ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠰᠤᠷᠪᠤᠯᠵᠢᠯᠠᠭ᠎ᠠ ᠶᠠᠷᠢᠯᠴᠠᠯᠭ᠎ᠠ
2025 ᠣᠨ᠎ᠳᠤ ᠬᠡᠷᠬᠢᠨ ᠠᠵᠢᠯ ᠣᠯᠭᠣᠯᠲᠠ ᠵᠢ ᠲᠣᠭᠲᠠᠪᠤᠷᠢᠵᠢᠭᠤᠯᠵᠤ ᠣᠷᠣᠯᠭ᠎ᠠ ᠵᠢᠨ ᠨᠡᠮᠡᠭᠳᠡᠯ᠎ᠢ ᠠᠬᠢᠭᠤᠯᠬᠤ ᠪᠤᠢ? ᠡᠷᠬᠡ ᠰᠦᠷᠲᠦ ᠰᠠᠯᠠᠭ᠎ᠠ ᠮᠥᠴᠢᠷ᠎ᠠᠴᠠ ᠠᠵᠢᠯ ᠣᠯᠭᠣᠯᠲᠠ᠂ ᠣᠷᠣᠯᠭ᠎ᠠ ᠵᠡᠷᠭᠡ ᠬᠠᠯᠠᠮᠰᠢᠯ ᠠᠰᠠᠭᠤᠳᠠᠯ᠎ᠳᠤ ᠬᠠᠷᠢᠭᠤᠯᠲᠠ ᠥᠭᠪᠡ
ᠨᠡᠶ᠋ᠢᠲᠡᠯᠡᠭᠰᠡᠨ ᠴᠠᠭ᠄ 2025-02-13

      ᠰᠢᠨᠬᠤᠸᠠ ᠬᠣᠷᠢᠶᠠᠨ᠎ᠤ ᠪᠡᠭᠡᠵᠢᠩ᠎ᠤᠨ 1 ᠰᠠᠷ᠎ᠠ ᠵᠢᠨ 21᠎ᠤ ᠡᠳᠦᠷ᠎ᠤᠨ ᠴᠠᠬᠢᠯᠭ᠋ᠠᠨ ᠮᠡᠳᠡᠭᠡ ᠰᠡᠳᠦᠪ᠄ 2025 ᠣᠨ᠎ᠳᠤ ᠬᠡᠷᠬᠢᠨ ᠠᠵᠢᠯ ᠣᠯᠭᠣᠯᠲᠠ ᠵᠢ ᠲᠣᠭᠲᠠᠪᠤᠷᠢᠵᠢᠭᠤᠯᠵᠤ ᠣᠷᠣᠯᠭ᠎ᠠ ᠵᠢᠨ ᠨᠡᠮᠡᠭᠳᠡᠯ᠎ᠢ ᠠᠬᠢᠭᠤᠯᠬᠤ ᠪᠤᠢ — ᠡᠷᠬᠡ ᠰᠦᠷᠲᠦ ᠰᠠᠯᠠᠭ᠎ᠠ ᠮᠥᠴᠢᠷ᠎ᠠᠴᠠ ᠠᠵᠢᠯ ᠣᠯᠭᠣᠯᠲᠠ᠂ ᠣᠷᠣᠯᠭ᠎ᠠ ᠵᠡᠷᠭᠡ ᠬᠠᠯᠠᠮᠰᠢᠯ ᠠᠰᠠᠭᠤᠳᠠᠯ᠎ᠳᠤ ᠬᠠᠷᠢᠭᠤᠯᠲᠠ ᠥᠭᠪᠡ
      ᠠᠵᠢᠯ ᠣᠯᠭᠣᠯᠲᠠ ᠵᠢᠨ ᠣᠷᠣᠯᠭ᠎ᠠ᠎ᠨᠢ ᠲᠦᠭ ᠲᠦᠮᠡᠨ ᠠᠢ᠌ᠯ ᠡᠷᠦᠭᠡ᠎ᠲᠠᠢ ᠬᠣᠯᠪᠣᠭᠳᠠᠵᠤ ᠪᠠᠢ᠌ᠳᠠᠭ᠃ 2025 ᠣᠨ᠎ᠳᠤ ᠠᠵᠢᠯ ᠣᠯᠭᠣᠯᠲᠠ ᠵᠢ ᠲᠣᠭᠲᠠᠪᠤᠷᠢᠵᠢᠭᠤᠯᠵᠤ ᠣᠷᠣᠯᠭ᠎ᠠ ᠵᠢᠨ ᠨᠡᠮᠡᠭᠳᠡᠯ᠎ᠢ ᠠᠬᠢᠭᠤᠯᠬᠤ ᠶᠠᠮᠠᠷ ᠶᠠᠮᠠᠷ ᠰᠢᠨ᠎ᠡ ᠠᠷᠭ᠎ᠠ ᠬᠡᠮᠵᠢᠶ᠎ᠡ ᠵᠢ ᠨᠡᠢ᠌ᠲᠡᠯᠡᠨ ᠬᠡᠷᠡᠭᠵᠢᠭᠦᠯᠬᠦ ᠪᠤᠢ? 1 ᠰᠠᠷ᠎ᠠ ᠵᠢᠨ 21᠎ᠤ ᠡᠳᠦᠷ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠡᠷᠭᠢᠯᠡᠭᠰᠡᠨ ᠰᠣᠨᠢᠨ ᠮᠡᠳᠡᠭᠡ ᠨᠡᠢ᠌ᠲᠡᠯᠡᠬᠦ ᠬᠤᠷᠠᠯ ᠳᠡᠭᠡᠷ᠎ᠡ᠂ ᠬᠣᠯᠪᠣᠭᠳᠠᠯ ᠪᠦᠬᠦᠢ ᠵᠤᠷᠭ᠋ᠠᠨ ᠲᠣᠪᠴᠢᠶ᠎ᠠ ᠵᠢᠨ ᠬᠠᠷᠢᠭᠤᠴᠠᠯᠭ᠋ᠠᠲᠠᠨ ᠭᠤᠷᠪᠠᠨ ᠶᠡᠬᠡ ᠬᠠᠯᠠᠭᠤᠨ ᠴᠡᠭ᠎ᠤᠨ ᠠᠰᠠᠭᠤᠳᠠᠯ᠎ᠤᠨ ᠲᠤᠬᠠᠢ ᠬᠠᠷᠢᠭᠤᠯᠲᠠ ᠥᠭᠪᠡ᠃
      ᠠᠵᠢᠯ ᠣᠯᠭᠣᠯᠲᠠ ᠵᠢ ᠬᠡᠷᠬᠢᠨ ᠲᠣᠭᠲᠠᠪᠤᠷᠢᠵᠢᠭᠤᠯᠤᠨ ᠥᠷᠭᠡᠳᠬᠡᠬᠦ ᠪᠤᠢ?
