10 ᠰᠠᠷ᠎ᠠ ᠵᠢᠨ 28᠎ᠤ ᠡᠳᠦᠷ᠂ 3 ᠡᠳᠦᠷ᠎ᠤᠨ ᠬᠤᠭᠤᠴᠠᠭ᠎ᠠ᠎ᠲᠠᠢ ᠶᠠᠪᠤᠭᠳᠠᠭᠰᠠᠨ ᠬᠣᠶᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠫᠣᠰᠲ ᠳ᠋ᠣᠺᠲ᠋ᠣᠷ᠎ᠤᠨ ᠰᠢᠨ᠎ᠡ ᠵᠢ ᠡᠭᠦᠳᠬᠦ ᠦᠢ᠍ᠯᠡᠰ ᠪᠣᠰᠬᠠᠬᠤ ᠤᠷᠤᠯᠳᠤᠭ᠋ᠠᠨ᠎ᠤ ᠰᠢᠢ᠍ᠳᠪᠦᠷᠢᠲᠦ ᠤᠷᠤᠯᠳᠤᠭ᠋ᠠᠨ ᠱᠠᠨᠳᠦ᠋ᠩ ᠮᠤᠵᠢ ᠵᠢᠨ ᠶᠠᠨᠲ᠋ᠠᠢ ᠬᠣᠲᠠ᠎ᠳᠤ ᠥᠨᠳᠥᠷᠯᠡᠪᠡ᠃ ᠥᠪᠥᠷ ᠮᠣᠩᠭᠣᠯ᠎ᠤᠨ 2 ᠲᠥᠷᠥᠯ ᠵᠦᠢ᠍ᠯ ᠲᠣᠰ ᠲᠣᠰ 1 ᠬᠦᠷᠡᠯ ᠮᠸᠳᠠᠯ 1 ᠢᠯᠠᠭᠤᠭᠰᠠᠨ ᠱᠠᠩᠨᠠᠯ ᠭᠥᠷᠳᠡᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ ᠰᠢᠯᠢᠳᠡᠭ ᠵᠣᠬᠢᠶᠠᠨ ᠪᠠᠢ᠌ᠭᠤᠯᠤᠯᠲᠠ ᠵᠢᠨ ᠱᠠᠩᠨᠠᠯ ᠭᠥᠷᠳᠡᠪᠡ᠃
ᠡᠭᠦᠨ᠎ᠳᠤ᠂ 《ᠨᠣᠬᠠᠢ ᠵᠢᠨ ᠬᠣᠰᠢᠭᠤ ᠵᠢᠨ ᠳ᠋ᠣᠺᠲ᠋ᠣᠷ — ᠡᠬᠡ ᠤᠯᠤᠰ᠎ᠤᠨ ᠤᠮᠠᠷᠠᠲᠤ ᠵᠢᠨ ᠣᠨᠴᠠᠯᠢᠭᠲᠤ ᠲᠠᠷᠢᠮᠠᠯ᠎ᠤᠨ ᠠᠵᠤ ᠦᠢ᠍ᠯᠡᠰ᠎ᠤᠨ ᠬᠡᠯᠬᠢᠶ᠎ᠡ ᠵᠢ ᠲᠠᠰ ᠳᠡᠪᠰᠢᠭᠦᠯᠬᠦ ᠵᠢᠴᠢ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠰᠢᠨ᠎ᠡ ᠵᠠᠭᠪᠤᠷ᠎ᠢ ᠡᠭᠦᠳᠦᠭᠰᠡᠨ》 ᠲᠥᠷᠥᠯ ᠵᠦᠢ᠍ᠯ᠎ᠨᠢ ᠤᠷᠤᠯᠳᠤᠭ᠋ᠠᠨ᠎ᠤ ᠬᠦᠷᠡᠯ ᠮᠸᠳᠠᠯᠢ ᠭᠥᠷᠳᠡᠪᠡ; 《〈ᠪᠣᠷᠳᠣᠭ᠋ᠠᠨ〉᠎ᠤ ᠵᠠᠬᠢᠶᠠᠯᠠᠭ᠎ᠠ — ᠴᠢᠨᠠᠷ ᠰᠠᠢ᠌ᠲᠠᠢ ᠠᠮᠤᠷ ᠲᠦᠪᠰᠢᠨ ᠲᠡᠵᠢᠭᠡᠯ ᠡᠪᠡᠰᠦᠨ᠎ᠤ ᠪᠦᠲᠦᠭᠡᠭᠳᠡᠬᠦᠨ᠎ᠢ ᠡᠭᠦᠳᠦᠨ ᠦᠢ᠍ᠯᠡᠳᠬᠦ ᠵᠢᠴᠢ ᠠᠵᠤ ᠦᠢ᠍ᠯᠡᠰᠵᠢᠭᠦᠯᠦᠨ ᠬᠡᠷᠡᠭᠯᠡᠬᠦ》 ᠳᠦᠷᠦᠯ ᠵᠦᠢ᠍ᠯ᠎ᠨᠢ ᠤᠷᠤᠯᠳᠤᠭ᠋ᠠᠨ᠎ᠤ ᠢᠯᠠᠭᠤᠭᠰᠠᠨ ᠱᠠᠩᠨᠠᠯ᠎ᠢ ᠬᠦᠷᠲᠡᠵᠡᠢ᠃
《ᠪᠢ ᠡᠬᠡᠨᠡᠷ᠎ᠲᠠᠢ᠎ᠪᠠᠨ ᠪᠦᠷ ᠫᠣᠰᠲ ᠳ᠋ᠣᠺᠲ᠋ᠣᠷ᠎ᠤᠨ ᠰᠤᠷᠤᠯᠭ᠎ᠠ ᠵᠢᠨ ᠨᠠᠮᠲᠠᠷ᠎ᠲᠠᠢ ᠪᠠᠢ᠌ᠵᠤ᠂ ᠪᠢᠳᠡᠨ᠎ᠤ ᠬᠠᠮᠲᠤ᠎ᠪᠠᠷ ᠡᠭᠦᠳᠦᠭᠰᠡᠨ ᠳᠦᠷᠦᠯ ᠵᠦᠢ᠍ᠯ ᠱᠠᠩᠨᠠᠯ ᠭᠥᠷᠳᠡᠭᠰᠡᠨ᠎ᠳᠤ ᠮᠠᠰᠢ ᠪᠠᠶᠠᠷᠲᠠᠢ ᠪᠠᠢ᠌ᠨ᠎ᠠ᠂ ᠡᠨᠡ᠎ᠨᠢ ᠪᠢᠳᠡᠨ᠎ᠤ ᠬᠥᠳᠡᠭᠡ ᠠᠵᠤ ᠠᠬᠤᠢ ᠵᠢᠨ ᠬᠦᠷᠢᠶᠡᠨ᠎ᠳᠠᠬᠢ ᠦᠷᠭᠦᠯᠵᠢᠯᠡᠨ ᠰᠤᠳᠤᠯᠤᠨ ᠨᠡᠭᠡᠭᠡᠬᠦ ᠠᠵᠢᠯ ᠨᠤᠲᠠᠯᠠᠭᠳᠠᠵᠤ ᠮᠡᠳᠡᠷᠡᠭᠳᠡᠵᠦ ᠪᠠᠢ᠌ᠬᠤ ᠵᠢ ᠬᠠᠷᠠᠭᠤᠯᠵᠤ ᠪᠠᠢ᠌ᠨ᠎ᠠ᠂ ᠪᠢᠳᠡᠨ᠎ᠤ ᠤᠭ ᠰᠠᠨᠠᠭ᠎ᠠ᠎ᠪᠠᠨ ᠪᠠᠲᠤ ᠰᠠᠬᠢᠵᠤ᠂ ᠬᠣᠶ᠋ᠢᠰᠢᠳᠠ ᠵᠢᠨ ᠰᠤᠳᠤᠯᠤᠨ ᠨᠡᠭᠡᠭᠡᠬᠦ ᠵᠠᠮ᠎ᠳᠠᠭᠠᠨ ᠶᠠᠪᠤᠬᠤ ᠲᠤᠲᠤᠮ ᠯᠠᠪᠳᠠᠭᠤᠨ ᠪᠠᠲᠤᠲᠠᠢ ᠪᠣᠯᠬᠤ ᠵᠢ ᠵᠣᠷᠢᠭᠵᠢᠭᠤᠯᠵᠤ ᠪᠠᠢ᠌ᠨ᠎ᠠ》 ᠭᠡᠵᠦ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠫᠣᠰᠲ ᠳ᠋ᠣᠺᠲ᠋ᠣᠷ ᠰᠢᠦᠢ ᠵᠦᠩ ᠱᠠᠨ ᠬᠡᠯᠡᠪᠡ᠃
2018 ᠣᠨ᠎ᠠᠴᠠ ᠡᠬᠢᠯᠡᠨ᠂ ᠰᠢᠦᠢ ᠵᠦᠩ ᠱᠠᠨ ᠪᠦᠯᠬᠦᠮ᠎ᠤᠨ ᠪᠦᠷᠢᠯᠳᠦᠬᠦᠨ᠎ᠲᠠᠢ᠎ᠪᠠᠨ 5 ᠵᠢᠯ ᠳᠠᠷᠠᠭ᠋ᠠᠯᠠᠨ ᠦᠴᠦᠸᠠᠨ ᠰᠢᠶᠠᠨ᠎ᠳᠤ ᠭᠦᠨᠵᠡᠭᠡᠢ᠌ᠷᠡᠵᠦ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭ᠋ᠠᠭᠤᠯᠢ ᠵᠢᠨ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠤᠷᠰᠢᠯᠲᠠ ᠵᠢᠨ ᠥᠷᠲᠡᠭᠡ ᠵᠡᠷᠭᠡ ᠲᠠᠪᠴᠠᠩ ᠵᠶ᠋ᠠᠷ ᠳᠠᠮᠵᠢᠨ ᠲᠠᠷᠢᠶᠠᠴᠢᠨ ᠡᠷᠦᠬᠡ᠎ᠳᠤ ᠰᠦᠢ᠍ᠳᠬᠡᠯ ᠬᠤᠷᠢᠶᠠᠬᠤ ᠦᠭᠡᠢ᠎ᠪᠠᠷ ᠴᠢᠨᠠᠷ ᠰᠠᠢ᠌ᠲᠠᠢ ᠳᠦᠷᠦᠯ ᠵᠦᠢ᠍ᠯ᠎ᠢ ᠳᠡᠯᠭᠡᠷᠡᠭᠦᠯᠬᠦ ᠵᠢᠨ ᠬᠠᠮᠲᠤ ᠨᠣᠬᠠᠢ ᠵᠢᠨ ᠬᠣᠰᠢᠭᠤ᠎ᠪᠠᠷ ᠭᠣᠣᠯ ᠪᠣᠯᠭ᠋ᠠᠭᠰᠠᠨ ᠥᠪᠥᠷ ᠮᠣᠩᠭᠣᠯ᠎ᠤᠨ ᠳᠠᠪᠠᠭᠤᠯᠢᠭ ᠣᠨᠴᠠᠯᠢᠭᠲᠤ ᠲᠠᠷᠢᠮᠠᠯ᠎ᠤᠨ ᠪᠣᠬᠢᠷᠲᠤᠯ ᠦᠭᠡᠢ ᠥᠨᠳᠥᠷ ᠤᠨᠠᠯᠲᠠ᠎ᠲᠠᠢ ᠲᠠᠷᠢᠬᠤ ᠮᠡᠷᠭᠡᠵᠢᠯ᠎ᠢ 200 ᠭᠠᠷᠤᠢ ᠲᠦᠮᠡᠨ ᠮᠦ᠍ ᠳᠡᠯᠭᠡᠷᠡᠭᠦᠯᠵᠦ ᠂ ᠬᠤᠷᠰᠢᠭᠰᠠᠨ ᠠᠵᠤ ᠠᠬᠤᠢ᠌ᠯᠠᠯ ᠵᠶ᠋ᠠᠷ ᠳᠠᠮᠵᠢᠨ ᠵᠠᠬᠢᠶᠠᠯᠠᠭ᠎ᠠ ᠵᠢᠨ ᠲᠠᠷᠢᠶᠠᠯᠠᠩ᠎ᠢ ᠥᠷᠨᠢᠭᠦᠯᠵᠦ᠂ ᠵᠠᠬ᠎ᠠ ᠳᠡᠯᠭᠡᠭᠦᠷ᠎ᠤᠨ ᠦᠨ᠎ᠡ᠎ᠠᠴᠠ 20% ᠵᠶ᠋ᠡᠷ ᠳᠠᠪᠠᠭᠤᠯᠤᠨ ᠥᠨᠳᠥᠷ ᠦᠨ᠎ᠡ᠎ᠪᠠᠷ ᠬᠤᠳᠠᠯᠳᠤᠨ ᠠᠪᠴᠤ ᠬᠤᠷᠢᠶᠠᠪᠠ᠃
《ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠠᠴᠠ ᠠᠬᠠᠯᠠᠭᠴᠢ ᠳ᠋ᠣᠺᠲ᠋ᠣᠷ ᠬᠥᠮᠥᠰ᠎ᠢ ᠥᠩᠭᠡᠷᠡᠭᠰᠡᠨ᠎ᠲᠠᠢ᠎ᠪᠠᠨ ᠠᠳᠠᠯᠢ᠎ᠪᠠᠷ ᠬᠠᠯᠠᠮᠵᠢᠯᠠᠨ ᠳᠠᠮᠵᠢᠵᠤ ᠪᠠᠢ᠌ᠬᠤ᠎ᠳᠤ ᠲᠠᠯᠠᠷᠬᠠᠵᠤ ᠪᠠᠢ᠌ᠨ᠎ᠠ᠂ ᠡᠨᠡ ᠤᠳᠠᠭ᠎ᠠ ᠱᠠᠩᠨᠠᠯ ᠣᠯᠣᠭᠰᠠᠨ᠎ᠨᠢ ᠪᠢᠳᠡᠨ᠎ᠤ ᠲᠥᠷᠥᠯ ᠵᠦᠢ᠍ᠯ᠎ᠳᠤ ᠬᠦᠴᠦᠨ ᠴᠢᠳᠠᠯ ᠣᠯᠭᠣᠵᠤ᠂ ᠪᠢᠳᠡᠨ᠎ᠤ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠳᠤ ᠣᠷᠣᠯᠴᠠᠬᠤ ᠡᠷᠴᠢ ᠵᠣᠷᠢᠭ᠎ᠢ ᠤᠯᠠᠮ ᠪᠠᠲᠤᠳᠬᠠᠵᠤ᠂ ᠨᠠᠩ ᠤᠯᠠᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠢ ᠥᠪᠥᠷ ᠮᠣᠩᠭᠣᠯ᠎ᠳᠤ ᠨᠠᠢ᠌ᠳᠠᠪᠤᠷᠢᠵᠢᠭᠤᠯᠤᠨ ᠦᠨᠳᠦᠰᠦᠯᠡᠭᠦᠯᠬᠦ ᠪᠣᠯᠣᠨ᠎ᠠ》 ᠭᠡᠵᠦ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠲᠠᠯ᠎ᠠ ᠨᠤᠲᠤᠭ᠎ᠤᠨ ᠰᠤᠳᠤᠯᠭ᠋ᠠᠨ᠎ᠤ ᠭᠠᠵᠠᠷ᠎ᠤᠨ ᠫᠣᠰᠲ ᠳ᠋ᠣᠺᠲ᠋ᠣᠷ ᠯᠢ ᠢᠦᠢ ᠢᠦᠢ ᠬᠡᠯᠡᠪᠡ᠃
ᠣᠢ᠌ᠷ᠎ᠠ ᠵᠢᠨ ᠵᠢᠯ᠎ᠤᠳ᠎ᠲᠤ᠂ ᠮᠠᠨ᠎ᠤ ᠣᠷᠣᠨ ᠫᠣᠰᠲ ᠳ᠋ᠣᠺᠲ᠋ᠣᠷ᠎ᠤᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠫᠣᠰᠲ ᠳ᠋ᠣᠺᠲ᠋ᠣᠷ᠎ᠤᠨ ᠨᠡᠭᠦᠳᠡᠯ ᠥᠷᠲᠡᠭᠡ᠂ ᠠᠵᠢᠯᠯᠠᠬᠤ ᠥᠷᠲᠡᠭᠡ ᠵᠡᠷᠭᠡ ᠠᠴᠢᠶᠠᠯᠠᠪᠤᠷᠢ ᠵᠢᠨ ᠲᠠᠪᠴᠠᠩ᠎ᠢ ᠪᠠᠢ᠌ᠭᠤᠯᠬᠤ ᠵᠢ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠪᠠ ᠴᠢᠳᠠᠪᠤᠷᠢᠲᠠᠨ᠎ᠢ ᠬᠥᠮᠥᠵᠢᠭᠦᠯᠬᠦ ᠵᠢ ᠴᠢᠩᠭ᠋ᠠᠳᠬᠠᠬᠤ᠂ ᠠᠵᠤ ᠦᠢ᠍ᠯᠡᠰ ᠵᠢᠭ᠋ᠠᠨ ᠰᠤᠷᠭ᠋ᠠᠯᠲᠠ ᠰᠤᠳᠤᠯᠭ᠋ᠠᠨ᠎ᠤ ᠪᠠᠢ᠌ᠭᠤᠯᠤᠮᠵᠢ ᠵᠢ ᠤᠶᠠᠯᠳᠤᠭᠤᠯᠬᠤ ᠵᠢ ᠠᠬᠢᠭᠤᠯᠬᠤ ᠴᠢᠬᠤᠯᠠ ᠭᠠᠷᠳᠠᠴᠠ ᠪᠣᠯᠭ᠋ᠠᠵᠤ᠂ ᠣᠲᠣ ᠪᠣᠯᠲᠠᠯ᠎ᠠ᠂ ᠪᠥᠬᠥ ᠣᠷᠣᠨ᠎ᠳᠤ ᠫᠣᠰᠲ ᠳ᠋ᠣᠺᠲ᠋ᠣᠷ᠎ᠤᠨ ᠨᠡᠭᠦᠳᠡᠯ ᠥᠷᠲᠡᠭᠡ᠂ ᠠᠵᠢᠯᠯᠠᠬᠤ ᠥᠷᠲᠡᠭᠡ ᠵᠢ 64 ᠪᠠᠢ᠌ᠭᠤᠯᠵᠤ᠂ ᠫᠣᠰᠲ ᠳ᠋ᠣᠺᠲ᠋ᠣᠷ᠎ᠤᠨ ᠠᠵᠢᠯᠲᠠᠨ ᠨᠠᠢ᠌ᠳᠠ 515 ᠬᠥᠮᠥᠨ ᠡᠯᠰᠡᠪᠡ᠃ ᠡᠲᠡᠭᠡᠷ ᠳᠡᠭᠡᠳᠦ ᠲᠡᠰ᠎ᠤᠨ ᠲᠠᠪᠴᠠᠩ ᠪᠣᠯᠣᠨ ᠴᠢᠳᠠᠪᠤᠷᠢᠲᠠᠨ᠎ᠨᠢ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠴᠢᠬᠤᠯᠠ ᠦᠢ᠍ᠯᠡᠳᠦᠯ ᠦᠵᠡᠭᠦᠯᠵᠡᠢ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠲᠤᠰᠬᠠᠢ ᠮᠡᠷᠭᠡᠵᠢᠯ᠎ᠤᠨ ᠠᠵᠢᠯᠲᠠᠨ᠎ᠤ ᠬᠠᠮᠢᠶᠠᠷᠤᠯᠲᠠ ᠵᠢᠨ ᠭᠠᠵᠠᠷ᠎ᠤᠨ ᠳᠠᠷᠤᠭ᠎ᠠ ᠥᠯᠵᠡᠶ᠋ᠢᠮᠦᠩᠬᠡ᠄ 《ᠪᠢᠳᠡ ᠫᠣᠰᠲ ᠳ᠋ᠣᠺᠲ᠋ᠣᠷ᠎ᠤᠨ ᠰᠢᠨ᠎ᠡ ᠵᠢ ᠡᠭᠦᠳᠦᠨ ᠦᠢ᠍ᠯᠡᠰ ᠪᠣᠰᠬᠠᠬᠤ ᠣᠨᠴᠠᠯᠢᠭᠲᠤ ᠠᠩᠬᠠᠷᠤᠯ ᠵᠶ᠋ᠠᠨ ᠲᠥᠪᠯᠡᠷᠡᠭᠦᠯᠵᠦ᠂ ᠫᠣᠰᠲ ᠳ᠋ᠣᠺᠲ᠋ᠣᠷ᠎ᠢ 〈ᠲᠠᠲᠠᠬᠤ᠂ ᠬᠥᠮᠥᠵᠢᠭᠦᠯᠬᠦ᠂ ᠦᠯᠡᠳᠡᠭᠡᠬᠦ᠂ ᠬᠡᠷᠡᠭᠯᠡᠬᠦ᠂ ᠦᠢ᠍ᠯᠡᠴᠢᠯᠡᠬᠦ〉 ᠪᠥᠬᠥ ᠶᠠᠪᠤᠴᠠ ᠵᠢᠨ ᠦᠢ᠍ᠯᠡᠴᠢᠯᠡᠭᠡ ᠵᠢ ᠦᠷᠬᠦᠯᠵᠢᠯᠡᠨ ᠴᠢᠩᠭ᠋ᠠᠳᠬᠠᠵᠤ᠂ ᠨᠥᠬᠥᠴᠡᠯ᠎ᠳᠤ ᠨᠡᠶ᠋ᠢᠴᠡᠬᠦ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ ᠵᠢᠨ ᠠᠬᠠᠯᠠᠭᠴᠢ ᠳ᠋ᠣᠺᠲ᠋ᠣᠷ᠎ᠤᠨ ᠲᠠᠪᠴᠠᠩ᠎ᠢ ᠭᠤᠶᠤᠴᠢᠯᠠᠨ ᠮᠡᠳᠡᠭᠦᠯᠬᠦ᠂ ᠠᠬᠠᠯᠠᠭᠴᠢ ᠳ᠋ᠣᠺᠲ᠋ᠣᠷ᠎ᠤᠨ ᠲᠠᠪᠴᠠᠩ᠎ᠤᠨ ᠲᠣᠭ᠎ᠠ ᠬᠡᠮᠵᠢᠶ᠎ᠡ ᠵᠢ ᠥᠷᠭᠡᠳᠬᠡᠬᠦ ᠵᠢ ᠬᠥᠲᠥᠯᠥᠨ ᠵᠢᠯᠣᠭᠣᠳᠤᠨ᠎ᠠ᠃ ᠠᠬᠠᠯᠠᠭᠴᠢ ᠳ᠋ᠣᠺᠲ᠋ᠣᠷ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠯᠠᠬᠤ ᠥᠷᠲᠡᠭᠡ ᠬᠢᠭᠡᠳ ᠨᠡᠭᠦᠳᠡᠯ ᠥᠷᠲᠡᠭᠡ ᠵᠢ ᠵᠣᠯᠭ᠋ᠠᠭᠤᠯᠬᠤ ᠡᠷᠴᠢᠮ ᠵᠶ᠋ᠡᠨ ᠴᠢᠩᠭ᠋ᠠᠷᠠᠭᠤᠯᠵᠤ᠂ ᠠᠬᠠᠯᠠᠭᠴᠢ ᠳ᠋ᠣᠺᠲ᠋ᠣᠷ᠎ᠤᠨ ᠲᠠᠪᠴᠠᠩ᠎ᠤᠨ ᠳᠠᠪᠠᠭᠤᠯᠢᠭ ᠡᠬᠢ ᠪᠠᠶᠠᠯᠢᠭ᠎ᠤᠨ ᠭᠦᠢ᠍ᠴᠡᠳ ᠠᠭᠤᠰᠤᠯᠴᠠᠬᠤ ᠵᠢ ᠠᠬᠢᠭᠤᠯᠵᠤ᠂ ᠬᠠᠮᠲᠤ᠎ᠪᠠᠷ ᠡᠳ᠋ᠯᠡᠵᠦ ᠬᠠᠮᠲᠤ᠎ᠪᠠᠷ ᠠᠰᠢᠭ ᠭᠥᠷᠳᠡᠬᠦ ᠵᠢ ᠠᠬᠢᠭᠤᠯᠤᠨ᠎ᠠ᠃ ᠪᠥᠬᠥ ᠤᠯᠤᠰ᠎ᠤᠨ ᠠᠬᠠᠯᠠᠭᠴᠢ ᠳ᠋ᠣᠺᠲ᠋ᠣᠷ᠎ᠤᠨ ᠰᠢᠨ᠎ᠡ ᠵᠢ ᠡᠭᠦᠳᠬᠦ ᠦᠢ᠍ᠯᠡᠰ ᠪᠣᠰᠬᠠᠬᠤ ᠤᠷᠤᠯᠳᠤᠭ᠋ᠠᠨ ᠵᠶ᠋ᠠᠷ ᠠᠵᠠ ᠲᠣᠬᠢᠶᠠᠯ ᠪᠣᠯᠭ᠋ᠠᠵᠤ᠂ ᠨᠠᠩ ᠤᠯᠠᠨ ᠠᠬᠠᠯᠠᠭᠴᠢ ᠳ᠋ᠣᠺᠲ᠋ᠣᠷ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠂ ᠲᠥᠷᠥᠯ ᠵᠦᠢ᠍ᠯ᠎ᠤᠨ ᠬᠠᠮᠲᠤᠷᠠᠯᠴᠠᠭ᠎ᠠ ᠥᠷᠨᠢᠭᠦᠯᠬᠦ᠂ ᠠᠵᠤ ᠠᠬᠤᠢ᠌ᠯᠠᠯ᠎ᠢ ᠨᠤᠲᠤᠭᠰᠢᠭᠤᠯᠤᠨ ᠨᠠᠢ᠌ᠳᠠᠪᠤᠷᠢᠵᠢᠭᠤᠯᠬᠤ ᠵᠢ ᠠᠬᠢᠭᠤᠯᠤᠨ᠎ᠠ》 ᠭᠡᠵᠡᠢ᠃