ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠯᠪᠣᠭᠳᠠᠯ ᠪᠦᠬᠦᠢ ᠬᠡᠯᠲᠡᠰ᠂ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ ᠵᠢᠨ ᠠᠵᠢᠯᠲᠠᠨ᠎ᠤ ᠶᠠᠪᠤᠳᠠᠯ (ᠺᠠᠳ᠋ᠷ)᠎ᠤᠨ ᠭᠠᠵᠠᠷ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ (ᠠᠵᠢᠯᠲᠠᠨ᠎ᠤ ᠶᠠᠪᠤᠳᠠᠯ)᠎ᠤᠨ ᠰᠠᠯᠠᠭ᠎ᠠ ᠮᠥᠴᠢᠷ᠂ ᠡᠯ᠎ᠡ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠲᠤᠰᠬᠠᠢ ᠮᠡᠷᠭᠡᠵᠢᠯ᠎ᠤᠨ ᠠᠵᠢᠯᠲᠠᠨ᠎ᠤ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠤᠨ ᠰᠠᠭᠤᠷᠢᠨ ᠭᠠᠵᠠᠷ᠎ᠲᠤ᠄
ᠲᠤᠰᠬᠠᠢ ᠮᠡᠷᠭᠡᠵᠢᠯ᠎ᠤᠨ ᠠᠵᠢᠯᠲᠠᠨ᠎ᠤ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠤᠨ ᠠᠵᠢᠯ᠎ᠢ ᠴᠢᠩᠭ᠋ᠠᠳᠬᠠᠵᠤ᠂ ᠲᠤᠰᠬᠠᠢ ᠮᠡᠷᠭᠡᠵᠢᠯ᠎ᠤᠨ ᠠᠵᠢᠯᠲᠠᠨ᠎ᠤ ᠴᠢᠳᠠᠪᠤᠷᠢ ᠬᠡᠪ ᠴᠢᠨᠠᠷ᠎ᠢ ᠦᠷᠭᠦᠯᠵᠢᠯᠡᠨ ᠳᠡᠭᠡᠭᠰᠢᠯᠡᠭᠦᠯᠬᠦ ᠵᠢᠨ ᠲᠤᠰᠠᠳᠠ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠢ ᠮᠡᠷᠭᠡᠵᠢᠯ᠎ᠤᠨ ᠠᠵᠢᠯᠲᠠᠨ᠎ᠤ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠤᠨ ᠬᠡᠷᠡᠭᠵᠢᠭᠦᠯᠬᠦ ᠠᠷᠭ᠎ᠠ》 (ᠥᠪᠥᠷ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠲᠠᠷᠬᠠᠭ᠋ᠠᠭᠰᠠᠨ [2017] 3 ᠳ᠋ᠤᠭ᠋ᠠᠷ ᠲᠣᠭ᠋ᠠᠲᠤ) ᠵᠢᠨ ᠵᠣᠷᠢᠭ ᠰᠠᠨᠠᠭ᠎ᠠ ᠵᠢ ᠦᠨᠳᠦᠰᠦᠯᠡᠨ᠂ ᠡᠳᠦᠭᠡ 2025 ᠣᠨ᠎ᠤ ᠪᠥᠬᠥ ᠣᠷᠣᠨ᠎ᠤ ᠲᠤᠰᠬᠠᠢ ᠮᠡᠷᠭᠡᠵᠢᠯ᠎ᠤᠨ ᠠᠵᠢᠯᠲᠠᠨ᠎ᠤ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠤᠨ ᠬᠣᠯᠪᠣᠭᠳᠠᠯ ᠪᠦᠬᠦᠢ ᠠᠵᠢᠯ᠎ᠢ ᠰᠠᠶ᠋ᠢᠲᠤᠷ ᠬᠢᠬᠦ ᠲᠤᠬᠠᠢ ᠳᠣᠣᠷᠠᠬᠢ ᠮᠡᠲᠦ ᠮᠡᠳᠡᠭᠳᠡᠪᠡ᠃
