ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠰᠤᠷᠪᠤᠯᠵᠢᠯᠠᠭ᠎ᠠ ᠶᠠᠷᠢᠯᠴᠠᠯᠭ᠎ᠠ
ᠲᠡᠭᠦᠰᠬᠦ ᠰᠤᠷᠤᠭᠴᠢ ᠵᠢᠨ ᠳᠠᠩᠰᠠ ᠡᠪᠬᠡᠮᠡᠯ᠎ᠢ ᠬᠡᠷᠬᠢᠨ ᠳᠠᠮᠵᠢᠭᠤᠯᠬᠤ ᠪᠠ ᠬᠠᠳᠠᠭ᠋ᠠᠯᠠᠬᠤ ᠪᠤᠢ
ᠨᠡᠶ᠋ᠢᠲᠡᠯᠡᠭᠰᠡᠨ ᠴᠠᠭ᠄ 2024-08-12

      ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠲᠠᠩᠰᠠ ᠡᠪᠬᠡᠮᠡᠯ ᠪᠣᠯ ᠬᠤᠪᠢ ᠬᠥᠮᠥᠨ᠎ᠤ ᠤᠯᠤᠰ ᠲᠥᠷᠥ ᠵᠢᠨ ᠬᠡᠪ ᠲᠥᠷᠬᠦ᠂ ᠰᠤᠷᠤᠯᠴᠠᠭᠰᠠᠨ ᠥᠩᠭᠡᠷᠡᠯᠲᠡ ᠪᠠ ᠠᠵᠢᠯᠯᠠᠭᠰᠠᠨ ᠥᠩᠭᠡᠷᠡᠯᠲᠡ ᠵᠢ ᠲᠤᠰᠬᠠᠭᠰᠠᠨ ᠲᠡᠦᠬᠡ ᠵᠢᠨ ᠲᠡᠮᠳᠡᠭᠯᠡᠯ᠎ᠤᠨ ᠮᠠᠲ᠋ᠧᠷᠢᠶᠠᠯ ᠪᠣᠯᠣᠨ᠎ᠠ᠃ ᠲᠠᠩᠰᠠ ᠡᠪᠬᠡᠮᠡᠯ᠎ᠢ ᠶᠠᠭ᠋ᠠᠬᠢᠵᠤ ᠰᠢᠯᠵᠢᠭᠦᠯᠬᠦ᠂ ᠬᠡᠨ ᠬᠠᠮᠢᠶᠠᠷᠴᠤ᠂ ᠶᠠᠭ᠋ᠠᠬᠢᠵᠤ ᠬᠡᠷᠡᠭᠯᠡᠬᠦ ᠪᠤᠢ? ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠨᠡᠢ᠌ᠳᠡᠮ ᠠᠩᠬᠠᠷᠴᠤ ᠪᠠᠢ᠌ᠭ᠎ᠠ ᠡᠨᠡ ᠠᠰᠠᠭᠤᠳᠠᠯ᠎ᠳᠤ ᠴᠢᠭᠯᠡᠭᠦᠯᠦᠨ᠂ ᠣᠢ᠌ᠷ᠎ᠠ᠎ᠳᠤ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠰᠢᠯᠵᠢᠯᠲᠡ ᠵᠢᠨ ᠬᠠᠮᠢᠶᠠᠷᠤᠯᠲᠠ ᠵᠢᠨ ᠵᠤᠷᠭ᠋ᠠᠨ᠎ᠤ ᠬᠠᠷᠢᠭᠤᠴᠠᠯᠭ᠋ᠠᠲᠠᠨ ᠨᠥᠬᠥᠳ ᠬᠠᠷᠢᠭᠤᠯᠲᠠ ᠥᠭᠴᠡᠢ᠃
      ᠠᠰᠠᠭᠤᠯᠲᠠ᠄ ᠲᠠᠩᠰᠠ ᠡᠪᠬᠡᠮᠡᠯ᠎ᠨᠢ ᠶᠠᠮᠠᠷ ᠦᠢ᠍ᠯᠡᠳᠦᠯ᠎ᠲᠠᠢ ᠪᠤᠢ?
      ᠬᠠᠷᠢᠭᠤᠯᠲᠠ᠄ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠲᠠᠩᠰᠠ ᠡᠪᠬᠡᠮᠡᠯ᠎ᠢ ᠰᠤᠷᠭ᠋ᠠᠭᠤᠯᠢ᠎ᠳᠤ ᠪᠠᠶ᠋ᠢᠬᠤ᠎ᠳᠠᠭᠠᠨ ᠰᠣᠷᠣᠭᠴᠢ ᠵᠢᠨ ᠲᠠᠩᠰᠠ ᠡᠪᠬᠡᠮᠡᠯ ᠭᠡᠳᠡᠭ᠂ ᠰᠤᠷᠭ᠋ᠠᠭᠤᠯᠢ ᠲᠡᠭᠦᠰᠦᠭᠰᠡᠨ᠎ᠤ ᠳᠠᠷᠠᠭ᠎ᠠ ᠡᠭᠦᠨ᠎ᠤ ᠰᠠᠭᠤᠷᠢᠨ ᠳᠡᠭᠡᠷ᠎ᠡ ᠪᠤᠢ ᠪᠣᠯᠤᠭᠰᠠᠨ ᠠᠵᠢᠯᠲᠠᠨ᠎ᠤ ᠶᠠᠪᠤᠳᠠᠯ᠎ᠤᠨ ᠲᠠᠩᠰᠠ ᠡᠪᠬᠡᠮᠡᠯ ᠪᠣᠯᠳᠠᠭ᠂ ᠬᠠᠮᠢᠶ᠎ᠠ ᠪᠦᠬᠦᠢ ᠰᠠᠯᠠᠭ᠎ᠠ ᠮᠥᠴᠢᠷ ᠪᠠᠢ᠌ᠭᠤᠯᠤᠮᠵᠢ ᠵᠢᠨ ᠠᠵᠢᠯᠲᠠᠨ᠎ᠤ ᠶᠠᠪᠤᠳᠠᠯ᠎ᠤᠨ ᠬᠠᠮᠢᠶᠠᠷᠤᠯᠲᠠ ᠪᠠ ᠦᠢ᠍ᠯᠡᠴᠢᠯᠡᠭᠡ ᠵᠢ ᠥᠷᠨᠢᠭᠦᠯᠬᠦ ᠵᠢᠨ ᠴᠢᠬᠤᠯᠠ ᠦᠨᠳᠦᠰᠦᠯᠡᠯ ᠮᠥᠨ᠃ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ᠂ ᠠᠯᠪᠠᠲᠠᠨ᠎ᠤ ᠰᠢᠯᠭ᠋ᠠᠯᠲᠠ᠎ᠳᠤ ᠨᠡᠷ᠎ᠡ ᠮᠡᠳᠡᠭᠦᠯᠬᠦ᠂ ᠠᠵᠢᠯ ᠦᠢ᠍ᠯᠡᠰ᠎ᠤᠨ ᠨᠢᠭᠡᠴᠢ ᠵᠢᠨ ᠢᠯᠡ᠎ᠪᠠᠷ ᠤᠷᠢᠨ ᠬᠡᠷᠡᠭᠯᠡᠬᠦ᠎ᠳᠤ ᠣᠷᠣᠯᠴᠠᠬᠤ᠂ ᠨᠠᠮ᠎ᠳᠤ ᠣᠷᠣᠬᠤ ᠤᠯᠤᠰ ᠲᠥᠷᠥ ᠵᠢᠨ ᠬᠢᠨᠠᠨ ᠪᠠᠢ᠌ᠴᠠᠭ᠋ᠠᠯᠲᠠ᠂ ᠨᠠᠰᠤᠵᠢᠯ᠎ᠤᠨ ᠠᠰᠠᠷᠠᠮᠵᠢ ᠵᠢᠨ ᠮᠥᠩᠭᠥ ᠣᠯᠭᠣᠮᠵᠢ ᠵᠢ ᠬᠠᠷᠭᠤᠭᠤᠯᠤᠨ ᠵᠥᠪᠰᠢᠶᠡᠷᠡᠬᠦ ᠵᠡᠷᠭᠡ ᠵᠦᠢ᠍ᠯᠡᠰ᠎ᠢ ᠭᠦᠢ᠍ᠴᠡᠳᠬᠡᠬᠦ᠎ᠳᠤ ᠴᠥᠮ ᠲᠠᠩᠰᠠ ᠡᠪᠬᠡᠮᠡᠯ᠎ᠳᠠᠬᠢ ᠬᠠᠮᠢᠶ᠎ᠠ ᠪᠦᠬᠦᠢ ᠮᠠᠲ᠋ᠧᠷᠢᠶᠠᠯ᠎ᠢ ᠬᠡᠷᠡᠭᠯᠡᠬᠦ ᠴᠢᠬᠤᠯᠠᠲᠠᠢ᠃ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ ᠡᠷᠬᠡᠪᠰᠢ ᠴᠢᠬᠤᠯᠠᠴᠢᠯᠠᠨ ᠦᠵᠡᠬᠦ ᠵᠢᠨ ᠬᠠᠮᠲᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠳᠠᠩᠰᠠ ᠡᠪᠬᠡᠮᠡᠯ᠎ᠢ ᠳᠠᠮᠵᠢᠭᠤᠯᠤᠨ ᠬᠦᠷᠭᠡᠬᠦ ᠠᠵᠢᠯ᠎ᠢ ᠰᠠᠶ᠋ᠢᠲᠤᠷ ᠬᠢᠬᠦ ᠬᠡᠷᠡᠭᠲᠡᠶ᠃
      ᠠᠰᠠᠭᠤᠯᠲᠠ᠄ ᠰᠤᠷᠭ᠋ᠠᠭᠤᠯᠢ ᠲᠡᠭᠦᠰᠦᠭᠰᠡᠨ᠎ᠤ ᠳᠠᠷᠠᠭ᠎ᠠ ᠲᠠᠩᠰᠠ ᠡᠪᠬᠡᠮᠡᠯ᠎ᠢ ᠬᠠᠮᠢᠭ᠎ᠠ ᠰᠢᠯᠵᠢᠭᠦᠯᠬᠦ ᠪᠤᠢ?
      ᠬᠠᠷᠢᠭᠤᠯᠲᠠ᠄ ᠬᠡᠷᠪᠡ ᠪᠠᠢ᠌ᠭᠤᠯᠭ᠎ᠠ᠂ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ᠎ᠳᠤ ᠣᠴᠢᠵᠤ ᠠᠵᠢᠯ ᠣᠯᠣᠭᠰᠠᠨ ᠪᠤᠶᠤ ᠬᠠᠨᠳᠤᠯᠭ᠎ᠠ᠎ᠲᠠᠢ᠎ᠪᠠᠷ ᠰᠤᠷᠤᠭᠴᠢ ᠡᠯᠰᠡᠵᠦ ᠠᠵᠢᠯ ᠣᠯᠣᠭᠰᠠᠨ ᠪᠠᠢ᠌ᠪᠠᠯ᠂ ᠳᠠᠩᠰᠠ ᠡᠪᠬᠡᠮᠡᠯ᠎ᠢ ᠠᠵᠢᠯ ᠣᠯᠣᠭᠰᠠᠨ ᠨᠢᠭᠡᠴᠢ ᠪᠤᠶᠤ ᠬᠠᠨᠳᠤᠯᠭ᠎ᠠ᠎ᠲᠠᠢ ᠲᠣᠭᠲᠠᠭᠰᠠᠨ ᠨᠢᠭᠡᠴᠢ᠎ᠳᠤ ᠰᠢᠯᠵᠢᠭᠦᠯᠦᠨ ᠥᠭᠭᠦᠨ᠎ᠡ᠃
      ᠨᠠᠢ᠌ᠳᠠ ᠵᠢᠨ ᠥᠮᠴᠢᠯᠡᠯ᠎ᠤᠨ ᠪᠤᠰᠤ ᠨᠢᠭᠡᠴᠢ᠎ᠳᠤ ᠣᠴᠢᠵᠤ ᠠᠵᠢᠯ ᠣᠯᠣᠭᠰᠠᠨ᠂ ᠠᠮᠢᠳᠤᠯᠢᠭ ᠵᠶ᠋ᠠᠷ ᠠᠵᠢᠯ ᠣᠯᠣᠭᠰᠠᠨ ᠵᠢᠴᠢ ᠪᠡᠶ᠎ᠡ᠎ᠪᠠᠨ ᠳᠠᠭ᠋ᠠᠭ᠋ᠠᠵᠤ ᠦᠢ᠍ᠯᠡᠰ ᠪᠣᠰᠬᠠᠭᠰᠠᠨ ᠪᠠᠢ᠌ᠪᠠᠯ᠂ ᠠᠵᠢᠯ ᠣᠯᠵᠤ ᠦᠢ᠍ᠯᠡᠰ ᠪᠣᠰᠬᠠᠭᠰᠠᠨ ᠭᠠᠵᠠᠷ ᠪᠤᠶᠤ ᠡᠷᠦᠬᠡ ᠠᠮᠠ ᠵᠢᠨ ᠲᠠᠩᠰᠠ ᠵᠢᠨ ᠪᠠᠢ᠌ᠭ᠎ᠠ ᠭᠠᠵᠠᠷ᠎ᠤᠨ ᠤᠯᠠᠨ ᠨᠠᠢ᠌ᠳᠠ ᠵᠢᠨ ᠠᠵᠢᠯ ᠣᠯᠭᠣᠯᠲᠠ ᠴᠢᠳᠠᠪᠤᠷᠢᠲᠠᠨ᠎ᠤ ᠦᠢ᠍ᠯᠡᠴᠢᠯᠡᠭᠡᠨ᠎ᠤ ᠪᠠᠢ᠌ᠭᠤᠯᠤᠮᠵᠢ᠎ᠳᠤ ᠰᠢᠯᠵᠢᠭᠦᠯᠦᠨ ᠬᠦᠷᠭᠡᠨ᠎ᠡ᠃ ᠬᠡᠲᠦ ᠶᠡᠬᠡ ᠬᠤᠳᠠ᠎ᠳᠤ ᠠᠵᠢᠯ ᠣᠯᠣᠭᠰᠠᠨ ᠪᠠᠢ᠌ᠪᠠᠯ ᠪᠣᠳᠠᠲᠠᠢ ᠲᠥᠷᠥ ᠵᠢᠨ ᠪᠣᠳᠣᠯᠭ᠎ᠠ ᠵᠢ ᠲᠤᠬᠠᠢ ᠵᠢᠨ ᠭᠠᠵᠠᠷ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠠᠴᠠ ᠯᠠᠪᠯᠠᠨ ᠠᠰᠠᠭᠤᠬᠤ ᠬᠡᠷᠡᠭᠲᠡᠶ᠃
