ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠰᠤᠷᠪᠤᠯᠵᠢᠯᠠᠭ᠎ᠠ ᠶᠠᠷᠢᠯᠴᠠᠯᠭ᠎ᠠ
ᠠᠵᠢᠯ ᠣᠯᠭᠣᠯᠲᠠ ᠪᠣᠯ ᠠᠷᠠᠳ᠎ᠤᠨ ᠠᠮᠢᠳᠤᠷᠠᠯ᠎ᠤᠨ ᠲᠡᠷᠢᠭᠦᠨ ᠴᠢᠬᠤᠯᠠ ᠶᠠᠪᠤᠳᠠᠯ ᠮᠥᠨ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠰᠠᠢ᠌ᠳ ᠬᠣᠶᠠᠷ ᠦᠭᠡ᠎ᠪᠠᠷ ᠬᠤᠷᠢᠶᠠᠩᠭᠤᠢ᠌ᠯᠠᠪᠠ
ᠨᠡᠶ᠋ᠢᠲᠡᠯᠡᠭᠰᠡᠨ ᠴᠠᠭ᠄ 2025-03-29

      ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠭᠤᠷᠪᠠᠳᠤᠭ᠋ᠠᠷ ᠬᠤᠷᠠᠯᠳᠤᠭ᠋ᠠᠨ 9᠎ᠤ ᠡᠳᠦᠷ᠎ᠤᠨ ᠦᠳᠡ ᠵᠢᠨ ᠬᠣᠢ᠌ᠨ᠎ᠠ ᠰᠣᠷᠪᠣᠯᠵᠢᠯᠠᠭᠴᠢᠳ᠎ᠤᠨ ᠬᠤᠷᠠᠯ ᠬᠢᠵᠦ᠂ ᠠᠷᠠᠳ᠎ᠤᠨ ᠶᠠᠪᠤᠳᠠᠯ᠎ᠤᠨ ᠶᠠᠮᠤᠨ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ᠂ ᠤᠯᠤᠰ᠎ᠤᠨ ᠡᠷᠡᠭᠦᠯ ᠬᠠᠮᠠᠭ᠋ᠠᠯᠠᠯ ᠡᠷᠡᠭᠦᠯ ᠮᠠᠨᠳᠤ ᠵᠢᠨ ᠵᠥᠪᠯᠡᠯ ᠵᠡᠷᠭᠡ ᠳᠥᠷᠪᠡᠨ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠳᠤᠮᠳᠠᠳᠤ ᠭᠠᠳᠠᠭ᠋ᠠᠳᠤ ᠵᠢᠨ ᠰᠤᠷᠪᠤᠯᠵᠢᠯᠠᠭᠴᠢᠳ᠎ᠤᠨ ᠠᠰᠠᠭᠤᠯᠲᠠ ᠵᠢ ᠬᠠᠷᠢᠭᠤᠯᠪᠠ᠃
      ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠰᠠᠢ᠌ᠳ ᠸᠠᠩ ᠰᠢᠶᠣᠣ ᠫᠢᠩ ᠢᠯᠡᠷᠬᠡᠢ᠌ᠯᠡᠬᠦ᠎ᠳᠡᠭᠡᠨ᠂ ᠠᠵᠢᠯ ᠣᠯᠭᠣᠯᠲᠠ ᠪᠣᠯ ᠠᠷᠠᠳ᠎ᠤᠨ ᠠᠮᠢᠳᠤᠷᠠᠯ᠎ᠤᠨ ᠲᠡᠷᠢᠭᠦᠨ ᠴᠢᠬᠤᠯᠠ ᠶᠠᠪᠤᠳᠠᠯ ᠮᠥᠨ᠂ ᠬᠣᠶᠠᠷ ᠦᠭᠡ᠎ᠪᠠᠷ ᠡᠨᠡ ᠵᠢᠯ᠎ᠤᠨ ᠠᠵᠢᠯ ᠣᠯᠭᠣᠯᠲᠠ ᠵᠢᠨ ᠪᠠᠶ᠋ᠢᠳᠠᠯ᠎ᠢ ᠬᠤᠷᠢᠶᠠᠩᠭᠤᠢ᠌ᠯᠠᠪᠠᠯ᠄ ᠠᠵᠢᠯ ᠣᠯᠭᠣᠯᠲᠠ ᠵᠢ ᠲᠣᠭᠲᠠᠪᠤᠷᠢᠵᠢᠭᠤᠯᠤᠨ ᠥᠷᠭᠡᠳᠬᠡᠬᠦ ᠡᠭᠦᠷᠭᠡ ᠨᠦᠰᠡᠷ ᠬᠦᠨᠳᠦ᠂ ᠳᠠᠷᠤᠯᠲᠠ ᠵᠢ ᠳᠠᠭ᠋ᠠᠭ᠋ᠠᠨ ᠤᠷᠤᠭᠰᠢᠯᠠᠬᠤ ᠬᠡᠷᠡᠭᠲᠡᠢ; ᠠᠵᠢᠯ ᠣᠯᠭᠣᠯᠲᠠ ᠵᠢᠨ ᠪᠠᠶ᠋ᠢᠳᠠᠯ ᠶᠡᠷᠦᠩᠬᠡᠢ᠎ᠳᠡᠭᠡᠨ ᠲᠣᠭᠲᠠᠭᠤᠨ ᠪᠥᠭᠡᠳ ᠰᠠᠢ᠌ᠵᠢᠷᠠᠬᠤ ᠬᠠᠨᠳᠤᠰᠢ᠎ᠲᠠᠢ ᠪᠠᠢ᠌ᠨ᠎ᠠ᠃ ᠡᠨᠡ ᠵᠢᠯ᠂ ᠲᠣᠰ ᠬᠤᠭᠤᠴᠠᠭ᠋ᠠᠨ᠎ᠤ ᠶᠡᠬᠡ ᠳᠡᠭᠡᠳᠦ ᠰᠤᠷᠭ᠋ᠠᠭᠤᠯᠢ ᠲᠡᠭᠦᠰᠬᠦ ᠰᠣᠷᠣᠭᠴᠢ 1222 ᠲᠦᠮᠡ ᠪᠠᠢ᠌ᠵᠤ᠂ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ ᠵᠢᠨ ᠠᠵᠢᠯ ᠬᠢᠬᠦ ᠬᠡᠪᠴᠢᠶ᠎ᠡ ᠵᠢ 3000 ᠲᠦᠮᠡ᠎ᠠᠴᠠ ᠳᠡᠭᠡᠭᠰᠢ ᠪᠠᠢ᠌ᠯᠭ᠋ᠠᠬᠤ ᠴᠢᠬᠤᠯᠠᠲᠠᠢ᠂ ᠪᠠᠰᠠ ᠶᠡᠬᠡ ᠬᠡᠮᠵᠢᠶᠡᠨ᠎ᠤ ᠬᠥᠳᠡᠭᠡ ᠲᠣᠰᠬᠤᠨ᠎ᠠᠴᠠ ᠰᠢᠯᠵᠢᠭᠰᠡᠨ ᠬᠥᠳᠡᠯᠮᠦᠷᠢ ᠵᠢᠨ ᠬᠦᠴᠦᠨ᠎ᠳᠤ ᠲᠣᠭᠲᠠᠪᠤᠷᠢᠲᠠᠢ ᠠᠵᠢᠯ ᠣᠯᠭᠣᠬᠤ ᠴᠢᠬᠤᠯᠠᠲᠠᠢ ᠪᠠᠢ᠌ᠨ᠎ᠠ ᠭᠡᠵᠡᠢ᠃
