ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠰᠤᠷᠪᠤᠯᠵᠢᠯᠠᠭ᠎ᠠ ᠶᠠᠷᠢᠯᠴᠠᠯᠭ᠎ᠠ
《ᠬᠥᠯᠥᠰᠦᠨ ᠮᠠᠯᠴᠢᠨ ᠲᠠᠷᠢᠶᠠᠴᠢᠨ᠎ᠤ ᠴᠠᠯᠢᠩ᠎ᠢ ᠥᠭᠬᠦ ᠵᠢ ᠪᠠᠲᠤᠯᠠᠬᠤ ᠠᠵᠢᠯ᠎ᠢ ᠰᠠᠶ᠋ᠢᠲᠤᠷ ᠬᠢᠬᠦ ᠲᠤᠬᠠᠢ ᠠᠷᠭ᠎ᠠ ᠬᠡᠮᠵᠢᠶ᠎ᠡ᠎ᠨᠦᠭᠦᠳ》᠎ᠤᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠵᠢᠨ ᠬᠤᠷᠠᠯ ᠬᠤᠷᠠᠯᠳᠤᠪᠠ
ᠨᠡᠶ᠋ᠢᠲᠡᠯᠡᠭᠰᠡᠨ ᠴᠠᠭ᠄ 2024-03-08

      2 ᠰᠠᠷ᠎ᠠ ᠵᠢᠨ 4᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠭᠡᠷ 《ᠬᠥᠯᠥᠰᠦᠨ ᠮᠠᠯᠴᠢᠨ ᠲᠠᠷᠢᠶᠠᠴᠢᠨ᠎ᠤ ᠴᠠᠯᠢᠩ᠎ᠢ ᠥᠭᠬᠦ ᠵᠢ ᠪᠠᠲᠤᠯᠠᠬᠤ ᠠᠵᠢᠯ᠎ᠢ ᠰᠠᠶ᠋ᠢᠲᠤᠷ ᠬᠢᠬᠦ ᠲᠤᠬᠠᠢ ᠠᠷᠭ᠎ᠠ ᠬᠡᠮᠵᠢᠶ᠎ᠡ᠎ᠨᠦᠭᠦᠳ》᠎ᠤᠨ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠵᠢᠨ ᠬᠤᠷᠠᠯ᠎ᠢ ᠬᠤᠷᠠᠯᠳᠤᠭᠤᠯᠪᠠ᠃ ᠰᠣᠨᠢᠨ ᠮᠡᠳᠡᠭᠡ ᠨᠡᠢ᠌ᠲᠡᠯᠡᠬᠦ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠳᠡᠳ᠋ ᠡᠷᠬᠢᠯᠡᠭᠴᠢ ᠯᠦ᠍ ᠶᠢᠩ ᠱ᠌ᠢ ᠭᠣᠣᠯ ᠠᠭᠤᠯᠭ᠎ᠠ ᠵᠢ ᠨᠡᠢ᠌ᠲᠡᠯᠡᠵᠦ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠳᠡᠳ᠋ ᠳᠠᠷᠤᠭ᠎ᠠ ᠰᠢᠦᠢ ᠷᠦᠢ ᠰᠢᠶᠠ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠯᠢᠦ ᠵᠢᠶᠠᠨ ᠬᠤᠸᠠ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠬᠣᠶᠠᠳᠤᠭ᠋ᠠᠷ ᠳᠡᠰ᠎ᠤᠨ ᠴᠠᠭᠳᠠᠭ᠋ᠠᠨ᠎ᠤ ᠶᠠᠪᠤᠳᠠᠯ᠎ᠤᠨ ᠲᠤᠰᠬᠠᠢ ᠲᠤᠰᠢᠶᠠᠯᠲᠠᠨ ᠽᠥᠩ ᠵᠢᠶᠠ ᠵᠢᠨ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶ᠎ᠠ ᠵᠢᠨ ᠭᠡᠰᠢᠭᠦᠨ᠂ ᠲᠢᠩᠬᠢᠮ᠎ᠤᠨ ᠳᠡᠳ᠋ ᠳᠠᠷᠤᠭ᠎ᠠ ᠵᠠᠩ ᠷᠦᠢ ᠾᠧ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ ᠯᠥᠸᠧ ᠬᠦᠢ ᠰᠧᠨ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃

      ᠡᠯ᠎ᠡ ᠵᠠᠭᠤᠴᠢᠯᠠᠭᠤᠷ᠎ᠤᠨ ᠨᠠᠢ᠌ᠵᠠ ᠨᠠᠷ ᠠ᠋᠄

      ᠤᠯᠠᠨ ᠵᠶ᠋ᠠᠷ ᠵᠶ᠋ᠠᠨ ᠰᠠᠢ᠍ᠢ᠍ᠨ ᠪᠠᠢ᠌ᠵᠠᠭ᠋ᠠᠨ᠎ᠠ ᠦᠦ! ᠶᠠᠭᠤᠨ᠎ᠤ ᠡᠮᠦᠨ᠎ᠡ᠂ ᠲᠠ ᠪᠦᠬᠦᠨ᠎ᠤ ᠣᠷᠳᠣ ᠬᠤᠭᠤᠴᠠᠭ᠋ᠠᠨ᠎ᠤ ᠲᠤᠷᠰᠢ ᠥᠪᠡᠷᠲᠡᠭᠡᠨ ᠵᠠᠰᠠᠬᠤ ᠣᠷᠣᠨ᠎ᠤ ᠬᠥᠯᠥᠰᠦᠨ ᠮᠠᠯᠴᠢᠨ ᠲᠠᠷᠢᠶᠠᠴᠢᠨ᠎ᠤ ᠴᠠᠯᠢᠩ᠎ᠢ ᠥᠭᠬᠦ ᠵᠢ ᠪᠠᠲᠤᠯᠠᠬᠤ ᠠᠵᠢᠯ᠎ᠢ ᠬᠠᠯᠠᠮᠵᠢᠯᠠᠨ ᠳᠡᠮᠵᠢᠭᠰᠡᠭᠡᠷ ᠢᠷᠡᠭᠰᠡᠨ᠎ᠳᠤ ᠲᠠᠯᠠᠷᠬᠠᠵᠤ ᠪᠠᠢ᠌ᠨ᠎ᠠ!

      ᠬᠥᠯᠥᠰᠦᠨ ᠮᠠᠯᠴᠢᠨ ᠲᠠᠷᠢᠶᠠᠴᠢᠨ᠎ᠤ ᠴᠠᠯᠢᠩ᠎ᠢ ᠴᠠᠭ ᠲᠤᠬᠠᠢ᠎ᠳᠤᠨᠢ ᠲᠣᠭ᠎ᠠ ᠶᠣᠰᠣᠭ᠋ᠠᠷ ᠥᠭᠬᠦ ᠵᠢ ᠪᠠᠲᠤᠯᠠᠬᠤ᠎ᠨᠢ ᠥᠷᠭᠡᠨ ᠤᠯᠠᠨ ᠬᠥᠯᠥᠰᠦᠨ ᠮᠠᠯᠴᠢᠨ ᠲᠠᠷᠢᠶᠠᠴᠢᠨ᠎ᠤ ᠭᠡᠷ ᠪᠦᠯᠢ ᠵᠢᠨ ᠠᠮᠢᠳᠤᠷᠠᠯ ᠪᠣᠯᠣᠨ ᠨᠡᠢ᠌ᠭᠡᠮ᠎ᠤᠨ ᠶᠡᠬᠡ ᠲᠠᠯ᠎ᠠ ᠵᠢᠨ ᠲᠣᠭᠲᠠᠭᠤᠨ᠎ᠲᠠᠢ ᠬᠣᠯᠪᠣᠭᠳᠠᠨ᠎ᠠ᠃ 2023 ᠣᠨ᠎ᠳᠤ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠴᠠᠯᠢᠩ ᠬᠥᠯᠥᠰᠦ ᠵᠢ ᠥᠷᠢᠲᠦᠬᠦ ᠵᠢ ᠤᠷᠢᠳᠴᠢᠯᠠᠨ ᠰᠡᠷᠭᠡᠢ᠌ᠯᠡᠵᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠥᠷᠨᠢᠭᠦᠯᠬᠦ ᠵᠢ ᠠᠷᠠᠳ᠎ᠤᠨ ᠠᠮᠢᠳᠤᠷᠠᠯ᠎ᠤᠨ 43 ᠪᠣᠳᠠᠲᠤ ᠶᠠᠪᠤᠳᠠᠯ᠎ᠳᠤ ᠵᠢᠭᠰᠠᠭ᠋ᠠᠨ ᠣᠷᠣᠭᠤᠯᠵᠤ᠂ 2024 ᠣᠨ᠎ᠳᠤ ᠦᠷᠭᠦᠯᠵᠢᠯᠡᠨ ᠬᠥᠯᠥᠰᠦᠨ ᠮᠠᠯᠴᠢᠨ ᠲᠠᠷᠢᠶᠠᠴᠢᠨ᠎ᠤ ᠴᠠᠯᠢᠩ᠎ᠢ ᠥᠭᠬᠦ ᠵᠢ ᠪᠠᠲᠤᠯᠠᠬᠤ ᠲᠤᠰᠬᠠᠢ ᠵᠠᠰᠠᠯᠲᠠ ᠵᠢ ᠠᠷᠠᠳ᠎ᠤᠨ ᠠᠮᠢᠳᠤᠷᠠᠯ᠎ᠤᠨ ᠨᠠᠷᠢᠨ ᠲᠠᠩᠰᠠᠨ᠎ᠳᠤ ᠣᠷᠣᠭᠤᠯᠤᠭᠰᠠᠨ ᠪᠠᠢ᠌ᠨ᠎ᠠ᠃ 2023 ᠣᠨ᠎ᠳᠤ᠂ ᠪᠥᠬᠥ ᠣᠷᠣᠨ ᠵᠶ᠋ᠠᠷ ᠵᠶ᠋ᠠᠨ ᠤᠯᠤᠰ᠂ ᠥᠪᠡᠷᠲᠡᠭᠡᠨ ᠵᠠᠰᠠᠬᠤ ᠣᠷᠣᠨ᠎ᠤ ᠲᠠᠪᠴᠠᠩ᠎ᠤᠨ ᠴᠠᠯᠢᠩ ᠬᠥᠯᠥᠰᠦ ᠵᠢ ᠥᠷᠢᠲᠦᠭᠰᠡᠨ 8194 ᠬᠡᠷᠡᠭ᠎ᠢ ᠰᠢᠢ᠍ᠳᠪᠦᠷᠢᠯᠡᠵᠦ ᠳᠠᠭᠤᠰᠬᠠᠭ᠋ᠠᠳ᠂ 6604.66 ᠲᠦᠮᠡᠨ ᠲᠥᠭᠥᠷᠢᠭ᠎ᠤᠨ ᠴᠠᠯᠢᠩ᠎ᠢ ᠨᠡᠬᠡᠮᠵᠢᠯᠡᠨ ᠠᠪᠴᠤ ᠥᠭᠴᠡᠢ᠃ ᠪᠦᠬᠦ ᠣᠷᠣᠨ᠎ᠤ ᠡᠯ᠎ᠡ ᠱᠠᠲᠤᠨ᠎ᠤ ᠠᠷᠠᠳ᠎ᠤᠨ ᠰᠢᠭᠦᠬᠦ ᠬᠣᠷᠢᠶ᠎ᠠ ᠬᠥᠳᠡᠯᠮᠦᠷᠢ ᠵᠢᠨ ᠬᠥᠯᠥᠰᠦ ᠣᠯᠭᠣᠮᠵᠢ ᠵᠢ ᠥᠭᠬᠦ ᠵᠢ ᠲᠡᠪᠴᠢᠭᠰᠡᠨ 42 ᠶᠠᠯ᠎ᠠ ᠬᠢᠭᠰᠡᠨ ᠬᠡᠷᠡᠭ᠎ᠢ ᠰᠢᠭᠦᠨ ᠲᠠᠰᠤᠯᠤᠭᠰᠠᠨ ᠪᠠᠢ᠌ᠨ᠎ᠠ᠃

      《ᠬᠥᠯᠥᠰᠦᠨ ᠠᠵᠢᠯᠴᠢᠨ᠎ᠤ ᠴᠠᠯᠢᠩ᠎ᠢ ᠥᠭᠬᠦ ᠵᠢ ᠪᠠᠲᠤᠯᠠᠬᠤ ᠳᠦᠷᠢᠮ》᠎ᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠬᠥᠯᠥᠰᠦᠨ ᠮᠠᠯᠴᠢᠨ ᠲᠠᠷᠢᠶᠠᠴᠢᠨ᠎ᠤ ᠴᠠᠯᠢᠩ᠎ᠢ ᠥᠷᠢᠲᠦᠬᠦ ᠠᠰᠠᠭᠤᠳᠠᠯ᠎ᠢ ᠦᠨᠳᠦᠰᠦᠨ᠎ᠠᠴᠠ᠎ᠨᠢ ᠰᠢᠢ᠍ᠳᠪᠦᠷᠢᠯᠡᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠠᠴᠠ 《ᠬᠥᠯᠥᠰᠦᠨ ᠮᠠᠯᠴᠢᠨ ᠲᠠᠷᠢᠶᠠᠴᠢᠨ᠎ᠤ ᠴᠠᠯᠢᠩ᠎ᠢ ᠥᠭᠬᠦ ᠠᠵᠢᠯ᠎ᠢ ᠰᠠᠶ᠋ᠢᠲᠤᠷ ᠬᠢᠬᠦ ᠲᠤᠬᠠᠢ ᠠᠷᠭ᠎ᠠ ᠬᠡᠮᠵᠢᠶ᠎ᠡ᠎ᠨᠦᠭᠦᠳ》᠎ᠢ ᠳᠠᠷᠤᠮᠠᠯᠯᠠᠨ ᠲᠠᠷᠬᠠᠭ᠋ᠠᠵᠤ᠂ 《ᠳᠦᠷᠢᠮ》᠎ᠤᠨ ᠬᠠᠮᠢᠶ᠎ᠠ ᠪᠦᠬᠦᠢ ᠵᠦᠢ᠍ᠯ ᠵᠤᠷᠪᠤᠰ᠎ᠢ ᠤᠯᠠᠮ ᠨᠢᠭᠡ ᠠᠯᠬᠤᠮ ᠨᠠᠷᠢᠯᠢᠭᠵᠢᠭᠤᠯᠤᠨ ᠲᠣᠳᠣᠷᠬᠠᠢ᠌ᠯᠠᠵᠤ᠂ ᠥᠪᠡᠷᠲᠡᠭᠡᠨ ᠵᠠᠰᠠᠬᠤ ᠣᠷᠣᠨ᠎ᠤ ᠲᠤᠷᠰᠢᠯᠭ᠎ᠠ ᠠᠷᠭ᠎ᠠ ᠬᠢᠳᠡᠯ᠎ᠢ ᠵᠢᠷᠤᠮᠵᠢᠭᠤᠯᠤᠨ ᠪᠡᠬᠢᠵᠢᠭᠦᠯᠵᠦ᠂ ᠠᠵᠢᠯ᠎ᠤᠨ ᠡᠭᠦᠷᠭᠡ ᠬᠠᠷᠢᠭᠤᠴᠠᠯᠭ᠎ᠠ ᠵᠢ ᠲᠣᠳᠣᠷᠬᠠᠢ᠌ᠯᠠᠬᠤ᠂ ᠡᠬᠢ ᠡᠭᠦᠰᠦᠯ᠎ᠠᠴᠠ᠎ᠨᠢ ᠵᠠᠰᠠᠬᠤ ᠵᠢ ᠴᠢᠬᠤᠯᠠᠴᠢᠯᠠᠬᠤ᠂ ᠬᠢᠨᠠᠯᠲᠠ ᠬᠠᠮᠢᠶᠠᠷᠤᠯᠲᠠ ᠵᠢᠨ ᠵᠠᠭᠪᠤᠷ᠎ᠤᠨ ᠰᠢᠨ᠎ᠡ ᠵᠢ ᠡᠭᠦᠳᠬᠦ᠂ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠪᠠᠢ᠌ᠴᠠᠭ᠋ᠠᠨ ᠰᠢᠢ᠍ᠳᠪᠦᠷᠢᠯᠡᠬᠦ ᠪᠠ ᠠᠵᠢᠯ᠎ᠤᠨ ᠲᠣᠭᠲᠠᠴᠠ ᠵᠢ ᠪᠦᠷᠢᠨᠰᠢᠭᠦᠯᠬᠦ ᠵᠡᠷᠭᠡ ᠲᠠᠪᠤᠨ ᠲᠠᠯ᠎ᠠ ᠵᠢᠨ ᠬᠣᠷᠢᠨ ᠵᠦᠢ᠍ᠯ᠎ᠤᠨ ᠪᠣᠳᠠᠲᠠᠢ ᠠᠷᠭ᠎ᠠ ᠬᠡᠮᠵᠢᠶ᠎ᠡ᠎ᠪᠠᠷ ᠪᠣᠳᠠᠲᠠᠢ ᠠᠵᠢᠯ᠎ᠤᠨ ᠳᠤᠮᠳᠠ ᠣᠷᠣᠰᠢᠵᠤ ᠪᠠᠢ᠌ᠭ᠎ᠠ ᠠᠰᠠᠭᠤᠳᠠᠯ᠎ᠢ ᠰᠢᠢ᠍ᠳᠪᠦᠷᠢᠯᠡᠵᠦ᠂ ᠬᠥᠯᠥᠰᠦᠨ ᠮᠠᠯᠴᠢᠨ ᠲᠠᠷᠢᠶᠠᠴᠢᠨ᠎ᠤ ᠬᠠᠤᠯᠢ ᠶᠣᠰᠣᠨ᠎ᠤ ᠡᠷᠬᠡ ᠠᠰᠢᠭ᠎ᠢ ᠦᠨᠡᠨᠬᠦ ᠪᠠᠲᠤᠯᠠᠪᠠ᠃ ᠭᠣᠣᠯᠳᠠᠭᠤ ᠳᠣᠣᠷᠠᠬᠢ ᠵᠢᠷᠭᠤᠭ᠋ᠠᠨ ᠲᠠᠯ᠎ᠠ ᠵᠢᠨ ᠲᠣᠭᠣᠷᠢᠨ᠎ᠳᠤ ᠴᠠᠯᠢᠩ ᠬᠥᠯᠥᠰᠦ ᠵᠢ ᠥᠷᠢᠲᠦᠬᠦ ᠵᠢ ᠦᠨᠳᠦᠰᠦᠨ᠎ᠠᠴᠠ᠎ᠨᠢ ᠵᠠᠰᠠᠬᠤ ᠠᠵᠢᠯ᠎ᠤᠨ ᠪᠣᠳᠠᠲᠤ ᠦᠷ᠎ᠡ ᠪᠦᠲᠦᠮᠵᠢ ᠣᠯᠬᠤ ᠵᠢ ᠠᠬᠢᠭᠤᠯᠪᠠ᠃

