶ᠎ᠠ ᠪᠠᠢ᠌ᠭᠤᠯᠤᠨ ᠦᠢ᠍ᠯᠡᠰ ᠪᠦᠲᠦᠭᠡᠬᠦ ᠣᠷᠭᠢᠯᠤᠮ᠎ᠠ ᠬᠠᠯᠠᠭᠤᠨ ᠰᠡᠳᠬᠢᠯᠭᠡ ᠨᠠᠩ ᠥᠨᠳᠥᠷ ᠪᠣᠯᠪᠠ᠃ ᠪᠥᠬᠥ ᠤᠯᠤᠰ᠎ᠤᠨ ᠠᠩᠬᠠᠳᠠᠭᠴᠢ ᠲᠤᠰᠬᠠᠢ ᠮᠡᠷᠭᠡᠵᠢᠯ᠎ᠤᠨ ᠠᠵᠢᠯᠲᠠᠨ᠎ᠳᠤ ᠬᠢᠷᠢ ᠬᠡᠮ᠎ᠤᠨ ᠰᠢᠯᠭ᠋ᠠᠯᠲᠠ᠎ᠳᠤ ᠬᠠᠨᠳᠤᠭᠤᠯᠤᠭᠰᠠᠨ ᠰᠢᠯᠭ᠋ᠠᠯᠲᠠ ᠵᠢᠨ ᠶᠠᠪᠤᠳᠠᠯ᠎ᠤᠨ ᠣᠷᠣᠨ ᠨᠤᠲᠤᠭ᠎ᠤᠨ ᠪᠠᠷᠢᠮᠵᠢᠶ᠎ᠠ ᠵᠢ ᠲᠣᠭᠲᠠᠭ᠋ᠠᠵᠤ᠂ 《ᠥᠪᠥᠷ ᠮᠣᠩᠭᠣᠯ》 ᠨᠡᠷᠡᠮᠵᠢᠲᠦ ᠠᠵᠢᠯᠲᠠᠨ᠎ᠤ ᠶᠠᠪᠤᠳᠠᠯ ᠰᠢᠯᠭ᠋ᠠᠯᠲᠠ ᠵᠢᠨ ᠦᠢ᠍ᠯᠡᠴᠢᠯᠡᠭᠡᠨ᠎ᠤ ᠪᠠᠷᠢᠮᠵᠢᠶᠠᠵᠢᠭᠰᠠᠨ ᠲᠥᠷᠥᠯ ᠲᠡᠮᠳᠡᠭ᠎ᠢ ᠠᠮᠵᠢᠯᠲᠠ᠎ᠲᠠᠢ ᠡᠭᠦᠳᠪᠡ᠃

      ᠳᠥᠷᠪᠡ᠎ᠳᠤ᠂ ᠬᠥᠳᠡᠯᠮᠦᠷᠢᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠪᠦᠬᠦ ᠬᠦᠴᠦᠨ ᠵᠶ᠋ᠡᠷ ᠵᠶ᠋ᠡᠨ ᠬᠠᠮᠠᠭ᠋ᠠᠯᠠᠵᠤ᠂ ᠬᠥᠳᠡᠯᠮᠦᠷᠢ ᠵᠢᠨ ᠬᠠᠷᠢᠴᠠᠭ᠎ᠠ ᠤᠯᠠᠮ  ᠶᠠᠪᠤᠬᠤ ᠲᠤᠲᠤᠮ ᠡᠶ᠎ᠡ ᠵᠣᠬᠢᠴᠠᠩᠭᠤᠢ ᠪᠣᠯᠪᠠ᠃ ᠰᠢᠨ᠎ᠡ ᠴᠠᠭ ᠦᠶ᠎ᠡ ᠵᠢᠨ ᠡᠶ᠎ᠡ ᠵᠣᠬᠢᠴᠠᠩᠭᠤᠢ ᠬᠥᠳᠡᠯᠮᠦᠷᠢ ᠵᠢᠨ ᠬᠠᠷᠢᠴᠠᠭ᠎ᠠ ᠵᠢ ᠡᠭᠦᠳᠦᠨ ᠪᠠᠢ᠌ᠭᠤᠯᠬᠤ ᠠᠵᠢᠯᠯᠠᠭ᠎ᠠ ᠵᠢ ᠠᠬᠢᠭᠤᠯᠵᠤ᠂ ᠡᠶ᠎ᠡ ᠵᠣᠬᠢᠴᠠᠩᠭᠤᠢ ᠬᠥᠳᠡᠯᠮᠦᠷᠢ ᠵᠢᠨ ᠬᠠᠷᠢᠴᠠᠭ᠎ᠠ ᠵᠢ ᠪᠠᠢ᠌ᠭᠤᠯᠤᠭᠰᠠᠨ 3301 ᠨᠢᠭᠡᠴᠢ᠂ 18 ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠢ ᠬᠢᠨᠠᠨ ᠲᠣᠭᠲᠠᠭ᠋ᠠᠵᠤ᠂ ᠡᠯᠧᠺᠲᠷᠣᠨ ᠬᠥᠳᠡᠯᠮᠦᠷᠢ ᠵᠢᠨ ᠭᠡᠷ᠎ᠡ ᠵᠢ ᠬᠡᠷᠡᠭᠯᠡᠬᠦ ᠵᠢ ᠪᠥᠬᠥ ᠲᠠᠯ᠎ᠠ᠎ᠪᠠᠷ ᠬᠡᠷᠡᠭᠵᠢᠭᠦᠯᠦᠨ᠂ 20.5 ᠲᠦᠮᠡᠨ ᠬᠤᠪᠢ ᠡᠯᠧᠺᠲᠷᠣᠨ ᠬᠥᠳᠡᠯᠮᠦᠷᠢ ᠵᠢᠨ ᠭᠡᠷ᠎ᠡ ᠲᠣᠭᠲᠠᠵᠤ᠂ ᠦᠢ᠍ᠯᠡᠴᠢᠯᠡᠭᠡᠨ᠎ᠤ ᠠᠵᠤ ᠠᠬᠤᠢ᠌ᠯᠠᠯ 5000 ᠭᠠᠷᠤᠢ ᠪᠣᠯᠵᠤ᠂ ᠬᠥᠳᠡᠯᠮᠦᠷᠢ ᠵᠢᠨ ᠬᠠᠷᠢᠴᠠᠭ᠎ᠠ ᠵᠢᠨ ᠵᠠᠰᠠᠯᠲᠠ ᠵᠢᠨ ᠰᠢᠰᠲ᠋ᠧᠮ ᠪᠠ ᠵᠠᠰᠠᠯᠲᠠ ᠵᠢᠨ ᠴᠢᠳᠠᠪᠤᠷᠢ ᠵᠢᠨ ᠪᠠᠢ᠌ᠭᠤᠯᠤᠯᠲᠠ ᠰᠢᠨ᠎ᠡ ᠠᠯᠬᠤᠮ᠎ᠢ ᠠᠯᠬᠤᠪᠠ᠃ ᠰᠢᠨ᠎ᠡ ᠴᠠᠭ ᠦᠶ᠎ᠡ ᠵᠢᠨ 《ᠹᠸᠩᠴᠢᠶᠤᠤ ᠵᠢᠨ ᠲᠤᠷᠰᠢᠯᠭ᠎ᠠ》 ᠵᠢ ᠦᠢ᠍ᠯᠡᠳᠦᠯᠭᠡᠵᠢᠭᠦᠯᠵᠦ᠂ ᠬᠥᠳᠡᠯᠮᠦᠷᠢ ᠵᠢᠨ ᠬᠠᠷᠢᠴᠠᠭ᠎ᠠ ᠵᠢᠨ ᠬᠦᠷᠢᠶᠡᠨ᠎ᠳᠠᠬᠢ ᠵᠥᠷᠢᠴᠡᠯ ᠵᠢᠭᠤᠷᠠᠯᠳᠤᠭ᠋ᠠᠨ᠎ᠢ ᠢᠳᠡᠪᠬᠢᠲᠡᠢ᠎ᠪᠠᠷ ᠰᠢᠢ᠍ᠳᠪᠦᠷᠢᠯᠡᠨ ᠠᠷᠢᠯᠭ᠋ᠠᠨ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠵᠢᠯ᠎ᠳᠠᠭᠠᠨ ᠴᠠᠭ᠋ᠠᠷᠠᠭᠰᠠᠨ ᠭᠠᠷᠮᠠᠭ᠋ᠠᠢ ᠡᠶᠡᠳᠡᠭᠦᠯᠬᠦ ᠵᠣᠬᠢᠶᠠᠨ ᠪᠠᠢ᠌ᠭᠤᠯᠤᠯᠲᠠ 90᠂ ᠰᠢᠨ᠎ᠡ ᠡᠵᠡᠩᠨᠡᠯᠲᠡ ᠵᠢᠨ ᠬᠡᠯᠪᠡᠷᠢ ᠵᠢᠨ ᠠᠵᠢᠯ ᠲᠥᠷᠥᠯ᠎ᠤᠨ ᠬᠥᠳᠡᠯᠮᠦᠷᠢ ᠵᠢᠨ ᠮᠠᠷᠭᠤᠯᠳᠤᠭ᠋ᠠᠨ᠎ᠢ ᠡᠶᠡᠳᠡᠭᠦᠯᠬᠦ ᠵᠣᠬᠢᠶᠠᠨ ᠪᠠᠢ᠌ᠭᠤᠯᠤᠯᠲᠠ 13 ᠵᠢ ᠪᠣᠢ᠌ᠵᠢᠭᠤᠯᠵᠤ᠂ 《ᠨᠡᠭᠦᠳᠡᠯ ᠬᠥᠨᠳᠡᠯᠡᠨ᠎ᠠᠴᠠ ᠲᠠᠰᠤᠯᠬᠤ ᠲᠢᠩᠬᠢᠮ》᠎ᠢ ᠦᠨᠳᠦᠰᠦᠨ ᠱᠠᠲᠤᠨ᠎ᠳᠤ ᠪᠠᠭᠤᠯᠭ᠋ᠠᠬᠤ ᠠᠵᠢᠯᠯᠠᠭ᠎ᠠ ᠵᠢ ᠥᠷᠨᠢᠭᠦᠯᠵᠦ᠂ ᠡᠶᠡᠳᠡᠭᠦᠯᠦᠭᠡᠳ ᠠᠮᠵᠢᠯᠲᠠ ᠣᠯᠣᠭᠰᠠᠨ ᠨᠣᠷᠮ᠎ᠠ 76.7%᠂ ᠬᠥᠨᠳᠡᠯᠡᠨ᠎ᠠᠴᠠ ᠲᠠᠰᠤᠯᠵᠤ ᠬᠡᠷᠡᠭ᠎ᠢ ᠰᠢᠢ᠍ᠳᠪᠦᠷᠢᠯᠡᠵᠦ ᠳᠠᠭᠤᠰᠬᠠᠭᠰᠠᠨ ᠨᠣᠷᠮ᠎ᠠ 99.1% ᠪᠠᠢ᠌ᠵᠤ᠂ ᠬᠥᠳᠡᠯᠮᠦᠷᠢ ᠠᠵᠢᠯᠲᠠᠨ᠎ᠤ ᠶᠠᠪᠤᠳᠠᠯ᠎ᠤᠨ ᠮᠠᠷᠭᠤᠯᠳᠤᠭ᠋ᠠᠨ᠎ᠢ ᠡᠶᠡᠳᠡᠭᠦᠯᠬᠦ ᠪᠠ ᠬᠥᠨᠳᠡᠯᠡᠨ᠎ᠠᠴᠠ ᠲᠠᠰᠤᠯᠬᠤ ᠶᠠᠰᠤ ᠴᠢᠨᠠᠷ ᠪᠠ ᠦᠷ᠎ᠡ ᠪᠦᠲᠦᠮᠵᠢ ᠢᠯᠡᠳᠲᠡ ᠳᠡᠭᠡᠭᠰᠢᠯᠡᠪᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠳᠡᠪᠰᠢᠭᠦᠯᠦᠨ 《ᠬᠥᠯᠥᠰᠦᠨ ᠮᠠᠯᠴᠢᠨ ᠲᠠᠷᠢᠶᠠᠴᠢᠨ᠎ᠤ ᠴᠠᠯᠢᠩ ᠬᠥᠯᠥᠰᠦ ᠵᠢ ᠥᠭᠬᠦ ᠵᠢ ᠪᠠᠲᠤᠯᠠᠬᠤ ᠠᠵᠢᠯ᠎ᠢ ᠰᠠᠶ᠋ᠢᠲᠤᠷ ᠬᠢᠬᠦ ᠲᠤᠬᠠᠢ ᠠᠷᠭ᠎ᠠ ᠬᠡᠮᠵᠢᠶ᠎ᠡ᠎ᠨᠦᠭᠦᠳ》᠎ᠢ ᠳᠠᠷᠤᠮᠠᠯᠯᠠᠨ ᠲᠠᠷᠬᠠᠭ᠋ᠠᠵᠤ᠂ ᠴᠠᠯᠢᠩ ᠬᠥᠯᠥᠰᠦ ᠵᠢ ᠥᠷᠢᠲᠦᠬᠦ ᠵᠢ ᠦᠨᠳᠦᠰᠦᠨ᠎ᠠᠴᠠ᠎ᠨᠢ ᠵᠠᠰᠠᠬᠤ ᠠᠵᠢᠯ᠎ᠤᠨ ᠰᠦᠪᠡᠭᠴᠢ ᠵᠢ ᠲᠤᠰᠬᠠᠬᠤ ᠲᠠᠪᠴᠠᠩ᠎ᠢ ᠲᠠᠰ ᠳᠡᠪᠰᠢᠭᠦᠯᠦᠨ᠂ ᠪᠥᠬᠥ ᠵᠢᠯ᠎ᠳᠤ ᠲᠤᠭᠤᠰᠢᠯᠠᠭᠤᠯᠤᠭᠰᠠᠨ ᠬᠥᠯᠥᠰᠦᠨ ᠮᠠᠯᠴᠢᠨ ᠲᠠᠷᠢᠶᠠᠴᠢᠨ᠎ᠤ ᠴᠠᠯᠢᠩ ᠬᠥᠯᠥᠰᠦ ᠵᠢ ᠥᠷᠢᠲᠦᠬᠦ ᠵᠢ ᠤᠷᠢᠳᠴᠢᠯᠠᠨ ᠰᠡᠷᠭᠡᠢ᠌ᠯᠡᠵᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠵᠢ ᠯᠠᠪᠳᠠᠭᠤᠨ ᠪᠠᠲᠤᠲᠠᠢ ᠥᠷᠨᠢᠭᠦᠯᠵᠦ᠂ 《ᠬᠣᠶᠠᠷ ᠣᠷᠣᠵᠤ ᠰᠠᠭᠤᠵᠤ ᠬᠣᠶᠠᠷ᠎ᠢ ᠪᠠᠢ᠌ᠴᠠᠭ᠋ᠠᠬᠤ》᠂ ᠴᠠᠭ ᠬᠢᠵᠠᠭ᠋ᠠᠷᠯᠠᠨ ᠰᠢᠢ᠍ᠳᠪᠦᠷᠢᠯᠡᠬᠦ ᠵᠡᠷᠭᠡ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠤᠨ᠂ ᠬᠥᠯᠥᠰᠦᠨ ᠮᠠᠯᠴᠢᠨ ᠲᠠᠷᠢᠶᠠᠴᠢᠨ᠎ᠤ ᠴᠠᠯᠢᠩ ᠬᠥᠯᠥᠰᠦ ᠵᠢ ᠥᠷᠢᠲᠦᠬᠦ ᠬᠡᠷᠡᠭ᠎ᠢ ᠬᠥᠳᠡᠯᠦᠩᠭᠦᠢ᠎ᠪᠠᠷ ᠰᠢᠢ᠍ᠳᠪᠦᠷᠢᠯᠡᠨ ᠴᠡᠪᠡᠷᠯᠡᠬᠦ ᠵᠢ ᠪᠠᠲᠤᠯᠠᠪᠠ᠃

      ᠲᠠᠪᠤ᠎ᠳᠤ᠂ ᠵᠠᠰᠠᠭ᠎ᠤᠨ ᠰᠤᠷᠲᠠᠯ ᠠᠵᠢᠯ ᠳᠦᠷᠦᠯ᠎ᠤᠨ ᠰᠤᠷᠲᠠᠯ᠎ᠤᠨ ᠪᠠᠢ᠌ᠭᠤᠯᠤᠯᠲᠠ ᠵᠢ ᠴᠥᠬᠥᠷᠡᠰᠢ ᠦᠭᠡᠢ ᠴᠢᠩᠭ᠋ᠠᠳᠬᠠᠵᠤ᠂ ᠤᠯᠠᠨ ᠲᠦᠮᠡᠨ᠎ᠤ ᠬᠠᠨᠤᠮᠵᠢ᠎ᠲᠠᠢ ᠪᠠᠢ᠌ᠬᠤ ᠬᠡᠮᠵᠢᠶ᠎ᠡ ᠤᠯᠠᠮ ᠥᠨᠳᠥᠷ ᠪᠣᠯᠪᠠ᠃ ᠠᠷᠠᠳ᠎ᠤᠨ ᠲᠥᠯᠥᠭᠡ ᠪᠣᠳᠠᠲᠤ ᠶᠠᠪᠤᠳᠠᠯ ᠬᠢᠵᠦ ᠥᠭᠬᠦ ᠵᠢ ᠭᠣᠣᠯ ᠰᠡᠳᠦᠪᠲᠦ ᠬᠥᠮᠦᠵᠢᠯ᠎ᠤᠨ ᠴᠢᠬᠤᠯᠠ ᠠᠭᠤᠯᠭ᠎ᠠ ᠪᠠ ᠪᠦᠲᠦᠮᠵᠢᠲᠡᠢ ᠭᠠᠷᠳᠠᠴᠠ ᠪᠣᠯᠭ᠋ᠠᠬᠤ ᠵᠢ ᠪᠠᠷᠢᠮᠲᠠᠯᠠᠵᠤ᠂ 《ᠪᠦᠬᠦ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠢᠰᠲ᠋ᠧᠮ᠎ᠤᠨ ᠠᠷᠠᠯᠵᠢᠶᠠᠴᠢᠨ ᠤᠷᠢᠵᠤ ᠪᠡᠯᠡ ᠮᠥᠩᠭᠥ ᠣᠷᠣᠭᠤᠯᠤᠨ ᠠᠪᠴᠢᠷᠠᠬᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠠᠷᠭ᠎ᠠ ᠬᠡᠮᠵᠢᠶ᠎ᠡ᠎ᠨᠦᠭᠦᠳ》᠎ᠢ ᠲᠣᠭᠲᠠᠭ᠋ᠠᠵᠤ᠂ ᠠᠵᠤ ᠠᠬᠤᠢ᠌ᠯᠠᠯ᠎ᠳᠤ ᠬᠦᠴᠦᠨ ᠨᠡᠮᠡᠷᠢᠯᠡᠵᠦ ᠴᠢᠳᠠᠪᠤᠷᠢᠲᠠᠨ᠎ᠢ ᠡᠯᠰᠡᠵᠦ ᠣᠶᠤᠨ ᠤᠬᠠᠭ᠋ᠠᠨ᠎ᠢ ᠣᠷᠣᠭᠤᠯᠤᠨ ᠠᠪᠴᠢᠷᠠᠬᠤ᠂ ᠠᠵᠤ ᠠᠬᠤᠢ᠌ᠯᠠᠯ᠎ᠢ ᠬᠠᠪᠰᠤᠷᠤᠨ ᠬᠦᠴᠢᠷᠳᠡᠯ᠎ᠢ᠎ᠨᠢ ᠰᠢᠢ᠍ᠳᠪᠦᠷᠢᠯᠡᠵᠦ ᠥᠭᠬᠦ᠂ ᠠᠵᠤ ᠠᠬᠤᠢ᠌ᠯᠠᠯ᠎ᠳᠤ ᠦᠢ᠍ᠯᠡᠴᠢᠯᠡᠬᠦ᠎ᠳᠤ ᠳᠥᠭᠥᠮ ᠲᠦᠷᠭᠡᠨ ᠪᠥᠭᠡᠳ ᠥᠨᠳᠥᠷ ᠪᠦᠲᠦᠮᠵᠢᠲᠡᠢ ᠪᠠᠶ᠋ᠢᠬᠤ ᠵᠡᠷᠭᠡ ᠲᠠᠯ᠎ᠠ᠎ᠪᠠᠷ 10 ᠵᠦᠢ᠍ᠯ᠎ᠤᠨ ᠪᠣᠳᠠᠲᠠᠢ ᠠᠷᠭ᠎ᠠ ᠬᠡᠮᠵᠢᠶ᠎ᠡ ᠳᠤᠷᠠᠳᠴᠠᠢ᠃ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠺᠠᠳ᠋ᠷᠴᠤᠳ᠎ᠤᠨ 《ᠭᠠᠷ ᠭᠠᠷ ᠵᠶ᠋ᠠᠨ ᠬᠣᠯᠪᠣᠨ ᠦᠨᠳᠦᠰᠦᠨ ᠱᠠᠲᠤ᠎ᠲᠠᠢ ᠬᠠᠷᠢᠯᠴᠠᠬᠤ》 《ᠦᠨᠳᠦᠰᠦᠨ ᠱᠠᠲᠤᠨ᠎ᠳᠤ ᠬᠦᠷᠴᠦ ᠲᠥᠷᠥ ᠵᠢᠨ ᠪᠣᠳᠣᠯᠭ᠎ᠠ ᠵᠢ ᠬᠦᠷᠭᠡᠬᠦ》 《ᠠᠵᠤ ᠠᠬᠤᠢ᠌ᠯᠠᠯ ᠵᠶ᠋ᠠᠷ ᠭᠦᠨᠵᠡᠭᠡᠢ᠌ᠷᠡᠵᠦ ᠬᠡᠷᠡᠭᠴᠡᠭᠡ ᠵᠢ ᠣᠢ᠌ᠯᠠᠭ᠋ᠠᠬᠤ》 《ᠠᠵᠢᠯ᠎ᠤᠨ ᠲᠡᠰ ᠳᠠᠷᠠᠭ᠋ᠠᠯᠠᠯ᠎ᠢ ᠶᠠᠪᠤᠭᠳᠠᠭᠤᠯᠬᠤ ᠦᠢ᠍ᠯᠡᠴᠢᠯᠡᠭᠡ ᠵᠢ ᠰᠢᠯᠢᠳᠡᠭᠵᠢᠭᠦᠯᠬᠦ》 ᠠᠵᠢᠯᠯᠠᠭ᠎ᠠ ᠵᠢ ᠰᠢᠨ᠎ᠡ ᠵᠢ ᠡᠭᠦᠳᠦᠨ ᠥᠷᠨᠢᠭᠦᠯᠵᠦ᠂ ᠪᠥᠬᠥ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠢᠰᠲ᠋ᠧᠮ᠎ᠤᠨ 1909 ᠨᠡᠷᠡᠰ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠦᠢ᠍ᠯᠡᠴᠢᠯᠡᠭᠡᠨ᠎ᠤ ᠲᠤᠰᠬᠠᠢ ᠲᠤᠰᠢᠶᠠᠯᠲᠠᠨ᠂ 1.6 ᠲᠦᠮᠡᠨ ᠠᠵᠤ ᠠᠬᠤᠢ᠌ᠯᠠᠯ᠎ᠲᠠᠢ ᠬᠠᠷᠢᠯᠴᠠᠵᠤ ᠦᠢ᠍ᠯᠡᠴᠢᠯᠡᠨ᠂ 4200 ᠭᠠᠷᠤᠢ ᠵᠤᠷᠪᠤᠰ ᠭᠣᠮᠣᠳᠠᠯ ᠲᠣᠭ᠋ᠠᠴᠢᠯᠲᠠ ᠪᠠ ᠱᠠᠭ᠋ᠠᠷᠳᠠᠯᠭ᠎ᠠ᠎ᠳᠤ ᠴᠠᠭ ᠲᠤᠬᠠᠢ᠎ᠳᠤᠨᠢ ᠬᠠᠷᠢᠭᠤ ᠥᠭᠴᠦ᠂ ᠠᠵᠤ ᠠᠬᠤᠢ᠌ᠯᠠᠯ᠎ᠢ ᠬᠠᠪᠰᠤᠷᠤᠨ 7.5 ᠲᠦᠮᠡᠨ ᠠᠵᠢᠯᠴᠢᠨ ᠬᠡᠷᠡᠭᠯᠡᠬᠦ ᠠᠰᠠᠭᠤᠳᠠᠯ᠎ᠢ ᠰᠢᠢ᠍ᠳᠪᠦᠷᠢᠯᠡᠵᠦ ᠥᠭᠴᠦ᠂ ᠠᠵᠤ ᠠᠬᠤᠢ᠌ᠯᠠᠯ᠎ᠤᠨ ᠬᠥᠭᠵᠢᠯᠲᠡ᠎ᠳᠤ ᠦᠢ᠍ᠯᠡᠴᠢᠯᠡᠬᠦ ᠵᠢᠩᠬᠢᠨᠢ 《ᠳᠣᠲᠣᠨᠣ ᠬᠥᠮᠥᠨ》 ᠪᠣᠯᠬᠤ᠎ᠪᠠᠷ ᠬᠦᠴᠦᠯᠡᠨ ᠴᠢᠷᠮᠠᠢ᠌ᠪᠠ᠃ 《ᠰᠦᠯᠵᠢᠶᠡᠨ ᠳᠡᠭᠡᠷ᠎ᠡ ᠭᠦᠢ᠍ᠴᠡᠳᠬᠡᠬᠦ》 《ᠠᠯᠠᠭ᠋ᠠᠨ ᠳᠡᠭᠡᠷ᠎ᠡ᠎ᠪᠠᠨ ᠭᠦᠢ᠍ᠴᠡᠳᠬᠡᠬᠦ》 《ᠨᠢᠭᠡ ᠴᠣᠩᠬᠣᠪᠴᠢ᠎ᠪᠠᠷ ᠭᠦᠢ᠍ᠴᠡᠳᠬᠡᠬᠦ》 《ᠠᠵᠢᠯᠲᠠᠨ ᠠᠵᠢᠯᠴᠢᠨ ᠠᠵᠢᠯ᠎ᠳᠤ ᠣᠷᠣᠯᠴᠠᠬᠤ》 《ᠠᠵᠢᠯ᠎ᠠᠴᠠ᠎ᠪᠠᠨ ᠠᠮᠠᠷᠠᠬᠤ ᠵᠢ ᠭᠦᠢ᠍ᠴᠡᠳᠬᠡᠬᠦ》 ᠵᠡᠷᠭᠡ 6 《ᠨᠢᠭᠡ ᠶᠠᠪᠤᠳᠠᠯ᠎ᠢ ᠨᠢᠭᠡ ᠯᠡ ᠤᠳᠠᠭ᠎ᠠ᠎ᠳᠤ ᠭᠦᠢ᠍ᠴᠡᠳᠬᠡᠬᠦ》 ᠵᠢ ᠶᠡᠬᠡ᠎ᠪᠠᠷ ᠠᠬᠢᠭᠤᠯᠵᠤ᠂ ᠠᠵᠤ ᠠᠬᠤᠢ᠌ᠯᠠᠯ ᠪᠠ ᠤᠯᠠᠨ ᠲᠦᠮᠡᠨ᠎ᠤ ᠠᠵᠢᠯ ᠶᠠᠪᠤᠳᠠᠯ ᠭᠦᠢ᠍ᠴᠡᠳᠬᠡᠬᠦ᠎ᠳᠤ ᠶᠠᠪᠤᠬᠤ ᠲᠤᠲᠤᠮ ᠳᠥᠭᠥᠮ ᠲᠦᠷᠭᠡᠨ ᠪᠣᠯᠪᠠ᠃ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠤᠯᠠᠨ ᠨᠠᠢ᠌ᠳᠠ ᠵᠢᠨ ᠦᠢ᠍ᠯᠡᠴᠢᠯᠡᠭᠡ ᠬᠢᠭᠡᠳ ᠦᠨᠳᠦᠰᠦᠨ ᠱᠠᠲᠤᠨ᠎ᠤ ᠨᠡᠢ᠌ᠭᠡᠮ᠎ᠤᠨ ᠵᠠᠰᠠᠯᠲᠠ ᠵᠢᠨ ᠠᠭᠤᠰᠤᠯᠴᠠᠨ ᠬᠠᠷᠢᠯᠴᠠᠨ ᠠᠬᠢᠭᠤᠯᠬᠤ ᠵᠢ ᠢᠳᠡᠪᠬᠢᠲᠡᠢ᠎ᠪᠠᠷ ᠠᠬᠢᠭᠤᠯᠵᠤ᠂ ᠤᠯᠠᠨ ᠲᠦᠮᠡᠨ᠎ᠲᠠᠢ ᠨᠢᠭᠲᠠ ᠬᠠᠷᠢᠴᠠᠭ᠎ᠠ᠎ᠲᠠᠢ 76 ᠵᠦᠢ᠍ᠯ᠎ᠤᠨ ᠥᠨᠳᠥᠷ ᠳᠠᠪᠲᠠᠮᠵᠢ᠎ᠲᠠᠢ ᠭᠦᠢ᠍ᠴᠡᠳᠬᠡᠬᠦ ᠦᠢ᠍ᠯᠡᠴᠢᠯᠡᠭᠡᠨ᠎ᠤ ᠵᠦᠢ᠍ᠯᠡᠰ᠎ᠢ ᠭᠠᠴᠠᠭ᠎ᠠ ᠲᠣᠰᠬᠤᠨ᠂ ᠨᠡᠢ᠌ᠭᠡᠮ ᠲᠣᠭᠣᠷᠢᠭ ᠪᠠ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠬᠢᠭᠡᠳ ᠪᠠᠩᠬᠢ ᠵᠢᠨ ᠬᠠᠮᠲᠤᠷᠠᠯᠴᠠᠭ᠋ᠠᠨ᠎ᠤ 157 ᠲᠣᠣᠷ ᠴᠡᠭ᠎ᠲᠤ ᠪᠠᠭᠤᠯᠭ᠋ᠠᠵᠤ᠂ ᠤᠯᠠᠨ ᠲᠦᠮᠡᠨ᠎ᠢ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠨᠡᠢ᠌ᠭᠡᠮ᠎ᠤᠨ ᠪᠠᠲᠤᠯᠠᠭ᠎ᠠ ᠵᠢᠨ ᠡᠭᠦᠳᠡᠨ᠎ᠳᠤ ᠬᠦᠷᠬᠦ ᠦᠭᠡᠢ ᠴᠦ᠍ ᠭᠡᠰᠡᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠪᠤᠳᠠᠯ᠎ᠢ ᠰᠠᠶ᠋ᠢᠲᠤᠷ ᠭᠦᠢ᠍ᠴᠡᠳᠬᠡᠵᠦ ᠴᠢᠳᠠᠬᠤ ᠪᠣᠯᠭ᠋ᠠᠵᠤ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠬᠠᠯᠠᠭᠤᠨ ᠳᠣᠲᠣᠨᠣ ᠦᠢ᠍ᠯᠡᠴᠢᠯᠡᠭᠡ᠎ᠪᠠᠷ ᠬᠥᠮᠥᠰ᠎ᠤᠨ ᠰᠡᠳᠬᠢᠯ᠎ᠢ ᠳᠤᠯᠠᠭ᠋ᠠᠴᠠᠭᠤᠯᠵᠤ᠂ ᠬᠦᠴᠦᠨ ᠴᠢᠳᠠᠯ᠎ᠢ ᠨᠢᠭᠲᠠᠷᠠᠭᠤᠯᠪᠠ᠃

