ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
《 ᠰᠠᠭ᠋ᠠᠳ ᠦᠭᠡᠢ ᠨᠡᠪᠲᠡᠷᠡᠬᠦ ᠵᠠᠮ 》 ᠵᠶ᠋ᠠᠷ ᠴᠢᠳᠠᠪᠣᠷᠢᠲᠠᠨ᠎ᠢ ᠣᠷᠣᠭᠤᠯᠤᠨ ᠠᠪᠴᠢᠷᠠᠬᠤ
ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠤᠷᠢᠵᠤ ᠡᠯᠰᠡᠬᠦ ᠮᠡᠳᠡᠭᠡ ᠵᠠᠩᠭᠢ
ᠢᠯᠡ ᠵᠠᠰᠠᠭ   -   ᠪᠢᠴᠢᠭ ᠮᠠᠲ᠋ᠧᠷᠢᠶᠠᠯ
2025 ᠣᠨ᠎ᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠤ ᠪᠣᠯᠪᠠᠰᠤᠷᠠᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ ᠪᠠ ᠤᠷ᠎ᠠ ᠴᠢᠳᠠᠪᠤᠷᠢ ᠵᠢᠨ ᠶᠡᠬᠡ ᠮᠠᠰᠲ᠋ᠧᠷ᠎ᠤᠨ ᠠᠵᠢᠯᠯᠠᠬᠤ ᠲᠠᠰᠤᠭ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠢ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ ᠡᠳ᠋᠎ᠤᠨ ᠵᠠᠰᠠᠭ᠎ᠤᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2024-12-09

      ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠬᠥᠬᠡᠬᠣᠲᠠ ᠣᠷᠣᠨ᠎ᠳᠤ ᠰᠠᠭᠤᠭ᠎ᠠ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠨᠢᠭᠡᠴᠢ᠂ ᠳᠡᠭᠡᠳᠦ ᠰᠤᠷᠭ᠋ᠠᠭᠤᠯᠢ᠂ ᠡᠯ᠎ᠡ ᠲᠣᠮᠣ ᠠᠵᠤ ᠠᠬᠤᠢ᠌ᠯᠠᠯ᠎ᠳᠤ᠄

      《〈ᠠᠷᠪᠠᠨ ᠳᠥᠷᠪᠡᠳᠦᠭᠡᠷ ᠲᠠᠪᠤᠨ ᠵᠢᠯ〉᠎ᠤᠨ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠤ ᠪᠣᠯᠪᠠᠰᠤᠷᠠᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ ᠪᠠ ᠤᠷ᠎ᠠ ᠴᠢᠳᠠᠪᠤᠷᠢ ᠵᠢᠨ ᠶᠡᠬᠡ ᠮᠠᠰᠲ᠋ᠧᠷ᠎ᠤᠨ ᠠᠵᠢᠯᠯᠠᠬᠤ ᠲᠠᠰᠤᠭ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠢ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ ᠡᠳ᠋᠎ᠤᠨ ᠵᠠᠰᠠᠭ᠎ᠤᠨ ᠲᠢᠩᠬᠢᠮ᠎ᠤᠨ ᠮᠡᠳᠡᠭᠳᠡᠯ》 (ᠥᠪᠥᠷ ᠬᠥᠮᠥᠨ ᠨᠡᠢ᠌ᠭᠡᠮ ᠲᠠᠷᠬᠠᠭ᠋ᠠᠭᠰᠠᠨ [2021] 31 ᠳ᠋ᠦ᠍ᠭᠡᠷ ᠲᠣᠭ᠋ᠠᠲᠤ)᠎ᠤᠨ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ᠂ ᠪᠥᠬᠥ ᠣᠷᠣᠨ᠎ᠳᠤ 2025 ᠣᠨ᠎ᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠳᠡᠭᠡᠳᠦ ᠮᠡᠷᠭᠡᠵᠢᠯ᠎ᠤᠨ ᠴᠢᠳᠠᠪᠤᠷᠢᠲᠠᠨ ᠎ᠤ ᠪᠣᠯᠪᠠᠰᠤᠷᠠᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ (ᠳᠣᠷᠣᠭᠰᠢ 《ᠪᠣᠯᠪᠠᠰᠤᠷᠠᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ》 ᠭᠡᠵᠦ ᠲᠣᠪᠴᠢᠯᠠᠨ᠎ᠠ) ᠪᠠ ᠮᠡᠷᠭᠡᠵᠢᠯ ᠴᠢᠳᠠᠪᠤᠷᠢ ᠵᠢᠨ ᠶᠡᠬᠡ ᠮᠠᠰᠲ᠋ᠧᠷ᠎ᠤᠨ ᠠᠵᠢᠯᠯᠠᠬᠤ ᠲᠠᠰᠤᠭ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ (ᠳᠣᠷᠣᠭᠰᠢ 《ᠠᠵᠢᠯᠯᠠᠬᠤ ᠲᠠᠰᠤᠭ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ》 ᠭᠡᠵᠦ ᠲᠣᠪᠴᠢᠯᠠᠨ᠎ᠠ)᠎ᠢ ᠭᠤᠶᠤᠴᠢᠯᠠᠨ ᠮᠡᠳᠡᠭᠦᠯᠵᠦ ᠬᠢᠨᠠᠨ ᠰᠢᠯᠭ᠋ᠠᠷᠠᠭᠤᠯᠬᠤ ᠠᠵᠢᠯ᠎ᠢ ᠵᠣᠬᠢᠶᠠᠨ ᠪᠠᠢ᠌ᠭᠤᠯᠤᠨ ᠬᠡᠷᠡᠭᠵᠢᠭᠦᠯᠬᠦ᠎ᠪᠠᠷ ᠲᠣᠭᠲᠠᠵᠤ᠂ ᠡᠳᠦᠭᠡ ᠬᠣᠯᠪᠣᠭᠳᠠᠯ ᠪᠦᠬᠦᠢ ᠵᠦᠢ᠍ᠯᠡᠰ᠎ᠢ ᠳᠣᠣᠷᠠᠬᠢ ᠮᠡᠲᠦ ᠮᠡᠳᠡᠭᠳᠡᠪᠡ᠃

      ᠨᠢᠭᠡ᠂ ᠲᠥᠷᠥᠯ ᠵᠦᠢ᠍ᠯ᠎ᠤᠨ ᠭᠦᠢ᠍ᠴᠡᠳᠬᠡᠯ ᠲᠣᠭ᠎ᠠ

      2025 ᠣᠨ᠎ᠤ ᠪᠥᠬᠥ ᠣᠷᠣᠨ᠎ᠤ ᠪᠣᠯᠪᠠᠰᠤᠷᠠᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ ᠪᠠ ᠠᠵᠢᠯᠯᠠᠬᠤ ᠲᠠᠰᠤᠭ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠭᠦᠢ᠍ᠴᠡᠳᠬᠡᠯ ᠲᠣᠭ᠎ᠠ᠎ᠨᠢ 10 ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠯᠪᠠᠰᠤᠷᠠᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ ᠪᠠ 10 ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠵᠢᠯᠯᠠᠬᠤ ᠲᠠᠰᠤᠭ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ ᠪᠣᠯᠣᠨ᠎ᠠ᠃

      ᠬᠣᠶᠠᠷ᠂ ᠮᠡᠳᠡᠭᠦᠯᠬᠦ ᠨᠥᠬᠥᠴᠡᠯ

      (ᠨᠢᠭᠡ) ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ 《ᠪᠣᠯᠪᠠᠰᠤᠷᠠᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ》 ᠪᠠ 《ᠠᠵᠢᠯᠯᠠᠬᠤ ᠲᠠᠰᠤᠭ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ》 ᠵᠶ᠋ᠡᠷ ᠮᠡᠳᠡᠭᠦᠯᠬᠦ ᠨᠢᠭᠡᠴᠢ᠎ᠨᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ ᠡᠳ᠋᠎ᠤᠨ ᠵᠠᠰᠠᠭ᠎ᠤᠨ ᠲᠢᠩᠬᠢᠮ᠎ᠤᠨ 〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠤ ᠪᠣᠯᠪᠠᠰᠤᠷᠠᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠬᠡᠷᠡᠭᠵᠢᠭᠦᠯᠬᠦ ᠠᠷᠭ᠎ᠠ (2022 — 2025 ᠣᠨ)〉 ᠪᠠ 〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠶᠡᠬᠡ ᠮᠠᠰᠲ᠋ᠧᠷ᠎ᠤᠨ ᠠᠵᠢᠯᠯᠠᠬᠤ ᠲᠠᠰᠤᠭ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠬᠡᠷᠡᠭᠵᠢᠭᠦᠯᠬᠦ ᠠᠷᠭ᠎ᠠ (2022 — 2025 ᠣᠨ)〉 ᠵᠢ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ》 (ᠥᠪᠥᠷ ᠬᠥᠮᠥᠨ ᠨᠡᠢ᠌ᠭᠡᠮ ᠠᠯᠪᠠᠨ ᠲᠠᠷᠬᠠᠭ᠋ᠠᠭᠰᠠᠨ [2022] 49 ᠳ᠋ᠦ᠍ᠭᠡᠷ ᠲᠣᠭ᠋ᠠᠲᠤ)᠎ᠤᠨ ᠬᠣᠯᠪᠣᠭᠳᠠᠯ ᠪᠦᠬᠦᠢ ᠲᠣᠭᠲᠠᠭ᠋ᠠᠯ᠎ᠤᠨ ᠨᠥᠬᠥᠴᠡᠯ᠎ᠳᠤ ᠨᠡᠢ᠌ᠴᠡᠭᠰᠡᠨ ᠪᠠᠢ᠌ᠬᠤ ᠬᠡᠷᠡᠭᠲᠡᠢ᠃