      ᠲᠦᠷ ᠴᠠᠭ ᠠᠵᠢᠯ ᠣᠯᠣᠭ᠋ᠠᠳᠤᠢ ᠪᠠᠢ᠌ᠪᠠᠯ᠂ ᠲᠣᠰ ᠬᠥᠮᠥᠨ᠎ᠤ ᠬᠦᠰᠡᠯ ᠰᠠᠨᠠᠭ᠎ᠠ ᠵᠢ᠎ᠨᠢ ᠦᠨᠳᠦᠰᠦᠯᠡᠨ ᠡᠷᠦᠬᠡ ᠠᠮᠠ ᠵᠢᠨ ᠲᠠᠩᠰᠠ᠎ᠨᠢ ᠪᠠᠢ᠌ᠭ᠎ᠠ ᠭᠠᠵᠠᠷ᠎ᠤᠨ ᠤᠯᠠᠨ ᠨᠠᠢ᠌ᠳᠠ ᠵᠢᠨ ᠠᠵᠢᠯ ᠣᠯᠭᠣᠯᠲᠠ ᠴᠢᠳᠠᠪᠤᠷᠢᠲᠠᠨ᠎ᠤ ᠦᠢ᠍ᠯᠡᠴᠢᠯᠡᠭᠡᠨ᠎ᠤ ᠪᠠᠢ᠌ᠭᠤᠯᠤᠮᠵᠢ᠎ᠳᠤ ᠰᠢᠯᠵᠢᠭᠦᠯᠦᠨ ᠬᠦᠷᠭᠡᠬᠦ ᠪᠤᠶᠤ ᠲᠣᠭᠲᠠᠭ᠋ᠠᠯ ᠶᠣᠰᠣᠭ᠋ᠠᠷ ᠶᠡᠬᠡ ᠳᠡᠭᠡᠳᠦ ᠰᠤᠷᠭ᠋ᠠᠭᠤᠯᠢ᠎ᠳᠤ ᠬᠣᠶᠠᠷ ᠵᠢᠯ ᠦᠯᠡᠳᠡᠭᠡᠵᠦ ᠪᠣᠯᠣᠨ᠎ᠠ᠃
      ᠠᠰᠠᠭᠤᠯᠲᠠ᠄ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠲᠠᠩᠰᠠ ᠡᠪᠬᠡᠮᠡᠯ᠎ᠢ ᠬᠡᠨ ᠬᠠᠳᠠᠭ᠋ᠠᠯᠠᠵᠤ ᠪᠣᠯᠬᠤ ᠪᠤᠢ?
      ᠬᠠᠷᠢᠭᠤᠯᠲᠠ᠄ ᠠᠯᠪᠠᠨ᠎ᠤ ᠪᠤᠰᠤ ᠨᠢᠭᠡᠴᠢ᠎ᠳᠤ ᠠᠵᠢᠯ ᠣᠯᠣᠭᠰᠠᠨ ᠪᠤᠶᠤ ᠲᠦᠷ ᠠᠵᠢᠯ ᠣᠯᠣᠭ᠋ᠠᠳᠤᠢ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠲᠠᠩᠰᠠ ᠡᠪᠬᠡᠮᠡᠯ᠎ᠢ ᠰᠢᠶᠠᠨ᠎ᠤ ᠱᠠᠲᠤᠨ᠎ᠠᠴᠠ ᠳᠡᠭᠡᠭᠰᠢᠬᠢ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠲᠤ ᠬᠠᠷᠢᠶᠠᠯᠠᠭᠳᠠᠬᠤ ᠤᠯᠠᠨ ᠨᠠᠢ᠌ᠳᠠ ᠵᠢᠨ ᠠᠵᠢᠯ ᠣᠯᠭᠣᠯᠲᠠ ᠴᠢᠳᠠᠪᠤᠷᠢᠲᠠᠨ᠎ᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠴᠢ ᠮᠤᠵᠢ ᠵᠢᠨ ᠱᠠᠲᠤᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠠᠴᠠ ᠡᠷᠬᠡ ᠣᠯᠭᠣᠭᠰᠠᠨ ᠨᠡᠭᠦᠳᠡᠯ ᠬᠥᠮᠥᠰ᠎ᠤᠨ ᠠᠵᠢᠯᠲᠠᠨ᠎ᠤ ᠶᠠᠪᠤᠳᠠᠯ᠎ᠤᠨ ᠲᠠᠩᠰᠠ ᠡᠪᠬᠡᠮᠡᠯ᠎ᠢ ᠬᠠᠮᠢᠶᠠᠷᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢ ᠪᠠᠭᠲᠠᠭ᠋ᠠᠭᠰᠠᠨ ᠲᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ᠎ᠳᠤ ᠬᠠᠳᠠᠭ᠋ᠠᠯᠠᠭᠤᠯᠤᠨ ᠬᠠᠮᠢᠶᠠᠷᠤᠭᠤᠯᠵᠤ ᠪᠣᠯᠣᠨ᠎ᠠ᠃
      ᠠᠰᠠᠭᠤᠯᠲᠠ᠄ ᠲᠠᠩᠰᠠ ᠡᠪᠬᠡᠮᠡᠯ᠎ᠢ ᠬᠡᠷᠬᠢᠨ ᠳᠠᠮᠵᠢᠭᠤᠯᠤᠨ ᠬᠦᠷᠭᠡᠬᠦ ᠪᠤᠢ? ᠶᠡᠬᠡ ᠳᠡᠭᠡᠳᠦ ᠰᠤᠷᠭ᠋ᠠᠭᠤᠯᠢ᠎ᠠᠴᠠ ᠲᠡᠭᠦᠰᠦᠭᠰᠡᠨ ᠰᠤᠷᠤᠭᠴᠢᠳ᠎ᠤᠨ ᠲᠤᠰ ᠪᠡᠶ᠎ᠡ᠎ᠨᠢ ᠳᠠᠮᠵᠢᠭᠤᠯᠵᠤ ᠪᠣᠯᠬᠤ ᠦᠦ?