ᠨᠢᠭᠡ᠂ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠤᠨ ᠨᠠᠢ᠌ᠳᠠ ᠵᠢᠨ ᠬᠡᠷᠡᠭᠴᠡᠭᠡᠨ᠎ᠤ ᠬᠢᠴᠢᠶᠡᠯ ᠲᠥᠷᠥᠯ ᠪᠠ ᠲᠤᠰᠬᠠᠢ ᠮᠡᠷᠭᠡᠵᠢᠯ᠎ᠤᠨ ᠬᠢᠴᠢᠶᠡᠯ ᠲᠥᠷᠥᠯ᠎ᠤᠨ ᠪᠣᠯᠪᠠᠰᠤᠷᠠᠯ᠎ᠢ ᠥᠷᠨᠢᠭᠦᠯᠦᠨ᠎ᠡ
(ᠨᠢᠭᠡ) ᠠᠭᠤᠯᠭ᠎ᠠ ᠵᠢᠨ ᠲᠣᠭᠲᠠᠭ᠋ᠠᠯ
ᠦᠷᠭᠦᠯᠵᠢᠯᠡᠭᠰᠡᠨ ᠰᠤᠷᠭ᠋ᠠᠨ ᠬᠥᠮᠦᠵᠢᠯ᠎ᠤᠨ ᠠᠭᠤᠯᠭ᠎ᠠ᠎ᠳᠤ ᠨᠠᠢ᠌ᠳᠠ ᠵᠢᠨ ᠬᠡᠷᠡᠭᠴᠡᠭᠡᠨ᠎ᠤ ᠬᠢᠴᠢᠶᠡᠯ ᠲᠥᠷᠥᠯ ᠪᠠ ᠲᠤᠰᠬᠠᠢ ᠮᠡᠷᠭᠡᠵᠢᠯ᠎ᠤᠨ ᠬᠢᠴᠢᠶᠡᠯ ᠲᠥᠷᠥᠯ ᠪᠠᠭᠲᠠᠨ᠎ᠠ᠃ ᠨᠠᠢ᠌ᠳᠠ ᠵᠢᠨ ᠬᠡᠷᠡᠭᠴᠡᠭᠡᠨ᠎ᠤ ᠬᠢᠴᠢᠶᠡᠯ ᠲᠥᠷᠥᠯ᠎ᠳᠤ ᠲᠤᠰᠬᠠᠢ ᠮᠡᠷᠭᠡᠵᠢᠯ᠎ᠤᠨ ᠠᠵᠢᠯᠲᠠᠨ᠎ᠤ ᠨᠡᠢ᠌ᠳᠡᠮ ᠡᠵᠡᠮᠰᠢᠬᠦ ᠶᠣᠰᠣᠲᠠᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠤᠨᠤᠯ ᠲᠥᠷᠥ ᠵᠢᠨ ᠪᠣᠳᠣᠯᠭ᠎ᠠ᠂ ᠠᠵᠢᠯ ᠮᠡᠷᠭᠡᠵᠢᠯ᠎ᠤᠨ ᠶᠣᠰᠣ ᠰᠤᠷᠲᠠᠬᠤᠨ᠂ ᠮᠡᠷᠭᠡᠵᠢᠯ᠎ᠤᠨ ᠮᠡᠳᠡᠭᠡ ᠵᠠᠩᠭᠢ ᠵᠡᠷᠭᠡ ᠦᠨᠳᠦᠰᠦᠨ ᠮᠡᠳᠡᠯᠭᠡ ᠵᠢ ᠪᠠᠭᠲᠠᠭ᠋ᠠᠨ᠎ᠠ᠃ 2025 ᠣᠨ᠎ᠤ ᠨᠠᠢ᠌ᠳᠠ ᠵᠢᠨ ᠬᠡᠷᠡᠭᠴᠡᠭᠡᠨ᠎ᠤ ᠬᠢᠴᠢᠶᠡᠯ ᠲᠥᠷᠥᠯ᠎ᠨᠢ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠣᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠬᠤ᠂ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠢ᠌ᠨ ᠪᠢᠴᠢᠭᠯᠡᠬᠦ ᠲᠤᠬᠠᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ᠂ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠬᠤ᠂ 