ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠣᠪᠴᠢᠶ᠎ᠠ᠂ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠶᠡᠷᠦᠩᠬᠡᠢ ᠲᠣᠪᠴᠢᠶ᠎ᠠ ᠵᠢᠨ ᠡᠯ᠎ᠡ ᠠᠶ᠋ᠢᠮᠠᠭ ᠬᠣᠲᠠ ᠪᠠ ᠠᠰᠲᠠᠭᠠᠨ ᠲᠥᠯᠥᠪᠯᠡᠭᠡ ᠬᠢᠬᠦ ᠬᠣᠲᠠ ᠵᠢᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ᠎ᠳᠤ᠄
ᠨᠠᠰᠤ ᠬᠡᠲᠦᠷᠡᠭᠰᠡᠨ ᠠᠵᠢᠯ ᠠᠯᠳᠠᠭᠰᠠᠳ᠎ᠤᠨ ᠪᠠᠲᠤᠯᠠᠭ᠎ᠠ ᠵᠢ ᠴᠢᠩᠭ᠋ᠠᠳᠬᠠᠵᠤ᠂ ᠨᠠᠰᠤ ᠬᠡᠲᠦᠷᠡᠭᠰᠡᠨ ᠠᠵᠢᠯ ᠠᠯᠳᠠᠯᠲᠠ ᠵᠢᠨ ᠳᠠᠭ᠋ᠠᠳᠬᠠᠯ᠎ᠤᠨ ᠮᠥᠩᠭᠥ ᠠᠪᠴᠤ ᠪᠠᠢ᠌ᠭ᠎ᠠ ᠬᠥᠮᠥᠰ᠎ᠤᠨ ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠳᠠᠭ᠋ᠠᠳᠬᠠᠯ᠎ᠳᠤ ᠣᠷᠣᠯᠴᠠᠬᠤ ᠵᠢ ᠳᠡᠮᠵᠢᠬᠦ ᠵᠢᠨ ᠲᠤᠰᠠᠳᠠ᠂ 《ᠨᠠᠰᠤ ᠬᠡᠲᠦᠷᠡᠭᠰᠡᠨ ᠠᠵᠢᠯ ᠠᠯᠳᠠᠯᠲᠠ ᠵᠢᠨ ᠳᠠᠭ᠋ᠠᠳᠬᠠᠯ᠎ᠤᠨ ᠮᠥᠩᠭᠥ ᠠᠪᠬᠤ ᠬᠥᠮᠥᠰ ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠳᠠᠭ᠋ᠠᠳᠬᠠᠯ᠎ᠳᠤ ᠣᠷᠣᠯᠴᠠᠬᠤ ᠬᠣᠯᠪᠣᠭᠳᠠᠯ ᠪᠦᠬᠦᠢ ᠠᠵᠢᠯ᠎ᠤᠨ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ ᠡᠳ᠋᠎ᠤᠨ ᠵᠠᠰᠠᠭ᠎ᠤᠨ ᠲᠢᠩᠬᠢᠮ ᠤᠯᠤᠰ᠎ᠤᠨ ᠭᠠᠢ᠌ᠯᠢ ᠵᠢᠨ ᠶᠠᠪᠤᠳᠠᠯ᠎ᠤᠨ ᠶᠡᠷᠦᠩᠬᠡᠢ ᠲᠣᠪᠴᠢᠶ᠎ᠠ ᠵᠢᠨ ᠮᠡᠳᠡᠭᠳᠡᠯ》 (ᠬᠥᠮᠥᠨ᠎ᠤ ᠬᠦᠴᠦᠨ᠎ᠤ ᠡᠬᠢ ᠪᠠᠶᠠᠯᠢᠭ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ ᠲᠠᠷᠬᠠᠭ᠋ᠠᠭᠰᠠᠨ [2024] 