ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
【ᠳᠤᠮᠳᠠᠳᠤ ᠤᠯᠤᠰ᠎ᠤᠨ ᠰᠦᠯᠵᠢᠶ᠎ᠡ ᠵᠢᠨ ᠲᠤᠰᠬᠠᠢ ᠰᠣᠷᠪᠤᠯᠵᠢᠯᠠᠭ᠎ᠠ 】 ᠵᠠᠢ ᠶᠢᠩ ᠵᠢᠶᠦ᠋ᠨ᠄ ᠵᠠᠬ᠎ᠠ ᠳᠡᠯᠭᠡᠭᠦᠷ ᠵᠶ᠋ᠡᠷ ᠬᠥᠲᠥᠯᠥᠨ ᠵᠢᠯᠤᠭᠣᠳᠬᠤ ᠪᠠ ᠨᠡᠢ᠌ᠭᠡᠮ᠎ᠤᠨ ᠢᠷᠠᠭᠤ ᠠᠯᠳᠠᠷ᠎ᠤᠨ ᠳᠠᠪᠬᠤᠷ ᠤᠷᠮᠠᠰᠢᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠢᠯᠡᠭᠦᠦ ᠬᠥᠳᠡᠯᠮᠦᠷᠢᠯᠡᠭᠰᠡᠳ᠎ᠲᠤ ᠢᠯᠡᠭᠦᠦ ᠠᠰᠢᠭ ᠣᠷᠣᠯᠭ᠎ᠠ ᠣᠯᠭᠣᠨ᠎ᠠ
ᠨᠡᠶ᠋ᠢᠲᠡᠯᠡᠭᠰᠡᠨ ᠴᠠᠭ᠄ 2023-10-07

      ᠰᠤᠷᠪᠤᠯᠵᠢᠯᠠᠭᠰᠠᠨ ᠴᠠᠭ᠄ 2023 ᠣᠨ᠎ᠤ 9 ᠰᠠᠷ᠎ᠠ ᠵᠢᠨ 18᠎ᠤ ᠡᠳᠦᠷ

      ᠰᠤᠷᠪᠤᠯᠵᠢᠯᠠᠭ᠎ᠠ ᠵᠢ ᠬᠦᠯᠢᠶᠡᠭᠰᠡᠨ ᠵᠣᠴᠢᠨ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠢ ᠶᠢᠩ ᠵᠢᠶᠦ᠋ᠨ

      9 ᠰᠠᠷ᠎ᠠ ᠵᠢᠨ 16᠎ᠤ ᠡᠳᠦᠷ᠂ ᠬᠣᠶᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠤᠷ᠎ᠠ ᠴᠢᠳᠠᠪᠤᠷᠢ ᠵᠢᠨ ᠶᠡᠬᠡ ᠤᠷᠤᠯᠳᠤᠭ᠋ᠠᠨ ᠲᠢᠶᠠᠨᠵᠢᠨ᠎ᠳᠤ ᠵᠢᠩᠬᠢᠨᠢ᠎ᠪᠠᠷ ᠡᠬᠢᠯᠡᠪᠡ᠂ ᠲᠣᠰ ᠬᠤᠭᠤᠴᠠᠭ᠋ᠠᠨ᠎ᠤ ᠶᠡᠬᠡ ᠤᠷᠤᠯᠳᠤᠭ᠋ᠠᠨ᠎ᠨᠢ 《ᠤᠷ᠎ᠠ ᠮᠡᠷᠭᠡᠵᠢᠯ ᠵᠶ᠋ᠡᠷ ᠴᠢᠳᠠᠪᠤᠷᠢᠲᠠᠨ ᠪᠣᠯᠵᠤ᠂ ᠤᠷ᠎ᠠ ᠮᠡᠷᠭᠡᠵᠢᠯ ᠵᠶ᠋ᠡᠷ ᠤᠯᠤᠰ᠎ᠲᠠᠭᠠᠨ ᠵᠢᠳᠬᠦᠬᠦ》᠎ᠪᠠᠷ ᠭᠣᠣᠯ ᠰᠡᠳᠦᠪ ᠪᠣᠯᠭ᠋ᠠᠵᠤ᠂ ᠪᠥᠬᠥ ᠤᠯᠤᠰ᠎ᠤᠨ ᠡᠯ᠎ᠡ ᠭᠠᠵᠠᠷ᠎ᠠᠴᠠ ᠢᠷᠡᠭᠰᠡᠨ 36 ᠲᠥᠯᠥᠭᠡᠯᠡᠭᠴᠢᠳ᠎ᠤᠨ ᠪᠦᠯᠬᠦᠮ᠎ᠤᠨ 4100 ᠰᠢᠬᠠᠮ ᠣᠷᠣᠯᠴᠠᠭᠴᠢ ᠤᠷᠤᠯᠳᠤᠭ᠋ᠠᠨ᠎ᠳᠤ ᠣᠷᠣᠯᠴᠠᠵᠠᠢ᠃ ᠤᠷ᠎ᠠ ᠮᠡᠷᠭᠡᠵᠢᠯ᠎ᠤᠨ ᠴᠢᠳᠠᠪᠤᠷᠢᠲᠠᠨ ᠪᠣᠯ ᠳᠤᠮᠳᠠᠳᠤ ᠤᠯᠤᠰ᠎ᠤᠨ ᠦᠢ᠍ᠯᠡᠳᠬᠦ ᠦᠢ᠍ᠯᠡᠰ᠂ ᠳᠤᠮᠳᠠᠳᠤ ᠤᠯᠤᠰ᠎ᠤᠨ ᠡᠭᠦᠳᠦᠨ ᠪᠦᠲᠦᠭᠡᠯᠲᠡ ᠵᠢ ᠲᠤᠯᠭ᠋ᠠᠭᠤᠷᠢᠯᠠᠬᠤ ᠴᠢᠬᠤᠯᠠ ᠬᠦᠴᠦᠨ ᠮᠥᠨ᠃ ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢᠨ ᠠᠵᠢᠯ᠎ᠢ ᠬᠡᠷᠬᠢᠨ ᠰᠠᠶ᠋ᠢᠲᠤᠷ ᠬᠢᠬᠦ ᠲᠤᠬᠠᠢ᠂ ᠤᠷᠤᠯᠳᠤᠭ᠋ᠠᠨ᠎ᠤ ᠠᠬᠤᠢ ᠲᠠᠯᠠᠪᠠᠢ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠵᠠᠢ ᠶᠢᠩ ᠵᠢᠶᠦ᠋ᠨ ᠳᠤᠮᠳᠠᠳᠤ ᠤᠯᠤᠰ᠎ᠤᠨ ᠰᠦᠯᠵᠢᠶ᠎ᠡ ᠵᠢᠨ ᠲᠤᠰᠬᠠᠢ ᠰᠤᠷᠪᠤᠯᠵᠢᠯᠠᠭ᠎ᠠ ᠵᠢ ᠬᠦᠯᠢᠶᠡᠪᠡ᠃


001.jpg


      ᠰᠤᠷᠪᠤᠯᠵᠢᠯᠠᠨ ᠶᠠᠷᠢᠯᠴᠠᠭᠰᠠᠨ ᠠᠭᠤᠯᠭ᠎ᠠ᠎ᠨᠢ ᠳᠣᠣᠷᠠᠬᠢ ᠮᠡᠲᠦ᠄

      ᠳᠤᠮᠳᠠᠳᠤ ᠤᠯᠤᠰ᠎ᠤᠨ ᠰᠦᠯᠵᠢᠶ᠎ᠡ᠄ ᠵᠠᠢ ᠲᠢᠩᠬᠢᠮ᠎ᠤᠨ ᠳᠠᠷᠤᠭ᠎ᠠ ᠠ᠋᠂ ᠲᠠ ᠰᠠᠶ᠋ᠢᠨ ᠦᠦ! ᠳᠤᠮᠳᠠᠳᠤ ᠤᠯᠤᠰ᠎ᠤᠨ ᠰᠦᠯᠵᠢᠶ᠎ᠡ ᠵᠢᠨ ᠤᠷᠤᠯᠳᠤᠭ᠋ᠠᠨ᠎ᠤ ᠨᠡᠪᠲᠡᠷᠡᠭᠦᠯᠭᠡ ᠵᠢᠨ ᠲᠠᠰᠤᠭ᠎ᠲᠤ ᠰᠠᠭ᠋ᠠᠲᠠᠭᠰᠠᠨ᠎ᠢ ᠪᠠᠶᠠᠷᠯᠠᠨ ᠤᠭᠲᠤᠵᠤ ᠪᠠᠢ᠌ᠨ᠎ᠠ᠃

      ᠵᠠᠢ ᠲᠢᠩᠬᠢᠮ᠎ᠤᠨ ᠳᠠᠷᠤᠭ᠎ᠠ᠄ ᠬᠥᠲᠥᠯᠥᠭᠴᠢ ᠰᠠᠶ᠋ᠢᠨ ᠦᠦ? ᠥᠷᠭᠡᠨ ᠤᠯᠠᠨ ᠰᠦᠯᠵᠢᠶᠡᠨ ᠨᠠᠢ᠌ᠵᠠ ᠰᠠᠢ᠌ᠨ ᠪᠠᠢ᠌ᠨ᠎ᠠ ᠦᠦ!

      ᠳᠤᠮᠳᠠᠳᠤ ᠤᠯᠤᠰ᠎ᠤᠨ ᠰᠦᠯᠵᠢᠶ᠎ᠡ᠄ ᠨᠢᠳᠤᠨᠤᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠠᠴᠠ 《ᠰᠢᠨ᠎ᠡ ᠴᠠᠭ ᠦᠶ᠎ᠡ ᠵᠢᠨ ᠳᠡᠭᠡᠳᠦ ᠲᠡᠰ᠎ᠤᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠰᠠᠨᠠᠯ》 ᠎ᠢ ᠳᠠᠷᠤᠮᠠᠯᠯᠠᠨ ᠲᠠᠷᠬᠠᠭ᠋ᠠᠭᠰᠠᠨ ᠪᠥᠭᠡᠳ ᠪᠠᠰᠠ ᠴᠢᠳᠠᠪᠤᠷᠢᠲᠠᠨ᠂ ᠢᠯᠠᠩᠭᠤᠶ᠎ᠠ ᠳᠡᠭᠡᠳᠦ ᠲᠡᠰ᠎ᠤᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠲᠤᠬᠠᠢ ᠠᠯᠢ ᠤᠯᠠᠨ ᠲᠥᠷᠥ ᠵᠢᠨ ᠪᠣᠳᠣᠯᠭ᠎ᠠ ᠰᠠᠨᠠᠭᠤᠯᠭ᠎ᠠ ᠵᠢ ᠳᠤᠷᠠᠳᠤᠭᠰᠠᠨ ᠪᠠᠢ᠌ᠨ᠎ᠠ᠂ ᠥᠪᠥᠷ ᠮᠣᠩᠭᠣᠯ ᠳᠡᠭᠡᠳᠦ ᠲᠡᠰ᠎ᠤᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢ ᠠᠬᠢᠭᠤᠯᠬᠤ ᠲᠠᠯ᠎ᠠ᠎ᠪᠠᠷ ᠶᠠᠮᠠᠷ ᠦᠷ᠎ᠡ ᠪᠦᠲᠦᠭᠡᠯ ᠣᠯᠣᠭᠰᠠᠨ ᠪᠤᠢ? ᠶᠠᠮᠠᠷ ᠳᠠᠪᠠᠭᠤᠯᠢᠭ ᠪᠠ ᠣᠨᠴᠠᠯᠢᠭ᠎ᠲᠠᠢ ᠪᠤᠢ?

      ᠵᠠᠢ ᠲᠢᠩᠬᠢᠮ᠎ᠤᠨ ᠳᠠᠷᠤᠭ᠎ᠠ᠄ ᠤᠷ᠎ᠠ ᠮᠡᠷᠭᠡᠵᠢᠯ᠎ᠤᠨ ᠴᠢᠳᠠᠪᠤᠷᠢᠲᠠᠨ ᠪᠣᠯ ᠴᠢᠳᠠᠪᠤᠷᠢᠲᠠᠨ᠎ᠤ ᠡᠩᠨᠡᠭᠡ ᠵᠢᠨ ᠴᠢᠬᠤᠯᠠ ᠪᠦᠷᠢᠯᠳᠦᠬᠦᠨ ᠬᠡᠰᠡᠭ ᠮᠥᠨ᠂ ᠳᠤᠮᠳᠠᠳᠤ ᠤᠯᠤᠰ᠎ᠤᠨ ᠦᠢ᠍ᠯᠡᠳᠬᠦ ᠦᠢ᠍ᠯᠡᠰ᠂ ᠳᠤᠮᠳᠠᠳᠤ ᠤᠯᠤᠰ᠎ᠤᠨ ᠡᠭᠦᠳᠦᠨ ᠪᠦᠲᠦᠭᠡᠯᠲᠡ ᠵᠢ ᠲᠤᠯᠭ᠋ᠠᠭᠤᠷᠢᠯᠠᠬᠤ ᠴᠢᠬᠤᠯᠠ ᠬᠦᠴᠦᠨ ᠮᠥᠨ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠬᠦ ᠪᠠ ᠬᠥᠭᠵᠢᠭᠦᠯᠬᠦ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠴᠢᠳᠠᠪᠤᠷᠢᠲᠠᠨ᠎ᠤ ᠪᠦᠲᠦᠴᠡ᠎ᠳᠤ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠲᠣᠬᠢᠷᠠᠭᠤᠯᠤᠯᠲᠠ ᠬᠢᠬᠦ ᠵᠢ ᠠᠬᠢᠭᠤᠯᠵᠤ᠂ 《ᠥᠨᠳᠥᠷ ᠰᠤᠷᠤᠯᠭ᠎ᠠ ᠵᠢᠨ ᠨᠠᠮᠲᠠᠷ᠎ᠲᠠᠢ᠂ ᠮᠡᠷᠭᠡᠵᠢᠯ᠎ᠤᠨ ᠲᠠᠯ᠎ᠠ᠎ᠪᠠᠷ ᠴᠠᠭ᠋ᠠᠷᠠᠭᠰᠠᠨ᠂ ᠬᠣᠰᠢᠭᠤᠷᠠᠯ ᠰᠢᠨᠵᠢᠯᠡᠬᠦ ᠤᠬᠠᠭ᠋ᠠᠨ᠎ᠤ ᠮᠡᠳᠡᠯᠭᠡ ᠵᠢ ᠡᠵᠡᠮᠰᠢᠭᠰᠡᠨ᠂ ᠪᠠᠴᠢᠮ ᠲᠤᠲᠠᠭᠳᠠᠵᠤ ᠪᠠᠢ᠌ᠭ᠎ᠠ》 ᠴᠢᠳᠠᠪᠤᠷᠢᠲᠠᠨ᠎ᠤ ᠤᠳᠤᠷᠢᠳᠤᠮᠵᠢ ᠵᠢ ᠲᠤᠪᠤᠢ᠍ᠢ᠍ᠯᠭ᠋ᠠᠵᠦ᠂ ᠳᠡᠭᠡᠳᠦ ᠲᠡᠰ᠎ᠤᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠠᠢ᠃