      (ᠬᠣᠶᠠᠷ) ᠨᠢᠭᠡᠨᠲᠡ ᠤᠯᠤᠰ᠎ᠤᠨ ᠲᠠᠰ᠎ᠤᠨ ᠪᠤᠶᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠪᠡᠯᠡ ᠮᠥᠩᠭᠥ ᠵᠢᠨ ᠳᠡᠮᠵᠢᠯᠭᠡ ᠵᠢ ᠣᠯᠣᠭᠰᠠᠨ ᠮᠥᠷᠲᠡᠭᠡᠨ ᠮᠥᠨ ᠬᠦ᠌ ᠪᠦᠲᠦᠭᠡᠨ ᠪᠠᠢ᠌ᠭᠤᠯᠬᠤ ᠬᠤᠭᠤᠴᠠᠭ᠋ᠠᠨ᠎ᠳᠤ ᠪᠠᠢ᠌ᠪᠠᠯ᠂ 2025 ᠣᠨ᠎ᠤ ᠭᠤᠶᠤᠴᠢᠯᠠᠨ ᠮᠡᠳᠡᠭᠦᠯᠬᠦ ᠠᠵᠢᠯ᠎ᠳᠤ ᠣᠷᠣᠯᠴᠠᠬᠤ ᠦᠭᠡᠢ᠃

      (ᠭᠤᠷᠪᠠ) ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠵᠢᠯᠯᠠᠬᠤ ᠲᠠᠰᠤᠭ᠎ᠲᠤ ᠭᠤᠶᠤᠴᠢᠯᠠᠨ ᠮᠡᠳᠡᠭᠦᠯᠦᠭᠰᠡᠨ ᠳᠠᠭ᠋ᠠᠭᠤᠯᠤᠨ ᠭᠦᠢ᠍ᠴᠡᠳᠭᠡᠭᠴᠢ᠎ᠨᠢ ᠮᠠᠰᠲ᠋ᠧᠷ ᠵᠢᠴᠢ ᠲᠡᠭᠦᠨ᠎ᠠᠴᠠ ᠳᠡᠭᠡᠭᠰᠢᠬᠢ ᠠᠵᠢᠯ ᠮᠡᠷᠭᠡᠵᠢᠯ᠎ᠤᠨ ᠬᠢᠷᠢ ᠬᠡᠮ ᠪᠤᠶᠤ ᠮᠡᠷᠭᠡᠵᠢᠯ᠎ᠤᠨ ᠴᠢᠳᠠᠪᠤᠷᠢ ᠵᠢᠨ ᠵᠡᠷᠭᠡ ᠳᠡᠰ᠎ᠢ ᠪᠦᠷᠢᠯᠳᠦᠭᠦᠯᠦᠭᠰᠡᠨ ᠦᠭᠡᠢ ᠪᠣᠯᠪᠠᠴᠤ ᠣᠷᠣᠨ ᠨᠤᠲᠤᠭ᠎ᠤᠨ ᠣᠨᠴᠠᠯᠢᠭ᠎ᠲᠠᠢ ᠤᠷ᠎ᠠ ᠮᠡᠷᠭᠡᠵᠢᠯ᠎ᠤᠨ ᠠᠵᠢᠯ (ᠠᠵᠢᠯ ᠲᠥᠷᠥᠯ)᠎ᠢ ᠡᠷᠭᠢᠯᠡᠵᠦ᠂ ᠣᠨᠴᠠ ᠮᠡᠷᠭᠡᠵᠢᠯ᠎ᠲᠠᠢ ᠪᠥᠭᠡᠳ ᠤᠯᠠᠮᠵᠢᠯᠠᠯᠲᠤ ᠤᠷᠠᠯᠠᠯ᠎ᠢ ᠢᠳᠡᠪᠬᠢᠲᠡᠢ᠎ᠪᠠᠷ ᠠᠭᠤᠳᠠᠯᠤᠨ ᠵᠠᠯᠭ᠋ᠠᠮᠵᠢᠯᠠᠬᠤ ᠲᠠᠯ᠎ᠠ᠎ᠪᠠᠷ ᠨᠡᠯᠢᠶᠡᠳ ᠶᠡᠬᠡ ᠬᠤᠪᠢ ᠨᠡᠮᠡᠷᠢ ᠦᠵᠡᠭᠦᠯᠦᠭᠰᠡᠨ ᠪᠠᠢ᠌ᠪᠠᠯ᠂ ᠲᠠᠨᠢᠯᠴᠠᠭᠤᠯᠤᠭᠰᠠᠨ ᠨᠢᠭᠡᠴᠢ᠎ᠨᠢ ᠠᠵᠢᠯ᠎ᠤᠨ ᠠᠮᠵᠢᠯᠲᠠ ᠪᠦᠲᠦᠮᠵᠢ ᠵᠢᠨ ᠬᠤᠪᠢ ᠨᠡᠮᠡᠷᠢ ᠵᠢᠨ ᠲᠣᠳᠣᠷᠬᠠᠢ᠌ᠯᠠᠯᠲᠠ ᠬᠢᠬᠦ ᠬᠡᠷᠡᠭᠲᠡᠶ᠃

      ᠭᠤᠷᠪᠠ᠂ ᠲᠠᠨᠢᠯᠴᠠᠭᠤᠯᠬᠤ ᠣᠷᠣᠨ ᠲᠣᠭ᠎ᠠ

      (ᠨᠢᠭᠡ) ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠎ᠨᠢ ᠬᠤᠪᠢᠶᠠᠷᠢᠯᠠᠭᠰᠠᠨ ᠣᠷᠣᠨ ᠲᠣᠭ᠎ᠠ ᠵᠢᠨ ᠶᠣᠰᠣᠭ᠋ᠠᠷ ᠪᠠᠲᠤᠯᠠᠨ ᠲᠠᠨᠢᠯᠴᠠᠭᠤᠯᠤᠨ᠎ᠠ (ᠲᠤᠬᠠᠢ ᠵᠢᠨ ᠭᠠᠵᠠᠷ᠎ᠤᠨ ᠲᠥᠪ᠎ᠤᠨ ᠰᠢᠭᠤᠳ ᠬᠠᠷᠢᠶ᠎ᠠ ᠨᠢᠭᠡᠴᠢ ᠪᠠ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠨᠢᠭᠡᠴᠢ ᠵᠢ ᠪᠠᠭᠲᠠᠭ᠋ᠠᠨ᠎ᠠ᠂ ᠳᠠᠭ᠋ᠠᠯᠳᠤᠭᠤᠯᠤᠯ 1 ᠵᠢ ᠦᠵᠡ)᠃

      (ᠬᠣᠶᠠᠷ) ᠬᠥᠬᠡᠬᠣᠲᠠ ᠣᠷᠣᠨ᠎ᠳᠤ ᠰᠠᠭᠤᠭ᠎ᠠ ᠲᠥᠪ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠨᠢᠭᠡᠴᠢ᠂ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠳᠡᠭᠡᠳᠦ ᠰᠤᠷᠭ᠋ᠠᠭᠤᠯᠢ᠂ ᠲᠣᠮᠣ ᠠᠵᠤ ᠠᠬᠤᠢ᠌ᠯᠠᠯ᠎ᠤᠳ ᠲᠣᠰ ᠰᠠᠯᠠᠭ᠎ᠠ ᠮᠥᠴᠢᠷ᠎ᠤᠨ ᠵᠶ᠋ᠡᠨ ᠪᠡᠶ᠎ᠡ᠎ᠪᠠᠨ ᠳᠠᠭ᠋ᠠᠭ᠋ᠠᠭᠰᠠᠨ ᠬᠠᠤᠯᠢ ᠵᠢᠨ ᠡᠷᠬᠡᠲᠡᠨ᠎ᠤ ᠬᠢᠷᠢ ᠬᠡᠮ᠎ᠲᠠᠢ ᠰᠢᠭᠤᠳ ᠬᠠᠷᠢᠶ᠎ᠠ ᠨᠢᠭᠡᠴᠢ ᠵᠢᠨ ᠳᠣᠲᠣᠷ᠎ᠠ᠎ᠠᠴᠠ 2 ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠯᠪᠠᠰᠤᠷᠠᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ ᠪᠠ 2 ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠵᠢᠯᠯᠠᠬᠤ ᠲᠠᠰᠤᠭ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠢ ᠲᠠᠨᠢᠯᠴᠠᠭᠤᠯᠵᠤ ᠪᠣᠯᠣᠨ᠎ᠠ᠃

      (ᠭᠤᠷᠪᠠ) ᠪᠠᠲᠤᠯᠠᠨ ᠲᠠᠨᠢᠯᠴᠠᠭᠤᠯᠬᠤ ᠣᠷᠣᠨ ᠲᠣᠭ᠎ᠠ᠎ᠠᠴᠠ ᠳᠠᠪᠠᠭᠰᠠᠨ ᠪᠦᠬᠦᠨ᠎ᠢ ᠴᠥᠮ ᠬᠢᠨᠠᠨ ᠲᠣᠭᠲᠠᠭ᠋ᠠᠬᠤ ᠦᠭᠡᠢ᠃

      (ᠳᠥᠷᠪᠡ) ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠨᠢᠭᠡᠴᠢ ᠵᠢᠴᠢ ᠡᠯ᠎ᠡ ᠠᠶ᠋ᠢᠮᠠᠭ ᠬᠣᠲᠠ ᠵᠢᠨ ᠨᠢᠭᠡᠨᠲᠡ ᠪᠠᠢ᠌ᠭᠤᠯᠤᠭᠰᠠᠨ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠮᠡᠷᠭᠡᠵᠢᠯ ᠴᠢᠳᠠᠪᠤᠷᠢ ᠵᠢᠨ ᠶᠡᠬᠡ ᠮᠠᠰᠲ᠋ᠧᠷ᠎ᠤᠨ ᠠᠵᠢᠯᠯᠠᠬᠤ ᠭᠡᠷ᠎ᠲᠤ᠂ ᠬᠡᠷᠪᠡ ᠮᠡᠷᠭᠡᠵᠢᠯ ᠴᠢᠳᠠᠪᠤᠷᠢ ᠵᠢᠨ ᠶᠡᠬᠡ ᠪᠠᠭᠰᠢ ᠠᠵᠢᠯ ᠰᠢᠯᠵᠢᠬᠦ᠂ ᠠᠵᠢᠯ᠎ᠠᠴᠠ᠎ᠪᠠᠨ ᠠᠮᠠᠷᠠᠬᠤ ᠵᠡᠷᠭᠡ ᠰᠢᠯᠲᠠᠭ᠋ᠠᠨ᠎ᠠᠴᠠ ᠪᠣᠯᠵᠤ ᠠᠵᠢᠯᠯᠠᠬᠤ ᠲᠠᠰᠤᠭ᠎ᠤᠨ ᠳᠠᠭ᠋ᠠᠭᠤᠯᠤᠨ ᠭᠦᠢ᠍ᠴᠡᠳᠭᠡᠭᠴᠢ᠎ᠪᠠᠨ ᠬᠤᠪᠢᠷᠠᠭᠤᠯᠬᠤ ᠴᠢᠬᠤᠯᠠᠲᠠᠢ ᠪᠠᠢ᠌ᠪᠠᠯ᠂ ᠠᠵᠢᠯᠯᠠᠬᠤ ᠲᠠᠰᠤᠭ᠎ᠤᠨ ᠪᠠᠢ᠌ᠭ᠎ᠠ ᠨᠢᠭᠡᠴᠢ᠎ᠠᠴᠠ ᠲᠤᠬᠠᠢ ᠵᠢᠨ ᠭᠠᠵᠠᠷ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ ᠪᠤᠶᠤ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢᠨ ᠨᠢᠭᠡᠴᠢ ᠵᠢᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠲᠤ ᠬᠤᠪᠢᠷᠠᠭᠤᠯᠬᠤ ᠭᠤᠶᠤᠴᠢᠯᠠᠯᠲᠠ ᠬᠢᠵᠦ᠂ ᠲᠠᠨᠢᠯᠴᠠᠭᠤᠯᠬᠤ ᠨᠢᠭᠡᠴᠢ᠎ᠨᠢ ᠮᠡᠷᠭᠡᠵᠢᠯ ᠴᠢᠳᠠᠪᠤᠷᠢ ᠵᠢᠨ ᠶᠡᠬᠡ ᠮᠠᠰᠲ᠋ᠧᠷ᠎ᠤᠨ ᠨᠥᠬᠥᠴᠡᠯ ᠶᠣᠰᠣᠭ᠋ᠠᠷ᠂ ᠠᠵᠢᠯᠯᠠᠬᠤ ᠲᠠᠰᠤᠭ᠎ᠤᠨ ᠳᠠᠭ᠋ᠠᠭᠤᠯᠤᠨ ᠭᠦᠢ᠍ᠴᠡᠳᠭᠡᠭᠴᠢ ᠵᠢ ᠳᠠᠬᠢᠨ ᠰᠢᠨ᠎ᠡ᠎ᠪᠠᠷ ᠲᠣᠭᠲᠠᠭ᠋ᠠᠬᠤ ᠵᠢᠨ ᠬᠠᠮᠲᠤ ᠬᠤᠪᠢᠷᠠᠭᠤᠯᠬᠤ ᠪᠢᠴᠢᠭ᠎ᠤᠨ ᠭᠤᠶᠤᠴᠢᠯᠠᠯ ᠳᠤᠷᠠᠳᠬᠤ ᠵᠢᠨ ᠬᠠᠮᠲᠤ᠂ 《ᠭᠤᠶᠤᠴᠢᠯᠠᠨ ᠮᠡᠳᠡᠭᠦᠯᠬᠦ ᠠᠵᠢᠯ᠎ᠤᠨ ᠲᠠᠰᠤᠭ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠮᠠᠲ᠋ᠧᠷᠢᠶᠠᠯ》᠎ᠤᠨ ᠱᠠᠭ᠋ᠠᠷᠳᠠᠯᠭ᠎ᠠ ᠶᠣᠰᠣᠭ᠋ᠠᠷ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠎ᠳᠤ ᠬᠤᠪᠢᠷᠠᠭᠤᠯᠬᠤ ᠴᠢᠬᠤᠯᠠᠲᠠᠢ ᠮᠡᠷᠭᠡᠵᠢᠯ ᠴᠢᠳᠠᠪᠤᠷᠢ ᠵᠢᠨ ᠶᠡᠬᠡ ᠮᠠᠰᠲ᠋ᠧᠷ᠎ᠤᠨ ᠠᠵᠢᠯᠯᠠᠬᠤ ᠲᠠᠰᠤᠭ᠎ᠤᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠵᠶ᠋ᠠᠨ ᠲᠤᠰᠢᠶᠠᠬᠤ ᠬᠡᠷᠡᠭᠲᠡᠶ᠃ ᠠᠵᠢᠯᠯᠠᠬᠤ ᠲᠠᠰᠤᠭ᠎ᠤᠨ ᠳᠠᠭ᠋ᠠᠭᠤᠯᠤᠨ ᠭᠦᠢ᠍ᠴᠡᠳᠭᠡᠭᠴᠢ ᠵᠢ ᠬᠤᠪᠢᠷᠠᠭᠤᠯᠬᠤ᠎ᠨᠢ ᠬᠤᠪᠢᠶᠠᠷᠢᠯᠠᠯᠲᠠ ᠵᠢᠨ ᠲᠠᠨᠢᠯᠴᠠᠭᠤᠯᠬᠤ ᠣᠷᠣᠨ ᠲᠣᠭ᠎ᠠ ᠵᠢ ᠡᠵᠡᠯᠡᠬᠦ ᠦᠭᠡᠢ᠃

      ᠳᠥᠷᠪᠡ᠂ ᠲᠠᠨᠢᠯᠴᠠᠭᠤᠯᠬᠤ ᠲᠠᠰ ᠳᠠᠷᠠᠭ᠋ᠠᠯᠠᠯ

      ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠣᠪᠴᠢᠶ᠎ᠠ᠂ ᠬᠥᠬᠡᠬᠣᠲᠠ ᠣᠷᠣᠨ᠎ᠳᠤ ᠰᠠᠭᠤᠭ᠎ᠠ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠨᠢᠭᠡᠴᠢ᠂ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠳᠡᠭᠡᠳᠦ ᠰᠤᠷᠭ᠋ᠠᠭᠤᠯᠢ᠂ ᠲᠣᠮᠣ ᠠᠵᠤ ᠠᠬᠤᠢ᠌ᠯᠠᠯ᠎ᠤᠳ ᠨᠥᠬᠥᠴᠡᠯ᠎ᠳᠤ ᠨᠡᠶ᠋ᠢᠴᠡᠬᠦ ᠨᠢᠭᠡᠴᠢ ᠵᠢ ᠬᠢᠨᠠᠮᠠᠭ᠋ᠠᠢ ᠵᠣᠬᠢᠶᠠᠨ ᠪᠠᠢ᠌ᠭᠤᠯᠤᠨ ᠭᠤᠶᠤᠴᠢᠯᠠᠨ ᠮᠡᠳᠡᠭᠦᠯᠵᠦ᠂ ᠡᠷᠬᠡ ᠲᠡᠭᠰᠢ᠂ ᠲᠥᠪ ᠭᠣᠣᠯᠴᠢ᠂ ᠢᠯᠡ ᠪᠠᠢ᠌ᠯᠭ᠋ᠠᠬᠤ ᠵᠠᠷᠴᠢᠮ ᠪᠠ ᠪᠠᠲᠤᠯᠠᠨ ᠲᠠᠨᠢᠯᠴᠠᠭᠤᠯᠬᠤ ᠣᠷᠣᠨ ᠲᠣᠭ᠎ᠠ᠂ ᠭᠤᠶᠤᠴᠢᠯᠠᠨ ᠮᠡᠳᠡᠭᠦᠯᠬᠦ ᠨᠢᠭᠡᠴᠢ ᠵᠢᠨ ᠨᠥᠬᠥᠴᠡᠯ ᠱᠠᠭ᠋ᠠᠷᠳᠠᠯᠭ᠎ᠠ ᠶᠣᠰᠣᠭ᠋ᠠᠷ᠂ ᠴᠢᠩᠭ᠎ᠠ ᠬᠢᠨᠠᠨ ᠬᠠᠷᠭᠤᠭᠤᠯᠵᠤ ᠪᠣᠭᠣᠮᠲᠠ ᠰᠠᠬᠢᠵᠤ᠂ ᠲᠥᠷᠥᠯ ᠵᠦᠢ᠍ᠯ᠎ᠤᠨ ᠵᠢᠱ᠌ᠢᠭᠳᠡᠭᠴᠢ ᠨᠢᠭᠡᠴᠢ ᠵᠢ ᠬᠢᠨᠠᠨ ᠰᠢᠯᠭ᠋ᠠᠷᠠᠭᠤᠯᠵᠤ ᠪᠠᠲᠤᠯᠠᠨ ᠲᠠᠨᠢᠯᠴᠠᠭᠤᠯᠵᠤ᠂ ᠢᠯᠡ ᠨᠡᠢ᠌ᠲᠡᠯᠡᠬᠦ᠎ᠳᠤ ᠣᠨᠳᠣᠣ ᠰᠠᠨᠠᠯ ᠦᠭᠡᠢ ᠪᠣᠯ 12 ᠰᠠᠷ᠎ᠠ ᠵᠢᠨ 25᠎ᠤ ᠡᠳᠦᠷ᠎ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠎ᠳᠤ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠵᠶ᠋ᠠᠨ ᠲᠤᠰᠢᠶᠠᠬᠤ ᠬᠡᠷᠡᠭᠲᠡᠶ᠃

      ᠲᠠᠪᠤ᠂ ᠮᠡᠳᠡᠭᠦᠯᠬᠦ ᠮᠠᠲ᠋ᠧᠷᠢᠶᠠᠯ᠎ᠤᠨ ᠱᠠᠭ᠋ᠠᠷᠳᠠᠯᠭ᠎ᠠ

      (ᠨᠢᠭᠡ) ᠪᠣᠯᠪᠠᠰᠤᠷᠠᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ

      1. ᠲᠣᠰ ᠭᠠᠵᠠᠷ ᠣᠷᠣᠨ (ᠨᠢᠭᠡᠴᠢ)᠎ᠤ ᠲᠠᠨᠢᠯᠴᠠᠭᠤᠯᠤᠭᠰᠠᠨ ᠮᠡᠳᠡᠭᠦᠯᠦᠯᠲᠡ᠂ ᠡᠭᠦᠨ᠎ᠳᠤ ᠭᠣᠣᠯᠳᠠᠭᠤ᠄ ᠬᠢᠨᠠᠨ ᠲᠣᠭᠲᠠᠭ᠋ᠠᠬᠤ ᠲᠠᠰ ᠳᠠᠷᠠᠭ᠋ᠠᠯᠠᠯ᠂ ᠬᠢᠨᠠᠨ ᠲᠣᠭᠲᠠᠭ᠋ᠠᠬᠤ ᠠᠷᠭ᠎ᠠ᠂ ᠲᠤᠰᠬᠠᠢ ᠮᠡᠷᠭᠡᠵᠢᠯᠲᠡᠨ᠎ᠤ ᠪᠦᠷᠢᠯᠳᠦᠬᠦᠨ᠎ᠤ ᠪᠠᠶ᠋ᠢᠳᠠᠯ᠂ ᠢᠯᠡ ᠨᠡᠢ᠌ᠲᠡᠯᠡᠬᠦ᠂ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠎ᠤᠨ ᠰᠤᠳᠤᠯᠤᠭᠰᠠᠨ ᠪᠠᠶ᠋ᠢᠳᠠᠯ᠂ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠰᠠᠯᠠᠭ᠎ᠠ ᠮᠥᠴᠢᠷ᠎ᠤᠨ ᠰᠠᠨᠠᠯ ᠵᠢᠴᠢ ᠭᠤᠶᠤᠴᠢᠯᠠᠨ ᠮᠡᠳᠡᠭᠦᠯᠬᠦ ᠵᠦᠢ᠍ᠯᠡᠰ᠎ᠤᠨ ᠵᠢᠱ᠌ᠢᠭᠳᠡᠭᠰᠡᠨ ᠨᠢᠭᠡᠴᠢ ᠵᠢᠨ ᠨᠡᠷᠡᠰ (ᠲᠠᠨᠢᠯᠴᠠᠭᠤᠯᠤᠭᠰᠠᠨ ᠲᠠᠰ ᠳᠠᠷᠠᠭ᠋ᠠᠯᠠᠯ ᠵᠶ᠋ᠠᠷ ᠵᠢᠭᠰᠠᠭ᠋ᠠᠨ᠎ᠠ) ᠪᠠᠭᠲᠠᠨ᠎ᠠ;

      2. 《2025 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠤ ᠪᠣᠯᠪᠠᠰᠤᠷᠠᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠢ ᠭᠤᠶᠤᠴᠢᠯᠠᠨ ᠮᠡᠳᠡᠭᠦᠯᠬᠦ ᠪᠢᠴᠢᠭ》 (ᠳᠠᠭ᠋ᠠᠯᠳᠤᠭᠤᠯᠤᠯ 2);

      3. 《2025 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠤ ᠪᠣᠯᠪᠠᠰᠤᠷᠠᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠬᠡᠷᠡᠭᠵᠢᠭᠦᠯᠬᠦ ᠲᠥᠰᠥᠯ》 (ᠳᠠᠭ᠋ᠠᠯᠳᠤᠭᠤᠯᠤᠯ 3);

      4. 《××× (ᠪᠣᠯᠪᠠᠰᠤᠷᠠᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠨᠢᠭᠡᠴᠢ ᠵᠢᠨ ᠨᠡᠷᠡᠢ᠌ᠳᠦᠯ) ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠤ ᠪᠣᠯᠪᠠᠰᠤᠷᠠᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠢ ᠬᠡᠷᠡᠭᠵᠢᠭᠦᠯᠬᠦ ᠬᠠᠮᠢᠶᠠᠷᠤᠯᠲᠠ ᠵᠢᠨ ᠠᠷᠭ᠎ᠠ》;

      5. 《××× (ᠪᠣᠯᠪᠠᠰᠤᠷᠠᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠨᠢᠭᠡᠴᠢ ᠵᠢᠨ ᠨᠡᠷᠡᠢ᠌ᠳᠦᠯ) ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠤ ᠪᠣᠯᠪᠠᠰᠤᠷᠠᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠵᠠᠷᠤᠳᠠᠯ᠎ᠤᠨ ᠬᠠᠮᠢᠶᠠᠷᠤᠯᠲᠠ ᠵᠢ ᠬᠡᠷᠡᠭᠵᠢᠭᠦᠯᠬᠦ ᠨᠠᠷᠢᠨ ᠳᠦᠷᠢᠮ》;

      6. 2022 — 2024 ᠣᠨ᠎ᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠤᠨ ᠠᠵᠢᠯ᠎ᠢ ᠥᠷᠨᠢᠭᠦᠯᠦᠭᠰᠡᠨ ᠪᠠᠶ᠋ᠢᠳᠠᠯ (ᠬᠠᠷᠢᠶ᠎ᠠ ᠭᠠᠵᠠᠷ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ ᠵᠶ᠋ᠡᠷ ᠬᠢᠨᠠᠨ ᠬᠠᠷᠭᠤᠭᠤᠯᠵᠤ᠂ ᠲᠠᠮᠠᠭ᠎ᠠ ᠳᠠᠷᠤᠭᠤᠯᠬᠤ ᠴᠢᠬᠤᠯᠠᠲᠠᠢ);

      7. ᠭᠡᠷᠡᠴᠢ ᠮᠠᠲ᠋ᠧᠷᠢᠶᠠᠯ (ᠭᠠᠷᠴᠠᠭ ᠪᠠ ᠨᠢᠭᠤᠷ᠎ᠤᠨ ᠨᠣᠮᠧᠷ᠎ᠢ ᠲᠣᠳᠣᠷᠬᠠᠢ᠌ᠯᠠᠨ᠎ᠠ)᠃

      (ᠬᠣᠶᠠᠷ) ᠠᠵᠢᠯᠯᠠᠬᠤ ᠲᠠᠰᠤᠭ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ

      1. ᠲᠣᠰ ᠭᠠᠵᠠᠷ ᠣᠷᠣᠨ (ᠨᠢᠭᠡᠴᠢ)᠎ᠤ ᠲᠠᠨᠢᠯᠴᠠᠭᠤᠯᠤᠭᠰᠠᠨ ᠮᠡᠳᠡᠭᠦᠯᠦᠯᠲᠡ᠂ ᠡᠭᠦᠨ᠎ᠳᠤ ᠭᠣᠣᠯᠳᠠᠭᠤ᠄ ᠬᠢᠨᠠᠨ ᠲᠣᠭᠲᠠᠭ᠋ᠠᠬᠤ ᠲᠠᠰ ᠳᠠᠷᠠᠭ᠋ᠠᠯᠠᠯ᠂ ᠬᠢᠨᠠᠨ ᠲᠣᠭᠲᠠᠭ᠋ᠠᠬᠤ ᠠᠷᠭ᠎ᠠ᠂ ᠲᠤᠰᠬᠠᠢ ᠮᠡᠷᠭᠡᠵᠢᠯᠲᠡᠨ᠎ᠤ ᠪᠦᠷᠢᠯᠳᠦᠬᠦᠨ᠎ᠤ ᠪᠠᠶ᠋ᠢᠳᠠᠯ᠂ ᠢᠯᠡ ᠨᠡᠢ᠌ᠲᠡᠯᠡᠬᠦ᠂ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠎ᠤᠨ ᠰᠤᠳᠤᠯᠤᠭᠰᠠᠨ ᠪᠠᠶ᠋ᠢᠳᠠᠯ᠂ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠰᠠᠯᠠᠭ᠎ᠠ ᠮᠥᠴᠢᠷ᠎ᠤᠨ ᠰᠠᠨᠠᠯ ᠵᠢᠴᠢ ᠭᠤᠶᠤᠴᠢᠯᠠᠨ ᠮᠡᠳᠡᠭᠦᠯᠬᠦ ᠵᠦᠢ᠍ᠯᠡᠰ᠎ᠤᠨ ᠵᠢᠱ᠌ᠢᠭᠳᠡᠭᠰᠡᠨ ᠨᠢᠭᠡᠴᠢ ᠵᠢᠨ ᠨᠡᠷᠡᠰ (ᠲᠠᠨᠢᠯᠴᠠᠭᠤᠯᠤᠭᠰᠠᠨ ᠲᠠᠰ ᠳᠠᠷᠠᠭ᠋ᠠᠯᠠᠯ ᠵᠶ᠋ᠠᠷ ᠵᠢᠭᠰᠠᠭ᠋ᠠᠨ᠎ᠠ) ᠪᠠᠭᠲᠠᠨ᠎ᠠ;