76 ᠳ᠋ᠤᠭ᠋ᠠᠷ ᠲᠣᠭ᠋ᠠᠲᠤ)᠎ᠤᠨ ᠬᠣᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ᠂ ᠡᠳᠦᠭᠡ ᠬᠣᠯᠪᠣᠭᠳᠠᠯ ᠪᠦᠬᠦᠢ ᠤᠴᠢᠷ᠎ᠢ ᠳᠣᠣᠷᠠᠬᠢ ᠮᠡᠲᠦ ᠮᠡᠳᠡᠭᠳᠡᠶ᠎ᠡ᠄
ᠨᠢᠭᠡ᠂ ᠬᠥᠮᠥᠨ᠎ᠤ ᠬᠡᠪᠴᠢᠶ᠎ᠡ ᠵᠢᠨ ᠲᠤᠬᠠᠢ
ᠲᠤᠰ ᠮᠡᠳᠡᠭᠳᠡᠯ᠎ᠳᠤ ᠬᠡᠯᠡᠵᠦ ᠪᠠᠢ᠌ᠭ᠎ᠠ ᠨᠠᠰᠤ ᠬᠡᠲᠦᠷᠡᠭᠰᠡᠨ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠥ ᠠᠪᠴᠤ ᠪᠠᠢ᠌ᠭ᠎ᠠ ᠬᠥᠮᠥᠰ (ᠳᠣᠷᠣᠭᠰᠢ ᠨᠠᠰᠤ ᠬᠡᠲᠦᠷᠡᠭᠰᠡᠨ ᠳᠠᠭ᠋ᠠᠳᠬᠠᠯ᠎ᠤᠨ ᠮᠥᠩᠭᠥ ᠠᠪᠴᠤ ᠪᠠᠢ᠌ᠭ᠎ᠠ ᠬᠥᠮᠥᠨ ᠭᠡᠵᠦ ᠲᠣᠪᠴᠢᠯᠠᠨ᠎ᠠ) ᠭᠡᠳᠡᠭ᠎ᠨᠢ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠥ ᠠᠪᠴᠤ ᠪᠠᠢ᠌ᠭ᠎ᠠ ᠪᠥᠭᠡᠳ ᠬᠠᠤᠯᠢ᠎ᠳᠤ ᠲᠣᠭᠲᠠᠭ᠋ᠠᠭᠰᠠᠨ ᠠᠵᠢᠯ᠎ᠠᠴᠠ᠎ᠪᠠᠨ ᠪᠠᠭᠤᠵᠤ ᠠᠮᠠᠷᠠᠬᠤ ᠨᠠᠰᠤᠨ᠎ᠠᠴᠠ 1 ᠵᠢᠯ ᠬᠦᠷᠬᠦ ᠦᠭᠡᠢ ᠪᠠᠢ᠌ᠭ᠎ᠠ ᠠᠵᠢᠯ ᠠᠯᠳᠠᠭᠰᠠᠳ᠎ᠢ ᠵᠢᠭ᠋ᠠᠵᠤ ᠪᠠᠢ᠌ᠨ᠎ᠠ᠃ ᠡᠭᠦᠨ᠎ᠳᠤ ᠠᠵᠢᠯ ᠠᠯᠳᠠᠯᠲᠠ ᠵᠢᠨ ᠳᠠᠭ᠋ᠠᠳᠬᠠᠯ᠎ᠤᠨ ᠮᠥᠩᠭᠥ ᠠᠪᠬᠤ ᠬᠤᠭᠤᠴᠠᠭ᠎ᠠ᠎ᠨᠢ ᠳᠦᠭᠦᠷᠦᠭᠰᠡᠨ ᠪᠠᠶ᠋ᠢᠲᠠᠯ᠎ᠠ ᠮᠥᠨ ᠯᠡ ᠠᠵᠢᠯ ᠣᠯᠣᠭ᠋ᠠᠳᠤᠢ ᠪᠥᠭᠡᠳ ᠬᠠᠤᠯᠢ᠎ᠪᠠᠷ ᠲᠣᠭᠲᠠᠭ᠋ᠠᠭᠰᠠᠨ ᠠᠵᠢᠯ᠎ᠠᠴᠠ᠎ᠪᠠᠨ ᠠᠮᠠᠷᠠᠬᠤ ᠨᠠᠰᠤ ᠬᠦᠷᠲᠡᠯ᠎ᠡ 1 ᠵᠢᠯ ᠬᠦᠷᠬᠦ ᠦᠭᠡᠢ ᠪᠠᠶ᠋ᠢᠲᠠᠯ᠎ᠠ ᠠᠵᠢᠯ ᠠᠯᠳᠠᠯᠲᠠ ᠵᠢᠨ ᠳᠠᠭ᠋ᠠᠳᠬᠠᠯ᠎ᠤᠨ ᠮᠥᠩᠭᠥ ᠵᠢ ᠬᠠᠤᠯᠢ᠎ᠪᠠᠷ ᠲᠣᠭᠲᠠᠭ᠋ᠠᠭᠰᠠᠨ ᠠᠵᠢᠯ᠎ᠠᠴᠠ᠎ᠪᠠᠨ ᠠᠮᠠᠷᠠᠬᠤ ᠨᠠᠰᠤ ᠬᠦᠷᠲᠡᠯ᠎ᠡ ᠦᠷᠭᠦᠯᠵᠢᠯᠡᠨ ᠣᠯᠭᠣᠵᠤ ᠪᠠᠢ᠌ᠭ᠎ᠠ ᠠᠵᠢᠯ ᠠᠯᠳᠠᠭᠰᠠᠳ᠎ᠢ ᠪᠠᠭᠲᠠᠭ᠋ᠠᠨ᠎ᠠ᠃
