ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠂ ᠲᠥᠪ᠎ᠤᠨ ᠵᠣᠬᠢᠶᠠᠨ ᠪᠠᠢ᠌ᠭᠤᠯᠬᠤ ᠬᠡᠯᠲᠡᠰ᠂ ᠡᠳ᠋᠎ᠤᠨ ᠵᠠᠰᠠᠭ᠎ᠤᠨ ᠶᠠᠮᠤᠨ ᠣᠷᠴᠢᠮᠬᠠᠨ᠎ᠳᠤ 《ᠬᠠᠷᠢᠮᠠᠬᠠᠢ ᠴᠢᠨᠠᠷᠲᠠᠢ ᠨᠠᠰᠤᠨ᠎ᠤ ᠠᠮᠠᠷᠠᠯᠲᠠ᠎ᠪᠠᠨ ᠠᠪᠬᠤ ᠳᠦᠷᠢᠮ᠎ᠢ ᠬᠡᠷᠡᠭᠵᠢᠭᠦᠯᠬᠦ ᠲᠦᠷ ᠬᠡᠷᠡᠭᠵᠢᠭᠦᠯᠬᠦ ᠠᠷᠭ᠎ᠠ》 (ᠳᠣᠷᠣᠭᠰᠢ 《ᠲᠦᠷ ᠬᠡᠷᠡᠭᠵᠢᠭᠦᠯᠬᠦ ᠠᠷᠭ᠎ᠠ》 ᠭᠡᠵᠦ ᠲᠣᠪᠴᠢᠯᠠᠨ᠎ᠠ) ᠵᠢ ᠳᠠᠷᠤᠮᠠᠯᠯᠠᠨ ᠲᠠᠷᠬᠠᠭ᠋ᠠᠪᠠ᠃ ᠭᠤᠷᠪᠠᠨ ᠰᠠᠯᠠᠭ᠎ᠠ ᠮᠥᠴᠢᠷ᠎ᠤᠨ ᠬᠣᠯᠪᠣᠭᠳᠠᠯ ᠪᠦᠬᠦᠢ ᠵᠤᠷᠭ᠋ᠠᠨ ᠲᠣᠪᠴᠢᠶᠠᠨ᠎ᠤ ᠬᠠᠷᠢᠭᠤᠴᠠᠯᠭ᠋ᠠᠲᠠᠨ ᠨᠥᠬᠥᠳ 《ᠲᠦᠷ ᠬᠡᠷᠡᠭᠵᠢᠭᠦᠯᠬᠦ ᠠᠷᠭ᠎ᠠ》 ᠵᠢᠨ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠵᠠᠢ᠃
ᠠᠰᠠᠭᠤᠯᠲᠠ᠄ ᠡᠨᠡ ᠬᠦ᠌ ᠪᠢᠴᠢᠭ ᠮᠠᠲ᠋ᠧᠷᠢᠶᠠᠯ᠎ᠢ ᠲᠣᠭᠲᠠᠭ᠋ᠠᠭᠰᠠᠨ᠎ᠤ ᠭᠣᠣᠯ ᠵᠣᠷᠢᠯᠭ᠎ᠠ᠎ᠨᠢ ᠶᠠᠭᠤ ᠪᠤᠢ?
ᠬᠠᠷᠢᠭᠤᠯᠲᠠ᠄
ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠠᠴᠠ᠂ ᠰᠠᠶ᠋ᠢᠨ ᠳᠤᠷ᠎ᠠ ᠵᠢᠨ᠂ ᠬᠠᠷᠢᠮᠠᠬᠠᠢ ᠴᠢᠨᠠᠷᠲᠠᠢ ᠪᠠᠢ᠌ᠬᠤ ᠵᠠᠷᠴᠢᠮ ᠶᠣᠰᠣᠭ᠋ᠠᠷ᠂ ᠬᠠᠤᠯᠢ᠎ᠳᠤ ᠲᠣᠭᠲᠠᠭ᠋ᠠᠭᠰᠠᠨ ᠠᠵᠢᠯ᠎ᠠᠴᠠ᠎ᠪᠠᠨ ᠠᠮᠠᠷᠠᠬᠤ ᠨᠠᠰᠤ ᠵᠢ ᠠᠯᠬᠤᠮ ᠠᠯᠬᠤᠮ ᠵᠶ᠋ᠡᠷ ᠬᠣᠢ᠌ᠰᠢᠯᠠᠭᠤᠯᠬᠤ ᠥᠭᠡᠷᠡᠴᠢᠯᠡᠯᠲᠡ ᠵᠢ ᠯᠠᠪᠳᠠᠭᠤᠨ ᠪᠥᠭᠡᠳ ᠡᠮᠬᠢ ᠵᠢᠷᠤᠮ᠎ᠲᠠᠢ᠎ᠪᠠᠷ ᠲᠦᠯᠬᠢᠨ ᠠᠬᠢᠭᠤᠯᠬᠤ ᠬᠡᠷᠡᠭᠲᠡᠶ ᠭᠡᠵᠦ ᠳᠤᠷᠠᠳᠴᠠᠢ᠃ 《ᠬᠠᠤᠯᠢ᠎ᠪᠠᠷ ᠲᠣᠭᠲᠠᠭ᠋ᠠᠭᠰᠠᠨ ᠠᠵᠢᠯ᠎ᠠᠴᠠ᠎ᠪᠠᠨ ᠠᠮᠠᠷᠠᠬᠤ ᠨᠠᠰᠤ ᠵᠢ ᠠᠯᠬᠤᠮ ᠠᠯᠬᠤᠮ ᠵᠶ᠋ᠡᠷ ᠬᠣᠢ᠌ᠰᠢᠯᠠᠭᠤᠯᠬᠤ ᠲᠤᠬᠠᠢ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠲᠣᠭᠲᠠᠭ᠋ᠠᠯ》 (ᠳᠣᠷᠣᠭᠰᠢ 《ᠲᠣᠭᠲᠠᠭ᠋ᠠᠯ》 ᠭᠡᠵᠦ ᠲᠣᠪᠴᠢᠯᠠᠨ᠎ᠠ)᠎ᠳᠤ᠂ ᠠᠵᠢᠯᠲᠠᠨ ᠠᠵᠢᠯᠴᠢᠨ ᠰᠠᠶ᠋ᠢᠨ ᠳᠤᠷ᠎ᠠ᠎ᠠᠴᠠ᠎ᠪᠠᠨ ᠬᠠᠷᠢᠮᠠᠬᠠᠢ ᠴᠢᠨᠠᠷᠲᠠᠢ᠎ᠪᠠᠷ ᠤᠷᠢᠳᠴᠢᠯᠠᠨ ᠠᠵᠢᠯ᠎ᠠᠴᠠ᠎ᠪᠠᠨ ᠠᠮᠠᠷᠠᠬᠤ ᠪᠤᠶᠤ ᠬᠠᠷᠢᠮᠠᠬᠠᠢ ᠴᠢᠨᠠᠷᠲᠠᠢ᠎ᠪᠠᠷ ᠠᠵᠢᠯ᠎ᠠᠴᠠ᠎ᠪᠠᠨ ᠠᠮᠠᠷᠠᠬᠤ ᠵᠢ ᠬᠣᠢ᠌ᠰᠢᠯᠠᠭᠤᠯᠬᠤ᠎ᠪᠠᠷ ᠰᠣᠩᠭᠣᠵᠤ ᠪᠣᠯᠣᠨ᠎ᠠ᠃ ᠬᠠᠷᠢᠮᠠᠬᠠᠢ ᠴᠢᠨᠠᠷᠲᠠᠢ ᠨᠠᠰᠤᠨ᠎ᠤ ᠠᠮᠠᠷᠠᠯᠲᠠ᠎ᠪᠠᠨ ᠠᠪᠬᠤ ᠵᠢ ᠬᠡᠷᠡᠭᠵᠢᠭᠦᠯᠬᠦ ᠪᠣᠯ ᠮᠠᠨ᠎ᠤ ᠤᠯᠤᠰ᠎ᠤᠨ ᠬᠠᠤᠯᠢ᠎ᠪᠠᠷ ᠲᠣᠭᠲᠠᠭ᠋ᠠᠭᠰᠠᠨ ᠠᠵᠢᠯ᠎ᠠᠴᠠ᠎ᠪᠠᠨ ᠠᠮᠠᠷᠠᠬᠤ ᠨᠠᠰᠤ ᠵᠢ ᠠᠯᠬᠤᠮ ᠠᠯᠬᠤᠮ ᠵᠶ᠋ᠡᠷ ᠬᠣᠢ᠌ᠰᠢᠯᠠᠭᠤᠯᠬᠤ ᠥᠭᠡᠷᠡᠴᠢᠯᠡᠯᠲᠡ ᠵᠢᠨ ᠨᠢᠭᠡᠨ ᠴᠢᠬᠤᠯᠠ ᠠᠭᠤᠯᠭ᠎ᠠ ᠮᠥᠨ᠂ ᠡᠨᠡ᠎ᠨᠢ ᠬᠥᠳᠡᠯᠮᠦᠷᠢᠴᠢᠳ᠎ᠤᠨ ᠤᠯᠠᠨ ᠶᠠᠩᠵᠤ ᠵᠢᠨ ᠬᠡᠷᠡᠭᠴᠡᠭᠡ᠎ᠳᠤ ᠵᠣᠬᠢᠴᠠᠵᠤ᠂ ᠠᠳᠠᠯᠢ ᠪᠤᠰᠤ ᠠᠵᠢᠯ ᠠᠮᠢᠳᠤᠷᠠᠯ᠎ᠤᠨ ᠲᠣᠬᠢᠷᠠᠭᠤᠯᠤᠯᠲᠠ ᠵᠢᠨ ᠬᠡᠷᠡᠭᠴᠡᠭᠡ ᠵᠢ ᠬᠠᠩᠭ᠋ᠠᠬᠤ᠎ᠳᠤ ᠠᠰᠢᠭᠲᠠᠢ ᠶᠤᠮ᠃ ᠥᠭᠡᠷᠡᠴᠢᠯᠡᠯᠲᠡ ᠵᠢ ᠬᠡᠷᠡᠭᠵᠢᠭᠦᠯᠦᠭᠰᠡᠨ᠎ᠤ ᠳᠠᠷᠠᠭ᠎ᠠ᠂ ᠠᠵᠢᠯᠲᠠᠨ ᠠᠵᠢᠯᠴᠢᠨ᠎ᠤ ᠠᠵᠢᠯ᠎ᠠᠴᠠ᠎ᠪᠠᠨ ᠠᠮᠠᠷᠠᠬᠤ ᠨᠠᠰᠤ᠎ᠨᠢ ᠤᠤᠯ᠎ᠤᠨ ᠨᠢᠭᠡᠨ ᠬᠠᠲᠠᠭᠤ ᠵᠠᠩᠭᠢᠯᠠᠭ᠎ᠠ ᠵᠢᠨ ᠴᠡᠭ ᠪᠠᠢ᠌ᠭᠰᠠᠨ᠎ᠠᠴᠠ᠎ᠪᠠᠨ ᠬᠠᠷᠢᠮᠠᠬᠠᠢ ᠣᠷᠣᠨ ᠵᠠᠢ ᠪᠣᠯᠣᠨ ᠥᠷᠭᠡᠳᠴᠦ᠂ ᠠᠵᠢᠯᠲᠠᠨ ᠠᠵᠢᠯᠴᠢᠨ᠎ᠤ ᠠᠵᠢᠯ᠎ᠠᠴᠠ᠎ᠪᠠᠨ ᠠᠮᠠᠷᠠᠬᠤ ᠨᠠᠰᠤ ᠵᠢ ᠰᠣᠩᠭᠣᠬᠤ ᠡᠷᠬᠡ ᠵᠢ ᠨᠡᠮᠡᠭᠳᠡᠭᠦᠯᠵᠡᠢ᠃ ᠰᠠᠢ᠍ᠢ᠍ᠨ ᠳᠤᠷ᠎ᠠ ᠵᠢᠨ ᠪᠠᠶ᠋ᠢᠬᠤ᠂ ᠬᠠᠷᠢᠮᠠᠬᠠᠢ ᠴᠢᠨᠠᠷᠲᠠᠢ ᠪᠠᠶ᠋ᠢᠬᠤ ᠵᠠᠷᠴᠢᠮ᠎ᠢ ᠰᠠᠶ᠋ᠢᠲᠤᠷ ᠨᠠᠢ᠌ᠳᠠᠪᠤᠷᠢᠵᠢᠭᠤᠯᠵᠤ᠂ ᠠᠵᠢᠯᠲᠠᠨ ᠠᠵᠢᠯᠴᠢᠨ᠎ᠤ ᠬᠠᠤᠯᠢ ᠶᠣᠰᠣᠨ᠎ᠤ ᠡᠷᠬᠡ ᠠᠰᠢᠭ᠎ᠢ ᠦᠨᠡᠨ ᠬᠦ᠌ ᠪᠠᠲᠤᠯᠠᠵᠤ᠂ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠨᠡᠭᠡᠭᠡᠨ ᠠᠰᠢᠭᠯᠠᠯᠲᠠ ᠵᠢ ᠠᠬᠢᠭᠤᠯᠵᠤ᠂ 《ᠲᠣᠭᠲᠠᠭ᠋ᠠᠯ》᠎ᠳᠤ ᠳᠤᠷᠠᠳᠤᠭᠰᠠᠨ ᠨᠠᠰᠤᠨ᠎ᠤ ᠠᠮᠠᠷᠠᠯᠲᠠ ᠵᠢᠨ ᠲᠥᠷᠥ ᠵᠢᠨ ᠪᠣᠳᠣᠯᠭ᠎ᠠ ᠵᠢ ᠰᠠᠶ᠋ᠢᠲᠤᠷ ᠬᠡᠷᠡᠭᠵᠢᠭᠦᠯᠬᠦ ᠵᠢᠨ ᠲᠥᠯᠥᠭᠡ᠂ ᠭᠤᠷᠪᠠᠨ ᠰᠠᠯᠠᠭ᠎ᠠ ᠮᠥᠴᠢᠷ᠎ᠤᠨ᠎ᠬᠢᠨ 《ᠲᠦᠷ ᠬᠡᠷᠡᠭᠵᠢᠭᠦᠯᠬᠦ ᠠᠷᠭ᠎ᠠ》 ᠵᠢ ᠲᠣᠭᠲᠠᠭ᠋ᠠᠵᠤ᠂ ᠬᠠᠷᠢᠮᠠᠬᠠᠢ ᠴᠢᠨᠠᠷᠲᠠᠢ ᠨᠠᠰᠤᠨ᠎ᠤ ᠠᠮᠠᠷᠠᠯᠲᠠ᠎ᠪᠠᠨ ᠠᠪᠬᠤ ᠵᠢ ᠭᠦᠢ᠍ᠴᠡᠳᠬᠡᠬᠦ ᠵᠢᠷᠤᠮ᠂ ᠡᠷᠬᠡ ᠠᠰᠢᠭ᠎ᠤᠨ ᠪᠠᠲᠤᠯᠠᠭ᠎ᠠ ᠵᠡᠷᠭᠡ ᠠᠭᠤᠯᠭ᠎ᠠ ᠵᠢ ᠲᠣᠳᠣᠷᠬᠠᠢ᠌ᠯᠠᠵᠤ᠂ ᠨᠡᠢ᠌ᠭᠡᠮ᠎ᠤᠨ ᠳᠠᠭ᠋ᠠᠳᠬᠠᠯ᠎ᠤᠨ ᠭᠠᠷᠳᠠᠨ ᠭᠦᠢ᠍ᠴᠡᠳᠬᠡᠬᠦ ᠦᠢ᠍ᠯᠡᠴᠢᠯᠡᠭᠡ ᠵᠢ ᠰᠢᠯᠢᠳᠡᠭᠵᠢᠭᠦᠯᠬᠦ ᠲᠠᠯ᠎ᠠ᠎ᠪᠠᠷ ᠱᠠᠭ᠋ᠠᠷᠳᠠᠯᠭ᠎ᠠ ᠳᠤᠷᠠᠳᠪᠠ᠃
ᠠᠰᠠᠭᠤᠯᠲᠠ᠄ ᠠᠵᠢᠯ᠎ᠠᠴᠠ᠎ᠪᠠᠨ ᠠᠮᠠᠷᠠᠬᠤ ᠨᠠᠰᠤ ᠵᠢ ᠬᠡᠷᠬᠢᠨ ᠲᠣᠭᠲᠠᠭ᠋ᠠᠬᠤ ᠪᠤᠢ?
ᠬᠠᠷᠢᠭᠤᠯᠲᠠ᠄
ᠰᠠᠶ᠋ᠢᠨ ᠳᠤᠷ᠎ᠠ ᠵᠢᠨ᠂ ᠬᠠᠷᠢᠮᠠᠬᠠᠢ ᠴᠢᠨᠠᠷ᠎ᠢ ᠪᠠᠷᠢᠮᠲᠠᠯᠠᠬᠤ ᠪᠣᠯ ᠬᠠᠤᠯᠢ᠎ᠪᠠᠷ ᠲᠣᠭᠲᠠᠭ᠋ᠠᠭᠰᠠᠨ ᠠᠵᠢᠯ᠎ᠠᠴᠠ᠎ᠪᠠᠨ ᠠᠮᠠᠷᠠᠬᠤ ᠨᠠᠰᠤ ᠵᠢ ᠠᠯᠬᠤᠮ ᠠᠯᠬᠤᠮ ᠵᠶ᠋ᠡᠷ ᠬᠣᠢ᠌ᠰᠢᠯᠠᠭᠤᠯᠬᠤ ᠥᠭᠡᠷᠡᠴᠢᠯᠡᠯᠲᠡ ᠵᠢᠨ ᠴᠢᠬᠤᠯᠠ ᠵᠠᠷᠴᠢᠮ ᠮᠥᠨ᠃ ᠠᠵᠢᠯᠲᠠᠨ ᠠᠵᠢᠯᠴᠢᠨ 《ᠲᠣᠭᠲᠠᠭ᠋ᠠᠯ》᠎ᠳᠤ ᠲᠣᠳᠣᠷᠬᠠᠢ ᠲᠣᠭᠲᠠᠭ᠋ᠠᠭᠰᠠᠨ ᠬᠠᠤᠯᠢ᠎ᠪᠠᠷ ᠲᠣᠭᠲᠠᠭ᠋ᠠᠭᠰᠠᠨ ᠠᠵᠢᠯ᠎ᠠᠴᠠ᠎ᠪᠠᠨ ᠠᠮᠠᠷᠠᠬᠤ ᠨᠠᠰᠤᠨ᠎ᠤ ᠰᠠᠭᠤᠷᠢᠨ ᠳᠡᠭᠡᠷ᠎ᠡ᠂ ᠠᠵᠢᠯ᠎ᠠᠴᠠ᠎ᠪᠠᠨ ᠠᠮᠠᠷᠠᠬᠤ ᠵᠢ ᠬᠠᠷᠢᠮᠠᠬᠠᠢ ᠴᠢᠨᠠᠷᠲᠠᠢ᠎ᠪᠠᠷ ᠤᠷᠢᠳᠴᠢᠯᠠᠭᠤᠯᠬᠤ ᠪᠤᠶᠤ ᠬᠠᠷᠢᠮᠠᠬᠠᠢ ᠴᠢᠨᠠᠷᠲᠠᠢ᠎ᠪᠠᠷ ᠬᠣᠢ᠌ᠰᠢᠯᠠᠭᠤᠯᠬᠤ ᠵᠢ ᠪᠦᠷ ᠰᠣᠩᠭᠣᠵᠤ ᠪᠣᠯᠣᠨ᠎ᠠ᠃ 《ᠲᠦᠷ ᠬᠡᠷᠡᠭᠵᠢᠭᠦᠯᠬᠦ ᠠᠷᠭ᠎ᠠ》᠎ᠳᠤ ᠲᠣᠭᠲᠠᠭ᠋ᠠᠭᠰᠠᠨ᠎ᠨᠢ᠂ ᠠᠵᠢᠯᠲᠠᠨ ᠠᠵᠢᠯᠴᠢᠨ ᠤᠯᠤᠰ᠎ᠤᠨ ᠲᠣᠭᠲᠠᠭ᠋ᠠᠭᠰᠠᠨ ᠰᠦᠢ᠍ᠳᠬᠡᠯ ᠲᠤᠰᠢᠶᠠᠬᠤ ᠨᠠᠭ᠋ᠠᠲᠤ ᠵᠠᠬ᠎ᠠ ᠵᠢᠨ ᠵᠢᠯ ᠬᠤᠭᠤᠴᠠᠭ᠎ᠠ᠎ᠳᠤ ᠭᠦᠷᠪᠡᠯ ᠬᠠᠷᠢᠮᠠᠬᠠᠢ ᠴᠢᠨᠠᠷᠲᠠᠢ᠎ᠪᠠᠷ ᠤᠷᠢᠳᠴᠢᠯᠠᠨ ᠠᠵᠢᠯ᠎ᠠᠴᠠ᠎ᠪᠠᠨ ᠠᠮᠠᠷᠠᠬᠤ ᠵᠢ ᠰᠠᠶ᠋ᠢᠨ ᠳᠤᠷ᠎ᠠ᠎ᠠᠴᠠ᠎ᠪᠠᠨ ᠰᠣᠩᠭᠣᠵᠤ ᠪᠣᠯᠣᠨ᠎ᠠ᠂ ᠤᠷᠢᠳᠴᠢᠯᠠᠬᠤ ᠬᠤᠭᠤᠴᠠᠭ᠎ᠠ ᠵᠢ ᠬᠠᠮᠤᠭ᠎ᠤᠨ ᠣᠷᠳᠣ᠎ᠳᠠᠭᠠᠨ 3 ᠵᠢᠯ᠎ᠠᠴᠠ ᠬᠡᠲᠦᠷᠡᠭᠦᠯᠵᠦ ᠪᠣᠯᠬᠤ ᠦᠭᠡᠢ ᠪᠥᠭᠡᠳ ᠠᠵᠢᠯ᠎ᠠᠴᠠ᠎ᠪᠠᠨ ᠠᠮᠠᠷᠠᠬᠤ ᠨᠠᠰᠤ᠎ᠨᠢ ᠤᠤᠯ᠎ᠤᠨ ᠬᠠᠤᠯᠢ᠎ᠪᠠᠷ ᠲᠣᠭᠲᠠᠭ᠋ᠠᠭᠰᠠᠨ ᠡᠮᠡᠭᠲᠡᠢ ᠠᠵᠢᠯᠲᠠᠨ ᠠᠵᠢᠯᠴᠢᠨ᠎ᠤ ᠪᠦᠬᠦᠯᠢ 50 ᠨᠠᠰᠤ᠂ ᠪᠦᠬᠦᠯᠢ 55 ᠨᠠᠰᠤ ᠵᠢᠴᠢ ᠡᠷᠡᠭᠲᠡᠢ ᠠᠵᠢᠯᠲᠠᠨ ᠠᠵᠢᠯᠴᠢᠨ᠎ᠤ ᠪᠦᠬᠦᠯᠢ 60 ᠨᠠᠰᠤᠨ᠎ᠠᠴᠠ ᠳᠣᠣᠷ᠎ᠠ ᠪᠠᠢ᠌ᠵᠤ ᠪᠣᠯᠬᠤ ᠦᠭᠡᠢ᠃ ᠠᠵᠢᠯᠲᠠᠨ ᠠᠵᠢᠯᠴᠢᠨ ᠬᠠᠤᠯᠢ᠎ᠪᠠᠷ ᠲᠣᠭᠲᠠᠭ᠋ᠠᠭᠰᠠᠨ ᠠᠵᠢᠯ᠎ᠠᠴᠠ᠎ᠪᠠᠨ ᠠᠮᠠᠷᠠᠬᠤ ᠨᠠᠰᠤᠨ᠎ᠳᠤ ᠬᠦᠷᠴᠦ᠂ ᠠᠵᠢᠯᠯᠠᠵᠤ ᠪᠠᠢ᠌ᠭ᠎ᠠ ᠨᠢᠭᠡᠴᠢ᠎ᠲᠠᠢ᠎ᠪᠠᠨ ᠵᠥᠪᠳᠡᠯᠴᠡᠭᠡᠳ ᠰᠠᠨᠠᠯ ᠨᠢᠭᠡᠳᠦᠭᠰᠡᠨ ᠪᠠᠢ᠌ᠪᠠᠯ᠂ ᠠᠵᠢᠯ᠎ᠠᠴᠠ᠎ᠪᠠᠨ ᠠᠮᠠᠷᠠᠬᠤ ᠵᠢ ᠬᠠᠷᠢᠮᠠᠬᠠᠢ᠎ᠪᠠᠷ ᠬᠣᠢ᠌ᠰᠢᠯᠠᠭᠤᠯᠵᠤ ᠪᠣᠯᠣᠨ᠎ᠠ᠂ ᠬᠣᠢ᠌ᠰᠢᠯᠠᠭᠤᠯᠬᠤ ᠬᠤᠭᠤᠴᠠᠭ᠎ᠠ ᠵᠢ ᠬᠠᠮᠤᠭ᠎ᠤᠨ ᠣᠷᠳᠣ᠎ᠳᠠᠭᠠᠨ 3 ᠵᠢᠯ᠎ᠠᠴᠠ ᠬᠡᠲᠦᠷᠡᠭᠦᠯᠵᠦ ᠪᠣᠯᠬᠤ ᠦᠭᠡᠢ᠃
ᠵᠢᠱ᠌ᠢᠶᠡᠯᠡᠪᠡᠯ᠂ ᠨᠢᠭᠡᠨ ᠡᠷᠡᠭᠲᠡᠢ ᠠᠵᠢᠯᠲᠠᠨ 1972 ᠣᠨ᠎ᠤ 9 ᠰᠠᠷ᠎ᠠ᠎ᠳᠤ ᠲᠥᠷᠥᠵᠡᠢ᠂ 《ᠲᠣᠭᠲᠠᠭ᠋ᠠᠯ》᠎ᠢ ᠬᠡᠷᠡᠭᠵᠢᠭᠦᠯᠦᠭᠰᠡᠨ᠎ᠤ ᠳᠠᠷᠠᠭ᠎ᠠ ᠬᠠᠤᠯᠢ᠎ᠳᠤ ᠲᠣᠭᠲᠠᠭ᠋ᠠᠭᠰᠠᠨ ᠠᠵᠢᠯ᠎ᠠᠴᠠ᠎ᠪᠠᠨ ᠠᠮᠠᠷᠠᠬᠤ ᠨᠠᠰᠤ᠎ᠨᠢ ᠪᠦᠬᠦᠯᠢ 62 ᠨᠠᠰᠤ ᠪᠣᠯᠣᠨ᠎ᠠ᠂ ᠬᠡᠷᠪᠡ ᠰᠦᠢ᠍ᠳᠬᠡᠯ ᠲᠤᠰᠢᠶᠠᠬᠤ ᠨᠠᠭ᠋ᠠᠲᠤ ᠵᠠᠬ᠎ᠠ ᠵᠢᠨ ᠬᠤᠭᠤᠴᠠᠭ᠎ᠠ ᠵᠢ ᠬᠠᠩᠭ᠋ᠠᠭᠰᠠᠨ ᠪᠠᠢ᠌ᠪᠠᠯ᠂ ᠪᠦᠬᠦᠯᠢ 60 ᠨᠠᠰᠤᠨ᠎ᠠᠴᠠ ᠪᠦᠬᠦᠯᠢ 62 ᠨᠠᠰᠤᠨ᠎ᠤ ᠬᠣᠭᠣᠷᠣᠨᠳᠤ ᠬᠠᠷᠢᠮᠠᠬᠠᠢ ᠴᠢᠨᠠᠷᠲᠠᠢ᠎ᠪᠠᠷ ᠤᠷᠢᠳᠴᠢᠯᠠᠨ ᠠᠵᠢᠯ᠎ᠠᠴᠠ᠎ᠪᠠᠨ ᠠᠮᠠᠷᠠᠬᠤ ᠵᠢ ᠰᠣᠩᠭᠣᠵᠤ ᠪᠣᠯᠣᠨ᠎ᠠ᠃ ᠬᠡᠷᠪᠡ ᠲᠤᠰ ᠠᠵᠢᠯᠲᠠᠨ ᠠᠵᠢᠯᠴᠢᠨ ᠬᠠᠷᠢᠮᠠᠬᠠᠢ ᠴᠢᠨᠠᠷᠲᠠᠢ᠎ᠪᠠᠷ ᠤᠷᠢᠳᠴᠢᠯᠠᠨ ᠠᠵᠢᠯ᠎ᠠᠴᠠ᠎ᠪᠠᠨ ᠠᠮᠠᠷᠠᠬᠤ ᠵᠢ ᠰᠣᠩᠭᠣᠭᠰᠠᠨ ᠦᠭᠡᠢ ᠪᠣᠯ᠂ ᠬᠠᠤᠯᠢ᠎ᠳᠤ ᠲᠣᠭᠲᠠᠭ᠋ᠠᠭᠰᠠᠨ ᠠᠵᠢᠯ᠎ᠠᠴᠠ᠎ᠪᠠᠨ ᠠᠮᠠᠷᠠᠬᠤ ᠪᠦᠬᠦᠯᠢ 62 ᠨᠠᠰᠤ ᠬᠦᠷᠪᠡᠯ᠂ ᠠᠵᠢᠯ᠎ᠠᠴᠠ᠎ᠪᠠᠨ ᠠᠮᠠᠷᠠᠵᠤ ᠪᠣᠯᠣᠨ᠎ᠠ; ᠬᠡᠷᠪᠡ ᠪᠠᠢ᠌ᠭ᠎ᠠ ᠨᠢᠭᠡᠴᠢ᠎ᠲᠠᠢ᠎ᠪᠠᠨ ᠵᠥᠪᠳᠡᠯᠴᠡᠭᠡᠳ ᠰᠠᠨᠠᠯ ᠨᠢᠭᠡᠳᠪᠡᠯ᠂ ᠪᠠᠰᠠ ᠪᠦᠬᠦᠯᠢ 62 ᠨᠠᠰᠤᠨ᠎ᠠᠴᠠ ᠪᠦᠬᠦᠯᠢ 65 ᠨᠠᠰᠤᠨ᠎ᠤ ᠬᠣᠭᠣᠷᠣᠨᠳᠤ ᠬᠠᠷᠢᠮᠠᠬᠠᠢ᠎ᠪᠠᠷ ᠨᠠᠰᠤᠨ᠎ᠤ ᠠᠮᠠᠷᠠᠯᠲᠠ ᠠᠪᠬᠤ ᠵᠢ ᠬᠣᠢ᠌ᠰᠢᠯᠠᠭᠤᠯᠵᠤ ᠪᠣᠯᠣᠨ᠎ᠠ᠃
ᠠᠰᠠᠭᠤᠯᠲᠠ᠄ 《ᠲᠦᠷ ᠬᠡᠷᠡᠭᠵᠢᠭᠦᠯᠬᠦ ᠠᠷᠭ᠎ᠠ》᠎ᠳᠤ ᠬᠠᠷᠢᠮᠠᠬᠠᠢ ᠴᠢᠨᠠᠷᠲᠠᠢ ᠠᠵᠢᠯ᠎ᠠᠴᠠ᠎ᠪᠠᠨ ᠤᠷᠢᠳᠴᠢᠯᠠᠨ ᠠᠮᠠᠷᠠᠬᠤ ᠵᠢ ᠭᠦᠢ᠍ᠴᠡᠳᠬᠡᠬᠦ ᠲᠠᠯ᠎ᠠ᠎ᠪᠠᠷ ᠬᠡᠷᠬᠢᠨ ᠲᠣᠭᠲᠠᠭ᠋ᠠᠭᠰᠠᠨ ᠪᠤᠢ?