      2023 ᠣᠨ᠎ᠢ ᠡᠷᠭᠢᠴᠡᠭᠦᠯᠬᠦᠶ᠎ᠡ᠂ ᠪᠢᠳᠡ ᠬᠦᠴᠢᠷ᠎ᠢ ᠲᠤᠭᠤᠯᠤᠨ ᠪᠡᠷᠬᠡ ᠵᠢ ᠳᠠᠪᠠᠵᠤ᠂ ᠰᠢᠷᠭ᠋ᠠᠭᠤ ᠬᠠᠲᠠᠭᠤᠵᠢᠯᠲᠠᠢ ᠪᠣᠳᠠᠲᠠᠢ ᠠᠵᠢᠯᠯᠠᠬᠤ ᠳᠤᠮᠳᠠ ᠢᠯᠡᠳᠲᠡ ᠠᠮᠵᠢᠯᠲᠠ ᠪᠦᠲᠦᠮᠵᠢ ᠣᠯᠣᠭᠰᠠᠨ ᠪᠥᠭᠡᠳ ᠪᠠᠰᠠ ᠡᠷᠬᠢᠮ ᠨᠠᠨᠳᠢᠨ ᠬᠥᠭᠵᠢᠯᠲᠡ ᠵᠢᠨ ᠠᠵᠠ ᠲᠣᠬᠢᠶᠠᠯ᠎ᠢ ᠲᠡᠮᠡᠴᠡᠨ ᠣᠯᠣᠭᠰᠠᠨ ᠪᠠᠢ᠌ᠨ᠎ᠠ᠃ ᠲᠥᠷᠥ ᠵᠢᠨ ᠶᠠᠪᠤᠳᠠᠯ᠎ᠤᠨ ᠬᠣᠷᠢᠶᠠᠨ᠎ᠤ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠳᠡᠮᠵᠢᠬᠦ ᠰᠠᠨᠠᠯ᠎ᠢ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠵᠢ ᠲᠦᠷᠭᠡᠳᠬᠡᠨ ᠠᠬᠢᠭᠤᠯᠬᠤ ᠵᠢᠨ ᠲᠥᠯᠥᠭᠡ᠂ 2023 ᠣᠨ᠎ᠤ 12 ᠰᠠᠷ᠎ᠠ ᠵᠢᠨ 25᠎ᠤ ᠡᠳᠦᠷ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠯᠤᠭ᠎ᠠ 《ᠥᠪᠥᠷ ᠮᠣᠩᠭᠣᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠬᠠᠮᠲᠤ᠎ᠪᠠᠷ ᠠᠬᠢᠭᠤᠯᠬᠤ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠵᠥᠪᠯᠡᠯᠴᠡᠭᠡᠷ》 ᠲᠣᠭᠲᠠᠵᠤ᠂ 57 ᠵᠤᠷᠪᠤᠰ ᠪᠣᠳᠠᠲᠠᠢ ᠬᠠᠮᠲᠤᠷᠠᠯᠴᠠᠭ᠋ᠠᠨ᠎ᠤ ᠵᠦᠢ᠍ᠯᠡᠰ᠎ᠢ ᠲᠣᠭᠲᠠᠭ᠋ᠠᠭᠰᠠᠨ᠎ᠨᠢ ᠯᠠᠪᠲᠠᠢ ᠥᠪᠥᠷ ᠮᠣᠩᠭᠣᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠠᠵᠢᠯ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠬᠦᠴᠦᠲᠡᠢ ᠠᠬᠢᠭᠤᠯᠬᠤ ᠶᠤᠮ᠃

      ᠳᠠᠷᠠᠭ᠋ᠠᠴᠢ ᠵᠢᠨ ᠠᠯᠬᠤᠮ᠎ᠳᠤ᠂ ᠪᠢᠳᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠳᠣᠯᠣᠳᠤᠭ᠋ᠠᠷ ᠪᠦᠭᠦᠳᠡ ᠬᠤᠷᠠᠯ ᠵᠢᠴᠢ ᠪᠦᠬᠦ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ 《ᠬᠣᠶᠠᠷ ᠶᠡᠬᠡ ᠶᠠᠪᠤᠳᠠᠯ》᠎ᠢ ᠰᠠᠶ᠋ᠢᠲᠤᠷ ᠪᠡᠶᠡᠯᠡᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠥᠮᠥᠨ᠎ᠤ ᠬᠦᠴᠦᠨ᠎ᠤ ᠡᠬᠢ ᠪᠠᠶᠠᠯᠢᠭ᠎ᠢ ᠨᠡᠭᠡᠭᠡᠨ ᠠᠰᠢᠭᠯᠠᠬᠤ ᠵᠢ ᠴᠢᠩᠭ᠋ᠠᠳᠬᠠᠵᠤ᠂ 《ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠠᠵᠢᠯ᠎ᠢ ᠪᠡᠬᠢᠵᠢᠭᠦᠯᠦᠨ ᠥᠷᠭᠡᠳᠬᠡᠬᠦ ᠣᠨ》᠎ᠢ ᠯᠠᠪᠳᠠᠭᠤᠨ ᠪᠠᠲᠤᠲᠠᠢ ᠠᠬᠢᠭᠤᠯᠵᠤ᠂ ᠨᠠᠮ᠎ᠤᠨ ᠪᠠᠢ᠌ᠭᠤᠯᠤᠯᠲᠠ᠎ᠪᠠᠷ ᠬᠥᠲᠥᠯᠥᠨ ᠳᠠᠭ᠋ᠠᠭᠤᠯᠬᠤ ᠶᠠᠰᠤ ᠴᠢᠨᠠᠷ᠎ᠢ ᠳᠡᠭᠡᠭᠰᠢᠯᠡᠭᠦᠯᠬᠦ᠂ ᠠᠵᠢᠯ ᠣᠯᠭᠣᠯᠲᠠ ᠵᠢᠨ ᠪᠠᠭᠲᠠᠭ᠋ᠠᠮᠵᠢ ᠵᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠬᠦ᠂ ᠨᠡᠢ᠌ᠭᠡᠮ᠎ᠤᠨ ᠪᠠᠲᠤᠯᠠᠭ᠎ᠠ ᠵᠢᠨ ᠥᠭᠡᠷᠡᠴᠢᠯᠡᠯᠲᠡ ᠵᠢᠨ ᠶᠠᠰᠤ ᠴᠢᠨᠠᠷ᠎ᠢ ᠳᠡᠭᠡᠭᠰᠢᠯᠡᠭᠦᠯᠬᠦ᠂ ᠮᠡᠷᠭᠡᠵᠢᠯ ᠤᠷ᠎ᠠ ᠴᠢᠳᠠᠪᠤᠷᠢ ᠵᠢᠨ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ ᠬᠥᠮᠥᠵᠢᠭᠦᠯᠬᠦ ᠶᠠᠰᠤ ᠴᠢᠨᠠᠷ᠎ᠢ ᠳᠡᠭᠡᠭᠰᠢᠯᠡᠭᠦᠯᠬᠦ᠂ ᠬᠥᠳᠡᠯᠮᠦᠷᠢ ᠵᠢᠨ ᠬᠠᠷᠢᠴᠠᠭ᠎ᠠ ᠵᠢᠨ ᠵᠠᠰᠠᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠬᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠰᠢᠯᠢᠳᠡᠭ᠎ᠢ ᠡᠭᠦᠳᠴᠦ ᠶᠠᠰᠤ ᠴᠢᠨᠠᠷ᠎ᠢ ᠳᠡᠭᠡᠭᠰᠢᠯᠡᠭᠦᠯᠬᠦ᠂ ᠲᠦᠭᠰᠢᠭᠦᠷᠢ ᠵᠢ ᠰᠡᠷᠭᠡᠢ᠌ᠯᠡᠨ ᠡᠵᠡᠮᠳᠡᠵᠦ ᠬᠠᠰᠢᠯᠭ᠎ᠠ ᠵᠢ ᠪᠠᠢ᠌ᠭᠤᠯᠵᠤ ᠶᠠᠰᠤ ᠴᠢᠨᠠᠷ᠎ᠢ ᠳᠡᠭᠡᠭᠰᠢᠯᠡᠭᠦᠯᠬᠦ ᠵᠡᠷᠭᠡ 7 ᠵᠦᠢ᠍ᠯ᠎ᠤᠨ ᠢᠨᠵᠧᠨᠧᠷᠢᠩ᠎ᠢ ᠭᠦᠨᠵᠡᠭᠡᠢ᠌ᠷᠡᠭᠦᠯᠦᠨ ᠬᠡᠷᠡᠭᠵᠢᠭᠦᠯᠦᠨ᠎ᠡ᠃ ᠨᠠᠭ᠋ᠠᠲᠤ ᠵᠠᠬ᠎ᠠ ᠵᠢᠨ ᠠᠷᠠᠳ᠎ᠤᠨ ᠠᠮᠢᠳᠤᠷᠠᠯ᠎ᠤᠨ ᠬᠣᠷᠢᠭ᠎ᠠ ᠱᠤᠭᠤᠮ᠎ᠢ ᠪᠠᠲᠤ ᠰᠠᠬᠢᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ᠂ ᠠᠷᠠᠳ ᠤᠯᠠᠨ᠎ᠤ ᠠᠮᠢᠳᠤᠷᠠᠯ᠎ᠢ ᠨᠡᠩ ᠬᠦᠰᠡᠯ ᠡᠷᠡᠮᠡᠯᠵᠡᠯ᠎ᠲᠠᠢ᠂ ᠨᠡᠩ ᠪᠠᠲᠤᠯᠠᠭ᠎ᠠ᠎ᠲᠠᠢ᠂ ᠨᠡᠩ ᠬᠦᠷ ᠬᠥᠭᠵᠢᠶᠡᠨ᠎ᠲᠠᠢ ᠪᠣᠯᠭ᠋ᠠᠬᠤ᠎ᠪᠠᠷ ᠴᠢᠷᠮᠠᠢ᠌ᠨ᠎ᠠ᠃

      ᠤᠯᠠᠨ᠎ᠳᠤ ᠪᠠᠶᠠᠷᠯᠠᠯ᠎ᠠ!

      ᠰᠣᠨᠢᠨ ᠮᠡᠳᠡᠭᠡ ᠨᠡᠢ᠌ᠲᠡᠯᠡᠬᠦ ᠬᠤᠷᠠᠯ᠎ᠤᠨ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠤᠭᠰᠠᠨ᠎ᠨᠢ

      ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠬᠣᠷᠢᠶ᠎ᠠ ᠵᠢᠨ ᠰᠤᠷᠪᠤᠯᠵᠢᠯᠠᠭᠴᠢ᠄ ᠠᠵᠢᠯ ᠣᠯᠭᠣᠯᠲᠠ ᠪᠣᠯ ᠨᠡᠢ᠌ᠭᠡᠮ ᠳᠠᠶᠠᠭ᠋ᠠᠷ᠎ᠤᠨ ᠠᠩᠬᠠᠷᠴᠤ ᠪᠠᠢ᠌ᠭ᠎ᠠ ᠠᠰᠠᠭᠤᠳᠠᠯ ᠮᠥᠨ᠃ ᠲᠡᠭᠡᠪᠡᠯ᠂ ᠨᠢᠭᠡ ᠵᠢᠯ᠎ᠤᠨ ᠲᠤᠷᠰᠢ᠂ ᠥᠪᠡᠷᠲᠡᠭᠡᠨ ᠵᠠᠰᠠᠬᠤ ᠣᠷᠣᠨ ᠠᠵᠢᠯ ᠣᠯᠭᠣᠯᠲᠠ ᠵᠢ ᠠᠬᠢᠭᠤᠯᠤᠭᠰᠠᠨ ᠲᠠᠯ᠎ᠠ᠎ᠪᠠᠷ ᠶᠠᠮᠠᠷ ᠶᠠᠮᠠᠷ ᠬᠢᠯᠠᠰ ᠴᠡᠭ ᠪᠠᠢ᠌ᠵᠤ᠂ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ ᠪᠤᠢ? ᠪᠠᠶᠠᠷᠯᠠᠯ᠎ᠠ᠃

      ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠠᠵᠢᠯ ᠣᠯᠭᠣᠯᠲᠠ ᠵᠢ ᠠᠬᠢᠭᠤᠯᠬᠤ ᠭᠠᠵᠠᠷ᠎ᠤᠨ ᠳᠠᠷᠤᠭ᠎ᠠ ᠵᠠᠩ ᠬᠠᠢ ᠲᠣᠣ᠄ ᠰᠤᠷᠪᠤᠯᠵᠢᠯᠠᠭᠴᠢ ᠲᠠᠨ᠎ᠤ ᠠᠰᠠᠭᠤᠭᠰᠠᠨ᠎ᠳᠤ ᠲᠠᠯᠠᠷᠬᠠᠵᠤ ᠪᠠᠢ᠌ᠨ᠎ᠠ᠂ ᠪᠢ ᠲᠠᠨ᠎ᠤ ᠡᠨᠡ ᠠᠰᠠᠭᠤᠯᠲᠠ ᠵᠢ ᠬᠠᠷᠢᠭᠤᠯᠤᠶ᠎ᠠ᠃

      2023 ᠣᠨ᠎ᠳᠤ᠂ ᠪᠢᠳᠡ ᠥᠪᠡᠷᠲᠡᠭᠡᠨ ᠵᠠᠰᠠᠬᠤ ᠣᠷᠣᠨ᠎ᠤ 《ᠬᠣᠶᠠᠷ ᠶᠡᠬᠡ ᠶᠠᠪᠤᠳᠠᠯ》᠎ᠳᠤ ᠦᠢ᠍ᠯᠡᠴᠢᠯᠡᠨ ᠪᠠᠲᠤᠯᠠᠬᠤ ᠵᠢᠨ ᠲᠣᠭᠣᠷᠢᠨ᠎ᠳᠤ᠂ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ ᠵᠢ ᠴᠢᠬᠤᠯᠠ ᠶᠡᠬᠡ ᠤᠯᠤᠰ ᠲᠥᠷᠥ ᠵᠢᠨ ᠡᠭᠦᠷᠭᠡ ᠪᠣᠯᠭ᠋ᠠᠵᠤ᠂ ᠠᠵᠢᠯ ᠣᠯᠭᠣᠯᠲᠠ ᠵᠢ ᠲᠡᠷᠢᠭᠦᠨ᠎ᠳᠤ ᠲᠠᠯᠪᠢᠬᠤ ᠲᠥᠷᠥ ᠵᠢᠨ ᠪᠣᠳᠣᠯᠭ᠎ᠠ ᠵᠢ ᠴᠢᠩᠭ᠋ᠠᠳᠬᠠᠵᠤ᠂ ᠠᠵᠢᠯ ᠣᠯᠭᠣᠯᠲᠠ ᠵᠢᠨ ᠪᠠᠭᠲᠠᠭ᠋ᠠᠮᠵᠢ ᠵᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠬᠦ ᠢᠨᠵᠧᠨᠧᠷᠢᠩ᠎ᠢ ᠦᠷᠭᠦᠯᠵᠢᠯᠡᠨ ᠠᠬᠢᠭᠤᠯᠵᠤ᠂ 《ᠦᠢ᠍ᠯᠡᠰ ᠪᠣᠰᠬᠠᠬᠤ ᠥᠪᠥᠷ ᠮᠣᠩᠭᠣᠯ》 《ᠤᠷ᠎ᠠ ᠴᠢᠳᠠᠪᠤᠷᠢ ᠵᠢᠨ ᠥᠪᠥᠷ ᠮᠣᠩᠭᠣᠯ》 《ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠬᠦ》 《ᠭᠣᠣᠯᠳᠠᠯᠭ᠎ᠠ᠎ᠲᠠᠢ ᠬᠥᠮᠥᠰ᠎ᠤᠨ ᠠᠵᠢᠯ ᠣᠯᠭᠣᠯᠲᠠ ᠵᠢ ᠠᠬᠢᠭᠤᠯᠬᠤ》 《ᠭᠣᠣᠯᠳᠠᠯᠭ᠎ᠠ᠎ᠲᠠᠢ ᠲᠥᠷᠥᠯ ᠵᠦᠢ᠍ᠯ ᠵᠶ᠋ᠡᠷ ᠠᠵᠢᠯ ᠣᠯᠭᠣᠯᠲᠠ ᠵᠢ ᠠᠬᠢᠭᠤᠯᠬᠤ》 ᠲᠠᠪᠤᠨ ᠵᠦᠢ᠍ᠯ᠎ᠤᠨ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠲᠥᠷᠥ ᠵᠢᠨ ᠪᠣᠳᠣᠯᠭ᠎ᠠ ᠵᠢᠨ ᠨᠠᠢ᠌ᠳᠠᠪᠤᠷᠢᠵᠢᠭᠤᠯᠤᠯᠲᠠ ᠵᠢ ᠬᠦᠴᠦᠲᠡᠢ ᠠᠳᠬᠤᠨ᠂ ᠪᠥᠬᠥ ᠵᠢᠯ᠎ᠳᠤ ᠪᠥᠬᠥ ᠣᠷᠣᠨ ᠪᠦᠰᠡ ᠵᠢᠨ ᠬᠣᠲᠠ ᠪᠠᠯᠭ᠋ᠠᠰᠤ ᠵᠢᠨ 21.9 ᠲᠦᠮᠡᠨ ᠬᠥᠮᠥᠨ᠎ᠳᠤ ᠰᠢᠨ᠎ᠡ᠎ᠪᠠᠷ ᠠᠵᠢᠯ ᠣᠯᠭᠣᠵᠤ᠂ ᠤᠯᠤᠰ᠎ᠠᠴᠠ ᠪᠠᠭᠤᠯᠭ᠋ᠠᠭᠰᠠᠨ ᠲᠥᠯᠥᠪᠯᠡᠭᠡ 18 ᠲᠦᠮᠡᠨ ᠬᠥᠮᠥᠨ᠎ᠤ ᠡᠭᠦᠷᠭᠡ ᠵᠢ 121.5%᠎ᠪᠠᠷ ᠪᠡᠶᠡᠯᠡᠬᠦᠯᠬᠡ᠂ ᠥᠪᠡᠷᠲᠡᠭᠡᠨ ᠵᠠᠰᠠᠬᠤ ᠣᠷᠣᠨ᠎ᠤ ᠪᠠᠭᠤᠯᠭ᠋ᠠᠭᠰᠠᠨ ᠲᠥᠯᠥᠪᠯᠡᠭᠡ 20 ᠲᠦᠮᠡᠨ ᠬᠥᠮᠥᠨ᠎ᠤ ᠡᠭᠦᠷᠭᠡ ᠵᠢ 109.4%᠎ᠪᠠᠷ ᠲᠣᠰ ᠲᠣᠰ ᠪᠡᠶᠡᠯᠡᠭᠦᠯᠵᠦ᠂ ᠠᠵᠢᠯ ᠣᠯᠭᠣᠯᠲᠠ ᠵᠢᠨ ᠪᠠᠶ᠋ᠢᠳᠠᠯ ᠶᠡᠷᠦᠩᠬᠡᠢ᠎ᠳᠡᠭᠡᠨ ᠲᠣᠭᠲᠠᠭᠤᠨ ᠪᠠᠶ᠋ᠢᠬᠤ ᠵᠢ ᠪᠠᠲᠤᠯᠠᠪᠠ᠃

