ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠰᠤᠷᠪᠤᠯᠵᠢᠯᠠᠭ᠎ᠠ ᠶᠠᠷᠢᠯᠴᠠᠯᠭ᠎ᠠ
ᠠᠵᠢᠯ ᠣᠯᠭᠣᠯᠲᠠ ᠵᠢᠨ ᠪᠠᠶ᠋ᠢᠳᠠᠯ ᠶᠡᠷᠦᠩᠬᠡᠢ᠎ᠳᠡᠭᠡᠨ ᠲᠣᠭᠲᠠᠭᠤᠨ ᠪᠠᠶ᠋ᠢᠬᠤ ᠵᠢ ᠪᠠᠲᠤᠯᠠᠪᠠ — ᠳᠤᠮᠳᠠᠳᠤ ᠤᠯᠤᠰ᠎ᠤᠨ ᠠᠵᠤ ᠠᠬᠤᠢ ᠵᠢᠨ ᠨᠢᠭᠡᠳᠦᠭᠡᠷ ᠤᠯᠠᠷᠢᠯ᠎ᠤᠨ ᠬᠢᠯᠠᠰ ᠴᠡᠭ ᠳᠥᠷᠪᠡ
ᠨᠡᠶ᠋ᠢᠲᠡᠯᠡᠭᠰᠡᠨ ᠴᠠᠭ᠄ 2024-05-29

      ᠤᠯᠤᠰ ᠠᠷᠠᠳ᠎ᠤᠨ ᠠᠵᠤ ᠠᠬᠤᠢ ᠵᠢᠨ ᠦᠷᠭᠦᠯᠵᠢᠯᠡᠨ ᠳᠡᠭᠡᠭᠰᠢᠯᠡᠵᠦ ᠰᠠᠢ᠌ᠵᠢᠷᠠᠬᠤ ᠵᠢᠴᠢ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢᠨ ᠦᠷ᠎ᠡ ᠪᠦᠲᠦᠮᠵᠢ ᠦᠷᠭᠦᠯᠵᠢᠯᠡᠨ ᠢᠯᠡᠷᠬᠡᠢ ᠪᠣᠯᠬᠤ ᠵᠢ ᠳᠠᠭ᠋ᠠᠯᠳᠤᠨ᠂ ᠡᠨᠡ ᠵᠢᠯ ᠮᠠᠨ᠎ᠤ ᠤᠯᠤᠰ᠎ᠤᠨ ᠠᠵᠢᠯ ᠣᠯᠭᠣᠯᠲᠠ ᠵᠢᠨ ᠪᠠᠶ᠋ᠢᠳᠠᠯ ᠶᠡᠷᠦᠩᠬᠡᠢ᠎ᠳᠡᠭᠡᠨ ᠲᠣᠭᠲᠠᠭᠤᠨ ᠪᠠᠢ᠌ᠨ᠎ᠠ᠃ ᠨᠢᠭᠡᠳᠦᠭᠡᠷ ᠤᠯᠠᠷᠢᠯ᠎ᠳᠤ᠂ ᠪᠥᠬᠥ ᠤᠯᠤᠰ᠎ᠤᠨ ᠬᠣᠲᠠ ᠪᠠᠯᠭ᠋ᠠᠰᠤᠨ᠎ᠤ ᠪᠠᠢ᠌ᠴᠠᠭ᠋ᠠᠯᠲᠠ᠎ᠳᠤ ᠢᠯᠡᠷᠡᠭᠦᠯᠦᠭᠰᠡᠨ ᠠᠵᠢᠯ ᠠᠯᠳᠠᠭᠰᠠᠨ ᠨᠣᠷᠮ᠎ᠠ ᠵᠢᠨ ᠲᠡᠭᠰᠢᠳᠬᠡᠭᠰᠡᠨ ᠬᠡᠮᠵᠢᠶ᠎ᠡ 5.2% ᠪᠠᠢ᠌ᠵᠤ᠂ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ ᠵᠠᠭᠤᠨ᠎ᠤ ᠬᠠᠷᠢᠴᠠᠯ ᠵᠶ᠋ᠠᠷ 0.3 ᠬᠤᠪᠢ ᠪᠠᠭᠤᠷᠠᠪᠠ᠃
      ᠠᠵᠤ ᠠᠬᠤᠢ ᠵᠢᠨ ᠬᠥᠭᠵᠢᠯᠲᠡ᠎ᠨᠢ ᠠᠵᠢᠯ ᠣᠯᠭᠣᠯᠲᠠ ᠵᠢ ᠲᠤᠯᠭ᠋ᠠᠭᠤᠷᠢᠯᠠᠪᠠ
      ᠨᠢᠭᠡᠳᠦᠭᠡᠷ ᠤᠯᠠᠷᠢᠯ᠎ᠳᠤ᠂ ᠡᠯ᠎ᠡ ᠭᠠᠵᠠᠷ᠎ᠤᠨ ᠠᠵᠤ ᠠᠬᠤᠢ ᠵᠢᠨ ᠬᠥᠭᠵᠢᠯᠲᠡ᠎ᠳᠤ 《ᠰᠠᠶ᠋ᠢᠨ ᠡᠬᠢᠯᠡᠯᠲᠡ ᠵᠢ ᠪᠡᠶᠡᠯᠡᠭᠦᠯᠦᠭᠰᠡᠨ》 ᠪᠠᠶ᠋ᠢᠳᠠᠯ ᠢᠯᠡᠷᠡᠵᠦ᠂ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ᠎ᠳᠤ ᠬᠦᠴᠦᠷᠬᠡᠭ ᠶᠡᠬᠡ ᠬᠥᠳᠡᠯᠭᠡᠬᠦ ᠬᠦᠴᠦᠨ ᠬᠠᠩᠭ᠋ᠠᠭᠰᠠᠨ ᠪᠠᠢ᠌ᠨ᠎ᠠ᠃ ᠠᠵᠢᠯ ᠣᠯᠭᠣᠯᠲᠠ ᠵᠢᠨ ᠵᠠᠬ᠎ᠠ ᠳᠡᠯᠭᠡᠭᠦᠷ ᠰᠠᠢ᠍ᠢ᠍ᠨ ᠡᠬᠢᠯᠡᠯᠲᠡ᠎ᠲᠠᠢ ᠪᠣᠯᠵᠤ᠂ ᠠᠵᠤ ᠠᠬᠤᠢ᠌ᠯᠠᠯ ᠠᠵᠢᠯ ᠵᠶ᠋ᠡᠨ ᠡᠬᠢᠯᠡᠭᠦᠯᠦᠨ ᠦᠢ᠍ᠯᠡᠳᠪᠦᠷᠢᠯᠡᠯ ᠵᠶ᠋ᠡᠨ ᠰᠡᠷᠭᠦᠭᠡᠬᠦ᠂ ᠬᠥᠯᠥᠰᠦᠨ ᠲᠠᠷᠢᠶᠠᠴᠢᠨ᠎ᠤ ᠠᠵᠢᠯ᠎ᠤᠨ ᠪᠠᠶ᠋ᠢᠷᠢ᠎ᠳᠠᠭᠠᠨ ᠪᠤᠴᠠᠬᠤ ᠠᠵᠢᠯ ᠰᠢᠯᠵᠢᠬᠦ ᠵᠢ ᠲᠣᠭᠲᠠᠭᠤᠨ ᠪᠥᠭᠡᠳ ᠡᠮᠬᠢ ᠵᠢᠷᠤᠮ᠎ᠲᠠᠢ ᠪᠡᠶᠡᠯᠡᠭᠦᠯᠵᠦ᠂ ᠠᠵᠢᠯ ᠡᠷᠢᠬᠦ ᠪᠠ ᠠᠵᠢᠯᠲᠠᠨ ᠠᠵᠢᠯᠴᠢᠨ ᠡᠯᠰᠡᠬᠦ ᠠᠵᠢᠯ ᠬᠥᠭᠵᠢᠶᠡᠨ᠎ᠲᠠᠢ ᠪᠣᠯᠵᠤ ᠪᠠᠢ᠌ᠨ᠎ᠠ᠃