      ᠠᠵᠢᠯ ᠣᠯᠭᠣᠯᠲᠠ ᠪᠣᠯ ᠰᠠᠭᠤᠭ᠋ᠠᠯᠢ ᠠᠷᠠᠳ᠎ᠤᠨ ᠣᠷᠣᠯᠭ᠎ᠠ ᠵᠢ ᠨᠡᠮᠡᠭᠳᠡᠭᠦᠯᠬᠦ ᠬᠠᠮᠤᠭ᠎ᠤᠨ ᠰᠢᠭᠤᠳ ᠠᠷᠭ᠎ᠠ ᠮᠠᠶᠢᠭ ᠮᠥᠨ᠃ 2024 ᠣᠨ᠎ᠳᠤ᠂ ᠪᠦᠬᠦ ᠤᠯᠤᠰ᠎ᠤᠨ ᠬᠣᠲᠠ ᠪᠠᠯᠭ᠋ᠠᠰᠤᠨ᠎ᠳᠤ 1256 ᠲᠦᠮᠡᠨ ᠬᠥᠮᠥᠨ᠎ᠳᠤ ᠰᠢᠨ᠎ᠡ᠎ᠪᠠᠷ ᠠᠵᠢᠯ ᠣᠯᠭᠣᠵᠤ᠂ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ ᠵᠢᠨ ᠠᠵᠢᠯ ᠬᠢᠭᠰᠡᠨ ᠬᠡᠪᠴᠢᠶ᠎ᠡ 3305.2 ᠲᠦᠮᠡᠨ ᠬᠥᠮᠥᠨ᠎ᠳᠤ ᠬᠦᠷᠪᠡ᠃
      《ᠲᠠᠷᠠᠭ᠋ᠠᠴᠢ ᠵᠢᠨ ᠠᠯᠬᠤᠮ᠎ᠳᠤ᠂ ᠪᠢᠳᠡ ᠴᠢᠨᠠᠷ ᠰᠠᠢ᠌ᠲᠠᠢ ᠪᠥᠭᠡᠳ ᠭᠦᠢ᠍ᠴᠡᠳ ᠠᠵᠢᠯ ᠣᠯᠭᠣᠯᠲᠠ ᠵᠢᠨ ᠬᠠᠷᠠᠯᠲᠠ ᠵᠢ ᠲᠣᠭᠲᠠᠭ᠋ᠠᠵᠤ᠂ ᠠᠵᠢᠯ ᠣᠯᠭᠣᠯᠲᠠ ᠵᠢᠨ ᠬᠦᠷᠢᠶᠡᠨ᠎ᠳᠠᠬᠢ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ᠂ ᠠᠵᠢᠯ ᠣᠯᠭᠣᠯᠲᠠ ᠵᠢ ᠲᠡᠷᠢᠭᠦᠨ᠎ᠳᠤ ᠲᠠᠯᠪᠢᠬᠤ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠵᠦ᠂ ᠠᠵᠢᠯ ᠣᠯᠭᠣᠯᠲᠠ ᠵᠢᠨ ᠭᠣᠣᠯᠳᠠᠯᠭ᠎ᠠ᠎ᠲᠠᠢ ᠬᠥᠮᠥᠰ᠎ᠢ ᠲᠣᠭᠲᠠᠪᠤᠷᠢᠵᠢᠭᠤᠯᠤᠨ᠂ ᠠᠵᠢᠯ ᠣᠯᠭᠣᠯᠲᠠ ᠵᠢᠨ ᠤᠯᠠᠨ ᠨᠠᠢ᠌ᠳᠠ ᠵᠢᠨ ᠦᠢ᠍ᠯᠡᠴᠢᠯᠡᠭᠡ ᠵᠢ ᠰᠢᠯᠢᠳᠡᠭᠵᠢᠭᠦᠯᠵᠦ᠂ ᠠᠵᠢᠯ ᠣᠯᠭᠣᠯᠲᠠ ᠵᠢᠨ ᠪᠠᠶ᠋ᠢᠳᠠᠯ᠎ᠤᠨ ᠲᠣᠭᠲᠠᠪᠤᠷᠢᠲᠠᠢ ᠪᠠᠢ᠌ᠬᠤ ᠵᠢ ᠦᠨᠡᠨ ᠬᠦ᠌ ᠪᠠᠲᠤᠯᠠᠨ᠎ᠠ》 ᠭᠡᠵᠦ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠠᠵᠢᠯ ᠣᠯᠭᠣᠯᠲᠠ ᠵᠢ ᠠᠬᠢᠭᠤᠯᠬᠤ ᠵᠤᠷᠭ᠋ᠠᠨ᠎ᠤ ᠳᠡᠳ᠋ ᠳᠠᠷᠤᠭ᠎ᠠ ᠴᠧᠨ ᠶᠦᠩ ᠵᠢᠶᠠ ᠢᠯᠡᠷᠬᠡᠢ᠌ᠯᠡᠪᠡ᠃
      2025 ᠣᠨ᠎ᠤ 1 ᠰᠠᠷ᠎ᠠ ᠵᠢᠨ 15᠎ᠤ ᠡᠳᠦᠷ᠂ ᠠᠨᠾᠦ᠋ᠢ ᠮᠤᠵᠢ ᠵᠢᠨ ᠾᠧᠹᠧᠢ ᠬᠣᠲᠠ ᠵᠢᠨ ᠹᠧᠢ ᠳ᠋ᠦᠩ ᠰᠢᠶᠠᠨ 《ᠴᠠᠭ᠋ᠠᠨ ᠰᠠᠷ᠎ᠠ ᠵᠢ ᠤᠭᠲᠤᠵᠤ ᠰᠢᠨ᠎ᠡ ᠠᠶᠠᠨ᠎ᠢ ᠡᠬᠢᠯᠡᠭᠦᠯᠬᠦ》 ᠠᠵᠢᠯ ᠣᠯᠭᠣᠯᠲᠠ ᠵᠢᠨ ᠲᠤᠰᠠᠯᠠᠮᠵᠢ ᠵᠢᠨ ᠰᠠᠷ᠎ᠠ ᠵᠢᠨ ᠲᠤᠰᠬᠠᠢ ᠠᠵᠢᠯᠲᠠᠨ ᠡᠯᠰᠡᠬᠦ ᠴᠤᠭᠯᠠᠭ᠋ᠠᠨ ᠬᠢᠪᠡ᠃ ᠰᠢᠨᠬᠤᠸᠠ ᠬᠣᠷᠢᠶ᠎ᠠ ᠨᠡᠢ᠌ᠲᠡᠯᠡᠪᠡ (ᠷᠤᠸᠠᠨ ᠰᠢᠤᠸᠠᠢ ᠹᠧᠩ ᠰᠡᠭᠦᠳᠡᠷᠯᠡᠪᠡ)
      ᠴᠧᠨ ᠶᠦᠩ ᠵᠢᠶᠠ᠂ 2025 ᠣᠨ᠎ᠳᠤ ᠭᠣᠣᠯᠳᠠᠯᠭ᠎ᠠ᠎ᠲᠠᠢ ᠬᠦᠷᠢᠶ᠎ᠡ᠂ ᠭᠣᠣᠯᠳᠠᠯᠭ᠎ᠠ᠎ᠲᠠᠢ ᠠᠵᠢᠯ ᠳᠦᠷᠦᠯ᠂ ᠬᠤᠳᠠ ᠬᠥᠳᠡᠭᠡ ᠵᠢᠨ ᠦᠨᠳᠦᠰᠦᠨ ᠱᠠᠲᠤ ᠪᠣᠯᠣᠨ ᠳᠤᠮᠳᠠ ᠵᠢᠵᠢᠭ ᠪᠢᠴᠢᠯ ᠠᠵᠤ ᠠᠬᠤᠢ᠌ᠯᠠᠯ᠎ᠤᠨ ᠠᠵᠢᠯ ᠣᠯᠭᠣᠯᠲᠠ ᠵᠢ ᠳᠡᠮᠵᠢᠬᠦ ᠲᠥᠯᠥᠪᠯᠡᠭᠡ ᠵᠢ ᠬᠡᠷᠡᠭᠵᠢᠭᠦᠯᠵᠦ᠂ ᠠᠵᠢᠯ ᠣᠯᠭᠣᠯᠲᠠ ᠵᠢᠨ ᠰᠢᠨ᠎ᠡ ᠨᠡᠮᠡᠭᠳᠡᠯ᠎ᠤᠨ ᠴᠡᠭ᠎ᠢ ᠳᠠᠰᠤᠷᠠᠯᠳᠠ ᠦᠭᠡᠢ ᠥᠷᠭᠡᠳᠬᠡᠨ᠎ᠡ᠃ ᠡᠭᠦᠨ᠎ᠤ ᠬᠠᠮᠲᠤ ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠤᠨ ᠪᠤᠴᠠᠭ᠋ᠠᠬᠤ᠂ ᠭᠠᠢ᠌ᠯᠢ ᠲᠠᠲᠠᠪᠤᠷᠢ ᠵᠢᠨ ᠬᠠᠷᠠᠭ᠋ᠠᠯᠵᠠᠯ᠂ ᠲᠠᠭ᠋ᠠᠭ᠋ᠠᠯᠳᠠᠳᠤ ᠵᠢᠭᠡᠯᠡᠯᠭᠡ᠂ ᠠᠵᠢᠯ ᠣᠯᠭᠣᠯᠲᠠ ᠵᠢᠨ ᠨᠥᠬᠥᠪᠦᠷᠢ ᠵᠡᠷᠭᠡ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠵᠤ᠂ ᠠᠵᠤ ᠠᠬᠤᠢ᠌ᠯᠠᠯ᠎ᠤᠨ ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠤᠨ ᠠᠵᠢᠯ᠎ᠤᠨ ᠪᠠᠶ᠋ᠢᠷᠢ ᠵᠢ ᠥᠷᠭᠡᠳᠬᠡᠬᠦ᠎ᠳᠤ ᠬᠦᠴᠦᠨ ᠨᠡᠮᠡᠷᠢᠯᠡᠨ᠎ᠡ ᠭᠡᠵᠦ ᠲᠠᠨᠢᠯᠴᠠᠭᠤᠯᠪᠠ᠃
      ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠲᠤ ᠠᠵᠢᠯ ᠣᠯᠭᠣᠬᠤ ᠪᠣᠯ ᠭᠣᠣᠯᠳᠠᠯᠭ᠎ᠠ ᠵᠢᠨ ᠳᠣᠲᠣᠷᠠᠬᠢ ᠭᠣᠣᠯᠳᠠᠯᠭ᠎ᠠ ᠪᠣᠯᠣᠨ᠎ᠠ᠃ 2025 ᠣᠨ᠎ᠤ ᠪᠥᠬᠥ ᠤᠯᠤᠰ᠎ᠤᠨ ᠡᠩ᠎ᠤᠨ ᠳᠡᠭᠡᠳᠦ ᠰᠤᠷᠭ᠋ᠠᠭᠤᠯᠢ ᠵᠢᠨ ᠲᠡᠭᠦᠰᠬᠦ ᠰᠣᠷᠣᠭᠴᠢ ᠵᠢᠨ ᠲᠣᠭ᠎ᠠ ᠵᠢᠱ᠌ᠢᠯᠲᠡ᠎ᠪᠠᠷ 1222 ᠲᠦᠮᠡᠨ ᠬᠥᠮᠥᠨ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 43 ᠲᠦᠮᠡᠨ ᠬᠥᠮᠥᠨ ᠨᠡᠮᠡᠭᠳᠡᠬᠦ ᠪᠣᠯᠣᠨ᠎ᠠ᠃
      《ᠵᠠᠯᠭ᠋ᠠᠭ᠋ᠠᠳ ᠲᠡᠭᠦᠰᠬᠦ ᠰᠤᠷᠤᠭᠴᠢᠳ᠎ᠤᠨ ᠲᠤᠰᠬᠠᠢ ᠮᠡᠷᠭᠡᠵᠢᠯ᠎ᠢ ᠪᠠᠳᠠᠷᠠᠭᠤᠯᠬᠤ ᠠᠵᠢᠯ᠎ᠤᠨ ᠪᠠᠶ᠋ᠢᠷᠢ ᠵᠢ ᠨᠠᠩ ᠤᠯᠠᠨ ᠨᠡᠭᠡᠭᠡᠨ ᠬᠥᠭᠵᠢᠭᠦᠯᠵᠦ᠂ ᠳᠤᠮᠳᠠ ᠵᠢᠵᠢᠭ ᠪᠢᠴᠢᠯ ᠠᠵᠤ ᠠᠬᠤᠢ᠌ᠯᠠᠯ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠠᠴᠠ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠢ ᠰᠢᠩᠭᠡᠬᠡᠨ ᠠᠪᠴᠤ ᠠᠵᠢᠯ ᠣᠯᠭᠣᠬᠤ ᠵᠢ ᠬᠦᠴᠦᠯᠡᠨ ᠳᠡᠮᠵᠢᠵᠦ᠂ ᠬᠣᠲᠠ ᠬᠥᠳᠡᠭᠡ ᠵᠢᠨ ᠦᠨᠳᠦᠰᠦᠨ ᠱᠠᠲᠤᠨ᠎ᠤ ᠠᠵᠢᠯ᠎ᠤᠨ ᠪᠠᠶ᠋ᠢᠷᠢ ᠵᠢ ᠴᠤᠭᠯᠠᠭᠤᠯᠤᠨ ᠨᠡᠢ᠌ᠲᠡᠯᠡᠬᠦ ᠳᠦᠷᠢᠮ᠎ᠢ ᠪᠠᠢ᠌ᠭᠤᠯᠵᠤ᠂ ᠵᠠᠯᠠᠭᠤᠴᠤᠳ᠎ᠤᠨ ᠤᠯᠠᠨ ᠠᠷᠭ᠎ᠠ ᠵᠠᠮ ᠵᠶ᠋ᠠᠷ ᠠᠵᠢᠯ ᠣᠯᠵᠤ ᠦᠢ᠍ᠯᠡᠰ ᠪᠣᠰᠬᠠᠬᠤ ᠵᠢ ᠠᠬᠢᠭᠤᠯᠤᠨ᠎ᠠ》 ᠭᠡᠵᠦ ᠴᠧᠨ ᠶᠦᠩ ᠵᠢᠶᠠ ᠬᠡᠯᠡᠪᠡ᠃