      ᠬᠠᠷᠢᠭᠤᠯᠲᠠ᠄ ᠳᠠᠩᠰᠠ ᠡᠪᠬᠡᠮᠡᠯ᠎ᠢ ᠬᠤᠪᠢ ᠬᠥᠮᠥᠨ ᠬᠠᠳᠠᠭ᠋ᠠᠯᠠᠬᠤ᠂ ᠠᠪᠴᠤ ᠶᠠᠪᠤᠬᠤ ᠪᠠ ᠳᠠᠮᠵᠢᠭᠤᠯᠵᠤ ᠥᠭᠬᠦ ᠵᠢ ᠴᠢᠩᠭ᠎ᠠ ᠴᠠᠭ᠋ᠠᠵᠠᠯᠠᠨ᠎ᠠ᠃
      ᠰᠤᠷᠭ᠋ᠠᠭᠤᠯᠢ ᠲᠡᠭᠦᠰᠦᠭᠰᠡᠳ ᠰᠤᠷᠭ᠋ᠠᠭᠤᠯᠢ᠎ᠠᠴᠠ᠎ᠪᠠᠨ ᠰᠠᠯᠬᠤ᠎ᠠᠴᠠ ᠡᠮᠦᠨ᠎ᠡ᠂ ᠶᠡᠬᠡ ᠳᠡᠭᠡᠳᠦ ᠰᠤᠷᠭ᠋ᠠᠭᠤᠯᠢ᠎ᠠᠴᠠ ᠡᠩ ᠲᠡᠷᠢᠭᠦᠨ᠎ᠳᠤ ᠲᠣᠭᠲᠠᠭ᠋ᠠᠯ ᠶᠣᠰᠣᠭ᠋ᠠᠷ ᠰᠤᠷᠭ᠋ᠠᠭᠤᠯᠢ ᠲᠡᠭᠦᠰᠦᠭᠰᠡᠳ᠎ᠤᠨ ᠳᠠᠩᠰᠠᠯᠠᠯᠲᠠ ᠵᠢᠨ ᠬᠦᠰᠦᠨᠦᠭᠲᠦ᠂ ᠬᠢᠷᠢ ᠪᠦᠲᠦᠮᠵᠢ ᠵᠢᠨ ᠬᠠᠭᠤᠳᠠᠰᠤ᠂ ᠨᠠᠮ ᠡᠪᠯᠡᠯ᠎ᠤᠨ ᠵᠣᠬᠢᠶᠠᠨ ᠪᠠᠢ᠌ᠭᠤᠯᠤᠯᠲᠠ᠂ ᠱᠠᠩᠨᠠᠵᠤ ᠲᠣᠷᠭ᠋ᠠᠭᠰᠠᠨ ᠲᠡᠮᠳᠡᠭᠯᠡᠯ ᠵᠡᠷᠭᠡ ᠮᠠᠲ᠋ᠧᠷᠢᠶᠠᠯ᠎ᠢ ᠪᠦᠷᠢᠳᠬᠡᠨ ᠡᠮᠬᠢᠯᠡᠵᠦ᠂ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠪᠦᠷᠢᠨ ᠪᠦᠲᠦᠨ ᠲᠠᠩᠰᠠ ᠡᠪᠬᠡᠮᠡᠯ᠎ᠢ ᠪᠦᠷᠢᠯᠳᠦᠭᠦᠯᠬᠦ ᠬᠡᠷᠡᠭᠲᠡᠶ᠃ ᠳᠠᠷᠠᠭ᠎ᠠ᠎ᠳᠤᠨᠢ ᠲᠡᠭᠦᠰᠬᠦ ᠰᠤᠷᠤᠭᠴᠢᠳ᠎ᠤᠨ ᠲᠠᠭᠯᠠᠭᠰᠠᠨ ᠲᠡᠭᠦᠰᠦᠭᠰᠡᠨ᠎ᠤ ᠳᠠᠷᠠᠭ᠎ᠠ ᠣᠴᠢᠬᠤ ᠭᠠᠵᠠᠷ᠎ᠤᠨ ᠲᠤᠬᠠᠢ ᠳᠠᠩᠰᠠᠯᠠᠭᠤᠯᠤᠭᠰᠠᠨ ᠮᠡᠳᠡᠭᠡ ᠵᠠᠩᠭᠢ ᠵᠢ ᠦᠨᠳᠦᠰᠦᠯᠡᠨ ᠠᠵᠢᠯ ᠣᠯᠣᠭᠰᠠᠨ ᠨᠢᠭᠡᠴᠢ ᠵᠢᠨ ᠨᠡᠷᠡᠢ᠌ᠳᠦᠯ᠂ ᠳᠠᠮᠵᠢᠭᠤᠯᠤᠨ ᠬᠦᠷᠭᠡᠬᠦ ᠳ᠋ᠤᠭ᠋ᠠᠷ ᠵᠡᠷᠭᠡ ᠠᠭᠤᠯᠭ᠎ᠠ ᠵᠢ ᠲᠣᠭᠲᠠᠭ᠋ᠠᠵᠤ᠂ 《ᠳᠡᠭᠡᠳᠦ ᠵᠡᠷᠭᠡ ᠵᠢᠨ ᠰᠤᠷᠭ᠋ᠠᠭᠤᠯᠢ ᠲᠡᠭᠦᠰᠦᠭᠰᠡᠨ ᠰᠤᠷᠤᠭᠴᠢᠳ᠎ᠤᠨ ᠲᠠᠩᠰᠠ ᠡᠪᠬᠡᠮᠡᠯ᠎ᠢ ᠳᠠᠮᠵᠢᠭᠤᠯᠤᠨ ᠬᠦᠷᠭᠡᠬᠦ ᠬᠠᠭᠤᠳᠠᠰᠤ》 ᠵᠢ ᠲᠠᠭᠯᠠᠭᠰᠠᠨ᠎ᠤ ᠳᠠᠷᠠᠭ᠎ᠠ᠂ ᠲᠠᠩᠰᠠ ᠡᠪᠬᠡᠮᠡᠯ ᠪᠠ ᠳᠠᠮᠵᠢᠭᠤᠯᠤᠨ ᠬᠦᠷᠭᠡᠬᠦ ᠬᠠᠭᠤᠳᠠᠰᠤ ᠵᠢ ᠬᠠᠮᠲᠤ᠎ᠳᠤᠨᠢ ᠨᠢᠭᠤᠴᠠ ᠴᠢᠬᠤᠯᠠ ᠮᠡᠳᠡᠭᠡ ᠬᠣᠯᠪᠣᠭ᠎ᠠ ᠪᠤᠶᠤ ᠰᠢᠤᠳᠠᠨ᠎ᠤ ᠣᠨᠴᠠ ᠲᠦᠷᠭᠡᠨ ᠲᠤᠰᠬᠠᠢ ᠳᠠᠮᠵᠢᠭᠤᠯᠬᠤ ᠠᠷᠭ᠎ᠠ ᠵᠠᠮ ᠵᠶ᠋ᠠᠷ ᠢᠯᠡᠭᠡᠵᠦ ᠶᠠᠪᠤᠭᠤᠯᠤᠨ᠎ᠠ᠃
      ᠠᠰᠠᠭᠤᠯᠲᠠ᠄ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ ᠥᠪᠡᠷ᠎ᠤᠨ ᠲᠠᠩᠰᠠ ᠡᠪᠬᠡᠮᠡᠯ ᠵᠶ᠋ᠡᠨ ᠬᠡᠷᠬᠢᠨ ᠡᠷᠢᠵᠦ ᠣᠯᠬᠤ ᠪᠤᠢ?