      ᠥᠪᠥᠷ ᠮᠣᠩᠭᠣᠯ᠎ᠤᠨ ᠪᠠᠢ᠌ᠳᠠᠯ᠎ᠢ ᠪᠣᠳᠠᠲᠠᠢ᠎ᠪᠠᠷ ᠬᠡᠯᠡᠪᠡᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠢᠰᠲ᠋ᠧᠮ᠎ᠤᠨ᠎ᠬᠢᠨ ᠶᠡᠷᠦᠩᠬᠡᠢ ᠱᠦᠵᠢ ᠰᠢ ᠵᠢᠨ ᠫᠢᠩ᠎ᠤᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠠᠵᠢᠯ᠎ᠤᠨ ᠲᠤᠬᠠᠢ ᠴᠢᠬᠤᠯᠠ ᠶᠠᠷᠢᠶ᠎ᠠ᠂ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠨᠠᠮ᠎ᠤᠨ ᠲᠥᠪ ᠬᠣᠷᠢᠶ᠎ᠠ ᠪᠣᠯᠣᠨ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠪᠣᠯᠣᠨ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠥᠬᠥ ᠲᠠᠯ᠎ᠠ᠎ᠪᠠᠷ ᠪᠦᠲᠦᠭᠡᠨ ᠪᠠᠢ᠌ᠭᠤᠯᠬᠤ ᠬᠣᠶᠠᠷ ᠶᠡᠬᠡ ᠶᠠᠪᠤᠳᠠᠯ᠎ᠤᠨ ᠲᠣᠭᠣᠷᠢᠨ᠎ᠳᠤ᠂ ᠤᠷ᠎ᠠ ᠮᠡᠷᠭᠡᠵᠢᠯ᠎ᠤᠨ ᠥᠪᠥᠷ ᠮᠣᠩᠭᠣᠯ᠎ᠤᠨ ᠠᠵᠢᠯᠯᠠᠭ᠎ᠠ ᠪᠣᠯᠣᠨ ᠮᠡᠷᠭᠡᠵᠢᠯ ᠤᠷ᠎ᠠ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠪᠠ ᠬᠥᠮᠥᠵᠢᠭᠦᠯᠬᠦ ᠶᠠᠰᠤ ᠴᠢᠨᠠᠷ᠎ᠢ ᠳᠡᠭᠡᠭᠰᠢᠯᠡᠭᠦᠯᠬᠦ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠵᠦ᠂ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠬᠦ᠂ ᠬᠡᠷᠡᠭᠯᠡᠬᠦ᠂ ᠦᠨᠡᠯᠡᠬᠦ᠂ ᠤᠷᠮᠠᠰᠢᠭᠤᠯᠬᠤ ᠲᠣᠭᠲᠠᠴᠠ ᠵᠢ ᠬᠦᠴᠦᠯᠡᠨ ᠪᠦᠷᠢᠨᠰᠢᠭᠦᠯᠦᠨ ᠲᠡᠭᠦᠯᠳᠡᠷᠵᠢᠭᠦᠯᠵᠦ᠂ ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢ ᠲᠦᠷᠭᠡᠨ ᠵᠠᠮ᠎ᠳᠤ ᠣᠷᠣᠭᠤᠯᠪᠠ᠃

      2023 ᠣᠨ᠎ᠤ 8 ᠰᠠᠷ᠎ᠠ ᠵᠢᠨ ᠡᠴᠦᠰ ᠪᠣᠯᠲᠠᠯ᠎ᠠ᠂ ᠪᠥᠬᠥ ᠣᠷᠣᠨ᠎ᠤ ᠤᠷ᠎ᠠ ᠮᠡᠷᠭᠡᠵᠢᠯ᠎ᠤᠨ ᠬᠥᠳᠡᠯᠮᠦᠷᠢᠴᠢᠳ᠎ᠤᠨ ᠪᠥᠬᠥ ᠲᠣᠭ᠎ᠠ ᠨᠢᠭᠡᠨᠲᠡ 387 ᠲᠦᠮᠡ᠎ᠳᠤ ᠬᠦᠷᠴᠦ᠂ ᠡᠭᠦᠨ᠎ᠳᠤ ᠳᠡᠭᠡᠳᠦ ᠲᠡᠰ᠎ᠤᠨ ᠤᠷ᠎ᠠ ᠮᠡᠷᠭᠡᠵᠢᠯ᠎ᠤᠨ ᠴᠢᠳᠠᠪᠤᠷᠢᠲᠠᠨ 114 ᠲᠦᠮᠡ ᠪᠠᠢ᠌ᠨ᠎ᠠ᠂ ᠣᠲᠣ 《ᠳᠤᠮᠳᠠᠳᠤ ᠵᠢᠨ ᠤᠷ᠎ᠠ ᠮᠡᠷᠭᠡᠵᠢᠯ》 ᠎ᠤᠨ ᠲᠣᠮᠣ ᠱᠠᠩᠨᠠᠯ᠎ᠢ ᠬᠦᠷᠲᠡᠭᠴᠢ 11 ᠬᠥᠮᠥᠨ᠂ ᠪᠥᠬᠥ ᠤᠯᠤᠰ᠎ᠤᠨ ᠮᠡᠷᠭᠡᠵᠢᠯ᠎ᠤᠨ ᠴᠢᠳᠠᠪᠤᠷᠢᠲᠠᠨ 94᠂ ᠪᠠᠰᠠ ᠪᠥᠬᠥ ᠣᠷᠣᠨ᠎ᠤ ᠮᠡᠷᠭᠡᠵᠢᠯ᠎ᠤᠨ ᠴᠢᠳᠠᠪᠤᠷᠢᠲᠠᠨ 2300 ᠭᠠᠷᠤᠢ ᠪᠤᠢ᠂ ᠡᠲᠡᠭᠡᠷ ᠳᠡᠭᠡᠳᠦ ᠲᠡᠰ᠎ᠤᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠨᠢ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠬᠦᠴᠦᠲᠡᠢ ᠴᠢᠳᠠᠪᠤᠷᠢᠲᠠᠨ᠎ᠤ ᠲᠤᠯᠭ᠋ᠠᠭᠤᠷᠢᠯᠠᠯ ᠬᠠᠩᠭ᠋ᠠᠭᠰᠠᠨ ᠪᠠᠢ᠌ᠨ᠎ᠠ᠃ ᠡᠭᠦᠨ᠎ᠤ ᠬᠠᠮᠲᠤ᠂ ᠪᠢᠳᠡ ᠪᠠᠰᠠ ᠠᠴᠢᠶᠠᠯᠠᠪᠤᠷᠢ ᠵᠢᠨ ᠪᠠᠢ᠌ᠭᠤᠯᠤᠯᠲᠠ ᠵᠢ ᠶᠡᠬᠡᠪᠡᠷ ᠴᠢᠩᠭ᠋ᠠᠳᠬᠠᠵᠤ᠂ ᠣᠲᠣ ᠨᠢᠭᠡᠨᠲᠡ 29 ᠤᠯᠤᠰ᠎ᠤᠨ ᠲᠠᠰ᠎ᠤᠨ᠂ 99 ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠳᠡᠭᠡᠳᠦ ᠲᠡᠰ᠎ᠤᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠪᠣᠯᠪᠠᠰᠤᠷᠠᠯ ᠬᠦᠷᠲᠡᠭᠡᠬᠦ ᠰᠠᠭᠤᠷᠢᠨ᠎ᠢ ᠪᠠᠢ᠌ᠭᠤᠯᠵᠤ᠂ 50 ᠤᠯᠤᠰ᠎ᠤᠨ ᠲᠠᠰ᠎ᠤᠨ᠂ 92 ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠮᠡᠷᠭᠡᠵᠢᠯ ᠴᠢᠳᠠᠪᠤᠷᠢ ᠵᠢᠨ ᠶᠡᠬᠡ ᠪᠠᠭᠰᠢᠲᠠᠨ᠎ᠤ ᠠᠵᠢᠯᠯᠠᠬᠤ ᠲᠠᠰᠤᠭ᠎ᠲᠠᠢ ᠪᠣᠯᠵᠠᠢ᠃

      2021 ᠣᠨ᠎ᠠᠴᠠ ᠨᠠᠭ᠋ᠠᠰᠢ ᠪᠥᠬᠥ ᠣᠷᠣᠨ ᠵᠶ᠋ᠠᠷ ᠵᠶ᠋ᠠᠨ ᠨᠠᠢ᠌ᠳᠠ 86 ᠲᠦᠮᠡᠨ ᠬᠥᠮᠥᠨ ᠤᠳᠠᠭ᠎ᠠ᠎ᠳᠤ ᠵᠠᠰᠠᠭ᠎ᠤᠨ ᠣᠷᠳᠣᠨ᠎ᠤ ᠨᠥᠬᠥᠪᠦᠷᠢ ᠥᠭᠬᠦ ᠴᠢᠨᠠᠷᠲᠠᠢ ᠪᠣᠯᠪᠠᠰᠤᠷᠠᠯ ᠬᠦᠷᠲᠡᠭᠡᠪᠡ᠂ ᠮᠠᠨ᠎ᠤ ᠠᠪᠤᠭᠰᠠᠨ ᠭᠣᠣᠯ ᠠᠷᠭ᠎ᠠ ᠬᠡᠮᠵᠢᠶ᠎ᠡ ᠪᠣᠯ ᠳᠣᠣᠷᠠᠬᠢ ᠬᠡᠳᠦᠨ ᠲᠠᠯ᠎ᠠ ᠪᠣᠯᠣᠨ᠎ᠠ᠃

      ᠨᠢᠭᠡ᠎ᠳᠤ᠂ ᠳᠡᠭᠡᠳᠦ ᠲᠡᠰ᠎ᠤᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠠᠵᠢᠯ᠎ᠢ ᠴᠢᠬᠤᠯᠠ ᠠᠭᠤᠯᠭ᠎ᠠ ᠪᠣᠯᠭ᠋ᠠᠨ ᠥᠪᠡᠷᠲᠡᠭᠡᠨ ᠵᠠᠰᠠᠬᠤ ᠣᠷᠣᠨ᠎ᠤ ᠴᠢᠳᠠᠪᠤᠷᠢᠲᠠᠨ᠎ᠤ ᠬᠥᠭᠵᠢᠯᠲᠡ ᠵᠢᠨ ᠬᠣᠶᠠᠷ ᠶᠡᠬᠡ ᠢᠨᠵᠧᠨᠧᠷᠢᠩ᠎ᠤᠨ ᠨᠢᠭᠡ᠎ᠳᠤ ᠣᠷᠣᠭᠤᠯᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠳᠤ ᠣᠳᠣ ᠬᠡᠷᠡᠭᠵᠢᠭᠦᠯᠵᠦ ᠪᠠᠢ᠌ᠭ᠎ᠠ ᠬᠣᠶᠠᠷ ᠵᠦᠢ᠍ᠯ᠎ᠤᠨ ᠴᠢᠳᠠᠪᠤᠷᠢᠲᠠᠨ᠎ᠤ ᠢᠨᠵᠧᠨᠧᠷᠢᠩ ᠪᠣᠯ᠂ ᠨᠢᠭᠡ᠎ᠨᠢ 《ᠲᠠᠯ᠎ᠠ ᠨᠤᠲᠤᠭ᠎ᠤᠨ ᠴᠢᠳᠠᠪᠤᠷᠢᠲᠠᠨ》᠎ᠤ ᠢᠨᠵᠧᠨᠧᠷᠢᠩ ᠪᠣᠯᠣᠨ᠎ᠠ᠂ ᠨᠥᠭᠥᠭᠡ ᠨᠢᠭᠡ᠎ᠨᠢ ᠳᠠᠷᠤᠢ ᠰᠢᠨ᠎ᠡ᠎ᠪᠠᠷ ᠳᠤᠷᠠᠳᠤᠭᠰᠠᠨ ᠪᠥᠭᠡᠳ ᠬᠡᠷᠡᠭᠵᠢᠭᠦᠯᠵᠦ ᠪᠠᠢ᠌ᠭ᠎ᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ ᠤᠷ᠎ᠠ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠪᠠ ᠬᠥᠮᠥᠵᠢᠭᠦᠯᠬᠦ ᠶᠠᠰᠤ ᠴᠢᠨᠠᠷ᠎ᠢ ᠳᠡᠭᠡᠭᠰᠢᠯᠡᠭᠦᠯᠬᠦ》 ᠢᠨᠵᠧᠨᠧᠷᠢᠩ ᠪᠣᠯᠣᠨ᠎ᠠ᠃ ᠪᠢᠳᠡ ᠬᠡᠷᠡᠭᠵᠢᠭᠦᠯᠬᠦ ᠲᠥᠰᠥᠯ ᠨᠡᠢ᠌ᠲᠡᠯᠡᠵᠦ᠂ ᠠᠵᠢᠯ᠎ᠤᠨ ᠲᠣᠭᠲᠠᠴᠠ ᠵᠢ ᠪᠦᠷᠢᠨᠰᠢᠭᠦᠯᠬᠦ᠂ ᠤᠯᠠᠨ ᠡᠰᠢᠵᠢᠭᠰᠡᠨ ᠪᠣᠯᠪᠠᠰᠤᠷᠠᠯ᠎ᠤᠨ ᠰᠢᠰᠲ᠋ᠧᠮ᠎ᠢ ᠪᠠᠢ᠌ᠭᠤᠯᠬᠤ᠂ ᠮᠡᠷᠭᠡᠵᠢᠯ᠎ᠤᠨ ᠠᠵᠢᠯᠴᠢᠨ᠎ᠤ ᠰᠤᠷᠭ᠋ᠠᠨ ᠬᠥᠮᠦᠵᠢᠯ᠎ᠢ ᠬᠥᠭᠵᠢᠭᠦᠯᠬᠦ᠂ ᠳᠡᠭᠡᠳᠦ ᠲᠡᠰ᠎ᠤᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠠᠵᠢᠯ᠎ᠤᠨ ᠪᠠᠶ᠋ᠢᠷᠢ᠎ᠳᠤ ᠪᠣᠯᠪᠠᠰᠤᠷᠠᠯ ᠬᠦᠷᠲᠡᠭᠡᠵᠦ ᠬᠡᠷᠡᠭᠯᠡᠬᠦ ᠲᠣᠭᠲᠠᠴᠠ ᠵᠢ ᠪᠦᠷᠢᠨᠰᠢᠭᠦᠯᠬᠦ ᠵᠡᠷᠭᠡ ᠲᠠᠯ᠎ᠠ᠎ᠪᠠᠷ᠂ ᠪᠢᠳᠡ ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ ᠵᠢᠨ ᠬᠥᠭᠵᠢᠯᠲᠡ ᠵᠢ ᠠᠬᠢᠭᠤᠯᠵᠤ᠂ ᠨᠠᠮ᠎ᠤᠨ ᠬᠣᠷᠢᠶ᠎ᠠ᠎ᠠᠴᠠ ᠤᠳᠤᠷᠢᠳᠤᠭᠰᠠᠨ᠂ ᠵᠠᠰᠠᠭ᠎ᠤᠨ ᠣᠷᠳᠣᠨ ᠵᠶ᠋ᠡᠷ ᠭᠣᠣᠯᠯᠠᠭᠤᠯᠤᠭᠰᠠᠨ᠂ ᠲᠥᠷᠥ ᠵᠢᠨ ᠪᠣᠳᠣᠯᠭ᠎ᠠ᠎ᠪᠠᠷ ᠳᠡᠮᠵᠢᠭᠰᠡᠨ᠂ ᠠᠵᠤ ᠠᠬᠤᠢ᠌ᠯᠠᠯ ᠵᠶ᠋ᠠᠷ ᠭᠣᠣᠯ ᠴᠣᠭᠴᠠ ᠪᠣᠯᠭ᠋ᠠᠭᠰᠠᠨ᠂ ᠪᠥᠬᠥ ᠨᠡᠢ᠌ᠭᠡᠮ ᠵᠶ᠋ᠡᠷ ᠵᠶ᠋ᠡᠨ ᠣᠷᠣᠯᠴᠠᠭᠰᠠᠨ ᠳᠡᠭᠡᠳᠦ ᠲᠡᠰ᠎ᠤᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠠᠵᠢᠯ᠎ᠤᠨ ᠰᠢᠰᠲ᠋ᠧᠮ᠎ᠢ ᠪᠠᠢ᠌ᠭᠤᠯᠵᠤ᠂ ᠳᠡᠭᠡᠳᠦ ᠲᠡᠰ᠎ᠤᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ ᠵᠢᠨ ᠪᠦᠬᠦᠯᠢ ᠴᠣᠭᠴᠠ ᠵᠢᠨ ᠬᠥᠭᠵᠢᠯᠲᠡ ᠵᠢ ᠬᠦᠴᠦᠲᠡᠢ ᠠᠬᠢᠭᠤᠯᠵᠠᠢ᠃