ᠬᠠᠷᠢᠭᠤᠯᠲᠠ᠄
《ᠲᠦᠷ ᠬᠡᠷᠡᠭᠵᠢᠭᠦᠯᠬᠦ ᠠᠷᠭ᠎ᠠ》᠎ᠳᠤ᠂ ᠠᠵᠢᠯᠲᠠᠨ ᠠᠵᠢᠯᠴᠢᠨ ᠰᠠᠶ᠋ᠢᠨ ᠳᠤᠷ᠎ᠠ᠎ᠠᠴᠠ᠎ᠪᠠᠨ ᠬᠠᠷᠢᠮᠠᠬᠠᠢ ᠴᠢᠨᠠᠷᠲᠠᠢ ᠠᠵᠢᠯ᠎ᠠᠴᠠ᠎ᠪᠠᠨ ᠤᠷᠢᠳᠴᠢᠯᠠᠨ ᠠᠮᠠᠷᠠᠬᠤ ᠵᠢ ᠰᠣᠩᠭᠣᠭᠰᠠᠨ ᠪᠠᠢ᠌ᠪᠠᠯ᠂ ᠨᠠᠭ᠋ᠠᠲᠤ ᠵᠠᠬ᠎ᠠ᠎ᠳᠠᠭᠠᠨ ᠲᠤᠰ ᠬᠥᠮᠥᠨ᠎ᠤ ᠰᠣᠩᠭᠣᠭᠰᠠᠨ ᠠᠵᠢᠯ᠎ᠠᠴᠠ᠎ᠪᠠᠨ ᠠᠮᠠᠷᠠᠬᠤ ᠴᠠᠭ᠎ᠠᠴᠠ 3 ᠰᠠᠷ᠎ᠠ ᠵᠢᠨ ᠡᠮᠦᠨ᠎ᠡ ᠠᠵᠢᠯᠯᠠᠵᠤ ᠪᠠᠢ᠌ᠭ᠎ᠠ ᠨᠢᠭᠡᠴᠢ᠎ᠳᠡᠭᠡᠨ ᠪᠢᠴᠢᠭ᠎ᠤᠨ ᠬᠡᠯᠪᠡᠷᠢ᠎ᠪᠠᠷ ᠮᠡᠳᠡᠭᠳᠡᠬᠦ ᠬᠡᠷᠡᠭᠲᠡᠶ ᠭᠡᠵᠦ ᠲᠣᠭᠲᠠᠭ᠋ᠠᠵᠠᠢ᠃ ᠡᠨᠡ ᠬᠦ᠌ ᠲᠣᠭᠲᠠᠭ᠋ᠠᠯ᠎ᠨᠢ ᠭᠣᠣᠯᠳᠠᠭᠤ ᠬᠣᠶᠠᠷ ᠲᠠᠯ᠎ᠠ᠎ᠠᠴᠠ ᠪᠣᠳᠣᠯᠬᠢᠯᠠᠭᠰᠠᠨ ᠶᠤᠮ᠄ ᠨᠢᠭᠡ ᠲᠠᠯ᠎ᠠ᠎ᠪᠠᠷ᠂ ᠮᠡᠳᠡᠭᠳᠡᠬᠦ ᠬᠡᠯᠪᠡᠷᠢ ᠵᠢ 《ᠪᠢᠴᠢᠭ᠎ᠤᠨ ᠬᠡᠯᠪᠡᠷᠢ》 ᠭᠡᠵᠦ ᠲᠣᠳᠣᠷᠬᠠᠢ ᠲᠣᠭᠲᠠᠭ᠋ᠠᠵᠤ᠂ ᠬᠠᠷᠢᠮᠠᠬᠠᠢ ᠴᠢᠨᠠᠷᠲᠠᠢ᠎ᠪᠠᠷ ᠠᠵᠢᠯ᠎ᠠᠴᠠ᠎ᠪᠠᠨ ᠤᠷᠢᠳᠴᠢᠯᠠᠨ ᠠᠮᠠᠷᠠᠬᠤ ᠠᠵᠢᠯᠲᠠᠨ ᠠᠵᠢᠯᠴᠢᠨ᠎ᠤ ᠬᠤᠪᠢ ᠬᠥᠮᠥᠨ᠎ᠤ ᠦᠨᠡᠨ ᠬᠦᠰᠡᠯ ᠪᠠᠢ᠌ᠬᠤ ᠵᠢ ᠦᠨᠡᠨ ᠬᠦ᠌ ᠪᠠᠲᠤᠯᠠᠨ᠎ᠠ; ᠨᠥᠭᠥᠭᠡ ᠲᠠᠯ᠎ᠠ᠎ᠪᠠᠷ᠂ ᠤᠷᠢᠳᠴᠢᠯᠠᠨ ᠮᠡᠳᠡᠭᠳᠡᠬᠦ ᠴᠠᠭ᠎ᠢ ᠲᠣᠳᠣᠷᠬᠠᠢ ᠪᠣᠯᠭ᠋ᠠᠬᠤ᠎ᠨᠢ ᠬᠥᠮᠥᠨ ᠬᠡᠷᠡᠭᠯᠡᠬᠦ ᠨᠢᠭᠡᠴᠢ ᠵᠢᠨ ᠠᠵᠢᠯᠲᠠᠨ᠎ᠤ ᠲᠣᠬᠢᠷᠠᠭᠤᠯᠤᠯᠲᠠ ᠵᠢᠨ ᠲᠠᠯ᠎ᠠ᠎ᠪᠠᠷ ᠪᠡᠯᠡᠳᠬᠡᠯ᠎ᠲᠠᠢ ᠪᠠᠶ᠋ᠢᠬᠤ᠎ᠳᠤ ᠲᠥᠬᠥᠮ ᠶᠤᠮ᠃
ᠠᠰᠠᠭᠤᠯᠲᠠ᠄ 《ᠲᠦᠷ ᠬᠡᠷᠡᠭᠵᠢᠭᠦᠯᠬᠦ ᠠᠷᠭ᠎ᠠ》᠎ᠳᠤ ᠬᠠᠷᠢᠮᠠᠬᠠᠢ ᠴᠢᠨᠠᠷᠲᠠᠢ ᠠᠵᠢᠯ᠎ᠠᠴᠠ᠎ᠪᠠᠨ ᠠᠮᠠᠷᠠᠬᠤ ᠵᠢ ᠬᠣᠢ᠌ᠰᠢᠯᠠᠭᠤᠯᠬᠤ ᠵᠢ ᠭᠦᠢ᠍ᠴᠡᠳᠬᠡᠬᠦ ᠲᠠᠯ᠎ᠠ᠎ᠪᠠᠷ ᠬᠡᠷᠬᠢᠨ ᠲᠣᠭᠲᠠᠭ᠋ᠠᠭᠰᠠᠨ ᠪᠤᠢ?
ᠬᠠᠷᠢᠭᠤᠯᠲᠠ᠄
《ᠲᠦᠷ ᠬᠡᠷᠡᠭᠵᠢᠭᠦᠯᠬᠦ ᠠᠷᠭ᠎ᠠ》᠎ᠳᠤ᠂ ᠠᠵᠢᠯᠯᠠᠵᠤ ᠪᠠᠢ᠌ᠭ᠎ᠠ ᠨᠢᠭᠡᠴᠢ ᠪᠣᠯᠣᠨ ᠠᠵᠢᠯᠲᠠᠨ ᠠᠵᠢᠯᠴᠢᠨ 1 ᠰᠠᠷ᠎ᠠ ᠵᠢᠨ ᠡᠮᠦᠨ᠎ᠡ ᠠᠵᠢᠯ᠎ᠠᠴᠠ᠎ᠪᠠᠨ ᠠᠮᠠᠷᠠᠬᠤ ᠴᠠᠭ᠎ᠢ ᠬᠣᠢ᠌ᠰᠢᠯᠠᠭᠤᠯᠬᠤ ᠵᠡᠷᠭᠡ ᠤᠴᠢᠷ ᠶᠠᠪᠤᠳᠠᠯ᠎ᠢ ᠪᠢᠴᠢᠭ᠎ᠤᠨ ᠬᠡᠯᠪᠡᠷᠢ᠎ᠪᠠᠷ ᠲᠣᠳᠣᠷᠬᠠᠢ᠌ᠯᠠᠬᠤ ᠬᠡᠷᠡᠭᠲᠡᠶ ᠭᠡᠵᠦ ᠳᠤᠷᠠᠳᠴᠠᠢ᠃ ᠬᠠᠷᠢᠮᠠᠬᠠᠢ ᠴᠢᠨᠠᠷᠲᠠᠢ ᠠᠵᠢᠯ᠎ᠠᠴᠠ᠎ᠪᠠᠨ ᠠᠮᠠᠷᠠᠬᠤ ᠵᠢ ᠬᠣᠢ᠌ᠰᠢᠯᠠᠭᠤᠯᠬᠤ ᠴᠠᠭ᠎ᠢ ᠲᠣᠭᠲᠠᠭ᠋ᠠᠭᠰᠠᠨ᠎ᠤ ᠳᠠᠷᠠᠭ᠎ᠠ ᠳᠠᠬᠢᠵᠤ ᠤᠷᠲᠤᠳᠬᠠᠬᠤ ᠦᠭᠡᠢ᠃ ᠬᠠᠷᠢᠮᠠᠬᠠᠢ ᠴᠢᠨᠠᠷᠲᠠᠢ ᠠᠵᠢᠯ᠎ᠠᠴᠠ᠎ᠪᠠᠨ ᠠᠮᠠᠷᠠᠬᠤ ᠵᠢ ᠬᠣᠢ᠌ᠰᠢᠯᠠᠭᠤᠯᠬᠤ ᠬᠤᠭᠤᠴᠠᠭ᠋ᠠᠨ᠎ᠳᠤ᠂ ᠪᠠᠢ᠌ᠭ᠎ᠠ ᠨᠢᠭᠡᠴᠢ ᠪᠣᠯᠣᠨ ᠠᠵᠢᠯᠲᠠᠨ ᠠᠵᠢᠯᠴᠢᠨ᠎ᠤ ᠬᠣᠭᠤᠷᠤᠨᠳᠤᠬᠢ ᠬᠥᠳᠡᠯᠮᠦᠷᠢ ᠵᠢᠨ ᠬᠠᠷᠢᠴᠠᠭ᠎ᠠ ᠪᠤᠶᠤ ᠠᠵᠢᠯᠲᠠᠨ᠎ᠤ ᠶᠠᠪᠤᠳᠠᠯ᠎ᠤᠨ ᠬᠠᠷᠢᠴᠠᠭ᠎ᠠ᠎ᠨᠢ ᠮᠥᠨ ᠬᠦ᠌ ᠦᠷᠭᠦᠯᠵᠢᠯᠡᠨ᠎ᠡ ᠭᠡᠵᠦ ᠳᠤᠷᠠᠳᠴᠠᠢ᠃ ᠡᠲᠡᠭᠡᠷ ᠲᠣᠭᠲᠠᠭ᠋ᠠᠯ᠎ᠨᠢ ᠬᠣᠶᠠᠷ ᠲᠠᠯ᠎ᠠ᠎ᠪᠠᠷ ᠵᠶ᠋ᠠᠨ ᠵᠥᠪᠳᠡᠯᠴᠡᠨ ᠰᠠᠨᠠᠯ ᠨᠢᠭᠡᠳᠦᠭᠰᠡᠨᠢ ᠬᠠᠷᠠᠭᠤᠯᠵᠤ᠂ ᠠᠵᠢᠯ᠎ᠠᠴᠠ᠎ᠪᠠᠨ ᠠᠮᠠᠷᠠᠬᠤ ᠵᠢ ᠬᠣᠢ᠌ᠰᠢᠯᠠᠭᠤᠯᠬᠤ ᠬᠤᠭᠤᠴᠠᠭ᠋ᠠᠨ᠎ᠳᠠᠬᠢ ᠬᠥᠳᠡᠯᠮᠦᠷᠢᠴᠢᠳ᠎ᠤᠨ ᠡᠷᠬᠡ ᠠᠰᠢᠭ᠎ᠢ ᠪᠠᠲᠤᠯᠠᠭᠰᠠᠨ ᠪᠥᠭᠡᠳ ᠬᠥᠮᠥᠨ ᠬᠡᠷᠡᠭᠯᠡᠬᠦ ᠨᠢᠭᠡᠴᠢ ᠪᠣᠯᠣᠨ ᠠᠵᠢᠯᠲᠠᠨ ᠠᠵᠢᠯᠴᠢᠨ᠎ᠤ ᠵᠢᠱ᠌ᠢᠯᠲᠡ ᠵᠢ ᠲᠣᠭᠲᠠᠪᠤᠷᠢᠵᠢᠭᠤᠯᠬᠤ᠎ᠳᠤ ᠠᠰᠢᠭᠲᠠᠢ ᠶᠤᠮ᠃ ᠡᠭᠦᠨ᠎ᠤ ᠵᠡᠷᠭᠡ᠎ᠳᠤ 《ᠲᠦᠷ ᠬᠡᠷᠡᠭᠵᠢᠭᠦᠯᠬᠦ ᠠᠷᠭ᠎ᠠ》᠎ᠳᠤ᠂ ᠠᠯᠪᠠᠲᠠᠨ᠂ ᠤᠯᠤᠰ᠎ᠤᠨ ᠥᠮᠴᠢᠯᠡᠯᠲᠦ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ ᠵᠢᠨ ᠤᠳᠤᠷᠢᠳᠬᠤ ᠬᠥᠮᠥᠰ ᠵᠢᠴᠢ ᠪᠤᠰᠤᠳ ᠬᠠᠮᠢᠶᠠᠷᠤᠯᠲᠠ ᠵᠢᠨ ᠠᠵᠢᠯᠲᠠᠨ ᠬᠠᠤᠯᠢ᠎ᠳᠤ ᠲᠣᠭᠲᠠᠭ᠋ᠠᠭᠰᠠᠨ ᠠᠵᠢᠯ᠎ᠠᠴᠠ ᠠᠮᠠᠷᠠᠬᠤ ᠨᠠᠰᠤᠨ᠎ᠳᠤ ᠬᠦᠷᠪᠡᠯ ᠠᠵᠢᠯ᠎ᠠᠴᠠ ᠠᠮᠠᠷᠠᠬᠤ ᠭᠠᠷ ᠭᠦᠢ᠍ᠴᠡᠳᠬᠡᠯ᠎ᠢ ᠴᠠᠭ ᠲᠤᠬᠠᠢᠳᠤᠨᠢ ᠬᠢᠬᠦ ᠬᠡᠷᠡᠭᠲᠡᠶ ᠭᠡᠵᠦ ᠲᠣᠭᠲᠠᠭ᠋ᠠᠵᠠᠢ᠃
ᠠᠰᠠᠭᠤᠯᠲᠠ᠄ ᠠᠵᠢᠯᠲᠠᠨ ᠠᠵᠢᠯᠴᠢᠨ ᠬᠠᠷᠢᠮᠠᠬᠠᠢ ᠴᠢᠨᠠᠷᠲᠠᠢ ᠠᠵᠢᠯ᠎ᠠᠴᠠ᠎ᠪᠠᠨ ᠠᠮᠠᠷᠠᠬᠤ ᠦᠶ᠎ᠡ᠎ᠳᠤ᠂ ᠰᠦᠢ᠍ᠳᠬᠡᠯ ᠲᠤᠰᠢᠶᠠᠬᠤ ᠬᠠᠮᠤᠭ᠎ᠤᠨ ᠪᠠᠭ᠎ᠠ ᠬᠤᠭᠤᠴᠠᠭ᠎ᠠ ᠵᠢ ᠬᠡᠷᠬᠢᠨ ᠲᠣᠭᠲᠠᠭ᠋ᠠᠬᠤ ᠪᠤᠢ?
