ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠰᠤᠷᠪᠤᠯᠵᠢᠯᠠᠭ᠎ᠠ ᠶᠠᠷᠢᠯᠴᠠᠯᠭ᠎ᠠ
ᠠᠮᠢᠳᠤᠯᠢᠭ ᠵᠶ᠋ᠠᠷ ᠠᠵᠢᠯ ᠣᠯᠣᠭᠰᠠᠳ᠎ᠤᠨ ᠠᠵᠢᠯ ᠣᠯᠬᠤ᠎ᠳᠤ ᠠᠮᠠᠷᠬᠠᠨ᠂ ᠰᠠᠶ᠋ᠢᠨ ᠠᠵᠢᠯ ᠣᠯᠬᠤ ᠵᠢ ᠠᠬᠢᠭᠤᠯᠤᠨ᠎ᠠ
ᠨᠡᠶ᠋ᠢᠲᠡᠯᠡᠭᠰᠡᠨ ᠴᠠᠭ᠄ 2024-05-29

      ᠤᠩᠰᠢᠯᠭ᠎ᠠ ᠵᠢᠨ ᠭᠣᠣᠯ ᠠᠭᠤᠯᠭ᠎ᠠ
      ᠣᠢ᠌ᠷ᠎ᠠ᠎ᠳᠤ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ 《ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ᠎ᠢ ᠵᠢᠷᠤᠮᠵᠢᠭᠤᠯᠤᠨ ᠪᠦᠲᠦᠭᠡᠨ ᠪᠠᠢ᠌ᠭᠤᠯᠬᠤ ᠵᠢ ᠴᠢᠩᠭ᠋ᠠᠳᠬᠠᠬᠤ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ ᠠᠯᠢ ᠤᠯᠠᠨ ᠳᠡᠮᠵᠢᠬᠦ ᠠᠷᠭ᠎ᠠ ᠬᠡᠮᠵᠢᠶ᠎ᠡ ᠵᠢ ᠲᠣᠳᠣᠷᠬᠠᠢ᠌ᠯᠠᠪᠠ᠃
      ᠣᠳᠣᠬᠠᠨ᠎ᠳᠤ᠂ ᠮᠠᠨ᠎ᠤ ᠤᠯᠤᠰ᠎ᠤᠨ ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ ᠶᠠᠮᠠᠷ ᠦᠢ᠍ᠯᠡᠳᠦᠯ ᠦᠵᠡᠭᠦᠯᠵᠦ ᠪᠠᠶ᠋ᠢᠬᠤ ᠪᠤᠢ? ᠶᠠᠮᠠᠷ ᠶᠠᠮᠠᠷ ᠦᠢ᠍ᠯᠡᠴᠢᠯᠡᠭᠡ ᠬᠠᠩᠭ᠋ᠠᠵᠤ ᠪᠠᠢ᠍ᠢ᠍ᠬᠤ ᠪᠤᠢ? ᠲᠠᠷᠠᠭ᠋ᠠᠴᠢ ᠵᠢᠨ ᠠᠯᠬᠤᠮ᠎ᠳᠤ᠂ ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ᠎ᠢ ᠬᠡᠷᠬᠢᠨ ᠤᠯᠠᠮ ᠨᠢᠭᠡ ᠠᠯᠬᠤᠮ ᠵᠢᠷᠤᠮᠵᠢᠭᠤᠯᠤᠨ ᠪᠦᠲᠦᠭᠡᠨ ᠪᠠᠢ᠌ᠭᠤᠯᠬᠤ ᠪᠤᠢ? ᠰᠤᠷᠪᠤᠯᠵᠢᠯᠠᠭᠴᠢ ᠤᠯᠠᠨ ᠭᠠᠵᠠᠷ᠎ᠤᠨ ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ᠎ᠢ ᠰᠤᠷᠪᠤᠯᠵᠢᠯᠠᠭᠰᠠᠨ ᠪᠥᠭᠡᠳ ᠡᠭᠦᠨ᠎ᠤ ᠲᠤᠬᠠᠢ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ᠎ᠢ ᠰᠤᠷᠪᠤᠯᠵᠢᠯᠠᠪᠠ᠃
      ᠣᠳᠣᠬᠠᠨ᠎ᠳᠤ ᠶᠠᠭ ᠰᠠᠢ᠌ᠬᠠᠨ ᠠᠵᠢᠯᠲᠠᠨ ᠠᠵᠢᠯᠴᠢᠨ ᠤᠷᠢᠵᠤ ᠡᠯᠰᠡᠬᠦ 《ᠰᠢᠵᠢᠷ ᠠᠯᠲᠠ ᠤᠯᠠᠷᠢᠯ》 ᠪᠣᠯᠵᠤ ᠪᠠᠢ᠌ᠨ᠎ᠠ᠂ ᠡᠯ᠎ᠡ ᠭᠠᠵᠠᠷ᠎ᠤᠨ ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ᠎ᠲᠤ ᠰᠢᠨ᠎ᠡ ᠨᠢᠭᠡᠨ ᠡᠭᠡᠯᠵᠢ ᠵᠢᠨ ᠠᠵᠢᠯᠲᠠᠨ ᠠᠵᠢᠯᠴᠢᠨ ᠡᠯᠰᠡᠬᠦ ᠥᠷᠨᠢᠯᠲᠡ ᠭᠠᠷᠴᠤ ᠪᠠᠢ᠌ᠨ᠎ᠠ᠃ ᠣᠢ᠌ᠷ᠎ᠠ ᠵᠢᠨ ᠵᠢᠯ᠎ᠠᠴᠠ ᠨᠠᠭ᠋ᠠᠰᠢ᠂ ᠰᠢᠨ᠎ᠡ ᠡᠵᠡᠩᠨᠡᠯᠲᠡ ᠵᠢᠨ ᠬᠡᠯᠪᠡᠷᠢ᠂ ᠰᠢᠨ᠎ᠡ ᠵᠠᠭᠪᠤᠷ᠂ ᠰᠢᠨ᠎ᠡ ᠠᠵᠤ ᠦᠢ᠍ᠯᠡᠰ᠎ᠤᠨ ᠲᠠᠰᠤᠷᠠᠯᠲᠠ ᠦᠭᠡᠢ ᠬᠥᠭᠵᠢᠬᠦ ᠵᠢ ᠳᠠᠭ᠋ᠠᠯᠳᠤᠨ᠂ ᠠᠵᠢᠯ ᠣᠯᠬᠤ ᠬᠡᠯᠪᠡᠷᠢ᠂ ᠬᠥᠳᠡᠯᠮᠦᠷᠢ ᠵᠢᠨ ᠬᠠᠷᠢᠴᠠᠭ᠎ᠠ᠎ᠳᠤ ᠴᠤ᠌ ᠰᠢᠨ᠎ᠡ ᠬᠡᠯᠪᠡᠷᠢ ᠳᠠᠭ᠋ᠠᠯᠳᠤᠨ ᠪᠣᠢ ᠪᠣᠯᠵᠠᠢ᠃ ᠵᠠᠬᠢᠶᠠᠯᠠᠭ᠎ᠠ ᠵᠢᠨ ᠬᠣᠭᠣᠯᠠ ᠬᠦᠷᠭᠡᠭᠴᠢ᠂ ᠣᠷᠣᠯᠠᠭᠴᠢ ᠵᠢᠯᠣᠭᠣᠴᠢ᠂ ᠰᠦᠯᠵᠢᠶ᠎ᠡ᠎ᠪᠠᠷ ᠪᠣᠯᠵᠣᠬᠤ ᠲᠡᠷᠭᠡᠨ᠎ᠤ ᠵᠢᠯᠣᠭᠣᠴᠢ ᠭᠡᠰᠡᠨ ᠦᠭᠡᠢ᠂ ᠡᠰᠡᠬᠦᠯ᠎ᠡ ᠲᠠᠪᠴᠠᠩ᠎ᠤᠨ ᠨᠡᠪᠲᠡᠷᠡᠭᠦᠯᠦᠭᠴᠢ᠂ ᠣᠬᠣᠷ ᠸᠢᠳᠢᠤ᠋ ᠵᠢᠨ ᠵᠣᠬᠢᠶᠠᠭᠴᠢ᠂ ᠠᠵᠤ ᠠᠬᠤᠢ᠌ᠯᠠᠯ᠎ᠤᠨ ᠬᠠᠮᠲᠤ᠎ᠪᠠᠷ ᠡᠳ᠋ᠯᠡᠬᠦ ᠠᠵᠢᠯᠲᠠᠨ ᠭᠡᠰᠡᠨ ᠦᠭᠡᠢ᠂ ᠶᠡᠬᠡ ᠬᠡᠮᠵᠢᠶᠡᠨ᠎ᠤ ᠴᠠᠭ ᠴᠢᠯᠦᠭᠡᠲᠡᠢ᠂ ᠠᠮᠢᠳᠤᠯᠢᠭ ᠴᠢᠨᠠᠷ ᠵᠶ᠋ᠠᠷ ᠴᠢᠩᠭ᠎ᠠ ᠠᠵᠢᠯ᠎ᠤᠨ ᠪᠠᠶ᠋ᠢᠷᠢ ᠲᠠᠰᠤᠷᠠᠯᠲᠠ ᠦᠭᠡᠢ ᠪᠣᠢ ᠪᠤᠯᠤᠬᠰᠠᠨ ᠪᠠᠢ᠌ᠨ᠎ᠠ᠃