《ᠬᠣᠶᠠᠷ ᠶᠡᠬᠡ ᠶᠠᠪᠤᠳᠠᠯ》᠎ᠢ ᠰᠠᠶ᠋ᠢᠲᠤᠷ ᠬᠢᠬᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠬᠤ᠂ ᠲᠣᠭ᠋ᠠᠴᠢᠯᠠᠭᠰᠠᠨ ᠮᠡᠷᠭᠡᠵᠢᠯ᠂ ᠰᠦᠯᠵᠢᠶᠡᠨ᠎ᠤ ᠠᠮᠤᠷ ᠲᠦᠪᠰᠢᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠂ ᠪᠣᠬᠢᠷᠲᠤᠯ ᠦᠭᠡᠢ ᠬᠥᠭᠵᠢᠯᠲᠡ᠂ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠂ ᠰᠢᠨ᠎ᠡ ᠴᠢᠨᠠᠷᠯᠢᠭ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠵᠢ ᠪᠦᠬᠦ ᠲᠠᠯ᠎ᠠ᠎ᠪᠠᠷ ᠴᠢᠩᠭ᠋ᠠᠳᠬᠠᠬᠤ ᠵᠡᠷᠭᠡ ᠬᠠᠮᠢᠶ᠎ᠠ ᠪᠦᠬᠦᠢ ᠠᠭᠤᠯᠭ᠎ᠠ ᠵᠢᠨ ᠲᠣᠭᠣᠷᠢᠨ᠎ᠳᠤ ᠰᠣᠷᠣᠯᠴᠠᠨ᠎ᠠ᠃ ᠲᠤᠰᠬᠠᠢ ᠮᠡᠷᠭᠡᠵᠢᠯ᠎ᠤᠨ ᠬᠢᠴᠢᠶᠡᠯ ᠲᠥᠷᠥᠯ᠎ᠳᠤ ᠲᠤᠰᠬᠠᠢ ᠮᠡᠷᠭᠡᠵᠢᠯ᠎ᠤᠨ ᠠᠵᠢᠯᠲᠠᠨ᠎ᠤ ᠲᠤᠰᠬᠠᠢ ᠮᠡᠷᠭᠡᠵᠢᠯ᠎ᠤᠨ ᠠᠵᠢᠯ ᠬᠢᠬᠦ᠎ᠳᠤ ᠡᠵᠡᠮᠰᠢᠪᠡᠰᠦ ᠵᠣᠬᠢᠬᠤ ᠰᠢᠨ᠎ᠡ ᠤᠨᠤᠯ᠂ ᠰᠢᠨ᠎ᠡ ᠮᠡᠳᠡᠯᠭᠡ᠂ ᠰᠢᠨ᠎ᠡ ᠮᠡᠷᠭᠡᠵᠢᠯ᠂ ᠰᠢᠨ᠎ᠡ ᠠᠷᠭ᠎ᠠ ᠵᠡᠷᠭᠡ ᠲᠤᠰᠬᠠᠢ ᠮᠡᠷᠭᠡᠵᠢᠯ᠎ᠤᠨ ᠮᠡᠳᠡᠯᠭᠡ ᠪᠠᠭᠲᠠᠨ᠎ᠠ᠃
(ᠬᠣᠶᠠᠷ) ᠬᠢᠴᠢᠶᠡᠯ᠎ᠤᠨ ᠴᠠᠭ᠎ᠤᠨ ᠲᠣᠭᠲᠠᠭ᠋ᠠᠯ
ᠲᠤᠰᠬᠠᠢ ᠮᠡᠷᠭᠡᠵᠢᠯ᠎ᠤᠨ ᠠᠵᠢᠯᠲᠠᠨ ᠣᠨ᠎ᠤ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠳᠤ ᠣᠷᠣᠯᠴᠠᠬᠤ᠎ᠳᠤ ᠨᠠᠢ᠌ᠳᠠ 90 ᠬᠢᠴᠢᠶᠡᠯ᠎ᠤᠨ ᠴᠠᠭ᠎ᠠᠴᠠ ᠳᠤᠲᠠᠭᠤ ᠪᠠᠢ᠌ᠵᠤ ᠪᠣᠯᠬᠤ ᠦᠭᠡᠢ᠂ ᠡᠭᠦᠨ᠎ᠳᠤ᠂ ᠨᠠᠢ᠌ᠳᠠ ᠵᠢᠨ ᠬᠡᠷᠡᠭᠴᠡᠭᠡᠨ᠎ᠤ ᠬᠢᠴᠢᠶᠡᠯ ᠲᠥᠷᠥᠯ᠎ᠨᠢ 30 ᠬᠢᠴᠢᠶᠡᠯ᠎ᠤᠨ ᠴᠠᠭ᠎ᠠᠴᠠ ᠳᠤᠲᠠᠭᠤ ᠪᠠᠢ᠌ᠵᠤ ᠪᠣᠯᠬᠤ ᠦᠭᠡᠢ᠂ ᠲᠤᠰᠬᠠᠢ ᠮᠡᠷᠭᠡᠵᠢᠯ᠎ᠤᠨ ᠬᠢᠴᠢᠶᠡᠯ ᠲᠥᠷᠥᠯ᠎ᠨᠢ 60 ᠬᠢᠴᠢᠶᠡᠯ᠎ᠤᠨ ᠴᠠᠭ᠎ᠠᠴᠠ ᠳᠤᠲᠠᠭᠤ ᠪᠠᠢ᠌ᠵᠤ ᠪᠣᠯᠬᠤ ᠦᠭᠡᠢ᠃ ᠲᠤᠰᠬᠠᠢ ᠮᠡᠷᠭᠡᠵᠢᠯ᠎ᠤᠨ ᠠᠵᠢᠯᠲᠠᠳ ᠥᠪᠡᠷᠲᠡᠭᠡᠨ ᠵᠠᠰᠠᠬᠤ ᠣᠷᠣᠨ᠎ᠤ ᠬᠡᠪᠴᠢᠶᠡᠨ ᠳᠣᠲᠣᠷ᠎ᠠ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠤᠨ ᠪᠣᠯᠪᠠᠰᠤᠷᠠᠯ ᠭᠥᠷᠳᠡᠭᠰᠡᠨ ᠪᠠᠢ᠌ᠪᠠᠯ᠂ ᠬᠠᠮᠢᠶᠠᠷᠤᠯᠲᠠ ᠵᠢᠨ ᠡᠷᠬᠡ ᠮᠡᠳᠡᠯ᠎ᠤᠨ ᠶᠣᠰᠣᠭ᠋ᠠᠷ ᠬᠠᠷᠢᠶ᠎ᠠ ᠭᠠᠵᠠᠷ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠂ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠡᠯ᠎ᠡ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ (ᠠᠵᠢᠯᠲᠠᠨ᠎ᠤ ᠶᠠᠪᠤᠳᠠᠯ)᠎ᠤᠨ ᠰᠠᠯᠠᠭ᠎ᠠ ᠮᠥᠴᠢᠷ ᠪᠤᠶᠤ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠲᠤᠰᠬᠠᠢ ᠮᠡᠷᠭᠡᠵᠢᠯ᠎ᠤᠨ ᠠᠵᠢᠯᠲᠠᠳ᠎ᠤᠨ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠤᠨ ᠰᠠᠭᠤᠷᠢᠨ ᠭᠠᠵᠠᠷ᠎ᠠᠴᠠ ᠬᠢᠴᠢᠶᠡᠯ᠎ᠤᠨ ᠴᠠᠭ᠎ᠢ᠎ᠨᠢ ᠬᠢᠨᠠᠨ ᠲᠣᠭᠲᠠᠭ᠋ᠠᠭᠰᠠᠨ᠎ᠤ ᠳᠠᠷᠠᠭ᠎ᠠ᠂ ᠪᠥᠬᠥ ᠣᠷᠣᠨ᠎ᠤ ᠬᠡᠪᠴᠢᠶᠡᠨ᠎ᠳᠤ ᠮᠡᠳᠡᠷᠡᠨ᠎ᠡ᠃ 2025 ᠣᠨ᠎ᠤ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠤᠨ ᠪᠣᠯᠪᠠᠰᠤᠷᠠᠯ᠎ᠨᠢ 2025 ᠣᠨ᠎ᠤ 1 ᠰᠠᠷ᠎ᠠ ᠵᠢᠨ 1᠎ᠤ ᠡᠳᠦᠷ᠎ᠠᠴᠠ ᠡᠬᠢᠯᠡᠵᠦ᠂ 12 ᠰᠠᠷ᠎ᠠ ᠵᠢᠨ 31᠎ᠤ ᠡᠳᠦᠷ ᠳᠠᠭᠤᠰᠤᠨ᠎ᠠ᠃ ᠨᠥᠬᠥᠴᠡᠯ᠎ᠲᠠᠢ ᠠᠶ᠋ᠢᠮᠠᠭ ᠬᠣᠲᠠ ᠪᠣᠯᠣᠨ ᠨᠢᠭᠡᠴᠢ᠂ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠤᠨ ᠰᠠᠭᠤᠷᠢᠨ ᠭᠠᠵᠠᠷ᠎ᠨᠢ ᠥᠩᠭᠡᠷᠡᠭᠰᠡᠨ ᠵᠢᠯ᠎ᠤᠳ᠎ᠤᠨ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠤᠨ ᠬᠢᠴᠢᠶᠡᠯ᠎ᠢ ᠨᠥᠬᠥᠨ ᠰᠤᠷᠤᠯᠴᠠᠬᠤ ᠵᠢ ᠵᠣᠬᠢᠶᠠᠨ ᠪᠠᠢ᠌ᠭᠤᠯᠵᠤ ᠪᠣᠯᠣᠨ᠎ᠠ᠃