ᠬᠠᠷᠢᠭᠤᠯᠲᠠ᠄
《ᠲᠣᠭᠲᠠᠭ᠋ᠠᠯ》᠎ᠤᠨ ᠱᠠᠭ᠋ᠠᠷᠳᠠᠯᠭ᠎ᠠ ᠵᠢ ᠦᠨᠳᠦᠰᠦᠯᠡᠪᠡᠯ᠂ ᠠᠵᠢᠯᠲᠠᠨ ᠠᠵᠢᠯᠴᠢᠨ ᠰᠠᠷ᠎ᠠ᠎ᠪᠠᠷ ᠨᠠᠰᠤᠵᠢᠯ᠎ᠤᠨ ᠦᠨᠳᠦᠰᠦᠨ ᠠᠰᠠᠷᠠᠮᠵᠢ ᠵᠢᠨ ᠮᠥᠩᠭᠥ ᠠᠪᠬᠤ᠎ᠳᠠᠭᠠᠨ ᠤᠯᠤᠰ᠎ᠠᠴᠠ ᠲᠣᠭᠲᠠᠭ᠋ᠠᠭᠰᠠᠨ ᠰᠦᠢ᠍ᠳᠬᠡᠯ ᠲᠤᠰᠢᠶᠠᠬᠤ ᠨᠠᠭ᠋ᠠᠲᠤ ᠵᠠᠬ᠎ᠠ ᠵᠢᠨ ᠵᠢᠯ ᠬᠤᠭᠤᠴᠠᠭ᠎ᠠ᠎ᠳᠤ ᠬᠥᠷᠥᠭᠰᠡᠨ ᠪᠠᠢ᠌ᠬᠤ ᠬᠡᠷᠡᠭᠲᠡᠶ᠃ ᠥᠭᠡᠷᠡᠴᠢᠯᠡᠯᠲᠡ ᠵᠢ ᠬᠡᠷᠡᠭᠵᠢᠭᠦᠯᠬᠦ ᠶᠠᠪᠤᠴᠠ᠎ᠳᠤ᠂ ᠠᠳᠠᠯᠢ ᠪᠤᠰᠤ ᠵᠢᠯ᠎ᠳᠤ ᠨᠠᠰᠤᠨ᠎ᠤ ᠠᠮᠠᠷᠠᠯᠲᠠ᠎ᠪᠠᠨ ᠠᠪᠬᠤ᠎ᠳᠤ᠂ ᠰᠦᠢ᠍ᠳᠬᠡᠯ ᠲᠤᠰᠢᠶᠠᠬᠤ ᠨᠠᠭ᠋ᠠᠲᠤ ᠵᠠᠬ᠎ᠠ ᠵᠢᠨ ᠵᠢᠯ ᠬᠤᠭᠤᠴᠠᠭ᠎ᠠ᠎ᠨᠢ ᠵᠥᠷᠢᠶ᠎ᠡ᠎ᠲᠠᠢ ᠪᠠᠶ᠋ᠢᠬᠤ ᠵᠢ ᠪᠣᠳᠣᠯᠬᠢᠯᠠᠭ᠋ᠠᠳ᠂ 《ᠲᠦᠷ ᠬᠡᠷᠡᠭᠵᠢᠭᠦᠯᠬᠦ ᠠᠷᠭ᠎ᠠ》᠎ᠳᠤ ᠬᠠᠷᠢᠮᠠᠬᠠᠢ ᠴᠢᠨᠠᠷᠲᠠᠢ ᠨᠠᠰᠤᠨ᠎ᠤ ᠠᠮᠠᠷᠠᠯᠲᠠ ᠠᠪᠬᠤ ᠲᠥᠷᠥ ᠵᠢᠨ ᠪᠣᠳᠣᠯᠭ᠎ᠠ ᠵᠢ ᠦᠨᠳᠦᠰᠦᠯᠡᠨ ᠡᠭᠦᠨ᠎ᠤ ᠲᠤᠬᠠᠢ ᠲᠣᠭᠲᠠᠭ᠋ᠠᠯ᠎ᠢ ᠤᠯᠠᠮ ᠨᠢᠭᠡ ᠠᠯᠬᠤᠮ ᠲᠣᠳᠣᠷᠬᠠᠢ᠌ᠯᠠᠨ ᠨᠠᠷᠢᠯᠢᠭᠵᠢᠭᠤᠯᠵᠤ᠂ ᠬᠠᠷᠢᠮᠠᠬᠠᠢ ᠴᠢᠨᠠᠷᠲᠠᠢ ᠤᠷᠢᠳᠴᠢᠯᠠᠨ ᠠᠵᠢᠯ᠎ᠠᠴᠠ᠎ᠪᠠᠨ ᠠᠮᠠᠷᠠᠬᠤ ᠵᠢ ᠰᠣᠩᠭᠣᠭᠰᠠᠨ ᠠᠵᠢᠯᠲᠠᠨ ᠠᠵᠢᠯᠴᠢᠨ ᠨᠠᠰᠤᠵᠢᠯ᠎ᠤᠨ ᠦᠨᠳᠦᠰᠦᠨ ᠠᠰᠠᠷᠠᠮᠵᠢ ᠵᠢᠨ ᠮᠥᠩᠭᠥ ᠵᠢ ᠰᠠᠷ᠎ᠠ᠎ᠪᠠᠷ ᠠᠪᠬᠤ᠎ᠪᠠᠷ ᠭᠤᠶᠤᠴᠢᠯᠠᠪᠠᠯ᠂ ᠰᠣᠩᠭᠣᠭᠰᠠᠨ ᠨᠠᠰᠤᠨ᠎ᠤ ᠠᠮᠠᠷᠠᠯᠲᠠ ᠠᠪᠬᠤ ᠴᠠᠭ᠎ᠤᠨ ᠬᠠᠷᠠᠭ᠋ᠠᠯᠵᠠᠭᠰᠠᠨ ᠵᠢᠯ᠎ᠤᠨ ᠬᠠᠮᠤᠭ᠎ᠤᠨ ᠳᠣᠣᠷ᠎ᠠ ᠰᠦᠢ᠍ᠳᠬᠡᠯ ᠲᠤᠰᠢᠶᠠᠬᠤ ᠵᠢᠯ ᠬᠤᠭᠤᠴᠠᠭ᠎ᠠ᠎ᠳᠤ ᠬᠦᠷᠬᠦ ᠬᠡᠷᠡᠭᠲᠡᠶ; ᠬᠠᠷᠢᠮᠠᠬᠠᠢ ᠴᠢᠨᠠᠷᠲᠠᠢ ᠠᠵᠢᠯ᠎ᠠᠴᠠ᠎ᠪᠠᠨ ᠠᠮᠠᠷᠠᠬᠤ ᠵᠢ ᠬᠣᠢ᠌ᠰᠢᠯᠠᠭᠤᠯᠬᠤ᠎ᠪᠠᠷ ᠰᠣᠩᠭᠣᠭᠰᠠᠨ ᠠᠵᠢᠯᠲᠠᠨ ᠠᠵᠢᠯᠴᠢᠨ ᠨᠠᠰᠤᠵᠢᠯ᠎ᠤᠨ ᠦᠨᠳᠦᠰᠦᠨ ᠠᠰᠠᠷᠠᠮᠵᠢ ᠵᠢᠨ ᠮᠥᠩᠭᠥ ᠵᠢ ᠰᠠᠷ᠎ᠠ᠎ᠪᠠᠷ ᠠᠪᠬᠤ᠎ᠪᠠᠷ ᠭᠤᠶᠤᠴᠢᠯᠠᠪᠠᠯ᠂ ᠲᠡᠭᠦᠨ᠎ᠤ ᠬᠠᠤᠯᠢ᠎ᠪᠠᠷ ᠲᠣᠭᠲᠠᠭ᠋ᠠᠭᠰᠠᠨ ᠠᠵᠢᠯ᠎ᠠᠴᠠ᠎ᠪᠠᠨ ᠠᠮᠠᠷᠠᠬᠤ ᠨᠠᠰᠤᠨ᠎ᠤ ᠬᠠᠷᠠᠭ᠋ᠠᠯᠵᠠᠭᠰᠠᠨ ᠵᠢᠯ᠎ᠤᠨ ᠬᠠᠮᠤᠭ᠎ᠤᠨ ᠳᠣᠣᠷ᠎ᠠ ᠰᠦᠢ᠍ᠳᠬᠡᠯ ᠲᠤᠰᠢᠶᠠᠬᠤ ᠵᠢᠯ ᠬᠤᠭᠤᠴᠠᠭ᠎ᠠ᠎ᠳᠤ ᠬᠦᠷᠬᠦ ᠬᠡᠷᠡᠭᠲᠡᠶ᠃
ᠠᠰᠠᠭᠤᠯᠲᠠ᠄ ᠠᠯᠪᠠᠨ ᠪᠠᠢ᠌ᠭᠤᠯᠭ᠎ᠠ ᠪᠣᠯᠣᠨ ᠤᠯᠤᠰ᠎ᠤᠨ ᠥᠮᠴᠢᠯᠡᠯᠲᠦ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠬᠠᠷᠢᠮᠠᠬᠠᠢ ᠴᠢᠨᠠᠷᠲᠠᠢ ᠠᠵᠢᠯ᠎ᠠᠴᠠ᠎ᠪᠠᠨ ᠠᠮᠠᠷᠠᠬᠤ᠎ᠳᠤ ᠵᠢᠷᠤᠮ᠎ᠤᠨ ᠲᠠᠯ᠎ᠠ᠎ᠪᠠᠷ ᠶᠠᠮᠠᠷ ᠱᠠᠭ᠋ᠠᠷᠳᠠᠯᠭ᠎ᠠ᠎ᠲᠠᠢ ᠪᠤᠢ?
ᠬᠠᠷᠢᠭᠤᠯᠲᠠ᠄
ᠺᠠᠳ᠋ᠷ᠎ᠢ ᠴᠢᠩᠭ᠎ᠠ ᠬᠠᠮᠢᠶᠠᠷᠬᠤ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠬᠤ ᠵᠢᠨ ᠲᠥᠯᠥᠭᠡ᠂ 《ᠲᠦᠷ ᠬᠡᠷᠡᠭᠵᠢᠭᠦᠯᠬᠦ ᠠᠷᠭ᠎ᠠ》᠎ᠳᠤ᠂ ᠪᠠᠢ᠌ᠭᠤᠯᠭ᠎ᠠ ᠪᠠ ᠤᠯᠤᠰ᠎ᠤᠨ ᠦᠮᠴᠢᠯᠡᠯᠡᠲᠦ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠠᠵᠢᠯ᠎ᠠᠴᠠ᠎ᠪᠠᠨ ᠠᠮᠠᠷᠠᠬᠤ ᠭᠡᠪᠡᠯ ᠺᠠᠳ᠋ᠷ ᠠᠵᠢᠯᠲᠠᠨ᠎ᠤ ᠶᠠᠪᠤᠳᠠᠯ᠎ᠤᠨ ᠬᠠᠮᠢᠶᠠᠷᠤᠯᠲᠠ ᠵᠢᠨ ᠡᠷᠬᠡ ᠵᠢᠨ ᠬᠡᠪᠴᠢᠶ᠎ᠡ ᠪᠠ ᠲᠣᠭᠲᠠᠭ᠋ᠠᠭᠰᠠᠨ ᠵᠢᠷᠤᠮ ᠶᠣᠰᠣᠭ᠋ᠠᠷ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ ᠭᠡᠵᠦ ᠲᠣᠭᠲᠠᠭ᠋ᠠᠵᠠᠢ᠃
ᠠᠰᠠᠭᠤᠯᠲᠠ᠄ 《ᠲᠦᠷ ᠬᠡᠷᠡᠭᠵᠢᠭᠦᠯᠬᠦ ᠠᠷᠭ᠎ᠠ》᠎ᠨᠢ ᠠᠵᠢᠯᠲᠠᠨ ᠠᠵᠢᠯᠴᠢᠨ᠎ᠤ ᠨᠠᠰᠤᠵᠢᠯ᠎ᠤᠨ ᠦᠨᠳᠦᠰᠦᠨ ᠠᠰᠠᠷᠠᠮᠵᠢ ᠵᠢᠨ ᠮᠥᠩᠭᠥ᠂ ᠨᠡᠢ᠌ᠭᠡᠮ᠎ᠤᠨ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠦᠢ᠍ᠯᠡᠴᠢᠯᠡᠭᠡ ᠭᠤᠶᠤᠴᠢᠯᠠᠬᠤ ᠵᠡᠷᠭᠡ ᠲᠠᠯ᠎ᠠ᠎ᠪᠠᠷ ᠶᠠᠮᠠᠷ ᠶᠠᠮᠠᠷ ᠱᠠᠭ᠋ᠠᠷᠳᠠᠯᠭ᠎ᠠ᠎ᠲᠠᠢ ᠪᠤᠢ?