      ᠤᠯᠠᠨ ᠠᠷᠭ᠎ᠠ ᠵᠠᠮ ᠵᠶ᠋ᠠᠷ ᠠᠮᠢᠳᠤᠯᠢᠭ ᠵᠶ᠋ᠠᠷ ᠠᠵᠢᠯ ᠣᠯᠬᠤ ᠵᠢ ᠳᠡᠮᠵᠢᠵᠦ᠂ ᠰᠢᠨ᠎ᠡ ᠠᠵᠢᠯ ᠣᠯᠭᠣᠯᠲᠠ ᠵᠢᠨ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ ᠳᠤᠮᠳᠠᠬᠢ ᠲᠤᠯᠭ᠋ᠠᠭᠤᠷᠢᠯᠠᠬᠤ ᠦᠢ᠍ᠯᠡᠳᠦᠯ᠎ᠢ ᠨᠡᠩ ᠰᠠᠢ᠍ᠢ᠍ᠳᠤᠷ ᠪᠠᠳᠠᠷᠠᠭᠤᠯᠬᠤ ᠵᠢᠨ ᠲᠥᠯᠥᠭᠡ᠂ 2022 ᠣᠨ᠎ᠳᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠪᠤᠷᠢ ᠵᠢᠨ ᠶᠠᠮᠤᠨ ᠵᠡᠷᠭᠡ 5 ᠰᠠᠯᠠᠭ᠎ᠠ ᠮᠥᠴᠢᠷ 《ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ᠎ᠤᠨ ᠪᠠᠢ᠌ᠭᠤᠯᠤᠯᠲᠠ ᠵᠢ ᠴᠢᠩᠭ᠋ᠠᠳᠬᠠᠵᠤ ᠠᠵᠢᠯ ᠡᠷᠢᠬᠦ ᠪᠠ ᠠᠵᠢᠯᠲᠠᠨ ᠠᠵᠢᠯᠴᠢᠨ ᠡᠯᠰᠡᠬᠦ ᠦᠢ᠍ᠯᠡᠴᠢᠯᠡᠭᠡ ᠵᠢ ᠲᠡᠭᠦᠯᠳᠡᠷᠵᠢᠭᠦᠯᠬᠦ ᠲᠤᠬᠠᠢ ᠰᠠᠨᠠᠯ》᠎ᠢ ᠨᠡᠢ᠌ᠲᠡᠯᠡᠵᠦ᠂ ᠡᠯ᠎ᠡ ᠭᠠᠵᠠᠷ᠎ᠤᠨ᠎ᠬᠢᠨ ᠢᠳᠡᠪᠬᠢᠲᠡᠢ ᠨᠠᠢ᠌ᠳᠠᠪᠤᠷᠢᠵᠢᠭᠤᠯᠤᠭᠰᠠᠨ ᠵᠶ᠋ᠠᠷ᠂ ᠪᠦᠬᠦ ᠤᠯᠤᠰ᠎ᠤᠨ ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ᠎ᠤᠨ ᠲᠣᠭ᠎ᠠ ᠲᠦᠷᠭᠡᠨ ᠵᠶ᠋ᠡᠷ ᠨᠡᠮᠡᠭᠳᠡᠵᠦ᠂ ᠤᠯᠠᠨ ᠡᠰᠢᠵᠢᠭᠰᠡᠨ ᠬᠥᠭᠵᠢᠯᠲᠡ ᠵᠢᠨ ᠬᠠᠨᠳᠤᠰᠢ ᠢᠯᠡᠷᠡᠵᠡᠢ᠃
      ᠰᠤᠷᠪᠤᠯᠵᠢᠯᠠᠭᠴᠢ ᠵᠧᠵᠢᠶᠠᠩ᠂ ᠬᠤᠨᠠᠨ᠂ ᠴᠦᠩᠴᠢᠩ᠎ᠤᠨ ᠮᠠᠰᠢ ᠤᠯᠠᠨ ᠡᠳᠦᠷ᠎ᠤᠨ ᠬᠦᠴᠦᠨ᠎ᠤ ᠵᠠᠬ᠎ᠠ ᠳᠡᠯᠭᠡᠭᠦᠷ᠎ᠢ ᠰᠤᠷᠪᠤᠯᠵᠢᠯᠠᠪᠠ᠃ ᠠᠵᠢᠯ ᠡᠷᠢᠬᠦ ᠪᠠ ᠠᠵᠢᠯᠲᠠᠨ ᠠᠵᠢᠯᠴᠢᠨ ᠬᠡᠷᠡᠭᠯᠡᠬᠦ ᠬᠣᠶᠠᠷ ᠲᠠᠯ᠎ᠠ᠎ᠳᠤ ᠠᠪᠴᠤ ᠬᠡᠯᠡᠪᠡᠯ᠂ ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ᠎ᠨᠢ ᠴᠥᠮ ᠨᠠᠩ ᠡᠯᠪᠡᠭ ᠰᠣᠩᠭᠣᠯᠲᠠ ᠬᠠᠩᠭ᠋ᠠᠵᠤ᠂ ᠶᠠᠪᠤᠴᠠ᠎ᠨᠢ ᠲᠥᠬᠥᠮ ᠪᠥᠭᠡᠳ ᠭᠠᠷᠳᠠᠮ ᠭᠦᠢ᠍ᠴᠡᠳᠬᠡᠬᠦ ᠥᠪᠡᠷ᠎ᠤᠨ ᠥᠷᠲᠡᠭ ᠬᠡᠷᠡᠭᠰᠡᠬᠦ ᠦᠭᠡᠢ ᠪᠠᠢ᠍ᠢ᠍ᠬᠤ᠎ᠨᠢ ᠠᠮᠢᠳᠤᠯᠢᠭ ᠵᠶ᠋ᠠᠷ ᠠᠵᠢᠯ ᠣᠯᠬᠤ ᠬᠠᠩᠭ᠋ᠠᠯᠭ᠎ᠠ ᠬᠡᠷᠡᠭᠴᠡᠭᠡ ᠵᠢ ᠵᠣᠯᠭ᠋ᠠᠭᠤᠯᠬᠤ ᠦᠷ᠎ᠡ ᠪᠦᠲᠦᠮᠵᠢ ᠵᠢ ᠶᠡᠬᠡ᠎ᠪᠠᠷ ᠳᠡᠭᠡᠭᠰᠢᠯᠡᠭᠦᠯᠦᠭᠰᠡᠨ ᠪᠠᠢ᠌ᠨ᠎ᠠ᠃
      ᠠᠵᠢᠯ ᠣᠯᠭᠣᠯᠲᠠ ᠵᠢᠨ ᠠᠷᠭ᠎ᠠ ᠵᠠᠮ᠎ᠢ ᠥᠷᠭᠡᠳᠬᠡᠪᠡ —
      ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ᠎ᠨᠢ ᠮᠠᠰᠢ ᠤᠯᠠᠨ ᠠᠵᠢᠯ ᠡᠷᠢᠬᠦ ᠤᠯᠠᠨ ᠲᠦᠮᠡᠨ᠎ᠳᠤ ᠠᠰᠢᠭ ᠬᠦᠷᠲᠡᠭᠡᠪᠡ
      ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ ᠬᠡᠨ᠎ᠳᠤ ᠠᠰᠢᠭ ᠬᠦᠷᠲᠡᠭᠡᠬᠦ ᠪᠤᠢ?
      2023 ᠣᠨ᠎ᠤ ᠶᠡᠬᠡ ᠳᠡᠭᠡᠳᠦ ᠰᠤᠷᠭ᠋ᠠᠭᠤᠯᠢ ᠵᠢᠨ ᠲᠡᠭᠦᠰᠬᠦ ᠰᠣᠷᠣᠭᠴᠢ ᠳ᠋ᠧᠩ ᠶᠠᠨ ᠰᠢ ᠪᠣᠯ ᠳᠠᠷᠤᠢ ᠲᠡᠭᠦᠨ᠎ᠤ ᠳᠣᠲᠣᠷᠠᠬᠢ ᠨᠢᠭᠡ᠎ᠨᠢ ᠪᠣᠯᠣᠨ᠎ᠠ᠃ ᠬᠤᠨᠠᠨ ᠮᠤᠵᠢ ᠵᠢᠨ ᠴᠠᠩᠱ᠌ᠠ ᠬᠤᠳᠠ ᠵᠢᠨ ᠨᠢᠭᠡᠨ ᠡᠯᠧᠺᠲᠷᠣᠨ ᠬᠤᠳᠠᠯᠳᠤᠭ᠋ᠠᠨ᠎ᠤ ᠠᠵᠤ ᠠᠬᠤᠢ᠌ᠯᠠᠯ᠎ᠳᠤ᠂ ᠳ᠋ᠧᠩ ᠶᠠᠨ ᠰᠢ ᠰᠦᠯᠵᠢᠶᠡᠨ᠎ᠤ ᠸᠢᠳᠢᠤ᠋ ᠨᠠᠢ᠌ᠷᠠᠭᠤᠯᠵᠤ ᠲᠢᠭᠯᠡᠬᠦ ᠠᠵᠢᠯ᠎ᠳᠤ ᠶᠠᠭ᠋ᠠᠷᠠᠵᠤ ᠪᠠᠢ᠌ᠯ᠎ᠠ᠃ ᠡᠨᠡ ᠠᠵᠢᠯ᠎ᠤᠨ ᠲᠤᠬᠠᠢ ᠶᠠᠷᠢᠬᠤ᠎ᠳᠠᠭᠠᠨ ᠲᠡᠷᠡ᠄ 《ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ᠎ᠨᠢ ᠨᠠᠳᠠ᠎ᠳᠤ ᠶᠡᠬᠡ ᠲᠤᠰᠠ ᠪᠣᠯᠤᠭᠰᠠᠨ ᠪᠠᠢ᠌ᠨ᠎ᠠ》 ᠭᠡᠵᠦ ᠰᠡᠳᠬᠢᠯ ᠬᠥᠳᠡᠯᠦᠨ ᠶᠠᠷᠢᠵᠤ ᠪᠠᠢ᠌ᠯ᠎ᠠ᠃
      ᠨᠢᠳᠤᠨᠤᠨ᠎ᠤ ᠵᠢᠯ᠎ᠤᠨ ᠰᠡᠭᠦᠯᠴᠢ᠎ᠪᠠᠷ᠂ ᠳ᠋ᠧᠩ ᠶᠠᠨ ᠰᠢ ᠴᠠᠩᠱ᠌ᠠ ᠬᠤᠳᠠ ᠵᠢᠨ ᠮᠠᠰᠢᠨ ᠲᠡᠷᠭᠡᠨ᠎ᠤ ᠪᠠᠷᠠᠭᠤᠨ ᠥᠷᠲᠡᠭᠡ᠎ᠪᠠᠷ ᠥᠩᠭᠡᠷᠡᠬᠦ᠎ᠳᠤ᠂ ᠰᠠᠨᠠᠭ᠋ᠠᠨ᠎ᠳᠤ ᠦᠭᠡᠢ᠎ᠪᠠᠷ 《ᠬᠤᠨᠠᠨ᠎ᠤ ᠰᠢᠶᠠᠩ ᠵᠢᠶᠠᠩ ᠰᠢᠨ᠎ᠡ ᠲᠣᠭᠣᠷᠢᠭ᠎ᠤᠨ ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ》 ᠭᠡᠬᠦ ᠲᠣᠮᠣ ᠦᠰᠦᠭᠲᠦ ᠫᠠᠢ᠌ᠰᠠ ᠵᠢ ᠣᠯᠵᠤ ᠬᠠᠷᠠᠭ᠋ᠠᠳ᠂ ᠲᠤᠷᠰᠢᠵᠤ ᠦᠵᠡᠬᠦ ᠪᠤᠳᠤᠯ ᠵᠶ᠋ᠠᠷ ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ᠎ᠲᠤ ᠣᠷᠣᠵᠤ ᠦᠵᠡᠪᠡ᠃
      《ᠨᠢᠭᠤᠷᠲᠠᠨ ᠰᠢᠯᠭ᠋ᠠᠬᠤ᠎ᠠᠴᠠ ᠠᠪᠤᠭ᠋ᠠᠳ ᠡᠯᠰᠡᠨ ᠬᠡᠷᠡᠭᠯᠡᠬᠦ ᠪᠣᠯᠲᠠᠯ᠎ᠠ ᠨᠢᠭᠡ ᠭᠠᠷᠠᠭ ᠴᠤ᠌ ᠪᠣᠯᠣᠭ᠎ᠠ ᠦᠭᠡᠢ᠂ ᠠᠵᠢᠯ᠎ᠤᠨ ᠦᠷ᠎ᠡ ᠪᠦᠲᠦᠮᠵᠢ ᠮᠠᠰᠢ ᠥᠨᠳᠥᠷ ᠪᠠᠢ᠌ᠨ᠎ᠠ》 ᠳ᠋ᠧᠩ ᠶᠠᠨ ᠰᠢ᠂ ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ᠎ᠤᠨ ᠲᠠᠨᠢᠯᠴᠠᠭᠤᠯᠤᠭᠰᠠᠨ ᠡᠨᠡ ᠬᠦ᠌ ᠠᠵᠢᠯ᠎ᠨᠢ ᠮᠢᠨᠤ ᠲᠤᠰᠬᠠᠢ ᠮᠡᠷᠭᠡᠵᠢᠯ᠎ᠳᠤ ᠮᠠᠰᠢ ᠲᠣᠬᠢᠷᠠᠵᠤ᠂ ᠠᠵᠢᠯ ᠤᠷᠤᠭᠰᠢᠲᠠᠢ ᠶᠠᠪᠤᠭᠳᠠᠵᠤ ᠪᠠᠢ᠌ᠨ᠎ᠠ ᠭᠡᠪᠡ᠃
      ᠲᠠᠪᠢ ᠭᠠᠷᠤᠭᠰᠠᠨ ᠨᠠᠰᠤ ᠠᠬᠠᠰᠢᠷᠠᠭᠰᠠᠨ ᠠᠵᠢᠯ ᠡᠷᠢᠭᠴᠢ ᠵᠣᠣ ᠪᠠᠢ ᠶᠤᠸᠠᠨ ᠪᠣᠯ ᠮᠥᠨ ᠴᠦ᠍ ᠬᠤᠨᠠᠨ᠎ᠤ ᠰᠢᠶᠠᠩ ᠵᠢᠶᠠᠩ ᠰᠢᠨ᠎ᠡ ᠲᠣᠭᠣᠷᠢᠭ᠎ᠤᠨ ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ᠎ᠤᠨ ᠠᠰᠢᠭ ᠬᠦᠷᠲᠡᠭᠴᠢ ᠪᠣᠯᠣᠨ᠎ᠠ᠃ 《ᠮᠢᠨᠤ ᠨᠠᠰᠤ ᠨᠢᠭᠡᠨᠲᠡ ᠡᠨᠡ ᠬᠥᠷᠪᠡ᠂ ᠲᠣᠬᠢᠷᠠᠮᠵᠢᠲᠠᠢ ᠠᠵᠢᠯ ᠣᠯᠬᠤ᠎ᠳᠤ ᠮᠠᠰᠢ ᠬᠦᠴᠢᠷᠲᠡᠢ ᠭᠡᠵᠦ ᠪᠢ ᠪᠤᠳᠤᠵᠤ ᠪᠠᠢ᠌ᠭᠰᠠᠨ᠃ ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ᠎ᠤᠨ ᠲᠠᠨᠢᠯᠴᠠᠭᠤᠯᠤᠭᠰᠠᠨ ᠠᠵᠢᠯ ᠲᠥᠷᠥᠯ ᠪᠠᠭ᠎ᠠ ᠦᠭᠡᠢ᠂ ᠴᠠᠯᠢᠩ ᠣᠯᠭᠣᠮᠵᠢ᠎ᠨᠢ ᠴᠦ᠍ ᠵᠦᠭᠡᠷ ᠪᠠᠢ᠌ᠨ᠎ᠠ ᠭᠡᠵᠦ ᠪᠤᠳᠤᠵᠤ ᠣᠯᠣᠭᠰᠠᠨ ᠦᠭᠡᠢ》 ᠭᠡᠵᠡᠢ᠃ ᠵᠢᠯ᠎ᠤᠨ ᠡᠮᠦᠨ᠎ᠡ᠂ ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ᠎ᠤᠨ ᠬᠠᠪᠰᠤᠷᠤᠯᠭ᠎ᠠ ᠳᠣᠣᠷ᠎ᠠ᠂ ᠵᠤᠤ ᠪᠠᠢ ᠶᠤᠸᠠᠨ 《ᠵᠢᠩ ᠳ᠋ᠦᠩ》 ᠪᠠᠷᠠᠭ᠋ᠠᠨ᠎ᠤ ᠭᠦᠢ᠍ᠯᠭᠡᠭᠡ ᠵᠢᠨ ᠺᠣᠮᠫᠠᠨᠢ ᠵᠢᠨ ᠲᠦᠷ ᠴᠠᠭ᠎ᠤᠨ ᠪᠠᠷᠠᠭ᠎ᠠ ᠰᠠᠯᠭ᠋ᠠᠨ ᠢᠯᠭ᠋ᠠᠬᠤ ᠠᠵᠢᠯ ᠡᠷᠢᠵᠦ ᠣᠯᠵᠠᠢ᠃
      ᠰᠤᠷᠪᠤᠯᠵᠢᠯᠠᠭᠴᠢ ᠬᠤᠨᠠᠨ ᠮᠤᠵᠢ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠠᠴᠠ ᠣᠢ᠌ᠯᠠᠭ᠋ᠠᠭᠰᠠᠨ ᠵᠶ᠋ᠠᠷ᠄ 2024 ᠣᠨ᠎ᠤ 1 ᠰᠠᠷ᠎ᠠ ᠵᠢᠨ ᠡᠴᠦᠰ ᠪᠣᠯᠲᠠᠯ᠎ᠠ᠂ ᠬᠤᠨᠠᠨ ᠮᠤᠵᠢ ᠨᠢᠭᠡᠨᠲᠡ 169 ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ᠎ᠢ ᠪᠠᠢ᠌ᠭᠤᠯᠵᠤ᠂ ᠦᠨᠳᠦᠰᠦᠨ᠎ᠳᠡᠭᠡᠨ ᠰᠢᠶᠠᠨ᠎ᠤ ᠬᠡᠪᠴᠢᠶᠡᠨ᠎ᠳᠤ ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ᠎ᠢ ᠪᠦᠬᠦᠨ᠎ᠢ ᠪᠦᠷᠬᠦᠭᠦᠯᠬᠦ ᠵᠢ ᠪᠡᠶᠡᠯᠡᠭᠦᠯᠪᠡ᠃ ᠰᠦᠯᠵᠢᠶᠡᠨ ᠳᠡᠭᠡᠷ᠎ᠡ᠂ 《ᠬᠤᠨᠠᠨ᠎ᠤ ᠠᠵᠢᠯ ᠣᠯᠭᠣᠯᠲᠠ》 ᠵᠢᠨ ᠲᠠᠪᠴᠠᠩ᠎ᠳᠤ ᠲᠦᠰᠢᠭᠯᠡᠨ ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ᠎ᠤᠨ ᠲᠤᠰᠬᠠᠢ ᠲᠣᠭᠣᠷᠢᠭ᠎ᠢ ᠪᠠᠢ᠌ᠭᠤᠯᠵᠤ᠂ ᠠᠵᠢᠯ᠎ᠤᠨ ᠪᠠᠶ᠋ᠢᠷᠢ ᠵᠢᠨ ᠮᠡᠳᠡᠭᠡ ᠵᠠᠩᠭᠢ ᠵᠢ ᠬᠥᠳᠡᠯᠦᠩᠭᠦᠢ᠎ᠪᠠᠷ ᠨᠡᠢ᠌ᠲᠡᠯᠡᠵᠦ᠂ ᠨᠢᠭᠡᠨᠲᠡ 1.82 ᠲᠦᠮᠡᠨ ᠡᠳᠦᠷ᠎ᠤᠨ ᠬᠦᠴᠦᠨ᠎ᠤ ᠠᠵᠢᠯ᠎ᠤᠨ ᠪᠠᠶ᠋ᠢᠷᠢ ᠵᠢ ᠨᠡᠢ᠌ᠲᠡᠯᠡᠪᠡ᠃
