ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠂ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠶᠡᠷᠦᠩᠬᠡᠢ ᠲᠣᠪᠴᠢᠶ᠎ᠠ ᠵᠢᠨ ᠡᠯ᠎ᠡ ᠠᠶ᠋ᠢᠮᠠᠭ ᠬᠣᠲᠠ ᠵᠢᠨ ᠭᠠᠢ᠌ᠯᠢ ᠵᠢᠨ ᠲᠣᠪᠴᠢᠶ᠎ᠠ; ᠮᠠᠨᠵᠤᠤᠷ ᠬᠣᠲᠠ᠂ ᠡᠷᠢᠶᠡᠨ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠂ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠶᠡᠷᠦᠩᠬᠡᠢ ᠲᠣᠪᠴᠢᠶ᠎ᠠ ᠵᠢᠨ ᠮᠠᠨᠵᠤᠤᠷ ᠬᠣᠲᠠ᠂ ᠡᠷᠢᠶᠡᠨ ᠬᠣᠲᠠ ᠵᠢᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ᠎ᠳᠤ᠄
ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠥᠯᠥᠭᠡ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠡᠬᠢᠵᠢᠭᠦᠯᠬᠦ᠎ᠪᠠᠷ ᠠᠵᠢᠯ᠎ᠤᠨ ᠭᠣᠣᠯ ᠱᠤᠭᠤᠮ ᠪᠣᠯᠭ᠋ᠠᠵᠤ᠂ ᠤᠯᠠᠨ ᠲᠠᠰ ᠳᠠᠪᠬᠤᠷᠭ᠎ᠠ᠂ ᠤᠯᠠᠨ ᠲᠤᠯᠭ᠋ᠠᠭᠤᠷᠢᠲᠤ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠰᠢᠰᠲ᠋ᠧᠮᠵᠢ ᠵᠢ ᠲᠦᠷᠭᠡᠳᠬᠡᠨ ᠪᠠᠢ᠌ᠭᠤᠯᠵᠤ᠂ ᠠᠵᠤ ᠠᠬᠤᠢ᠌ᠯᠠᠯ᠎ᠤᠨ ᠣᠨ᠎ᠤ ᠮᠥᠩᠭᠥ ᠵᠢᠨ ᠬᠠᠮᠤᠷᠬᠤ ᠬᠡᠪᠴᠢᠶ᠎ᠡ ᠵᠢ ᠲᠠᠰᠤᠷᠠᠯᠲᠠ ᠦᠭᠡᠢ ᠥᠷᠭᠡᠳᠬᠡᠨ᠂ 《ᠤᠯᠠᠨ ᠲᠠᠰ ᠳᠠᠪᠬᠤᠷᠭ᠎ᠠ ᠤᠯᠠᠨ ᠲᠤᠯᠭ᠋ᠠᠭᠤᠷᠢᠲᠤ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠰᠢᠰᠲ᠋ᠧᠮᠵᠢ ᠵᠢ ᠪᠠᠢ᠌ᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠠᠨᠠᠯ》 (ᠥᠪᠥᠷ ᠵᠠᠰᠠᠭ ᠲᠠᠷᠬᠠᠭ᠋ᠠᠭᠰᠠᠨ [2024] 18 ᠳ᠋ᠤᠭ᠋ᠠᠷ ᠲᠣᠭ᠋ᠠᠲᠤ)᠎ᠢ ᠦᠨᠳᠦᠰᠦᠯᠡᠨ᠂ ᠡᠳᠦᠭᠡ ᠠᠵᠤ ᠠᠬᠤᠢ᠌ᠯᠠᠯ᠎ᠤᠨ ᠣᠨ᠎ᠤ ᠮᠥᠩᠭᠥ ᠵᠢᠨ ᠬᠥᠭᠵᠢᠯᠲᠡ ᠵᠢ ᠲᠦᠷᠭᠡᠳᠬᠡᠬᠦ ᠲᠤᠬᠠᠢ ᠳᠣᠣᠷᠠᠬᠢ ᠮᠡᠲᠦ ᠵᠢᠯᠤᠭᠣᠳᠬᠤ ᠰᠠᠨᠠᠯ᠎ᠢ ᠳᠤᠷᠠᠳᠪᠠ᠄
ᠨᠢᠭᠡ᠂ ᠠᠵᠤ ᠠᠬᠤᠢ᠌ᠯᠠᠯ᠎ᠤᠨ ᠣᠨ᠎ᠤ ᠮᠥᠩᠭᠥ ᠵᠢᠨ ᠳᠦᠷᠢᠮ᠎ᠤᠨ ᠬᠠᠮᠤᠷᠬᠤ ᠬᠡᠪᠴᠢᠶ᠎ᠡ ᠵᠢ ᠥᠷᠭᠡᠳᠬᠡᠨ᠎ᠡ
(ᠨᠢᠭᠡ) ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠤᠨ ᠪᠥᠬᠥ ᠠᠵᠢᠯᠲᠠᠨ᠎ᠢ ᠬᠠᠮᠤᠷᠤᠭᠰᠠᠨ ᠠᠵᠤ ᠠᠬᠤᠢ᠌ᠯᠠᠯ᠎ᠤᠨ ᠣᠨ᠎ᠤ ᠮᠥᠩᠭᠥ ᠪᠠᠢ᠌ᠭᠤᠯᠬᠤ ᠵᠢ ᠠᠬᠢᠭᠤᠯᠤᠨ᠎ᠠ᠃ ᠡᠯ᠎ᠡ ᠱᠠᠲᠤᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠳ ᠤᠯᠤᠰ᠎ᠤᠨ ᠥᠮᠴᠢᠯᠡᠯᠲᠦ ᠠᠵᠤ ᠠᠬᠤᠢ᠌ᠯᠠᠯ᠎ᠤᠨ ᠣᠨ᠎ᠤ ᠮᠥᠩᠭᠥ ᠵᠢ ᠠᠶᠠᠨᠳᠠᠭ᠋ᠠᠨ ᠣᠷᠣᠭᠤᠯᠬᠤ ᠲᠣᠭᠲᠠᠴᠠ ᠵᠢ ᠪᠠᠢ᠌ᠭᠤᠯᠵᠤ᠂ ᠥᠪᠡᠷᠲᠡᠭᠡᠨ ᠵᠠᠰᠠᠬᠤ ᠣᠷᠣᠨ᠎ᠤ ᠬᠠᠷᠢᠶ᠎ᠠ ᠪᠦᠬᠦᠢ ᠤᠯᠤᠰ᠎ᠤᠨ ᠥᠮᠴᠢᠯᠡᠯᠲᠦ ᠠᠵᠤ ᠠᠬᠤᠢ᠌ᠯᠠᠯ᠂ ᠤᠯᠤᠰ᠎ᠤᠨ ᠥᠮᠴᠢᠯᠡᠯᠲᠦ ᠬᠤᠪᠢ ᠡᠵᠡᠮᠳᠡᠬᠦ ᠠᠵᠤ ᠠᠬᠤᠢ᠌ᠯᠠᠯ᠎ᠤᠳ ᠵᠠᠷᠴᠢᠮ ᠳᠡᠭᠡᠷ᠎ᠡ᠎ᠪᠠᠨ ᠴᠥᠮ ᠠᠵᠤ ᠠᠬᠤᠢ᠌ᠯᠠᠯ᠎ᠤᠨ ᠣᠨ᠎ᠤ ᠮᠥᠩᠭᠥ ᠵᠢ ᠪᠠᠢ᠌ᠭᠤᠯᠵᠤ᠂ ᠠᠵᠤ ᠠᠬᠤᠢ᠌ᠯᠠᠯ᠎ᠨᠢ ᠬᠡᠷᠪᠡ ᠡᠵᠡᠩᠨᠡᠯᠲᠡ ᠵᠢᠨ ᠠᠯᠳᠠᠭᠳᠠᠯ ᠭᠠᠷᠬᠤ᠂ ᠲᠠᠬᠢᠨ ᠵᠣᠬᠢᠶᠠᠨ ᠪᠠᠢ᠌ᠭᠤᠯᠵᠤ ᠨᠡᠢ᠌ᠯᠡᠭᠦᠯᠦᠨ ᠬᠤᠳᠠᠯᠳᠤᠨ ᠠᠪᠬᠤ ᠵᠡᠷᠭᠡ ᠲᠤᠰ ᠬᠤᠭᠤᠴᠠᠭ᠋ᠠᠨ᠎ᠳᠤ ᠦᠷᠭᠦᠯᠵᠢᠯᠡᠨ ᠰᠦᠢ᠍ᠳᠬᠡᠯ ᠲᠤᠰᠢᠶᠠᠵᠤ ᠳᠡᠢ᠌ᠯᠬᠦ ᠦᠭᠡᠢ ᠪᠠᠶ᠋ᠢᠳᠠᠯ᠎ᠳᠤ ᠲᠤᠯᠭ᠋ᠠᠷᠠᠪᠠᠯ᠂ ᠠᠵᠢᠯᠲᠠᠨ ᠠᠵᠢᠯᠴᠢᠨ᠎ᠤ ᠲᠠᠯ᠎ᠠ᠎ᠯᠤᠭ᠎ᠠ ᠵᠥᠪᠳᠡᠯᠴᠡᠭᠡᠳ ᠰᠦᠢ᠍ᠳᠬᠡᠯ ᠲᠤᠰᠢᠶᠠᠬᠤ᠎ᠪᠠᠨ ᠵᠣᠭᠰᠣᠭ᠋ᠠᠵᠤ ᠪᠣᠯᠣᠨ᠎ᠠ᠃ ᠦᠷᠭᠦᠯᠵᠢᠯᠡᠨ ᠰᠦᠢ᠍ᠳᠬᠡᠯ ᠲᠤᠰᠢᠶᠠᠵᠤ ᠳᠡᠢ᠌ᠯᠬᠦ ᠦᠭᠡᠢ ᠪᠠᠶ᠋ᠢᠳᠠᠯ ᠠᠷᠢᠯᠤᠭᠰᠠᠨᠤ ᠳᠠᠷᠠᠭ᠎ᠠ᠂ ᠠᠵᠤ ᠠᠬᠤᠢ᠌ᠯᠠᠯ ᠪᠠ ᠠᠵᠢᠯᠲᠠᠨ ᠠᠵᠢᠯᠴᠢᠨ ᠰᠦᠢ᠍ᠳᠬᠡᠯ ᠲᠤᠰᠢᠶᠠᠬᠤ᠎ᠪᠠᠨ ᠰᠡᠷᠭᠦᠭᠡᠬᠦ ᠵᠢᠨ ᠬᠠᠮᠲᠤ ᠲᠣᠰ ᠠᠵᠤ ᠠᠬᠤᠢ᠌ᠯᠠᠯ᠎ᠤᠨ ᠪᠣᠳᠠᠲᠠᠢ ᠪᠠᠶ᠋ᠢᠳᠠᠯ ᠵᠶ᠋ᠠᠨ ᠦᠨᠳᠦᠰᠦᠯᠡᠨ᠂ ᠰᠦᠢ᠍ᠳᠬᠡᠯ ᠲᠤᠰᠢᠶᠠᠬᠤ ᠵᠢ ᠳᠣᠷᠭᠣᠨ ᠵᠣᠭᠰᠤᠭ᠋ᠠᠬᠤ ᠦᠶ᠎ᠡ ᠵᠢᠨ ᠠᠵᠤ ᠠᠬᠤᠢ᠌ᠯᠠᠯ᠎ᠤᠨ ᠣᠨ᠎ᠤ ᠮᠥᠩᠭᠥ ᠵᠢᠨ ᠲᠥᠰᠥᠯ ᠶᠣᠰᠣᠭ᠋ᠠᠷ ᠨᠥᠬᠥᠨ ᠲᠤᠰᠢᠶᠠᠵᠤ ᠪᠣᠯᠣᠨ᠎ᠠ᠂ ᠨᠥᠬᠥᠨ ᠲᠤᠰᠢᠶᠠᠬᠤ ᠵᠢᠯ ᠬᠤᠭᠤᠴᠠᠭ᠎ᠠ ᠪᠠ ᠵᠣᠭᠣᠰ᠎ᠤᠨ ᠲᠣᠭ᠎ᠠ ᠵᠢ ᠰᠦᠢ᠍ᠳᠬᠡᠯ ᠲᠤᠰᠢᠶᠠᠬᠤ ᠵᠢ ᠪᠣᠳᠠᠲᠠᠢ ᠳᠣᠷᠭᠣᠨ ᠵᠣᠭᠰᠣᠭ᠋ᠠᠭᠰᠠᠨ ᠵᠢᠯ ᠬᠤᠭᠤᠴᠠᠭ᠎ᠠ ᠪᠠ ᠵᠣᠭᠣᠰ᠎ᠤᠨ ᠲᠣᠭ᠎ᠠ᠎ᠠᠴᠠ ᠬᠡᠲᠦᠷᠡᠭᠦᠯᠵᠦ ᠪᠣᠯᠬᠤ ᠦᠭᠡᠢ᠃ ᠡᠵᠡᠩᠨᠡᠯᠲᠡ ᠵᠢᠨ ᠪᠠᠶ᠋ᠢᠳᠠᠯ ᠮᠠᠭᠤ᠎ᠠᠴᠠ ᠪᠣᠯᠵᠤ ᠲᠦᠷ ᠴᠠᠭ ᠨᠥᠬᠥᠴᠡᠯ ᠦᠭᠡᠢ᠎ᠪᠠᠷ ᠪᠠᠢ᠌ᠭᠤᠯᠤᠭᠰᠠᠨ ᠪᠠᠢ᠌ᠪᠠᠯ᠂ ᠣᠷᠣᠯᠴᠠᠬᠤ ᠲᠥᠯᠥᠪᠯᠡᠭᠡ ᠲᠣᠭᠲᠠᠭ᠋ᠠᠵᠤ᠂ ᠡᠵᠡᠩᠨᠡᠯᠲᠡ ᠵᠢᠨ ᠨᠥᠬᠥᠴᠡᠯ ᠰᠠᠢ᠌ᠵᠢᠷᠠᠭᠰᠠᠨᠤ ᠳᠠᠷᠠᠭ᠎ᠠ ᠴᠠᠭ ᠲᠤᠬᠠᠢᠳᠤᠨᠢ ᠪᠠᠢ᠌ᠭᠤᠯᠬᠤ ᠬᠡᠷᠡᠭᠲᠡᠶ᠃
(ᠬᠣᠶᠠᠷ) ᠡᠯ᠎ᠡ ᠲᠥᠷᠥᠯ᠎ᠤᠨ ᠬᠥᠮᠥᠨ ᠬᠡᠷᠡᠭᠯᠡᠬᠦ ᠨᠢᠭᠡᠴᠢ ᠵᠢᠨ ᠠᠵᠤ ᠠᠬᠤᠢ᠌ᠯᠠᠯ᠎ᠤᠨ ᠣᠨ᠎ᠤ ᠮᠥᠩᠭᠥ ᠪᠠᠢ᠌ᠭᠤᠯᠬᠤ ᠵᠢ ᠠᠬᠢᠭᠤᠯᠤᠨ᠎ᠠ᠃ ᠡᠯ᠎ᠡ ᠱᠠᠲᠤᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠳ ᠬᠤᠪᠢ ᠵᠢᠨ ᠡᠵᠡᠩᠨᠡᠯᠲᠡ ᠵᠢᠨ ᠨᠢᠭᠡᠴᠢ᠂ ᠨᠡᠢ᠌ᠭᠡᠮ᠎ᠤᠨ ᠪᠦᠯᠬᠦᠮ᠂ ᠰᠠᠭᠤᠷᠢ ᠮᠥᠩᠭᠥᠨ᠎ᠤ ᠨᠡᠢ᠌ᠭᠡᠮᠯᠢᠭ᠂ ᠠᠷᠠᠳ᠎ᠠᠴᠠ ᠡᠷᠭᠢᠯᠡᠭᠰᠡᠨ ᠠᠵᠤ ᠠᠬᠤᠢ᠌ᠯᠠᠯ᠎ᠤᠨ ᠪᠤᠰᠤ ᠨᠢᠭᠡᠴᠢ᠂ ᠬᠥᠳᠡᠯᠮᠦᠷᠢ ᠦᠢ᠍ᠯᠡᠴᠢᠯᠡᠭᠡ ᠲᠣᠮᠢᠯᠠᠬᠤ ᠨᠢᠭᠡᠴᠢ᠂ ᠠᠵᠢᠯᠴᠢᠨ ᠬᠥᠯᠥᠰᠦᠯᠡᠵᠦ ᠪᠠᠢ᠌ᠭ᠎ᠠ ᠬᠤᠪᠢ ᠵᠢᠨ ᠠᠵᠤ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠡᠷᠭᠡ ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠳᠤ ᠣᠷᠣᠯᠴᠠᠭᠰᠠᠨ ᠬᠥᠮᠥᠨ ᠬᠡᠷᠡᠭᠯᠡᠬᠦ ᠨᠢᠭᠡᠴᠢ ᠵᠢᠨ ᠠᠵᠢᠯᠲᠠᠨ ᠠᠵᠢᠯᠴᠢᠨ᠎ᠳᠤ ᠠᠵᠤ ᠠᠬᠤᠢ᠌ᠯᠠᠯ᠎ᠤᠨ ᠣᠨ᠎ᠤ ᠮᠥᠩᠭᠥ ᠪᠠᠢ᠌ᠭᠤᠯᠵᠤ ᠥᠭᠬᠦ ᠵᠢ ᠲᠦᠯᠬᠢᠨ ᠠᠬᠢᠭᠤᠯᠬᠤ ᠬᠡᠷᠡᠭᠲᠡᠶ᠃ ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠳᠤ ᠣᠷᠣᠯᠴᠠᠭᠰᠠᠨ ᠬᠥᠮᠥᠨ ᠬᠡᠷᠡᠭᠯᠡᠬᠦ ᠨᠢᠭᠡᠴᠢ ᠵᠢᠨ ᠰᠢᠯᠢᠳᠡᠭ ᠠᠵᠢᠯᠲᠠᠨ ᠠᠵᠢᠯᠴᠢᠨ᠂ ᠠᠬᠠᠮᠠᠳ ᠠᠵᠢᠯᠲᠠᠨ ᠠᠵᠢᠯᠴᠢᠨ᠎ᠳᠤ ᠤᠷᠢᠳ ᠵᠶ᠋ᠠᠷ ᠠᠵᠤ ᠠᠬᠤᠢ᠌ᠯᠠᠯ᠎ᠤᠨ ᠣᠨ᠎ᠤ ᠮᠥᠩᠭᠥ ᠪᠠᠢ᠌ᠭᠤᠯᠵᠤ ᠥᠭᠬᠦ ᠵᠢ ᠵᠥᠪᠰᠢᠶᠡᠷᠡᠨ᠎ᠡ᠃
(ᠭᠤᠷᠪᠠ) ᠡᠯ᠎ᠡ ᠲᠥᠷᠥᠯ᠎ᠤᠨ ᠬᠦᠷᠢᠶᠡᠯᠡᠩ ᠲᠣᠭᠣᠷᠢᠭ᠎ᠤᠨ ᠳᠣᠲᠣᠷᠠᠬᠢ ᠠᠵᠤ ᠠᠬᠤᠢ᠌ᠯᠠᠯ᠎ᠤᠨ ᠠᠵᠤ ᠠᠬᠤᠢ᠌ᠯᠠᠯ᠎ᠤᠨ ᠣᠨ᠎ᠤ ᠮᠥᠩᠭᠥ ᠪᠠᠢ᠌ᠭᠤᠯᠬᠤ ᠵᠢ ᠠᠬᠢᠭᠤᠯᠤᠨ᠎ᠠ᠃ ᠦᠢ᠍ᠯᠡᠰ ᠪᠣᠰᠬᠠᠬᠤ ᠬᠦᠷᠢᠶᠡᠯᠡᠩ᠂ ᠨᠡᠪᠴᠢᠭᠦᠯᠬᠦ ᠬᠦᠷᠢᠶᠡᠯᠡᠩ᠂ ᠨᠡᠭᠡᠭᠡᠯᠲᠡ ᠵᠢᠨ ᠲᠣᠭᠣᠷᠢᠭ ᠵᠡᠷᠭᠡ ᠡᠯ᠎ᠡ ᠲᠥᠷᠥᠯ᠎ᠤᠨ ᠬᠦᠷᠢᠶᠡᠯᠡᠩ ᠲᠣᠭᠣᠷᠢᠭ᠎ᠤᠨ ᠬᠠᠮᠢᠶᠠᠷᠤᠯᠲᠠ ᠵᠢᠨ ᠵᠥᠪᠯᠡᠯ᠎ᠨᠢ ᠲᠤᠬᠠᠢ᠌ᠯᠠᠭᠰᠠᠨ ᠠᠵᠢᠯ ᠵᠶ᠋ᠠᠷ ᠵᠢᠯᠤᠭᠣᠳᠬᠤ᠂ ᠲᠥᠪᠯᠡᠷᠡᠭᠦᠯᠦᠨ ᠲᠠᠨᠢᠯᠴᠠᠭᠤᠯᠬᠤ᠂ ᠡᠷᠦᠬᠡ᠎ᠳᠤ ᠬᠦᠷᠴᠦ ᠤᠬᠠᠭᠤᠯᠬᠤ ᠵᠡᠷᠭᠡ ᠠᠷᠭ᠎ᠠ ᠮᠠᠶᠢᠭ᠎ᠢ ᠠᠪᠴᠤ᠂ ᠲᠦᠷᠦᠭᠦᠯᠡᠨ ᠬᠦᠷᠢᠶᠡᠯᠡᠩ ᠲᠣᠭᠣᠷᠢᠭ᠎ᠤᠨ ᠳᠣᠲᠣᠷᠠᠬᠢ ᠠᠵᠤ ᠠᠬᠤᠢ᠌ᠯᠠᠯ᠎ᠳᠤ ᠠᠵᠤ ᠠᠬᠤᠢ᠌ᠯᠠᠯ᠎ᠤᠨ ᠣᠨ᠎ᠤ ᠮᠥᠩᠭᠥ ᠪᠠᠢ᠌ᠭᠤᠯᠵᠤ ᠪᠣᠯᠣᠨ᠎ᠠ᠃ ᠨᠥᠬᠥᠴᠡᠯ᠎ᠲᠠᠢ ᠬᠦᠷᠢᠶᠡᠯᠡᠩ ᠲᠣᠭᠣᠷᠢᠭ᠎ᠨᠢ ᠬᠦᠷᠢᠶᠡᠯᠡᠩ ᠲᠣᠭᠣᠷᠢᠭ ᠵᠶ᠋ᠠᠷ ᠨᠢᠭᠡᠴᠢ ᠪᠣᠯᠭ᠋ᠠᠬᠤ ᠵᠢ ᠰᠦᠪᠡᠭᠴᠢᠯᠡᠵᠦ᠂ ᠬᠠᠮᠲᠤ᠎ᠪᠠᠷ ᠵᠥᠪᠳᠡᠯᠴᠡᠬᠦ᠂ ᠪᠡᠶ᠎ᠡ᠎ᠪᠠᠨ ᠳᠠᠭ᠋ᠠᠭ᠋ᠠᠵᠤ ᠣᠷᠣᠯᠴᠠᠬᠤ ᠠᠷᠭ᠎ᠠ ᠮᠠᠶᠢᠭ ᠵᠶ᠋ᠠᠷ ᠳᠠᠮᠵᠢᠭᠤᠯᠤᠨ᠂ ᠬᠦᠷᠢᠶᠡᠯᠡᠩ ᠲᠣᠭᠣᠷᠢᠭ᠎ᠤᠨ ᠳᠣᠲᠣᠷᠠᠬᠢ ᠠᠵᠤ ᠠᠬᠤᠢ᠌ᠯᠠᠯ ᠪᠠ ᠠᠵᠢᠯᠲᠠᠨ ᠠᠵᠢᠯᠴᠢᠨ᠎ᠢ ᠬᠠᠮᠤᠷᠤᠭᠰᠠᠨ ᠠᠵᠤ ᠠᠬᠤᠢ᠌ᠯᠠᠯ᠎ᠤᠨ ᠣᠨ᠎ᠤ ᠮᠥᠩᠭᠥ ᠵᠢ ᠪᠠᠢ᠌ᠭᠤᠯᠵᠤ ᠪᠣᠯᠣᠨ᠎ᠠ᠃ ᠬᠦᠷᠢᠶᠡᠯᠡᠩ ᠲᠣᠭᠣᠷᠢᠭ ᠵᠶ᠋ᠠᠷ ᠨᠢᠭᠡᠴᠢ ᠪᠣᠯᠭ᠋ᠠᠭᠰᠠᠨ ᠠᠵᠤ ᠠᠬᠤᠢ᠌ᠯᠠᠯ᠎ᠤᠨ ᠣᠨ᠎ᠤ ᠮᠥᠩᠭᠥ ᠵᠢ ᠪᠠᠢ᠌ᠭᠤᠯᠬᠤ᠎ᠳᠤ᠂ ᠪᠣᠳᠠᠲᠠᠢ᠎ᠪᠠᠷ ᠪᠦᠯᠦᠭᠯᠡᠯ ᠺᠣᠮᠫᠠᠨᠢ ᠵᠢᠨ ᠠᠵᠤ ᠠᠬᠤᠢ᠌ᠯᠠᠯ᠎ᠤᠨ ᠣᠨ᠎ᠤ ᠮᠥᠩᠭᠥ ᠵᠢᠨ ᠲᠥᠰᠥᠯ ᠵᠶ᠋ᠡᠷ ᠯᠠᠪᠯᠠᠯᠲᠠ ᠪᠣᠯᠭ᠋ᠠᠨ ᠬᠡᠷᠡᠭᠵᠢᠭᠦᠯᠵᠦ᠂ ᠠᠵᠤ ᠠᠬᠤᠢ᠌ᠯᠠᠯ᠎ᠠᠴᠠ ᠣᠷᠣᠯᠴᠠᠬᠤ ᠡᠰᠡᠬᠦ᠎ᠪᠠᠨ ᠡᠵᠡᠨ ᠮᠡᠳᠡᠵᠦ ᠰᠣᠩᠭᠣᠵᠤ ᠪᠣᠯᠣᠨ᠎ᠠ᠃
