4 ᠳ᠋ᠦ᠍ᠭᠡᠷ ᠰᠠᠷ᠎ᠠ ᠵᠢᠨ 21᠎ᠤ ᠡᠳᠦᠷ᠂ 《ᠤᠮᠠᠷᠠᠲᠤ ᠬᠢᠯᠢ᠎ᠳᠤ ᠢᠷᠡᠭᠡᠳᠦᠢ ᠵᠢᠨ ᠠᠵᠢᠯ ᠵᠶ᠋ᠠᠨ ᠡᠬᠢᠯᠡᠭᠦᠯᠬᠦ》᠎ᠪᠠᠷ ᠭᠣᠣᠯ ᠰᠡᠳᠦᠪ ᠪᠣᠯᠭ᠋ᠠᠭᠰᠠᠨ 2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠬᠤ ᠪᠠ ᠠᠳᠠᠯ ᠦᠢ᠍ᠯᠡᠰ ᠴᠣᠭᠴᠠᠯᠠᠬᠤ ᠵᠢ ᠲᠦᠯᠬᠢᠨ ᠠᠬᠢᠭᠤᠯᠬᠤ ᠬᠤᠷᠠᠯ ᠵᠢᠴᠢ ᠲᠣᠮᠣ ᠳᠤᠮᠳᠠ ᠬᠣᠲᠠ ᠵᠢᠨ ᠬᠠᠮᠲᠤᠷᠠᠨ ᠠᠵᠢᠯᠲᠠᠨ ᠡᠯᠰᠡᠬᠦ ᠠᠵᠢᠯᠯᠠᠭ᠎ᠠ ᠵᠢᠨ ᠡᠬᠢᠯᠡᠯᠲᠡ ᠵᠢᠨ ᠠᠵᠢᠯᠯᠠᠭ᠎ᠠ ᠤᠯᠠᠭ᠋ᠠᠨᠬᠠᠳᠠ ᠬᠣᠲᠠ᠎ᠳᠤ ᠶᠠᠪᠤᠭᠳᠠᠪᠠ᠂ ᠲᠣᠰ ᠤᠳᠠᠭ᠋ᠠᠨ᠎ᠤ ᠠᠵᠢᠯᠯᠠᠭ᠎ᠠ ᠵᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠠᠴᠠ ᠭᠣᠣᠯᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠴᠢ᠊ ᠪᠠᠲᠤ ᠡᠬᠢᠯᠡᠯᠲᠡ ᠵᠢᠨ ᠠᠵᠢᠯᠯᠠᠭ᠎ᠠ᠎ᠳᠤ ᠣᠷᠣᠯᠴᠠᠬᠤ ᠵᠢᠨ ᠬᠠᠮᠲᠤ ᠶᠠᠷᠢᠶ᠎ᠠ ᠲᠠᠯᠪᠢᠪᠠ᠃
ᠲᠣᠰ ᠤᠳᠠᠭ᠋ᠠᠨ᠎ᠤ ᠠᠵᠢᠯᠯᠠᠭ᠎ᠠ ᠵᠢ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠢ ᠤᠶᠠᠯᠳᠤᠭᠤᠯᠤᠨ ᠵᠡᠷᠭᠡ᠎ᠪᠡᠷ ᠡᠬᠢᠯᠡᠭᠦᠯᠵᠦ᠂ ᠭᠣᠣᠯ ᠬᠤᠷᠠᠯ᠎ᠤᠨ ᠲᠠᠯᠠᠪᠠᠶ ᠵᠢ ᠤᠯᠠᠭ᠋ᠠᠨᠬᠠᠳᠠ ᠬᠣᠲᠠ᠎ᠳᠤ ᠪᠠᠢ᠌ᠷᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠪᠤᠰᠤᠳ ᠠᠶ᠋ᠢᠮᠠᠭ ᠬᠣᠲᠠ ᠪᠠ 2 ᠲᠤᠰᠠᠭ᠋ᠠᠷ ᠲᠥᠯᠥᠪᠯᠡᠭᠡᠲᠦ ᠬᠣᠲᠠ᠎ᠳᠤ ᠬᠤᠪᠢᠶᠠᠷᠢ ᠬᠤᠷᠠᠯ᠎ᠤᠨ ᠲᠠᠯᠠᠪᠠᠶ ᠭᠠᠷᠭ᠋ᠠᠨ᠎ᠠ᠃ ᠭᠣᠣᠯ ᠬᠤᠷᠠᠯ᠎ᠤᠨ ᠲᠠᠯᠠᠪᠠᠶ᠎ᠳᠤ ᠲᠣᠮᠣ ᠬᠡᠯᠪᠡᠷᠢ ᠵᠢᠨ ᠠᠵᠤ ᠠᠬᠤᠢ᠌ᠯᠠᠯ᠎ᠤᠨ ᠠᠵᠢᠯᠲᠠᠨ ᠡᠯᠰᠡᠬᠦ ᠲᠤᠰᠬᠠᠢ ᠣᠷᠣᠨ᠂ ᠰᠦᠯᠵᠢᠶ᠎ᠡ᠎ᠪᠠᠷ ᠠᠵᠢᠯᠲᠠᠨ ᠡᠯᠰᠡᠬᠦ ᠲᠤᠰᠬᠠᠢ ᠣᠷᠣᠨ᠂ ᠪᠡᠭᠡᠵᠢᠩ ᠲᠢᠶᠠᠨᠵᠢᠨ ᠾᠧᠪᠧᠢ ᠥᠪᠥᠷ ᠮᠣᠩᠭᠣᠯ᠎ᠤᠨ ᠬᠠᠮᠵᠢᠯᠴᠠᠨ ᠬᠥᠭᠵᠢᠬᠦ ᠠᠵᠢᠯᠲᠠᠨ ᠡᠯᠰᠡᠬᠦ ᠲᠤᠰᠬᠠᠢ ᠣᠷᠣᠨ᠂ ᠵᠡᠭᠦᠨ ᠬᠣᠢ᠌ᠲᠤ ᠣᠷᠣᠨ᠎ᠢ ᠬᠥᠭᠵᠢᠭᠦᠯᠦᠨ ᠮᠠᠨᠳᠤᠭᠤᠯᠬᠤ ᠠᠵᠢᠯᠲᠠᠨ ᠡᠯᠰᠡᠬᠦ ᠲᠤᠰᠬᠠᠢ ᠣᠷᠣᠨ᠂ ᠬᠠᠲᠤᠨ ᠭᠣᠣᠯ ᠳᠠᠭ᠋ᠠᠤ ᠮᠤᠵᠢ ᠣᠷᠣᠨ᠎ᠤ ᠠᠵᠢᠯᠲᠠᠨ ᠡᠯᠰᠡᠬᠦ ᠲᠤᠰᠬᠠᠢ ᠣᠷᠣᠨ ᠪᠠ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠲᠤᠰᠬᠠᠢ ᠣᠷᠣᠨ ᠵᠡᠷᠭᠡ 6 ᠲᠤᠰᠬᠠᠢ ᠣᠷᠣᠨ ᠭᠠᠷᠭ᠋ᠠᠵᠤ᠂ ᠨᠠᠢ᠌ᠳᠠ 1000 ᠭᠠᠷᠤᠢ ᠠᠵᠤ ᠠᠬᠤᠢ᠌ᠯᠠᠯ ᠣᠷᠣᠯᠴᠠᠵᠠᠢ᠂ ᠡᠭᠦᠨ᠎ᠳᠤ ᠰᠦᠯᠵᠢᠶᠡᠨ ᠳᠡᠭᠡᠷᠡᠬᠢ ᠠᠵᠤ ᠠᠬᠤᠢ᠌ᠯᠠᠯ 802᠂ ᠰᠦᠯᠵᠢᠶᠡᠨ ᠭᠠᠳᠠᠨᠠᠬᠢ ᠠᠵᠤ ᠠᠬᠤᠢ᠌ᠯᠠᠯ 243 ᠪᠠᠢ᠌ᠵᠤ᠂ 5 ᠲᠦᠮᠡ ᠰᠢᠬᠠᠮ ᠠᠵᠢᠯ᠎ᠤᠨ ᠪᠠᠶ᠋ᠢᠷᠢ ᠬᠠᠩᠭ᠋ᠠᠪᠠ᠃ ᠤᠷᠢᠵᠤ ᠬᠡᠷᠡᠭᠯᠡᠬᠦ ᠠᠵᠤ ᠠᠬᠤᠢ᠌ᠯᠠᠯ᠎ᠨᠢ 《ᠪᠡᠭᠡᠵᠢᠩ ᠲᠢᠶᠠᠨᠵᠢᠨ ᠾᠧᠪᠧᠢ》 《ᠵᠡᠭᠦᠨ ᠬᠣᠢ᠌ᠲᠤ ᠵᠢᠨ ᠭᠤᠷᠪᠠᠨ ᠮᠤᠵᠢ》 《ᠬᠠᠲᠤᠨ ᠭᠣᠣᠯ ᠳᠠᠭ᠋ᠠᠤ ᠮᠤᠵᠢ ᠣᠷᠣᠨ》 ᠵᠡᠷᠭᠡ 15 ᠮᠤᠵᠢ (ᠣᠷᠣᠨ᠂ ᠬᠣᠲᠠ) ᠪᠣᠯᠣᠨ ᠥᠪᠡᠷᠲᠡᠭᠡᠨ ᠵᠠᠰᠠᠬᠤ ᠣᠷᠣᠨ᠎ᠤ ᠪᠥᠬᠥ ᠠᠶ᠋ᠢᠮᠠᠭ ᠬᠣᠲᠠ ᠵᠢ ᠬᠠᠮᠤᠷᠴᠤ᠂ ᠥᠩᠭᠡᠲᠦ ᠲᠡᠮᠦᠷᠯᠢᠭ᠂ ᠠᠮᠢᠳᠤ ᠪᠣᠳᠠᠰ᠎ᠤᠨ ᠡᠮ ᠦᠢ᠍ᠯᠡᠳᠬᠦ᠂ ᠰᠢᠨ᠎ᠡ ᠬᠡᠯᠪᠡᠷᠢ ᠵᠢᠨ ᠬᠢᠮᠢ ᠵᠢᠨ ᠠᠵᠤ ᠦᠢ᠍ᠯᠡᠳᠪᠦᠷᠢ᠂ ᠡᠯᠧᠺᠲᠷᠣᠨ ᠮᠡᠳᠡᠭᠡ ᠵᠠᠩᠭᠢ᠂ ᠴᠠᠭ᠋ᠠᠨ ᠢᠳᠡᠭᠡᠨ᠎ᠤ ᠡᠳ᠋ᠰᠢᠭᠦᠯᠭᠡ᠂ ᠲᠣᠨᠣᠭ ᠲᠥᠬᠦᠭᠡᠷᠦᠮᠵᠢ ᠦᠢ᠍ᠯᠡᠳᠬᠦ᠂ ᠰᠢᠨ᠎ᠡ ᠮᠠᠲ᠋ᠧᠷᠢᠶᠠᠯ᠂ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ᠂ ᠭᠡᠷᠡᠯ ᠸᠣᠯᠲ᠂ ᠰᠠᠯᠬᠢᠨ ᠬᠦᠴᠦᠨ᠎ᠤ ᠴᠠᠬᠢᠯᠭ᠋ᠠᠨ ᠵᠡᠷᠭᠡ 21 ᠠᠵᠢᠯ ᠲᠥᠷᠥᠯ᠎ᠤᠨ ᠬᠦᠷᠢᠶᠡᠨ᠎ᠳᠤ ᠬᠣᠯᠪᠣᠭᠳᠠᠵᠠᠢ᠃ ᠳᠡᠭᠡᠳᠦ ᠰᠤᠷᠭ᠋ᠠᠭᠤᠯᠢ ᠲᠡᠭᠦᠰᠦᠭᠰᠡᠳ᠂ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ᠂ ᠳᠠᠩᠰᠠᠯᠠᠭᠤᠯᠤᠭᠰᠠᠨ ᠠᠵᠢᠯ ᠠᠯᠳᠠᠭᠰᠠᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠂ ᠴᠡᠷᠢᠭ᠎ᠠᠴᠠ ᠬᠠᠯᠠᠭᠳᠠᠭᠰᠠᠳ ᠵᠡᠷᠭᠡ ᠭᠣᠣᠯᠳᠠᠯᠭ᠎ᠠ᠎ᠲᠠᠢ ᠨᠠᠢ᠌ᠳᠠ ᠴᠣᠭᠴᠠ ᠵᠢᠴᠢ ᠪᠤᠰᠤᠳ ᠠᠵᠢᠯ ᠡᠷᠢᠬᠦ ᠬᠡᠷᠡᠭᠴᠡᠭᠡ ᠱᠠᠭ᠋ᠠᠷᠳᠠᠯᠭ᠎ᠠ᠎ᠲᠠᠢ ᠡᠯ᠎ᠡ ᠲᠥᠷᠥᠯ᠎ᠤᠨ ᠬᠥᠮᠥᠰ ᠪᠣᠯᠣᠨ ᠤᠷᠢᠬᠤ ᠬᠡᠷᠡᠭᠴᠡᠭᠡ ᠱᠠᠭ᠋ᠠᠷᠳᠠᠯᠭ᠎ᠠ᠎ᠲᠠᠢ ᠡᠯ᠎ᠡ ᠲᠥᠷᠥᠯ᠎ᠤᠨ ᠬᠥᠮᠥᠨ ᠬᠡᠷᠡᠭᠯᠡᠬᠦ ᠨᠢᠭᠡᠴᠢ᠎ᠳᠤ ᠦᠢ᠍ᠯᠡᠴᠢᠯᠡᠭᠡ ᠬᠠᠩᠭ᠋ᠠᠨ᠎ᠠ᠃ ᠲᠣᠰ ᠠᠵᠢᠯᠯᠠᠭ᠎ᠠ᠎ᠳᠤ 《ᠢᠷᠡᠭᠡᠳᠦᠢ — ᠶᠡᠬᠡ ᠳᠤᠮᠳᠠ ᠬᠣᠲᠠ ᠵᠢᠨ ᠬᠠᠮᠲᠤᠷᠠᠨ ᠳᠡᠭᠡᠳᠦ ᠰᠤᠷᠭ᠋ᠠᠭᠤᠯᠢ ᠲᠡᠭᠦᠰᠦᠭᠰᠡᠳ᠎ᠢ ᠤᠷᠢᠵᠤ ᠬᠡᠷᠡᠭᠯᠡᠬᠦ ᠲᠤᠰᠬᠠᠢ ᠠᠵᠢᠯᠯᠠᠭ᠎ᠠ》 《ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ ᠦᠢ᠍ᠯᠡᠴᠢᠯᠡᠭᠡᠨ᠎ᠤ ᠰᠠᠷ᠎ᠠ》 《ᠵᠠᠭᠤᠨ ᠡᠳᠦᠷ᠎ᠲᠤ ᠮᠢᠩᠭ᠋ᠠᠨ ᠲᠦᠮᠡᠨ ᠬᠥᠮᠥᠨ ᠤᠷᠢᠵᠤ ᠬᠡᠷᠡᠭᠯᠡᠬᠦ ᠲᠤᠰᠬᠠᠢ ᠠᠵᠢᠯᠯᠠᠭ᠎ᠠ》 《ᠠᠵᠢᠯ ᠣᠯᠭᠣᠯᠲᠠ ᠵᠢ ᠠᠬᠢᠭᠤᠯᠬᠤ 〈ᠤᠯᠤᠰ ᠠᠴᠠ ᠤᠷᠢᠵᠤ ᠬᠡᠷᠡᠭᠯᠡᠬᠦ ᠠᠵᠢᠯᠯᠠᠭ᠎ᠠ〉》 ᠵᠡᠷᠭᠡ 4 ᠰᠢᠷᠢᠰ ᠠᠵᠢᠯᠯᠠᠭ᠎ᠠ ᠵᠢ ᠠᠭᠤᠰᠤᠯᠴᠠᠭᠤᠯᠤᠨ ᠥᠷᠨᠢᠭᠦᠯᠵᠦ᠂ 8 ᠰᠠᠷ᠎ᠠ ᠵᠢᠨ ᠰᠡᠭᠦᠯᠴᠢ ᠪᠣᠯᠲᠠᠯ᠎ᠠ ᠦᠷᠭᠦᠯᠵᠢᠯᠡᠨ ᠥᠷᠨᠢᠭᠦᠯᠪᠡ᠃