      ᠬᠣᠶᠠᠷ᠎ᠲᠤ᠂ ᠲᠥᠯᠦᠪᠵᠢᠭᠦᠯᠭᠡ᠎ᠪᠠᠷ ᠬᠥᠲᠥᠯᠥᠨ ᠳᠠᠭ᠋ᠠᠭᠤᠯᠬᠤ ᠵᠢ ᠴᠢᠬᠤᠯᠠᠴᠢᠯᠠᠨ ᠴᠢᠩᠭ᠋ᠠᠳᠬᠠᠵᠤ᠂ 《ᠤᠷ᠎ᠠ ᠮᠡᠷᠭᠡᠵᠢᠯ᠎ᠤᠨ ᠥᠪᠥᠷ ᠮᠣᠩᠭᠣᠯ᠎ᠤᠨ ᠠᠵᠢᠯ᠎ᠤᠨ ᠠᠵᠢᠯᠯᠠᠭ᠎ᠠ ᠵᠢᠨ ᠲᠥᠰᠥᠯ》 ᠎ᠢ ᠲᠣᠭᠲᠠᠭ᠋ᠠᠵᠤ᠂ ᠢᠷᠡᠭᠡᠳᠦᠢ ᠵᠢᠨ ᠬᠡᠳᠦᠨ ᠵᠢᠯ᠎ᠳᠤ ᠠᠵᠢᠯ ᠮᠡᠷᠭᠡᠵᠢᠯ᠎ᠤᠨ ᠴᠢᠳᠠᠪᠤᠷᠢ ᠵᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ᠂ ᠳᠡᠭᠡᠳᠦ ᠲᠡᠰ ᠵᠢᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠬᠦ᠂ ᠤᠷ᠎ᠠ ᠮᠡᠷᠭᠡᠵᠢᠯ ᠵᠶ᠋ᠡᠷ ᠠᠵᠤ ᠠᠬᠤᠢ᠌ᠯᠠᠯ᠎ᠢ ᠬᠦᠴᠦᠷᠬᠡᠭᠵᠢᠭᠦᠯᠬᠦ᠂ ᠭᠣᠣᠯᠳᠠᠯᠭ᠎ᠠ᠎ᠲᠠᠢ ᠬᠥᠮᠥᠰ᠎ᠲᠤ ᠲᠤᠰᠬᠠᠢ ᠪᠣᠯᠪᠠᠰᠤᠷᠠᠯ ᠬᠦᠷᠲᠡᠭᠡᠬᠦ ᠵᠡᠷᠭᠡ ᠲᠥᠯᠥᠪᠯᠡᠭᠡ ᠵᠢ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ ᠪᠣᠯᠪᠠᠰᠤᠷᠠᠯ᠎ᠤᠨ ᠬᠠᠩᠭ᠋ᠠᠯᠭ᠎ᠠ᠂ ᠠᠴᠢᠶᠠᠯᠠᠪᠤᠷᠢ᠂ ᠬᠡᠯᠪᠡᠷᠢ ᠵᠡᠷᠭᠡ ᠲᠠᠯ᠎ᠠ ᠵᠢᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠨ᠂ ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠰᠢᠨ᠎ᠡ ᠵᠢ ᠡᠭᠦᠳᠬᠦ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠪᠥᠬᠥ ᠲᠠᠯ᠎ᠠ᠎ᠪᠠᠷ ᠨᠡᠮᠡᠭᠳᠡᠭᠦᠯᠦᠨ᠎ᠡ ᠭᠡᠵᠦ ᠳᠤᠷᠠᠳᠤᠨ ᠭᠠᠷᠭ᠋ᠠᠪᠠ᠃ ᠡᠭᠦᠨ᠎ᠤ ᠵᠡᠷᠭᠡ᠎ᠪᠠᠷ᠂ ᠪᠢᠳᠡ ᠲᠥᠷᠥᠯ ᠬᠤᠪᠢᠶᠠᠭᠰᠠᠨ ᠪᠣᠯᠪᠠᠰᠤᠷᠠᠯ᠎ᠢ ᠵᠣᠬᠢᠶᠠᠨ ᠪᠠᠢ᠌ᠭᠤᠯᠵᠤ ᠬᠡᠷᠡᠭᠵᠢᠭᠦᠯᠬᠦ ᠰᠢᠰᠲ᠋ᠧᠮ᠎ᠢ ᠪᠠᠢ᠌ᠭᠤᠯᠬᠤ ᠲᠠᠯ᠎ᠠ᠎ᠪᠠᠷ ᠪᠠᠰᠠ ᠵᠠᠰᠠᠭ᠎ᠤᠨ ᠣᠷᠳᠣᠨ᠎ᠠᠴᠠ ᠨᠥᠬᠥᠪᠦᠷᠢ ᠥᠭᠬᠦ ᠠᠵᠢᠯ ᠮᠡᠷᠭᠡᠵᠢᠯ᠎ᠤᠨ ᠴᠢᠳᠠᠪᠤᠷᠢ ᠵᠢᠨ ᠪᠣᠯᠪᠠᠰᠤᠷᠠᠯ᠎ᠤᠨ ᠲᠥᠷᠥᠯ ᠵᠦᠢ᠍ᠯ᠎ᠢ ᠴᠥᠮ ᠬᠢᠷᠢ ᠬᠡᠮ᠎ᠢ ᠪᠦᠷᠢᠯᠳᠦᠭᠦᠯᠦᠭᠰᠡᠨ ᠠᠵᠢᠯ ᠮᠡᠷᠭᠡᠵᠢᠯ᠎ᠤᠨ ᠶᠡᠬᠡ ᠳᠡᠭᠡᠳᠦ ᠰᠤᠷᠭ᠋ᠠᠭᠤᠯᠢ ᠪᠠ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠪᠠᠢ᠌ᠭᠤᠯᠤᠮᠵᠢ᠎ᠳᠤ ᠬᠠᠨᠳᠤᠭᠤᠯᠤᠨ ᠴᠢᠯᠦᠭᠡᠲᠡᠢ ᠨᠡᠭᠡᠭᠡᠵᠦ᠂ ᠪᠣᠯᠪᠠᠰᠤᠷᠠᠯ᠎ᠤᠨ ᠭᠣᠣᠯ ᠴᠣᠭᠴᠠ ᠵᠢᠨ ᠢᠳᠡᠪᠬᠢᠵᠢᠯ᠎ᠢ ᠤᠯᠠᠮ ᠨᠢᠭᠡ ᠠᠯᠬᠤᠮ ᠬᠥᠭᠵᠢᠭᠡᠨ᠂ ᠤᠯᠠᠨ ᠡᠰᠢᠲᠦ ᠪᠣᠯᠪᠠᠰᠤᠷᠠᠯ᠎ᠤᠨ ᠠᠴᠢᠶᠠᠯᠠᠪᠤᠷᠢ ᠵᠢ ᠪᠠᠢ᠌ᠭᠤᠯᠤᠨ᠎ᠠ᠃ ᠬᠣᠶᠠᠷ᠎ᠲᠤ᠂ ᠵᠠᠰᠠᠭ᠎ᠤᠨ ᠣᠷᠳᠣᠨ᠎ᠤ ᠪᠣᠯᠪᠠᠰᠤᠷᠠᠯ᠎ᠤᠨ ᠲᠥᠷᠥᠯ ᠵᠦᠢ᠍ᠯ᠎ᠤᠨ ᠭᠠᠷᠴᠠᠭ᠎ᠢ ᠪᠤᠢ ᠪᠦᠬᠦᠢ ᠤᠷ᠎ᠠ ᠴᠢᠳᠠᠪᠤᠷᠢ ᠵᠢᠨ ᠲᠥᠷᠥᠯ᠎ᠤᠨ ᠠᠵᠢᠯ᠎ᠤᠨ ᠲᠥᠷᠥᠯ᠎ᠳᠤ ᠬᠦᠷᠲᠡᠯ᠎ᠡ ᠥᠷᠭᠡᠳᠬᠡᠵᠦ᠂ ᠪᠢᠳᠡ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠪᠣᠯᠪᠠᠰᠤᠷᠠᠯ᠎ᠤᠨ ᠭᠠᠷᠴᠠᠭ᠎ᠢ ᠨᠡᠢ᠌ᠲᠡᠯᠡᠵᠦ᠂ ᠨᠢᠭᠡ ᠪᠦᠯᠦᠭ ᠭᠠᠵᠠᠷ ᠣᠷᠣᠨ᠎ᠤ ᠣᠨᠴᠠᠯᠢᠭ᠎ᠲᠠᠢ᠂ ᠠᠵᠢᠯ ᠣᠯᠭᠣᠯᠲᠠ ᠵᠢ ᠠᠬᠢᠭᠤᠯᠬᠤ ᠦᠷ᠎ᠡ ᠪᠦᠲᠦᠮᠵᠢ᠎ᠪᠠᠷ ᠢᠯᠡᠳᠲᠡ ᠪᠣᠯᠪᠠᠰᠤᠷᠠᠯ᠎ᠤᠨ ᠨᠡᠷᠡᠲᠦ ᠲᠥᠷᠥᠯ ᠲᠡᠮᠳᠡᠭ᠎ᠢ ᠡᠭᠦᠳᠬᠦ ᠪᠠ ᠪᠣᠢ᠌ᠵᠢᠭᠤᠯᠤᠨ᠎ᠠ᠃

      ᠭᠤᠷᠪᠠ᠎ᠳᠤ᠂ ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ᠎ᠳᠤ ᠬᠠᠨᠳᠤᠭᠤᠯᠤᠨ ᠠᠵᠤ ᠠᠬᠤᠢ᠌ᠯᠠᠯ᠎ᠤᠨ ᠰᠢᠨ᠎ᠡ ᠮᠠᠶᠢᠭ᠎ᠤᠨ ᠱᠠᠪᠢ ᠠᠵᠢᠯᠴᠢᠨ᠎ᠤ ᠳᠦᠷᠢᠮᠲᠦ ᠪᠣᠯᠪᠠᠰᠤᠷᠠᠯ ᠪᠠ ᠠᠵᠢᠯ᠎ᠤᠨ ᠪᠠᠶ᠋ᠢᠷᠢ ᠵᠢᠨ ᠤᠷ᠎ᠠ ᠴᠢᠳᠠᠪᠤᠷᠢ ᠵᠢ ᠳᠡᠭᠡᠭᠰᠢᠯᠡᠭᠦᠯᠬᠦ ᠪᠣᠯᠪᠠᠰᠤᠷᠠᠯ᠎ᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ ᠵᠡᠷᠭᠡ ᠭᠣᠣᠯᠳᠠᠯᠭ᠎ᠠ᠎ᠲᠠᠢ ᠬᠥᠮᠥᠰ᠎ᠲᠤ ᠬᠠᠨᠳᠤᠭᠤᠯᠤᠨ 《ᠠᠵᠢᠯ᠎ᠤᠨ ᠪᠠᠶ᠋ᠢᠷᠢ ᠲᠣᠭᠲᠠᠭ᠋ᠠᠬᠤ》᠂ 《ᠵᠠᠬᠢᠶᠠᠯᠠᠭ᠎ᠠ》 ᠵᠡᠷᠭᠡ ᠤᠯᠠᠨ ᠬᠡᠯᠪᠡᠷᠢ ᠵᠢᠨ ᠤᠷ᠎ᠠ ᠴᠢᠳᠠᠪᠤᠷᠢ ᠵᠢᠨ ᠪᠣᠯᠪᠠᠰᠤᠷᠠᠯ ᠪᠠ ᠦᠢ᠍ᠯᠡᠰ ᠪᠣᠰᠬᠠᠬᠤ ᠪᠣᠯᠪᠠᠰᠤᠷᠠᠯ᠎ᠢ ᠵᠣᠬᠢᠶᠠᠨ ᠪᠠᠢ᠌ᠭᠤᠯᠤᠨ ᠥᠷᠨᠢᠭᠦᠯᠵᠦ᠂ ᠡᠯ᠎ᠡ ᠲᠠᠯ᠎ᠠ ᠵᠢᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠬᠡᠷᠡᠭᠴᠡᠭᠡ᠎ᠳᠤ ᠵᠣᠬᠢᠴᠠᠭᠤᠯᠤᠨ᠎ᠠ᠃