(ᠳᠥᠷᠪᠡ) ᠴᠢᠳᠠᠪᠤᠷᠢᠲᠠᠨ᠎ᠤ ᠣᠨ᠎ᠤ ᠮᠥᠩᠭᠥ ᠵᠢᠨ ᠳᠦᠷᠢᠮ᠎ᠢ ᠪᠠᠢ᠌ᠭᠤᠯᠤᠨ᠎ᠠ᠃ ᠪᠥᠬᠥ ᠠᠵᠢᠯᠲᠠᠨ ᠪᠤᠶᠤ ᠣᠯᠠᠩᠬᠢ ᠬᠥᠮᠥᠰ᠎ᠲᠤ ᠠᠵᠤ ᠠᠬᠤᠢ᠌ᠯᠠᠯ᠎ᠤᠨ ᠣᠨ᠎ᠤ ᠮᠥᠩᠭᠥ ᠪᠠᠢ᠌ᠭᠤᠯᠬᠤ ᠨᠥᠬᠥᠴᠡᠯ᠎ᠢ ᠲᠦᠷ ᠪᠦᠷᠢᠯᠳᠦᠭᠦᠯᠦᠭᠡᠳᠦᠢ ᠬᠥᠮᠥᠨ ᠬᠡᠷᠡᠭᠯᠡᠬᠦ ᠨᠢᠭᠡᠴᠢ᠎ᠳᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠳᠠᠪᠤᠷᠢᠲᠠᠨ᠎ᠤ ᠣᠨ᠎ᠤ ᠮᠥᠩᠭᠥ ᠵᠢᠨ ᠲᠤᠷᠰᠢᠨ ᠬᠡᠷᠡᠭᠵᠢᠭᠦᠯᠬᠦ ᠠᠷᠭ᠎ᠠ》 (ᠳᠠᠭ᠋ᠠᠯᠳᠤᠭᠤᠯᠤᠯ 1) ᠵᠢ ᠦᠨᠳᠦᠰᠦᠯᠡᠨ᠂ ᠨᠢᠭᠡᠴᠢ ᠵᠢᠨ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ᠎ᠳᠤ ᠨᠡᠶ᠋ᠢᠴᠡᠬᠦ ᠴᠢᠳᠠᠪᠤᠷᠢᠲᠠᠨ᠎ᠳᠤ ᠤᠷᠢᠳ ᠵᠶ᠋ᠠᠷ ᠴᠢᠳᠠᠪᠤᠷᠢᠲᠠᠨ᠎ᠤ ᠣᠨ᠎ᠤ ᠮᠥᠩᠭᠥ ᠪᠠᠢ᠌ᠭᠤᠯᠵᠤ ᠪᠣᠯᠣᠨ᠎ᠠ᠃
(ᠲᠠᠪᠤ) ᠠᠵᠤ ᠠᠬᠤᠢ᠌ᠯᠠᠯ᠎ᠤᠨ ᠣᠨ᠎ᠤ ᠮᠥᠩᠭᠥ ᠵᠢᠨ ᠳᠦᠷᠢᠮ᠎ᠤᠨ ᠵᠣᠯᠭ᠋ᠠᠭᠤᠯᠤᠯᠲᠠ ᠵᠢ ᠲᠡᠭᠦᠯᠳᠡᠷᠵᠢᠭᠦᠯᠦᠨ᠎ᠡ᠃ ᠰᠢᠨ᠎ᠡ᠎ᠪᠠᠷ ᠪᠠᠢ᠌ᠭᠤᠯᠤᠭᠰᠠᠨ ᠠᠵᠤ ᠠᠬᠤᠢ᠌ᠯᠠᠯ᠎ᠤᠨ ᠣᠨ᠎ᠤ ᠮᠥᠩᠭᠥ ᠵᠢᠨ ᠬᠥᠮᠥᠨ ᠬᠡᠷᠡᠭᠯᠡᠬᠦ ᠨᠢᠭᠡᠴᠢ᠎ᠨᠢ ᠠᠵᠢᠯᠲᠠᠨ ᠠᠵᠢᠯᠴᠢᠨ᠎ᠳᠤ ᠡᠮᠦᠨᠡᠬᠢ ᠵᠢᠯ᠎ᠤᠨ ᠠᠵᠤ ᠠᠬᠤᠢ᠌ᠯᠠᠯ᠎ᠤᠨ ᠣᠨ᠎ᠤ ᠮᠥᠩᠭᠥ ᠵᠢ ᠨᠥᠬᠥᠨ ᠪᠠᠢ᠌ᠭᠤᠯᠬᠤ᠎ᠳᠤ᠂ ᠲᠤᠬᠠᠢ ᠵᠢᠨ ᠭᠠᠵᠠᠷ᠎ᠤᠨ ᠠᠵᠤ ᠠᠬᠤᠢ᠌ᠯᠠᠯ᠎ᠤᠨ ᠣᠨ᠎ᠤ ᠮᠥᠩᠭᠥ ᠵᠢᠨ ᠲᠥᠰᠥᠯ᠎ᠢ ᠬᠠᠷᠢᠭᠤᠴᠠᠨ ᠳᠠᠩᠰᠠᠯᠠᠭᠤᠯᠤᠭᠰᠠᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠨᠥᠬᠥᠨ ᠪᠠᠢ᠌ᠭᠤᠯᠤᠭᠰᠠᠨ ᠠᠵᠤ ᠠᠬᠤᠢ᠌ᠯᠠᠯ᠎ᠤᠨ ᠣᠨ᠎ᠤ ᠮᠥᠩᠭᠥ ᠵᠢᠨ ᠪᠠᠶ᠋ᠢᠳᠠᠯ ᠵᠶ᠋ᠠᠨ ᠮᠡᠳᠡᠭᠦᠯᠵᠦ ᠲᠣᠳᠣᠷᠬᠠᠢ᠌ᠯᠠᠬᠤ ᠵᠢᠨ ᠬᠠᠮᠲᠤ ᠵᠥᠪᠰᠢᠶᠡᠷᠡᠯ ᠣᠯᠣᠭᠰᠠᠨ᠎ᠤ ᠳᠠᠷᠠᠭ᠎ᠠ ᠨᠥᠬᠥᠨ ᠪᠠᠢ᠌ᠭᠤᠯᠬᠤ ᠬᠡᠷᠡᠭᠲᠡᠶ᠂ ᠨᠥᠬᠥᠨ ᠪᠠᠢ᠌ᠭᠤᠯᠬᠤ ᠵᠢᠨ ᠡᠬᠢᠯᠡᠬᠦ ᠴᠠᠭ᠎ᠨᠢ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠳᠠᠭ᠋ᠠᠳᠬᠠᠯ᠎ᠤᠨ ᠬᠤᠪᠢ ᠬᠥᠮᠥᠨ᠎ᠤ ᠲᠠᠩᠰᠠᠨ ᠡᠷᠦᠬᠡ ᠪᠠᠢ᠌ᠭᠤᠯᠬᠤ ᠴᠠᠭ᠎ᠠᠴᠠ ᠡᠷᠲᠡ ᠪᠠᠢ᠌ᠵᠤ ᠪᠣᠯᠬᠤ ᠦᠭᠡᠢ᠃
ᠬᠣᠶᠠᠷ᠂ ᠠᠵᠤ ᠠᠬᠤᠢ᠌ᠯᠠᠯ᠎ᠤᠨ ᠣᠨ᠎ᠤ ᠮᠥᠩᠭᠥ ᠵᠢᠨ ᠬᠥᠭᠵᠢᠯᠲᠡ ᠵᠢᠨ ᠣᠷᠴᠢᠨ ᠨᠥᠬᠥᠴᠡᠯ᠎ᠢ ᠰᠢᠯᠢᠳᠡᠭᠵᠢᠭᠦᠯᠦᠨ᠎ᠡ
(ᠨᠢᠭᠡ) ᠠᠵᠤ ᠠᠬᠤᠢ᠌ᠯᠠᠯ᠎ᠤᠨ ᠣᠨ᠎ᠤ ᠮᠥᠩᠭᠥ ᠵᠢᠨ ᠲᠥᠰᠥᠯ᠎ᠤᠨ ᠳᠠᠩᠰᠠᠯᠠᠭᠤᠯᠬᠤ ᠮᠠᠲ᠋ᠧᠷᠢᠶᠠᠯ᠎ᠢ ᠴᠣᠮᠬᠠᠳᠬᠠᠨ᠎ᠠ᠃ ᠡᠯ᠎ᠡ ᠱᠠᠲᠤᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠳ ᠠᠵᠤ ᠠᠬᠤᠢ᠌ᠯᠠᠯ᠎ᠤᠨ ᠣᠨ᠎ᠤ ᠮᠥᠩᠭᠥ ᠵᠢᠨ ᠠᠷᠠᠳᠴᠢᠯᠠᠯ᠎ᠤᠨ ᠲᠠᠰ ᠳᠠᠷᠠᠭ᠋ᠠᠯᠠᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠪᠠᠢ᠌ᠭᠤᠯᠵᠤ᠂ ᠠᠵᠤ ᠠᠬᠤᠢ᠌ᠯᠠᠯ᠎ᠤᠨ ᠣᠨ᠎ᠤ ᠮᠥᠩᠭᠥ ᠵᠢᠨ ᠲᠥᠰᠥᠯ ᠪᠠ ᠮᠡᠳᠡᠭᠦᠯᠦᠨ ᠬᠦᠷᠭᠡᠬᠦ ᠮᠠᠲ᠋ᠧᠷᠢᠶᠠᠯ᠎ᠢ 《ᠠᠵᠤ ᠠᠬᠤᠢ᠌ᠯᠠᠯ᠎ᠤᠨ ᠣᠨ᠎ᠤ ᠮᠥᠩᠭᠥ ᠵᠢᠨ ᠠᠷᠭ᠎ᠠ》 (ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠵᠠᠷᠯᠢᠭ 36 ᠳ᠋ᠤᠭ᠋ᠠᠷ ᠲᠣᠭ᠋ᠠᠲᠤ)᠂ 《ᠠᠵᠤ ᠠᠬᠤᠢ᠌ᠯᠠᠯ᠎ᠤᠨ ᠣᠨ᠎ᠤ ᠮᠥᠩᠭᠥ ᠵᠢᠨ ᠲᠥᠰᠥᠯ᠎ᠢ ᠳᠠᠩᠰᠠᠯᠠᠬᠤ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠬᠦ ᠲᠤᠬᠠᠢ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠠᠯᠪᠠᠨ ᠲᠢᠩᠬᠢᠮ᠎ᠤᠨ ᠰᠠᠨᠠᠯ》 (ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ ᠲᠠᠷᠬᠠᠭ᠋ᠠᠭᠰᠠᠨ [2014] 60 ᠳ᠋ᠤᠭ᠋ᠠᠷ ᠲᠣᠭ᠋ᠠᠲᠤ)᠎ᠳᠤ ᠲᠣᠭᠲᠠᠭ᠋ᠠᠭᠰᠠᠨ ᠠᠵᠤ ᠠᠬᠤᠢ᠌ᠯᠠᠯ᠎ᠤᠨ ᠣᠨ᠎ᠤ ᠮᠥᠩᠭᠥ ᠵᠢᠨ ᠲᠥᠰᠥᠯ᠎ᠢ ᠳᠠᠩᠰᠠᠯᠠᠬᠤ᠎ᠳᠤ ᠬᠡᠷᠡᠭᠰᠡᠬᠦ ᠦᠨᠳᠦᠰᠦᠨ ᠮᠠᠲ᠋ᠧᠷᠢᠶᠠᠯ᠎ᠤᠨ ᠱᠠᠭ᠋ᠠᠷᠳᠠᠯᠭ᠎ᠠ᠂ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ ᠬᠡᠷᠡᠭᠵᠢᠭᠦᠯᠵᠦ᠂ ᠡᠭᠦᠨ᠎ᠠᠴᠠ ᠭᠠᠳᠠᠨ᠎ᠠ ᠬᠡᠷᠡᠭᠰᠡᠬᠦ ᠪᠤᠰᠤᠳ ᠮᠠᠲ᠋ᠧᠷᠢᠶᠠᠯ ᠵᠢᠴᠢ ᠭᠡᠷᠡᠴᠢ ᠪᠠᠷᠢᠮᠲᠠ ᠵᠢ ᠡᠯ᠎ᠡ ᠱᠠᠲᠤᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠳ ᠪᠣᠳᠠᠲᠠᠢ ᠪᠠᠶ᠋ᠢᠳᠠᠯ ᠵᠶ᠋ᠠᠨ ᠦᠨᠳᠦᠰᠦᠯᠡᠨ ᠳᠠᠩᠰᠠᠯᠠᠭᠤᠯᠬᠤ ᠠᠮᠠᠯᠠᠯᠲᠠ ᠵᠢᠨ ᠳᠦᠷᠢᠮ᠎ᠢ ᠬᠡᠷᠡᠭᠵᠢᠭᠦᠯᠬᠦ ᠬᠦᠷᠢᠶ᠎ᠡ ᠬᠡᠪᠴᠢᠶ᠎ᠡ ᠵᠢ ᠪᠡᠶ᠎ᠡ᠎ᠪᠠᠨ ᠳᠠᠭ᠋ᠠᠭ᠋ᠠᠨ ᠲᠣᠭᠲᠠᠭ᠋ᠠᠵᠤ ᠪᠣᠯᠣᠨ᠎ᠠ᠃ ᠲᠥᠪᠯᠡᠷᠡᠭᠦᠯᠦᠨ ᠲᠥᠯᠥᠪᠯᠡᠬᠦ ᠠᠵᠤ ᠠᠬᠤᠢ᠌ᠯᠠᠯ᠎ᠤᠨ ᠣᠨ᠎ᠤ ᠮᠥᠩᠭᠥ ᠵᠢᠨ ᠲᠥᠰᠥᠯ᠎ᠢ ᠳᠠᠩᠰᠠᠯᠠᠬᠤ ᠠᠵᠢᠯ᠎ᠤᠨ ᠳᠤᠮᠳᠠ᠂ ᠲᠥᠬᠥᠮ ᠵᠢᠷᠤᠮ᠎ᠤᠨ ᠥᠯᠢᠭᠡᠷ ᠳᠡᠪᠲᠡᠷ (ᠳᠠᠭ᠋ᠠᠯᠳᠤᠭᠤᠯᠤᠯ 2)᠎ᠢ ᠶᠡᠬᠡᠪᠡᠷ ᠬᠡᠷᠡᠭᠵᠢᠭᠦᠯᠵᠦ᠂ ᠲᠣᠰ ᠥᠯᠢᠭᠡᠷ ᠳᠡᠪᠲᠡᠷ ᠵᠶ᠋ᠡᠷ ᠮᠡᠳᠡᠭᠦᠯᠦᠭᠰᠡᠨ ᠪᠠᠢ᠌ᠪᠠᠯ᠂ ᠨᠢᠭᠡ ᠴᠣᠩᠬᠣ᠎ᠪᠠᠷ ᠭᠥᠯᠢᠶᠡᠨ ᠠᠪᠴᠤ ᠰᠢᠢ᠍ᠳᠪᠦᠷᠢᠯᠡᠬᠦ ᠵᠢ ᠬᠡᠷᠡᠭᠵᠢᠭᠦᠯᠵᠦ᠂ ᠴᠠᠭ ᠬᠢᠵᠠᠭ᠋ᠠᠷᠯᠠᠨ ᠭᠦᠢ᠍ᠴᠡᠳᠬᠡᠨ᠎ᠡ᠃ ᠠᠵᠤ ᠠᠬᠤᠢ᠌ᠯᠠᠯ᠎ᠤᠨ ᠣᠨ᠎ᠤ ᠮᠥᠩᠭᠥ ᠵᠢᠨ ᠲᠥᠰᠥᠯ᠎ᠢ ᠳᠠᠩᠰᠠᠯᠠᠭᠤᠯᠬᠤ ᠦᠶ᠎ᠡ᠎ᠳᠤ᠂ ᠳᠠᠩᠰᠠᠯᠠᠭᠤᠯᠤᠭᠰᠠᠨ ᠨᠢᠭᠡᠴᠢ᠎ᠠᠴᠠ ᠦᠨᠳᠦᠰᠦᠨ ᠨᠠᠰᠤᠵᠢᠯ᠎ᠤᠨ ᠳᠠᠭ᠋ᠠᠳᠬᠠᠯ᠎ᠤᠨ ᠳᠠᠭ᠋ᠠᠳᠬᠠᠯ᠎ᠳᠤ ᠣᠷᠣᠯᠴᠠᠵᠤ ᠰᠦᠢ᠍ᠳᠬᠡᠯ ᠲᠤᠰᠢᠶᠠᠭᠰᠠᠨ ᠭᠡᠷᠡᠴᠢ ᠬᠠᠩᠭ᠋ᠠᠬᠤ ᠵᠢ ᠳᠠᠬᠢᠵᠤ ᠱᠠᠭ᠋ᠠᠷᠳᠠᠬᠤ ᠦᠭᠡᠢ᠂ ᠳᠠᠩᠰᠠᠯᠠᠭᠤᠯᠤᠭᠰᠠᠨ ᠭᠠᠵᠠᠷ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠠᠴᠠ ᠬᠠᠷᠠᠭ᠋ᠠᠯᠵᠠᠭᠰᠠᠨ ᠨᠡᠢ᠌ᠭᠡᠮ᠎ᠤᠨ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠪᠠᠢ᠌ᠭᠤᠯᠤᠮᠵᠢ᠎ᠳᠤ ᠳᠣᠲᠣᠭ᠋ᠠᠳᠤ ᠵᠢᠨ ᠬᠠᠮᠵᠢᠯᠴᠠᠨ ᠬᠢᠨᠠᠨ ᠪᠠᠢ᠌ᠴᠠᠭ᠋ᠠᠬᠤ ᠵᠠᠬᠢᠳᠠᠯ (ᠳᠠᠭ᠋ᠠᠯᠳᠤᠭᠤᠯᠤᠯ 3)᠎ᠢ ᠶᠠᠪᠤᠭᠤᠯᠵᠤ ᠪᠠᠢ᠌ᠴᠠᠭ᠋ᠠᠨ ᠯᠠᠪᠯᠠᠬᠤ᠎ᠳᠤ᠂ ᠭᠠᠷᠲᠠᠨ ᠭᠦᠢ᠍ᠴᠡᠳᠬᠡᠬᠦ ᠪᠠᠢ᠌ᠭᠤᠯᠤᠮᠵᠢ᠎ᠨᠢ ᠬᠠᠮᠵᠢᠯᠴᠠᠨ ᠪᠠᠢ᠌ᠴᠠᠭ᠋ᠠᠬᠤ ᠵᠠᠬᠢᠳᠠᠯ᠎ᠢ ᠣᠯᠣᠭᠰᠠᠨ 2 ᠠᠵᠢᠯᠯᠠᠬᠤ ᠡᠳᠦᠷ᠎ᠤᠨ ᠳᠣᠲᠣᠷ᠎ᠠ ᠬᠠᠷᠢᠭᠤ ᠵᠠᠬᠢᠳᠠᠯ ᠥᠭᠬᠦ ᠵᠢᠨ ᠬᠠᠮᠲᠤ ᠳᠠᠩᠰᠠᠯᠠᠭᠤᠯᠤᠭᠰᠠᠨ ᠨᠢᠭᠡᠴᠢ ᠵᠢᠨ ᠦᠨᠳᠦᠰᠦᠨ ᠨᠠᠰᠤᠵᠢᠯ᠎ᠤᠨ ᠳᠠᠭ᠋ᠠᠳᠬᠠᠯ᠎ᠤᠨ ᠳᠠᠭ᠋ᠠᠳᠬᠠᠯ᠎ᠳᠤ ᠣᠷᠣᠯᠴᠠᠵᠤ ᠰᠦᠢ᠍ᠳᠬᠡᠯ ᠲᠤᠰᠢᠶᠠᠭᠰᠠᠨ ᠭᠡᠷᠡᠴᠢ (ᠳᠠᠭ᠋ᠠᠯᠳᠤᠭᠤᠯᠤᠯ 4) ᠵᠢ ᠬᠠᠩᠭ᠋ᠠᠬᠤ ᠬᠡᠷᠡᠭᠲᠡᠶ᠃
(ᠬᠣᠶᠠᠷ) ᠠᠵᠤ ᠠᠬᠤᠢ᠌ᠯᠠᠯ᠎ᠤᠨ ᠣᠨ᠎ᠤ ᠮᠥᠩᠭᠥ ᠵᠢᠨ ᠲᠣᠭ᠋ᠠᠵᠢᠭᠤᠯᠬᠤ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ᠎ᠡ᠃ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ ᠲᠦᠷᠦᠭᠦᠯᠡᠨ ᠠᠵᠤ ᠠᠬᠤᠢ᠌ᠯᠠᠯ᠎ᠤᠨ ᠣᠨ᠎ᠤ ᠮᠥᠩᠭᠥ ᠵᠢᠨ ᠮᠡᠳᠡᠭᠡ ᠵᠠᠩᠭᠢ ᠵᠢᠨ ᠰᠢᠰᠲ᠋ᠧᠮ ᠪᠠ ᠲᠣᠭ᠎ᠠ ᠪᠠᠷᠢᠮᠲᠠ ᠵᠢᠨ ᠬᠥᠮᠥᠷᠭᠡ ᠵᠢ ᠪᠠᠢ᠌ᠭᠤᠯᠵᠤ᠂ ᠠᠵᠤ ᠠᠬᠤᠢ᠌ᠯᠠᠯ᠎ᠤᠨ ᠣᠨ᠎ᠤ ᠮᠥᠩᠭᠥ ᠵᠢᠨ ᠲᠣᠭ᠎ᠠ ᠪᠠᠷᠢᠮᠲᠠ ᠵᠢᠨ ᠪᠡᠬᠢᠯᠡᠯᠲᠡ ᠵᠢ ᠡᠪᠳᠡᠵᠦ᠂ ᠮᠡᠳᠡᠭᠡ ᠵᠠᠩᠭᠢ ᠵᠢ ᠢᠯᠭᠤᠮ ᠨᠡᠪᠲᠡᠷᠡᠭᠦᠯᠬᠦ ᠬᠡᠷᠡᠭᠲᠡᠢ᠃ ᠠᠵᠤ ᠠᠬᠤᠢ᠌ᠯᠠᠯ᠎ᠤᠨ ᠣᠨ᠎ᠤ ᠮᠥᠩᠭᠥ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ᠎ᠠᠴᠠ ᠨᠢᠭᠡᠨᠲᠡ ᠣᠷᠣᠯᠴᠠᠭᠰᠠᠨ ᠠᠵᠤ ᠠᠬᠤᠢ᠌ᠯᠠᠯ᠎ᠤᠨ ᠣᠨ᠎ᠤ ᠮᠥᠩᠭᠥ ᠵᠢᠨ ᠨᠢᠭᠡᠴᠢ ᠵᠢᠨ ᠬᠠᠮᠢᠶ᠎ᠠ ᠪᠦᠬᠦᠢ ᠲᠣᠭ᠎ᠠ ᠪᠠᠷᠢᠮᠲᠠ ᠵᠢ ᠪᠦᠬᠦ ᠣᠷᠣᠨ᠎ᠤ ᠨᠢᠭᠡᠳᠦᠯᠲᠡᠢ ᠮᠡᠳᠡᠭᠡ ᠵᠠᠩᠭᠢ ᠵᠢᠨ ᠰᠢᠰᠲ᠋ᠧᠮ᠎ᠳᠤ ᠣᠷᠣᠭᠤᠯᠬᠤ ᠵᠢᠨ ᠬᠠᠮᠲᠤ ᠴᠠᠭ ᠲᠤᠬᠠᠢᠳᠤᠨᠢ ᠰᠢᠨᠡᠳᠬᠡᠵᠦ᠂ ᠥᠪᠡᠷᠲᠡᠭᠡᠨ ᠵᠠᠰᠠᠬᠤ ᠣᠷᠣᠨ᠎ᠤ ᠨᠡᠢ᠌ᠭᠡᠮ᠎ᠤᠨ ᠳᠠᠭ᠋ᠠᠳᠬᠠᠯ᠎ᠤᠨ ᠦᠢ᠍ᠯᠡᠰ᠎ᠤᠨ ᠦᠢ᠍ᠯᠡᠴᠢᠯᠡᠭᠡᠨ᠎ᠤ ᠲᠥᠪ ᠬᠢᠭᠡᠳ ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠳᠠᠭ᠋ᠠᠳᠬᠠᠯ᠎ᠳᠤ ᠣᠷᠣᠯᠴᠠᠭᠰᠠᠨ ᠨᠢᠭᠡᠴᠢ ᠵᠢᠨ ᠬᠠᠮᠢᠶ᠎ᠠ ᠪᠦᠬᠦᠢ ᠲᠣᠭ᠎ᠠ ᠪᠠᠷᠢᠮᠲᠠ᠎ᠲᠠᠢ ᠬᠠᠷᠭᠤᠭᠤᠯᠬᠤ ᠵᠢᠨ ᠬᠠᠮᠲᠤ ᠠᠵᠤ ᠠᠬᠤᠢ᠌ᠯᠠᠯ᠎ᠤᠨ ᠣᠨ᠎ᠤ ᠮᠥᠩᠭᠥ ᠪᠠᠢ᠌ᠭᠤᠯᠤᠭ᠋ᠠᠳᠤᠢ ᠨᠢᠭᠡᠴᠢ ᠵᠢᠨ ᠨᠡᠷᠡᠰ᠎ᠤᠨ ᠳᠡᠪᠲᠡᠷ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠡᠯ᠎ᠡ ᠠᠵᠤ ᠠᠬᠤᠢ᠌ᠯᠠᠯ᠎ᠤᠨ ᠣᠨ᠎ᠤ ᠮᠥᠩᠭᠥ ᠵᠢᠨ ᠰᠠᠭᠤᠷᠢ ᠮᠥᠩᠭᠥ ᠵᠢᠨ ᠬᠠᠤᠯᠢ ᠵᠢᠨ ᠡᠷᠬᠡᠲᠡᠨ᠎ᠤ ᠨᠠᠢ᠌ᠳᠠᠯᠭ᠎ᠠ ᠬᠦᠯᠢᠶᠡᠭᠰᠡᠨ ᠪᠠᠢ᠌ᠭᠤᠯᠤᠮᠵᠢ ᠪᠠ ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠲᠤ ᠬᠦᠷᠭᠡᠨ ᠥᠭᠴᠦ᠂ ᠠᠵᠤ ᠠᠬᠤᠢ᠌ᠯᠠᠯ᠎ᠤᠨ ᠣᠨ᠎ᠤ ᠮᠥᠩᠭᠥ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠳᠦᠷᠢᠮ᠎ᠤᠨ ᠬᠠᠮᠤᠷᠬᠤ ᠬᠡᠪᠴᠢᠶ᠎ᠡ ᠵᠢ ᠥᠷᠭᠡᠳᠬᠡᠬᠦ᠎ᠳᠤ ᠲᠤᠯᠭ᠋ᠠᠭᠤᠷᠢᠯᠠᠯ ᠬᠠᠩᠭ᠋ᠠᠨ᠎ᠠ᠃
ᠭᠤᠷᠪᠠ᠂ ᠠᠵᠤ ᠠᠬᠤᠢ᠌ᠯᠠᠯ᠎ᠤᠨ ᠣᠨ᠎ᠤ ᠮᠥᠩᠭᠥ ᠵᠢᠨ ᠤᠬᠠᠭᠤᠯᠭ᠎ᠠ ᠵᠢᠨ ᠡᠷᠴᠢᠮ᠎ᠢ ᠴᠢᠩᠭ᠋ᠠᠷᠠᠭᠤᠯᠤᠨ᠎ᠠ
ᠡᠯ᠎ᠡ ᠱᠠᠲᠤᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠳ ᠣᠨ᠎ᠤ ᠮᠥᠩᠭᠥ ᠵᠢᠨ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠠᠵᠢᠯᠯᠠᠭ᠎ᠠ ᠵᠢ ᠬᠢᠨᠠᠮᠠᠭ᠋ᠠᠢ ᠵᠣᠬᠢᠶᠠᠨ ᠪᠠᠢ᠌ᠭᠤᠯᠤᠨ ᠥᠷᠨᠢᠭᠦᠯᠵᠦ᠂ ᠤᠬᠠᠭᠤᠯᠭ᠎ᠠ ᠵᠢᠨ ᠵᠢᠷᠤᠭ᠂ ᠢᠯᠡ ᠨᠡᠢ᠌ᠲᠡᠯᠡᠬᠦ ᠫᠠᠢ᠌ᠰᠠ᠂ ᠤᠬᠠᠭᠤᠯᠭ᠎ᠠ ᠵᠢᠨ ᠪᠤᠯᠤᠩ᠂ ᠷᠠᠳᠢᠣ᠋ ᠲᠧᠯᠸᠢᠰ᠂ ᠰᠣᠨᠢᠨ ᠰᠡᠳᠬᠦᠯ᠂ ᠢᠨᠲ᠋ᠧᠷ ᠰᠦᠯᠵᠢᠶ᠎ᠡ᠂ ᠸᠢᠴᠠᠲ᠎ᠤᠨ ᠲᠠᠪᠴᠠᠩ ᠵᠡᠷᠭᠡ ᠤᠯᠠᠨ ᠠᠷᠭ᠎ᠠ ᠵᠠᠮ᠂ ᠤᠯᠠᠨ ᠬᠡᠯᠪᠡᠷᠢ᠎ᠪᠠᠷ ᠳᠠᠮᠵᠢᠭᠤᠯᠤᠨ ᠤᠬᠠᠭᠤᠯᠭ᠎ᠠ ᠵᠢᠨ ᠠᠵᠢᠯ᠎ᠢ ᠥᠷᠨᠢᠭᠦᠯᠵᠦ᠂ ᠨᠠᠩ ᠤᠯᠠᠨ ᠠᠵᠤ ᠠᠬᠤᠢ᠌ᠯᠠᠯ ᠪᠠ ᠠᠵᠢᠯᠲᠠᠨ ᠠᠵᠢᠯᠴᠢᠨ᠎ᠳᠤ ᠣᠨ᠎ᠤ ᠮᠥᠩᠭᠥ ᠵᠢᠨ ᠲᠤᠬᠠᠢ ᠨᠠᠩ ᠭᠦᠨᠵᠡᠭᠡᠢ ᠣᠢ᠌ᠯᠠᠭ᠋ᠠᠯᠲᠠ ᠪᠠ ᠲᠠᠨᠢᠯᠲᠠ᠎ᠲᠠᠢ ᠪᠣᠯᠭ᠋ᠠᠬᠤ ᠬᠡᠷᠡᠭᠲᠡᠶ᠃ ᠬᠡᠪᠴᠢᠶ᠎ᠡ᠎ᠪᠠᠷ ᠬᠠᠷᠢᠴᠠᠩᠭᠤᠢ ᠶᠡᠬᠡ ᠠᠵᠤ ᠠᠬᠤᠢ᠌ᠯᠠᠯ᠎ᠢ ᠰᠠᠨᠠᠭ᠋ᠠᠴᠢᠯᠠᠭ᠎ᠠ᠎ᠠᠴᠠ᠎ᠪᠠᠨ ᠵᠣᠯᠭ᠋ᠠᠭᠤᠯᠬᠤ ᠵᠢᠨ ᠬᠠᠮᠲᠤ ᠨᠢᠭᠡ ᠵᠢ ᠨᠢᠭᠡ᠎ᠳᠤ ᠬᠠᠷᠠᠭ᠋ᠠᠯᠵᠠᠭᠤᠯᠤᠭᠰᠠᠨ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠬᠢᠵᠦ᠂ ᠠᠵᠤ ᠠᠬᠤᠢ᠌ᠯᠠᠯ᠎ᠤᠨ ᠬᠦᠰᠡᠯ ᠰᠠᠨᠠᠭ᠎ᠠ ᠵᠢ ᠭᠦᠢ᠍ᠴᠡᠳ ᠣᠢ᠌ᠯᠠᠭ᠋ᠠᠨ᠂ ᠠᠵᠤ ᠠᠬᠤᠢ᠌ᠯᠠᠯ᠎ᠢ ᠬᠥᠲᠥᠯᠥᠨ ᠵᠢᠯᠤᠭᠣᠳᠬᠤ ᠪᠠ ᠵᠣᠷᠢᠭᠵᠢᠭᠤᠯᠵᠤ ᠪᠠᠶ᠋ᠢᠭ᠋ᠠᠳ ᠨᠥᠬᠥᠴᠡᠯ᠎ᠲᠠᠢ ᠪᠠᠶ᠋ᠢᠳᠠᠯ ᠳᠣᠣᠷ᠎ᠠ ᠠᠵᠤ ᠠᠬᠤᠢ᠌ᠯᠠᠯ᠎ᠤᠨ ᠣᠨ᠎ᠤ ᠮᠥᠩᠭᠥ ᠪᠠᠢ᠌ᠭᠤᠯᠬᠤ ᠬᠡᠷᠡᠭᠲᠡᠶ᠃ ᠠᠵᠤ ᠠᠬᠤᠢ᠌ᠯᠠᠯ᠎ᠢ ᠵᠣᠬᠢᠶᠠᠨ ᠪᠠᠢ᠌ᠭᠤᠯᠤᠨ ᠣᠨ᠎ᠤ ᠮᠥᠩᠭᠥ ᠵᠢ ᠲᠠᠨᠢᠯᠴᠠᠭᠤᠯᠬᠤ ᠬᠤᠷᠠᠯ᠎ᠢ ᠬᠤᠷᠠᠯᠳᠤᠭᠤᠯᠵᠤ᠂ ᠠᠵᠤ ᠠᠬᠤᠢ᠌ᠯᠠᠯ᠎ᠤᠨ ᠣᠨ᠎ᠤ ᠮᠥᠩᠭᠥ ᠵᠢᠨ ᠭᠣᠣᠯ ᠪᠣᠯᠬᠤ ᠲᠥᠷᠥ ᠵᠢᠨ ᠪᠣᠳᠣᠯᠭ᠎ᠠ ᠵᠢᠨ ᠲᠣᠭᠲᠠᠭ᠋ᠠᠯ᠂ ᠠᠵᠤ ᠠᠬᠤᠢ᠌ᠯᠠᠯ᠎ᠤᠨ ᠣᠨ᠎ᠤ ᠮᠥᠩᠭᠥ ᠵᠢᠨ ᠲᠥᠰᠥᠯ᠎ᠢ ᠳᠠᠩᠰᠠᠯᠠᠬᠤ ᠴᠤᠪᠤᠷᠠᠯ᠂ ᠬᠠᠮᠢᠶ᠎ᠠ ᠪᠦᠬᠦᠢ ᠭᠠᠢ᠌ᠯᠢ ᠲᠠᠲᠠᠪᠤᠷᠢ ᠵᠢᠨ ᠲᠥᠷᠥ ᠵᠢᠨ ᠪᠣᠳᠣᠯᠭ᠎ᠠ ᠵᠢ ᠲᠠᠨᠢᠯᠴᠠᠭᠤᠯᠵᠤ᠂ ᠨᠢᠭᠡᠨᠲᠡ ᠠᠵᠤ ᠠᠬᠤᠢ᠌ᠯᠠᠯ᠎ᠤᠨ ᠣᠨ᠎ᠤ ᠮᠥᠩᠭᠥ ᠵᠢ ᠪᠠᠢ᠌ᠭᠤᠯᠤᠭᠰᠠᠨ ᠠᠵᠤ ᠠᠬᠤᠢ᠌ᠯᠠᠯ᠎ᠢ ᠤᠷᠢᠵᠤ ᠲᠤᠷᠰᠢᠯᠭ᠎ᠠ ᠵᠢ᠎ᠨᠢ ᠲᠠᠨᠢᠯᠴᠠᠭᠤᠯᠤᠨ᠂ ᠠᠵᠤ ᠠᠬᠤᠢ᠌ᠯᠠᠯ᠎ᠤᠨ ᠣᠨ᠎ᠤ ᠮᠥᠩᠭᠥ ᠵᠢᠨ ᠬᠠᠮᠤᠷᠬᠤ ᠬᠡᠪᠴᠢᠶ᠎ᠡ ᠵᠢ ᠲᠠᠰᠤᠷᠠᠯᠲᠠ ᠦᠭᠡᠢ ᠥᠷᠭᠡᠳᠬᠡᠬᠦ ᠬᠡᠷᠡᠭᠲᠡᠶ᠃
ᠲᠤᠰ ᠰᠠᠨᠠᠯ᠎ᠢ ᠳᠠᠷᠤᠮᠠᠯᠯᠠᠨ ᠲᠠᠷᠬᠠᠭ᠋ᠠᠭᠰᠠᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ ᠬᠣᠶ᠋ᠢᠰᠢᠳᠠ ᠤᠯᠤᠰ᠎ᠠᠴᠠ ᠰᠢᠨ᠎ᠡ ᠲᠣᠭᠲᠠᠭ᠋ᠠᠯ ᠭᠠᠷᠭ᠋ᠠᠪᠠᠯ ᠲᠡᠷᠡ ᠲᠣᠭᠲᠠᠭ᠋ᠠᠯ᠎ᠢ ᠵᠢᠷᠤᠮᠯᠠᠨ᠎ᠠ᠃
ᠳᠠᠭ᠋ᠠᠯᠳᠤᠭᠤᠯᠤᠯ᠄ 1. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠳᠠᠪᠤᠷᠢᠲᠠᠨ᠎ᠤ ᠣᠨ᠎ᠤ ᠮᠥᠩᠭᠥ ᠵᠢᠨ ᠲᠤᠷᠰᠢᠨ ᠬᠡᠷᠡᠭᠵᠢᠭᠦᠯᠬᠦ ᠠᠷᠭ᠎ᠠ
2. ᠠᠵᠤ ᠠᠬᠤᠢ᠌ᠯᠠᠯ᠎ᠤᠨ ᠣᠨ᠎ᠤ ᠮᠥᠩᠭᠥ ᠵᠢᠨ ᠲᠥᠰᠥᠯ (ᠬᠡᠷᠡᠭᠵᠢᠭᠦᠯᠬᠦ ᠨᠠᠷᠢᠨ ᠳᠦᠷᠢᠮ)᠎ᠤᠨ ᠲᠥᠬᠥᠮ ᠵᠢᠷᠤᠮ᠎ᠤᠨ ᠥᠯᠢᠭᠡᠷ ᠳᠡᠪᠲᠡᠷ
3᠂ xx ᠨᠢᠭᠡᠴᠢ ᠵᠢᠨ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠳᠤ ᠣᠷᠣᠯᠴᠠᠵᠤ ᠰᠦᠢ᠍ᠳᠬᠡᠯ ᠲᠤᠰᠢᠶᠠᠭᠰᠠᠨ ᠪᠠᠶ᠋ᠢᠳᠠᠯ᠎ᠢ ᠬᠠᠮᠵᠢᠨ ᠬᠢᠨᠠᠨ ᠪᠠᠢ᠌ᠴᠠᠭ᠋ᠠᠬᠤ ᠲᠤᠬᠠᠢ ᠵᠠᠬᠢᠳᠠᠯ
4. ᠨᠠᠰᠤᠵᠢᠯ᠎ᠤᠨ ᠠᠰᠠᠷᠠᠮᠵᠢ ᠵᠢᠨ ᠦᠨᠳᠦᠰᠦᠨ ᠳᠠᠭ᠋ᠠᠳᠬᠠᠯ᠎ᠤᠨ ᠳᠠᠭ᠋ᠠᠳᠬᠠᠯ᠎ᠳᠤ ᠣᠷᠣᠯᠴᠠᠵᠤ ᠰᠦᠢ᠍ᠳᠬᠡᠯ ᠲᠤᠰᠢᠶᠠᠭᠰᠠᠨ ᠭᠡᠷᠡᠴᠢ (ᠶᠠᠩᠵᠤ ᠬᠡᠯᠪᠡᠷᠢ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠶᠡᠷᠦᠩᠬᠡᠢ ᠲᠣᠪᠴᠢᠶ᠎ᠠ ᠵᠢᠨ ᠥᠪᠥᠷ ᠮᠣᠩᠭᠣᠯ᠎ᠢ ᠥᠪᠡᠷᠲᠡᠭᠡᠨ ᠵᠠᠰᠠᠬᠤ ᠣᠷᠣᠨ᠎ᠤ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ
2024 ᠣᠨ᠎ᠤ 11 ᠰᠠᠷ᠎ᠠ ᠵᠢᠨ 29᠎ᠤ ᠡᠳᠦᠷ