      ᠨᠢᠭᠡ ᠬᠥᠮᠥᠨ ᠠᠵᠢᠯ ᠣᠯᠪᠠᠯ ᠪᠦᠬᠦ ᠭᠡᠷ ᠵᠶ᠋ᠡᠷ ᠵᠶ᠋ᠡᠨ ᠶᠠᠳᠠᠭᠤ᠎ᠠᠴᠠ ᠠᠩᠭᠢᠵᠢᠷᠠᠨ᠎ᠠ᠃ ᠣᠳᠣᠬᠠᠨ᠎ᠳᠤ ᠪᠦᠬᠦ ᠤᠯᠤᠰ᠎ᠤᠨ ᠬᠥᠯᠥᠰᠦᠨ ᠠᠵᠢᠯᠴᠢᠨ ᠪᠠᠷᠤᠭ 3 ᠳ᠋ᠦᠩᠰᠢᠭᠤᠷ ᠬᠥᠮᠥᠨ ᠪᠠᠢ᠌ᠵᠤ᠂ ᠬᠥᠯᠥᠰᠦᠨ ᠠᠵᠢᠯᠴᠢᠨ᠎ᠤ ᠠᠵᠢᠯ ᠣᠯᠵᠤ ᠣᠷᠣᠯᠭ᠎ᠠ᠎ᠪᠠᠨ ᠨᠡᠮᠡᠭᠳᠡᠭᠦᠯᠬᠦ ᠵᠢ ᠠᠬᠢᠭᠤᠯᠬᠤ᠎ᠨᠢ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃
      2025 ᠣᠨ᠎ᠳᠤ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠬᠥᠯᠥᠰᠦᠨ ᠠᠵᠢᠯᠴᠢᠨ᠎ᠤ ᠭᠠᠳᠠᠭᠰᠢ ᠭᠠᠷᠴᠤ ᠠᠵᠢᠯ ᠣᠯᠬᠤ ᠠᠷᠭ᠎ᠠ ᠵᠠᠮ᠎ᠢ ᠥᠷᠭᠡᠳᠬᠡᠵᠦ᠂ ᠲᠤᠬᠠᠢ ᠵᠢᠨ ᠭᠠᠵᠠᠷ ᠪᠠ ᠣᠢ᠌ᠷ᠎ᠠ ᠬᠠᠪᠢ᠎ᠳᠠᠭᠠᠨ ᠠᠵᠢᠯ ᠣᠯᠬᠤ ᠠᠷᠭ᠎ᠠ ᠵᠠᠮ᠎ᠢ ᠥᠷᠭᠡᠳᠬᠡᠨ᠂ ᠰᠢᠶᠠᠨ᠎ᠤ ᠬᠡᠪᠴᠢᠶᠡᠨ᠎ᠤ ᠠᠵᠢᠯ ᠣᠯᠬᠤ ᠪᠠᠭᠲᠠᠭ᠋ᠠᠮᠵᠢ ᠵᠢ ᠳᠡᠭᠡᠭᠰᠢᠯᠡᠭᠦᠯᠦᠨ᠎ᠡ; ᠡᠭᠦᠨ᠎ᠠᠴᠠ ᠭᠠᠳᠠᠨ᠎ᠠ ᠠᠵᠢᠯ ᠣᠯᠭᠣᠯᠲᠠ ᠵᠢᠨ ᠲᠤᠰᠠᠯᠠᠮᠵᠢ ᠵᠢᠨ ᠳᠦᠷᠢᠮ᠎ᠢ ᠨᠠᠢ᠌ᠳᠠᠪᠤᠷᠢᠵᠢᠭᠤᠯᠵᠤ᠂ ᠨᠠᠢ᠌ᠳᠠ ᠵᠢᠨ ᠠᠰᠠᠷᠠᠮᠵᠢ ᠵᠢᠨ ᠴᠢᠨᠠᠷᠲᠠᠢ ᠠᠵᠢᠯ᠎ᠤᠨ ᠪᠠᠶ᠋ᠢᠷᠢ ᠵᠢ ᠰᠠᠶ᠋ᠢᠲᠤᠷ ᠬᠡᠷᠡᠭᠯᠡᠨ ᠦᠨᠳᠦᠰᠦᠨ ᠵᠦᠢ᠍ᠯ᠎ᠢ ᠪᠠᠲᠤᠯᠠᠵᠤ ᠬᠠᠪᠰᠤᠷᠤᠨ ᠲᠡᠳᠬᠦᠵᠦ᠂ ᠠᠵᠢᠯ ᠣᠯᠣᠭᠰᠠᠨ ᠬᠥᠮᠥᠨ ᠦᠭᠡᠢ ᠭᠡᠷ ᠪᠦᠯᠢ᠎ᠳᠤ ᠨᠠᠭ᠋ᠠᠲᠤ ᠵᠠᠬ᠎ᠠ᠎ᠳᠠᠭᠠᠨ ᠨᠢᠭᠡ ᠬᠥᠮᠥᠨ᠎ᠳᠤ ᠠᠵᠢᠯ ᠣᠯᠭᠣᠬᠤ ᠵᠢ ᠦᠨᠡᠨ ᠬᠦ᠌ ᠪᠠᠲᠤᠯᠠᠨ᠎ᠠ᠃
      ᠮᠡᠷᠭᠡᠵᠢᠯ ᠴᠢᠳᠠᠪᠤᠷᠢ ᠵᠢᠨ ᠣᠷᠣᠯᠭ᠎ᠠ ᠵᠢᠨ ᠨᠡᠮᠡᠭᠳᠡᠯ᠎ᠢ ᠬᠡᠷᠬᠢᠨ ᠠᠬᠢᠭᠤᠯᠬᠤ ᠪᠣᠢ?
      ᠣᠳᠣᠬᠠᠨ᠎ᠳᠤ ᠮᠠᠨ᠎ᠤ ᠤᠯᠤᠰ᠎ᠤᠨ ᠤᠷ᠎ᠠ ᠮᠡᠷᠭᠡᠵᠢᠯᠲᠦ ᠴᠢᠳᠠᠪᠤᠷᠢᠲᠠᠨ᠎ᠤ ᠶᠡᠷᠦᠩᠬᠡᠢ ᠬᠡᠮᠵᠢᠶ᠎ᠡ ᠨᠢᠭᠡᠨᠲᠡ 2 ᠳ᠋ᠦᠩᠰᠢᠭᠤᠷ᠎ᠢ ᠳᠠᠪᠠᠵᠤ᠂ ᠠᠵᠢᠯ ᠣᠯᠣᠭᠰᠠᠳ᠎ᠤᠨ ᠶᠡᠷᠦᠩᠬᠡᠢ ᠲᠣᠭ᠋ᠠᠨ᠎ᠤ 26%᠎ᠠᠴᠠ ᠳᠡᠭᠡᠭᠰᠢᠬᠢ ᠵᠢ ᠡᠵᠡᠯᠡᠵᠦ ᠪᠠᠢ᠌ᠨ᠎ᠠ᠃ ᠭᠡᠪᠡᠴᠦ ᠤᠷ᠎ᠠ ᠮᠡᠷᠭᠡᠵᠢᠯᠲᠦ ᠴᠢᠳᠠᠪᠤᠷᠢᠲᠠᠨ᠎ᠤ ᠶᠡᠷᠦᠩᠬᠡᠢ ᠬᠡᠮᠵᠢᠶ᠎ᠡ ᠮᠥᠨ ᠬᠦ᠌ ᠬᠦᠷᠦᠯᠴᠡᠬᠦ ᠦᠭᠡᠢ ᠪᠠᠢ᠌ᠵᠤ᠂ ᠢᠯᠠᠩᠭᠤᠶ᠎ᠠ ᠳᠡᠭᠡᠳᠦ ᠤᠷ᠎ᠠ ᠮᠡᠷᠭᠡᠵᠢᠯᠲᠦ ᠴᠢᠳᠠᠪᠤᠷᠢᠲᠠᠨ᠎ᠤ ᠠᠵᠢᠯ ᠣᠯᠭᠣᠯᠲᠠ ᠵᠢᠨ ᠵᠠᠬ᠎ᠠ ᠳᠡᠯᠭᠡᠭᠦᠷ᠎ᠲᠠᠬᠢ ᠬᠠᠩᠭ᠋ᠠᠯᠭ᠎ᠠ᠎ᠨᠢ ᠬᠡᠷᠡᠭᠴᠡᠭᠡ᠎ᠳᠡᠭᠡᠨ ᠬᠦᠷᠬᠦ ᠦᠭᠡᠢ ᠪᠠᠢ᠌ᠨ᠎ᠠ᠃
      ᠬᠥᠳᠡᠯᠮᠦᠷᠢᠴᠢᠳ᠎ᠤᠨ ᠤᠷ᠎ᠠ ᠴᠢᠳᠠᠪᠤᠷᠢ ᠵᠢ ᠳᠡᠭᠡᠭᠰᠢᠯᠡᠭᠦᠯᠪᠡᠯ ᠣᠷᠣᠯᠭ᠎ᠠ ᠵᠢ ᠲᠣᠭᠲᠠᠭᠤᠨ ᠵᠶ᠋ᠠᠷ ᠨᠡᠮᠡᠭᠳᠡᠭᠦᠯᠵᠦ ᠪᠣᠯᠣᠨ᠎ᠠ᠃ ᠤᠷ᠎ᠠ ᠴᠢᠳᠠᠪᠤᠷᠢ ᠵᠢᠨ ᠪᠣᠯᠪᠠᠰᠤᠷᠠᠯ ᠵᠶ᠋ᠠᠷ ᠳᠠᠮᠵᠢᠭᠰᠠᠨ᠂ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠡᠮᠳᠡᠭ ᠵᠶ᠋ᠡᠷ ᠳᠠᠢ᠌ᠴᠢᠯᠠᠭᠰᠠᠨ ᠬᠥᠯᠥᠰᠦᠨ ᠠᠵᠢᠯᠴᠢᠨ᠎ᠤ ᠠᠵᠢᠯ ᠣᠯᠭᠣᠯᠲᠠ ᠵᠢᠨ ᠴᠠᠯᠢᠩ᠎ᠤᠨ ᠣᠷᠣᠯᠭ᠎ᠠ᠎ᠨᠢ ᠴᠦ᠍ ᠡᠩ᠎ᠤᠨ ᠬᠥᠯᠥᠰᠦᠨ ᠠᠵᠢᠯᠴᠢᠨ᠎ᠤ᠎ᠬᠢ᠎ᠠᠴᠠ ᠬᠣᠯᠠ ᠥᠨᠳᠥᠷ ᠪᠠᠢ᠌ᠳᠠᠭ᠃
      2024 ᠣᠨ᠎ᠤ 5 ᠰᠠᠷ᠎ᠠ ᠵᠢᠨ 28᠎ᠤ ᠡᠳᠦᠷ᠂ ᠾᠧᠪᠧᠢ ᠮᠤᠵᠢ ᠵᠢᠨ ᠸᠧᠢ ᠰᠢᠶᠠᠨ᠎ᠤ ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ᠎ᠤᠨ ᠪᠦᠲᠦᠭᠡᠨ ᠪᠠᠢ᠌ᠭᠤᠯᠤᠯᠲᠠ ᠵᠢᠨ ᠨᠢᠭᠡᠴᠢ ᠵᠢᠨ ᠰᠢᠩᠲ᠋ᠠᠢ ᠵᠢᠨ ᠸᠧᠢ ᠯᠢ ᠮᠠᠰᠢᠨ ᠲᠡᠷᠭᠡᠨ᠎ᠤ ᠰᠡᠯᠪᠢᠭ ᠲᠣᠨᠣᠭ᠎ᠤᠨ ᠬᠢᠵᠠᠭ᠋ᠠᠷᠲᠤ ᠺᠣᠮᠫᠠᠨᠢ᠎ᠳᠤ᠂ ᠪᠠᠭᠰᠢ᠎ᠠᠴᠠ ᠰᠤᠷᠤᠭᠴᠢᠳ᠎ᠲᠤ ᠲᠣᠭ᠋ᠠᠨ  ᠡᠵᠡᠮᠰᠢᠯᠲᠦ ᠰᠠᠤᠷᠢ ᠮᠠᠰᠢᠨ ᠠᠵᠢᠯᠯᠠᠭᠤᠯᠬᠤ ᠮᠡᠳᠡᠯᠭᠡ ᠵᠢ ᠲᠠᠢ᠌ᠯᠪᠤᠷᠢᠯᠠᠵᠤ ᠪᠠᠢ᠌ᠭ᠎ᠠ᠎ᠨᠢ᠃ ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠸᠠᠩ ᠰᠢᠶᠣᠣ ᠰᠡᠭᠦᠳᠡᠷᠯᠡᠪᠡ
      《2025 ᠣᠨ᠎ᠳᠤ ᠡᠷᠡᠭᠦᠯᠵᠢᠯ ᠰᠤᠪᠢᠯᠠᠯᠲᠠ᠂ ᠬᠡᠦᠬᠡᠳ ᠰᠠᠭ᠋ᠠᠲᠠᠭᠤᠯᠬᠤ ᠬᠥᠮᠦᠵᠢᠯ᠂ ᠲᠡᠷᠢᠭᠦᠨ᠎ᠤ ᠦᠢ᠍ᠯᠡᠳᠬᠦ ᠦᠢ᠍ᠯᠡᠰ᠂ ᠣᠳᠣ ᠦᠶ᠎ᠡ ᠵᠢᠨ ᠦᠢ᠍ᠯᠡᠴᠢᠯᠡᠭᠡ᠂ ᠰᠢᠨ᠎ᠡ ᠠᠵᠢᠯ ᠮᠡᠷᠭᠡᠵᠢᠯ ᠵᠡᠷᠭᠡ ᠠᠵᠢᠯ ᠣᠯᠭᠣᠯᠲᠠ ᠵᠢᠨ ᠪᠠᠭᠲᠠᠭ᠋ᠠᠮᠵᠢ᠎ᠪᠠᠷ ᠶᠡᠬᠡ᠂ ᠬᠠᠩᠭ᠋ᠠᠯᠭ᠎ᠠ ᠬᠡᠷᠡᠭᠴᠡᠭᠡ ᠵᠢᠨ ᠵᠥᠷᠢᠴᠡᠯ ᠲᠣᠪᠣᠢ᠌ᠮ᠎ᠠ ᠪᠠᠢ᠌ᠭ᠎ᠠ ᠠᠵᠢᠯ ᠲᠥᠷᠥᠯ᠎ᠤᠨ ᠬᠦᠷᠢᠶᠡᠨ᠎ᠤ ᠲᠣᠭᠣᠷᠢᠨ᠎ᠳᠤ ᠬᠥᠯᠥᠰᠦᠨ ᠠᠵᠢᠯᠴᠢᠨ᠂ ᠰᠤᠷᠭ᠋ᠠᠭᠤᠯᠢ᠎ᠠᠴᠠ᠎ᠪᠠᠨ ᠰᠠᠯᠤᠭ᠋ᠠᠳ ᠠᠵᠢᠯ ᠣᠯᠣᠭ᠋ᠠᠳᠤᠢ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠨ ᠰᠤᠷᠤᠭᠴᠢ᠂ ᠠᠵᠢᠯ ᠠᠯᠳᠠᠭᠰᠠᠳ ᠵᠶ᠋ᠠᠷ ᠲᠠᠩᠰᠠᠯᠠᠭᠤᠯᠤᠭᠰᠠᠳ᠂ ᠠᠵᠢᠯ ᠣᠯᠬᠤ᠎ᠳᠤ ᠬᠦᠴᠢᠷᠲᠡᠢ ᠬᠥᠮᠥᠰ ᠵᠡᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠢ ᠶᠡᠬᠡ ᠬᠡᠪᠴᠢᠶ᠎ᠡ᠎ᠪᠠᠷ ᠥᠷᠨᠢᠭᠦᠯᠵᠦ᠂ ᠬᠥᠳᠡᠯᠮᠦᠷᠢᠴᠢᠳ᠎ᠤᠨ ᠠᠵᠢᠯ ᠣᠯᠬᠤ ᠴᠢᠳᠠᠪᠤᠷᠢ ᠵᠢ ᠳᠡᠭᠡᠭᠰᠢᠯᠡᠭᠦᠯᠵᠦ᠂ ᠲᠡᠳᠡᠨ᠎ᠤ ᠣᠷᠣᠯᠭ᠎ᠠ ᠵᠢᠨ ᠲᠣᠭᠲᠠᠭᠤᠨ ᠵᠶ᠋ᠠᠷ ᠨᠡᠮᠡᠭᠳᠡᠬᠦ ᠵᠢ ᠠᠬᠢᠭᠤᠯᠤᠨ᠎ᠠ》 ᠭᠡᠵᠦ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠰᠣᠨᠢᠨ ᠮᠡᠳᠡᠭᠡᠨ᠎ᠤ ᠥᠭᠦᠯᠡᠭᠴᠢ ᠯᠦ᠍ ᠠᠢ ᠬᠣᠩ ᠲᠠᠨᠢᠯᠴᠠᠭᠤᠯᠪᠠ᠃
      ᠤᠷᠮᠠᠰᠢᠭᠤᠯᠵᠤ ᠪᠠᠲᠤᠯᠠᠬᠤ ᠵᠢ ᠲᠣᠪᠤᠢ᠌ᠯᠭ᠋ᠠᠨ᠂ ᠤᠷ᠎ᠠ ᠮᠡᠷᠭᠡᠵᠢᠯᠲᠦ ᠠᠵᠢᠯ ᠣᠯᠭᠣᠯᠲᠠ ᠵᠢᠨ ᠲᠠᠲᠠᠬᠤ ᠬᠦᠴᠦᠨ᠎ᠢ ᠨᠡᠮᠡᠭᠳᠡᠭᠦᠯᠬᠦ ᠵᠢᠨ ᠲᠥᠯᠥᠭᠡ᠂ 2024 ᠣᠨ᠎ᠤ 9 ᠰᠠᠷ᠎ᠠ᠎ᠳᠤ ᠨᠡᠢ᠌ᠲᠡᠯᠡᠭᠰᠡᠨ 《ᠠᠵᠢᠯ ᠣᠯᠭᠣᠯᠲᠠ ᠵᠢ ᠲᠡᠷᠢᠭᠦᠨ᠎ᠳᠤ ᠲᠠᠯᠪᠢᠬᠤ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠵᠦ ᠴᠢᠨᠠᠷ ᠰᠠᠢ᠌ᠲᠠᠢ ᠭᠦᠢ᠍ᠴᠡᠳ ᠠᠵᠢᠯ ᠣᠯᠭᠣᠯᠲᠠ ᠵᠢ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ》᠎ᠳᠤ 《ᠤᠷ᠎ᠠ ᠮᠡᠷᠭᠡᠵᠢᠯᠲᠦ ᠴᠢᠳᠠᠪᠤᠷᠢᠲᠠᠨ᠎ᠤ ᠬᠥᠯᠥᠰᠦ ᠣᠯᠭᠣᠮᠵᠢ ᠵᠢᠨ ᠦᠨ᠎ᠡ ᠬᠠᠩᠰᠢ ᠵᠢᠨ ᠮᠡᠳᠡᠭᠡ ᠵᠠᠩᠭᠢ ᠵᠢ ᠬᠥᠳᠡᠯᠦᠩᠭᠦᠢ᠎ᠪᠠᠷ ᠨᠡᠢ᠌ᠲᠡᠯᠡᠵᠦ᠂ ᠠᠵᠤ ᠠᠬᠤᠢ᠌ᠯᠠᠯ᠎ᠢ ᠬᠥᠲᠥᠯᠥᠨ ᠵᠢᠯᠤᠭᠣᠳᠴᠤ ᠪᠠᠶ᠋ᠢᠭ᠋ᠠᠳ ᠤᠷ᠎ᠠ ᠮᠡᠷᠭᠡᠵᠢᠯᠲᠦ ᠴᠢᠳᠠᠪᠤᠷᠢᠲᠠᠨ᠎ᠤ ᠬᠥᠯᠥᠰᠦ ᠣᠯᠭᠣᠮᠵᠢ ᠵᠢ ᠠᠯᠬᠤᠮ ᠠᠯᠬᠤᠮ ᠵᠶ᠋ᠠᠷ ᠳᠡᠭᠡᠭᠰᠢᠯᠡᠭᠦᠯᠬᠦ ᠬᠡᠷᠡᠭᠲᠡᠢ》 ᠭᠡᠵᠦ ᠲᠣᠳᠣᠷᠬᠠᠢ ᠱᠠᠭ᠋ᠠᠷᠳᠠᠵᠠᠢ᠃
      ᠰᠤᠷᠪᠤᠯᠵᠢᠯᠠᠭᠴᠢ ᠵᠢᠨ ᠣᠢ᠌ᠯᠠᠭ᠋ᠠᠭᠰᠠᠨ ᠵᠶ᠋ᠠᠷ᠂ ᠲᠠᠷᠠᠭ᠋ᠠᠴᠢ ᠵᠢᠨ ᠠᠯᠬᠤᠮ᠎ᠳᠤ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ ᠮᠡᠷᠭᠡᠵᠢᠯ ᠴᠢᠳᠠᠪᠤᠷᠢ᠎ᠪᠠᠷ ᠤᠳᠤᠷᠢᠳᠤᠮᠵᠢ ᠪᠣᠯᠭ᠋ᠠᠭᠰᠠᠨ ᠴᠠᠯᠢᠩ ᠬᠥᠯᠥᠰᠦ ᠵᠢᠨ ᠬᠤᠪᠢᠶᠠᠷᠢᠯᠠᠯᠲᠠ ᠵᠢᠨ ᠳᠦᠷᠢᠮ᠎ᠢ ᠪᠠᠢ᠌ᠭᠤᠯᠵᠤ᠂ ᠤᠷ᠎ᠠ ᠮᠡᠷᠭᠡᠵᠢᠯ᠎ᠤᠨ ᠴᠢᠳᠠᠪᠤᠷᠢᠲᠠᠨ ᠴᠤᠭᠯᠠᠷᠠᠭᠰᠠᠨ ᠣᠷᠣᠨ ᠪᠦᠰᠡ᠂ ᠠᠵᠢᠯ ᠲᠥᠷᠥᠯ᠎ᠳᠤ ᠴᠠᠯᠢᠩ᠎ᠢ ᠬᠠᠮᠲᠤ᠎ᠪᠠᠷ ᠵᠥᠪᠳᠡᠯᠴᠡᠬᠦ ᠵᠢ ᠥᠷᠨᠢᠭᠦᠯᠵᠦ᠂ ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠴᠠᠯᠢᠩ ᠬᠥᠯᠥᠰᠦ ᠵᠢᠨ ᠬᠤᠪᠢᠶᠠᠷᠢᠯᠠᠯᠲᠠ ᠵᠢᠨ ᠵᠢᠯᠣᠭᠣᠳᠤᠮᠵᠢ ᠵᠢ ᠬᠡᠷᠡᠭᠵᠢᠭᠦᠯᠦᠨ᠂ ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠡᠬᠢᠯᠡᠯᠲᠡ ᠵᠢᠨ ᠴᠡᠭ᠎ᠤᠨ ᠴᠠᠯᠢᠩ ᠬᠥᠯᠥᠰᠦ ᠵᠢᠨ ᠳᠦᠷᠢᠮ᠎ᠢ ᠬᠡᠷᠡᠭᠵᠢᠭᠦᠯᠬᠦ ᠵᠢ ᠠᠬᠢᠭᠤᠯᠵᠤ᠂ ᠢᠯᠡᠭᠦᠦ ᠬᠥᠳᠡᠯᠮᠦᠷᠢᠯᠡᠭᠰᠡᠳ᠎ᠲᠤ ᠢᠯᠡᠭᠦᠦ ᠣᠯᠭᠣᠵᠤ᠂ ᠮᠡᠷᠭᠡᠵᠢᠯ ᠥᠨᠳᠥᠷ ᠬᠥᠮᠥᠰ᠎ᠲᠤ ᠢᠯᠡᠭᠦᠦ ᠣᠯᠭᠣᠬᠤ ᠵᠢ ᠠᠬᠢᠭᠤᠯᠤᠨ᠎ᠠ᠃
      ᠤᠯᠠᠨ ᠲᠦᠮᠡᠨ᠎ᠤ ᠳᠠᠷᠤᠭ᠋ᠠᠰᠤ ᠵᠢ ᠬᠥᠩᠭᠡᠯᠡᠵᠦ ᠣᠷᠣᠯᠭ᠎ᠠ ᠵᠢ ᠨᠡᠮᠡᠭᠳᠡᠭᠦᠯᠬᠦ ᠵᠢ ᠬᠡᠷᠬᠢᠨ ᠠᠬᠢᠭᠤᠯᠬᠤ ᠪᠣᠢ?
      ᠠᠵᠤ ᠠᠬᠤᠢ ᠵᠢᠨ ᠬᠥᠭᠵᠢᠯᠲᠡ᠎ᠨᠢ ᠳᠠᠷᠤᠯᠲᠠ ᠵᠢ ᠬᠡᠳᠦᠢ ᠳᠠᠭ᠋ᠠᠭ᠋ᠠᠵᠤ ᠤᠷᠤᠭᠰᠢᠯᠠᠬᠤ ᠲᠤᠲᠤᠮ᠂ ᠠᠷᠠᠳ᠎ᠤᠨ ᠠᠮᠢᠳᠤᠷᠠᠯ᠎ᠤᠨ ᠬᠣᠷᠢᠭ᠎ᠠ ᠱᠤᠭᠤᠮ᠎ᠢ ᠲᠡᠳᠦᠢ ᠪᠠᠲᠤ ᠰᠠᠬᠢᠵᠤ᠂ ᠨᠡᠢ᠌ᠭᠡᠮ᠎ᠤᠨ ᠪᠠᠲᠤᠯᠠᠭ᠎ᠠ ᠵᠢ ᠴᠢᠩᠭ᠋ᠠᠳᠬᠠᠬᠤ ᠬᠡᠷᠡᠭᠲᠡᠢ᠃
      2024 ᠣᠨ᠎ᠳᠤ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ ᠨᠠᠢ᠌ᠳᠠ 2477 ᠲᠦᠮᠡᠨ ᠬᠦᠴᠢᠷᠳᠡᠯ᠎ᠲᠠᠢ ᠬᠥᠮᠥᠰ᠎ᠲᠤ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠰᠦᠢ᠍ᠳᠬᠡᠯ᠎ᠢ ᠣᠷᠣᠯᠠᠨ ᠲᠤᠰᠢᠶᠠᠵᠤ᠂ ᠠᠵᠢᠯ ᠠᠯᠳᠠᠭᠰᠠᠳ᠎ᠲᠤ ᠠᠵᠢᠯ ᠠᠯᠳᠠᠯᠲᠠ ᠵᠢᠨ ᠳᠠᠭ᠋ᠠᠳᠬᠠᠯ᠎ᠤᠨ ᠮᠥᠩᠭᠥ ᠣᠯᠭᠣᠵᠤ᠂ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ ᠪᠠ ᠦᠷᠡᠵᠢᠯ᠎ᠤᠨ ᠳᠠᠭ᠋ᠠᠳᠬᠠᠯ᠎ᠤᠨ ᠰᠦᠢ᠍ᠳᠬᠡᠯ ᠵᠡᠷᠭᠡ ᠡᠯ᠎ᠡ ᠲᠥᠷᠥᠯ᠎ᠤᠨ ᠠᠵᠢᠯ ᠠᠯᠳᠠᠯᠲᠠ ᠵᠢᠨ ᠳᠠᠭ᠋ᠠᠳᠬᠠᠯ᠎ᠤᠨ ᠣᠯᠭᠣᠮᠵᠢ ᠵᠢ 1214 ᠳ᠋ᠦᠩᠰᠢᠭᠤᠷ ᠲᠥᠭᠥᠷᠢᠭ ᠣᠷᠣᠯᠠᠨ ᠲᠤᠰᠢᠶᠠᠵᠠᠢ᠃
      2025 ᠣᠨ᠎ᠳᠤ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠠᠴᠠ ᠡᠯ᠎ᠡ ᠭᠠᠵᠠᠷ᠎ᠤᠨ ᠨᠡᠢ᠌ᠭᠡᠮ᠎ᠤᠨ ᠪᠠᠲᠤᠯᠠᠭ᠎ᠠ ᠵᠢᠨ ᠬᠠᠪᠰᠤᠷᠤᠨ ᠲᠡᠳᠬᠦᠬᠦ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠵᠢ ᠵᠢᠯᠤᠭᠣᠳᠬᠤ ᠵᠢᠨ ᠬᠠᠮᠲᠤ᠂ ᠨᠡᠢ᠌ᠭᠡᠮ᠎ᠤᠨ ᠪᠠᠲᠤᠯᠠᠭ᠎ᠠ ᠵᠢᠨ ᠰᠢᠰᠲ᠋ᠧᠮ᠎ᠢ ᠪᠦᠷᠢᠨᠰᠢᠭᠦᠯᠵᠦ᠂ ᠨᠡᠢ᠌ᠭᠡᠮ᠎ᠤᠨ ᠪᠠᠲᠤᠯᠠᠭ᠎ᠠ ᠵᠢᠨ ᠣᠯᠭᠣᠮᠵᠢ ᠵᠢ ᠳᠡᠭᠡᠭᠰᠢᠯᠡᠭᠦᠯᠵᠦ᠂ ᠨᠠᠩ ᠭᠦᠢ᠍ᠴᠡᠳ ᠪᠥᠭᠡᠳ ᠨᠠᠢ᠌ᠳᠠᠪᠤᠷᠢᠲᠠᠢ ᠨᠡᠢ᠌ᠭᠡᠮ᠎ᠤᠨ ᠪᠠᠲᠤᠯᠠᠭ᠎ᠠ᠎ᠪᠠᠷ ᠬᠥᠳᠡᠯᠮᠦᠷᠢᠴᠢᠳ᠎ᠤᠨ ᠬᠣᠶ᠋ᠢᠰᠢᠳᠠ ᠵᠢᠨ ᠵᠣᠪᠠᠨᠢᠯ᠎ᠢ ᠪᠠᠭ᠋ᠠᠰᠬᠠᠨ᠎ᠠ᠃
      ᠯᠦ᠍ ᠠᠢ ᠬᠣᠩ ᠢᠯᠡᠷᠬᠡᠢ᠌ᠯᠡᠬᠦ᠎ᠳᠡᠭᠡᠨ᠂ 2025 ᠣᠨ᠎ᠳᠤ ᠠᠵᠢᠯ᠎ᠠᠴᠠ᠎ᠪᠠᠨ ᠠᠮᠠᠷᠠᠭᠰᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠮᠥᠩᠭᠥ ᠵᠢ ᠵᠣᠬᠢᠰᠲᠠᠢ᠎ᠪᠠᠷ ᠳᠡᠭᠡᠭᠰᠢᠯᠡᠭᠦᠯᠵᠦ᠂ ᠳᠤᠮᠳᠠ ᠳᠣᠣᠷ᠎ᠠ ᠣᠷᠣᠯᠭ᠎ᠠ᠎ᠲᠠᠢ ᠬᠥᠮᠥᠰ᠎ᠲᠤ ᠨᠠᠩ ᠢᠯᠡᠭᠦᠦ ᠬᠡᠯᠪᠡᠢ᠌ᠯᠭᠡᠨ᠎ᠡ; ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠮᠥᠩᠭᠥ ᠵᠢ ᠳᠡᠭᠡᠭᠰᠢᠯᠡᠭᠦᠯᠵᠦ᠂ ᠬᠠᠮᠲᠤ ᠨᠠᠢ᠌ᠳᠠ ᠵᠢᠨ ᠨᠥᠬᠥᠪᠦᠷᠢ ᠵᠢ ᠵᠢᠷᠤᠮᠵᠢᠭᠤᠯᠬᠤ ᠲᠤᠷᠰᠢᠯᠲᠠ ᠵᠢ ᠢᠳᠡᠪᠬᠢᠲᠡᠢ ᠠᠬᠢᠭᠤᠯᠵᠤ᠂ ᠰᠦᠢ᠍ᠳᠬᠡᠯ ᠲᠤᠰᠢᠶᠠᠬᠤ ᠬᠢᠷᠢ ᠬᠡᠮᠵᠢᠶ᠎ᠡ ᠪᠠ ᠤᠯᠠᠨ ᠠᠷᠭ᠎ᠠ ᠵᠠᠮ ᠵᠶ᠋ᠠᠷ ᠪᠡᠯᠡ ᠴᠤᠭᠯᠠᠭᠤᠯᠬᠤ ᠵᠢ ᠠᠬᠢᠭᠤᠯᠤᠨ ᠳᠡᠭᠡᠭᠰᠢᠯᠡᠭᠦᠯᠵᠦ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠳᠠᠭ᠋ᠠᠳᠬᠠᠯ᠎ᠤᠨ ᠣᠯᠭᠣᠮᠵᠢ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ ᠭᠡᠵᠡᠢ᠃