ᠬᠠᠷᠢᠭᠤᠯᠲᠠ᠄
ᠠᠵᠢᠯᠯᠠᠵᠤ ᠪᠠᠢ᠌ᠭ᠎ᠠ ᠨᠢᠭᠡᠴᠢ᠎ᠨᠢ ᠠᠵᠢᠯᠲᠠᠨ ᠠᠵᠢᠯᠴᠢᠨ᠎ᠤ ᠠᠵᠢᠯ᠎ᠠᠴᠠ᠎ᠪᠠᠨ ᠠᠮᠠᠷᠠᠬᠤ ᠴᠠᠭ᠎ᠤᠨ ᠲᠣᠰ ᠰᠠᠷ᠎ᠠ᠎ᠠᠴᠠ ᠡᠮᠦᠨ᠎ᠡ ᠲᠣᠭᠲᠠᠭ᠋ᠠᠯ ᠶᠣᠰᠣᠭ᠋ᠠᠷ ᠨᠡᠢ᠌ᠭᠡᠮ᠎ᠤᠨ ᠳᠠᠭ᠋ᠠᠳᠬᠠᠯ᠎ᠢ ᠭᠠᠷᠲᠠᠨ ᠭᠦᠢ᠍ᠴᠡᠳᠬᠡᠬᠦ ᠪᠠᠢ᠌ᠭᠤᠯᠤᠮᠵᠢ᠎ᠳᠤ ᠨᠠᠰᠤᠵᠢᠯ᠎ᠤᠨ ᠦᠨᠳᠦᠰᠦᠨ ᠠᠰᠠᠷᠠᠮᠵᠢ ᠵᠢᠨ ᠮᠥᠩᠭᠥ ᠠᠪᠬᠤ ᠭᠤᠶᠤᠴᠢᠯᠠᠯ ᠭᠠᠷᠭ᠋ᠠᠵᠤ᠂ ᠠᠵᠢᠯ᠎ᠠᠴᠠ᠎ᠪᠠᠨ ᠠᠮᠠᠷᠠᠬᠤ ᠴᠠᠭ᠎ᠤᠨ ᠭᠤᠶᠤᠴᠢᠯᠠᠯ᠎ᠤᠨ ᠪᠢᠴᠢᠭ ᠵᠡᠷᠭᠡ ᠮᠠᠲ᠋ᠧᠷᠢᠶᠠᠯ᠎ᠢ ᠦᠨᠡᠨ ᠮᠥᠨ ᠵᠶ᠋ᠡᠷ᠎ᠨᠢ ᠬᠠᠩᠭ᠋ᠠᠬᠤ ᠬᠡᠷᠡᠭᠲᠡᠶ᠃
ᠨᠡᠢ᠌ᠭᠡᠮ᠎ᠤᠨ ᠳᠠᠭ᠋ᠠᠳᠬᠠᠯ᠎ᠢ ᠭᠠᠷᠳᠠᠨ ᠬᠢᠬᠦ ᠪᠠᠢ᠌ᠭᠤᠯᠤᠮᠵᠢ᠎ᠨᠢ ᠨᠠᠰᠤᠵᠢᠯ᠎ᠤᠨ ᠦᠨᠳᠦᠰᠦᠨ ᠠᠰᠠᠷᠠᠮᠵᠢ ᠵᠢᠨ ᠮᠥᠩᠭᠥ ᠠᠪᠬᠤ ᠭᠤᠶᠤᠴᠢᠯᠠᠯ᠎ᠢ ᠴᠠᠭ ᠲᠤᠬᠠᠢᠳᠤᠨᠢ ᠬᠢᠨᠠᠨ ᠬᠠᠷᠭᠤᠭᠤᠯᠬᠤ ᠬᠡᠷᠡᠭᠲᠡᠶ᠃ ᠠᠵᠢᠯᠲᠠᠨ ᠠᠵᠢᠯᠴᠢᠨ ᠬᠢᠨᠠᠨ ᠬᠠᠷᠭᠤᠭᠤᠯᠵᠤ ᠥᠩᠭᠡᠷᠡᠭᠰᠡᠨ ᠠᠵᠢᠯ᠎ᠠᠴᠠ᠎ᠪᠠᠨ ᠠᠮᠠᠷᠠᠭᠰᠠᠨ ᠴᠠᠭ᠎ᠤᠨ ᠳᠠᠷᠠᠭ᠎ᠠ ᠰᠠᠷ᠎ᠠ᠎ᠠᠴᠠ ᠡᠬᠢᠯᠡᠨ ᠨᠠᠰᠤᠵᠢᠯ᠎ᠤᠨ ᠦᠨᠳᠦᠰᠦᠨ ᠠᠰᠠᠷᠠᠮᠵᠢ ᠵᠢᠨ ᠮᠥᠩᠭᠥ᠎ᠪᠠᠨ ᠠᠪᠤᠨ᠎ᠠ᠃ ᠡᠭᠦᠨ᠎ᠤ ᠬᠠᠮᠲᠤ᠂ ᠨᠡᠢ᠌ᠭᠡᠮ᠎ᠤᠨ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠪᠠᠢ᠌ᠭᠤᠯᠤᠮᠵᠢ᠎ᠨᠢ ᠠᠵᠢᠯ᠎ᠠᠴᠠ᠎ᠪᠠᠨ ᠠᠮᠠᠷᠠᠬᠤ ᠦᠢ᠍ᠯᠡᠴᠢᠯᠡᠭᠡ᠎ᠪᠠᠨ ᠥᠷᠭᠡᠳᠬᠡᠬᠦ ᠵᠢ ᠰᠦᠪᠡᠭᠴᠢᠯᠡᠵᠦ᠂ ᠠᠵᠢᠯ᠎ᠠᠴᠠ᠎ᠪᠠᠨ ᠠᠮᠠᠷᠠᠬᠤ ᠨᠠᠰᠤ ᠳᠥᠬᠥᠵᠦ ᠪᠠᠢ᠌ᠭ᠎ᠠ ᠳᠠᠭ᠋ᠠᠳᠬᠠᠯ᠎ᠳᠤ ᠣᠷᠣᠯᠴᠠᠭᠰᠠᠳ᠎ᠲᠤ ᠠᠵᠢᠯ᠎ᠠᠴᠠ᠎ᠪᠠᠨ ᠠᠮᠠᠷᠠᠬᠤ ᠭᠠᠷᠳᠠᠮ᠎ᠢ ᠭᠦᠢ᠍ᠴᠡᠳᠬᠡᠬᠦ ᠲᠤᠬᠠᠢ ᠤᠷᠢᠳᠴᠢᠯᠠᠨ ᠵᠢᠯᠤᠭᠣᠳᠬᠤ ᠪᠠ ᠤᠷᠢᠳᠴᠢᠯᠠᠨ ᠭᠥᠯᠢᠶᠡᠨ ᠠᠪᠴᠤ ᠰᠢᠢ᠍ᠳᠪᠦᠷᠢᠯᠡᠬᠦ ᠵᠡᠷᠭᠡ ᠦᠢ᠍ᠯᠡᠴᠢᠯᠡᠭᠡ ᠵᠢ ᠰᠠᠨᠠᠭ᠋ᠠᠴᠢᠯᠠᠭ᠎ᠠ᠎ᠠᠴᠠ᠎ᠪᠠᠨ ᠬᠠᠩᠭ᠋ᠠᠬᠤ ᠬᠡᠷᠡᠭᠲᠡᠶ᠃
ᠠᠰᠠᠭᠤᠯᠲᠠ᠄ 《ᠲᠦᠷ ᠬᠡᠷᠡᠭᠵᠢᠭᠦᠯᠬᠦ ᠠᠷᠭ᠎ᠠ》 ᠵᠢᠨ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠦᠨᠳᠦᠰᠦᠯᠡᠪᠡᠯ᠂ ᠨᠡᠢ᠌ᠭᠡᠮ᠎ᠤᠨ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠦᠢ᠍ᠯᠡᠴᠢᠯᠡᠭᠡ᠎ᠳᠤ ᠶᠠᠮᠠᠷ ᠶᠠᠮᠠᠷ ᠲᠠᠯ᠎ᠠ᠎ᠪᠠᠷ ᠰᠢᠯᠢᠳᠡᠭᠵᠢᠭᠦᠯᠦᠨ ᠲᠣᠬᠢᠷᠠᠭᠤᠯᠤᠯᠲᠠ ᠬᠢᠬᠦ ᠪᠤᠢ?