      ᠮᠡᠷᠭᠡᠵᠢᠯ᠎ᠤᠨ ᠠᠵᠢᠯᠴᠢᠨ᠎ᠤ ᠰᠤᠷᠭ᠋ᠠᠨ ᠬᠥᠮᠦᠵᠢᠯ᠎ᠢ ᠶᠡᠬᠡᠪᠡᠷ ᠬᠥᠭᠵᠢᠭᠦᠯᠬᠦ ᠲᠠᠯ᠎ᠠ᠎ᠪᠠᠷ᠂ ᠪᠢᠳᠡ ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ ᠵᠢᠨ ᠶᠠᠰᠤ ᠴᠢᠨᠠᠷ᠎ᠢ ᠳᠡᠭᠡᠭᠰᠢᠯᠡᠭᠦᠯᠦᠨ ᠰᠢᠯᠢᠳᠡᠭ᠎ᠢ ᠬᠥᠮᠥᠵᠢᠭᠦᠯᠬᠦ ᠲᠥᠯᠥᠪᠯᠡᠭᠡ ᠵᠢ ᠬᠡᠷᠡᠭᠵᠢᠭᠦᠯᠵᠦ᠂ ᠰᠤᠷᠭ᠋ᠠᠭᠤᠯᠢ ᠡᠷᠭᠢᠯᠡᠬᠦ ᠭᠣᠣᠯ ᠴᠣᠭᠴᠠ ᠵᠢᠨ ᠤᠯᠠᠨ ᠡᠰᠢᠵᠢᠬᠦ᠂ ᠰᠤᠷᠭ᠋ᠠᠭᠤᠯᠢ ᠡᠷᠭᠢᠯᠡᠬᠦ ᠬᠡᠯᠪᠡᠷᠢ ᠵᠢᠨ ᠤᠯᠠᠨ ᠶᠠᠩᠵᠤᠴᠢᠯᠠᠬᠤ ᠵᠢ ᠠᠬᠢᠭᠤᠯᠵᠤ᠂ ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ ᠵᠢ ᠰᠤᠷᠭ᠋ᠠᠭᠤᠯᠢ ᠵᠢᠨ ᠳᠦᠷᠢᠮᠲᠦ ᠰᠤᠷᠭ᠋ᠠᠨ ᠬᠥᠮᠦᠵᠢᠯ ᠪᠠ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠦᠢ᠍ᠯᠡᠴᠢᠯᠡᠭᠡ ᠵᠢ ᠥᠷᠨᠢᠭᠦᠯᠬᠦ ᠤᠷ᠎ᠠ ᠴᠢᠳᠠᠪᠤᠷᠢᠲᠠᠨ᠎ᠤ ᠦᠰᠦᠨ ᠪᠣᠢ᠌ᠵᠢᠯᠲᠠ ᠵᠢᠨ ᠴᠢᠬᠤᠯᠠ ᠲᠠᠪᠴᠠᠩ ᠪᠣᠯᠭ᠋ᠠᠨ ᠬᠥᠭᠵᠢᠭᠦᠯᠪᠡ᠃ ᠣᠳᠣᠬᠠᠨ᠎ᠳᠤ᠂ ᠮᠠᠨ᠎ᠤ ᠥᠪᠡᠷᠲᠡᠭᠡᠨ ᠵᠠᠰᠠᠬᠤ ᠣᠷᠣᠨ᠎ᠳᠤ ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ 71 ᠪᠠᠢ᠌ᠵᠤ᠂ ᠰᠤᠷᠭ᠋ᠠᠭᠤᠯᠢ᠎ᠳᠤ ᠪᠠᠢ᠌ᠭ᠎ᠠ ᠰᠣᠷᠣᠭᠴᠢ 26000 ᠭᠠᠷᠤᠢ ᠪᠠᠢ᠌ᠵᠤ᠂ ᠮᠠᠰᠲ᠋ᠧᠷ᠎ᠤᠨ ᠳᠡᠭᠡᠳᠦ ᠰᠤᠷᠭ᠋ᠠᠭᠤᠯᠢ᠎ᠪᠠᠷ ᠳᠠᠭ᠋ᠠᠭᠤᠯᠤᠭᠰᠠᠨ᠂ ᠳᠡᠭᠡᠳᠦ ᠲᠡᠰ᠎ᠤᠨ ᠮᠡᠷᠭᠡᠵᠢᠯ᠎ᠤᠨ ᠠᠵᠢᠯᠴᠢᠨ᠎ᠤ ᠰᠤᠷᠭ᠋ᠠᠭᠤᠯᠢ᠎ᠪᠠᠷ ᠭᠣᠣᠯ ᠪᠣᠯᠭ᠋ᠠᠭᠰᠠᠨ᠂ ᠮᠡᠷᠭᠡᠵᠢᠯ᠎ᠤᠨ ᠠᠵᠢᠯᠴᠢᠨ᠎ᠤ ᠰᠤᠷᠭ᠋ᠠᠭᠤᠯᠢ᠎ᠪᠠᠷ ᠰᠠᠭᠤᠷᠢ ᠪᠣᠯᠭ᠋ᠠᠭᠰᠠᠨ ᠬᠣᠲᠠ ᠬᠥᠳᠡᠭᠡ ᠵᠢᠨ ᠬᠥᠳᠡᠯᠮᠦᠷᠢᠴᠢᠳ᠎ᠢ ᠪᠥᠬᠥᠨ᠎ᠢ ᠬᠠᠮᠤᠷᠤᠭᠰᠠᠨ ᠮᠡᠷᠭᠡᠵᠢᠯ᠎ᠤᠨ ᠠᠵᠢᠯᠴᠢᠨ᠎ᠤ ᠰᠤᠷᠭ᠋ᠠᠨ ᠬᠥᠮᠦᠵᠢᠯ᠎ᠤᠨ ᠰᠢᠰᠲ᠋ᠧᠮ᠎ᠢ ᠠᠩᠬ᠎ᠠ ᠠᠯᠬᠤᠮ ᠪᠦᠷᠢᠯᠳᠦᠭᠦᠯᠪᠡ᠃ ᠮᠡᠷᠭᠡᠵᠢᠯ᠎ᠤᠨ ᠠᠵᠢᠯᠴᠢᠨ᠎ᠤ ᠰᠤᠷᠭ᠋ᠠᠨ ᠬᠥᠮᠦᠵᠢᠯ᠎ᠢ ᠶᠡᠬᠡ᠎ᠪᠠᠷ ᠬᠥᠭᠵᠢᠭᠦᠯᠬᠦ ᠲᠠᠯ᠎ᠠ᠎ᠪᠠᠷ᠎ᠬᠢ ᠬᠣᠶᠠᠳᠤᠭ᠋ᠠᠷ ᠠᠷᠭ᠎ᠠ ᠬᠡᠮᠵᠢᠶ᠎ᠡ ᠪᠣᠯ ᠨᠢᠭᠡ ᠴᠣᠭᠴᠠᠵᠢᠭᠤᠯᠤᠭᠰᠠᠨ ᠬᠢᠴᠢᠶᠡᠯ᠎ᠤᠨ ᠵᠢᠭ᠋ᠠᠨ ᠰᠤᠷᠭ᠋ᠠᠯᠲᠠ ᠵᠢ ᠳᠡᠯᠭᠡᠷᠡᠭᠦᠯᠬᠦ᠎ᠪᠠᠷ ᠳᠠᠮᠵᠢᠭᠤᠯᠤᠨ᠂ ᠤᠨᠤᠯ᠎ᠤᠨ ᠵᠢᠭ᠋ᠠᠨ ᠰᠤᠷᠭ᠋ᠠᠯᠲᠠ ᠬᠢᠭᠡᠳ ᠦᠢ᠍ᠯᠡᠳᠦᠯᠭᠡ ᠵᠢᠨ ᠵᠢᠭ᠋ᠠᠨ ᠰᠤᠷᠭ᠋ᠠᠯᠲᠠ ᠵᠢ ᠠᠭᠤᠰᠤᠯᠴᠠᠭᠤᠯᠤᠨ ᠨᠢᠭᠡᠳᠬᠡᠭᠰᠡᠨ᠂ ᠴᠢᠳᠠᠪᠤᠷᠢ ᠵᠢᠨ ᠬᠥᠮᠥᠵᠢᠭᠦᠯᠦᠯ ᠬᠢᠭᠡᠳ ᠠᠵᠢᠯ᠎ᠤᠨ ᠪᠠᠶ᠋ᠢᠷᠢ ᠵᠢ ᠵᠠᠯᠭ᠋ᠠᠨ ᠵᠣᠯᠭ᠋ᠠᠭᠤᠯᠤᠭᠰᠠᠨ᠂ ᠳᠠᠳᠤᠯᠭ᠎ᠠ ᠪᠣᠯᠪᠠᠰᠤᠷᠠᠯ ᠬᠢᠭᠡᠳ ᠠᠵᠢᠯ᠎ᠤᠨ ᠪᠠᠶ᠋ᠢᠷᠢ ᠲᠣᠭᠲᠠᠭ᠋ᠠᠬᠤ ᠠᠵᠢᠯ᠎ᠤᠨ ᠬᠠᠮᠵᠢᠯᠴᠠᠭ᠎ᠠ ᠵᠢ ᠨᠢᠭᠡᠳᠬᠡᠭᠰᠡᠨ ᠮᠡᠷᠭᠡᠵᠢᠯ᠎ᠤᠨ ᠠᠵᠢᠯᠴᠢᠨ᠎ᠤ ᠰᠤᠷᠭ᠋ᠠᠨ ᠬᠥᠮᠦᠵᠢᠯ ᠬᠢᠭᠡᠳ ᠣᠨᠴᠠᠯᠢᠭᠲᠤ ᠵᠢᠭ᠋ᠠᠨ ᠰᠤᠷᠭ᠋ᠠᠯᠲᠠ ᠵᠢᠨ ᠵᠠᠭᠪᠤᠷ᠎ᠢ ᠪᠤᠢ ᠪᠣᠯᠭ᠋ᠠᠪᠠ᠂ ᠡᠨᠡ ᠬᠦ᠌ ᠠᠷᠭ᠎ᠠ᠎ᠪᠠᠷ ᠳᠠᠮᠵᠢᠭᠤᠯᠤᠨ ᠵᠢᠭ᠋ᠠᠨ ᠰᠤᠷᠭ᠋ᠠᠯᠲᠠ ᠵᠢᠨ ᠶᠠᠰᠤ ᠴᠢᠨᠠᠷ᠎ᠢ ᠢᠯᠡᠳᠲᠡ ᠳᠡᠭᠡᠭᠰᠢᠯᠡᠭᠦᠯᠦᠭᠰᠡᠨ ᠪᠠᠢ᠌ᠨ᠎ᠠ᠃ ᠣᠢ᠌ᠷ᠎ᠠ ᠵᠢᠨ ᠬᠡᠳᠦᠨ ᠵᠢᠯ᠎ᠳᠤ᠂ ᠪᠥᠬᠥ ᠣᠷᠣᠨ᠎ᠤ ᠮᠡᠷᠭᠡᠵᠢᠯ᠎ᠤᠨ ᠠᠵᠢᠯᠴᠢᠨ᠎ᠤ ᠶᠡᠬᠡ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠲᠣᠰ ᠵᠢᠯ᠎ᠳᠡᠭᠡᠨ ᠠᠵᠢᠯ ᠣᠯᠬᠤ ᠨᠣᠷᠮ᠎ᠠ᠎ᠨᠢ ᠴᠥᠮ 95%᠎ᠠᠴᠠ ᠳᠡᠭᠡᠭᠰᠢ᠎ᠳᠤ ᠬᠦᠷᠴᠦ᠂ ᠲᠤᠰᠬᠠᠢ ᠮᠡᠷᠭᠡᠵᠢᠯ᠎ᠤᠨ ᠲᠣᠬᠢᠷᠠᠯᠴᠠᠭᠰᠠᠨ ᠨᠣᠷᠮ᠎ᠠ᠎ᠨᠢ ᠴᠦ᠍ 70%᠎ᠠᠴᠠ ᠳᠡᠭᠡᠭᠰᠢ᠎ᠳᠤ ᠬᠦᠷᠴᠡᠢ᠃ ᠭᠤᠷᠪᠠᠳᠤᠭ᠋ᠠᠷ᠎ᠲᠤ ᠠᠪᠤᠭᠰᠠᠨ ᠠᠷᠭ᠎ᠠ ᠬᠡᠮᠵᠢᠶ᠎ᠡ ᠪᠣᠯ᠂ ᠰᠤᠷᠭ᠋ᠠᠭᠤᠯᠢ ᠵᠢᠨ ᠳᠦᠷᠢᠮᠲᠦ ᠰᠤᠷᠭ᠋ᠠᠨ ᠬᠥᠮᠦᠵᠢᠯ᠎ᠢ ᠰᠠᠶ᠋ᠢᠲᠤᠷ ᠡᠷᠭᠢᠯᠡᠬᠦ ᠵᠢᠨ ᠬᠠᠮᠲᠤ᠂ ᠨᠡᠢ᠌ᠭᠡᠮ᠎ᠳᠤ ᠦᠢ᠍ᠯᠡᠴᠢᠯᠡᠬᠦ ᠦᠢ᠍ᠯᠡᠳᠦᠯ ᠴᠢᠳᠠᠮᠵᠢ ᠵᠢ ᠳᠡᠭᠡᠭᠰᠢᠯᠡᠭᠦᠯᠵᠦ᠂ ᠮᠡᠷᠭᠡᠵᠢᠯ᠎ᠤᠨ ᠠᠵᠢᠯᠴᠢᠨ᠎ᠤ ᠶᠡᠬᠡ ᠳᠡᠭᠡᠳᠦ ᠰᠤᠷᠭ᠋ᠠᠭᠤᠯᠢ᠎ᠠᠴᠠ ᠶᠡᠬᠡ ᠬᠡᠮᠵᠢᠶᠡᠨ᠎ᠤ ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ᠎ᠢ ᠪᠣᠯᠪᠠᠰᠤᠷᠠᠭᠤᠯᠬᠤ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ ᠬᠦᠷᠲᠡᠭᠡᠬᠦ ᠪᠠ ᠦᠢ᠍ᠯᠡᠰ ᠪᠣᠰᠬᠠᠬᠤ ᠪᠣᠯᠪᠠᠰᠤᠷᠠᠯ ᠬᠦᠷᠲᠡᠭᠡᠬᠦ ᠠᠵᠢᠯ᠎ᠢ ᠡᠭᠦᠷᠭᠡᠯᠡᠵᠦ᠂ ᠵᠢᠯ ᠪᠦᠷᠢ 10 ᠲᠦᠮᠡᠨ ᠬᠥᠮᠥᠨ ᠤᠳᠠᠭ᠎ᠠ᠎ᠳᠤ ᠨᠡᠢ᠌ᠭᠡᠮᠴᠢᠯᠡᠭᠰᠡᠨ ᠪᠣᠯᠪᠠᠰᠤᠷᠠᠯ᠎ᠢ ᠬᠦᠷᠲᠡᠭᠡᠵᠦ᠂ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠬᠦ ᠭᠣᠣᠯ ᠵᠢᠭᠰᠠᠭ᠋ᠠᠯ᠎ᠤᠨ ᠭᠠᠵᠠᠷ ᠪᠣᠯᠵᠤ᠂ ᠠᠵᠢᠯ ᠣᠯᠭᠣᠯᠲᠠ ᠵᠢ ᠠᠬᠢᠭᠤᠯᠬᠤ ᠪᠠ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠦᠭᠰᠡᠨ ᠪᠠᠢ᠌ᠨ᠎ᠠ᠃

      ᠠᠵᠢᠯ ᠮᠡᠷᠭᠡᠵᠢᠯ᠎ᠤᠨ ᠴᠢᠳᠠᠪᠤᠷᠢ ᠵᠢᠨ ᠳᠡᠰ᠎ᠤᠨ ᠳᠦᠷᠢᠮ᠎ᠢ ᠲᠡᠭᠦᠯᠳᠡᠷᠵᠢᠭᠦᠯᠬᠦ᠂ ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠬᠥᠭᠵᠢᠯᠲᠡ ᠵᠢᠨ ᠵᠠᠮ᠎ᠢ ᠰᠠᠭ᠋ᠠᠳ ᠦᠭᠡᠢ ᠨᠡᠪᠲᠡᠷᠡᠭᠦᠯᠬᠦ ᠲᠠᠯ᠎ᠠ᠎ᠪᠠᠷ᠂ ᠨᠢᠭᠡ᠎ᠳᠤ᠂ ᠰᠢᠨ᠎ᠡ ᠴᠠᠭ ᠦᠶ᠎ᠡ ᠵᠢᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠦᠨᠡᠯᠡᠬᠦ ᠰᠢᠰᠲ᠋ᠧᠮ᠎ᠢ ᠪᠠᠢ᠌ᠭᠤᠯᠵᠤ᠂ ᠠᠵᠤ ᠠᠬᠤᠢ᠌ᠯᠠᠯ᠎ᠤᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠪᠡᠶ᠎ᠡ᠎ᠪᠠᠨ ᠳᠠᠭ᠋ᠠᠭ᠋ᠠᠵᠤ ᠦᠨᠡᠯᠡᠬᠦ ᠪᠠ ᠨᠡᠢ᠌ᠭᠡᠮᠴᠢᠯᠡᠭᠰᠡᠨ ᠠᠵᠢᠯ ᠮᠡᠷᠭᠡᠵᠢᠯ᠎ᠤᠨ ᠴᠢᠳᠠᠪᠤᠷᠢ ᠵᠢᠨ ᠳᠡᠰ᠎ᠤᠨ ᠦᠨᠡᠯᠡᠯᠲᠡ ᠬᠢᠬᠦ ᠵᠢ ᠪᠥᠬᠥ ᠲᠠᠯ᠎ᠠ᠎ᠪᠠᠷ ᠳᠡᠯᠭᠡᠷᠡᠭᠦᠯᠦᠨ ᠬᠡᠷᠡᠭᠵᠢᠭᠦᠯᠪᠡ᠃ ᠮᠠᠨ᠎ᠤ ᠣᠳᠣᠬᠠᠨ᠎ᠳᠤ 421 ᠬᠥᠮᠥᠨ ᠬᠡᠷᠡᠭᠯᠡᠬᠦ ᠨᠢᠭᠡᠴᠢ ᠪᠠ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠨᠢᠭᠡᠨᠲᠡ ᠠᠵᠢᠯ ᠮᠡᠷᠭᠡᠵᠢᠯ᠎ᠤᠨ ᠴᠢᠳᠠᠪᠤᠷᠢ ᠵᠢᠨ ᠳᠡᠰ᠎ᠢ ᠦᠨᠡᠯᠡᠬᠦ ᠪᠠᠢ᠌ᠭᠤᠯᠤᠮᠵᠢ ᠪᠣᠯᠤᠭᠰᠠᠨ ᠪᠠᠢ᠌ᠨ᠎ᠠ᠃ ᠬᠣᠶᠠᠷ᠎ᠲᠤ᠂ ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ《ᠰᠢᠨ᠎ᠡ ᠨᠠᠢ᠍ᠮᠠᠨ ᠳᠡᠰ᠎ᠤᠨ ᠠᠵᠢᠯᠴᠢᠨ》᠎ᠤ ᠠᠵᠢᠯ ᠮᠡᠷᠭᠡᠵᠢᠯ᠎ᠤᠨ ᠴᠢᠳᠠᠪᠤᠷᠢ ᠵᠢᠨ ᠳᠡᠰ᠎ᠤᠨ ᠳᠦᠷᠢᠮ᠎ᠢ ᠨᠠᠢ᠌ᠳᠠᠪᠤᠷᠢᠵᠢᠭᠤᠯᠵᠤ᠂ ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠦᠰᠦᠨ ᠪᠣᠢ᠌ᠵᠢᠯᠲᠠ ᠵᠢᠨ ᠰᠠᠭ᠋ᠠᠳ ᠬᠢᠵᠠᠭ᠋ᠠᠷ᠎ᠢ ᠡᠪᠳᠡᠪᠡ᠃ ᠪᠢᠳᠠ ᠠᠩᠬᠠᠨ᠎ᠤ ᠪᠦᠯᠦᠭ᠎ᠲᠤ ᠨᠢᠭᠡᠨᠲᠡ 25 ᠨᠡᠷᠡᠰ ᠳᠡᠭᠡᠳᠦ ᠲᠡᠰ᠎ᠤᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠰᠢᠯᠭ᠋ᠠᠷᠠᠭᠤᠯᠤᠨ ᠭᠠᠷᠭ᠋ᠠᠵᠤ᠂ ᠲᠣᠰ ᠲᠣᠰ ᠣᠨᠴᠠ ᠲᠠᠰ᠎ᠤᠨ ᠮᠠᠰᠲ᠋ᠧᠷ ᠪᠠ ᠲᠡᠷᠢᠭᠦᠨ ᠮᠠᠰᠲ᠋ᠧᠷ᠎ᠤᠨ ᠮᠡᠷᠭᠡᠵᠢᠯ᠎ᠤᠨ ᠲᠡᠰ ᠣᠯᠭᠣᠪᠠ᠃ ᠭᠤᠷᠪᠠ᠎ᠳᠤ᠂ ᠴᠢᠳᠠᠪᠤᠷᠢᠲᠠᠨ᠎ᠤ ᠬᠥᠭᠵᠢᠯᠲᠡ ᠵᠢᠨ ᠳᠤᠮᠳᠠᠬᠢ ᠭᠠᠭᠴᠠ ᠮᠣᠳᠣᠨ ᠬᠥᠭᠥᠷᠭᠡ ᠪᠠ ᠰᠠᠭ᠋ᠠᠳ ᠬᠢᠵᠠᠭ᠋ᠠᠷ᠎ᠤᠨ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠢᠳᠡ ᠮᠡᠷᠭᠡᠵᠢᠯ᠎ᠤᠨ ᠴᠣᠯᠠ ᠵᠢᠨ ᠳᠦᠷᠢᠮ ᠪᠠ ᠠᠵᠢᠯ ᠮᠡᠷᠭᠡᠵᠢᠯ᠎ᠤᠨ ᠬᠢᠷᠢ ᠬᠡᠮ᠂ ᠠᠵᠢᠯ ᠮᠡᠷᠭᠡᠵᠢᠯ᠎ᠤᠨ ᠴᠢᠳᠠᠪᠤᠷᠢ ᠵᠢᠨ ᠳᠡᠰ᠎ᠤᠨ ᠳᠦᠷᠢᠮ᠎ᠢ ᠪᠦᠲᠦᠮᠵᠢᠲᠡᠢ᠎ᠪᠠᠷ ᠵᠣᠯᠭ᠋ᠠᠭᠤᠯᠬᠤ ᠵᠢ ᠢᠳᠡᠪᠬᠢᠲᠡᠢ᠎ᠪᠠᠷ ᠠᠬᠢᠭᠤᠯᠵᠤ᠂ ᠳᠡᠭᠡᠳᠦ ᠲᠡᠰ᠎ᠤᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠮᠡᠷᠭᠡᠵᠢᠯ᠎ᠤᠨ ᠴᠣᠯᠠ ᠵᠢᠨ ᠰᠢᠯᠭ᠋ᠠᠷᠠᠭᠤᠯᠤᠯᠲᠠ ᠪᠠ ᠠᠵᠢᠯ ᠮᠡᠷᠭᠡᠵᠢᠯ᠎ᠤᠨ ᠬᠢᠷᠢ ᠬᠡᠮ᠎ᠤᠨ ᠰᠢᠯᠭ᠋ᠠᠯᠲᠠ᠎ᠳᠤ ᠣᠷᠣᠯᠴᠠᠬᠤ ᠵᠢ ᠳᠠᠮᠵᠢᠵᠤ᠂ ᠳᠡᠭᠡᠳᠦ ᠲᠡᠰ᠎ᠤᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠠᠵᠢᠯ ᠮᠡᠷᠭᠡᠵᠢᠯ᠎ᠤᠨ ᠵᠠᠮ᠎ᠢ ᠰᠠᠭ᠋ᠠᠳ ᠦᠭᠡᠢ ᠨᠡᠪᠲᠡᠷᠡᠭᠦᠯᠪᠡ᠃ ᠣᠳᠣᠬᠠᠨ᠎ᠳᠤ ᠨᠢᠭᠡᠨᠲᠡ 3000 ᠭᠠᠷᠤᠢ ᠳᠡᠭᠡᠳᠦ ᠲᠡᠰ᠎ᠤᠨ ᠤᠷ᠎ᠠ ᠮᠡᠷᠭᠡᠵᠢᠯ᠎ᠤᠨ ᠴᠢᠳᠠᠪᠤᠷᠢᠲᠠᠨ ᠲᠤᠰᠬᠠᠢ ᠮᠡᠷᠭᠡᠵᠢᠯ᠎ᠤᠨ ᠮᠡᠷᠭᠡᠵᠢᠯ᠎ᠤᠨ ᠴᠣᠯᠠ ᠭᠥᠷᠳᠡᠭᠰᠡᠨ ᠪᠠᠢ᠌ᠨ᠎ᠠ᠃

      ᠳᠤᠮᠳᠠᠳᠤ ᠤᠯᠤᠰ᠎ᠤᠨ ᠰᠦᠯᠵᠢᠶ᠎ᠡ᠄ ᠵᠠᠢ ᠲᠢᠩᠬᠢᠮ᠎ᠤᠨ ᠳᠠᠷᠤᠭ᠎ᠠ ᠪᠢᠳᠡᠨ᠎ᠳᠤ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠦᠨᠳᠦᠰᠦᠨ ᠪᠠᠶ᠋ᠢᠳᠠᠯ᠎ᠢ ᠲᠠᠨᠢᠯᠴᠠᠭᠤᠯᠤᠭ᠋ᠠᠳ ᠥᠭᠭᠦᠨ᠎ᠡ ᠦᠦ? ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ ᠶᠠᠮᠠᠷ ᠶᠠᠮᠠᠷ ᠨᠡᠯᠢᠶᠡᠳ ᠥᠪᠡᠷᠮᠢᠴᠡ ᠣᠨᠴᠠᠯᠢᠭ᠎ᠲᠠᠢ ᠤᠷᠤᠯᠳᠤᠭ᠋ᠠᠨ᠎ᠳᠤ ᠣᠷᠣᠯᠴᠠᠬᠤ ᠲᠥᠷᠥᠯ ᠵᠦᠢ᠍ᠯ ᠪᠠ ᠦᠵᠡᠭᠦᠯᠭᠡ᠎ᠳᠤ ᠣᠷᠣᠯᠴᠠᠬᠤ ᠲᠥᠷᠥᠯ ᠵᠦᠢ᠍ᠯ ᠪᠠᠶ᠋ᠢᠬᠤ ᠪᠤᠢ?