(ᠭᠤᠷᠪᠠ) ᠦᠷ᠎ᠡ ᠳ᠋ᠦᠩ᠎ᠢ ᠬᠡᠷᠡᠭᠯᠡᠬᠦ
ᠦᠷᠭᠦᠯᠵᠢᠯᠡᠭᠰᠡᠨ ᠰᠤᠷᠭ᠋ᠠᠨ ᠬᠥᠮᠦᠵᠢᠯ᠎ᠤᠨ ᠪᠣᠯᠪᠠᠰᠤᠷᠠᠯ ᠪᠣᠯ ᠲᠤᠰᠬᠠᠢ ᠮᠡᠷᠭᠡᠵᠢᠯ᠎ᠤᠨ ᠠᠵᠢᠯᠲᠠᠨ᠎ᠢ ᠬᠢᠨᠠᠨ ᠰᠢᠯᠭ᠋ᠠᠬᠤ᠂ ᠤᠷᠢᠨ ᠲᠣᠮᠢᠯᠠᠬᠤ ᠪᠠ ᠮᠡᠷᠭᠡᠵᠢᠯ᠎ᠤᠨ ᠴᠣᠯᠠ ᠵᠢ ᠬᠢᠨᠠᠨ ᠰᠢᠯᠭ᠋ᠠᠷᠠᠭᠤᠯᠬᠤ᠎ᠪᠠᠷ ᠮᠡᠳᠡᠭᠦᠯᠬᠦ ᠵᠢᠨ ᠴᠢᠬᠤᠯᠠ ᠨᠥᠬᠥᠴᠡᠯ ᠪᠣᠯᠣᠨ᠎ᠠ᠂ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ᠎ᠨᠢ ᠲᠤᠰᠬᠠᠢ ᠮᠡᠷᠭᠡᠵᠢᠯ᠎ᠤᠨ ᠠᠵᠢᠯᠲᠠᠨ᠎ᠤ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠤᠨ ᠰᠤᠷᠤᠯᠴᠠᠯᠭ᠎ᠠ᠎ᠳᠤ ᠣᠷᠣᠯᠴᠠᠬᠤ ᠵᠢ ᠳᠡᠮᠵᠢᠵᠦ᠂ ᠴᠢᠬᠤᠯᠠ ᠪᠦᠬᠦᠢ ᠰᠤᠷᠤᠯᠴᠠᠬᠤ ᠨᠥᠬᠥᠴᠡᠯ᠂ ᠴᠠᠭ ᠬᠤᠭᠤᠴᠠᠭ᠎ᠠ ᠪᠠ ᠬᠠᠮᠢᠶ᠎ᠠ ᠪᠦᠬᠦᠢ ᠪᠠᠲᠤᠯᠠᠭ᠎ᠠ ᠵᠢ ᠬᠠᠩᠭ᠋ᠠᠬᠤ ᠬᠡᠷᠡᠭᠲᠡᠶ᠃
1. ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ᠎ᠪᠠᠷ ᠭᠤᠶᠤᠴᠢᠯᠠᠨ ᠮᠡᠳᠡᠭᠦᠯᠬᠦ ᠬᠢᠴᠢᠶᠡᠯ᠎ᠤᠨ ᠴᠠᠭ᠎ᠤᠨ ᠱᠠᠭ᠋ᠠᠷᠳᠠᠯᠭ᠎ᠠ᠃ ᠲᠤᠰᠬᠠᠢ ᠮᠡᠷᠭᠡᠵᠢᠯ᠎ᠤᠨ ᠠᠵᠢᠯᠲᠠᠨ ᠳᠡᠭᠡᠳᠦ᠂ ᠳᠤᠮᠳᠠ ᠵᠡᠷᠭᠡ ᠵᠢᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ᠎ᠪᠠᠷ ᠭᠤᠶᠤᠴᠢᠯᠠᠨ ᠮᠡᠳᠡᠭᠦᠯᠬᠦ᠎ᠳᠤ᠂ ᠣᠢ᠌ᠷ᠎ᠠ ᠵᠢᠨ ᠭᠤᠷᠪᠠᠨ ᠵᠢᠯ᠎ᠤᠨ ᠨᠠᠢ᠌ᠳᠠ ᠵᠢᠨ ᠬᠡᠷᠡᠭᠴᠡᠭᠡᠨ᠎ᠤ ᠬᠢᠴᠢᠶᠡᠯ ᠲᠥᠷᠥᠯ ᠪᠠ ᠲᠤᠰᠬᠠᠢ ᠮᠡᠷᠭᠡᠵᠢᠯ᠎ᠤᠨ ᠬᠢᠴᠢᠶᠡᠯ ᠲᠥᠷᠥᠯ᠎ᠤᠨ ᠰᠤᠷᠤᠯᠴᠠᠯᠭ᠎ᠠ ᠵᠢ ᠪᠡᠶᠡᠯᠡᠭᠦᠯᠬᠦ ᠴᠢᠬᠤᠯᠠᠲᠠᠢ (ᠬᠢᠴᠢᠶᠡᠯ᠎ᠤᠨ ᠴᠠᠭ᠎ᠢ ᠬᠠᠰᠤᠵᠤ ᠬᠡᠯᠲᠦᠷᠢᠭᠦᠯᠬᠦ ᠲᠥᠷᠥ ᠵᠢᠨ ᠪᠣᠳᠣᠯᠭ᠎ᠠ᠎ᠳᠤ ᠨᠡᠶ᠋ᠢᠴᠡᠬᠦ ᠠᠵᠢᠯᠲᠠᠨ᠎ᠳᠤ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ); ᠠᠩᠬ᠎ᠠ ᠵᠡᠷᠭᠡ ᠵᠢᠨ ᠮᠡᠷᠭᠡᠵᠢᠯ᠎ᠤᠨ ᠴᠣᠯᠠ ᠰᠢᠯᠭ᠋ᠠᠷᠠᠭᠤᠯᠬᠤ᠎ᠪᠠᠷ ᠮᠡᠳᠡᠭᠦᠯᠬᠦ᠎ᠳᠤ᠂ ᠲᠣᠰ ᠵᠢᠯ᠎ᠤᠨ ᠨᠠᠢ᠌ᠳᠠ ᠵᠢᠨ ᠬᠡᠷᠡᠭᠴᠡᠭᠡᠨ᠎ᠤ ᠬᠢᠴᠢᠶᠡᠯ ᠲᠥᠷᠥᠯ ᠪᠠ ᠲᠤᠰᠬᠠᠢ ᠮᠡᠷᠭᠡᠵᠢᠯ᠎ᠤᠨ ᠬᠢᠴᠢᠶᠡᠯ ᠲᠥᠷᠥᠯ᠎ᠤᠨ ᠰᠤᠷᠤᠯᠴᠠᠯᠭ᠎ᠠ ᠵᠢ ᠪᠡᠶᠡᠯᠡᠭᠦᠯᠬᠦ ᠬᠡᠷᠡᠭᠲᠡᠶ᠃
2. ᠬᠢᠨᠠᠨ ᠰᠢᠯᠭ᠋ᠠᠭᠤᠯᠵᠤ ᠮᠠᠭ᠋ᠠᠳᠯᠠᠨ ᠲᠣᠭᠲᠠᠭ᠋ᠠᠯᠭ᠋ᠠᠬᠤ᠎ᠪᠠᠷ ᠭᠤᠶᠤᠴᠢᠯᠠᠬᠤ ᠬᠢᠴᠢᠶᠡᠯ᠎ᠤᠨ ᠴᠠᠭ᠎ᠤᠨ ᠱᠠᠭ᠋ᠠᠷᠳᠠᠯᠭ᠎ᠠ᠃ ᠳᠡᠭᠡᠳᠦ ᠰᠤᠷᠭ᠋ᠠᠭᠤᠯᠢ ᠲᠡᠭᠦᠰᠦᠭᠰᠡᠳ ᠰᠤᠮᠤ ᠰᠢᠶᠠᠩ ᠪᠠᠯᠭ᠋ᠠᠰᠤ᠂ ᠭᠠᠴᠠᠭ᠎ᠠ ᠲᠣᠰᠬᠤᠨ᠎ᠤ ᠦᠨᠳᠦᠰᠦᠨ ᠱᠠᠲᠤᠨ᠎ᠤ ᠨᠢᠭᠡᠴᠢ᠎ᠳᠤ ᠲᠣᠰ ᠲᠤᠰᠬᠠᠢ ᠮᠡᠷᠭᠡᠵᠢᠯ ᠪᠤᠶᠤ ᠤᠢ᠌ᠷᠠᠯᠴᠠᠭ᠎ᠠ ᠲᠤᠰᠬᠠᠢ ᠮᠡᠷᠭᠡᠵᠢᠯ᠎ᠤᠨ ᠠᠵᠢᠯ ᠡᠷᠭᠢᠯᠡᠵᠦ᠂ ᠮᠡᠷᠭᠡᠵᠢᠯ᠎ᠤᠨ ᠴᠣᠯᠠ ᠵᠢ ᠬᠢᠨᠠᠨ ᠰᠢᠯᠭ᠋ᠠᠭᠤᠯᠵᠤ ᠮᠠᠭ᠋ᠠᠳᠯᠠᠨ ᠲᠣᠭᠲᠠᠭ᠋ᠠᠯᠭ᠋ᠠᠬᠤ᠎ᠪᠠᠷ ᠭᠤᠶᠤᠴᠢᠯᠠᠬᠤ᠎ᠳᠤ᠂ ᠬᠢᠨᠠᠨ ᠰᠢᠯᠭ᠋ᠠᠵᠤ ᠮᠠᠭ᠋ᠠᠳᠯᠠᠨ ᠲᠣᠭᠲᠠᠭ᠋ᠠᠬᠤ ᠱᠠᠭ᠋ᠠᠷᠳᠠᠯᠭ᠎ᠠ ᠶᠣᠰᠣᠭ᠋ᠠᠷ ᠵᠢᠯ ᠬᠤᠭᠤᠴᠠᠭ᠎ᠠ ᠵᠢᠨ ᠦᠷᠬᠦᠯᠵᠢᠯᠡᠭᠰᠡᠨ ᠰᠤᠷᠭ᠋ᠠᠨ ᠬᠥᠮᠥᠵᠢᠯ᠎ᠤᠨ ᠰᠤᠷᠤᠯᠴᠠᠯᠭ᠎ᠠ ᠵᠢ ᠪᠡᠶᠡᠯᠡᠭᠦᠯᠬᠦ ᠬᠡᠷᠡᠭᠲᠡᠶ᠃
(ᠳᠥᠷᠪᠡ) ᠬᠢᠴᠢᠶᠡᠯ᠎ᠤᠨ ᠴᠠᠭ᠎ᠢ ᠪᠤᠳᠤᠵᠤ ᠣᠷᠣᠭᠤᠯᠬᠤ ᠵᠢᠴᠢ ᠨᠤᠭᠤᠯᠤᠨ ᠪᠤᠳᠤᠬᠤ ᠲᠣᠭᠲᠠᠭ᠋ᠠᠯ