ᠬᠠᠷᠢᠭᠤᠯᠲᠠ᠄
ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠳᠠᠭ᠋ᠠᠳᠬᠠᠯ᠎ᠤᠨ ᠰᠠᠯᠠᠭ᠎ᠠ ᠮᠥᠴᠢᠷ ᠨᠡᠢ᠌ᠭᠡᠮ᠎ᠤᠨ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠦᠢ᠍ᠯᠡᠴᠢᠯᠡᠭᠡᠨ᠎ᠤ ᠵᠠᠭᠪᠤᠷ᠎ᠤᠨ ᠰᠢᠨ᠎ᠡ ᠵᠢ ᠡᠭᠦᠳᠬᠦ᠎ᠪᠠᠷ ᠳᠠᠮᠵᠢᠭᠤᠯᠤᠨ᠂ ᠨᠡᠢ᠌ᠭᠡᠮ᠎ᠤᠨ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠦᠢ᠍ᠯᠡᠴᠢᠯᠡᠭᠡᠨ᠎ᠢ ᠦᠷᠭᠦᠯᠵᠢᠯᠡᠨ ᠰᠢᠯᠢᠳᠡᠭᠵᠢᠭᠦᠯᠬᠦ ᠵᠢ ᠲᠠᠰᠣᠷᠠᠯᠳᠠ ᠦᠭᠡᠢ ᠠᠬᠢᠭᠤᠯᠤᠨ᠎ᠠ᠃ ᠨᠢᠭᠡ᠎ᠳᠤ 《ᠨᠠᠰᠤᠨ᠎ᠤ ᠠᠮᠠᠷᠠᠯᠲᠠ ᠠᠪᠬᠤ ᠨᠢᠭᠡ ᠵᠦᠢ᠍ᠯ᠎ᠤᠨ ᠶᠠᠪᠤᠳᠠᠯ》᠎ᠤᠨ ᠠᠵᠢᠯ᠎ᠢ ᠶᠡᠬᠡ᠎ᠪᠠᠷ ᠲᠦᠯᠬᠢᠨ ᠠᠬᠢᠭᠤᠯᠤᠨ᠎ᠠ᠃ ᠡᠯ᠎ᠡ ᠭᠠᠵᠠᠷ᠎ᠤᠨ᠎ᠬᠢᠨ᠎ᠢ ᠵᠣᠬᠢᠶᠠᠨ ᠪᠠᠢ᠌ᠭᠤᠯᠤᠨ ᠲᠤᠬᠠᠢ᠌ᠯᠠᠭᠰᠠᠨ ᠠᠵᠢᠯ᠎ᠤᠨ ᠶᠠᠪᠤᠴᠠ ᠵᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠰᠠᠯᠠᠭ᠎ᠠ ᠮᠥᠴᠢᠷ ᠠᠯᠤᠰᠯᠠᠭᠰᠠᠨ ᠲᠥᠷᠥ ᠵᠢᠨ ᠪᠣᠳᠣᠯᠭ᠎ᠠ᠂ ᠲᠤᠬᠠᠢ᠌ᠯᠠᠭᠰᠠᠨ ᠠᠵᠢᠯ᠂ ᠰᠢᠰᠲ᠋ᠧᠮ᠎ᠤᠨ ᠬᠠᠮᠵᠢᠯᠴᠠᠭ᠎ᠠ ᠪᠠ ᠲᠣᠭ᠎ᠠ ᠪᠠᠷᠢᠮᠲᠠ ᠵᠢ ᠬᠠᠮᠲᠤ᠎ᠪᠠᠷ ᠡᠳ᠋ᠯᠡᠬᠦ ᠵᠢ ᠴᠢᠩᠭ᠋ᠠᠳᠬᠠᠨ᠂ ᠠᠵᠢᠯ᠎ᠠᠴᠠ᠎ᠪᠠᠨ ᠠᠮᠠᠷᠠᠬᠤ ᠬᠠᠮᠢᠶ᠎ᠠ ᠪᠦᠬᠦᠢ ᠬᠠᠮᠲᠤᠷᠠᠨ ᠭᠦᠢ᠍ᠴᠡᠳᠬᠡᠬᠦ ᠵᠦᠢ᠍ᠯᠡᠰ᠎ᠢ 《ᠨᠢᠭᠡ ᠬᠦᠰᠦᠨᠦᠭᠲᠦ᠎ᠪᠠᠷ ᠮᠡᠳᠡᠭᠦᠯᠬᠦ᠂ ᠨᠢᠭᠡ ᠴᠣᠩᠬᠣᠪᠴᠢ᠎ᠪᠠᠷ ᠭᠥᠯᠢᠶᠡᠨ ᠠᠪᠴᠤ ᠰᠢᠢ᠍ᠳᠪᠦᠷᠢᠯᠡᠬᠦ᠂ ᠨᠢᠭᠡ ᠰᠦᠯᠵᠢᠶ᠎ᠡ᠎ᠪᠠᠷ ᠪᠦᠬᠦᠨ᠎ᠢ ᠭᠦᠢ᠍ᠴᠡᠳᠬᠡᠬᠦ》 ᠵᠢ ᠪᠡᠶᠡᠯᠡᠭᠦᠯᠵᠦ᠂ ᠬᠥᠮᠥᠨ ᠬᠡᠷᠡᠭᠯᠡᠬᠦ ᠨᠢᠭᠡᠴᠢ ᠪᠠ ᠤᠯᠠᠨ ᠲᠦᠮᠡᠨ᠎ᠤ ᠬᠦᠷᠲᠡᠮᠵᠢ ᠵᠢᠨ ᠲᠥᠷᠥᠭᠳᠡᠯ᠎ᠢ ᠳᠡᠭᠡᠭᠰᠢᠯᠡᠭᠦᠯᠦᠨ᠎ᠡ᠃ ᠬᠣᠶᠠᠷ᠎ᠲᠤ ᠨᠠᠰᠤᠨ᠎ᠤ ᠠᠮᠠᠷᠠᠯᠲᠠ᠎ᠪᠠᠨ ᠠᠪᠬᠤ ᠵᠢ ᠰᠠᠨᠠᠭᠤᠯᠬᠤ ᠦᠢ᠍ᠯᠡᠴᠢᠯᠡᠭᠡ ᠵᠢ ᠠᠯᠬᠤᠮ ᠠᠯᠬᠤᠮ ᠵᠶ᠋ᠠᠷ ᠥᠷᠨᠢᠭᠦᠯᠦᠨ᠎ᠡ᠃ ᠠᠵᠢᠯ᠎ᠠᠴᠠ᠎ᠪᠠᠨ ᠠᠮᠠᠷᠠᠬᠤ ᠨᠠᠰᠤᠨ᠎ᠳᠤ ᠣᠢ᠌ᠷᠠᠲᠤᠭᠰᠠᠨ ᠳᠠᠭ᠋ᠠᠳᠬᠠᠯ᠎ᠳᠤ ᠣᠷᠣᠯᠴᠠᠭᠰᠠᠳ᠎ᠲᠠᠢ ᠰᠠᠨᠠᠭ᠋ᠠᠴᠢᠯᠠᠭ᠎ᠠ᠎ᠠᠴᠠ᠎ᠪᠠᠨ ᠵᠣᠯᠭ᠋ᠠᠭᠤᠯᠵᠤ᠂ ᠠᠵᠢᠯ᠎ᠠᠴᠠ᠎ᠪᠠᠨ ᠠᠮᠠᠷᠠᠬᠤ ᠴᠠᠭ ᠵᠶ᠋ᠡᠨ ᠰᠣᠩᠭᠣᠵᠤ ᠪᠣᠯᠬᠤ ᠵᠢ ᠤᠷᠢᠳᠴᠢᠯᠠᠨ ᠰᠠᠨᠠᠭᠤᠯᠵᠤ᠂ ᠠᠵᠢᠯ᠎ᠠᠴᠠ᠎ᠪᠠᠨ ᠠᠮᠠᠷᠠᠬᠤ ᠭᠠᠷ ᠭᠦᠢ᠍ᠴᠡᠳᠬᠡᠯ ᠬᠢᠬᠦ ᠶᠠᠪᠤᠴᠠ ᠪᠠ ᠠᠷᠭ᠎ᠠ ᠵᠠᠮ᠎ᠢ ᠬᠡᠯᠡᠵᠦ ᠥᠭᠭᠦᠨ᠎ᠡ᠃ ᠭᠤᠷᠪᠠ᠎ᠳᠤ ᠠᠵᠢᠯ᠎ᠠᠴᠠ᠎ᠪᠠᠨ ᠠᠮᠠᠷᠠᠬᠤ ᠤᠷᠢᠳᠴᠢᠯᠠᠭᠰᠠᠨ ᠦᠢ᠍ᠯᠡᠴᠢᠯᠡᠭᠡ ᠵᠢ ᠠᠯᠬᠤᠮ ᠠᠯᠬᠤᠮ ᠵᠶ᠋ᠠᠷ ᠳᠡᠯᠭᠡᠷᠡᠭᠦᠯᠦᠨ᠎ᠡ᠃ ᠠᠵᠢᠯ᠎ᠠᠴᠠ᠎ᠪᠠᠨ ᠠᠮᠠᠷᠠᠬᠤ᠎ᠪᠠᠷ ᠪᠠᠢ᠌ᠭ᠎ᠠ ᠬᠥᠮᠥᠰ᠎ᠤᠨ ᠳᠤᠷᠠᠳᠤᠭᠰᠠᠨ ᠬᠣᠯᠪᠣᠭᠳᠠᠯ ᠪᠦᠬᠦᠢ ᠲᠠᠩᠰᠠ ᠡᠪᠬᠡᠮᠡᠯ᠎ᠤᠨ ᠮᠡᠳᠡᠭᠡ ᠵᠠᠩᠭᠢ ᠵᠢ ᠬᠢᠨᠠᠨ ᠬᠠᠷᠭᠤᠭᠤᠯᠬᠤ ᠪᠤᠶᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠬᠠᠷᠢᠴᠠᠭ᠎ᠠ ᠵᠢ ᠴᠤᠭᠯᠠᠭᠤᠯᠬᠤ ᠵᠡᠷᠭᠡ ᠲᠤᠬᠠᠢ᠌ᠯᠠᠭᠰᠠᠨ ᠠᠵᠢᠯ᠎ᠤᠨ ᠭᠤᠶᠤᠴᠢᠯᠠᠯ᠎ᠢ ᠤᠷᠢᠳᠴᠢᠯᠠᠨ ᠭᠥᠯᠢᠶᠡᠨ ᠠᠪᠴᠤ ᠰᠢᠢ᠍ᠳᠪᠦᠷᠢᠯᠡᠵᠦ᠂ ᠳᠠᠭ᠋ᠠᠳᠬᠠᠯ᠎ᠳᠤ ᠣᠷᠣᠯᠴᠠᠭᠰᠠᠳ᠎ᠤᠨ ᠥᠪᠡᠷ᠎ᠤᠨ ᠥᠩᠭᠡᠷᠡᠭᠰᠡᠨ ᠵᠢᠯ᠎ᠤᠳ᠎ᠤᠨ ᠳᠠᠭ᠋ᠠᠳᠬᠠᠯ᠎ᠳᠤ ᠣᠷᠣᠯᠴᠠᠵᠤ ᠰᠦᠢ᠍ᠳᠬᠡᠯ ᠲᠤᠰᠢᠶᠠᠭᠰᠠᠨ ᠪᠠᠶ᠋ᠢᠳᠠᠯ ᠵᠶ᠋ᠠᠨ ᠤᠷᠢᠳᠴᠢᠯᠠᠨ ᠣᠢ᠌ᠯᠠᠭ᠋ᠠᠬᠤ᠎ᠳᠤ ᠲᠥᠬᠥᠮ ᠦᠵᠡᠭᠦᠯᠦᠨ᠎ᠡ᠃