ᠬᠣᠶᠠᠷ᠂ ᠬᠠᠤᠯᠢ᠎ᠪᠠᠷ ᠲᠣᠭᠲᠠᠭ᠋ᠠᠭᠰᠠᠨ ᠠᠵᠢᠯ᠎ᠠᠴᠠ᠎ᠪᠠᠨ ᠠᠮᠠᠷᠠᠬᠤ ᠨᠠᠰᠤᠨ᠎ᠤ ᠲᠤᠬᠠᠢ
ᠬᠠᠤᠯᠢ᠎ᠪᠠᠷ ᠲᠣᠭᠲᠠᠭ᠋ᠠᠭᠰᠠᠨ ᠠᠵᠢᠯ᠎ᠠᠴᠠ᠎ᠪᠠᠨ ᠠᠮᠠᠷᠠᠬᠤ ᠨᠠᠰᠤ ᠵᠢ ᠮᠠᠭ᠋ᠠᠳᠯᠠᠨ ᠲᠣᠭᠲᠠᠭ᠋ᠠᠬᠤ᠎ᠳᠤ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠶᠠᠮᠤᠨ᠎ᠤ ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ᠎ᠤ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠪᠥᠬᠥ ᠤᠯᠤᠰ᠎ᠤᠨ ᠨᠢᠭᠡᠳᠦᠯᠲᠡᠢ ᠲᠥᠯᠥᠪᠯᠡᠬᠦ ᠲᠤᠬᠠᠢ᠌ᠯᠠᠭᠰᠠᠨ ᠠᠵᠢᠯ᠎ᠤᠨ ᠳᠤᠮᠳᠠ ᠲᠠᠪᠴᠠᠩ᠎ᠤᠨ V1.5᠎ᠳᠤ ᠰᠢᠨ᠎ᠡ᠎ᠪᠠᠷ ᠨᠡᠮᠡᠭᠳᠡᠭᠰᠡᠨ ᠬᠠᠤᠯᠢ᠎ᠪᠠᠷ ᠲᠣᠭᠲᠠᠭ᠋ᠠᠭᠰᠠᠨ ᠠᠵᠢᠯ᠎ᠠᠴᠠ᠎ᠪᠠᠨ ᠠᠮᠠᠷᠠᠬᠤ ᠨᠠᠰᠤ ᠵᠢ ᠠᠯᠬᠤᠮ ᠠᠯᠬᠤᠮ ᠵᠶ᠋ᠠᠷ ᠬᠣᠢ᠌ᠰᠢᠯᠠᠭᠤᠯᠬᠤ ᠬᠠᠷᠠᠭ᠋ᠠᠯᠵᠠᠭᠤᠯᠤᠭᠰᠠᠨ ᠬᠦᠰᠦᠨᠦᠭᠲᠦ ᠶᠣᠰᠣᠭ᠋ᠠᠷ ᠮᠠᠭ᠋ᠠᠳᠯᠠᠨ ᠲᠣᠭᠲᠠᠭ᠋ᠠᠨ᠎ᠠ᠃
ᠭᠤᠷᠪᠠ᠂ ᠣᠯᠭᠣᠬᠤ ᠪᠠᠷᠢᠮᠵᠢᠶ᠎ᠠ ᠵᠢᠨ ᠲᠤᠬᠠᠢ
ᠨᠠᠰᠤ ᠬᠡᠲᠦᠷᠡᠭᠰᠡᠨ ᠳᠠᠭ᠋ᠠᠳᠬᠠᠯ᠎ᠤᠨ ᠮᠥᠩᠭᠥ ᠠᠪᠴᠤ ᠪᠠᠢ᠌ᠭ᠎ᠠ ᠬᠥᠮᠥᠨ᠎ᠨᠢ ᠥᠪᠡᠷᠲᠡᠭᠡᠨ ᠵᠠᠰᠠᠬᠤ ᠣᠷᠣᠨ᠎ᠤ ᠬᠡᠪᠴᠢᠶᠡᠨ᠎ᠳᠤ ᠬᠤᠪᠢ ᠬᠥᠮᠥᠨ᠎ᠤ ᠬᠤᠪᠢ᠎ᠪᠠᠷ ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠳᠠᠭ᠋ᠠᠳᠬᠠᠯ᠎ᠳᠤ ᠣᠷᠣᠯᠴᠠᠬᠤ ᠵᠢᠨ ᠬᠠᠮᠲᠤ ᠰᠦᠢ᠍ᠳᠬᠡᠯ ᠲᠤᠰᠢᠶᠠᠨ᠎ᠠ᠂ ᠡᠭᠦᠨ᠎ᠳᠤ ᠥᠪᠡᠷᠲᠡᠭᠡᠨ ᠵᠠᠰᠠᠬᠤ ᠣᠷᠣᠨ᠎ᠤ ᠠᠮᠢᠳᠤᠯᠢᠭ ᠵᠶ᠋ᠠᠷ ᠠᠵᠢᠯ ᠣᠯᠣᠭᠰᠠᠳ᠎ᠤᠨ ᠰᠦᠢ᠍ᠳᠬᠡᠯ ᠲᠤᠰᠢᠶᠠᠬᠤ ᠨᠠᠭ᠋ᠠᠲᠤ ᠵᠠᠬ᠎ᠠ ᠵᠢᠨ ᠪᠠᠷᠢᠮᠵᠢᠶ᠎ᠠ ᠵᠢᠨ ᠬᠡᠰᠡᠭ᠎ᠢ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠰᠠᠭᠤᠷᠢ ᠮᠥᠩᠭᠥ᠎ᠠᠴᠠ ᠭᠠᠷᠭ᠋ᠠᠵᠤ᠂ 《ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠣᠯᠭᠣᠮᠵᠢ ᠵᠢᠨ ᠵᠠᠷᠤᠯᠭ᠎ᠠ》 ᠵᠢᠨ ᠲᠥᠷᠥᠯ ᠵᠦᠢ᠍ᠯ᠎ᠠᠴᠠ ᠭᠠᠷᠭ᠋ᠠᠨ᠎ᠠ᠃
ᠳᠥᠷᠪᠡ᠂ ᠭᠤᠶᠤᠴᠢᠯᠠᠨ ᠠᠪᠬᠤ ᠠᠷᠭ᠎ᠠ ᠮᠠᠶᠢᠭ᠎ᠤᠨ ᠲᠤᠬᠠᠢ
ᠨᠥᠬᠥᠴᠡᠯ᠎ᠳᠤ ᠨᠡᠢ᠌ᠴᠡᠭᠰᠡᠨ ᠨᠠᠰᠤ ᠬᠡᠲᠦᠷᠡᠭᠰᠡᠨ ᠳᠠᠭ᠋ᠠᠳᠬᠠᠯ᠎ᠤᠨ ᠮᠥᠩᠭᠥ ᠠᠪᠴᠤ ᠪᠠᠢ᠌ᠭ᠎ᠠ ᠬᠥᠮᠥᠨ ᠥᠪᠡᠷᠲᠡᠭᠡᠨ ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠳᠤ ᠣᠷᠣᠯᠴᠠᠵᠤ ᠰᠦᠢ᠍ᠳᠬᠡᠯ ᠲᠤᠰᠢᠶᠠᠭᠰᠠᠨ᠎ᠤ ᠳᠠᠷᠠᠭ᠎ᠠ᠂ ᠠᠪᠬᠤ ᠮᠥᠩᠭᠥ ᠵᠢᠨ ᠬᠤᠭᠤᠴᠠᠭ᠎ᠠ᠎ᠨᠢ ᠳᠦᠭᠦᠷᠦᠭᠰᠡᠨ ᠪᠤᠶᠤ ᠲᠤᠰ ᠵᠢᠯ᠎ᠤᠨ ᠰᠦᠢ᠍ᠳᠬᠡᠯ ᠲᠤᠰᠢᠶᠠᠬᠤ ᠬᠤᠭᠤᠴᠠᠭ᠎ᠠ ᠳᠠᠭᠤᠰᠤᠭᠰᠠᠨ᠎ᠤ ᠳᠠᠷᠠᠭ᠎ᠠ᠂ ᠠᠵᠢᠯ ᠠᠯᠳᠠᠯᠲᠠ ᠵᠢᠨ ᠳᠠᠭ᠋ᠠᠳᠬᠠᠯ᠎ᠤᠨ ᠮᠥᠩᠭᠥ ᠵᠢ ᠣᠯᠭᠣᠬᠤ ᠭᠠᠵᠠᠷ᠎ᠤᠨ ᠠᠵᠢᠯ ᠠᠯᠳᠠᠯᠲᠠ ᠵᠢᠨ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠪᠠᠢ᠌ᠭᠤᠯᠤᠮᠵᠢ (ᠳᠣᠷᠣᠭᠰᠢ ᠭᠠᠷᠲᠠᠨ ᠭᠦᠢ᠍ᠴᠡᠳᠬᠡᠬᠦ ᠪᠠᠢ᠌ᠭᠤᠯᠤᠮᠵᠢ ᠭᠡᠵᠦ ᠲᠣᠪᠴᠢᠯᠠᠨ᠎ᠠ)᠎ᠳᠤ ᠣᠴᠢᠬᠤ ᠪᠤᠶᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠰᠦᠯᠵᠢᠶ᠎ᠡ᠂ ᠥᠪᠥᠷ ᠮᠣᠩᠭᠣᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ APP ᠵᠢᠨ ᠬᠡᠷᠡᠭᠯᠡᠭᠴᠢ ᠵᠢᠨ ᠰᠣᠹᠲ ᠵᠶ᠋ᠡᠷ ᠠᠵᠢᠯ ᠠᠯᠳᠠᠯᠲᠠ ᠵᠢᠨ ᠳᠠᠭ᠋ᠠᠳᠬᠠᠯ᠎ᠤᠨ ᠰᠠᠭᠤᠷᠢ ᠮᠥᠩᠭᠥ ᠵᠢᠨ ᠡᠭᠦᠷᠭᠡᠯᠡᠬᠦ ᠵᠠᠷᠤᠳᠠᠯ᠎ᠢ ᠭᠤᠶᠤᠴᠢᠯᠠᠨ ᠠᠪᠴᠤ ᠪᠣᠯᠣᠨ᠎ᠠ᠂ ᠭᠠᠷᠲᠠᠨ ᠭᠦᠢ᠍ᠴᠡᠳᠬᠡᠬᠦ ᠪᠠᠢ᠌ᠭᠤᠯᠤᠮᠵᠢ᠎ᠨᠢ ᠬᠢᠨᠠᠨ ᠬᠠᠷᠭᠤᠭᠤᠯᠤᠭᠰᠠᠨ᠎ᠤ ᠳᠠᠷᠠᠭ᠎ᠠ ᠴᠠᠭ ᠲᠤᠬᠠᠢᠳᠤᠨᠢ ᠲᠣᠰ ᠬᠥᠮᠥᠨ᠎ᠤ ᠨᠡᠢ᠌ᠭᠡᠮ᠎ᠤᠨ ᠪᠠᠲᠤᠯᠠᠭ᠎ᠠ ᠵᠢᠨ ᠺᠠᠷᠲ᠎ᠤᠨ ᠪᠠᠩᠬᠢ ᠵᠢᠨ ᠲᠠᠩᠰᠠᠨ ᠡᠷᠦᠬᠡ᠎ᠳᠤ ᠣᠷᠣᠭᠤᠯᠵᠤ ᠥᠭᠭᠦᠨ᠎ᠡ᠃ ᠣᠨᠴᠠᠭ᠋ᠠᠢ ᠪᠠᠶ᠋ᠢᠳᠠᠯ᠎ᠲᠠᠢ ᠪᠣᠯ ᠮᠥᠩᠭᠥ ᠠᠪᠬᠤ ᠬᠤᠭᠤᠴᠠᠭ᠋ᠠᠨ᠎ᠳᠤ ᠨᠢᠭᠡᠨᠲᠡ ᠲᠤᠰᠢᠶᠠᠭᠰᠠᠨ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠤᠨ ᠵᠠᠷᠤᠳᠠᠯ᠎ᠢ ᠤᠷᠢᠳᠴᠢᠯᠠᠨ ᠭᠤᠶᠤᠴᠢᠯᠠᠵᠤ ᠪᠣᠯᠣᠨ᠎ᠠ᠃
ᠲᠠᠪᠤ᠂ ᠭᠠᠷᠲᠠᠨ ᠭᠦᠢ᠍ᠴᠡᠳᠬᠡᠬᠦ ᠦᠢ᠍ᠯᠡᠴᠢᠯᠡᠭᠡᠨ᠎ᠢ ᠰᠢᠯᠢᠳᠡᠭᠵᠢᠭᠦᠯᠦᠨ᠎ᠡ
ᠨᠥᠬᠥᠴᠡᠯ᠎ᠳᠤ ᠨᠡᠶ᠋ᠢᠴᠡᠬᠦ ᠨᠠᠰᠤ ᠬᠡᠲᠦᠷᠡᠭᠰᠡᠨ ᠳᠠᠭ᠋ᠠᠳᠬᠠᠯ᠎ᠤᠨ ᠮᠥᠩᠭᠥ ᠠᠪᠴᠤ ᠪᠠᠢ᠌ᠭ᠎ᠠ ᠬᠥᠮᠥᠨ᠎ᠳᠤ᠂ ᠭᠠᠷᠲᠠᠨ ᠭᠦᠢ᠍ᠴᠡᠳᠬᠡᠬᠦ ᠪᠠᠢ᠌ᠭᠤᠯᠤᠮᠵᠢ᠎ᠨᠢ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠵᠢ ᠴᠠᠭ ᠲᠤᠬᠠᠢᠳᠤᠨᠢ ᠮᠡᠳᠡᠭᠳᠡᠬᠦ ᠵᠢᠨ ᠬᠠᠮᠲᠤ ᠭᠤᠶᠤᠴᠢᠯᠠᠨ ᠠᠪᠬᠤ ᠠᠷᠭ᠎ᠠ ᠮᠠᠶᠢᠭ᠎ᠢ ᠮᠡᠳᠡᠭᠳᠡᠵᠦ᠂ ᠬᠠᠮᠢᠶ᠎ᠠ ᠪᠦᠬᠦᠢ ᠠᠵᠢᠯ ᠠᠯᠳᠠᠭᠰᠠᠳ᠎ᠲᠤ ᠴᠥᠮ ᠲᠥᠷᠥ ᠵᠢᠨ ᠪᠣᠳᠣᠯᠭ᠎ᠠ ᠵᠢ ᠬᠦᠷᠲᠡᠭᠡᠬᠦ ᠵᠢ ᠦᠨᠡᠨ ᠬᠦ᠌ ᠪᠠᠲᠤᠯᠠᠬᠤ ᠬᠡᠷᠡᠭᠲᠡᠶ᠃
