ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠰᠣᠨᠢᠨ ᠮᠡᠳᠡᠭᠡ   -   ᠵᠢᠷᠤᠬᠲᠦ᠍ ᠨᠡᠶ᠋ᠢᠳᠡᠯᠡᠯ
ᠥᠪᠥᠷ ᠮᠣᠩᠭᠣᠯ᠎ᠤᠨ ᠤᠷ᠎ᠠ ᠮᠡᠷᠭᠡᠰᠢᠯ ᠬᠣᠶᠠᠳᠤᠭ᠋ᠠᠷ ᠬᠤᠭᠤᠴᠠᠭ᠋ᠠᠨ᠎ᠤ 《ᠨᠢᠭᠡ ᠪᠦᠰᠡ ᠨᠢᠭᠡ ᠵᠠᠮ》᠎ᠤᠨ ᠤᠯᠠᠨ ᠤᠯᠤᠰ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠳᠤ ᠢᠯᠡᠷᠡᠪᠡ
ᠨᠡᠶ᠋ᠢᠲᠡᠯᠡᠭᠰᠡᠨ ᠴᠠᠭ᠄ 2024-07-17

      6 ᠰᠠᠷ᠎ᠠ ᠵᠢᠨ 24᠎ᠤ ᠡᠳᠦᠷ᠂ ᠬᠣᠶᠠᠳᠤᠭ᠋ᠠᠷ ᠬᠤᠭᠤᠴᠠᠭ᠋ᠠᠨ᠎ᠤ 《ᠨᠢᠭᠡ ᠪᠦᠰᠡ ᠨᠢᠭᠡ ᠵᠠᠮ》᠎ᠤᠨ ᠤᠯᠠᠨ ᠤᠯᠤᠰ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ ᠴᠦᠩᠴᠢᠩ᠎ᠤᠨ ᠤᠯᠠᠨ ᠤᠯᠤᠰ᠎ᠤᠨ ᠦᠵᠡᠰᠬᠦᠯᠡᠩ᠎ᠤᠨ ᠲᠥᠪ᠎ᠲᠤ ᠡᠬᠢᠯᠡᠪᠡ᠃ ᠥᠪᠥᠷ ᠮᠣᠩᠭᠣᠯ᠎ᠤᠨ ᠣᠨᠴᠠᠯᠢᠭᠲᠤ ᠤᠷ᠎ᠠ ᠮᠡᠷᠭᠡᠰᠢᠯ 《ᠪᠦᠯᠬᠦᠮ ᠪᠠᠢ᠌ᠭᠤᠯᠤᠨ》 ᠤᠷᠤᠯᠳᠤᠭ᠋ᠠᠨ᠎ᠳᠤ ᠣᠷᠣᠯᠴᠠᠵᠤ᠂ ᠤᠷ᠎ᠠ ᠮᠡᠷᠭᠡᠰᠢᠯ᠎ᠤᠨ ᠴᠣᠭ ᠵᠢᠪᠬᠤᠭ᠎ᠠ ᠪᠠ ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢᠨ ᠦᠷ᠎ᠡ ᠪᠦᠲᠦᠭᠡᠯ᠎ᠢ ᠪᠥᠬᠥ ᠲᠠᠯ᠎ᠠ᠎ᠪᠠᠷ ᠳᠡᠯᠭᠡᠨ ᠦᠵᠡᠭᠦᠯᠪᠡ᠃

图片01.jpg

      ᠶᠠᠰᠤ ᠴᠢᠨᠠᠷ᠎ᠨᠢ ᠨᠠᠷᠢᠯᠢᠭ ᠵᠥᠭᠡᠯᠡᠨ ᠬᠠᠰ ᠴᠢᠯᠠᠭᠤᠨ ᠰᠡᠢ᠌ᠯᠦᠮᠡᠯ᠂ ᠨᠠᠷᠢᠯᠢᠭ ᠬᠢᠴᠡ᠎ᠲᠠᠢ ᠥᠪᠡᠷᠮᠢᠴᠡ ᠠᠷᠠᠰᠤᠨ ᠰᠡᠢ᠌ᠯᠦᠮᠡᠯ᠂ ᠠᠮᠢᠳᠤ ᠳᠦᠷᠰᠦᠯᠢᠭ ᠬᠤᠯᠤᠰᠤᠨ ᠵᠢᠷᠤᠭ᠂ ᠠᠩᠬᠢᠯᠤᠮ᠎ᠠ ᠰᠠᠢ᠌ᠬᠠᠨ ᠶᠤᠤᠮᠠᠢ ᠵᠢᠨ ᠭᠤᠯᠢᠷ᠎ᠤᠨ ᠠᠮᠲᠠᠲᠤ ᠢᠳᠡᠭᠡᠨ ᠁ ᠥᠪᠥᠷ ᠮᠣᠩᠭᠣᠯ᠎ᠤᠨ ᠤᠷ᠎ᠠ ᠮᠡᠷᠭᠡᠵᠢᠯ᠎ᠤᠨ ᠦᠷ᠎ᠡ ᠪᠦᠲᠦᠭᠡᠯ᠎ᠤᠨ ᠦᠵᠡᠭᠦᠯᠭᠡ ᠵᠢᠨ ᠲᠣᠭᠣᠷᠢᠭ᠎ᠲᠤ ᠣᠷᠣᠪᠠᠯ᠂ ᠢᠷᠠᠭᠤ ᠰᠠᠢ᠌ᠬᠠᠨ ᠮᠣᠷᠢᠨ ᠬᠤᠭᠤᠷ᠎ᠤᠨ ᠡᠭᠡᠰᠢᠭ᠂ ᠥᠪᠥᠷ ᠮᠣᠩᠭᠣᠯ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠯᠠᠮᠵᠢᠯᠠᠭᠴᠢ ᠵᠢᠨ ᠭᠠᠷ ᠵᠶ᠋ᠡᠷ ᠬᠢᠭᠰᠡᠨ ᠰᠦ᠎ᠲᠠᠢ ᠴᠠᠢ᠂ ᠶᠤᠤᠮᠠᠢ ᠵᠢᠨ ᠭᠤᠯᠢᠷ᠂ ᠤᠷ᠎ᠠ ᠮᠡᠷᠭᠡᠵᠢᠯ᠎ᠤᠨ ᠶᠡᠬᠡ ᠪᠠᠭᠰᠢᠲᠠᠨ᠎ᠤ ᠭᠠᠷ ᠵᠶ᠋ᠠᠷ ᠠᠮᠢᠯᠠᠭᠰᠠᠨ ᠬᠠᠰ ᠰᠡᠢ᠌ᠯᠦᠮᠡᠯ᠂ ᠮᠣᠷᠢᠨ ᠬᠤᠭᠤᠷ᠂ ᠬᠤᠯᠤᠰᠤᠨ ᠵᠢᠷᠤᠭ ᠵᠡᠷᠭᠡ ᠥᠪᠡᠷᠮᠢᠴᠡ ᠣᠨᠴᠠᠯᠢᠭ᠎ᠲᠠᠢ ᠤᠷ᠎ᠠ ᠮᠡᠷᠭᠡᠵᠢᠯ᠎ᠨᠢ ᠤᠯᠠᠨ ᠤᠯᠤᠰ᠎ᠤᠨ ᠤᠷᠤᠯᠳᠤᠭ᠋ᠠᠨ᠎ᠤ ᠲᠠᠯᠠᠪᠤᠷ᠎ᠲᠠᠬᠢ ᠨᠢᠭᠡᠨ ᠭᠣᠢ᠌ᠳᠠ ᠰᠠᠢ᠌ᠬᠠᠨ ᠦᠵᠡᠮᠵᠢ ᠵᠢᠨ ᠣᠷᠣᠨ ᠪᠣᠯᠵᠤ᠂ ᠳᠤᠮᠳᠠᠳᠤ ᠭᠠᠳᠠᠭ᠋ᠠᠳᠤ ᠵᠢᠨ ᠦᠵᠡᠭᠴᠢᠳ᠎ᠤᠨ ᠰᠣᠨᠢᠷᠬᠠᠯ᠎ᠢ ᠲᠠᠲᠠᠭᠰᠠᠨ ᠪᠠᠢ᠌ᠨ᠎ᠠ᠃

