ᠡᠯ᠎ᠡ ᠠᠶ᠋ᠢᠮᠠᠭ ᠬᠣᠲᠠ ᠵᠢᠨ ᠨᠠᠮ᠎ᠤᠨ ᠬᠣᠷᠢᠶ᠎ᠠ ᠵᠢᠨ ᠵᠣᠬᠢᠶᠠᠨ ᠪᠠᠢ᠌ᠭᠤᠯᠬᠤ ᠬᠡᠯᠲᠡᠰ᠂ ᠰᠦᠯᠵᠢᠶᠡᠨ᠎ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠵᠢᠨ ᠵᠥᠪᠯᠡᠯ᠎ᠤᠨ ᠠᠯᠪᠠᠨ ᠭᠡᠷ᠂ ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠰᠤᠷᠭ᠋ᠠᠨ ᠬᠥᠮᠦᠵᠢᠯ᠎ᠤᠨ ᠲᠣᠪᠴᠢᠶ᠎ᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠣᠪᠴᠢᠶ᠎ᠠ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠣᠪᠴᠢᠶ᠎ᠠ᠂ ᠳ᠋ᠠᠢ᠌ᠲ᠋ᠠ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠂ ᠡᠯ᠎ᠡ ᠠᠶ᠋ᠢᠮᠠᠭ ᠬᠣᠲᠠ ᠵᠢᠨ ᠠᠵᠢᠯᠴᠢᠨ᠎ᠤ ᠶᠡᠷᠦᠩᠬᠡᠢ ᠡᠪᠯᠡᠯ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ᠄
ᠡᠳᠦᠭᠡ ᠲᠠᠨᠠᠷ᠎ᠲᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠋ᠠᠴᠢᠯᠠᠭᠰᠠᠨ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠬᠦ ᠵᠢ ᠲᠦᠷᠭᠡᠳᠬᠡᠵᠦ ᠲᠣᠭ᠋ᠠᠴᠢᠯᠠᠭᠰᠠᠨ ᠠᠵᠤ ᠠᠬᠤᠢ ᠵᠢᠨ ᠬᠥᠭᠵᠢᠯᠲᠡ ᠵᠢ ᠲᠤᠯᠭ᠋ᠠᠭᠤᠷᠢᠯᠠᠬᠤ ᠠᠵᠢᠯᠯᠠᠭ᠎ᠠ ᠵᠢᠨ ᠬᠡᠷᠡᠭᠵᠢᠭᠦᠯᠬᠦ ᠲᠥᠰᠥᠯ (2024 — 2026 ᠣᠨ)》᠎ᠢ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ ᠨᠠᠷᠢᠨ ᠬᠢᠨᠠᠮᠠᠭ᠋ᠠᠢ ᠵᠣᠬᠢᠶᠠᠨ ᠪᠠᠢ᠌ᠭᠤᠯᠤᠨ ᠬᠡᠷᠡᠭᠵᠢᠭᠦᠯᠲᠦᠭᠡᠢ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ ᠵᠢᠨ ᠵᠣᠬᠢᠶᠠᠨ ᠪᠠᠢ᠌ᠭᠤᠯᠬᠤ ᠬᠡᠯᠲᠡᠰ
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ ᠵᠢᠨ ᠰᠦᠯᠵᠢᠶᠡᠨ᠎ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠵᠢᠨ ᠵᠥᠪᠯᠡᠯ᠎ᠤᠨ ᠠᠯᠪᠠᠨ ᠭᠡᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠬᠢᠭᠡᠳ ᠳ᠋ᠠᠢ᠌ᠲ᠋ᠠ ᠵᠢᠨ ᠬᠠᠮᠢᠶᠠᠷᠤᠯᠲᠠ ᠵᠢᠨ ᠲᠣᠪᠴᠢᠶ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ
2024 ᠣᠨ᠎ᠤ 9 ᠰᠠᠷ᠎ᠠ ᠵᠢᠨ 5᠎ᠤ ᠡᠳᠦᠷ
(ᠲᠤᠰ ᠮᠠᠲ᠋ᠧᠷᠢᠶᠠᠯ᠎ᠢ ᠰᠠᠨᠠᠭ᠋ᠠᠴᠢᠯᠠᠭ᠎ᠠ᠎ᠲᠠᠢ᠎ᠪᠠᠷ ᠢᠯᠡ ᠪᠣᠯᠭ᠋ᠠᠪᠠ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠋ᠠᠴᠢᠯᠠᠭᠰᠠᠨ ᠮᠡᠷᠭᠡᠵᠢᠯ᠎ᠤᠨ ᠴᠢᠳᠠᠪᠤᠷᠢᠲᠠᠨ᠎ᠢ ᠲᠦᠷᠭᠡᠳᠬᠡᠨ ᠬᠥᠮᠥᠵᠢᠭᠦᠯᠵᠦ ᠲᠣᠭ᠋ᠠᠴᠢᠯᠠᠭᠰᠠᠨ ᠠᠵᠤ ᠠᠬᠤᠢ ᠵᠢᠨ ᠬᠥᠭᠵᠢᠯᠲᠡ ᠵᠢ ᠲᠤᠯᠭ᠋ᠠᠭᠤᠷᠢᠯᠠᠬᠤ ᠠᠵᠢᠯᠯᠠᠭ᠎ᠠ ᠵᠢᠨ ᠬᠡᠷᠡᠭᠵᠢᠭᠦᠯᠬᠦ ᠲᠥᠰᠥᠯ
(2024 — 2026 ᠣᠨ)
ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ ᠵᠡᠷᠭᠡ ᠶᠢᠰᠦᠨ ᠰᠠᠯᠠᠭ᠎ᠠ ᠮᠥᠴᠢᠷ᠎ᠤᠨ 《ᠲᠣᠭ᠋ᠠᠴᠢᠯᠠᠭᠰᠠᠨ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠬᠦ ᠵᠢ ᠲᠦᠷᠭᠡᠳᠬᠡᠵᠦ ᠲᠣᠭ᠋ᠠᠴᠢᠯᠠᠭᠰᠠᠨ ᠠᠵᠤ ᠠᠬᠤᠢ ᠵᠢᠨ ᠬᠥᠭᠵᠢᠯᠲᠡ ᠵᠢ ᠲᠤᠯᠭ᠋ᠠᠭᠤᠷᠢᠯᠠᠬᠤ ᠠᠵᠢᠯᠯᠠᠭ᠎ᠠ ᠵᠢᠨ ᠲᠥᠰᠥᠯ (2024 — 2026 ᠣᠨ)》 (ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ ᠲᠠᠷᠬᠠᠭ᠋ᠠᠪᠠ [2024] 37 ᠳ᠋ᠤᠭ᠋ᠠᠷ ᠲᠣᠭ᠋ᠠᠲᠤ)᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ 《ᠰᠣᠳᠣᠨ ᠴᠢᠳᠠᠪᠤᠷᠢᠲᠠᠨ ᠵᠶ᠋ᠠᠷ ᠥᠪᠥᠷ ᠮᠣᠩᠭᠣᠯ ᠵᠶ᠋ᠠᠨ ᠬᠥᠭᠵᠢᠭᠦᠯᠬᠦ》 ᠢᠨᠵᠧᠨᠧᠷᠢᠩ᠎ᠢ ᠬᠡᠷᠡᠭᠵᠢᠭᠦᠯᠦᠨ᠂ ᠲᠣᠭ᠋ᠠᠴᠢᠯᠠᠭᠰᠠᠨ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠬᠦ ᠵᠢ ᠲᠦᠷᠭᠡᠳᠬᠡᠵᠦ᠂ ᠰᠢᠨ᠎ᠡ ᠴᠢᠨᠠᠷᠯᠢᠭ ᠦᠢ᠍ᠯᠡᠳᠪᠦᠷᠢᠯᠡᠯ᠎ᠤᠨ ᠬᠦᠴᠦᠨ᠎ᠢ ᠪᠤᠢ ᠪᠣᠯᠭ᠋ᠠᠬᠤ ᠵᠢ ᠠᠬᠢᠭᠤᠯᠵᠤ᠂ ᠮᠠᠨ᠎ᠤ ᠣᠷᠣᠨ᠎ᠤ ᠲᠣᠭ᠋ᠠᠴᠢᠯᠠᠭᠰᠠᠨ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠵᠢᠨ ᠲᠥᠯᠥᠭᠡ ᠲᠣᠰ ᠬᠡᠷᠡᠭᠵᠢᠭᠦᠯᠬᠦ ᠲᠥᠰᠥᠯ᠎ᠢ ᠲᠣᠭᠲᠠᠭ᠋ᠠᠪᠠ᠃
ᠨᠢᠭᠡ᠂ ᠶᠡᠷᠦᠩᠬᠡᠢ ᠬᠠᠷᠠᠯᠲᠠ
ᠲᠣᠭ᠋ᠠᠴᠢᠯᠠᠭᠰᠠᠨ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠬᠦ ᠵᠢ ᠲᠦᠷᠭᠡᠳᠬᠡᠵᠦ ᠲᠣᠭ᠋ᠠᠴᠢᠯᠠᠭᠰᠠᠨ ᠠᠵᠤ ᠠᠬᠤᠢ ᠵᠢᠨ ᠬᠥᠭᠵᠢᠯᠲᠡ ᠵᠢ ᠲᠤᠯᠭ᠋ᠠᠭᠤᠷᠢᠯᠠᠬᠤ ᠠᠵᠢᠯᠯᠠᠭ᠎ᠠ ᠵᠢ ᠬᠡᠷᠡᠭᠵᠢᠭᠦᠯᠵᠦ᠂ ᠲᠣᠭ᠋ᠠᠴᠢᠯᠠᠭᠰᠠᠨ ᠠᠵᠤ ᠦᠢ᠍ᠯᠡᠰᠵᠢᠯᠲᠡ ᠪᠠ ᠠᠵᠤ ᠦᠢ᠍ᠯᠡᠰ᠎ᠤᠨ ᠲᠣᠭ᠋ᠠᠴᠢᠯᠠᠭᠰᠠᠨ ᠬᠥᠭᠵᠢᠯᠲᠡ ᠵᠢᠨ ᠬᠡᠷᠡᠭᠴᠡᠭᠡ᠎ᠲᠠᠢ ᠨᠢᠭᠲᠠ ᠤᠶᠠᠯᠳᠤᠭᠤᠯᠵᠤ᠂ ᠲᠣᠭ᠋ᠠᠴᠢᠯᠠᠭᠰᠠᠨ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠬᠦ᠂ ᠣᠷᠣᠭᠤᠯᠤᠨ ᠠᠪᠴᠢᠷᠠᠬᠤ᠂ ᠰᠢᠯᠵᠢᠭᠦᠯᠬᠦ᠂ ᠬᠡᠷᠡᠭᠯᠡᠬᠦ᠂ ᠦᠨᠡᠯᠡᠬᠦ᠂ ᠪᠠᠲᠤᠯᠠᠬᠤ᠂ ᠤᠷᠮᠠᠰᠢᠭᠤᠯᠬᠤ᠂ ᠦᠢ᠍ᠯᠡᠴᠢᠯᠡᠬᠦ ᠡᠷᠴᠢᠮ᠎ᠢ ᠴᠢᠩᠭ᠋ᠠᠷᠠᠭᠤᠯᠵᠤ᠂ ᠲᠣᠭ᠋ᠠᠴᠢᠯᠠᠭᠰᠠᠨ ᠮᠡᠷᠭᠡᠵᠢᠯ᠎ᠤᠨ ᠴᠢᠳᠠᠪᠤᠷᠢᠲᠠᠨ᠎ᠤ ᠪᠦᠲᠦᠮᠵᠢᠲᠡᠢ ᠬᠠᠩᠭ᠋ᠠᠯᠭ᠎ᠠ ᠵᠢ ᠨᠡᠮᠡᠭᠳᠡᠭᠦᠯᠦᠨ᠂ᠲᠣᠭ᠋ᠠᠴᠢᠯᠠᠭᠰᠠᠨ ᠮᠡᠷᠭᠡᠵᠢᠯ᠎ᠤᠨ ᠴᠢᠳᠠᠪᠤᠷᠢᠲᠠᠨ᠎ᠤ ᠰᠢᠨ᠎ᠡ ᠵᠢ ᠡᠭᠦᠳᠴᠦ ᠦᠢ᠍ᠯᠡᠰ ᠪᠣᠰᠬᠠᠬᠤ ᠠᠮᠢᠵᠢᠷᠠᠯ᠎ᠤᠨ ᠬᠦᠴᠦᠨ᠎ᠢ ᠬᠥᠭᠵᠢᠭᠡᠵᠦ᠂ ᠮᠠᠨ᠎ᠤ ᠣᠷᠣᠨ᠎ᠤ ᠲᠣᠭ᠋ᠠᠴᠢᠯᠠᠭᠰᠠᠨ ᠮᠡᠷᠭᠡᠵᠢᠯ᠎ᠤᠨ ᠴᠢᠳᠠᠪᠤᠷᠢᠲᠠᠨ᠂ ᠲᠣᠭ᠋ᠠᠴᠢᠯᠠᠭᠰᠠᠨ ᠠᠵᠤ ᠦᠢ᠍ᠯᠡᠰ᠂ ᠲᠣᠭ᠋ᠠᠴᠢᠯᠠᠭᠰᠠᠨ ᠠᠵᠤ ᠠᠬᠤᠢ ᠵᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠥᠨᠳᠥᠷ ᠬᠡᠪ ᠪᠣᠯᠪᠠᠰᠤᠷᠠᠯ᠎ᠲᠠᠢ ᠲᠣᠭ᠋ᠠᠴᠢᠯᠠᠭᠰᠠᠨ ᠮᠡᠷᠭᠡᠵᠢᠯ᠎ᠤᠨ ᠴᠢᠳᠠᠪᠤᠷᠢᠲᠠᠨ᠎ᠤ ᠡᠩᠨᠡᠭᠡ᠎ᠪᠠᠷ ᠲᠣᠭ᠋ᠠᠴᠢᠯᠠᠭᠰᠠᠨ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠲᠤᠯᠭ᠋ᠠᠭᠤᠷᠢᠯᠠᠨ ᠳᠠᠭ᠋ᠠᠭᠤᠯᠤᠨ᠎ᠠ᠃