ᠥᠪᠥᠷ ᠮᠣᠩᠭᠣᠯ᠎ᠤᠨ ᠪᠡᠭᠡᠵᠢᠩ ᠲᠢᠶᠠᠨᠵᠢᠨ ᠾᠧᠪᠧᠢ᠎ᠳᠤ ᠠᠭᠤᠰᠤᠯᠴᠠᠨ ᠣᠷᠣᠬᠤ ᠵᠢ ᠨᠢᠭᠡ ᠴᠣᠭᠴᠠᠵᠢᠭᠤᠯᠬᠤ ᠪᠠᠢ᠌ᠯᠳᠤᠬᠤ ᠪᠣᠳᠣᠯᠭ᠎ᠠ ᠵᠢ ᠲᠦᠷᠭᠡᠳᠬᠡᠨ ᠠᠬᠢᠭᠤᠯᠵᠤ᠂ ᠵᠡᠭᠦᠨ ᠬᠣᠢ᠌ᠲᠤ ᠵᠢᠨ ᠭᠤᠷᠪᠠᠨ ᠮᠤᠵᠢ ᠨᠢᠭᠡ ᠣᠷᠣᠨ᠎ᠤ ᠠᠵᠢᠯ ᠣᠯᠭᠣᠯᠲᠠ ᠠᠳᠠᠯ ᠦᠢ᠍ᠯᠡᠰ ᠴᠣᠭᠴᠠᠯᠠᠬᠤ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠦᠨ᠂ ᠬᠠᠲᠤᠨ ᠭᠣᠣᠯ᠎ᠤᠨ ᠰᠠᠪᠠ ᠭᠠᠵᠠᠷ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠬᠠᠮᠵᠢᠯᠴᠠᠨ ᠬᠥᠭᠵᠢᠬᠦ ᠵᠢ ᠴᠢᠩᠭ᠋ᠠᠳᠬᠠᠵᠤ᠂ ᠣᠷᠣᠨ᠎ᠤ ᠳᠣᠲᠣᠷᠠᠬᠢ ᠵᠡᠭᠦᠨ ᠪᠠᠷᠠᠭᠤᠨ ᠣᠷᠣᠨ᠎ᠤ ᠬᠥᠳᠡᠯᠮᠦᠷᠢ ᠦᠢ᠍ᠯᠡᠴᠢᠯᠡᠭᠡᠨ᠎ᠤ ᠬᠠᠮᠵᠢᠯᠴᠠᠭ᠋ᠠᠨ᠎ᠤ ᠬᠢᠷᠢ ᠲᠦᠪᠰᠢᠨ᠎ᠢ ᠳᠡᠭᠡᠭᠰᠢᠯᠡᠭᠦᠯᠬᠦ ᠵᠡᠷᠭᠡ ᠬᠥᠭᠵᠢᠯᠲᠡ ᠵᠢᠨ 《ᠪᠡᠭᠡᠵᠢᠩ ᠲᠢᠶᠠᠨᠵᠢᠨ ᠾᠧᠪᠧᠢ ᠥᠪᠥᠷ ᠮᠣᠩᠭᠣᠯ᠎ᠤᠨ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠠᠵᠢᠯ ᠣᠯᠭᠣᠬᠤ ᠠᠳᠠᠯ ᠦᠢ᠍ᠯᠡᠰ ᠴᠣᠭᠴᠠᠯᠠᠬᠤ ᠬᠣᠯᠪᠣᠭ᠋ᠠᠨ᠎ᠤ ᠪᠣᠷᠣ ᠲᠥᠯᠥᠪ᠎ᠤᠨ ᠵᠥᠪᠯᠡᠯᠴᠡᠭᠡᠷ》 《ᠬᠠᠲᠤᠨ ᠭᠣᠣᠯ ᠳᠠᠭ᠋ᠠᠤ ᠵᠢᠨ ᠶᠢᠰᠦᠨ ᠮᠤᠵᠢ ᠣᠷᠣᠨ᠎ᠤ ᠳᠡᠭᠡᠳᠦ ᠰᠤᠷᠭ᠋ᠠᠭᠤᠯᠢ ᠲᠡᠭᠦᠰᠦᠭᠰᠡᠳ᠎ᠤᠨ ᠠᠵᠢᠯ ᠣᠯᠭᠣᠬᠤ ᠠᠳᠠᠯ ᠦᠢ᠍ᠯᠡᠰ ᠴᠣᠭᠴᠠᠯᠠᠬᠤ ᠬᠣᠯᠪᠣᠭ᠋ᠠᠨ᠎ᠤ ᠪᠣᠷᠣ ᠲᠥᠯᠥᠪ᠎ᠤᠨ ᠵᠥᠪᠯᠡᠯᠴᠡᠭᠡᠷ》 《ᠵᠡᠭᠦᠨ ᠬᠣᠢ᠌ᠲᠤ ᠵᠢᠨ ᠭᠤᠷᠪᠠᠨ ᠮᠤᠵᠢ ᠨᠢᠭᠡ ᠣᠷᠣᠨ ᠲᠤᠰᠬᠠᠢ ᠣᠷᠣᠨ ᠬᠣᠲᠠ ᠵᠢᠨ ᠱᠠᠲᠤᠨ᠎ᠤ ᠠᠵᠢᠯ ᠣᠯᠭᠣᠬᠤ ᠠᠳᠠᠯ ᠦᠢ᠍ᠯᠡᠰ ᠴᠣᠭᠴᠠᠯᠠᠬᠤ ᠬᠠᠮᠵᠢᠯᠴᠠᠭ᠋ᠠᠨ᠎ᠤ ᠵᠥᠪᠯᠡᠯᠴᠡᠭᠡᠷ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠡᠭᠦᠨ ᠪᠠᠷᠠᠭᠤᠨ ᠣᠷᠣᠨ᠎ᠤ ᠬᠥᠳᠡᠯᠮᠦᠷᠢ ᠦᠢ᠍ᠯᠡᠴᠢᠯᠡᠭᠡᠨ᠎ᠤ ᠬᠠᠮᠵᠢᠯᠴᠠᠭ᠋ᠠᠨ᠎ᠤ ᠵᠥᠪᠯᠡᠯᠴᠡᠭᠡᠷ》 ᠵᠡᠷᠭᠡ 4 ᠵᠦᠢ᠍ᠯ᠎ᠤᠨ ᠵᠥᠪᠯᠡᠯᠴᠡᠭᠡᠷ᠎ᠢ ᠵᠣᠬᠢᠶᠠᠨ ᠪᠠᠢ᠌ᠭᠤᠯᠵᠤ ᠭᠠᠷᠤᠨ ᠦᠰᠦᠭ ᠵᠢᠷᠤᠪᠠ᠃ ᠲᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ ᠣᠷᠣᠨ᠎ᠤ ᠳᠣᠲᠣᠷᠠᠬᠢ ᠳᠠᠯᠳᠠ ᠬᠦᠴᠦᠨ᠎ᠢ ᠠᠭᠤᠳᠠᠯᠬᠤ ᠪᠠ ᠣᠷᠣᠨ᠎ᠤ ᠭᠠᠳᠠᠨᠠᠬᠢ ᠥᠷᠭᠡᠵᠢᠯ᠎ᠢ ᠤᠶᠠᠯᠳᠤᠭᠤᠯᠬᠤ ᠵᠢᠨ ᠲᠣᠭᠣᠷᠢᠨ᠎ᠳᠤ᠂ ᠮᠤ