      《ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ᠎ᠲᠤ ᠠᠵᠢᠯ ᠡᠷᠢᠬᠦ ᠭᠣᠣᠯ ᠴᠣᠭᠴᠠ ᠵᠢᠨ ᠣᠯᠠᠩᠬᠢ᠎ᠨᠢ ᠬᠥᠯᠥᠰᠦᠨ ᠲᠠᠷᠢᠶᠠᠴᠢᠨ᠂ ᠠᠵᠢᠯ᠎ᠤᠨ ᠪᠠᠶ᠋ᠢᠷᠢ᠎ᠠᠴᠠ᠎ᠪᠠᠨ ᠪᠠᠭᠤᠵᠤ ᠠᠵᠢᠯ ᠠᠯᠳᠠᠭᠰᠠᠳ ᠵᠡᠷᠭᠡ ᠬᠥᠮᠥᠰ ᠪᠣᠯᠣᠨ᠎ᠠ᠂ ᠪᠠᠰᠠ ᠨᠢᠭᠡ ᠪᠦᠯᠦᠭ ᠶᠡᠬᠡ ᠳᠡᠭᠡᠳᠦ ᠰᠤᠷᠭ᠋ᠠᠭᠤᠯᠢ᠎ᠠᠴᠠ ᠲᠡᠭᠦᠰᠦᠭᠰᠡᠳ ᠪᠠᠢ᠌ᠨ᠎ᠠ》 ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠢᠯᠡᠷᠬᠡᠢ᠌ᠯᠡᠬᠦ᠎ᠳᠡᠭᠡᠨ᠂ ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ᠎ᠨᠢ ᠠᠵᠢᠯ ᠣᠯᠭᠣᠯᠲᠠ ᠵᠢᠨ ᠠᠷᠭ᠎ᠠ ᠵᠠᠮ᠎ᠢ ᠥᠷᠭᠡᠳᠬᠡᠬᠦ᠂ ᠠᠷᠠᠳ᠎ᠤᠨ ᠠᠮᠢᠳᠤᠷᠠᠯ᠎ᠤᠨ ᠬᠣᠷᠢᠭ᠎ᠠ ᠱᠤᠭᠤᠮ᠎ᠢ ᠪᠠᠲᠤ ᠰᠠᠬᠢᠬᠤ ᠵᠡᠷᠭᠡ ᠲᠠᠯ᠎ᠠ᠎ᠪᠠᠷ ᠥᠪᠡᠷᠮᠢᠴᠡ ᠦᠢ᠍ᠯᠡᠳᠦᠯ ᠵᠶ᠋ᠡᠨ ᠪᠠᠳᠠᠷᠠᠭᠤᠯᠵᠤ᠂ ᠬᠠᠩᠭ᠋ᠠᠯᠭ᠎ᠠ ᠬᠡᠷᠡᠭᠴᠡᠭᠡ ᠬᠣᠶᠠᠷ ᠲᠠᠯ᠎ᠠ ᠵᠢ ᠥᠨᠳᠥᠷ ᠪᠦᠲᠦᠮᠵᠢᠲᠡᠢ᠎ᠪᠠᠷ ᠲᠣᠬᠢᠷᠠᠯᠴᠠᠭᠤᠯᠬᠤ᠂ ᠲᠦᠷᠭᠡᠨ ᠨᠢᠭᠤᠷᠲᠠᠨ ᠰᠢᠯᠭ᠋ᠠᠬᠤ᠂ ᠴᠠᠭ ᠲᠤᠬᠠᠢ᠎ᠳᠤᠨᠢ ᠠᠵᠢᠯ᠎ᠤᠨ ᠪᠠᠶ᠋ᠢᠷᠢ᠎ᠳᠤ ᠭᠠᠷᠬᠤ᠎ᠳᠤ ᠬᠠᠪᠰᠤᠷᠤᠮᠵᠢ ᠪᠣᠯᠵᠤ᠂ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠬᠥᠳᠡᠯᠮᠦᠷᠢᠴᠢᠳ᠎ᠤᠨ ᠠᠵᠢᠯ ᠣᠯᠵᠤ ᠣᠷᠣᠯᠭ᠎ᠠ᠎ᠪᠠᠨ ᠨᠡᠮᠡᠭᠳᠡᠭᠦᠯᠬᠦ ᠵᠢ ᠠᠬᠢᠭᠤᠯᠬᠤ᠎ᠳᠤ ᠴᠢᠬᠤᠯᠠ ᠦᠢ᠍ᠯᠡᠳᠦᠯ ᠦᠵᠡᠭᠦᠯᠪᠡ ᠭᠡᠪᠡ᠃
      ᠵᠢᠷᠤᠮᠵᠢᠭᠤᠯᠤᠨ ᠬᠥᠲᠥᠯᠥᠨ ᠵᠢᠯᠤᠭᠣᠳᠬᠤ ᠵᠢ ᠴᠢᠩᠭ᠋ᠠᠳᠬᠠᠨ᠎ᠠ —
      ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ᠎ᠤᠨ ᠦᠨᠳᠦᠰᠦᠨ ᠦᠢ᠍ᠯᠡᠴᠢᠯᠡᠭᠡ ᠵᠢ ᠪᠦᠷᠢᠨᠰᠢᠬᠦᠯᠪᠡ
      《ᠭᠡᠷ᠎ᠤᠨ ᠡᠭᠦᠳᠡᠨ᠎ᠳᠡᠭᠡᠨ ᠳᠠᠷᠤᠢ ᠠᠵᠢᠯᠯᠠᠴᠢᠬᠠᠨ᠎ᠠ᠂ ᠦᠨᠡᠬᠡᠷ ᠳᠥᠭᠥᠮ!》 ᠭᠡᠵᠦ ᠴᠦᠩᠴᠢᠩ ᠬᠤᠳᠠ ᠵᠢᠨ ᠪᠢ ᠱᠠᠨ ᠲᠣᠭᠣᠷᠢᠭ᠎ᠤᠨ ᠴᠢᠩ ᠭᠠᠩ ᠵᠡᠭᠡᠯᠢ ᠭᠤᠳᠤᠮᠵᠢ ᠵᠢᠨ ᠰᠠᠭᠤᠭ᠋ᠠᠯᠢ ᠠᠷᠠᠳ ᠵᠦ᠍ ᠰᠢᠶᠣᠣ ᠵᠢᠤᠸᠠᠨ ᠠᠵᠤ ᠠᠬᠤᠢ᠌ᠯᠠᠯ᠎ᠲᠠᠢ ᠲᠣᠭᠲᠠᠭᠰᠠᠨ ᠰᠠᠨᠠᠮᠵᠢ ᠵᠢᠨ ᠮᠠᠲ᠋ᠧᠷᠢᠶᠠᠯ ᠵᠶ᠋ᠠᠨ ᠪᠠᠷᠢᠵᠤ᠂ ᠴᠢᠷᠠᠢ ᠳᠦᠭᠦᠷᠡᠩ ᠢᠨᠢᠶᠡᠮᠰᠦᠭᠯᠡᠪᠡ᠃
      ᠡᠭᠦᠨ᠎ᠠᠴᠠ ᠡᠮᠦᠨ᠎ᠡ ᠵᠦ᠍ ᠰᠢᠶᠣᠣ ᠵᠢᠤᠸᠠᠨ ᠭᠡᠷᠭᠡᠢ᠎ᠲᠠᠢ᠎ᠪᠠᠨ ᠭᠠᠳᠠᠨ᠎ᠠ ᠣᠷᠣᠨ᠎ᠳᠤ ᠠᠵᠢᠯᠯᠠᠵᠤ ᠪᠠᠶ᠋ᠢᠵᠠᠶ᠃ ᠨᠠᠰᠤᠲᠠᠨ ᠪᠠ ᠬᠡᠦᠬᠡᠳ ᠵᠶ᠋ᠡᠨ ᠬᠠᠷᠠᠭ᠋ᠠᠯᠵᠠᠬᠤ ᠵᠢᠨ ᠲᠥᠯᠥᠭᠡ᠂ ᠲᠡᠷᠡ ᠪᠢ ᠱᠠᠨ᠎ᠳᠠᠭᠠᠨ ᠬᠠᠷᠢᠵᠤ ᠢᠷᠠᠵᠤ᠂ 《ᠨᠢᠭᠡ ᠲᠠᠯ᠎ᠠ᠎ᠪᠠᠷ ᠭᠡᠷ᠎ᠤᠨ ᠠᠬᠠᠮᠠᠳ ᠬᠡᠦᠬᠡᠳ ᠵᠶ᠋ᠠᠨ ᠬᠠᠷᠠᠭ᠋ᠠᠯᠵᠠᠵᠤ ᠳᠡᠢ᠌ᠯᠬᠦ ᠮᠥᠷᠲᠡᠭᠡᠨ ᠪᠠᠰᠠ ᠴᠢᠯᠦᠭᠡ ᠵᠠᠪ ᠵᠶ᠋ᠠᠷ ᠵᠶ᠋ᠠᠨ ᠬᠢᠵᠦ ᠳᠡᠢ᠌ᠯᠬᠦ ᠠᠵᠢᠯ ᠬᠢᠵᠦ ᠪᠠᠭ᠎ᠠ ᠰᠠᠭ᠎ᠠ ᠣᠷᠣᠯᠭ᠎ᠠ ᠣᠯᠵᠤ ᠳᠡᠢ᠌ᠯᠬᠦ》 ᠠᠵᠢᠯ ᠡᠷᠢᠬᠦ᠎ᠪᠠᠷ ᠪᠡᠯᠡᠳᠬᠡᠪᠡ᠃ 《ᠡᠢ᠌ᠮᠦ ᠠᠵᠢᠯ᠎ᠢ ᠬᠠᠮᠢᠭ᠎ᠠ᠎ᠠᠴᠠ ᠡᠷᠢᠬᠦ ᠪᠤᠢ?》 ᠭᠡᠵᠦ ᠬᠦᠴᠢᠷᠳᠡᠵᠦ ᠪᠠᠢ᠌ᠭᠰᠠᠨ ᠦᠶ᠎ᠡ᠎ᠳᠤ᠂ ᠨᠠᠢ᠌ᠵᠠ᠎ᠨᠢ ᠲᠡᠭᠦᠨ᠎ᠳᠤ ᠸᠢᠴᠠᠲ ᠨᠠᠢ᠌ᠳᠠ ᠵᠢᠨ ᠲᠠᠪᠴᠠᠩ 《ᠪᠢ ᠱᠠᠨ᠎ᠤ ᠠᠵᠢᠯ ᠣᠯᠭᠣᠯᠲᠠ》 ᠵᠢ ᠲᠠᠨᠢᠯᠴᠠᠭᠤᠯᠵᠤ ᠪᠢᠯᠡ᠃
      《ᠲᠣᠰ ᠲᠠᠪᠴᠠᠩ᠎ᠤᠨ ᠠᠵᠢᠯᠲᠠᠨ ᠠᠵᠢᠯᠴᠢᠨ ᠡᠯᠰᠡᠬᠦ ᠲᠤᠰᠬᠠᠢ ᠲᠣᠭᠣᠷᠢᠭ᠎ᠲᠤ ᠮᠠᠰᠢ ᠤᠯᠠᠨ ᠡᠳᠦᠷ᠎ᠤᠨ ᠬᠦᠴᠦᠨ᠎ᠤ ᠠᠵᠢᠯ᠎ᠤᠨ ᠮᠡᠳᠡᠭᠡ ᠵᠠᠩᠭᠢ ᠪᠠᠢ᠍ᠢ᠍ᠬᠤ ᠵᠢ ᠣᠯᠵᠤ ᠦᠵᠡᠭᠡᠳ ᠲᠤᠩ ᠰᠣᠨᠢᠷᠬᠠᠯ ᠲᠥᠷᠥᠵᠦ ᠪᠢ ᠲᠡᠷᠡ ᠳᠣᠣᠷ᠎ᠠ᠎ᠨᠢ ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ᠎ᠲᠤ ᠣᠴᠢᠵᠤ ᠠᠰᠠᠭᠤᠨ ᠯᠠᠪᠯᠠᠪᠠ》 ᠭᠡᠵᠦ ᠵᠦ᠍ ᠰᠢᠶᠣᠣ ᠵᠢᠤᠸᠠᠨ ᠬᠡᠯᠡᠪᠡ᠃
      ᠠᠵᠢᠯ ᠣᠯᠭᠣᠯᠲᠠ ᠵᠢᠨ ᠴᠣᠩᠬᠣᠪᠴᠢ᠎ᠳᠤ᠂ ᠠᠵᠢᠯᠲᠠᠳ ᠠᠵᠤ ᠠᠬᠤᠢ᠌ᠯᠠᠯ᠎ᠤᠨ ᠡᠭᠦᠯᠡᠨ ᠳ᠋ᠠᠢ᠌ᠲ᠋ᠠ᠎ᠪᠠᠷ ᠨᠠᠷᠢᠯᠢᠭ ᠣᠨᠣᠴᠠᠲᠠᠢ ᠬᠠᠷᠢᠴᠠᠭᠤᠯᠬᠤ᠎ᠪᠠᠷ ᠳᠡᠮᠵᠢᠨ᠂ ᠵᠦ᠍ ᠰᠢᠶᠣᠣ ᠵᠢᠤᠸᠠᠨ᠎ᠤ ᠠᠵᠢᠯ ᠡᠷᠢᠬᠦ ᠨᠥᠬᠥᠴᠡᠯ᠎ᠳᠤ ᠲᠣᠬᠢᠷᠠᠬᠤ ᠲᠣᠰ ᠭᠠᠵᠠᠷ᠎ᠤᠨ 15 ᠠᠵᠤ ᠠᠬᠤᠢ᠌ᠯᠠᠯ᠎ᠢ ᠰᠣᠩᠭᠣᠵᠤ ᠥᠭᠴᠡᠢ᠂ ᠮᠠᠰᠢ ᠤᠯᠠᠨ ᠠᠵᠢᠯ᠎ᠤᠨ ᠪᠠᠶ᠋ᠢᠷᠢ᠎ᠨᠢ ᠲᠡᠭᠦᠨ᠎ᠤ ᠭᠡᠷ᠎ᠠᠴᠠ᠎ᠨᠢ ᠣᠢ᠌ᠷ᠎ᠠ᠂ ᠠᠵᠢᠯᠯᠠᠬᠤ ᠴᠠᠭ᠎ᠨᠢ ᠠᠮᠢᠳᠤᠯᠢᠭ᠂ ᠠᠵᠤ ᠠᠬᠤᠢ᠌ᠯᠠᠯ᠎ᠤᠨ ᠬᠢᠷᠢ ᠬᠡᠮ᠎ᠨᠢ ᠪᠦᠷᠢᠨ᠂ ᠣᠯᠠᠩᠬᠢ᠎ᠨᠢ ᠪᠠᠰᠠ ᠡᠳᠦᠷ᠎ᠤᠨ ᠬᠦᠴᠦᠨ᠎ᠤ ᠠᠵᠢᠯᠴᠢᠨ᠎ᠤ ᠪᠠᠶ᠋ᠢᠷᠢ ᠵᠢᠨ ᠭᠡᠷ ᠪᠠ ᠠᠵᠢᠯ᠎ᠤᠨ ᠬᠣᠭᠣᠯᠠ ᠬᠠᠩᠭ᠋ᠠᠨ᠎ᠠ᠃ ᠵᠦ᠍ ᠰᠢᠶᠣᠣ ᠵᠢᠤᠸᠠᠨ ᠤᠷᠢᠳ ᠬᠣᠵᠢᠳ ᠭᠡᠷ ᠳᠣᠲᠣᠷ᠎ᠠ ᠵᠢ ᠵᠠᠰᠠᠵᠤ ᠴᠢᠮᠡᠭᠯᠡᠬᠦ ᠠᠵᠢᠯᠴᠢᠨ᠂ ᠪᠣᠭᠣᠳᠠᠯᠯᠠᠬᠤ ᠠᠵᠢᠯᠴᠢᠨ ᠵᠡᠷᠭᠡ ᠬᠡᠳᠦᠨ ᠬᠤᠪᠢ ᠡᠳᠦᠷ᠎ᠤᠨ ᠬᠦᠴᠦᠨ᠎ᠤ ᠠᠵᠢᠯ᠎ᠢ ᠲᠤᠷᠰᠢᠵᠤ ᠦᠵᠡᠪᠡ᠃
      ᠠᠵᠢᠯᠲᠠᠳ᠎ᠤᠨ ᠬᠠᠪᠰᠤᠷᠤᠯᠭ᠎ᠠ ᠳᠣᠣᠷ᠎ᠠ᠂ ᠵᠦ᠍ ᠰᠢᠶᠣᠣ ᠵᠢᠤᠸᠠᠨ ᠪᠠᠰᠠ ᠤᠯᠠᠨ ᠶᠠᠩᠵᠤ ᠵᠢᠨ ᠦᠢ᠍ᠯᠡᠴᠢᠯᠡᠭᠡᠨ᠎ᠤ ᠠᠭᠤᠯᠭ᠎ᠠ ᠵᠢ ᠪᠡᠶᠡᠴᠢᠯᠡᠨ ᠣᠢ᠌ᠯᠠᠭ᠋ᠠᠪᠠ᠃ ᠲᠡᠷᠡ ᠡᠳᠦᠷ᠎ᠤᠨ ᠬᠦᠴᠦᠨ᠎ᠤ ᠠᠵᠢᠯᠴᠢᠨ᠎ᠤ ᠤᠯᠠᠭ᠎ᠠ ᠥᠷᠲᠡᠭᠡ ᠵᠢᠨ ᠰᠦᠯᠵᠢᠶᠡᠨ ᠳᠡᠭᠡᠷᠡᠬᠢ ᠸᠢᠴᠠᠲ ᠬᠣᠯᠪᠣᠭ᠎ᠠ᠎ᠳᠤ ᠣᠷᠣᠯᠴᠠᠵᠤ᠂ ᠡᠳᠦᠷ᠎ᠤᠨ ᠬᠦᠴᠦᠨ᠎ᠤ ᠠᠵᠢᠯᠴᠢᠨ᠎ᠢ ᠪᠠᠴᠢᠮ ᠡᠯᠰᠡᠬᠦ ᠮᠡᠳᠡᠭᠡ ᠵᠠᠩᠭᠢ ᠵᠢ ᠴᠠᠭ ᠲᠤᠬᠠᠢ᠎ᠳᠤᠨᠢ ᠣᠯᠵᠤ ᠦᠵᠡᠵᠦ ᠳᠡᠢ᠌ᠯᠬᠦ᠎ᠪᠠᠷ ᠪᠠᠷᠠᠬᠤ ᠦᠭᠡᠢ᠂ ᠪᠠᠰᠠ ᠬᠥᠳᠡᠯᠮᠦᠷᠢ ᠵᠢᠨ ᠡᠷᠬᠡ ᠠᠰᠢᠭ᠎ᠢ ᠪᠠᠲᠤᠯᠠᠬᠤ ᠲᠤᠬᠠᠢ ᠮᠡᠳᠡᠯᠭᠡ ᠵᠢ ᠲᠦᠭᠡᠮᠡᠯᠵᠢᠭᠦᠯᠬᠦ᠂ ᠤᠷ᠎ᠠ ᠴᠢᠳᠠᠪᠤᠷᠢ ᠵᠢᠨ ᠪᠣᠯᠪᠠᠰᠤᠷᠠᠯ ᠵᠡᠷᠭᠡ ᠦᠢ᠍ᠯᠡᠴᠢᠯᠡᠭᠡ ᠴᠦ᠍ ᠪᠣᠢ᠃ 《2024 ᠣᠨ᠎ᠳᠤ ᠪᠢ ᠱᠠᠨ ᠲᠣᠭᠣᠷᠢᠭ ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ᠎ᠢ ᠵᠢᠷᠤᠮᠵᠢᠭᠤᠯᠤᠨ ᠪᠠᠢ᠌ᠭᠤᠯᠬᠤ ᠵᠢ ᠲᠦᠷᠭᠡᠳᠬᠡᠵᠦ᠂ ᠲᠣᠭ᠋ᠠᠴᠢᠯᠠᠭᠰᠠᠨ ᠲᠠᠪᠴᠠᠩ᠎ᠢ ᠠᠰᠢᠭᠯᠠᠨ ᠡᠳᠦᠷ᠎ᠤᠨ ᠬᠦᠴᠦᠨ᠎ᠤ ᠠᠵᠢᠯ᠎ᠤᠨ ᠮᠡᠳᠡᠭᠡ ᠵᠠᠩᠭᠢ ᠵᠢ ᠨᠠᠷᠢᠯᠢᠭ ᠣᠨᠣᠴᠠᠲᠠᠢ᠎ᠪᠠᠷ ᠬᠦᠷᠭᠡᠵᠦ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠢ ᠥᠷᠨᠢᠭᠦᠯᠬᠦ ᠵᠢᠨ ᠬᠠᠮᠲᠤ ᠬᠥᠳᠡᠯᠮᠦᠷᠢ ᠵᠢᠨ ᠡᠷᠬᠡ ᠠᠰᠢᠭ᠎ᠢ ᠪᠠᠲᠤᠯᠠᠬᠤ ᠬᠣᠯᠪᠣᠭᠳᠠᠯ ᠪᠦᠬᠦᠢ ᠤᠬᠠᠭᠤᠯᠭ᠎ᠠ ᠵᠢ ᠦᠷᠭᠦᠯᠵᠢᠯᠡᠨ ᠴᠢᠩᠭ᠋ᠠᠳᠬᠠᠨ᠎ᠠ》 ᠭᠡᠵᠦ ᠪᠢ ᠱᠠᠨ ᠲᠣᠭᠣᠷᠢᠭ᠎ᠤᠨ ᠠᠵᠢᠯ ᠣᠯᠭᠣᠯᠲᠠ ᠪᠠ ᠴᠢᠳᠠᠪᠤᠷᠢᠲᠠᠨ᠎ᠤ ᠲᠥᠪ᠎ᠤᠨ ᠳᠡᠳ᠋ ᠡᠷᠬᠢᠯᠡᠭᠴᠢ ᠳ᠋ᠤᠸᠠᠨ ᠢᠦᠢ ᠱᠧᠩ ᠬᠡᠯᠡᠪᠡ᠃
      ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠣᠢ᠌ᠷ᠎ᠠ᠎ᠳᠤ ᠨᠡᠢ᠌ᠲᠡᠯᠡᠭᠰᠡᠨ 《ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ᠎ᠢ ᠵᠢᠷᠤᠮᠵᠢᠭᠤᠯᠤᠨ ᠪᠠᠢ᠌ᠭᠤᠯᠬᠤ ᠵᠢ ᠴᠢᠩᠭ᠋ᠠᠳᠬᠠᠬᠤ ᠲᠤᠬᠠᠢ ᠮᠡᠳᠡᠭᠳᠡᠯ》᠎ᠳᠤ᠂ ᠡᠯ᠎ᠡ ᠭᠠᠵᠠᠷ᠎ᠤᠨ᠎ᠬᠢᠨ ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ᠎ᠢ ᠠᠵᠢᠯ ᠣᠯᠭᠣᠯᠲᠠ ᠵᠢᠨ ᠤᠯᠠᠨ ᠨᠠᠢ᠌ᠳᠠ ᠵᠢᠨ ᠦᠢ᠍ᠯᠡᠴᠢᠯᠡᠭᠡᠨ᠎ᠤ ᠰᠢᠰᠲ᠋ᠧᠮ᠎ᠤᠨ ᠪᠠᠢ᠌ᠭᠤᠯᠤᠯᠲᠠ ᠵᠢᠨ ᠠᠵᠢᠯ᠎ᠳᠤ ᠣᠷᠣᠭᠤᠯᠵᠤ᠂ ᠦᠢ᠍ᠯᠡᠴᠢᠯᠡᠭᠡᠨ᠎ᠤ ᠴᠢᠳᠠᠮᠵᠢ᠂ ᠪᠦᠲᠦᠭᠡᠨ ᠪᠠᠢ᠌ᠭᠤᠯᠤᠯᠲᠠ ᠵᠢᠨ ᠪᠠᠢ᠌ᠷᠢᠰᠢᠭᠤᠯᠤᠯᠲᠠ᠂ ᠠᠵᠢᠯᠯᠠᠭ᠋ᠠᠨ᠎ᠤ ᠵᠠᠭᠪᠤᠷ᠂ ᠦᠢ᠍ᠯᠡᠴᠢᠯᠡᠭᠡᠨ᠎ᠤ ᠴᠢᠳᠠᠪᠤᠷᠢ ᠵᠡᠷᠭᠡ ᠲᠠᠯ᠎ᠠ᠎ᠪᠠᠷ ᠭᠣᠣᠯᠳᠠᠯᠭ᠎ᠠ᠎ᠲᠠᠢ ᠬᠦᠴᠦᠯᠡᠵᠦ᠂ ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ᠎ᠢ ᠵᠢᠷᠤᠮᠵᠢᠭᠤᠯᠠ ᠪᠠᠢ᠌ᠭᠤᠯᠬᠤ ᠵᠢ ᠪᠥᠬᠥ ᠲᠠᠯ᠎ᠠ᠎ᠪᠠᠷ ᠴᠢᠩᠭ᠋ᠠᠳᠬᠠᠬᠤ ᠬᠡᠷᠡᠭᠲᠡᠶ ᠭᠡᠵᠦ ᠱᠠᠭ᠋ᠠᠷᠳᠠᠪᠠ᠃
      《〈ᠪᠠᠢ᠍ᠢ᠍ᠬᠤ ᠡᠰᠡᠬᠦ〉 ᠵᠢᠨ ᠠᠰᠠᠭᠤᠳᠠᠯ᠎ᠢ ᠰᠢᠢ᠍ᠳᠪᠦᠷᠢᠯᠡᠭᠰᠡᠨ᠎ᠤ ᠳᠠᠷᠠᠭ᠎ᠠ᠂ ᠲᠠᠷᠠᠭ᠋ᠠᠴᠢ ᠵᠢᠨ ᠠᠯᠬᠤᠮ᠎ᠳᠤ ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ᠎ᠤᠨ ᠪᠠᠢ᠌ᠭᠤᠯᠤᠯᠲᠠ ᠵᠢᠨ 〈ᠰᠠᠢ᠍ᠢ᠍ᠨ ᠡᠰᠡᠬᠦ〉 ᠵᠢᠨ ᠠᠰᠠᠭᠤᠳᠠᠯ᠎ᠢ ᠰᠢᠢ᠍ᠳᠪᠦᠷᠢᠯᠡᠨ᠎ᠡ》 ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠢᠯᠡᠷᠬᠡᠢ᠌ᠯᠡᠬᠦ᠎ᠳᠡᠭᠡᠨ᠂ 《ᠮᠡᠳᠡᠭᠳᠡᠯ᠎ᠢ ᠦᠨᠳᠦᠰᠦᠯᠡᠪᠡᠯ᠂ ᠡᠯ᠎ᠡ ᠭᠠᠵᠠᠷ᠎ᠤᠨ᠎ᠬᠢᠨ ᠲᠡᠷᠡ ᠳᠣᠣᠷ᠎ᠠ᠎ᠨᠢ ᠲᠦᠷᠭᠡᠨ ᠠᠵᠢᠯᠴᠢᠨ ᠡᠯᠰᠡᠬᠦ ᠦᠢ᠍ᠯᠡᠴᠢᠯᠡᠭᠡ᠎ᠪᠠᠷ ᠭᠣᠣᠯ ᠪᠣᠯᠭ᠋ᠠᠭᠰᠠᠨ᠂ ᠤᠷ᠎ᠠ ᠴᠢᠳᠠᠪᠤᠷᠢ ᠵᠢ ᠳᠡᠭᠡᠭᠰᠢᠯᠡᠭᠦᠯᠬᠦ ᠪᠠ ᠡᠷᠬᠡ ᠠᠰᠢᠭ᠎ᠢ ᠬᠠᠮᠠᠭ᠋ᠠᠯᠠᠬᠤ ᠦᠢ᠍ᠯᠡᠴᠢᠯᠡᠭᠡ᠎ᠪᠠᠷ ᠲᠤᠯᠭ᠋ᠠᠭᠤᠷᠢ ᠪᠣᠯᠭ᠋ᠠᠭᠰᠠᠨ ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ᠎ᠤᠨ ᠦᠨᠳᠦᠰᠦᠨ ᠦᠢ᠍ᠯᠡᠴᠢᠯᠡᠭᠡ ᠵᠢ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠶ᠃ ᠨᠥᠬᠥᠴᠡᠯ᠎ᠲᠠᠢ ᠭᠠᠵᠠᠷ ᠣᠷᠣᠨ ᠪᠠᠰᠠ ᠲᠡᠷᠭᠡ ᠬᠥᠰᠬᠡ ᠪᠠᠷᠢᠨ ᠵᠣᠭᠰᠣᠵᠤ ᠪᠠᠷᠢᠨ ᠶᠠᠪᠤᠬᠤ᠂ ᠪᠠᠭ᠋ᠠᠵᠢ ᠬᠡᠷᠡᠭᠰᠡᠯ ᠵᠢᠭᠡᠯᠡᠨ ᠬᠡᠷᠡᠭᠯᠡᠵᠦ ᠬᠠᠳᠠᠭ᠋ᠠᠯᠠᠭᠤᠯᠬᠤ᠂ ᠠᠵᠢᠯ ᠬᠦᠯᠢᠶᠡᠵᠦ ᠠᠮᠠᠷᠠᠬᠤ ᠭᠠᠵᠠᠷ ᠵᠢᠴᠢ ᠬᠢᠮᠳᠠ ᠦᠨ᠎ᠡ ᠵᠢᠨ ᠬᠠᠮ ᠳᠡᠯᠭᠡᠭᠦᠷ᠂ ᠬᠣᠨᠣᠭᠯᠠᠵᠤ ᠬᠣᠭᠣᠯᠠ ᠢᠳᠡᠬᠦ ᠪᠠ ᠲᠡᠷᠭᠡ ᠬᠥᠰᠬᠡ᠎ᠪᠠᠷ ᠲᠤᠰᠴᠤ ᠬᠦᠷᠭᠡᠬᠦ ᠵᠡᠷᠭᠡ ᠦᠢ᠍ᠯᠡᠴᠢᠯᠡᠭᠡ ᠬᠠᠩᠭ᠋ᠠᠵᠤ᠂ ᠠᠮᠢᠳᠤᠯᠢᠭ ᠵᠶ᠋ᠠᠷ ᠠᠵᠢᠯ ᠣᠯᠣᠭᠰᠠᠳ᠎ᠤᠨ ᠠᠵᠢᠯ ᠬᠢᠬᠦ᠎ᠳᠤ ᠲᠥᠬᠥᠮ ᠨᠥᠬᠥᠴᠡᠯ ᠬᠠᠩᠭ᠋ᠠᠬᠤ ᠪᠣᠯᠣᠨ᠎ᠠ》 ᠭᠡᠵᠡᠢ᠃
      ᠨᠠᠢ᠌ᠳᠠᠪᠤᠷᠢᠵᠢᠭᠤᠯᠤᠯᠲᠠ ᠵᠢᠨ ᠡᠷᠴᠢᠮ᠎ᠢ ᠴᠢᠩᠭ᠋ᠠᠷᠠᠭᠤᠯᠤᠨ᠎ᠠ —
      ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ᠎ᠤᠨ ᠪᠦᠬᠦᠯᠢ ᠴᠣᠭᠴᠠ ᠵᠢᠨ ᠦᠢ᠍ᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠪᠡ
      ᠨᠢᠳᠤᠨᠤᠨ᠎ᠤ ᠵᠢᠯ᠎ᠤᠨ ᠡᠴᠦᠰ ᠵᠶ᠋ᠡᠷ᠂ ᠵᠧᠵᠢᠶᠠᠩ ᠮᠤᠵᠢ ᠵᠢᠨ ᠬᠠᠩᠵᠧᠦ ᠬᠣᠲᠠ ᠵᠢᠨ ᠢᠦᠢ ᠬᠠᠩ ᠲᠣᠭᠣᠷᠢᠭ᠎ᠤᠨ ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ᠎ᠤᠨ ᠰᠢᠨ᠎ᠡ ᠨᠢᠭᠡ ᠡᠭᠡᠯᠵᠢ ᠵᠢᠨ ᠰᠢᠨᠡᠳᠬᠡᠨ ᠥᠭᠡᠷᠡᠴᠢᠯᠡᠬᠦ ᠪᠠᠢ᠌ᠭᠤᠯᠤᠯᠲᠠ ᠵᠢ ᠪᠡᠶᠡᠯᠡᠭᠦᠯᠵᠦ᠂ ᠣᠲᠣ ᠨᠢᠭᠡᠨᠲᠡ ᠠᠰᠢᠭᠯᠠᠯᠲᠠ᠎ᠳᠤ ᠣᠷᠣᠭᠤᠯᠪᠠ᠃
      《ᠡᠷᠬᠢᠨ ᠲᠣᠭᠣᠷᠢᠨ᠎ᠤ ᠰᠠᠭᠤᠭ᠋ᠠᠯᠢ ᠠᠷᠠᠳ᠎ᠤᠨ ᠣᠷᠣᠨ ᠰᠠᠭᠤᠴᠠ ᠵᠢᠨ ᠨᠢᠭᠲᠠᠴᠠ ᠥᠨᠳᠥᠷ᠂ ᠵᠠᠬᠢᠶᠠᠯᠠᠭ᠎ᠠ ᠵᠢᠨ ᠬᠣᠭᠣᠯᠠ ᠳᠠᠭᠤᠳᠠᠭᠰᠠᠳ᠎ᠤᠨ ᠲᠣᠭ᠎ᠠ ᠤᠯᠠᠨ ᠵᠡᠷᠭᠡ ᠣᠨᠴᠠᠯᠢᠭ᠎ᠲᠤ ᠵᠣᠬᠢᠴᠠᠭᠤᠯᠵᠤ᠂ ᠥᠭᠡᠷᠡᠴᠢᠯᠡᠨ ᠪᠠᠢ᠌ᠭᠤᠯᠤᠭᠰᠠᠨ᠎ᠤ ᠳᠠᠷᠠᠭ᠋ᠠᠬᠢ ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ᠎ᠲᠤ ᠠᠵᠢᠯᠲᠠᠨ ᠠᠵᠢᠯᠴᠢᠨ ᠡᠯᠰᠡᠬᠦ ᠶᠡᠬᠡ ᠲᠢᠩᠬᠢᠮ᠂ ᠤᠷ᠎ᠠ ᠴᠢᠳᠠᠪᠤᠷᠢ ᠵᠢᠨ ᠪᠣᠯᠪᠠᠰᠤᠷᠠᠯ᠎ᠤᠨ ᠲᠣᠭᠣᠷᠢᠭ᠂ ᠡᠯᠧᠺᠲᠷᠣᠨ ᠬᠤᠳᠠᠯᠳᠤᠭ᠋ᠠᠨ᠎ᠤ ᠰᠢᠭᠤᠳ ᠨᠡᠪᠲᠡᠷᠡᠭᠦᠯᠭᠡ ᠵᠢᠨ ᠲᠣᠭᠣᠷᠢᠭ᠂ ᠵᠠᠬᠢᠶᠠᠯᠠᠭ᠎ᠠ ᠵᠢᠨ ᠬᠣᠭᠣᠯᠠ ᠬᠦᠷᠭᠡᠭᠰᠡᠳ᠎ᠤᠨ ᠠᠮᠠᠷᠠᠬᠤ ᠲᠣᠭᠣᠷᠢᠭ ᠵᠡᠷᠭᠡ ᠴᠢᠳᠠᠮᠵᠢᠲᠤ ᠲᠣᠭᠣᠷᠢᠭ᠎ᠢ ᠪᠠᠢ᠌ᠭᠤᠯᠪᠠ᠃ ᠡᠳᠦᠷ ᠲᠤᠲᠤᠮ᠎ᠳᠠᠭᠠᠨ 10 ᠨᠡᠷᠡᠰ ᠠᠵᠢᠯᠲᠠᠨ᠎ᠢ ᠲᠣᠬᠢᠷᠠᠭᠤᠯᠵᠤ᠂ ᠠᠵᠢᠯᠴᠢᠨ ᠡᠯᠰᠡᠬᠦ᠂ ᠪᠣᠯᠪᠠᠰᠤᠷᠠᠭᠤᠯᠬᠤ᠂ ᠠᠵᠢᠯ ᠣᠯᠭᠣᠬᠤ ᠲᠤᠰᠠᠯᠠᠮᠵᠢ ᠦᠵᠡᠭᠦᠯᠬᠦ᠂ ᠦᠢ᠍ᠯᠡᠰ ᠪᠣᠰᠬᠠᠬᠤ ᠵᠢᠯᠣᠭᠣᠳᠤᠯᠭ᠎ᠠ ᠬᠠᠩᠭ᠋ᠠᠬᠤ᠂ ᠬᠥᠳᠡᠯᠮᠦᠷᠢ ᠵᠢᠨ ᠡᠷᠬᠡ ᠠᠰᠢᠭ᠎ᠢ ᠪᠠᠲᠤᠯᠠᠬᠤ ᠵᠡᠷᠭᠡ 〈ᠨᠢᠭᠡ ᠦᠷᠲᠡᠭᠡᠴᠢᠯᠡᠭᠰᠡᠨ ᠮᠠᠶᠢᠭ᠎ᠤᠨ ᠦᠢ᠍ᠯᠡᠴᠢᠯᠡᠭᠡ〉 ᠬᠠᠩᠭ᠋ᠠᠵᠤ᠂ ᠥᠷᠭᠡᠨ ᠤᠯᠠᠨ ᠰᠠᠭᠤᠭ᠋ᠠᠯᠢ ᠠᠷᠠᠳ᠎ᠤᠨ ᠠᠲᠠ ᠢᠷᠠᠵᠤ ᠠᠵᠢᠯ ᠡᠷᠢᠬᠦ᠎ᠳᠤ ᠲᠥᠬᠥᠮ ᠦᠵᠡᠭᠦᠯᠦᠭᠰᠡᠨ ᠪᠥᠭᠡᠳ ᠠᠮᠢᠳᠤᠯᠢᠭ ᠵᠶ᠋ᠠᠷ ᠠᠵᠢᠯ ᠣᠯᠣᠭᠰᠠᠳ᠎ᠤᠨ ᠦᠳᠡ᠎ᠳᠤ ᠠᠮᠠᠷᠠᠬᠤ᠎ᠳᠤ ᠴᠤ᠌ ᠲᠥᠬᠥᠮ ᠦᠵᠡᠭᠦᠯᠪᠡ》 ᠭᠡᠵᠦ ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ᠎ᠤᠨ ᠬᠠᠷᠢᠭᠤᠴᠠᠯᠭ᠋ᠠᠲᠠᠨ ᠱᠧᠨ ᠮᠢᠩ ᠳ᠋ᠦᠩ ᠬᠡᠯᠡᠪᠡ᠃
      ᠢᠦᠢ ᠬᠠᠩ ᠲᠣᠭᠣᠷᠢᠭ ᠢᠵᠢ ᠪᠦᠷᠢᠳᠦᠭᠰᠡᠨ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠪᠠᠷᠢᠮᠵᠢᠶ᠎ᠠ ᠵᠢ ᠲᠣᠭᠲᠠᠭ᠋ᠠᠵᠤ᠂ ᠪᠥᠬᠥ ᠲᠣᠭᠣᠷᠢᠭ᠎ᠤᠨ ᠡᠯ᠎ᠡ ᠪᠠᠯᠭ᠋ᠠᠰᠤ ᠵᠡᠭᠡᠯᠢ ᠭᠤᠳᠤᠮᠵᠢ ᠵᠢ ᠪᠦᠷᠬᠦᠭᠦᠯᠦᠨ ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ ᠪᠠᠢ᠌ᠭᠤᠯᠬᠤ ᠵᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠦᠢ᠍ᠯᠡᠴᠢᠯᠡᠭᠡᠨ᠎ᠤ ᠴᠢᠳᠠᠮᠵᠢ᠂ ᠢᠵᠢ ᠪᠦᠷᠢᠳᠦᠭᠦᠯᠦᠭᠰᠡᠨ ᠲᠣᠨᠣᠭ ᠲᠥᠬᠦᠭᠡᠷᠦᠮᠵᠢ ᠵᠡᠷᠭᠡ ᠴᠢᠬᠤᠯᠠ ᠪᠦᠬᠦᠢ ᠠᠭᠤᠯᠭ᠎ᠠ ᠵᠢ ᠲᠣᠳᠣᠷᠬᠠᠢ᠌ᠯᠠᠵᠤ᠂ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢᠨ ᠲᠤᠰᠬᠠᠢ ᠪᠠᠢ᠌ᠭᠤᠯᠤᠮᠵᠢ ᠵᠢ ᠵᠡᠷᠭᠡ᠎ᠪᠠᠷ ᠣᠷᠣᠭᠤᠯᠤᠨ ᠠᠪᠴᠢᠷᠠᠵᠤ᠂ ᠦᠢ᠍ᠯᠡᠴᠢᠯᠡᠭᠡᠨ᠎ᠤ ᠶᠠᠰᠤ ᠴᠢᠨᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃
      《ᠡᠨᠡ ᠵᠢᠯ ᠪᠢᠳᠡ ᠰᠦᠯᠵᠢᠶᠡᠨ ᠳᠡᠭᠡᠷᠡᠬᠢ ᠲᠠᠪᠴᠠᠩ᠎ᠤᠨ ᠲᠣᠭ᠋ᠠᠴᠢᠯᠠᠭᠰᠠᠨ ᠣᠶᠤᠨᠴᠢᠯᠠᠯᠲᠠ ᠵᠢᠨ ᠵᠠᠰᠠᠯᠲᠠ ᠵᠢᠨ ᠬᠢᠷᠢ ᠲᠦᠪᠰᠢᠨ᠎ᠢ ᠲᠡᠭᠡᠭᠰᠢᠯᠡᠬᠦᠯᠵᠦ᠂ ᠨᠠᠷᠢᠯᠢᠭ ᠣᠨᠣᠴᠠᠲᠠᠢ᠎ᠪᠠᠷ ᠲᠠᠨᠢᠯᠴᠠᠭᠤᠯᠬᠤ ᠦᠢ᠍ᠯᠡᠴᠢᠯᠡᠭᠡᠨ᠎ᠤ ᠲᠣᠭᠲᠠᠴᠠ ᠵᠢ ᠪᠠᠢ᠌ᠭᠤᠯᠤᠨ᠂ 〈ᠲᠡᠷᠡ ᠳᠣᠣᠷ᠎ᠠ᠎ᠨᠢ ᠠᠵᠢᠯᠴᠢᠨ ᠡᠯᠰᠡᠬᠦ〉 ᠦᠢ᠍ᠯᠡᠴᠢᠯᠡᠭᠡᠨ᠎ᠤ ᠵᠠᠭᠪᠤᠷ᠎ᠢ ᠳᠡᠯᠭᠡᠷᠡᠭᠦᠯᠦᠨ᠂ ᠠᠵᠢᠯ ᠣᠯᠬᠤ᠎ᠳᠤ ᠬᠦᠴᠢᠷᠲᠡᠢ ᠬᠥᠮᠥᠰ᠎ᠲᠤ ᠵᠣᠯᠭ᠋ᠠᠭᠤᠯᠤᠨ ᠵᠥᠪᠳᠡᠯᠴᠡᠬᠦ᠂ ᠤᠷᠢᠳ ᠵᠶ᠋ᠠᠷ ᠡᠯᠰᠡᠨ ᠬᠡᠷᠡᠭᠯᠡᠬᠦ ᠵᠢ ᠤᠷᠢᠳ ᠵᠶ᠋ᠠᠷ ᠲᠣᠬᠢᠷᠠᠭᠤᠯᠤᠨ᠎ᠠ》 ᠭᠡᠵᠦ ᠢᠦᠢ ᠬᠠᠩ ᠲᠣᠭᠣᠷᠢᠭ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ ᠵᠢᠨ ᠬᠠᠷᠢᠭᠤᠴᠠᠯᠭ᠋ᠠᠲᠠᠨ ᠦ᠋ ᠸᠸᠨ ᠰᠢᠩ ᠲᠠᠨᠢᠯᠴᠠᠭᠤᠯᠪᠠ᠃
      ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠢᠯᠡᠷᠬᠡᠢ᠌ᠯᠡᠬᠦ᠎ᠳᠡᠭᠡᠨ᠂ ᠲᠠᠷᠠᠭ᠋ᠠᠴᠢ ᠵᠢᠨ ᠠᠯᠬᠤᠮ᠎ᠳᠤ ᠣᠷᠣᠨ ᠨᠤᠲᠤᠭ᠎ᠤᠨ ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ᠎ᠢ ᠵᠢᠷᠤᠮᠵᠢᠭᠤᠯᠬᠤ ᠪᠠᠢ᠌ᠭᠤᠯᠤᠯᠲᠠ ᠵᠢ ᠴᠢᠩᠭ᠋ᠠᠳᠬᠠᠭᠰᠠᠨ ᠨᠡᠢ᠌ᠲᠡᠯᠢᠭ ᠲᠤᠷᠰᠢᠯᠭ᠎ᠠ ᠵᠢ ᠴᠠᠭ ᠲᠤᠬᠠᠢ᠎ᠳᠤᠨᠢ ᠳ᠋ᠦᠩᠨᠡᠵᠦ᠂ ᠨᠢᠭᠡ ᠪᠦᠯᠦᠭ ᠵᠢᠷᠤᠮᠵᠢᠭᠰᠠᠨ ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ᠎ᠤᠨ ᠬᠡᠪ ᠳᠠᠭᠤᠷᠢᠶᠠᠯ᠎ᠢ ᠪᠤᠢ ᠪᠣᠯᠭ᠋ᠠᠨ᠎ᠠ᠃ ᠡᠭᠦᠨ᠎ᠤ ᠬᠠᠮᠲᠤ ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ᠎ᠲᠤ ᠲᠦᠰᠢᠭᠯᠡᠨ ᠦᠢ᠍ᠯᠡᠴᠢᠯᠡᠭᠡᠨ᠎ᠤ ᠴᠢᠳᠠᠮᠵᠢ ᠵᠢ ᠴᠢᠩᠭ᠋ᠠᠷᠠᠭᠤᠯᠵᠤ᠂ ᠠᠵᠢᠯ ᠣᠯᠭᠣᠬᠤ ᠦᠢ᠍ᠯᠡᠴᠢᠯᠡᠭᠡᠨ᠎ᠤ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ᠂ ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ᠎ᠤᠨ ᠦᠢ᠍ᠯᠡᠴᠢᠯᠡᠭᠡᠨ᠎ᠤ ᠪᠠᠷᠢᠮᠵᠢᠶ᠎ᠠ ᠵᠢ ᠠᠯᠬᠤᠮ ᠠᠯᠬᠤᠮ ᠵᠶ᠋ᠠᠷ ᠪᠠᠢ᠌ᠭᠤᠯᠤᠨ᠎ᠠ᠃ ᠰᠦᠯᠵᠢᠶᠡᠨ ᠳᠡᠭᠡᠷᠡᠬᠢ ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠬᠡᠷᠡᠭᠴᠡᠭᠡ ᠵᠢᠨ ᠮᠡᠳᠡᠭᠡ ᠵᠠᠩᠭᠢ ᠵᠢ ᠮᠤᠵᠢ ᠵᠢᠨ ᠱᠠᠲᠤᠨ᠎ᠤ ᠠᠵᠢᠯ ᠣᠯᠭᠣᠯᠲᠠ ᠵᠢᠨ ᠮᠡᠳᠡᠭᠡ ᠵᠠᠩᠭᠢ ᠵᠢᠨ ᠲᠠᠪᠴᠠᠩ᠎ᠳᠤ ᠣᠷᠣᠭᠤᠯᠵᠤ᠂ ᠰᠦᠯᠵᠢᠶᠡᠨ ᠳᠡᠭᠡᠷᠡᠬᠢ ᠬᠠᠩᠭ᠋ᠠᠯᠭ᠎ᠠ ᠬᠡᠷᠡᠭᠴᠡᠭᠡ ᠵᠢ ᠲᠣᠬᠢᠷᠠᠯᠴᠠᠭᠤᠯᠬᠤ ᠲᠠᠪᠴᠠᠩ᠎ᠢ ᠪᠠᠢ᠌ᠭᠤᠯᠵᠤ᠂ ᠪᠦᠬᠦ ᠬᠠᠷᠢᠶ᠎ᠠ ᠣᠷᠣᠨ᠎ᠤ ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ᠎ᠤᠨ ᠮᠡᠳᠡᠭᠡ ᠵᠠᠩᠭᠢ ᠵᠢᠨ ᠬᠣᠯᠪᠣᠯᠳᠤᠯ᠎ᠢ ᠪᠡᠶᠡᠯᠡᠭᠦᠯᠵᠦ᠂ ᠠᠵᠢᠯ᠎ᠤᠨ ᠪᠠᠶ᠋ᠢᠷᠢ᠎ᠳᠤ ᠬᠥᠮᠥᠨ ᠡᠯᠰᠡᠬᠦ ᠮᠡᠳᠡᠭᠡ ᠵᠠᠩᠭᠢ ᠵᠢ ᠲᠥᠪᠯᠡᠷᠡᠭᠦᠯᠦᠨ ᠨᠡᠢ᠌ᠲᠡᠯᠡᠵᠦ᠂ ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ᠎ᠢ ᠨᠡᠩ ᠤᠯᠠᠨ ᠬᠥᠮᠥᠰ᠎ᠲᠤ ᠪᠦᠷᠬᠦᠭᠦᠯᠵᠦ᠂ ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ᠎ᠤᠨ ᠪᠦᠬᠦᠯᠢ ᠴᠣᠭᠴᠠ ᠵᠢᠨ ᠦᠢ᠍ᠯᠡᠴᠢᠯᠡᠭᠡᠨ᠎ᠤ ᠲᠦᠪᠰᠢᠨ᠎ᠢ ᠳᠡᠭᠡᠭᠰᠢᠯᠡᠭᠦᠯᠬᠦ ᠵᠢ ᠠᠬᠢᠭᠤᠯᠤᠨ᠎ᠠ᠃ (ᠴᠢᠦ ᠴᠤᠤ ᠢ᠂ ᠱᠧᠨ ᡁᠢ ᠯᠢᠨ᠂ ᠯᠢᠦ ᠰᠢᠨ ᠡᠦ᠂ ᠳ᠋ᠧᠦ ᠬᠤᠤ)

ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            