      ᠨᠢᠭᠡᠳᠦᠭᠡᠷ᠎ᠲᠤ᠂ ᠬᠠᠷᠢᠶᠠᠲᠤ ᠭᠠᠵᠠᠷ᠎ᠤᠨ ᠵᠠᠰᠠᠭ᠎ᠤᠨ ᠣᠷᠳᠣᠨ ᠪᠠ ᠠᠵᠢᠯ ᠲᠥᠷᠥᠯ᠎ᠤᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠤᠭᠰᠠᠨ ᠦᠭᠡᠢ ᠠᠰᠠᠭᠤᠳᠠᠯ᠎ᠢ ᠭᠣᠣᠯᠯᠠᠨ ᠰᠢᠢ᠍ᠳᠪᠦᠷᠢᠯᠡᠪᠡ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠴᠠᠯᠢᠩ ᠬᠥᠯᠥᠰᠦ ᠵᠢ ᠥᠷᠢᠲᠦᠬᠦ ᠵᠢ ᠦᠨᠳᠦᠰᠦᠨ᠎ᠠᠴᠠ᠎ᠨᠢ ᠵᠠᠰᠠᠬᠤ ᠠᠵᠢᠯ᠎ᠳᠤ ᠬᠠᠨᠳᠤᠬᠤ ᠣᠪᠣᠷ ᠡᠷᠡᠰ ᠴᠢᠩᠭ᠎ᠠ ᠪᠠᠢ᠌ᠵᠤ᠂ ᠵᠠᠰᠠᠭ᠎ᠤᠨ ᠣᠷᠳᠣᠨ᠎ᠤ ᠭᠣᠣᠯ ᠬᠠᠷᠢᠭᠤᠴᠠᠯᠭ᠋ᠠᠲᠠᠨ ᠪᠣᠯ ᠲᠣᠰ ᠭᠠᠵᠠᠷ ᠣᠷᠣᠨ᠎ᠤ ᠴᠠᠯᠢᠩ ᠬᠥᠯᠥᠰᠦ ᠵᠢ ᠥᠷᠢᠲᠦᠬᠦ ᠵᠢ ᠦᠨᠳᠦᠰᠦᠨ᠎ᠠᠴᠠ᠎ᠨᠢ ᠵᠠᠰᠠᠬᠤ ᠠᠵᠢᠯ᠎ᠤᠨ ᠨᠢᠭᠡᠳᠦᠭᠡᠷ ᠬᠠᠷᠢᠭᠤᠴᠠᠯᠭ᠋ᠠᠲᠠᠨ ᠪᠣᠯᠬᠤ ᠵᠢ ᠲᠣᠳᠣᠷᠬᠠᠢ᠌ᠯᠠᠵᠤ᠂ ᠵᠠᠰᠠᠭ᠎ᠤᠨ ᠣᠷᠳᠣᠨ ᠲᠦᠷᠦᠭᠦᠯᠡᠨ᠂ ᠤᠯᠠᠨ ᠰᠠᠯᠠᠭ᠎ᠠ ᠮᠥᠴᠢᠷ ᠬᠣᠯᠪᠤᠭ᠋ᠠᠯᠠᠨ ᠬᠥᠳᠡᠯᠦᠯᠴᠡᠵᠦ ᠴᠠᠯᠢᠩ ᠬᠥᠯᠥᠰᠦ ᠵᠢ ᠥᠷᠢᠲᠦᠬᠦ ᠵᠢ ᠰᠡᠷᠭᠡᠢ᠌ᠯᠡᠨ ᠵᠠᠰᠠᠬᠤ ᠵᠢ ᠪᠡᠶᠡᠯᠡᠭᠦᠯᠬᠦ᠎ᠳᠤ ᠰᠠᠭᠤᠷᠢ ᠵᠢ ᠲᠠᠯᠪᠢᠵᠤ ᠥᠭᠴᠡᠢ᠃ ᠡᠭᠦᠨ᠎ᠤ ᠬᠠᠮᠲᠤ ᠴᠠᠯᠢᠩ ᠬᠥᠯᠥᠰᠦ ᠵᠢ ᠥᠷᠢᠲᠦᠬᠦ ᠵᠢ ᠦᠨᠳᠦᠰᠦᠨ᠎ᠠᠴᠠ᠎ᠨᠢ ᠵᠠᠰᠠᠬᠤ ᠠᠵᠢᠯ᠎ᠤᠨ ᠭᠣᠣᠯ ᠪᠦᠷᠢᠯᠳᠦᠬᠦᠨ ᠨᠢᠭᠡᠴᠢ ᠵᠢᠨ ᠠᠵᠢᠯ᠎ᠤᠨ ᠡᠭᠦᠷᠭᠡ ᠬᠠᠷᠢᠭᠤᠴᠠᠯᠭ᠎ᠠ ᠵᠢ ᠣᠨᠴᠠᠭ᠋ᠠᠢ᠌ᠯᠠᠨ ᠴᠢᠬᠤᠯᠠᠴᠢᠯᠠᠵᠤ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠬᠥᠯᠥᠰᠦᠨ ᠮᠠᠯᠴᠢᠨ ᠲᠠᠷᠢᠶᠠᠴᠢᠨ᠎ᠤ ᠴᠠᠯᠢᠩ᠎ᠢ ᠥᠭᠬᠦ ᠵᠢ ᠪᠠᠲᠤᠯᠠᠬᠤ ᠠᠵᠢᠯ᠎ᠢ ᠵᠣᠬᠢᠶᠠᠨ ᠪᠠᠢ᠌ᠭᠤᠯᠤᠨ ᠵᠣᠬᠢᠴᠠᠭᠤᠯᠬᠤ᠂ ᠬᠠᠮᠢᠶᠠᠷᠴᠤ ᠵᠢᠯᠤᠭᠣᠳᠬᠤ ᠪᠠ ᠬᠥᠯᠥᠰᠦᠨ ᠮᠠᠯᠴᠢᠨ ᠲᠠᠷᠢᠶᠠᠴᠢᠨ᠎ᠤ ᠴᠠᠯᠢᠩ᠎ᠢ ᠥᠭᠴᠦ ᠪᠠᠢ᠌ᠭ᠎ᠠ ᠪᠠᠶ᠋ᠢᠳᠠᠯ᠎ᠳᠤ ᠬᠢᠨᠠᠯᠲᠠ ᠲᠠᠯᠪᠢᠵᠤ ᠪᠠᠢ᠌ᠴᠠᠭ᠋ᠠᠬᠤ ᠵᠢ ᠦᠨᠡᠨᠬᠦ ᠰᠠᠶ᠋ᠢᠲᠤᠷ ᠬᠢᠵᠦ᠂ ᠬᠥᠯᠥᠰᠦᠨ ᠮᠠᠯᠴᠢᠨ ᠲᠠᠷᠢᠶᠠᠴᠢᠨ᠎ᠤ ᠴᠠᠯᠢᠩ ᠬᠥᠯᠥᠰᠦ ᠵᠢ ᠥᠷᠢᠲᠦᠭᠰᠡᠨ ᠬᠡᠷᠡᠭ᠎ᠢ ᠪᠠᠢ᠌ᠴᠠᠭ᠋ᠠᠨ ᠰᠢᠢ᠍ᠳᠪᠦᠷᠢᠯᠡᠬᠦ ᠠᠵᠢᠯ᠎ᠢ ᠰᠠᠶ᠋ᠢᠲᠤᠷ ᠬᠢᠪᠡ᠃ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ ᠠᠰᠢᠭᠯᠠᠯᠲᠠ ᠵᠡᠷᠭᠡ ᠬᠠᠮᠢᠶ᠎ᠠ ᠪᠦᠬᠦᠢ ᠠᠵᠢᠯ ᠲᠥᠷᠥᠯ᠎ᠤᠨ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ᠎ᠪᠠᠨ ᠴᠢᠩᠭ᠎ᠠ ᠭᠦᠢ᠍ᠴᠡᠳᠬᠡᠵᠦ᠂ ᠪᠦᠲᠦᠭᠡᠨ ᠪᠠᠢ᠌ᠭᠤᠯᠤᠯᠲᠠ ᠵᠢᠨ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠬᠠᠤᠯᠢ ᠶᠣᠰᠣᠭ᠋ᠠᠷ ᠵᠢᠷᠤᠮᠵᠢᠭᠤᠯᠤᠨ᠂ ᠬᠥᠮᠥᠨ ᠬᠡᠷᠡᠭᠯᠡᠬᠦ ᠨᠢᠭᠡᠴᠢ ᠵᠢᠨ ᠬᠥᠯᠥᠰᠦᠨ ᠮᠠᠯᠴᠢᠨ ᠲᠠᠷᠢᠶᠠᠴᠢᠨ᠎ᠤ ᠴᠠᠯᠢᠩ᠎ᠢ ᠥᠭᠬᠦ ᠵᠢ ᠪᠠᠲᠤᠯᠠᠬᠤ ᠡᠯ᠎ᠡ ᠵᠦᠢ᠍ᠯ᠎ᠤᠨ ᠳᠦᠷᠢᠮ᠎ᠢ ᠨᠠᠢ᠌ᠳᠠᠪᠤᠷᠢᠵᠢᠭᠤᠯᠬᠤ᠎ᠳᠤ ᠬᠢᠨᠠᠯᠲᠠ ᠲᠠᠯᠪᠢᠵᠤ ᠪᠠᠢ᠌ᠴᠠᠭ᠋ᠠᠬᠤ᠎ᠪᠠᠨ ᠴᠢᠩᠭ᠋ᠠᠳᠬᠠᠪᠠ᠃ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠵᠠᠰᠠᠭ᠎ᠤᠨ ᠣᠷᠳᠣᠨ᠎ᠤ ᠪᠡᠯᠡ ᠣᠷᠣᠭᠤᠯᠬᠤ ᠲᠥᠷᠥᠯ ᠵᠦᠢ᠍ᠯ᠎ᠤᠨ ᠪᠡᠯᠡ ᠮᠥᠩᠭᠥ ᠵᠢᠨ ᠲᠥᠰᠥᠪ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠵᠥᠪᠰᠢᠶᠡᠷᠡᠭᠦᠯᠦᠭᠰᠡᠨ ᠲᠥᠰᠥᠪ᠎ᠢ ᠦᠨᠳᠦᠰᠦᠯᠡᠨ ᠵᠠᠰᠠᠭ᠎ᠤᠨ ᠣᠷᠳᠣᠨ᠎ᠤ ᠪᠡᠯᠡ ᠣᠷᠣᠭᠤᠯᠬᠤ ᠪᠡᠯᠡ ᠮᠥᠩᠭᠥ ᠵᠢ ᠴᠠᠭ ᠲᠤᠬᠠᠢ᠎ᠳᠤᠨᠢ ᠲᠣᠭ᠎ᠠ ᠶᠣᠰᠣᠭ᠋ᠠᠷ ᠰᠠᠯᠭ᠋ᠠᠨ ᠥᠭᠪᠡ᠃ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠨᠢ ᠬᠥᠳᠡᠯᠮᠦᠷᠢ ᠵᠢᠨ ᠬᠥᠯᠥᠰᠦ ᠣᠯᠭᠣᠮᠵᠢ ᠵᠢ ᠥᠭᠬᠦ ᠵᠢ ᠲᠡᠪᠴᠢᠭᠰᠡᠨ ᠰᠡᠵᠢᠭᠯᠡᠯ᠎ᠲᠠᠢ ᠡᠷᠡᠭᠦᠦ ᠵᠢᠨ ᠬᠡᠷᠡᠭ᠎ᠢ ᠴᠠᠭ ᠲᠤᠬᠠᠢ᠎ᠳᠤᠨᠢ ᠭᠥᠯᠢᠶᠡᠨ ᠠᠪᠴᠤ ᠰᠢᠢ᠍ᠳᠪᠦᠷᠢᠯᠡᠬᠦ ᠪᠠ ᠲᠠᠩᠨᠠᠨ ᠰᠢᠢ᠍ᠳᠪᠦᠷᠢᠯᠡᠵᠦ᠂ ᠬᠥᠯᠥᠰᠦᠨ ᠮᠠᠯᠴᠢᠨ ᠲᠠᠷᠢᠶᠠᠴᠢᠨ᠎ᠤ ᠴᠠᠯᠢᠩ᠎ᠢ ᠥᠷᠢᠲᠦᠭᠰᠡᠨ᠎ᠠᠴᠠ ᠪᠣᠯᠤᠭᠰᠠᠨ ᠨᠡᠢ᠌ᠭᠡᠮ᠎ᠤᠨ ᠠᠮᠤᠷ ᠲᠦᠪᠰᠢᠨ᠎ᠤ ᠬᠡᠷᠡᠭ᠎ᠢ ᠬᠠᠤᠯᠢ ᠶᠣᠰᠣᠭ᠋ᠠᠷ ᠰᠢᠢ᠍ᠳᠪᠦᠷᠢᠯᠡᠪᠡ᠃

      ᠬᠣᠶᠠᠳᠤᠭ᠋ᠠᠷ᠎ᠲᠤ᠂ ᠡᠬᠢ ᠡᠭᠦᠰᠦᠯ᠎ᠠᠴᠠ᠎ᠨᠢ ᠵᠠᠰᠠᠬᠤ ᠠᠵᠢᠯ᠎ᠢ ᠲᠤᠭᠤᠰᠢᠲᠠᠢ ᠬᠢᠭᠰᠡᠨ ᠦᠭᠡᠢ ᠠᠰᠠᠭᠤᠳᠠᠯ᠎ᠢ ᠭᠣᠣᠯᠯᠠᠨ ᠰᠢᠢ᠍ᠳᠪᠦᠷᠢᠯᠡᠪᠡ᠃ ᠨᠢᠭᠡ᠎ᠳᠤ᠂ ᠵᠠᠰᠠᠭ᠎ᠤᠨ ᠣᠷᠳᠣᠨ᠎ᠤ ᠲᠥᠷᠥᠯ ᠵᠦᠢ᠍ᠯ᠂ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠎ᠤᠨ ᠲᠥᠷᠥᠯ ᠵᠦᠢ᠍ᠯ᠎ᠤᠨ ᠬᠢᠨᠠᠨ ᠬᠠᠮᠢᠶᠠᠷᠤᠯᠲᠠ ᠵᠢ ᠴᠢᠩᠭ᠋ᠠᠳᠬᠠᠪᠠ᠃ ᠵᠠᠰᠠᠭ᠎ᠤᠨ ᠣᠷᠳᠣᠨ᠎ᠤ ᠪᠡᠯᠡ ᠣᠷᠣᠭᠤᠯᠬᠤ ᠲᠥᠷᠥᠯ ᠵᠦᠢ᠍ᠯ᠎ᠤᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ 《ᠵᠠᠰᠠᠭ᠎ᠤᠨ ᠣᠷᠳᠣᠨ᠎ᠤ ᠪᠡᠯᠡ ᠣᠷᠣᠭᠤᠯᠬᠤ ᠳᠦᠷᠢᠮ》᠎ᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠵᠠᠰᠠᠭ᠎ᠤᠨ ᠣᠷᠳᠣᠨ᠎ᠤ ᠪᠡᠯᠡ ᠣᠷᠣᠭᠤᠯᠬᠤ ᠪᠤᠢ ᠪᠦᠬᠦᠢ ᠲᠥᠷᠥᠯ ᠵᠦᠢ᠍ᠯ᠎ᠤᠨ ᠪᠡᠯᠡ ᠮᠥᠩᠭᠥ ᠵᠢ ᠲᠣᠬᠢᠷᠠᠭᠤᠯᠵᠤ ᠰᠠᠯᠭ᠋ᠠᠨ ᠥᠭᠭᠦᠭᠰᠡᠨ ᠪᠠᠶ᠋ᠢᠳᠠᠯ᠎ᠳᠤ ᠬᠢᠨᠠᠯᠲᠠ ᠲᠠᠯᠪᠢᠵᠤ᠂ ᠠᠵᠤ ᠠᠬᠤᠢ᠌ᠯᠠᠯ᠎ᠠᠴᠠ ᠪᠡᠯᠡ ᠮᠥᠩᠭᠥ ᠵᠢ ᠣᠷᠣᠯᠠᠨ ᠥᠭᠴᠦ ᠪᠠᠷᠢᠯᠭ᠎ᠠ ᠪᠠᠷᠢᠬᠤ᠂ ᠠᠵᠢᠯ᠎ᠤᠨ ᠠᠬᠢᠴᠠ ᠶᠣᠰᠣᠭ᠋ᠠᠷ ᠪᠡᠯᠡ ᠮᠥᠩᠭᠥ ᠵᠢ ᠰᠠᠯᠭ᠋ᠠᠨ ᠥᠭᠬᠦ ᠦᠭᠡᠢ ᠪᠠᠶ᠋ᠢᠬᠤ ᠵᠡᠷᠭᠡ ᠠᠰᠠᠭᠤᠳᠠᠯ᠎ᠢ ᠡᠷᠡᠰ ᠵᠠᠯᠠᠷᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠎ᠤᠨ ᠴᠠᠯᠢᠩ ᠬᠥᠯᠥᠰᠦ ᠵᠢ ᠥᠷᠢᠲᠦᠬᠦ ᠵᠢ ᠡᠬᠢ ᠡᠭᠦᠰᠦᠯ᠎ᠠᠴᠠ᠎ᠨᠢ ᠵᠠᠰᠠᠬᠤ ᠲᠣᠭᠲᠠᠴᠠ ᠵᠢ ᠪᠠᠢ᠌ᠭᠤᠯᠬᠤ ᠵᠢ ᠴᠢᠩᠭ᠋ᠠᠳᠬᠠᠬᠤ ᠵᠢ ᠱᠠᠯᠠᠪᠳᠠᠭᠤᠯᠤᠨ ᠵᠢᠯᠤᠭᠣᠳᠴᠤ᠂ ᠠᠵᠢᠯᠴᠢᠨ ᠬᠡᠷᠡᠭᠯᠡᠬᠦ ᠬᠠᠮᠢᠶᠠᠷᠤᠯᠲᠠ ᠵᠢ ᠵᠢᠷᠤᠮᠵᠢᠭᠤᠯᠤᠨ᠂ ᠬᠥᠯᠥᠰᠦᠨ ᠮᠠᠯᠴᠢᠨ ᠲᠠᠷᠢᠶᠠᠴᠢᠨ᠎ᠤ ᠴᠠᠯᠢᠩ ᠬᠥᠯᠥᠰᠦ ᠵᠢ ᠥᠷᠢᠲᠦᠬᠦ ᠡᠷᠬᠡ ᠠᠰᠢᠭ ᠵᠶ᠋ᠠᠨ ᠬᠠᠮᠠᠭ᠋ᠠᠯᠠᠬᠤ ᠠᠷᠭ᠎ᠠ ᠵᠠᠮ᠎ᠢ ᠰᠠᠭ᠋ᠠᠳ ᠦᠭᠡᠢ ᠨᠡᠪᠲᠡᠷᠡᠭᠦᠯᠪᠡ᠃ ᠬᠣᠶᠠᠷ᠎ᠲᠤ᠂ ᠨᠡᠢ᠌ᠭᠡᠮ᠎ᠤᠨ ᠪᠡᠯᠡ ᠣᠷᠣᠭᠤᠯᠬᠤ ᠲᠥᠷᠥᠯ ᠵᠦᠢ᠍ᠯ᠎ᠢ ᠡᠬᠢ ᠡᠭᠦᠰᠦᠯ᠎ᠠᠴᠠ᠎ᠨᠢ ᠬᠢᠨᠠᠨ ᠬᠠᠮᠢᠶᠠᠷᠬᠤ ᠵᠢ ᠴᠢᠩᠭ᠋ᠠᠳᠬᠠᠪᠠ᠃ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠬᠦᠷᠢᠶ᠎ᠡ ᠴᠠᠷᠠᠭ᠎ᠠ ᠵᠢᠨ ᠠᠵᠢᠯ ᠲᠥᠷᠥᠯ᠎ᠤᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠬᠠᠤᠯᠢ᠎ᠠᠴᠠ ᠵᠥᠷᠢᠴᠡᠨ ᠳᠠᠭ᠋ᠠᠭ᠋ᠠᠴᠢᠯᠠᠭᠤᠯᠬᠤ᠂ ᠰᠢᠯᠵᠢᠭᠦᠯᠦᠨ ᠳᠠᠭ᠋ᠠᠭ᠋ᠠᠴᠢᠯᠠᠭᠤᠯᠬᠤ᠂ ᠬᠠᠤᠯᠢ᠎ᠠᠴᠠ ᠵᠥᠷᠢᠴᠡᠨ ᠬᠤᠪᠢᠶᠠᠨ ᠳᠠᠭ᠋ᠠᠭ᠋ᠠᠴᠢᠯᠠᠬᠤ ᠵᠡᠷᠭᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠪᠠᠷᠢᠯᠭ᠎ᠠ ᠪᠠᠷᠢᠬᠤ ᠶᠠᠪᠤᠴᠠ᠎ᠳᠤ ᠳ᠋ᠦᠩᠨᠡᠨ ᠪᠤᠳᠤᠬᠤ ᠵᠢ ᠪᠥᠬᠥ ᠲᠠᠯ᠎ᠠ᠎ᠪᠠᠷ ᠬᠡᠷᠡᠭᠵᠢᠭᠦᠯᠦᠨ᠂ ᠪᠠᠷᠢᠯᠭ᠎ᠠ ᠵᠢᠨ ᠵᠣᠭᠣᠰ᠎ᠢ ᠥᠭᠬᠦ ᠪᠠᠲᠤᠯᠠᠨ ᠳᠠᠭ᠋ᠠᠭ᠋ᠠᠬᠤ ᠳᠦᠷᠢᠮ᠎ᠢ ᠨᠠᠢ᠌ᠳᠠᠪᠤᠷᠢᠵᠢᠭᠤᠯᠵᠤ᠂ ᠳᠦᠷᠢᠮ᠎ᠢ ᠨᠠᠢ᠌ᠳᠠᠪᠤᠷᠢᠵᠢᠭᠤᠯᠤᠭ᠋ᠠᠳᠤᠢ ᠪᠦᠲᠦᠭᠡᠨ ᠪᠠᠢ᠌ᠭᠤᠯᠬᠤ ᠨᠢᠭᠡᠴᠢ ᠪᠠ ᠪᠠᠷᠢᠯᠭ᠎ᠠ ᠪᠠᠷᠢᠬᠤ ᠨᠢᠭᠡᠴᠢ᠎ᠳᠤ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠢ᠍ᠳᠪᠦᠷᠢᠯᠡᠯᠲᠡ (ᠰᠢᠢ᠍ᠳᠬᠡᠯ) ᠵᠢ ᠶᠠᠪᠤᠭᠤᠯᠤᠨ᠎ᠠ᠃

      ᠭᠤᠷᠪᠠᠳᠤᠭ᠋ᠠᠷ᠎ᠲᠤ᠂ ᠳᠦᠷᠢᠮ᠎ᠢ ᠨᠠᠢ᠌ᠳᠠᠪᠤᠷᠢᠵᠢᠭᠤᠯᠬᠤ ᠪᠠ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠬᠦᠷᠦᠯᠴᠡᠬᠦ ᠦᠭᠡᠢ ᠪᠠᠶ᠋ᠢᠬᠤ ᠠᠰᠠᠭᠤᠳᠠᠯ᠎ᠢ ᠭᠣᠣᠯᠯᠠᠨ ᠰᠢᠢ᠍ᠳᠪᠦᠷᠢᠯᠡᠪᠡ᠃ ᠨᠢᠭᠡ᠎ᠳᠤ᠂ ᠡᠯ᠎ᠡ ᠭᠠᠵᠠᠷ ᠣᠷᠣᠨ᠎ᠤ᠎ᠬᠢᠨ ᠪᠠᠷᠢᠯᠭ᠎ᠠ ᠵᠢᠨ ᠠᠵᠢᠯ᠎ᠢ ᠬᠢᠬᠦ ᠠᠵᠤ ᠠᠬᠤᠢ᠌ᠯᠠᠯ᠎ᠤᠨ ᠬᠥᠳᠡᠯᠮᠦᠷᠢ ᠬᠦᠴᠦ ᠬᠡᠷᠡᠭᠯᠡᠬᠦ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠬᠦᠷᠢᠶᠡᠨ᠎ᠳᠠᠬᠢ ᠦᠨᠡᠨ ᠨᠡᠷ᠎ᠡ ᠵᠢᠨ ᠳᠦᠷᠢᠮᠲᠦ ᠬᠠᠮᠢᠶᠠᠷᠤᠯᠲᠠ ᠵᠢ ᠨᠠᠢ᠌ᠳᠠᠪᠤᠷᠢᠵᠢᠭᠤᠯᠤᠨ᠂ ᠪᠦᠲᠦᠭᠡᠨ ᠪᠠᠢ᠌ᠭᠤᠯᠵᠤ ᠪᠠᠢ᠌ᠭ᠎ᠠ ᠪᠤᠢ ᠪᠦᠬᠦᠢ ᠲᠥᠷᠥᠯ ᠵᠦᠢ᠍ᠯ᠎ᠢ ᠦᠨᠡᠨ ᠨᠡᠷ᠎ᠡ ᠵᠢᠨ ᠳᠦᠷᠢᠮᠲᠦ ᠲᠠᠪᠴᠠᠩ᠎ᠤᠨ ᠬᠢᠨᠠᠯᠲᠠ ᠬᠠᠮᠢᠶᠠᠷᠤᠯᠲᠠ᠎ᠳᠤ ᠣᠷᠣᠭᠤᠯᠬᠤ ᠬᠡᠷᠡᠭᠲᠡᠶ ᠭᠡᠵᠦ ᠱᠠᠭ᠋ᠠᠷᠳᠠᠪᠠ᠃ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠬᠦᠷᠢᠶ᠎ᠡ ᠴᠠᠷᠠᠭ᠎ᠠ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠨᠢ ᠪᠠᠷᠢᠯᠭ᠎ᠠ ᠵᠢᠨ ᠠᠵᠢᠯ᠎ᠢ ᠶᠡᠷᠦᠩᠬᠡᠢ ᠳᠠᠭ᠋ᠠᠭ᠋ᠠᠴᠢᠯᠠᠭᠰᠠᠨ ᠠᠵᠤ ᠠᠬᠤᠢ᠌ᠯᠠᠯ᠂ ᠬᠥᠳᠡᠯᠮᠦᠷᠢ ᠦᠢ᠍ᠯᠡᠴᠢᠯᠡᠭᠡᠨ᠎ᠤ ᠬᠤᠪᠢᠶᠠᠨ ᠳᠠᠭ᠋ᠠᠭ᠋ᠠᠴᠢᠯᠠᠭᠰᠠᠨ ᠠᠵᠤ ᠠᠬᠤᠢ᠌ᠯᠠᠯ᠎ᠢ ᠱᠠᠯᠠᠪᠳᠠᠭᠤᠯᠵᠤ ᠪᠠᠷᠢᠯᠭ᠎ᠠ ᠵᠢᠨ ᠠᠵᠢᠯᠴᠢᠨ᠎ᠤ ᠦᠨᠡᠨ ᠨᠡᠷ᠎ᠡ ᠵᠢᠨ ᠳᠦᠷᠢᠮᠲᠦ ᠲᠠᠪᠴᠠᠩ᠎ᠢ ᠬᠡᠷᠡᠭᠯᠡᠬᠦ ᠵᠢ ᠴᠢᠩᠭ᠋ᠠᠳᠬᠠᠵᠤ᠂ ᠲᠥᠷᠥᠯ ᠵᠦᠢ᠍ᠯ᠎ᠤᠨ ᠪᠠᠷᠢᠯᠭ᠎ᠠ ᠵᠢᠨ ᠮᠡᠳᠡᠭᠡ ᠵᠠᠩᠭᠢ ᠵᠢᠴᠢ ᠡᠳᠦᠷ ᠪᠦᠷᠢ ᠵᠢᠨ ᠠᠵᠢᠯ᠎ᠳᠤ ᠭᠠᠷᠬᠤ ᠵᠢ ᠬᠢᠨᠠᠨ ᠰᠢᠯᠭ᠋ᠠᠭᠰᠠᠨ ᠲᠣᠭ᠎ᠠ ᠪᠠᠷᠢᠮᠲᠠ ᠵᠢ ᠴᠠᠭ ᠲᠤᠬᠠᠢ᠎ᠳᠤᠨᠢ ᠳᠡᠭᠡᠭᠰᠢ ᠳᠠᠮᠵᠢᠭᠤᠯᠵᠤ᠂ ᠪᠠᠷᠢᠯᠭ᠎ᠠ ᠵᠢᠨ ᠠᠵᠢᠯᠴᠢᠨ᠎ᠤ ᠦᠨᠡᠨ ᠨᠡᠷ᠎ᠡ ᠵᠢᠨ ᠳᠦᠷᠢᠮᠲᠦ ᠲᠥᠷᠥᠯ ᠵᠦᠢ᠍ᠯ᠎ᠤᠨ ᠲᠣᠭ᠎ᠠ ᠪᠠᠷᠢᠮᠲᠠ ᠵᠢ ᠰᠢᠨᠡᠳᠬᠡᠬᠦ ᠨᠣᠷᠮ᠎ᠠ ᠵᠢ 90% ᠪᠠᠢ᠌ᠬᠤ ᠵᠢ ᠪᠠᠲᠤᠯᠠᠪᠠ᠃ ᠶᠠᠭ ᠪᠦᠲᠦᠭᠡᠨ ᠪᠠᠢ᠌ᠭᠤᠯᠵᠤ ᠪᠠᠢ᠌ᠭ᠎ᠠ ᠲᠥᠷᠥᠯ ᠵᠦᠢ᠍ᠯ᠎ᠳᠤ ᠬᠥᠯᠥᠰᠦᠨ ᠮᠠᠯᠴᠢᠨ ᠲᠠᠷᠢᠶᠠᠴᠢᠨ᠎ᠤ ᠴᠠᠯᠢᠩ᠎ᠢ ᠥᠭᠬᠦ ᠲᠤᠰᠬᠠᠢ ᠲᠠᠩᠰᠠᠨ ᠡᠷᠦᠬᠡ ᠵᠢᠨ ᠬᠠᠮᠢᠶᠠᠷᠤᠯᠲᠠ ᠵᠢᠨ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ᠂ ᠬᠤᠪᠢᠶᠠᠨ ᠳᠠᠭ᠋ᠠᠭ᠋ᠠᠴᠢᠯᠠᠭᠰᠠᠨ ᠨᠢᠭᠡᠴᠢ ᠵᠢᠨ ᠬᠥᠯᠥᠰᠦᠨ ᠮᠠᠯᠴᠢᠨ ᠲᠠᠷᠢᠶᠠᠴᠢᠨ᠎ᠤ ᠴᠠᠯᠢᠩ᠎ᠢ ᠪᠣᠯ ᠶᠡᠷᠦᠩᠬᠡᠢ᠌ᠯᠡᠨ ᠳᠠᠭ᠋ᠠᠭ᠋ᠠᠴᠢᠯᠠᠭᠰᠠᠨ ᠨᠢᠭᠡᠴᠢ᠎ᠳᠤ ᠨᠠᠶ᠋ᠢᠳᠠᠵᠤ ᠣᠷᠣᠯᠠᠨ ᠥᠭᠬᠦ ᠳᠦᠷᠢᠮ᠎ᠢ ᠬᠡᠷᠡᠭᠵᠢᠭᠦᠯᠦᠨ᠂ ᠴᠠᠯᠢᠩ ᠵᠢ ᠪᠠᠲᠤᠯᠠᠬᠤ ᠪᠡᠯᠡ ᠮᠥᠩᠭᠥ ᠵᠢᠨ ᠳᠦᠷᠢᠮ ᠪᠠ ᠪᠠᠷᠢᠯᠭ᠎ᠠ ᠵᠢᠨ ᠲᠤᠬᠠᠢ ᠵᠢᠨ ᠭᠠᠵᠠᠷ᠎ᠲᠤ ᠬᠥᠯᠥᠰᠦᠨ ᠮᠠᠯᠴᠢᠨ ᠲᠠᠷᠢᠶᠠᠴᠢᠨ᠎ᠤ ᠡᠷᠬᠡ ᠠᠰᠢᠭ᠎ᠢ ᠬᠠᠮᠠᠭ᠋ᠠᠯᠠᠬᠤ ᠠᠭᠤᠯᠭ᠎ᠠ ᠵᠢ ᠵᠠᠷᠯᠠᠨ ᠨᠡᠢ᠌ᠲᠡᠯᠡᠬᠦ ᠫᠠᠢ᠌ᠰᠠ ᠡᠯᠭᠦᠬᠦ ᠳᠦᠷᠢᠮ᠎ᠢ ᠨᠠᠢ᠌ᠳᠠᠪᠤᠷᠢᠵᠢᠭᠤᠯᠪᠠ᠃ ᠬᠣᠶᠠᠷ᠎ᠲᠤ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ ᠪᠠ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠬᠦᠷᠢᠶ᠎ᠡ ᠴᠠᠷᠠᠭ᠎ᠠ ᠵᠢᠨ ᠠᠵᠢᠯ ᠲᠥᠷᠥᠯ᠎ᠤᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠠᠵᠢᠯᠲᠠᠨ ᠲᠤᠰᠬᠠᠢ ᠬᠥᠮᠥᠨ ᠬᠡᠰᠡᠭ᠎ᠢ ᠳᠠᠭ᠋ᠠᠭ᠋ᠠᠴᠢᠯᠠᠨ ᠲᠥᠷᠥᠯ ᠵᠦᠢ᠍ᠯ᠎ᠢ ᠳᠠᠭ᠋ᠠᠭ᠋ᠠᠴᠢᠯᠠᠬᠤ ᠬᠢᠨᠠᠯᠲᠠ ᠬᠠᠮᠢᠶᠠᠷᠤᠯᠲᠠ ᠵᠢᠨ ᠵᠠᠭᠪᠤᠷ᠎ᠢ ᠬᠡᠷᠡᠭᠯᠡᠨ᠂ ᠪᠦᠲᠦᠭᠡᠨ ᠪᠠᠢ᠌ᠭᠤᠯᠵᠤ ᠪᠠᠢ᠌ᠭ᠎ᠠ ᠲᠥᠷᠥᠯ ᠵᠦᠢ᠍ᠯ᠎ᠤᠨ ᠴᠠᠯᠢᠩ᠎ᠢ ᠥᠭᠬᠦ ᠳᠦᠷᠢᠮ᠎ᠢ ᠨᠠᠢ᠌ᠳᠠᠪᠤᠷᠢᠵᠢᠭᠤᠯᠤᠭᠰᠠᠨ ᠪᠠᠶ᠋ᠢᠳᠠᠯ᠎ᠳᠤ ᠬᠠᠤᠯᠢ ᠶᠣᠰᠣᠭ᠋ᠠᠷ ᠬᠢᠨᠠᠯᠲᠠ ᠲᠠᠯᠪᠢᠵᠤ ᠪᠠᠢ᠌ᠴᠠᠭ᠋ᠠᠪᠠ᠃ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠬᠦᠷᠢᠶ᠎ᠡ ᠴᠠᠷᠠᠭ᠎ᠠ ᠵᠢᠨ ᠬᠥᠯᠥᠰᠦᠨ ᠮᠠᠯᠴᠢᠨ ᠲᠠᠷᠢᠶᠠᠴᠢᠨ᠎ᠤ ᠴᠠᠯᠢᠩ᠎ᠢ ᠥᠭᠬᠦ ᠵᠢ ᠬᠢᠨᠠᠨ ᠡᠵᠡᠮᠳᠡᠵᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ᠎ᠢ ᠲᠠᠰ ᠳᠡᠪᠰᠢᠭᠦᠯᠬᠦ ᠪᠠ ᠰᠢᠨᠡᠳᠬᠡᠵᠦ᠂ ᠲᠠᠪᠴᠠᠩ ᠬᠢᠭᠡᠳ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠬᠦᠷᠢᠶ᠎ᠡ ᠴᠠᠷᠠᠭ᠎ᠠ ᠵᠢᠨ ᠦᠨᠡᠨ ᠨᠡᠷ᠎ᠡ ᠵᠢᠨ ᠳᠦᠷᠢᠮᠲᠦ ᠬᠠᠮᠢᠶᠠᠷᠤᠯᠲᠠ ᠵᠢᠨ ᠲᠠᠪᠴᠠᠩ᠂ 《ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ》 ᠵᠢᠨ ᠰᠢᠰᠲ᠋ᠧᠮ᠎ᠢ ᠵᠣᠯᠭ᠋ᠠᠭᠤᠯᠬᠤ ᠵᠢ ᠠᠬᠢᠭᠤᠯᠵᠤ᠂ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠬᠦᠷᠢᠶ᠎ᠡ ᠴᠠᠷᠠᠭ᠎ᠠ ᠵᠢᠨ ᠬᠥᠯᠥᠰᠦᠨ ᠮᠠᠯᠴᠢᠨ ᠲᠠᠷᠢᠶᠠᠴᠢᠨ᠎ᠤ ᠴᠠᠯᠢᠩ᠎ᠢ ᠥᠭᠬᠦ ᠵᠢ ᠪᠥᠬᠥ ᠶᠠᠪᠤᠴᠠ ᠵᠢᠨ ᠬᠥᠳᠡᠯᠦᠩᠭᠦᠢ ᠬᠢᠨᠠᠯᠲᠠ ᠬᠠᠮᠢᠶᠠᠷᠤᠯᠲᠠ ᠵᠢ ᠠᠯᠬᠤᠮ ᠠᠯᠬᠤᠮ ᠵᠶ᠋ᠠᠷ ᠪᠡᠶᠡᠯᠡᠭᠦᠯᠪᠡ᠃