ᠬᠣᠶᠠᠷ᠂ ᠭᠣᠣᠯ ᠡᠭᠦᠷᠭᠡ
(ᠨᠢᠭᠡ) ᠳᠡᠭᠡᠳᠦ ᠲᠠᠰ᠎ᠤᠨ ᠲᠣᠭ᠋ᠠᠴᠢᠯᠠᠭᠰᠠᠨ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠬᠦ ᠲᠥᠯᠥᠪᠯᠡᠭᠡ ᠵᠢ ᠬᠡᠷᠡᠭᠵᠢᠭᠦᠯᠦᠨ᠎ᠡ᠃ ᠪᠥᠬᠥ ᠦᠶᠡᠯᠡᠯ᠎ᠤᠨ ᠬᠤᠭᠤᠴᠠᠭ᠋ᠠᠨ᠎ᠳᠤ ᠮᠥᠷᠳᠡᠨ ᠬᠥᠮᠥᠵᠢᠭᠦᠯᠬᠦ ᠲᠣᠭᠲᠠᠴᠠ ᠵᠢ ᠪᠠᠢ᠌ᠭᠤᠯᠵᠤ᠂ ᠲᠣᠰ ᠭᠠᠵᠠᠷ ᠣᠷᠣᠨ᠎ᠤ ᠲᠣᠭ᠋ᠠᠴᠢᠯᠠᠭᠰᠠᠨ ᠮᠡᠷᠭᠡᠵᠢᠯ᠎ᠤᠨ ᠬᠦᠷᠢᠶᠡᠨ᠎ᠳᠠᠬᠢ ᠳᠡᠭᠡᠳᠦ ᠲᠠᠰ᠎ᠤᠨ ᠴᠢᠳᠠᠪᠤᠷᠢᠲᠠᠨ ᠵᠢᠴᠢ ᠲᠡᠳᠡᠨ᠎ᠤ ᠪᠦᠯᠬᠦᠮ ᠴᠣᠭᠴᠠ ᠵᠢ ᠢᠳᠡᠪᠬᠢᠲᠡᠢ ᠬᠥᠮᠥᠵᠢᠭᠦᠯᠦᠨ᠎ᠡ᠃ ᠲᠤᠰᠬᠠᠢ ᠮᠡᠷᠭᠡᠵᠢᠯ᠎ᠤᠨ ᠠᠵᠢᠯᠲᠠᠨ᠎ᠤ ᠦᠷᠭᠦᠯᠵᠢᠯᠡᠯ ᠰᠤᠷᠭ᠋ᠠᠨ ᠬᠥᠮᠦᠵᠢᠯ᠎ᠤᠨ ᠰᠠᠭᠤᠷᠢᠨ᠂ ᠳᠡᠭᠡᠳᠦ ᠲᠡᠰ᠎ᠤᠨ ᠮᠡᠷᠭᠡᠵᠢᠯ᠎ᠤᠨ ᠴᠢᠳᠠᠪᠤᠷᠢᠲᠠᠨ᠎ᠤ ᠪᠣᠯᠪᠠᠰᠤᠷᠠᠯ᠎ᠤᠨ ᠰᠠᠭᠤᠷᠢᠨ᠂ ᠠᠵᠤ ᠦᠢ᠍ᠯᠡᠰ ᠪᠠ ᠵᠢᠭ᠋ᠠᠨ ᠰᠤᠷᠭ᠋ᠠᠯᠲᠠ ᠵᠢ ᠠᠭᠤᠰᠤᠯᠴᠠᠭᠤᠯᠤᠭᠰᠠᠨ ᠳᠠᠳᠤᠯᠭ᠎ᠠ ᠪᠣᠯᠪᠠᠰᠤᠷᠠᠯ᠎ᠤᠨ ᠰᠠᠭᠤᠷᠢᠨ᠎ᠤ ᠦᠢ᠍ᠯᠡᠳᠦᠯ᠎ᠢ ᠪᠠᠳᠠᠷᠠᠭᠤᠯᠵᠤ᠂ ᠳᠡᠭᠡᠳᠦ ᠲᠠᠰ᠎ᠤᠨ ᠲᠣᠭ᠋ᠠᠴᠢᠯᠠᠭᠰᠠᠨ ᠮᠡᠷᠭᠡᠵᠢᠯ᠎ᠤᠨ ᠴᠢᠳᠠᠪᠤᠷᠢᠲᠠᠨ᠎ᠤ ᠳᠡᠭᠡᠳᠦ ᠲᠠᠰ᠎ᠤᠨ ᠰᠤᠳᠤᠯᠤᠨ ᠰᠤᠷᠤᠯᠴᠠᠬᠤ ᠪᠠ ᠡᠷᠳᠡᠮ ᠰᠢᠨᠵᠢᠯᠡᠭᠡᠨ᠎ᠤ ᠮᠡᠷᠭᠡᠵᠢᠯ᠎ᠤᠨ ᠰᠣᠯᠢᠯᠴᠠᠭ᠋ᠠᠨ᠎ᠤ ᠠᠵᠢᠯᠯᠠᠭ᠎ᠠ ᠵᠢ ᠥᠷᠨᠢᠭᠦᠯᠦᠨ᠎ᠡ᠃ ᠶᠡᠬᠡ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠂ ᠠᠵᠤ ᠠᠬᠤᠢ᠌ᠯᠠᠯ ᠵᠡᠷᠭᠡ ᠵᠢ ᠬᠥᠲᠥᠯᠥᠨ ᠵᠢᠯᠤᠭᠣᠳᠬᠤ ᠪᠠ ᠵᠣᠷᠢᠭᠵᠢᠭᠤᠯᠵᠤ ᠲᠣᠭ᠋ᠠᠴᠢᠯᠠᠭᠰᠠᠨ ᠮᠡᠷᠭᠡᠵᠢᠯ᠎ᠤᠨ ᠫᠤᠰᠲ ᠳ᠋ᠣᠺᠲ᠋ᠣᠷ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠨᠡᠭᠦᠳᠡᠯ ᠥᠷᠲᠡᠭᠡ᠂ ᠠᠵᠢᠯᠯᠠᠬᠤ ᠥᠷᠲᠡᠭᠡ ᠵᠢ ᠪᠠᠢ᠌ᠭᠤᠯᠵᠤ᠂ ᠲᠣᠭ᠋ᠠᠴᠢᠯᠠᠭᠰᠠᠨ ᠮᠡᠷᠭᠡᠵᠢᠯ᠎ᠤᠨ ᠫᠤᠰᠲ ᠳ᠋ᠣᠺᠲ᠋ᠣᠷ᠎ᠤᠨ ᠴᠢᠳᠠᠪᠤᠷᠢᠲᠠᠨ᠎ᠢ ᠬᠥᠮᠥᠵᠢᠭᠦᠯᠬᠦ ᠡᠷᠴᠢᠮ᠎ᠢ ᠴᠢᠩᠭ᠋ᠠᠷᠠᠭᠤᠯᠤᠨ᠎ᠠ᠃ (ᠨᠠᠮ᠎ᠤᠨ ᠬᠣᠷᠢᠶᠠᠨ᠎ᠤ ᠵᠣᠬᠢᠶᠠᠨ ᠪᠠᠢ᠌ᠭᠤᠯᠬᠤ ᠬᠡᠯᠲᠡᠰ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂ ᠰᠤᠷᠭ᠋ᠠᠨ ᠬᠥᠮᠦᠵᠢᠯ᠎ᠤᠨ ᠲᠢᠩᠬᠢᠮ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ)
(ᠬᠣᠶᠠᠷ) ᠲᠣᠭ᠋ᠠᠴᠢᠯᠠᠭᠰᠠᠨ ᠮᠡᠷᠭᠡᠵᠢᠯ᠎ᠤᠨ ᠢᠨᠵᠧᠨᠧᠷ᠎ᠢ ᠬᠥᠮᠥᠵᠢᠭᠦᠯᠬᠦ ᠲᠥᠷᠥᠯ ᠵᠦᠢ᠍ᠯ᠎ᠢ ᠬᠡᠷᠡᠭᠵᠢᠭᠦᠯᠦᠨ᠎ᠡ᠃ ᠵᠣᠬᠢᠶᠠᠮᠠᠯ ᠣᠶᠣᠨ ᠴᠢᠳᠠᠪᠤᠷᠢ᠂ ᠪᠠᠷᠠᠭ᠋ᠠᠨ᠎ᠤ ᠰᠦᠯᠵᠢᠶ᠎ᠡ᠂ ᠲᠣᠮᠣ ᠳ᠋ᠠᠢ᠌ᠲ᠋ᠠ᠂ ᠡᠭᠦᠯᠡᠨ ᠪᠣᠳᠣᠯᠲᠠ᠂ ᠲᠣᠭ᠋ᠠᠴᠢᠯᠠᠭᠰᠠᠨ ᠬᠠᠮᠢᠶᠠᠷᠤᠯᠲᠠ᠂ ᠣᠶᠤᠨᠴᠢ ᠦᠢ᠍ᠯᠡᠳᠬᠦ ᠦᠢ᠍ᠯᠡᠰ᠂ ᠠᠵᠤ ᠦᠢ᠍ᠯᠡᠳᠪᠦᠷᠢ ᠵᠢᠨ ᠢᠨᠲ᠋ᠧᠷ ᠰᠦᠯᠵᠢᠶ᠎ᠡ᠂ ᠳᠠᠭᠤᠷᠢᠶᠠᠮᠠᠯ ᠠᠬᠤᠢ᠂ ᠴᠥᠷᠬᠡᠯᠡᠭᠡ ᠬᠡᠯᠬᠢᠶ᠎ᠡ᠂ ᠬᠤᠷᠠᠮᠠᠯ ᠴᠠᠬᠢᠯᠭ᠋ᠠᠨ ᠬᠡᠯᠬᠢᠶ᠎ᠡ ᠵᠡᠷᠭᠡ ᠲᠣᠭ᠋ᠠᠴᠢᠯᠠᠭᠰᠠᠨ ᠮᠡᠷᠭᠡᠵᠢᠯ᠎ᠤᠨ ᠬᠦᠷᠢᠶᠡᠨ᠎ᠳᠠᠬᠢ ᠰᠢᠨ᠎ᠡ ᠠᠵᠢᠯ ᠮᠡᠷᠭᠡᠵᠢᠯ (ᠠᠵᠢᠯ᠎ᠤᠨ ᠲᠥᠷᠥᠯ)᠎ᠤᠨ ᠲᠣᠭᠣᠷᠢᠨ᠎ᠳᠤ᠂ ᠨᠥᠬᠥᠴᠡᠯ᠎ᠳᠤ ᠨᠡᠶ᠋ᠢᠴᠡᠬᠦ ᠪᠣᠯᠪᠠᠰᠤᠷᠠᠯ᠎ᠤᠨ ᠪᠠᠢ᠌ᠭᠤᠯᠤᠮᠵᠢ ᠵᠢ ᠪᠦᠯᠦᠭ ᠤᠳᠠᠭ᠎ᠠ ᠬᠤᠪᠢᠶᠠᠨ ᠰᠢᠯᠢᠨ ᠰᠣᠩᠭᠣᠵᠤ ᠵᠢᠷᠤᠮᠵᠢᠭᠰᠠᠨ ᠲᠣᠭ᠋ᠠᠴᠢᠯᠠᠭᠰᠠᠨ ᠮᠡᠷᠭᠡᠵᠢᠯ᠎ᠤᠨ ᠪᠣᠯᠪᠠᠰᠤᠷᠠᠯ ᠥᠷᠨᠢᠭᠦᠯᠦᠨ᠎ᠡ᠃ ᠲᠣᠭ᠋ᠠᠴᠢᠯᠠᠭᠰᠠᠨ ᠲᠤᠰᠬᠠᠢ ᠮᠡᠷᠭᠡᠵᠢᠯ᠎ᠤᠨ ᠲᠠᠰ᠎ᠤᠨ ᠦᠨᠡᠮᠯᠡᠯ ᠬᠢᠭᠡᠳ ᠬᠠᠷᠠᠭ᠋ᠠᠯᠵᠠᠭᠰᠠᠨ ᠮᠡᠷᠭᠡᠵᠢᠯ᠎ᠤᠨ ᠴᠣᠯᠠ ᠵᠢᠨ ᠦᠨᠡᠮᠯᠡᠯ᠎ᠢ ᠬᠠᠷᠢᠯᠴᠠᠨ ᠵᠣᠯᠭ᠋ᠠᠭᠤᠯᠬᠤ ᠵᠢ ᠬᠡᠷᠡᠭᠵᠢᠭᠦᠯᠵᠦ᠂ ᠲᠣᠭ᠋ᠠᠴᠢᠯᠠᠭᠰᠠᠨ ᠮᠡᠷᠭᠡᠵᠢᠯ᠎ᠤᠨ ᠴᠢᠳᠠᠪᠤᠷᠢᠲᠠᠨ᠎ᠢ ᠬᠥᠲᠥᠯᠥᠨ ᠵᠢᠯᠤᠭᠣᠳᠴᠤ ᠪᠡᠶ᠎ᠡ᠎ᠪᠠᠨ ᠳᠠᠭ᠋ᠠᠭ᠋ᠠᠵᠤ ᠬᠥᠮᠥᠵᠢᠭᠦᠯᠬᠦ ᠰᠢᠨ᠎ᠡ ᠤᠷᠤᠯᠳᠤᠭ᠋ᠠᠨ᠎ᠤ ᠵᠠᠮ᠎ᠳᠤ ᠣᠷᠣᠭᠤᠯᠵᠤ᠂ ᠲᠣᠭ᠋ᠠᠴᠢᠯᠠᠭᠰᠠᠨ ᠮᠡᠷᠭᠡᠵᠢᠯ᠎ᠤᠨ ᠴᠢᠳᠠᠪᠤᠷᠢᠲᠠᠨ᠎ᠤ ᠴᠤᠭᠯᠠᠷᠠᠯ᠎ᠢ ᠲᠦᠷᠭᠡᠳᠬᠡᠨ᠎ᠡ᠃ (ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ)
(ᠭᠤᠷᠪᠠ) ᠲᠣᠭ᠋ᠠᠴᠢᠯᠠᠭᠰᠠᠨ ᠤᠷ᠎ᠠ ᠮᠡᠷᠭᠡᠵᠢᠯ᠎ᠢ ᠳᠡᠭᠡᠭᠰᠢᠯᠡᠭᠦᠯᠬᠦ ᠠᠵᠢᠯᠯᠠᠭ᠎ᠠ ᠵᠢ ᠠᠬᠢᠭᠤᠯᠤᠨ᠎ᠠ᠃ ᠲᠣᠭ᠋ᠠᠴᠢᠯᠠᠭᠰᠠᠨ ᠠᠵᠤ ᠦᠢ᠍ᠯᠡᠰ᠎ᠤᠨ ᠬᠥᠭᠵᠢᠯᠲᠡ ᠪᠠ ᠠᠵᠤ ᠠᠬᠤᠢ᠌ᠯᠠᠯ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠬᠡᠷᠡᠭᠴᠡᠭᠡ᠎ᠳᠤ ᠵᠣᠬᠢᠴᠠᠭᠤᠯᠤᠨ᠂ ᠲᠣᠭ᠋ᠠᠴᠢᠯᠠᠭᠰᠠᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠶᠡᠬᠡᠪᠡᠷ ᠬᠥᠮᠥᠵᠢᠭᠦᠯᠦᠨ᠎ᠡ᠃ ᠪᠣᠳᠠᠲᠠᠢ ᠠᠵᠢᠯ᠎ᠳᠤ ᠣᠷᠣᠯᠴᠠᠬᠤ ᠪᠠ ᠰᠤᠷᠤᠯᠴᠠᠬᠤ ᠵᠢ ᠨᠢᠭᠡ ᠴᠣᠭᠴᠠᠵᠢᠭᠤᠯᠤᠭᠰᠠᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠬᠦ ᠵᠠᠭᠪᠤᠷ᠎ᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠠᠵᠤ ᠦᠢ᠍ᠯᠡᠰ ᠪᠠ ᠵᠢᠭ᠋ᠠᠨ ᠰᠤᠷᠭ᠋ᠠᠯᠲᠠ ᠵᠢᠨ ᠠᠭᠤᠰᠤᠯᠴᠠᠯ᠎ᠢ ᠭᠦᠨᠵᠡᠭᠡᠢ ᠠᠬᠢᠭᠤᠯᠤᠨ᠂ ᠠᠵᠢᠯ ᠲᠥᠷᠥᠯ᠎ᠤᠨ ᠠᠵᠤ ᠠᠬᠤᠢ᠌ᠯᠠᠯ᠂ ᠠᠵᠢᠯ ᠮᠡᠷᠭᠡᠵᠢᠯ᠎ᠤᠨ ᠶᠡᠬᠡ ᠳᠡᠭᠡᠳᠦ ᠰᠤᠷᠭ᠋ᠠᠭᠤᠯᠢ (ᠮᠡᠷᠭᠡᠵᠢᠯ᠎ᠤᠨ ᠠᠵᠢᠯᠴᠢᠨ᠎ᠤ ᠶᠡᠬᠡ ᠳᠡᠭᠡᠳᠦ ᠰᠤᠷᠭ᠋ᠠᠭᠤᠯᠢ ᠪᠠᠭᠲᠠᠨ᠎ᠠ᠂ ᠳᠣᠷᠣᠭᠰᠢ ᠠᠳᠠᠯᠢ)᠂ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠪᠠᠢ᠌ᠭᠤᠯᠤᠮᠵᠢ᠂ ᠤᠯᠠᠨ ᠨᠠᠢ᠌ᠳᠠ ᠵᠢᠨ ᠳᠠᠳᠤᠯᠭ᠎ᠠ ᠪᠣᠯᠪᠠᠰᠤᠷᠠᠯ᠎ᠤᠨ ᠰᠠᠭᠤᠷᠢᠨ᠂ ᠤᠷ᠎ᠠ ᠮᠡᠷᠭᠡᠵᠢᠯ᠎ᠤᠨ ᠶᠡᠬᠡ ᠪᠠᠭᠰᠢᠲᠠᠨ᠎ᠤ ᠠᠵᠢᠯᠯᠠᠬᠤ ᠲᠠᠰᠤᠭ᠂ ᠬᠥᠳᠡᠯᠮᠦᠷᠢ ᠵᠢᠨ ᠵᠢᠱ᠌ᠢᠶᠡᠴᠢ (ᠠᠵᠢᠯᠲᠠᠨ ᠠᠵᠢᠯᠴᠢᠨ) ᠵᠢᠨ ᠰᠢᠨ᠎ᠡ ᠵᠢ ᠡᠭᠦᠳᠬᠦ ᠠᠵᠢᠯᠯᠠᠬᠤ ᠲᠠᠰᠤᠭ ᠵᠢᠴᠢ ᠰᠢᠨ᠎ᠡ ᠵᠢ ᠡᠭᠦᠳᠬᠦ ᠠᠵᠢᠯᠯᠠᠬᠤ ᠲᠠᠰᠤᠭ᠎ᠤᠨ ᠬᠣᠯᠪᠣᠭ᠎ᠠ ᠵᠡᠷᠭᠡ ᠵᠢ ᠳᠡᠮᠵᠢᠵᠦ᠂ ᠰᠢᠨ᠎ᠡ ᠵᠢ ᠡᠭᠦᠳᠬᠦ ᠬᠡᠯᠪᠡᠷᠢ ᠵᠢᠨ᠂ ᠬᠡᠷᠡᠭᠯᠡᠭᠡᠨ᠎ᠤ ᠬᠡᠯᠪᠡᠷᠢ ᠵᠢᠨ ᠲᠣᠭ᠋ᠠᠴᠢᠯᠠᠭᠰᠠᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠦᠨ ᠪᠣᠯᠪᠠᠰᠤᠷᠠᠭᠤᠯᠬᠤ ᠵᠢ ᠴᠢᠩᠭ᠋ᠠᠳᠬᠠᠨ᠎ᠠ᠃ (ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠬᠢᠭᠡᠳ ᠳ᠋ᠠᠢ᠌ᠲ᠋ᠠ ᠵᠢᠨ ᠬᠠᠮᠢᠶᠠᠷᠤᠯᠲᠠ ᠵᠢᠨ ᠲᠣᠪᠴᠢᠶ᠎ᠠ᠂ ᠠᠵᠢᠯᠴᠢᠨ᠎ᠤ ᠶᠡᠷᠦᠩᠬᠡᠢ ᠡᠪᠯᠡᠯ)
