5 ᠰᠠᠷ᠎ᠠ ᠵᠢᠨ 27᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠨᠠᠮ᠎ᠤᠨ ᠲᠥᠪ ᠬᠣᠷᠢᠶ᠎ᠠ ᠵᠢᠨ ᠤᠯᠤᠰ ᠲᠥᠷᠥ ᠵᠢᠨ ᠲᠣᠪᠴᠢᠶᠠᠨ᠎ᠤ ᠠᠷᠪᠠᠨ ᠳᠥᠷᠪᠡᠳᠦᠭᠡᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠰᠢᠨ᠎ᠡ ᠴᠠᠭ ᠦᠶ᠎ᠡ ᠰᠢᠨ᠎ᠡ ᠠᠶᠠᠨ᠎ᠳᠠᠬᠢ ᠠᠵᠢᠯ ᠣᠯᠭᠣᠯᠲᠠ ᠵᠢᠨ ᠠᠵᠢᠯ᠎ᠢ ᠰᠠᠶ᠋ᠢᠲᠤᠷ ᠬᠢᠬᠦ᠂ ᠴᠢᠨᠠᠷ ᠰᠠᠢ᠌ᠲᠠᠢ ᠭᠦᠢ᠍ᠴᠡᠳ ᠠᠵᠢᠯ ᠣᠯᠭᠣᠯᠲᠠ ᠵᠢ ᠠᠬᠢᠭᠤᠯᠬᠤ᠎ᠳᠤ ᠦᠨᠳᠦᠰᠦᠨ ᠵᠢᠷᠤᠮᠯᠠᠯ ᠬᠠᠩᠭ᠋ᠠᠵᠠᠢ᠃ ᠥᠪᠥᠷ ᠮᠣᠩᠭᠣᠯ᠎ᠤᠨ ᠪᠦᠬᠦ ᠣᠷᠣᠨ᠎ᠤ ᠡᠯ᠎ᠡ ᠱᠠᠲᠤᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ ᠦᠳᠲᠡᠷ ᠲᠦᠷᠭᠡᠨ ᠵᠶ᠋ᠡᠷ ᠴᠢᠬᠤᠯᠠ ᠶᠠᠷᠢᠶ᠎ᠠ ᠵᠢᠨ ᠵᠣᠷᠢᠭ ᠰᠠᠨᠠᠭ᠎ᠠ ᠵᠢ ᠰᠣᠷᠣᠯᠴᠠᠬᠤ ᠬᠠᠯᠠᠭᠤᠨ ᠥᠷᠨᠢᠯᠲᠡᠢ ᠪᠣᠢ ᠪᠣᠯᠭ᠋ᠠᠵᠤ᠂ ᠲᠡᠷᠡ ᠳᠠᠷᠤᠢ᠎ᠳᠤ᠎ᠨᠢ ᠵᠣᠬᠢᠶᠠᠨ ᠪᠠᠢ᠌ᠭᠤᠯᠤᠨ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠨ ᠣᠢ᠌ᠯᠠᠭ᠋ᠠᠵᠤ ᠂ ᠥᠷᠭᠡᠨ ᠤᠯᠠᠨ ᠺᠠᠳ᠋ᠷᠴᠤᠳ᠂ ᠶᠡᠷᠦᠩᠬᠡᠢ ᠱᠦᠵᠢ ᠰᠢ ᠵᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢ ᠭᠦᠨᠵᠡᠭᠡᠢ ᠣᠢ᠌ᠯᠠᠭ᠋ᠠᠨ ᠡᠵᠡᠮᠰᠢᠵᠦ᠂ ᠴᠢᠨᠠᠷ ᠰᠠᠢ᠌ᠲᠠᠢ ᠭᠦᠢ᠍ᠴᠡᠳ ᠠᠵᠢᠯ ᠣᠯᠭᠣᠯᠲᠠ ᠵᠢ ᠠᠬᠢᠭᠤᠯᠬᠤ ᠡᠨᠡᠬᠦ ᠰᠢᠨ᠎ᠡ ᠴᠠᠭ ᠦᠶ᠎ᠡ ᠰᠢᠨ᠎ᠡ ᠠᠶᠠᠨ ᠤ ᠠᠵᠢᠯ ᠣᠯᠭᠣᠯᠲᠠ ᠵᠢᠨ ᠠᠵᠢᠯ ᠤᠨ ᠰᠢᠨ᠎ᠡ ᠪᠠᠶ᠋ᠢᠷᠢ ᠲᠣᠭᠲᠠᠭ᠋ᠠᠯᠲᠠ᠂ ᠰᠢᠨ᠎ᠡ ᠡᠭᠦᠷᠭᠡ ᠵᠢᠨ ᠲᠣᠭᠣᠷᠢᠨ᠎ᠳᠤ᠂ ᠰᠤᠷᠤᠯᠴᠠᠯᠭ᠎ᠠ ᠵᠢᠨ ᠦᠷ᠎ᠡ ᠪᠦᠲᠦᠮᠵᠢ᠎ᠪᠠᠨ ᠴᠢᠨᠠᠷ ᠰᠠᠢ᠌ᠲᠠᠢ ᠭᠦᠢ᠍ᠴᠡᠳ ᠠᠵᠢᠯ ᠣᠯᠭᠣᠯᠲᠠ ᠵᠢ ᠪᠡᠶᠡᠯᠡᠭᠦᠯᠬᠦ ᠠᠮᠢᠳᠤᠯᠢᠭ ᠦᠢ᠍ᠯᠡᠳᠦᠯᠭᠡ ᠪᠣᠯᠭ᠋ᠠᠨ ᠬᠤᠪᠢᠷᠠᠭᠤᠯᠵᠤ᠂ ᠡᠬᠡ ᠤᠯᠤᠰ᠎ᠤᠨ ᠤᠮᠠᠷᠠᠲᠤ ᠬᠢᠯᠢ ᠵᠢᠨ ᠴᠢᠨᠠᠷ ᠰᠠᠢ᠌ᠲᠠᠢ ᠭᠦᠢ᠍ᠴᠡᠳ ᠠᠵᠢᠯ ᠣᠯᠭᠣᠯᠲᠠ ᠵᠢᠨ ᠠᠷᠠᠳ᠎ᠤᠨ ᠠᠮᠢᠳᠤᠷᠠᠯ ᠤᠨ ᠬᠠᠷᠢᠭᠤᠯᠲᠠ ᠵᠢᠨ ᠬᠠᠭᠤᠳᠠᠰᠤ ᠵᠢ ᠴᠢᠷᠮᠠᠢ᠌ᠨ ᠪᠢᠴᠢᠭᠯᠡᠨ᠎ᠡ ᠭᠡᠵᠦ ᠢᠯᠡᠷᠬᠡᠢ᠌ᠯᠡᠵᠡᠭᠡᠪᠡ᠃
ᠪᠤᠭᠤᠲᠤ ᠬᠣᠲᠠ ᠵᠢᠨ ᠬᠥᠨᠳᠡᠯᠡᠨ ᠲᠣᠭᠣᠷᠢᠭ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠣᠪᠴᠢᠶᠠᠨ ᠳᠠᠷᠤᠭ᠎ᠠ ᠸᠠᠩ ᠰᠦ᠍ ᠵᠧᠨ᠄
ᠬᠥᠨᠳᠡᠯᠡᠨ ᠲᠣᠭᠣᠷᠢᠭ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠲᠥᠪ ᠬᠣᠷᠢᠶ᠎ᠠ ᠵᠢᠨ ᠤᠯᠤᠰ ᠲᠥᠷᠥ ᠵᠢᠨ ᠲᠣᠪᠴᠢᠶᠠᠨ᠎ᠤ ᠠᠷᠪᠠᠨ ᠳᠥᠷᠪᠡᠳᠦᠭᠡᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠪᠠᠷ ᠵᠢᠯᠣᠭᠣᠳᠤᠮᠵᠢ ᠪᠣᠯᠭ᠋ᠠᠵᠤ᠂ ᠰᠢᠨ᠎ᠡ ᠴᠠᠭ ᠦᠶ᠎ᠡ ᠵᠢᠨ ᠠᠵᠢᠯ ᠣᠯᠭᠣᠯᠲᠠ ᠵᠢᠨ ᠠᠵᠢᠯ᠎ᠤᠨ ᠰᠢᠨ᠎ᠡ ᠪᠠᠶ᠋ᠢᠳᠠᠯ ᠰᠢᠨ᠎ᠡ ᠡᠭᠦᠷᠭᠡ ᠰᠢᠨ᠎ᠡ ᠱᠠᠭ᠋ᠠᠷᠳᠠᠯᠭ᠎ᠠ ᠵᠢ ᠣᠨᠣᠪᠴᠢᠲᠠᠢ ᠡᠵᠡᠮᠳᠡᠵᠦ᠂ ᠴᠢᠨᠠᠷ ᠰᠠᠢ᠌ᠲᠠᠢ ᠭᠦᠢ᠍ᠴᠡᠳ ᠠᠵᠢᠯ ᠣᠯᠭᠣᠯᠲᠠ ᠵᠢ ᠠᠬᠢᠭᠤᠯᠬᠤ ᠭᠣᠣᠯᠳᠠᠯᠭ᠎ᠠ᠎ᠲᠠᠢ ᠡᠭᠦᠷᠭᠡ ᠵᠢ ᠲᠣᠭᠲᠠᠭ᠋ᠠᠵᠤ᠂ ᠶᠡᠬᠡ ᠳᠡᠭᠡᠳᠦ ᠰᠤᠷᠭ᠋ᠠᠭᠤᠯᠢ᠎ᠠᠴᠠ ᠲᠡᠭᠦᠰᠦᠭᠰᠡᠳ ᠵᠡᠷᠭᠡ ᠵᠠᠯᠠᠭᠤᠴᠤᠳ᠎ᠲᠤ ᠠᠵᠢᠯ ᠣᠯᠭᠣᠬᠤ ᠵᠢ ᠭᠣᠣᠯᠳᠠᠯᠭ᠎ᠠ ᠵᠢᠨ ᠳᠣᠲᠣᠷᠠᠬᠢ ᠭᠣᠣᠯᠳᠠᠯᠭ᠎ᠠ ᠪᠣᠯᠭ᠋ᠠᠵᠤ᠂ 《ᠪᠦᠬᠦ ᠤᠯᠤᠰ᠎ᠤᠨ ᠣᠶᠤᠲᠠᠳ᠎ᠤᠨ ᠳᠠᠳᠤᠯᠭ᠎ᠠ ᠦᠢ᠍ᠯᠡᠳᠦᠯᠭᠡ ᠵᠢᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠰᠠᠭᠤᠷᠢᠨ》 ᠭᠡᠬᠦ ᠡᠨᠡᠬᠦ 《ᠠᠯᠲᠠᠨ ᠦᠰᠦᠭᠲᠦ ᠫᠠᠢ᠌ᠰᠠ》 ᠵᠢ ᠤᠯᠠᠮ ᠨᠡᠷ᠎ᠡ ᠠᠯᠳᠠᠷᠰᠢᠭᠤᠯᠵᠤ᠂ ᠠᠵᠤ ᠠᠬᠤᠢ᠌ᠯᠠᠯ ᠪᠣᠯᠣᠨ ᠴᠢᠳᠠᠪᠤᠷᠢᠲᠠᠨ᠎ᠤ ᠬᠠᠩᠭ᠋ᠠᠯᠭ᠎ᠠ ᠬᠡᠷᠡᠭᠴᠡᠭᠡ ᠵᠢ ᠵᠣᠯᠭ᠋ᠠᠭᠤᠯᠬᠤ ᠬᠥᠭᠥᠷᠭᠡ ᠵᠢ ᠪᠠᠢ᠌ᠭᠤᠯᠤᠨ᠎ᠠ᠃ ᠠᠵᠢᠯ ᠣᠯᠭᠣᠯᠲᠠ ᠵᠢᠨ ᠲᠤᠰᠠᠯᠠᠮᠵᠢ ᠵᠢᠨ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠵᠦ᠂ ᠠᠷᠭ᠎ᠠ ᠪᠦᠬᠦᠨ᠎ᠢ ᠰᠦᠪᠡᠭᠴᠢᠯᠡᠨ ᠭᠣᠣᠯᠳᠠᠯᠭ᠎ᠠ᠎ᠲᠠᠢ ᠬᠥᠮᠥᠰ᠎ᠤᠨ ᠠᠵᠢᠯ ᠣᠯᠭᠣᠯᠲᠠ ᠵᠢ ᠲᠣᠭᠲᠠᠪᠤᠷᠢᠵᠢᠭᠤᠯᠤᠨ᠎ᠠ᠃ 《ᠵᠠᠰᠠᠭ᠎ᠤᠨ ᠣᠷᠳᠣᠨ᠂ ᠰᠤᠷᠭ᠋ᠠᠭᠤᠯᠢ᠂ ᠠᠵᠤ ᠠᠬᠤᠢ᠌ᠯᠠᠯ》᠎ᠤᠨ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ ᠴᠢᠳᠠᠪᠤᠷᠢᠲᠠᠨ᠎ᠢ ᠬᠥᠮᠥᠵᠢᠭᠦᠯᠬᠦ ᠠᠵᠢᠯᠯᠠᠭ᠎ᠠ ᠵᠢ ᠤᠨᠢᠨ ᠳᠡᠭᠡᠷ᠎ᠡ᠎ᠨᠢ ᠥᠷᠨᠢᠭᠦᠯᠵᠦ᠂ 《ᠠᠵᠤ ᠠᠬᠤᠢ᠌ᠯᠠᠯ᠎ᠤᠨ ᠵᠠᠬᠢᠶᠠᠯᠠᠭ᠎ᠠ ᠵᠢᠨ ᠬᠠᠭᠤᠳᠠᠰᠤ᠂ ᠬᠥᠳᠡᠯᠮᠦᠷᠢᠴᠢᠨ᠎ᠠᠴᠠ ᠵᠠᠬᠢᠶᠠᠯᠠᠭ᠎ᠠ ᠵᠢᠨ ᠬᠠᠭᠤᠳᠠᠰᠤ ᠵᠢ ᠰᠣᠩᠭᠣᠬᠤ᠂ ᠵᠠᠰᠠᠭ᠎ᠤᠨ ᠣᠷᠳᠣᠨ ᠵᠠᠷᠤᠳᠠᠯ᠎ᠢ ᠬᠠᠷᠢᠭᠤᠴᠠᠬᠤ》 ᠵᠠᠰᠠᠭ᠎ᠤᠨ ᠣᠷᠳᠣᠨ᠂ ᠰᠤᠷᠭ᠋ᠠᠭᠤᠯᠢ᠂ ᠠᠵᠤ ᠠᠬᠤᠢ᠌ᠯᠠᠯ᠎ᠤᠨ ᠬᠠᠮᠲᠤᠷᠠᠯᠴᠠᠭ᠋ᠠᠨ᠎ᠤ ᠴᠢᠳᠠᠪᠤᠷᠢᠲᠠᠨ᠎ᠢ ᠬᠥᠮᠥᠵᠢᠭᠦᠯᠬᠦ ᠵᠠᠮ ᠵᠶ᠋ᠠᠷ ᠰᠠᠶ᠋ᠢᠲᠤᠷ ᠵᠠᠮᠨᠠᠨ᠎ᠠ᠃ ᠭᠣᠣᠯᠳᠠᠯᠭ᠎ᠠ᠎ᠲᠠᠢ ᠬᠥᠮᠥᠰ᠎ᠤᠨ ᠶᠠᠰᠤ ᠴᠢᠨᠠᠷ᠎ᠢ ᠳᠡᠭᠡᠭᠰᠢᠯᠡᠭᠦᠯᠬᠦ ᠪᠣᠯᠪᠠᠰᠤᠷᠠᠯ ᠵᠶ᠋ᠡᠷ ᠴᠢᠳᠠᠪᠤᠷᠢ ᠣᠯᠭᠣᠬᠤ ᠵᠢ ᠰᠠᠶ᠋ᠢᠲᠤᠷ ᠠᠳᠬᠤᠵᠤ᠂ ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ᠎ᠤᠨ ᠦᠢ᠍ᠯᠡᠴᠢᠯᠡᠭᠡᠨ᠎ᠤ ᠴᠢᠳᠠᠮᠵᠢ ᠵᠢ ᠰᠢᠯᠢᠳᠡᠭᠵᠢᠭᠦᠯᠦᠨ᠂ ᠤᠯᠠᠨ ᠨᠠᠢ᠌ᠳᠠ ᠵᠢᠨ ᠠᠵᠢᠯ ᠣᠯᠭᠣᠯᠲᠠ ᠵᠢᠨ ᠦᠢ᠍ᠯᠡᠴᠢᠯᠡᠭᠡ ᠵᠢ ᠲᠠᠰ ᠳᠡᠪᠰᠢᠭᠦᠯᠬᠦ ᠵᠢ ᠪᠥᠬᠥ ᠲᠠᠯ᠎ᠠ᠎ᠪᠠᠷ ᠠᠬᠢᠭᠤᠯᠤᠨ᠎ᠠ᠃ ᠬᠥᠳᠡᠯᠮᠦᠷᠢ ᠵᠢᠨ ᠡᠷᠬᠡ ᠠᠰᠢᠭ᠎ᠢ ᠬᠠᠮᠠᠭ᠋ᠠᠯᠠᠬᠤ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠲᠡᠭᠦᠯᠳᠡᠷᠵᠢᠭᠦᠯᠵᠦ᠂ ᠡᠷᠬᠡ ᠲᠡᠭᠰᠢ ᠡᠮᠬᠢ ᠵᠢᠷᠤᠮ᠎ᠲᠠᠢ ᠠᠵᠢᠯ ᠣᠯᠭᠣᠯᠲᠠ ᠵᠢᠨ ᠣᠷᠴᠢᠨ ᠨᠥᠬᠥᠴᠡᠯ᠎ᠢ ᠬᠠᠮᠠᠭ᠋ᠠᠯᠠᠵᠤ᠂ ᠥᠷᠭᠡᠨ ᠤᠯᠠᠨ ᠬᠥᠳᠡᠯᠮᠦᠷᠢᠴᠢᠳ᠎ᠢ ᠰᠡᠳᠬᠢᠯ ᠠᠮᠤᠷ ᠠᠵᠢᠯᠯᠠᠭᠤᠯᠵᠤ᠂ ᠨᠡᠷ᠎ᠡ ᠬᠦᠨᠳᠦ᠎ᠲᠠᠢ ᠬᠥᠳᠡᠯᠮᠦᠷᠢᠯᠡᠭᠦᠯᠵᠦ᠂ ᠪᠦᠬᠦ ᠲᠠᠯ᠎ᠠ᠎ᠪᠠᠷ ᠬᠥᠭᠵᠢᠭᠦᠯᠦᠨ᠎ᠡ᠃
ᠦᠬᠠᠢ ᠬᠤᠳᠠ ᠵᠢᠨ ᠬᠠᠢ᠍ᠢ᠍ᠷᠤᠪ᠎ᠤᠨ ᠲᠣᠬᠣᠢ ᠲᠣᠭᠣᠷᠢᠭ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠣᠪᠴᠢᠶᠠᠨ ᠳᠠᠷᠤᠭ᠎ᠠ ᠯᠢ ᠯᠢᠶᠠᠩ᠄
ᠪᠢᠳᠡ ᠶᠡᠷᠦᠩᠬᠡᠢ ᠱᠦᠵᠢ ᠰᠢ ᠵᠢᠨ ᠫᠢᠩ᠎ᠤᠨ 《ᠠᠵᠢᠯ ᠣᠯᠭᠣᠯᠲᠠ ᠵᠢᠨ ᠤᠯᠠᠨ ᠨᠠᠢ᠌ᠳᠠ ᠵᠢᠨ ᠦᠢ᠍ᠯᠡᠴᠢᠯᠡᠭᠡᠨ᠎ᠤ ᠳᠦᠷᠢᠮ᠎ᠢ ᠲᠡᠭᠦᠯᠳᠡᠷᠵᠢᠭᠦᠯᠵᠦ᠂ ᠠᠵᠢᠯ ᠣᠯᠭᠣᠯᠲᠠ ᠵᠢᠨ ᠤᠯᠠᠨ ᠨᠠᠢ᠌ᠳᠠ ᠵᠢᠨ ᠦᠢ᠍ᠯᠡᠴᠢᠯᠡᠭᠡᠨ᠎ᠤ ᠰᠢᠰᠲ᠋ᠧᠮ᠎ᠢ ᠲᠡᠭᠦᠯᠳᠡᠷᠵᠢᠭᠦᠯᠬᠦ ᠬᠡᠷᠡᠭᠲᠡᠶ》 ᠭᠡᠬᠦ ᠴᠢᠬᠤᠯᠠ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠤᠯᠠᠨ ᠨᠠᠢ᠌ᠳᠠ ᠵᠢᠨ ᠠᠵᠢᠯ ᠣᠯᠭᠣᠯᠲᠠ ᠵᠢᠨ ᠦᠢ᠍ᠯᠡᠴᠢᠯᠡᠭᠡ ᠵᠢ ᠦᠨᠳᠦᠰᠦᠨ ᠱᠠᠲᠤᠨ ᠲᠡᠢ᠍ᠢ᠍ᠰᠢ ᠳᠣᠷᠣᠭᠰᠢ ᠪᠠᠭᠤᠯᠭ᠋ᠠᠬᠤ ᠵᠢ ᠶᠡᠬᠡᠪᠡᠷ ᠠᠬᠢᠭᠤᠯᠵᠤ᠂ 《ᠭᠡᠷ᠎ᠤᠨ ᠡᠭᠦᠳᠡᠨ᠎ᠳᠠᠬᠢ》 ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠥᠷᠲᠡᠭᠡ ᠵᠢ ᠠᠰᠢᠭᠯᠠᠯᠲᠠ᠎ᠳᠤ ᠣᠷᠣᠭᠤᠯᠬᠤ ᠵᠢ ᠲᠦᠷᠭᠡᠳᠬᠡᠨ ᠠᠬᠢᠭᠤᠯᠵᠤ᠂ ᠥᠷᠲᠡᠭᠡ ᠴᠡᠭ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠬᠥᠳᠡᠯᠮᠦᠷᠢ ᠬᠦᠴᠦᠨ᠎ᠤ ᠮᠡᠳᠡᠭᠡ ᠵᠠᠩᠭᠢ ᠵᠢ ᠴᠤᠭᠯᠠᠭᠤᠯᠬᠤ᠂ ᠲᠥᠷᠥ ᠵᠢᠨ ᠪᠣᠳᠣᠯᠭ᠎ᠠ ᠵᠢ ᠤᠬᠠᠭᠤᠯᠬᠤ᠂ ᠠᠵᠢᠯ ᠣᠯᠭᠣᠯᠲᠠ ᠵᠢ ᠵᠣᠯᠭ᠋ᠠᠭᠤᠯᠬᠤ᠂ ᠪᠣᠯᠪᠠᠰᠤᠷᠠᠯ᠎ᠢ ᠵᠣᠯᠭ᠋ᠠᠭᠤᠯᠬᠤ᠂ ᠮᠥᠷᠳᠡᠨ ᠦᠢ᠍ᠯᠡᠴᠢᠯᠡᠬᠦ ᠵᠡᠷᠭᠡ ᠠᠵᠢᠯ᠎ᠢ ᠰᠠᠶ᠋ᠢᠲᠤᠷ ᠥᠷᠨᠢᠭᠦᠯᠦᠨ᠎ᠡ᠃ ᠤᠯᠠᠨ ᠨᠠᠢ᠌ᠳᠠ ᠵᠢᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠲᠡᠩᠴᠡᠭᠦᠷᠢᠲᠦ ᠴᠢᠨᠠᠷ᠂ ᠪᠣᠯᠣᠮᠵᠢᠲᠤ ᠴᠢᠨᠠᠷ᠎ᠢ ᠲᠠᠰᠤᠷᠠᠯᠲᠠ ᠦᠭᠡᠢ ᠴᠢᠩᠭ᠋ᠠᠳᠬᠠᠵᠤ᠂ ᠤᠯᠠᠨ ᠨᠠᠢ᠌ᠳᠠ ᠵᠢᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠦᠨᠳᠦᠰᠦᠨ ᠱᠠᠲᠤ ᠲᠡᠢ᠍ᠢ᠍ᠰᠢ ᠥᠷᠭᠡᠵᠢᠨ᠂ ᠤᠯᠠᠨ ᠲᠦᠮᠡᠨ᠎ᠤ ᠳᠡᠷᠭᠡᠳᠡ ᠭᠥᠷᠳᠡᠯ᠎ᠡ ᠥᠷᠭᠡᠵᠢᠨ ᠬᠥᠭᠵᠢᠬᠦ ᠵᠢ ᠠᠬᠢᠭᠤᠯᠤᠨ᠎ᠠ᠃ ᠪᠠᠰᠠ ᠲᠣᠭ᠎ᠠ ᠪᠠᠷᠢᠮᠲᠠ᠎ᠪᠠᠷ ᠬᠦᠴᠦᠨ ᠴᠢᠳᠠᠯ ᠣᠯᠭᠣᠬᠤ ᠵᠢ ᠴᠢᠩᠭ᠋ᠠᠳᠬᠠᠵᠤ᠂ 《ᠬᠠᠢ᠍ᠢ᠍ᠷᠤᠪ᠎ᠤᠨ ᠲᠣᠬᠣᠢ ᠲᠣᠭᠣᠷᠢᠭ᠎ᠤᠨ ᠠᠵᠢᠯ ᠣᠯᠭᠣᠯᠲᠠ᠎ᠳᠤ ᠠᠰᠢᠭ ᠬᠦᠷᠲᠡᠭᠡᠬᠦ ᠰᠦᠯᠵᠢᠶᠡᠨ ᠳᠡᠭᠡᠷᠡᠬᠢ ᠦᠢ᠍ᠯᠡᠴᠢᠯᠡᠭᠡᠨ᠎ᠤ ᠲᠠᠪᠴᠠᠩ》 《ᠬᠠᠢ᠍ᠢ᠍ᠷᠤᠪ᠎ᠤᠨ ᠲᠣᠬᠣᠢ ᠵᠢᠨ ᠲᠣᠭ᠋ᠠᠴᠢᠯᠠᠭᠰᠠᠨ ᠣᠶᠤᠨᠴᠢ ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ》᠎ᠢ ᠳᠡᠯᠭᠡᠷᠡᠭᠦᠯᠬᠦ ᠡᠷᠴᠢᠮ ᠵᠶ᠋ᠡᠨ ᠴᠢᠩᠭ᠋ᠠᠷᠠᠭᠤᠯᠵᠤ᠂ ᠨᠠᠩ ᠪᠣᠰᠣᠭ᠎ᠠ ᠴᠣᠭᠴᠠᠲᠤ ᠪᠥᠬᠥ ᠲᠠᠯ᠎ᠠ ᠵᠢᠨ ᠤᠯᠠᠨ ᠨᠠᠢ᠌ᠳᠠ ᠵᠢᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠵᠢᠭᠰᠠᠭ᠋ᠠᠯ᠎ᠢ ᠡᠭᠦᠳᠦᠨ ᠪᠠᠢ᠌ᠭᠤᠯᠵᠤ᠂ ᠠᠵᠤ ᠠᠬᠤᠢ᠌ᠯᠠᠯ ᠪᠠ ᠤᠯᠠᠨ ᠲᠦᠮᠡᠨ᠎ᠳᠤ ᠨᠠᠩ ᠰᠢᠯᠢᠳᠡᠭ ᠨᠠᠩ ᠬᠠᠯᠠᠭᠤᠨ ᠳᠤᠯᠠᠭ᠋ᠠᠬᠠᠨ ᠤᠯᠠᠨ ᠨᠠᠢ᠌ᠳᠠ ᠵᠢᠨ ᠠᠵᠢᠯ ᠣᠯᠭᠣᠯᠲᠠ ᠵᠢᠨ ᠦᠢ᠍ᠯᠡᠴᠢᠯᠡᠭᠡ ᠬᠠᠩᠭ᠋ᠠᠨ᠎ᠠ᠃
ᠲᠦᠩᠯᠢᠶᠣᠣ ᠬᠣᠲᠠ ᠵᠢᠨ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠣᠪᠴᠢᠶᠠᠨ ᠳᠠᠷᠤᠭ᠎ᠠ ᠯᠢᠦ ᠵᠠᠨ᠄
ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠵᠤ᠂ ᠰᠢᠨ᠎ᠡ ᠴᠠᠭ ᠦᠶ᠎ᠡ ᠰᠢᠨ᠎ᠡ ᠠᠶᠠᠨ᠎ᠳᠠᠬᠢ ᠠᠵᠢᠯ ᠣᠯᠭᠣᠯᠲᠠ ᠵᠢᠨ ᠠᠵᠢᠯ᠎ᠤᠨ ᠪᠠᠢ᠌ᠯᠳᠤᠬᠤ ᠪᠣᠳᠣᠯᠭ᠎ᠠ ᠵᠢᠨ ᠱᠠᠭ᠋ᠠᠷᠳᠠᠯᠭ᠎ᠠ ᠵᠢ ᠣᠨᠣᠪᠴᠢᠲᠠᠢ ᠡᠵᠡᠮᠳᠡᠨ᠂ ᠴᠢᠨᠠᠷ ᠰᠠᠢ᠌ᠲᠠᠢ ᠭᠦᠢ᠍ᠴᠡᠳ ᠠᠵᠢᠯ ᠣᠯᠭᠣᠯᠲᠠ ᠵᠢ ᠴᠢᠨᠠᠷ ᠰᠠᠢ᠌ᠲᠠᠢ ᠬᠥᠭᠵᠢᠯᠲᠡ ᠵᠢᠨ ᠴᠢᠬᠤᠯᠠ ᠰᠠᠭᠤᠷᠢ ᠪᠣᠯᠭ᠋ᠠᠵᠤ᠂ ᠥᠷᠭᠡᠨ ᠤᠯᠠᠨ ᠬᠥᠳᠡᠯᠮᠦᠷᠢᠴᠢᠳ᠎ᠤᠨ ᠬᠦᠷᠲᠡᠮᠵᠢ ᠵᠢᠨ ᠲᠥᠷᠥᠭᠳᠡᠯ ᠵᠢᠷᠭ᠋ᠠᠯᠲᠤ ᠲᠥᠷᠥᠭᠳᠡᠯ ᠠᠮᠤᠷ ᠲᠦᠪᠰᠢᠨ᠎ᠤ ᠲᠥᠷᠥᠭᠳᠡᠯ᠎ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ ᠨᠢᠭᠡ᠎ᠳᠤ᠂ ᠠᠵᠢᠯ ᠣᠯᠭᠣᠯᠲᠠ ᠵᠢᠨ 《ᠳᠠᠯᠳᠠ ᠬᠦᠴᠦᠨ》᠎ᠢ ᠭᠦᠢ᠍ᠴᠡᠳ ᠠᠭᠤᠳᠠᠯᠤᠨ᠎ᠠ᠃ ᠨᠡᠢ᠌ᠭᠡᠮ ᠲᠣᠭᠣᠷᠢᠭ᠂ ᠠᠵᠢᠯ ᠣᠯᠭᠣᠯᠲᠠ ᠵᠢᠨ ᠬᠠᠮᠢᠶᠠᠷᠤᠯᠲᠠ ᠵᠢᠨ ᠨᠡᠢ᠌ᠭᠡᠮᠯᠢᠭ ᠵᠡᠷᠭᠡ ᠤᠯᠠᠨ ᠲᠠᠯ᠎ᠠ ᠵᠢᠨ ᠡᠬᠢ ᠪᠠᠶᠠᠯᠢᠭ᠎ᠲᠤ ᠲᠦᠰᠢᠭᠯᠡᠨ᠂ ᠠᠮᠢᠳᠤᠯᠢᠭ ᠵᠶ᠋ᠠᠷ ᠠᠵᠢᠯ ᠣᠯᠭᠣᠬᠤ ᠰᠢᠨ᠎ᠡ ᠬᠡᠪ ᠵᠠᠭᠪᠤᠷ᠂ ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ᠂ ᠨᠡᠢ᠌ᠭᠡᠮ ᠲᠣᠭᠣᠷᠢᠭ᠎ᠤᠨ ᠦᠢ᠍ᠯᠡᠳᠬᠡᠯ᠎ᠤᠨ ᠭᠠᠵᠠᠷ᠂ 《1+N》 ᠰᠢᠭᠤᠳ ᠨᠡᠪᠲᠡᠷᠡᠭᠦᠯᠭᠡ᠎ᠪᠠᠷ ᠠᠵᠢᠯ᠎ᠤᠨ ᠪᠠᠶ᠋ᠢᠷᠢ ᠲᠠᠨᠢᠯᠴᠠᠭᠤᠯᠬᠤ ᠵᠡᠷᠭᠡ ᠰᠢᠨ᠎ᠡ ᠬᠡᠯᠪᠡᠷᠢ ᠵᠢᠨ ᠠᠵᠢᠯ ᠣᠯᠭᠣᠯᠲᠠ ᠵᠢᠨ ᠠᠷᠭ᠎ᠠ ᠵᠠᠮ᠎ᠢ ᠬᠦᠴᠦᠯᠡᠨ ᠪᠤᠢ ᠪᠣᠯᠭ᠋ᠠᠵᠤ᠂ ᠠᠳᠠᠯᠢ ᠪᠤᠰᠤ ᠬᠦᠰᠡᠯ ᠱᠠᠭ᠋ᠠᠷᠳᠠᠯᠭ᠎ᠠ᠎ᠲᠠᠢ ᠠᠵᠢᠯ ᠡᠷᠢᠬᠦ ᠬᠥᠮᠥᠰ᠎ᠢ ᠠᠳᠠᠯᠢ ᠪᠤᠰᠤ ᠠᠵᠢᠯ ᠣᠯᠭᠣᠯᠲᠠ ᠵᠢᠨ ᠠᠷᠭ᠎ᠠ ᠵᠠᠮ ᠵᠶ᠋ᠡᠷ ᠶᠠᠪᠤᠭᠤᠯᠵᠤ᠂ ᠬᠥᠯᠥᠰᠦᠨ ᠠᠵᠢᠯ ᠬᠢᠬᠦ ᠲᠣᠮᠣ ᠬᠣᠰᠢᠭᠤᠨ᠎ᠤ ᠳᠠᠪᠠᠭᠤᠯᠢᠭ ᠪᠠ ᠲᠠᠪᠴᠠᠩ᠎ᠤᠨ ᠳᠠᠪᠠᠭᠤᠯᠢᠭ᠎ᠢ ᠠᠰᠢᠭᠯᠠᠨ ᠬᠥᠳᠡᠯᠮᠦᠷᠢ ᠦᠢ᠍ᠯᠡᠴᠢᠯᠡᠭᠡᠨ᠎ᠤ ᠬᠠᠮᠵᠢᠯᠴᠠᠭ᠎ᠠ ᠵᠢᠨ 《ᠰᠢᠨ᠎ᠡ ᠲᠠᠪᠴᠠᠩ》᠎ᠢ ᠪᠤᠢ ᠪᠣᠯᠭ᠋ᠠᠨ᠎ᠠ᠃ ᠬᠣᠶᠠᠷ᠎ᠲᠤ᠂ ᠦᠢ᠍ᠯᠡᠰ ᠪᠣᠰᠬᠠᠬᠤ 《ᠠᠮᠢᠵᠢᠷᠠᠯ᠎ᠤᠨ ᠬᠦᠴᠦᠨ》᠎ᠢ ᠬᠥᠭᠵᠢᠭᠡᠨ᠎ᠡ᠃ ᠣᠶᠤᠲᠠᠳ᠎ᠤᠨ ᠦᠢ᠍ᠯᠡᠰ ᠪᠣᠰᠬᠠᠬᠤ ᠨᠡᠪᠴᠢᠭᠦᠯᠬᠦ ᠬᠦᠷᠢᠶᠡᠯᠡᠩ ᠲᠣᠭᠣᠷᠢᠭ ᠵᠢᠴᠢ ᠨᠤᠲᠤᠭ᠎ᠲᠠᠭᠠᠨ ᠪᠤᠴᠠᠵᠤ ᠦᠢ᠍ᠯᠡᠰ ᠪᠣᠰᠬᠠᠬᠤ ᠬᠦᠷᠢᠶᠡᠯᠡᠩ ᠲᠣᠭᠣᠷᠢᠭ᠎ᠤᠨ ᠰᠠᠭᠤᠷᠢᠨ ᠳᠡᠭᠡᠷ᠎ᠡ᠂ ᠶᠡᠷᠦᠩᠬᠡᠢ᠌ᠯᠡᠭᠰᠡᠨ ᠴᠢᠨᠠᠷᠲᠠᠢ ᠦᠢ᠍ᠯᠡᠴᠢᠯᠡᠭᠡᠨ᠎ᠤ ᠬᠦᠷᠢᠶᠡᠯᠡᠩ ᠲᠣᠭᠣᠷᠢᠭ᠎ᠢ ᠢᠳᠡᠪᠬᠢᠲᠡᠢ᠎ᠪᠠᠷ ᠪᠡᠯᠡᠳᠬᠡᠨ ᠪᠠᠢ᠌ᠭᠤᠯᠬᠤ ᠵᠢᠨ ᠬᠠᠮᠲᠤ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠨᠡᠪᠴᠢᠭᠦᠯᠬᠦ ᠰᠠᠭᠤᠷᠢᠨ᠎ᠳᠤ ᠣᠷᠣᠵᠤ ᠦᠢ᠍ᠯᠡᠰ ᠪᠣᠰᠬᠠᠵᠤ ᠠᠵᠢᠯ ᠣᠯᠬᠤ ᠵᠢ ᠵᠣᠷᠢᠭᠵᠢᠭᠤᠯᠬᠤ ᠵᠢᠨ ᠬᠠᠮᠲᠤ ᠦᠢ᠍ᠯᠡᠰ ᠪᠣᠰᠬᠠᠬᠤ ᠪᠣᠯᠪᠠᠰᠤᠷᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠢ ᠶᠡᠬᠡ ᠬᠡᠪᠴᠢᠶ᠎ᠡ᠎ᠪᠠᠷ ᠥᠷᠨᠢᠭᠦᠯᠦᠨ᠎ᠡ᠃ ᠭᠤᠷᠪᠠ᠎ᠳᠤ᠂ ᠭᠣᠣᠯᠳᠠᠯᠭ᠎ᠠ᠎ᠲᠠᠢ ᠬᠥᠮᠥᠰ᠎ᠤᠨ 《ᠦᠨᠳᠦᠰᠦᠨ ᠵᠦᠢ᠍ᠯ᠎ᠢ ᠪᠠᠲᠤᠯᠠᠬᠤ》 ᠵᠢ ᠴᠢᠩᠭ᠋ᠠᠳᠬᠠᠨ᠎ᠠ᠃ 《ᠭᠤᠷᠪᠠ ᠵᠢ ᠳᠡᠮᠵᠢᠵᠦ ᠨᠢᠭᠡ ᠵᠢ ᠲᠡᠳᠬᠦᠬᠦ》᠂ ᠨᠡᠢ᠌ᠭᠡᠮ ᠲᠣᠭᠣᠷᠢᠭ᠎ᠤᠨ ᠠᠷᠠᠳ᠎ᠤᠨ ᠠᠮᠢᠳᠤᠷᠠᠯ᠎ᠤᠨ ᠰᠠᠶ᠋ᠢᠨ ᠳᠤᠷ᠎ᠠ ᠵᠢᠨ ᠠᠵᠢᠯᠯᠠᠭᠴᠢ᠂ ᠳᠤᠮᠳᠠ ᠵᠢᠵᠢᠭ ᠠᠵᠤ ᠠᠬᠤᠢ᠌ᠯᠠᠯ᠎ᠤᠨ ᠴᠢᠳᠠᠪᠤᠷᠢᠲᠠᠨ᠎ᠢ ᠨᠥᠭᠡᠴᠡᠯᠡᠬᠦ ᠵᠡᠷᠭᠡ ᠦᠨᠳᠦᠰᠦᠨ ᠱᠠᠲᠤᠨ᠎ᠤ ᠦᠢ᠍ᠯᠡᠴᠢᠯᠡᠭᠡᠨ᠎ᠤ ᠲᠥᠷᠥᠯ ᠵᠦᠢ᠍ᠯ᠎ᠢ ᠰᠠᠶ᠋ᠢᠲᠤᠷ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠠᠵᠢᠯ ᠣᠯᠭᠣᠯᠲᠠ ᠵᠢᠨ ᠲᠤᠰᠠᠯᠠᠮᠵᠢ ᠵᠢᠨ ᠰᠠᠷ᠎ᠠ᠂ ᠤᠷᠢᠬᠠᠨ ᠬᠠᠪᠤᠷ᠎ᠤᠨ ᠠᠵᠢᠯᠯᠠᠭ᠎ᠠ᠂ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠠᠵᠢᠯ ᠣᠯᠭᠣᠯᠲᠠ ᠵᠢᠨ ᠠᠵᠢᠯᠲᠠᠨ ᠠᠵᠢᠯᠴᠢᠨ ᠡᠯᠰᠡᠬᠦ ᠲᠤᠰᠬᠠᠢ ᠲᠠᠯᠠᠪᠠᠢ ᠠᠵᠢᠯᠯᠠᠭ᠎ᠠ ᠵᠡᠷᠭᠡ ᠡᠯ᠎ᠡ ᠲᠥᠷᠥᠯ᠎ᠤᠨ ᠠᠵᠢᠯᠲᠠᠨ ᠠᠵᠢᠯᠴᠢᠨ ᠡᠯᠰᠡᠬᠦ ᠠᠵᠢᠯᠯᠠᠭ᠎ᠠ ᠵᠢ ᠢᠳᠡᠪᠬᠢᠲᠡᠢ ᠥᠷᠨᠢᠭᠦᠯᠵᠦ᠂ ᠬᠦᠴᠢᠷᠳᠡᠯᠲᠡᠢ ᠬᠥᠮᠥᠰ᠎ᠤᠨ ᠠᠵᠢᠯ ᠣᠯᠭᠣᠯᠲᠠ ᠵᠢᠨ ᠦᠨᠳᠦᠰᠦᠨ ᠵᠦᠢ᠍ᠯ᠎ᠢ ᠪᠠᠲᠤᠯᠠᠵᠤ ᠬᠠᠪᠰᠤᠷᠤᠨ ᠲᠡᠳᠬᠦᠬᠦ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ᠂ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ᠂ ᠴᠡᠷᠢᠭ᠎ᠤᠨ ᠠᠯᠪᠠ᠎ᠠᠴᠠ ᠬᠠᠯᠠᠭᠳᠠᠭᠰᠠᠳ᠂ ᠡᠮᠡᠭᠲᠡᠶ᠋ᠢᠴᠦᠳ ᠵᠡᠷᠭᠡ ᠬᠥᠮᠥᠰ᠎ᠤᠨ ᠠᠵᠢᠯ ᠣᠯᠭᠣᠯᠲᠠ ᠵᠢᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠶ᠋ᠢᠲᠤᠷ ᠠᠳᠬᠤᠨ᠎ᠠ᠃
ᠬᠢᠩᠭ᠋ᠠᠨ ᠠᠶ᠋ᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠣᠪᠴᠢᠶᠠᠨ ᠳᠠᠷᠤᠭ᠎ᠠ ᠲᠦᠩ ᠵᠠᠨ ᠵᠢᠶᠦ᠋ᠨ᠄
ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠠᠵᠢᠯ ᠣᠯᠭᠣᠯᠲᠠ ᠵᠢᠨ ᠠᠵᠢᠯ᠎ᠤᠨ ᠭᠣᠣᠯ ᠬᠠᠷᠢᠭᠤᠴᠠᠯᠭ᠎ᠠ ᠭᠣᠣᠯ ᠠᠵᠢᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠵᠢᠭᠦᠯᠵᠦ ᠪᠥᠬᠥ ᠬᠣᠰᠢᠭᠤᠨ᠎ᠤ ᠠᠵᠤ ᠠᠬᠤᠢ᠌ᠯᠠᠯ᠎ᠤᠨ ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠤᠨ ᠠᠵᠢᠯ᠎ᠤᠨ ᠪᠠᠶ᠋ᠢᠷᠢ ᠵᠢ ᠥᠷᠭᠡᠳᠬᠡᠬᠦ᠂ ᠤᠯᠠᠨ ᠲᠦᠮᠡᠨ᠎ᠤ ᠠᠵᠢᠯ ᠣᠯᠵᠤ ᠣᠷᠣᠯᠭ᠎ᠠ᠎ᠪᠠᠨ ᠨᠡᠮᠡᠭᠳᠡᠭᠦᠯᠬᠦ ᠵᠢ ᠠᠬᠢᠭᠤᠯᠤᠨ᠎ᠠ; ᠬᠣᠲᠠ ᠬᠥᠳᠡᠭᠡ ᠵᠢᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠰᠢᠰᠲ᠋ᠧᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠵᠢᠯ ᠣᠯᠭᠣᠯᠲᠠ ᠵᠢᠨ ᠠᠷᠭ᠎ᠠ ᠵᠠᠮ᠎ᠢ ᠬᠦᠴᠦᠯᠡᠨ ᠥᠷᠭᠡᠳᠬᠡᠵᠦ᠂ ᠤᠨᠢᠨ ᠳᠡᠭᠡᠷ᠎ᠡ᠎ᠨᠢ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ ᠠᠵᠤ ᠠᠬᠤᠢ᠌ᠯᠠᠯ᠎ᠢ ᠬᠠᠪᠰᠤᠷᠤᠨ ᠬᠦᠴᠢᠷᠳᠡᠯ᠎ᠢ᠎ᠨᠢ ᠰᠢᠢ᠍ᠳᠪᠦᠷᠢᠯᠡᠵᠦ ᠥᠭᠭᠦᠨ᠂ ᠬᠦᠴᠢᠷᠳᠡᠯᠲᠡᠢ ᠬᠥᠮᠥᠰ᠎ᠤᠨ ᠠᠵᠢᠯ ᠣᠯᠭᠣᠯᠲᠠ ᠵᠢᠨ ᠦᠨᠳᠦᠰᠦᠨ ᠵᠦᠢ᠍ᠯ᠎ᠢ ᠪᠠᠲᠤᠯᠠᠵᠤ ᠬᠠᠪᠰᠤᠷᠤᠨ ᠲᠡᠳᠬᠦᠬᠦ ᠵᠢ ᠰᠠᠶ᠋ᠢᠲᠤᠷ ᠠᠳᠬᠤᠨ᠎ᠠ; 《ᠪᠣᠯᠪᠠᠰᠤᠷᠠᠯ + ᠠᠵᠢᠯ ᠣᠯᠭᠣᠯᠲᠠ》 ᠵᠢᠨ ᠵᠠᠭᠪᠤᠷ᠎ᠢ ᠢᠳᠡᠪᠬᠢᠲᠡᠢ ᠰᠦᠪᠡᠭᠴᠢᠯᠡᠵᠦ᠂ ᠪᠣᠯᠪᠠᠰᠤᠷᠠᠯ᠎ᠢ ᠠᠳᠬᠤᠨ᠂ ᠪᠦᠲᠦᠴᠡ ᠵᠢ ᠲᠣᠬᠢᠷᠠᠭᠤᠯᠵᠤ᠂ ᠶᠠᠰᠤ ᠴᠢᠨᠠᠷ᠎ᠢ ᠳᠡᠭᠡᠭᠰᠢᠯᠡᠭᠦᠯᠦᠨ᠎ᠡ; ᠦᠢ᠍ᠯᠡᠰ ᠪᠣᠰᠬᠠᠵᠤ ᠰᠢᠨ᠎ᠡ ᠵᠢ ᠡᠭᠦᠳᠬᠦ ᠵᠢ ᠴᠢᠩᠭ᠋ᠠᠳᠬᠠᠵᠤ᠂ ᠭᠠᠳᠠᠭᠰᠢ ᠭᠠᠷᠴᠤ ᠠᠵᠢᠯ ᠬᠢᠬᠦ ᠪᠠ ᠣᠢ᠌ᠷ᠎ᠠ ᠬᠠᠪᠢ᠎ᠳᠠᠭᠠᠨ ᠠᠵᠢᠯ ᠣᠯᠬᠤ ᠵᠢ ᠵᠡᠷᠭᠡ᠎ᠪᠡᠷ ᠴᠢᠬᠤᠯᠠᠴᠢᠯᠠᠬᠤ ᠵᠢ ᠪᠠᠷᠢᠮᠲᠠᠯᠠᠨ᠂ ᠣᠷᠣᠨ ᠪᠦᠰᠡ ᠵᠢᠨ ᠬᠥᠳᠡᠯᠮᠦᠷᠢ ᠦᠢ᠍ᠯᠡᠴᠢᠯᠡᠭᠡᠨ᠎ᠤ ᠬᠠᠮᠵᠢᠯᠴᠠᠭ᠎ᠠ ᠪᠠ ᠮᠡᠳᠡᠭᠡ ᠵᠠᠩᠭᠢᠵᠢᠯᠲᠠ ᠵᠢᠨ ᠪᠠᠢ᠌ᠭᠤᠯᠤᠯᠲᠠ ᠵᠢ ᠢᠳᠡᠪᠬᠢᠲᠡᠢ ᠠᠬᠢᠭᠤᠯᠵᠤ᠂ ᠵᠢᠷᠤᠮᠵᠢᠭᠰᠠᠨ ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ᠎ᠢ ᠪᠠᠢ᠌ᠭᠤᠯᠵᠤ᠂ ᠭᠣᠣᠯᠳᠠᠯᠭ᠎ᠠ᠎ᠲᠠᠢ ᠬᠥᠮᠥᠰ᠎ᠤᠨ ᠭᠦᠢ᠍ᠴᠡᠳ ᠠᠵᠢᠯ ᠣᠯᠬᠤ ᠵᠢ ᠭᠦᠨᠵᠡᠭᠡᠢ ᠬᠡᠷᠡᠭᠵᠢᠭᠦᠯᠦᠨ᠂ ᠠᠵᠢᠯ ᠣᠯᠵᠤ ᠦᠢ᠍ᠯᠡᠰ ᠪᠣᠰᠬᠠᠬᠤ ᠠᠵᠢᠯ᠎ᠢ ᠠᠷᠠᠳ᠎ᠤᠨ ᠠᠮᠢᠳᠤᠷᠠᠯ᠎ᠢ ᠪᠠᠲᠤᠯᠠᠬᠤ ᠠᠵᠢᠯ᠎ᠠᠴᠠ ᠠᠷᠠᠳ᠎ᠤᠨ ᠠᠮᠢᠳᠤᠷᠠᠯ᠎ᠢ ᠪᠠᠶᠠᠵᠢᠭᠤᠯᠬᠤ ᠲᠡᠢ᠍ᠢ᠍ᠰᠢ ᠲᠠᠰᠤᠷᠠᠯᠲᠠ ᠦᠭᠡᠢ ᠬᠤᠪᠢᠷᠠᠭᠤᠯᠬᠤ᠎ᠪᠠᠷ ᠴᠢᠷᠮᠠᠢ᠌ᠵᠤ᠂ ᠪᠥᠬᠥ ᠬᠣᠰᠢᠭᠤᠨ᠎ᠤ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠬᠦᠷᠲᠡᠮᠵᠢ ᠵᠢᠨ ᠲᠥᠷᠥᠭᠳᠡᠯ᠂ ᠵᠢᠷᠭ᠋ᠠᠯᠲᠤ ᠲᠥᠷᠥᠭᠳᠡᠯ᠂ ᠠᠮᠤᠷ ᠲᠦᠪᠰᠢᠨ᠎ᠤ ᠲᠥᠷᠥᠭᠳᠡᠯ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ᠎ᠤᠨ ᠠᠮᠢᠳᠤᠷᠠᠯ᠎ᠤᠨ ᠦᠨᠳᠦᠰᠦ ᠵᠢ ᠦᠨᠡᠨᠬᠦ ᠪᠠᠲᠤᠳᠬᠠᠨ᠎ᠠ᠃
ᠰᠢᠯᠢ ᠵᠢᠨ ᠭᠣᠣᠯ ᠠᠶ᠋ᠢᠮᠠᠭ᠎ᠤᠨ ᠵᠡᠭᠦᠨ ᠦᠵᠦᠮᠦᠴᠢᠨ ᠬᠣᠰᠢᠭᠤᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠣᠪᠴᠢᠶᠠᠨ ᠳᠠᠷᠤᠭ᠎ᠠ ᠯᠢ ᠰᠢᠶᠣᠣ ᠴᠢᠶᠠᠩ᠄
ᠵᠡᠭᠦᠨ ᠦᠵᠦᠮᠦᠴᠢᠨ ᠬᠣᠰᠢᠭᠤ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠣᠢ᠌ᠯᠠᠭ᠋ᠠᠵᠤ᠂ ᠨᠡᠩ ᠭᠦᠢ᠍ᠴᠡᠳ ᠨᠡᠩ ᠴᠢᠨᠠᠷ ᠰᠠᠢ᠌ᠲᠠᠢ ᠠᠵᠢᠯ ᠣᠯᠭᠣᠯᠲᠠ ᠵᠢ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠲᠡᠷᠢᠭᠦᠨ ᠬᠠᠷᠠᠯᠲᠠ ᠪᠣᠯᠭ᠋ᠠᠵᠤ᠂ ᠡᠯ᠎ᠡ ᠵᠦᠢ᠍ᠯ᠎ᠤᠨ ᠠᠵᠢᠯ ᠣᠯᠭᠣᠬᠤ ᠦᠢ᠍ᠯᠡᠰ ᠪᠣᠰᠬᠠᠬᠤ ᠲᠥᠷᠥ ᠵᠢᠨ ᠪᠣᠳᠣᠯᠭ᠎ᠠ ᠵᠢ ᠭᠦᠢ᠍ᠴᠡᠳ ᠰᠠᠶ᠋ᠢᠲᠤᠷ ᠬᠡᠷᠡᠭᠯᠡᠵᠦ᠂ ᠬᠠᠷᠢᠶ᠎ᠠ ᠣᠷᠣᠨ᠎ᠤ ᠤᠯᠠᠨ ᠲᠦᠮᠡᠨ᠎ᠤ ᠣᠢ᠌ᠷ᠎ᠠ ᠬᠠᠪᠢ᠎ᠳᠠᠭᠠᠨ ᠲᠤᠬᠠᠢ ᠵᠢᠨ ᠭᠠᠵᠠᠷ᠎ᠲᠠᠭᠠᠨ ᠲᠣᠭᠲᠠᠭᠤᠨ ᠵᠶ᠋ᠠᠷ ᠠᠵᠢᠯ ᠣᠯᠬᠤ ᠵᠢ ᠪᠠᠲᠤᠯᠠᠨ᠎ᠠ᠃ ᠨᠢᠭᠡ᠎ᠳᠤ᠂ ᠰᠢᠨ᠎ᠡ ᠵᠢ ᠡᠭᠦᠳᠦᠨ ᠦᠢ᠍ᠯᠡᠰ ᠪᠣᠰᠬᠠᠬᠤ ᠵᠢ ᠵᠣᠷᠢᠭᠵᠢᠭᠤᠯᠵᠤ᠂ ᠠᠵᠢᠯ ᠣᠯᠭᠣᠬᠤ ᠣᠷᠣᠨ ᠵᠠᠢ ᠵᠢ ᠥᠷᠭᠡᠳᠬᠡᠨ᠎ᠡ᠃ ᠰᠢᠨ᠎ᠡ ᠵᠢ ᠡᠭᠦᠳᠦᠨ ᠦᠢ᠍ᠯᠡᠰ ᠪᠣᠰᠬᠠᠬᠤ ᠨᠡᠪᠴᠢᠭᠦᠯᠬᠦ ᠰᠠᠭᠤᠷᠢᠨ ᠵᠡᠷᠭᠡ ᠠᠴᠢᠶᠠᠯᠠᠪᠤᠷᠢ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠬᠤ᠎ᠪᠠᠷ ᠳᠡᠮᠵᠢᠨ᠂ ᠮᠠᠨ᠎ᠤ ᠬᠣᠰᠢᠭᠤᠨ᠎ᠤ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ ᠵᠡᠷᠭᠡ ᠭᠣᠣᠯᠳᠠᠯᠭ᠎ᠠ᠎ᠲᠠᠢ ᠬᠥᠮᠥᠰ᠎ᠲᠤ ᠴᠢᠳᠠᠮᠵᠢ᠎ᠪᠠᠷ ᠪᠦᠷᠢᠨ ᠭᠦᠢ᠍ᠴᠡᠳ ᠦᠢ᠍ᠯᠡᠳᠪᠦᠷᠢᠯᠡᠯ ᠡᠵᠡᠩᠨᠡᠯᠲᠡ ᠵᠢᠨ ᠲᠠᠯᠠᠪᠤᠷ᠎ᠢ ᠲᠣᠬᠢᠷᠠᠭᠤᠯᠵᠤ ᠥᠭᠭᠦᠨ᠂ ᠡᠵᠡᠩᠨᠡᠯᠲᠡ᠎ᠪᠠᠨ ᠡᠬᠢᠯᠡᠭᠦᠯᠬᠦ ᠵᠢᠯᠣᠭᠣᠳᠤᠯᠭ᠎ᠠ ᠬᠢᠬᠦ᠂ ᠲᠥᠷᠥ ᠵᠢᠨ ᠪᠣᠳᠣᠯᠭ᠎ᠠ ᠵᠢᠨ ᠵᠥᠪᠯᠡᠯᠭᠡ ᠥᠭᠬᠦ᠂ ᠦᠢ᠍ᠯᠡᠰ ᠪᠣᠰᠬᠠᠬᠤ ᠪᠣᠯᠪᠠᠰᠤᠷᠠᠯ᠂ ᠤᠬᠠᠭᠤᠯᠤᠨ ᠲᠠᠨᠢᠯᠴᠠᠭᠤᠯᠬᠤ ᠵᠡᠷᠭᠡ 