      ᠳᠥᠷᠪᠡᠳᠦᠭᠡᠷ᠎ᠲᠤ᠂ ᠬᠡᠷᠡᠭ᠎ᠢ ᠰᠢᠢ᠍ᠳᠪᠦᠷᠢᠯᠡᠭᠰᠡᠨ ᠶᠠᠰᠤ ᠴᠢᠨᠠᠷ ᠦᠷ᠎ᠡ ᠪᠦᠲᠦᠮᠵᠢ᠎ᠪᠠᠷ ᠥᠨᠳᠥᠷ ᠪᠢᠰᠢ ᠪᠠᠶ᠋ᠢᠬᠤ ᠠᠰᠠᠭᠤᠳᠠᠯ᠎ᠢ ᠭᠣᠣᠯᠯᠠᠨ ᠰᠢᠢ᠍ᠳᠪᠦᠷᠢᠯᠡᠪᠡ᠃ ᠨᠢᠭᠡ᠎ᠳᠤ᠂ ᠴᠠᠯᠢᠩ ᠬᠥᠯᠥᠰᠦ ᠵᠢ ᠥᠷᠢᠲᠦᠭᠰᠡᠨ ᠰᠦᠪᠡᠭᠴᠢ ᠵᠢ ᠱᠠᠯᠠᠪᠳᠠᠭᠤᠯᠤᠨ ᠰᠢᠢ᠍ᠳᠪᠦᠷᠢᠯᠡᠭᠦᠯᠬᠦ ᠡᠷᠴᠢᠮ᠎ᠢ ᠴᠢᠩᠭ᠋ᠠᠷᠠᠭᠤᠯᠪᠠ᠃ ᠡᠯ᠎ᠡ ᠱᠠᠲᠤᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ ᠪᠦᠬᠦ ᠤᠯᠤᠰ᠂ ᠥᠪᠡᠷᠲᠡᠭᠡᠨ ᠵᠠᠰᠠᠬᠤ ᠣᠷᠣᠨ᠎ᠤ ᠴᠠᠯᠢᠩ ᠬᠥᠯᠥᠰᠦ ᠵᠢ ᠥᠷᠢᠲᠦᠭᠰᠡᠨ ᠰᠦᠪᠡᠭᠴᠢ ᠵᠢ ᠲᠤᠰᠬᠠᠬᠤ ᠲᠠᠪᠴᠠᠩ᠂ ᠤᠳᠤᠷᠢᠳᠤᠯᠭ᠎ᠠ ᠵᠢᠨ ᠴᠣᠬᠣᠯᠠᠪᠤᠷᠢ᠂ ᠵᠠᠬᠢᠳᠠᠯ ᠰᠤᠷᠪᠤᠯᠵᠢᠯᠠᠯ᠎ᠢ ᠲᠤᠰᠢᠶᠠᠨ ᠰᠢᠢ᠍ᠳᠪᠦᠷᠢᠯᠡᠭᠦᠯᠬᠦ᠂ ᠰᠦᠯᠵᠢᠶᠡᠨ ᠳᠡᠭᠡᠷᠡᠬᠢ ᠶᠠᠷᠢᠶ᠎ᠠ ᠬᠡᠯᠡᠯᠴᠡᠭᠡᠨ᠎ᠤ ᠪᠠᠶ᠋ᠢᠳᠠᠯ᠂ ᠲᠤᠬᠠᠢ ᠵᠢᠨ ᠭᠠᠵᠠᠷ᠎ᠲᠤᠨᠢ ᠬᠦᠯᠢᠶᠡᠨ ᠠᠪᠴᠤ ᠰᠢᠢ᠍ᠳᠪᠦᠷᠢᠯᠡᠭᠰᠡᠨ ᠬᠡᠷᠡᠭ᠎ᠤᠨ ᠰᠦᠪᠡᠭᠴᠢ᠎ᠪᠠᠷ ᠭᠣᠣᠯᠳᠠᠯᠭ᠎ᠠ ᠪᠣᠯᠭ᠋ᠠᠵᠤ᠂ ᠪᠥᠬᠥ ᠰᠢᠰᠲ᠋ᠧᠮ ᠵᠶ᠋ᠡᠷ ᠵᠶ᠋ᠡᠨ ᠴᠠᠯᠢᠩ ᠬᠥᠯᠥᠰᠦ ᠵᠢ ᠥᠷᠢᠲᠦᠭᠰᠡᠨ ᠬᠡᠷᠡᠭ᠎ᠤᠨ ᠰᠦᠪᠡᠭᠴᠢ ᠵᠢ ᠪᠠᠢ᠌ᠴᠠᠭ᠋ᠠᠨ ᠰᠢᠢ᠍ᠳᠪᠦᠷᠢᠯᠡᠬᠦ ᠡᠬᠡ ᠲᠠᠩᠰᠠ ᠵᠢ ᠪᠠᠢ᠌ᠭᠤᠯᠵᠤ᠂ ᠲᠤᠰᠬᠠᠭᠰᠠᠨ ᠴᠠᠯᠢᠩ ᠬᠥᠯᠥᠰᠦ ᠵᠢ ᠥᠷᠢᠲᠦᠭᠰᠡᠨ ᠰᠦᠪᠡᠭᠴᠢ ᠵᠢ ᠬᠠᠮᠤᠭ᠎ᠤᠨ ᠲᠡᠷᠢᠭᠦᠨ᠎ᠳᠤ ᠬᠠᠷᠢᠶᠠᠲᠤ ᠭᠠᠵᠠᠷ ᠪᠣᠯᠣᠨ ᠠᠵᠢᠯ ᠲᠥᠷᠥᠯ᠎ᠤᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠵᠣᠯᠭ᠋ᠠᠭᠤᠯᠵᠤ᠂ ᠰᠢᠢ᠍ᠳᠪᠦᠷᠢᠯᠡᠵᠦ ᠬᠢᠨᠠᠨ ᠪᠠᠢ᠌ᠴᠠᠭ᠋ᠠᠭᠰᠠᠨ ᠪᠠᠶ᠋ᠢᠳᠠᠯ᠎ᠢ ᠠᠩᠬᠠᠷᠴᠤ᠂ ᠰᠢᠢ᠍ᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠬᠥᠯᠥᠰᠦᠨ ᠮᠠᠯᠴᠢᠨ ᠲᠠᠷᠢᠶᠠᠴᠢᠨ᠎ᠤ ᠴᠠᠯᠢᠩ᠎ᠢ ᠥᠷᠢᠲᠦᠭᠰᠡᠨ᠎ᠢ ᠢᠯᠡᠴᠢᠯᠡᠨ ᠮᠡᠳᠡᠭᠦᠯᠵᠦ ᠵᠠᠭ᠋ᠠᠯᠳᠤᠭᠰᠠᠨ ᠬᠡᠷᠡᠭ᠎ᠢ ᠰᠢᠢ᠍ᠳᠪᠦᠷᠢᠯᠡᠵᠦ ᠳᠠᠭᠤᠰᠬᠠᠭᠰᠠᠨ ᠨᠣᠷᠮ᠎ᠠ ᠵᠢ 98%᠎ᠠᠴᠠ ᠳᠡᠭᠡᠭᠰᠢ ᠪᠠᠢ᠌ᠯᠭ᠋ᠠᠬᠤ ᠠᠵᠢᠯ᠎ᠤᠨ ᠬᠠᠷᠠᠯᠲᠠ ᠵᠢ ᠪᠡᠶᠡᠯᠡᠭᠦᠯᠬᠦ ᠵᠢ ᠦᠨᠡᠨᠬᠦ ᠪᠠᠲᠤᠯᠠᠪᠠ᠃ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ᠂ ᠬᠠᠤᠯᠢ ᠴᠠᠭ᠋ᠠᠵᠠ ᠵᠠᠰᠠᠭ ᠵᠠᠬᠢᠷᠭ᠎ᠠ᠂ ᠰᠢᠭᠦᠬᠦ ᠬᠣᠷᠢᠶ᠎ᠠ ᠵᠡᠷᠭᠡ ᠰᠠᠯᠠᠭ᠎ᠠ ᠮᠥᠴᠢᠷ᠎ᠤᠨ᠎ᠬᠢᠨ ᠬᠥᠯᠥᠰᠦᠨ ᠮᠠᠯᠴᠢᠨ ᠲᠠᠷᠢᠶᠠᠴᠢᠨ᠎ᠤ ᠴᠠᠯᠢᠩ ᠬᠥᠯᠥᠰᠦ ᠵᠢ ᠥᠷᠢᠲᠦᠭᠰᠡᠨ ᠬᠠᠭᠤᠴᠢᠨ ᠳᠠᠷᠤᠭᠳᠠᠮᠠᠯ ᠬᠡᠷᠡᠭ᠎ᠢ ᠰᠢᠢ᠍ᠳᠪᠦᠷᠢᠯᠡᠬᠦ ᠡᠷᠴᠢᠮ ᠵᠶ᠋ᠡᠨ ᠬᠦᠴᠦᠯᠡᠨ ᠴᠢᠩᠭ᠋ᠠᠷᠠᠭᠤᠯᠵᠤ᠂ ᠨᠢᠭᠡ ᠵᠢ ᠰᠢᠢ᠍ᠳᠪᠦᠷᠢᠯᠡᠪᠡᠯ ᠨᠢᠭᠡ ᠵᠢ ᠲᠠᠩᠰᠠᠨ᠎ᠠᠴᠠ ᠭᠠᠷᠭ᠋ᠠᠵᠤ᠂ ᠬᠥᠮᠥᠷᠭᠡ ᠵᠢ ᠴᠡᠪᠡᠷᠯᠡᠨ ᠪᠦᠬᠦᠨ᠎ᠢ ᠰᠢᠢ᠍ᠳᠪᠦᠷᠢᠯᠡᠵᠦ ᠳᠠᠭᠤᠰᠬᠠᠨ᠂ ᠬᠡᠷᠡᠭ᠎ᠢ ᠲᠤᠭᠤᠰᠢᠲᠠᠢ ᠰᠢᠢ᠍ᠳᠪᠦᠷᠢᠯᠡᠵᠦ ᠳᠠᠭᠤᠰᠬᠠᠬᠤ ᠵᠢ ᠪᠠᠲᠤᠯᠠᠪᠠ᠃ ᠬᠣᠶᠠᠷ᠎ᠲᠤ᠂ ᠬᠥᠳᠡᠯᠮᠦᠷᠢ ᠵᠢᠨ ᠬᠥᠯᠥᠰᠦ ᠣᠯᠭᠣᠮᠵᠢ ᠵᠢ ᠥᠭᠬᠦ ᠵᠢ ᠲᠡᠪᠴᠢᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠪᠡ᠃ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠴᠠᠯᠢᠩ ᠬᠥᠯᠥᠰᠦ ᠵᠢ ᠥᠷᠢᠲᠦᠬᠦ ᠠᠰᠠᠭᠤᠳᠠᠯ᠎ᠢ ᠰᠢᠢ᠍ᠳᠪᠦᠷᠢᠯᠡᠬᠦ᠎ᠳᠤ ᠰᠠᠨᠠᠭ᠋ᠠᠴᠢᠯᠠᠭ᠎ᠠ᠎ᠠᠴᠠ᠎ᠪᠠᠨ ᠣᠷᠣᠯᠴᠠᠵᠤ᠂ ᠴᠠᠯᠢᠩ ᠬᠥᠯᠥᠰᠦ ᠵᠢ ᠥᠷᠢᠲᠦᠬᠦ ᠶᠠᠯᠠᠲᠤ ᠠᠵᠢᠯᠯᠠᠭ᠎ᠠ ᠵᠢ ᠵᠠᠯᠬᠠᠭ᠋ᠠᠨ ᠰᠢᠢ᠍ᠳᠬᠡᠬᠦ ᠡᠷᠴᠢᠮ ᠵᠶ᠋ᠡᠨ ᠴᠢᠩᠭ᠋ᠠᠷᠠᠭᠤᠯᠤᠨ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠯᠦᠭᠡ ᠬᠠᠮᠲᠤᠷᠠᠨ ᠬᠠᠤᠯᠢ ᠬᠡᠷᠡᠭᠵᠢᠭᠦᠯᠬᠦ ᠠᠵᠢᠯ᠎ᠤᠨ ᠲᠣᠭᠲᠠᠴᠠ ᠵᠢ ᠪᠠᠢ᠌ᠭᠤᠯᠵᠤ᠂ ᠴᠠᠯᠢᠩ ᠬᠥᠯᠥᠰᠦ ᠵᠢ ᠥᠷᠢᠲᠦᠭᠰᠡᠨ ᠬᠠᠷᠢᠭᠤᠴᠠᠯᠭ᠎ᠠ ᠵᠢᠨ ᠭᠣᠣᠯ ᠴᠣᠭᠴᠠ᠎ᠳᠤ ᠬᠠᠮᠲᠤᠷᠠᠨ ᠬᠠᠤᠯᠢ ᠬᠡᠷᠡᠭᠵᠢᠭᠦᠯᠬᠦ ᠵᠢ ᠥᠷᠨᠢᠭᠦᠯᠪᠡ᠃ ᠪᠠᠢ᠌ᠴᠠᠭ᠋ᠠᠬᠤ ᠪᠠᠢ᠌ᠭᠤᠯᠭ᠎ᠠ ᠬᠠᠤᠯᠢ ᠶᠣᠰᠣᠭ᠋ᠠᠷ ᠠᠯᠪᠠᠨ ᠵᠠᠭ᠋ᠠᠯᠳᠤᠯᠭ᠎ᠠ ᠬᠢᠵᠦ᠂ ᠠᠷᠠᠳ᠎ᠤᠨ ᠰᠢᠭᠦᠬᠦ ᠬᠣᠷᠢᠶ᠎ᠠ ᠬᠠᠤᠯᠢ ᠶᠣᠰᠣᠭ᠋ᠠᠷ ᠲᠥᠪ ᠭᠣᠣᠯᠴᠢ᠎ᠪᠠᠷ ᠰᠢᠭᠦᠨ ᠲᠠᠰᠤᠯᠵᠤ᠂ ᠬᠡᠷᠡᠭ᠎ᠢ ᠰᠢᠢ᠍ᠳᠪᠦᠷᠢᠯᠡᠬᠦ ᠦᠷ᠎ᠡ ᠪᠦᠲᠦᠮᠵᠢ ᠵᠢ ᠦᠨᠡᠨ ᠬᠦ᠌ ᠳᠡᠭᠡᠭᠰᠢᠯᠡᠭᠦᠯᠪᠡ᠃

      ᠲᠠᠪᠤᠳᠤᠭ᠋ᠠᠷ᠎ᠲᠤ᠂ ᠦᠨᠡᠨᠴᠢ ᠢᠲᠡᠭᠡᠮᠵᠢ ᠵᠢᠨ ᠰᠢᠰᠲ᠋ᠧᠮ᠎ᠤᠨ ᠪᠠᠢ᠌ᠭᠤᠯᠤᠯᠲᠠ ᠪᠠ ᠢᠲᠡᠭᠡᠯ ᠠᠯᠳᠠᠭᠰᠠᠳ᠎ᠢ ᠵᠠᠯᠬᠠᠭ᠋ᠠᠨ ᠴᠡᠭᠡᠷᠯᠡᠭᠦᠯᠬᠦ ᠠᠵᠢᠯ᠎ᠢ ᠪᠣᠳᠠᠲᠠᠢ᠎ᠳᠤ ᠨᠠᠢ᠌ᠳᠠᠪᠤᠷᠢᠵᠢᠭᠤᠯᠤᠭᠰᠠᠨ ᠦᠭᠡᠢ ᠠᠰᠠᠭᠤᠳᠠᠯ᠎ᠢ ᠭᠣᠣᠯᠯᠠᠨ ᠰᠢᠢ᠍ᠳᠪᠦᠷᠢᠯᠡᠪᠡ᠃ ᠨᠢᠭᠡ᠎ᠳᠤ᠂ ᠴᠠᠯᠢᠩ ᠬᠥᠯᠥᠰᠦ ᠵᠢ ᠥᠷᠢᠲᠦᠭᠰᠡᠨ ᠬᠠᠤᠯᠢ᠎ᠠᠴᠠ ᠵᠥᠷᠢᠴᠡᠭᠰᠡᠨ ᠬᠦᠨᠳᠦ ᠶᠡᠬᠡ ᠦᠢ᠍ᠯᠡ ᠠᠵᠢᠯᠯᠠᠭ᠎ᠠ ᠵᠢ ᠨᠡᠢ᠌ᠭᠡᠮ ᠨᠠᠢ᠌ᠳᠠ᠎ᠳᠤ ᠵᠠᠷᠯᠠᠨ ᠨᠡᠢ᠌ᠲᠡᠯᠡᠪᠡ᠃ ᠰᠣᠨᠢᠨ᠂ ᠲᠧᠯᠸᠢᠰ᠂ ᠷᠠᠳᠢᠣ᠋ ᠨᠡᠪᠲᠡᠷᠡᠭᠦᠯᠭᠡ᠂ ᠰᠦᠯᠵᠢᠶ᠎ᠡ ᠵᠡᠷᠭᠡ ᠬᠡᠯᠪᠡᠷᠢ᠎ᠪᠠᠷ ᠳᠠᠮᠵᠢᠭᠤᠯᠤᠨ᠂ ᠴᠠᠯᠢᠩ ᠬᠥᠯᠥᠰᠦ ᠵᠢ ᠥᠷᠢᠲᠦᠭᠰᠡᠨ ᠬᠠᠤᠯᠢ᠎ᠠᠴᠠ ᠵᠥᠷᠢᠴᠡᠭᠰᠡᠨ ᠬᠦᠨᠳᠦ ᠶᠡᠬᠡ ᠦᠢ᠍ᠯᠡ ᠠᠵᠢᠯᠯᠠᠭ᠎ᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠲᠥᠪᠯᠡᠷᠡᠭᠦᠯᠦᠨ ᠢᠯᠡ᠎ᠪᠠᠷ ᠨᠡᠢ᠌ᠲᠡᠯᠡᠵᠦ᠂ ᠢᠯᠡᠴᠢᠯᠡᠬᠦ ᠡᠷᠴᠢᠮ ᠵᠶ᠋ᠠᠨ ᠴᠢᠩᠭ᠋ᠠᠷᠠᠭᠤᠯᠪᠠ᠃ ᠬᠣᠶᠠᠷ᠎ᠲᠤ᠂ ᠴᠠᠯᠢᠩ ᠬᠥᠯᠥᠰᠦ ᠵᠢ ᠥᠷᠢᠲᠦᠵᠦ ᠢᠲᠡᠭᠡᠯ ᠠᠯᠳᠠᠭᠰᠠᠳ᠎ᠢ ᠬᠣᠯᠪᠤᠭ᠋ᠠᠯᠠᠨ ᠵᠠᠯᠬᠠᠭ᠋ᠠᠨ ᠴᠡᠭᠡᠷᠯᠡᠭᠦᠯᠬᠦ ᠠᠵᠢᠯ᠎ᠢ ᠥᠷᠨᠢᠭᠦᠯᠪᠡ᠃ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠢᠲᠡᠭᠡᠮᠵᠢ ᠵᠢᠨ ᠰᠢᠰᠲ᠋ᠧᠮ᠎ᠤᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ᠂ ᠰᠠᠯᠠᠭ᠎ᠠ ᠮᠥᠴᠢᠷ᠎ᠤᠨ ᠬᠣᠭᠤᠷᠤᠨᠳᠤᠬᠢ ᠪᠠᠶ᠋ᠢᠳᠠᠯ᠎ᠢ ᠮᠡᠳᠡᠭᠳᠡᠬᠦ᠂ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠪᠠ ᠬᠣᠯᠪᠤᠭ᠋ᠠᠯᠠᠨ ᠵᠠᠯᠬᠠᠭ᠋ᠠᠨ ᠴᠡᠭᠡᠷᠯᠡᠭᠦᠯᠬᠦ ᠲᠣᠭᠲᠠᠴᠠ ᠵᠢ ᠲᠡᠭᠦᠯᠳᠡᠷᠵᠢᠭᠦᠯᠵᠦ᠂ ᠢᠲᠡᠭᠡᠯ ᠠᠯᠳᠠᠭᠰᠠᠨ ᠭᠣᠣᠯ ᠴᠣᠭᠴᠠ ᠵᠢ ᠬᠠᠤᠯᠢ ᠲᠣᠭᠲᠠᠭ᠋ᠠᠯ ᠶᠣᠰᠣᠭ᠋ᠠᠷ ᠪᠥᠬᠥ ᠤᠯᠤᠰ᠎ᠤᠨ ᠢᠲᠡᠭᠡᠮᠵᠢ ᠵᠢᠨ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠲᠠᠪᠴᠠᠩ᠂ ᠤᠯᠤᠰ᠎ᠤᠨ ᠠᠵᠤ ᠠᠬᠤᠢ᠌ᠯᠠᠯ᠎ᠤᠨ ᠢᠲᠡᠭᠡᠮᠵᠢ ᠵᠢᠨ ᠮᠡᠳᠡᠭᠡ ᠵᠠᠩᠭᠢ ᠵᠢ ᠢᠯᠡ ᠨᠡᠢ᠌ᠲᠡᠯᠡᠬᠦ ᠰᠢᠰᠲ᠋ᠧᠮ ᠪᠠ ᠬᠠᠮᠢᠶ᠎ᠠ ᠪᠦᠬᠦᠢ ᠬᠢᠨᠠᠨ ᠬᠠᠮᠢᠶᠠᠷᠬᠤ ᠲᠠᠪᠴᠠᠩ᠎ᠳᠤ ᠣᠷᠣᠭᠤᠯᠵᠤ᠂ ᠵᠠᠰᠠᠭ᠎ᠤᠨ ᠣᠷᠳᠣᠨ᠎ᠤ ᠳᠡᠮᠵᠢᠯᠭᠡ᠂ ᠵᠠᠰᠠᠭ᠎ᠤᠨ ᠣᠷᠳᠣᠨ᠎ᠠᠴᠠ ᠬᠤᠳᠠᠯᠳᠤᠨ ᠠᠪᠬᠤ᠂ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ᠂ ᠪᠡᠯᠡ ᠬᠤᠷᠠᠮᠳᠤᠭᠤᠯᠬᠤ ᠵᠢᠭᠡᠯᠡᠯᠭᠡ᠂ ᠵᠠᠬ᠎ᠠ ᠳᠡᠯᠭᠡᠭᠦᠷ᠎ᠲᠤ ᠣᠷᠣᠬᠤ ᠵᠢ ᠵᠥᠪᠰᠢᠶᠡᠷᠡᠬᠦ᠂ ᠭᠠᠢ᠌ᠯᠢ ᠵᠢᠨ ᠬᠠᠷᠠᠭ᠋ᠠᠯᠵᠠᠯ᠂ ᠵᠠᠮ ᠬᠠᠷᠢᠯᠴᠠᠭ᠎ᠠ ᠶᠠᠪᠤᠵᠤ ᠰᠠᠭᠤᠬᠤ ᠵᠡᠷᠭᠡ ᠲᠠᠯ᠎ᠠ᠎ᠪᠠᠷ ᠬᠠᠤᠯᠢ ᠲᠣᠭᠲᠠᠭ᠋ᠠᠯ ᠶᠣᠰᠣᠭ᠋ᠠᠷ ᠬᠢᠵᠠᠭ᠋ᠠᠷᠯᠠᠵᠤ᠂ 《ᠨᠢᠭᠡ ᠭᠠᠵᠠᠷ᠎ᠲᠤ ᠬᠠᠤᠯᠢ᠎ᠠᠴᠠ ᠵᠥᠷᠢᠴᠡᠪᠡᠯ᠂ ᠭᠠᠵᠠᠷ ᠪᠣᠯᠭ᠋ᠠᠨ᠎ᠳᠤ ᠬᠢᠵᠠᠭ᠋ᠠᠷᠯᠠᠭᠳᠠᠬᠤ》 ᠵᠢ ᠪᠡᠶᠡᠯᠡᠭᠦᠯᠪᠡ᠃

      ᠵᠢᠷᠭᠤᠳᠤᠭ᠋ᠠᠷ᠎ᠲᠤ᠂ ᠠᠵᠢᠯ᠎ᠤᠨ ᠲᠣᠭᠲᠠᠴᠠ ᠪᠠ ᠪᠠᠲᠤᠯᠠᠭ᠎ᠠ ᠵᠢᠨ ᠰᠢᠰᠲ᠋ᠧᠮ ᠲᠡᠭᠦᠯᠳᠡᠷᠵᠢᠭᠡᠳᠦᠢ ᠪᠠᠶ᠋ᠢᠬᠤ ᠠᠰᠠᠭᠤᠳᠠᠯ᠎ᠢ ᠭᠣᠣᠯᠯᠠᠨ ᠰᠢᠢ᠍ᠳᠪᠦᠷᠢᠯᠡᠪᠡ᠃ ᠪᠠᠢ᠌ᠩᠭᠤᠵᠢᠭᠤᠯᠬᠤ᠂ ᠨᠠᠷᠢᠯᠢᠭ ᠣᠨᠣᠴᠠᠲᠠᠢ ᠪᠣᠯᠭ᠋ᠠᠬᠤ ᠬᠢᠨᠠᠯᠲᠠ ᠲᠠᠯᠪᠢᠬᠤ ᠡᠷᠴᠢᠮ᠎ᠢ ᠲᠠᠰᠤᠷᠠᠯᠲᠠ ᠦᠭᠡᠢ ᠴᠢᠩᠭ᠋ᠠᠷᠠᠭᠤᠯᠬᠤ᠎ᠪᠠᠷ ᠳᠠᠮᠵᠢᠭᠤᠯᠤᠨ᠂ ᠡᠯ᠎ᠡ ᠱᠠᠲᠤᠨ᠎ᠤ ᠵᠠᠰᠠᠭ᠎ᠤᠨ ᠣᠷᠳᠣᠨ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠡᠭᠦᠷᠭᠡ ᠲᠤᠰᠢᠶᠠᠯ ᠵᠶ᠋ᠠᠨ ᠨᠠᠷᠢᠨ ᠬᠢᠨᠠᠮᠠᠭ᠋ᠠᠢ ᠭᠦᠢ᠍ᠴᠡᠳᠬᠡᠬᠦ ᠵᠢ ᠠᠬᠢᠭᠤᠯᠵᠤ᠂ ᠡᠯ᠎ᠡ ᠱᠠᠲᠤᠨ᠎ᠤ ᠴᠠᠯᠢᠩ ᠬᠥᠯᠥᠰᠦ ᠵᠢ ᠥᠷᠢᠲᠦᠬᠦ ᠵᠢ ᠦᠨᠳᠦᠰᠦᠨ᠎ᠠᠴᠠ᠎ᠨᠢ ᠵᠠᠰᠠᠬᠤ ᠬᠡᠷᠡᠭ ᠵᠥᠪᠯᠡᠵᠦ ᠵᠣᠬᠢᠴᠠᠭᠤᠯᠬᠤ ᠪᠠᠢ᠌ᠭᠤᠯᠤᠮᠵᠢ ᠬᠢᠭᠡᠳ ᠡᠯ᠎ᠡ ᠱᠠᠲᠤᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠬᠢᠨᠠᠨ ᠪᠠᠢ᠌ᠴᠠᠭ᠋ᠠᠬᠤ ᠵᠥᠪᠯᠡᠯ᠂ ᠳᠣᠲᠣᠭ᠋ᠠᠳᠤ ᠵᠢ ᠬᠠᠮᠠᠭ᠋ᠠᠯᠠᠬᠤ᠂ ᠰᠦᠯᠵᠢᠶᠡᠨ᠎ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ᠂ ᠵᠠᠬᠢᠳᠠᠯ ᠰᠤᠷᠪᠤᠯᠵᠢᠯᠠᠯ ᠵᠡᠷᠭᠡ ᠰᠠᠯᠠᠭ᠎ᠠ ᠮᠥᠴᠢᠷ᠎ᠤᠨ ᠨᠡᠪᠲᠡᠷᠡᠯᠴᠡᠨ ᠵᠣᠯᠭ᠋ᠠᠭᠤᠯᠬᠤ ᠪᠠ ᠵᠣᠬᠢᠴᠠᠭᠤᠯᠵᠤ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠪᠥᠬᠥ ᠲᠠᠯ᠎ᠠ᠎ᠪᠠᠷ ᠪᠠᠢ᠌ᠭᠤᠯᠵᠤ᠂ ᠬᠥᠯᠥᠰᠦᠨ ᠮᠠᠯᠴᠢᠨ ᠲᠠᠷᠢᠶᠠᠴᠢᠨ᠎ᠤ ᠴᠠᠯᠢᠩ᠎ᠢ ᠴᠠᠭ ᠲᠤᠬᠠᠢ᠎ᠳᠤᠨᠢ ᠲᠣᠭ᠎ᠠ ᠶᠣᠰᠣᠭ᠋ᠠᠷ ᠥᠭᠬᠦ ᠵᠢ ᠪᠠᠲᠤᠯᠠᠬᠤ᠎ᠳᠤ ᠭᠣᠣᠯᠳᠠᠯᠭ᠎ᠠ᠎ᠲᠠᠢ ᠬᠢᠨᠠᠯᠲᠠ ᠲᠠᠯᠪᠢᠵᠤ ᠪᠠᠢ᠌ᠴᠠᠭ᠋ᠠᠨ᠂ ᠴᠠᠯᠢᠩ ᠬᠥᠯᠥᠰᠦ ᠵᠢ ᠥᠷᠢᠲᠦᠬᠦ ᠵᠢ ᠦᠨᠳᠦᠰᠦᠨ᠎ᠠᠴᠠ᠎ᠨᠢ ᠵᠠᠰᠠᠬᠤ ᠠᠵᠢᠯ᠎ᠳᠤ ᠣᠷᠣᠰᠢᠵᠤ ᠪᠠᠢ᠌ᠭ᠎ᠠ ᠲᠣᠪᠣᠢ᠌ᠮ᠎ᠠ ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠤᠨ᠂ ᠬᠥᠯᠥᠰᠦᠨ ᠮᠠᠯᠴᠢᠨ ᠲᠠᠷᠢᠶᠠᠴᠢᠨ᠎ᠤ ᠬᠠᠤᠯᠢ ᠶᠣᠰᠣᠨ᠎ᠤ ᠡᠷᠬᠡ ᠠᠰᠢᠭ᠎ᠢ ᠦᠨᠡᠨᠬᠦ ᠬᠠᠮᠠᠭ᠋ᠠᠯᠠᠪᠠ᠃

      ᠰᠤᠷᠪᠤᠯᠵᠢᠯᠠᠭᠴᠢ ᠨᠠᠢ᠌ᠵᠠ ᠨᠠᠷ ᠠ᠋᠂ ᠬᠥᠯᠥᠰᠦᠨ ᠮᠠᠯᠴᠢᠨ ᠲᠠᠷᠢᠶᠠᠴᠢᠨ᠎ᠤ ᠴᠠᠯᠢᠩ ᠬᠥᠯᠥᠰᠦ ᠵᠢ ᠥᠷᠢᠲᠦᠬᠦ ᠵᠢ ᠦᠨᠳᠦᠰᠦᠨ᠎ᠠᠴᠠ᠎ᠨᠢ ᠵᠠᠰᠠᠬᠤ ᠠᠵᠢᠯ᠎ᠨᠢ ᠲᠥᠷᠥ ᠵᠢᠨ ᠪᠣᠳᠣᠯᠭ᠎ᠠ ᠵᠢᠨ ᠴᠢᠨᠠᠷ᠂ ᠰᠢᠰᠲ᠋ᠧᠮᠲᠦ ᠴᠢᠨᠠᠷ᠂ ᠦᠢ᠍ᠯᠡᠳᠦᠯᠭᠡ ᠵᠢᠨ ᠴᠢᠨᠠᠷ ᠵᠶ᠋ᠠᠷ ᠮᠠᠰᠢ ᠴᠢᠩᠭ᠎ᠠ ᠪᠠᠢ᠌ᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠠᠴᠠ ᠠᠯᠢ ᠤᠯᠠᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠨᠡᠢ᠌ᠲᠡᠯᠡᠵᠦ᠂ ᠡᠯ᠎ᠡ ᠭᠠᠵᠠᠷ ᠣᠷᠣᠨ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ᠎ᠤ ᠦᠷᠭᠦᠯᠵᠢᠯᠡᠨ ᠠᠬᠢᠭᠤᠯᠤᠨ ᠨᠠᠢ᠌ᠳᠠᠪᠤᠷᠢᠵᠢᠭᠤᠯᠬᠤ ᠵᠢ ᠱᠠᠭ᠋ᠠᠷᠳᠠᠵᠤ ᠪᠠᠢ᠌ᠨ᠎ᠠ᠃ ᠡᠭᠦᠨ᠎ᠤ ᠵᠡᠷᠭᠡ᠎ᠪᠠᠷ ᠥᠷᠭᠡᠨ ᠤᠯᠠᠨ ᠬᠥᠮᠥᠨ ᠬᠡᠷᠡᠭᠯᠡᠬᠦ ᠨᠢᠭᠡᠴᠢ ᠪᠣᠯᠣᠨ ᠬᠥᠯᠥᠰᠦᠨ ᠮᠠᠯᠴᠢᠨ ᠲᠠᠷᠢᠶᠠᠴᠢᠨ᠎ᠳᠤ ᠡᠲᠡᠭᠡᠷ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠎ᠢ ᠲᠡᠷᠡ ᠳᠠᠷᠤᠢ᠎ᠳᠤᠨᠢ ᠮᠡᠳᠡᠭᠦᠯᠵᠦ ᠣᠢ᠌ᠯᠠᠭ᠋ᠠᠭᠤᠯᠬᠤ᠎ᠳᠤ ᠪᠠᠰᠠ ᠵᠠᠭᠤᠴᠢᠯᠠᠭᠤᠷ᠎ᠤᠨ ᠬᠦᠴᠦᠨ᠎ᠢ ᠠᠰᠢᠭᠯᠠᠬᠤ ᠬᠡᠷᠡᠭᠲᠡᠶ᠃ ᠠᠲᠠ᠂ ᠰᠤᠷᠪᠤᠯᠵᠢᠯᠠᠭᠴᠢ ᠨᠠᠢ᠌ᠵᠠ ᠨᠠᠷ ᠬᠥᠯᠥᠰᠦᠨ ᠮᠠᠯᠴᠢᠨ ᠲᠠᠷᠢᠶᠠᠴᠢᠨ᠎ᠤ ᠴᠠᠯᠢᠩ᠎ᠢ ᠥᠭᠬᠦ ᠵᠢ ᠪᠠᠲᠤᠯᠠᠬᠤ ᠬᠠᠤᠯᠢ ᠲᠣᠭᠲᠠᠭ᠋ᠠᠯ ᠲᠥᠷᠥ ᠵᠢᠨ ᠪᠣᠳᠣᠯᠭ᠎ᠠ ᠵᠢ ᠶᠡᠬᠡ᠎ᠪᠠᠷ ᠤᠬᠠᠭᠤᠯᠵᠤ᠂ ᠬᠥᠯᠥᠰᠦᠨ ᠮᠠᠯᠴᠢᠨ ᠲᠠᠷᠢᠶᠠᠴᠢᠨ᠎ᠤ ᠴᠠᠯᠢᠩ᠎ᠢ ᠥᠷᠢᠲᠦᠬᠦ ᠵᠢ ᠦᠨᠳᠦᠰᠦᠨ᠎ᠠᠴᠠ᠎ᠨᠢ ᠰᠢᠢ᠍ᠳᠪᠦᠷᠢᠯᠡᠭᠰᠡᠨ ᠰᠠᠶ᠋ᠢᠨ ᠲᠤᠷᠰᠢᠯᠭ᠎ᠠ ᠠᠷᠭ᠎ᠠ ᠬᠢᠳᠡᠯ ᠪᠠ ᠨᠡᠢ᠌ᠲᠡᠯᠢᠭ ᠵᠢᠱ᠌ᠢᠶ᠎ᠡ ᠵᠢ ᠶᠡᠬᠡ᠎ᠪᠠᠷ ᠤᠬᠠᠭᠤᠯᠬᠤ ᠵᠢ ᠴᠢᠩ ᠰᠡᠳᠬᠢᠯ᠎ᠠᠴᠠ᠎ᠪᠠᠨ ᠬᠦᠰᠡᠵᠦ ᠪᠠᠢ᠌ᠨ᠎ᠠ᠃ ᠪᠢᠳᠡ ᠢᠳᠡᠪᠬᠢᠲᠡᠢ ᠪᠥᠭᠡᠳ ᠰᠠᠨᠠᠭ᠋ᠠᠴᠢᠯᠠᠭ᠎ᠠ᠎ᠠᠴᠠ᠎ᠪᠠᠨ ᠲᠠ ᠤᠯᠠᠨ᠎ᠳᠤ ᠰᠣᠨᠢᠨ ᠮᠡᠳᠡᠭᠡᠨ᠎ᠤ ᠤᠬᠠᠭᠤᠯᠭ᠎ᠠ ᠵᠢᠨ ᠪᠣᠷᠣ ᠮᠠᠲ᠋ᠧᠷᠢᠶᠠᠯ᠂ ᠰᠦᠪᠡᠭᠴᠢ ᠵᠢ ᠬᠠᠩᠭ᠋ᠠᠵᠤ᠂ ᠪᠥᠬᠥ ᠨᠡᠢ᠌ᠭᠡᠮ ᠵᠶ᠋ᠡᠷ ᠵᠶ᠋ᠡᠨ ᠬᠥᠯᠥᠰᠦᠨ ᠮᠠᠯᠴᠢᠨ ᠲᠠᠷᠢᠶᠠᠴᠢᠨ᠎ᠢ ᠬᠠᠯᠠᠮᠵᠢᠯᠠᠬᠤ ᠰᠠᠶ᠋ᠢᠨ ᠰᠠᠢ᠌ᠬᠠᠨ ᠠᠭᠤᠷ ᠠᠮᠢᠰᠬᠤᠯ᠎ᠢ ᠬᠠᠮᠲᠤ᠎ᠪᠠᠷ ᠴᠢᠷᠮᠠᠢ᠌ᠨ ᠪᠤᠢ ᠪᠣᠯᠭ᠋ᠠᠵᠤ᠂ ᠬᠥᠯᠥᠰᠦᠨ ᠮᠠᠯᠴᠢᠨ ᠲᠠᠷᠢᠶᠠᠴᠢᠨ᠎ᠤ ᠬᠠᠤᠯᠢ ᠶᠣᠰᠣᠨ᠎ᠤ ᠡᠷᠬᠡ ᠠᠰᠢᠭ᠎ᠢ ᠦᠨᠡᠨ ᠬᠦ᠌ ᠰᠠᠶ᠋ᠢᠲᠤᠷ ᠬᠠᠮᠠᠭ᠋ᠠᠯᠠᠬᠤ ᠵᠢ ᠬᠦᠰᠡᠵᠦ ᠪᠠᠢ᠌ᠨ᠎ᠠ᠃

      ᠲᠠ ᠤᠯᠠᠨ᠎ᠳᠤ ᠪᠠᠶᠠᠷᠯᠠᠯ᠎ᠠ᠃

      ᠲᠥᠷᠥ ᠵᠢᠨ ᠪᠣᠳᠣᠯᠭ᠎ᠠ ᠵᠢᠨ ᠲᠠᠢ᠌ᠯᠤᠮᠵᠢ ᠵᠢᠨ ᠬᠤᠷᠠᠯ᠎ᠤᠨ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠬᠤ ᠭᠣᠭᠴᠣᠭ᠎ᠠ

      ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶ᠎ᠠ ᠵᠢᠨ ᠰᠤᠷᠪᠤᠯᠵᠢᠯᠠᠭᠴᠢ᠄ ᠣᠢ᠌ᠯᠠᠭ᠋ᠠᠭᠰᠠᠨ ᠵᠶ᠋ᠠᠷ᠂ 《ᠠᠷᠭ᠎ᠠ ᠬᠡᠮᠵᠢᠶ᠎ᠡ᠎ᠨᠦᠭᠦᠳ》᠎ᠲᠤ 《ᠬᠢᠨᠠᠯᠲᠠ ᠬᠠᠮᠢᠶᠠᠷᠤᠯᠲᠠ ᠵᠢᠨ ᠵᠠᠭᠪᠤᠷ᠎ᠤᠨ ᠰᠢᠨ᠎ᠡ ᠵᠢ ᠡᠭᠦᠳᠴᠦ᠂ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ》 ᠵᠢᠴᠢ 《ᠴᠠᠯᠢᠩ ᠬᠥᠯᠥᠰᠦ ᠵᠢ ᠥᠷᠢᠲᠦᠭᠰᠡᠨ ᠬᠡᠷᠡᠭ᠎ᠢ ᠬᠠᠷᠭᠤᠭᠤᠯᠤᠨ ᠪᠠᠢ᠌ᠴᠠᠭ᠋ᠠᠵᠤ ᠰᠢᠢ᠍ᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠵᠢ ᠳᠡᠭᠡᠭᠰᠢᠯᠡᠭᠦᠯᠬᠦ》 ᠲᠤᠬᠠᠢ ᠲᠣᠳᠣᠷᠬᠠᠢ ᠱᠠᠭ᠋ᠠᠷᠳᠠᠯᠭ᠎ᠠ ᠳᠤᠷᠠᠳᠪᠠ᠂ ᠢᠯᠠᠩᠭᠤᠶ᠎ᠠ 《ᠬᠣᠶᠠᠷ ᠣᠷᠣᠵᠤ ᠰᠠᠭᠤᠵᠤ ᠬᠣᠶᠠᠷ᠎ᠢ ᠪᠠᠢ᠌ᠴᠠᠭ᠋ᠠᠬᠤ》 ᠠᠵᠢᠯ᠎ᠤᠨ ᠲᠣᠭᠲᠠᠴᠠ ᠪᠠ 《ᠤᠯᠠᠨ ᠴᠡᠭ᠎ᠲᠤ ᠭᠥᠯᠢᠶᠡᠨ ᠠᠪᠴᠤ ᠰᠢᠢ᠍ᠳᠪᠦᠷᠢᠯᠡᠬᠦ᠂ ᠨᠢᠭᠡ ᠰᠦᠯᠵᠢᠶ᠎ᠡ᠎ᠪᠠᠷ ᠨᠡᠢ᠌ᠳᠡᠮ ᠰᠢᠢ᠍ᠳᠪᠦᠷᠢᠯᠡᠬᠦ》 ᠪᠣᠯ ᠥᠪᠡᠷᠲᠡᠭᠡᠨ ᠵᠠᠰᠠᠬᠤ ᠣᠷᠣᠨ᠎ᠤ ᠰᠢᠨ᠎ᠡ ᠵᠢ ᠡᠭᠦᠳᠦᠭᠰᠡᠨ ᠠᠷᠭ᠎ᠠ ᠬᠢᠳᠡᠯ ᠮᠥᠨ᠂ ᠡᠭᠦᠨ᠎ᠢ ᠬᠡᠷᠬᠢᠨ ᠣᠢ᠌ᠯᠠᠭ᠋ᠠᠬᠤ ᠪᠤᠢ? ᠪᠠᠶᠠᠷᠯᠠᠯ᠎ᠠ᠃

      ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠳᠡᠳ᠋ ᠳᠠᠷᠤᠭ᠎ᠠ ᠰᠢᠦᠢ ᠷᠦᠢ ᠰᠢᠶᠠ᠄ ᠰᠤᠷᠪᠤᠯᠵᠢᠯᠠᠭᠴᠢ ᠲᠠᠨ᠎ᠤ ᠠᠰᠠᠭᠤᠭᠰᠠᠨ᠎ᠳᠤ ᠲᠠᠯᠠᠷᠬᠠᠵᠤ ᠪᠠᠢ᠌ᠨ᠎ᠠ᠂ ᠪᠢ ᠲᠠᠨ᠎ᠤ ᠠᠰᠠᠭᠤᠯᠲᠠ ᠵᠢ ᠬᠠᠷᠢᠭᠤᠯᠤᠶ᠎ᠠ᠃

