ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠎ᠳᠤ᠄
《ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠬᠡᠷᠡᠭᠵᠢᠭᠦᠯᠬᠦ ᠬᠥᠲᠥᠯᠪᠦᠷᠢ (2021 – 2025 ᠣᠨ)》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠬᠡᠷᠡᠭᠵᠢᠭᠦᠯᠬᠦ ᠬᠥᠲᠥᠯᠪᠦᠷᠢ (2021 – 2025 ᠣᠨ)〉 ᠵᠢ ᠲᠤᠭᠤᠰᠢᠯᠠᠭᠤᠯᠤᠨ ᠬᠡᠷᠡᠭᠵᠢᠭᠦᠯᠬᠦ ᠲᠥᠰᠥᠯ》᠎ᠤᠨ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠭᠦᠨᠵᠡᠭᠡᠢ ᠲᠤᠭᠤᠰᠢᠯᠠᠭᠤᠯᠵᠤ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠬᠦᠷᠢᠶᠡᠨ᠎ᠳᠠᠬᠢ ᠪᠠᠭᠲᠠᠭ᠋ᠠᠮᠵᠢᠲᠠᠢ ᠪᠥᠭᠡᠳ ᠪᠣᠯᠭᠣᠮᠵᠢᠲᠠᠢ ᠬᠢᠨᠠᠯᠲᠠ ᠬᠠᠮᠢᠶᠠᠷᠤᠯᠲᠠ ᠵᠢ ᠭᠦᠨᠵᠡᠭᠡᠢ᠌ᠷᠡᠭᠦᠯᠵᠦ᠂ ᠬᠠᠤᠯᠢ᠎ᠪᠠᠷ ᠵᠠᠰᠠᠬᠤ ᠡᠵᠡᠩᠨᠡᠯᠲᠡ ᠵᠢᠨ ᠣᠷᠴᠢᠨ ᠲᠣᠭᠣᠷᠢᠨ᠎ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠵᠢᠨ ᠲᠥᠯᠥᠭᠡ᠂ ᠡᠳᠦᠭᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠢᠢ᠍ᠳᠬᠡᠯ ᠦᠯᠦ ᠥᠭᠬᠦ ᠲᠣᠳᠣᠷᠬᠠᠢ ᠬᠠᠭᠤᠳᠠᠰᠤ (2024 ᠣᠨ᠎ᠤ ᠬᠡᠪᠯᠡᠯ)》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠬᠥᠩᠭᠡᠨ ᠵᠶ᠋ᠡᠷ ᠰᠢᠢ᠍ᠳᠬᠡᠬᠦ ᠪᠤᠶᠤ ᠬᠥᠩᠭᠡᠷᠡᠭᠦᠯᠬᠦ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢᠨ ᠲᠣᠳᠣᠷᠬᠠᠢ ᠬᠠᠭᠤᠳᠠᠰᠤ (2024 ᠣᠨ᠎ᠤ ᠬᠡᠪᠯᠡᠯ) ᠵᠢ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ᠂ 2025 ᠣᠨ᠎ᠤ 1 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠂ ᠬᠢᠨᠠᠮᠠᠭ᠋ᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃
ᠲᠣᠰ ᠲᠣᠳᠣᠷᠬᠠᠢ ᠬᠠᠭᠤᠳᠠᠰᠤ᠎ᠠᠴᠠ ᠭᠠᠳᠠᠨᠠᠬᠢ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠬᠦᠷᠢᠶᠡᠨ᠎ᠳᠠᠬᠢ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠨᠢ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢᠨ ᠬᠠᠤᠯᠢ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ ᠳᠦᠷᠢᠮ ᠲᠣᠭᠲᠠᠭ᠋ᠠᠯ᠎ᠳᠤ ᠲᠣᠭᠲᠠᠭ᠋ᠠᠭᠰᠠᠨ ᠵᠠᠰᠠᠭ ᠵᠠᠬᠢᠷᠭ᠋ᠠᠨ᠎ᠤ ᠰᠢᠢ᠍ᠳᠬᠡᠯ ᠦᠯᠦ ᠥᠭᠬᠦ ᠪᠤᠶᠤ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢ ᠬᠥᠩᠭᠡᠨ ᠵᠶ᠋ᠡᠷ ᠪᠤᠶᠤ ᠬᠥᠩᠭᠡᠷᠡᠭᠦᠯᠬᠦ ᠪᠠᠶ᠋ᠢᠳᠠᠯ᠎ᠳᠤ ᠨᠡᠢ᠌ᠴᠡᠪᠡᠯ᠂ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠢ᠍ᠳᠬᠡᠯ ᠦᠯᠦ ᠥᠭᠬᠦ ᠪᠤᠶᠤ ᠵᠠᠰᠠᠭ ᠵᠠᠬᠢᠷᠭ᠋ᠠᠨ᠎ᠤ ᠰᠢᠢ᠍ᠳᠬᠡᠯ᠎ᠢ ᠬᠥᠩᠭᠡᠨ ᠵᠶ᠋ᠡᠷ ᠪᠤᠶᠤ ᠬᠥᠩᠭᠡᠷᠡᠭᠦᠯᠦᠨ ᠰᠢᠢ᠍ᠳᠬᠡᠨ᠎ᠡ᠃ ᠡᠭᠦᠨ᠎ᠠᠴᠠ ᠡᠮᠦᠨᠡᠬᠢ ᠪᠢᠴᠢᠭ ᠮᠠᠲ᠋ᠧᠷᠢᠶᠠᠯ᠎ᠤᠨ ᠲᠣᠭᠲᠠᠭ᠋ᠠᠯ᠎ᠨᠢ ᠲᠤᠰ ᠮᠡᠳᠡᠭᠳᠡᠯ᠎ᠲᠠᠢ ᠨᠢᠭᠡᠳᠦᠯ ᠦᠭᠡᠢ ᠪᠠᠢ᠌ᠪᠠᠯ᠂ ᠲᠤᠰ ᠮᠡᠳᠡᠭᠳᠡᠯ ᠵᠶ᠋ᠡᠷ ᠪᠠᠷᠢᠮᠵᠢᠶ᠎ᠠ ᠪᠣᠯᠭ᠋ᠠᠨ᠎ᠠ᠃
ᠳᠠᠭ᠋ᠠᠯᠳᠤᠭᠤᠯᠤᠯ᠄ 1. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠵᠠᠰᠠᠭ ᠵᠠᠬᠢᠷᠭ᠋ᠠᠨ᠎ᠤ ᠰᠢᠢ᠍ᠳᠬᠡᠯ ᠦᠯᠦ ᠥᠭᠬᠦ ᠲᠣᠳᠣᠷᠬᠠᠢ ᠬᠠᠭᠤᠳᠠᠰᠤ (2024 ᠣᠨ᠎ᠤ ᠬᠡᠪᠯᠡᠯ)
2. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠬᠥᠩᠭᠡᠨ ᠵᠶ᠋ᠡᠷ ᠰᠢᠢ᠍ᠳᠬᠡᠬᠦ ᠪᠤᠶᠤ ᠬᠥᠩᠭᠡᠷᠡᠭᠦᠯᠬᠦ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢᠨ ᠲᠣᠳᠣᠷᠬᠠᠢ ᠬᠠᠭᠤᠳᠠᠰᠤ (2024 ᠣᠨ᠎ᠤ ᠬᠡᠪᠯᠡᠯ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ
2024 ᠣᠨ᠎ᠤ 12 ᠰᠠᠷ᠎ᠠ ᠵᠢᠨ 11᠎ᠤ ᠡᠳᠦᠷ