      ᠵᠠᠢ ᠲᠢᠩᠬᠢᠮ᠎ᠤᠨ ᠳᠠᠷᠤᠭ᠎ᠠ᠄ ᠡᠨᠡ ᠤᠳᠠᠭ᠎ᠠ ᠵᠢᠨ ᠤᠷᠤᠯᠳᠤᠭ᠋ᠠᠨ᠎ᠤ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ 127 ᠣᠷᠣᠯᠴᠠᠭᠴᠢ᠂ 99 ᠲᠥᠷᠥᠯ ᠵᠦᠢ᠍ᠯ᠎ᠤᠨ ᠤᠷᠤᠯᠳᠤᠭ᠋ᠠᠨ᠎ᠳᠤ ᠣᠷᠣᠯᠴᠠᠬᠤ ᠪᠣᠯᠣᠨ᠎ᠠ᠂ ᠡᠭᠦᠨ᠎ᠳᠤ ᠴᠠᠢ ᠵᠢᠨ ᠤᠷᠠᠯᠢᠭ᠂ ᠮᠣᠳᠣᠴᠢᠨ᠂ ᠭᠠᠩᠨᠠᠬᠤ ᠮᠡᠷᠭᠡᠵᠢᠯ᠎ᠤᠨ ᠤᠯᠠᠮᠵᠢᠯᠠᠯᠲᠤ ᠤᠷᠤᠯᠳᠤᠭ᠋ᠠᠨ᠎ᠤ ᠵᠦᠢ᠍ᠯ ᠪᠣᠯ ᠮᠠᠨ᠎ᠤ ᠡᠲᠡᠭᠡᠷ ᠵᠢᠯ᠎ᠤᠳ᠎ᠲᠤ ᠬᠢᠭᠰᠡᠨ ᠨᠡᠯᠢᠶᠡᠳ ᠰᠠᠶ᠋ᠢᠨ ᠤᠷᠤᠯᠳᠤᠭ᠋ᠠᠨ᠎ᠤ ᠲᠥᠷᠥᠯ ᠵᠦᠢ᠍ᠯ ᠪᠣᠯᠣᠨ᠎ᠠ᠃ ᠡᠭᠦᠨ᠎ᠤ ᠵᠡᠷᠭᠡ᠎ᠪᠠᠷ᠂ ᠪᠢᠳᠠ ᠪᠠᠰᠠ ᠵᠣᠬᠢᠶᠠᠮᠠᠯ ᠣᠶᠣᠨ ᠴᠢᠳᠠᠪᠤᠷᠢ ᠵᠢᠨ ᠪᠣᠯᠪᠠᠰᠤᠷᠠᠯ᠂ ᠡᠷᠡᠭᠦᠯ ᠮᠠᠨᠳᠤ ᠵᠢᠨ ᠰᠤᠪᠢᠯᠠᠯᠲᠠ᠂ ᠡᠳ᠋ ᠪᠠᠷᠠᠭ᠋ᠠᠨ᠎ᠤ ᠰᠦᠯᠵᠢᠶ᠎ᠡ ᠵᠢ ᠤᠭᠰᠠᠷᠠᠵᠤ ᠲᠤᠷᠰᠢᠨ ᠲᠣᠬᠢᠷᠠᠭᠤᠯᠬᠤ ᠵᠡᠷᠭᠡ ᠠᠵᠢᠯ ᠮᠡᠷᠭᠡᠵᠢᠯ᠎ᠤᠨ ᠰᠢᠨ᠎ᠡ ᠤᠷᠤᠯᠳᠤᠭ᠋ᠠᠨ᠎ᠤ ᠵᠦᠢ᠍ᠯ᠎ᠳᠤ ᠣᠷᠣᠯᠴᠠᠬᠤ᠎ᠪᠠᠷ ᠪᠤᠢ᠃ ᠡᠨᠡ ᠬᠡᠳᠦᠨ ᠵᠢᠯ ᠥᠪᠥᠷ ᠮᠣᠩᠭᠣᠯ ᠪᠠᠰᠠ ᠨᠢᠭᠡ ᠪᠦᠯᠦᠭ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠶᠡᠬᠡ ᠤᠷᠤᠯᠳᠤᠭ᠋ᠠᠨ᠎ᠢ ᠢᠳᠡᠪᠬᠢᠲᠡᠢ᠎ᠪᠠᠷ ᠵᠣᠬᠢᠶᠠᠨ ᠪᠠᠢ᠌ᠭᠤᠯᠵᠤ ᠤᠷᠤᠯᠳᠤᠭ᠋ᠠᠨ ᠵᠶ᠋ᠠᠷ ᠰᠤᠷᠤᠯᠴᠠᠯᠭ᠎ᠠ ᠵᠢ ᠠᠬᠢᠭᠤᠯᠬᠤ᠂ ᠤᠷᠤᠯᠳᠤᠭ᠋ᠠᠨ ᠵᠶ᠋ᠠᠷ ᠪᠣᠯᠪᠠᠰᠤᠷᠠᠯ᠎ᠢ ᠠᠬᠢᠭᠤᠯᠬᠤ ᠵᠢ ᠪᠡᠶᠡᠯᠡᠭᠦᠯᠵᠡᠢ᠂ ᠡᠨᠡ ᠬᠦ᠌ ᠶᠠᠪᠤᠴᠠ᠎ᠳᠤ ᠪᠠᠰᠠ ᠨᠢᠭᠡ ᠪᠦᠯᠦᠭ ᠨᠡᠯᠢᠶᠡᠳ ᠰᠠᠢ᠍ᠢ᠍ᠨ ᠤᠷᠤᠯᠳᠤᠭ᠋ᠠᠨ᠎ᠤ ᠳᠦᠷᠦᠯ ᠵᠦᠢ᠍ᠯ᠎ᠢ ᠰᠣᠩᠭᠣᠨ ᠭᠠᠷᠭ᠋ᠠᠵᠠᠢ᠂ ᠡᠭᠦᠨ᠎ᠤ ᠬᠠᠮᠲᠤ᠂ ᠶᠡᠬᠡ ᠤᠷᠤᠯᠳᠤᠭ᠋ᠠᠨ᠎ᠢ ᠵᠣᠬᠢᠶᠠᠨ ᠪᠠᠢ᠌ᠭᠤᠯᠬᠤ ᠶᠠᠪᠤᠴᠠ᠎ᠳᠤ ᠪᠢᠳᠡ ᠪᠠᠰᠠ ᠨᠢᠭᠡ ᠪᠦᠯᠦᠭ ᠨᠡᠯᠢᠶᠡᠳ ᠰᠠᠢ᠍ᠢ᠍ᠨ ᠬᠦᠴᠦᠨ᠎ᠢ ᠨᠥᠭᠡᠴᠡᠯᠡᠨ ᠬᠤᠷᠠᠮᠳᠤᠭᠤᠯᠵᠠᠢ᠃ ᠬᠡᠳᠦᠶ᠋ᠢᠪᠡᠷ ᠡᠢ᠌ᠮᠦ ᠪᠣᠯᠪᠠᠴᠤ ᠮᠠᠨ᠎ᠤ ᠡᠨᠡ ᠲᠠᠯ᠎ᠠ ᠵᠢᠨ ᠠᠵᠢᠯ ᠨᠡᠯᠢᠶᠡᠳ ᠣᠷᠣᠢ ᠡᠬᠢᠯᠡᠭᠰᠡᠨ ᠪᠣᠯᠬᠣᠷ ᠮᠠᠨ᠎ᠤ ᠦᠵᠡᠬᠦ᠎ᠪᠠᠷ ᠵᠠᠷᠢᠮ ᠬᠥᠭᠵᠢᠭᠰᠡᠨ ᠭᠠᠵᠠᠷ ᠣᠷᠣᠨ᠎ᠲᠠᠢ ᠬᠠᠷᠢᠴᠠᠭᠤᠯᠪᠠᠯ ᠡᠲᠡᠭᠡᠷ ᠲᠠᠯ᠎ᠠ᠎ᠪᠠᠷ ᠪᠠᠰᠠ ᠮᠠᠰᠢ ᠶᠡᠬᠡ ᠵᠥᠷᠢᠶ᠎ᠡ ᠣᠷᠣᠰᠢᠵᠤ ᠪᠠᠢ᠌ᠨ᠎ᠠ᠃ ᠭᠡᠪᠡᠴᠦ ᠪᠢᠳᠡ ᠤᠯᠤᠰ᠎ᠤᠨ ᠡᠯ᠎ᠡ ᠲᠥᠷᠥᠯ᠎ᠤᠨ ᠤᠷᠤᠯᠳᠤᠭ᠋ᠠᠨ᠎ᠳᠤ ᠢᠳᠡᠪᠬᠢᠲᠡᠢ ᠣᠷᠣᠯᠴᠠᠬᠤ᠎ᠪᠠᠷ ᠳᠡᠮᠵᠢᠨ᠂ ᠢᠯᠠᠩᠭᠤᠶ᠎ᠠ ᠪᠥᠬᠥ ᠤᠯᠤᠰ᠎ᠤᠨ ᠴᠢᠨᠠᠷᠲᠠᠢ᠂ ᠶᠡᠷᠦᠩᠬᠡᠢ᠌ᠯᠡᠭᠰᠡᠨ ᠴᠢᠨᠠᠷᠲᠠᠢ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠡᠯ᠎ᠡ ᠲᠥᠷᠥᠯ᠎ᠤᠨ ᠤᠷᠤᠯᠳᠤᠭ᠋ᠠᠨ ᠵᠶ᠋ᠠᠷ ᠳᠡᠮᠵᠢᠨ ᠵᠢᠴᠢ ᠤᠷ᠎ᠠ ᠮᠡᠷᠭᠡᠵᠢᠯ᠎ᠤᠨ ᠥᠪᠥᠷ ᠮᠣᠩᠭᠣᠯ᠎ᠤᠨ ᠠᠵᠢᠯᠯᠠᠭ᠎ᠠ ᠵᠢ ᠶᠡᠬᠡ᠎ᠪᠠᠷ ᠬᠡᠷᠡᠭᠵᠢᠭᠦᠯᠬᠦ ᠵᠡᠷᠭᠡ ᠠᠷᠭ᠎ᠠ ᠬᠡᠮᠵᠢᠶ᠎ᠡ᠎ᠨᠦᠭᠦᠳ ᠵᠶ᠋ᠡᠷ ᠳᠡᠮᠵᠢᠨ᠂ ᠢᠷᠡᠭᠡᠳᠦᠢ ᠵᠢᠨ ᠬᠡᠳᠦᠨ ᠵᠢᠯ᠎ᠳᠤ ᠤᠷᠤᠯᠳᠤᠭ᠋ᠠᠨ᠎ᠳᠤ ᠣᠷᠣᠯᠴᠠᠬᠤ ᠬᠢᠷᠢ ᠲᠦᠪᠰᠢᠨ ᠨᠡᠩ ᠥᠨᠳᠥᠷ ᠪᠣᠯᠵᠤ᠂ ᠶᠠᠪᠤᠬᠤ ᠲᠤᠲᠤᠮ ᠰᠠᠢ᠌ᠵᠢᠷᠠᠬᠤ ᠪᠣᠯᠣᠨ᠎ᠠ ᠭᠡᠳᠡᠭ᠎ᠲᠤ ᠢᠲᠡᠭᠡᠯ᠎ᠲᠠᠢ ᠪᠠᠢ᠌ᠨ᠎ᠠ᠂ ᠪᠢᠳᠡ ᠪᠠᠰᠠ ᠲᠣᠰ ᠬᠤᠭᠤᠴᠠᠭ᠋ᠠᠨ᠎ᠤ ᠤᠷᠤᠯᠳᠤᠭ᠋ᠠᠨ᠎ᠳᠤ ᠨᠠᠩ ᠰᠠᠶ᠋ᠢᠨ ᠬᠢᠷᠢ ᠪᠦᠲᠦᠮᠵᠢ ᠣᠯᠬᠤ᠎ᠪᠠᠷ ᠴᠢᠷᠮᠠᠢ᠌ᠬᠤ ᠢᠲᠡᠭᠡᠯ ᠳᠦᠭᠦᠷᠡᠩ ᠪᠠᠢ᠌ᠨ᠎ᠠ᠃

      ᠳᠤᠮᠳᠠᠳᠤ ᠤᠯᠤᠰ᠎ᠤᠨ ᠰᠦᠯᠵᠢᠶ᠎ᠡ᠄ ᠪᠢᠳᠡ ᠪᠠᠰᠠ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠰᠠᠶ᠋ᠢᠨ ᠬᠢᠷᠢ ᠪᠦᠲᠦᠮᠵᠢ ᠣᠯᠬᠤ ᠵᠢ ᠬᠦᠰᠡᠨ ᠵᠥᠩᠨᠡᠵᠦ ᠪᠠᠢ᠌ᠨ᠎ᠠ᠃ ᠮᠠᠨ᠎ᠤ ᠮᠡᠳᠡᠭᠡᠵᠢ᠎ᠪᠠᠷ᠂ ᠪᠥᠬᠥ ᠤᠯᠤᠰ᠎ᠤᠨ ᠤᠷ᠎ᠠ ᠴᠢᠳᠠᠪᠤᠷᠢ ᠵᠢᠨ ᠶᠡᠬᠡ ᠤᠷᠤᠯᠳᠤᠭ᠋ᠠᠨ ᠪᠣᠯ ᠪᠥᠬᠥ ᠤᠯᠤᠰ᠎ᠤᠨ ᠤᠷ᠎ᠠ ᠮᠡᠷᠭᠡᠵᠢᠯ᠎ᠤᠨ ᠡᠷᠳᠡᠮᠲᠡᠨ ᠴᠢᠳᠠᠪᠤᠷᠢᠲᠠᠳ᠎ᠤᠨ ᠤᠷᠠᠨ ᠨᠠᠷᠢᠯᠢᠭ ᠮᠡᠷᠭᠡᠵᠢᠯ ᠴᠢᠳᠠᠪᠤᠷᠢ᠎ᠪᠠᠨ ᠭᠠᠢ᠌ᠬᠠᠭᠤᠯᠵᠤ᠂ ᠤᠷ᠎ᠠ ᠮᠡᠷᠭᠡᠵᠢᠯ ᠵᠶ᠋ᠡᠨ ᠬᠠᠷᠢᠯᠴᠠᠨ ᠰᠣᠯᠢᠯᠴᠠᠬᠤ ᠲᠠᠪᠴᠠᠩ ᠮᠥᠨ᠂ ᠤᠷᠤᠯᠳᠤᠭ᠋ᠠᠨ᠎ᠳᠤ ᠣᠷᠣᠯᠴᠠᠬᠤ᠎ᠨᠢ ᠥᠪᠥᠷ ᠮᠣᠩᠭᠣᠯ᠎ᠤᠨ ᠳᠡᠭᠡᠳᠦ ᠲᠡᠰ᠎ᠤᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ᠎ᠳᠤ ᠶᠠᠮᠠᠷ ᠦᠢ᠍ᠯᠡᠳᠦᠯ ᠦᠵᠡᠭᠦᠯᠬᠦ ᠪᠤᠢ?