      ᠬᠥᠯᠥᠰᠦᠨ ᠮᠠᠯᠴᠢᠨ ᠲᠠᠷᠢᠶᠠᠴᠢᠨ᠎ᠤ ᠴᠠᠯᠢᠩ ᠬᠥᠯᠥᠰᠦ ᠵᠢ ᠥᠷᠢᠲᠦᠬᠦ ᠬᠦᠨᠳᠦ ᠠᠷᠬᠠᠭ ᠬᠡᠮ᠎ᠢ ᠦᠨᠳᠦᠰᠦᠨ᠎ᠠᠴᠠ᠎ᠨᠢ ᠰᠢᠢ᠍ᠳᠪᠦᠷᠢᠯᠡᠬᠦ ᠵᠢᠨ ᠲᠥᠯᠥᠭᠡ᠂ ᠡᠨᠡ ᠵᠢᠯ᠎ᠤᠨ ᠡᠬᠢ᠎ᠪᠠᠷ᠂ ᠥᠪᠡᠷᠲᠡᠭᠡᠨ ᠵᠠᠰᠠᠬᠤ ᠣᠷᠣᠨ 《ᠰᠢᠨ᠎ᠡ᠎ᠪᠠᠷ ᠥᠷᠢᠲᠦᠬᠦ ᠵᠢ ᠰᠡᠷᠭᠡᠢ᠌ᠯᠡᠬᠦ᠂ ᠬᠠᠭᠤᠴᠢᠨ ᠳᠠᠷᠤᠭᠳᠠᠮᠠᠯ ᠬᠡᠷᠡᠭ᠎ᠢ ᠰᠢᠢ᠍ᠳᠪᠦᠷᠢᠯᠡᠨ ᠴᠡᠪᠡᠷᠯᠡᠬᠦ᠂ ᠬᠠᠤᠯᠢ ᠪᠤᠰᠤ᠎ᠪᠠᠷ ᠠᠵᠢᠯᠴᠢᠨ ᠬᠡᠷᠡᠭᠯᠡᠬᠦ ᠵᠢ ᠡᠳᠬᠤᠬᠤ᠂ ᠰᠠᠭᠤᠷᠢ ᠵᠢ ᠪᠠᠲᠤᠳᠬᠠᠬᠤ》 ᠶᠡᠷᠦᠩᠬᠡᠢ ᠠᠵᠢᠯ᠎ᠤᠨ ᠰᠡᠳᠬᠢᠮᠵᠢ ᠵᠢᠨ ᠲᠣᠭᠣᠷᠢᠨ᠎ᠳᠤ᠂ ᠪᠥᠬᠥ ᠵᠢᠯ᠎ᠳᠤ ᠲᠤᠭᠤᠰᠢᠯᠠᠭᠤᠯᠤᠬᠳᠠᠬᠰᠠᠨ ᠬᠥᠯᠥᠰᠦᠨ ᠮᠠᠯᠴᠢᠨ ᠲᠠᠷᠢᠶᠠᠴᠢᠨ᠎ᠤ ᠴᠠᠯᠢᠩ ᠬᠥᠯᠥᠰᠦ ᠵᠢ ᠥᠷᠢᠲᠦᠬᠦ ᠵᠢ ᠤᠷᠢᠳᠴᠢᠯᠠᠨ ᠰᠡᠷᠭᠡᠢ᠌ᠯᠡᠵᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠵᠢ ᠦᠷᠭᠦᠯᠵᠢᠯᠡᠨ ᠪᠠᠢ᠌ᠷᠢᠯᠠᠭᠤᠯᠵᠤ᠂ 12 ᠲᠠᠯ᠎ᠠ ᠵᠢᠨ 44 ᠵᠦᠢ᠍ᠯ᠎ᠤᠨ ᠪᠣᠳᠠᠲᠠᠢ ᠡᠭᠦᠷᠭᠡ᠎ᠠᠴᠠ ᠭᠠᠷᠳᠠᠵᠤ᠂ 《ᠴᠠᠯᠢᠩ ᠬᠥᠯᠥᠰᠦ ᠵᠢ ᠥᠷᠢᠲᠦᠬᠦ ᠵᠢ ᠵᠠᠰᠠᠬᠤ》 ᠶᠠᠪᠤᠳᠠᠯ᠎ᠢ 《ᠴᠠᠯᠢᠩ ᠬᠥᠯᠥᠰᠦ ᠵᠢ ᠥᠷᠢᠲᠦᠬᠦ ᠵᠢ ᠰᠡᠷᠭᠡᠢ᠌ᠯᠡᠬᠦ》 ᠲᠡᠢ᠌ᠰᠢ ᠬᠤᠪᠢᠷᠠᠭᠤᠯᠬᠤ ᠵᠢ ᠪᠥᠬᠥ ᠬᠦᠴᠦᠨ ᠵᠶ᠋ᠡᠷ ᠵᠶ᠋ᠡᠨ ᠠᠬᠢᠭᠤᠯᠵᠤ᠂ ᠴᠠᠯᠢᠩ ᠬᠥᠯᠥᠰᠦ ᠵᠢ ᠥᠷᠢᠲᠦᠬᠦ ᠵᠢ ᠦᠨᠳᠦᠰᠦᠨ᠎ᠠᠴᠠ᠎ᠨᠢ ᠵᠠᠰᠠᠬᠤ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ ᠤᠯᠠᠮ ᠨᠢᠭᠡ ᠠᠯᠬᠤᠮ ᠲᠣᠪᠣᠢ᠌ᠮ᠎ᠠ ᠪᠣᠯᠵᠤ᠂ ᠬᠥᠯᠥᠰᠦᠨ ᠮᠠᠯᠴᠢᠨ ᠲᠠᠷᠢᠶᠠᠴᠢᠨ᠎ᠤ ᠡᠷᠬᠡ ᠠᠰᠢᠭ᠎ᠢ ᠬᠦᠴᠦᠲᠡᠢ ᠬᠠᠮᠠᠭ᠋ᠠᠯᠠᠪᠠ᠃

      《ᠠᠷᠭ᠎ᠠ ᠬᠡᠮᠵᠢᠶ᠎ᠡ᠎ᠨᠦᠭᠦᠳ》᠎ᠲᠤ ᠳᠤᠷᠠᠳᠤᠭᠰᠠᠨ 《ᠬᠣᠶᠠᠷ ᠣᠷᠣᠵᠤ ᠰᠠᠭᠤᠵᠤ ᠬᠣᠶᠠᠷ᠎ᠢ ᠪᠠᠢ᠌ᠴᠠᠭ᠋ᠠᠬᠤ》 ᠠᠵᠢᠯ᠎ᠤᠨ ᠲᠣᠭᠲᠠᠴᠠ ᠭᠡᠳᠡᠭ᠎ᠨᠢ ᠬᠠᠷᠢᠶᠠᠲᠤ ᠭᠠᠵᠠᠷ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠴᠢ ᠠᠵᠢᠯ ᠳᠦᠷᠦᠯ᠎ᠤᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ 《ᠲᠤᠰᠬᠠᠢ ᠬᠥᠮᠥᠨ᠎ᠢ ᠲᠣᠭᠲᠠᠭ᠋ᠠᠵᠤ ᠬᠡᠰᠡᠭ᠎ᠢ ᠳᠠᠭ᠋ᠠᠭ᠋ᠠᠴᠢᠯᠠᠭᠤᠯᠵᠤ ᠲᠥᠷᠥᠯ ᠵᠦᠢ᠍ᠯ᠎ᠢ ᠳᠠᠭ᠋ᠠᠭ᠋ᠠᠴᠢᠯᠠᠭᠤᠯᠬᠤ》 ᠬᠠᠮᠲᠤᠷᠠᠨ ᠬᠢᠨᠠᠨ ᠬᠠᠮᠢᠶᠠᠷᠬᠤ ᠵᠠᠭᠪᠤᠷ᠎ᠢ ᠬᠡᠷᠡᠭᠯᠡᠬᠦ ᠵᠢ ᠵᠢᠭ᠋ᠠᠵᠤ ᠪᠠᠢ᠌ᠨ᠎ᠠ᠃ ᠲᠥᠷᠥᠯ ᠵᠦᠢ᠍ᠯ᠎ᠢ ᠪᠠᠷᠢᠯᠭ᠎ᠠ ᠡᠬᠢᠯᠡᠭᠦᠯᠦᠨ ᠪᠦᠲᠦᠭᠡᠨ ᠪᠠᠢ᠌ᠭᠤᠯᠬᠤ᠎ᠠᠴᠠ ᠠᠪᠤᠭ᠋ᠠᠳ ᠪᠦᠲᠦᠭᠡᠨ ᠪᠠᠢ᠌ᠭᠤᠯᠬᠤ ᠠᠵᠢᠯ ᠳᠠᠭᠤᠰᠲᠠᠯ᠎ᠠ᠂ ᠲᠥᠷᠥᠯ ᠵᠦᠢ᠍ᠯ᠎ᠤᠨ᠎ᠬᠢᠨ᠎ᠤ ᠬᠥᠯᠥᠰᠦᠨ ᠮᠠᠯᠴᠢᠨ ᠲᠠᠷᠢᠶᠠᠴᠢᠨ᠎ᠤ ᠴᠠᠯᠢᠩ᠎ᠢ ᠥᠭᠬᠦ ᠵᠢ ᠪᠠᠲᠤᠯᠠᠬᠤ ᠳᠦᠷᠢᠮ᠎ᠢ ᠨᠠᠢ᠌ᠳᠠᠪᠤᠷᠢᠵᠢᠭᠤᠯᠤᠭᠰᠠᠨ ᠪᠠᠶ᠋ᠢᠳᠠᠯ᠎ᠳᠤ ᠰᠠᠷ᠎ᠠ ᠪᠦᠷᠢ ᠲᠤᠬᠠᠢ ᠵᠢᠨ ᠭᠠᠵᠠᠷ᠎ᠲᠤᠨᠢ ᠪᠠᠢ᠌ᠴᠠᠭ᠋ᠠᠯᠲᠠ ᠬᠢᠵᠦ᠂ ᠴᠠᠯᠢᠩ ᠬᠥᠯᠥᠰᠦ ᠵᠢ ᠥᠷᠢᠲᠦᠬᠦ ᠬᠡᠮ ᠰᠣᠭᠣᠭ᠎ᠢ ᠴᠠᠭ ᠲᠤᠬᠠᠢ᠎ᠳᠤᠨᠢ ᠣᠨᠣᠪᠴᠢᠲᠠᠢ ᠵᠢᠭᠰᠠᠭ᠋ᠠᠨ ᠪᠠᠢ᠌ᠴᠠᠭ᠋ᠠᠵᠤ᠂ ᠴᠠᠯᠢᠩ ᠬᠥᠯᠥᠰᠦ ᠵᠢ ᠥᠷᠢᠲᠦᠬᠦ ᠠᠰᠠᠭᠤᠳᠠᠯ᠎ᠢ ᠲᠤᠬᠠᠢ ᠵᠢᠨ ᠭᠠᠵᠠᠷ᠎ᠲᠤᠨᠢ ᠰᠢᠢ᠍ᠳᠪᠦᠷᠢᠯᠡᠪᠡ᠃ 《ᠬᠣᠶᠠᠷ ᠣᠷᠣᠵᠤ ᠰᠠᠭᠤᠵᠤ ᠬᠣᠶᠠᠷ᠎ᠢ ᠪᠠᠢ᠌ᠴᠠᠭ᠋ᠠᠬᠤ》 ᠳᠦᠷᠢᠮ ᠪᠣᠯ ᠥᠪᠡᠷᠲᠡᠭᠡᠨ ᠵᠠᠰᠠᠬᠤ ᠣᠷᠣᠨ᠎ᠤ ᠴᠠᠯᠢᠩ ᠬᠥᠯᠥᠰᠦ ᠵᠢ ᠥᠷᠢᠲᠦᠬᠦ ᠵᠢ ᠦᠨᠳᠦᠰᠦᠨ᠎ᠠᠴᠠ᠎ᠨᠢ ᠵᠠᠰᠠᠬᠤ ᠠᠵᠢᠯ᠎ᠤᠨ ᠰᠢᠨ᠎ᠡ ᠠᠭᠤᠯᠭ᠎ᠠ ᠪᠠ ᠴᠢᠬᠤᠯᠠ ᠭᠠᠷᠳᠠᠴᠠ ᠮᠥᠨ᠂ ᠪᠥᠬᠥ ᠣᠷᠣᠨ᠎ᠤ ᠡᠯ᠎ᠡ ᠱᠠᠲᠤᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ ᠡᠷᠡᠰ ᠭᠤᠶ᠋ᠢᠪᠢᠰᠢ ᠦᠭᠡᠢ᠎ᠪᠠᠷ ᠰᠠᠶ᠋ᠢᠲᠤᠷ ᠨᠠᠢ᠌ᠳᠠᠪᠤᠷᠢᠵᠢᠭᠤᠯᠵᠤ᠂ ᠦᠨᠡᠨᠬᠦ ᠣᠷᠣᠵᠤ ᠰᠠᠭᠤᠵᠤ ᠪᠣᠳᠠᠲᠠᠢ᠎ᠪᠠᠷ ᠪᠠᠢ᠌ᠴᠠᠭ᠋ᠠᠬᠤ ᠵᠢ ᠪᠡᠶᠡᠯᠡᠭᠦᠯᠦᠨ᠂ ᠪᠦᠲᠦᠭᠡᠨ ᠪᠠᠢ᠌ᠭᠤᠯᠵᠤ ᠪᠠᠢ᠌ᠭ᠎ᠠ ᠪᠠᠷᠢᠯᠭ᠎ᠠ ᠵᠢᠨ ᠲᠥᠷᠥᠯ ᠵᠦᠢ᠍ᠯ᠎ᠤᠨ ᠲᠤᠰᠬᠠᠢ ᠲᠠᠩᠰᠠᠨ ᠡᠷᠦᠬᠡ᠎ᠪᠠᠷ ᠳᠡᠮᠵᠢᠨ ᠴᠠᠯᠢᠩ᠎ᠢ ᠠᠵᠢᠯᠴᠢᠨ᠎ᠤ ᠲᠣᠰ ᠬᠥᠮᠥᠨ᠎ᠤ ᠪᠠᠩᠬᠢ ᠵᠢᠨ ᠺᠠᠷᠲ᠎ᠲᠤ ᠴᠠᠭ ᠲᠤᠬᠠᠢ᠎ᠳᠤᠨᠢ ᠲᠣᠭ᠎ᠠ ᠶᠣᠰᠣᠭ᠋ᠠᠷ᠎ᠨᠢ ᠥᠭᠭᠦᠭᠰᠡᠨ ᠦᠭᠡᠢ ᠪᠠᠶ᠋ᠢᠬᠤ ᠵᠢ ᠢᠯᠡᠷᠡᠭᠦᠯᠪᠡᠯ᠂ ᠲᠡᠷᠡ ᠳᠠᠷᠤᠢ᠎ᠳᠤᠨᠢ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠴᠠᠯᠢᠩ ᠬᠥᠯᠥᠰᠦ ᠵᠢ ᠥᠷᠢᠲᠦᠬᠦ ᠬᠡᠮ ᠰᠣᠭᠣᠭ᠎ᠢ ᠴᠤᠬᠤᠶ᠋ᠢᠵᠣ ᠪᠠᠢ᠌ᠬᠤ ᠦᠶ᠎ᠡ᠎ᠳᠤᠨᠢ ᠰᠢᠢ᠍ᠳᠪᠦᠷᠢᠯᠡᠨ ᠠᠷᠢᠯᠭ᠋ᠠᠨ᠎ᠠ᠃

      ᠬᠥᠯᠥᠰᠦᠨ ᠮᠠᠯᠴᠢᠨ ᠲᠠᠷᠢᠶᠠᠴᠢᠨ᠎ᠤ ᠴᠠᠯᠢᠩ ᠬᠥᠯᠥᠰᠦ ᠵᠢ ᠥᠷᠢᠲᠦᠭᠰᠡᠨ᠎ᠤ ᠳᠠᠷᠠᠭ᠎ᠠ᠂ ᠲᠥᠷᠥᠯ ᠵᠦᠢ᠍ᠯ᠎ᠤᠨ ᠲᠤᠬᠠᠢ ᠵᠢᠨ ᠲᠠᠯᠠᠪᠠᠶ᠎ᠳᠤ 《ᠬᠣᠶᠠᠷ ᠣᠷᠣᠵᠤ ᠰᠠᠭᠤᠵᠤ ᠬᠣᠶᠠᠷ᠎ᠢ ᠪᠠᠢ᠌ᠴᠠᠭ᠋ᠠᠬᠤ》 ᠠᠵᠢᠯᠲᠠᠨ᠎ᠤ ᠢᠯᠡ ᠨᠡᠢ᠌ᠲᠡᠯᠡᠭᠰᠡᠨ ᠤᠲᠠᠰᠤ᠎ᠪᠠᠷ ᠲᠤᠬᠠᠢ ᠵᠢᠨ ᠲᠠᠯᠠᠪᠠᠶ᠎ᠳᠤ ᠬᠦᠯᠢᠶᠡᠨ ᠠᠪᠴᠤ ᠰᠢᠢ᠍ᠳᠪᠦᠷᠢᠯᠡᠵᠦ ᠪᠣᠯᠣᠨ᠎ᠠ᠃ ᠪᠠᠰᠠ ᠡᠯ᠎ᠡ ᠱᠠᠲᠤᠨ᠎ᠤ ᠵᠠᠬᠢᠳᠠᠯ ᠰᠤᠷᠪᠤᠯᠵᠢᠯᠠᠯ᠎ᠤᠨ ᠰᠠᠯᠠᠭ᠎ᠠ ᠮᠥᠴᠢᠷ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠤᠬᠠᠢ᠌ᠯᠠᠭᠰᠠᠨ ᠠᠵᠢᠯ᠎ᠢ ᠬᠦᠯᠢᠶᠡᠨ ᠠᠪᠬᠤ ᠲᠤᠰᠬᠠᠢ ᠴᠣᠩᠬᠣᠪᠴᠢ᠂ 12333 ᠤᠲᠠᠰᠤ᠎ᠪᠠᠷ ᠵᠠᠭ᠋ᠠᠯᠳᠤᠵᠤ ᠢᠯᠡᠴᠢᠯᠡᠨ ᠮᠡᠳᠡᠭᠦᠯᠬᠦ ᠪᠠ 12345 ᠠᠷᠠᠳ᠎ᠲᠤ ᠲᠥᠬᠥᠮ ᠦᠵᠡᠭᠦᠯᠬᠦ ᠦᠢ᠍ᠯᠡᠴᠢᠯᠡᠭᠡᠨ᠎ᠤ ᠬᠠᠯᠠᠮᠰᠢᠯ ᠤᠲᠠᠰᠤ᠎ᠪᠠᠷ ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠴᠠᠯᠢᠩ ᠬᠥᠯᠥᠰᠦ ᠵᠢ ᠥᠷᠢᠲᠦᠭᠰᠡᠨ ᠰᠦᠪᠡᠭᠴᠢ ᠵᠢ ᠲᠤᠰᠬᠠᠬᠤ ᠲᠠᠪᠴᠠᠩ ᠪᠠ ᠤᠯᠤᠰ᠎ᠤᠨ ᠴᠠᠯᠢᠩ ᠬᠥᠯᠥᠰᠦ ᠵᠢ ᠥᠷᠢᠲᠦᠭᠰᠡᠨ ᠰᠦᠪᠡᠭᠴᠢ ᠵᠢ ᠲᠤᠰᠬᠠᠬᠤ ᠲᠠᠪᠴᠠᠩ᠎ᠲᠠᠢ ᠤᠶᠠᠯᠳᠤᠭᠤᠯᠤᠨ᠂ 《ᠴᠠᠯᠢᠩ ᠬᠥᠯᠥᠰᠦ ᠵᠢ ᠥᠷᠢᠲᠦᠭᠰᠡᠨ ᠬᠡᠷᠡᠭ ᠪᠣᠯ ᠨᠠᠮ᠎ᠠ ᠵᠢ ᠡᠷᠢ᠂ ᠭᠣᠮᠣᠳᠠᠯ ᠲᠣᠭ᠋ᠠᠴᠢᠯᠲᠠ ᠵᠢ ᠭᠥᠯᠢᠶᠡᠨ ᠠᠪᠤᠭᠰᠠᠨ ᠳᠠᠷᠤᠢ ᠭᠦᠢ᠍ᠴᠡᠳᠬᠡᠬᠦ》 ᠬᠣᠶᠠᠷ ᠬᠡᠮᠵᠢᠯᠲᠦ ᠺᠣᠳ᠋᠎ᠢ ᠰᠢᠷᠪᠢᠬᠦ ᠵᠡᠷᠭᠡ ᠤᠯᠠᠨ ᠵᠦᠢ᠍ᠯ᠎ᠤᠨ ᠠᠷᠭ᠎ᠠ ᠵᠠᠮ ᠵᠶ᠋ᠠᠷ ᠵᠠᠭ᠋ᠠᠯᠳᠤᠵᠤ᠂ 《ᠤᠯᠠᠨ ᠴᠡᠭ᠎ᠲᠤ ᠭᠥᠯᠢᠶᠡᠨ ᠠᠪᠴᠤ ᠰᠢᠢ᠍ᠳᠪᠦᠷᠢᠯᠡᠬᠦ᠂ ᠨᠢᠭᠡ ᠰᠦᠯᠵᠢᠶ᠎ᠡ᠎ᠪᠠᠷ ᠨᠡᠢ᠌ᠳᠡᠮ ᠰᠢᠢ᠍ᠳᠪᠦᠷᠢᠯᠡᠬᠦ》 ᠵᠢ ᠦᠨᠡᠨ ᠬᠦ᠌ ᠪᠡᠶᠡᠯᠡᠭᠦᠯᠦᠨ᠎ᠡ᠃ ᠡᠭᠦᠨ᠎ᠤ ᠬᠠᠮᠲᠤ᠂ ᠤᠬᠠᠭᠤᠯᠭ᠎ᠠ ᠵᠢᠨ ᠡᠷᠴᠢᠮ ᠵᠶ᠋ᠡᠨ ᠴᠢᠩᠭ᠋ᠠᠷᠠᠭᠤᠯᠵᠤ᠂ ᠰᠣᠨᠢᠨ ᠮᠡᠳᠡᠭᠡ ᠨᠡᠢ᠌ᠲᠡᠯᠡᠬᠦ᠂ ᠰᠢᠨ᠎ᠡ ᠵᠠᠭᠤᠴᠢᠯᠠᠭᠤᠷ ᠵᠶ᠋ᠠᠷ ᠲᠠᠨᠢᠯᠴᠠᠭᠤᠯᠬᠤ᠂ ᠤᠬᠠᠭᠤᠯᠭ᠎ᠠ ᠵᠢᠨ ᠰᠣᠨᠢᠨ ᠪᠠ ᠨᠠᠢ᠌ᠳᠠ ᠵᠢᠨ ᠠᠰᠠᠷᠠᠮᠵᠢ ᠵᠢᠨ ᠵᠠᠷ ᠮᠡᠳᠡᠭᠡ ᠵᠡᠷᠭᠡ ᠬᠡᠯᠪᠡᠷᠢ᠎ᠪᠠᠷ ᠳᠠᠮᠵᠢᠭᠤᠯᠤᠨ᠂ ᠥᠷᠭᠡᠨ ᠤᠯᠠᠨ ᠬᠥᠯᠥᠰᠦᠨ ᠮᠠᠯᠴᠢᠨ ᠲᠠᠷᠢᠶᠠᠴᠢᠨ᠎ᠳᠤ ᠤᠯᠠᠨ ᠵᠦᠢ᠍ᠯ᠎ᠤᠨ ᠢᠯᠡᠴᠢᠯᠡᠨ ᠮᠡᠳᠡᠭᠦᠯᠬᠦ ᠠᠷᠭ᠎ᠠ ᠵᠠᠮ᠎ᠢ ᠰᠠᠨᠠᠭ᠋ᠠᠴᠢᠯᠠᠭ᠎ᠠ᠎ᠠᠴᠠ᠎ᠪᠠᠨ ᠤᠬᠠᠭᠤᠯᠬᠤ ᠪᠠ ᠲᠠᠨᠢᠯᠴᠠᠭᠤᠯᠵᠤ᠂ ᠬᠥᠯᠥᠰᠦᠨ ᠮᠠᠯᠴᠢᠨ ᠲᠠᠷᠢᠶᠠᠴᠢᠳ᠎ᠲᠤ ᠢᠯᠡᠴᠢᠯᠡᠨ ᠵᠠᠭ᠋ᠠᠯᠳᠤᠬᠤ ᠤᠯᠠᠨ ᠠᠷᠭ᠎ᠠ ᠵᠠᠮ᠎ᠢ ᠬᠠᠩᠭ᠋ᠠᠨ᠎ᠠ᠃