      ᠬᠠᠷᠢᠭᠤᠯᠲᠠ᠄ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠠᠴᠠ ᠨᠢᠭᠡᠨᠲᠡ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠣᠴᠢᠬᠤ ᠭᠠᠵᠠᠷ᠎ᠤᠨ ᠳᠠᠩᠰᠠᠯᠠᠯᠲᠠ ᠵᠢᠨ ᠳᠦᠷᠢᠮ᠎ᠢ ᠪᠠᠢ᠌ᠭᠤᠯᠵᠤ᠂ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠲᠠᠭᠯᠠᠭᠰᠠᠨ ᠲᠡᠭᠦᠰᠦᠭᠰᠡᠨ᠎ᠤ ᠳᠠᠷᠠᠭ᠎ᠠ ᠣᠴᠢᠬᠤ ᠭᠠᠵᠠᠷ᠎ᠤᠨ ᠳᠠᠩᠰᠠᠯᠠᠯᠲᠠ ᠵᠢᠨ ᠮᠡᠳᠡᠭᠡ ᠵᠠᠩᠭᠢ ᠵᠢᠨ ᠶᠣᠰᠣᠭ᠋ᠠᠷ ᠲᠠᠩᠰᠠ ᠡᠪᠬᠡᠮᠡᠯ᠎ᠢ ᠳᠠᠮᠵᠢᠭᠤᠯᠵᠤ ᠥᠭᠭᠦᠨ᠎ᠡ᠃ ᠲᠡᠭᠦᠰᠬᠦ ᠰᠤᠷᠤᠭᠴᠢᠳ ᠤᠤᠯ᠎ᠤᠨ ᠰᠤᠷᠤᠯᠴᠠᠵᠤ ᠪᠠᠢ᠌ᠭᠰᠠᠨ ᠶᠡᠬᠡ ᠳᠡᠭᠡᠳᠦ ᠰᠤᠷᠭ᠋ᠠᠭᠤᠯᠢ ᠵᠢᠨ ᠬᠠᠮᠢᠶ᠎ᠠ ᠪᠦᠬᠦᠢ ᠰᠠᠯᠠᠭ᠎ᠠ ᠮᠥᠴᠢᠷ ᠵᠶ᠋ᠡᠷ ᠳᠡᠮᠵᠢᠨ ᠲᠠᠩᠰᠠ ᠡᠪᠬᠡᠮᠡᠯ᠎ᠢ ᠳᠠᠮᠵᠢᠭᠤᠯᠤᠨ ᠬᠦᠷᠭᠡᠭᠰᠡᠨ ᠮᠡᠳᠡᠭᠡ ᠵᠠᠩᠭᠢ ᠵᠢ ᠪᠠᠢ᠌ᠴᠠᠭ᠋ᠠᠨ ᠯᠠᠪᠯᠠᠵᠤ ᠪᠣᠯᠣᠨ᠎ᠠ᠂ ᠪᠠᠰᠠ ᠪᠥᠬᠥ ᠤᠯᠤᠰ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ ᠵᠶ᠋ᠠᠷ ᠳᠠᠮᠵᠢᠨ ᠪᠠᠢ᠌ᠴᠠᠭ᠋ᠠᠨ ᠯᠠᠪᠯᠠᠵᠤ ᠪᠣᠯᠣᠨ᠎ᠠ᠃
      ᠠᠰᠠᠭᠤᠯᠲᠠ᠄ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠲᠠᠩᠰᠠ ᠡᠪᠬᠡᠮᠡᠯ᠎ᠢ ᠬᠠᠳᠠᠭ᠋ᠠᠯᠠᠬᠤ᠎ᠳᠤ ᠰᠦᠢ᠍ᠳᠬᠡᠯ ᠬᠤᠷᠢᠶᠠᠨ᠎ᠠ ᠦᠦ?
      ᠬᠠᠷᠢᠭᠤᠯᠲᠠ᠄ ᠰᠦᠢ᠍ᠳᠬᠡᠯ ᠬᠤᠷᠢᠶᠠᠬᠤ ᠦᠭᠡᠢ᠃ 2015 ᠣᠨ᠎ᠤ 1 ᠰᠠᠷ᠎ᠠ ᠵᠢᠨ 1᠎ᠤ ᠡᠳᠦᠷ᠎ᠠᠴᠠ ᠡᠬᠢᠯᠡᠨ᠂ ᠠᠵᠢᠯᠲᠠᠨ᠎ᠤ ᠶᠠᠪᠤᠳᠠᠯ᠎ᠤᠨ ᠬᠠᠷᠢᠴᠠᠭ᠎ᠠ ᠵᠢᠴᠢ ᠲᠠᠩᠰᠠ ᠡᠪᠬᠡᠮᠡᠯ᠎ᠢ ᠬᠠᠳᠠᠭ᠋ᠠᠯᠠᠨ ᠬᠠᠮᠢᠶᠠᠷᠬᠤ ᠵᠠᠷᠤᠳᠠᠯ᠂ ᠪᠠᠢ᠌ᠴᠠᠭ᠋ᠠᠨ ᠦᠵᠡᠬᠦ ᠵᠠᠷᠤᠳᠠᠯ᠂ ᠭᠡᠷᠡᠴᠢᠯᠡᠬᠦ ᠵᠠᠷᠤᠳᠠᠯ᠂ ᠲᠠᠩᠰᠠ ᠡᠪᠬᠡᠮᠡᠯ᠎ᠢ ᠳᠠᠮᠵᠢᠭᠤᠯᠤᠨ ᠬᠦᠷᠭᠡᠬᠦ ᠵᠠᠷᠤᠳᠠᠯ ᠵᠡᠷᠭᠡ ᠨᠡᠷ᠎ᠡ ᠵᠢᠭ᠋ᠠᠭᠰᠠᠨ ᠵᠠᠷᠤᠳᠠᠯ ᠬᠤᠷᠢᠶᠠᠬᠤ ᠵᠢ ᠨᠢᠭᠡᠨᠲᠡ ᠬᠦᠴᠦᠨ ᠦᠭᠡᠢ ᠪᠣᠯᠭ᠋ᠠᠪᠠ᠃
      ᠠᠰᠠᠭᠤᠯᠲᠠ᠄ ᠲᠠᠩᠰᠠ ᠡᠪᠬᠡᠮᠡᠯ᠎ᠤᠨ ᠳᠣᠲᠣᠷᠠᠬᠢ ᠮᠡᠳᠡᠭᠡ ᠵᠠᠩᠭᠢ᠎ᠳᠤ ᠬᠤᠪᠢᠷᠠᠯᠲᠠ᠎ᠲᠠᠢ ᠪᠣᠯᠪᠠᠯ᠂ ᠰᠢᠨᠡᠳᠬᠡᠬᠦ ᠴᠢᠬᠤᠯᠠᠲᠠᠢ ᠦᠦ?
      ᠬᠠᠷᠢᠭᠤᠯᠲᠠ᠄ ᠲᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠲᠠᠩᠰᠠ ᠡᠪᠬᠡᠮᠡᠯ᠎ᠤᠨ ᠮᠠᠲ᠋ᠧᠷᠢᠶᠠᠯ᠎ᠢ ᠦᠨᠳᠦᠰᠦᠯᠡᠨ ᠦᠢ᠍ᠯᠡᠴᠢᠯᠡᠭᠡ ᠬᠠᠩᠭ᠋ᠠᠨ᠎ᠠ᠂ ᠬᠡᠷᠪᠡ ᠬᠠᠮᠢᠶ᠎ᠠ ᠪᠦᠬᠦᠢ ᠰᠠᠯᠠᠭ᠎ᠠ ᠮᠥᠴᠢᠷ᠎ᠠᠴᠠ ᠰᠢᠨ᠎ᠡ ᠮᠠᠲ᠋ᠧᠷᠢᠶᠠᠯ ᠨᠡᠮᠡᠵᠦ ᠣᠷᠣᠭᠤᠯᠤᠭᠰᠠᠨ ᠪᠠᠢ᠌ᠪᠠᠯ᠂ ᠴᠠᠭ ᠲᠤᠬᠠᠢ᠎ᠳᠤᠨᠢ ᠲᠠᠩᠰᠠ ᠡᠪᠬᠡᠮᠡᠯ᠎ᠳᠤ ᠣᠷᠣᠭᠤᠯᠬᠤ ᠬᠡᠷᠡᠭᠲᠡᠶ᠃
      ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠲᠤ ᠠᠪᠴᠤ ᠬᠡᠯᠡᠪᠡᠯ᠂ ᠤᠯᠤᠰ ᠲᠥᠷᠥ ᠵᠢᠨ ᠬᠡᠪ ᠲᠥᠷᠬᠦ᠂ ᠠᠵᠢᠯ᠎ᠤᠨ ᠥᠩᠭᠡᠷᠡᠯᠲᠡ᠂ ᠬᠥᠮᠦᠵᠢᠯ ᠪᠣᠯᠪᠠᠰᠤᠷᠠᠯ᠂ ᠠᠵᠢᠯ ᠮᠡᠷᠭᠡᠵᠢᠯ᠎ᠤᠨ ᠬᠢᠷᠢ ᠬᠡᠮ᠂ ᠮᠡᠷᠭᠡᠵᠢᠯ᠎ᠤᠨ ᠴᠣᠯᠠ ᠵᠡᠷᠭᠡ ᠵᠢ ᠲᠤᠰᠬᠠᠭᠰᠠᠨ ᠮᠠᠲ᠋ᠧᠷᠢᠶᠠᠯ ᠵᠢᠴᠢ ᠠᠵᠢᠯ᠎ᠤᠨ ᠬᠤᠪᠢᠷᠠᠯᠲᠠ ᠵᠢᠨ ᠳᠤᠮᠳᠠ ᠪᠤᠢ ᠪᠣᠯᠤᠭᠰᠠᠨ ᠬᠥᠳᠡᠯᠮᠦᠷᠢ ᠵᠢᠨ ᠭᠡᠷ᠎ᠡ᠂ ᠠᠵᠤ ᠠᠬᠤᠢ᠌ᠯᠠᠯ᠎ᠤᠨ ᠡᠯᠰᠡᠨ ᠬᠡᠷᠡᠭᠯᠡᠬᠦ ᠭᠠᠷᠳᠠᠮ᠂ ᠠᠵᠢᠯ ᠣᠯᠭᠣᠯᠲᠠ ᠵᠢᠨ ᠳᠠᠩᠰᠠᠯᠠᠯᠲᠠ᠂ ᠬᠥᠳᠡᠯᠮᠦᠷᠢ ᠬᠦᠴᠦᠨ᠎ᠢ ᠬᠡᠷᠡᠭᠯᠡᠬᠦ ᠳᠠᠩᠰᠠᠯᠠᠯᠲᠠ ᠵᠡᠷᠭᠡ ᠮᠠᠲ᠋ᠧᠷᠢᠶᠠᠯ᠎ᠢ ᠴᠠᠭ ᠲᠤᠬᠠᠢ᠎ᠳᠤᠨᠢ ᠲᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ᠎ᠳᠤ ᠰᠢᠯᠵᠢᠭᠦᠯᠦᠨ ᠲᠤᠰᠢᠶᠠᠬᠤ ᠬᠡᠷᠡᠭᠲᠡᠶ᠃ ᠲᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠬᠢᠨᠠᠨ ᠲᠣᠳᠣᠯᠠᠵᠤ ᠡᠮᠬᠢᠯᠡᠭᠰᠡᠨ᠎ᠤ ᠳᠠᠷᠠᠭ᠎ᠠ ᠲᠠᠩᠰᠠ ᠡᠪᠬᠡᠮᠡᠯ᠎ᠳᠤ ᠣᠷᠣᠭᠤᠯᠤᠨ᠎ᠠ᠃
      ᠠᠰᠠᠭᠤᠯᠲᠠ᠄ ᠬᠡᠷᠪᠡ ᠲᠤᠰᠢᠶᠠᠯ᠎ᠠᠴᠠ᠎ᠪᠠᠨ ᠪᠠᠭᠤᠵᠤ᠂ ᠳᠠᠬᠢᠨ ᠠᠵᠢᠯ ᠣᠯᠬᠤ᠎ᠳᠤ ᠭᠦᠷᠪᠡᠯ᠂ ᠲᠠᠩᠰᠠ ᠡᠪᠬᠡᠮᠡᠯ ᠵᠶ᠋ᠠᠨ ᠬᠠᠮᠢᠭ᠎ᠠ ᠬᠠᠳᠠᠭ᠋ᠠᠯᠠᠬᠤ ᠪᠤᠢ?