      2. 《2025 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠮᠡᠷᠭᠡᠵᠢᠯ ᠴᠢᠳᠠᠪᠤᠷᠢ ᠵᠢᠨ ᠶᠡᠬᠡ ᠮᠠᠰᠲ᠋ᠧᠷ᠎ᠤᠨ ᠠᠵᠢᠯᠯᠠᠬᠤ ᠲᠠᠰᠤᠭ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠢ ᠭᠤᠶᠤᠴᠢᠯᠠᠨ ᠮᠡᠳᠡᠭᠦᠯᠬᠦ ᠬᠦᠰᠦᠨᠦᠭᠲᠦ》 (ᠳᠠᠭ᠋ᠠᠯᠳᠤᠭᠤᠯᠤᠯ 4);

      3. 《2025 ᠣᠨ᠎ᠤ ᠮᠡᠷᠭᠡᠵᠢᠯ ᠴᠢᠳᠠᠪᠤᠷᠢ ᠵᠢᠨ ᠶᠡᠬᠡ ᠮᠠᠰᠲ᠋ᠧᠷ᠎ᠤᠨ ᠠᠵᠢᠯᠯᠠᠬᠤ ᠲᠠᠰᠤᠭ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠢ ᠭᠤᠶᠤᠴᠢᠯᠠᠨ ᠮᠡᠳᠡᠭᠦᠯᠬᠦ ᠮᠡᠳᠡᠭᠦᠯᠦᠯᠲᠡ》᠂ ᠡᠭᠦᠨ᠎ᠳᠤ ᠭᠣᠣᠯᠳᠠᠭᠤ᠄ ᠭᠤᠶᠤᠴᠢᠯᠠᠨ ᠮᠡᠳᠡᠭᠦᠯᠬᠦ ᠠᠵᠢᠯ᠎ᠤᠨ ᠲᠠᠰᠤᠭ᠎ᠤᠨ ᠠᠵᠢᠯ ᠮᠡᠷᠭᠡᠵᠢᠯ (ᠠᠵᠢᠯ᠎ᠤᠨ ᠲᠥᠷᠥᠯ)᠂ ᠠᠵᠢᠯᠯᠠᠬᠤ ᠲᠠᠰᠤᠭ᠎ᠢ ᠪᠠᠢ᠌ᠭᠤᠯᠬᠤ ᠵᠢᠨ ᠴᠢᠬᠤᠯᠠ ᠴᠢᠨᠠᠷ ᠪᠠ ᠣᠲᠣ ᠵᠢᠨ ᠳᠠᠪᠠᠭᠤᠯᠢᠭ᠂ ᠮᠡᠷᠭᠡᠵᠢᠯ ᠴᠢᠳᠠᠪᠤᠷᠢ ᠵᠢᠨ ᠶᠡᠬᠡ ᠮᠠᠰᠲ᠋ᠧᠷ᠎ᠤᠨ ᠲᠣᠪᠴᠢ ᠲᠠᠨᠢᠯᠴᠠᠭᠤᠯᠭ᠎ᠠ᠂ ᠠᠵᠢᠯᠯᠠᠬᠤ ᠲᠠᠰᠤᠭ᠎ᠤᠨ ᠲᠥᠯᠥᠪᠯᠡᠭᠰᠡᠨ ᠬᠠᠷᠠᠯᠲᠠ ᠵᠡᠷᠭᠡ ᠪᠠᠭᠲᠠᠨ᠎ᠠ;

      4. 《ᠮᠡᠷᠭᠡᠵᠢᠯ ᠴᠢᠳᠠᠪᠤᠷᠢ ᠵᠢᠨ ᠶᠡᠬᠡ ᠮᠠᠰᠲ᠋ᠧᠷ᠎ᠤᠨ ᠠᠵᠢᠯᠯᠠᠬᠤ ᠲᠠᠰᠤᠭ᠎ᠤᠨ ᠲᠦᠰᠢᠭᠯᠡᠭᠰᠡᠨ ᠠᠵᠤ ᠠᠬᠤᠢ᠌ᠯᠠᠯ ᠪᠤᠶᠤ ᠠᠵᠢᠯ ᠮᠡᠷᠭᠡᠵᠢᠯ᠎ᠤᠨ ᠪᠣᠯᠪᠠᠰᠤᠷᠠᠯ᠎ᠤᠨ ᠪᠠᠢ᠌ᠭᠤᠯᠤᠮᠵᠢ ᠵᠢᠨ ᠬᠣᠯᠪᠣᠭᠳᠠᠯ ᠪᠦᠬᠦᠢ ᠪᠠᠶ᠋ᠢᠳᠠᠯ᠎ᠤᠨ ᠲᠣᠳᠣᠷᠬᠠᠢ᠌ᠯᠠᠯᠲᠠ》᠂ ᠡᠭᠦᠨ᠎ᠳᠤ᠄ ᠲᠣᠰ ᠨᠢᠭᠡᠴᠢ ᠵᠢᠨ ᠤᠷ᠎ᠠ ᠴᠢᠳᠠᠪᠤᠷᠢ ᠵᠢᠨ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢᠨ ᠪᠠᠶ᠋ᠢᠳᠠᠯ᠂ ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ᠎ᠤ ᠰᠤᠷᠭ᠋ᠠᠨ ᠬᠥᠮᠦᠵᠢᠯ᠎ᠤᠨ ᠵᠠᠷᠤᠳᠠᠯ᠎ᠢ ᠤᠷ᠎ᠠ ᠴᠢᠳᠠᠪᠤᠷᠢ ᠵᠢᠨ ᠴᠢᠳᠠᠪᠤᠷᠢᠲᠠᠨ᠎ᠢ ᠬᠥᠮᠥᠵᠢᠭᠦᠯᠬᠦ᠂ ᠰᠣᠯᠢᠯᠴᠠᠬᠤ ᠵᠡᠷᠭᠡ ᠲᠠᠯ᠎ᠠ᠎ᠳᠤ ᠬᠡᠷᠡᠭᠯᠡᠭᠰᠡᠨ ᠭᠡᠷᠡᠴᠢᠯᠡᠬᠦ ᠮᠠᠲ᠋ᠧᠷᠢᠶᠠᠯ᠂ ᠮᠡᠷᠭᠡᠵᠢᠯ ᠴᠢᠳᠠᠪᠤᠷᠢ ᠵᠢᠨ ᠶᠡᠬᠡ ᠮᠠᠰᠲ᠋ᠧᠷ᠎ᠤᠨ ᠠᠵᠢᠯᠯᠠᠬᠤ ᠲᠠᠰᠤᠭ᠎ᠲᠤ ᠬᠠᠩᠭ᠋ᠠᠵᠤ ᠳᠡᠢ᠌ᠯᠬᠦ ᠪᠡᠯᠡ ᠮᠥᠩᠭᠥ ᠵᠢᠨ ᠳᠡᠮᠵᠢᠯᠭᠡ ᠵᠢᠴᠢ ᠲᠠᠯᠠᠪᠤᠷ ᠭᠠᠵᠠᠷ᠂ ᠲᠥᠬᠦᠭᠡᠷᠦᠮᠵᠢ ᠵᠡᠷᠭᠡ ᠠᠵᠢᠯ᠎ᠤᠨ ᠨᠥᠬᠥᠴᠡᠯ᠎ᠤᠨ ᠪᠠᠶ᠋ᠢᠳᠠᠯ᠎ᠤᠨ ᠭᠡᠷᠡᠴᠢᠯᠡᠯ ᠵᠡᠷᠭᠡ ᠵᠢ ᠪᠠᠭᠲᠠᠭ᠋ᠠᠨ᠎ᠠ;

      5. ᠭᠡᠷᠡᠴᠢᠯᠡᠬᠦ ᠮᠠᠲ᠋ᠧᠷᠢᠶᠠᠯ (ᠭᠠᠷᠴᠠᠭ ᠪᠠ ᠨᠢᠭᠤᠷ᠎ᠤᠨ ᠨᠣᠮᠧᠷ᠎ᠢ ᠲᠣᠳᠣᠷᠬᠠᠢ᠌ᠯᠠᠨ᠎ᠠ)᠂ ᠡᠭᠦᠨ᠎ᠳᠤ ᠳᠠᠭ᠋ᠠᠭᠤᠯᠤᠨ ᠭᠦᠢ᠍ᠴᠡᠳᠭᠡᠭᠴᠢ ᠵᠢᠨ ᠪᠡᠶ᠎ᠡ ᠵᠢᠨ ᠦᠨᠡᠮᠯᠡᠯ᠂ ᠠᠵᠢᠯ ᠮᠡᠷᠭᠡᠵᠢᠯ᠎ᠤᠨ ᠬᠢᠷᠢ ᠬᠡᠮ᠎ᠤᠨ ᠦᠨᠡᠮᠯᠡᠯ ᠪᠤᠶᠤ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠵᠡᠷᠭᠡ ᠳᠡᠰ᠎ᠤᠨ ᠦᠨᠡᠮᠯᠡᠯ᠂ ᠱᠠᠩᠨᠠᠯ ᠣᠯᠣᠭᠰᠠᠨ ᠦᠨᠡᠮᠯᠡᠯ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠦᠷ᠎ᠡ ᠪᠦᠲᠦᠭᠡᠯ ᠵᠡᠷᠭᠡ ᠵᠢᠨ ᠪᠠᠭᠤᠯᠭ᠋ᠠᠪᠤᠷᠢ ᠵᠢ ᠪᠠᠭᠲᠠᠭ᠋ᠠᠵᠤ᠂ ᠳᠠᠭ᠋ᠠᠭᠤᠯᠤᠨ ᠭᠦᠢ᠍ᠴᠡᠳᠭᠡᠭᠴᠢ ᠵᠢᠨ ᠠᠵᠢᠯ ᠮᠡᠷᠭᠡᠵᠢᠯ᠎ᠤᠨ ᠬᠢᠷᠢ ᠬᠡᠮ (ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠵᠡᠷᠭᠡ ᠳᠡᠰ)᠎ᠤᠨ ᠬᠠᠮᠢᠶ᠎ᠠ ᠪᠦᠬᠦᠢ ᠦᠨᠡᠮᠯᠡᠯ᠎ᠳᠤ 《ᠤᠷ᠎ᠠ ᠴᠢᠳᠠᠪᠤᠷᠢ ᠵᠢᠨ ᠴᠢᠳᠠᠪᠤᠷᠢᠲᠠᠨ᠎ᠤ ᠠᠵᠢᠯ᠎ᠤᠨ ᠰᠦᠯᠵᠢᠶ᠎ᠡ》 ᠎ᠠᠴᠠ ᠪᠠᠭᠤᠯᠭ᠋ᠠᠭᠰᠠᠨ ᠡᠰᠬᠡᠯᠲᠡ ᠵᠢᠷᠤᠭ᠎ᠢ ᠳᠠᠭ᠋ᠠᠯᠳᠤᠭᠤᠯᠬᠤ ᠬᠡᠷᠡᠭᠲᠡᠶ᠃