      ᠴᠠᠯᠢᠩ ᠬᠥᠯᠥᠰᠦ ᠵᠢ ᠥᠷᠢᠲᠦᠭᠰᠡᠨ ᠬᠡᠷᠡᠭ᠎ᠢ ᠰᠢᠢ᠍ᠳᠪᠦᠷᠢᠯᠡᠬᠦ ᠶᠠᠰᠤ ᠴᠢᠨᠠᠷ ᠪᠠ ᠦᠷ᠎ᠡ ᠪᠦᠲᠦᠮᠵᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠢᠨ ᠲᠥᠯᠥᠭᠡ᠂ 《ᠠᠷᠭ᠎ᠠ ᠬᠡᠮᠵᠢᠶ᠎ᠡ᠎ᠨᠦᠭᠦᠳ》᠎ᠲᠤ ᠬᠥᠯᠥᠰᠦᠨ ᠮᠠᠯᠴᠢᠨ ᠲᠠᠷᠢᠶᠠᠴᠢᠨ᠎ᠤ ᠴᠠᠯᠢᠩ ᠬᠥᠯᠥᠰᠦ ᠵᠢ ᠥᠷᠢᠲᠦᠭᠰᠡᠨ ᠬᠡᠷᠡᠭ᠎ᠢ ᠰᠢᠢ᠍ᠳᠪᠦᠷᠢᠯᠡᠬᠦ ᠲᠠᠯ᠎ᠠ᠎ᠪᠠᠷ ᠪᠣᠳᠠᠲᠠᠢ ᠱᠠᠭ᠋ᠠᠷᠳᠠᠯᠭ᠎ᠠ ᠳᠤᠷᠠᠳᠴᠤ᠂ ᠡᠯ᠎ᠡ ᠱᠠᠲᠤᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ ᠬᠡᠷᠡᠭ᠎ᠢ ᠰᠢᠢ᠍ᠳᠪᠦᠷᠢᠯᠡᠬᠦ ᠳᠦᠷᠢᠮ᠎ᠢ ᠴᠢᠩᠭ᠎ᠠ ᠵᠢᠷᠤᠮᠯᠠᠨ᠂ ᠴᠠᠯᠢᠩ ᠬᠥᠯᠥᠰᠦ ᠵᠢ ᠥᠷᠢᠲᠦᠭᠰᠡᠨ ᠬᠡᠷᠡᠭ᠎ᠢ ᠴᠠᠭ ᠲᠤᠬᠠᠢ᠎ᠳᠤᠨᠢ ᠰᠢᠢ᠍ᠳᠪᠦᠷᠢᠯᠡᠵᠦ᠂ ᠪᠠᠶ᠋ᠢᠳᠠᠯ᠎ᠨᠢ ᠪᠤᠳᠤᠯᠢᠶᠠᠨᠲᠠᠢ ᠬᠡᠷᠡᠭ᠎ᠲᠤ ᠪᠣᠯ ᠫᠠᠢ᠌ᠰᠠ ᠡᠯᠭᠦᠨ ᠱᠠᠯᠠᠪᠳᠠᠭᠤᠯᠤᠨ ᠰᠢᠢ᠍ᠳᠪᠦᠷᠢᠯᠡᠭᠦᠯᠬᠦ᠂ ᠲᠠᠰ ᠳᠡᠪᠰᠢᠭᠦᠯᠦᠨ ᠰᠢᠢ᠍ᠳᠪᠦᠷᠢᠯᠡᠬᠦ ᠵᠡᠷᠭᠡ ᠠᠷᠭ᠎ᠠ ᠬᠡᠮᠵᠢᠶ᠎ᠡ ᠵᠢ ᠠᠪᠴᠤ᠂ ᠬᠡᠷᠡᠭ ᠶᠠᠪᠤᠳᠠᠯ᠎ᠢ ᠰᠢᠢ᠍ᠳᠪᠦᠷᠢᠯᠡᠬᠦ ᠵᠢ ᠬᠦᠴᠦᠲᠡᠢ ᠠᠬᠢᠭᠤᠯᠪᠠ᠃ ᠮᠠᠭᠤ ᠰᠠᠨᠠᠭ᠎ᠠ᠎ᠪᠠᠷ ᠵᠣᠷᠢᠭᠤᠳᠠ ᠴᠠᠯᠢᠩ ᠬᠥᠯᠥᠰᠦ ᠵᠢ ᠥᠷᠢᠲᠦᠬᠦ ᠠᠵᠢᠯᠯᠠᠭ᠎ᠠ᠎ᠳᠤ ᠡᠷᠡᠰ ᠴᠣᠬᠢᠯᠲᠠ ᠥᠭᠴᠦ᠂ ᠡᠷᠡᠭᠦᠦ ᠵᠢᠨ ᠬᠡᠷᠡᠭ᠎ᠤᠨ ᠶᠠᠯ᠎ᠠ ᠬᠢᠭᠰᠡᠨ ᠰᠡᠵᠢᠭᠯᠡᠯᠲᠡᠢ ᠪᠠᠢ᠌ᠪᠠᠯ᠂ ᠴᠠᠭ ᠲᠤᠬᠠᠢ᠎ᠳᠤᠨᠢ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠳᠤ ᠰᠢᠯᠵᠢᠭᠦᠯᠦᠨ ᠬᠠᠤᠯᠢ ᠶᠣᠰᠣᠭ᠋ᠠᠷ ᠴᠢᠩᠭ᠎ᠠ ᠰᠢᠢ᠍ᠳᠪᠦᠷᠢᠯᠡᠭᠦᠯᠦᠨ᠎ᠡ᠃ ᠬᠠᠷᠢᠶᠠᠲᠤ ᠭᠠᠵᠠᠷ᠎ᠤᠨ ᠬᠥᠳᠡᠯᠮᠦᠷᠢ ᠵᠢᠨ ᠪᠠᠲᠤᠯᠠᠭ᠎ᠠ ᠵᠢᠨ ᠬᠢᠨᠠᠨ ᠪᠠᠢ᠌ᠴᠠᠭ᠋ᠠᠬᠤ ᠪᠠᠢ᠌ᠭᠤᠯᠤᠮᠵᠢ᠎ᠨᠢ ᠰᠢᠢ᠍ᠳᠪᠦᠷᠢᠯᠡᠵᠦ ᠳᠠᠭᠤᠰᠬᠠᠭᠰᠠᠨ ᠪᠤᠢ ᠪᠦᠬᠦᠢ ᠬᠡᠷᠡᠭ᠎ᠢ ᠨᠢᠭᠡ ᠨᠢᠭᠡ᠎ᠪᠠᠷ ᠬᠠᠷᠢᠭᠤ ᠰᠤᠷᠪᠤᠯᠵᠢᠯᠠᠵᠤ᠂ ᠴᠠᠯᠢᠩ ᠬᠥᠯᠥᠰᠦ ᠵᠢ ᠥᠷᠢᠲᠦᠭᠰᠡᠨ ᠠᠭᠤᠯᠭ᠎ᠠ᠎ᠳᠤ ᠬᠠᠷᠢᠶᠠᠯᠠᠭᠳᠠᠬᠤ ᠦᠭᠡᠢ ᠵᠠᠭ᠋ᠠᠯᠳᠤᠯᠭ᠎ᠠ ᠢᠯᠡᠴᠢᠯᠡᠨ ᠮᠡᠳᠡᠭᠦᠯᠦᠯᠲᠡ ᠵᠢ ᠪᠣᠯ ᠲᠤᠬᠠᠢ ᠵᠢᠨ ᠬᠥᠮᠥᠨ᠎ᠳᠤ ᠬᠡᠷᠡᠭ᠎ᠤᠨ ᠪᠠᠢ᠌ᠳᠠᠯ ᠵᠶ᠋ᠠᠨ ᠲᠤᠰᠬᠠᠬᠤ ᠠᠷᠭ᠎ᠠ ᠵᠠᠮ ᠪᠤᠶᠤ ᠲᠡᠳᠬᠦᠬᠦ ᠠᠷᠭ᠎ᠠ ᠵᠠᠮ᠎ᠢ ᠮᠡᠳᠡᠭᠳᠡᠵᠦ᠂ ᠴᠠᠭ ᠲᠤᠬᠠᠢ᠎ᠳᠤᠨᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠰᠢᠯᠵᠢᠭᠦᠯᠦᠨ ᠰᠢᠢ᠍ᠳᠪᠦᠷᠢᠯᠡᠭᠦᠯᠦᠨ᠎ᠡ᠃

      ᠳᠡᠭᠡᠷᠡᠬᠢ ᠪᠣᠯ ᠮᠢᠨᠤ ᠬᠠᠷᠢᠭᠤᠯᠲᠠ᠂ ᠪᠠᠶᠠᠷᠯᠠᠯ᠎ᠠ!

      ᠠᠷᠠᠳ᠎ᠤᠨ ᠰᠦᠯᠵᠢᠶ᠎ᠡ ᠵᠢᠨ ᠰᠤᠷᠪᠤᠯᠵᠢᠯᠠᠭᠴᠢ᠄ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠰᠠᠯᠠᠭ᠎ᠠ ᠮᠥᠴᠢᠷ ᠬᠥᠯᠥᠰᠦᠨ ᠮᠠᠯᠴᠢᠨ ᠲᠠᠷᠢᠶᠠᠴᠢᠨ᠎ᠤ ᠴᠠᠯᠢᠩ᠎ᠢ ᠥᠭᠬᠦ ᠵᠢ ᠪᠠᠲᠤᠯᠠᠬᠤ ᠠᠵᠢᠯ᠎ᠢ ᠬᠡᠷᠬᠢᠨ ᠰᠠᠶ᠋ᠢᠲᠤᠷ ᠬᠢᠬᠦ ᠪᠤᠢ? ᠪᠠᠶᠠᠷᠯᠠᠯ᠎ᠠ᠃

      ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠯᠢᠦ ᠵᠢᠶᠠᠨ ᠬᠤᠸᠠ᠄ ᠰᠤᠷᠪᠤᠯᠵᠢᠯᠠᠭᠴᠢ ᠲᠠᠨ᠎ᠤ ᠠᠰᠠᠭᠤᠭᠰᠠᠨ᠎ᠳᠤ ᠲᠠᠯᠠᠷᠬᠠᠵᠤ ᠪᠠᠢ᠌ᠨ᠎ᠠ᠂ ᠪᠢ ᠲᠠᠨ᠎ᠤ ᠠᠰᠠᠭᠤᠯᠲᠠ ᠵᠢ ᠬᠠᠷᠢᠭᠤᠯᠤᠶ᠎ᠠ᠃

      ᠲᠠᠷᠠᠭ᠋ᠠᠴᠢ ᠵᠢᠨ ᠠᠯᠬᠤᠮ᠎ᠳᠤ᠂ ᠮᠠᠨ᠎ᠤ ᠲᠢᠩᠬᠢᠮ᠎ᠠᠴᠠ 《ᠬᠥᠯᠥᠰᠦᠨ ᠮᠠᠯᠴᠢᠨ ᠲᠠᠷᠢᠶᠠᠴᠢᠨ᠎ᠤ ᠴᠠᠯᠢᠩ᠎ᠢ ᠥᠭᠬᠦ ᠠᠵᠢᠯ᠎ᠢ ᠰᠠᠶ᠋ᠢᠲᠤᠷ ᠬᠢᠬᠦ ᠲᠤᠬᠠᠢ ᠠᠷᠭ᠎ᠠ ᠬᠡᠮᠵᠢᠶ᠎ᠡ᠎ᠨᠦᠭᠦᠳ》᠎ᠢ ᠪᠥᠬᠥ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠨ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ᠎ᠲᠠᠢ ᠠᠵᠢᠯ᠎ᠤᠨ ᠬᠠᠮᠲᠤᠷᠠᠯ ᠬᠦᠴᠦᠨ᠎ᠢ ᠪᠦᠷᠢᠯᠳᠦᠭᠦᠯᠵᠦ᠂ ᠬᠥᠯᠥᠰᠦᠨ ᠮᠠᠯᠴᠢᠨ ᠲᠠᠷᠢᠶᠠᠴᠢᠨ᠎ᠤ ᠴᠠᠯᠢᠩ᠎ᠢ ᠥᠭᠬᠦ ᠵᠢ ᠪᠥᠬᠥ ᠬᠦᠴᠦᠨ ᠵᠶ᠋ᠡᠷ ᠵᠶ᠋ᠡᠨ ᠪᠠᠲᠤᠯᠠᠨ᠎ᠠ᠃

      ᠨᠢᠭᠡ᠎ᠳᠤ᠂ ᠪᠠᠷᠢᠯᠭ᠎ᠠ ᠵᠢᠨ ᠵᠠᠬ᠎ᠠ ᠳᠡᠯᠭᠡᠭᠦᠷ᠎ᠤᠨ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠤᠯᠠᠮ ᠨᠢᠭᠡ ᠠᠯᠬᠤᠮ ᠵᠢᠷᠤᠮᠵᠢᠭᠤᠯᠤᠨ᠂ ᠬᠠᠤᠯᠢ᠎ᠠᠴᠠ ᠵᠥᠷᠢᠴᠡᠨ ᠳᠠᠭ᠋ᠠᠭ᠋ᠠᠴᠢᠯᠠᠭᠤᠯᠬᠤ᠂ ᠰᠢᠯᠵᠢᠭᠦᠯᠦᠨ ᠳᠠᠭ᠋ᠠᠭ᠋ᠠᠴᠢᠯᠠᠭᠤᠯᠬᠤ᠂ ᠬᠠᠤᠯᠢ᠎ᠠᠴᠠ ᠵᠥᠷᠢᠴᠡᠨ ᠬᠤᠪᠢᠶᠠᠨ ᠳᠠᠭ᠋ᠠᠭ᠋ᠠᠴᠢᠯᠠᠭᠤᠯᠬᠤ ᠬᠠᠤᠯᠢ᠎ᠠᠴᠠ ᠵᠥᠷᠢᠴᠡᠭᠰᠡᠨ ᠠᠵᠢᠯᠯᠠᠭ᠎ᠠ ᠪᠠ ᠵᠠᠩᠭᠢᠯᠠᠭ᠎ᠠ ᠵᠢᠨ ᠬᠥᠮᠥᠰ ᠠᠵᠢᠯ᠎ᠤᠨ ᠪᠠᠶ᠋ᠢᠷᠢ᠎ᠳᠠᠭᠠᠨ ᠬᠦᠷᠬᠦ ᠦᠭᠡᠢ᠎ᠪᠠᠷ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠵᠡᠷᠭᠡ ᠠᠵᠢᠯ ᠲᠥᠷᠥᠯ᠎ᠤᠨ ᠡᠷᠦᠢ ᠬᠤᠷᠤᠢ ᠦᠭᠡᠢ ᠦᠵᠡᠭᠳᠡᠯ᠎ᠳᠤ ᠴᠢᠩᠭ᠎ᠠ ᠴᠣᠬᠢᠯᠲᠠ ᠥᠭᠭᠦᠨ᠎ᠡ᠃ ᠬᠠᠤᠯᠢ ᠵᠢ ᠵᠥᠷᠢᠴᠡᠨ ᠳᠠᠭ᠋ᠠᠭ᠋ᠠᠴᠢᠯᠠᠭᠤᠯᠤᠭᠰᠠᠨ᠂ ᠰᠢᠯᠵᠢᠭᠦᠯᠦᠨ ᠳᠠᠭ᠋ᠠᠭ᠋ᠠᠴᠢᠯᠠᠭᠤᠯᠤᠭᠰᠠᠨ᠂ ᠬᠠᠤᠯᠢ ᠵᠢ ᠵᠥᠷᠢᠴᠡᠨ ᠬᠤᠪᠢᠶᠠᠨ ᠳᠠᠭ᠋ᠠᠭ᠋ᠠᠴᠢᠯᠠᠭᠤᠯᠤᠭᠰᠠᠨ᠂ ᠪᠠᠷᠢᠯᠭ᠎ᠠ ᠵᠢᠨ ᠵᠣᠭᠣᠰ᠎ᠢ ᠥᠷᠢᠲᠦᠬᠦ ᠵᠡᠷᠭᠡ᠎ᠠᠴᠠ ᠪᠣᠯᠵᠤ ᠬᠥᠯᠥᠰᠦᠨ ᠮᠠᠯᠴᠢᠨ ᠲᠠᠷᠢᠶᠠᠴᠢᠨ᠎ᠤ ᠴᠠᠯᠢᠩ ᠬᠥᠯᠥᠰᠦ ᠵᠢ ᠥᠷᠢᠲᠦᠭᠰᠡᠨ ᠬᠡᠷᠡᠭ᠎ᠢ ᠴᠠᠭ ᠲᠤᠬᠠᠢ᠎ᠳᠤᠨᠢ ᠱᠠᠯᠠᠪᠳᠠᠭᠤᠯᠤᠨ ᠰᠢᠢ᠍ᠳᠪᠦᠷᠢᠯᠡᠭᠦᠯᠦᠨ᠎ᠡ᠃