      ᠬᠠᠷᠢᠭᠤᠯᠲᠠ᠄ ᠲᠠᠩᠰᠠ ᠡᠪᠬᠡᠮᠡᠯ ᠵᠶ᠋ᠠᠨ ᠡᠷᠦᠬᠡ ᠠᠮᠠ ᠵᠢᠨ ᠲᠠᠩᠰᠠ ᠪᠠᠢ᠌ᠭ᠎ᠠ ᠭᠠᠵᠠᠷ᠎ᠤᠨ ᠲᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ᠎ᠳᠤ ᠬᠠᠳᠠᠭ᠋ᠠᠯᠠᠭᠰᠠᠨ ᠪᠠᠢ᠌ᠪᠠᠯ᠂ ᠤᠤᠯ᠎ᠤᠨ ᠪᠠᠢ᠌ᠭᠤᠯᠤᠮᠵᠢ᠎ᠠᠴᠠ ᠦᠷᠭᠦᠯᠵᠢᠯᠡᠨ ᠬᠠᠳᠠᠭ᠋ᠠᠯᠠᠨ ᠬᠠᠮᠢᠶᠠᠷᠴᠤ ᠪᠣᠯᠣᠨ᠎ᠠ᠃ ᠲᠠᠩᠰᠠ ᠡᠪᠬᠡᠮᠡᠯ ᠵᠶ᠋ᠠᠨ ᠠᠵᠢᠯ ᠣᠯᠣᠭᠰᠠᠨ ᠭᠠᠵᠠᠷ᠎ᠤᠨ ᠲᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ᠎ᠳᠤ ᠬᠠᠳᠠᠭ᠋ᠠᠯᠠᠭᠰᠠᠨ ᠪᠠᠢ᠌ᠪᠠᠯ᠂ ᠴᠠᠭ ᠲᠤᠬᠠᠢ᠎ᠳᠤᠨᠢ ᠡᠷᠦᠬᠡ ᠠᠮᠠ ᠵᠢᠨ ᠲᠠᠩᠰᠠ ᠪᠠᠢ᠌ᠭ᠎ᠠ ᠭᠠᠵᠠᠷ᠎ᠲᠤᠨᠢ ᠰᠢᠯᠵᠢᠭᠦᠯᠦᠨ ᠬᠦᠷᠭᠡᠬᠦ ᠪᠤᠶᠤ ᠰᠢᠨ᠎ᠡ ᠠᠵᠢᠯᠯᠠᠬᠤ ᠨᠢᠭᠡᠴᠢ ᠵᠢᠨ ᠰᠢᠨᠵᠢ ᠴᠢᠨᠠᠷ᠎ᠢ ᠦᠨᠳᠦᠰᠦᠯᠡᠨ᠂ ᠰᠢᠨ᠎ᠡ ᠠᠵᠢᠯᠯᠠᠬᠤ ᠨᠢᠭᠡᠴᠢ ᠪᠤᠶᠤ ᠰᠢᠨ᠎ᠡ ᠠᠵᠢᠯ ᠣᠯᠣᠭᠰᠠᠨ ᠭᠠᠵᠠᠷ᠎ᠤᠨ ᠲᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ᠎ᠳᠤ ᠰᠢᠯᠵᠢᠭᠦᠯᠦᠨ ᠬᠦᠷᠭᠡᠬᠦ ᠬᠡᠷᠡᠭᠲᠡᠶ᠃ ᠲᠠᠩᠰᠠ ᠡᠪᠬᠡᠮᠡᠯ ᠰᠢᠯᠵᠢᠭᠦᠯᠬᠦ ᠭᠠᠷᠳᠠᠮ᠎ᠢ ᠲᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠴᠣᠩᠬᠣᠪᠴᠢ᠎ᠳᠤ ᠭᠦᠢ᠍ᠴᠡᠳᠬᠡᠵᠦ ᠪᠣᠯᠬᠤ ᠪᠥᠭᠡᠳ ᠬᠠᠮᠢᠶ᠎ᠠ ᠪᠦᠬᠦᠢ ᠰᠦᠯᠵᠢᠶᠡᠨ ᠳᠡᠭᠡᠷᠡᠬᠢ ᠲᠠᠪᠴᠠᠩ ᠳᠡᠭᠡᠷ᠎ᠡ ᠭᠦᠢ᠍ᠴᠡᠳᠬᠡᠭᠰᠡᠨ ᠴᠦ᠍ ᠪᠣᠯᠣᠨ᠎ᠠ᠃
      ᠠᠰᠠᠭᠤᠯᠲᠠ᠄ ᠲᠠᠩᠰᠠ ᠡᠪᠬᠡᠮᠡᠯ᠎ᠤᠨ ᠲᠤᠬᠠᠢ ᠬᠠᠮᠢᠶ᠎ᠠ ᠪᠦᠬᠦᠢ ᠦᠢ᠍ᠯᠡᠴᠢᠯᠡᠭᠡ ᠵᠢ ᠰᠦᠯᠵᠢᠶᠡᠨ ᠳᠡᠭᠡᠷ᠎ᠡ ᠬᠡᠷᠬᠢᠨ ᠭᠦᠢ᠍ᠴᠡᠳᠬᠡᠬᠦ ᠪᠤᠢ?