      ᠠᠵᠢᠯ ᠣᠯᠭᠣᠯᠲᠠ ᠪᠣᠯ ᠭᠡᠷ᠎ᠤᠨ ᠶᠠᠪᠤᠳᠠᠯ ᠮᠥᠨ᠂ ᠨᠠᠩ ᠴᠤ᠌ ᠲᠥᠷᠥ ᠵᠢᠨ ᠶᠠᠪᠤᠳᠠᠯ ᠮᠥᠨ᠂ ᠡᠨᠡ ᠵᠢᠯ᠎ᠤᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ ᠠᠵᠤ ᠠᠬᠤᠢ ᠵᠢᠨ ᠨᠡᠮᠡᠭᠳᠡᠯ᠎ᠢ 5% ᠣᠷᠴᠢᠮ ᠪᠠᠢ᠌ᠯᠭ᠋ᠠᠬᠤ ᠵᠢᠱ᠌ᠢᠭᠰᠡᠨ ᠬᠠᠷᠠᠯᠲᠠ ᠵᠢ ᠲᠣᠳᠣᠷᠬᠠᠢ ᠲᠣᠭᠲᠠᠭ᠋ᠠᠭᠰᠠᠨ᠎ᠨᠢ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ ᠬᠡᠷᠡᠭᠴᠡᠭᠡ ᠵᠢ ᠬᠠᠷᠠᠭᠤᠯᠤᠭᠰᠠᠨ ᠪᠠᠢ᠌ᠨ᠎ᠠ᠃ ᠬᠤᠳᠠ ᠪᠠᠯᠭ᠋ᠠᠰᠤᠨ᠎ᠤ ᠪᠠᠢ᠌ᠴᠠᠭ᠋ᠠᠯᠲᠠ ᠵᠢᠨ ᠠᠵᠢᠯ ᠠᠯᠳᠠᠯᠲᠠ ᠵᠢᠨ ᠨᠤᠷᠮ᠎ᠠ ᠵᠢ 5.5% ᠣᠷᠴᠢᠮ ᠪᠠᠢ᠌ᠯᠭ᠋ᠠᠵᠤ᠂ ᠬᠤᠳᠠ ᠪᠠᠯᠭ᠋ᠠᠰᠤᠨ᠎ᠤ 1200 ᠲᠦᠮᠡ᠎ᠠᠴᠠ ᠳᠡᠭᠡᠭᠰᠢ ᠬᠥᠮᠥᠨ᠎ᠳᠤ ᠰᠢᠨ᠎ᠡ᠎ᠪᠠᠷ ᠠᠵᠢᠯ ᠣᠯᠭᠣᠬᠤ ᠬᠠᠷᠠᠯᠲᠠ ᠵᠢ ᠲᠣᠳᠣᠷᠬᠠᠢ᠌ᠯᠠᠵᠤ᠂ ᠨᠡᠩ ᠶᠡᠬᠡ ᠡᠷᠴᠢᠮ᠎ᠢ ᠲᠣᠭᠲᠠᠭᠤᠨ ᠪᠠᠢ᠌ᠯᠭ᠋ᠠᠬᠤ ᠪᠠ ᠠᠵᠢᠯ ᠣᠯᠭᠣᠯᠲᠠ ᠵᠢ ᠥᠷᠭᠡᠳᠬᠡᠬᠦ ᠱᠠᠭ᠋ᠠᠷᠳᠠᠯᠭ᠎ᠠ ᠵᠢ ᠢᠯᠡᠷᠡᠭᠦᠯᠵᠦ᠂ ᠲᠠᠪᠤᠨ ᠲᠠᠯ᠎ᠠ ᠵᠢᠨ ᠠᠵᠢᠯ᠎ᠢ ᠭᠣᠣᠯᠳᠠᠯᠭ᠎ᠠ᠎ᠲᠠᠢ᠎ᠪᠠᠷ ᠰᠠᠶ᠋ᠢᠲᠤᠷ ᠬᠢᠬᠦ ᠴᠢᠬᠤᠯᠠᠲᠠᠢ᠄
      ᠨᠢᠭᠡ᠎ᠳᠤ ᠠᠵᠢᠯ ᠣᠯᠭᠣᠯᠲᠠ ᠵᠢᠨ ᠨᠥᠬᠥᠷᠰᠡᠭ ᠬᠡᠯᠪᠡᠷᠢ ᠵᠢᠨ ᠬᠥᠭᠵᠢᠯᠲᠡ ᠵᠢᠨ ᠠᠷᠭ᠎ᠠ ᠮᠠᠶᠢᠭ᠎ᠢ ᠪᠠᠢ᠌ᠭᠤᠯᠬᠤ ᠵᠢ ᠲᠦᠯᠬᠢᠨ ᠠᠬᠢᠭᠤᠯᠤᠨ᠎ᠠ᠃ ᠬᠣᠶᠠᠷ᠎ᠲᠤ ᠠᠵᠢᠯ ᠣᠯᠭᠣᠯᠲᠠ ᠵᠢ ᠳᠡᠮᠵᠢᠬᠦ ᠲᠥᠯᠥᠪᠯᠡᠭᠡ ᠵᠢ ᠵᠣᠬᠢᠶᠠᠨ ᠪᠠᠢ᠌ᠭᠤᠯᠵᠤ ᠬᠡᠷᠡᠭᠵᠢᠭᠦᠯᠦᠨ᠎ᠡ᠃ ᠭᠤᠷᠪᠠ᠎ᠳᠤ ᠬᠥᠮᠥᠨ ᠪᠠ ᠠᠵᠢᠯ᠎ᠤᠨ ᠪᠠᠶ᠋ᠢᠷᠢ ᠵᠢ ᠵᠣᠬᠢᠴᠠᠭᠤᠯᠬᠤ ᠦᠷ᠎ᠡ ᠪᠦᠲᠦᠮᠵᠢ ᠵᠢ ᠪᠦᠲᠦᠮᠵᠢᠲᠡᠢ᠎ᠪᠠᠷ ᠳᠡᠭᠡᠭᠰᠢᠯᠡᠭᠦᠯᠦᠨ᠎ᠡ᠃ ᠳᠥᠷᠪᠡ᠎ᠳᠤ ᠦᠢ᠍ᠯᠡᠰ ᠪᠣᠰᠬᠠᠬᠤ᠎ᠪᠠᠷ ᠠᠵᠢᠯ ᠣᠯᠭᠣᠯᠲᠠ ᠵᠢ ᠳᠠᠢ᠌ᠴᠢᠯᠠᠬᠤ ᠵᠢ ᠬᠦᠴᠦᠯᠡᠨ ᠠᠬᠢᠭᠤᠯᠤᠨ᠎ᠠ᠃ ᠨᠢᠳᠤᠨᠤᠨ᠎ᠤ ᠦᠢ᠍ᠯᠡᠰ ᠪᠣᠰᠬᠠᠬᠤ ᠲᠠᠭ᠋ᠠᠭ᠋ᠠᠯᠳᠠᠳᠤ ᠵᠢᠭᠡᠯᠡᠯᠭᠡ 2700 ᠳ᠋ᠦᠩᠰᠢᠭᠤᠷ ᠲᠥᠭᠥᠷᠢᠭ᠎ᠲᠤ ᠬᠦᠷᠴᠦ᠂ ᠡᠨᠡ ᠵᠢᠯ ᠡᠷᠴᠢᠮ ᠵᠶ᠋ᠡᠨ ᠨᠡᠩ ᠴᠢᠩᠭ᠋ᠠᠷᠠᠭᠤᠯᠤᠨ᠎ᠠ᠃ ᠲᠠᠪᠤ᠎ᠳᠤ ᠭᠣᠣᠯᠳᠠᠯᠭ᠎ᠠ᠎ᠲᠠᠢ ᠬᠥᠮᠥᠰ᠎ᠤᠨ ᠠᠵᠢᠯ ᠣᠯᠭᠣᠯᠲᠠ ᠵᠢᠨ ᠲᠣᠭᠲᠠᠭᠤᠨ ᠪᠠᠢ᠌ᠬᠤ ᠵᠢ ᠦᠨᠡᠨ ᠬᠦ᠌ ᠪᠠᠲᠤᠯᠠᠨ᠎ᠠ᠃

ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            