      ᠨᠢᠭᠡ᠎ᠳᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠯᠲᠠ ᠵᠢ ᠠᠬᠢᠭᠤᠯᠬᠤ ᠳᠦᠷᠢᠮ》᠎ᠳᠤ ᠵᠠᠰᠠᠪᠤᠷᠢ ᠣᠷᠣᠭᠤᠯᠵᠤ᠂ ᠠᠵᠢᠯ ᠣᠯᠭᠣᠯᠲᠠ ᠵᠢᠨ ᠠᠵᠢᠯ᠎ᠤᠨ ᠬᠠᠤᠯᠢᠵᠢᠯ᠎ᠤᠨ ᠪᠠᠢ᠌ᠭᠤᠯᠤᠯᠲᠠ ᠰᠢᠨ᠎ᠡ ᠦᠷ᠎ᠡ ᠪᠦᠲᠦᠮᠵᠢ ᠣᠯᠪᠠ᠃ ᠨᠢᠳᠤᠨᠤᠨ ᠵᠢᠯ᠎ᠤᠨ ᠡᠬᠢᠨ᠎ᠳᠤ᠂ ᠪᠢᠳᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠯᠲᠠ ᠵᠢ ᠠᠬᠢᠭᠤᠯᠬᠤ ᠳᠦᠷᠢᠮ》᠎ᠳᠤ ᠵᠠᠰᠠᠪᠤᠷᠢ ᠣᠷᠣᠭᠤᠯᠬᠤ ᠠᠵᠢᠯ᠎ᠢ ᠡᠬᠢᠯᠡᠭᠦᠯᠵᠦ᠂ ᠣᠢ᠌ᠷ᠎ᠠ ᠵᠢᠨ ᠵᠢᠯ᠎ᠳᠤ ᠨᠡᠢ᠌ᠲᠡᠯᠡᠭᠰᠡᠨ ᠠᠵᠢᠯ ᠣᠯᠭᠣᠯᠲᠠ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠰᠢᠰᠲ᠋ᠧᠮ᠎ᠲᠠᠢ᠎ᠪᠠᠷ ᠡᠮᠬᠢᠯᠡᠨ ᠳᠢᠭᠯᠡᠵᠦ᠂ ᠬᠡᠷᠡᠭᠵᠢᠭᠦᠯᠦᠭᠦᠰᠢᠲᠡᠢ ᠪᠥᠭᠡᠳ ᠪᠦᠲᠦᠮᠵᠢᠲᠡᠢ ᠳᠦᠷᠢᠮ᠂ ᠲᠣᠭᠲᠠᠴᠠ᠂ ᠲᠥᠷᠥ ᠵᠢᠨ ᠪᠣᠳᠣᠯᠭ᠎ᠠ ᠵᠢ ᠬᠠᠤᠯᠢ ᠲᠣᠭᠲᠠᠭ᠋ᠠᠯ᠎ᠤᠨ ᠬᠡᠯᠪᠡᠷᠢ᠎ᠪᠠᠷ ᠲᠣᠭᠲᠠᠪᠤᠷᠢᠵᠢᠭᠤᠯᠪᠠ᠃ ᠵᠠᠰᠠᠪᠤᠷᠢ ᠣᠷᠣᠭᠤᠯᠬᠤ ᠳᠤᠮᠳᠠ᠂ ᠠᠵᠤ ᠦᠢ᠍ᠯᠡᠰ ᠵᠶ᠋ᠡᠷ ᠠᠵᠢᠯ ᠣᠯᠭᠣᠯᠲᠠ ᠵᠢ ᠳᠠᠢ᠌ᠴᠢᠯᠠᠬᠤ᠂ ᠪᠡᠯᠡ ᠮᠥᠩᠭᠥ᠎ᠪᠠᠷ ᠳᠠᠮᠵᠢᠨ ᠲᠡᠳᠬᠦᠬᠦ᠂ ᠦᠢ᠍ᠯᠡᠴᠢᠯᠡᠭᠡ ᠪᠠᠲᠤᠯᠠᠭ᠎ᠠ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠪᠣᠯᠪᠠᠰᠤᠷᠠᠯ ᠵᠡᠷᠭᠡ ᠬᠠᠮᠢᠶ᠎ᠠ ᠪᠦᠬᠦᠢ ᠠᠭᠤᠯᠭ᠎ᠠ᠎ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ 《ᠲᠠᠪᠴᠠᠩ᠎ᠤᠨ ᠠᠵᠤ ᠠᠬᠤᠢ᠌ᠯᠠᠯ᠎ᠨᠢ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠰᠢᠨ᠎ᠡ ᠠᠵᠢᠯ ᠣᠯᠭᠣᠯᠲᠠ ᠵᠢᠨ ᠬᠡᠯᠪᠡᠷᠢ᠎ᠳᠤ ᠠᠵᠢᠯ ᠣᠯᠣᠭᠰᠠᠳ᠎ᠤᠨ ᠠᠵᠢᠯ ᠮᠡᠷᠭᠡᠵᠢᠯ᠎ᠤᠨ ᠭᠡᠮᠲᠦᠯ᠎ᠤᠨ ᠪᠠᠲᠤᠯᠠᠭ᠎ᠠ᠎ᠳᠤ ᠣᠷᠣᠯᠴᠠᠬᠤ ᠬᠡᠷᠡᠭᠲᠡᠶ᠂ ᠲᠠᠪᠴᠠᠩ᠎ᠤᠨ ᠠᠵᠤ ᠠᠬᠤᠢ᠌ᠯᠠᠯ᠎ᠤᠨ᠎ᠬᠢᠨ᠎ᠤ ᠰᠢᠨ᠎ᠡ ᠠᠵᠢᠯ ᠣᠯᠭᠣᠯᠲᠠ ᠵᠢᠨ ᠬᠡᠯᠪᠡᠷᠢ᠎ᠳᠤ ᠠᠵᠢᠯ ᠣᠯᠣᠭᠰᠠᠳ᠎ᠲᠤ ᠰᠠᠨᠠᠭ᠋ᠠᠨ᠎ᠳᠤ ᠦᠭᠡᠢ ᠰᠢᠷᠬᠠᠲᠤᠯ᠎ᠤᠨ ᠳᠠᠭ᠋ᠠᠳᠬᠠᠯ᠂ ᠬᠥᠯᠥᠰᠦᠯᠡᠭᠴᠢ ᠵᠢᠨ ᠬᠠᠷᠢᠭᠤᠴᠠᠯᠭ᠎ᠠ ᠵᠢᠨ ᠳᠠᠭ᠋ᠠᠳᠬᠠᠯ ᠵᠡᠷᠭᠡ ᠬᠤᠳᠠᠯᠳᠤᠭ᠋ᠠᠨ᠎ᠤ ᠳᠠᠭ᠋ᠠᠳᠬᠠᠯ᠎ᠢ ᠬᠤᠳᠠᠯᠳᠤᠨ ᠠᠪᠴᠤ ᠥᠭᠬᠦ ᠵᠢ ᠵᠣᠷᠢᠭᠵᠢᠭᠤᠯᠬᠤ ᠬᠡᠷᠡᠭᠳᠡᠢ》  ᠭᠡᠬᠦ ᠬᠠᠮᠢᠶ᠎ᠠ ᠪᠦᠬᠦᠢ ᠵᠦᠢ᠍ᠯ ᠵᠤᠷᠪᠤᠰ᠎ᠢ ᠨᠡᠮᠡᠵᠦ ᠣᠷᠣᠭᠤᠯᠪᠠ᠃ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠳᠦᠷᠢᠮ》᠎ᠢ 2023 ᠣᠨ᠎ᠤ 12 ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠪᠡ᠂ ᠡᠨᠡ᠎ᠨᠢ ᠮᠠᠨ᠎ᠤ ᠣᠷᠣᠨ᠎ᠤ ᠠᠵᠢᠯ ᠣᠯᠭᠣᠯᠲᠠ ᠵᠢᠨ ᠠᠵᠢᠯ ᠪᠠ ᠬᠠᠤᠯᠢᠵᠢᠯᠲᠠ ᠵᠢᠨ ᠬᠢᠷᠢ ᠲᠦᠪᠰᠢᠨ ᠰᠢᠨ᠎ᠡ ᠬᠥᠭᠵᠢᠯᠲᠡ ᠵᠢᠨ ᠴᠠᠭ ᠦᠶ᠎ᠡ᠎ᠳᠤ ᠣᠷᠣᠭᠰᠠᠨ᠎ᠢ ᠬᠠᠷᠠᠭᠤᠯᠵᠤ ᠪᠣᠢ᠃

      ᠬᠣᠶᠠᠷ᠎ᠲᠤ᠂ 《ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ》᠎ᠢ ᠬᠣᠰᠢᠭᠤ ᠰᠢᠶᠠᠨ ᠲᠣᠭᠣᠷᠢᠭ᠎ᠲᠤ ᠪᠦᠬᠦᠨ᠎ᠢ ᠪᠦᠷᠬᠦᠭᠦᠯᠬᠦ ᠵᠢ ᠪᠡᠶᠡᠯᠡᠭᠦᠯᠵᠦ᠂ ᠦᠢ᠍ᠯᠡᠴᠢᠯᠡᠭᠡ ᠪᠠᠲᠤᠯᠠᠭ᠎ᠠ ᠵᠢᠨ ᠴᠢᠳᠠᠪᠤᠷᠢ ᠵᠢ ᠢᠯᠡᠳᠲᠡ ᠳᠡᠭᠡᠭᠰᠢᠯᠡᠭᠦᠯᠪᠡ᠃ ᠨᠢᠳᠤᠨᠤᠨ᠂ ᠬᠣᠰᠢᠭᠤ ᠰᠢᠶᠠᠨ ᠨᠢᠭᠡᠪᠦᠷᠢ ᠨᠠᠭ᠋ᠠᠲᠤ ᠵᠠᠬ᠎ᠠ᠎ᠳᠠᠭᠠᠨ 1 ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ᠎ᠢ ᠪᠠᠢ᠌ᠭᠤᠯᠬᠤ ᠵᠢ ᠵᠠᠰᠠᠭ᠎ᠤᠨ ᠣᠷᠳᠣᠨ᠎ᠤ 43 ᠬᠤᠪᠢ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ ᠨᠠᠷᠢᠨ ᠲᠠᠩᠰᠠᠨ᠎ᠳᠤ ᠣᠷᠣᠭᠤᠯᠤᠭᠰᠠᠨ ᠪᠠᠢ᠌ᠨ᠎ᠠ᠃ ᠠᠵᠢᠯ᠎ᠤᠨ ᠳᠤᠮᠳᠠ᠎ᠪᠠᠨ ᠪᠢᠳᠡ 《ᠪᠣᠳᠠᠲᠤ ᠴᠣᠭᠴᠠ ᠵᠢᠨ ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ᠎ᠤᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠬᠡᠷᠡᠭᠵᠢᠭᠦᠯᠬᠦ ᠲᠥᠰᠥᠯ》᠎ᠢ ᠳᠠᠷᠤᠮᠠᠯᠯᠠᠨ ᠲᠠᠷᠬᠠᠭ᠋ᠠᠵᠤ᠂ ᠶᠡᠷᠦᠩᠬᠡᠢ ᠱᠠᠭ᠋ᠠᠷᠳᠠᠯᠭ᠎ᠠ᠂ ᠪᠦᠲᠦᠭᠡᠨ ᠪᠠᠢ᠌ᠭᠤᠯᠤᠯᠲᠠ ᠵᠢᠨ ᠬᠠᠷᠠᠯᠲᠠ᠂ ᠪᠦᠲᠦᠭᠡᠨ ᠪᠠᠢ᠌ᠭᠤᠯᠤᠯᠲᠠ ᠵᠢᠨ ᠵᠠᠷᠴᠢᠮ᠂ ᠭᠣᠣᠯ ᠡᠭᠦᠷᠭᠡ᠂ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠡᠷᠭᠡ ᠲᠠᠪᠤᠨ ᠲᠠᠯ᠎ᠠ᠎ᠠᠴᠠ 18 ᠵᠦᠢ᠍ᠯ᠎ᠤᠨ ᠠᠷᠭ᠎ᠠ ᠬᠡᠮᠵᠢᠶ᠎ᠡ ᠵᠢ ᠲᠣᠳᠣᠷᠬᠠᠢ ᠲᠣᠭᠲᠠᠭ᠋ᠠᠵᠤ᠂ ᠵᠢᠯᠣᠭᠣᠳᠤᠨ ᠱᠠᠯᠠᠪᠳᠠᠭᠤᠯᠬᠤ ᠡᠷᠴᠢᠮ ᠵᠶ᠋ᠡᠨ ᠴᠢᠩᠭ᠋ᠠᠷᠠᠭᠤᠯᠤᠨ᠂ 2023 ᠣᠨ᠎ᠤ ᠡᠴᠦᠰ ᠪᠣᠯᠲᠠᠯ᠎ᠠ᠂ ᠪᠥᠬᠥ ᠣᠷᠣᠨ᠎ᠤ 103 ᠬᠣᠰᠢᠭᠤ ᠰᠢᠶᠠᠨ ᠲᠣᠭᠣᠷᠢᠭ᠎ᠲᠤ ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ᠎ᠢ 123 ᠪᠠᠢ᠌ᠭᠤᠯᠵᠤ᠂ 《ᠵᠠᠮ᠎ᠤᠨ ᠬᠠᠵᠠᠭᠤ᠎ᠳᠤ ᠵᠣᠭᠰᠣᠵᠤ ᠠᠵᠢᠯ ᠬᠦᠯᠢᠶᠡᠵᠦ》 ᠪᠠᠢ᠌ᠭᠰᠠᠨ᠎ᠠᠴᠠ᠎ᠪᠠᠨ ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ 《ᠠᠵᠢᠯ᠎ᠤᠨ ᠪᠠᠶ᠋ᠢᠷᠢ ᠬᠥᠮᠥᠨ ᠡᠷᠢᠬᠦ》 ᠬᠤᠪᠢᠷᠠᠯᠲᠠ ᠵᠢ ᠬᠦᠴᠦᠯᠡᠨ ᠪᠡᠶᠡᠯᠡᠭᠦᠯᠵᠦ᠂ ᠠᠮᠢᠳᠤᠯᠢᠭ ᠵᠶ᠋ᠠᠷ ᠠᠵᠢᠯ ᠣᠯᠣᠭᠰᠠᠳ᠎ᠲᠤ ᠨᠠᠩ ᠰᠠᠶ᠋ᠢᠨ ᠦᠢ᠍ᠯᠡᠴᠢᠯᠡᠭᠡ ᠪᠠᠲᠤᠯᠠᠭ᠎ᠠ ᠬᠠᠩᠭ᠋ᠠᠵᠤ᠂ ᠨᠠᠩ ᠤᠯᠠᠨ ᠠᠵᠢᠯ ᠣᠯᠬᠤ ᠲᠣᠬᠢᠶᠠᠯ ᠣᠯᠭᠣᠵᠠᠢ᠃

      ᠭᠤᠷᠪᠠ᠎ᠳᠤ᠂ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ ᠵᠢᠨ ᠠᠵᠢᠯᠲᠠᠨ ᠠᠵᠢᠯᠴᠢᠨ ᠤᠷᠢᠨ ᠡᠯᠰᠡᠬᠦ ᠠᠵᠢᠯᠯᠠᠭ᠎ᠠ ᠵᠢ ᠤᠯᠠᠨ ᠤᠳᠠᠭ᠎ᠠ ᠡᠷᠭᠢᠯᠡᠵᠦ᠂ ᠠᠵᠢᠯ ᠣᠯᠭᠣᠯᠲᠠ ᠵᠢᠨ ᠬᠠᠩᠭ᠋ᠠᠯᠭ᠎ᠠ ᠬᠡᠷᠡᠭᠴᠡᠭᠡ ᠵᠢ ᠤᠨᠢᠨ ᠳᠡᠭᠡᠷ᠎ᠡ᠎ᠨᠢ ᠵᠣᠯᠭ᠋ᠠᠭᠤᠯᠬᠤ ᠵᠢ ᠬᠦᠴᠦᠲᠡᠢ ᠠᠬᠢᠭᠤᠯᠪᠠ᠃ ᠪᠢᠳᠡ ᠬᠠᠪᠤᠷ᠂ ᠨᠠᠮᠤᠷ ᠬᠣᠶᠠᠷ ᠤᠯᠠᠷᠢᠯ᠎ᠤᠨ ᠲᠣᠮᠣ ᠬᠡᠯᠪᠡᠷᠢ ᠵᠢᠨ ᠠᠵᠢᠯᠲᠠᠨ ᠠᠵᠢᠯᠴᠢᠨ ᠤᠷᠢᠨ ᠡᠯᠰᠡᠬᠦ ᠴᠤᠭᠯᠠᠭ᠋ᠠᠨ ᠵᠶ᠋ᠠᠷ ᠵᠢᠯᠣᠭᠣᠳᠤᠮᠵᠢ ᠪᠣᠯᠭ᠋ᠠᠵᠤ᠂ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ ᠦᠢ᠍ᠯᠡᠴᠢᠯᠡᠭᠡᠨ᠎ᠤ ᠰᠠᠷ᠎ᠠ᠂ ᠶᠡᠬᠡ ᠳᠤᠮᠳᠠ ᠬᠣᠲᠠ ᠬᠠᠮᠲᠤᠷᠠᠨ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠢ ᠤᠷᠢᠨ ᠡᠯᠰᠡᠬᠦ ᠲᠤᠰᠬᠠᠢ ᠲᠠᠯᠠᠪᠠᠢ ᠠᠵᠢᠯᠯᠠᠭ᠎ᠠ᠂ ᠵᠠᠭᠤᠨ ᠡᠳᠦᠷ ᠮᠢᠩᠭ᠎ᠠ ᠲᠦᠮᠡᠨ ᠠᠵᠢᠯᠲᠠᠨ ᠠᠵᠢᠯᠴᠢᠨ᠎ᠢ ᠤᠷᠢᠵᠤ ᠡᠯᠰᠡᠬᠦ ᠲᠤᠰᠬᠠᠢ ᠠᠵᠢᠯᠯᠠᠭ᠎ᠠ ᠵᠡᠷᠭᠡ ᠰᠢᠷᠢᠰ ᠠᠵᠢᠯᠯᠠᠭ᠎ᠠ ᠵᠢ ᠠᠭᠤᠰᠤᠯᠴᠠᠭᠤᠯᠤᠨ ᠥᠷᠨᠢᠭᠦᠯᠵᠦ᠂ ᠪᠥᠬᠥ ᠵᠢᠯ᠎ᠳᠤ ᠪᠥᠬᠥ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ ᠡᠯ᠎ᠡ ᠲᠥᠷᠥᠯ᠎ᠤᠨ ᠠᠵᠢᠯᠲᠠᠨ ᠠᠵᠢᠯᠴᠢᠨ ᠤᠷᠢᠨ ᠡᠯᠰᠡᠬᠦ ᠴᠤᠭᠯᠠᠭ᠋ᠠᠨ᠎ᠢ ᠨᠠᠢ᠌ᠳᠠ 3000 ᠭᠠᠷᠤᠢ ᠲᠠᠯᠠᠪᠠᠢ ᠡᠷᠭᠢᠯᠡᠵᠦ᠂ 200 ᠲᠦᠮᠡ ᠭᠠᠷᠤᠢ ᠠᠵᠢᠯ᠎ᠤᠨ ᠪᠠᠶ᠋ᠢᠷᠢ ᠬᠠᠩᠭ᠋ᠠᠵᠤ᠂ ᠡᠯ᠎ᠡ ᠲᠥᠷᠥᠯ᠎ᠤᠨ ᠬᠥᠮᠥᠨ ᠬᠡᠷᠡᠭᠯᠡᠬᠦ ᠨᠢᠭᠡᠴᠢ ᠪᠠ ᠠᠵᠢᠯ ᠡᠷᠢᠭᠰᠡᠳ᠎ᠲᠤ ᠬᠠᠩᠭ᠋ᠠᠯᠭ᠎ᠠ ᠬᠡᠷᠡᠭᠴᠡᠭᠡ ᠵᠢ ᠵᠣᠯᠭ᠋ᠠᠭᠤᠯᠬᠤ ᠲᠠᠪᠴᠠᠩ ᠪᠠᠢ᠌ᠭᠤᠯᠵᠤ ᠥᠭᠬᠦ᠎ᠪᠠᠷ ᠴᠢᠷᠮᠠᠢ᠌ᠪᠠ᠃

      ᠳᠥᠷᠪᠡ᠎ᠳᠤ᠂ ᠲᠥᠷᠥ ᠵᠢᠨ ᠪᠣᠳᠣᠯᠭ᠎ᠠ ᠵᠢᠨ ᠴᠢᠨᠠᠷᠲᠠᠢ ᠠᠵᠢᠯ᠎ᠤᠨ ᠪᠠᠶ᠋ᠢᠷᠢ ᠵᠢᠨ ᠡᠬᠢ ᠪᠠᠶᠠᠯᠢᠭ᠎ᠢ ᠬᠦᠴᠦᠯᠡᠨ ᠲᠣᠭᠲᠠᠪᠤᠷᠢᠵᠢᠭᠤᠯᠵᠤ᠂ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠲᠤ ᠨᠠᠩ ᠤᠯᠠᠨ ᠠᠵᠢᠯ ᠣᠯᠬᠤ ᠲᠣᠬᠢᠶᠠᠯ ᠬᠠᠩᠭ᠋ᠠᠪᠠ᠃ ᠵᠣᠬᠢᠶᠠᠨ ᠪᠠᠢ᠌ᠭᠤᠯᠬᠤ᠂ ᠰᠤᠷᠭ᠋ᠠᠨ ᠬᠥᠮᠦᠵᠢᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠠᠯᠪᠠᠲᠠᠨ᠎ᠢ ᠰᠢᠯᠭ᠋ᠠᠨ ᠡᠯᠰᠡᠬᠦ᠂ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠠᠵᠢᠯᠴᠢᠨ ᠤᠷᠢᠨ ᠬᠡᠷᠡᠭᠯᠡᠬᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠤᠰᠠᠯᠠᠭᠴᠢ ᠵᠢᠨ ᠠᠵᠢᠯ᠎ᠤᠨ ᠪᠠᠶ᠋ᠢᠷᠢ ᠵᠢ ᠡᠯᠰᠡᠨ ᠴᠤᠭᠯᠠᠭᠤᠯᠵᠤ᠂ ᠰᠢᠯᠭ᠋ᠠᠯᠲᠠ ᠵᠢᠨ ᠠᠶ᠋ᠢᠵᠠᠮ᠎ᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ᠂ ᠲᠥᠷᠥ ᠵᠢᠨ ᠪᠣᠳᠣᠯᠭ᠎ᠠ ᠵᠢᠨ ᠴᠢᠨᠠᠷᠲᠠᠢ ᠠᠵᠢᠯ᠎ᠤᠨ ᠪᠠᠶ᠋ᠢᠷᠢ ᠵᠢ 5.16 ᠲᠦᠮᠡ ᠭᠠᠷᠭ᠋ᠠᠵᠤ᠂ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠨ 4.39 ᠲᠦᠮᠡᠨ ᠰᠣᠷᠣᠭᠴᠢ ᠵᠢ ᠡᠯᠰᠡᠪᠡ᠃ ᠢᠯᠠᠩᠭᠤᠶ᠎ᠠ ᠠᠵᠢᠯ ᠦᠢ᠍ᠯᠡᠰ᠎ᠤᠨ ᠨᠢᠭᠡᠴᠢ ᠵᠢᠨ ᠢᠯᠡ᠎ᠪᠠᠷ ᠠᠵᠢᠯᠲᠠᠨ ᠠᠵᠢᠯᠴᠢᠨ ᠤᠷᠢᠨ ᠡᠯᠰᠡᠬᠦ ᠶᠠᠪᠤᠴᠠ᠎ᠳᠤ᠂ ᠵᠢᠯ᠎ᠤᠨ ᠳᠣᠲᠣᠷ᠎ᠠ ᠠᠶᠠᠨᠳᠠᠭ᠋ᠠᠨ ᠬᠠᠰᠤᠭᠳᠠᠭᠰᠠᠨ ᠠᠵᠢᠯᠲᠠᠨ᠎ᠤ ᠣᠷᠣᠨ ᠲᠣᠭ᠎ᠠ ᠵᠢ ᠲᠣᠰ ᠵᠢᠯ᠎ᠤᠨ ᠠᠵᠢᠯᠲᠠᠨ ᠠᠵᠢᠯᠴᠢᠨ ᠡᠯᠰᠡᠬᠦ ᠲᠥᠯᠥᠪᠯᠡᠭᠡ᠎ᠳᠤ ᠤᠷᠢᠳᠴᠢᠯᠠᠨ ᠣᠷᠣᠭᠤᠯᠬᠤ ᠵᠢ ᠵᠥᠪᠰᠢᠶᠡᠷᠡᠬᠦ ᠵᠢᠨ ᠬᠠᠮᠲᠤ ᠠᠵᠢᠯᠲᠠᠨ ᠠᠵᠢᠯᠴᠢᠨ ᠡᠯᠰᠡᠬᠦ ᠠᠬᠢᠴᠠ ᠵᠢ ᠢᠳᠡᠪᠬᠢᠲᠡᠢ ᠵᠣᠬᠢᠴᠠᠭᠤᠯᠤᠨ ᠲᠦᠷᠭᠡᠳᠬᠡᠵᠦ᠂ ᠪᠥᠬᠥ ᠣᠷᠣᠨ᠎ᠤ 2023 ᠣᠨ᠎ᠤ ᠠᠵᠢᠯᠲᠠᠨ ᠠᠵᠢᠯᠴᠢᠨ ᠤᠷᠢᠨ ᠡᠯᠰᠡᠬᠦ ᠠᠵᠢᠯ᠎ᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ 2024 ᠣᠨ᠎ᠤ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠠᠵᠢᠯᠴᠢᠨ ᠤᠷᠢᠨ ᠡᠯᠰᠡᠬᠦ ᠠᠵᠢᠯ᠎ᠢ ᠤᠷᠢᠳᠴᠢᠯᠠᠨ ᠡᠬᠢᠯᠡᠭᠦᠯᠪᠡ᠃ ᠠᠵᠢᠯᠲᠠᠨ ᠠᠵᠢᠯᠴᠢᠨ ᠤᠷᠢᠨ ᠡᠯᠰᠡᠬᠦ ᠳᠤᠮᠳᠠ᠂ ᠪᠢᠳᠡ ᠪᠠᠰᠠ 《1+N》 ᠨᠥᠬᠥᠪᠦᠷᠢᠯᠡᠨ ᠡᠯᠰᠡᠬᠦ ᠵᠢ ᠥᠷᠨᠢᠭᠦᠯᠵᠦ᠂ ᠨᠢᠭᠡ ᠤᠳᠠᠭ᠎ᠠ ᠵᠢᠨ ᠪᠢᠷ᠎ᠤᠨ ᠰᠢᠯᠭ᠋ᠠᠯᠲᠠ ᠵᠢᠨ ᠬᠢᠷᠢ ᠪᠦᠲᠦᠮᠵᠢ᠎ᠨᠢ N ᠤᠳᠠᠭ᠎ᠠ ᠬᠦᠴᠦᠨ᠎ᠲᠠᠢ ᠪᠠᠢ᠌ᠬᠤ ᠠᠷᠭ᠎ᠠ ᠬᠡᠯᠪᠡᠷᠢ ᠵᠢ ᠠᠪᠴᠤ᠂ ᠦᠯᠡᠳᠡᠭᠰᠡᠨ ᠬᠣᠭᠣᠰᠤᠨ ᠠᠵᠢᠯ᠎ᠤᠨ ᠪᠠᠶ᠋ᠢᠷᠢ ᠵᠢᠨ ᠮᠡᠳᠡᠭᠡ ᠵᠠᠩᠭᠢ ᠵᠢ ᠳᠠᠬᠢᠨ ᠨᠡᠢ᠌ᠲᠡᠯᠡᠬᠦ᠂ ᠬᠣᠶᠠᠷ᠎ᠠᠴᠠ ᠳᠡᠭᠡᠭᠰᠢ ᠤᠳᠠᠭ᠎ᠠ ᠨᠡᠷ᠎ᠡ ᠮᠡᠳᠡᠭᠦᠯᠬᠦ ᠵᠢ ᠵᠣᠬᠢᠶᠠᠨ ᠪᠠᠢ᠌ᠭᠤᠯᠬᠤ᠂ ᠰᠢᠭᠤᠳ ᠨᠢᠭᠤᠷᠲᠠᠨ ᠰᠢᠯᠭ᠋ᠠᠯᠲᠠ᠎ᠳᠤ ᠣᠷᠣᠯᠴᠠᠬᠤ ᠬᠡᠯᠪᠡᠷᠢ᠎ᠪᠠᠷ ᠳᠠᠮᠵᠢᠭᠤᠯᠤᠨ᠂ ᠠᠵᠢᠯᠲᠠᠨ ᠠᠵᠢᠯᠴᠢᠨ ᠡᠯᠰᠡᠬᠦ ᠲᠥᠯᠥᠪᠯᠡᠭᠡ ᠵᠢᠨ ᠬᠡᠷᠡᠭᠯᠡᠬᠦ ᠨᠣᠷᠮ᠎ᠠ ᠵᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃

      ᠳᠡᠭᠡᠷᠡᠬᠢ ᠪᠣᠯ ᠮᠢᠨᠤ ᠬᠠᠷᠢᠭᠤᠯᠲᠠ᠂ ᠪᠠᠶᠠᠷᠯᠠᠯ᠎ᠠ!

