5 ᠰᠠᠷ᠎ᠠ ᠵᠢᠨ 10᠎ᠤ ᠡᠳᠦᠷ᠂ 3 ᠡᠳᠦᠷ ᠶᠠᠪᠤᠭᠳᠠᠬᠤ ᠬᠣᠶᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ ᠭᠦᠢ᠍ᠶᠠᠩᠳᠤ ᠥᠨᠳᠥᠷᠯᠡᠪᠡ᠃ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ 11 ᠳᠦᠷᠦᠯ ᠵᠦᠢ᠍ᠯ᠎ᠤᠨ ᠮᠥᠷᠥᠢ᠌ᠴᠡᠭᠡᠨ᠎ᠳᠤ᠂ 1 ᠭᠠᠤᠯᠢᠨ ᠮᠧᠳᠠᠯ 8 ᠰᠢᠯᠢᠳᠡᠭ ᠱᠠᠩᠨᠠᠯ ᠣᠯᠵᠤ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠳᠤ ᠰᠢᠯᠢᠳᠡᠭ ᠵᠣᠬᠢᠶᠠᠨ ᠪᠠᠢ᠌ᠭᠤᠯᠬᠤ ᠨᠢᠭᠡᠴᠢ᠎ᠪᠠᠷ ᠱᠠᠩᠨᠠᠭᠳᠠᠪᠠ᠃
ᠴᠠᠬᠢᠯᠭ᠋ᠠᠨ ᠲᠧᠭᠨᠢᠭ᠎ᠤᠨ ᠲᠥᠷᠥᠯ ᠵᠦᠢ᠍ᠯ᠎ᠤᠨ ᠰᠣᠷᠣᠭᠴᠢ ᠵᠢᠨ ᠳᠤᠭᠤᠢ᠌ᠯᠠᠩ᠎ᠤᠨ ᠭᠠᠤᠯᠢᠨ ᠮᠧᠳᠠᠯ ᠬᠦᠷᠲᠡᠭᠴᠢ — ᠰᠥᠩ ᠵᠢᠶᠠ ᠾᠧ
《ᠤᠯᠤᠰ᠎ᠤᠨ ᠤᠷᠤᠯᠳᠤᠭ᠋ᠠᠨ᠎ᠤ ᠲᠠᠢ᠌ᠰᠠᠨ ᠳᠡᠭᠡᠷ᠎ᠡ ᠵᠣᠭᠰᠣᠵᠤ ᠪᠦᠬᠦ ᠤᠯᠤᠰ᠎ᠤᠨ ᠡᠯ᠎ᠡ ᠭᠠᠵᠠᠷ᠎ᠤᠨ ᠮᠡᠷᠭᠡᠵᠢᠯ᠎ᠤᠨ ᠴᠢᠳᠠᠪᠤᠷᠢᠲᠠᠨ᠎ᠲᠠᠢ ᠬᠠᠮᠲᠤ᠎ᠪᠠᠷ ᠮᠥᠷᠥᠢ᠌ᠴᠡᠵᠦ᠂ ᠥᠪᠥᠷ ᠮᠣᠩᠭᠣᠯ᠎ᠳᠤ ᠰᠠᠢ᠍ᠢ᠍ᠨ ᠬᠢᠷᠢ ᠪᠦᠲᠦᠮᠵᠢ ᠣᠯᠵᠤ ᠥᠭᠭᠦᠭᠰᠡᠨ᠎ᠳᠤ ᠪᠢ ᠮᠠᠰᠢ ᠰᠡᠳᠬᠢᠯ ᠳᠣᠭᠳᠣᠯᠵᠤ ᠪᠠᠢ᠌ᠨ᠎ᠠ᠂ ᠮᠥᠨᠴᠦ ᠨᠠᠳᠠ᠎ᠳᠤ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠪᠠ᠂ ᠪᠢ ᠦᠷᠭᠦᠯᠵᠢᠯᠡᠨ ᠤᠷ᠎ᠠ ᠮᠡᠷᠭᠡᠵᠢᠯ᠎ᠤᠨ ᠲᠦᠪᠰᠢᠨ ᠵᠶ᠋ᠡᠨ ᠳᠡᠭᠡᠭᠰᠢᠯᠡᠭᠦᠯᠵᠦ᠂ ᠤᠷ᠎ᠠ ᠮᠡᠷᠭᠡᠵᠢᠯ᠎ᠤᠨ ᠴᠢᠳᠠᠪᠤᠷᠢᠲᠠᠨ ᠪᠣᠯᠬᠤ᠂ ᠤᠷ᠎ᠠ ᠮᠡᠷᠭᠡᠵᠢᠯ᠎ᠤᠨ ᠲᠠᠯ᠎ᠠ᠎ᠪᠠᠷ ᠤᠯᠤᠰ᠎ᠲᠠᠭᠠᠨ ᠵᠢᠳᠬᠦᠬᠦ ᠵᠠᠮ ᠵᠶ᠋ᠠᠷ ᠰᠠᠶ᠋ᠢᠲᠤᠷ ᠵᠠᠮᠨᠠᠨ᠎ᠠ》
ᠨᠠᠰᠤᠵᠢᠯ᠎ᠤᠨ ᠠᠰᠠᠷᠠᠮᠵᠢ ᠵᠢᠨ ᠲᠥᠷᠥᠯ ᠵᠦᠢ᠍ᠯ᠎ᠤᠨ ᠠᠵᠢᠯᠲᠠᠨ ᠠᠵᠢᠯᠴᠢᠨ᠎ᠤ ᠳᠤᠭᠤᠢ᠌ᠯᠠᠩ᠎ᠤᠨ ᠰᠢᠯᠢᠳᠡᠭ ᠱᠠᠩᠨᠠᠯ᠎ᠤᠨ ᠱᠠᠩᠨᠠᠯ ᠬᠦᠷᠲᠡᠭᠴᠢ — ᠵᠠᠩ ᠸᠠᠨ ᠶᠢᠨ
《ᠰᠢᠯᠢᠳᠡᠭ ᠱᠠᠩᠨᠠᠯ ᠣᠯᠣᠭᠰᠠᠨ᠎ᠳᠠᠭᠠᠨ ᠮᠠᠰᠢ ᠪᠠᠶᠠᠷᠲᠠᠢ ᠪᠠᠢ᠌ᠨ᠎ᠠ᠂ ᠰᠤᠷᠭ᠋ᠠᠭᠤᠯᠢ᠎ᠳᠠᠭᠠᠨ ᠬᠠᠷᠢᠭᠰᠠᠨ᠎ᠤ ᠳᠠᠷᠠᠭ᠎ᠠ ᠪᠠᠰᠠ ᠬᠠᠮᠲᠤ ᠰᠤᠷᠤᠭᠴᠢᠳ᠎ᠲᠠᠭᠠᠨ ᠤᠷᠤᠯᠳᠤᠭ᠋ᠠᠨ᠎ᠤ ᠲᠤᠷᠰᠢᠯᠭ᠎ᠠ ᠵᠢ ᠬᠤᠪᠢᠶᠠᠯᠴᠠᠨ ᠥᠭᠴᠦ᠂ ᠰᠤᠷᠤᠭᠴᠢᠳ᠎ᠤᠨ ᠤᠷ᠎ᠠ ᠮᠡᠷᠭᠡᠵᠢᠯ᠎ᠢ ᠰᠠᠶ᠋ᠢᠲᠤᠷ ᠰᠤᠷᠬᠤ ᠵᠣᠷᠢᠭ᠎ᠢ ᠪᠠᠲᠤᠳᠬᠠᠵᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠨ᠎ᠡ》᠃
ᠴᠠᠢ ᠵᠢᠨ ᠤᠷᠠᠯᠢᠭ᠎ᠤᠨ ᠲᠥᠷᠥᠯ ᠵᠦᠢ᠍ᠯ᠎ᠤᠨ ᠠᠵᠢᠯᠲᠠᠨ ᠠᠵᠢᠯᠴᠢᠨ᠎ᠤ ᠳᠤᠭᠤᠢ᠌ᠯᠠᠩ᠎ᠤᠨ ᠰᠢᠯᠢᠳᠡᠭ ᠱᠠᠩᠨᠠᠯ ᠬᠦᠷᠲᠡᠭᠴᠢ — ᠦ᠋ ᠵᠢᠶᠠ ᠴᠧᠩ