      ᠵᠢᠷᠭᠤᠭ᠎ᠠ᠂ ᠥᠪᠡᠷᠲᠡᠭᠡᠨ ᠵᠠᠰᠠᠬᠤ ᠣᠷᠣᠨ᠎ᠠᠴᠠ ᠬᠢᠨᠠᠨ ᠲᠣᠭᠲᠠᠭ᠋ᠠᠬᠤ

      ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠎ᠠᠴᠠ ᠲᠤᠰᠬᠠᠢ ᠮᠡᠷᠭᠡᠵᠢᠯᠲᠡᠨ ᠰᠣᠩᠭᠣᠨ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠨ ᠲᠠᠨᠢᠯᠴᠠᠭᠤᠯᠤᠭᠰᠠᠨ ᠪᠣᠯᠪᠠᠰᠤᠷᠠᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ ᠪᠠ ᠠᠵᠢᠯᠯᠠᠬᠤ ᠲᠠᠰᠤᠭ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠵᠢᠱ᠌ᠢᠭᠳᠡᠭᠴᠢ ᠨᠢᠭᠡᠴᠢ ᠵᠢᠨ ᠮᠠᠲ᠋ᠧᠷᠢᠶᠠᠯ᠎ᠢ ᠳᠠᠬᠢᠨ ᠬᠢᠨᠠᠵᠤ᠂ ᠪᠣᠯᠪᠠᠰᠤᠷᠠᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ ᠪᠠ ᠠᠵᠢᠯᠯᠠᠬᠤ ᠲᠠᠰᠤᠭ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠨᠢᠭᠡᠴᠢ ᠵᠢ ᠲᠣᠭᠲᠠᠭ᠋ᠠᠵᠤ᠂ ᠨᠡᠢ᠌ᠭᠡᠮ ᠨᠠᠢ᠌ᠳᠠ᠎ᠳᠤ ᠢᠯᠡ ᠨᠡᠢ᠌ᠲᠡᠯᠡᠬᠦ᠎ᠪᠠᠷ ᠳᠡᠮᠵᠢᠨ ᠣᠨᠳᠣᠣ ᠰᠠᠨᠠᠯ ᠦᠭᠡᠢ ᠪᠣᠯᠤᠭᠰᠠᠨ᠎ᠤ ᠳᠠᠷᠠᠭ᠎ᠠ᠂ ᠲᠣᠭᠲᠠᠭ᠋ᠠᠯ ᠶᠣᠰᠣᠭ᠋ᠠᠷ 2025 ᠣᠨ᠎ᠤ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠪᠡᠯᠡ ᠮᠥᠩᠭᠥ ᠵᠢ ᠪᠠᠭᠤᠯᠭ᠋ᠠᠨ᠎ᠠ᠃

      ᠲᠤᠯᠤᠭ᠎ᠠ᠂ ᠪᠤᠰᠤᠳ ᠵᠦᠢ᠍ᠯ

      (ᠨᠢᠭᠡ) ᠡᠯ᠎ᠡ ᠠᠶ᠋ᠢᠮᠠᠭ ᠬᠣᠲᠠ᠂ ᠡᠯ᠎ᠡ ᠨᠢᠭᠡᠴᠢ᠎ᠨᠦᠭᠦᠳ ᠭᠤᠶᠤᠴᠢᠯᠠᠨ ᠮᠡᠳᠡᠭᠦᠯᠬᠦ ᠨᠢᠭᠡᠴᠢ ᠵᠢ ᠲᠠᠨᠢᠯᠴᠠᠭᠤᠯᠬᠤ᠎ᠳᠠᠭᠠᠨ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠠᠵᠤ ᠦᠢ᠍ᠯᠡᠰ᠂ ᠣᠷᠣᠨ ᠪᠦᠰᠡ ᠵᠢᠨ ᠠᠵᠤ ᠠᠬᠤᠢ ᠵᠢᠨ ᠬᠥᠭᠵᠢᠯᠲᠡ ᠵᠢᠨ ᠬᠡᠷᠡᠭᠴᠡᠭᠡ ᠱᠠᠭ᠋ᠠᠷᠳᠠᠯᠭ᠎ᠠ᠎ᠲᠠᠢ ᠨᠢᠭᠲᠠ ᠤᠶᠠᠯᠳᠤᠭᠤᠯᠤᠨ᠂ ᠲᠡᠷᠢᠭᠦᠨ᠎ᠤ ᠦᠢ᠍ᠯᠡᠳᠬᠦ ᠦᠢ᠍ᠯᠡᠰ᠂ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠰᠢᠨ᠎ᠡ᠎ᠪᠠᠷ ᠪᠤᠢ ᠪᠣᠯᠤᠭᠰᠠᠨ ᠠᠵᠤ ᠦᠢ᠍ᠯᠡᠰ ᠵᠢᠴᠢ ᠨᠠᠶ᠋ᠢᠳᠠᠨ ᠬᠥᠮᠥᠵᠢᠭᠦᠯᠬᠦ᠂ ᠰᠤᠪᠢᠯᠠᠬᠤ᠂ ᠡᠷᠡᠭᠦᠯ ᠮᠠᠨᠳᠤ ᠠᠰᠠᠷᠠᠨ ᠲᠡᠵᠢᠭᠡᠬᠦ᠂ ᠭᠡᠷ᠎ᠤᠨ ᠶᠠᠪᠤᠳᠠᠯ ᠵᠡᠷᠭᠡ ᠠᠷᠠᠳ᠎ᠤᠨ ᠠᠮᠢᠳᠤᠷᠠᠯ᠎ᠤᠨ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ ᠵᠢᠨ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠤ ᠪᠣᠯᠪᠠᠰᠤᠷᠠᠯ᠎ᠤᠨ ᠰᠠᠭᠤᠷᠢᠨ ᠭᠠᠵᠠᠷ ᠪᠠ ᠮᠡᠷᠭᠡᠵᠢᠯ ᠴᠢᠳᠠᠪᠤᠷᠢ ᠵᠢᠨ ᠶᠡᠬᠡ ᠮᠠᠰᠲ᠋ᠧᠷ᠎ᠤᠨ ᠠᠵᠢᠯᠯᠠᠬᠤ ᠲᠠᠰᠤᠭ ᠪᠠᠢ᠌ᠭᠤᠯᠬᠤ ᠵᠢ ᠤᠷᠢᠳᠠᠪᠠᠷ ᠳᠡᠮᠵᠢᠬᠦ ᠬᠡᠷᠡᠭᠲᠡᠶ᠃

      (ᠬᠣᠶᠠᠷ) ᠪᠣᠯᠪᠠᠰᠤᠷᠠᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠬᠡᠷᠡᠭᠵᠢᠭᠦᠯᠬᠦ ᠲᠥᠰᠥᠯ᠎ᠳᠤ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠶᠡᠷᠦᠩᠬᠡᠢ ᠬᠠᠷᠠᠯᠲᠠ᠂ ᠱᠠᠲᠤ ᠬᠤᠪᠢᠶᠠᠭᠰᠠᠨ ᠬᠠᠷᠠᠯᠲᠠ ᠵᠢᠴᠢ ᠠᠵᠢᠯ᠎ᠤᠨ ᠡᠭᠦᠷᠭᠡ ᠵᠡᠷᠭᠡ ᠵᠢ ᠲᠣᠳᠣᠷᠬᠠᠢ᠌ᠯᠠᠵᠤ᠂ ᠲᠥᠷᠥᠯ ᠵᠦᠢ᠍ᠯ᠎ᠤᠨ ᠬᠠᠷᠠᠯᠲᠠ ᠵᠢ ᠬᠡᠮᠵᠢᠶᠡᠵᠢᠭᠦᠯᠵᠦ ᠪᠣᠯᠬᠤ᠂ ᠲᠥᠷᠥᠯ ᠵᠦᠢ᠍ᠯ᠎ᠤᠨ ᠡᠭᠦᠷᠭᠡ ᠵᠢ ᠪᠡᠶᠡᠯᠡᠭᠦᠯᠵᠦ ᠪᠣᠯᠬᠤ᠂ ᠲᠥᠷᠥᠯ ᠵᠦᠢ᠍ᠯ᠎ᠤᠨ ᠠᠭᠤᠯᠭ᠎ᠠ ᠵᠢ ᠪᠡᠶᠡᠯᠡᠭᠦᠯᠵᠦ ᠪᠣᠯᠬᠤ᠂ ᠲᠥᠷᠥᠯ ᠵᠦᠢ᠍ᠯ᠎ᠤᠨ ᠵᠠᠷᠤᠳᠠᠯ᠎ᠢ ᠬᠡᠷᠡᠭᠵᠢᠭᠦᠯᠵᠦ ᠪᠣᠯᠬᠤ᠂ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠬᠡᠷᠡᠭᠵᠢᠭᠦᠯᠵᠦ ᠪᠣᠯᠬᠤ ᠵᠢ ᠪᠡᠶᠡᠯᠡᠭᠦᠯᠬᠦ ᠵᠢᠨ ᠬᠠᠮᠲᠤ ᠲᠣᠣᠷ ᠰᠦᠯᠵᠢᠶ᠎ᠡ᠎ᠪᠠᠷ ᠬᠠᠷᠢᠭᠤ ᠮᠠᠷᠭᠤᠬᠤ ᠪᠡᠯᠡᠳᠬᠡᠯ ᠠᠵᠢᠯ᠎ᠢ ᠰᠠᠶ᠋ᠢᠲᠤᠷ ᠬᠢᠬᠦ ᠬᠡᠷᠡᠭᠲᠡᠶ᠃