      ᠬᠠᠷᠢᠭᠤᠯᠲᠠ᠄ 2021 ᠣᠨ᠎ᠤ ᠡᠴᠦᠰ᠎ᠲᠤ᠂ ᠪᠥᠬᠥ ᠤᠯᠤᠰ᠎ᠤᠨ ᠭᠠᠵᠠᠷ ᠣᠷᠣᠨ ᠠᠯᠤᠰᠯᠠᠭᠰᠠᠨ ᠨᠡᠭᠦᠳᠡᠯ ᠬᠥᠮᠥᠰ᠎ᠤᠨ ᠠᠵᠢᠯᠲᠠᠨ᠎ᠤ ᠶᠠᠪᠤᠳᠠᠯ᠎ᠤᠨ ᠲᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠠᠵᠢᠯᠯᠠᠭ᠋ᠠᠨ᠎ᠤ ᠲᠠᠪᠴᠠᠩ᠎ᠢ ᠰᠦᠯᠵᠢᠶᠡᠨ᠎ᠳᠤ ᠣᠷᠣᠭᠤᠯᠵᠤ᠂ ᠲᠠᠩᠰᠠ ᠡᠪᠬᠡᠮᠡᠯ᠎ᠤᠨ ᠰᠠᠭᠤᠷᠢ ᠮᠡᠳᠡᠭᠡ ᠵᠠᠩᠭᠢ ᠵᠢᠨ ᠲᠣᠭ᠎ᠠ ᠪᠠᠷᠢᠮᠲᠠ ᠵᠢ ᠨᠢᠭᠡᠨᠲᠡ ᠲᠠᠪᠴᠠᠩ᠎ᠳᠤ ᠳᠠᠮᠵᠢᠭᠤᠯᠤᠭᠰᠠᠨ ᠨᠡᠭᠦᠳᠡᠯ ᠬᠥᠮᠥᠰ᠎ᠤᠨ ᠰᠦᠯᠵᠢᠶᠡᠨ ᠳᠡᠭᠡᠷ᠎ᠡ ᠳᠠᠮᠵᠢᠭᠤᠯᠵᠤ ᠭᠥᠯᠢᠶᠡᠨ ᠠᠪᠬᠤ ᠵᠡᠷᠭᠡ ᠥᠨᠳᠥᠷ ᠳᠠᠪᠲᠠᠮᠵᠢ᠎ᠲᠠᠢ ᠢᠯᠡᠷᠡᠬᠦ ᠦᠢ᠍ᠯᠡᠴᠢᠯᠡᠭᠡ ᠵᠢ ᠭᠦᠢ᠍ᠴᠡᠳᠬᠡᠬᠦ ᠵᠢ ᠳᠡᠮᠵᠢᠵᠦ᠂ ᠪᠠᠰᠠ ᠬᠣᠯᠪᠣᠭᠳᠠᠯ ᠪᠦᠬᠦᠢ ᠲᠠᠩᠰᠠ ᠡᠪᠬᠡᠮᠡᠯ᠎ᠳᠤ ᠣᠷᠣᠭᠤᠯᠤᠭᠰᠠᠨ ᠮᠡᠳᠡᠭᠡ ᠵᠠᠩᠭᠢ ᠵᠢ ᠪᠠᠢ᠌ᠴᠠᠭ᠋ᠠᠨ ᠯᠠᠪᠯᠠᠵᠤ ᠪᠣᠯᠣᠨ᠎ᠠ᠃ ᠪᠣᠳᠠᠲᠠᠢ ᠲᠤᠬᠠᠢ᠌ᠯᠠᠭᠰᠠᠨ ᠠᠵᠢᠯ᠎ᠢ ᠪᠥᠬᠥ ᠤᠯᠤᠰ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠳᠤ ᠳᠠᠩᠰᠠᠯᠠᠭᠤᠯᠤᠨ ᠲᠡᠮᠳᠡᠭᠯᠡᠵᠦ᠂ 《ᠮᠤᠵᠢ ᠠᠯᠤᠰᠯᠠᠭᠰᠠᠨ ᠨᠡᠭᠦᠳᠡᠯ ᠬᠥᠮᠥᠰ᠎ᠤᠨ ᠠᠵᠢᠯᠲᠠᠨ᠎ᠤ ᠶᠠᠪᠤᠳᠠᠯ᠎ᠤᠨ ᠲᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠦᠢ᠍ᠯᠡᠴᠢᠯᠡᠭᠡ》 ᠵᠢᠨ ᠲᠤᠰᠬᠠᠢ ᠪᠤᠯᠤᠩ᠎ᠳᠤ ᠣᠷᠣᠵᠤ ᠭᠦᠢ᠍ᠴᠡᠳᠬᠡᠵᠦ ᠪᠣᠯᠣᠨ᠎ᠠ᠃ (ᠱᠧᠨ ᠲᠦᠩ ᠷᠦᠢ)

ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠰᠢᠯᠵᠢᠯᠲᠡ ᠵᠢᠨ ᠬᠠᠮᠢᠶᠠᠷᠤᠯᠲᠠ ᠵᠢᠨ ᠵᠤᠷᠭ᠋ᠠᠨ᠎ᠤ ᠬᠠᠷᠢᠭᠤᠴᠠᠯᠭ᠋ᠠᠲᠠᠨ 《ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠢ ᠵᠢᠷᠤᠮᠵᠢᠭᠤᠯᠤᠨ ᠬᠠᠮᠢᠶᠠᠷᠬᠤ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠢ ᠮᠡᠳᠡᠭᠳᠡᠯ》᠎ᠤᠨ ᠲᠤᠬᠠᠢ ᠰᠤᠷᠪᠤᠯᠵᠢᠯᠠᠬ᠍ᠴᠢ ᠵᠢᠨ ᠠᠰᠠᠭᠤᠯᠲᠠ ᠵᠢ ᠬᠠᠷᠢᠭᠤᠯᠪᠠ
ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠬᠣᠯᠪᠣᠭᠳᠠᠯ ᠪᠦᠬᠦᠢ ᠵᠤᠷᠭ᠋ᠠᠨ ᠲᠣᠪᠴᠢᠶ᠎ᠠ ᠵᠢᠨ ᠬᠠᠷᠢᠭᠤᠴᠠᠯᠭ᠋ᠠᠲᠠᠨ 《ᠠᠵᠢᠯ ᠦᠢ᠍ᠯᠡᠰ᠎ᠤᠨ ᠨᠢᠭᠡᠴᠢ ᠵᠢᠨ ᠢᠯᠡ᠎ᠪᠠᠷ ᠠᠵᠢᠯᠲᠠᠨ ᠡᠯᠰᠡᠬᠦ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠬᠦ ᠲᠤᠬᠠᠢ ᠮᠡᠳᠡᠭᠳᠡᠯ》᠎ᠤᠨ ᠲᠤᠬᠠᠢ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠣᠯᠭᠣᠮᠵᠢ ᠠᠪᠬᠤ ᠬᠢᠷᠢ ᠬᠡᠮ᠎ᠤᠨ ᠭᠡᠷᠡᠴᠢᠯᠡᠯ᠎ᠤᠨ ᠲᠠᠢ᠌ᠯᠤᠮᠵᠢ
ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠮᠤᠵᠢ ᠠᠯᠤᠰᠯᠠᠨ ᠣᠨᠳᠣᠣ ᠭᠠᠵᠠᠷ᠎ᠲᠤ ᠡᠮᠨᠡᠭᠦᠯᠦᠭᠰᠡᠨ ᠵᠠᠷᠤᠳᠠᠯ᠎ᠢ ᠰᠢᠭᠤᠳ ᠳ᠋ᠦᠩᠨᠡᠨ ᠪᠤᠳᠤᠬᠤ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢᠨ ᠲᠠᠢ᠌ᠯᠤᠮᠵᠢ
《ᠬᠠᠷᠢᠮᠠᠬᠠᠢ ᠴᠢᠨᠠᠷᠲᠠᠢ ᠨᠠᠰᠤᠨ᠎ᠤ ᠠᠮᠠᠷᠠᠯᠲᠠ᠎ᠪᠠᠨ ᠠᠪᠬᠤ ᠳᠦᠷᠢᠮ᠎ᠢ ᠬᠡᠷᠡᠭᠵᠢᠭᠦᠯᠬᠦ ᠲᠦᠷ ᠬᠡᠷᠡᠭᠵᠢᠭᠦᠯᠬᠦ ᠠᠷᠭ᠎ᠠ》 ᠵᠢᠨ ᠲᠤᠬᠠᠢ ᠠᠯᠪᠠᠨ᠎ᠤ ᠲᠠᠢ᠌ᠯᠤᠮᠵᠢ᠂ ᠲᠦᠷᠭᠡᠨ ᠦᠵᠡᠶ᠎ᠡ
 
            