      ᠵᠧᠵᠢᠶᠠᠩ ᠶᠡᠬᠡ ᠰᠤᠷᠭ᠋ᠠᠭᠤᠯᠢ ᠵᠢᠨ ᠤᠯᠤᠰ᠎ᠤᠨ ᠪᠠᠢ᠌ᠭᠤᠯᠤᠯ᠎ᠤᠨ ᠰᠤᠳᠤᠯᠭ᠋ᠠᠨ᠎ᠤ ᠬᠦᠷᠢᠶᠡᠯᠡᠩ᠎ᠤᠨ ᠳᠡᠳ᠋ ᠳᠠᠷᠤᠭ᠎ᠠ ᠵᠢᠨ ᠸᠧᠢ ᠭᠠᠩ᠎ᠤᠨ ᠦᠵᠡᠬᠦ᠎ᠪᠠᠷ᠂ ᠠᠵᠢᠯ ᠣᠯᠭᠣᠯᠲᠠ ᠵᠢᠨ ᠵᠠᠬ᠎ᠠ ᠳᠡᠯᠭᠡᠭᠦᠷ᠎ᠤᠨ ᠬᠤᠪᠢᠷᠠᠯᠲᠠ᠎ᠨᠢ ᠣᠳᠣᠬᠠᠨ᠎ᠤ ᠮᠠᠨ᠎ᠤ ᠤᠯᠤᠰ᠎ᠤᠨ ᠠᠵᠤ ᠠᠬᠤᠢ ᠵᠢᠨ ᠰᠡᠷᠭᠦᠨ ᠰᠠᠢ᠌ᠵᠢᠷᠠᠬᠤ ᠬᠠᠨᠳᠤᠰᠢ ᠵᠢ ᠬᠠᠵᠠᠭᠤ ᠲᠠᠯ᠎ᠠ᠎ᠠᠴᠠ ᠲᠤᠰᠬᠠᠵᠤ᠂ ᠦᠢ᠍ᠯᠡᠴᠢᠯᠡᠭᠡᠨ᠎ᠤ ᠬᠡᠷᠡᠭᠯᠡᠭᠡᠨ᠎ᠤ ᠳᠠᠯᠳᠠ ᠬᠦᠴᠦᠨ ᠲᠦᠷᠭᠡᠨ ᠵᠶ᠋ᠡᠷ ᠪᠠᠳᠠᠷᠠᠵᠤ᠂ ᠤᠯᠠᠮᠵᠢᠯᠠᠯᠲᠤ ᠠᠵᠤ ᠦᠢ᠍ᠯᠡᠰ ᠬᠡᠯᠪᠡᠷᠢ᠎ᠪᠠᠨ ᠬᠤᠪᠢᠷᠠᠭᠤᠯᠤᠨ ᠲᠠᠰ ᠳᠠᠪᠰᠢᠵᠤ᠂ ᠰᠢᠨ᠎ᠡ ᠴᠢᠨᠠᠷ ᠪᠦᠬᠦᠢ ᠦᠢ᠍ᠯᠡᠳᠪᠦᠷᠢᠯᠡᠯ᠎ᠤᠨ ᠬᠦᠴᠦᠨ᠎ᠨᠢ ᠠᠵᠤ ᠠᠬᠤᠢ ᠵᠢᠨ ᠬᠥᠭᠵᠢᠯᠲᠡ ᠵᠢᠨ ᠰᠢᠨ᠎ᠡ ᠠᠵᠠ ᠲᠣᠬᠢᠶᠠᠯ ᠪᠣᠯᠤᠭᠰᠠᠨ ᠪᠠᠢ᠌ᠨ᠎ᠠ᠃
      ᠠᠵᠢᠯ ᠣᠯᠭᠣᠯᠲᠠ ᠪᠣᠯ ᠠᠵᠤ ᠠᠬᠤᠢ ᠵᠢᠨ 《ᠬᠤᠪᠢᠷᠠᠯᠲᠠ ᠵᠢᠨ ᠰᠢᠯᠭ᠋ᠠᠭᠤᠷ》 ᠮᠥᠨ᠃ ᠲᠦᠷᠦᠭᠦᠦ ᠬᠣᠶᠠᠷ ᠰᠠᠷ᠎ᠠ᠎ᠳᠤ᠂ ᠭᠤᠸᠠᠩᠳᠦ᠋ᠩ ᠮᠤᠵᠢ ᠵᠢᠨ ᠭᠠᠳᠠᠭ᠋ᠠᠳᠤ᠎ᠠᠴᠠ ᠣᠷᠣᠭᠤᠯᠵᠤ ᠭᠠᠷᠭ᠋ᠠᠭᠰᠠᠨ ᠶᠡᠷᠦᠩᠬᠡᠢ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 24.9%᠎ᠪᠠᠷ ᠨᠡᠮᠡᠭᠳᠡᠵᠦ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠤᠨ ᠡᠵᠡᠩᠨᠡᠯᠲᠡ ᠵᠢᠨ ᠣᠷᠣᠯᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 11.3%᠎ᠪᠠᠷ ᠨᠡᠮᠡᠭᠳᠡᠪᠡ᠃ ᠡᠭᠦᠨ᠎ᠲᠠᠢ ᠬᠠᠷᠢᠴᠠᠭᠤᠯᠵᠤ ᠦᠵᠡᠪᠡᠯ᠂ ᠨᠢᠭᠡᠳᠦᠭᠡᠷ ᠤᠯᠠᠷᠢᠯ᠎ᠳᠤ ᠭᠤᠸᠠᠩᠳᠦ᠋ᠩ᠎ᠤᠨ ᠬᠣᠲᠠ ᠪᠠᠯᠭ᠋ᠠᠰᠤᠨ᠎ᠤ ᠰᠢᠨ᠎ᠡ᠎ᠪᠠᠷ ᠠᠵᠢᠯ ᠣᠯᠣᠭᠰᠠᠨ ᠬᠥᠮᠥᠨ 31.9 ᠲᠦᠮᠡ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 7.9%᠎ᠪᠠᠷ ᠳᠡᠭᠡᠭᠰᠢᠯᠡᠵᠡᠢ; ᠱᠠᠨᠳᠦ᠋ᠩ ᠮᠤᠵᠢ ᠵᠢᠨ ᠨᠢᠭᠡᠳᠦᠭᠡᠷ ᠤᠯᠠᠷᠢᠯ᠎ᠤᠨ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 6%᠎ᠪᠠᠷ ᠨᠡᠮᠡᠭᠳᠡᠵᠦ᠂ ᠠᠵᠢᠯ ᠣᠯᠭᠣᠯᠲᠠ ᠵᠢᠨ ᠵᠠᠬ᠎ᠠ ᠳᠡᠯᠭᠡᠭᠦᠷ᠎ᠤᠨ ᠲᠣᠭᠲᠠᠭᠤᠨ ᠵᠶ᠋ᠠᠷ ᠡᠷᠭᠢᠯᠳᠦᠬᠦ ᠵᠢ ᠬᠦᠴᠦᠲᠡᠢ ᠲᠤᠯᠭ᠋ᠠᠭᠤᠷᠢᠯᠠᠭᠰᠠᠨ ᠪᠠᠢ᠌ᠨ᠎ᠠ᠃ ᠨᠢᠭᠡᠳᠦᠭᠡᠷ ᠤᠯᠠᠷᠢᠯ᠎ᠳᠤ᠂ ᠱᠠᠨᠳᠦ᠋ᠩ ᠮᠤᠵᠢ ᠬᠣᠲᠠ ᠪᠠᠯᠭ᠋ᠠᠰᠤᠨ᠎ᠤ 27.6 ᠲᠦᠮᠡᠨ ᠬᠥᠮᠥᠨ᠎ᠳᠤ ᠰᠢᠨ᠎ᠡ᠎ᠪᠠᠷ ᠠᠵᠢᠯ ᠣᠯᠭᠣᠵᠤ᠂ ᠰᠠᠭᠤᠭ᠋ᠠᠯᠢ ᠠᠷᠠᠳ᠎ᠤᠨ ᠬᠥᠮᠥᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 11591 ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ ᠨᠡᠷ᠎ᠡ ᠳᠡᠭᠡᠷ᠎ᠡ᠎ᠪᠠᠨ 5.9%᠎ᠪᠠᠷ ᠨᠡᠮᠡᠭᠳᠡᠵᠡᠢ᠃
      ᠬᠣᠯᠪᠣᠭᠳᠠᠯ ᠪᠦᠬᠦᠢ ᠪᠠᠢ᠌ᠭᠤᠯᠤᠮᠵᠢ ᠵᠢᠨ ᠪᠦᠷᠢᠳᠬᠡᠯ᠎ᠠᠴᠠ ᠦᠵᠡᠪᠡᠯ᠂ ᠨᠢᠭᠡᠳᠦᠭᠡᠷ ᠤᠯᠠᠷᠢᠯ᠎ᠳᠤ ᠬᠣᠲᠠ ᠵᠢᠨ ᠠᠵᠢᠯ ᠣᠯᠭᠣᠯᠲᠠ ᠵᠢᠨ ᠵᠠᠬ᠎ᠠ ᠳᠡᠯᠭᠡᠭᠦᠷ᠎ᠲᠤ 4 ᠵᠦᠢ᠍ᠯ᠎ᠤᠨ ᠢᠯᠡ ᠲᠣᠳᠣ ᠣᠨᠴᠠᠯᠢᠭ ᠢᠯᠡᠷᠡᠭᠰᠡᠨ ᠪᠠᠢ᠌ᠨ᠎ᠠ᠄ ᠨᠢᠭᠡ᠎ᠳᠤ᠂ ᠬᠥᠮᠥᠨ ᠬᠡᠷᠡᠭᠯᠡᠬᠦ ᠨᠢᠭᠡᠴᠢ ᠵᠢᠨ ᠠᠵᠢᠯᠲᠠᠨ ᠠᠵᠢᠯᠴᠢᠨ ᠡᠯᠰᠡᠬᠦ ᠠᠵᠢᠯ᠎ᠤᠨ ᠪᠠᠶ᠋ᠢᠷᠢ ᠵᠢᠨ ᠲᠣᠭ᠎ᠠ ᠪᠣᠯᠣᠨ ᠠᠵᠢᠯᠲᠠᠨ ᠠᠵᠢᠯᠴᠢᠨ ᠡᠯᠰᠡᠬᠦ ᠬᠥᠮᠥᠨ᠎ᠤ ᠲᠣᠭ᠎ᠠ ᠴᠥᠮ ᠨᠡᠮᠡᠭᠳᠡᠬᠦ ᠬᠠᠨᠳᠤᠰᠢ᠎ᠲᠠᠢ ᠪᠠᠢ᠌ᠨ᠎ᠠ; ᠬᠣᠶᠠᠷ᠎ᠲᠤ᠂ ᠡᠯ᠎ᠡ ᠭᠠᠵᠠᠷ ᠣᠷᠣᠨ᠎ᠤ ᠠᠵᠢᠯᠲᠠᠨ ᠠᠵᠢᠯᠴᠢᠨ ᠡᠯᠰᠡᠬᠦ ᠬᠡᠪᠴᠢᠶ᠎ᠡ ᠦᠷᠭᠦᠯᠵᠢᠯᠡᠨ ᠨᠡᠮᠡᠭᠳᠡᠪᠡ; ᠭᠤᠷᠪᠠ᠎ᠳᠤ᠂ ᠵᠡᠭᠦᠨ ᠬᠡᠰᠡᠭ᠎ᠤᠨ ᠭᠠᠵᠠᠷ ᠣᠷᠣᠨ᠎ᠤ ᠠᠵᠢᠯᠲᠠᠨ ᠠᠵᠢᠯᠴᠢᠨ ᠡᠯᠰᠡᠬᠦ ᠠᠵᠢᠯ᠎ᠤᠨ ᠪᠠᠶ᠋ᠢᠷᠢ ᠪᠠ ᠠᠵᠢᠯᠲᠠᠨ ᠠᠵᠢᠯᠴᠢᠨ ᠡᠯᠰᠡᠬᠦ ᠬᠥᠮᠥᠨ᠎ᠤ ᠲᠣᠭ᠎ᠠ ᠪᠥᠬᠥ ᠤᠯᠤᠰ᠎ᠤᠨ ᠠᠷᠪᠠᠨ᠎ᠤ ᠵᠢᠷᠭᠤᠭ᠋ᠠᠨ ᠬᠤᠪᠢ ᠣᠷᠴᠢᠮ᠎ᠢ ᠡᠵᠡᠯᠡᠵᠦ᠂ ᠵᠡᠭᠦᠨ ᠬᠣᠢ᠌ᠲᠤ ᠣᠷᠣᠨ᠎ᠤ ᠠᠵᠢᠯᠲᠠᠨ ᠠᠵᠢᠯᠴᠢᠨ ᠡᠯᠰᠡᠬᠦ ᠬᠡᠷᠡᠭᠴᠡᠭᠡ ᠳᠡᠭᠡᠷ᠎ᠡ ᠤᠯᠠᠷᠢᠯ᠎ᠤᠨ᠎ᠬᠢ᠎ᠠᠴᠠ᠎ᠪᠠᠨ ᠨᠡᠮᠡᠭᠳᠡᠬᠦ ᠬᠠᠨᠳᠤᠰᠢ᠎ᠲᠠᠢ ᠪᠣᠯᠪᠠ; ᠳᠥᠷᠪᠡ᠎ᠳᠤ᠂ ᠣᠯᠠᠩᠬᠢ ᠠᠵᠢᠯ ᠲᠥᠷᠥᠯ᠎ᠤᠨ ᠠᠵᠢᠯᠲᠠᠨ ᠠᠵᠢᠯᠴᠢᠨ ᠡᠯᠰᠡᠬᠦ ᠬᠡᠪᠴᠢᠶ᠎ᠡ᠎ᠨᠢ ᠳᠡᠭᠡᠷ᠎ᠡ ᠤᠯᠠᠷᠢᠯ᠎ᠤᠨ᠎ᠬᠢ᠎ᠠᠴᠠ᠎ᠪᠠᠨ ᠨᠡᠮᠡᠭᠳᠡᠵᠦ᠂ ᠡᠭᠦᠨ᠎ᠳᠤ ᠦᠢ᠍ᠯᠡᠳᠬᠦ ᠦᠢ᠍ᠯᠡᠰ᠎ᠤᠨ ᠠᠵᠢᠯᠲᠠᠨ ᠠᠵᠢᠯᠴᠢᠨ ᠬᠡᠷᠡᠭᠰᠡᠬᠦ ᠬᠡᠷᠡᠭᠴᠡᠭᠡ ᠬᠠᠮᠤᠭ᠎ᠤᠨ ᠶᠡᠬᠡ ᠪᠠᠢ᠌ᠨ᠎ᠠ᠃
      ᠲᠣᠭ᠋ᠠᠴᠢᠯᠠᠭᠰᠠᠨ ᠮᠡᠷᠭᠡᠵᠢᠯ᠎ᠤᠨ ᠴᠢᠳᠠᠪᠤᠷᠢᠲᠠᠨ᠎ᠤ ᠬᠡᠷᠡᠭᠴᠡᠭᠡ ᠶᠡᠬᠡ᠎ᠪᠠᠷ ᠨᠡᠮᠡᠭᠳᠡᠪᠡ
      ᠣᠳᠣᠬᠠᠨ᠎ᠳᠤ ᠶᠠᠭ ᠰᠠᠢ᠌ᠬᠠᠨ ᠬᠠᠪᠤᠷ᠎ᠤᠨ ᠤᠯᠠᠷᠢᠯ᠎ᠤᠨ ᠠᠵᠢᠯᠲᠠᠨ ᠠᠵᠢᠯᠴᠢᠨ ᠡᠯᠰᠡᠬᠦ ᠬᠥᠭᠵᠢᠶᠡᠨ᠎ᠲᠠᠢ ᠤᠯᠠᠷᠢᠯ ᠪᠣᠯᠵᠤ ᠪᠠᠢ᠌ᠨ᠎ᠠ᠂ ᠠᠯᠢ ᠠᠯᠢ ᠠᠵᠢᠯ᠎ᠤᠨ ᠪᠠᠶ᠋ᠢᠷᠢ᠎ᠳᠤ ᠬᠥᠮᠥᠨ ᠬᠠᠮᠤᠭ᠎ᠠᠴᠠ ᠳᠤᠲᠠᠭᠳᠠᠵᠤ ᠪᠠᠢ᠍ᠢ᠍ᠬᠤ ᠪᠣᠢ?
      ChatGPT᠎ᠠᠴᠠ ᠠᠪᠤᠭ᠋ᠠᠳ Sora ᠬᠦᠷᠲᠡᠯ᠎ᠡ᠂ AI ᠲᠣᠮᠣ ᠵᠠᠭᠪᠤᠷ᠎ᠤᠨ ᠮᠡᠷᠭᠡᠵᠢᠯ ᠦᠳᠲᠡᠷ ᠲᠦᠷᠭᠡᠨ ᠬᠥᠭᠵᠢᠵᠦ᠂ ᠬᠣᠯᠪᠣᠭᠳᠠᠯ ᠪᠦᠬᠦᠢ ᠮᠡᠷᠭᠡᠵᠢᠯ᠎ᠤᠨ ᠴᠢᠳᠠᠪᠤᠷᠢᠲᠠᠨ᠎ᠤ ᠬᠡᠷᠡᠭᠴᠡᠭᠡ ᠦᠳᠲᠡᠷ ᠲᠦᠷᠭᠡᠨ ᠨᠡᠮᠡᠭᠳᠡᠪᠡ᠃ ᡁᠢ ᠯᠢᠶᠠᠨ ᠠᠵᠢᠯᠲᠠᠨ ᠠᠵᠢᠯᠴᠢᠨ ᠡᠯᠰᠡᠬᠦ ᠲᠠᠪᠴᠠᠩ᠎ᠤᠨ ᠲᠦᠷᠦᠭᠦᠬᠡᠨ ᠨᠡᠢ᠌ᠲᠡᠯᠡᠭᠰᠡᠨ ᠮᠡᠳᠡᠭᠦᠯᠦᠯᠲᠡ᠎ᠳᠤ ᠢᠯᠡᠷᠡᠭᠦᠯᠦᠭᠰᠡᠨ ᠵᠶ᠋ᠡᠷ᠂ ᠪᠠᠶ᠋ᠢᠭ᠋ᠠᠯᠢ ᠬᠡᠯᠡᠨ᠎ᠤ ᠰᠢᠢ᠍ᠳᠪᠦᠷᠢᠯᠡᠯᠲᠡ ᠵᠢᠨ ᠢᠨᠵᠧᠨᠧᠷ᠎ᠤᠨ ᠠᠵᠢᠯ᠎ᠤᠨ ᠪᠠᠶ᠋ᠢᠷᠢ ᠵᠢᠨ ᠠᠵᠢᠯᠲᠠᠨ ᠡᠯᠰᠡᠬᠦ ᠬᠡᠮᠵᠢᠶ᠎ᠡ ᠠᠳᠠᠯᠢ ᠬᠤᠭᠤᠴᠠᠭ᠋ᠠᠨ᠎ᠤ᠎ᠬᠢ᠎ᠠᠴᠠ 126%᠎ᠪᠠᠷ ᠨᠡᠮᠡᠭᠳᠡᠵᠦ᠂ ᠠᠵᠢᠯᠲᠠᠨ ᠡᠯᠰᠡᠬᠦ ᠠᠵᠢᠯ᠎ᠤᠨ ᠰᠠᠷ᠎ᠠ ᠵᠢᠨ ᠲᠡᠭᠰᠢᠳᠬᠡᠭᠰᠡᠨ ᠴᠠᠯᠢᠩ 24535 ᠲᠥᠭᠥᠷᠢᠭ᠎ᠲᠤ ᠬᠦᠷᠴᠦ᠂ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 12% ᠵᠶ᠋ᠠᠷ ᠨᠡᠮᠡᠭᠳᠡᠵᠡᠢ᠃
      ᠲᠣᠭ᠋ᠠᠴᠢᠯᠠᠭᠰᠠᠨ ᠮᠡᠷᠭᠡᠵᠢᠯ᠎ᠤᠨ ᠴᠢᠳᠠᠪᠤᠷᠢᠲᠠᠨ᠎ᠨᠢ ᠨᠢᠭᠡᠨᠲᠡ ᠠᠵᠤ ᠠᠬᠤᠢ᠌ᠯᠠᠯ᠎ᠤᠨ ᠥᠷᠢᠰᠦᠯᠳᠦᠨ ᠪᠤᠯᠢᠶᠠᠯᠳᠤᠬᠤ ᠪᠠᠴᠢᠮ ᠬᠡᠷᠡᠭᠴᠡᠭᠡ᠎ᠲᠠᠢ ᠳᠤᠲᠠᠭᠳᠠᠬᠤ ᠡᠬᠢ ᠪᠠᠶᠠᠯᠢᠭ ᠪᠣᠯᠤᠭᠰᠠᠨ ᠪᠠᠢ᠌ᠨ᠎ᠠ᠃ ᠲᠣᠭ᠎ᠠ ᠪᠠᠷᠢᠮᠲᠠ᠎ᠳᠤ ᠬᠠᠷᠠᠭᠤᠯᠤᠭᠰᠠᠨ ᠵᠶ᠋ᠠᠷ᠂ ᠣᠳᠣᠬᠠᠨ᠎ᠳᠤ ᠮᠠᠨ᠎ᠤ ᠤᠯᠤᠰ᠎ᠤᠨ ᠲᠣᠭ᠋ᠠᠴᠢᠯᠠᠭᠰᠠᠨ ᠮᠡᠷᠭᠡᠵᠢᠯ᠎ᠤᠨ ᠴᠢᠳᠠᠪᠤᠷᠢᠲᠠᠨ᠎ᠤ ᠶᠡᠷᠦᠩᠬᠡᠢ ᠲᠤᠲᠠᠭᠳᠠᠵᠤ ᠪᠠᠢ᠌ᠭ᠎ᠠ ᠬᠥᠮᠥᠨ ᠪᠠᠷᠤᠭ 2500 ᠲᠦᠮᠡ᠎ᠠᠴᠠ 3000 ᠲᠦᠮᠡ᠎ᠳᠤ ᠬᠦᠷᠴᠦ᠂ ᠲᠡᠷᠡᠴᠢᠯᠡᠨ ᠳᠤᠲᠠᠭᠳᠠᠬᠤ ᠬᠡᠮᠵᠢᠶ᠎ᠡ ᠮᠥᠨ ᠦᠷᠭᠦᠯᠵᠢᠯᠡᠨ ᠥᠷᠭᠡᠵᠢᠵᠦ᠂ ᠴᠢᠳᠠᠪᠤᠷᠢᠲᠠᠨ ᠳᠤᠲᠠᠭᠳᠠᠬᠤ ᠪᠠᠶ᠋ᠢᠳᠠᠯ ᠵᠢᠱ᠌ᠢᠯᠲᠡ᠎ᠪᠠᠷ 3᠎ᠠᠴᠠ 5 ᠵᠢᠯ ᠦᠷᠭᠦᠯᠵᠢᠯᠡᠬᠦ ᠪᠣᠯᠣᠨ᠎ᠠ᠃ ᠵᠢᠨ ᠸᠧᠢ ᠭᠠᠩ ᠢᠯᠡᠷᠬᠡᠢ᠌ᠯᠡᠬᠦ᠎ᠳᠡᠭᠡᠨ᠂ ᠵᠣᠬᠢᠶᠠᠮᠠᠯ ᠣᠶᠤᠨ ᠴᠢᠳᠠᠪᠤᠷᠢ᠂ ᠲᠣᠮᠣ ᠳ᠋ᠠᠢ᠌ᠲ᠋ᠠ ᠵᠡᠷᠭᠡ ᠲᠤᠰᠬᠠᠢ ᠮᠡᠷᠭᠡᠵᠢᠯ᠎ᠤᠨ ᠴᠢᠳᠠᠪᠤᠷᠢᠲᠠᠨ ᠶᠡᠬᠡ᠎ᠪᠠᠷ ᠲᠤᠲᠠᠭᠳᠠᠵᠤ᠂ ᠡᠷᠡᠭᠦᠯ ᠮᠠᠨᠳᠤ ᠰᠤᠪᠢᠯᠠᠯᠲᠠ ᠨᠠᠰᠤᠵᠢᠯ᠎ᠤᠨ ᠠᠰᠠᠷᠠᠮᠵᠢ᠂ ᠬᠣᠨᠣᠭ ᠪᠠᠭᠤᠳᠠᠯ ᠢᠳᠡᠭᠡᠨ ᠤᠮᠳᠠᠭ᠋ᠠᠨ᠂ ᠰᠣᠶᠣᠯ ᠵᠢᠭᠤᠯᠴᠢᠯᠠᠯ ᠵᠡᠷᠭᠡ ᠦᠢ᠍ᠯᠡᠴᠢᠯᠡᠭᠡᠨ᠎ᠤ ᠦᠢ᠍ᠯᠡᠰ᠎ᠤᠨ ᠠᠵᠢᠯᠴᠢᠨ ᠬᠡᠷᠡᠭᠯᠡᠬᠦ ᠬᠡᠷᠡᠭᠴᠡᠭᠡ ᠶᠡᠬᠡ᠎ᠪᠠᠷ ᠨᠡᠮᠡᠭᠳᠡᠵᠦ᠂ ᠪᠠᠭ᠎ᠠ ᠵᠢᠵᠢᠭ ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ ᠡᠯᠰᠡᠬᠦ ᠬᠡᠷᠡᠭᠴᠡᠭᠡ ᠢᠯᠡᠳᠲᠡ ᠨᠡᠮᠡᠭᠳᠡᠵᠦ᠂ ᠮᠡᠷᠭᠡᠵᠢᠯ ᠤᠷ᠎ᠠ ᠴᠢᠳᠠᠪᠤᠷᠢ ᠵᠢᠨ ᠠᠵᠢᠯ᠎ᠤᠨ ᠪᠠᠶ᠋ᠢᠷᠢ᠎ᠳᠠᠬᠢ ᠠᠵᠢᠯᠲᠠᠨ ᠠᠵᠢᠯᠴᠢᠨ ᠬᠡᠷᠡᠭᠰᠡᠬᠦ ᠬᠡᠷᠡᠭᠴᠡᠭᠡ ᠲᠦᠷᠭᠡᠨ ᠵᠶ᠋ᠡᠷ ᠳᠡᠭᠡᠭᠰᠢᠯᠡᠪᠡ ᠭᠡᠵᠡᠢ᠃
      ᠡᠭᠦᠨ᠎ᠤ ᠲᠥᠯᠥᠭᠡ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ ᠵᠡᠷᠭᠡ 9 ᠰᠠᠯᠠᠭ᠎ᠠ ᠮᠥᠴᠢᠷ᠎ᠤᠨ ᠨᠡᠢ᠌ᠲᠡᠯᠡᠭᠰᠡᠨ 《ᠲᠣᠭ᠋ᠠᠴᠢᠯᠠᠭᠰᠠᠨ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠬᠦ ᠵᠢ ᠲᠦᠷᠭᠡᠳᠬᠡᠵᠦ ᠲᠣᠭ᠋ᠠᠴᠢᠯᠠᠭᠰᠠᠨ ᠠᠵᠤ ᠠᠬᠤᠢ ᠵᠢᠨ ᠬᠥᠭᠵᠢᠯᠲᠡ ᠵᠢ ᠲᠤᠯᠭ᠋ᠠᠭᠤᠷᠢᠯᠠᠬᠤ ᠠᠵᠢᠯᠯᠠᠭ᠋ᠠᠨ᠎ᠤ ᠲᠥᠰᠥᠯ (2024 — 2026 ᠣᠨ)》᠎ᠳᠤ᠂ ᠲᠣᠭ᠋ᠠᠴᠢᠯᠠᠭᠰᠠᠨ ᠠᠵᠤ ᠦᠢ᠍ᠯᠡᠰᠵᠢᠯᠲᠡ ᠪᠠ ᠠᠵᠤ ᠦᠢ᠍ᠯᠡᠰ᠎ᠤᠨ ᠲᠣᠭ᠋ᠠᠴᠢᠯᠠᠭᠰᠠᠨ ᠬᠥᠭᠵᠢᠯᠲᠡ ᠵᠢᠨ ᠬᠡᠷᠡᠭᠴᠡᠭᠡ᠎ᠲᠠᠢ ᠨᠢᠭᠲᠠ ᠤᠶᠠᠯᠳᠤᠭᠤᠯᠵᠤ᠂ 3 ᠵᠢᠯ ᠣᠷᠴᠢᠮ᠎ᠤᠨ ᠴᠠᠭ ᠬᠤᠭᠤᠴᠠᠭ᠎ᠠ ᠵᠢ ᠬᠡᠷᠡᠭᠰᠡᠵᠦ᠂ ᠲᠣᠭ᠋ᠠᠴᠢᠯᠠᠭᠰᠠᠨ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠬᠦ᠂ ᠣᠷᠣᠭᠤᠯᠬᠤ᠂ ᠦᠯᠡᠳᠡᠭᠡᠬᠦ᠂ ᠬᠡᠷᠡᠭᠯᠡᠬᠦ ᠵᠡᠷᠭᠡ ᠲᠤᠰᠬᠠᠢ ᠠᠵᠢᠯᠯᠠᠭ᠎ᠠ ᠵᠢ ᠯᠠᠪᠳᠠᠭᠤᠨ ᠪᠠᠲᠤᠲᠠᠢ ᠥᠷᠨᠢᠭᠦᠯᠵᠦ᠂ ᠨᠢᠭᠡᠨ ᠰᠠᠯᠠᠭ᠎ᠠ ᠬᠡᠪᠴᠢᠶ᠎ᠡ᠎ᠨᠢ ᠪᠤᠵᠠᠭ᠋ᠠᠢ᠌ᠷᠠᠭᠰᠠᠨ᠂ ᠬᠡᠪ ᠪᠣᠯᠪᠠᠰᠤᠷᠠᠯ ᠵᠶ᠋ᠠᠷ ᠰᠢᠯᠢᠳᠡᠭ᠂ ᠪᠦᠲᠦᠴᠡ᠎ᠨᠢ ᠰᠢᠯᠢᠳᠡᠭᠵᠢᠭᠰᠡᠨ᠂ ᠲᠠᠷᠬᠠᠯᠲᠠ᠎ᠨᠢ ᠵᠣᠬᠢᠰᠲᠠᠢ ᠥᠨᠳᠥᠷ ᠲᠦᠪᠰᠢᠨ᠎ᠲᠠᠢ ᠲᠣᠭ᠋ᠠᠴᠢᠯᠠᠭᠰᠠᠨ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ ᠵᠢ ᠬᠦᠴᠦᠯᠡᠨ ᠪᠠᠢ᠌ᠭᠤᠯᠵᠤ᠂ ᠲᠣᠭ᠋ᠠᠴᠢᠯᠠᠭᠰᠠᠨ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠨᠡᠩ ᠰᠠᠶ᠋ᠢᠲᠤᠷ ᠲᠤᠯᠭ᠋ᠠᠭᠤᠷᠢᠯᠠᠨ᠎ᠠ ᠭᠡᠵᠦ ᠳᠤᠷᠠᠳᠤᠨ ᠭᠠᠷᠭ᠋ᠠᠪᠠ᠃
      ᠠᠩᠬᠠᠷᠤᠭᠤᠰᠢᠲᠠᠢ᠎ᠨᠢ᠂ ᠬᠥᠳᠡᠯᠮᠦᠷᠢᠴᠢᠳ᠎ᠤᠨ ᠲᠣᠭ᠋ᠠᠴᠢᠯᠠᠭᠰᠠᠨ ᠮᠡᠷᠭᠡᠵᠢᠯ᠎ᠤᠨ ᠠᠵᠢᠯ᠎ᠤᠨ ᠪᠠᠶ᠋ᠢᠷᠢ ᠵᠢᠨ ᠪᠣᠯᠪᠠᠰᠤᠷᠠᠯ ᠬᠦᠷᠲᠡᠬᠦ ᠲᠤᠬᠠᠢ ᠬᠠᠯᠠᠭᠤᠨ ᠰᠡᠳᠬᠢᠯᠭᠡ ᠡᠳᠦᠷ ᠢᠷᠡᠬᠦᠶ᠎ᠡ ᠣᠷᠭᠢᠯᠤᠨ ᠪᠠᠳᠠᠷᠠᠵᠤ ᠪᠠᠢ᠌ᠨ᠎ᠠ᠃ ᠣᠢ᠌ᠷ᠎ᠠ᠎ᠳᠤ᠂ ᠳᠤᠮᠳᠠᠳᠤ ᠤᠯᠤᠰ᠎ᠤᠨ ᠳᠤᠮᠳᠠ ᠪᠠᠭ᠎ᠠ ᠬᠤᠳᠠᠯᠳᠤᠭ᠋ᠠᠨ᠎ᠤ ᠠᠵᠤ ᠠᠬᠤᠢ᠌ᠯᠠᠯ᠎ᠤᠨ ᠨᠡᠢ᠌ᠭᠡᠮᠯᠢᠭ ᠵᠡᠷᠭᠡ ᠰᠠᠯᠠᠭ᠎ᠠ ᠮᠥᠴᠢᠷ᠎ᠤᠨ ᠨᠡᠢ᠌ᠲᠡᠯᠡᠭᠰᠡᠨ ᠪᠠᠢ᠌ᠴᠠᠭ᠋ᠠᠯᠲᠠ ᠵᠢᠨ ᠳ᠋ᠦᠩ᠎ᠳᠤ ᠢᠯᠡᠷᠡᠭᠦᠯᠦᠭᠰᠡᠨ ᠵᠶ᠋ᠡᠷ᠂ ᠨᠢᠭᠡᠳᠦᠭᠡᠷ ᠤᠯᠠᠷᠢᠯ᠎ᠳᠤ ᠬᠡᠷᠡᠭᠯᠡᠭᠴᠢᠳ᠎ᠤᠨ ᠰᠣᠩᠭᠣᠭᠰᠠᠨ ᠬᠥᠮᠦᠵᠢᠯ ᠪᠣᠯᠪᠠᠰᠤᠷᠠᠯ᠎ᠳᠠᠬᠢ ᠡᠵᠡᠯᠡᠬᠦ ᠬᠤᠪᠢ ᠵᠢᠨ ᠵᠢᠩ ᠲᠦᠷᠦᠭᠦᠸ᠋ ᠤᠯᠠᠷᠢᠯ᠎ᠤᠨ᠎ᠬᠢ᠎ᠠᠴᠠ ᠵᠠᠭᠤᠨ᠎ᠤ ᠬᠠᠷᠢᠴᠠᠯ ᠵᠶ᠋ᠠᠷ 4.3 ᠬᠤᠪᠢ ᠨᠡᠮᠡᠭᠳᠡᠵᠡᠢ᠃ ᠡᠭᠦᠨ᠎ᠳᠤ᠂ ᠢᠳᠡᠷ ᠨᠠᠰᠤᠨ᠎ᠤ ᠬᠡᠷᠡᠭᠯᠡᠭᠴᠢᠳ᠎ᠤᠨ ᠲᠣᠭ᠋ᠠᠴᠢᠯᠠᠭᠰᠠᠨ ᠮᠡᠷᠭᠡᠵᠢᠯ᠎ᠤᠨ ᠪᠣᠯᠪᠠᠰᠤᠷᠠᠯ᠎ᠢ ᠰᠣᠩᠭᠣᠭᠰᠠᠨ ᠡᠵᠡᠯᠡᠬᠦ ᠬᠤᠪᠢ ᠵᠢᠨ ᠵᠢᠩ᠎ᠨᠢ 44.5% ᠪᠣᠯᠣᠨ᠎ᠠ᠃ ᠯᠢ ᠰᠢᠨ ᠲᠣᠭ᠎ᠠ ᠪᠠᠷᠢᠮᠲᠠ ᠵᠢᠨ ᠰᠤᠳᠤᠯᠭ᠋ᠠᠨ᠎ᠤ ᠬᠦᠷᠢᠶᠡᠯᠡᠩ᠎ᠤᠨ ᠳᠠᠷᠤᠭ᠎ᠠ ᠫᠠᠨ ᠵᠢᠶᠠᠨ ᠴᠧᠩ ᠢᠯᠡᠷᠬᠡᠢ᠌ᠯᠡᠬᠦ᠎ᠳᠡᠭᠡᠨ᠂ ᠲᠣᠭ᠋ᠠᠴᠢᠯᠠᠭᠰᠠᠨ ᠮᠡᠷᠭᠡᠵᠢᠯ᠂ ᠵᠣᠬᠢᠶᠠᠮᠠᠯ ᠣᠶᠤᠨ ᠴᠢᠳᠠᠪᠤᠷᠢ ᠵᠢᠨ ᠲᠦᠷᠭᠡᠨ ᠬᠥᠭᠵᠢᠯᠲᠡ ᠵᠢᠨ ᠡᠮᠦᠨ᠎ᠡ᠂ ᠢᠳᠡᠷ ᠨᠠᠰᠤᠨ᠎ᠤ ᠬᠥᠮᠥᠰ᠎ᠤᠨ ᠲᠣᠰ ᠪᠡᠶ᠎ᠡ ᠵᠢᠨ ᠮᠡᠳᠡᠯᠭᠡ᠎ᠪᠠᠨ ᠰᠢᠨᠡᠴᠢᠯᠡᠬᠦ ᠬᠡᠷᠡᠭᠴᠡᠭᠡ ᠶᠠᠭ ᠲᠦᠷᠭᠡᠨ ᠨᠡᠮᠡᠭᠳᠡᠵᠦ ᠪᠠᠢ᠌ᠨ᠎ᠠ ᠭᠡᠵᠡᠢ᠃
      ᠭᠣᠣᠯᠳᠠᠯᠭ᠎ᠠ᠎ᠲᠠᠢ ᠬᠥᠮᠥᠰ᠎ᠤᠨ ᠪᠠᠲᠤᠯᠠᠭ᠎ᠠ ᠬᠦᠴᠦᠲᠡᠢ ᠪᠤᠯᠤᠬᠰᠠᠨ ᠪᠠᠢ᠌ᠨ᠎ᠠ
      ᠡᠨᠡ ᠵᠢᠯ᠎ᠤᠨ ᠡᠬᠢᠨ᠎ᠳᠤ᠂ ᠤᠷᠢᠬᠠᠨ ᠬᠠᠪᠤᠷ᠎ᠤᠨ ᠠᠵᠢᠯᠯᠠᠭ᠎ᠠ ᠲᠣᠭᠲᠠᠭᠰᠠᠨ ᠴᠠᠭ᠎ᠲᠠᠭᠠᠨ ᠶᠠᠪᠤᠭᠳᠠᠵᠤ᠂ ᠭᠣᠣᠯᠳᠠᠭᠤ ᠠᠵᠢᠯ ᠣᠯᠬᠤ ᠪᠠ ᠦᠢ᠍ᠯᠡᠰ ᠪᠣᠰᠬᠠᠬᠤ ᠬᠦᠰᠡᠯ᠎ᠲᠠᠢ ᠬᠥᠳᠡᠭᠡ ᠲᠣᠰᠬᠤᠨ᠎ᠤ ᠬᠥᠳᠡᠯᠮᠦᠷᠢᠴᠢᠨ᠂ ᠠᠵᠢᠯᠴᠢᠨ ᠬᠡᠷᠡᠭᠯᠡᠬᠦ ᠬᠡᠷᠡᠭᠴᠡᠭᠡ᠎ᠲᠠᠢ ᠬᠥᠮᠥᠨ ᠬᠡᠷᠡᠭᠯᠡᠬᠦ ᠨᠢᠭᠡᠴᠢ ᠵᠡᠷᠭᠡ᠎ᠳᠤ ᠬᠠᠨᠳᠤᠭᠤᠯᠤᠨ ᠵᠣᠬᠢᠴᠠᠭᠤᠯᠤᠨ ᠵᠣᠯᠭ᠋ᠠᠭᠤᠯᠬᠤ ᠵᠢ ᠴᠢᠩᠭ᠋ᠠᠳᠬᠠᠪᠠ᠃ ᠨᠢᠭᠡᠳᠦᠭᠡᠷ ᠤᠯᠠᠷᠢᠯ᠎ᠳᠤ᠂ ᠡᠯ᠎ᠡ ᠭᠠᠵᠠᠷ᠎ᠤᠨ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ ᠲᠥᠷᠥ ᠵᠢᠨ ᠪᠣᠳᠣᠯᠭ᠎ᠠ ᠵᠢᠨ ᠠᠰᠢᠭ ᠲᠤᠰᠠ ᠦᠷᠭᠦᠯᠵᠢᠯᠡᠨ ᠢᠯᠡᠷᠡᠵᠦ᠂ ᠠᠵᠢᠯ ᠣᠯᠭᠣᠯᠲᠠ ᠵᠢᠨ ᠬᠠᠪᠰᠤᠷᠤᠨ ᠲᠡᠳᠬᠦᠬᠦ ᠡᠷᠴᠢᠮ ᠵᠶ᠋ᠡᠨ ᠴᠢᠩᠭ᠋ᠠᠷᠠᠭᠤᠯᠤᠨ᠂ ᠡᠯ᠎ᠡ ᠲᠥᠷᠥᠯ᠎ᠤᠨ ᠠᠵᠢᠯᠲᠠᠨ ᠠᠵᠢᠯᠴᠢᠨ ᠡᠯᠰᠡᠬᠦ ᠠᠵᠢᠯᠯᠠᠭ᠎ᠠ ᠵᠢ 6.4 ᠲᠦᠮᠡᠨ ᠲᠠᠯᠠᠪᠠᠢ ᠡᠷᠭᠢᠯᠡᠵᠦ᠂ 4300 ᠭᠠᠷᠤᠢ ᠲᠦᠮᠡᠨ ᠠᠵᠢᠯ᠎ᠤᠨ ᠪᠠᠶ᠋ᠢᠷᠢ ᠵᠢ ᠨᠡᠢ᠌ᠲᠡᠯᠡᠪᠡ᠃
      3 ᠰᠠᠷ᠎ᠠ ᠵᠢᠨ ᠰᠡᠭᠦᠯᠴᠢ᠎ᠪᠠᠷ᠂ 《ᠠᠵᠢᠯ ᠦᠢ᠍ᠯᠡᠰ ᠵᠶ᠋ᠡᠷ ᠢᠷᠡᠭᠡᠳᠦᠢ᠎ᠪᠠᠨ ᠴᠣᠭᠴᠠᠯᠠᠶ᠎ᠠ — 2024 ᠣᠨ᠎ᠤ ᠶᠡᠬᠡ ᠳᠤᠮᠳᠠ ᠬᠣᠲᠠ ᠬᠠᠮᠲᠤᠷᠠᠨ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠢ ᠤᠷᠢᠵᠤ ᠡᠯᠰᠡᠬᠦ ᠬᠠᠪᠤᠷ᠎ᠤᠨ ᠤᠯᠠᠷᠢᠯ᠎ᠤᠨ ᠲᠤᠰᠬᠠᠢ ᠲᠠᠯᠠᠪᠠᠢ ᠠᠵᠢᠯᠯᠠᠭ᠎ᠠ》 ᠡᠬᠢᠯᠡᠪᠡ᠃ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠪᠥᠬᠥ ᠤᠯᠤᠰ᠎ᠤᠨ ᠴᠢᠳᠠᠪᠤᠷᠢᠲᠠᠨ᠎ᠤ ᠰᠢᠯᠵᠢᠯᠲᠡ ᠵᠢᠨ ᠲᠥᠪ᠎ᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠢᠯᠡᠷᠬᠡᠢ᠌ᠯᠡᠬᠦ᠎ᠳᠡᠭᠡᠨ᠂ ᠠᠵᠢᠯᠯᠠᠭ᠎ᠠ ᠵᠢᠨ ᠬᠤᠭᠤᠴᠠᠭ᠋ᠠᠨ᠎ᠳᠤ᠂ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠵᠢᠨ᠎ᠬᠢᠨ ᠠᠵᠢᠯ ᠣᠯᠭᠣᠯᠲᠠ ᠵᠢᠨ ᠬᠡᠷᠡᠭᠴᠡᠭᠡ᠎ᠪᠠᠷ ᠶᠡᠬᠡ᠂ ᠵᠠᠬ᠎ᠠ ᠳᠡᠯᠭᠡᠭᠦᠷ᠎ᠲᠤ ᠪᠠᠴᠢᠮ ᠬᠡᠷᠡᠭᠴᠡᠭᠡ᠎ᠲᠠᠢ ᠳᠤᠲᠠᠭᠳᠠᠵᠤ ᠪᠠᠢ᠌ᠭ᠎ᠠ ᠬᠦᠷᠢᠶᠡᠨ᠎ᠳᠤ ᠴᠢᠭᠯᠡᠭᠦᠯᠦᠨ᠂ ᠡᠮ ᠡᠮᠨᠡᠯᠭᠡ ᠡᠷᠡᠭᠦᠯ ᠬᠠᠮᠠᠭ᠋ᠠᠯᠠᠯ᠂ ᠲᠡᠷᠢᠭᠦᠨ᠎ᠤ ᠦᠢ᠍ᠯᠡᠳᠬᠦ ᠦᠢ᠍ᠯᠡᠰ᠂ ᠰᠢᠨ᠎ᠡ ᠡᠨᠧᠷᠭᠢ ᠵᠡᠷᠭᠡ ᠠᠵᠢᠯ ᠲᠥᠷᠥᠯ᠎ᠤᠨ ᠲᠤᠰᠬᠠᠢ ᠲᠠᠯᠠᠪᠠᠢ ᠠᠵᠢᠯᠲᠠᠨ ᠠᠵᠢᠯᠴᠢᠨ ᠡᠯᠰᠡᠬᠦ ᠴᠤᠭᠯᠠᠭ᠋ᠠᠨ᠎ᠢ ᠡᠷᠬᠢᠯᠡᠨ᠎ᠡ; ᠤᠯᠤᠰ᠎ᠤᠨ ᠣᠷᠣᠨ ᠪᠦᠰᠡ ᠵᠢᠨ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ᠎ᠲᠠᠢ ᠤᠶᠠᠯᠳᠤᠭᠤᠯᠵᠤ᠂ 《ᠨᠢᠭᠡ ᠪᠦᠰᠡ ᠨᠢᠭᠡ ᠵᠠᠮ》 ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ᠎ᠤ ᠠᠵᠤ ᠠᠬᠤᠢ ᠵᠢᠨ ᠪᠦᠰᠡ᠂ ᠭᠤᠸᠠᠩᠳᠦ᠋ᠩ ᠰᠢᠶᠠᠩᠭ᠋ᠠᠩ ᠣᠣᠮᠧᠨ᠎ᠤ ᠲᠣᠮᠣ ᠪᠤᠯᠤᠩ᠎ᠤᠨ ᠣᠷᠣᠨ ᠵᠡᠷᠭᠡ ᠲᠤᠰᠬᠠᠢ ᠲᠠᠯᠠᠪᠠᠢ ᠠᠵᠢᠯᠲᠠᠨ ᠠᠵᠢᠯᠴᠢᠨ ᠤᠷᠢᠵᠤ ᠡᠯᠰᠡᠬᠦ ᠴᠤᠭᠯᠠᠭ᠋ᠠᠨ᠎ᠢ ᠥᠷᠨᠢᠭᠦᠯᠦᠨ᠎ᠡ; ᠣᠷᠣᠨ ᠨᠤᠲᠤᠭ᠎ᠤᠨ ᠠᠵᠤ ᠦᠢ᠍ᠯᠡᠰ᠎ᠤᠨ ᠣᠨᠴᠠᠯᠢᠭ᠂ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ ᠪᠠ ᠬᠥᠮᠥᠨ ᠬᠡᠷᠡᠭᠯᠡᠬᠦ ᠨᠢᠭᠡᠴᠢ ᠵᠢᠨ ᠬᠡᠷᠡᠭᠴᠡᠭᠡ᠎ᠲᠠᠢ ᠤᠶᠠᠯᠳᠤᠭᠤᠯᠤᠨ᠂ ᠲᠤᠰᠬᠠᠢ᠌ᠵᠢᠭᠰᠠᠨ᠂ ᠨᠠᠷᠢᠯᠢᠭ ᠣᠨᠣᠴᠠᠲᠠᠢ᠂ ᠪᠠᠭ᠎ᠠ ᠬᠡᠯᠪᠡᠷᠢ ᠵᠢᠨ᠂ ᠲᠣᠭᠲᠠᠭᠰᠠᠨ ᠬᠡᠯᠪᠡᠷᠢ ᠵᠢᠨ ᠠᠵᠢᠯᠲᠠᠨ ᠠᠵᠢᠯᠴᠢᠨ ᠡᠯᠰᠡᠬᠦ ᠴᠤᠭᠯᠠᠭ᠋ᠠᠨ᠎ᠢ ᠠᠮᠢᠳᠤᠯᠢᠭ ᠪᠥᠭᠡᠳ ᠥᠨᠳᠥᠷ ᠳᠠᠪᠲᠠᠮᠵᠢ᠎ᠲᠠᠢ᠎ᠪᠠᠷ ᠵᠣᠬᠢᠶᠠᠨ ᠪᠠᠢ᠌ᠭᠤᠯᠤᠨ᠎ᠠ ᠭᠡᠵᠡᠢ᠃
      ᠲᠤᠰᠬᠠᠢ ᠮᠡᠷᠭᠡᠵᠢᠯᠲᠡᠨ᠎ᠤ ᠦᠵᠡᠬᠦ᠎ᠪᠠᠷ᠂ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢ ᠵᠠᠯᠭ᠋ᠠᠭ᠎ᠠ᠎ᠪᠠᠷ ᠨᠠᠢ᠌ᠳᠠᠪᠤᠷᠢᠵᠢᠭᠤᠯᠬᠤ ᠵᠢ ᠳᠠᠭ᠋ᠠᠯᠳᠤᠨ᠂ ᠬᠥᠳᠡᠯᠮᠦᠷᠢ ᠬᠦᠴᠦᠨ᠎ᠤ ᠵᠠᠬ᠎ᠠ ᠳᠡᠯᠭᠡᠭᠦᠷ ᠦᠷᠭᠦᠯᠵᠢᠯᠡᠨ ᠰᠡᠷᠭᠦᠨ ᠰᠠᠢ᠌ᠵᠢᠷᠠᠵᠤ᠂ ᠬᠣᠯᠪᠣᠭᠳᠠᠯ ᠪᠦᠬᠦᠢ ᠬᠥᠮᠥᠰ᠎ᠤᠨ ᠠᠵᠢᠯ ᠣᠯᠭᠣᠯᠲᠠ ᠵᠢᠨ ᠪᠠᠢ᠍ᠢ᠍ᠳᠠᠯ ᠴᠤ᠌ ᠠᠯᠬᠤᠮ ᠠᠯᠬᠤᠮ ᠵᠶ᠋ᠠᠷ ᠰᠠᠢ᠌ᠵᠢᠷᠠᠵᠤ᠂ ᠪᠥᠬᠥ ᠤᠯᠤᠰ᠎ᠤᠨ ᠠᠵᠢᠯ ᠣᠯᠭᠣᠯᠲᠠ ᠵᠢᠨ ᠪᠠᠶ᠋ᠢᠳᠠᠯ ᠲᠣᠭᠲᠠᠭᠤᠨ᠎ᠤ ᠳᠤᠮᠳᠠ ᠰᠠᠢ᠌ᠵᠢᠷᠠᠬᠤ ᠬᠠᠨᠳᠤᠰᠢ᠎ᠪᠠᠨ ᠪᠠᠲᠤᠯᠠᠬᠤ ᠪᠣᠯᠣᠨ᠎ᠠ᠃ ᠭᠠᠳᠠᠭ᠋ᠠᠳᠤ ᠠᠵᠤ ᠠᠬᠤᠢ ᠠᠷᠠᠯᠵᠢᠶᠠᠨ᠎ᠤ ᠶᠡᠬᠡ ᠰᠤᠷᠭ᠋ᠠᠭᠤᠯᠢ ᠵᠢᠨ ᠤᠯᠤᠰ᠎ᠤᠨ ᠭᠠᠳᠠᠭ᠋ᠠᠳᠤ ᠨᠡᠭᠡᠭᠡᠯᠲᠡ ᠵᠢᠨ ᠰᠤᠳᠤᠯᠭ᠋ᠠᠨ᠎ᠤ ᠬᠦᠷᠢᠶᠡᠯᠡᠩ᠎ᠤᠨ ᠰᠤᠳᠤᠯᠤᠭᠴᠢ ᠯᠢ ᠴᠠᠩ ᠠᠨ ᠢᠯᠡᠷᠬᠡᠢ᠌ᠯᠡᠬᠦ᠎ᠳᠡᠭᠡᠨ᠂ ᠣᠳᠣᠬᠠᠨ᠎ᠳᠤ ᠠᠵᠢᠯ ᠣᠯᠭᠣᠯᠲᠠ ᠵᠢ ᠲᠡᠷᠢᠭᠦᠨ᠎ᠳᠤ ᠲᠠᠯᠪᠢᠬᠤ ᠲᠥᠷᠥ ᠵᠢᠨ ᠪᠣᠳᠣᠯᠭ᠎ᠠ ᠵᠢᠨ ᠦᠷ᠎ᠡ ᠪᠦᠲᠦᠮᠵᠢ ᠨᠢᠭᠡᠨᠲᠡ ᠢᠯᠡᠷᠬᠡᠢ ᠪᠣᠯᠵᠤ᠂ ᠬᠥᠯᠥᠰᠦᠨ ᠲᠠᠷᠢᠶᠠᠴᠢᠨ᠂ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ ᠵᠡᠷᠭᠡ ᠭᠣᠣᠯᠳᠠᠯᠭ᠎ᠠ᠎ᠲᠠᠢ ᠬᠥᠮᠥᠰ᠎ᠤᠨ ᠠᠵᠢᠯ ᠣᠯᠬᠤ ᠪᠠᠢ᠍ᠢ᠍ᠳᠠᠯ ᠦᠨᠳᠦᠰᠦᠨ᠎ᠳᠡᠭᠡᠨ ᠲᠣᠭᠲᠠᠪᠤᠷᠢᠲᠠᠢ ᠪᠠᠢ᠌ᠨ᠎ᠠ ᠭᠡᠵᠡᠢ᠃
      ᠭᠡᠪᠡᠴᠦ᠂ ᠡᠨᠡ ᠵᠢᠯ᠎ᠤᠨ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠠᠵᠢᠯ ᠣᠯᠭᠣᠯᠲᠠ ᠵᠢᠨ ᠳᠠᠷᠤᠭ᠋ᠠᠰᠤ ᠮᠥᠨ ᠬᠦ᠌ ᠪᠠᠭ᠎ᠠ ᠪᠤᠰᠤ ᠪᠠᠢ᠌ᠨ᠎ᠠ᠂ ᠭᠣᠣᠯᠳᠠᠯᠭ᠎ᠠ᠎ᠲᠠᠢ ᠬᠥᠮᠥᠰ᠎ᠤᠨ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ ᠠᠵᠢᠯ᠎ᠢ ᠰᠠᠶ᠋ᠢᠲᠤᠷ ᠬᠢᠬᠦ᠎ᠳᠤ ᠮᠥᠨ ᠬᠦ᠌ ᠤᠯᠠᠨ ᠲᠠᠯ᠎ᠠ ᠵᠢᠨ᠎ᠬᠢᠨ᠎ᠤ ᠬᠠᠮᠲᠤ᠎ᠪᠠᠷ ᠬᠦᠴᠦᠯᠡᠬᠦ ᠵᠢ ᠱᠠᠭ᠋ᠠᠷᠳᠠᠵᠤ ᠪᠠᠢ᠌ᠨ᠎ᠠ᠃ ᠯᠢ ᠴᠠᠩ ᠠᠨ᠎ᠤ ᠦᠵᠡᠬᠦ᠎ᠪᠠᠷ᠂ ᠠᠵᠢᠯ ᠣᠯᠵᠤ ᠦᠢ᠍ᠯᠡᠰ ᠪᠣᠰᠬᠠᠬᠤ᠂ ᠲᠠᠭ᠋ᠠᠵᠤ ᠰᠤᠷᠴᠤ ᠳᠠᠳᠤᠯᠭ᠎ᠠ ᠬᠢᠬᠦ ᠲᠥᠯᠥᠪᠯᠡᠭᠡ ᠵᠡᠷᠭᠡ ᠵᠢ ᠪᠠᠭᠲᠠᠭ᠋ᠠᠭᠰᠠᠨ ᠣᠶᠤᠲᠠᠳ᠎ᠤᠨ ᠠᠵᠢᠯ ᠣᠯᠭᠣᠯᠲᠠ᠎ᠳᠤ ᠴᠢᠭᠯᠡᠭᠦᠯᠦᠭᠰᠡᠨ ᠬᠠᠪᠰᠤᠷᠤᠨ ᠲᠡᠳᠬᠦᠬᠦ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ ᠬᠡᠷᠡᠭᠲᠡᠶ ᠪᠥᠭᠡᠳ ᠪᠠᠰᠠ ᠡᠳ᠋᠎ᠤᠨ ᠵᠠᠰᠠᠭ ᠮᠥᠩᠭᠥᠨ ᠭᠦᠢ᠍ᠯᠭᠡᠭᠡᠨ᠎ᠤ ᠳᠡᠮᠵᠢᠯᠭᠡ ᠵᠢᠨ ᠡᠷᠴᠢᠮ ᠵᠶ᠋ᠠᠨ ᠴᠢᠩᠭ᠋ᠠᠷᠠᠭᠤᠯᠵᠤ᠂ ᠠᠵᠢᠯ ᠣᠯᠭᠣᠯᠲᠠ ᠵᠢᠨ ᠲᠥᠷᠥ ᠵᠢᠨ ᠪᠣᠳᠣᠯᠭ᠎ᠠ ᠵᠢᠨ ᠦᠷ᠎ᠡ ᠪᠦᠲᠦᠮᠵᠢ ᠵᠢ ᠦᠨᠡᠨ ᠬᠦ᠌ ᠪᠠᠳᠠᠷᠠᠭᠤᠯᠬᠤ ᠬᠡᠷᠡᠭᠲᠡᠶ᠃ (ᠣᠣ ᠷᠥᠩ)

ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠴᠢᠨᠠᠷ ᠰᠠᠢ᠌ᠲᠠᠢ ᠪᠥᠭᠡᠳ ᠭᠦᠢ᠍ᠴᠡᠳ ᠠᠵᠢᠯ ᠣᠯᠭᠣᠯᠲᠠ ᠵᠢ ᠠᠬᠢᠭᠤᠯᠬᠤ ᠲᠤᠬᠠᠢ ᠶᠠᠷᠢᠯᠴᠠᠭ᠎ᠠ᠄ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠲᠥᠪ ᠬᠣᠷᠢᠶ᠎ᠠ ᠵᠢᠨ ᠤᠯᠤᠰ ᠲᠥᠷᠥ ᠵᠢᠨ ᠲᠣᠪᠴᠢᠶᠠᠨ᠎ᠤ ᠠᠷᠪᠠᠨ ᠳᠥᠷᠪᠡᠳᠦᠭᠡᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶ᠎ᠠ ᠪᠥᠬᠥ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠢᠰᠲ᠋ᠧᠮ᠎ᠳᠤ ᠴᠢᠩᠭ᠎ᠠ ᠲᠤᠰᠬᠠᠯ ᠭᠠᠷᠪᠠ (ᠭᠤᠷᠪᠠ)
 
            