      ᠠᠵᠢᠯᠴᠢᠨ᠎ᠤ ᠡᠳᠦᠷ᠎ᠤᠨ ᠰᠣᠨᠢᠨ᠎ᠤ ᠰᠤᠷᠪᠤᠯᠵᠢᠯᠠᠭᠴᠢ᠄ ᠣᠳᠣᠬᠠᠨ᠎ᠳᠤ ᠨᠡᠢ᠌ᠭᠡᠮ᠎ᠤᠨ ᠳᠠᠭ᠋ᠠᠳᠬᠠᠯ᠎ᠤᠨ ᠮᠥᠩᠭᠥ ᠵᠢ ᠬᠦᠷᠲᠡᠭᠰᠡᠳ ᠨᠢᠭᠡᠪᠦᠷᠢ ᠵᠢᠯ ᠪᠦᠷᠢ ᠭᠡᠷᠡᠴᠢᠯᠡᠭᠡ ᠬᠢᠯᠭᠡᠬᠦ ᠴᠢᠬᠤᠯᠠᠲᠠᠢ ᠪᠠᠶ᠋ᠢᠬᠤ ᠵᠢ ᠪᠢᠳᠡ ᠣᠯᠵᠤ ᠬᠠᠷᠠᠯ᠎ᠠ᠂ ᠲᠡᠭᠡᠪᠡᠯ ᠨᠡᠢ᠌ᠭᠡᠮ᠎ᠤᠨ ᠳᠠᠭ᠋ᠠᠳᠬᠠᠯ᠎ᠤᠨ ᠮᠥᠩᠭᠥ ᠭᠥᠷᠳᠡᠬᠦ ᠬᠢᠷᠢ ᠬᠡᠮ᠎ᠢ ᠬᠢᠨᠠᠨ ᠰᠢᠯᠭ᠋ᠠᠬᠤ ᠲᠠᠯ᠎ᠠ᠎ᠪᠠᠷ ᠠᠷᠠᠳ᠎ᠲᠤ ᠨᠠᠩ ᠲᠥᠬᠥᠮ ᠦᠵᠡᠭᠦᠯᠵᠦ ᠠᠷᠠᠳ᠎ᠲᠤ ᠠᠰᠢᠭ ᠬᠦᠷᠲᠡᠭᠡᠬᠦ ᠶᠠᠮᠠᠷ ᠶᠠᠮᠠᠷ ᠠᠷᠭ᠎ᠠ ᠬᠡᠮᠵᠢᠶ᠎ᠡ ᠪᠠᠶ᠋ᠢᠬᠤ ᠪᠤᠢ? ᠪᠠᠶᠠᠷᠯᠠᠯ᠎ᠠ᠃

      ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠳᠠᠭ᠋ᠠᠳᠬᠠᠯ᠎ᠤᠨ ᠦᠢ᠍ᠯᠡᠰ᠎ᠤᠨ ᠦᠢ᠍ᠯᠡᠴᠢᠯᠡᠭᠡᠨ᠎ᠤ ᠲᠥᠪ᠎ᠤᠨ ᠲᠣᠭ᠎ᠠ ᠪᠠᠷᠢᠮᠲᠠ ᠵᠢᠨ ᠬᠠᠮᠢᠶᠠᠷᠤᠯᠲᠠ ᠵᠢᠨ ᠭᠠᠵᠠᠷ᠎ᠤᠨ ᠳᠠᠷᠤᠭ᠎ᠠ ᠵᠣᠣ ᠢᠦᠢ ᠮᠢᠩ᠄ ᠰᠤᠷᠪᠤᠯᠵᠢᠯᠠᠭᠴᠢ ᠲᠠᠨ᠎ᠤ ᠠᠰᠠᠭᠤᠭᠰᠠᠨ᠎ᠳᠤ ᠲᠠᠯᠠᠷᠬᠠᠵᠤ ᠪᠠᠢ᠌ᠨ᠎ᠠ᠂ ᠪᠢ ᠲᠠᠨ᠎ᠤ ᠠᠰᠠᠭᠤᠯᠲᠠ ᠵᠢ ᠬᠠᠷᠢᠭᠤᠯᠤᠶ᠎ᠠ᠃

      ᠨᠡᠢ᠌ᠭᠡᠮ᠎ᠤᠨ ᠳᠠᠭ᠋ᠠᠳᠬᠠᠯ᠎ᠤᠨ ᠮᠥᠩᠭᠥ ᠭᠥᠷᠳᠡᠬᠦ ᠬᠢᠷᠢ ᠬᠡᠮ᠎ᠢ ᠬᠢᠨᠠᠨ ᠰᠢᠯᠭ᠋ᠠᠬᠤ ᠪᠣᠯ ᠳᠠᠭ᠋ᠠᠳᠬᠠᠯ᠎ᠳᠤ ᠣᠷᠣᠯᠴᠠᠭᠰᠠᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠬᠤ ᠪᠠ ᠨᠡᠢ᠌ᠭᠡᠮ᠎ᠤᠨ ᠳᠠᠭ᠋ᠠᠳᠬᠠᠯ᠎ᠤᠨ ᠰᠠᠭᠤᠷᠢ ᠮᠥᠩᠭᠥ ᠵᠢᠨ ᠠᠮᠤᠷ ᠲᠦᠪᠰᠢᠨ᠎ᠢ ᠬᠠᠮᠠᠭ᠋ᠠᠯᠠᠬᠤ ᠴᠢᠬᠤᠯᠠ ᠠᠷᠭ᠎ᠠ ᠬᠡᠮᠵᠢᠶ᠎ᠡ ᠮᠥᠨ᠃ ᠣᠢ᠌ᠷ᠎ᠠ ᠵᠢᠨ ᠵᠢᠯ᠎ᠤᠳ᠎ᠲᠤ᠂ ᠪᠢᠳᠡ 《ᠮᠡᠳᠡᠭᠡ ᠵᠠᠩᠭᠢ ᠵᠢ ᠬᠠᠷᠢᠴᠠᠭᠤᠯᠤᠨ ᠭᠡᠷᠡᠴᠢᠯᠡᠬᠦ᠎ᠪᠠᠷ ᠭᠣᠣᠯ ᠪᠣᠯᠭ᠋ᠠᠵᠤ᠂ ᠰᠦᠯᠵᠢᠶᠡᠨ ᠳᠡᠭᠡᠷ᠎ᠡ ᠠᠦ᠋ᠲ᠋ᠣ᠋ ᠭᠡᠷᠡᠴᠢᠯᠡᠭᠡ᠎ᠪᠠᠷ ᠬᠠᠪᠰᠤᠷᠤᠮᠵᠢ ᠪᠣᠯᠭ᠋ᠠᠵᠤ᠂ ᠨᠡᠢ᠌ᠭᠡᠮᠴᠢᠯᠡᠭᠰᠡᠨ ᠦᠢ᠍ᠯᠡᠴᠢᠯᠡᠭᠡ᠎ᠪᠠᠷ ᠦᠨᠳᠦᠰᠦᠨ ᠵᠦᠢ᠍ᠯ᠎ᠢ ᠪᠠᠲᠤᠯᠠᠬᠤ》 ᠰᠢᠨ᠎ᠡ ᠬᠡᠯᠪᠡᠷᠢ ᠵᠢᠨ ᠭᠡᠷᠡᠴᠢᠯᠡᠭᠡ ᠬᠢᠬᠦ ᠰᠢᠰᠲ᠋ᠧᠮ᠎ᠢ ᠪᠠᠢ᠌ᠭᠤᠯᠬᠤ ᠵᠢ ᠢᠳᠡᠪᠬᠢᠲᠡᠢ ᠠᠬᠢᠭᠤᠯᠵᠤ᠂ ᠠᠯᠢ ᠴᠢᠳᠠᠬᠤ᠎ᠪᠠᠷ ᠤᠯᠠᠨ ᠲᠦᠮᠡᠨ᠎ᠤ 《ᠮᠡᠳᠡᠭᠳᠡᠬᠦ ᠦᠭᠡᠢ᠎ᠪᠠᠷ᠂ ᠨᠠᠭ᠋ᠠᠰᠢ ᠴᠠᠭ᠋ᠠᠰᠢ ᠭᠦᠶᠦᠬᠦ ᠦᠭᠡᠢ》᠎ᠪᠠᠷ ᠬᠢᠷᠢ ᠬᠡᠮ᠎ᠤᠨ ᠭᠡᠷᠡᠴᠢᠯᠡᠭᠡ ᠬᠢᠬᠦ ᠵᠢ ᠪᠡᠶᠡᠯᠡᠭᠦᠯᠵᠦ ᠪᠣᠢ᠃

      ᠨᠢᠭᠡ᠎ᠳᠤ᠂ ᠮᠡᠳᠡᠭᠡ ᠵᠠᠩᠭᠢ ᠵᠢ ᠬᠠᠷᠢᠴᠠᠭᠤᠯᠤᠨ ᠭᠡᠷᠡᠴᠢᠯᠡᠬᠦ ᠬᠡᠯᠪᠡᠷᠢ ᠵᠢᠨ ᠰᠢᠨ᠎ᠡ ᠵᠢ ᠡᠭᠦᠳᠪᠡ᠃ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠠᠴᠠ ᠰᠢᠰᠲ᠋ᠧᠮ᠎ᠤᠨ ᠡᠬᠢ ᠪᠠᠶᠠᠯᠢᠭ᠎ᠢ ᠨᠡᠢ᠌ᠳᠬᠡᠬᠦ᠎ᠪᠠᠷ ᠠᠵᠠ ᠲᠣᠬᠢᠶᠠᠯ ᠪᠣᠯᠭ᠋ᠠᠵᠤ᠂ ᠲᠣᠭ᠎ᠠ ᠪᠠᠷᠢᠮᠲᠠ ᠵᠢᠨ ᠪᠡᠬᠢᠯᠡᠯᠲᠡ ᠵᠢ ᠡᠪᠳᠡᠵᠦ᠂ ᠤᠯᠠᠨ ᠰᠠᠯᠠᠭ᠎ᠠ ᠮᠥᠴᠢᠷ᠎ᠤᠨ ᠲᠣᠭ᠎ᠠ ᠪᠠᠷᠢᠮᠲᠠ ᠵᠢ ᠬᠠᠮᠲᠤ᠎ᠪᠠᠷ ᠡᠳ᠋ᠯᠡᠵᠦ ᠬᠠᠷᠢᠴᠠᠭᠤᠯᠬᠤ ᠲᠣᠭᠲᠠᠴᠠ ᠵᠢ ᠪᠠᠢ᠌ᠭᠤᠯᠵᠤ᠂ 2022 ᠣᠨ᠎ᠤ 5 ᠰᠠᠷ᠎ᠠ᠎ᠳᠤ᠂ 13 ᠰᠠᠯᠠᠭ᠎ᠠ ᠮᠥᠴᠢᠷ᠎ᠲᠠᠢ ᠬᠠᠮᠲᠤᠷᠠᠨ ᠨᠡᠢ᠌ᠭᠡᠮ᠎ᠤᠨ ᠳᠠᠭ᠋ᠠᠳᠬᠠᠯ᠎ᠤᠨ ᠰᠠᠭᠤᠷᠢ ᠮᠥᠩᠭᠥ ᠵᠢᠨ ᠬᠠᠮᠢᠶᠠᠷᠤᠯᠲᠠ ᠵᠢᠨ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠲᠣᠭ᠎ᠠ ᠪᠠᠷᠢᠮᠲᠠ ᠵᠢ ᠬᠠᠮᠲᠤ᠎ᠪᠠᠷ ᠡᠳ᠋ᠯᠡᠵᠦ ᠬᠠᠷᠢᠴᠠᠭᠤᠯᠬᠤ ᠠᠵᠢᠯ᠎ᠤᠨ ᠲᠣᠭᠲᠠᠴᠠ ᠵᠢ ᠪᠠᠢ᠌ᠭᠤᠯᠵᠤ᠂ ᠠᠵᠢᠯ ᠲᠥᠷᠥᠯ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠬᠦᠷᠢᠶ᠎ᠡ ᠴᠠᠷᠠᠭ᠎ᠠ ᠠᠯᠤᠰᠯᠠᠭᠰᠠᠨ ᠤᠯᠠᠨ ᠡᠬᠢᠲᠦ ᠲᠡᠯᠡᠢ ᠶᠡᠬᠡ ᠬᠡᠮᠵᠢᠶᠡᠨ᠎ᠤ ᠲᠣᠭ᠎ᠠ ᠪᠠᠷᠢᠮᠲᠠ ᠵᠢ ᠨᠡᠢ᠌ᠳᠬᠡᠨ ᠬᠠᠮᠲᠤ᠎ᠪᠠᠷ ᠡᠳ᠋ᠯᠡᠵᠦ᠂ ᠪᠥᠬᠥ ᠣᠷᠣᠨ᠎ᠤ ᠨᠢᠭᠡᠳᠦᠯᠲᠡᠢ ᠮᠥᠩᠭᠥ ᠣᠯᠭᠣᠮᠵᠢ ᠵᠢᠨ ᠬᠢᠷᠢ ᠬᠡᠮ᠎ᠢ ᠭᠡᠷᠡᠴᠢᠯᠡᠬᠦ ᠲᠠᠪᠴᠠᠩ᠎ᠢ ᠪᠤᠢ ᠪᠣᠯᠭ᠋ᠠᠵᠤ᠂ ᠮᠥᠩᠭᠥ ᠣᠯᠭᠣᠮᠵᠢ ᠠᠪᠬᠤ ᠬᠥᠮᠥᠰ᠎ᠤᠨ ᠪᠥᠬᠥ ᠲᠠᠯ᠎ᠠ ᠵᠢᠨ ᠦᠢ᠍ᠯᠡ ᠠᠵᠢᠯᠯᠠᠭ᠎ᠠ᠎ᠳᠤ ᠵᠠᠮ ᠮᠥᠷ᠎ᠤᠨ ᠵᠠᠳᠠᠯᠤᠯᠲᠠ ᠬᠢᠵᠦ᠂ ᠮᠥᠩᠭᠥ ᠣᠯᠭᠣᠮᠵᠢ ᠵᠢ ᠭᠥᠷᠳᠡᠬᠦ ᠬᠢᠷᠢ ᠬᠡᠮ᠎ᠢ ᠨᠠᠷᠢᠯᠢᠭ ᠣᠨᠣᠴᠠᠲᠠᠢ᠎ᠪᠠᠷ ᠰᠤᠳᠤᠯᠤᠨ ᠮᠠᠭ᠋ᠠᠳᠯᠠᠵᠤ᠂ 《ᠦᠵᠡᠭᠳᠡᠬᠦ ᠦᠭᠡᠢ》᠎ᠪᠠᠷ ᠭᠡᠷᠡᠴᠢᠯᠡᠭᠡ ᠬᠢᠬᠦ ᠵᠢ ᠠᠩᠬ᠎ᠠ ᠠᠯᠬᠤᠮ ᠪᠡᠶᠡᠯᠡᠭᠦᠯᠪᠡ᠃ 2022 ᠣᠨ᠎ᠳᠤ 372 ᠲᠦᠮᠡᠨ ᠵᠤᠷᠪᠤᠰ ᠲᠣᠭ᠎ᠠ ᠪᠠᠷᠢᠮᠲᠠ ᠵᠢ ᠬᠠᠮᠲᠤ᠎ᠪᠠᠷ ᠡᠳ᠋ᠯᠡᠵᠦ ᠬᠠᠷᠢᠴᠠᠭᠤᠯᠵᠤ᠂ 117 ᠲᠦᠮᠡᠨ ᠬᠥᠮᠥᠨ᠎ᠳᠤ 《ᠲᠠᠭᠤ ᠦᠭᠡᠢ ᠭᠡᠷᠡᠴᠢᠯᠡᠭᠡ ᠬᠢᠵᠦ ᠥᠭᠬᠦ》 ᠵᠢ ᠪᠡᠶᠡᠯᠡᠭᠦᠯᠪᠡ; 2023 ᠣᠨ᠎ᠳᠤ 581 ᠲᠦᠮᠡᠨ ᠵᠤᠷᠪᠤᠰ ᠲᠣᠭ᠎ᠠ ᠪᠠᠷᠢᠮᠲᠠ ᠵᠢ ᠬᠠᠮᠲᠤ᠎ᠪᠠᠷ ᠡᠳ᠋ᠯᠡᠵᠦ ᠬᠠᠷᠢᠴᠠᠭᠤᠯᠵᠤ᠂ 474 ᠲᠦᠮᠡᠨ ᠬᠥᠮᠥᠨ᠎ᠳᠤ 《ᠲᠠᠭᠤ ᠦᠭᠡᠢ ᠭᠡᠷᠡᠴᠢᠯᠡᠭᠡ ᠬᠢᠵᠦ ᠥᠭᠬᠦ》 ᠵᠢ ᠪᠡᠶᠡᠯᠡᠭᠦᠯᠪᠡ; ᠲᠤᠭ᠋ᠠᠴᠢᠯᠠᠯᠳᠠ᠎ᠪᠠᠷ ᠬᠦᠴᠦᠨ ᠴᠢᠳᠠᠯ ᠣᠯᠭᠣᠵᠤ ᠭᠡᠷᠡᠴᠢᠯᠡᠭᠡ ᠬᠢᠬᠦ ᠦᠢ᠍ᠯᠡᠴᠢᠯᠡᠭᠡ ᠵᠢ ᠨᠠᠩ ᠰᠢᠯᠢᠳᠡᠭ ᠨᠠᠩ ᠲᠦᠷᠭᠡᠨ ᠨᠠᠩ ᠲᠥᠬᠥᠮ ᠪᠣᠯᠭ᠋ᠠᠪᠠ᠃

      ᠬᠣᠶᠠᠷ᠎ᠲᠤ᠂ ᠰᠦᠯᠵᠢᠶᠡᠨ ᠳᠡᠭᠡᠷ᠎ᠡ ᠭᠡᠷᠡᠴᠢᠯᠡᠭᠡ ᠬᠢᠬᠦ ᠠᠦ᠋ᠲ᠋ᠣ᠋ ᠦᠢ᠍ᠯᠡᠴᠢᠯᠡᠭᠡ ᠵᠢᠨ ᠠᠷᠭ᠎ᠠ ᠵᠠᠮ᠎ᠢ ᠪᠠᠶᠠᠯᠢᠭᠵᠢᠭᠤᠯᠪᠠ᠃ ᠠᠮᠢᠳᠤ ᠪᠣᠳᠠᠰ᠎ᠤᠨ ᠣᠨᠴᠠᠯᠢᠭ ᠵᠶ᠋ᠠᠷ ᠢᠯᠭ᠋ᠠᠨ ᠲᠠᠨᠢᠬᠤ ᠭᠡᠷᠡᠴᠢᠯᠡᠭᠡ᠂ ᠭᠠᠷ ᠤᠲᠠᠰᠤᠨ᠎ᠤ ᠬᠡᠷᠡᠭᠯᠡᠭᠡᠨ᠎ᠤ ᠠᠯᠤᠰ᠎ᠠᠴᠠ ᠭᠡᠷᠡᠴᠢᠯᠡᠭᠡ ᠬᠢᠬᠦ ᠵᠡᠷᠭᠡ ᠦᠢ᠍ᠯᠡᠴᠢᠯᠡᠭᠡ ᠵᠢ ᠳᠡᠯᠭᠡᠷᠡᠭᠦᠯᠵᠦ᠂ 《ᠥᠪᠥᠷ ᠮᠣᠩᠭᠣᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ》 《ᠠᠯᠠᠭ᠋ᠠᠨ ᠳᠡᠭᠡᠷᠡᠬᠢ 12333》 《ᠮᠥᠩᠬᠡ ᠰᠤᠪᠠᠭ》 《ᠡᠯᠧᠺᠲᠷᠣᠨ ᠨᠡᠢ᠌ᠭᠡᠮ᠎ᠤᠨ ᠪᠠᠲᠤᠯᠠᠭ᠎ᠠ ᠵᠢᠨ ᠺᠠᠷᠲ》᠎ᠤᠨ ᠸᠢᠴᠠᠲ ᠨᠠᠢ᠌ᠳᠠ ᠵᠢᠨ ᠲᠠᠪᠴᠠᠩ ᠵᠡᠷᠭᠡ ᠮᠥᠩᠭᠥ ᠣᠯᠭᠣᠮᠵᠢ ᠠᠪᠬᠤ ᠵᠢ ᠭᠡᠷᠡᠴᠢᠯᠡᠬᠦ ᠠᠷᠭ᠎ᠠ ᠵᠠᠮ᠎ᠢ ᠪᠠᠶᠠᠯᠢᠭᠵᠢᠭᠤᠯᠤᠨ ᠥᠷᠭᠡᠳᠬᠡᠵᠦ᠂ ᠭᠡᠷᠡᠴᠢᠯᠡᠭᠡ ᠬᠢᠬᠦ ᠦᠢ᠍ᠯᠡᠳᠦᠯ ᠴᠢᠳᠠᠮᠵᠢ ᠵᠢᠨ ᠲᠣᠬᠢᠷᠠᠭᠤᠯᠤᠯᠲᠠ ᠵᠢ ᠰᠢᠯᠢᠳᠡᠭᠵᠢᠭᠦᠯᠦᠨ᠂ ᠠᠵᠢᠯ᠎ᠠᠴᠠ᠎ᠪᠠᠨ ᠠᠮᠠᠷᠠᠭᠰᠠᠳ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠮᠥᠩᠭᠥ ᠣᠯᠭᠣᠮᠵᠢ᠎ᠪᠠᠨ ᠠᠪᠬᠤ ᠬᠢᠷᠢ ᠬᠡᠮ᠎ᠤᠨ ᠭᠡᠷᠡᠴᠢᠯᠡᠭᠡ ᠵᠢ ᠬᠡᠵᠢᠶ᠎ᠡ ᠬᠠᠮᠢᠭ᠎ᠠ ᠴᠤ᠌ ᠬᠢᠵᠦ ᠪᠣᠯᠣᠨ᠎ᠠ᠂ ᠭᠡᠷᠡᠴᠢᠯᠡᠭᠡ ᠬᠢᠬᠦ ᠤᠳᠠᠭ᠎ᠠ ᠪᠠ ᠴᠠᠭ᠎ᠢ ᠬᠢᠵᠠᠭ᠋ᠠᠷᠯᠠᠬᠤ ᠦᠭᠡᠢ᠂ ᠭᠡᠷᠡᠴᠢᠯᠡᠭᠡ ᠬᠢᠬᠦ ᠬᠡᠯᠪᠡᠷᠢ ᠵᠢ ᠨᠠᠩ ᠤᠯᠠᠨ ᠶᠠᠩᠵᠤ ᠵᠢᠨ᠂ ᠨᠠᠩ ᠲᠥᠬᠥᠮ ᠪᠣᠯᠭ᠋ᠠᠪᠠ᠃ 2023 ᠣᠨ᠎ᠤ 6 ᠰᠠᠷ᠎ᠠ᠎ᠳᠤ᠂ ᠪᠢᠳᠡ 《ᠥᠪᠥᠷ ᠮᠣᠩᠭᠣᠯ᠎ᠤᠨ ᠨᠡᠢ᠌ᠭᠡᠮ᠎ᠤᠨ ᠳᠠᠭ᠋ᠠᠳᠬᠠᠯ᠎ᠤᠨ ᠦᠢ᠍ᠯᠡᠰ᠎ᠤᠨ ᠦᠢ᠍ᠯᠡᠴᠢᠯᠡᠭᠡᠨ᠎ᠤ ᠲᠥᠪ》 ᠭᠡᠬᠦ ᠸᠢᠴᠠᠲ ᠨᠠᠢ᠌ᠳᠠ ᠵᠢᠨ ᠲᠠᠪᠴᠠᠩ᠎ᠢ ᠨᠡᠭᠡᠭᠡᠵᠦ᠂ ᠮᠥᠩᠭᠥ ᠣᠯᠭᠣᠮᠵᠢ ᠠᠪᠬᠤ ᠬᠢᠷᠢ ᠬᠡᠮ᠎ᠢ ᠠᠯᠤᠰ᠎ᠠᠴᠠ ᠭᠡᠷᠡᠴᠢᠯᠡᠬᠦ ᠴᠢᠳᠠᠮᠵᠢ ᠵᠢ ᠪᠦᠷᠢᠯᠳᠦᠭᠦᠯᠵᠦ᠂ ᠣᠳᠣᠬᠠᠨ᠎ᠳᠤ ᠲᠣᠰ ᠲᠠᠪᠴᠠᠩ᠎ᠢ ᠪᠠᠭᠤᠯᠭ᠋ᠠᠨ ᠠᠪᠴᠤ ᠬᠡᠷᠡᠭᠯᠡᠵᠦ ᠪᠠᠢ᠌ᠭ᠎ᠠ ᠬᠥᠮᠥᠨ᠎ᠤ ᠲᠣᠭ᠎ᠠ ᠨᠢᠭᠡᠨᠲᠡ 219 ᠲᠦᠮᠡ ᠵᠢ ᠳᠠᠪᠠᠭᠰᠠᠨ ᠪᠠᠢ᠌ᠨ᠎ᠠ᠃