《ᠬᠡᠯᠬᠢᠶ᠎ᠡ》 ᠦᠢ᠍ᠯᠡᠴᠢᠯᠡᠭᠡ ᠵᠢ ᠦᠨ᠎ᠡ ᠲᠥᠯᠥᠪᠦᠷᠢ ᠦᠭᠡᠢ᠎ᠪᠠᠷ ᠬᠠᠩᠭ᠋ᠠᠨ᠎ᠠ᠃ ᠬᠣᠶᠠᠷ᠎ᠲᠤ᠂ ᠦᠢ᠍ᠯᠡᠰ ᠪᠣᠰᠬᠠᠬᠤ ᠪᠠᠲᠤᠯᠠᠭ᠋ᠠᠲᠤ ᠵᠢᠭᠡᠯᠡᠯᠭᠡ ᠵᠢᠨ ᠬᠦᠦ ᠮᠥᠩᠭᠥ ᠵᠢᠨ ᠨᠥᠬᠥᠪᠦᠷᠢ ᠥᠭᠬᠦ ᠪᠡᠯᠡ ᠮᠥᠩᠭᠥ ᠵᠢᠨ ᠬᠥᠲᠥᠯᠥᠨ ᠵᠢᠯᠤᠭᠣᠳᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠎ᠠ᠃ ᠪᠠᠭ᠎ᠠ ᠵᠢᠵᠢᠭ ᠠᠵᠤ ᠠᠬᠤᠢ᠌ᠯᠠᠯ ᠪᠣᠯᠣᠨ ᠭᠣᠣᠯᠳᠠᠯᠭ᠎ᠠ᠎ᠲᠠᠢ ᠦᠢ᠍ᠯᠡᠰ ᠪᠣᠰᠬᠠᠬᠤ ᠬᠥᠮᠥᠰ᠎ᠢ ᠲᠡᠳᠬᠦᠨ ᠳᠡᠮᠵᠢᠬᠦ᠎ᠪᠠᠷ ᠬᠠᠷᠠᠯᠲᠠ ᠪᠣᠯᠭ᠋ᠠᠨ᠂ ᠠᠵᠤ ᠠᠬᠤᠢ᠌ᠯᠠᠯ᠎ᠢ ᠬᠠᠪᠰᠤᠷᠤᠨ ᠪᠡᠯᠡ ᠬᠤᠷᠠᠮᠳᠤᠭᠤᠯᠬᠤ ᠬᠦᠴᠢᠷᠳᠡᠯ᠎ᠢ᠎ᠨᠢ ᠰᠢᠢ᠍ᠳᠪᠦᠷᠢᠯᠡᠵᠦ ᠥᠭᠬᠦ ᠵᠢᠨ ᠵᠡᠷᠭᠡ᠎ᠪᠠᠷ ᠠᠵᠤ ᠠᠬᠤᠢ᠌ᠯᠠᠯ᠎ᠤᠨ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ ᠪᠠ ᠠᠵᠢᠯ ᠣᠯᠭᠣᠯᠲᠠ ᠵᠢ ᠰᠢᠩᠭᠡᠬᠡᠨ ᠠᠪᠴᠤ ᠠᠵᠢᠯ ᠣᠯᠭᠣᠯᠲᠠ ᠵᠢ ᠳᠠᠢ᠌ᠴᠢᠯᠠᠬᠤ ᠵᠢ ᠠᠬᠢᠭᠤᠯᠤᠨ᠎ᠠ᠃ ᠭᠤᠷᠪᠠ᠎ᠳᠤ᠂ ᠤᠯᠠᠨ ᠨᠠᠢ᠌ᠳᠠ ᠵᠢᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠠᠵᠢᠯ᠎ᠢ ᠦᠨᠡᠨ ᠬᠦ᠌ ᠰᠠᠶ᠋ᠢᠲᠤᠷ ᠠᠳᠬᠤᠨ᠎ᠠ᠃ ᠠᠵᠤ ᠠᠬᠤᠢ᠌ᠯᠠᠯ᠎ᠤᠨ ᠠᠵᠢᠯᠴᠢᠨ ᠬᠡᠷᠡᠭᠯᠡᠬᠦ ᠪᠠᠲᠤᠯᠠᠭ᠎ᠠ ᠵᠢᠨ ᠦᠢ᠍ᠯᠡᠴᠢᠯᠡᠭᠡᠨ᠎ᠤ ᠲᠤᠰᠬᠠᠢ ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ ᠰᠦᠯᠵᠢᠶᠡᠨ ᠳᠡᠭᠡᠷᠡᠬᠢ ᠠᠴᠢᠶᠠᠯᠠᠭᠴᠢ 《ᠦᠢ᠍ᠯᠡᠰ ᠪᠣᠰᠬᠠᠬᠤ ᠵᠡᠭᠦᠨ ᠦᠵᠦᠮᠦᠴᠢᠨ》 《ᠤᠯᠠᠨ ᠵᠶ᠋ᠠᠷ ᠵᠶ᠋ᠠᠨ ᠦᠢ᠍ᠯᠡᠰ ᠪᠣᠰᠬᠠᠬᠤ ᠵᠡᠭᠦᠨ ᠦᠵᠦᠮᠦᠴᠢᠨ》 《ᠬᠠᠢ᠌ᠷ᠎ᠠ᠎ᠲᠤ ᠵᠡᠭᠦᠨ ᠦᠵᠦᠮᠦᠴᠢᠨ ᠵᠢᠵᠢᠭ ᠫᠷᠣᠭ᠌ᠷᠠᠮ》᠂ ᠪᠣᠳᠠᠲᠤ ᠴᠣᠭᠴᠠ ᠵᠢᠨ ᠠᠴᠢᠶᠠᠯᠠᠭᠴᠢ 《ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ》 ᠵᠶ᠋ᠡᠷ ᠬᠣᠣᠰ ᠴᠢᠭᠯᠡᠯ ᠵᠶ᠋ᠡᠷ ᠬᠥᠳᠡᠯᠭᠡᠭᠦᠷ ᠪᠣᠯᠭ᠋ᠠᠵᠤ᠂ ᠬᠠᠷᠢᠶᠠᠲᠤ ᠣᠷᠣᠨ᠎ᠤ ᠠᠵᠢᠯ᠎ᠤᠨ ᠪᠠᠶ᠋ᠢᠷᠢ ᠵᠢ ᠥᠷᠭᠡᠨ ᠵᠶ᠋ᠡᠷ ᠡᠯᠰᠡᠨ᠂ ᠮᠠᠨ᠎ᠤ ᠬᠣᠰᠢᠭᠤᠨ᠎ᠤ ᠠᠵᠢᠯ ᠣᠯᠭᠣᠯᠲᠠ ᠵᠢᠨ ᠣᠷᠣᠨ ᠵᠠᠢ ᠵᠢ ᠦᠷᠭᠦᠯᠵᠢᠯᠡᠨ ᠥᠷᠭᠡᠳᠬᠡᠵᠦ᠂ ᠬᠥᠳᠡᠯᠮᠦᠷᠢᠴᠢᠳ᠎ᠤᠨ ᠣᠢ᠌ᠷ᠎ᠠ ᠬᠠᠪᠢ᠎ᠳᠠᠭᠠᠨ ᠲᠤᠬᠠᠢ ᠵᠢᠨ ᠭᠠᠵᠠᠷ᠎ᠲᠠᠭᠠᠨ ᠠᠵᠢᠯ ᠣᠯᠬᠤ ᠬᠡᠷᠡᠭᠴᠡᠭᠡ ᠵᠢ ᠭᠦᠢ᠍ᠴᠡᠳ ᠬᠠᠩᠭ᠋ᠠᠨ᠎ᠠ᠃ ᠳᠥᠷᠪᠡ᠎ᠳᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠵᠦ ᠠᠵᠢᠯ ᠣᠯᠭᠣᠯᠲᠠ ᠵᠢᠨ ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠤᠨ᠎ᠠ᠃ ᠮᠡᠳᠡᠭᠡ ᠵᠠᠩᠭᠢᠵᠢᠯᠲᠠ ᠵᠢᠨ ᠠᠷᠭ᠎ᠠ ᠪᠠᠷᠢᠯ᠎ᠢ ᠭᠦᠢ᠍ᠴᠡᠳ ᠠᠰᠢᠭᠯᠠᠨ᠂ ᠠᠵᠤ ᠠᠬᠤᠢ᠌ᠯᠠᠯ᠎ᠳᠤ 《ᠰᠠᠨᠠᠭ᠋ᠠᠴᠢᠯᠠᠭ᠎ᠠ᠎ᠠᠴᠠ᠎ᠪᠠᠨ ᠬᠠᠷᠢᠯᠴᠠᠬᠤ᠂ ᠡᠮᠦᠨ᠎ᠡ᠎ᠨᠢ ᠦᠢ᠍ᠯᠡᠴᠢᠯᠡᠬᠦ᠂ ᠤᠨᠢᠨ ᠳᠡᠭᠡᠷ᠎ᠡ᠎ᠨᠢ ᠵᠣᠯᠭ᠋ᠠᠭᠤᠯᠬᠤ᠂ ᠳᠥᠭᠥᠮ ᠲᠦᠷᠭᠡᠨ》 ᠦᠢ᠍ᠯᠡᠴᠢᠯᠡᠭᠡ ᠬᠠᠩᠭ᠋ᠠᠵᠤ᠂ ᠦᠢ᠍ᠯᠡᠴᠢᠯᠡᠭᠡᠨ᠎ᠤ ᠶᠠᠰᠤ ᠴᠢᠨᠠᠷ ᠪᠠ ᠴᠢᠳᠠᠪᠤᠷᠢ ᠵᠢ ᠲᠣᠭᠲᠠᠭᠤᠨ ᠵᠶ᠋ᠠᠷ ᠳᠡᠭᠡᠭᠰᠢᠯᠡᠭᠦᠯᠦᠨ᠂ ᠲᠣᠭᠲᠠᠪᠤᠷᠢᠲᠠᠢ ᠠᠵᠢᠯ ᠣᠯᠭᠣᠯᠲᠠ ᠵᠢ ᠦᠨᠡᠨ ᠬᠦ᠌ ᠪᠠᠲᠤᠯᠠᠨ᠎ᠠ᠃
