ᠡᠨᠡ ᠵᠢᠯ᠎ᠠᠴᠠ ᠨᠠᠭ᠋ᠠᠰᠢ᠂ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ ᠨᠡᠯᠢᠶᠡᠳ ᠲᠦᠷᠭᠡᠨ ᠨᠡᠮᠡᠭᠳᠡᠯ ᠵᠶ᠋ᠡᠨ ᠪᠠᠲᠤᠯᠠᠵᠤ᠂ ᠦᠢ᠍ᠯᠡᠴᠢᠯᠡᠭᠡᠨ᠎ᠤ ᠬᠡᠷᠡᠭᠯᠡᠭᠡ ᠵᠢᠨ ᠬᠡᠷᠡᠭᠴᠡᠭᠡ ᠬᠥᠭᠵᠢᠶᠡᠨ᠎ᠲᠠᠢ ᠪᠣᠯᠵᠤ᠂ ᠰᠢᠨ᠎ᠡ ᠬᠥᠳᠡᠯᠭᠡᠬᠦ ᠡᠨᠧᠷᠭᠢ ᠵᠢ ᠲᠠᠰᠤᠷᠠᠯᠲᠠ ᠦᠭᠡᠢ ᠪᠣᠢ᠌ᠵᠢᠭᠤᠯᠤᠨ᠂ ᠠᠵᠢᠯ ᠲᠥᠷᠥᠯ᠎ᠤᠨ ᠴᠢᠳᠠᠪᠤᠷᠢᠲᠠᠨ᠎ᠤ ᠬᠡᠷᠡᠭᠴᠡᠭᠡ ᠵᠢ ᠰᠤᠯᠠᠯᠠᠨ ᠭᠠᠷᠭ᠋ᠠᠬᠤ ᠵᠢ ᠳᠠᠢ᠌ᠴᠢᠯᠠᠭᠰᠠᠨ ᠪᠠᠢ᠌ᠨ᠎ᠠ᠃ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠲᠦᠷᠦᠭᠦᠬᠡᠨ ᠨᠡᠢ᠌ᠲᠡᠯᠡᠭᠰᠡᠨ ᠲᠣᠭ᠎ᠠ ᠪᠠᠷᠢᠮᠲᠠ᠎ᠳᠤ ᠢᠯᠡᠷᠡᠭᠦᠯᠦᠭᠰᠡᠨ ᠵᠶ᠋ᠡᠷ᠂ ᠲᠦᠷᠦᠭᠦᠸ᠋ 5 ᠰᠠᠷ᠎ᠠ᠎ᠳᠤ᠂ ᠪᠥᠬᠥ ᠤᠯᠤᠰ᠎ᠤᠨ ᠬᠣᠲᠠ ᠪᠠᠯᠭ᠋ᠠᠰᠤᠨ᠎ᠤ ᠪᠠᠢ᠌ᠴᠠᠭ᠋ᠠᠯᠲᠠ᠎ᠳᠤ ᠢᠯᠡᠷᠡᠭᠦᠯᠦᠭᠰᠡᠨ ᠠᠵᠢᠯ ᠠᠯᠳᠠᠭᠰᠠᠨ ᠨᠣᠷᠮ᠎ᠠ ᠵᠢᠨ ᠳᠤᠮᠳᠠᠴᠢ ᠬᠡᠮᠵᠢᠭᠳᠡᠯ 5.1% ᠪᠠᠢ᠌ᠵᠤ᠂ ᠲᠦᠷᠦᠭᠦᠸ᠋ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ ᠵᠠᠭᠤᠨ᠎ᠤ ᠬᠠᠷᠢᠴᠠᠯ ᠵᠶ᠋ᠠᠷ 0.3 ᠬᠤᠪᠢ ᠪᠠᠭᠤᠷᠠᠪᠠ᠃ ᠡᠭᠦᠨ᠎ᠳᠤ᠂ 5 ᠰᠠᠷ᠎ᠠ᠎ᠳᠤ ᠪᠥᠬᠥ ᠤᠯᠤᠰ᠎ᠤᠨ ᠬᠣᠲᠠ ᠪᠠᠯᠭ᠋ᠠᠰᠤᠨ᠎ᠤ ᠪᠠᠢ᠌ᠴᠠᠭ᠋ᠠᠯᠲᠠ᠎ᠳᠤ ᠢᠯᠡᠷᠡᠭᠦᠯᠦᠭᠰᠡᠨ ᠠᠵᠢᠯ ᠠᠯᠳᠠᠭᠰᠠᠨ ᠨᠣᠷᠮ᠎ᠠ 5.0% ᠪᠠᠢ᠌ᠵᠤ᠂ ᠲᠦᠷᠦᠭᠦᠸ᠋ ᠰᠠᠷ᠎ᠠ ᠵᠢᠨ᠎ᠬᠢ᠎ᠲᠠᠢ ᠠᠳᠠᠯᠢ ᠪᠠᠢ᠌ᠵᠤ᠂ ᠲᠦᠷᠦᠭᠦᠸ᠋ ᠵᠢᠯ᠎ᠤᠨ ᠠᠳᠠᠯᠢ ᠰᠠᠷ᠎ᠠ ᠵᠢᠨ᠎ᠬᠢ᠎ᠠᠴᠠ ᠵᠠᠭᠤᠨ᠎ᠤ ᠬᠠᠷᠢᠴᠠᠯ ᠵᠶ᠋ᠠᠷ 0.2 ᠬᠤᠪᠢ ᠪᠠᠭᠤᠷᠠᠪᠠ᠃
ᠰᠢ ᠨᠠᠨ ᠡᠳ᠋᠎ᠤᠨ ᠵᠠᠰᠠᠭ ᠠᠵᠤ ᠠᠬᠤᠢ ᠵᠢᠨ ᠶᠡᠬᠡ ᠰᠤᠷᠭ᠋ᠠᠭᠤᠯᠢ ᠵᠢᠨ ᠫᠷᠣᠹᠧᠰᠰᠣᠷ᠂ ᠬᠥᠳᠡᠯᠮᠦᠷᠢ ᠵᠢᠨ ᠠᠵᠤ ᠠᠬᠤᠢ ᠵᠢᠨ ᠰᠤᠳᠤᠯᠭ᠋ᠠᠨ᠎ᠤ ᠨᠡᠢ᠌ᠭᠡᠮᠯᠢᠭ᠎ᠤᠨ ᠠᠵᠢᠯ ᠣᠯᠭᠣᠯᠲᠠ ᠵᠢ ᠠᠬᠢᠭᠤᠯᠬᠤ ᠲᠤᠰᠬᠠᠢ ᠮᠡᠷᠭᠡᠵᠢᠯ᠎ᠤᠨ ᠵᠥᠪᠯᠡᠯ᠎ᠤᠨ ᠨᠠᠷᠢᠨ ᠪᠢᠴᠢᠭ᠎ᠤᠨ ᠳᠠᠷᠤᠭ᠎ᠠ ᠧᠦ ᠶᠠᠩ ᠵᠢᠶᠦ᠋ᠨ᠎ᠤ ᠦᠵᠡᠬᠦ᠎ᠪᠠᠷ᠂ ᠡᠨᠡ ᠵᠢᠯ᠎ᠠᠴᠠ ᠨᠠᠭ᠋ᠠᠰᠢ ᠬᠣᠷᠸ᠎ᠠ ᠡᠵᠡᠮᠰᠢᠯ ᠲᠣᠬᠢᠷᠠᠭᠤᠯᠭ᠎ᠠ ᠵᠢᠨ ᠲᠥᠷᠥ ᠵᠢᠨ ᠪᠣᠳᠣᠯᠭ᠎ᠠ ᠵᠢᠨ ᠦᠢ᠍ᠯᠡᠳᠦᠯ ᠠᠯᠬᠤᠮ ᠠᠯᠬᠤᠮ ᠵᠶ᠋ᠠᠷ ᠢᠯᠡᠷᠡᠵᠦ᠂ ᠶᠡᠬᠡ ᠬᠡᠪᠴᠢᠶᠡᠨ᠎ᠤ ᠲᠣᠨᠣᠭ ᠲᠥᠬᠦᠭᠡᠷᠦᠮᠵᠢ ᠵᠢ ᠰᠢᠨᠡᠳᠬᠡᠬᠦ ᠪᠠ ᠬᠡᠷᠡᠭᠯᠡᠭᠡᠨ᠎ᠤ ᠵᠦᠢ᠍ᠯ᠎ᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠲᠥᠷᠥ ᠵᠢᠨ ᠪᠣᠳᠣᠯᠭ᠎ᠠ᠎ᠪᠠᠷ ᠬᠡᠷᠡᠭᠯᠡᠭᠡ ᠪᠣᠯᠣᠨ ᠪᠡᠯᠡ ᠣᠷᠣᠭᠤᠯᠤᠯᠲᠠ ᠵᠢᠨ ᠰᠡᠷᠭᠦᠨ ᠳᠡᠭᠡᠭᠰᠢᠯᠡᠬᠦ ᠵᠢ ᠲᠠᠢ᠍ᠢ᠍ᠴᠢᠯᠠᠵᠦ᠂ ᠠᠵᠤ ᠠᠬᠤᠢ ᠵᠢᠨ ᠰᠠᠢ᠌ᠵᠢᠷᠠᠬᠤ ᠬᠠᠨᠳᠤᠰᠢ ᠵᠢ ᠤᠯᠠᠮ ᠴᠢᠨᠠᠭᠰᠢᠳᠠ ᠪᠡᠬᠢᠵᠢᠭᠦᠯᠵᠦ᠂ ᠠᠵᠢᠯ ᠣᠯᠭᠣᠯᠲᠠ ᠵᠢᠨ ᠦᠨᠳᠦᠰᠦᠨ ᠰᠠᠭᠤᠷᠢ ᠵᠢ ᠦᠷᠬᠦᠯᠵᠢᠯᠡᠨ ᠪᠠᠲᠤᠳᠬᠠᠪᠠ᠃
ᠬᠠᠪᠤᠷ᠎ᠤᠨ ᠤᠯᠠᠷᠢᠯ᠎ᠠᠴᠠ ᠨᠠᠭ᠋ᠠᠰᠢ᠂ ᠠᠵᠢᠯ ᠣᠯᠭᠣᠯᠲᠠ ᠵᠢ ᠠᠬᠢᠭᠤᠯᠬᠤ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠬᠣᠢ᠌ᠨ᠎ᠠ ᠬᠣᠢ᠌ᠨ᠎ᠠ᠎ᠠᠴᠠ᠎ᠨᠢ ᠨᠠᠢ᠌ᠳᠠᠪᠤᠷᠢᠵᠢᠭᠤᠯᠵᠤ ᠦᠷ᠎ᠡ ᠪᠦᠲᠦᠮᠵᠢ ᠣᠯᠪᠠ᠃ ᠠᠵᠢᠯ ᠠᠯᠳᠠᠭᠰᠠᠳ᠎ᠤᠨ ᠳᠠᠭ᠋ᠠᠳᠬᠠᠯ᠂ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠰᠦᠢ᠍ᠳᠬᠡᠯ᠎ᠤᠨ ᠨᠤᠷᠮ᠎ᠠ ᠵᠢ ᠪᠠᠭᠤᠷᠠᠭᠤᠯᠬᠤ ᠵᠡᠷᠭᠡ ᠲᠥᠷᠥ ᠵᠢᠨ ᠪᠣᠳᠣᠯᠭ᠎ᠠ ᠵᠢ ᠦᠷᠭᠦᠯᠵᠢᠯᠡᠨ ᠬᠡᠷᠡᠭᠵᠢᠭᠦᠯᠵᠦ᠂ ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠤᠭᠰᠠᠨ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠰᠦᠢ᠍ᠳᠬᠡᠯ᠎ᠢ ᠪᠤᠴᠠᠭ᠋ᠠᠬᠤ᠂ ᠲᠤᠰᠬᠠᠢ ᠵᠦᠢ᠍ᠯ᠎ᠤᠨ ᠵᠢᠭᠡᠯᠡᠯᠭᠡ᠂ ᠠᠵᠢᠯ ᠣᠯᠭᠣᠯᠲᠠ ᠵᠢᠨ ᠨᠥᠬᠥᠪᠦᠷᠢ ᠵᠡᠷᠭᠡ ᠲᠥᠷᠥ ᠵᠢᠨ ᠪᠣᠳᠣᠯᠭ᠎ᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢ ᠰᠠᠢ᠌ᠵᠢᠷᠠᠭᠤᠯᠬᠤ᠂ ᠢᠯᠠᠩᠭᠤᠶ᠎ᠠ ᠳᠤᠮᠳᠠ ᠪᠠᠭ᠎ᠠ ᠵᠢᠵᠢᠭ ᠠᠵᠤ ᠠᠬᠤᠢ᠌ᠯᠠᠯ᠎ᠤᠨ ᠦᠢ᠍ᠯᠡᠳᠪᠦᠷᠢᠯᠡᠯ ᠡᠵᠡᠩᠨᠡᠯᠲᠡ ᠵᠢ ᠰᠠᠢ᠌ᠵᠢᠷᠠᠭᠤᠯᠬᠤ᠎ᠳᠤ ᠮᠠᠰᠢ ᠢᠯᠡᠷᠬᠡᠢ ᠦᠢ᠍ᠯᠡᠳᠦᠯ ᠦᠵᠡᠭᠦᠯᠪᠡ᠃ ᠵᠢᠱ᠌ᠢᠶᠡᠯᠡᠪᠡᠯ᠂ ᠱᠠᠩᠬᠠᠢ ᠬᠣᠲᠠ ᠵᠢᠨ᠎ᠬᠢᠨ 5 ᠰᠠᠷ᠎ᠠ᠎ᠳᠤ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠤᠭᠰᠠᠨ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠰᠦᠢ᠍ᠳᠬᠡᠯ᠎ᠢ ᠪᠤᠴᠠᠭ᠋ᠠᠬᠤ ᠠᠵᠢᠯ᠎ᠢ ᠡᠬᠢᠯᠡᠭᠦᠯᠵᠦ᠂ 《ᠭᠤᠶᠤᠴᠢᠯᠠᠬᠤ ᠦᠭᠡᠢ᠎ᠪᠠᠷ ᠰᠢᠭᠤᠳ ᠬᠦᠷᠲᠡᠬᠦ》 ᠠᠷᠭ᠎ᠠ ᠵᠢ ᠠᠪᠴᠤ᠂ ᠵᠢᠱ᠌ᠢᠯᠲᠡ᠎ᠪᠠᠷ 60 ᠭᠠᠷᠤᠢ ᠲᠦᠮᠡᠨ ᠡᠷᠦᠬᠡ ᠬᠥᠮᠥᠨ ᠬᠡᠷᠡᠭᠯᠡᠬᠦ ᠨᠢᠭᠡᠴᠢ ᠠᠰᠢᠭ ᠭᠥᠷᠳᠡᠬᠦ ᠪᠣᠯᠣᠨ᠎ᠠ᠃ ᠬᠥᠬᠡᠨᠠᠭᠤᠷ ᠮᠤᠵᠢ ᠡᠨᠡ ᠵᠢᠯ ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠬᠤ ᠪᠡᠯᠡ ᠮᠥᠩᠭᠥ ᠵᠢᠨ ᠬᠡᠷᠡᠭᠴᠡᠭᠡ ᠵᠢ ᠥᠷᠭᠡᠳᠬᠡᠵᠦ᠂ ᠣᠲᠣ ᠵᠢᠨ ᠬᠡᠷᠡᠭᠵᠢᠭᠦᠯᠵᠦ ᠪᠠᠢ᠌ᠭ᠎ᠠ 4 ᠵᠦᠢ᠍ᠯ᠎ᠤᠨ ᠠᠵᠢᠯ ᠣᠯᠭᠣᠯᠲᠠ ᠵᠢᠨ ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠬᠤ ᠵᠠᠷᠤᠯᠭ᠎ᠠ ᠵᠢᠨ ᠰᠠᠭᠤᠷᠢᠨ ᠳᠡᠭᠡᠷ᠎ᠡ ᠦᠢ᠍ᠯᠡᠳᠪᠦᠷᠢᠯᠡᠯ ᠡᠵᠡᠩᠨᠡᠯᠲᠡ ᠵᠢᠨ ᠥᠪᠡᠷ᠎ᠤᠨ ᠥᠷᠲᠡᠭ᠎ᠤᠨ ᠵᠠᠷᠤᠯᠭ᠎ᠠ ᠵᠢ ᠪᠠᠭᠤᠷᠠᠭᠤᠯᠬᠤ ᠬᠦᠷᠲᠡᠯ᠎ᠡ ᠥᠷᠭᠡᠳᠬᠡᠵᠦ᠂ ᠠᠵᠤ ᠠᠬᠤᠢ᠌ᠯᠠᠯ᠎ᠤᠳ ᠲᠣᠭᠲᠠᠭ᠋ᠠᠯ᠎ᠳᠤ ᠨᠡᠢ᠌ᠴᠡᠭᠦᠯᠦᠨ ᠪᠡᠯᠡ ᠮᠥᠩᠭᠥ ᠵᠢ ᠬᠡᠷᠡᠭᠯᠡᠭᠰᠡᠨ ᠤᠷᠢᠲᠠᠯ ᠳᠣᠣᠷ᠎ᠠ ᠲᠣᠰ ᠪᠡᠶ᠎ᠡ ᠵᠢᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠪᠣᠳᠠᠲᠠᠢ ᠬᠡᠷᠡᠭᠴᠡᠭᠡ ᠵᠢ ᠲᠣᠭᠲᠠᠭ᠋ᠠᠵᠤ ᠪᠣᠯᠣᠨ᠎ᠠ᠃
ᠠᠵᠤ ᠠᠬᠤᠢ᠌ᠯᠠᠯ ᠪᠠ ᠬᠥᠳᠡᠯᠮᠦᠷᠢᠴᠢᠨ ᠨᠡᠩ ᠥᠨᠳᠥᠷ ᠪᠦᠲᠦᠮᠵᠢᠲᠡᠢ᠂ ᠳᠥᠭᠥᠮ ᠲᠦᠷᠭᠡᠨ᠂ ᠨᠠᠷᠢᠯᠢᠭ ᠣᠨᠣᠴᠠᠲᠠᠢ ᠠᠵᠢᠯ ᠣᠯᠭᠣᠯᠲᠠ ᠵᠢᠨ ᠦᠢ᠍ᠯᠡᠴᠢᠯᠡᠭᠡ ᠵᠢ ᠬᠦᠷᠲᠡᠪᠡ᠃ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠤᠯᠠᠨ ᠨᠠᠢ᠌ᠳᠠ ᠵᠢᠨ ᠠᠵᠢᠯ ᠣᠯᠭᠣᠯᠲᠠ ᠵᠢᠨ ᠦᠢ᠍ᠯᠡᠴᠢᠯᠡᠭᠡ ᠵᠢ ᠦᠨᠳᠦᠰᠦᠨ ᠱᠠᠲᠤᠨ᠎ᠳᠤ ᠭᠦᠨᠵᠡᠭᠡᠢ᠌ᠷᠡᠭᠦᠯᠬᠦ ᠵᠢ ᠠᠬᠢᠭᠤᠯᠵᠤ᠂ 《ᠭᠡᠷ᠎ᠤᠨ ᠡᠭᠦᠳᠡᠨ᠎ᠳᠠᠬᠢ》 ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠥᠷᠲᠡᠭᠡ᠂ 15 ᠮᠢᠨᠦ᠋ᠲ᠎ᠤᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠴᠠᠭ᠋ᠠᠷᠢᠭ᠎ᠢ ᠪᠠᠢ᠌ᠭᠤᠯᠵᠤ᠂ 6900 ᠭᠠᠷᠤᠢ ᠡᠳᠦᠷ᠎ᠤᠨ ᠬᠦᠴᠦᠨ᠎ᠤ ᠠᠵᠢᠯ᠎ᠤᠨ ᠵᠠᠬ᠎ᠠ ᠳᠡᠯᠭᠡᠭᠦᠷ ᠬᠠᠩᠭ᠋ᠠᠯᠭ᠎ᠠ ᠬᠡᠷᠡᠭᠴᠡᠭᠡ ᠵᠢ ᠵᠣᠯᠭ᠋ᠠᠭᠤᠯᠬᠤ ᠦᠢ᠍ᠯᠡᠳᠦᠯ ᠵᠶ᠋ᠠᠨ ᠭᠦᠢ᠍ᠴᠡᠳ ᠪᠠᠳᠠᠷᠠᠭᠤᠯᠪᠠ᠃ ᡁᠢ ᠯᠢᠶᠠᠨ ᠠᠵᠢᠯᠲᠠᠨ ᠠᠵᠢᠯᠴᠢᠨ ᠡᠯᠰᠡᠬᠦ ᠲᠠᠪᠴᠠᠩ᠎ᠤᠨ ᠲᠣᠭ᠎ᠠ ᠪᠠᠷᠢᠮᠲᠠ᠎ᠳᠤ ᠢᠯᠡᠷᠡᠭᠦᠯᠦᠭᠰᠡᠨ ᠵᠶ᠋ᠡᠷ᠂ ᠡᠨᠡ ᠵᠢᠯ᠎ᠤᠨ ᠨᠢᠭᠡᠳᠦᠭᠡᠷ ᠤᠯᠠᠷᠢᠯ᠎ᠳᠤ᠂ ᠳᠤᠮᠳᠠ ᠵᠡᠷᠭᠡ ᠵᠢᠨ ᠬᠤᠳᠠ ᠵᠢᠴᠢ ᠲᠡᠭᠦᠨ᠎ᠠᠴᠠ ᠳᠣᠷᠣᠭᠰᠢᠬᠢ ᠬᠣᠲᠠ ᠵᠢᠨ ᠠᠵᠢᠯᠲᠠᠨ ᠠᠵᠢᠯᠴᠢᠨ ᠡᠯᠰᠡᠬᠦ ᠠᠵᠢᠯ᠎ᠤᠨ ᠪᠠᠶ᠋ᠢᠷᠢ ᠵᠢᠨ ᠲᠣᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 13.3%᠎ᠪᠠᠷ ᠨᠡᠮᠡᠭᠳᠡᠵᠦ᠂ ᠭᠠᠳᠠᠨ᠎ᠠ᠎ᠠᠴᠠ ᠢᠷᠡᠭᠰᠡᠨ ᠡᠷᠦᠬᠡ ᠠᠮᠠ ᠵᠢᠨ ᠲᠠᠩᠰᠠ᠎ᠲᠠᠢ ᠬᠥᠳᠡᠯᠮᠦᠷᠢ ᠬᠦᠴᠦᠨ᠎ᠤ ᠠᠵᠢᠯ ᠣᠯᠬᠤ ᠬᠡᠮᠵᠢᠶ᠎ᠡ ᠦᠷᠭᠦᠯᠵᠢᠯᠡᠨ ᠰᠠᠢ᠌ᠵᠢᠷᠠᠵᠤ᠂ ᠬᠥᠳᠡᠭᠡ ᠲᠣᠰᠬᠤᠨ᠎ᠤ ᠬᠥᠳᠡᠯᠮᠦᠷᠢ ᠬᠦᠴᠦᠨ᠎ᠤ ᠭᠠᠳᠠᠭᠰᠢ ᠭᠠᠷᠴᠤ ᠠᠵᠢᠯ ᠬᠢᠬᠦ ᠬᠡᠪᠴᠢᠶ᠎ᠡ ᠥᠷᠭᠡᠳᠴᠡᠢ᠃
ᠪᠥᠬᠥ ᠤᠯᠤᠰ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠤᠨ ᠮᠡᠳᠡᠭᠡ ᠵᠠᠩᠭᠢ ᠵᠢᠨ ᠬᠢᠨᠠᠨ ᠬᠡᠮᠵᠢᠯᠲᠡ ᠵᠢᠨ ᠲᠥᠪ᠎ᠤᠨ ᠪᠠᠢ᠌ᠴᠠᠭ᠋ᠠᠯᠲᠠ᠎ᠳᠤ ᠢᠯᠡᠷᠡᠭᠦᠯᠦᠭᠰᠡᠨ ᠵᠶ᠋ᠡᠷ᠂ ᠡᠨᠡ ᠵᠢᠯ᠎ᠠᠴᠠ ᠨᠠᠭ᠋ᠠᠰᠢ᠂ ᠵᠢᠵᠢᠭ ᠠᠵᠤ ᠠᠬᠤᠢ᠌ᠯᠠᠯ᠎ᠤᠨ ᠬᠡᠷᠡᠭᠴᠡᠭᠡ ᠨᠡᠮᠡᠭᠳᠡᠵᠦ᠂ ᠳᠤᠮᠳᠠ ᠬᠡᠯᠪᠡᠷᠢ ᠵᠢᠨ ᠠᠵᠤ ᠠᠬᠤᠢ᠌ᠯᠠᠯ᠎ᠤᠨ ᠬᠡᠷᠡᠭᠴᠡᠭᠡ ᠲᠣᠭᠲᠠᠭᠤᠨ ᠪᠠᠢ᠌ᠵᠤ᠂ ᠳᠤᠮᠳᠠ ᠵᠢᠵᠢᠭ ᠠᠵᠤ ᠠᠬᠤᠢ᠌ᠯᠠᠯ᠎ᠤᠨ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ ᠭᠣᠣᠯ ᠬᠦᠴᠦᠨ᠎ᠤ ᠦᠢ᠍ᠯᠡᠳᠦᠯ ᠤᠯᠠᠮ ᠨᠢᠭᠡ ᠠᠯᠬᠤᠮ ᠴᠢᠩᠭ᠋ᠠᠷᠠᠭᠰᠠᠨ ᠪᠠᠢ᠌ᠨ᠎ᠠ᠃ 99 ᠬᠥᠮᠥᠨ᠎ᠠᠴᠠ ᠳᠣᠷᠣᠭᠰᠢᠬᠢ ᠬᠥᠮᠥᠨ᠎ᠲᠠᠢ ᠵᠢᠵᠢᠭ ᠬᠡᠯᠪᠡᠷᠢ ᠵᠢᠨ ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ ᠡᠯᠰᠡᠬᠦ ᠬᠡᠷᠡᠭᠴᠡᠭᠡ ᠢᠯᠡᠳᠲᠡ ᠨᠡᠮᠡᠭᠳᠡᠵᠦ᠂ 100 ᠬᠥᠮᠥᠨ᠎ᠠᠴᠠ 999 ᠬᠥᠮᠥᠨ᠎ᠲᠠᠢ ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ ᠡᠯᠰᠡᠬᠦ ᠬᠡᠷᠡᠭᠴᠡᠭᠡ ᠲᠣᠭᠲᠠᠭᠤᠨ ᠵᠶ᠋ᠠᠷ ᠨᠡᠮᠡᠭᠳᠡᠪᠡ᠃
ᠧᠦ ᠶᠠᠩ ᠵᠢᠶᠦ᠋ᠨ᠂ ᠣᠳᠣᠬᠠᠨ᠎ᠳᠤ ᠵᠠᠯᠠᠭᠤᠴᠤᠳ᠎ᠤᠨ ᠠᠵᠢᠯ ᠣᠯᠬᠤ ᠳᠠᠷᠤᠭ᠋ᠠᠰᠤ ᠮᠥᠨᠬᠦ ᠨᠡᠯᠢᠶᠡᠳ ᠶᠡᠬᠡ ᠪᠠᠢ᠌ᠨ᠎ᠠ᠃ ᠣᠲᠣ ᠨᠢᠭᠡᠨᠲᠡ ᠶᠡᠬᠡ ᠳᠡᠭᠡᠳᠦ ᠰᠤᠷᠭ᠋ᠠᠭᠤᠯᠢ ᠵᠢᠨ ᠣᠶᠤᠲᠠᠳ᠎ᠤᠨ ᠲᠡᠭᠦᠰᠬᠦ ᠤᠯᠠᠷᠢᠯ ᠪᠣᠯᠵᠤ᠂ 2024 ᠣᠨ᠎ᠳᠤ ᠶᠡᠬᠡ ᠳᠡᠭᠡᠳᠦ ᠰᠤᠷᠭ᠋ᠠᠭᠤᠯᠢ ᠲᠡᠭᠦᠰᠬᠦ ᠰᠣᠷᠣᠭᠴᠢ ᠵᠢᠨ ᠶᠡᠷᠦᠩᠬᠡᠢ ᠬᠡᠪᠴᠢᠶ᠎ᠡ ᠵᠢᠱ᠌ᠢᠯᠲᠡ᠎ᠪᠠᠷ 1179 ᠲᠦᠮᠡᠨ ᠬᠥᠮᠥᠨ ᠪᠠᠢ᠌ᠵᠤ᠂ ᠨᠢᠳᠤᠨᠤᠨ᠎ᠤ᠎ᠬᠢ᠎ᠠᠴᠠ 21 ᠲᠦᠮᠡᠨ ᠬᠥᠮᠥᠨ ᠨᠡᠮᠡᠭᠳᠡᠬᠦ ᠪᠣᠯᠣᠨ᠎ᠠ ᠭᠡᠵᠡᠢ᠃
ᠰᠤᠷᠭ᠋ᠠᠨ ᠬᠥᠮᠦᠵᠢᠯ᠎ᠤᠨ ᠶᠠᠮᠤᠨ᠎ᠤ ᠶᠡᠬᠡ ᠳᠡᠭᠡᠳᠦ ᠰᠤᠷᠭ᠋ᠠᠭᠤᠯᠢ ᠵᠢᠨ ᠰᠣᠷᠣᠭᠴᠢ ᠵᠢᠨ ᠵᠤᠷᠭ᠋ᠠᠨ᠎ᠤ (ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠲᠤ ᠠᠵᠢᠯ ᠣᠯᠭᠣᠬᠤ ᠦᠢ᠍ᠯᠡᠴᠢᠯᠡᠭᠡᠨ᠎ᠤ ᠵᠤᠷᠭ᠋ᠠᠨ)᠎ᠤ ᠳᠡᠳ᠋ ᠳᠠᠷᠤᠭ᠎ᠠ ᠦ᠋ ᠠᠢ ᠬᠤᠸᠠ ᠲᠠᠨᠢᠯᠴᠠᠭᠤᠯᠬᠤ᠎ᠳᠠᠭᠠᠨ᠂ ᠡᠯ᠎ᠡ ᠭᠠᠵᠠᠷ ᠡᠯ᠎ᠡ ᠶᠡᠬᠡ ᠳᠡᠭᠡᠳᠦ ᠰᠤᠷᠭ᠋ᠠᠭᠤᠯᠢ ᠣᠲᠣ ᠶᠠᠭ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠲᠤ ᠠᠵᠢᠯ ᠣᠯᠭᠣᠬᠤ ᠵᠠᠭᠤᠨ ᠡᠳᠦᠷ᠎ᠤᠨ ᠰᠢᠪᠲᠤᠯᠤᠯᠲᠠ ᠵᠢᠨ ᠠᠵᠢᠯᠯᠠᠭ᠎ᠠ ᠥᠷᠨᠢᠭᠦᠯᠵᠦ ᠪᠠᠢ᠌ᠨ᠎ᠠ᠂ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠠᠵᠢᠯ ᠣᠯᠬᠤ ᠬᠠᠨᠳᠤᠰᠢ ᠵᠢ ᠨᠢᠭᠡᠨᠲᠡ ᠨᠠᠢ᠌ᠳᠠᠪᠤᠷᠢᠵᠢᠭᠤᠯᠤᠭᠰᠠᠨ ᠪᠠᠶ᠋ᠢᠳᠠᠯ᠎ᠠᠴᠠ ᠦᠵᠡᠪᠡᠯ᠂ ᠠᠵᠢᠯ ᠣᠯᠭᠣᠯᠲᠠ ᠵᠢᠨ ᠠᠬᠢᠴᠠ᠎ᠨᠢ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠲᠠᠢ ᠦᠨᠳᠦᠰᠦᠨ᠎ᠳᠡᠭᠡᠨ ᠠᠳᠠᠯᠢ ᠪᠠᠢ᠌ᠨ᠎ᠠ ᠭᠡᠪᠡ᠃
《ᠵᠠᠯᠠᠭᠤᠴᠤᠳ᠎ᠤᠨ ᠠᠵᠢᠯ ᠣᠯᠬᠤ ᠠᠰᠠᠭᠤᠳᠠᠯ᠎ᠢ ᠨᠡᠩ ᠢᠯᠡᠭᠦᠦ ᠴᠢᠬᠤᠯᠠᠴᠢᠯᠠᠬᠤ ᠬᠡᠷᠡᠭᠲᠡᠶ》᠃ ᠧᠦ ᠶᠠᠩ ᠵᠢᠶᠦ᠋ᠨ᠂ ᠵᠠᠯᠠᠭᠤᠴᠤᠳ᠎ᠤᠨ ᠠᠵᠢᠯ ᠰᠣᠩᠭᠣᠬᠤ᠎ᠳᠠᠭᠠᠨ ᠴᠢᠬᠤᠯᠠᠴᠢᠯᠠᠵᠤ ᠪᠠᠢ᠌ᠭ᠎ᠠ ᠴᠠᠯᠢᠩ ᠬᠥᠯᠥᠰᠦ ᠠᠰᠠᠷᠠᠮᠵᠢ ᠪᠠ ᠠᠵᠢᠯ᠎ᠤᠨ ᠲᠣᠭᠲᠠᠭᠤᠨ ᠴᠢᠨᠠᠷ᠎ᠤᠨ ᠲᠣᠭᠣᠷᠢᠨ᠎ᠳᠤ ᠠᠵᠢᠯ ᠬᠢᠵᠦ᠂ ᠠᠷᠭ᠎ᠠ ᠪᠦᠬᠦᠨ᠎ᠢ ᠰᠦᠪᠡᠭᠴᠢᠯᠡᠨ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠠᠵᠢᠯ ᠣᠯᠭᠣᠯᠲᠠ ᠵᠢᠨ ᠲᠤᠬᠠᠢ ᠲᠠᠲᠠᠬᠤ ᠬᠦᠴᠦᠨ᠎ᠢ ᠳᠡᠭᠡᠭᠰᠢᠯᠡᠭᠦᠯᠬᠦ ᠬᠡᠷᠡᠭᠲᠡᠶ ᠭᠡᠵᠦ ᠰᠠᠨᠠᠭᠤᠯᠵᠠᠢ᠃
ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠠᠵᠢᠯ ᠣᠯᠭᠣᠯᠲᠠ ᠵᠢ ᠠᠬᠢᠭᠤᠯᠬᠤ ᠵᠤᠷᠭ᠋ᠠᠨ᠎ᠤ ᠬᠠᠮᠢᠶ᠎ᠠ ᠪᠦᠬᠦᠢ ᠬᠠᠷᠢᠭᠤᠴᠠᠯᠭ᠋ᠠᠲᠠᠨ ᠢᠯᠡᠷᠬᠡᠢ᠌ᠯᠡᠬᠦ᠎ᠳᠡᠭᠡᠨ᠂ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠨ ᠰᠣᠷᠣᠭᠴᠢ ᠵᠡᠷᠭᠡ ᠵᠠᠯᠠᠭᠤᠴᠤᠳ᠎ᠤᠨ ᠠᠵᠢᠯ ᠣᠯᠭᠣᠯᠲᠠ ᠵᠢ ᠠᠬᠢᠭᠤᠯᠬᠤ ᠵᠢ ᠴᠢᠬᠤᠯᠠ ᠶᠡᠬᠡ ᠤᠯᠤᠰ ᠲᠥᠷᠥ ᠵᠢᠨ ᠬᠠᠷᠢᠭᠤᠴᠠᠯᠭ᠎ᠠ ᠪᠣᠯᠭ᠋ᠠᠵᠤ᠂ ᠠᠷᠠᠳ᠎ᠤᠨ ᠲᠥᠯᠥᠭᠡ ᠪᠣᠳᠠᠲᠤ ᠠᠵᠢᠯ ᠬᠢᠬᠦ ᠵᠢᠨ ᠴᠢᠬᠤᠯᠠ ᠠᠭᠤᠯᠭ᠎ᠠ ᠪᠣᠯᠭ᠋ᠠᠵᠤ᠂ ᠲᠥᠷᠥ ᠵᠢᠨ ᠪᠣᠳᠣᠯᠭ᠎ᠠ ᠵᠢ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠲᠣᠰ ᠭᠠᠵᠠᠷ᠎ᠤᠨ ᠵᠠᠯᠠᠭᠤᠴᠤᠳ᠎ᠤᠨ ᠠᠵᠢᠯ ᠣᠯᠭᠣᠯᠲᠠ ᠵᠢ ᠠᠬᠢᠭᠤᠯᠬᠤ ᠲᠥᠷᠥ ᠵᠢᠨ ᠪᠣᠳᠣᠯᠭ᠎ᠠ ᠵᠢ ᠰᠢᠯᠢᠳᠡᠭᠵᠢᠭᠦᠯᠦᠨ ᠲᠣᠬᠢᠷᠠᠭᠤᠯᠵᠤ᠂ ᠨᠡᠢ᠌ᠲᠡᠯᠡᠵᠦ ᠪᠣᠯᠬᠤ ᠲᠥᠷᠥ ᠵᠢᠨ ᠪᠣᠳᠣᠯᠭ᠎ᠠ ᠵᠢ᠎ᠨᠢ ᠡᠷᠲᠡᠬᠡᠨ ᠨᠡᠢ᠌ᠲᠡᠯᠡᠵᠦ᠂ ᠨᠡᠢ᠌ᠲᠡᠯᠡᠵᠦ ᠪᠣᠯᠬᠤ ᠠᠷᠭ᠎ᠠ ᠵᠢ᠎ᠨᠢ ᠪᠦᠬᠦᠨ᠎ᠢ ᠨᠡᠢ᠌ᠲᠡᠯᠡᠵᠦ᠂ ᠠᠵᠤ ᠠᠬᠤᠢ᠌ᠯᠠᠯ᠎ᠳᠤ ᠠᠰᠢᠭ ᠬᠦᠷᠲᠡᠭᠡᠵᠦ ᠠᠷᠠᠳ᠎ᠲᠤ ᠠᠰᠢᠭ ᠬᠦᠷᠲᠡᠭᠡᠬᠦ ᠵᠢ ᠠᠬᠢᠭᠤᠯᠤᠨ᠎ᠠ ᠭᠡᠵᠡᠢ᠃
ᠣᠢ᠌ᠷ᠎ᠠ᠎ᠳᠤ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠂ ᠰᠤᠷᠭ᠋ᠠᠨ ᠬᠥᠮᠦᠵᠢᠯ᠎ᠤᠨ ᠶᠠᠮᠤᠨ᠂ ᠡᠳ᠋᠎ᠤᠨ ᠵᠠᠰᠠᠭ᠎ᠤᠨ ᠶᠠᠮᠤᠨ ᠲᠤᠰᠬᠠᠢ᠌ᠯᠠᠨ ᠪᠢᠴᠢᠭ ᠮᠠᠲ᠋ᠧᠷᠢᠶᠠᠯ ᠨᠡᠢ᠌ᠲᠡᠯᠡᠵᠦ᠂ 11 ᠵᠦᠢ᠍ᠯ᠎ᠤᠨ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠵᠤ᠂ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠨ ᠰᠣᠷᠣᠭᠴᠢ ᠵᠡᠷᠭᠡ ᠵᠠᠯᠠᠭᠤᠴᠤᠳ᠎ᠤᠨ ᠠᠵᠢᠯ ᠣᠯᠬᠤ ᠪᠠ ᠦᠢ᠍ᠯᠡᠰ ᠪᠣᠰᠬᠠᠬᠤ ᠵᠢ ᠬᠦᠴᠦᠯᠡᠨ ᠠᠬᠢᠭᠤᠯᠪᠠ᠃ ᠪᠢᠴᠢᠭ ᠮᠠᠲ᠋ᠧᠷᠢᠶᠠᠯ᠎ᠳᠤ᠂ ᠠᠵᠢᠯ ᠣᠯᠭᠣᠯᠲᠠ ᠵᠢᠨ ᠨᠥᠬᠥᠪᠦᠷᠢ ᠪᠠ ᠠᠵᠢᠯ᠎ᠤᠨ ᠪᠠᠶ᠋ᠢᠷᠢ ᠵᠢ ᠥᠷᠭᠡᠳᠬᠡᠬᠦ ᠨᠥᠬᠥᠪᠦᠷᠢ ᠵᠢᠨ ᠲᠥᠷᠥ ᠵᠢᠨ ᠪᠣᠳᠣᠯᠭ᠎ᠠ ᠵᠢ ᠨᠡᠢ᠌ᠳᠬᠡᠵᠦ ᠰᠢᠯᠢᠳᠡᠭᠵᠢᠭᠦᠯᠦᠨ᠂ ᠨᠢᠭᠡ ᠤᠳᠠᠭ᠎ᠠ ᠵᠢᠨ ᠴᠢᠨᠠᠷᠲᠠᠢ ᠠᠵᠢᠯ ᠣᠯᠭᠣᠯᠲᠠ ᠵᠢ ᠰᠢᠩᠭᠡᠭᠡᠭᠰᠡᠨ ᠨᠥᠬᠥᠪᠦᠷᠢ ᠪᠠ ᠨᠢᠳᠬᠡ ᠤᠳᠠᠭ᠎ᠠ ᠵᠢᠨ ᠴᠢᠨᠠᠷᠲᠠᠢ ᠠᠵᠢᠯ᠎ᠤᠨ ᠪᠠᠶ᠋ᠢᠷᠢ ᠵᠢ ᠥᠷᠭᠡᠳᠬᠡᠭᠰᠡᠨ ᠨᠥᠬᠥᠪᠦᠷᠢ ᠵᠢᠨ ᠲᠥᠷᠥ ᠵᠢᠨ ᠪᠣᠳᠣᠯᠭ᠎ᠠ ᠵᠢ ᠨᠡᠢ᠌ᠯᠡᠭᠦᠯᠦᠨ ᠬᠡᠷᠡᠭᠵᠢᠭᠦᠯᠵᠦ᠂ ᠠᠵᠤ ᠠᠬᠤᠢ᠌ᠯᠠᠯ᠎ᠠᠴᠠ ᠨᠥᠬᠥᠴᠡᠯ᠎ᠳᠤ ᠨᠡᠶ᠋ᠢᠴᠡᠬᠦ ᠲᠡᠭᠦᠰᠬᠦ ᠣᠨ᠎ᠤ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠨ ᠰᠣᠷᠣᠭᠴᠢ᠂ ᠰᠤᠷᠭ᠋ᠠᠭᠤᠯᠢ᠎ᠠᠴᠠ᠎ᠪᠠᠨ ᠰᠠᠯᠤᠭ᠋ᠠᠳ ᠠᠵᠢᠯ ᠣᠯᠣᠭ᠋ᠠᠳᠤᠢ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠨ ᠰᠣᠷᠣᠭᠴᠢ ᠵᠢᠴᠢ ᠠᠵᠢᠯ ᠠᠯᠳᠠᠭᠰᠠᠨ ᠵᠠᠯᠠᠭᠤᠴᠤᠳ᠎ᠢ ᠡᠯᠰᠡᠨ ᠬᠡᠷᠡᠭᠯᠡᠭᠰᠡᠨ ᠪᠠᠢ᠌ᠪᠠᠯ᠂ ᠠᠵᠢᠯ᠎ᠤᠨ ᠪᠠᠶ᠋ᠢᠷᠢ ᠵᠢ ᠥᠷᠭᠡᠳᠬᠡᠭᠰᠡᠨ ᠨᠥᠬᠥᠪᠦᠷᠢ ᠵᠢ ᠨᠢᠭᠡ ᠤᠳᠠᠭ᠎ᠠ ᠵᠢᠨ ᠴᠢᠨᠠᠷᠲᠠᠢ᠎ᠪᠠᠷ ᠲᠠᠷᠬᠠᠭ᠋ᠠᠵᠤ ᠪᠣᠯᠣᠨ᠎ᠠ ᠭᠡᠵᠦ ᠲᠣᠳᠣᠷᠬᠠᠢ ᠳᠤᠷᠠᠳᠤᠭᠰᠠᠨ ᠪᠠᠢ᠌ᠨ᠎ᠠ᠃
ᠡᠭᠦᠨ᠎ᠠᠴᠠ ᠭᠠᠳᠠᠨ᠎ᠠ᠂ ᠪᠢᠴᠢᠭ ᠮᠠᠲ᠋ᠧᠷᠢᠶᠠᠯ᠎ᠳᠤ ᠪᠠᠰᠠ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠵᠠᠯᠠᠭᠤᠴᠤᠳ᠎ᠤᠨ ᠠᠵᠢᠯ ᠣᠯᠭᠣᠯᠲᠠ ᠵᠢᠨ ᠠᠵᠢᠯᠯᠠᠭ᠎ᠠ ᠵᠢ ᠬᠡᠷᠡᠭᠵᠢᠭᠦᠯᠬᠦ᠂ ᠵᠠᠯᠠᠭᠤᠴᠤᠳ᠎ᠤᠨ ᠠᠵᠢᠯ ᠡᠷᠢᠬᠦ ᠴᠢᠳᠠᠪᠤᠷᠢ ᠵᠢᠨ ᠪᠣᠯᠪᠠᠰᠤᠷᠠᠯ ᠪᠠ ᠱᠠᠪᠢ ᠠᠵᠢᠯᠴᠢᠨ᠎ᠤ ᠪᠣᠯᠪᠠᠰᠤᠷᠠᠯ᠎ᠢ ᠴᠢᠩᠭ᠋ᠠᠳᠬᠠᠬᠤ᠂ ᠠᠵᠢᠯ ᠣᠯᠬᠤ᠎ᠳᠤ ᠬᠦᠴᠢᠷᠲᠡᠢ ᠵᠠᠯᠠᠭᠤᠴᠤᠳ᠎ᠢ ᠲᠤᠰᠬᠠᠢ ᠬᠠᠪᠰᠤᠷᠤᠨ ᠲᠡᠳᠬᠦᠬᠦ ᠠᠵᠢᠯᠯᠠᠭ᠎ᠠ ᠵᠢ ᠵᠣᠬᠢᠶᠠᠨ ᠪᠠᠢ᠌ᠭᠤᠯᠬᠤ ᠵᠡᠷᠭᠡ ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠵᠠᠢ᠃ ᠪᠢᠴᠢᠭ ᠮᠠᠲ᠋ᠧᠷᠢᠶᠠᠯ᠎ᠳᠤ᠂ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠲᠤ ᠠᠵᠢᠯ ᠣᠯᠭᠣᠬᠤ ᠡᠨᠡᠬᠦ ᠶᠠᠪᠤᠳᠠᠯ᠎ᠢ ᠰᠠᠶ᠋ᠢᠲᠤᠷ ᠬᠢᠵᠦ᠂ ᠠᠵᠢᠯ ᠣᠯᠭᠣᠯᠲᠠ ᠪᠣᠯᠣᠨ ᠴᠢᠳᠠᠪᠤᠷᠢᠲᠠᠨ᠎ᠤ ᠲᠥᠷᠥ ᠵᠢᠨ ᠪᠣᠳᠣᠯᠭ᠎ᠠ ᠵᠢᠨ ᠦᠢ᠍ᠯᠡᠴᠢᠯᠡᠭᠡᠨ᠎ᠤ ᠵᠦᠢ᠍ᠯᠡᠰ᠎ᠢ ᠨᠢᠭᠡᠳᠦᠯᠲᠡᠢ ᠲᠥᠯᠥᠪᠵᠢᠭᠦᠯᠦᠨ᠂ ᠲᠠᠩᠰᠠ ᠡᠪᠬᠡᠮᠡᠯ᠎ᠢ ᠭᠥᠯᠢᠶᠡᠨ ᠠᠪᠬᠤ᠂ ᠨᠥᠬᠥᠪᠦᠷᠢ ᠭᠤᠶᠤᠴᠢᠯᠠᠨ ᠠᠪᠬᠤ᠂ ᠨᠡᠢ᠌ᠭᠡᠮ᠎ᠤᠨ ᠳᠠᠭ᠋ᠠᠳᠬᠠᠯ᠎ᠢ ᠲᠤᠰᠢᠶᠠᠬᠤ᠂ ᠡᠷᠦᠬᠡ ᠠᠮᠠ ᠵᠢᠨ ᠲᠠᠩᠰᠠ ᠣᠷᠣᠬᠤ ᠭᠠᠷᠳᠠᠮ ᠭᠦᠢ᠍ᠴᠡᠳᠬᠡᠬᠦ ᠵᠡᠷᠭᠡ ᠲᠥᠷᠥ ᠵᠢᠨ ᠪᠣᠳᠣᠯᠭ᠎ᠠ ᠵᠢᠨ ᠦᠢ᠍ᠯᠡᠴᠢᠯᠡᠭᠡᠨ᠎ᠤ 《ᠨᠢᠭᠡ ᠶᠠᠪᠤᠳᠠᠯ᠎ᠢ ᠳᠠᠭ᠋ᠠᠭ᠋ᠠᠨ ᠠᠪᠴᠤ ᠭᠦᠢ᠍ᠴᠡᠳᠬᠡᠬᠦ》 ᠵᠢ ᠠᠬᠢᠭᠤᠯᠬᠤ ᠬᠡᠷᠡᠭᠲᠡᠶ ᠭᠡᠵᠦ ᠱᠠᠭ᠋ᠠᠷᠳᠠᠭᠰᠠᠨ ᠪᠠᠢ᠌ᠨ᠎ᠠ᠃ (ᠰᠤᠷᠪᠤᠯᠵᠢᠯᠠᠭᠴᠢ ᠣᠣ ᠷᠥᠩ)