      ᠭᠤᠷᠪᠠ᠎ᠳᠤ᠂ 《ᠬᠠᠪᠰᠤᠷᠤᠨ ᠭᠦᠢ᠍ᠴᠡᠳᠬᠡᠵᠦ ᠣᠷᠣᠯᠠᠨ ᠭᠦᠢ᠍ᠴᠡᠳᠬᠡᠵᠦ》 ᠥᠭᠴᠦ ᠤᠨᠢᠨ ᠳᠡᠭᠡᠷ᠎ᠡ᠎ᠨᠢ ᠦᠢ᠍ᠯᠡᠴᠢᠯᠡᠪᠡ᠃ ᠮᠡᠳᠡᠭᠡ ᠵᠠᠩᠭᠢ ᠵᠢ ᠬᠠᠷᠢᠴᠠᠭᠤᠯᠵᠤ᠂ ᠰᠦᠯᠵᠢᠶᠡᠨ ᠳᠡᠭᠡᠷ᠎ᠡ ᠠᠦ᠋ᠲ᠋ᠣ᠋ ᠦᠢ᠍ᠯᠡᠴᠢᠯᠡᠭᠡ᠎ᠪᠠᠷ ᠭᠡᠷᠡᠴᠢᠯᠡᠭᠡ ᠬᠢᠯᠭᠡᠵᠦ ᠮᠥᠩᠭᠥ ᠣᠯᠭᠣᠮᠵᠢ ᠭᠥᠷᠳᠡᠬᠦ ᠬᠢᠷᠢ ᠬᠡᠮ᠎ᠢ ᠨᠤᠲᠠᠯᠠᠵᠤ ᠳᠡᠢ᠌ᠯᠬᠦ ᠦᠭᠡᠢ ᠬᠥᠮᠥᠰ᠎ᠲᠤ᠂ ᠪᠢᠳᠡ ᠪᠥᠬᠥ ᠠᠷᠠᠳ ᠵᠶ᠋ᠠᠷ ᠵᠶ᠋ᠠᠨ ᠳᠠᠭ᠋ᠠᠳᠬᠠᠯ᠎ᠳᠤ ᠣᠷᠣᠯᠴᠠᠬᠤ ᠲᠥᠯᠥᠪᠯᠡᠭᠡ ᠪᠠ ᠨᠠᠷᠢᠯᠢᠭ ᠣᠨᠣᠴᠠᠲᠠᠢ ᠨᠡᠢ᠌ᠭᠡᠮᠴᠢᠯᠡᠭᠰᠡᠨ ᠦᠢ᠍ᠯᠡᠴᠢᠯᠡᠭᠡ᠎ᠲᠠᠢ ᠤᠶᠠᠯᠳᠤᠭᠤᠯᠤᠨ᠂ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠢ᠌ᠯᠪᠤᠷᠢᠯᠠᠬᠤ᠂ ᠡᠷᠦᠬᠡ᠎ᠳᠤ ᠬᠦᠷᠴᠦ ᠰᠤᠷᠪᠤᠯᠵᠢᠯᠠᠬᠤ᠂ ᠰᠤᠷᠪᠤᠯᠵᠢᠯᠠᠨ ᠲᠣᠬᠣᠨᠢᠭᠤᠯᠬᠤ ᠵᠡᠷᠭᠡ ᠬᠡᠯᠪᠡᠷᠢ᠎ᠪᠠᠷ ᠳᠠᠮᠵᠢᠭᠤᠯᠤᠨ᠂ ᠨᠡᠢ᠌ᠭᠡᠮ ᠲᠣᠭᠣᠷᠢᠭ᠎ᠤᠨ ᠠᠵᠢᠯᠲᠠᠳ᠎ᠢ ᠵᠣᠬᠢᠶᠠᠨ ᠪᠠᠢ᠌ᠭᠤᠯᠤᠨ ᠭᠡᠷᠡᠴᠢᠯᠡᠭᠡ ᠬᠢᠬᠦ ᠮᠡᠳᠡᠭᠡ ᠵᠠᠩᠭᠢ ᠵᠢ ᠬᠢᠨᠠᠨ ᠬᠠᠷᠭᠤᠭᠤᠯᠬᠤ ᠠᠵᠢᠯ᠎ᠢ ᠥᠷᠨᠢᠭᠦᠯᠵᠦ᠂ ᠬᠥᠳᠡᠯᠵᠦ ᠪᠠᠷᠢᠬᠤ᠎ᠳᠤ ᠳᠥᠭᠥᠮ ᠦᠭᠡᠢ ᠬᠥᠮᠥᠰ᠎ᠲᠤ ᠰᠠᠨᠠᠭ᠋ᠠᠴᠢᠯᠠᠭ᠎ᠠ᠎ᠠᠴᠠ᠎ᠪᠠᠨ ᠭᠡᠷ᠎ᠲᠤᠨᠢ ᠬᠦᠷᠴᠦ 《ᠬᠠᠪᠰᠤᠷᠤᠨ ᠭᠦᠢ᠍ᠴᠡᠳᠬᠡᠵᠦ ᠣᠷᠣᠯᠠᠨ ᠭᠦᠢ᠍ᠴᠡᠳᠬᠡᠵᠦ ᠥᠭᠬᠦ》 ᠦᠢ᠍ᠯᠡᠴᠢᠯᠡᠭᠡ ᠬᠠᠩᠭ᠋ᠠᠪᠠ᠃ 2023 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ 《ᠨᠡᠢ᠌ᠭᠡᠮ᠎ᠤᠨ ᠳᠠᠭ᠋ᠠᠳᠬᠠᠯ᠎ᠤᠨ ᠲᠤᠬᠠᠢ ᠦᠢ᠍ᠯᠡᠴᠢᠯᠡᠭᠡ ᠵᠢ ᠲᠦᠭ ᠲᠦᠮᠡᠨ ᠡᠷᠦᠬᠡ᠎ᠳᠤ ᠬᠦᠷᠭᠡᠬᠦ》 《ᠨᠡᠢ᠌ᠭᠡᠮ᠎ᠤᠨ ᠳᠠᠭ᠋ᠠᠳᠬᠠᠯ᠎ᠢ ᠭᠠᠷᠲᠠᠨ ᠭᠦᠢ᠍ᠴᠡᠳᠬᠡᠬᠦ ᠳᠦᠷᠢᠮ》᠎ᠢ ᠤᠬᠠᠭᠤᠯᠬᠤ ᠵᠡᠷᠭᠡ ᠠᠵᠢᠯᠯᠠᠭ᠎ᠠ᠎ᠳᠤ ᠲᠦᠰᠢᠭᠯᠡᠨ᠂ ᠲᠥᠷᠥ ᠵᠢᠨ ᠪᠣᠳᠣᠯᠭ᠎ᠠ ᠬᠦᠷᠭᠡᠬᠦ᠂ ᠦᠢ᠍ᠯᠡᠴᠢᠯᠡᠭᠡ ᠬᠦᠷᠭᠡᠬᠦ᠂ ᠬᠠᠶ᠋ᠢᠷ᠎ᠠ ᠬᠠᠯᠠᠮᠵᠢ ᠬᠦᠷᠭᠡᠬᠦ ᠠᠵᠢᠯᠯᠠᠭ᠎ᠠ ᠵᠢ ᠪᠠᠢ᠌ᠩᠭᠤᠵᠢᠭᠤᠯᠤᠨ ᠥᠷᠨᠢᠭᠦᠯᠵᠦ᠂ ᠦᠢ᠍ᠯᠡᠴᠢᠯᠡᠭᠡᠨ᠎ᠤ ᠠᠩᠭᠢ ᠵᠢᠨ ᠭᠡᠰᠢᠭᠦᠨ ᠨᠠᠢ᠌ᠳᠠ 1 ᠲᠦᠮᠡᠨ ᠬᠥᠮᠥᠨ ᠤᠳᠠᠭ᠎ᠠ ᠵᠢ ᠵᠣᠬᠢᠶᠠᠨ ᠪᠠᠢ᠌ᠭᠤᠯᠵᠤ᠂ ᠤᠬᠠᠭᠤᠯᠭ᠎ᠠ ᠵᠢᠨ ᠮᠠᠲ᠋ᠧᠷᠢᠶᠠᠯ᠎ᠢ 20 ᠭᠠᠷᠤᠢ ᠲᠦᠮᠡᠨ ᠬᠤᠪᠢ ᠲᠠᠷᠬᠠᠭ᠋ᠠᠵᠤ᠂ 21 ᠲᠦᠮᠡᠨ ᠤᠯᠠᠨ ᠲᠦᠮᠡᠨ᠎ᠳᠤ ᠦᠢ᠍ᠯᠡᠴᠢᠯᠡᠪᠡ᠃

      ᠤᠯᠠᠨ ᠵᠢᠯ᠎ᠤᠨ ᠴᠢᠷᠮᠠᠢ᠌ᠯᠭ᠎ᠠ᠎ᠪᠠᠷ ᠳᠡᠮᠵᠢᠨ᠂ ᠪᠥᠬᠥ ᠣᠷᠣᠨ᠎ᠤ ᠲᠣᠭ᠎ᠠ ᠪᠠᠷᠢᠮᠲᠠ ᠵᠢ ᠬᠠᠷᠢᠴᠠᠭᠤᠯᠬᠤ ᠪᠠ ᠰᠦᠯᠵᠢᠶᠡᠨ ᠳᠡᠭᠡᠷ᠎ᠡ ᠠᠦ᠋ᠲ᠋ᠣ᠋ ᠦᠢ᠍ᠯᠡᠴᠢᠯᠡᠭᠡ ᠵᠢ ᠠᠰᠢᠭᠯᠠᠨ ᠭᠡᠷᠡᠴᠢᠯᠡᠭᠡ ᠬᠢᠬᠦ ᠵᠢ ᠪᠡᠶᠡᠯᠡᠭᠦᠯᠦᠭᠰᠡᠨ ᠬᠠᠷᠢᠴᠠᠯ ᠶᠡᠷᠦᠩᠬᠡᠢ᠎ᠳᠡᠭᠡᠨ 90% ᠵᠢ ᠳᠠᠪᠠᠵᠤ᠂ ᠨᠡᠢ᠌ᠭᠡᠮ᠎ᠤᠨ ᠳᠠᠭ᠋ᠠᠳᠬᠠᠯ᠎ᠤᠨ ᠮᠥᠩᠭᠥ ᠣᠯᠭᠣᠮᠵᠢ ᠵᠢ ᠭᠥᠷᠳᠡᠬᠦ ᠬᠢᠷᠢ ᠬᠡᠮ᠎ᠤᠨ ᠭᠡᠷᠡᠴᠢᠯᠡᠭᠡ ᠬᠢᠯᠭᠡᠬᠦ ᠵᠠᠭᠪᠤᠷ᠎ᠤᠨ ᠲᠣᠭ᠋ᠠᠴᠢᠯᠠᠭᠰᠠᠨ ᠲᠡᠢ᠌ᠰᠢ ᠬᠡᠯᠪᠡᠷᠢ᠎ᠪᠠᠨ ᠬᠤᠪᠢᠷᠠᠭᠤᠯᠬᠤ ᠠᠵᠢᠯ ᠨᠢᠭᠡᠨᠲᠡ ᠠᠩᠬ᠎ᠠ ᠠᠯᠬᠤᠮ᠎ᠤᠨ ᠦᠷ᠎ᠡ ᠪᠦᠲᠦᠮᠵᠢ ᠣᠯᠪᠠ᠃ ᠲᠠᠷᠠᠭ᠋ᠠᠴᠢ ᠵᠢᠨ ᠠᠯᠬᠤᠮ᠎ᠳᠤ᠂ ᠪᠢᠳᠡ ᠬᠠᠮᠲᠤ᠎ᠪᠠᠷ ᠡᠳ᠋ᠯᠡᠬᠦ ᠲᠣᠭ᠎ᠠ ᠪᠠᠷᠢᠮᠲᠠ ᠵᠢᠨ ᠬᠡᠪᠴᠢᠶ᠎ᠡ ᠵᠢ ᠦᠷᠭᠦᠯᠵᠢᠯᠡᠨ ᠥᠷᠭᠡᠳᠬᠡᠵᠦ᠂ ᠦᠢ᠍ᠯᠡᠴᠢᠯᠡᠭᠡᠨ᠎ᠤ ᠥᠩᠭᠡᠷᠡᠯᠲᠡ᠎ᠪᠠᠨ ᠰᠢᠯᠢᠳᠡᠭᠵᠢᠭᠦᠯᠦᠨ᠂ 《ᠦᠵᠡᠭᠳᠡᠬᠦ ᠦᠭᠡᠢ᠎ᠪᠠᠷ ᠭᠡᠷᠡᠴᠢᠯᠡᠭᠡ ᠵᠢ ᠭᠦᠢ᠍ᠴᠡᠳᠬᠡᠬᠦ》 ᠠᠵᠢᠯ᠎ᠤᠨ ᠲᠣᠭᠲᠠᠴᠠ ᠵᠢ ᠢᠳᠡᠪᠬᠢᠲᠡᠢ ᠪᠠᠢ᠌ᠭᠤᠯᠵᠤ᠂ ᠠᠵᠢᠯ᠎ᠠᠴᠠ᠎ᠪᠠᠨ ᠠᠮᠠᠷᠠᠭᠰᠠᠳ ᠢᠯᠠᠩᠭᠤᠶ᠎ᠠ ᠨᠠᠰᠤᠲᠠᠢ᠌ᠴᠤᠳ᠎ᠲᠤ ᠨᠠᠩ ᠤᠯᠠᠨ ᠲᠥᠬᠥᠮ ᠦᠵᠡᠭᠦᠯᠵᠦ ᠬᠠᠢ᠌ᠷ᠎ᠠ ᠬᠠᠯᠠᠮᠵᠢ ᠬᠦᠷᠭᠡᠨ᠎ᠡ᠃

      ᠳᠡᠭᠡᠷᠡᠬᠢ ᠪᠣᠯ ᠮᠢᠨᠤ ᠬᠠᠷᠢᠭᠤᠯᠲᠠ᠂ ᠪᠠᠶᠠᠷᠯᠠᠯ᠎ᠠ!

      ᠲᠥᠪ᠎ᠤᠨ ᠷᠠᠳᠢᠣ᠋ ᠨᠡᠪᠲᠡᠷᠡᠭᠦᠯᠭᠡ ᠵᠢᠨ ᠬᠣᠷᠢᠶ᠎ᠠ ᠵᠢᠨ ᠰᠦᠯᠵᠢᠶ᠎ᠡ ᠵᠢᠨ ᠰᠤᠷᠪᠤᠯᠵᠢᠯᠠᠭᠴᠢ᠄ ᠴᠢᠳᠠᠪᠤᠷᠢᠲᠠᠨ ᠪᠣᠯ ᠢᠷᠡᠭᠡᠳᠦᠢ ᠵᠢ ᠨᠡᠭᠡᠭᠡᠨ ᠡᠭᠦᠳᠬᠦ ᠬᠠᠮᠤᠭ᠎ᠤᠨ ᠡᠷᠬᠢᠮ ᠨᠠᠨᠳᠢᠨ ᠥᠪ ᠬᠥᠷᠥᠩᠭᠡ ᠮᠥᠨ᠂ ᠠᠰᠠᠭᠤᠬᠤ᠎ᠨᠢ᠂ ᠴᠢᠳᠠᠪᠤᠷᠢᠲᠠᠨ᠎ᠢ 《ᠣᠷᠣᠭᠤᠯᠬᠤ᠂ ᠬᠥᠮᠥᠵᠢᠭᠦᠯᠬᠦ᠂ ᠦᠯᠡᠳᠡᠭᠡᠬᠦ᠂ ᠬᠡᠷᠡᠭᠯᠡᠬᠦ》 ᠲᠠᠯ᠎ᠠ᠎ᠪᠠᠷ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ ᠶᠠᠮᠠᠷ ᠶᠠᠮᠠᠷ ᠠᠷᠭ᠎ᠠ ᠬᠡᠮᠵᠢᠶ᠎ᠡ ᠵᠢ ᠠᠪᠤᠭᠰᠠᠨ ᠪᠤᠢ? ᠪᠠᠶᠠᠷᠯᠠᠯ᠎ᠠ᠃

      ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ᠎ᠢ ᠨᠡᠭᠡᠭᠡᠨ ᠬᠥᠭᠵᠢᠭᠦᠯᠬᠦ ᠭᠠᠵᠠᠷ᠎ᠤᠨ ᠳᠠᠷᠤᠭ᠎ᠠ ᠶᠦᠨ ᠰᠢᠶᠠ᠄ ᠰᠤᠷᠪᠤᠯᠵᠢᠯᠠᠭᠴᠢ ᠲᠠᠨ᠎ᠤ ᠠᠰᠠᠭᠤᠭᠰᠠᠨ᠎ᠳᠤ ᠲᠠᠯᠠᠷᠬᠠᠵᠤ ᠪᠠᠢ᠌ᠨ᠎ᠠ᠂ ᠪᠢ ᠲᠠᠨ᠎ᠤ ᠠᠰᠠᠭᠤᠯᠲᠠ ᠵᠢ ᠬᠠᠷᠢᠭᠤᠯᠤᠶ᠎ᠠ᠃

      2023 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ 《ᠰᠢᠨ᠎ᠡ ᠴᠠᠭ ᠦᠶ᠎ᠡ ᠵᠢᠨ ᠴᠢᠳᠠᠪᠤᠷᠢᠲᠠᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠬᠡᠷᠡᠭᠵᠢᠭᠦᠯᠬᠦ ᠰᠠᠨᠠᠯ》᠎ᠢ ᠨᠠᠷᠢᠨ ᠬᠢᠨᠠᠮᠠᠭ᠋ᠠᠢ ᠲᠤᠭᠤᠰᠢᠯᠠᠭᠤᠯᠵᠤ᠂ ᠡᠭᠦᠷᠭᠡ ᠲᠤᠰᠢᠶᠠᠯ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳ ᠪᠠᠳᠠᠷᠠᠭᠤᠯᠵᠤ᠂ ᠬᠦᠴᠦᠨ ᠵᠶ᠋ᠡᠨ ᠲᠥᠪᠯᠡᠷᠡᠭᠦᠯᠦᠨ 《ᠮᠡᠷᠭᠡᠵᠢᠯ ᠤᠷ᠎ᠠ ᠴᠢᠳᠠᠪᠤᠷᠢ ᠵᠢᠨ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ ᠬᠥᠮᠥᠵᠢᠭᠦᠯᠬᠦ ᠶᠠᠰᠤ ᠴᠢᠨᠠᠷ᠎ᠢ ᠳᠡᠭᠡᠭᠰᠢᠯᠡᠭᠦᠯᠬᠦ ᠢᠨᠵᠧᠨᠧᠷᠢᠩ》᠎ᠢ ᠨᠠᠢ᠌ᠳᠠᠪᠤᠷᠢᠵᠢᠭᠤᠯᠬᠤ ᠵᠢ ᠠᠬᠢᠭᠤᠯᠵᠤ᠂ ᠰᠤᠷᠭ᠋ᠠᠨ ᠬᠥᠮᠦᠵᠢᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠡᠷᠡᠭᠦᠯ ᠬᠠᠮᠠᠭ᠋ᠠᠯᠠᠯ ᠡᠷᠡᠭᠦᠯ ᠮᠠᠨᠳᠤ᠂ ᠲᠠᠷᠢᠶᠠᠯᠠᠩ ᠮᠠᠯ ᠠᠵᠤ ᠠᠬᠤᠢ᠂ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠵᠢᠨ ᠬᠢᠨᠠᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ᠂ ᠴᠢᠳᠠᠪᠤᠷᠢᠲᠠᠨ᠎ᠢ ᠬᠥᠮᠥᠵᠢᠭᠦᠯᠦᠨ ᠦᠯᠡᠳᠡᠭᠡᠨ ᠬᠡᠷᠡᠭᠯᠡᠬᠦ ᠠᠵᠢᠯ᠎ᠢ ᠬᠠᠮᠲᠤ᠎ᠪᠠᠷ ᠰᠠᠶ᠋ᠢᠲᠤᠷ ᠠᠳᠬᠤᠵᠤ᠂ ᠴᠢᠳᠠᠪᠤᠷᠢᠲᠠᠨ᠎ᠤ ᠠᠵᠢᠯ᠎ᠳᠤ ᠪᠠᠶᠠᠷᠯᠠᠭᠤᠰᠢᠲᠠᠢ ᠳᠠᠪᠰᠢᠯᠲᠠ ᠪᠠ ᠦᠷ᠎ᠡ ᠪᠦᠲᠦᠮᠵᠢ ᠣᠯᠪᠠ᠃

      ᠨᠢᠭᠡ᠎ᠳᠤ᠂ ᠳᠡᠭᠡᠳᠦ ᠲᠠᠰ᠎ᠤᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠲᠣᠭ᠎ᠠ ᠬᠡᠮᠵᠢᠶ᠎ᠡ ᠶᠠᠰᠤ ᠴᠢᠨᠠᠷ ᠳᠠᠬᠢᠨᠲᠠ ᠰᠢᠨ᠎ᠡ ᠲᠡᠮᠳᠡᠭᠯᠡᠯ᠎ᠢ ᠡᠭᠦᠳᠪᠡ᠃ ᠥᠪᠡᠷᠲᠡᠭᠡᠨ ᠵᠠᠰᠠᠬᠤ ᠣᠷᠣᠨ᠎ᠤ 《ᠲᠠᠪᠤᠨ ᠶᠡᠬᠡ ᠡᠭᠦᠷᠭᠡ》 ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ᠎ᠪᠠᠷ ᠭᠣᠣᠯᠳᠠᠯᠭ᠎ᠠ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢᠨ ᠲᠣᠭᠣᠷᠢᠨ᠎ᠳᠤ ᠴᠢᠳᠠᠪᠤᠷᠢᠲᠠᠨ᠎ᠤ ᠬᠡᠯᠬᠢᠶ᠎ᠡ ᠵᠢ ᠲᠣᠬᠢᠷᠠᠭᠤᠯᠤᠨ᠂ 《2023 ᠣᠨ᠎ᠤ ᠳᠡᠭᠡᠳᠦ ᠲᠠᠰ᠎ᠤᠨ ᠪᠠᠴᠢᠮ ᠬᠡᠷᠡᠭᠴᠡᠭᠡ᠎ᠲᠠᠢ ᠳᠤᠲᠠᠭᠳᠠᠵᠤ ᠪᠠᠢ᠌ᠭ᠎ᠠ ᠴᠢᠳᠠᠪᠤᠷᠢᠲᠠᠨ᠎ᠤ ᠬᠡᠷᠡᠭᠴᠡᠭᠡ ᠵᠢᠨ ᠭᠠᠷᠴᠠᠭ》᠎ᠢ ᠨᠠᠢ᠌ᠷᠠᠭᠤᠯᠤᠨ ᠵᠣᠬᠢᠶᠠᠵᠤ ᠨᠡᠢ᠌ᠲᠡᠯᠡᠨ᠂ ᠵᠢᠭ᠋ᠠᠨ ᠰᠤᠷᠭ᠋ᠠᠯᠲᠠ᠂ ᠬᠠᠮᠢᠶᠠᠷᠤᠯᠲᠠ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠵᠡᠷᠭᠡ 1036 ᠠᠵᠢᠯ᠎ᠤᠨ ᠪᠠᠶ᠋ᠢᠷᠢ᠂ 3302 ᠬᠥᠮᠥᠨ ᠬᠡᠷᠡᠭᠯᠡᠬᠦ ᠬᠡᠷᠡᠭᠴᠡᠭᠡ ᠵᠢ ᠪᠠᠭᠲᠠᠭ᠋ᠠᠭᠰᠠᠨ ᠡᠯ᠎ᠡ ᠱᠠᠲᠤᠨ᠎ᠤ ᠡᠯ᠎ᠡ ᠲᠥᠷᠥᠯ᠎ᠤᠨ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ ᠵᠢ ᠬᠠᠮᠤᠷᠪᠠ᠃ ᠢᠳᠡᠪᠬᠢᠲᠡᠢ᠎ᠪᠠᠷ 《ᠭᠠᠷᠴᠤ ᠶᠠᠪᠤᠵᠤ》 ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠠᠵᠢᠯᠯᠠᠭ᠎ᠠ ᠵᠢ ᠥᠷᠨᠢᠭᠦᠯᠵᠦ᠂ ᠭᠣᠣᠯᠳᠠᠯᠭ᠎ᠠ᠎ᠲᠠᠢ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ ᠵᠢ ᠵᠣᠬᠢᠶᠠᠨ ᠪᠠᠢ᠌ᠭᠤᠯᠤᠨ ᠴᠢᠩᠬᠤᠸᠠ ᠶᠡᠬᠡ ᠰᠤᠷᠭ᠋ᠠᠭᠤᠯᠢ᠂ ᠪᠡᠭᠡᠵᠢᠩ ᠶᠡᠬᠡ ᠰᠤᠷᠭ᠋ᠠᠭᠤᠯᠢ ᠵᠡᠷᠭᠡ 《ᠬᠣᠣᠰ ᠲᠡᠷᠢᠭᠦᠨ ᠵᠡᠷᠭᠡ ᠵᠢᠨ》 ᠶᠡᠬᠡ ᠳᠡᠭᠡᠳᠦ ᠰᠤᠷᠭ᠋ᠠᠭᠤᠯᠢ᠎ᠳᠤ ᠣᠴᠢᠵᠤ᠂ 《ᠡᠷᠳᠡᠮᠲᠡᠨ ᠴᠢᠳᠠᠪᠤᠷᠢᠲᠠᠨ᠎ᠢ ᠥᠷᠭᠡᠨ ᠵᠶ᠋ᠡᠷ ᠡᠯᠰᠡᠵᠦ · ᠣᠶᠣᠨ ᠤᠬᠠᠭ᠋ᠠᠨ᠎ᠢ ᠲᠠᠯ᠎ᠠ ᠨᠤᠲᠤᠭ᠎ᠲᠤ ᠴᠤᠭᠯᠠᠭᠤᠯᠬᠤ》 ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠠᠵᠢᠯᠯᠠᠭ᠎ᠠ ᠵᠢ ᠥᠷᠨᠢᠭᠦᠯᠵᠦ᠂ ᠨᠠᠢ᠌ᠳᠠ 2840 ᠬᠥᠮᠥᠨ ᠤᠳᠠᠭ᠎ᠠ᠎ᠲᠠᠢ ᠴᠢᠳᠠᠪᠤᠷᠢᠲᠠᠨ᠎ᠢ ᠡᠯᠰᠡᠬᠦ ᠰᠠᠨᠠᠮᠵᠢ ᠲᠣᠬᠢᠷᠠᠯᠴᠠᠵᠤ᠂ 269 ᠬᠥᠮᠥᠨ᠎ᠲᠠᠢ ᠵᠢᠩᠬᠢᠨᠢ᠎ᠪᠠᠷ ᠭᠡᠷ᠎ᠡ ᠲᠣᠭᠲᠠᠪᠠ᠃ ᠪᠥᠬᠥ ᠵᠢᠯ᠎ᠳᠤ ᠥᠪᠡᠷᠲᠡᠭᠡᠨ ᠵᠠᠰᠠᠬᠤ ᠣᠷᠣᠨ᠎ᠤ ᠳᠡᠭᠡᠳᠦ ᠲᠠᠰ᠎ᠤᠨ ᠴᠢᠳᠠᠪᠤᠷᠢᠲᠠᠨ᠎ᠤ ᠬᠡᠷᠡᠭᠴᠡᠭᠡ ᠵᠢᠨ ᠭᠠᠷᠴᠠᠭ᠎ᠢ 12 ᠪᠦᠯᠦᠭ ᠤᠳᠠᠭ᠎ᠠ ᠬᠥᠳᠡᠯᠦᠩᠭᠦᠢ᠎ᠪᠠᠷ ᠨᠡᠢ᠌ᠲᠡᠯᠡᠵᠦ᠂ 《ᠰᠠᠭ᠋ᠠᠳ ᠦᠭᠡᠢ ᠨᠡᠪᠲᠡᠷᠡᠬᠦ ᠵᠠᠮ》 ᠵᠶ᠋ᠠᠷ ᠳᠠᠮᠵᠢᠭᠤᠯᠤᠨ ᠳ᠋ᠣᠺᠲ᠋ᠣᠷ᠎ᠠᠴᠠ ᠳᠡᠭᠡᠭᠰᠢᠬᠢ ᠰᠤᠷᠤᠯᠭ᠎ᠠ ᠵᠢᠨ ᠨᠠᠮᠲᠠᠷ᠎ᠲᠠᠢ ᠳᠡᠭᠡᠳᠦ ᠲᠠᠰ᠎ᠤᠨ ᠴᠢᠳᠠᠪᠤᠷᠢᠲᠠᠨ᠎ᠢ ᠣᠷᠣᠭᠤᠯᠤᠨ ᠠᠪᠴᠢᠷᠠᠭᠰᠠᠨ ᠬᠥᠮᠥᠨ᠎ᠤ ᠲᠣᠭ᠎ᠠ 2022 ᠣᠨ᠎ᠤ᠎ᠬᠢ᠎ᠠᠴᠠ 120 ᠨᠡᠮᠡᠭᠳᠡᠨ᠂ ᠨᠡᠮᠡᠭᠳᠡᠯ᠎ᠤᠨ ᠬᠡᠮᠵᠢᠶ᠎ᠡ 22.8%᠎ᠳᠤ ᠬᠦᠷᠴᠦ᠂ 469 ᠬᠥᠮᠥᠨ᠎ᠳᠤ ᠬᠦᠷᠴᠦ᠂ ᠳᠡᠭᠡᠳᠦ ᠲᠠᠰ᠎ᠤᠨ ᠴᠢᠳᠠᠪᠤᠷᠢᠲᠠᠨ᠎ᠢ ᠣᠷᠣᠭᠤᠯᠤᠨ ᠠᠪᠴᠢᠷᠠᠭᠰᠠᠨ ᠲᠣᠭ᠎ᠠ ᠬᠡᠮᠵᠢᠶ᠎ᠡ᠎ᠪᠠᠷ ᠬᠠᠮᠤᠭ᠎ᠤᠨ ᠤᠯᠠᠨ ᠨᠢᠭᠡ ᠵᠢᠯ ᠪᠣᠯᠣᠨ᠎ᠠ᠃

      ᠬᠣᠶᠠᠷ᠎ᠲᠤ᠂ ᠮᠡᠷᠭᠡᠵᠢᠯ ᠤᠷ᠎ᠠ ᠴᠢᠳᠠᠪᠤᠷᠢ ᠵᠢᠨ ᠴᠢᠳᠠᠪᠤᠷᠢᠲᠠᠨ᠎ᠢ ᠰᠠᠢ᠌ᠰᠢᠶᠠᠨ ᠬᠥᠬᠢᠭᠦᠯᠵᠦ ᠵᠣᠷᠢᠭᠵᠢᠭᠤᠯᠬᠤ ᠵᠢ ᠴᠢᠩᠭ᠋ᠠᠳᠬᠠᠪᠠ᠃ 2022 ᠣᠨ᠎ᠤ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠣᠨᠴᠠ ᠨᠡᠮᠡᠭᠦᠷᠢ ᠮᠥᠩᠭᠥ ᠵᠢ ᠬᠦᠷᠲᠡᠬᠦ ᠲᠤᠰᠬᠠᠢ ᠮᠡᠷᠭᠡᠵᠢᠯᠲᠡᠨ᠎ᠢ ᠰᠢᠯᠭ᠋ᠠᠷᠠᠭᠤᠯᠤᠨ ᠲᠠᠨᠢᠯᠴᠠᠭᠤᠯᠬᠤ ᠵᠢ ᠪᠡᠶᠡᠯᠡᠭᠦᠯᠵᠦ᠂ ᠲᠠᠨᠢᠯᠴᠠᠭᠤᠯᠬᠤ᠎ᠪᠠᠷ ᠪᠠᠢ᠌ᠭ᠎ᠠ 53 ᠵᠢᠱ᠌ᠢᠭᠳᠡᠭᠴᠢ ᠵᠢ ᠰᠢᠯᠭ᠋ᠠᠷᠠᠭᠤᠯᠤᠨ ᠭᠠᠷᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠵᠶ᠋ᠠᠷ ᠬᠢᠨᠠᠨ ᠲᠣᠭᠲᠠᠭ᠋ᠠᠯᠭ᠋ᠠᠭᠰᠠᠨ᠎ᠤ ᠳᠠᠷᠠᠭ᠎ᠠ ᠣᠲᠣ ᠨᠢᠭᠡᠨᠲᠡ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠳᠤ ᠮᠡᠳᠡᠭᠦᠯᠪᠡ᠃ 2023 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠯᠭ᠋ᠠᠷᠠᠭᠰᠠᠨ ᠴᠢᠳᠠᠪᠤᠷᠢᠲᠠᠨ᠎ᠤ ᠱᠠᠩᠨᠠᠯ᠎ᠢ ᠰᠢᠯᠭ᠋ᠠᠷᠠᠭᠤᠯᠬᠤ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠵᠦ᠂ ᠲᠣᠰ ᠱᠠᠩᠨᠠᠯ᠎ᠤᠨ ᠳᠣᠣᠷ᠎ᠠ ᠪᠠᠰᠠ ᠰᠢᠯᠭ᠋ᠠᠷᠠᠭᠰᠠᠨ ᠴᠢᠳᠠᠪᠤᠷᠢᠲᠠᠨ᠂ ᠲᠣᠪᠣᠢ᠌ᠮ᠎ᠠ ᠬᠤᠪᠢ ᠨᠡᠮᠡᠷᠢ ᠦᠵᠡᠭᠦᠯᠦᠭᠰᠡᠨ ᠲᠤᠰᠬᠠᠢ ᠮᠡᠷᠭᠡᠵᠢᠯᠲᠡᠨ᠂ ᠰᠢᠨ᠎ᠡ ᠵᠢ ᠡᠭᠦᠳᠦᠭᠰᠡᠨ ᠵᠠᠯᠠᠭᠤ ᠴᠢᠳᠠᠪᠤᠷᠢᠲᠠᠨ ᠵᠡᠷᠭᠡ 3 ᠵᠦᠢ᠍ᠯ᠎ᠤᠨ ᠱᠠᠩᠨᠠᠯ᠎ᠢ ᠲᠣᠬᠢᠷᠠᠭᠤᠯᠵᠤ᠂ ᠨᠠᠢ᠌ᠳᠠ 210 ᠬᠥᠮᠥᠨ᠎ᠢ ᠰᠢᠯᠭ᠋ᠠᠷᠠᠭᠤᠯᠤᠨ ᠬᠥᠬᠢᠭᠦᠯᠪᠡ᠃ ᠥᠪᠥᠷ ᠮᠣᠩᠭᠣᠯ᠎ᠤᠨ ᠤᠷ᠎ᠠ ᠴᠢᠳᠠᠪᠤᠷᠢ ᠵᠢᠨ ᠲᠣᠮᠣ ᠱᠠᠩᠨᠠᠯ᠎ᠢ ᠰᠢᠯᠭ᠋ᠠᠷᠠᠭᠤᠯᠬᠤ ᠠᠵᠢᠯ᠎ᠢ ᠠᠩᠬ᠎ᠠ ᠤᠳᠠᠭ᠎ᠠ ᠥᠷᠨᠢᠭᠦᠯᠵᠦ᠂ 10 ᠨᠡᠷᠡᠰ ᠳᠡᠭᠡᠳᠦ ᠲᠡᠰ᠎ᠤᠨ ᠰᠢᠯᠢᠳᠡᠭ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠬᠥᠬᠢᠭᠦᠯᠦᠨ ᠰᠠᠢ᠌ᠰᠢᠶᠠᠪᠠ᠃ ᠥᠪᠡᠷᠲᠡᠭᠡᠨ ᠵᠠᠰᠠᠬᠤ ᠣᠷᠣᠨ᠎ᠤ ᠰᠦ ᠵᠢᠨ ᠦᠢ᠍ᠯᠡᠰ᠂ ᠠᠯᠠᠰᠢᠨ ᠬᠣᠨᠢ᠂ ᠣᠲᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠡᠷᠭᠡ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠬᠡᠪᠴᠢᠶᠡᠵᠢᠯ᠎ᠠᠴᠠ ᠳᠡᠭᠡᠭᠰᠢᠬᠢ ᠪᠠ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠢ᠌ᠯᠠᠯ᠎ᠤᠨ ᠲᠣᠭᠣᠷᠢᠨ᠎ᠳᠤ᠂ ᠠᠵᠤ ᠠᠬᠤᠢ᠌ᠯᠠᠯ᠎ᠤᠨ ᠳᠡᠭᠡᠳᠦ ᠲᠠᠰ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ ᠬᠥᠮᠥᠵᠢᠭᠦᠯᠬᠦ ᠵᠢ ᠱᠠᠩᠨᠠᠨ ᠬᠥᠬᠢᠭᠦᠯᠵᠦ ᠳᠡᠮᠵᠢᠬᠦ ᠠᠵᠢᠯ᠎ᠢ ᠥᠷᠨᠢᠭᠦᠯᠵᠦ᠂ 57 ᠠᠵᠤ ᠠᠬᠤᠢ᠌ᠯᠠᠯ᠎ᠳᠤ 1145.8 ᠲᠦᠮᠡᠨ ᠲᠥᠭᠥᠷᠢᠭ᠎ᠤᠨ ᠪᠡᠯᠡ ᠮᠥᠩᠭᠥ ᠵᠢᠨ ᠳᠡᠮᠵᠢᠯᠭᠡ ᠣᠯᠭᠣᠵᠤ᠂ ᠠᠵᠤ ᠠᠬᠤᠢ᠌ᠯᠠᠯ᠎ᠤᠨ ᠰᠢᠯᠢᠳᠡᠭ ᠢᠨᠵᠧᠨᠧᠷ᠎ᠢ ᠣᠷᠣᠭᠤᠯᠤᠨ ᠠᠪᠴᠢᠷᠠᠬᠤ ᠵᠢ ᠬᠥᠲᠥᠯᠥᠨ ᠵᠢᠯᠤᠭᠣᠳᠴᠤ᠂ ᠠᠵᠤ ᠠᠬᠤᠢ᠌ᠯᠠᠯ᠎ᠤᠨ ᠰᠢᠨ᠎ᠡ ᠵᠢ ᠡᠭᠦᠳᠦᠨ ᠬᠥᠭᠵᠢᠬᠦ ᠵᠢ ᠠᠬᠢᠭᠤᠯᠪᠠ᠃

      ᠭᠤᠷᠪᠠ᠎ᠳᠤ᠂ ᠮᠡᠷᠭᠡᠵᠢᠯ ᠤᠷ᠎ᠠ ᠴᠢᠳᠠᠪᠤᠷᠢ ᠵᠢᠨ ᠴᠢᠳᠠᠪᠤᠷᠢᠲᠠᠨ᠎ᠢ ᠰᠢᠨᠵᠢᠯᠡᠬᠦ ᠤᠬᠠᠭ᠋ᠠᠨᠴᠢ᠎ᠪᠠᠷ ᠦᠨᠡᠯᠡᠬᠦ ᠬᠢᠷᠢ ᠲᠦᠪᠰᠢᠨ᠎ᠢ ᠳᠡᠭᠡᠭᠰᠢᠯᠡᠭᠦᠯᠪᠡ᠃ ᠮᠡᠷᠭᠡᠵᠢᠯ᠎ᠤᠨ ᠴᠣᠯᠠ ᠵᠢ ᠦᠨᠡᠯᠡᠬᠦ ᠪᠠᠷᠢᠮᠵᠢᠶ᠎ᠠ ᠵᠢ ᠲᠡᠭᠦᠯᠳᠡᠷᠵᠢᠭᠦᠯᠵᠦ᠂ 25 ᠰᠢᠷᠢᠰ 56 ᠲᠤᠰᠬᠠᠢ ᠮᠡᠷᠭᠡᠵᠢᠯ᠎ᠤᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠨᠥᠬᠥᠴᠡᠯ᠎ᠳᠤ ᠵᠠᠰᠠᠪᠤᠷᠢ ᠣᠷᠣᠭᠤᠯᠤᠨ ᠳᠠᠭᠤᠰᠬᠠᠵᠤ᠂ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠡᠷᠬᠡ ᠵᠢ ᠵᠦᠢ ᠵᠣᠬᠢᠰᠲᠠᠢ᠎ᠪᠠᠷ ᠳᠣᠷᠣᠭᠰᠢ ᠪᠠᠭᠤᠯᠭ᠋ᠠᠵᠤ᠂ ᠪᠡᠶ᠎ᠡ᠎ᠪᠠᠨ ᠳᠠᠭ᠋ᠠᠭ᠋ᠠᠵᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠨᠢᠭᠡᠴᠢ ᠵᠢ 71 ᠪᠣᠯᠭ᠋ᠠᠨ ᠨᠡᠮᠡᠭᠳᠡᠭᠦᠯᠪᠡ᠃ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠦᠨᠡᠯᠡᠬᠦ ᠲᠠᠯ᠎ᠠ᠎ᠪᠠᠷ᠂ 《ᠰᠢᠨ᠎ᠡ ᠨᠠᠢ᠍ᠮᠠᠨ ᠳᠡᠰ᠎ᠤᠨ ᠠᠵᠢᠯᠴᠢᠨ》᠎ᠤ ᠳᠦᠷᠢᠮ᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠳᠡᠰ᠎ᠢ ᠬᠢᠨᠠᠨ ᠲᠣᠭᠲᠠᠭ᠋ᠠᠬᠤ ᠵᠢ ᠪᠥᠬᠥ ᠲᠠᠯ᠎ᠠ᠎ᠪᠠᠷ ᠵᠢᠷᠤᠮᠵᠢᠭᠤᠯᠤᠨ᠂ ᠳᠡᠭᠡᠳᠦ ᠲᠡᠰ᠎ᠤᠨ ᠤᠷ᠎ᠠ ᠮᠡᠷᠭᠡᠵᠢᠯ᠎ᠤᠨ ᠴᠢᠳᠠᠪᠤᠷᠢᠲᠠᠨ ᠬᠢᠭᠡᠳ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠠᠵᠢᠯ ᠦᠢ᠍ᠯᠡᠰ᠎ᠤᠨ ᠬᠥᠭᠵᠢᠯᠲᠡ ᠵᠢᠨ ᠵᠠᠮ᠎ᠢ ᠨᠠᠪᠲᠠᠷᠡᠭᠦᠯᠵᠦ᠂ ᠮᠡᠷᠭᠡᠵᠢᠯ ᠤᠷ᠎ᠠ ᠴᠢᠳᠠᠪᠤᠷᠢ ᠵᠢᠨ ᠴᠢᠳᠠᠪᠤᠷᠢᠲᠠᠨ᠎ᠤ ᠰᠢᠨ᠎ᠡ ᠵᠢ ᠡᠭᠦᠳᠬᠦ ᠪᠠ ᠦᠢ᠍ᠯᠡᠰ ᠪᠣᠰᠬᠠᠬᠤ ᠠᠮᠢᠵᠢᠷᠠᠯ᠎ᠤᠨ ᠬᠦᠴᠦᠨ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠬᠥᠭᠵᠢᠭᠡᠨ ᠪᠠᠳᠠᠷᠠᠭᠤᠯᠪᠠ᠃

      ᠳᠥᠷᠪᠡ᠎ᠳᠤ᠂ ᠴᠢᠳᠠᠪᠤᠷᠢᠲᠠᠨ᠎ᠤ ᠦᠨᠳᠦᠰᠦᠨ ᠱᠠᠲᠤᠨ ᠵᠦᠭ ᠰᠢᠯᠵᠢᠬᠦ ᠵᠢ ᠬᠥᠲᠥᠯᠥᠨ ᠵᠢᠯᠣᠭᠣᠳᠪᠠ᠃ ᠪᠥᠬᠥ ᠣᠷᠣᠨ᠎ᠤ ᠴᠢᠳᠠᠪᠤᠷᠢᠲᠠᠨ᠎ᠤ ᠲᠡᠩᠴᠡᠭᠦᠷᠢᠲᠡᠢ ᠪᠥᠭᠡᠳ ᠵᠣᠬᠢᠴᠠᠩᠭᠤᠢ᠎ᠪᠠᠷ ᠬᠥᠭᠵᠢᠬᠦ ᠵᠢ ᠠᠬᠢᠭᠤᠯᠵᠤ᠂ ᠠᠵᠢᠯ ᠦᠢ᠍ᠯᠡᠰ᠎ᠤᠨ ᠨᠢᠭᠡᠴᠢ ᠵᠢᠨ ᠢᠯᠡ᠎ᠪᠠᠷ ᠠᠵᠢᠯᠲᠠᠨ ᠠᠵᠢᠯᠴᠢᠨ ᠤᠷᠢᠨ ᠡᠯᠰᠡᠬᠦ ᠠᠵᠢᠯᠯᠠᠭ᠎ᠠ᠎ᠳᠤ ᠲᠦᠰᠢᠭᠯᠡᠨ᠂ ᠬᠢᠯᠢ ᠬᠢᠵᠠᠭ᠋ᠠᠷ᠎ᠤᠨ ᠬᠣᠰᠢᠭᠤ ᠬᠣᠲᠠ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠭᠣᠣᠯᠳᠠᠯᠭ᠎ᠠ᠎ᠲᠠᠢ ᠬᠠᠪᠰᠤᠷᠤᠨ ᠲᠡᠳᠬᠦᠬᠦ ᠬᠣᠰᠢᠭᠤ ᠰᠢᠶᠠᠨ᠎ᠤ ᠲᠤᠰᠬᠠᠢ ᠲᠠᠯᠠᠪᠠᠢ ᠠᠵᠢᠯᠲᠠᠨ ᠠᠵᠢᠯᠴᠢᠨ᠎ᠢ ᠤᠷᠢᠨ ᠡᠯᠰᠡᠬᠦ ᠵᠢ ᠢᠳᠡᠪᠬᠢᠲᠡᠢ ᠥᠷᠨᠢᠭᠦᠯᠵᠦ᠂ ᠪᠠᠴᠢᠮ ᠬᠡᠷᠡᠭᠴᠡᠭᠡ᠎ᠲᠠᠢ ᠳᠤᠲᠠᠭᠳᠠᠵᠤ ᠪᠠᠢ᠌ᠭ᠎ᠠ ᠴᠢᠳᠠᠪᠤᠷᠢᠲᠠᠨ᠎ᠢ ᠡᠯᠰᠡᠬᠦ᠎ᠳᠡᠭᠡᠨ ᠤᠷᠢᠨ ᠡᠯᠰᠡᠬᠦ ᠲᠥᠯᠥᠪᠯᠡᠭᠡ ᠳᠣᠲᠣᠷ᠎ᠠ᠎ᠠᠴᠠ ᠵᠣᠬᠢᠬᠤ ᠲᠣᠭ᠋ᠠᠨ᠎ᠤ ᠠᠵᠢᠯ᠎ᠤᠨ ᠪᠠᠶ᠋ᠢᠷᠢ ᠵᠢ ᠭᠠᠷᠭ᠋ᠠᠵᠤ᠂ 《ᠭᠠᠳᠠᠭᠰᠢ ᠭᠠᠷᠬᠤ》 ᠬᠡᠯᠪᠡᠷᠢ ᠵᠢ ᠠᠪᠴᠤ ᠲᠤᠰᠬᠠᠢ ᠤᠷᠢᠨ ᠡᠯᠰᠡᠬᠦ ᠠᠵᠢᠯ᠎ᠢ ᠥᠷᠨᠢᠭᠦᠯᠪᠡ᠃ ᠬᠣᠰᠢᠭᠤ ᠰᠢᠶᠠᠨ᠎ᠤ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠰᠢᠯᠭ᠋ᠠᠷᠠᠭᠤᠯᠤᠨ ᠤᠷᠢᠨ ᠬᠡᠷᠡᠭᠯᠡᠬᠦ ᠵᠥᠷᠢᠴᠡᠯ᠎ᠢ ᠪᠦᠲᠦᠮᠵᠢᠲᠡᠢ ᠰᠢᠢ᠍ᠳᠪᠦᠷᠢᠯᠡᠬᠦ ᠵᠢᠨ ᠲᠥᠯᠥᠭᠡ᠂ ᠲᠤᠰᠬᠠᠢ᠌ᠯᠠᠨ ᠦᠨᠳᠦᠰᠦᠨ ᠱᠠᠲᠤᠨ᠎ᠤ ᠠᠵᠢᠯ ᠦᠢ᠍ᠯᠡᠰ᠎ᠤᠨ ᠨᠢᠭᠡᠴᠢ᠎ᠳᠤ ᠬᠠᠨᠳᠤᠯᠭ᠎ᠠ᠎ᠲᠠᠢ ᠳᠡᠭᠡᠳᠦ ᠵᠡᠷᠭᠡ ᠵᠢᠨ ᠠᠵᠢᠯ᠎ᠤᠨ ᠪᠠᠶ᠋ᠢᠷᠢ ᠵᠢ ᠠᠰ᠎ᠲᠤᠨᠢ ᠲᠣᠬᠢᠷᠠᠭᠤᠯᠵᠤ᠂ ᠦᠨᠳᠦᠰᠦᠨ ᠱᠠᠲᠤᠨ᠎ᠤ ᠰᠢᠯᠢᠳᠡᠭ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠴᠣᠯᠭᠣᠷᠠᠨ ᠭᠠᠷᠬᠤ ᠵᠢ ᠵᠣᠷᠢᠭᠵᠢᠭᠤᠯᠬᠤ᠎ᠳᠤ ᠬᠡᠷᠡᠭᠯᠡᠪᠡ᠃ ᠣᠳᠣᠬᠠᠨ᠎ᠳᠤ᠂ ᠬᠠᠨᠳᠤᠯᠭ᠎ᠠ᠎ᠲᠠᠢ ᠠᠵᠢᠯ᠎ᠤᠨ ᠪᠠᠶ᠋ᠢᠷᠢ᠎ᠨᠢ ᠪᠥᠬᠥ ᠣᠷᠣᠨ᠎ᠤ ᠰᠤᠷᠭ᠋ᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭ᠋ᠠᠯᠠᠯ᠂ ᠲᠠᠷᠢᠶᠠᠯᠠᠩ ᠮᠠᠯ ᠠᠵᠤ ᠠᠬᠤᠢ ᠵᠡᠷᠭᠡ ᠦᠨᠳᠦᠰᠦᠨ ᠱᠠᠲᠤᠨ᠎ᠤ ᠡᠯ᠎ᠡ ᠬᠦᠷᠢᠶᠡᠨ᠎ᠳᠤ ᠴᠢᠳᠠᠪᠤᠷᠢᠲᠠᠨ᠎ᠢ ᠬᠤᠷᠠᠮᠳᠤᠭᠤᠯᠬᠤ ᠲᠠᠯ᠎ᠠ᠎ᠪᠠᠷ᠂ ᠰᠠᠶ᠋ᠢᠨ ᠰᠠᠢ᠌ᠬᠠᠨ ᠲᠥᠷᠥ ᠵᠢᠨ ᠪᠣᠳᠣᠯᠭ᠎ᠠ ᠵᠢᠨ ᠦᠢ᠍ᠯᠡᠳᠦᠯ ᠴᠢᠳᠠᠪᠤᠷᠢ ᠵᠢ ᠪᠠᠳᠠᠷᠠᠭᠤᠯᠪᠠ᠃

      ᠳᠡᠭᠡᠷᠡᠬᠢ ᠪᠣᠯ ᠮᠢᠨᠤ ᠬᠠᠷᠢᠭᠤᠯᠲᠠ᠂ ᠪᠠᠶᠠᠷᠯᠠᠯ᠎ᠠ!

      ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶ᠎ᠠ ᠵᠢᠨ ᠰᠤᠷᠪᠤᠯᠵᠢᠯᠠᠭᠴᠢ᠄ ᠰᠠᠶᠢ ᠵᠢᠨ ᠨᠡᠢ᠌ᠲᠡᠯᠡᠭᠰᠡᠨ ᠦᠭᠡᠰ᠎ᠤᠨ ᠳᠣᠲᠣᠷ᠎ᠠ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ 《ᠭᠠᠷ ᠭᠠᠷ ᠵᠶ᠋ᠠᠨ ᠬᠣᠯᠪᠣᠨ ᠦᠨᠳᠦᠰᠦᠨ ᠱᠠᠲᠤ᠎ᠲᠠᠢ ᠬᠠᠷᠢᠯᠴᠠᠬᠤ》 ᠠᠵᠢᠯᠯᠠᠭ᠎ᠠ ᠵᠢ ᠰᠢᠨ᠎ᠡ ᠵᠢ ᠡᠭᠦᠳᠦᠨ ᠥᠷᠨᠢᠭᠦᠯᠪᠡ ᠭᠡᠵᠦ ᠳᠤᠷᠠᠳᠤᠭᠰᠠᠨ ᠪᠠᠢ᠌ᠨ᠎ᠠ᠂ ᠬᠠᠮᠢᠶ᠎ᠠ ᠪᠦᠬᠦᠢ ᠠᠷᠭ᠎ᠠ ᠬᠢᠳᠡᠯ ᠪᠠ ᠣᠯᠣᠭᠰᠠᠨ ᠦᠷ᠎ᠡ ᠪᠦᠲᠦᠮᠵᠢ᠎ᠪᠠᠨ ᠲᠥᠬᠥᠮ ᠲᠠᠨᠢᠯᠴᠠᠭᠤᠯᠵᠤ ᠦᠭᠬᠦᠨᠡᠦ? ᠪᠠᠶᠠᠷᠯᠠᠯ᠎ᠠ᠃

      ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠭᠠᠵᠠᠷ᠎ᠤᠨ ᠳᠠᠷᠤᠭ᠎ᠠ ᠸᠠᠩ ᠰᠢᠶᠣᠣ ᠶᠢᠩ᠄ ᠰᠤᠷᠪᠤᠯᠵᠢᠯᠠᠭᠴᠢ ᠲᠠᠨ᠎ᠤ ᠠᠰᠠᠭᠤᠭᠰᠠᠨ᠎ᠳᠤ ᠲᠠᠯᠠᠷᠬᠠᠵᠤ ᠪᠠᠢ᠌ᠨ᠎ᠠ᠂ ᠪᠢ ᠲᠠᠨ᠎ᠤ ᠡᠨᠡ ᠠᠰᠠᠭᠤᠯᠲᠠ ᠵᠢ ᠬᠠᠷᠢᠭᠤᠯᠤᠶ᠎ᠠ᠃

      ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠢ ᠥᠷᠨᠢᠭᠦᠯᠦᠭᠰᠡᠨ ᠠᠵᠠ ᠲᠣᠬᠢᠶᠠᠯ᠎ᠢ ᠪᠣᠯᠭ᠋ᠠᠵᠤ᠂ 《ᠭᠠᠷ ᠭᠠᠷ ᠵᠶ᠋ᠠᠨ ᠬᠣᠯᠪᠣᠨ ᠦᠨᠳᠦᠰᠦᠨ ᠱᠠᠲᠤ᠎ᠲᠠᠢ ᠬᠠᠷᠢᠯᠴᠠᠬᠤ》 ᠠᠵᠢᠯᠯᠠᠭ᠎ᠠ ᠵᠢ ᠨᠠᠷᠢᠨ ᠨᠢᠮᠪᠠᠢ ᠪᠠᠢ᠌ᠷᠢᠯᠠᠭᠤᠯᠤᠨ ᠥᠷᠨᠢᠭᠦᠯᠵᠦ᠂ 《1+2》᠎ᠤᠨ ᠬᠠᠷᠢᠯᠴᠠᠬᠤ ᠲᠣᠭᠲᠠᠴᠠ ᠵᠢ ᠪᠠᠢ᠌ᠭᠤᠯᠤᠨ᠂ ᠲᠢᠩᠬᠢᠮ᠎ᠤᠨ ᠲᠠᠰ᠎ᠤᠨ ᠤᠳᠤᠷᠢᠳᠬᠤ ᠺᠠᠳ᠋ᠷ ᠨᠢᠭᠡᠪᠦᠷᠢ 1 ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠢ ᠳᠠᠭ᠋ᠠᠭ᠋ᠠᠴᠢᠯᠠᠨ ᠬᠠᠷᠢᠯᠴᠠᠵᠤ᠂ ᠲᠢᠩᠬᠢᠮ ᠲᠣᠰ ᠱᠠᠲᠤᠨ᠎ᠤ ᠭᠠᠵᠠᠷ ᠲᠠᠰᠤᠭ᠂ ᠨᠢᠭᠡᠴᠢ ᠲᠣᠰ ᠲᠣᠰ 2 ᠬᠣᠰᠢᠭᠤ ᠰᠢᠶᠠᠨ ᠲᠣᠭᠣᠷᠢᠭ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠲᠠᠢ ᠬᠠᠪᠰᠤᠷᠤᠯᠴᠠᠭ᠎ᠠ ᠪᠠᠢ᠌ᠭᠤᠯᠤᠨ ᠬᠠᠷᠢᠯᠴᠠᠵᠤ᠂ ᠺᠠᠳ᠋ᠷᠴᠤᠳ᠎ᠤᠨ ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ ᠭᠦᠨᠵᠡᠭᠡᠢ᠌ᠷᠡᠨ ᠠᠰᠠᠭᠤᠳᠠᠯ ᠡᠷᠢᠬᠦ᠂ ᠠᠷᠠᠳ᠎ᠤᠨ ᠪᠠᠶ᠋ᠢᠳᠠᠯ᠎ᠢ ᠪᠠᠢ᠌ᠴᠠᠭ᠋ᠠᠬᠤ ᠵᠢ ᠠᠬᠢᠭᠤᠯᠵᠤ᠂ ᠬᠦᠴᠦᠲᠡᠢ ᠠᠷᠭ᠎ᠠ ᠬᠡᠮᠵᠢᠶ᠎ᠡ ᠠᠪᠴᠤ ᠪᠥᠬᠥ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠬᠦᠷᠢᠶᠡᠨ᠎ᠳᠠᠬᠢ ᠠᠵᠢᠯ ᠲᠥᠷᠥᠯ᠎ᠤᠨ ᠰᠤᠷᠲᠠᠯ᠎ᠤᠨ ᠪᠠᠢ᠌ᠭᠤᠯᠤᠯᠲᠠ ᠵᠢ ᠠᠬᠢᠭᠤᠯᠪᠠ᠃ ᠪᠥᠬᠥ ᠵᠢᠯ᠎ᠳᠤ ᠨᠠᠢ᠌ᠳᠠ 4 ᠪᠦᠯᠦᠭ ᠤᠳᠠᠭ᠎ᠠ᠎ᠤᠨ ᠠᠵᠢᠯᠯᠠᠬᠤ ᠠᠩᠭᠢ ᠵᠢᠨ ᠭᠡᠰᠢᠭᠦᠨ᠎ᠢ ᠲᠣᠮᠢᠯᠠᠵᠤ᠂ ᠬᠣᠰᠢᠭᠤ ᠰᠢᠶᠠᠨ ᠲᠣᠭᠣᠷᠢᠭ ᠨᠢᠭᠡᠪᠦᠷᠢ ᠵᠢᠨ ᠲᠤᠬᠠᠢ ᠵᠢᠨ ᠭᠠᠵᠠᠷ᠎ᠲᠤᠨᠢ ᠪᠠᠢ᠌ᠴᠠᠭ᠋ᠠᠨ ᠰᠤᠳᠤᠯᠤᠯᠲᠠ ᠬᠢᠵᠦ ᠵᠢᠯᠤᠭᠣᠳᠬᠤ ᠴᠠᠭ 27 ᠡᠳᠦᠷ᠎ᠢ ᠳᠠᠪᠠᠪᠠ᠃

      《ᠴᠡᠭ᠎ᠲᠤ ᠰᠠᠭᠤᠬᠤ ᠬᠡᠯᠪᠡᠷᠢ》 ᠵᠢᠨ ᠪᠠᠢ᠌ᠴᠠᠭ᠋ᠠᠨ ᠰᠤᠳᠤᠯᠤᠯᠲᠠ᠎ᠪᠠᠷ᠂ ᠦᠨᠳᠦᠰᠦᠨ ᠱᠠᠲᠤᠨ᠎ᠤ ᠠᠵᠢᠯ᠎ᠤᠨ ᠪᠠᠶ᠋ᠢᠳᠠᠯ᠎ᠢ 《ᠪᠥᠬᠥ ᠲᠠᠯ᠎ᠠ᠎ᠪᠠᠷ ᠲᠣᠳᠣᠷᠬᠠᠢ ᠣᠢ᠌ᠯᠠᠭ᠋ᠠᠪᠠ》 ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢ ᠰᠠᠶ᠋ᠢᠲᠤᠷ ᠪᠡᠶᠡᠯᠡᠭᠦᠯᠬᠦ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠥᠬᠥ ᠲᠠᠯ᠎ᠠ᠎ᠪᠠᠷ ᠪᠦᠲᠦᠭᠡᠨ ᠪᠠᠢ᠌ᠭᠤᠯᠬᠤ ᠡᠨᠡ ᠬᠣᠶᠠᠷ ᠶᠡᠬᠡ ᠶᠠᠪᠤᠳᠠᠯ᠎ᠳᠤ ᠪᠥᠬᠥ ᠠᠩᠬᠠᠷᠤᠯ ᠵᠶ᠋ᠠᠨ ᠲᠥᠪᠯᠡᠷᠡᠭᠦᠯᠵᠦ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ ᠡᠭᠦᠷᠭᠡ ᠲᠤᠰᠢᠶᠠᠯ ᠡᠭᠦᠷᠭᠡ ᠬᠠᠷᠢᠭᠤᠴᠠᠯᠭ᠎ᠠ᠎ᠳᠤ ᠰᠠᠭᠤᠷᠢᠯᠠᠨ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠬᠦᠷᠢᠶᠡᠨ᠎ᠳᠠᠬᠢ 33 ᠵᠦᠢ᠍ᠯ᠎ᠤᠨ ᠭᠣᠣᠯᠳᠠᠯᠭ᠎ᠠ᠎ᠲᠠᠢ ᠠᠵᠢᠯ᠎ᠢ ᠰᠣᠩᠭᠣᠨ᠂ 《ᠦᠨᠳᠦᠰᠦᠨ ᠱᠠᠲᠤ᠎ᠲᠠᠢ ᠬᠠᠷᠢᠯᠴᠠᠬᠤ ᠵᠢᠯᠣᠭᠣᠳᠤᠮᠵᠢ ᠵᠢᠨ ᠭᠠᠷ ᠳᠡᠪᠲᠡᠷ》᠎ᠢ ᠵᠣᠬᠢᠶᠠᠵᠤ᠂ ᠲᠥᠪᠯᠡᠷᠡᠯ᠎ᠤᠨ ᠴᠡᠭ᠎ᠢ ᠣᠨᠣᠪᠴᠢᠲᠠᠢ ᠡᠷᠢᠵᠦ ᠣᠯᠵᠤ᠂ ᠬᠠᠷᠠᠯᠲᠠ᠎ᠲᠠᠢ᠎ᠪᠠᠷ ᠰᠡᠳᠦᠪ ᠰᠣᠩᠭᠣᠵᠤ᠂ ᠦᠨᠡᠨ ᠬᠦ᠌ ᠪᠠᠢ᠌ᠴᠠᠭ᠋ᠠᠨ ᠪᠣᠳᠠᠲᠠᠢ ᠰᠤᠳᠤᠯᠪᠠ᠃ ᠪᠠᠢ᠌ᠴᠠᠭ᠋ᠠᠨ ᠰᠤᠳᠤᠯᠤᠯᠲᠠ᠎ᠳᠤ ᠦᠨᠳᠦᠰᠦᠨ ᠲᠣᠭ᠎ᠠ ᠪᠦᠷᠢᠳᠬᠡᠯ ᠲᠣᠳᠣᠷᠬᠠᠢ᠂ ᠪᠠᠶ᠋ᠢᠳᠠᠯ ᠲᠣᠳᠣᠷᠬᠠᠢ ᠪᠠᠢ᠌ᠬᠤ ᠵᠢ ᠪᠡᠶᠡᠯᠡᠭᠦᠯᠵᠦ᠂ ᠪᠠᠢ᠌ᠴᠠᠭ᠋ᠠᠨ ᠰᠤᠳᠤᠯᠤᠯᠲᠠ ᠵᠢᠨ ᠪᠣᠳᠠᠲᠤ ᠦᠷ᠎ᠡ ᠪᠦᠲᠦᠮᠵᠢ ᠵᠢ ᠪᠠᠲᠤᠯᠠᠵᠤ᠂ ᠪᠠᠢ᠌ᠴᠠᠭ᠋ᠠᠨ ᠰᠤᠳᠤᠯᠤᠯᠲᠠ᠎ᠪᠠᠷ ᠳᠠᠮᠵᠢᠨ ᠦᠨᠳᠦᠰᠦᠨ ᠱᠠᠲᠤᠨ᠎ᠤ ᠡᠯ᠎ᠡ ᠵᠦᠢ᠍ᠯ᠎ᠤᠨ ᠠᠰᠠᠭᠤᠳᠠᠯ ᠪᠠ ᠭᠣᠮᠣᠳᠠᠯ ᠱᠠᠭ᠋ᠠᠷᠳᠠᠯᠭ᠎ᠠ ᠵᠢ 365 ᠬᠤᠪᠢ ᠢᠯᠡᠷᠡᠭᠦᠯᠵᠦ᠂ ᠨᠢᠭᠡᠨᠲᠡ 344 ᠵᠢ᠎ᠨᠢ ᠰᠢᠢ᠍ᠳᠪᠦᠷᠢᠯᠡᠪᠡ᠂ ᠪᠤᠰᠤᠳ ᠵᠦᠢ᠍ᠯ᠎ᠢ᠎ᠨᠢ ᠶᠠᠭ ᠠᠯᠬᠤᠮ ᠠᠯᠬᠤᠮ ᠵᠶ᠋ᠠᠷ ᠰᠢᠢ᠍ᠳᠪᠦᠷᠢᠯᠡᠵᠦ ᠪᠣᠢ᠃

      《ᠲᠣᠣᠷ ᠲᠠᠲᠠᠬᠤ ᠬᠡᠯᠪᠡᠷᠢ》᠎ᠪᠠᠷ ᠵᠢᠭᠰᠠᠭ᠋ᠠᠨ ᠪᠠᠢ᠌ᠴᠠᠭ᠋ᠠᠵᠤ᠂ ᠬᠥᠳᠡᠯᠮᠦᠷᠢ ᠬᠥᠮᠥᠨ ᠬᠡᠷᠡᠭᠯᠡᠬᠦ ᠠᠰᠠᠭᠤᠳᠠᠯ᠎ᠢ 《ᠢᠯᠡᠷᠡᠭᠦᠯᠪᠡ》 ᠬᠥᠳᠡᠯᠮᠦᠷᠢ ᠬᠥᠮᠥᠨ ᠬᠡᠷᠡᠭᠯᠡᠬᠦ ᠬᠦᠷᠢᠶᠡᠨ᠎ᠳᠤ ᠣᠷᠣᠰᠢᠵᠤ ᠪᠠᠢ᠌ᠭ᠎ᠠ ᠲᠣᠪᠣᠢ᠌ᠮ᠎ᠠ ᠠᠰᠠᠭᠤᠳᠠᠯ᠎ᠳᠤ ᠴᠢᠭᠯᠡᠭᠦᠯᠦᠨ᠂ ᠠᠵᠢᠯᠲᠠᠳ ᠡᠯ᠎ᠡ ᠭᠠᠵᠠᠷ᠎ᠤᠨ 《ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠠᠵᠢᠯ᠎ᠤᠨ ᠪᠦᠬᠦ ᠬᠦᠷᠢᠶ᠎ᠡ ᠴᠠᠷᠠᠭ᠎ᠠ᠂ ᠬᠥᠳᠡᠯᠮᠦᠷᠢ ᠬᠥᠮᠥᠨ ᠬᠡᠷᠡᠭᠯᠡᠬᠦ ᠪᠦᠬᠦ ᠬᠡᠯᠬᠢᠶ᠎ᠡ》᠎ᠳᠤ ᠬᠢᠨᠠᠨ ᠪᠠᠢ᠌ᠴᠠᠭ᠋ᠠᠵᠤ ᠬᠠᠤᠯᠢ ᠬᠡᠷᠡᠭᠵᠢᠭᠦᠯᠬᠦ ᠠᠵᠢᠯᠯᠠᠭ᠎ᠠ ᠥᠷᠨᠢᠭᠦᠯᠬᠦ ᠵᠢ ᠭᠦᠨᠵᠡᠭᠡᠢ ᠵᠢᠭ᠋ᠠᠨ ᠵᠢᠯᠤᠭᠣᠳᠴᠤ᠂ ᠠᠵᠤ ᠠᠬᠤᠢ᠌ᠯᠠᠯ᠎ᠳᠤ 《ᠰᠤᠳᠠᠯ ᠪᠠᠷᠢᠵᠤ ᠥᠭᠭᠦᠨ ᠬᠠᠮᠲᠤᠷᠠᠨ ᠣᠨᠣᠰᠢᠯᠠᠬᠤ》 ᠠᠵᠢᠯ᠎ᠢ ᠥᠷᠨᠢᠭᠦᠯᠵᠦ᠂ ᠠᠵᠤ ᠠᠬᠤᠢ᠌ᠯᠠᠯ᠎ᠤᠨ ᠬᠥᠳᠡᠯᠮᠦᠷᠢ ᠬᠥᠮᠥᠨ ᠬᠡᠷᠡᠭᠯᠡᠬᠦ ᠲᠦᠭᠰᠢᠭᠦᠷᠢ ᠵᠢ ᠰᠡᠷᠭᠡᠢ᠌ᠯᠡᠬᠦ ᠵᠢ ᠵᠢᠭ᠋ᠠᠨ ᠵᠢᠯᠤᠭᠣᠳᠴᠤ᠂ ᠠᠵᠤ ᠠᠬᠤᠢ᠌ᠯᠠᠯ᠎ᠤᠨ ᠬᠥᠮᠥᠨ ᠬᠡᠷᠡᠭᠯᠡᠬᠦ ᠠᠵᠢᠯᠯᠠᠭ᠎ᠠ ᠵᠢ ᠵᠢᠷᠤᠮᠵᠢᠭᠤᠯᠵᠠᠢ᠃ ᠪᠦᠬᠦ ᠵᠢᠯ᠎ᠳᠤ ᠡᠯ᠎ᠡ ᠳᠦᠷᠦᠯ᠎ᠤᠨ ᠬᠥᠮᠥᠨ ᠬᠡᠷᠡᠭᠯᠡᠬᠦ 4687 ᠨᠢᠭᠡᠴᠢ᠎ᠳᠤ ᠭᠦᠨᠵᠡᠭᠡᠢ᠌ᠷᠡᠵᠦ᠂ 46.5 ᠲᠦᠮᠡᠨ ᠬᠥᠳᠡᠯᠮᠦᠷᠢᠴᠢᠨ᠎ᠳᠤ ᠬᠣᠯᠪᠣᠭᠳᠠᠵᠤ᠂ ᠢᠯᠡᠷᠡᠭᠦᠯᠦᠭᠰᠡᠨ 2090 ᠵᠤᠷᠪᠤᠰ ᠠᠰᠠᠭᠤᠳᠠᠯ᠎ᠢ ᠨᠢᠭᠡᠨᠲᠡ ᠪᠦᠬᠦᠨ᠎ᠢ ᠴᠡᠭᠴᠡᠯᠡᠨ ᠰᠠᠢ᠌ᠵᠢᠷᠠᠭᠤᠯᠪᠠ᠃

      《ᠪᠠᠶᠠᠳᠠᠨ ᠣᠢ᠌ᠯᠠᠭ᠋ᠠᠬᠤ ᠮᠠᠶᠢᠭ》᠎ᠤᠨ ᠲᠥᠷᠥᠭᠳᠡᠯ ᠣᠯᠭᠣᠵᠤ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠦᠢ᠍ᠯᠡᠴᠢᠯᠡᠭᠡᠨ᠎ᠤ ᠶᠠᠪᠤᠴᠠ ᠵᠢ 《ᠳᠠᠬᠢᠨ ᠰᠢᠯᠢᠳᠡᠭᠵᠢᠭᠦᠯᠪᠡ》᠃ ᠠᠵᠢᠯᠯᠠᠬᠤ ᠠᠩᠭᠢ ᠵᠢ ᠵᠣᠬᠢᠶᠠᠨ ᠪᠠᠢ᠌ᠭᠤᠯᠤᠨ ᠶᠠᠭ ᠪᠦᠲᠦᠭᠡᠨ ᠪᠠᠢ᠌ᠭᠤᠯᠵᠤ ᠪᠠᠢ᠌ᠭ᠎ᠠ ᠪᠠᠷᠢᠯᠭ᠎ᠠ ᠵᠢᠨ ᠭᠠᠵᠠᠷ᠂ ᠭᠠᠴᠠᠭ᠎ᠠ ᠲᠣᠰᠬᠤᠨ ᠪᠠᠯᠭ᠋ᠠᠰᠤ᠂ ᠦᠨᠳᠦᠰᠦᠨ ᠱᠠᠲᠤᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠦᠢ᠍ᠯᠡᠴᠢᠯᠡᠭᠡᠨ᠎ᠤ ᠲᠢᠩᠬᠢᠮ᠎ᠳᠤ ᠭᠦᠨᠵᠡᠭᠡᠢ᠌ᠷᠡᠭᠦᠯᠵᠦ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠦᠢ᠍ᠯᠡᠴᠢᠯᠡᠭᠡ ᠵᠢᠨ ᠥᠨᠳᠥᠷ ᠳᠠᠪᠲᠠᠮᠵᠢ᠎ᠲᠠᠢ ᠭᠦᠢ᠍ᠴᠡᠳᠬᠡᠬᠦ ᠤᠴᠢᠷ ᠶᠠᠪᠤᠳᠠᠯ᠎ᠢ ᠰᠣᠩᠭᠣᠵᠤ᠂ ᠠᠵᠢᠯ ᠶᠠᠪᠤᠳᠠᠯ ᠭᠦᠢ᠍ᠴᠡᠳᠬᠡᠬᠦ ᠤᠯᠠᠨ ᠲᠦᠮᠡᠨ ᠪᠠ ᠭᠠᠷᠲᠠᠨ ᠭᠦᠢ᠍ᠴᠡᠳᠬᠡᠬᠦ ᠠᠵᠢᠯᠲᠠᠨ ᠬᠣᠶᠠᠷ ᠲᠠᠯ᠎ᠠ ᠦᠢ᠍ᠯᠡᠴᠢᠯᠡᠭᠳᠡᠬᠦ ᠡᠲᠡᠭᠡᠳ ᠪᠠ ᠦᠢ᠍ᠯᠡᠴᠢᠯᠡᠬᠦ ᠡᠲᠡᠭᠡᠳ᠎ᠤᠨ ᠬᠤᠪᠢ᠎ᠪᠠᠷ᠂ ᠠᠰᠠᠭᠤᠨ ᠯᠠᠪᠯᠠᠬᠤ᠂ ᠭᠥᠯᠢᠶᠡᠨ ᠠᠪᠴᠤ ᠰᠢᠢ᠍ᠳᠪᠦᠷᠢᠯᠡᠬᠦ᠂ ᠬᠢᠨᠠᠨ ᠬᠠᠷᠭᠤᠭᠤᠯᠬᠤ᠂ ᠬᠢᠨᠠᠨ ᠵᠥᠪᠰᠢᠶᠡᠷᠡᠬᠦ᠂ ᠰᠢᠢ᠍ᠳᠪᠦᠷᠢᠯᠡᠵᠦ ᠳᠠᠭᠤᠰᠬᠠᠬᠤ᠂ ᠦᠷ᠎ᠡ ᠳ᠋ᠦᠩ᠎ᠢ ᠪᠠᠢ᠌ᠴᠠᠭ᠋ᠠᠨ ᠯᠠᠪᠯᠠᠬᠤ ᠵᠡᠷᠭᠡ ᠭᠣᠭᠴᠣᠭ᠎ᠠ ᠵᠢᠨ ᠪᠥᠬᠥ ᠶᠠᠪᠤᠴᠠ ᠵᠢ ᠪᠡᠶᠡᠴᠢᠯᠡᠨ ᠣᠢ᠌ᠯᠠᠭ᠋ᠠᠬᠤ᠂ ᠪᠥᠬᠥ ᠬᠡᠯᠬᠢᠶ᠎ᠡ ᠵᠢ ᠦᠨᠡᠯᠡᠬᠦ᠂ ᠪᠥᠬᠥ ᠶᠠᠪᠤᠴᠠ ᠵᠢ ᠰᠢᠯᠢᠳᠡᠭᠵᠢᠭᠦᠯᠵᠦ᠂ ᠠᠵᠤ ᠠᠬᠤᠢ᠌ᠯᠠᠯ ᠪᠠ ᠤᠯᠠᠨ ᠲᠦᠮᠡᠨ᠎ᠤ 《ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ》 ᠪᠠᠢ᠌ᠭ᠎ᠠ ᠵᠦᠢ᠍ᠯᠡᠰ᠎ᠢ ᠪᠡᠶ᠎ᠡ᠎ᠪᠠᠷ ᠵᠶ᠋ᠡᠨ ᠣᠢ᠌ᠯᠠᠭ᠋ᠠᠵᠤ᠂ ᠴᠣᠩᠬᠣᠪᠴᠢ ᠵᠢᠨ ᠠᠵᠢᠯᠲᠠᠨ᠎ᠤ ᠰᠠᠨᠠᠯ ᠰᠠᠨᠠᠭᠤᠯᠭ᠎ᠠ ᠵᠢ ᠰᠣᠨᠣᠰᠴᠤ᠂ ᠲᠥᠷᠥ ᠵᠢᠨ ᠪᠣᠳᠣᠯᠭ᠎ᠠ ᠵᠢᠨ ᠨᠠᠢ᠌ᠳᠠᠪᠤᠷᠢᠵᠢᠭᠤᠯᠤᠯᠲᠠ ᠵᠢᠨ 《ᠡᠴᠦᠰ᠎ᠤᠨ ᠨᠢᠭᠡ ᠺᠢᠯᠣᠮᠧᠲᠷ》᠎ᠢ ᠪᠥᠬᠥ ᠬᠦᠴᠦᠨ ᠵᠶ᠋ᠡᠷ ᠵᠶ᠋ᠡᠨ ᠨᠡᠪᠲᠡᠷᠡᠭᠦᠯᠪᠡ᠃ ᠠᠵᠢᠯᠯᠠᠬᠤ ᠠᠩᠭᠢ ᠵᠢᠨ ᠭᠡᠰᠢᠭᠦᠳ ᠪᠥᠬᠥ ᠵᠢᠯ᠎ᠳᠤ 387 ᠤᠳᠠᠭ᠎ᠠ ᠠᠵᠢᠯ᠎ᠤᠨ ᠲᠡᠰ ᠳᠠᠷᠠᠭ᠋ᠠᠯᠠᠯ᠎ᠢ ᠶᠠᠪᠤᠭᠳᠠᠭᠤᠯᠵᠤ᠂ 150 ᠵᠤᠷᠪᠤᠰ ᠰᠢᠯᠢᠳᠡᠭᠵᠢᠭᠦᠯᠬᠦ ᠰᠠᠨᠠᠯ ᠰᠠᠨᠠᠭᠤᠯᠭ᠎ᠠ ᠵᠢ ᠴᠤᠭᠯᠠᠭᠤᠯᠵᠤ᠂ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠬᠦ᠂ ᠮᠡᠳᠡᠭᠡ ᠵᠠᠩᠭᠢ ᠵᠢᠨ ᠰᠢᠰᠲ᠋ᠧᠮ᠎ᠢ ᠰᠢᠯᠢᠳᠡᠭᠵᠢᠭᠦᠯᠬᠦ᠂ ᠲᠣᠭ᠎ᠠ ᠪᠠᠷᠢᠮᠲᠠ ᠵᠢ ᠬᠠᠮᠲᠤ᠎ᠪᠠᠷ ᠡᠳ᠋ᠯᠡᠬᠦ ᠵᠢ ᠴᠢᠩᠭ᠋ᠠᠳᠬᠠᠬᠤ ᠵᠡᠷᠭᠡ ᠲᠠᠯ᠎ᠠ᠎ᠪᠠᠷ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠦᠢ᠍ᠯᠡᠴᠢᠯᠡᠭᠡᠨ᠎ᠤ ᠶᠠᠰᠤ ᠴᠢᠨᠠᠷ᠎ᠢ ᠪᠦᠲᠦᠮᠵᠢᠲᠡᠢ ᠳᠡᠭᠡᠭᠰᠢᠯᠡᠭᠦᠯᠪᠡ᠃

      《ᠬᠠᠷᠢᠯᠴᠠᠨ ᠬᠥᠳᠡᠯᠦᠯᠴᠡᠬᠦ ᠮᠠᠶᠢᠭ》 ᠵᠶ᠋ᠠᠷ ᠰᠤᠷᠪᠤᠯᠵᠢᠯᠠᠵᠤ᠂ ᠠᠵᠤ ᠠᠬᠤᠢ᠌ᠯᠠᠯ ᠪᠠ ᠤᠯᠠᠨ ᠲᠦᠮᠡᠨ᠎ᠤ ᠬᠡᠷᠡᠭᠴᠡᠭᠡ ᠱᠠᠭ᠋ᠠᠷᠳᠠᠯᠭ᠎ᠠ ᠵᠢ 《ᠰᠠᠶ᠋ᠢᠲᠤᠷ ᠭᠦᠢ᠍ᠴᠡᠳᠬᠡᠵᠦ ᠥᠭᠪᠡ》᠃ ᠨᠢᠭᠡ ᠲᠠᠯ᠎ᠠ᠎ᠪᠠᠷ᠂ ᠠᠵᠤ ᠠᠬᠤᠢ᠌ᠯᠠᠯ᠎ᠤᠨ ᠪᠣᠳᠠᠲᠠᠢ ᠪᠠᠶ᠋ᠢᠳᠠᠯ᠎ᠳᠤ ᠴᠢᠭᠯᠡᠭᠦᠯᠦᠨ 《ᠲᠥᠷᠥ ᠵᠢᠨ ᠪᠣᠳᠣᠯᠭ᠎ᠠ ᠵᠢᠨ ᠰᠢᠭᠤᠳ ᠨᠡᠪᠲᠡᠷᠡᠬᠦ ᠨᠠᠷᠢᠨ ᠳᠠᠩᠰᠠ》 ᠵᠢ ᠲᠥᠷᠥᠯ ᠬᠤᠪᠢᠶᠠᠨ ᠨᠠᠢ᠌ᠷᠠᠭᠤᠯᠤᠨ ᠵᠣᠬᠢᠶᠠᠵᠤ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠺᠠᠳ᠋ᠷᠴᠤᠳ᠎ᠤᠨ 《ᠦᠨᠳᠦᠰᠦᠨ ᠱᠠᠲᠤᠨ᠎ᠳᠤ ᠬᠦᠷᠴᠦ ᠲᠥᠷᠥ ᠵᠢᠨ ᠪᠣᠳᠣᠯᠭ᠎ᠠ ᠬᠦᠷᠭᠡᠬᠦ》 ᠠᠵᠢᠯᠯᠠᠭ᠎ᠠ᠎ᠪᠠᠷ ᠳᠠᠮᠵᠢᠭᠤᠯᠤᠨ᠂ ᠭᠡᠷ᠎ᠲᠤᠨᠢ ᠬᠦᠷᠴᠦ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠵᠢ ᠤᠬᠠᠭᠤᠯᠤᠨ ᠲᠠᠢ᠌ᠯᠪᠤᠷᠢᠯᠠᠵᠤ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠬᠦᠷᠢᠶᠡᠨ᠎ᠳᠠᠬᠢ ᠠᠵᠤ ᠠᠬᠤᠢ᠌ᠯᠠᠯ᠎ᠳᠤ ᠠᠰᠢᠭ ᠬᠦᠷᠲᠡᠭᠡᠬᠦ ᠠᠷᠠᠳ᠎ᠲᠤ ᠲᠤᠰᠠ ᠦᠵᠡᠭᠦᠯᠬᠦ ᠲᠥᠷᠥ ᠵᠢᠨ ᠪᠣᠳᠣᠯᠭ᠎ᠠ ᠵᠢᠨ ᠠᠰᠢᠭ ᠲᠤᠰᠠ ᠵᠢ ᠡᠳ᠋ᠯᠡᠪᠡᠰᠦ ᠵᠣᠬᠢᠬᠤ ᠵᠢ ᠪᠥᠬᠥᠨ᠎ᠢ ᠡᠳ᠋ᠯᠡᠬᠦ ᠵᠢ ᠪᠡᠶᠡᠯᠡᠭᠦᠯᠪᠡ᠃ ᠨᠥᠭᠥᠭᠡ ᠲᠠᠯ᠎ᠠ᠎ᠪᠠᠷ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠺᠠᠳ᠋ᠷᠴᠤᠳ᠎ᠤᠨ 《ᠠᠵᠤ ᠠᠬᠤᠢ᠌ᠯᠠᠯ ᠵᠶ᠋ᠠᠷ ᠭᠦᠨᠵᠡᠭᠡᠢ᠌ᠷᠡᠵᠦ ᠬᠡᠷᠡᠭᠴᠡᠭᠡ ᠵᠢ ᠣᠢ᠌ᠯᠠᠭ᠋ᠠᠬᠤ》 ᠠᠵᠢᠯᠯᠠᠭ᠎ᠠ᠎ᠪᠠᠷ ᠳᠠᠮᠵᠢᠭᠤᠯᠤᠨ᠂ ᠠᠵᠤ ᠠᠬᠤᠢ᠌ᠯᠠᠯ᠎ᠤᠨ ᠠᠵᠢᠯ᠎ᠤᠨ ᠪᠠᠶ᠋ᠢᠷᠢ ᠵᠢᠨ ᠬᠥᠮᠥᠨ ᠬᠡᠷᠡᠭᠯᠡᠬᠦ᠂ ᠤᠷ᠎ᠠ ᠴᠢᠳᠠᠪᠤᠷᠢ ᠵᠢᠨ ᠪᠣᠯᠪᠠᠰᠤᠷᠠᠯ ᠬᠦᠷᠲᠡᠬᠦ ᠵᠡᠷᠭᠡ ᠲᠠᠯ᠎ᠠ ᠵᠢᠨ ᠬᠡᠷᠡᠭᠴᠡᠭᠡ ᠵᠢ ᠥᠷᠭᠡᠨ ᠵᠶ᠋ᠡᠷ ᠴᠤᠭᠯᠠᠭᠤᠯᠵᠤ᠂ ᠠᠵᠤ ᠠᠬᠤᠢ᠌ᠯᠠᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠠᠵᠢᠯ᠎ᠤᠨ ᠲᠤᠬᠠᠢ ᠰᠠᠨᠠᠯ ᠰᠠᠨᠠᠭᠤᠯᠭ᠎ᠠ ᠵᠢ ᠰᠣᠨᠣᠰᠪᠠ᠃

      ᠳᠡᠭᠡᠷᠡᠬᠢ ᠪᠣᠯ ᠮᠢᠨᠤ ᠬᠠᠷᠢᠭᠤᠯᠲᠠ᠂ ᠪᠠᠶᠠᠷᠯᠠᠯ᠎ᠠ!

      ᠦᠢ᠍ᠯᠡᠳᠦᠯᠭᠡ ᠰᠡᠳᠬᠦᠯ᠎ᠤᠨ ᠬᠣᠷᠢᠶ᠎ᠠ ᠵᠢᠨ ᠰᠤᠷᠪᠤᠯᠵᠢᠯᠠᠭᠴᠢ᠄ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠳᠡᠮᠵᠢᠬᠦ ᠰᠠᠨᠠᠯ᠎ᠢ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠵᠢ ᠲᠦᠷᠭᠡᠳᠬᠡᠨ ᠠᠬᠢᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠬᠢᠭᠡᠳ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ 《ᠬᠠᠮᠲᠤᠷᠠᠯᠴᠠᠭ᠋ᠠᠨ᠎ᠤ ᠵᠥᠪᠯᠡᠯᠴᠡᠭᠡᠷ》 ᠲᠣᠬᠢᠷᠠᠯᠴᠠᠪᠠ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ ᠶᠠᠮᠠᠷ ᠶᠠᠮᠠᠷ ᠠᠵᠢᠯ᠎ᠢ ᠬᠢᠭᠰᠡᠨ ᠪᠤᠢ᠂ ᠲᠠᠷᠠᠭ᠋ᠠᠴᠢ ᠵᠢᠨ ᠠᠯᠬᠤᠮ᠎ᠳᠤ ᠬᠡᠷᠬᠢᠨ ᠪᠣᠳᠠᠲᠠᠢ᠎ᠳᠤ ᠨᠠᠢ᠌ᠳᠠᠪᠤᠷᠢᠵᠢᠭᠤᠯᠬᠤ ᠪᠤᠢ? ᠪᠠᠶᠠᠷᠯᠠᠯ᠎ᠠ᠃

      ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠲᠥᠯᠦᠪᠵᠢᠭᠦᠯᠭᠡ ᠡᠳ᠋᠎ᠤᠨ ᠶᠠᠪᠤᠳᠠᠯ᠎ᠤᠨ ᠭᠠᠵᠠᠷ᠎ᠤᠨ ᠳᠠᠷᠤᠭ᠎ᠠ ᠭᠣᠣ ᠪᠢᠨ᠄ ᠰᠤᠷᠪᠤᠯᠵᠢᠯᠠᠭᠴᠢ ᠲᠠᠨ᠎ᠤ ᠠᠰᠠᠭᠤᠭᠰᠠᠨ᠎ᠳᠤ ᠲᠠᠯᠠᠷᠬᠠᠵᠤ ᠪᠠᠢ᠌ᠨ᠎ᠠ᠂ ᠪᠢ ᠲᠠᠨ᠎ᠤ ᠡᠨᠡ ᠠᠰᠠᠭᠤᠯᠲᠠ ᠵᠢ ᠬᠠᠷᠢᠭᠤᠯᠤᠶ᠎ᠠ᠃

      《ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠠᠨᠠᠯ》᠎ᠳᠤ᠂ ᠰᠢᠨ᠎ᠡ ᠵᠢ ᠡᠭᠦᠳᠦᠨ ᠬᠥᠭᠵᠢᠬᠦ ᠴᠢᠳᠠᠪᠤᠷᠢ᠎ᠪᠠᠨ ᠨᠡᠮᠡᠭᠳᠡᠭᠦᠯᠬᠦ᠂ ᠠᠷᠠᠳ᠎ᠤᠨ ᠠᠮᠢᠳᠤᠷᠠᠯ᠎ᠤᠨ ᠦᠨᠳᠦᠰᠦᠨ ᠪᠠᠲᠤᠯᠠᠭ᠎ᠠ ᠵᠢ ᠴᠢᠩᠭ᠋ᠠᠳᠬᠠᠬᠤ᠂ ᠤᠯᠠᠨ ᠨᠠᠢ᠌ᠳᠠ ᠵᠢᠨ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠬᠦ ᠵᠡᠷᠭᠡ ᠲᠠᠯ᠎ᠠ ᠵᠢᠨ ᠲᠣᠭᠣᠷᠢᠨ᠎ᠳᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ ᠡᠭᠦᠷᠭᠡᠯᠡᠬᠦ ᠠᠵᠢᠯ᠎ᠤᠨ ᠡᠭᠦᠷᠭᠡ ᠵᠢ ᠲᠣᠳᠣᠷᠬᠠᠢ ᠲᠣᠭᠲᠠᠭ᠋ᠠᠵᠠᠢ᠃ ᠳᠠᠬᠢᠨ ᠳᠠᠪᠲᠠᠨ ᠨᠡᠪᠲᠡᠷᠡᠯᠴᠡᠨ ᠵᠥᠪᠳᠡᠯᠴᠡᠬᠦ᠎ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠬᠢᠭᠡᠳ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ 2023 ᠣᠨ᠎ᠤ 12 ᠰᠠᠷ᠎ᠠ ᠵᠢᠨ 25᠎ᠤ ᠡᠳᠦᠷ 《ᠥᠪᠥᠷ ᠮᠣᠩᠭᠣᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠬᠠᠮᠲᠤ᠎ᠪᠠᠷ ᠠᠬᠢᠭᠤᠯᠬᠤ ᠪᠠᠢ᠌ᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠵᠥᠪᠯᠡᠯᠴᠡᠭᠡᠷ》 ᠲᠣᠬᠢᠷᠠᠯᠴᠠᠪᠠ᠃ 《ᠬᠠᠮᠲᠤᠷᠠᠯᠴᠠᠭ᠋ᠠᠨ᠎ᠤ ᠵᠥᠪᠯᠡᠯᠴᠡᠭᠡᠷ》᠎ᠨᠢ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠥᠪᠥᠷ ᠮᠣᠩᠭᠣᠯ᠎ᠢ ᠳᠡᠮᠵᠢᠬᠦ ᠰᠠᠨᠠᠯ᠎ᠢ ᠨᠠᠢ᠌ᠳᠠᠪᠤᠷᠢᠵᠢᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠳᠡᠮᠵᠢᠬᠦ ᠪᠠ ᠬᠠᠮᠲᠤᠷᠠᠯᠴᠠᠬᠤ ᠠᠭᠤᠯᠭ᠎ᠠ ᠵᠢ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠠᠵᠢᠯ᠎ᠤᠨ ᠪᠥᠬᠥ ᠬᠦᠷᠢᠶ᠎ᠡ ᠴᠠᠷᠠᠭ᠎ᠠ᠎ᠳᠤ ᠬᠦᠷᠲᠡᠯ᠎ᠡ ᠥᠷᠭᠡᠳᠬᠡᠵᠦ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ ᠲᠥᠷᠥ ᠵᠢᠨ ᠪᠣᠳᠣᠯᠭ᠎ᠠ᠎ᠪᠠᠷ ᠲᠡᠳᠬᠦᠬᠦ᠂ ᠤᠷᠢᠳ ᠵᠶ᠋ᠠᠷ ᠬᠡᠷᠡᠭᠵᠢᠭᠦᠯᠵᠦ ᠤᠷᠢᠳ ᠵᠶ᠋ᠠᠷ ᠲᠤᠷᠰᠢᠬᠤ᠂ ᠲᠤᠬᠠᠢ᠌ᠯᠠᠭᠰᠠᠨ ᠠᠵᠢᠯ ᠵᠶ᠋ᠠᠷ ᠳᠡᠮᠵᠢᠬᠦ᠂ ᠴᠢᠳᠠᠪᠤᠷᠢᠲᠠᠨ ᠵᠶ᠋ᠠᠷ ᠲᠤᠯᠭ᠋ᠠᠭᠤᠷᠢᠯᠠᠬᠤ ᠵᠡᠷᠭᠡ ᠲᠠᠯ᠎ᠠ᠎ᠪᠠᠷ ᠭᠣᠣᠯᠳᠠᠯᠭ᠎ᠠ᠎ᠲᠠᠢ ᠬᠡᠯᠪᠡᠢ᠌ᠯᠭᠡᠬᠦ ᠪᠠ ᠳᠡᠮᠵᠢᠬᠦ 24 ᠵᠦᠢ᠍ᠯ᠎ᠢ ᠲᠣᠳᠣᠷᠬᠠᠢ ᠲᠣᠭᠲᠠᠭ᠋ᠠᠪᠠ; ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠲᠥᠷᠥ ᠵᠢᠨ ᠪᠣᠳᠣᠯᠭ᠎ᠠ ᠵᠢ ᠲᠣᠭᠲᠠᠭ᠋ᠠᠬᠤ᠂ ᠲᠥᠷᠥᠯ ᠵᠦᠢ᠍ᠯ᠎ᠢ ᠪᠠᠲᠤᠯᠠᠨ ᠲᠣᠭᠲᠠᠭ᠋ᠠᠬᠤ᠂ ᠪᠡᠯᠡ ᠮᠥᠩᠭᠥ ᠵᠢᠨ ᠣᠷᠣᠭᠤᠯᠤᠯᠲᠠ ᠵᠡᠷᠭᠡ ᠲᠠᠯ᠎ᠠ᠎ᠪᠠᠷ ᠭᠣᠣᠯᠳᠠᠯᠭ᠎ᠠ᠎ᠲᠠᠢ ᠪᠠᠲᠤᠯᠠᠭ᠎ᠠ ᠵᠢᠨ 33 ᠵᠦᠢ᠍ᠯ᠎ᠢ ᠲᠣᠳᠣᠷᠬᠠᠢ᠌ᠯᠠᠪᠠ᠃ ᠡᠨᠡᠬᠦ 57 ᠵᠦᠢ᠍ᠯ᠎ᠤᠨ ᠬᠠᠮᠲᠤᠷᠠᠯᠴᠠᠭ᠋ᠠᠨ᠎ᠤ ᠵᠦᠢ᠍ᠯᠡᠰ᠎ᠤᠨ ᠬᠠᠮᠤᠷᠬᠤ ᠬᠡᠪᠴᠢᠶ᠎ᠡ᠎ᠪᠠᠷ ᠥᠷᠭᠡᠨ᠂ ᠦᠨ᠎ᠡ ᠴᠡᠨ᠎ᠡ᠎ᠪᠠᠷ ᠥᠨᠳᠥᠷ ᠪᠣᠯᠬᠣᠷ ᠮᠠᠨ᠎ᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠠᠵᠢᠯ ᠦᠢ᠍ᠯᠡᠰ᠎ᠤᠨ ᠨᠡᠩ ᠥᠨᠳᠥᠷ ᠲᠦᠪᠰᠢᠨ᠂ ᠨᠡᠩ ᠴᠢᠨᠠᠷ ᠰᠠᠢ᠌ᠲᠠᠢ ᠬᠥᠭᠵᠢᠯᠲᠡ ᠵᠢ ᠬᠦᠴᠦᠲᠡᠢ ᠠᠬᠢᠭᠤᠯᠬᠤ᠎ᠨᠢ ᠯᠠᠪᠲᠠᠢ ᠶᠤᠮ᠃

      ᠳᠠᠷᠠᠭ᠋ᠠᠴᠢ ᠵᠢᠨ ᠠᠯᠬᠤᠮ᠎ᠳᠤ᠂ ᠪᠢᠳᠡ ᠬᠣᠪᠣᠷ ᠨᠠᠨᠳᠢᠨ ᠠᠵᠠ ᠲᠣᠬᠢᠶᠠᠯ᠎ᠢ ᠠᠮᠵᠢᠵᠤ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠲᠠᠢ ᠨᠡᠪᠲᠡᠷᠡᠯᠴᠡᠨ ᠵᠣᠯᠭ᠋ᠠᠭᠤᠯᠵᠤ᠂ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠭᠦᠢ᠍ᠴᠡᠳ ᠬᠡᠷᠡᠭᠯᠡᠵᠦ ᠰᠠᠶ᠋ᠢᠲᠤᠷ ᠬᠡᠷᠡᠭᠯᠡᠵᠦ ᠠᠮᠢᠳᠤᠯᠢᠭ ᠬᠡᠷᠡᠭᠯᠡᠵᠦ᠂ 《ᠬᠠᠮᠲᠤᠷᠠᠯᠴᠠᠭ᠋ᠠᠨ᠎ᠤ ᠵᠥᠪᠯᠡᠯᠴᠡᠭᠡᠷ》᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠲᠥᠰᠥᠯ᠎ᠢ ᠨᠡᠢ᠌ᠲᠡᠯᠡᠵᠦ᠂ ᠵᠦᠢ᠍ᠯ ᠵᠤᠷᠪᠤᠰ ᠳᠠᠷᠠᠭ᠋ᠠᠯᠠᠨ 《ᠬᠠᠮᠲᠤᠷᠠᠯᠴᠠᠭ᠋ᠠᠨ᠎ᠤ ᠵᠥᠪᠯᠡᠯᠴᠡᠭᠡᠷ》᠎ᠤᠨ ᠠᠭᠤᠯᠭ᠎ᠠ ᠵᠢ ᠨᠠᠷᠢᠯᠢᠭᠵᠢᠭᠤᠯᠵᠤ᠂ ᠴᠢᠨᠠᠷ ᠰᠠᠢ᠌ᠲᠠᠢ ᠭᠦᠢ᠍ᠴᠡᠳ ᠠᠵᠢᠯ ᠣᠯᠭᠣᠯᠲᠠ ᠵᠢ ᠠᠬᠢᠭᠤᠯᠬᠤ᠂ ᠨᠡᠩ ᠪᠦᠷᠢᠨ ᠲᠡᠭᠦᠯᠳᠡᠷ ᠨᠡᠩ ᠦᠷᠭᠦᠯᠵᠢᠯᠡᠬᠦᠢ᠌ᠴᠡ ᠨᠡᠢ᠌ᠭᠡᠮ᠎ᠤᠨ ᠪᠠᠲᠤᠯᠠᠭ᠎ᠠ ᠵᠢᠨ ᠰᠢᠰᠲ᠋ᠧᠮ᠎ᠢ ᠪᠠᠢ᠌ᠭᠤᠯᠬᠤ᠂ ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠬᠤ᠂ ᠨᠡᠩ ᠠᠮᠢᠵᠢᠷᠠᠯ᠎ᠤᠨ ᠬᠦᠴᠦᠨ᠎ᠲᠠᠢ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ ᠵᠢ ᠪᠣᠢ᠌ᠵᠢᠭᠤᠯᠬᠤ᠂ ᠨᠡᠩ ᠲᠣᠭᠲᠠᠭᠤᠨ ᠨᠡᠩ ᠡᠶ᠎ᠡ ᠵᠣᠬᠢᠴᠠᠩᠭᠤᠢ ᠬᠥᠳᠡᠯᠮᠦᠷᠢ ᠵᠢᠨ ᠬᠠᠷᠢᠴᠠᠭ᠎ᠠ ᠵᠢ ᠪᠠᠢ᠌ᠭᠤᠯᠬᠤ᠂ ᠳᠥᠭᠥᠮ ᠲᠦᠷᠭᠡᠨ ᠥᠨᠳᠥᠷ ᠪᠦᠲᠦᠮᠵᠢᠲᠡᠢ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠤᠯᠠᠨ ᠨᠠᠢ᠌ᠳᠠ ᠵᠢᠨ ᠦᠢ᠍ᠯᠡᠴᠢᠯᠡᠭᠡ ᠵᠢ ᠡᠭᠦᠳᠬᠦ ᠵᠡᠷᠭᠡ ᠲᠠᠯ᠎ᠠ ᠵᠢᠨ ᠲᠣᠭᠣᠷᠢᠨ᠎ᠳᠤ᠂ ᠠᠵᠢᠯ ᠵᠶ᠋ᠠᠨ ᠪᠥᠬᠥ ᠲᠠᠯ᠎ᠠ᠎ᠪᠠᠷ ᠭᠦᠨᠵᠡᠭᠡᠢ ᠥᠷᠨᠢᠭᠦᠯᠵᠦ᠂ ᠲᠥᠰᠥᠯ᠎ᠤᠨ ᠨᠠᠷᠢᠨ ᠳᠦᠷᠢᠮ ᠶᠣᠰᠣᠭ᠋ᠠᠷ ᠵᠦᠢ᠍ᠯ ᠵᠤᠷᠪᠤᠰ ᠳᠠᠷᠠᠭ᠋ᠠᠯᠠᠨ ᠨᠠᠢ᠌ᠳᠠᠪᠤᠷᠢᠵᠢᠭᠤᠯᠤᠨ ᠠᠬᠢᠭᠤᠯᠵᠤ᠂ ᠬᠠᠷᠠᠯᠲᠠ ᠵᠢᠨ ᠡᠭᠦᠷᠭᠡ᠎ᠪᠠᠨ ᠵᠢᠯ ᠳᠠᠷᠠᠭ᠋ᠠᠯᠠᠨ ᠪᠡᠶᠡᠯᠡᠭᠦᠯᠦᠨ᠎ᠡ᠃ ᠡᠭᠦᠨ᠎ᠤ ᠬᠠᠮᠲᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠲᠥᠷᠥ ᠵᠢᠨ ᠪᠣᠳᠣᠯᠭ᠎ᠠ ᠵᠢᠨ ᠳᠡᠮᠵᠢᠯᠭᠡ ᠦᠵᠡᠭᠦᠯᠬᠦ᠂ ᠤᠷᠢᠳ ᠵᠶ᠋ᠠᠷ ᠬᠡᠷᠡᠭᠵᠢᠭᠦᠯᠵᠦ ᠤᠷᠢᠳ ᠵᠶ᠋ᠠᠷ ᠲᠤᠷᠰᠢᠬᠤ᠂ ᠴᠢᠳᠠᠪᠤᠷᠢᠲᠠᠨ ᠵᠶ᠋ᠠᠷ ᠲᠤᠯᠭ᠋ᠠᠭᠤᠷᠢᠯᠠᠭᠤᠯᠬᠤ ᠵᠡᠷᠭᠡ ᠲᠠᠯ᠎ᠠ ᠵᠢᠨ ᠳᠡᠮᠵᠢᠯᠭᠡ ᠵᠢ ᠣᠯᠬᠤ᠎ᠪᠠᠷ ᠢᠳᠡᠪᠬᠢᠲᠡᠢ ᠴᠢᠷᠮᠠᠢ᠌ᠵᠤ᠂ ᠶᠠᠮᠤᠨ ᠥᠪᠡᠷᠲᠡᠭᠡᠨ ᠵᠠᠰᠠᠬᠤ ᠣᠷᠣᠨ᠎ᠤ ᠬᠠᠮᠲᠤᠷᠠᠯᠴᠠᠭ᠎ᠠ ᠵᠢᠨ ᠮᠠᠨ᠎ᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠠᠵᠢᠯ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ᠎ᠳᠤ ᠦᠵᠡᠭᠦᠯᠬᠦ ᠠᠬᠢᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠨᠠᠩ ᠭᠦᠨ ᠲᠠᠰ ᠳᠠᠪᠬᠤᠷᠭ᠎ᠠ᠂ ᠨᠠᠩ ᠥᠨᠳᠥᠷ ᠲᠦᠪᠰᠢᠨ᠂ ᠨᠠᠩ ᠥᠨᠳᠥᠷ ᠬᠠᠷᠠᠯᠲᠠ᠎ᠲᠠᠢ᠎ᠪᠠᠷ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ 《ᠬᠣᠶᠠᠷ ᠶᠡᠬᠡ ᠶᠠᠪᠤᠳᠠᠯ》᠎ᠢ ᠰᠠᠶ᠋ᠢᠲᠤᠷ ᠬᠢᠬᠦ᠂ 《ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ᠎ᠳᠤ ᠲᠠᠪᠰᠢᠨ ᠣᠷᠣᠬᠤ》 ᠬᠠᠷᠠᠯᠲᠠ ᠵᠢ ᠪᠡᠶᠡᠯᠡᠭᠦᠯᠬᠦ᠎ᠳᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠬᠦᠴᠦᠨ ᠴᠢᠳᠠᠯ᠎ᠢ ᠡᠷᠭᠦᠨ᠎ᠡ!

      ᠳᠡᠭᠡᠷᠡᠬᠢ ᠪᠣᠯ ᠮᠢᠨᠤ ᠬᠠᠷᠢᠭᠤᠯᠲᠠ ᠪᠣᠯᠣᠨ᠎ᠠ᠂ ᠪᠠᠶᠠᠷᠯᠠᠯ᠎ᠠ!

      ᠨᠡᠢ᠌ᠲᠡᠯᠡᠭᠰᠡᠨ ᠨᠢᠭᠡᠴᠢ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ

      ᠨᠡᠢ᠌ᠲᠡᠯᠡᠭᠰᠡᠨ ᠴᠠᠭ᠄ 2024 — 01 — 12   10᠄ 00

      ᠰᠣᠨᠢᠨ ᠮᠡᠳᠡᠭᠡ ᠨᠡᠢ᠌ᠲᠡᠯᠡᠭᠴᠢ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠯᠢ ᠸᠸᠨ ᠭᠠᠩ


ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            