(ᠳᠥᠷᠪᠡ) ᠲᠣᠭ᠋ᠠᠴᠢᠯᠠᠭᠰᠠᠨ ᠮᠡᠷᠭᠡᠵᠢᠯ᠎ᠤᠨ ᠴᠢᠳᠠᠪᠤᠷᠢᠲᠠᠨ᠎ᠢ ᠤᠷᠢᠨ ᠠᠪᠴᠢᠷᠠᠬᠤ ᠪᠠ ᠰᠣᠯᠢᠯᠴᠠᠬᠤ ᠠᠵᠢᠯᠯᠠᠭ᠎ᠠ ᠵᠢ ᠥᠷᠨᠢᠭᠦᠯᠦᠨ᠎ᠡ᠃ ᠭᠣᠣᠯᠳᠠᠯᠭ᠎ᠠ᠎ᠲᠠᠢ ᠴᠢᠳᠠᠪᠤᠷᠢᠲᠠᠨ᠎ᠤ ᠲᠥᠷᠥᠯ ᠵᠦᠢ᠍ᠯ᠎ᠢ ᠲᠣᠭ᠋ᠠᠴᠢᠯᠠᠭᠰᠠᠨ ᠮᠡᠷᠭᠡᠵᠢᠯ᠎ᠤᠨ ᠴᠢᠳᠠᠪᠤᠷᠢᠲᠠᠨ ᠲᠡᠢ᠌ᠰᠢ ᠬᠡᠯᠪᠡᠢ᠌ᠯᠭᠡᠬᠦ ᠡᠷᠴᠢᠮ ᠵᠶ᠋ᠡᠨ ᠴᠢᠩᠭ᠋ᠠᠷᠠᠭᠤᠯᠵᠤ᠂ ᠲᠣᠭ᠋ᠠᠴᠢᠯᠠᠭᠰᠠᠨ ᠮᠡᠷᠭᠡᠵᠢᠯ᠎ᠤᠨ ᠬᠦᠷᠢᠶᠡᠨ᠎ᠳᠠᠬᠢ ᠳᠡᠭᠡᠳᠦ ᠲᠠᠰ᠎ᠤᠨ ᠴᠢᠳᠠᠪᠤᠷᠢᠲᠠᠨ᠎ᠢ ᠢᠳᠡᠪᠬᠢᠲᠡᠢ᠎ᠪᠠᠷ ᠤᠷᠢᠨ ᠠᠪᠴᠢᠷᠠᠵᠤ᠂ ᠳᠡᠭᠡᠳᠦ ᠲᠠᠰ᠎ᠤᠨ ᠲᠣᠭ᠋ᠠᠴᠢᠯᠠᠭᠰᠠᠨ ᠮᠡᠷᠭᠡᠵᠢᠯ᠎ᠤᠨ ᠴᠢᠳᠠᠪᠤᠷᠢᠲᠠᠨ᠎ᠤ ᠤᠯᠤᠰ (ᠬᠢᠯᠢ) ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ ᠪᠣᠯᠪᠠᠰᠤᠷᠠᠯ ᠰᠣᠯᠢᠯᠴᠠᠭ᠎ᠠ ᠥᠷᠨᠢᠭᠦᠯᠬᠦ ᠵᠢ ᠳᠡᠮᠵᠢᠨ᠎ᠡ᠃ ᠭᠠᠳᠠᠭ᠋ᠠᠳᠤ᠎ᠳᠤ ᠰᠤᠷᠤᠯᠴᠠᠭ᠋ᠠᠳ ᠤᠯᠤᠰ᠎ᠲᠠᠭᠠᠨ ᠪᠤᠴᠠᠵᠤ ᠢᠷᠡᠭᠰᠡᠨ ᠲᠣᠭ᠋ᠠᠴᠢᠯᠠᠭᠰᠠᠨ ᠮᠡᠷᠭᠡᠵᠢᠯ᠎ᠤᠨ ᠴᠢᠳᠠᠪᠤᠷᠢᠲᠠᠨ᠎ᠤ ᠰᠢᠨ᠎ᠡ ᠵᠢ ᠡᠭᠦᠳᠴᠦ ᠦᠢ᠍ᠯᠡᠰ ᠪᠣᠰᠬᠠᠬᠤ ᠵᠢ ᠳᠡᠮᠵᠢᠵᠦ᠂ ᠭᠠᠳᠠᠭ᠋ᠠᠳᠤ ᠵᠢᠨ ᠳᠡᠭᠡᠳᠦ ᠲᠡᠰ᠎ᠤᠨ ᠲᠣᠭ᠋ᠠᠴᠢᠯᠠᠭᠰᠠᠨ ᠮᠡᠷᠭᠡᠵᠢᠯ᠎ᠤᠨ ᠴᠢᠳᠠᠪᠤᠷᠢᠲᠠᠨ᠎ᠤ ᠤᠯᠤᠰ᠎ᠲᠠᠭᠠᠨ ᠪᠤᠴᠠᠵᠤ ᠦᠢ᠍ᠯᠡᠴᠢᠯᠡᠬᠦ ᠵᠢ ᠵᠣᠷᠢᠭᠵᠢᠭᠤᠯᠤᠨ᠎ᠠ᠃ (ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂ ᠰᠤᠷᠭ᠋ᠠᠨ ᠬᠥᠮᠦᠵᠢᠯ᠎ᠤᠨ ᠲᠢᠩᠬᠢᠮ)
(ᠲᠠᠪᠤ) ᠲᠣᠭ᠋ᠠᠴᠢᠯᠠᠭᠰᠠᠨ ᠮᠡᠷᠭᠡᠵᠢᠯ᠎ᠤᠨ ᠴᠢᠳᠠᠪᠤᠷᠢᠲᠠᠨ᠎ᠤ ᠠᠵᠢᠯ ᠣᠯᠵᠤ ᠦᠢ᠍ᠯᠡᠰ ᠪᠣᠰᠬᠠᠬᠤ ᠠᠵᠢᠯᠯᠠᠭ᠎ᠠ ᠵᠢ ᠥᠷᠨᠢᠭᠦᠯᠦᠨ᠎ᠡ᠃ ᠨᠢᠭᠡ ᠪᠦᠯᠦᠭ ᠲᠣᠭ᠋ᠠᠴᠢᠯᠠᠭᠰᠠᠨ ᠠᠵᠤ ᠠᠬᠤᠢ ᠵᠢᠨ ᠦᠢ᠍ᠯᠡᠰ ᠪᠣᠰᠬᠠᠬᠤ ᠠᠴᠢᠶᠠᠯᠠᠪᠤᠷᠢ᠂ ᠦᠢ᠍ᠯᠡᠰ ᠪᠣᠰᠬᠠᠬᠤ ᠶᠡᠬᠡ ᠳᠡᠭᠡᠳᠦ ᠰᠤᠷᠭ᠋ᠠᠭᠤᠯᠢ ᠪᠠᠢ᠌ᠭᠤᠯᠬᠤ ᠵᠢ ᠳᠡᠮᠵᠢᠵᠦ᠂ ᠭᠦᠨᠵᠡᠭᠡᠢ ᠠᠭᠤᠰᠤᠯᠴᠠᠨ ᠰᠢᠨ᠎ᠡ ᠵᠢ ᠡᠭᠦᠳᠬᠦ᠂ ᠠᠵᠤ ᠦᠢ᠍ᠯᠡᠰ᠂ ᠪᠡᠯᠡ ᠮᠥᠩᠭᠥ᠂ ᠴᠢᠳᠠᠪᠤᠷᠢᠲᠠᠨ ᠵᠡᠷᠭᠡ ᠡᠬᠢ ᠪᠠᠶᠠᠯᠢᠭ᠎ᠤᠨ ᠬᠡᠯᠬᠢᠶ᠎ᠡ ᠵᠢ ᠪᠠᠢ᠌ᠭᠤᠯᠵᠤ᠂ ᠲᠣᠭ᠋ᠠᠴᠢᠯᠠᠭᠰᠠᠨ ᠮᠡᠷᠭᠡᠵᠢᠯ᠎ᠤᠨ ᠴᠢᠳᠠᠪᠤᠷᠢᠲᠠᠨ᠎ᠤ ᠠᠵᠢᠯ ᠣᠯᠵᠤ ᠦᠢ᠍ᠯᠡᠰ ᠪᠣᠰᠬᠠᠬᠤ ᠪᠣᠯᠪᠠᠰᠤᠷᠠᠯ᠎ᠤᠨ ᠡᠷᠴᠢᠮ᠎ᠢ ᠴᠢᠩᠭ᠋ᠠᠷᠠᠭᠤᠯᠤᠨ᠂ ᠲᠣᠭ᠋ᠠᠴᠢᠯᠠᠭᠰᠠᠨ ᠮᠡᠷᠭᠡᠵᠢᠯ᠎ᠤᠨ ᠴᠢᠳᠠᠪᠤᠷᠢᠲᠠᠨ᠎ᠤ ᠵᠣᠬᠢᠶᠠᠮᠠᠯ ᠣᠶᠤᠨ ᠴᠢᠳᠠᠪᠤᠷᠢ᠂ ᠮᠡᠳᠡᠭᠡ ᠵᠠᠩᠭᠢ ᠵᠢᠨ ᠮᠡᠷᠭᠡᠵᠢᠯ᠂ ᠣᠶᠤᠨᠴᠢ ᠦᠢ᠍ᠯᠡᠳᠬᠦ ᠦᠢ᠍ᠯᠡᠰ᠂ ᠡᠯᠧᠺᠲᠷᠣᠨ ᠬᠤᠳᠠᠯᠳᠤᠭ᠋ᠠᠨ᠎ᠤ ᠶᠠᠪᠤᠳᠠᠯ ᠵᠡᠷᠭᠡ ᠲᠣᠭ᠋ᠠᠴᠢᠯᠠᠭᠰᠠᠨ ᠠᠵᠤ ᠠᠬᠤᠢ ᠵᠢᠨ ᠬᠦᠷᠢᠶᠡᠨ᠎ᠳᠤ ᠰᠢᠨ᠎ᠡ ᠵᠢ ᠡᠭᠦᠳᠦᠨ ᠦᠢ᠍ᠯᠡᠰ ᠪᠣᠰᠬᠠᠬᠤ ᠵᠢ ᠠᠬᠢᠭᠤᠯᠤᠨ᠎ᠠ᠃ ᠲᠣᠭ᠋ᠠᠴᠢᠯᠠᠭᠰᠠᠨ ᠮᠡᠷᠭᠡᠵᠢᠯ᠎ᠤᠨ ᠴᠢᠳᠠᠪᠤᠷᠢᠲᠠᠨ᠎ᠤ ᠦᠢ᠍ᠯᠡᠰ ᠪᠣᠰᠬᠠᠬᠤ ᠪᠠᠲᠤᠯᠠᠭ᠋ᠠᠲᠤ ᠵᠢᠭᠡᠯᠡᠯᠭᠡ᠂ ᠨᠢᠭᠡ ᠤᠳᠠᠭ᠎ᠠ ᠵᠢᠨ ᠴᠢᠨᠠᠷᠲᠠᠢ ᠦᠢ᠍ᠯᠡᠰ ᠪᠣᠰᠬᠠᠬᠤ ᠨᠥᠬᠥᠪᠦᠷᠢ ᠵᠡᠷᠭᠡ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ᠎ᠠ᠃ (ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠬᠢᠭᠡᠳ ᠳ᠋ᠠᠢ᠌ᠲ᠋ᠠ ᠵᠢᠨ ᠬᠠᠮᠢᠶᠠᠷᠤᠯᠲᠠ ᠵᠢᠨ ᠲᠣᠪᠴᠢᠶ᠎ᠠ)
(ᠵᠢᠷᠭᠤᠭ᠎ᠠ) ᠲᠣᠭ᠋ᠠᠴᠢᠯᠠᠭᠰᠠᠨ ᠮᠡᠷᠭᠡᠵᠢᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠠᠵᠢᠯᠯᠠᠭ᠎ᠠ ᠵᠢ ᠥᠷᠨᠢᠭᠦᠯᠦᠨ᠎ᠡ᠃ ᠲᠣᠭ᠋ᠠᠴᠢᠯᠠᠭᠰᠠᠨ ᠮᠡᠷᠭᠡᠵᠢᠯ ᠵᠶ᠋ᠡᠷ ᠠᠵᠢᠯ ᠣᠯᠭᠣᠯᠲᠠ ᠵᠢᠨ ᠤᠯᠠᠨ ᠨᠠᠢ᠌ᠳᠠ ᠵᠢᠨ ᠦᠢ᠍ᠯᠡᠴᠢᠯᠡᠭᠡ᠎ᠳᠤ ᠡᠨᠧᠷᠭᠢ ᠬᠠᠩᠭ᠋ᠠᠵᠤ᠂ ᠲᠣᠭ᠋ᠠᠴᠢᠯᠠᠭᠰᠠᠨ ᠠᠵᠤ ᠠᠬᠤᠢ ᠪᠣᠯᠣᠨ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠬᠠᠩᠭ᠋ᠠᠯᠭ᠎ᠠ ᠬᠡᠷᠡᠭᠴᠡᠭᠡ ᠵᠢ ᠵᠣᠯᠭ᠋ᠠᠭᠤᠯᠬᠤ ᠲᠠᠪᠴᠠᠩ᠎ᠢ ᠪᠠᠢ᠌ᠭᠤᠯᠵᠤ᠂ ᠲᠣᠭ᠋ᠠᠴᠢᠯᠠᠭᠰᠠᠨ ᠮᠡᠷᠭᠡᠵᠢᠯ᠎ᠤᠨ ᠴᠢᠳᠠᠪᠤᠷᠢᠲᠠᠨ᠎ᠤ ᠰᠢᠯᠵᠢᠬᠦ᠂ ᠠᠵᠢᠯ ᠡᠷᠢᠬᠦ᠂ ᠠᠵᠢᠯ ᠣᠯᠬᠤ᠎ᠳᠤ ᠠᠵᠢᠯᠲᠠᠨ᠎ᠤ ᠶᠠᠪᠤᠳᠠᠯ᠎ᠤᠨ ᠲᠠᠩᠰᠠ ᠡᠪᠬᠡᠮᠡᠯ᠎ᠤᠨ ᠦᠨᠳᠦᠰᠦᠨ ᠤᠯᠠᠨ ᠨᠠᠢ᠌ᠳᠠ ᠵᠢᠨ ᠦᠢ᠍ᠯᠡᠴᠢᠯᠡᠭᠡ ᠬᠠᠩᠭ᠋ᠠᠨ᠎ᠠ᠃ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠬᠢᠭᠡᠳ ᠲᠣᠭ᠋ᠠᠴᠢᠯᠠᠭᠰᠠᠨ ᠠᠵᠤ ᠠᠬᠤᠢ ᠵᠢᠨ ᠠᠵᠤ ᠠᠬᠤᠢ᠌ᠯᠠᠯ᠎ᠤᠨ ᠡᠲᠡᠭᠡᠳ ᠬᠢᠯᠢ ᠠᠯᠤᠰᠯᠠᠨ ᠬᠠᠮᠲᠤᠷᠠᠯᠴᠠᠬᠤ ᠪᠠ ᠬᠠᠮᠲᠤᠷᠠᠨ ᠰᠤᠳᠤᠯᠤᠨ ᠨᠡᠭᠡᠭᠡᠬᠦ ᠵᠢ ᠳᠡᠮᠵᠢᠵᠦ᠂ ᠲᠤᠰᠬᠠᠢ᠌ᠵᠢᠭᠰᠠᠨ᠂ ᠵᠢᠷᠤᠮᠵᠢᠭᠰᠠᠨ᠂ ᠪᠠᠷᠢᠮᠵᠢᠶᠠᠵᠢᠭᠰᠠᠨ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠦᠢ᠍ᠯᠡᠳᠬᠦᠨ ᠪᠠ ᠵᠠᠭᠪᠤᠷ᠎ᠢ ᠬᠠᠩᠭ᠋ᠠᠨ᠎ᠠ᠃ (ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠬᠢᠭᠡᠳ ᠳ᠋ᠠᠢ᠌ᠲ᠋ᠠ ᠵᠢᠨ ᠬᠠᠮᠢᠶᠠᠷᠤᠯᠲᠠ ᠵᠢᠨ ᠲᠣᠪᠴᠢᠶ᠎ᠠ)