      ᠵᠠᠢ ᠲᠢᠩᠬᠢᠮ᠎ᠤᠨ ᠳᠠᠷᠤᠭ᠎ᠠ᠄ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠬᠦ᠎ᠳᠤ ᠰᠠᠶ᠋ᠢᠨ ᠰᠠᠢ᠌ᠬᠠᠨ ᠨᠡᠢ᠌ᠭᠡᠮ᠎ᠤᠨ ᠭᠣᠭᠴᠣᠭ᠎ᠠ ᠵᠢ ᠪᠣᠢ ᠪᠣᠯᠭ᠋ᠠᠵᠤ᠂ ᠤᠷ᠎ᠠ ᠴᠢᠳᠠᠪᠤᠷᠢ ᠵᠢᠨ ᠰᠣᠶᠣᠯ᠂ ᠤᠷ᠎ᠠ ᠴᠢᠳᠠᠪᠤᠷᠢ ᠵᠢᠨ ᠵᠣᠷᠢᠭ ᠰᠠᠨᠠᠭ᠎ᠠ ᠵᠢ ᠬᠥᠮᠥᠰ᠎ᠤᠨ ᠰᠡᠳᠬᠢᠯ᠎ᠳᠤ ᠬᠠᠳᠠᠩᠰᠢᠭᠤᠯᠬᠤ ᠬᠡᠷᠡᠭᠳᠡᠢ᠃ ᠥᠨᠳᠥᠷ ᠬᠢᠷᠢ ᠲᠦᠪᠰᠢᠨ ᠪᠦᠬᠦᠢ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠳᠤ ᠣᠷᠣᠯᠴᠠᠬᠤ ᠪᠣᠯ ᠪᠢᠳᠡᠨ᠎ᠤ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠢᠯᠡᠷᠡᠭᠦᠯᠬᠦ᠂ ᠬᠥᠮᠥᠵᠢᠭᠦᠯᠬᠦ᠂ ᠰᠣᠩᠭᠣᠬᠤ ᠴᠢᠬᠤᠯᠠ ᠠᠷᠭ᠎ᠠ ᠵᠠᠮ ᠮᠥᠨ᠂ ᠮᠥᠨ ᠴᠦ᠍ ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠮᠡᠷᠭᠡᠵᠢᠯ ᠴᠢᠳᠠᠪᠤᠷᠢ᠎ᠪᠠᠨ ᠭᠠᠢ᠌ᠬᠠᠭᠤᠯᠬᠤ᠂ ᠤᠷ᠎ᠠ ᠮᠡᠷᠭᠡᠵᠢᠯ ᠵᠶ᠋ᠡᠨ ᠰᠣᠯᠢᠯᠴᠠᠬᠤ᠂ ᠬᠡᠪ ᠪᠣᠯᠪᠠᠰᠤᠷᠠᠯ ᠵᠶ᠋ᠠᠨ ᠳᠡᠭᠡᠭᠰᠢᠯᠡᠭᠦᠯᠬᠦ ᠴᠢᠬᠤᠯᠠ ᠲᠠᠪᠴᠠᠩ ᠮᠥᠨ᠂ ᠨᠡᠩ ᠴᠤ᠌ ᠬᠥᠳᠡᠯᠮᠦᠷᠢ ᠵᠢᠨ ᠵᠢᠱ᠌ᠢᠶᠡᠴᠢ ᠵᠢᠨ ᠵᠣᠷᠢᠭ ᠰᠠᠨᠠᠭ᠎ᠠ᠂ ᠬᠥᠳᠡᠯᠮᠦᠷᠢ ᠵᠢᠨ ᠵᠣᠷᠢᠭ ᠰᠠᠨᠠᠭ᠎ᠠ᠂ ᠤᠷᠠᠨ ᠲᠠᠷᠬᠠᠨ᠎ᠤ ᠵᠣᠷᠢᠭ ᠰᠠᠨᠠᠭ᠎ᠠ ᠵᠢ ᠪᠠᠳᠠᠷᠠᠭᠤᠯᠬᠤ ᠴᠢᠬᠤᠯᠠ ᠬᠡᠯᠪᠡᠷᠢ ᠮᠥᠨ᠂ ᠨᠡᠢ᠌ᠭᠡᠮ ᠨᠡᠢ᠌ᠲᠡ ᠵᠢᠨ᠎ᠬᠢᠨ᠎ᠤ ᠤᠷ᠎ᠠ ᠮᠡᠷᠭᠡᠵᠢᠯ᠎ᠤᠨ ᠲᠤᠬᠠᠢ ᠠᠩᠬᠠᠷᠬᠤ᠂ ᠬᠥᠳᠡᠯᠮᠦᠷᠢ ᠵᠢ ᠬᠦᠨᠳᠦᠳᠬᠡᠬᠦ ᠵᠢ ᠬᠥᠲᠥᠯᠥᠨ ᠵᠢᠯᠤᠭᠣᠳᠴᠤ ᠴᠢᠳᠠᠨ᠎ᠠ᠂ ᠪᠠᠰᠠ ᠥᠷᠭᠡᠨ ᠤᠯᠠᠨ ᠬᠥᠳᠡᠯᠮᠦᠷᠢᠴᠢᠳ᠎ᠤᠨ ᠤᠷ᠎ᠠ ᠴᠢᠳᠠᠪᠤᠷᠢ ᠵᠢ ᠰᠤᠷᠤᠯᠴᠠᠬᠤ᠂ ᠤᠷ᠎ᠠ ᠮᠡᠷᠭᠡᠵᠢᠯ᠎ᠳᠤ ᠣᠷᠣᠯᠴᠠᠬᠤ᠂ ᠤᠷ᠎ᠠ ᠴᠢᠳᠠᠪᠤᠷᠢ᠎ᠪᠠᠨ ᠳᠡᠭᠡᠭᠰᠢᠯᠡᠭᠦᠯᠬᠦ ᠢᠳᠡᠪᠬᠢᠵᠢᠯ᠎ᠢ ᠬᠥᠭᠵᠢᠭᠡᠵᠦ ᠴᠢᠳᠠᠬᠤ ᠪᠣᠯᠣᠨ᠎ᠠ᠃

      ᠤᠷ᠎ᠠ ᠴᠢᠳᠠᠪᠤᠷᠢ ᠵᠢᠨ ᠤᠷᠤᠯᠳᠤᠭ᠋ᠠᠨ ᠪᠣᠯ ᠪᠠᠭ᠋ᠠᠲᠤᠷᠴᠤᠳ᠎ᠤᠨ ᠴᠤᠭᠯᠠᠭ᠋ᠠᠨ ᠪᠣᠯᠣᠨ᠎ᠠ᠂ ᠮᠥᠨ ᠴᠦ᠍ ᠤᠬᠠᠭᠤᠯᠭ᠎ᠠ ᠵᠢᠨ ᠬᠤᠷᠠᠯ ᠪᠣᠯᠣᠨ᠎ᠠ᠂ ᠨᠡᠩ ᠴᠤ᠌ ᠳᠠᠢ᠌ᠴᠢᠯᠠᠯᠲᠠ ᠵᠢᠨ ᠬᠤᠷᠠᠯ ᠪᠣᠯᠣᠨ᠎ᠠ᠂ ᠪᠢᠳᠡ ᠪᠠᠰᠠ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ᠎ᠪᠠᠷ ᠳᠠᠮᠵᠢᠭᠤᠯᠤᠨ᠂ ᠪᠢᠳᠡ ᠥᠪᠡᠷᠰᠡᠳ ᠵᠶ᠋ᠡᠨ ᠪᠠᠰᠠ ᠡᠯ᠎ᠡ ᠳᠦᠷᠦᠯ᠎ᠤᠨ ᠶᠡᠷᠦᠩᠬᠡᠢ᠌ᠯᠡᠭᠰᠡᠨ ᠴᠢᠨᠠᠷᠲᠠᠢ ᠶᠡᠬᠡ ᠤᠷᠤᠯᠳᠤᠭ᠋ᠠᠨ ᠪᠠ ᠵᠠᠷᠢᠮ ᠲᠤᠰᠬᠠᠢ ᠮᠡᠷᠭᠡᠵᠢᠯ᠎ᠤᠨ ᠶᠡᠬᠡ ᠤᠷᠤᠯᠳᠤᠭ᠋ᠠᠨ᠎ᠢ ᠡᠷᠬᠢᠯᠡᠬᠦ ᠵᠢ ᠪᠠᠭᠲᠠᠭ᠋ᠠᠭᠰᠠᠨ ᠪᠦᠬᠦ ᠤᠯᠤᠰ᠎ᠤᠨ ᠴᠢᠨᠠᠷᠲᠠᠢ ᠡᠯ᠎ᠡ ᠳᠦᠷᠦᠯ᠎ᠤᠨ ᠤᠷᠤᠯᠳᠤᠭ᠋ᠠᠨ᠎ᠳᠤ ᠢᠳᠡᠪᠬᠢᠲᠡᠢ ᠣᠷᠣᠯᠴᠠᠬᠤ᠎ᠪᠠᠷ ᠳᠠᠮᠵᠢᠭᠤᠯᠤᠨ᠂ ᠤᠷᠤᠯᠳᠤᠭ᠋ᠠᠨ ᠵᠶ᠋ᠠᠷ ᠰᠤᠷᠤᠯᠴᠠᠯᠭ᠎ᠠ ᠵᠢ ᠠᠬᠢᠭᠤᠯᠬᠤ᠂ ᠤᠷᠤᠯᠳᠤᠭ᠋ᠠᠨ ᠵᠶ᠋ᠠᠷ ᠪᠣᠯᠪᠠᠰᠤᠷᠠᠯ᠎ᠢ ᠠᠬᠢᠭᠤᠯᠬᠤ᠂ ᠤᠷᠤᠯᠳᠤᠭ᠋ᠠᠨ ᠵᠶ᠋ᠠᠷ ᠦᠨᠡᠯᠡᠯᠲᠡ ᠵᠢ ᠠᠬᠢᠭᠤᠯᠬᠤ᠂ ᠤᠷᠤᠯᠳᠤᠭ᠋ᠠᠨ ᠵᠶ᠋ᠠᠷ ᠥᠷᠢᠰᠥᠯᠳᠦᠭᠡᠨ᠎ᠢ ᠠᠬᠢᠭᠤᠯᠬᠤ ᠵᠢ ᠪᠡᠶᠡᠯᠡᠭᠦᠯᠵᠦ᠂ ᠨᠡᠩ ᠤᠯᠠᠨ ᠬᠥᠳᠡᠯᠮᠦᠷᠢᠴᠢᠨ ᠢᠯᠠᠩᠭᠤᠶ᠎ᠠ ᠵᠠᠯᠠᠭᠤ ᠴᠢᠳᠠᠪᠤᠷᠢᠲᠠᠨ᠎ᠤ ᠤᠷ᠎ᠠ ᠮᠡᠷᠭᠡᠵᠢᠯ ᠵᠶ᠋ᠡᠷ ᠴᠢᠳᠠᠪᠤᠷᠢᠲᠠᠨ ᠪᠣᠯᠬᠤ᠂ ᠤᠷ᠎ᠠ ᠮᠡᠷᠭᠡᠵᠢᠯ ᠵᠶ᠋ᠡᠷ ᠤᠯᠤᠰ᠎ᠲᠠᠭᠠᠨ ᠵᠢᠳᠬᠦᠬᠦ ᠵᠠᠮ ᠵᠶ᠋ᠠᠷ ᠵᠠᠮᠨᠠᠬᠤ ᠵᠢ ᠤᠷᠮᠠᠰᠢᠭᠤᠯᠤᠨ ᠬᠥᠲᠥᠯᠥᠨ ᠵᠢᠯᠣᠭᠣᠳᠤᠨ᠎ᠠ᠃