      (ᠭᠤᠷᠪᠠ) ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ᠎ᠢ ᠬᠤᠳᠠᠯ ᠬᠠᠭᠤᠷᠮᠠᠭ ᠵᠶ᠋ᠠᠷ ᠵᠣᠬᠢᠶᠠᠭᠰᠠᠨ ᠪᠤᠶᠤ ᠦᠨᠡᠨ ᠪᠣᠳᠠᠲᠠᠢ ᠪᠤᠰᠤ ᠪᠠᠶ᠋ᠢᠳᠠᠯ᠎ᠲᠠᠢ ᠪᠠᠢ᠌ᠪᠠᠯ᠂ ᠬᠢᠨᠠᠨ ᠬᠠᠷᠭᠤᠭᠤᠯᠤᠭᠰᠠᠨ᠎ᠤ ᠳᠠᠷᠠᠭ᠎ᠠ᠂ ᠬᠢᠨᠠᠨ ᠲᠣᠭᠲᠠᠭ᠋ᠠᠬᠤ ᠬᠢᠷᠢ ᠬᠡᠮ᠎ᠢ᠎ᠨᠢ ᠬᠦᠴᠦᠨ ᠦᠭᠡᠢ ᠪᠣᠯᠭ᠋ᠠᠵᠤ᠂ 3 ᠵᠢᠯ᠎ᠤᠨ ᠳᠣᠲᠣᠷ᠎ᠠ ᠪᠣᠯᠪᠠᠰᠤᠷᠠᠯ᠎ᠤᠨ ᠰᠠᠭᠤᠷᠢᠨ ᠭᠠᠵᠠᠷ ᠪᠣᠯᠣᠨ ᠮᠡᠷᠭᠡᠵᠢᠯ᠎ᠤᠨ ᠴᠢᠳᠠᠪᠤᠷᠢ ᠵᠢᠨ ᠮᠠᠰᠲ᠋ᠧᠷ᠎ᠤᠨ ᠠᠵᠢᠯᠯᠠᠬᠤ ᠲᠠᠰᠤᠭ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠢ ᠮᠡᠳᠡᠭᠦᠯᠵᠦ ᠪᠣᠯᠬᠤ ᠦᠭᠡᠢ᠂ ᠨᠢᠭᠡᠨᠲᠡ ᠰᠠᠯᠭ᠋ᠠᠨ ᠥᠭᠭᠦᠭᠰᠡᠨ ᠲᠤᠰᠠᠯᠠᠮᠵᠢ ᠵᠢᠨ ᠪᠡᠯᠡ ᠮᠥᠩᠭᠥ ᠵᠢ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠡᠭᠡᠭᠦᠯᠦᠨ ᠠᠪᠤᠨ᠎ᠠ᠃

      (ᠳᠥᠷᠪᠡ) ᠪᠦᠲᠦᠭᠡᠨ ᠪᠠᠢ᠍ᠭᠤᠯᠤᠯᠲᠠ ᠵᠢᠨ ᠲᠥᠷᠥᠯ ᠵᠦᠢ᠍ᠯᠡᠰ᠎ᠨᠢ 《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠤ ᠪᠣᠯᠪᠠᠰᠤᠷᠠᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠬᠡᠷᠡᠭᠵᠢᠭᠦᠯᠬᠦ ᠠᠷᠭ᠎ᠠ (2022 — 2025 ᠣᠨ)〉 ᠪᠠ 〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠶᠡᠬᠡ ᠮᠠᠰᠲ᠋ᠧᠷ᠎ᠤᠨ ᠠᠵᠢᠯᠯᠠᠬᠤ ᠲᠠᠰᠤᠭ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠬᠡᠷᠡᠭᠵᠢᠭᠦᠯᠬᠦ ᠠᠷᠭ᠎ᠠ (2022 — 2025 ᠣᠨ)〉 ᠵᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ ᠡᠳ᠋᠎ᠤᠨ ᠵᠠᠰᠠᠭ᠎ᠤᠨ ᠲᠢᠩᠬᠢᠮ᠎ᠤᠨ ᠮᠡᠳᠡᠭᠳᠡᠯ》 (ᠥᠪᠥᠷ ᠬᠥᠮᠥᠨ ᠨᠡᠢ᠌ᠭᠡᠮ ᠠᠯᠪᠠᠨ ᠲᠠᠷᠬᠠᠭ᠋ᠠᠭᠰᠠᠨ [2022] 49 ᠳ᠋ᠦ᠍ᠭᠡᠷ ᠲᠣᠭ᠋ᠠᠲᠤ)᠎ᠳᠤ ᠲᠣᠭᠲᠠᠭ᠋ᠠᠭᠰᠠᠨ ᠲᠥᠷᠥᠯ ᠵᠦᠢ᠍ᠯ᠎ᠤᠨ ᠵᠠᠷᠤᠳᠠᠯ᠎ᠤᠨ ᠬᠡᠷᠡᠭᠯᠡᠬᠦ ᠬᠡᠪᠴᠢᠶ᠎ᠡ ᠵᠢᠨ ᠱᠠᠭ᠋ᠠᠷᠳᠠᠯᠭ᠎ᠠ ᠶᠣᠰᠣᠭ᠋ᠠᠷ᠂ ᠲᠥᠷᠥᠯ ᠵᠦᠢ᠍ᠯ᠎ᠤᠨ ᠪᠡᠯᠡ ᠮᠥᠩᠭᠥ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠲᠤᠰᠬᠠᠢ ᠵᠣᠭᠣᠰ᠎ᠢ ᠲᠤᠰᠬᠠᠢ ᠵᠦᠢ᠍ᠯ᠎ᠳᠤ ᠬᠡᠷᠡᠭᠯᠡᠬᠦ᠂ ᠲᠤᠰᠠᠭ᠋ᠠᠷ ᠲᠠᠩᠰᠠ ᠪᠠᠢ᠌ᠭᠤᠯᠬᠤ ᠵᠢ ᠬᠡᠷᠡᠭᠵᠢᠭᠦᠯᠵᠦ᠂ ᠪᠡᠯᠡ ᠮᠥᠩᠭᠥ ᠵᠢᠨ ᠠᠮᠤᠷ ᠲᠦᠪᠰᠢᠨ ᠪᠠ ᠦᠷ᠎ᠡ ᠠᠰᠢᠭ᠎ᠢ ᠦᠨᠡᠨ ᠬᠦ᠌ ᠪᠠᠲᠤᠯᠠᠬᠤ ᠬᠡᠷᠡᠭᠲᠡᠢ᠃