(ᠲᠤᠯᠤᠭ᠎ᠠ) ᠠᠵᠤ ᠠᠬᠤᠢ᠌ᠯᠠᠯ᠎ᠤᠨ᠎ᠬᠢᠨ᠎ᠤ ᠲᠣᠭ᠋ᠠᠴᠢᠯᠠᠭᠰᠠᠨ ᠮᠡᠷᠭᠡᠵᠢᠯ᠎ᠤᠨ ᠴᠢᠳᠠᠪᠤᠷᠢᠲᠠᠨ᠎ᠢ ᠪᠡᠶ᠎ᠡ᠎ᠪᠠᠨ ᠳᠠᠭ᠋ᠠᠭ᠋ᠠᠵᠤ ᠬᠥᠮᠥᠵᠢᠭᠦᠯᠬᠦ ᠲᠥᠯᠥᠪᠯᠡᠭᠡ ᠵᠢ ᠬᠡᠷᠡᠭᠵᠢᠭᠦᠯᠦᠨ᠎ᠡ᠃ ᠠᠵᠤ ᠠᠬᠤᠢ᠌ᠯᠠᠯ᠎ᠤᠨ ᠲᠣᠭ᠋ᠠᠴᠢᠯᠠᠭᠰᠠᠨ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠬᠦ ᠰᠢᠨ᠎ᠡ ᠲᠣᠭᠲᠠᠴᠠ ᠪᠠ ᠰᠢᠨ᠎ᠡ ᠵᠠᠭᠪᠤᠷ᠎ᠢ ᠰᠦᠪᠡᠭᠴᠢᠯᠡᠵᠦ᠂ ᠠᠵᠤ ᠠᠬᠤᠢ᠌ᠯᠠᠯ᠎ᠤᠨ ᠪᠣᠳᠠᠲᠠᠢ᠎ᠠᠴᠠ᠎ᠪᠠᠨ ᠡᠭᠦᠰᠴᠦ᠂ ᠳ᠋ᠠᠢ᠌ᠲ᠋ᠠ ᠵᠢᠨ ᠡᠳ᠋ ᠬᠥᠷᠥᠩᠭᠡ ᠵᠢᠨ ᠬᠠᠮᠢᠶᠠᠷᠤᠯᠲᠠ ᠵᠢᠴᠢ ᠡᠵᠡᠩᠨᠡᠯᠲᠡ᠂ ᠲᠣᠭ᠋ᠠᠴᠢᠯᠠᠭᠰᠠᠨ ᠰᠢᠢ᠍ᠳᠪᠦᠷᠢᠯᠡᠬᠦ ᠲᠥᠰᠥᠯ᠎ᠤᠨ ᠵᠢᠷᠤᠭ ᠲᠥᠯᠥᠪᠯᠡᠭᠡ᠂ ᠲᠣᠮᠣ ᠳ᠋ᠠᠢ᠌ᠲ᠋ᠠ᠂ ᠵᠣᠬᠢᠶᠠᠮᠠᠯ ᠣᠶᠤᠨ ᠴᠢᠳᠠᠪᠤᠷᠢ (ᠲᠣᠮᠣ ᠵᠠᠭᠪᠤᠷ)᠂ ᠳ᠋ᠠᠢ᠌ᠲ᠋ᠠ ᠵᠢᠨ ᠬᠥᠮᠥᠷᠭᠡ ᠵᠢᠨ ᠠᠵᠢᠯᠯᠠᠭ᠋ᠠᠨ᠎ᠤ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠲᠣᠭ᠋ᠠᠴᠢᠯᠠᠭᠰᠠᠨ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠢ ᠥᠷᠨᠢᠭᠦᠯᠬᠦ ᠵᠢ ᠵᠣᠷᠢᠭᠵᠢᠭᠤᠯᠵᠤ᠂ ᠨᠢᠭᠡ ᠪᠦᠯᠦᠭ ᠠᠵᠤ ᠦᠢ᠍ᠯᠡᠰ᠎ᠤᠨ ᠮᠡᠷᠭᠡᠵᠢᠯ᠎ᠢ ᠡᠵᠡᠮᠰᠢᠭᠰᠡᠨ ᠮᠥᠷᠲᠡᠭᠡᠨ ᠲᠣᠭ᠋ᠠᠴᠢᠯᠠᠭᠰᠠᠨ ᠮᠡᠷᠭᠡᠵᠢᠯ᠎ᠲᠠᠢ ᠬᠠᠮ ᠴᠢᠳᠠᠪᠤᠷᠢᠲᠠᠨ᠎ᠢ ᠬᠥᠮᠥᠵᠢᠭᠦᠯᠵᠦ᠂ ᠠᠵᠢᠯ ᠬᠢᠭᠰᠡᠳ᠎ᠤᠨ ᠲᠣᠭ᠋ᠠᠴᠢᠯᠠᠭᠰᠠᠨ ᠮᠡᠷᠭᠡᠵᠢᠯ᠎ᠤᠨ ᠬᠡᠪ ᠪᠣᠯᠪᠠᠰᠤᠷᠠᠯ ᠪᠠ ᠲᠤᠰᠬᠠᠢ ᠮᠡᠷᠭᠡᠵᠢᠯ᠎ᠤᠨ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ (ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠬᠢᠭᠡᠳ ᠳ᠋ᠠᠢ᠌ᠲ᠋ᠠ ᠵᠢᠨ ᠬᠠᠮᠢᠶᠠᠷᠤᠯᠲᠠ ᠵᠢᠨ ᠲᠣᠪᠴᠢᠶ᠎ᠠ)
(ᠨᠠᠢ᠍ᠮᠠ) ᠲᠣᠭ᠋ᠠᠴᠢᠯᠠᠭᠰᠠᠨ ᠮᠡᠷᠭᠡᠵᠢᠯ ᠵᠶ᠋ᠡᠷ ᠠᠵᠤ ᠠᠬᠤᠢ᠌ᠯᠠᠯ᠎ᠤᠨ ᠬᠥᠭᠵᠢᠯᠲᠡ᠎ᠳᠤ ᠬᠦᠴᠦᠨ ᠨᠡᠮᠡᠷᠢᠯᠡᠬᠦ ᠠᠵᠢᠯᠯᠠᠭ᠎ᠠ ᠵᠢ ᠥᠷᠨᠢᠭᠦᠯᠦᠨ᠎ᠡ᠃ ᠲᠣᠭ᠋ᠠᠴᠢᠯᠠᠭᠰᠠᠨ ᠠᠵᠤ ᠠᠬᠤᠢ ᠵᠢᠨ ᠬᠦᠷᠢᠶᠡᠨ᠎ᠳᠠᠬᠢ ᠲᠤᠰᠬᠠᠢ᠌ᠵᠢᠭᠰᠠᠨ ᠨᠠᠷᠢᠯᠢᠭᠵᠢᠭᠰᠠᠨ ᠤᠨᠴᠠᠯᠢᠬ᠍ᠵᠢᠬᠰᠠᠨ ᠰᠢᠨ᠎ᠡ ᠳᠤᠮᠳᠠ ᠵᠢᠵᠢᠭ ᠠᠵᠤ ᠠᠬᠤᠢ᠌ᠯᠠᠯ᠂ ᠰᠢᠨ᠎ᠡ ᠵᠢ ᠡᠭᠦᠳᠬᠦ ᠬᠡᠯᠪᠡᠷᠢ ᠵᠢᠨ ᠳᠤᠮᠳᠠ ᠵᠢᠵᠢᠭ ᠠᠵᠤ ᠠᠬᠤᠢ᠌ᠯᠠᠯ ᠪᠠ ᠦᠢ᠍ᠯᠡᠳᠬᠦ ᠦᠢ᠍ᠯᠡᠰ᠎ᠤᠨ ᠲᠠᠩ ᠭᠠᠭᠴᠠ ᠵᠦᠢ᠍ᠯ᠎ᠤᠨ ᠮᠠᠩᠯᠠᠢ ᠠᠵᠤ ᠠᠬᠤᠢ᠌ᠯᠠᠯ᠎ᠢ ᠢᠳᠡᠪᠬᠢᠲᠡᠢ᠎ᠪᠠᠷ ᠪᠣᠢ᠌ᠵᠢᠭᠤᠯᠵᠤ᠂ ᠲᠣᠭ᠋ᠠᠴᠢᠯᠠᠭᠰᠠᠨ ᠠᠵᠤ ᠠᠬᠤᠢ ᠵᠢᠨ 《ᠪᠣᠳᠠᠲᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ》 ᠪᠠ ᠢᠷᠡᠭᠡᠳᠦᠢ ᠵᠢᠨ ᠠᠵᠤ ᠦᠢ᠍ᠯᠡᠰ᠎ᠤᠨ ᠬᠦᠷᠢᠶᠡᠨ᠎ᠳᠠᠬᠢ ᠬᠥᠭᠵᠢᠯᠲᠡ ᠵᠢ ᠭᠣᠣᠯᠳᠠᠯᠭ᠎ᠠ᠎ᠲᠠᠢ ᠳᠡᠮᠵᠢᠨ᠎ᠡ᠃ ᠠᠵᠤ ᠠᠬᠤᠢ᠌ᠯᠠᠯ᠎ᠤᠨ ᠦᠢ᠍ᠯᠡᠳᠪᠦᠷᠢᠯᠡᠯ᠎ᠤᠨ ᠪᠥᠬᠥ ᠶᠠᠪᠤᠴᠠ᠂ ᠦᠢ᠍ᠯᠡᠳᠬᠦᠨ᠎ᠤ ᠪᠥᠬᠥ ᠦᠶᠡᠯᠡᠯ᠎ᠤᠨ ᠬᠤᠭᠤᠴᠠᠭ᠋ᠠᠨ᠎ᠳᠠᠬᠢ ᠲᠣᠭ᠋ᠠᠵᠢᠭᠤᠯᠤᠯᠲᠠ ᠵᠢ ᠲᠦᠷᠭᠡᠳᠬᠡᠨ ᠬᠡᠷᠡᠭᠵᠢᠭᠦᠯᠬᠦ ᠵᠢ ᠳᠡᠮᠵᠢᠵᠦ᠂ ᠠᠵᠤ ᠠᠬᠤᠢ᠌ᠯᠠᠯ᠎ᠤᠨ ᠪᠦᠬᠦᠯᠢ ᠴᠣᠭᠴᠠ ᠵᠢᠨ ᠠᠵᠢᠯᠯᠠᠭ᠋ᠠᠨ᠎ᠤ ᠦᠷ᠎ᠡ ᠪᠦᠲᠦᠮᠵᠢ ᠪᠠ ᠠᠵᠤ ᠦᠢ᠍ᠯᠡᠰ᠎ᠤᠨ ᠡᠬᠢᠨ᠎ᠤ ᠪᠠ ᠡᠴᠦᠰ᠎ᠤᠨ ᠬᠡᠯᠬᠢᠶ᠎ᠡ ᠵᠢᠨ ᠬᠠᠮᠵᠢᠯᠴᠠᠬᠤ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠠᠵᠤ ᠦᠢ᠍ᠯᠡᠰ᠎ᠤᠨ ᠲᠤᠭ᠋ᠠᠵᠢᠯᠠᠯᠳᠠ ᠲᠡᠢ᠌ᠰᠢ ᠬᠡᠯᠪᠡᠷᠢ᠎ᠪᠠᠨ ᠬᠤᠪᠢᠷᠠᠭᠤᠯᠬᠤ ᠪᠠ ᠴᠢᠨᠠᠷ ᠰᠠᠢ᠌ᠲᠠᠢ ᠬᠥᠭᠵᠢᠯᠲᠡ᠎ᠳᠤ ᠬᠦᠴᠦᠨ ᠨᠡᠮᠡᠷᠢᠯᠡᠨ᠎ᠡ᠃ (ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠬᠢᠭᠡᠳ ᠳ᠋ᠠᠢ᠌ᠲ᠋ᠠ ᠵᠢᠨ ᠬᠠᠮᠢᠶᠠᠷᠤᠯᠲᠠ ᠵᠢᠨ ᠲᠣᠪᠴᠢᠶ᠎ᠠ)
(ᠶᠢᠰᠦ) ᠲᠣᠭ᠋ᠠᠴᠢᠯᠠᠭᠰᠠᠨ ᠠᠵᠢᠯ ᠮᠡᠷᠭᠡᠵᠢᠯ᠎ᠤᠨ ᠮᠡᠷᠭᠡᠵᠢᠯ ᠴᠢᠳᠠᠪᠤᠷᠢ ᠵᠢᠨ ᠤᠷᠤᠯᠳᠤᠭ᠋ᠠᠨ᠎ᠤ ᠠᠵᠢᠯᠯᠠᠭ᠎ᠠ ᠵᠢ ᠥᠷᠨᠢᠭᠦᠯᠦᠨ᠎ᠡ᠃ ᠪᠦᠬᠦ ᠤᠯᠤᠰ᠎ᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠂ ᠫᠤᠰᠲ ᠳ᠋ᠣᠺᠲ᠋ᠣᠷ᠎ᠤᠨ ᠰᠢᠨ᠎ᠡ ᠵᠢ ᠡᠭᠦᠳᠦᠨ ᠦᠢ᠍ᠯᠡᠰ ᠪᠣᠰᠬᠠᠬᠤ ᠤᠷᠤᠯᠳᠤᠭ᠋ᠠᠨ᠎ᠳᠤ ᠣᠷᠣᠯᠴᠠᠬᠤ ᠵᠢ ᠵᠣᠬᠢᠶᠠᠨ ᠪᠠᠢ᠌ᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠂ ᠥᠪᠡᠷᠲᠡᠭᠡᠨ ᠵᠠᠰᠠᠬᠤ ᠣᠷᠣᠨ᠎ᠤ ᠠᠵᠢᠯᠲᠠᠨ ᠠᠵᠢᠯᠴᠢᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ᠎ᠳᠤ ᠲᠣᠭ᠋ᠠᠴᠢᠯᠠᠭᠰᠠᠨ ᠠᠵᠢᠯ ᠮᠡᠷᠭᠡᠵᠢᠯ (ᠠᠵᠢᠯ᠎ᠤᠨ ᠲᠥᠷᠥᠯ)᠎ᠤᠨ ᠤᠷᠤᠯᠳᠤᠭ᠋ᠠᠨ᠎ᠤ ᠲᠥᠷᠥᠯ ᠵᠦᠢ᠍ᠯ᠎ᠢ ᠲᠣᠬᠢᠷᠠᠭᠤᠯᠤᠨ᠎ᠠ᠃ ᠡᠯ᠎ᠡ ᠭᠠᠵᠠᠷ ᠣᠷᠣᠨ ᠪᠣᠯᠣᠨ ᠬᠣᠯᠪᠣᠭᠳᠠᠯ ᠪᠦᠬᠦᠢ ᠠᠵᠢᠯ ᠲᠥᠷᠥᠯ᠎ᠤᠨ ᠲᠣᠭ᠋ᠠᠴᠢᠯᠠᠭᠰᠠᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠤᠷᠤᠯᠳᠤᠭ᠋ᠠᠨ ᠡᠷᠭᠢᠯᠡᠬᠦ ᠵᠢ ᠳᠡᠮᠵᠢᠵᠦ᠂ ᠤᠷᠤᠯᠳᠤᠭ᠋ᠠᠨ ᠵᠶ᠋ᠠᠷ ᠰᠤᠷᠤᠯᠴᠠᠯᠭ᠎ᠠ ᠵᠢ ᠠᠬᠢᠭᠤᠯᠤᠨ᠂ ᠤᠷᠤᠯᠳᠤᠭ᠋ᠠᠨ ᠵᠶ᠋ᠠᠷ ᠪᠣᠯᠪᠠᠰᠤᠷᠠᠯ᠎ᠢ ᠠᠬᠢᠭᠤᠯᠵᠤ᠂ ᠲᠣᠭ᠋ᠠᠴᠢᠯᠠᠭᠰᠠᠨ ᠮᠡᠷᠭᠡᠵᠢᠯ᠎ᠤᠨ ᠴᠢᠳᠠᠪᠤᠷᠢᠲᠠᠨ᠎ᠢ ᠪᠥᠬᠥ ᠲᠠᠯ᠎ᠠ᠎ᠪᠠᠷ ᠰᠣᠩᠭᠣᠨ ᠬᠥᠮᠥᠵᠢᠭᠦᠯᠦᠨ᠎ᠡ᠃ (ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂ ᠠᠵᠢᠯᠴᠢᠨ᠎ᠤ ᠶᠡᠷᠦᠩᠬᠡᠢ ᠡᠪᠯᠡᠯ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠬᠢᠭᠡᠳ ᠳ᠋ᠠᠢ᠌ᠲ᠋ᠠ ᠵᠢᠨ ᠬᠠᠮᠢᠶᠠᠷᠤᠯᠲᠠ ᠵᠢᠨ ᠲᠣᠪᠴᠢᠶ᠎ᠠ)
ᠭᠤᠷᠪᠠ᠂ ᠲᠥᠷᠥ ᠵᠢᠨ ᠪᠣᠳᠣᠯᠭ᠎ᠠ ᠵᠢᠨ ᠪᠠᠲᠤᠯᠠᠭ᠎ᠠ
(ᠨᠢᠭᠡ) ᠬᠥᠮᠥᠵᠢᠭᠦᠯᠬᠦ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠦᠨ᠎ᠡ᠃ ᠲᠣᠭ᠋ᠠᠴᠢᠯᠠᠭᠰᠠᠨ ᠮᠡᠷᠭᠡᠵᠢᠯ᠎ᠤᠨ ᠴᠢᠳᠠᠪᠤᠷᠢᠲᠠᠨ᠎ᠢ ᠬᠡᠷᠡᠭᠰᠡᠬᠦ ᠬᠡᠷᠡᠭᠴᠡᠭᠡ᠎ᠲᠠᠢ ᠤᠶᠠᠯᠳᠤᠭᠤᠯᠤᠨ᠂ ᠶᠡᠬᠡ ᠳᠡᠭᠡᠳᠦ ᠰᠤᠷᠭ᠋ᠠᠭᠤᠯᠢ ᠪᠠ ᠨᠥᠬᠥᠴᠡᠯ᠎ᠲᠠᠢ ᠠᠵᠢᠯ ᠮᠡᠷᠭᠡᠵᠢᠯ᠎ᠤᠨ ᠶᠡᠬᠡ ᠳᠡᠭᠡᠳᠦ ᠰᠤᠷᠭ᠋ᠠᠭᠤᠯᠢ ᠵᠢ ᠵᠢᠯᠤᠭᠣᠳᠴᠤ᠂ ᠲᠣᠭ᠋ᠠᠴᠢᠯᠠᠭᠰᠠᠨ ᠬᠦᠷᠢᠶᠡᠨ᠎ᠳᠠᠬᠢ ᠬᠠᠮᠢᠶ᠎ᠠ ᠪᠦᠬᠦᠢ ᠰᠢᠨᠵᠢᠯᠡᠭᠡᠨ᠎ᠤ ᠲᠤᠰᠬᠠᠢ ᠮᠡᠷᠭᠡᠵᠢᠯ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠲᠣᠭ᠋ᠠᠴᠢᠯᠠᠭᠰᠠᠨ ᠮᠡᠷᠭᠡᠵᠢᠯ᠎ᠤᠨ ᠬᠡᠷᠡᠭᠯᠡᠭᠡᠨ᠎ᠤ ᠲᠤᠰᠬᠠᠢ ᠮᠡᠷᠭᠡᠵᠢᠯ᠎ᠤᠨ ᠬᠢᠴᠢᠶᠡᠯ ᠲᠥᠷᠥᠯ᠎ᠢ ᠨᠡᠭᠡᠭᠡᠵᠦ᠂ ᠲᠣᠭ᠋ᠠᠴᠢᠯᠠᠭᠰᠠᠨ ᠮᠡᠷᠭᠡᠵᠢᠯ᠎ᠤᠨ ᠬᠠᠮᠢᠶ᠎ᠠ ᠪᠦᠬᠦᠢ ᠵᠢᠭ᠋ᠠᠬᠤ ᠮᠠᠲ᠋ᠧᠷᠢᠶᠠᠯ᠎ᠤᠨ ᠬᠢᠴᠢᠶᠡᠯ ᠬᠥᠮᠦᠵᠢᠯ᠎ᠤᠨ ᠰᠤᠳᠤᠯᠭ᠋ᠠᠨ ᠪᠠ ᠵᠢᠭ᠋ᠠᠨ ᠰᠤᠷᠭ᠋ᠠᠯᠲᠠ ᠵᠢᠨ ᠪᠦᠯᠬᠦᠮ ᠨᠠᠢ᠌ᠳᠠ ᠵᠢᠨ ᠪᠠᠢ᠌ᠭᠤᠯᠤᠯᠲᠠ ᠵᠢ ᠠᠬᠢᠭᠤᠯᠤᠨ᠎ᠠ᠃ ᠠᠵᠤ ᠦᠢ᠍ᠯᠡᠰ ᠵᠢᠭ᠋ᠠᠨ ᠰᠤᠷᠭ᠋ᠠᠯᠲᠠ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠢ᠌ᠭᠤᠯᠤᠮᠵᠢ ᠵᠢᠨ ᠠᠭᠤᠰᠤᠯᠴᠠᠯ᠎ᠢ ᠭᠦᠨᠵᠡᠭᠡᠢ᠌ᠷᠡᠭᠦᠯᠵᠦ᠂ ᠶᠡᠬᠡ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ ᠬᠢᠭᠡᠳ ᠠᠵᠤ ᠠᠬᠤᠢ᠌ᠯᠠᠯ ᠬᠠᠮᠲᠤᠷᠠᠨ ᠬᠠᠮ ᠬᠡᠯᠪᠡᠷᠢ ᠵᠢᠨ ᠲᠣᠭ᠋ᠠᠴᠢᠯᠠᠭᠰᠠᠨ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠬᠦ ᠵᠢ ᠳᠡᠮᠵᠢᠨ᠎ᠡ᠃ (ᠰᠤᠷᠭ᠋ᠠᠨ ᠬᠥᠮᠦᠵᠢᠯ᠎ᠤᠨ ᠲᠢᠩᠬᠢᠮ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ)
(ᠬᠣᠶᠠᠷ) ᠪᠣᠯᠪᠠᠰᠤᠷᠠᠯ᠎ᠤᠨ ᠠᠵᠢᠯᠯᠠᠭ᠎ᠠ ᠵᠢ ᠰᠢᠯᠭ᠋ᠠᠨ ᠬᠢᠨᠠᠬᠤ ᠵᠢ ᠵᠢᠷᠤᠮᠵᠢᠭᠤᠯᠤᠨ᠎ᠠ᠃ ᠲᠣᠭ᠋ᠠᠴᠢᠯᠠᠭᠰᠠᠨ ᠮᠡᠷᠭᠡᠵᠢᠯ᠎ᠤᠨ ᠢᠨᠵᠧᠨᠧᠷ᠎ᠤᠨ ᠪᠣᠯᠪᠠᠰᠤᠷᠠᠯ᠎ᠤᠨ ᠪᠠᠢ᠌ᠭᠤᠯᠤᠮᠵᠢ ᠤᠯᠤᠰ᠎ᠤᠨ ᠠᠵᠢᠯ ᠮᠡᠷᠭᠡᠵᠢᠯ᠎ᠤᠨ ᠪᠠᠷᠢᠮᠵᠢᠶ᠎ᠠ ᠪᠣᠯᠣᠨ ᠪᠣᠯᠪᠠᠰᠤᠷᠠᠯ᠎ᠤᠨ ᠬᠢᠴᠢᠶᠡᠯ᠎ᠤᠨ ᠵᠢᠷᠤᠮᠵᠢᠯ᠎ᠢ ᠦᠨᠳᠦᠰᠦᠯᠡᠵᠦ᠂ ᠠᠵᠢᠯ ᠮᠡᠷᠭᠡᠵᠢᠯ᠂ ᠴᠢᠭᠯᠡᠯ᠂ ᠲᠠᠰ ᠬᠤᠪᠢᠶᠠᠨ ᠲᠣᠭ᠋ᠠᠴᠢᠯᠠᠭᠰᠠᠨ ᠮᠡᠷᠭᠡᠵᠢᠯ᠎ᠤᠨ ᠢᠨᠵᠧᠨᠧᠷ᠎ᠢ ᠬᠥᠮᠥᠵᠢᠭᠦᠯᠬᠦ ᠲᠥᠷᠥᠯ ᠵᠦᠢ᠍ᠯ᠎ᠤᠨ ᠡᠯ᠎ᠡ ᠲᠤᠰᠬᠠᠢ ᠮᠡᠷᠭᠡᠵᠢᠯ᠎ᠤᠨ ᠪᠣᠯᠪᠠᠰᠤᠷᠠᠯ᠎ᠢ ᠥᠷᠨᠢᠭᠦᠯᠵᠦ᠂ ᠰᠤᠷᠤᠯᠭ᠎ᠠ ᠲᠡᠭᠦᠰᠬᠦ ᠵᠢ ᠬᠢᠨᠠᠨ ᠰᠢᠯᠭ᠋ᠠᠬᠤ ᠵᠢ ᠴᠢᠩᠭ᠎ᠠ ᠵᠣᠬᠢᠶᠠᠨ ᠪᠠᠢ᠌ᠭᠤᠯᠵᠤ᠂ ᠲᠣᠭᠲᠠᠭᠰᠠᠨ ᠬᠢᠴᠢᠶᠡᠯ᠎ᠢ ᠪᠡᠶᠡᠯᠡᠭᠦᠯᠦᠭᠰᠡᠨ ᠮᠥᠷᠲᠡᠭᠡᠨ ᠰᠤᠷᠤᠯᠭ᠎ᠠ ᠲᠡᠭᠦᠰᠬᠦ ᠬᠢᠨᠠᠨ ᠰᠢᠯᠭ᠋ᠠᠯᠲᠠ᠎ᠳᠤ ᠬᠢᠷᠢ ᠲᠡᠩᠴᠡᠭᠰᠡᠨ ᠰᠤᠷᠤᠯᠭ᠋ᠠᠲᠠᠳ᠎ᠲᠤ ᠪᠥᠬᠥ ᠤᠯᠤᠰ᠎ᠤᠨ ᠨᠢᠭᠡᠳᠦᠯᠲᠡᠢ ᠬᠡᠪ ᠳᠦᠷᠢᠮ ᠪᠦᠬᠦᠢ ᠪᠣᠯᠪᠠᠰᠤᠷᠠᠯ᠎ᠳᠤ ᠬᠢᠷᠢ ᠲᠡᠩᠴᠡᠭᠰᠡᠨ ᠦᠨᠡᠮᠯᠡᠯ ᠣᠯᠭᠣᠵᠤ᠂ ᠪᠣᠯᠪᠠᠰᠤᠷᠠᠯ᠎ᠳᠤ ᠬᠢᠷᠢ ᠲᠡᠩᠴᠡᠭᠰᠡᠨ ᠰᠤᠷᠤᠯᠭ᠎ᠠ ᠵᠢᠨ ᠴᠠᠭ᠎ᠢ ᠲᠤᠬᠠᠢ ᠵᠢᠨ ᠵᠢᠯ᠎ᠤᠨ ᠲᠤᠰᠬᠠᠢ ᠮᠡᠷᠭᠡᠵᠢᠯ᠎ᠤᠨ ᠠᠵᠢᠯᠲᠠᠨ᠎ᠤ ᠦᠷᠭᠦᠯᠵᠢᠯᠡᠯ ᠰᠤᠷᠭ᠋ᠠᠨ ᠬᠥᠮᠦᠵᠢᠯ᠎ᠤᠨ ᠴᠠᠭ᠎ᠲᠤ ᠪᠤᠳᠤᠵᠤ ᠣᠷᠣᠭᠤᠯᠤᠨ᠎ᠠ᠃ ᠪᠣᠯᠪᠠᠰᠤᠷᠠᠯ᠎ᠳᠤ ᠬᠢᠷᠢ ᠲᠡᠩᠴᠡᠭᠰᠡᠨ ᠦᠨᠡᠮᠯᠡᠯ ᠣᠯᠣᠭᠰᠠᠨ ᠮᠥᠷᠲᠡᠭᠡᠨ ᠤᠯᠤᠰ᠎ᠤᠨ ᠠᠵᠢᠯ ᠮᠡᠷᠭᠡᠵᠢᠯ᠎ᠤᠨ ᠪᠠᠷᠢᠮᠵᠢᠶ᠎ᠠ ᠵᠢᠨ ᠲᠣᠭᠲᠠᠭ᠋ᠠᠯ᠎ᠳᠤ ᠲᠣᠭᠲᠠᠭ᠋ᠠᠭᠰᠠᠨ ᠭᠤᠶᠤᠴᠢᠯᠠᠨ ᠮᠡᠳᠡᠭᠦᠯᠬᠦ ᠨᠥᠬᠥᠴᠡᠯ᠎ᠳᠤ ᠨᠡᠢ᠌ᠴᠡᠭᠰᠡᠨ ᠰᠤᠷᠤᠯᠭ᠋ᠠᠲᠠᠨ᠂ ᠦᠨᠡᠯᠡᠬᠦ ᠪᠠᠢ᠌ᠭᠤᠯᠤᠮᠵᠢ᠎ᠳᠤ ᠬᠠᠮᠢᠶ᠎ᠠ ᠪᠦᠬᠦᠢ ᠠᠵᠢᠯ ᠮᠡᠷᠭᠡᠵᠢᠯ᠎ᠤᠨ ᠲᠣᠭ᠋ᠠᠴᠢᠯᠠᠭᠰᠠᠨ ᠮᠡᠷᠭᠡᠵᠢᠯ᠎ᠤᠨ ᠢᠨᠵᠧᠨᠧᠷ᠎ᠢ ᠬᠥᠮᠥᠵᠢᠭᠦᠯᠬᠦ ᠲᠥᠷᠥᠯ ᠵᠦᠢ᠍ᠯ᠎ᠤᠨ ᠲᠤᠰᠬᠠᠢ ᠮᠡᠷᠭᠡᠵᠢᠯ᠎ᠤᠨ ᠲᠠᠰ᠎ᠤᠨ ᠬᠢᠨᠠᠨ ᠰᠢᠯᠭ᠋ᠠᠯᠲᠠ᠎ᠳᠤ ᠭᠤᠶᠤᠴᠢᠯᠠᠨ ᠮᠡᠳᠡᠭᠦᠯᠵᠦ ᠪᠣᠯᠣᠨ᠎ᠠ᠃ ᠲᠣᠭ᠋ᠠᠴᠢᠯᠠᠭᠰᠠᠨ ᠮᠡᠷᠭᠡᠵᠢᠯ᠎ᠤᠨ ᠢᠨᠵᠧᠨᠧᠷ᠎ᠤᠨ ᠪᠣᠯᠪᠠᠰᠤᠷᠠᠯ᠎ᠤᠨ ᠪᠠᠢ᠌ᠭᠤᠯᠤᠮᠵᠢ ᠵᠢ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠠᠴᠠ ᠪᠦᠯᠦᠭ ᠤᠳᠠᠭ᠎ᠠ ᠬᠤᠪᠢᠶᠠᠨ ᠰᠢᠯᠢᠨ ᠰᠣᠩᠭᠣᠬᠤ ᠵᠢᠨ ᠬᠠᠮᠲᠤ ᠨᠡᠢ᠌ᠲᠡᠯᠡᠨ᠎ᠡ (ᠳᠠᠭ᠋ᠠᠯᠳᠤᠭᠤᠯᠤᠯ)᠃ ᠦᠨᠡᠯᠡᠬᠦ ᠪᠠᠢ᠌ᠭᠤᠯᠤᠮᠵᠢ ᠵᠢ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠠᠴᠠ ᠰᠢᠯᠢᠨ ᠰᠣᠩᠭᠣᠬᠤ ᠵᠢᠨ ᠬᠠᠮᠲᠤ ᠨᠡᠢ᠌ᠲᠡᠯᠡᠵᠦ᠂ ᠲᠤᠰᠬᠠᠢ ᠮᠡᠷᠭᠡᠵᠢᠯ᠎ᠤᠨ ᠳᠡᠰ᠎ᠤᠨ ᠬᠢᠨᠠᠨ ᠰᠢᠯᠭ᠋ᠠᠯᠲᠠ᠎ᠳᠤ ᠬᠢᠷᠢ ᠲᠡᠩᠴᠡᠭᠰᠡᠨ ᠰᠤᠷᠤᠯᠭ᠋ᠠᠲᠠᠳ᠎ᠲᠤ ᠪᠦᠬᠦ ᠤᠯᠤᠰ᠎ᠤᠨ ᠨᠢᠭᠡᠳᠦᠯᠲᠡᠢ ᠬᠡᠪ ᠳᠦᠷᠢᠮ ᠪᠦᠬᠦᠢ ᠲᠤᠰᠬᠠᠢ ᠮᠡᠷᠭᠡᠵᠢᠯ᠎ᠤᠨ ᠳᠡᠰ᠎ᠤᠨ ᠦᠨᠡᠮᠯᠡᠯ ᠣᠯᠭᠣᠨ᠎ᠠ᠃ (ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ)
(ᠭᠤᠷᠪᠠ) ᠦᠨᠡᠯᠡᠬᠦ ᠰᠢᠰᠲ᠋ᠧᠮ᠎ᠢ ᠪᠦᠷᠢᠨᠰᠢᠭᠦᠯᠦᠨ᠎ᠡ᠃ ᠬᠣᠯᠪᠣᠭᠳᠠᠯ ᠪᠦᠬᠦᠢ ᠠᠵᠢᠯ ᠲᠥᠷᠥᠯ᠎ᠤᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠠᠵᠢᠯ ᠲᠥᠷᠥᠯ᠎ᠤᠨ ᠬᠥᠭᠵᠢᠯᠲᠡ ᠵᠢᠨ ᠬᠡᠷᠡᠭᠴᠡᠭᠡ᠎ᠪᠠᠨ ᠦᠨᠳᠦᠰᠦᠯᠡᠨ᠂ ᠵᠣᠬᠢᠶᠠᠮᠠᠯ ᠣᠶᠤᠨ ᠴᠢᠳᠠᠪᠤᠷᠢ᠂ ᠲᠣᠮᠣ ᠳ᠋ᠠᠢ᠌ᠲ᠋ᠠ᠂ ᠠᠵᠤ ᠦᠢ᠍ᠯᠡᠳᠪᠦᠷᠢ ᠵᠢᠨ ᠢᠨᠲ᠋ᠧᠷ ᠰᠦᠯᠵᠢᠶ᠎ᠡ᠂ ᠬᠤᠷᠠᠮᠠᠯ ᠴᠠᠬᠢᠯᠭ᠋ᠠᠨ ᠬᠡᠯᠬᠢᠶ᠎ᠡ ᠵᠡᠷᠭᠡ ᠲᠣᠭ᠋ᠠᠴᠢᠯᠠᠭᠰᠠᠨ ᠮᠡᠷᠭᠡᠵᠢᠯ᠎ᠤᠨ ᠬᠦᠷᠢᠶ᠎ᠡ ᠴᠠᠷᠠᠭ᠎ᠠ ᠵᠢᠨ ᠲᠣᠭᠣᠷᠢᠨ᠎ᠳᠤ᠂ ᠲᠣᠭ᠋ᠠᠴᠢᠯᠠᠭᠰᠠᠨ ᠮᠡᠷᠭᠡᠵᠢᠯ᠎ᠤᠨ ᠴᠢᠳᠠᠪᠤᠷᠢᠲᠠᠨ᠎ᠢ ᠦᠨᠡᠯᠡᠬᠦ ᠪᠠᠷᠢᠮᠵᠢᠶ᠎ᠠ ᠨᠥᠬᠥᠴᠡᠯ᠎ᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠲᠤᠬᠠᠢ ᠵᠢᠨ ᠵᠢᠯ᠎ᠤᠨ ᠮᠡᠷᠭᠡᠵᠢᠯ᠎ᠤᠨ ᠴᠣᠯᠠ ᠵᠢ ᠮᠡᠳᠡᠭᠦᠯᠵᠦ ᠬᠢᠨᠠᠨ ᠲᠣᠭᠲᠠᠭ᠋ᠠᠬᠤ ᠬᠦᠷᠢᠶ᠎ᠡ ᠬᠡᠪᠴᠢᠶ᠎ᠡ᠎ᠳᠤ ᠨᠡᠶ᠋ᠢᠴᠡᠬᠦ ᠲᠤᠰᠬᠠᠢ ᠮᠡᠷᠭᠡᠵᠢᠯ᠎ᠤᠨ ᠠᠵᠢᠯᠲᠠᠨ᠂ ᠲᠣᠭ᠋ᠠᠴᠢᠯᠠᠭᠰᠠᠨ ᠮᠡᠷᠭᠡᠵᠢᠯ᠎ᠤᠨ ᠢᠨᠵᠧᠨᠧᠷ᠎ᠢ ᠬᠥᠮᠥᠵᠢᠭᠦᠯᠬᠦ ᠲᠥᠷᠥᠯ ᠵᠦᠢ᠍ᠯ᠎ᠤᠨ ᠠᠩᠬ᠎ᠠ ᠵᠡᠷᠭᠡ ᠵᠢᠨ᠂ ᠳᠤᠮᠳᠠ ᠵᠡᠷᠭᠡ ᠵᠢᠨ ᠲᠤᠰᠬᠠᠢ ᠮᠡᠷᠭᠡᠵᠢᠯ᠎ᠤᠨ ᠲᠠᠰ᠎ᠤᠨ ᠦᠨᠡᠮᠯᠡᠯ ᠣᠯᠣᠭᠰᠠᠨ ᠪᠠᠢ᠌ᠪᠠᠯ᠂ ᠬᠠᠷᠠᠭ᠋ᠠᠯᠵᠠᠭᠰᠠᠨ ᠲᠤᠰᠬᠠᠢ ᠮᠡᠷᠭᠡᠵᠢᠯ᠎ᠤᠨ ᠠᠩᠬ᠎ᠠ ᠵᠡᠷᠭᠡ ᠵᠢᠨ᠂ ᠳᠤᠮᠳᠠ ᠵᠡᠷᠭᠡ ᠵᠢᠨ ᠮᠡᠷᠭᠡᠵᠢᠯ᠎ᠤᠨ ᠴᠣᠯᠠ᠎ᠲᠠᠢ ᠲᠡᠩᠴᠡᠵᠦ ᠪᠣᠯᠬᠤ ᠪᠥᠭᠡᠳ ᠳᠡᠭᠡᠳᠦ ᠨᠢᠭᠡ ᠳᠡᠰ᠎ᠤᠨ ᠮᠡᠷᠭᠡᠵᠢᠯ᠎ᠤᠨ ᠴᠣᠯᠠ ᠵᠢ ᠭᠤᠶᠤᠴᠢᠯᠠᠬᠤ ᠨᠥᠬᠥᠴᠡᠯ ᠪᠣᠯᠭ᠋ᠠᠵᠤ ᠪᠣᠯᠣᠨ᠎ᠠ᠂ ᠰᠢᠯᠭ᠋ᠠᠯᠲᠠ᠎ᠪᠠᠷ ᠬᠢᠨᠠᠨ ᠲᠣᠭᠲᠠᠭ᠋ᠠᠬᠤ ᠵᠢ ᠣᠷᠣᠯᠠᠭᠤᠯᠤᠭᠰᠠᠨ ᠰᠢᠷᠢᠰ ᠮᠡᠷᠭᠡᠵᠢᠯ᠎ᠤᠨ ᠴᠣᠯᠠ (ᠲᠤᠰᠬᠠᠢ ᠮᠡᠷᠭᠡᠵᠢᠯ) ᠵᠢ ᠪᠠᠭᠲᠠᠭ᠋ᠠᠬᠤ ᠦᠭᠡᠢ; ᠲᠣᠭ᠋ᠠᠴᠢᠯᠠᠭᠰᠠᠨ ᠮᠡᠷᠭᠡᠵᠢᠯ᠎ᠤᠨ ᠢᠨᠵᠧᠨᠧᠷ᠎ᠢ ᠬᠥᠮᠥᠵᠢᠭᠦᠯᠬᠦ ᠲᠥᠷᠥᠯ ᠵᠦᠢ᠍ᠯ᠎ᠤᠨ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠲᠠᠰ᠎ᠤᠨ ᠦᠨᠡᠮᠯᠡᠯ ᠣᠯᠣᠭᠰᠠᠨ ᠪᠠᠢ᠌ᠪᠠᠯ᠂ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ᠎ᠪᠠᠷ ᠮᠡᠳᠡᠭᠦᠯᠬᠦ ᠵᠢᠨ ᠴᠢᠬᠤᠯᠠ ᠯᠠᠪᠯᠠᠯᠲᠠ ᠪᠣᠯᠭ᠋ᠠᠵᠤ ᠪᠣᠯᠣᠨ᠎ᠠ᠃ ᠲᠣᠭ᠋ᠠᠴᠢᠯᠠᠭᠰᠠᠨ ᠠᠵᠤ ᠠᠬᠤᠢ ᠵᠢᠨ 《ᠰᠢᠨ᠎ᠡ ᠨᠠᠢ᠍ᠮᠠᠨ ᠲᠠᠰ᠎ᠤᠨ ᠠᠵᠢᠯᠴᠢᠨ》᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠲᠠᠰ᠎ᠤᠨ ᠳᠦᠷᠢᠮ᠎ᠢ ᠠᠬᠢᠭᠤᠯᠵᠤ᠂ ᠳᠠᠭ᠋ᠠᠭᠤᠯᠤᠭᠴᠢ ᠠᠵᠤ ᠠᠬᠤᠢ᠌ᠯᠠᠯ᠂ ᠠᠵᠢᠯ ᠮᠡᠷᠭᠡᠵᠢᠯ᠎ᠤᠨ ᠶᠡᠬᠡ ᠳᠡᠭᠡᠳᠦ ᠰᠤᠷᠭ᠋ᠠᠭᠤᠯᠢ᠂ ᠠᠵᠢᠯ ᠲᠥᠷᠥᠯ᠎ᠤᠨ ᠨᠡᠢ᠌ᠭᠡᠮᠯᠢᠭ᠂ ᠨᠡᠢ᠌ᠭᠡᠮ᠎ᠤᠨ ᠪᠣᠯᠪᠠᠰᠤᠷᠠᠯ᠎ᠤᠨ ᠦᠨᠡᠯᠡᠯᠲᠡ ᠵᠢᠨ ᠵᠣᠬᠢᠶᠠᠨ ᠪᠠᠢ᠌ᠭᠤᠯᠤᠯᠲᠠ ᠵᠡᠷᠭᠡ᠎ᠳᠤ ᠲᠦᠰᠢᠭᠯᠡᠨ ᠲᠣᠭ᠋ᠠᠴᠢᠯᠠᠭᠰᠠᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠲᠠᠰ᠎ᠢ ᠬᠢᠨᠠᠨ ᠲᠣᠭᠲᠠᠭ᠋ᠠᠬᠤ ᠠᠵᠢᠯ᠎ᠢ ᠥᠷᠨᠢᠭᠦᠯᠦᠨ᠎ᠡ᠃ ᠲᠣᠭ᠋ᠠᠴᠢᠯᠠᠭᠰᠠᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠤ ᠦᠨᠡᠯᠡᠯᠲᠡ ᠵᠢ ᠵᠢᠷᠤᠮᠵᠢᠭᠤᠯᠵᠤ᠂ ᠳᠡᠭᠡᠳᠦ ᠲᠡᠰ᠎ᠤᠨ ᠤᠷ᠎ᠠ ᠮᠡᠷᠭᠡᠵᠢᠯ᠎ᠤᠨ ᠴᠢᠳᠠᠪᠤᠷᠢᠲᠠᠨ ᠬᠢᠭᠡᠳ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠠᠵᠢᠯ ᠦᠢ᠍ᠯᠡᠰ᠎ᠤᠨ ᠬᠥᠭᠵᠢᠯᠲᠡ ᠵᠢ ᠨᠡᠪᠲᠡᠷᠡᠭᠦᠯᠬᠦ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ᠎ᠠ᠃ (ᠢᠨᠲ᠋ᠧᠷ ᠰᠦᠯᠵᠢᠶᠡᠨ᠎ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠵᠢᠨ ᠠᠯᠪᠠᠨ ᠭᠡᠷ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠬᠢᠭᠡᠳ ᠳ᠋ᠠᠢ᠌ᠲ᠋ᠠ ᠵᠢᠨ ᠬᠠᠮᠢᠶᠠᠷᠤᠯᠲᠠ ᠵᠢᠨ ᠲᠣᠪᠴᠢᠶ᠎ᠠ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ)
(ᠳᠥᠷᠪᠡ) ᠴᠠᠯᠢᠩ ᠬᠥᠯᠥᠰᠦ ᠵᠢᠨ ᠬᠤᠪᠢᠶᠠᠷᠢᠯᠠᠯᠲᠠ ᠵᠢ ᠬᠥᠲᠥᠯᠥᠨ ᠵᠢᠯᠣᠭᠣᠳᠤᠨ᠎ᠠ᠃ ᠲᠣᠭ᠋ᠠᠴᠢᠯᠠᠭᠰᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠣᠨᠳᠣᠣᠰᠢᠭᠤᠯᠬᠤ ᠵᠢ ᠨᠠᠢ᠌ᠳᠠᠪᠤᠷᠢᠵᠢᠭᠤᠯᠵᠤ᠂ ᠲᠣᠭ᠋ᠠᠴᠢᠯᠠᠭᠰᠠᠨ ᠮᠡᠳᠡᠯᠭᠡ ᠵᠢᠨ ᠥᠷᠲᠡᠭ᠎ᠢ ᠨᠡᠮᠡᠭᠳᠡᠭᠦᠯᠬᠦ᠎ᠪᠠᠷ ᠤᠳᠤᠷᠢᠳᠤᠮᠵᠢ ᠪᠣᠯᠭ᠋ᠠᠭᠰᠠᠨ ᠣᠷᠣᠯᠭ᠎ᠠ ᠵᠢᠨ ᠬᠤᠪᠢᠶᠠᠷᠢᠯᠠᠯᠲᠠ ᠵᠢᠨ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ᠂ ᠳᠡᠭᠡᠳᠦ ᠲᠠᠰ᠎ᠤᠨ ᠴᠢᠳᠠᠪᠤᠷᠢᠲᠠᠨ᠎ᠤ ᠴᠠᠯᠢᠩ᠎ᠤᠨ ᠬᠤᠪᠢᠶᠠᠷᠢᠯᠠᠯᠲᠠ ᠵᠢᠨ ᠤᠷᠮᠠᠰᠢᠭᠤᠯᠬᠤ ᠲᠣᠭᠲᠠᠴᠠ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠡᠭᠦᠷᠭᠡ ᠲᠤᠰᠢᠶᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠦᠷ᠎ᠡ ᠪᠦᠲᠦᠭᠡᠯ᠎ᠢ ᠣᠨᠳᠣᠣᠰᠢᠭᠤᠯᠬᠤ ᠬᠥᠬᠢᠭᠦᠯᠦᠨ ᠱᠠᠩᠨᠠᠬᠤ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ᠎ᠠ᠃ ᠤᠯᠤᠰ᠎ᠤᠨ ᠲᠣᠭ᠋ᠠᠴᠢᠯᠠᠭᠰᠠᠨ ᠠᠵᠤ ᠠᠬᠤᠢ᠎ᠳᠤ ᠠᠵᠢᠯᠯᠠᠵᠤ ᠪᠠᠢ᠌ᠭ᠎ᠠ ᠬᠥᠮᠥᠰ᠎ᠤᠨ ᠴᠠᠯᠢᠩ ᠬᠥᠯᠥᠰᠦ ᠵᠢᠨ ᠬᠤᠪᠢᠶᠠᠷᠢᠯᠠᠯᠲᠠ ᠵᠢᠨ ᠵᠢᠯᠤᠭᠣᠳᠬᠤ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠵᠤ᠂ ᠠᠵᠤ ᠠᠬᠤᠢ᠌ᠯᠠᠯ᠎ᠢ ᠬᠥᠲᠥᠯᠥᠨ ᠵᠢᠯᠤᠭᠣᠳᠴᠤ ᠲᠣᠭ᠋ᠠᠴᠢᠯᠠᠭᠰᠠᠨ ᠮᠡᠷᠭᠡᠵᠢᠯ᠎ᠤᠨ ᠴᠢᠳᠠᠪᠤᠷᠢᠲᠠᠨ᠎ᠤ ᠣᠨᠴᠠᠯᠢᠭᠲᠤ ᠨᠡᠢ᠌ᠴᠡᠭᠰᠡᠨ ᠠᠵᠤ ᠠᠬᠤᠢ᠌ᠯᠠᠯ᠎ᠤᠨ ᠴᠠᠯᠢᠩ ᠬᠥᠯᠥᠰᠦ ᠵᠢᠨ ᠬᠤᠪᠢᠶᠠᠷᠢᠯᠠᠯᠲᠠ ᠵᠢᠨ ᠳᠦᠷᠢᠮ᠎ᠢ ᠪᠠᠢ᠌ᠭᠤᠯᠤᠨ ᠪᠦᠷᠢᠨᠰᠢᠭᠦᠯᠦᠨ᠎ᠡ᠃ ᠴᠠᠯᠢᠩ ᠬᠥᠯᠥᠰᠦ ᠵᠢᠨ ᠮᠡᠳᠡᠭᠡ ᠵᠠᠩᠭᠢ ᠵᠢᠨ ᠦᠢ᠍ᠯᠡᠴᠢᠯᠡᠭᠡ ᠵᠢ ᠴᠢᠩᠭ᠋ᠠᠳᠬᠠᠵᠤ᠂ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠲᠣᠭ᠋ᠠᠴᠢᠯᠠᠭᠰᠠᠨ ᠠᠵᠢᠯ ᠮᠡᠷᠭᠡᠵᠢᠯ ᠳᠤ ᠠᠵᠢᠯ ᠬᠢᠭᠰᠡᠳ᠎ᠤᠨ ᠴᠠᠯᠢᠩ᠎ᠤᠨ ᠦᠨ᠎ᠡ ᠵᠢᠨ ᠮᠡᠳᠡᠭᠡ ᠵᠠᠩᠭᠢ ᠵᠢ ᠨᠡᠢ᠌ᠲᠡᠯᠡᠨ᠎ᠡ᠃ (ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
(ᠲᠠᠪᠤ) ᠨᠥᠬᠥᠪᠦᠷᠢ ᠥᠭᠬᠦ ᠣᠷᠣᠭᠤᠯᠤᠯᠲᠠ ᠵᠢ ᠨᠡᠮᠡᠭᠳᠡᠭᠦᠯᠦᠨ᠎ᠡ᠃ ᠡᠳ᠋᠎ᠤᠨ ᠵᠠᠰᠠᠭ᠎ᠤᠨ ᠳᠡᠮᠵᠢᠯᠭᠡ ᠵᠢᠨ ᠡᠷᠴᠢᠮ᠎ᠢ ᠴᠢᠩᠭ᠋ᠠᠷᠠᠭᠤᠯᠵᠤ᠂ ᠮᠠᠨ᠎ᠤ ᠣᠷᠣᠨ᠎ᠤ ᠬᠡᠷᠡᠭᠴᠡᠭᠡ᠎ᠳᠤ ᠨᠡᠶ᠋ᠢᠴᠡᠬᠦ ᠲᠣᠭ᠋ᠠᠴᠢᠯᠠᠭᠰᠠᠨ ᠠᠵᠢᠯ ᠮᠡᠷᠭᠡᠵᠢᠯ (ᠠᠵᠢᠯ᠎ᠤᠨ ᠲᠥᠷᠥᠯ)᠎ᠤᠨ ᠬᠥᠮᠦᠵᠢᠯ ᠪᠣᠯᠪᠠᠰᠤᠷᠠᠯ᠎ᠢ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠤᠨ ᠬᠡᠷᠡᠭᠴᠡᠭᠡ ᠵᠢᠨ ᠵᠢᠯᠤᠭᠣᠳᠬᠤ ᠭᠠᠷᠴᠠᠭ᠂ ᠪᠣᠯᠪᠠᠰᠤᠷᠠᠯ᠎ᠤᠨ ᠪᠠᠢ᠌ᠭᠤᠯᠤᠮᠵᠢ ᠵᠢᠨ ᠭᠠᠷᠴᠠᠭ᠂ ᠦᠨᠡᠨ ᠨᠡᠷ᠎ᠡ ᠵᠢᠨ ᠳᠦᠷᠢᠮᠲᠦ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠰᠢᠰᠲ᠋ᠧᠮ᠎ᠳᠤ ᠣᠷᠣᠭᠤᠯᠤᠨ᠎ᠠ᠃ ᠨᠥᠬᠥᠴᠡᠯ᠎ᠳᠤ ᠨᠡᠶ᠋ᠢᠴᠡᠬᠦ ᠬᠥᠮᠥᠰ᠎ᠲᠤ ᠲᠣᠭᠲᠠᠭ᠋ᠠᠯ ᠶᠣᠰᠣᠭ᠋ᠠᠷ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠨᠥᠬᠥᠪᠦᠷᠢ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠦᠨᠡᠯᠡᠯᠲᠡ ᠵᠢᠨ ᠨᠥᠬᠥᠪᠦᠷᠢ᠂ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠤᠷ᠎ᠠ ᠴᠢᠳᠠᠪᠤᠷᠢ᠎ᠪᠠᠨ ᠳᠡᠭᠡᠭᠰᠢᠯᠡᠬᠥᠯᠬᠦ ᠨᠥᠬᠥᠪᠦᠷᠢ ᠣᠯᠭᠣᠨ᠎ᠠ᠃ ᠭᠠᠵᠠᠷ ᠣᠷᠣᠨ ᠠᠯᠤᠰᠯᠠᠨ ᠠᠵᠢᠯ ᠣᠯᠵᠤ ᠦᠢ᠍ᠯᠡᠰ ᠪᠣᠰᠬᠠᠬᠤ᠎ᠳᠤ ᠪᠠᠢ᠌ᠩᠭᠤ ᠰᠠᠭᠤᠭ᠎ᠠ ᠭᠠᠵᠠᠷ ᠪᠤᠶᠤ ᠠᠵᠢᠯ ᠣᠯᠣᠭᠰᠠᠨ ᠭᠠᠵᠠᠷ᠎ᠲᠤ ᠠᠵᠢᠯ ᠣᠯᠵᠤ ᠦᠢ᠍ᠯᠡᠰ ᠪᠣᠰᠬᠠᠬᠤ ᠵᠢ ᠲᠡᠳᠬᠦᠬᠦ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢ ᠲᠣᠭᠲᠠᠭ᠋ᠠᠯ ᠶᠣᠰᠣᠭ᠋ᠠᠷ ᠬᠦᠷᠲᠡᠭᠡᠬᠦ ᠵᠢ ᠵᠥᠪᠰᠢᠶᠡᠷᠡᠨ᠎ᠡ᠃ ᠬᠠᠮᠢᠶ᠎ᠠ ᠪᠦᠬᠦᠢ ᠰᠠᠯᠠᠭ᠎ᠠ ᠮᠥᠴᠢᠷ ᠲᠤᠰᠬᠠᠢ ᠵᠦᠢ᠍ᠯ᠎ᠤᠨ ᠪᠡᠯᠡ ᠮᠥᠩᠭᠥ ᠵᠢ ᠲᠣᠭ᠋ᠠᠴᠢᠯᠠᠭᠰᠠᠨ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠬᠦ ᠲᠡᠢ᠌ᠰᠢ ᠬᠡᠯᠪᠡᠢ᠌ᠯᠭᠡᠬᠦ ᠡᠷᠴᠢᠮ ᠵᠶ᠋ᠡᠨ ᠴᠢᠩᠭ᠋ᠠᠷᠠᠭᠤᠯᠤᠨ᠎ᠠ᠃ (ᠡᠳ᠋᠎ᠤᠨ ᠵᠠᠰᠠᠭ᠎ᠤᠨ ᠲᠢᠩᠬᠢᠮ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ)