      ᠮᠠᠨ᠎ᠤ ᠠᠵᠢᠯ᠎ᠤᠨ ᠲᠠᠯ᠎ᠠ᠎ᠠᠴᠠ ᠠᠪᠴᠤ ᠦᠵᠡᠪᠡᠯ᠂ ᠨᠢᠭᠡ ᠲᠠᠯ᠎ᠠ᠎ᠪᠠᠷ ᠪᠢᠳᠡ ᠰᠠᠨᠠᠭ᠋ᠠᠴᠢᠯᠠᠭ᠎ᠠ᠎ᠠᠴᠠ᠎ᠪᠠᠨ ᠲᠠᠪᠴᠠᠩ᠎ᠢ ᠰᠠᠢ᠌ᠲᠤᠷ ᠪᠠᠢ᠌ᠭᠤᠯᠵᠤ᠂ ᠤᠷ᠎ᠠ ᠮᠡᠷᠭᠡᠵᠢᠯ᠎ᠤᠨ ᠴᠢᠳᠠᠪᠤᠷᠢᠲᠠᠨ᠎ᠳᠤ ᠰᠣᠯᠢᠯᠴᠠᠬᠤ᠂ ᠬᠠᠮᠲᠤᠷᠠᠯᠴᠠᠬᠤ᠂ ᠬᠥᠭᠵᠢᠬᠦ ᠲᠠᠪᠴᠠᠩ᠎ᠢ ᠰᠠᠶ᠋ᠢᠲᠤᠷ ᠪᠠᠢ᠌ᠭᠤᠯᠵᠤ ᠥᠭᠭᠦᠨ᠎ᠡ᠃ ᠶᠡᠬᠡ ᠬᠡᠪᠴᠢᠶᠡᠨ᠎ᠤ᠂ ᠥᠨᠳᠥᠷ ᠪᠠᠷᠢᠮᠵᠢᠶ᠎ᠠ᠎ᠲᠠᠢ᠂ ᠴᠢᠨᠠᠷ ᠰᠠᠢ᠌ᠲᠠᠢ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠢ ᠵᠣᠬᠢᠶᠠᠨ ᠪᠠᠢ᠌ᠭᠤᠯᠬᠤ᠎ᠪᠠᠷ ᠳᠡᠮᠵᠢᠨ᠂ ᠳᠡᠭᠡᠳᠦ ᠲᠡᠰ᠎ᠤᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠢᠯᠡᠷᠡᠭᠦᠯᠬᠦ ᠪᠠ ᠰᠣᠩᠭᠣᠬᠤ᠎ᠳᠤ ᠨᠥᠬᠥᠴᠡᠯ ᠪᠦᠷᠢᠯᠳᠦᠭᠦᠯᠵᠦ ᠥᠭᠭᠦᠨ᠎ᠡ᠃ ᠨᠥᠭᠥᠭᠡ ᠲᠠᠯ᠎ᠠ᠎ᠪᠠᠷ᠂ ᠪᠢᠳᠡ ᠪᠠᠰᠠ ᠤᠬᠠᠭᠤᠯᠵᠤ ᠬᠥᠲᠥᠯᠥᠨ ᠵᠢᠯᠤᠭᠣᠳᠬᠤ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠬᠥᠳᠡᠯᠮᠦᠷᠢ ᠪᠣᠯ ᠢᠷᠠᠭᠤ ᠠᠯᠳᠠᠷ᠎ᠲᠠᠢ᠂ ᠤᠷ᠎ᠠ ᠴᠢᠳᠠᠪᠤᠷᠢ ᠪᠣᠯ ᠡᠷᠬᠢᠮ ᠨᠠᠨᠳᠢᠨ᠂ ᠡᠭᠦᠳᠦᠨ ᠪᠦᠲᠦᠭᠡᠯᠲᠡ ᠪᠣᠯ ᠠᠭᠤᠤ ᠶᠡᠬᠡ ᠪᠠᠢ᠌ᠳᠠᠭ ᠴᠠᠭ ᠦᠶ᠎ᠡ ᠵᠢᠨ ᠬᠡᠪ ᠰᠤᠷᠲᠠᠯ᠎ᠢ ᠪᠠᠳᠠᠷᠠᠭᠤᠯᠤᠨ᠎ᠠ᠃ ᠪᠢᠳᠡ ᠨᠢᠳᠤᠨᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠢ ᠠᠮᠵᠢᠯᠲᠠ᠎ᠲᠠᠢ ᠡᠷᠬᠢᠯᠡᠭᠰᠡᠨ᠎ᠤ ᠰᠠᠭᠤᠷᠢᠨ ᠳᠡᠭᠡᠷ᠎ᠡ᠂ ᠱᠠᠩᠨᠠᠯ ᠣᠯᠣᠭᠰᠠᠨ ᠣᠷᠣᠯᠴᠠᠭᠴᠢᠳ᠎ᠢ ᠵᠣᠬᠢᠶᠠᠨ ᠪᠠᠢ᠌ᠭᠤᠯᠤᠨ ᠲᠣᠭᠣᠷᠢᠨ ᠶᠠᠷᠢᠶ᠎ᠠ ᠢᠯᠡᠳᠬᠡᠯ ᠬᠢᠵᠦ᠂ ᠮᠠᠰᠢ ᠰᠠᠢ᠍ᠢ᠍ᠨ ᠦᠷ᠎ᠡ ᠪᠦᠲᠦᠮᠵᠢ ᠣᠯᠣᠭᠰᠠᠨ ᠶᠤᠮ᠃

      ᠳᠠᠷᠠᠭ᠋ᠠᠴᠢ ᠵᠢᠨ ᠠᠯᠬᠤᠮ᠎ᠳᠤ᠂ ᠪᠢᠳᠡ ᠳᠡᠯᠡᠬᠡᠢ ᠵᠢᠨ ᠤᠷ᠎ᠠ ᠴᠢᠳᠠᠪᠤᠷᠢ ᠵᠢᠨ ᠶᠡᠬᠡ ᠤᠷᠤᠯᠳᠤᠭ᠋ᠠᠨ᠂ ᠪᠦᠬᠦ ᠤᠯᠤᠰ᠂ ᠪᠦᠬᠦ ᠣᠷᠣᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠂ ᠵᠢᠴᠢ ᠳᠡᠭᠡᠳᠦ ᠳᠡᠰ ᠳᠠᠪᠬᠤᠷᠭ᠎ᠠ ᠵᠢᠨ ᠴᠢᠳᠠᠪᠤᠷᠢᠲᠠᠨ᠎ᠢ ᠰᠢᠯᠭ᠋ᠠᠷᠠᠭᠤᠯᠤᠨ ᠬᠥᠬᠢᠭᠦᠯᠬᠦ ᠵᠡᠷᠭᠡ ᠶᠠᠪᠤᠳᠠᠯ᠎ᠳᠤ ᠠᠩᠬᠠᠷᠤᠯ ᠲᠥᠪᠯᠡᠷᠡᠭᠦᠯᠵᠦ᠂ ᠤᠷ᠎ᠠ ᠴᠢᠳᠠᠪᠤᠷᠢ ᠵᠢᠨ ᠠᠩᠬᠠᠨ᠎ᠤ ᠬᠢᠴᠢᠶᠡᠯ᠂ ᠤᠷ᠎ᠠ ᠴᠢᠳᠠᠪᠤᠷᠢ ᠵᠢᠨ ᠶᠡᠬᠡ ᠪᠠᠭᠰᠢᠲᠠᠨ ᠰᠤᠷᠭ᠋ᠠᠭᠤᠯᠢ ᠵᠢᠨ ᠬᠦᠷᠢᠶᠡᠨ᠎ᠳᠤ ᠣᠷᠣᠬᠤ᠂ ᠱᠠᠩᠨᠠᠯ ᠬᠦᠷᠲᠡᠭᠴᠢ ᠲᠣᠭᠣᠷᠢᠨ ᠶᠠᠷᠢᠶ᠎ᠠ ᠢᠯᠡᠳᠬᠡᠯ ᠬᠢᠬᠦ ᠵᠡᠷᠭᠡ ᠭᠣᠣᠯ ᠰᠡᠳᠦᠪᠲᠦ ᠠᠵᠢᠯᠯᠠᠭ᠎ᠠ ᠵᠢ ᠦᠷᠭᠦᠯᠵᠢᠯᠡᠨ ᠰᠠᠶ᠋ᠢᠲᠤᠷ ᠵᠣᠬᠢᠶᠠᠨ ᠪᠠᠢ᠌ᠭᠤᠯᠵᠤ᠂ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠤᠯᠠᠮ ᠨᠢᠭᠡ ᠠᠯᠬᠤᠮ ᠰᠢᠷᠭ᠋ᠠᠭ᠋ᠠᠨ ᠪᠣᠯᠪᠠᠰᠤᠷᠠᠭᠤᠯᠵᠤ᠂ ᠤᠷ᠎ᠠ ᠮᠡᠷᠭᠡᠵᠢᠯ ᠵᠶ᠋ᠡᠷ ᠴᠢᠳᠠᠪᠤᠷᠢᠲᠠᠨ ᠪᠣᠯᠤᠭᠰᠠᠨ ᠥᠯᠢᠭᠡᠷ᠎ᠢ ᠰᠠᠶ᠋ᠢᠲᠤᠷ ᠶᠠᠷᠢᠵᠤ᠂ ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠠᠵᠢᠯ᠎ᠤᠨ ᠤᠬᠠᠭᠤᠯᠭ᠎ᠠ ᠵᠢᠨ ᠨᠡᠷᠡᠲᠦ ᠲᠥᠷᠥᠯ ᠲᠡᠮᠳᠡᠭ᠎ᠢ ᠪᠣᠢ᠌ᠵᠢᠭᠤᠯᠤᠨ ᠡᠭᠦᠳᠴᠦ᠂ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠬᠦ ᠨᠡᠢ᠌ᠲᠡᠯᠢᠭ ᠲᠤᠷᠰᠢᠯᠭ᠎ᠠ ᠵᠢ ᠥᠷᠭᠡᠳᠬᠡᠨ᠂ ᠤᠷ᠎ᠠ ᠮᠡᠷᠭᠡᠵᠢᠯ᠎ᠤᠨ ᠥᠯᠢᠭᠡᠷ᠂ ᠲᠡᠮᠡᠴᠡᠯ᠎ᠤᠨ ᠥᠯᠢᠭᠡᠷ᠎ᠢ ᠰᠠᠶ᠋ᠢᠲᠤᠷ ᠶᠠᠷᠢᠵᠤ᠂ ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠦᠰᠦᠨ ᠪᠣᠶ᠋ᠢᠵᠢᠬᠤ᠎ᠳᠤ ᠠᠰᠢᠭᠲᠠᠢ ᠨᠡᠢ᠌ᠭᠡᠮ᠎ᠤᠨ ᠣᠷᠴᠢᠨ ᠲᠣᠭᠣᠷᠢᠨ᠎ᠢ ᠪᠤᠢ ᠪᠣᠯᠭ᠋ᠠᠵᠤ ᠥᠭᠭᠦᠨ᠎ᠡ᠃

      ᠡᠭᠦᠨ᠎ᠤ ᠬᠠᠮᠲᠤ᠂ ᠵᠠᠬ᠎ᠠ ᠳᠡᠯᠭᠡᠭᠦᠷ ᠵᠶ᠋ᠡᠷ ᠬᠥᠲᠥᠯᠥᠨ ᠵᠢᠯᠤᠭᠣᠳᠬᠤ ᠪᠠ ᠨᠡᠢ᠌ᠭᠡᠮ᠎ᠤᠨ ᠢᠷᠠᠭᠤ ᠠᠯᠳᠠᠷ᠎ᠢ ᠣᠯᠭᠣᠬᠤ ᠳᠠᠪᠬᠤᠷ ᠤᠷᠮᠠᠰᠢᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠤᠯᠤᠰ ᠲᠥᠷᠥ ᠵᠢᠨ ᠬᠠᠷᠠᠭ᠋ᠠᠯᠵᠠᠯ᠂ ᠠᠵᠤ ᠠᠬᠤᠢ ᠵᠢᠨ ᠬᠥᠯᠥᠰᠦ ᠣᠯᠭᠣᠮᠵᠢ ᠪᠠ ᠨᠡᠢ᠌ᠭᠡᠮ᠎ᠤᠨ ᠪᠠᠶ᠋ᠢᠷᠢ ᠰᠠᠭᠤᠷᠢ ᠵᠢ ᠳᠡᠭᠡᠭᠰᠢᠯᠡᠭᠦᠯᠦᠨ᠂ ᠠᠵᠢᠯ ᠮᠡᠷᠭᠡᠵᠢᠯ᠎ᠤᠨ ᠬᠥᠭᠵᠢᠯᠲᠡ ᠪᠠ ᠲᠠᠰ ᠳᠡᠪᠰᠢᠬᠦ ᠠᠷᠭ᠎ᠠ ᠵᠠᠮ᠎ᠢ ᠰᠠᠭ᠋ᠠᠳ ᠦᠭᠡᠢ ᠨᠠᠪᠲᠠᠷᠡᠭᠦᠯᠵᠦ᠂ ᠢᠯᠡᠭᠦᠦ ᠬᠥᠳᠡᠯᠮᠦᠷᠢᠯᠡᠭᠰᠡᠳ᠎ᠲᠤ ᠢᠯᠡᠭᠦᠦ ᠣᠯᠭᠣᠵᠤ᠂ ᠥᠨᠳᠥᠷ ᠮᠡᠷᠭᠡᠵᠢᠯ᠎ᠲᠠᠢ ᠬᠥᠮᠥᠰ᠎ᠲᠤ ᠥᠨᠳᠥᠷ ᠴᠠᠯᠢᠩ ᠣᠯᠭᠣᠨ᠎ᠠ᠃

      ᠳᠤᠮᠳᠠᠳᠤ ᠤᠯᠤᠰ᠎ᠤᠨ ᠰᠦᠯᠵᠢᠶ᠎ᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ᠎ᠤ ᠨᠡᠢ᠌ᠲᠡᠯᠡᠨ ᠬᠡᠷᠡᠭᠵᠢᠭᠦᠯᠵᠦ ᠪᠠᠢ᠌ᠭ᠎ᠠ ᠡᠲᠡᠭᠡᠷ ᠤᠯᠠᠨ ᠳᠡᠮᠵᠢᠯᠭᠡ ᠵᠢᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠪᠠᠢ᠌ᠭᠰᠠᠨ ᠬᠣᠢ᠌ᠨ᠎ᠠ᠂ ᠢᠷᠡᠭᠡᠳᠦᠢ᠎ᠳᠤ ᠨᠠᠩ ᠤᠯᠠᠨ ᠳᠡᠭᠡᠳᠦ ᠲᠡᠰ᠎ᠤᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠦᠨ᠎ᠡ ᠭᠡᠳᠡᠭ᠎ᠢ ᠪᠢᠳᠡ ᠢᠲᠡᠭᠡᠵᠦ ᠪᠠᠢ᠌ᠨ᠎ᠠ᠂ ᠲᠠᠨ᠎ᠤ ᠰᠤᠷᠪᠤᠯᠵᠢᠯᠭ᠎ᠠ ᠬᠦᠯᠢᠶᠡᠭᠰᠡᠨ᠎ᠳᠤ ᠪᠠᠶᠠᠷᠯᠠᠯ᠎ᠠ᠃

      ᠵᠠᠢ ᠲᠢᠩᠬᠢᠮ᠎ᠤᠨ ᠳᠠᠷᠤᠭ᠎ᠠ᠄ ᠬᠥᠲᠥᠯᠥᠭᠴᠢ᠎ᠳᠤ ᠲᠠᠯᠠᠷᠬᠠᠵᠤ ᠪᠠᠢ᠌ᠨ᠎ᠠ᠂ ᠰᠦᠯᠵᠢᠶᠡᠨ ᠨᠠᠢ᠌ᠵᠠ ᠨᠠᠷ᠎ᠲᠤ ᠲᠠᠯᠠᠷᠬᠠᠵᠤ ᠪᠠᠢ᠌ᠨ᠎ᠠ᠃


ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            