《ᠪᠢ ᠦᠷᠭᠦᠯᠵᠢᠯᠡᠨ ᠴᠠᠢ ᠵᠢᠨ ᠤᠷᠠᠯᠢᠭ᠎ᠤᠨ ᠵᠠᠮ ᠵᠶ᠋ᠠᠷ ᠵᠣᠷᠢᠭᠲᠠᠢ᠎ᠪᠠᠷ ᠰᠢᠨ᠎ᠡ ᠵᠢ ᠡᠭᠦᠳᠴᠦ᠂ ᠨᠡᠩ ᠤᠯᠠᠨ ᠬᠥᠮᠥᠰ᠎ᠤᠨ ᠰᠡᠳᠬᠢᠯ᠎ᠢ ᠬᠥᠳᠡᠯᠭᠡᠮ᠎ᠡ ᠪᠦᠲᠦᠭᠡᠯ᠎ᠢ ᠵᠣᠬᠢᠶᠠᠨ ᠪᠦᠲᠦᠭᠡᠵᠦ᠂ ᠲᠤᠬᠠᠢ᠌ᠯᠠᠭᠰᠠᠨ ᠠᠵᠢᠯ᠎ᠤᠨ ᠤᠷ᠎ᠠ ᠴᠢᠳᠠᠪᠤᠷᠢ ᠪᠣᠯᠣᠨ ᠴᠠᠢ ᠵᠢᠨ ᠤᠷᠠᠯᠢᠭ᠎ᠤᠨ ᠰᠣᠶᠣᠯ᠎ᠤᠨ ᠬᠥᠭᠵᠢᠯᠲᠡ ᠵᠢ ᠠᠬᠢᠭᠤᠯᠬᠤ᠎ᠳᠤ ᠥᠪᠡᠷ᠎ᠤᠨ ᠬᠦᠴᠦᠨ ᠴᠢᠳᠠᠯ ᠵᠶ᠋ᠠᠨ ᠡᠷᠭᠦᠨ᠎ᠡ》
《ᠲᠣᠰ ᠤᠳᠠᠭ᠋ᠠᠨ᠎ᠤ ᠤᠷᠤᠯᠳᠤᠭ᠋ᠠᠨ᠎ᠳᠤ ᠣᠷᠣᠯᠴᠠᠬᠤ᠎ᠪᠠᠷ ᠳᠡᠮᠵᠢᠨ᠂ ᠨᠢᠭᠡ ᠪᠦᠯᠦᠭ ᠵᠠᠯᠠᠭᠤ ᠤᠷ᠎ᠠ ᠴᠢᠳᠠᠪᠤᠷᠢ ᠵᠢᠨ ᠴᠢᠳᠠᠪᠤᠷᠢᠲᠠᠨ ᠴᠣᠯᠭᠣᠷᠠᠨ ᠭᠠᠷᠴᠤ᠂ ᠤᠷ᠎ᠠ ᠴᠢᠳᠠᠪᠤᠷᠢ ᠵᠢᠨ ᠤᠷᠤᠯᠳᠤᠭ᠋ᠠᠨ᠎ᠳᠤ ᠲᠦᠰᠢᠭᠯᠡᠨ ᠤᠷ᠎ᠠ ᠴᠢᠳᠠᠪᠤᠷᠢ ᠵᠢᠨ ᠬᠢᠷᠢ ᠲᠦᠪᠰᠢᠨ ᠵᠶ᠋ᠡᠨ ᠳᠡᠭᠡᠭᠰᠢᠯᠡᠭᠦᠯᠵᠦ᠂ ᠨᠠᠩ ᠤᠯᠠᠨ ᠬᠥᠳᠡᠭᠡ ᠲᠣᠰᠬᠤᠨ᠎ᠤ ᠤᠷᠠᠴᠤᠳᠢ ᠠᠭᠤᠳᠠᠯᠤᠨ ᠭᠠᠷᠭ᠋ᠠᠵᠤ᠂ ᠤᠷ᠎ᠠ ᠴᠢᠳᠠᠪᠤᠷᠢ ᠵᠢᠨ ᠴᠢᠳᠠᠪᠤᠷᠢᠲᠠᠨ ᠵᠶ᠋ᠠᠷ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ 〈ᠲᠣᠮᠣ ᠲᠠᠪᠴᠠᠩ〉᠎ᠢ ᠭᠢᠯᠠᠯᠵᠠᠭᠤᠯᠵᠤ᠂ ᠨᠡᠢ᠌ᠭᠡᠮ ᠳᠠᠶᠠᠭ᠋ᠠᠷ᠎ᠲᠤ ᠤᠷ᠎ᠠ ᠴᠢᠳᠠᠪᠤᠷᠢ ᠵᠢᠨ ᠴᠢᠳᠠᠪᠤᠷᠢᠲᠠᠨ ᠪᠣᠯᠬᠤ ᠭᠦᠨ ᠵᠤᠵᠠᠭ᠋ᠠᠨ ᠠᠭᠤᠷ ᠠᠮᠢᠰᠬᠤᠯ᠎ᠢ ᠪᠤᠢ ᠪᠣᠯᠭ᠋ᠠᠬᠤ ᠪᠣᠯᠣᠨ᠎ᠠ》 ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠠᠵᠢᠯ ᠮᠡᠷᠭᠡᠵᠢᠯ᠎ᠤᠨ ᠴᠢᠳᠠᠪᠤᠷᠢ ᠵᠢᠨ ᠪᠠᠢ᠌ᠭᠤᠯᠤᠯᠲᠠ ᠵᠢᠨ ᠭᠠᠵᠠᠷ᠎ᠤᠨ ᠳᠠᠷᠤᠭ᠎ᠠ ᠵᠠᠩ ᠰᠢᠶᠣᠣ ᠳ᠋ᠦᠩ ᠢᠯᠡᠷᠬᠡᠢ᠌ᠯᠡᠬᠦ᠎ᠳᠡᠭᠡᠨ᠂ ᠲᠠᠷᠠᠭ᠋ᠠᠴᠢ ᠵᠢᠨ ᠠᠯᠬᠤᠮ᠎ᠳᠤ ᠲᠤᠰᠬᠠᠢ ᠲᠥᠯᠥᠪᠯᠡᠭᠡ ᠵᠢ ᠬᠡᠷᠡᠭᠵᠢᠭᠦᠯᠬᠦ᠂ ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ ᠵᠢᠨ ᠰᠣᠷᠣᠭᠴᠢ ᠡᠯᠰᠡᠬᠦ ᠵᠢ ᠴᠢᠩᠭ᠋ᠠᠳᠬᠠᠬᠤ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠬᠦ ᠵᠢ ᠴᠢᠩᠭ᠋ᠠᠳᠬᠠᠬᠤ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠮᠠᠯᠵᠢᠬᠤ ᠲᠠᠷᠢᠶᠠᠯᠠᠬᠤ ᠣᠷᠣᠨ᠎ᠤ ᠬᠥᠳᠡᠯᠮᠦᠷᠢ ᠬᠦᠴᠦᠨ᠎ᠤ ᠮᠡᠷᠭᠡᠵᠢᠯ᠎ᠤᠨ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠡᠷᠭᠡᠵᠢᠯ᠎ᠤᠨ ᠴᠢᠳᠠᠪᠤᠷᠢᠲᠠᠨ ᠵᠶ᠋ᠠᠷ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠳᠤ ᠬᠥᠳᠡᠯᠭᠡᠭᠴᠢ ᠡᠨᠧᠷᠭᠢ ᠨᠡᠮᠡᠷᠢᠯᠡᠭᠦᠯᠦᠨᠡ ᠭᠡᠵᠡᠢ᠃