(ᠵᠢᠷᠭᠤᠭ᠎ᠠ) ᠴᠢᠳᠠᠪᠤᠷᠢᠲᠠᠨ᠎ᠤ ᠰᠢᠯᠵᠢᠯᠲᠡ ᠵᠢ ᠠᠬᠢᠭᠤᠯᠤᠨ᠎ᠠ᠃ ᠠᠵᠤ ᠠᠬᠤᠢ᠌ᠯᠠᠯ᠎ᠤᠨ ᠲᠣᠭ᠋ᠠᠴᠢᠯᠠᠭᠰᠠᠨ ᠮᠡᠷᠭᠡᠵᠢᠯ᠎ᠤᠨ ᠴᠢᠳᠠᠪᠤᠷᠢᠲᠠᠨ᠎ᠤ ᠶᠡᠬᠡ ᠳᠡᠭᠡᠳᠦ ᠰᠤᠷᠭ᠋ᠠᠭᠤᠯᠢ ᠲᠡᠢ᠌ᠰᠢ ᠰᠢᠯᠵᠢᠬᠦ ᠠᠷᠭ᠎ᠠ ᠵᠠᠮ᠎ᠢ ᠰᠠᠭ᠋ᠠᠳ ᠦᠭᠡᠢ ᠨᠠᠪᠲᠠᠷᠡᠭᠦᠯᠵᠦ᠂ ᠶᠡᠬᠡ ᠳᠡᠭᠡᠳᠦ ᠰᠤᠷᠭ᠋ᠠᠭᠤᠯᠢᠤᠨᠬᠢᠨᠤ ᠨᠡᠭᠦᠳᠡᠯ ᠠᠵᠢᠯ᠎ᠤᠨ ᠪᠠᠶ᠋ᠢᠷᠢ ᠭᠠᠷᠭ᠋ᠠᠬᠤ ᠵᠢ ᠳᠡᠮᠵᠢᠵᠦ᠂ ᠨᠥᠬᠥᠴᠡᠯ᠎ᠳᠤ ᠨᠡᠶ᠋ᠢᠴᠡᠬᠦ ᠠᠵᠤ ᠠᠬᠤᠢ᠌ᠯᠠᠯ᠎ᠤᠨ ᠳᠡᠭᠡᠳᠦ ᠲᠠᠰ᠎ᠤᠨ ᠲᠣᠭ᠋ᠠᠴᠢᠯᠠᠭᠰᠠᠨ ᠮᠡᠷᠭᠡᠵᠢᠯ᠎ᠤᠨ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ ᠲᠣᠭᠲᠠᠭ᠋ᠠᠯ ᠶᠣᠰᠣᠭ᠋ᠠᠷ ᠲᠤᠰᠢᠶᠠᠯ ᠬᠠᠪᠰᠤᠷᠭ᠋ᠠᠬᠤ ᠵᠢ ᠵᠣᠷᠢᠭᠵᠢᠭᠤᠯᠤᠨ᠎ᠠ᠂ ᠶᠡᠬᠡ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠭᠠᠵᠠᠷ᠎ᠤᠨ ᠲᠣᠭ᠋ᠠᠴᠢᠯᠠᠭᠰᠠᠨ ᠮᠡᠷᠭᠡᠵᠢᠯ᠎ᠤᠨ ᠬᠦᠷᠢᠶᠡᠨ᠎ᠳᠠᠬᠢ ᠨᠥᠬᠥᠴᠡᠯ᠎ᠳᠤ ᠨᠡᠶ᠋ᠢᠴᠡᠬᠦ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠨ᠎ᠤ ᠲᠣᠭᠲᠠᠭ᠋ᠠᠯ ᠶᠣᠰᠣᠭ᠋ᠠᠷ ᠲᠤᠰᠢᠶᠠᠯ ᠬᠠᠪᠰᠤᠷᠭ᠋ᠠᠨ ᠰᠢᠨ᠎ᠡ ᠵᠢ ᠡᠭᠦᠳᠬᠦ᠂ ᠠᠵᠢᠯ᠎ᠤᠨ ᠪᠠᠶ᠋ᠢᠷᠢ ᠳᠡᠭᠡᠷ᠎ᠡ᠎ᠪᠠᠨ ᠪᠤᠶᠤ ᠠᠵᠢᠯ᠎ᠤᠨ ᠪᠠᠶ᠋ᠢᠷᠢ᠎ᠠᠴᠠ᠎ᠪᠠᠨ ᠰᠠᠯᠵᠤ ᠠᠵᠤ ᠠᠬᠤᠢ᠌ᠯᠠᠯ ᠡᠭᠦᠳᠦᠨ ᠡᠷᠭᠢᠯᠡᠬᠦ ᠵᠢ ᠳᠡᠮᠵᠢᠨ ᠵᠣᠷᠢᠭᠵᠢᠭᠤᠯᠤᠨ᠎ᠠ᠃ (ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂ ᠰᠤᠷᠭ᠋ᠠᠨ ᠬᠥᠮᠦᠵᠢᠯ᠎ᠤᠨ ᠲᠢᠩᠬᠢᠮ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ)
(ᠲᠤᠯᠤᠭ᠎ᠠ) ᠤᠷᠮᠠᠰᠢᠭᠤᠯᠵᠤ ᠬᠥᠲᠥᠯᠥᠨ ᠵᠢᠯᠤᠭᠣᠳᠬᠤ ᠵᠢ ᠴᠢᠩᠭ᠋ᠠᠳᠬᠠᠨ᠎ᠠ᠃ ᠳᠡᠭᠡᠳᠦ ᠲᠡᠰ᠎ᠤᠨ ᠰᠤᠳᠤᠯᠤᠨ ᠰᠤᠷᠤᠯᠴᠠᠬᠤ᠂ ᠠᠮᠠᠷᠠᠯᠲᠠ ᠡᠪᠴᠤ ᠰᠤᠪᠢᠯᠠᠬᠤ᠂ ᠵᠥᠪᠯᠡᠯᠭᠡ ᠥᠭᠬᠦ ᠦᠢ᠍ᠯᠡᠴᠢᠯᠡᠭᠡ ᠥᠷᠨᠢᠭᠦᠯᠬᠦ᠂ ᠰᠤᠷᠪᠤᠯᠵᠢᠯᠠᠨ ᠲᠣᠬᠣᠨᠢᠭᠤᠯᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠳᠡᠭᠡᠳᠦ ᠲᠠᠰ᠎ᠤᠨ ᠲᠣᠭ᠋ᠠᠴᠢᠯᠠᠭᠰᠠᠨ ᠮᠡᠷᠭᠡᠵᠢᠯ᠎ᠤᠨ ᠴᠢᠳᠠᠪᠤᠷᠢᠲᠠᠨ᠎ᠢ ᠤᠯᠤᠰ ᠲᠥᠷᠥ᠎ᠪᠠᠷ ᠬᠥᠲᠥᠯᠥᠨ ᠵᠢᠯᠤᠭᠣᠳᠬᠤ ᠵᠢ ᠴᠢᠩᠭ᠋ᠠᠳᠬᠠᠨ᠎ᠠ᠃ ᠳᠡᠭᠡᠳᠦ ᠲᠠᠰ᠎ᠤᠨ ᠲᠣᠭ᠋ᠠᠴᠢᠯᠠᠭᠰᠠᠨ ᠮᠡᠷᠭᠡᠵᠢᠯ᠎ᠤᠨ ᠴᠢᠳᠠᠪᠤᠷᠢᠲᠠᠨ᠎ᠢ ᠣᠷᠣᠨ ᠨᠤᠲᠤᠭ᠎ᠤᠨ ᠳᠡᠭᠡᠳᠦ ᠲᠠᠰ᠎ᠤᠨ ᠲᠤᠰᠬᠠᠢ ᠮᠡᠷᠭᠡᠵᠢᠯᠲᠡᠨ᠎ᠤ ᠬᠥᠮᠥᠷᠭᠡ᠎ᠳᠤ ᠣᠷᠣᠭᠤᠯᠵᠤ᠂ ᠥᠪᠡᠷᠲᠡᠭᠡᠨ ᠵᠠᠰᠠᠬᠤ ᠣᠷᠣᠨ᠎ᠤ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠪᠠᠷᠢᠮᠵᠢᠶ᠎ᠠ᠎ᠳᠤ ᠬᠦᠷᠦᠭᠰᠡᠨ ᠳᠡᠭᠡᠳᠦ ᠲᠠᠰ᠎ᠤᠨ ᠲᠣᠭ᠋ᠠᠴᠢᠯᠠᠭᠰᠠᠨ ᠮᠡᠷᠭᠡᠵᠢᠯ᠎ᠤᠨ ᠴᠢᠳᠠᠪᠤᠷᠢᠲᠠᠨ᠎ᠳᠤ ᠣᠷᠣᠨ ᠰᠠᠭᠤᠴᠠ᠂ ᠡᠷᠦᠬᠡ ᠠᠮᠠ ᠵᠢᠨ ᠲᠠᠩᠰᠠ ᠣᠷᠣᠬᠤ᠂ ᠡᠪᠡᠳᠴᠢᠨ ᠦᠵᠡᠭᠦᠯᠬᠦ ᠦᠢ᠍ᠯᠡᠴᠢᠯᠡᠭᠡ᠂ ᠦᠷ᠎ᠡ ᠬᠡᠦᠬᠡᠳ᠎ᠨᠢ ᠰᠤᠷᠭ᠋ᠠᠭᠤᠯᠢ᠎ᠳᠤ ᠣᠷᠣᠬᠤ᠂ ᠬᠠᠨᠢ ᠨᠥᠬᠥᠷ᠎ᠨᠢ ᠠᠵᠢᠯ ᠣᠯᠬᠤ᠂ ᠦᠢ᠍ᠯᠡᠰ ᠪᠣᠰᠬᠠᠵᠤ ᠪᠡᠯᠡ ᠣᠷᠣᠭᠤᠯᠬᠤ᠂ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠵᠡᠷᠭᠡ ᠲᠠᠯ᠎ᠠ᠎ᠪᠠᠷ ᠳᠡᠮᠵᠢᠯᠭᠡ ᠦᠵᠡᠭᠦᠯᠬᠦ ᠪᠤᠶᠤ ᠲᠥᠬᠥᠮ ᠦᠵᠡᠭᠦᠯᠦᠨ᠎ᠡ᠃ ᠡᠯ᠎ᠡ ᠱᠠᠲᠤᠨ᠎ᠤ ᠡᠯ᠎ᠡ ᠲᠥᠷᠥᠯ᠎ᠤᠨ ᠮᠡᠷᠭᠡᠵᠢᠯ ᠤᠷ᠎ᠠ ᠴᠢᠳᠠᠪᠤᠷᠢ ᠵᠢᠨ ᠤᠷᠤᠯᠳᠤᠭ᠋ᠠᠨ᠎ᠳᠤ ᠰᠢᠯᠢᠳᠡᠭ ᠨᠡᠷᠡᠰ᠎ᠲᠤ ᠣᠷᠣᠭᠰᠠᠨ ᠲᠣᠭ᠋ᠠᠴᠢᠯᠠᠭᠰᠠᠨ ᠮᠡᠷᠭᠡᠵᠢᠯ᠎ᠤᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠱᠠᠩᠨᠠᠨ ᠬᠥᠬᠢᠭᠦᠯᠦᠨ᠎ᠡ᠃ (ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ)
(ᠨᠠᠢ᠍ᠮᠠ) ᠪᠡᠶ᠎ᠡ᠎ᠪᠠᠨ ᠳᠠᠭ᠋ᠠᠭ᠋ᠠᠵᠤ ᠣᠷᠣᠭᠤᠯᠤᠨ ᠠᠪᠴᠢᠷᠠᠬᠤ ᠪᠠ ᠬᠥᠮᠥᠵᠢᠭᠦᠯᠬᠦ ᠵᠢ ᠵᠣᠷᠢᠭᠵᠢᠭᠤᠯᠤᠨ᠎ᠠ᠃ ᠠᠵᠤ ᠠᠬᠤᠢ᠌ᠯᠠᠯ᠂ ᠠᠵᠢᠯ ᠲᠥᠷᠥᠯ᠂ ᠣᠷᠣᠨ ᠪᠦᠰᠡ ᠵᠢᠨ ᠲᠣᠭ᠋ᠠᠴᠢᠯᠠᠭᠰᠠᠨ ᠲᠡᠢ᠌ᠰᠢ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠬᠦ ᠬᠡᠷᠡᠭᠴᠡᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠵᠤ ᠦᠢ᠍ᠯᠡᠰ᠎ᠤᠨ ᠣᠨᠴᠠᠯᠢᠭ ᠵᠶ᠋ᠠᠷ ᠢᠯᠡ ᠲᠣᠳᠣ᠂ ᠰᠠᠭᠤᠷᠢ ᠨᠥᠬᠥᠴᠡᠯ ᠵᠶ᠋ᠡᠷ ᠨᠡᠯᠢᠶᠡᠳ ᠰᠠᠶ᠋ᠢᠨ ᠠᠵᠤ ᠠᠬᠤᠢ᠌ᠯᠠᠯ᠎ᠤᠨ ᠪᠡᠶ᠎ᠡ᠎ᠪᠠᠨ ᠳᠠᠭ᠋ᠠᠭ᠋ᠠᠵᠤ ᠲᠣᠭ᠋ᠠᠴᠢᠯᠠᠭᠰᠠᠨ ᠮᠡᠷᠭᠡᠵᠢᠯ᠎ᠤᠨ ᠤᠷ᠎ᠠ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠬᠦ ᠵᠢ ᠵᠣᠷᠢᠭᠵᠢᠭᠤᠯᠤᠨ ᠳᠡᠮᠵᠢᠵᠦ᠂ ᠣᠶᠤᠨᠴᠢ ᠦᠢ᠍ᠯᠡᠳᠬᠦ ᠰᠢᠰᠲ᠋ᠧᠮ᠎ᠢ ᠪᠠᠢ᠌ᠭᠤᠯᠤᠨ᠂ ᠲᠣᠭ᠋ᠠᠴᠢᠯᠠᠭᠰᠠᠨ ᠲᠡᠢ᠌ᠰᠢ ᠬᠡᠯᠪᠡᠷᠢ᠎ᠪᠠᠨ ᠬᠤᠪᠢᠷᠠᠭᠤᠯᠤᠨ ᠵᠢᠱ᠌ᠢᠶ᠎ᠡ ᠦᠵᠡᠭᠦᠯᠬᠦ ᠲᠤᠷᠰᠢᠯᠲᠠ ᠵᠢᠨ ᠴᠡᠭ᠎ᠢ ᠥᠷᠨᠢᠭᠦᠯᠵᠦ᠂ ᠣᠶᠤᠨᠴᠢ ᠦᠢ᠍ᠯᠡᠳᠬᠦ ᠰᠢᠨ᠎ᠡ ᠵᠠᠭᠪᠤᠷ᠎ᠢ ᠪᠣᠢ᠌ᠵᠢᠭᠤᠯᠤᠨ ᠳᠡᠯᠭᠡᠷᠡᠭᠦᠯᠦᠨ᠎ᠡ᠃ ᠲᠣᠭ᠋ᠠᠴᠢᠯᠠᠭᠰᠠᠨ ᠮᠡᠷᠭᠡᠵᠢᠯ᠎ᠤᠨ ᠬᠦᠷᠢᠶᠡᠨ᠎ᠳᠠᠬᠢ ᠳᠡᠭᠡᠳᠦ ᠲᠠᠰ᠎ᠤᠨ ᠪᠠ ᠪᠠᠴᠢᠮ ᠲᠤᠲᠠᠭᠳᠠᠵᠤ ᠪᠠᠢ᠌ᠭ᠎ᠠ ᠴᠢᠳᠠᠪᠤᠷᠢᠲᠠᠨ᠎ᠤ ᠬᠡᠷᠡᠭᠴᠡᠭᠡ ᠵᠢᠨ ᠭᠠᠷᠴᠠᠭ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠨᠡᠢ᠌ᠲᠡᠯᠡᠵᠦ᠂ ᠠᠵᠤ ᠠᠬᠤᠢ᠌ᠯᠠᠯ᠎ᠤᠨ ᠳᠡᠭᠡᠳᠦ ᠲᠠᠰ᠎ᠤᠨ ᠲᠣᠭ᠋ᠠᠴᠢᠯᠠᠭᠰᠠᠨ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠬᠦ ᠪᠠ ᠣᠷᠣᠭᠤᠯᠤᠨ ᠠᠪᠴᠢᠷᠠᠬᠤ᠎ᠳᠤ ᠡᠯ᠎ᠡ ᠱᠠᠲᠤᠨ᠎ᠤ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠰᠠᠯᠠᠭ᠎ᠠ ᠮᠥᠴᠢᠷ᠎ᠠᠴᠠ ᠬᠥᠮᠥᠨ᠎ᠤ ᠬᠦᠴᠦᠨ᠎ᠤ ᠡᠬᠢ ᠪᠠᠶᠠᠯᠢᠭ᠎ᠤᠨ ᠦᠢ᠍ᠯᠡᠴᠢᠯᠡᠭᠡᠨ᠎ᠤ ᠬᠤᠳᠠᠯᠳᠤᠭ᠋ᠠᠴᠢᠳ᠎ᠢ ᠢᠳᠡᠪᠬᠢᠲᠡᠢ ᠵᠣᠬᠢᠶᠠᠨ ᠪᠠᠢ᠌ᠭᠤᠯᠵᠤ ᠠᠵᠤ ᠠᠬᠤᠢ᠌ᠯᠠᠯ᠎ᠳᠤ ᠲᠣᠭ᠋ᠠᠴᠢᠯᠠᠭᠰᠠᠨ ᠮᠡᠷᠭᠡᠵᠢᠯ᠎ᠤᠨ ᠴᠢᠳᠠᠪᠤᠷᠢᠲᠠᠨ᠎ᠢ ᠤᠷᠢᠨ ᠡᠯᠰᠡᠬᠦ ᠦᠢ᠍ᠯᠡᠴᠢᠯᠡᠭᠡ ᠬᠠᠩᠭ᠋ᠠᠨ᠎ᠠ᠃ (ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ)