      ᠬᠣᠶᠠᠷ᠎ᠲᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠡᠷ ᠪᠠᠢ᠌ᠰᠢᠩ᠎ᠤᠨ ᠪᠠᠷᠢᠯᠭ᠎ᠠ ᠪᠠ ᠬᠣᠲᠠ ᠵᠢᠨ ᠶᠠᠪᠤᠳᠠᠯ᠎ᠤᠨ ᠰᠠᠭᠤᠷᠢ ᠲᠥᠬᠦᠭᠡᠷᠦᠮᠵᠢ ᠵᠢᠨ ᠢᠨᠵᠧᠨᠧᠷᠢᠩ᠎ᠤᠨ ᠵᠣᠭᠣᠰ᠎ᠢ ᠥᠭᠬᠦ ᠵᠢ ᠪᠠᠲᠤᠯᠠᠬᠤ ᠬᠡᠷᠡᠭᠵᠢᠭᠦᠯᠬᠦ ᠠᠷᠭ᠎ᠠ》 ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯ᠎ᠤᠨ ᠪᠡᠯᠡ ᠣᠷᠣᠭᠤᠯᠬᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠪᠠᠷᠢᠯᠭ᠎ᠠ ᠪᠠᠷᠢᠬᠤ ᠶᠠᠪᠤᠴᠠ᠎ᠳᠤ ᠳ᠋ᠦᠩᠨᠡᠨ ᠪᠤᠳᠤᠬᠤ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ》 ᠵᠢ ᠲᠣᠭᠲᠠᠭ᠋ᠠᠨ ᠨᠡᠢ᠌ᠲᠡᠯᠡᠵᠦ᠂ ᠪᠠᠷᠢᠯᠭ᠎ᠠ ᠵᠢᠨ ᠵᠣᠭᠣᠰ᠎ᠢ ᠥᠭᠬᠦ ᠵᠢ ᠪᠠᠲᠤᠯᠠᠬᠤ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ᠂ ᠠᠵᠤ ᠠᠬᠤᠢ᠌ᠯᠠᠯ᠎ᠢ ᠱᠠᠯᠠᠪᠳᠠᠭᠤᠯᠵᠤ ᠪᠠᠷᠢᠯᠭ᠎ᠠ ᠵᠢᠨ ᠵᠣᠭᠣᠰ ᠪᠠ ᠬᠥᠮᠥᠨ᠎ᠤ ᠬᠦᠴᠦᠨ᠎ᠤ ᠵᠠᠷᠤᠳᠠᠯ᠎ᠢ ᠲᠠᠩᠰᠠ ᠬᠤᠪᠢᠶᠠᠨ ᠬᠠᠮᠢᠶᠠᠷᠬᠤ ᠵᠢ ᠨᠠᠢ᠌ᠳᠠᠪᠤᠷᠢᠵᠢᠭᠤᠯᠤᠨ᠂ ᠭᠡᠷ᠎ᠡ᠎ᠳᠤ ᠪᠣᠯᠵᠣᠨ ᠲᠣᠭᠲᠠᠭᠰᠠᠨ ᠶᠣᠰᠣᠭ᠋ᠠᠷ ᠪᠠᠷᠢᠯᠭ᠎ᠠ ᠵᠢᠨ ᠵᠣᠭᠣᠰ ᠵᠢᠴᠢ ᠬᠥᠮᠥᠨ᠎ᠤ ᠬᠦᠴᠦᠨ᠎ᠤ ᠵᠠᠷᠤᠳᠠᠯ᠎ᠢ ᠴᠠᠭ ᠲᠤᠬᠠᠢ᠎ᠳᠤᠨᠢ ᠲᠣᠭ᠎ᠠ ᠶᠣᠰᠣᠭ᠋ᠠᠷ ᠰᠢᠯᠵᠢᠭᠦᠯᠦᠨ ᠥᠭᠬᠦ ᠵᠢ ᠪᠠᠲᠤᠯᠠᠨ᠎ᠠ᠃

      ᠭᠤᠷᠪᠠ᠎ᠳᠤ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠲᠠᠢ ᠬᠠᠮᠲᠤᠷᠠᠨ 《ᠬᠣᠶᠠᠷ ᠣᠷᠣᠵᠤ ᠰᠠᠭᠤᠵᠤ ᠬᠣᠶᠠᠷ᠎ᠢ ᠪᠠᠢ᠌ᠴᠠᠭ᠋ᠠᠬᠤ》 ᠠᠵᠢᠯ᠎ᠢ ᠰᠠᠶ᠋ᠢᠲᠤᠷ ᠥᠷᠨᠢᠭᠦᠯᠵᠦ᠂ ᠲᠤᠰᠬᠠᠢ ᠬᠥᠮᠥᠨ ᠲᠣᠮᠢᠯᠠᠨ ᠳᠦᠷᠦᠯ ᠵᠦᠢ᠍ᠯ᠎ᠤᠨ ᠬᠥᠮᠥᠨ ᠬᠡᠷᠡᠭᠯᠡᠬᠦ ᠨᠢᠭᠡᠴᠢ ᠵᠢᠨ ᠬᠥᠯᠥᠰᠦᠨ ᠲᠠᠷᠢᠶᠠᠴᠢᠨ᠎ᠲᠠᠢ ᠬᠥᠳᠡᠯᠮᠦᠷᠢ ᠵᠢᠨ ᠭᠡᠷ᠎ᠡ ᠲᠣᠭᠲᠠᠬᠤ᠂ ᠴᠠᠯᠢᠩ᠎ᠢ ᠥᠭᠬᠦ ᠵᠢᠴᠢ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠳᠤ ᠬᠥᠯᠥᠰᠦᠨ ᠲᠠᠷᠢᠶᠠᠴᠢᠨ᠎ᠤ ᠦᠨᠡᠨ ᠨᠡᠷ᠎ᠡ ᠵᠢᠨ ᠳᠦᠷᠢᠮᠲᠦ ᠬᠠᠮᠢᠶᠠᠷᠤᠯᠲᠠ ᠵᠢ ᠬᠡᠷᠡᠭᠵᠢᠭᠦᠯᠬᠦ᠂ ᠬᠥᠯᠥᠰᠦᠨ ᠲᠠᠷᠢᠶᠠᠴᠢᠨ᠎ᠤ ᠴᠠᠯᠢᠩ᠎ᠢ ᠥᠭᠬᠦ ᠲᠤᠰᠬᠠᠢ ᠲᠠᠨᠭ᠌ᠰᠠᠨ ᠡᠷᠦᠭᠡ ᠵᠢᠨ ᠬᠠᠮᠢᠶᠠᠷᠤᠯᠲᠠ᠂ ᠪᠠᠷᠢᠯᠭ᠎ᠠ ᠵᠢᠨ ᠠᠵᠢᠯ᠎ᠢ ᠶᠡᠷᠦᠩᠬᠡᠢ᠌ᠯᠡᠨ ᠳᠠᠭ᠋ᠠᠭ᠋ᠠᠴᠢᠯᠠᠭᠰᠠᠨ ᠨᠢᠭᠡᠴᠢ ᠵᠢᠨ ᠴᠠᠯᠢᠩ᠎ᠢ ᠣᠷᠣᠯᠠᠨ ᠥᠭᠬᠦ᠂ ᠴᠠᠯᠢᠩ᠎ᠤᠨ ᠪᠠᠲᠤᠯᠠᠭ᠎ᠠ ᠵᠢᠨ ᠮᠥᠩᠭᠥ ᠵᠢ ᠬᠠᠳᠠᠭ᠋ᠠᠯᠠᠬᠤ᠂ ᠡᠷᠬᠡ ᠠᠰᠢᠭ ᠵᠶ᠋ᠠᠨ ᠬᠠᠮᠠᠭ᠋ᠠᠯᠠᠬᠤ ᠮᠡᠳᠡᠭᠡ ᠵᠠᠩᠭᠢ ᠵᠢ ᠵᠠᠷᠯᠠᠨ ᠨᠡᠢ᠌ᠲᠡᠯᠡᠬᠦ ᠵᠡᠷᠭᠡ ᠪᠠᠶ᠋ᠢᠳᠠᠯ᠎ᠢ ᠰᠠᠷ᠎ᠠ ᠪᠦᠷᠢ ᠪᠣᠳᠠᠲᠠᠢ ᠭᠠᠵᠠᠷ᠎ᠲᠤᠨᠢ ᠭᠦᠨᠵᠡᠭᠡᠢ᠌ᠷᠡᠨ ᠪᠠᠢ᠌ᠴᠠᠭ᠋ᠠᠨ᠎ᠠ᠃

      ᠳᠥᠷᠪᠡ᠎ᠳᠤ᠂ ᠭᠡᠷ ᠪᠠᠢ᠌ᠰᠢᠩ ᠪᠠ ᠬᠣᠲᠠ ᠵᠢᠨ ᠶᠠᠪᠤᠳᠠᠯ᠎ᠤᠨ ᠢᠨᠵᠧᠨᠧᠷᠢᠩ᠎ᠤᠨ ᠦᠨᠡᠨ ᠨᠡᠷ᠎ᠡ ᠵᠢᠨ ᠳᠦᠷᠢᠮᠲᠦ ᠬᠠᠮᠢᠶᠠᠷᠤᠯᠲᠠ ᠵᠢ ᠨᠡᠢ᠌ᠳᠡᠮ ᠪᠦᠷᠬᠦᠭᠦᠯᠬᠦ ᠵᠢ ᠶᠡᠬᠡᠪᠡᠷ ᠠᠬᠢᠭᠤᠯᠵᠤ᠂ ᠪᠠᠷᠢᠯᠭ᠎ᠠ ᠵᠢᠨ ᠭᠠᠵᠠᠷ᠎ᠲᠤ ᠣᠷᠣᠵᠤ ᠭᠠᠷᠬᠤ ᠪᠤᠢ ᠪᠦᠬᠦᠢ ᠬᠥᠮᠥᠰ ᠡᠷᠬᠡᠪᠰᠢ ᠦᠨᠡᠨ ᠨᠡᠷ᠎ᠡ ᠵᠢᠨ ᠳᠦᠷᠢᠮᠲᠦ ᠳᠠᠩᠰᠠᠯᠠᠯᠲᠠ ᠬᠢᠵᠦ ᠠᠵᠢᠯ᠎ᠳᠤ ᠭᠠᠷᠬᠤ ᠵᠢ ᠳᠠᠩᠰᠠᠯᠠᠵᠤ ᠰᠢᠯᠭ᠋ᠠᠨ ᠪᠠᠢ᠌ᠴᠠᠭ᠋ᠠᠨ᠎ᠠ᠂ ᠪᠠᠷᠢᠯᠭ᠎ᠠ ᠵᠢᠨ ᠠᠵᠢᠯ᠎ᠢ ᠶᠡᠷᠦᠩᠬᠡᠢ᠌ᠯᠡᠨ ᠳᠠᠭ᠋ᠠᠭ᠋ᠠᠴᠢᠯᠠᠭᠰᠠᠨ ᠨᠢᠭᠡᠴᠢ ᠪᠤᠶᠤ ᠬᠤᠪᠢᠶᠠᠨ ᠳᠠᠭ᠋ᠠᠭ᠋ᠠᠴᠢᠯᠠᠭᠰᠠᠨ ᠨᠢᠭᠡᠴᠢ᠎ᠯᠦᠭᠡ ᠬᠥᠳᠡᠯᠮᠦᠷᠢ ᠵᠢᠨ ᠭᠡᠷ᠎ᠡ ᠪᠤᠶᠤ ᠠᠵᠢᠯᠴᠢᠨ ᠬᠡᠷᠡᠭᠯᠡᠬᠦ ᠲᠤᠬᠠᠢ ᠪᠢᠴᠢᠭ᠎ᠤᠨ ᠬᠡᠯᠪᠡᠷᠢ᠎ᠪᠠᠷ ᠬᠡᠯᠡᠯᠴᠡᠭᠡᠷ ᠲᠣᠭᠲᠠᠭ᠋ᠠᠭᠰᠠᠨ ᠦᠭᠡᠢ ᠪᠥᠭᠡᠳ ᠠᠵᠢᠯᠴᠢᠨ ᠬᠡᠷᠡᠭᠯᠡᠬᠦ ᠦᠨᠡᠨ ᠨᠡᠷ᠎ᠡ᠎ᠪᠠᠷ ᠳᠠᠩᠰᠠᠯᠠᠯᠲᠠ ᠬᠢᠭᠰᠡᠨ ᠦᠭᠡᠢ ᠬᠥᠮᠥᠰ ᠲᠥᠷᠥᠯ ᠵᠦᠢ᠍ᠯ᠎ᠤᠨ ᠪᠠᠷᠢᠯᠭ᠎ᠠ ᠵᠢᠨ ᠲᠤᠬᠠᠢ ᠵᠢᠨ ᠲᠠᠯᠠᠪᠤᠷ᠎ᠲᠤ ᠣᠷᠣᠵᠤ ᠪᠠᠷᠢᠯᠭ᠎ᠠ ᠵᠢᠨ ᠠᠵᠢᠯ ᠬᠢᠵᠦ ᠪᠣᠯᠬᠤ ᠦᠭᠡᠢ᠃

      ᠲᠠᠪᠤ᠎ᠳᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠢ᠌ᠯᠠᠯ᠎ᠤᠨ ᠢᠲᠡᠭᠡᠮᠵᠢ ᠵᠢ ᠦᠨᠡᠯᠡᠬᠦ ᠠᠷᠭ᠎ᠠ》 ᠵᠢ ᠲᠣᠭᠲᠠᠭ᠋ᠠᠨ ᠨᠡᠢ᠌ᠲᠡᠯᠡᠵᠦ᠂ ᠮᠠᠨ᠎ᠤ ᠣᠷᠣᠨ᠎ᠤ ᠪᠠᠷᠢᠯᠭ᠎ᠠ ᠵᠢᠨ ᠵᠠᠬ᠎ᠠ ᠳᠡᠯᠭᠡᠭᠦᠷ᠎ᠤᠨ ᠢᠲᠡᠭᠡᠮᠵᠢ ᠵᠢᠨ ᠰᠢᠰᠲ᠋ᠧᠮ᠎ᠤᠨ ᠪᠠᠢ᠌ᠭᠤᠯᠤᠯᠲᠠ ᠵᠢ ᠠᠬᠢᠭᠤᠯᠵᠤ᠂ ᠢᠲᠡᠭᠡᠮᠵᠢ ᠵᠢᠨ ᠦᠨᠡᠯᠡᠯᠲᠡ ᠵᠢᠨ ᠬᠡᠷᠡᠭᠯᠡᠯᠲᠡ ᠬᠢᠭᠡᠳ ᠬᠥᠯᠥᠰᠦᠨ ᠮᠠᠯᠴᠢᠨ ᠲᠠᠷᠢᠶᠠᠴᠢᠨ᠎ᠤ ᠴᠠᠯᠢᠩ᠎ᠢ ᠥᠭᠬᠦ ᠵᠢ ᠪᠠᠲᠤᠯᠠᠬᠤ ᠠᠵᠢᠯ᠎ᠤᠨ ᠭᠦᠨᠵᠡᠭᠡᠢ ᠠᠭᠤᠰᠤᠯᠴᠠᠬᠤ ᠵᠢ ᠴᠢᠩᠭ᠋ᠠᠳᠬᠠᠨ᠂ 《ᠢᠲᠡᠭᠡᠮᠵᠢ᠎ᠲᠠᠢ ᠪᠠᠢ᠌ᠪᠠᠯ ᠬᠣᠯᠪᠤᠭ᠋ᠠᠯᠠᠨ ᠤᠷᠮᠠᠰᠢᠭᠤᠯᠬᠤ᠂ ᠢᠲᠡᠭᠡᠯ ᠠᠯᠳᠠᠭᠰᠠᠳ᠎ᠢ ᠬᠣᠯᠪᠤᠭ᠋ᠠᠯᠠᠨ ᠵᠠᠯᠬᠠᠭ᠋ᠠᠨ ᠴᠡᠭᠡᠷᠯᠡᠭᠦᠯᠬᠦ》 ᠲᠣᠭᠲᠠᠴᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠡᠭᠦᠷᠭᠡ ᠲᠤᠰᠢᠶᠠᠯ ᠡᠭᠦᠷᠭᠡ ᠬᠠᠷᠢᠭᠤᠴᠠᠯᠭ᠎ᠠ ᠵᠢᠨ ᠶᠣᠰᠣᠭ᠋ᠠᠷ 《ᠢᠲᠡᠭᠡᠯ ᠠᠯᠳᠠᠭᠰᠠᠳ᠎ᠢ ᠬᠣᠯᠪᠤᠭ᠋ᠠᠯᠠᠨ ᠵᠠᠯᠬᠠᠭ᠋ᠠᠨ ᠴᠡᠭᠡᠷᠯᠡᠭᠦᠯᠬᠦ ᠡᠲᠡᠭᠡᠳ᠎ᠤᠨ ᠨᠡᠷᠡᠰ》᠎ᠲᠤ ᠣᠷᠣᠭᠤᠯᠤᠭᠰᠠᠨ ᠠᠵᠤ ᠠᠬᠤᠢ᠌ᠯᠠᠯ᠎ᠳᠤ ᠵᠠᠯᠬᠠᠭ᠋ᠠᠨ ᠴᠡᠭᠡᠷᠯᠡᠭᠦᠯᠬᠦ ᠠᠷᠭ᠎ᠠ ᠬᠡᠮᠵᠢᠶ᠎ᠡ ᠵᠢ ᠬᠠᠤᠯᠢ ᠶᠣᠰᠣᠭ᠋ᠠᠷ ᠬᠡᠷᠡᠭᠵᠢᠭᠦᠯᠦᠨ᠎ᠡ᠃

      ᠵᠢᠷᠭᠤᠭ᠎ᠠ᠎ᠳᠤ᠂ ᠢᠯᠡᠴᠢᠯᠡᠨ ᠮᠡᠳᠡᠭᠦᠯᠬᠦ ᠪᠠ ᠵᠠᠭ᠋ᠠᠯᠳᠤᠬᠤ ᠠᠷᠭ᠎ᠠ ᠵᠠᠮ᠎ᠢ ᠤᠯᠠᠮ ᠨᠢᠭᠡ ᠠᠯᠬᠤᠮ ᠰᠠᠭ᠋ᠠᠳ ᠦᠭᠡᠢ ᠨᠠᠪᠲᠠᠷᠡᠭᠦᠯᠵᠦ᠂ ᠭᠡᠷ ᠪᠠᠢ᠌ᠰᠢᠩ ᠬᠣᠲᠠ ᠵᠢᠨ ᠶᠠᠪᠤᠳᠠᠯ᠎ᠤᠨ ᠲᠥᠷᠥᠯ ᠵᠦᠢ᠍ᠯ᠎ᠨᠢ ᠬᠥᠯᠥᠰᠦᠨ ᠮᠠᠯᠴᠢᠨ ᠲᠠᠷᠢᠶᠠᠴᠢᠨ᠎ᠤ ᠴᠠᠯᠢᠩ ᠬᠥᠯᠥᠰᠦ ᠵᠢ ᠥᠷᠢᠲᠦᠬᠦ ᠠᠰᠠᠭᠤᠳᠠᠯ᠎ᠢ ᠰᠡᠷᠭᠡᠢ᠌ᠯᠡᠨ ᠰᠢᠢ᠍ᠳᠪᠦᠷᠢᠯᠡᠵᠦ᠂ ᠬᠥᠯᠥᠰᠦᠨ ᠮᠠᠯᠴᠢᠨ ᠲᠠᠷᠢᠶᠠᠴᠢᠨ᠎ᠤ ᠴᠠᠯᠢᠩ᠎ᠢ ᠴᠠᠭ ᠲᠤᠬᠠᠢ᠎ᠳᠤᠨᠢ ᠲᠣᠭ᠎ᠠ ᠶᠣᠰᠣᠭ᠋ᠠᠷ ᠥᠭᠬᠦ ᠵᠢ ᠦᠨᠡᠨᠬᠦ ᠪᠠᠲᠤᠯᠠᠨ᠎ᠠ᠃

      ᠳᠡᠭᠡᠷᠡᠬᠢ ᠪᠣᠯ ᠮᠢᠨᠤ ᠬᠠᠷᠢᠭᠤᠯᠲᠠ᠂ ᠪᠠᠶᠠᠷᠯᠠᠯ᠎ᠠ!


ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            