      (ᠲᠠᠪᠤ) ᠡᠯ᠎ᠡ ᠲᠠᠨᠢᠯᠴᠠᠭᠤᠯᠬᠤ ᠨᠢᠭᠡᠴᠢ᠎ᠨᠢ ᠲᠤᠰᠬᠠᠢ ᠬᠥᠮᠥᠨ ᠵᠢᠭ᠋ᠠᠨ ᠲᠣᠭᠲᠠᠭ᠋ᠠᠵᠤ ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ᠎ᠤᠨ ᠵᠶ᠋ᠡᠨ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ᠎ᠢ ᠡᠮᠬᠢᠯᠡᠬᠦ ᠵᠢ ᠬᠠᠷᠢᠭᠤᠴᠠᠭᠤᠯᠬᠤ ᠵᠢᠨ ᠬᠠᠮᠲᠤ ᠭᠤᠶᠤᠴᠢᠯᠠᠨ ᠮᠡᠳᠡᠭᠦᠯᠦᠭᠰᠡᠨ ᠪᠠᠶ᠋ᠢᠳᠠᠯ᠎ᠤᠨ ᠬᠤᠷᠢᠶᠠᠩᠭᠤᠢ ᠬᠦᠰᠦᠨᠦᠭᠲᠦ (ᠳᠠᠭ᠋ᠠᠯᠳᠤᠭᠤᠯᠤᠯ 5᠂ ᠳᠠᠭ᠋ᠠᠯᠳᠤᠭᠤᠯᠤᠯ 6) ᠵᠢ ᠲᠠᠭᠯᠠᠵᠤ᠂ ᠱᠠᠭ᠋ᠠᠷᠳᠠᠯᠭ᠎ᠠ ᠶᠣᠰᠣᠭ᠋ᠠᠷ ᠨᠢᠭᠡᠳᠦᠯᠲᠡᠢ ᠭᠤᠶᠤᠴᠢᠯᠠᠨ ᠮᠡᠳᠡᠭᠦᠯᠦᠨ ᠬᠦᠷᠭᠡᠬᠦ ᠬᠡᠷᠡᠭᠲᠡᠶ᠂ ᠴᠠᠭ᠋ᠠᠰᠤᠨ ᠮᠠᠲ᠋ᠧᠷᠢᠶᠠᠯ (ᠲᠣᠰ ᠪᠦᠷᠢ ᠨᠢᠭᠡ ᠬᠡᠯᠪᠡᠷᠢ ᠵᠢᠨ ᠳᠥᠷᠪᠡᠨ ᠬᠤᠪᠢ)᠎ᠢ ᠰᠢᠤᠳᠠᠨ᠎ᠤ ᠲᠤᠰᠬᠠᠢ ᠳᠠᠮᠵᠢᠭᠤᠯᠭ᠎ᠠ ᠵᠢᠨ EMS ᠵᠶ᠋ᠠᠷ ᠢᠯᠡᠭᠡᠵᠦ᠂ ᠡᠯᠧᠺᠲᠷᠣᠨ ᠡᠬᠡ ᠪᠢᠴᠢᠭ᠎ᠢ nmgrstzjc@163.com ᠢᠮᠧᠯ᠎ᠳᠤ ᠶᠠᠪᠤᠭᠤᠯᠤᠭ᠋ᠠᠷᠠᠢ᠃ ᠡᠯ᠎ᠡ ᠲᠠᠨᠢᠯᠴᠠᠭᠤᠯᠬᠤ ᠨᠢᠭᠡᠴᠢ᠎ᠨᠦᠭᠦᠳ ᠬᠠᠷᠢᠯᠴᠠᠬᠤ ᠬᠥᠮᠥᠨ᠎ᠤ ᠨᠡᠷᠡᠰ ᠪᠣᠯᠣᠨ ᠬᠠᠷᠢᠯᠴᠠᠬᠤ ᠤᠲᠠᠰᠤ᠎ᠪᠠᠨ 11 ᠰᠠᠷ᠎ᠠ ᠵᠢᠨ 30᠎ᠤ ᠡᠳᠦᠷ᠎ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠠᠵᠢᠯ ᠮᠡᠷᠭᠡᠵᠢᠯ᠎ᠤᠨ ᠴᠢᠳᠠᠪᠤᠷᠢ ᠵᠢᠨ ᠪᠠᠢ᠌ᠭᠤᠯᠤᠯᠲᠠ ᠵᠢᠨ ᠭᠠᠵᠠᠷ᠎ᠲᠤ ᠮᠡᠳᠡᠭᠦᠯᠬᠦ ᠬᠡᠷᠡᠭᠲᠡᠢ᠃

      (ᠵᠢᠷᠭᠤᠭ᠎ᠠ) ᠲᠣᠰ ᠮᠡᠳᠡᠭᠳᠡᠯ᠎ᠤᠨ ᠳᠠᠭ᠋ᠠᠯᠳᠤᠭᠤᠯᠤᠯ᠎ᠢ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠰᠦᠯᠵᠢᠶᠡᠨ ᠥᠷᠲᠡᠭᠡ (https://rst.nmg.gov.cn)  ᠎ᠠᠴᠠ ᠪᠠᠭᠤᠯᠭ᠋ᠠᠨ ᠠᠪᠤᠭ᠋ᠠᠷᠠᠢ᠃

      (ᠲᠤᠯᠤᠭ᠎ᠠ) ᠬᠠᠷᠢᠯᠴᠠᠬᠤ ᠬᠥᠮᠥᠨ ᠵᠢᠴᠢ ᠬᠠᠷᠢᠯᠴᠠᠬᠤ ᠤᠲᠠᠰᠤ

      ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠠᠵᠢᠯ ᠮᠡᠷᠭᠡᠵᠢᠯ᠎ᠤᠨ ᠴᠢᠳᠠᠪᠤᠷᠢ ᠵᠢᠨ ᠪᠦᠲᠦᠭᠡᠨ ᠪᠠᠢ᠌ᠭᠤᠯᠤᠯᠲᠠ ᠵᠢᠨ ᠭᠠᠵᠠᠷ

      ᠬᠠᠷᠢᠯᠴᠠᠬᠤ ᠬᠥᠮᠥᠨ᠄ ᠭᠥᠸᠧ ᠬᠤᠢ ᠵᠢᠤᠸᠠᠨ

      ᠤᠲᠠᠰᠤ᠄ (0471) 6945102

      ᠢᠮᠧᠯ᠄ nmgrstzjc@163.com

      ᠰᠢᠤᠳᠠᠨ ᠬᠠᠶᠢᠭ᠄ ᠬᠥᠬᠡᠬᠣᠲᠠ ᠵᠢᠨ ᠰᠢᠨᠬᠤᠸᠠ ᠶᠡᠬᠡ ᠵᠡᠭᠡᠯᠢ ᠵᠢᠨ 63 ᠳ᠋ᠤᠭ᠋ᠠᠷ ᠬᠦᠷᠢᠶᠡᠨ᠎ᠤ 6 ᠳ᠋ᠤᠭ᠋ᠠᠷ ᠠᠰᠠᠷ᠎ᠤᠨ 316 ᠳ᠋ᠤᠭ᠋ᠠᠷ ᠥᠷᠥᠭᠡ

      ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠨᠡᠢ᠌ᠭᠡᠮ᠎ᠤᠨ ᠪᠠᠲᠤᠯᠠᠭ᠎ᠠ ᠵᠢᠨ ᠭᠠᠵᠠᠷ

      ᠬᠠᠷᠢᠯᠴᠠᠬᠤ ᠬᠥᠮᠥᠨ᠄ ᠷᠧᠨ ᠰᠢᠤᠸᠠᠢ ᠵᠦ᠍

      ᠤᠲᠠᠰᠤ᠄ (0471) 4192214

      ᠳᠠᠭ᠋ᠠᠯᠳᠤᠭᠤᠯᠤᠯ᠄ 1. ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ ᠵᠢᠨ ᠲᠠᠨᠢᠯᠴᠠᠭᠤᠯᠤᠭᠰᠠᠨ ᠣᠷᠣᠨ ᠲᠣᠭ᠎ᠠ ᠵᠢᠨ ᠬᠤᠪᠢᠶᠠᠷᠢᠯᠠᠯᠲᠠ ᠵᠢᠨ ᠬᠦᠰᠦᠨᠦᠭᠲᠦ

      2. 2025 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠤ ᠪᠣᠯᠪᠠᠰᠤᠷᠠᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠢ ᠭᠤᠶᠤᠴᠢᠯᠠᠨ ᠮᠡᠳᠡᠭᠦᠯᠬᠦ ᠪᠢᠴᠢᠭ

      3. 2025 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠤ ᠪᠣᠯᠪᠠᠰᠤᠷᠠᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠬᠡᠷᠡᠭᠵᠢᠭᠦᠯᠬᠦ ᠲᠥᠰᠥᠯ

      4. 2025 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠮᠡᠷᠭᠡᠵᠢᠯ ᠴᠢᠳᠠᠪᠤᠷᠢ ᠵᠢᠨ ᠶᠡᠬᠡ ᠮᠠᠰᠲ᠋ᠧᠷ᠎ᠤᠨ ᠠᠵᠢᠯᠯᠠᠬᠤ ᠲᠠᠰᠤᠭ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠢ ᠭᠤᠶᠤᠴᠢᠯᠠᠨ ᠮᠡᠳᠡᠭᠦᠯᠬᠦ ᠬᠦᠰᠦᠨᠦᠭᠲᠦ

      5. 2025 ᠣᠨ᠎ᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠳᠡᠭᠡᠳᠦ ᠮᠡᠷᠭᠡᠵᠢᠯ᠎ᠤᠨ ᠴᠢᠳᠠᠪᠤᠷᠢᠲᠠᠨ᠎ᠤ ᠪᠣᠯᠪᠠᠰᠤᠷᠠᠯ᠎ᠤᠨ ᠰᠠᠭᠤᠷᠢᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠢ ᠭᠤᠶᠤᠴᠢᠯᠠᠨ ᠮᠡᠳᠡᠭᠦᠯᠦᠭᠰᠡᠨ ᠪᠠᠶ᠋ᠢᠳᠠᠯ᠎ᠤᠨ ᠬᠤᠷᠢᠶᠠᠩᠭᠤᠢ ᠬᠦᠰᠦᠨᠦᠭᠲᠦ

      6. 2025 ᠣᠨ᠎ᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠮᠡᠷᠭᠡᠵᠢᠯ ᠴᠢᠳᠠᠪᠤᠷᠢ ᠵᠢᠨ ᠶᠡᠬᠡ ᠮᠠᠰᠲ᠋ᠧᠷ᠎ᠤᠨ ᠠᠵᠢᠯᠯᠠᠬᠤ ᠲᠠᠰᠤᠭ᠎ᠤᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠢ ᠭᠤᠶᠤᠴᠢᠯᠠᠨ ᠮᠡᠳᠡᠭᠦᠯᠦᠭᠰᠡᠨ ᠪᠠᠶ᠋ᠢᠳᠠᠯ᠎ᠤᠨ ᠬᠤᠷᠢᠶᠠᠩᠭᠤᠢ ᠬᠦᠰᠦᠨᠦᠭᠲᠦ

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ

      2024 ᠣᠨ᠎ᠤ 11 ᠰᠠᠷ᠎ᠠ ᠵᠢᠨ 7᠎ᠤ ᠡᠳᠦᠷ


ᠢᠷᠡᠯᠲᠡ᠄ ᠥᠪᠥᠷ ᠮᠣᠩᠭᠣᠯ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠣᠯᠣᠨ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            