      ᠴᠠᠯᠢᠩ ᠪᠣᠯ ᠬᠥᠳᠡᠯᠮᠦᠷᠢᠴᠢᠨ᠎ᠤ ᠭᠣᠣᠯ ᠣᠷᠣᠯᠭ᠎ᠠ ᠵᠢᠨ ᠢᠷᠡᠯᠲᠡ ᠮᠥᠨ᠃ 《ᠪᠢᠳᠡ ᠬᠥᠳᠡᠯᠮᠦᠷᠢ ᠵᠢᠨ ᠬᠥᠯᠥᠰᠦ ᠣᠯᠭᠣᠮᠵᠢ ᠵᠢᠨ ᠠᠩᠬᠠᠨ᠎ᠤ ᠬᠤᠪᠢᠶᠠᠷᠢᠯᠠᠯᠲᠠ᠎ᠳᠤ ᠡᠵᠡᠯᠡᠬᠦ ᠬᠤᠪᠢ ᠵᠢᠨ ᠵᠢᠩ ᠎ᠢ ᠳᠡᠭᠡᠭᠰᠢᠯᠡᠭᠦᠯᠬᠦ᠎ᠪᠠᠷ ᠭᠣᠣᠯᠳᠠᠯᠭ᠎ᠠ ᠪᠣᠯᠭ᠋ᠠᠨ᠂ ᠴᠠᠯᠢᠩ᠎ᠤᠨ ᠬᠣᠷᠸ᠎ᠠ ᠵᠢᠯᠣᠭᠣᠳᠤᠯᠭ᠎ᠠ ᠲᠣᠬᠢᠷᠠᠭᠤᠯᠤᠯ ᠡᠵᠡᠮᠳᠡᠯ ᠎ᠢ ᠴᠢᠩᠭ᠋ᠠᠳᠬᠠᠵᠤ᠂ ᠤᠯᠠᠨ ᠲᠦᠮᠡᠨ᠎ᠤ ᠴᠠᠯᠢᠩ᠎ᠤᠨ ᠣᠷᠣᠯᠭ᠎ᠠ ᠵᠢᠨ ᠵᠦᠢ ᠵᠣᠬᠢᠰᠲᠠᠢ ᠪᠥᠭᠡᠳ ᠲᠣᠭᠲᠠᠭᠤᠨ ᠵᠶ᠋ᠠᠷ ᠨᠡᠮᠡᠭᠳᠡᠬᠦ ᠵᠢ ᠠᠬᠢᠭᠤᠯᠤᠨ᠎ᠠ》 ᠭᠡᠵᠦ ᠯᠦ᠍ ᠠᠢ ᠬᠣᠩ ᠬᠡᠯᠡᠪᠡ᠃
      ᠲᠡᠷᠡ᠂ ᠲᠠᠷᠠᠭ᠋ᠠᠴᠢ ᠵᠢᠨ ᠠᠯᠬᠤᠮ᠎ᠳᠤ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠠᠴᠠ ᠡᠯ᠎ᠡ ᠭᠠᠵᠠᠷ᠎ᠤᠨ᠎ᠬᠢᠨ᠎ᠢ ᠵᠢᠯᠣᠭᠣᠳᠤᠨ ᠨᠠᠭ᠋ᠠᠲᠤ ᠵᠠᠬ᠎ᠠ ᠵᠢᠨ ᠴᠠᠯᠢᠩ᠎ᠤᠨ ᠪᠠᠷᠢᠮᠵᠢᠶ᠎ᠠ᠎ᠳᠤ ᠵᠣᠬᠢᠰᠲᠠᠢ ᠲᠣᠬᠢᠷᠠᠭᠤᠯᠤᠯᠲᠠ ᠬᠢᠵᠦ᠂ ᠨᠠᠭ᠋ᠠᠲᠤ ᠵᠠᠬ᠎ᠠ ᠵᠢᠨ ᠴᠠᠯᠢᠩ᠎ᠤᠨ ᠨᠡᠢ᠌ᠭᠡᠮ᠎ᠤᠨ ᠳᠤᠮᠳᠠᠴᠢ ᠴᠠᠯᠢᠩ᠎ᠳᠠᠬᠢ ᠡᠵᠡᠯᠡᠬᠦ ᠬᠠᠷᠢᠴᠠᠯ᠎ᠢ ᠠᠭ᠋ᠠᠵᠢᠮ ᠵᠶ᠋ᠠᠷ ᠲᠡᠭᠡᠭᠰᠢᠯᠡᠬᠦᠯᠦᠨ᠎ᠡ; ᠭᠣᠣᠯᠳᠠᠯᠭ᠎ᠠ᠎ᠲᠠᠢ ᠠᠵᠢᠯ ᠲᠥᠷᠥᠯ᠂ ᠭᠣᠣᠯᠳᠠᠯᠭ᠎ᠠ᠎ᠲᠠᠢ ᠬᠥᠮᠥᠰ᠎ᠤᠨ ᠴᠠᠯᠢᠩ ᠬᠥᠯᠥᠰᠦ ᠵᠢᠨ ᠬᠤᠪᠢᠶᠠᠷᠢᠯᠠᠯᠲᠠ ᠵᠢᠨ ᠵᠢᠯᠣᠭᠣᠳᠤᠮᠵᠢ ᠵᠢ ᠴᠢᠩᠭ᠋ᠠᠷᠠᠭᠤᠯᠤᠨ᠎ᠠ; ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠤᠨ ᠴᠠᠯᠢᠩ ᠬᠥᠯᠥᠰᠦ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠠᠵᠤ ᠠᠬᠤᠢ᠌ᠯᠠᠯ᠎ᠢ ᠵᠢᠭ᠋ᠠᠨ ᠵᠢᠯᠤᠭᠣᠳᠴᠤ ᠪᠠᠶ᠋ᠢᠭ᠋ᠠᠳ ᠡᠯ᠎ᠡ ᠳᠦᠷᠦᠯ᠎ᠤᠨ ᠴᠢᠳᠠᠪᠤᠷᠢᠲᠠᠨ᠎ᠤ ᠠᠵᠢᠯ᠎ᠤᠨ ᠠᠮᠵᠢᠯᠲᠠ ᠪᠦᠲᠦᠮᠵᠢ᠎ᠪᠠᠷ᠎ᠨᠢ ᠴᠠᠯᠢᠩ ᠬᠥᠯᠥᠰᠦ ᠵᠢ᠎ᠨᠢ ᠲᠣᠭᠲᠠᠭ᠋ᠠᠬᠤ ᠬᠤᠪᠢᠶᠠᠷᠢᠯᠠᠯᠲᠠ ᠵᠢᠨ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠭᠣᠣᠯᠯᠠᠭᠴᠢ ᠬᠥᠮᠥᠰ᠎ᠢ ᠤᠷᠮᠠᠰᠢᠭᠤᠯᠤᠨ ᠵᠣᠷᠢᠭᠵᠢᠭᠤᠯᠬᠤ ᠡᠷᠴᠢᠮ᠎ᠢ ᠴᠢᠩᠭ᠋ᠠᠷᠠᠭᠤᠯᠤᠨ᠎ᠠ ᠭᠡᠵᠦ ᠢᠯᠡᠳᠬᠡᠪᠡ᠃ (ᠵᠢᠶᠠᠩ ᠯᠢᠨ᠂ ᠬᠠᠨ ᠵᠢᠶᠠ ᠨᠥᠸᠧ)

ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            