ᠵᠢᠷᠭᠤᠭ᠎ᠠ᠂ ᠲᠤᠰᠢᠶᠠᠬᠤ ᠵᠢ ᠵᠣᠭᠰᠣᠭ᠋ᠠᠭᠰᠠᠨ ᠪᠠᠶ᠋ᠢᠳᠠᠯ᠎ᠤᠨ ᠲᠤᠬᠠᠢ
ᠨᠠᠰᠤ ᠬᠡᠲᠦᠷᠡᠭᠰᠡᠨ ᠳᠠᠭ᠋ᠠᠳᠬᠠᠯ᠎ᠤᠨ ᠮᠥᠩᠭᠥ ᠠᠪᠴᠤ ᠪᠠᠢ᠌ᠭ᠎ᠠ ᠬᠥᠮᠥᠨ ᠬᠠᠤᠯᠢ᠎ᠳᠤ ᠲᠣᠭᠲᠠᠭ᠋ᠠᠭᠰᠠᠨ ᠠᠵᠢᠯ᠎ᠠᠴᠠ᠎ᠪᠠᠨ ᠠᠮᠠᠷᠠᠬᠤ ᠨᠠᠰᠤᠨ᠎ᠳᠤ ᠬᠦᠷᠦᠭᠰᠡᠨ ᠦᠶ᠎ᠡ᠎ᠳᠤ᠂ ᠡᠰᠡᠬᠦᠯ᠎ᠡ ᠬᠠᠤᠯᠢ᠎ᠳᠤ ᠲᠣᠭᠲᠠᠭ᠋ᠠᠭᠰᠠᠨ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠥ ᠠᠪᠬᠤ ᠵᠢ ᠵᠣᠭᠰᠤᠭ᠋ᠠᠬᠤ ᠪᠠᠶ᠋ᠢᠳᠠᠯ ᠭᠠᠷᠤᠭᠰᠠᠨ ᠪᠠᠢ᠌ᠪᠠᠯ᠂ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠰᠠᠭᠤᠷᠢ ᠮᠥᠩᠭᠥ᠎ᠠᠴᠠ ᠠᠵᠤ ᠠᠬᠤᠢ᠌ᠯᠠᠯ᠎ᠤᠨ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ ᠵᠢ᠎ᠨᠢ ᠵᠣᠭᠰᠣᠭ᠋ᠠᠨ᠎ᠠ᠃
ᠲᠤᠯᠤᠭ᠎ᠠ᠂ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠵᠢ ᠴᠢᠩᠭ᠋ᠠᠷᠠᠭᠤᠯᠤᠨ᠎ᠠ
ᠡᠯ᠎ᠡ ᠭᠠᠵᠠᠷ᠎ᠤᠨ᠎ᠬᠢᠨ ᠠᠵᠢᠯ ᠠᠯᠳᠠᠯᠲᠠ ᠵᠢᠨ ᠳᠠᠭ᠋ᠠᠳᠬᠠᠯ᠎ᠤᠨ ᠰᠠᠭᠤᠷᠢ ᠮᠥᠩᠭᠥ ᠵᠢᠨ ᠠᠵᠢᠯᠯᠠᠭ᠋ᠠᠨ᠎ᠤ ᠪᠠᠶ᠋ᠢᠳᠠᠯ᠎ᠢ ᠨᠢᠭᠲᠠ ᠠᠩᠬᠠᠷᠴᠤ᠂ ᠪᠡᠯᠡ ᠮᠥᠩᠭᠥ ᠵᠢ ᠲᠥᠰᠥᠭᠡᠯᠡᠨ ᠪᠤᠳᠤᠬᠤ ᠠᠵᠢᠯ᠎ᠢ ᠰᠠᠶ᠋ᠢᠲᠤᠷ ᠬᠢᠵᠦ᠂ ᠰᠠᠭᠤᠷᠢ ᠮᠥᠩᠭᠥ ᠵᠢᠨ ᠠᠮᠤᠷ ᠲᠦᠪᠰᠢᠨ ᠵᠶ᠋ᠡᠷ ᠠᠵᠢᠯᠯᠠᠬᠤ ᠵᠢ ᠲᠣᠭᠲᠠᠭᠤᠨ ᠪᠥᠭᠡᠳ ᠦᠷᠭᠦᠯᠵᠢᠯᠡᠭᠦᠯᠬᠦ ᠵᠢ ᠪᠠᠲᠤᠯᠠᠬᠤ ᠬᠡᠷᠡᠭᠲᠡᠶ᠃ ᠬᠢᠨᠠᠨ ᠬᠡᠮᠵᠢᠵᠦ ᠵᠠᠳᠠᠯᠤᠨ ᠰᠢᠨᠵᠢᠯᠡᠵᠦ ᠤᠷᠢᠳᠴᠢᠯᠠᠨ ᠰᠡᠷᠡᠮᠵᠢᠯᠡᠭᠦᠯᠬᠦ ᠵᠢ ᠴᠢᠩᠭ᠋ᠠᠳᠬᠠᠵᠤ᠂ ᠲᠣᠭ᠎ᠠ ᠪᠠᠷᠢᠮᠲᠠ ᠵᠢ ᠬᠠᠷᠢᠴᠠᠭᠤᠯᠤᠨ ᠬᠠᠷᠭᠤᠭᠤᠯᠤᠨ ᠪᠠᠢ᠌ᠴᠠᠭ᠋ᠠᠬᠤ᠎ᠪᠠᠷ ᠳᠡᠮᠵᠢᠨ᠂ ᠴᠤᠬᠤᠶ᠋ᠢᠯᠲᠠ ᠵᠢᠨ ᠴᠢᠨᠠᠷᠲᠠᠢ᠂ ᠬᠡᠯᠪᠡᠷᠢᠯ᠎ᠤᠨ ᠴᠢᠨᠠᠷᠲᠠᠢ ᠠᠰᠠᠭᠤᠳᠠᠯ᠎ᠢ ᠰᠤᠳᠤᠯᠤᠨ ᠮᠠᠭ᠋ᠠᠳᠯᠠᠬᠤ ᠪᠠ ᠰᠡᠷᠭᠡᠢ᠌ᠯᠡᠬᠦ ᠵᠢ ᠴᠢᠩᠭ᠋ᠠᠳᠬᠠᠵᠤ᠂ ᠣᠬᠣᠷ ᠬᠤᠭᠤᠴᠠᠭ᠎ᠠ᠎ᠪᠠᠷ ᠳᠠᠭ᠋ᠠᠳᠬᠠᠯ᠎ᠳᠤ ᠣᠷᠣᠯᠴᠠᠨ ᠣᠯᠭᠣᠮᠵᠢ ᠮᠡᠬᠡᠯᠡᠨ ᠠᠪᠬᠤ᠂ ᠠᠵᠢᠯᠲᠠᠨ᠎ᠢ ᠬᠠᠰᠤᠬᠤ᠎ᠠᠴᠠ ᠪᠢᠰᠢ ᠠᠵᠢᠯ᠎ᠤᠨ ᠪᠠᠶ᠋ᠢᠷᠢ᠎ᠠᠴᠠ᠎ᠪᠠᠨ ᠰᠠᠯᠭ᠋ᠠᠬᠤ ᠦᠭᠡᠢ᠎ᠪᠠᠷ ᠳᠠᠭ᠋ᠠᠳᠬᠠᠯ᠎ᠢ ᠮᠡᠬᠡᠯᠡᠨ ᠠᠪᠬᠤ ᠵᠡᠷᠭᠡ ᠪᠠᠶ᠋ᠢᠳᠠᠯ᠎ᠢ ᠢᠯᠭ᠋ᠠᠨ ᠲᠣᠳᠣᠯᠠᠬᠤ ᠵᠢ ᠴᠢᠩᠭ᠋ᠠᠳᠬᠠᠵᠤ᠂ ᠲᠦᠭᠰᠢᠭᠦᠷᠢ ᠵᠢ ᠣᠯᠵᠤ ᠮᠡᠳᠡᠪᠡᠯ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠬᠡᠷᠡᠭᠴᠡᠭᠡ ᠱᠠᠭ᠋ᠠᠷᠳᠠᠯᠭ᠎ᠠ ᠵᠢ ᠴᠠᠭ ᠲᠤᠬᠠᠢᠳᠤᠨᠢ ᠳᠤᠷᠠᠳᠤᠨ ᠭᠠᠷᠭ᠋ᠠᠵᠤ᠂ ᠰᠡᠷᠭᠡᠢ᠌ᠯᠡᠨ ᠡᠵᠡᠮᠳᠡᠬᠦ ᠳᠦᠷᠢᠮ᠎ᠤᠨ ᠰᠢᠰᠲ᠋ᠧᠮ᠎ᠳᠤ ᠴᠠᠭ ᠲᠤᠬᠠᠢᠳᠤᠨᠢ ᠰᠢᠭᠢᠳᠬᠡᠨ ᠣᠷᠣᠭᠤᠯᠬᠤ ᠬᠡᠷᠡᠭᠲᠡᠶ᠃ ᠮᠡᠬᠡᠯᠡᠨ ᠬᠢᠬᠠᠬᠤ ᠠᠶᠤᠯ ᠲᠦᠭᠰᠢᠭᠦᠷᠢ ᠣᠷᠣᠰᠢᠵᠤ ᠪᠠᠢ᠌ᠪᠠᠯ᠂ ᠬᠢᠨᠠᠨ ᠪᠠᠢ᠌ᠴᠠᠭ᠋ᠠᠬᠤ᠎ᠪᠠᠨ ᠴᠢᠩᠭ᠋ᠠᠳᠬᠠᠵᠤ᠂ ᠬᠠᠭᠤᠷᠮᠠᠭᠯᠠᠨ ᠠᠪᠬᠤ᠂ ᠮᠡᠬᠡᠯᠡᠨ ᠠᠪᠬᠤ ᠦᠢ᠍ᠯᠡ ᠠᠵᠢᠯᠯᠠᠭ᠎ᠠ᠎ᠠᠴᠠ ᠬᠠᠤᠯᠢ ᠶᠣᠰᠣᠭ᠋ᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃
ᠡᠯ᠎ᠡ ᠭᠠᠵᠠᠷ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ᠂ ᠡᠳ᠋᠎ᠤᠨ ᠵᠠᠰᠠᠭ᠂ ᠭᠠᠢ᠌ᠯᠢ ᠵᠢᠨ ᠶᠠᠪᠤᠳᠠᠯ᠎ᠤᠨ ᠰᠠᠯᠠᠭ᠎ᠠ ᠮᠥᠴᠢᠷ᠎ᠤᠳ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠨᠠᠷᠢᠨ ᠨᠢᠮᠪᠠᠢ ᠵᠣᠬᠢᠶᠠᠨ ᠪᠠᠢ᠌ᠭᠤᠯᠵᠤ᠂ ᠲᠣᠰ ᠭᠠᠵᠠᠷ᠎ᠤᠨ ᠪᠣᠳᠠᠲᠠᠢ᠎ᠲᠠᠢ᠎ᠪᠠᠨ ᠤᠶᠠᠯᠳᠤᠭᠤᠯᠤᠨ᠂ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠨᠠᠷᠢᠯᠢᠭᠵᠢᠭᠤᠯᠤᠨ ᠪᠣᠳᠠᠲᠠᠢ᠌ᠵᠢᠭᠤᠯᠵᠤ᠂ ᠭᠤᠶᠤᠴᠢᠯᠠᠨ ᠠᠪᠬᠤ ᠲᠠᠰ ᠳᠠᠷᠠᠭ᠋ᠠᠯᠠᠯ ᠵᠢᠴᠢ ᠭᠦᠢ᠍ᠴᠡᠳᠬᠡᠬᠦ ᠶᠠᠪᠤᠴᠠ ᠵᠢ ᠲᠣᠳᠣᠷᠬᠠᠢ᠌ᠯᠠᠵᠤ᠂ ᠦᠢ᠍ᠯᠡᠴᠢᠯᠡᠭᠡᠨ᠎ᠤ ᠶᠠᠰᠤ ᠴᠢᠨᠠᠷ ᠦᠷ᠎ᠡ ᠪᠦᠲᠦᠮᠵᠢ ᠵᠢ ᠦᠨᠡᠨ ᠬᠦ᠌ ᠳᠡᠭᠡᠭᠰᠢᠯᠡᠭᠦᠯᠦᠨ᠂ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠵᠢ ᠲᠦᠷᠭᠡᠳᠬᠡᠬᠦ ᠬᠡᠷᠡᠭᠲᠡᠶ᠃
ᠲᠣᠰ ᠮᠡᠳᠡᠭᠳᠡᠯ᠎ᠢ 2025 ᠣᠨ᠎ᠤ 1 ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠵᠦ᠂ 2039 ᠣᠨ᠎ᠤ 12 ᠰᠠᠷ᠎ᠠ ᠵᠢᠨ 31᠎ᠤ ᠡᠳᠦᠷ ᠪᠣᠯᠲᠠᠯ᠎ᠠ ᠬᠡᠷᠡᠭᠵᠢᠭᠦᠯᠦᠨ᠎ᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ
ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ
ᠤᠯᠤᠰ᠎ᠤᠨ ᠭᠠᠢ᠌ᠯᠢ ᠵᠢᠨ ᠶᠠᠪᠤᠳᠠᠯ᠎ᠤᠨ ᠶᠡᠷᠦᠩᠬᠡᠢ ᠲᠣᠪᠴᠢᠶ᠎ᠠ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ
2024 ᠣᠨ᠎ᠤ 12 ᠰᠠᠷ᠎ᠠ ᠵᠢᠨ 3᠎ᠤ ᠡᠳᠦᠷ