ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠤ 《ᠤᠷᠤᠯᠳᠤᠭ᠋ᠠᠨ ᠵᠶ᠋ᠠᠷ ᠰᠤᠷᠤᠯᠴᠠᠯᠭ᠎ᠠ ᠵᠢ ᠠᠬᠢᠭᠤᠯᠬᠤ᠂ ᠤᠷᠤᠯᠳᠤᠭ᠋ᠠᠨ ᠵᠶ᠋ᠠᠷ ᠪᠣᠯᠪᠠᠰᠤᠷᠠᠯ᠎ᠢ ᠠᠬᠢᠭᠤᠯᠬᠤ᠂ ᠤᠷᠤᠯᠳᠤᠭ᠋ᠠᠨ ᠵᠶ᠋ᠠᠷ ᠰᠢᠯᠭ᠋ᠠᠷᠠᠭᠤᠯᠤᠯᠲᠠ ᠵᠢ ᠠᠬᠢᠭᠤᠯᠬᠤ᠂ ᠤᠷᠤᠯᠳᠤᠭ᠋ᠠᠨ ᠵᠶ᠋ᠠᠷ ᠪᠠᠢ᠌ᠭᠤᠯᠤᠯᠲᠠ ᠵᠢ ᠠᠬᠢᠭᠤᠯᠬᠤ》 ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠤᠷ᠎ᠠ ᠴᠢᠳᠠᠪᠤᠷᠢ ᠵᠢᠨ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢ ᠤᠯᠠᠮ ᠨᠢᠭᠡ ᠠᠯᠬᠤᠮ ᠴᠢᠩᠭ᠋ᠠᠳᠬᠠᠬᠤ ᠵᠢᠨ ᠲᠥᠯᠥᠭᠡ᠂ 8 ᠳ᠋ᠤᠭ᠋ᠠᠷ ᠰᠠᠷ᠎ᠠ ᠵᠢᠨ 27᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠭᠣᠣᠯᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂ ᠪᠤᠭᠤᠲᠤ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠳᠠᠭ᠋ᠠᠭ᠋ᠠᠨ ᠡᠷᠭᠢᠯᠡᠭᠰᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠶᠠᠳᠤᠭ᠋ᠠᠷ ᠬᠤᠭᠤᠴᠠᠭ᠋ᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ ᠪᠤᠭᠤᠲᠤ᠎ᠳᠤ ᠡᠬᠢᠯᠡᠨ ᠶᠠᠪᠤᠭᠳᠠᠪᠠ᠃ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠥ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠪᠠᠢ᠌ᠩᠭᠤ ᠵᠢᠨ ᠭᠡᠰᠢᠭᠦᠨ᠂ ᠬᠥᠮᠥᠨ ᠠᠮᠠ ᠡᠬᠢ ᠪᠠᠶᠠᠯᠢᠭ ᠣᠷᠴᠢᠨ ᠠᠬᠤᠢ ᠵᠢᠨ ᠵᠥᠪᠯᠡᠯ᠎ᠤᠨ ᠳᠡᠳ᠋ ᠡᠷᠬᠢᠯᠡᠭᠴᠢ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠤᠤᠯ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠰᠠᠢ᠌ᠳ ᠵᠠᠩ ᠵᠢᠢ ᠨᠠᠨ ᠡᠬᠢᠯᠡᠯᠲᠡ ᠵᠢᠨ ᠶᠣᠰᠣᠯᠠᠯ᠎ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠴᠢ᠊ ᠪᠠᠲᠤ ᠤᠷᠤᠯᠳᠤᠭ᠋ᠠᠨ ᠡᠬᠢᠯᠡᠭᠰᠡᠨ᠎ᠢ ᠵᠠᠷᠯᠠᠪᠠ᠃
ᠲᠤᠰ ᠬᠤᠭᠤᠴᠠᠭ᠋ᠠᠨ᠎ᠤ ᠤᠷᠤᠯᠳᠤᠭ᠋ᠠᠨ᠎ᠨᠢ 《ᠮᠡᠷᠭᠡᠵᠢᠯ ᠵᠶ᠋ᠡᠷ ᠤᠮᠠᠷᠠᠲᠤ ᠬᠢᠯᠢ ᠵᠢ ᠬᠥᠭᠵᠢᠭᠦᠯᠵᠦ ᠴᠢᠳᠠᠪᠤᠷᠢ᠎ᠪᠠᠷ ᠢᠷᠡᠭᠡᠳᠦᠢ ᠵᠢ ᠴᠣᠭᠴᠠᠯᠠᠨ᠎ᠠ》 ᠭᠡᠬᠦ ᠭᠣᠣᠯ ᠰᠡᠳᠦᠪ ᠵᠶ᠋ᠡᠷ 3 ᠡᠳᠦᠷ ᠶᠠᠪᠤᠭᠳᠠᠵᠤ᠂ ᠨᠠᠢ᠌ᠳᠠ 56 ᠤᠷᠤᠯᠳᠤᠭ᠋ᠠᠨ᠎ᠤ ᠳᠦᠷᠦᠯ ᠵᠦᠢ᠍ᠯ᠎ᠢ ᠲᠣᠬᠢᠷᠠᠭᠤᠯᠵᠤ᠂ ᠪᠦᠬᠦ ᠣᠷᠣᠨ᠎ᠤ 1398 ᠰᠢᠯᠢᠳᠡᠭ ᠤᠷ᠎ᠠ ᠮᠡᠷᠭᠡᠵᠢᠯ᠎ᠤᠨ ᠲᠠᠮᠢᠷᠴᠢᠨ ᠤᠷᠤᠯᠳᠤᠭ᠋ᠠᠨ᠎ᠳᠤ ᠣᠷᠣᠯᠴᠠᠵᠤ᠂ ᠮᠠᠨ᠎ᠤ ᠣᠷᠣᠨ᠎ᠤ ᠣᠲᠣ ᠪᠣᠯᠲᠠᠯ᠎ᠠ ᠡᠷᠬᠢᠯᠡᠭᠰᠡᠡ ᠬᠡᠪᠴᠢᠶ᠎ᠡ᠎ᠪᠠᠷ ᠬᠠᠮᠤᠭ᠎ᠤᠨ ᠶᠡᠬᠡ᠂ ᠬᠥᠮᠥᠨ᠎ᠤ ᠲᠣᠭ᠎ᠠ᠎ᠪᠠᠷ ᠬᠠᠮᠤᠭ᠎ᠤᠨ ᠤᠯᠠᠨ ᠶᠡᠷᠦᠩᠬᠡᠢ᠌ᠯᠡᠭᠰᠡᠨ ᠴᠢᠨᠠᠷᠲᠠᠢ ᠠᠵᠢᠯ ᠮᠡᠷᠭᠡᠵᠢᠯ᠎ᠤᠨ ᠤᠷ᠎ᠠ ᠮᠡᠷᠭᠡᠵᠢᠯ᠎ᠤᠨ ᠤᠷᠤᠯᠳᠤᠭ᠋ᠠᠨ ᠪᠣᠯᠣᠨ᠎ᠠ᠃ ᠲᠣᠰ ᠬᠤᠭᠤᠴᠠᠭ᠋ᠠᠨ᠎ᠤ ᠤᠷᠤᠯᠳᠤᠭ᠋ᠠᠨ᠎ᠤ ᠲᠥᠷᠥᠯ ᠵᠦᠢ᠍ᠯ᠎ᠳᠤ ᠵᠣᠬᠢᠶᠠᠮᠠᠯ ᠣᠶᠤᠨᠯᠢᠭ᠎ᠤᠨ ᠪᠣᠯᠪᠠᠰᠤᠷᠠᠯ᠂ ᠵᠢᠯᠣᠭᠣᠴᠢ ᠦᠭᠡᠢ ᠨᠢᠰᠬᠡᠯ᠎ᠤᠨ ᠤᠭᠰᠠᠷᠠᠵᠤ ᠰᠡᠯᠪᠢᠬᠦ᠂ ᠬᠠᠮ ᠵᠠᠭᠤᠴᠢᠯᠠᠭᠤᠷ᠎ᠤᠨ ᠡᠵᠡᠩᠨᠡᠯᠲᠡ᠂ ᠡᠷᠡᠭᠦᠯ ᠮᠠᠨᠳᠤ ᠵᠢᠨ ᠬᠠᠷᠠᠭ᠋ᠠᠯᠵᠠᠯ ᠵᠡᠷᠭᠡ 9 ᠲᠣᠭ᠋ᠠᠴᠢᠯᠠᠭᠰᠠᠨ ᠮᠡᠷᠭᠡᠵᠢᠯ ᠤᠷ᠎ᠠ ᠴᠢᠳᠠᠪᠤᠷᠢ ᠵᠢᠨ ᠲᠥᠷᠥᠯ ᠪᠠ ᠨᠡᠢ᠌ᠭᠡᠮ᠎ᠤᠨ ᠦᠢ᠍ᠯᠡᠴᠢᠯᠡᠭᠡᠨ᠎ᠤ ᠲᠥᠷᠥᠯ᠎ᠤᠨ ᠰᠢᠨ᠎ᠡ ᠠᠵᠢᠯ ᠮᠡᠷᠭᠡᠵᠢᠯ᠎ᠤᠨ ᠤᠷᠤᠯᠳᠤᠭ᠋ᠠᠨ᠎ᠤ ᠲᠥᠷᠥᠯ ᠵᠦᠢ᠍ᠯ᠎ᠢ ᠨᠡᠮᠡᠵᠦ᠂ ᠤᠷᠤᠯᠳᠤᠭ᠋ᠠᠨ᠎ᠳᠤ ᠣᠷᠣᠯᠴᠠᠭᠰᠠᠨ ᠬᠥᠮᠥᠨ᠎ᠤ ᠲᠣᠭ᠎ᠠ᠎ᠨᠢ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠲᠠᠢ ᠬᠠᠷᠢᠴᠠᠭᠤᠯᠪᠠᠯ 457 ᠬᠥᠮᠥᠨ ᠨᠡᠮᠡᠭᠳᠡᠵᠦ᠂ ᠪᠥᠬᠥ ᠣᠷᠣᠨ᠎ᠤ ᠤᠷᠤᠯᠳᠤᠭ᠋ᠠᠨ᠎ᠳᠤ ᠣᠷᠣᠯᠴᠠᠭᠰᠠᠨ ᠭᠠᠵᠠᠷ ᠣᠷᠣᠨ᠎ᠢ ᠪᠦᠬᠦᠨ᠎ᠢ ᠬᠠᠮᠤᠷᠬᠤ ᠵᠢ ᠪᠡᠶᠡᠯᠡᠭᠦᠯᠪᠡ᠃ ᠤᠷᠤᠯᠳᠤᠭ᠋ᠠᠨ᠎ᠳᠤ ᠪᠡᠭᠡᠵᠢᠩ ᠲᠢᠶᠠᠨᠵᠢᠨ ᠾᠥ᠋ᠪᠸᠢ᠂ ᠬᠠᠳᠤᠨ ᠭᠣᠣᠯ᠎ᠤᠨ ᠰᠠᠪᠠ ᠭᠠᠵᠠᠷ᠂ ᠵᠡᠭᠦᠨ ᠬᠣᠢ᠌ᠲᠤ ᠣᠷᠣᠨ ᠵᠡᠷᠭᠡ ᠮᠤᠵᠢ ᠣᠷᠣᠨ ᠬᠤᠳᠠ ᠵᠢᠨ 108 ᠰᠢᠯᠢᠳᠡᠭ ᠲᠠᠮᠢᠷᠴᠢᠨ᠎ᠢ ᠤᠷᠢᠵᠤ 10 ᠳᠦᠷᠦᠯ ᠵᠦᠢ᠍ᠯ᠎ᠤᠨ ᠨᠥᠬᠥᠷᠰᠡᠭ ᠤᠷᠤᠯᠳᠤᠭ᠋ᠠᠨ᠎ᠳᠤ ᠣᠷᠣᠯᠴᠠᠭᠤᠯᠵᠤ᠂ 30 ᠮᠤᠵᠢ ᠣᠷᠣᠨ ᠬᠤᠳᠠ ᠪᠣᠯᠣᠨ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠢ᠌ᠭᠤᠯᠤᠯᠲᠠ ᠵᠢᠨ ᠪᠢᠩᠲ᠋ᠤᠸᠠᠨ᠎ᠠᠴᠠ ᠲᠥᠯᠥᠭᠡᠯᠡᠭᠴᠢᠳ᠎ᠤᠨ ᠪᠦᠯᠬᠦᠮ ᠲᠣᠮᠢᠯᠠᠨ ᠦᠵᠡᠭᠦᠯᠦᠯᠭᠡ ᠵᠢᠨ ᠤᠷᠤᠯᠳᠤᠭ᠋ᠠᠨ᠎ᠳᠤ ᠣᠷᠣᠯᠴᠠᠭᠤᠯᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠰᠢ ᠵᠢᠨ ᠫᠢᠩ ᠶᠡᠷᠦᠩᠬᠡᠢ ᠱᠦᠵᠢ ᠵᠢᠨ ᠤᠷ᠎ᠠ ᠴᠢᠳᠠᠪᠤᠷᠢᠲᠠᠨ᠎ᠤ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ 《ᠤᠷ᠎ᠠ ᠮᠡᠷᠭᠡᠰᠢᠯᠳᠦ ᠥᠪᠥᠷ ᠮᠣᠩᠭᠣᠯ᠎ᠤᠨ ᠠᠵᠢᠯᠯᠠᠭ᠎ᠠ》 ᠵᠢ ᠯᠠᠪᠳᠠᠭᠤᠨ ᠪᠠᠲᠤᠲᠠᠢ ᠠᠬᠢᠭᠤᠯᠵᠤ᠂ ᠤᠷ᠎ᠠ ᠮᠡᠷᠭᠡᠰᠢᠯᠳᠦ ᠴᠢᠳᠠᠪᠤᠷᠢᠲᠠᠨ᠎ᠢ ᠬᠥᠮᠥᠵᠢᠭᠦᠯᠬᠦ᠂ ᠬᠡᠷᠡᠭᠯᠡᠬᠦ᠂ ᠦᠨᠡᠯᠡᠬᠦ᠂ ᠤᠷᠮᠠᠰᠢᠭᠤᠯᠬᠤ ᠲᠣᠭᠲᠠᠴᠠ ᠵᠢ ᠲᠠᠰᠤᠷᠠᠯᠲᠠ ᠦᠭᠡᠢ ᠪᠦᠷᠢᠨᠰᠢᠭᠦᠯᠵᠦ᠂ ᠤᠷ᠎ᠠ ᠮᠡᠷᠭᠡᠰᠢᠯᠳᠦ ᠴᠢᠳᠠᠪᠤᠷᠢᠲᠠᠨ᠎ᠤ ᠬᠡᠪᠴᠢᠶ᠎ᠡ ᠵᠢ ᠲᠠᠰᠤᠷᠠᠯᠲᠠ ᠦᠭᠡᠢ ᠥᠷᠭᠡᠳᠬᠡᠨ᠂ ᠬᠡᠪ ᠴᠢᠨᠠᠷ᠎ᠢ ᠲᠣᠭᠲᠠᠭᠤᠨ ᠵᠶ᠋ᠠᠷ ᠳᠡᠭᠡᠭᠰᠢᠯᠡᠭᠦᠯᠵᠦ᠂ ᠠᠮᠢᠵᠢᠷᠠᠯ᠎ᠤᠨ ᠬᠦᠴᠦᠨ᠎ᠢ ᠭᠦᠢ᠍ᠴᠡᠳ ᠪᠠᠳᠠᠷᠠᠭᠤᠯᠵᠤ᠂ 7 ᠳ᠋ᠤᠭ᠋ᠠᠷ ᠰᠠᠷ᠎ᠠ ᠵᠢᠨ ᠰᠡᠭᠦᠯᠴᠢ ᠪᠣᠯᠲᠠᠯ᠎ᠠ᠂ ᠪᠥᠬᠥ ᠣᠷᠣᠨ᠎ᠤ ᠤᠷ᠎ᠠ ᠮᠡᠷᠭᠡᠰᠢᠯᠳᠦ ᠴᠢᠳᠠᠪᠤᠷᠢᠲᠠᠨ᠎ᠤ ᠶᠡᠷᠦᠩᠬᠡᠢ ᠬᠡᠮᠵᠢᠶ᠎ᠡ ᠵᠢ 399.5 ᠲᠦᠮᠡᠨ ᠬᠥᠮᠥᠨ᠎ᠳᠤ ᠬᠦᠷᠦᠭᠦᠯᠵᠦ᠂ ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠪᠠᠲᠤ ᠴᠢᠩᠭ᠎ᠠ ᠤᠷ᠎ᠠ ᠮᠡᠷᠭᠡᠰᠢᠯᠳᠦ ᠴᠢᠳᠠᠪᠤᠷᠢᠲᠠᠨ᠎ᠤ ᠲᠤᠯᠭ᠋ᠠᠭᠤᠷᠢᠯᠠᠯ ᠬᠠᠩᠭ᠋ᠠᠭᠰᠠᠨ ᠪᠠᠢ᠌ᠨ᠎ᠠ᠃