ᠪᠠᠶᠠᠨᠨᠠᠭᠤᠷ ᠬᠣᠲᠠ ᠵᠢᠨ ᠤᠷᠠᠳ᠎ᠤᠨ ᠬᠣᠢ᠌ᠲᠤ ᠬᠣᠰᠢᠭᠤᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ ᠵᠢᠨ ᠳᠡᠳ᠋ ᠳᠠᠷᠤᠭ᠎ᠠ ᠯᠢ ᠰᠢᠶᠣᠣ ᠶᠢᠩ᠄
ᠪᠢᠳᠡ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠥᠬᠥ ᠬᠣᠰᠢᠭᠤᠨ᠎ᠤ ᠭᠣᠣᠯᠳᠠᠯᠭ᠎ᠠ᠎ᠲᠠᠢ ᠠᠵᠤ ᠠᠬᠤᠢ᠌ᠯᠠᠯ᠎ᠤᠨ ᠠᠵᠢᠯᠴᠢᠨ ᠬᠡᠷᠡᠭᠯᠡᠬᠦ ᠦᠢ᠍ᠯᠡᠴᠢᠯᠡᠭᠡ ᠪᠠᠲᠤᠯᠠᠭ᠎ᠠ ᠵᠢ ᠳᠤᠮᠳᠠ ᠪᠠᠭ᠎ᠠ ᠠᠵᠤ ᠠᠬᠤᠢ᠌ᠯᠠᠯ ᠲᠡᠢ᠍ᠢ᠍ᠰᠢ ᠥᠷᠭᠡᠳᠬᠡᠨ᠎ᠡ᠃ ᠭᠡᠷ᠎ᠤᠨ ᠡᠭᠦᠳᠡᠨ᠎ᠳᠠᠬᠢ ᠠᠵᠢᠯ ᠣᠯᠭᠣᠬᠤ ᠦᠢ᠍ᠯᠡᠴᠢᠯᠡᠭᠡᠨ᠎ᠤ ᠥᠯᠢᠭᠡᠷ ᠬᠡᠪ ᠪᠣᠯᠬᠤ ᠥᠷᠥᠭᠡ ᠵᠢ ᠡᠭᠦᠳᠴᠦ᠂ 《ᠠᠵᠢᠯ ᠣᠯᠭᠣᠬᠤ ᠥᠷᠲᠡᠭᠡ》 《ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠦᠢ᠍ᠯᠡᠴᠢᠯᠡᠭᠡᠨ᠎ᠤ ᠥᠷᠲᠡᠭᠡ》 ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠢ ᠥᠨᠳᠥᠷ ᠳᠠᠪᠲᠠᠮᠵᠢ᠎ᠲᠠᠢ᠎ᠪᠠᠷ ᠥᠷᠨᠢᠭᠦᠯᠦᠨ᠎ᠡ᠃ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ ᠵᠡᠷᠭᠡ ᠵᠠᠯᠠᠭᠤᠴᠤᠳ᠎ᠤᠨ ᠠᠵᠢᠯ ᠣᠯᠭᠣᠯᠲᠠ ᠵᠢᠨ ᠠᠵᠢᠯ᠎ᠤᠨ ᠪᠠᠶ᠋ᠢᠷᠢ ᠵᠢ ᠢᠳᠡᠪᠬᠢᠲᠡᠢ᠎ᠪᠠᠷ ᠥᠷᠭᠡᠳᠬᠡᠵᠦ᠂ ᠬᠦᠴᠢᠷᠳᠡᠯ᠎ᠲᠠᠢ ᠲᠡᠭᠦᠰᠦᠭᠰᠡᠨ ᠰᠤᠷᠤᠭᠴᠢᠳ᠎ᠲᠤ ᠲᠤᠰᠬᠠᠢ ᠳᠡᠮᠵᠢᠯᠭᠡ ᠦᠵᠡᠭᠦᠯᠬᠦ ᠵᠢ ᠴᠢᠩᠭ᠋ᠠᠳᠬᠠᠵᠤ᠂ ᠵᠠᠯᠠᠭᠤᠴᠤᠳ᠎ᠢ ᠬᠥᠳᠡᠭᠡ ᠲᠣᠰᠬᠤᠨ᠎ᠳᠤ ᠠᠵᠢᠯ ᠣᠯᠭᠣᠬᠤ ᠲᠥᠷᠥ ᠵᠢᠨ ᠪᠣᠳᠣᠯᠭ᠎ᠠ ᠪᠠ ᠦᠢ᠍ᠯᠡᠴᠢᠯᠡᠭᠡᠨ᠎ᠤ ᠰᠢᠰᠲ᠋ᠧᠮ᠎ᠢ ᠪᠦᠷᠢᠨᠰᠢᠭᠦᠯᠵᠦ᠂ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ ᠵᠢᠨ ᠠᠵᠢᠯ ᠣᠯᠭᠣᠯᠲᠠ ᠵᠢ ᠬᠠᠪᠰᠤᠷᠤᠨ ᠲᠡᠳᠬᠦᠬᠦ ᠵᠢ ᠴᠢᠩᠭ᠋ᠠᠳᠬᠠᠵᠤ᠂ ᠬᠦᠴᠢᠷᠳᠡᠯ᠎ᠲᠠᠢ ᠬᠥᠮᠥᠰ᠎ᠢ ᠱᠠᠲᠤ ᠬᠤᠪᠢᠶᠠᠨ ᠬᠠᠮᠢᠶᠠᠷᠴᠤ ᠦᠢ᠍ᠯᠡᠴᠢᠯᠡᠬᠦ ᠵᠢ ᠬᠡᠷᠡᠭᠵᠢᠭᠦᠯᠦᠨ᠎ᠡ᠃ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ 《ᠭᠤᠷᠪᠠ ᠵᠢ ᠳᠠᠮᠵᠢᠵᠤ ᠨᠢᠭᠡ ᠵᠢ ᠲᠡᠳᠬᠦᠬᠦ》 ᠲᠥᠯᠥᠪᠯᠡᠭᠡ ᠵᠢ ᠦᠷᠭᠦᠯᠵᠢᠯᠡᠨ ᠬᠡᠷᠡᠭᠵᠢᠭᠦᠯᠦᠨ᠎ᠡ᠃ ᠲᠤᠰᠬᠠᠢ ᠠᠵᠢᠯ᠎ᠤᠨ ᠴᠢᠨᠠᠷᠲᠠᠢ ᠠᠵᠢᠯ ᠲᠥᠷᠥᠯ᠎ᠤᠨ ᠴᠢᠨᠠᠷᠲᠠᠢ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠤᠨ ᠪᠠᠢ᠌ᠭᠤᠯᠤᠯᠲᠠ ᠵᠢ ᠠᠬᠢᠭᠤᠯᠤᠨ᠎ᠠ᠃ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠤᠨ ᠶᠠᠰᠤ ᠴᠢᠨᠠᠷ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ 《ᠤᠮᠠᠷᠠᠲᠤ ᠵᠢᠨ ᠮᠥᠩᠭᠥᠨ ᠳᠠᠷᠬᠠᠨ》 《ᠤᠤᠭ᠋ᠠᠨ ᠭᠣᠣᠯ ᠮᠣᠩᠭᠣᠯ ᠬᠣᠭᠣᠯᠠ》 《ᠮᠤᠨᠢ ᠠᠭᠤᠯᠠ ᠴᠠᠬᠢᠯᠭ᠋ᠠᠨ᠎ᠤ ᠠᠵᠢᠯᠴᠢᠨ》 ᠵᠡᠷᠭᠡ ᠬᠥᠳᠡᠯᠮᠦᠷᠢ ᠦᠢ᠍ᠯᠡᠴᠢᠯᠡᠭᠡᠨ᠎ᠤ ᠲᠥᠷᠥᠯ ᠲᠡᠮᠳᠡᠭ᠎ᠢ ᠦᠷᠭᠦᠯᠵᠢᠯᠡᠨ ᠪᠣᠢ᠌ᠵᠢᠭᠤᠯᠵᠤ᠂ ᠠᠷᠠᠳ ᠤᠯᠠᠨ᠎ᠳᠤ ᠲᠠᠰᠤᠷᠠᠯᠲᠠ ᠦᠭᠡᠢ ᠰᠢᠨ᠎ᠡ ᠬᠦᠷᠲᠡᠮᠵᠢ ᠵᠢᠨ ᠲᠥᠷᠥᠭᠳᠡᠯ᠎ᠲᠠᠢ ᠪᠣᠯᠭ᠋ᠠᠨ᠎ᠠ᠃
ᠨᠠᠢ᠌ᠷᠠᠭᠤᠯᠤᠭᠴᠢ᠄ ᠶᠡᠷᠦᠩᠬᠡᠢ᠌ᠯᠡᠭᠰᠡᠨ ᠭᠠᠵᠠᠷ᠎ᠤᠨ ᠤᠬᠠᠭᠤᠯᠭ᠎ᠠ ᠵᠢᠨ ᠲᠥᠪ