图片02.jpg


图片03.jpg


图片04.jpg


      《ᠡᠨᠡ ᠡᠮᠡᠭᠡᠯ ᠪᠣᠯ ᠲᠤᠰᠬᠠᠢ᠌ᠯᠠᠨ ᠲᠣᠰ ᠤᠳᠠᠭ᠋ᠠᠨ᠎ᠤ ᠤᠷᠤᠯᠳᠤᠭ᠋ᠠᠨ᠎ᠳᠤ ᠳᠡᠯᠭᠡᠨ ᠦᠵᠡᠭᠦᠯᠬᠦ᠎ᠪᠠᠷ ᠰᠡᠢ᠌ᠯᠵᠦ ᠪᠦᠲᠦᠭᠡᠭᠰᠡᠨ ᠶᠤᠮ᠂ ᠵᠥᠭᠡᠯᠡᠨ ᠭᠦᠳᠦᠭᠦᠷ ᠰᠡᠢ᠌ᠯᠦᠮᠡᠯ ᠭᠡᠬᠦ ᠠᠯᠳᠠᠷ᠎ᠲᠠᠢ ᠠᠷᠠᠰᠤᠨ ᠰᠡᠢ᠌ᠯᠦᠮᠡᠯ᠎ᠤᠨ ᠤᠷ᠎ᠠ ᠮᠡᠷᠭᠡᠰᠢᠯ ᠮᠥᠨ᠂ ᠠᠷᠪᠠ ᠭᠠᠷᠤᠢ ᠵᠦᠢ᠍ᠯ᠎ᠤᠨ ᠤᠷᠠᠯᠠᠬᠤ ᠲᠡᠰ ᠳᠠᠷᠠᠭ᠋ᠠᠯᠠᠯ᠎ᠢ ᠥᠩᠭᠡᠷᠡᠭᠡᠬᠦ ᠴᠢᠬᠤᠯᠠᠲᠠᠢ᠂ ᠡᠮᠡᠭᠡᠯ᠎ᠤᠨ ᠭᠠᠷ ᠤᠷᠠᠯᠠᠯ ᠤᠷᠤᠯᠳᠤᠳᠠᠭ ᠬᠥᠮᠥᠰ᠎ᠲᠤ ᠲᠤᠢ᠌ᠯ᠎ᠤᠨ ᠥᠨᠳᠥᠷ ᠮᠡᠷᠭᠡᠵᠢᠯ᠎ᠤᠨ ᠱᠠᠭ᠋ᠠᠷᠳᠠᠯᠭ᠎ᠠ᠎ᠲᠠᠢ ᠶᠤᠮ ᠁》 ᠠᠷᠠᠰᠤᠨ ᠰᠡᠢ᠌ᠯᠦᠮᠡᠯ᠎ᠤᠨ ᠦᠵᠡᠭᠦᠯᠭᠡ ᠵᠢᠨ ᠲᠠᠢ᠌ᠰᠠᠨ᠎ᠤ ᠡᠮᠦᠨ᠎ᠡ᠂ ᠪᠣᠳᠠᠰ᠎ᠤᠨ ᠪᠤᠰᠤ ᠰᠣᠶᠣᠯ᠎ᠤᠨ ᠤᠯᠠᠮᠵᠢᠯᠠᠭᠴᠢ ᠴᠢᠷᠮᠠᠢ᠍ᠢ᠍ᠯᠲᠦ ᠭᠤᠸᠠᠢ ᠶᠠᠭ ᠠᠷᠠᠰᠤᠨ ᠰᠡᠢ᠌ᠯᠦᠮᠡᠯ᠎ᠤᠨ ᠤᠷ᠎ᠠ ᠮᠡᠷᠭᠡᠰᠢᠯ᠎ᠢ ᠲᠠᠨᠢᠯᠴᠠᠭᠤᠯᠵᠤ ᠪᠠᠶ᠋ᠢᠪᠠ᠃ ᠨᠥᠭᠥᠭᠡ ᠲᠠᠯ᠎ᠠ᠎ᠳᠤᠨᠢ᠂ ᠬᠠᠰ ᠴᠢᠯᠠᠭᠤᠨ ᠰᠡᠢ᠌ᠯᠦᠮᠡᠯ᠎ᠤᠨ ᠪᠦᠲᠦᠭᠡᠯ ᠴᠦ᠍ ᠬᠥᠮᠥᠰ᠎ᠤᠨ ᠰᠣᠨᠢᠷᠬᠠᠯ᠎ᠢ ᠲᠠᠲᠠᠵᠤ᠂ ᠤᠯᠠᠨ ᠵᠶ᠋ᠠᠷ ᠵᠶ᠋ᠠᠨ 《ᠱᠧ᠎ᠲᠠᠢ ᠨᠣᠭᠣᠭ᠋ᠠᠨ ᠬᠠᠰ᠎ᠤᠨ ᠮᠣᠷᠢᠨ ᠬᠤᠭᠤᠷ》 ᠰᠡᠢ᠌ᠯᠬᠦ ᠶᠠᠪᠤᠴᠠ᠂ ᠠᠷᠤ ᠥᠯᠢᠭᠡᠷ᠎ᠢ ᠰᠣᠨᠢᠷᠬᠠᠨ ᠠᠰᠠᠭᠤᠵᠤ ᠪᠠᠢ᠌ᠯ᠎ᠠ᠃ 《ᠪᠢᠳᠡ ᠤᠯᠠᠮᠵᠢᠯᠠᠯᠲᠤ ᠮᠣᠷᠢᠨ ᠬᠤᠭᠤᠷ᠎ᠤᠨ ᠣᠬᠢ ᠰᠣᠳᠣ ᠵᠢ ᠱᠧ᠎ᠲᠠᠢ ᠨᠣᠭᠣᠭ᠋ᠠᠨ ᠬᠠᠰ᠎ᠤᠨ ᠭᠤᠸ᠎ᠠ ᠰᠠᠢ᠌ᠬᠠᠨ᠎ᠯᠤᠭ᠎ᠠ ᠤᠷᠠᠨ ᠵᠶ᠋ᠠᠷ ᠠᠭᠤᠰᠬᠠᠭᠰᠠᠨ ᠵᠶ᠋ᠠᠷ ᠪᠠᠷᠠᠬᠤ ᠦᠭᠡᠢ᠂ ᠨᠡᠩ ᠴᠤ᠌ ᠤᠯᠠᠮᠵᠢᠯᠠᠯᠲᠤ ᠮᠣᠳᠣᠨ ᠬᠥᠭᠵᠢᠮᠳᠡᠭᠦᠷ᠎ᠢ ᠬᠠᠰ ᠴᠢᠯᠠᠭᠤᠨ᠎ᠤ ᠡᠷᠬᠢᠮ ᠬᠡᠭᠡᠨᠴᠢᠷ᠎ᠤᠨ ᠳᠡᠭᠡᠳᠦ ᠬᠡᠮᠵᠢᠶᠡᠨ᠎ᠳᠤ ᠬᠦᠷᠭᠡᠭᠰᠡᠨ ᠪᠠᠢ᠌ᠨ᠎ᠠ》 ᠤᠷᠠᠳ᠎ᠤᠨ ᠡᠮᠦᠨᠡᠲᠦ ᠬᠣᠰᠢᠭᠤᠨ᠎ᠤ ᠬᠠᠰ ᠰᠡᠢ᠌ᠯᠦᠮᠡᠯᠴᠢᠨ ᠯᠢ ᠱᠤ᠌ ᠫᠢᠩ᠂ ᠤᠯᠠᠮᠵᠢᠯᠠᠯᠲᠤ ᠭᠠᠷ ᠤᠷᠠᠯᠠᠯ ᠪᠣᠯᠣᠨ ᠣᠲᠣ ᠦᠶ᠎ᠡ ᠵᠢᠨ ᠵᠢᠷᠤᠭ ᠲᠥᠯᠥᠪᠯᠡᠭᠡ ᠵᠢᠨ ᠣᠢ᠌ᠯᠠᠭ᠋ᠠᠭᠳᠠᠬᠤᠨ ᠵᠶ᠋ᠠᠷ ᠬᠠᠰ ᠰᠡᠢ᠌ᠯᠦᠮᠡᠯ᠎ᠤᠨ ᠤᠷᠠᠯᠢᠭ᠎ᠢ ᠵᠠᠯᠭ᠋ᠠᠮᠵᠢᠯᠠᠨ ᠬᠥᠭᠵᠢᠭᠦᠯᠵᠦ᠂ ᠱᠧ᠎ᠲᠠᠢ ᠨᠣᠭᠣᠭ᠋ᠠᠨ ᠬᠠᠰ᠎ᠲᠤ ᠡᠴᠢᠨ᠎ᠡ ᠣᠨᠴᠠᠭ᠋ᠠᠢ ᠭᠡᠷᠡᠯ ᠭᠢᠯᠪᠠᠭ᠎ᠠ ᠣᠯᠭᠣᠭᠰᠠᠨ ᠪᠠᠢ᠌ᠨ᠎ᠠ ᠭᠡᠵᠦ ᠢᠯᠡᠳᠬᠡᠪᠡ᠃
      ᠲᠤᠰ ᠬᠤᠭᠤᠴᠠᠭ᠋ᠠᠨ᠎ᠤ ᠤᠷᠤᠯᠳᠤᠭ᠋ᠠᠨ ᠬᠣᠶᠠᠷ ᠡᠳᠦᠷ ᠶᠠᠪᠤᠭᠳᠠᠵᠤ᠂ 《ᠤᠷ᠎ᠠ ᠮᠡᠷᠭᠡᠵᠢᠯ ᠵᠶ᠋ᠠᠷ ᠬᠠᠮᠲᠤᠷᠠᠯᠴᠠᠵᠤ · ᠬᠠᠮᠲᠤ᠎ᠪᠠᠷ ᠬᠥᠭᠵᠢᠬᠦ》 ᠭᠡᠬᠦ ᠭᠣᠣᠯ ᠰᠡᠳᠦᠪ᠎ᠤᠨ ᠲᠣᠭᠣᠷᠢᠨ᠎ᠳᠤ ᠶᠠᠪᠤᠭᠳᠠᠵᠤ᠂ ᠥᠪᠥᠷ ᠮᠣᠩᠭᠣᠯ᠎ᠤᠨ ᠠᠷᠠᠰᠤᠨ ᠰᠡᠢ᠌ᠯᠦᠮᠡᠯ᠂ ᠬᠠᠰ ᠰᠡᠢ᠌ᠯᠦᠮᠡᠯ᠂ ᠮᠣᠷᠢᠨ ᠬᠤᠭᠤᠷ᠂ ᠬᠤᠯᠤᠰᠤᠨ ᠵᠢᠷᠤᠭ ᠵᠡᠷᠭᠡ 8 ᠵᠦᠢ᠍ᠯ᠎ᠤᠨ ᠤᠷ᠎ᠠ ᠮᠡᠷᠭᠡᠰᠢᠯ ᠳᠡᠯᠭᠡᠨ ᠦᠵᠡᠭᠦᠯᠭᠡ᠎ᠳᠤ ᠣᠷᠣᠯᠴᠠᠵᠠᠢ᠃

 

ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            