(ᠶᠢᠰᠦ) ᠲᠣᠭ᠋ᠠᠴᠢᠯᠠᠭᠰᠠᠨ ᠮᠡᠷᠭᠡᠵᠢᠯ᠎ᠤᠨ ᠬᠡᠪ ᠪᠣᠯᠪᠠᠰᠤᠷᠠᠯ᠎ᠢ ᠳᠡᠭᠡᠭᠰᠢᠯᠡᠭᠦᠯᠦᠨ᠎ᠡ᠃ ᠲᠤᠰᠬᠠᠢ ᠮᠡᠷᠭᠡᠵᠢᠯ᠎ᠤᠨ ᠠᠵᠢᠯᠲᠠᠨ᠎ᠤ ᠦᠷᠭᠦᠯᠵᠢᠯᠡᠯ ᠰᠤᠷᠭ᠋ᠠᠨ ᠬᠥᠮᠦᠵᠢᠯ᠎ᠤᠨ ᠨᠠᠢ᠌ᠳᠠ ᠵᠢᠨ ᠬᠡᠷᠡᠭᠴᠡᠭᠡᠨ᠎ᠤ ᠬᠢᠴᠢᠶᠡᠯ ᠲᠥᠷᠥᠯ᠎ᠤᠨ ᠬᠢᠴᠢᠶᠡᠯ᠎ᠤᠨ ᠪᠠᠢ᠌ᠷᠢᠯᠠᠭᠤᠯᠤᠯᠲᠠ ᠵᠢ ᠲᠡᠭᠦᠯᠳᠡᠷᠵᠢᠭᠦᠯᠵᠦ᠂ ᠨᠢᠭᠡ ᠪᠦᠯᠦᠭ ᠴᠢᠨᠠᠷ ᠰᠠᠢ᠌ᠲᠠᠢ ᠲᠣᠭ᠋ᠠᠴᠢᠯᠠᠭᠰᠠᠨ ᠮᠡᠷᠭᠡᠵᠢᠯ᠎ᠤᠨ ᠬᠢᠴᠢᠶᠡᠯ᠎ᠤᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠵᠦ᠂ ᠲᠣᠭ᠋ᠠᠴᠢᠯᠠᠭᠰᠠᠨ ᠮᠡᠷᠭᠡᠵᠢᠯ᠎ᠤᠨ ᠮᠡᠳᠡᠯᠭᠡ ᠵᠢ ᠲᠦᠭᠡᠮᠡᠯᠵᠢᠭᠦᠯᠦᠨ᠎ᠡ᠃ ᠥᠨᠳᠥᠷ ᠪᠦᠲᠦᠮᠵᠢᠲᠡᠢ ᠬᠤᠷᠠᠮᠠᠯ ᠵᠠᠰᠠᠭ᠎ᠤᠨ ᠶᠠᠪᠤᠳᠠᠯ᠎ᠤᠨ ᠲᠠᠪᠴᠠᠩ᠎ᠢ ᠪᠠᠢ᠌ᠭᠤᠯᠬᠤ᠎ᠳᠤ ᠲᠦᠰᠢᠭᠯᠡᠨ᠂ ᠲᠣᠭ᠋ᠠᠴᠢᠯᠠᠭᠰᠠᠨ ᠵᠠᠰᠠᠭ᠎ᠤᠨ ᠶᠠᠪᠤᠳᠠᠯ᠎ᠤᠨ ᠬᠡᠷᠡᠭᠯᠡᠭᠡᠨ᠎ᠤ ᠦᠵᠡᠭᠳᠡᠯ ᠪᠠᠶ᠋ᠢᠳᠠᠯ᠎ᠢ ᠤᠯᠠᠮ ᠨᠢᠭᠡ ᠠᠯᠬᠤᠮ ᠥᠷᠭᠡᠳᠬᠡᠵᠦ᠂ ᠳ᠋ᠠᠢ᠌ᠲ᠋ᠠ ᠵᠢᠨ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢ ᠪᠥᠬᠥ ᠲᠠᠯ᠎ᠠ᠎ᠪᠠᠷ ᠴᠢᠩᠭ᠋ᠠᠳᠬᠠᠨ᠂ ᠰᠦᠯᠵᠢᠶᠡᠨ᠎ᠤ ᠳ᠋ᠠᠢ᠌ᠲ᠋ᠠ ᠵᠢᠨ ᠠᠮᠤᠷ ᠲᠦᠪᠰᠢᠨ᠎ᠤ ᠬᠥᠮᠦᠵᠢᠯ᠎ᠢ ᠴᠢᠩᠭ᠋ᠠᠳᠬᠠᠵᠤ᠂ ᠰᠢᠨ᠎ᠡ ᠠᠵᠤ ᠦᠢ᠍ᠯᠡᠰ ᠰᠢᠨ᠎ᠡ ᠡᠵᠡᠩᠨᠡᠯᠲᠡ ᠵᠢᠨ ᠬᠡᠯᠪᠡᠷᠢ᠎ᠳᠤ ᠴᠢᠭᠯᠡᠭᠦᠯᠦᠨ ᠲᠣᠭ᠋ᠠᠴᠢᠯᠠᠭᠰᠠᠨ ᠮᠡᠷᠭᠡᠵᠢᠯ᠎ᠤᠨ ᠪᠣᠯᠪᠠᠰᠤᠷᠠᠯ᠎ᠢ ᠴᠢᠩᠭ᠋ᠠᠳᠬᠠᠨ᠂ ᠲᠣᠭ᠋ᠠᠴᠢᠯᠠᠭᠰᠠᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ ᠦᠢ᠍ᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠵᠦ᠂ ᠲᠣᠭ᠋ᠠᠴᠢᠯᠠᠭᠰᠠᠨ ᠠᠵᠤ ᠠᠬᠤᠢ ᠵᠢᠨ ᠴᠢᠳᠠᠪᠤᠷᠢᠲᠠᠨ᠎ᠤ ᠲᠤᠯᠭ᠋ᠠᠭᠤᠷᠢᠯᠠᠯ᠎ᠢ ᠴᠢᠩᠭ᠋ᠠᠳᠬᠠᠨ᠂ ᠲᠣᠭ᠋ᠠᠴᠢᠯᠠᠭᠰᠠᠨ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ᠎ᠳᠤ ᠬᠦᠴᠦᠨ ᠨᠡᠮᠡᠷᠢᠯᠡᠨ᠎ᠡ᠃ ᠲᠣᠭ᠋ᠠᠴᠢᠯᠠᠭᠰᠠᠨ ᠮᠡᠷᠭᠡᠵᠢᠯ᠎ᠤᠨ ᠴᠢᠳᠠᠪᠤᠷᠢᠲᠠᠨ᠎ᠢ ᠲᠦᠮᠡᠨ ᠬᠥᠮᠥᠨ᠎ᠳᠤ ᠪᠣᠯᠪᠠᠰᠤᠷᠠᠯ ᠬᠦᠷᠲᠡᠭᠡᠬᠦ ᠲᠥᠯᠥᠪᠯᠡᠭᠡ ᠵᠢ ᠰᠤᠳᠤᠯᠤᠨ ᠡᠬᠢᠯᠡᠭᠦᠯᠦᠨ᠎ᠡ᠃ (ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠬᠢᠭᠡᠳ ᠳ᠋ᠠᠢ᠌ᠲ᠋ᠠ ᠵᠢᠨ ᠬᠠᠮᠢᠶᠠᠷᠤᠯᠲᠠ ᠵᠢᠨ ᠲᠣᠪᠴᠢᠶ᠎ᠠ᠂ ᠰᠦᠯᠵᠢᠶᠡᠨ᠎ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠵᠢᠨ ᠵᠥᠪᠯᠡᠯ᠎ᠤᠨ ᠠᠯᠪᠠᠨ ᠭᠡᠷ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ)
ᠳᠥᠷᠪᠡ᠂ ᠵᠣᠬᠢᠶᠠᠨ ᠪᠠᠢ᠌ᠭᠤᠯᠤᠨ ᠬᠡᠷᠡᠭᠵᠢᠭᠦᠯᠬᠦ
ᠡᠯ᠎ᠡ ᠠᠶ᠋ᠢᠮᠠᠭ ᠬᠣᠲᠠ᠂ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠲᠣᠭ᠋ᠠᠴᠢᠯᠠᠭᠰᠠᠨ ᠮᠡᠷᠭᠡᠵᠢᠯ᠎ᠤᠨ ᠴᠢᠳᠠᠪᠤᠷᠢᠲᠠᠨ᠎ᠢ ᠪᠡᠶ᠎ᠡ᠎ᠪᠠᠨ ᠳᠠᠭ᠋ᠠᠭ᠋ᠠᠵᠤ ᠬᠥᠮᠥᠵᠢᠭᠦᠯᠬᠦ ᠵᠢ ᠴᠢᠩᠭ᠋ᠠᠳᠬᠠᠬᠤ ᠵᠢᠨ ᠴᠢᠬᠤᠯᠠ ᠴᠢᠨᠠᠷ᠎ᠢ ᠭᠦᠨᠵᠡᠭᠡᠢ ᠲᠠᠨᠢᠵᠤ᠂ ᠲᠣᠰ ᠲᠣᠰ᠎ᠤᠨ ᠡᠭᠦᠷᠭᠡ ᠲᠤᠰᠢᠶᠠᠯ ᠦᠢ᠍ᠯᠡᠳᠦᠯ ᠵᠶ᠋ᠡᠨ ᠭᠦᠢ᠍ᠴᠡᠳ ᠪᠠᠳᠠᠷᠠᠭᠤᠯᠤᠨ᠂ ᠨᠢᠭᠲᠠ ᠬᠠᠮᠵᠢᠯᠴᠠᠵᠤ᠂ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠪᠥᠬᠥ ᠲᠠᠯ᠎ᠠ᠎ᠪᠠᠷ ᠠᠬᠢᠭᠤᠯᠬᠤ ᠬᠡᠷᠡᠭᠲᠡᠶ᠃ ᠵᠣᠬᠢᠶᠠᠨ ᠪᠠᠢ᠌ᠭᠤᠯᠬᠤ ᠰᠠᠯᠠᠭ᠎ᠠ ᠮᠥᠴᠢᠷ᠎ᠠᠴᠠ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠎ᠪᠠᠨ ᠴᠢᠩᠭ᠋ᠠᠳᠬᠠᠵᠤ᠂ ᠬᠠᠮᠢᠶ᠎ᠠ ᠪᠦᠬᠦᠢ ᠠᠵᠢᠯ ᠲᠥᠷᠥᠯ᠎ᠤᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠨ ᠢᠳᠡᠪᠬᠢᠵᠢᠯ᠎ᠢ ᠭᠦᠢ᠍ᠴᠡᠳ ᠳᠠᠶ᠋ᠢᠴᠢᠯᠠᠨ᠂ ᠠᠵᠢᠯ᠎ᠤᠨ ᠬᠠᠮᠲᠤᠷᠠᠯ ᠬᠦᠴᠦᠨ᠎ᠢ ᠪᠦᠷᠢᠯᠳᠦᠭᠦᠯᠬᠦ ᠬᠡᠷᠡᠭᠲᠡᠶ᠃ ᠢᠨᠲ᠋ᠥᠷ ᠰᠦᠯᠵᠢᠶᠡᠨ᠎ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ᠂ ᠰᠤᠷᠭ᠋ᠠᠨ ᠬᠥᠮᠦᠵᠢᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ᠂ ᠳ᠋ᠠᠢ᠌ᠲ᠋ᠠ᠂ ᠠᠵᠢᠯᠴᠢᠨ᠎ᠤ ᠡᠪᠯᠡᠯ ᠵᠡᠷᠭᠡ ᠰᠠᠯᠠᠭ᠎ᠠ ᠮᠥᠴᠢᠷ᠎ᠤᠨ᠎ᠬᠢᠨ ᠡᠭᠦᠷᠭᠡ ᠲᠤᠰᠢᠶᠠᠯ ᠬᠠᠷᠢᠭᠤᠴᠠᠯᠭ᠎ᠠ᠎ᠳᠠᠭᠠᠨ ᠰᠠᠭᠤᠷᠢᠯᠠᠵᠤ᠂ ᠡᠯ᠎ᠡ ᠵᠦᠢ᠍ᠯ᠎ᠤᠨ ᠡᠭᠦᠷᠭᠡ ᠵᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠠᠬᠢᠭᠤᠯᠬᠤ ᠬᠡᠷᠡᠭᠲᠡᠢ᠃ ᠡᠳ᠋᠎ᠤᠨ ᠵᠠᠰᠠᠭ᠎ᠤᠨ ᠰᠠᠯᠠᠭ᠎ᠠ ᠮᠥᠴᠢᠷ ᠬᠠᠮᠢᠶ᠎ᠠ ᠪᠦᠬᠦᠢ ᠡᠳ᠋᠎ᠤᠨ ᠵᠠᠰᠠᠭ᠎ᠤᠨ ᠪᠡᠯᠡ ᠮᠥᠩᠭᠥ ᠵᠢ ᠴᠠᠭ ᠲᠤᠬᠠᠢᠳᠤᠨᠢ ᠲᠣᠭ᠎ᠠ ᠶᠣᠰᠣᠭ᠋ᠠᠷ ᠰᠠᠯᠭ᠋ᠠᠨ ᠥᠭᠴᠦ ᠪᠣᠳᠠᠲᠠᠢ ᠨᠠᠢ᠌ᠳᠠᠪᠤᠷᠢᠵᠢᠭᠤᠯᠬᠤ ᠵᠢ ᠦᠨᠡᠨᠬᠦ ᠪᠠᠲᠤᠯᠠᠬᠤ ᠬᠡᠷᠡᠭᠲᠡᠶ᠃ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ ᠲᠣᠭ᠋ᠠᠴᠢᠯᠠᠭᠰᠠᠨ ᠮᠡᠷᠭᠡᠵᠢᠯ᠎ᠤᠨ ᠢᠨᠵᠧᠨᠧᠷ᠎ᠢ ᠬᠥᠮᠥᠵᠢᠭᠦᠯᠬᠦ ᠲᠥᠷᠥ ᠵᠢᠨ ᠪᠣᠳᠣᠯᠭ᠎ᠠ ᠵᠢ ᠲᠣᠭᠲᠠᠭ᠋ᠠᠬᠤ᠂ ᠪᠣᠯᠪᠠᠰᠤᠷᠠᠯ᠎ᠤᠨ ᠪᠠᠢ᠌ᠭᠤᠯᠤᠮᠵᠢ ᠵᠢᠨ ᠡᠬᠢ ᠪᠠᠶᠠᠯᠢᠭ᠎ᠢ ᠨᠡᠢ᠌ᠳᠬᠡᠬᠦ ᠪᠠ ᠪᠣᠯᠪᠠᠰᠤᠷᠠᠯ᠎ᠤᠨ ᠶᠠᠰᠤ ᠴᠢᠨᠠᠷ᠎ᠢ ᠬᠢᠨᠠᠨ ᠬᠠᠮᠢᠶᠠᠷᠬᠤ ᠵᠡᠷᠭᠡ ᠲᠤᠰᠢᠶᠠᠯ ᠬᠠᠷᠢᠭᠤᠴᠠᠯᠭ᠎ᠠ ᠵᠢ ᠡᠭᠦᠷᠭᠡᠯᠡᠵᠦ᠂ ᠪᠥᠬᠥ ᠲᠠᠯ᠎ᠠ᠎ᠪᠠᠷ ᠱᠠᠯᠠᠪᠳᠠᠭᠤᠯᠤᠨ ᠨᠠᠢ᠌ᠳᠠᠪᠤᠷᠢᠵᠢᠭᠤᠯᠬᠤ ᠵᠢ ᠰᠠᠶ᠋ᠢᠲᠤᠷ ᠠᠳᠬᠤᠬᠤ ᠬᠡᠷᠡᠭᠳᠡᠢ᠃ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠵᠢᠴᠢ ᠠᠵᠢᠯ ᠲᠥᠷᠥᠯ᠎ᠤᠨ ᠵᠣᠬᠢᠶᠠᠨ ᠪᠠᠢ᠌ᠭᠤᠯᠤᠯᠲᠠ᠎ᠠᠴᠠ ᠤᠬᠠᠭᠤᠯᠭ᠎ᠠ᠎ᠪᠠᠨ ᠴᠢᠩᠭ᠋ᠠᠳᠬᠠᠵᠤ᠂ ᠲᠣᠭ᠋ᠠᠴᠢᠯᠠᠭᠰᠠᠨ ᠮᠡᠷᠭᠡᠵᠢᠯ᠎ᠤᠨ ᠴᠢᠳᠠᠪᠤᠷᠢᠲᠠᠨ᠎ᠤ ᠬᠣᠯᠪᠣᠭᠳᠠᠯ ᠪᠦᠬᠦᠢ ᠠᠵᠢᠯ᠎ᠢ ᠬᠠᠮᠲᠤ᠎ᠪᠠᠷ ᠰᠠᠶ᠋ᠢᠲᠤᠷ ᠬᠢᠵᠦ᠂ ᠪᠣᠳᠠᠲᠤ ᠦᠷ᠎ᠡ ᠪᠦᠲᠦᠮᠵᠢ ᠣᠯᠬᠤ ᠵᠢ ᠦᠨᠡᠨᠬᠦ ᠪᠠᠲᠤᠯᠠᠬᠤ ᠬᠡᠷᠡᠭᠲᠡᠶ᠃