1. ᠦᠷᠭᠦᠯᠵᠢᠯᠡᠭᠰᠡᠨ ᠰᠤᠷᠭ᠋ᠠᠨ ᠬᠥᠮᠦᠵᠢᠯ᠎ᠤᠨ ᠰᠠᠭᠤᠷᠢᠨ ᠭᠠᠵᠠᠷ ᠵᠢᠴᠢ ᠰᠦᠯᠵᠢᠶᠡᠨ᠎ᠤ ᠲᠠᠪᠴᠠᠩ᠎ᠤᠨ ᠪᠣᠯᠪᠠᠰᠤᠷᠠᠯ᠎ᠤᠨ ᠬᠢᠴᠢᠶᠡᠯ᠎ᠤᠨ ᠴᠠᠭ᠎ᠤᠨ ᠲᠣᠭᠲᠠᠭ᠋ᠠᠯ᠃ ᠡᠯ᠎ᠡ ᠠᠶ᠋ᠢᠮᠠᠭ ᠬᠣᠲᠠ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠯ᠎ᠡ ᠨᠢᠭᠡᠴᠢ᠎ᠨᠢ ᠲᠤᠰᠬᠠᠢ ᠮᠡᠷᠭᠡᠵᠢᠯ᠎ᠤᠨ ᠠᠵᠢᠯᠲᠠᠨ᠎ᠢ ᠵᠣᠬᠢᠶᠠᠨ ᠪᠠᠢ᠌ᠭᠤᠯᠵᠤ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠲᠤᠰᠬᠠᠢ ᠮᠡᠷᠭᠡᠵᠢᠯ᠎ᠤᠨ ᠠᠵᠢᠯᠲᠠᠨ᠎ᠤ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠤᠨ ᠰᠠᠭᠤᠷᠢᠨ ᠭᠠᠵᠠᠷ ᠪᠤᠶᠤ ᠲᠡᠭᠦᠨ᠎ᠠᠴᠠ ᠳᠣᠷᠣᠭᠰᠢᠬᠢ ᠲᠣᠣᠷ ᠰᠦᠯᠵᠢᠶᠡᠨ᠎ᠤ ᠪᠣᠯᠪᠠᠰᠤᠷᠠᠯ᠎ᠤᠨ ᠲᠠᠪᠴᠠᠩ᠎ᠳᠤ ᠪᠣᠯᠪᠠᠰᠤᠷᠠᠯ᠎ᠳᠤ ᠣᠷᠣᠯᠴᠠᠭᠰᠠᠨ ᠬᠢᠴᠢᠶᠡᠯ᠎ᠤᠨ ᠴᠠᠭ᠎ᠢ ᠴᠥᠮ ᠲᠤᠬᠠᠢ ᠵᠢᠨ ᠵᠢᠯ᠎ᠤᠨ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠤᠨ ᠨᠠᠢ᠌ᠳᠠ ᠵᠢᠨ ᠬᠡᠷᠡᠭᠴᠡᠭᠡᠨ᠎ᠤ ᠬᠢᠴᠢᠶᠡᠯ ᠲᠥᠷᠥᠯ ᠪᠠ ᠲᠤᠰᠬᠠᠢ ᠮᠡᠷᠭᠡᠵᠢᠯ᠎ᠤᠨ ᠬᠢᠴᠢᠶᠡᠯ ᠲᠥᠷᠥᠯ᠎ᠤᠨ ᠵᠣᠬᠢᠬᠤ ᠬᠢᠴᠢᠶᠡᠯ᠎ᠤᠨ ᠴᠠᠭ᠎ᠲᠤ ᠪᠤᠳᠤᠵᠤ ᠣᠷᠣᠭᠤᠯᠵᠤ ᠪᠣᠯᠣᠨ᠎ᠠ᠃
ᠥᠪᠥᠷ ᠮᠣᠩᠭᠣᠯ᠎ᠤᠨ ᠺᠠᠳ᠋ᠷ᠎ᠤᠨ ᠰᠦᠯᠵᠢᠶᠡᠨ᠎ᠤ ᠳᠡᠭᠡᠳᠦ ᠰᠤᠷᠭ᠋ᠠᠭᠤᠯᠢ (ᠰᠦᠯᠵᠢᠶᠡᠨ᠎ᠤ ᠬᠠᠶᠢᠭ᠄ https://wlxy.nmgdj.gov.cn)᠂ 《ᠠᠵᠢᠯ ᠦᠢ᠍ᠯᠡᠰ᠎ᠤᠨ ᠨᠢᠭᠡᠴᠢ ᠵᠢᠨ ᠬᠤᠪᠢᠶᠠᠷᠢ ᠰᠤᠷᠭ᠋ᠠᠭᠤᠯᠢ》᠎ᠳᠤ ᠣᠷᠣᠨ᠎ᠠ; ᠡᠰᠡᠬᠦᠯ᠎ᠡ ᠭᠠᠷ ᠤᠲᠠᠰᠤᠨ᠎ᠤ ᠰᠢᠯᠵᠢᠮᠡᠯ ᠬᠣᠯᠪᠣᠭ᠋ᠠᠨ᠎ᠤ ᠰᠢᠯᠵᠢᠶ᠎ᠡ᠎ᠳᠤ 《ᠥᠪᠥᠷ ᠮᠣᠩᠭᠣᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ》 ᠭᠡᠬᠦ ᠸᠢᠴᠠᠲ᠎ᠤᠨ ᠨᠠᠢ᠌ᠳᠠ ᠵᠢᠨ ᠳ᠋ᠤᠭ᠋ᠠᠷ᠎ᠢ ᠠᠩᠬᠠᠷᠴᠤ᠂ ᠲᠤᠰᠬᠠᠢ ᠰᠡᠳᠦᠪ᠎ᠤᠨ ᠳᠣᠲᠣᠷᠠᠬᠢ 《ᠥᠪᠥᠷ ᠮᠣᠩᠭᠣᠯ᠎ᠤᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠢᠯᠢᠳᠡᠭ ᠪᠣᠯᠪᠠᠰᠤᠷᠠᠯ》 ᠭᠡᠬᠦ ᠪᠤᠯᠤᠩ᠎ᠳᠤ ᠣᠷᠣᠨ᠎ᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠢ ᠮᠡᠷᠭᠡᠵᠢᠯ᠎ᠤᠨ ᠠᠵᠢᠯᠲᠠᠨ᠎ᠤ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠤᠨ ᠰᠦᠯᠵᠢᠶᠡᠨ ᠳᠡᠭᠡᠷᠡᠬᠢ ᠰᠤᠷᠤᠯᠴᠠᠯᠭ᠎ᠠ ᠵᠢᠨ ᠰᠦᠯᠵᠢᠶ᠎ᠡ (ᠰᠦᠯᠵᠢᠶᠡᠨ᠎ᠤ ᠬᠠᠶᠢᠭ᠄ https://nmg.chinahrt.com); ᠰᠢᠯᠵᠢᠮᠡᠯ ᠬᠣᠯᠪᠣᠭ᠋ᠠᠨ᠎ᠤ ᠰᠢᠯᠵᠢᠶ᠎ᠡ ᠵᠢᠨ ᠬᠠᠮ ᠰᠤᠷᠤᠯᠴᠠᠯᠭ᠎ᠠ APP᠎ᠳᠤ ᠣᠷᠣᠵᠤ ᠺᠣᠮᠫᠢᠦ᠋ᠲ᠋ᠧᠷ᠎ᠤᠨ ᠰᠦᠯᠵᠢᠶᠡᠨ᠎ᠤ ᠨᠢᠭᠤᠷ᠎ᠤᠨ ᠰᠢᠯᠵᠢᠶ᠎ᠡ᠎ᠲᠠᠢ ᠵᠡᠷᠭᠡ᠎ᠪᠠᠷ ᠰᠤᠷᠤᠯᠴᠠᠵᠤ ᠪᠣᠯᠬᠤ ᠪᠥᠭᠡᠳ ᠬᠢᠴᠢᠶᠡᠯ᠎ᠢ ᠪᠠᠭᠤᠯᠭ᠋ᠠᠨ ᠠᠪᠴᠤ ᠰᠦᠯᠵᠢᠶᠡᠨ᠎ᠠᠴᠠ ᠰᠠᠯᠭ᠋ᠠᠵᠤ ᠰᠤᠷᠤᠯᠴᠠᠬᠤ ᠵᠢ ᠳᠡᠮᠵᠢᠨ᠎ᠡ᠃
ᠥᠪᠥᠷ ᠮᠣᠩᠭᠣᠯ᠎ᠤᠨ ᠴᠢᠳᠠᠪᠤᠷᠢᠲᠠᠨ᠎ᠤ ᠪᠣᠯᠪᠠᠰᠤᠷᠠᠯ᠎ᠤᠨ ᠰᠦᠯᠵᠢᠶ᠎ᠡ (ᠰᠦᠯᠵᠢᠶᠡᠨ᠎ᠤ ᠬᠠᠶᠢᠭ᠄ https://zj.nmgrcpxcom); ᠸᠢᠴᠠᠲ᠎ᠤᠨ 《ᠡᠭᠦᠯᠡᠨ ᠮᠡᠳᠡᠯᠭᠡ ᠵᠢᠨ ᠬᠥᠮᠦᠵᠢᠯ》᠎ᠤᠨ ᠵᠢᠵᠢᠭ ᠫᠷᠣᠭ᠌ᠷᠠᠮ᠎ᠳᠤ ᠺᠣᠮᠫᠢᠦ᠋ᠲ᠋ᠧᠷ᠎ᠤᠨ ᠰᠦᠯᠵᠢᠶᠡᠨ᠎ᠤ ᠨᠢᠭᠤᠷ᠎ᠤᠨ ᠰᠢᠯᠵᠢᠶ᠎ᠡ᠎ᠲᠠᠢ ᠵᠡᠷᠭᠡ᠎ᠪᠠᠷ ᠰᠤᠷᠤᠯᠴᠠᠵᠤ ᠪᠣᠯᠬᠤ ᠪᠥᠭᠡᠳ ᠬᠢᠴᠢᠶᠡᠯ᠎ᠢ ᠪᠠᠭᠤᠯᠭ᠋ᠠᠨ ᠠᠪᠴᠤ ᠰᠦᠯᠵᠢᠶᠡᠨ᠎ᠠᠴᠠ ᠰᠠᠯᠭ᠋ᠠᠵᠤ ᠰᠤᠷᠤᠯᠴᠠᠬᠤ ᠵᠢ ᠳᠡᠮᠵᠢᠨ᠎ᠡ᠃
ᠥᠪᠥᠷ ᠮᠣᠩᠭᠣᠯ᠎ᠤᠨ ᠠᠵᠢᠯᠲᠠᠨ᠎ᠤ ᠶᠠᠪᠤᠳᠠᠯ᠎ᠤᠨ ᠴᠢᠳᠠᠪᠤᠷᠢᠲᠠᠨ᠎ᠤ ᠦᠢ᠍ᠯᠡᠴᠢᠯᠡᠭᠡᠨ᠎ᠤ ᠰᠦᠯᠵᠢᠶ᠎ᠡ (ᠰᠦᠯᠵᠢᠶᠡᠨ᠎ᠤ ᠬᠠᠶᠢᠭ᠄ https://nmg.chinahrt.cn); ᠸᠢᠴᠠᠲ᠎ᠤᠨ 《ᠡᠶ᠎ᠡ ᠨᠠᠢ᠌ᠷᠠᠮᠳᠠᠭᠤ ᠠᠵᠢᠯᠲᠠᠨ᠎ᠤ ᠶᠠᠪᠤᠳᠠᠯ᠎ᠤᠨ ᠴᠢᠳᠠᠪᠤᠷᠢᠲᠠᠨ᠎ᠤ ᠦᠢ᠍ᠯᠡᠴᠢᠯᠡᠭᠡᠨ᠎ᠤ ᠰᠦᠯᠵᠢᠶ᠎ᠡ》 ᠵᠢᠨ ᠵᠢᠵᠢᠭ ᠫᠷᠣᠭ᠌ᠷᠠᠮ᠎ᠳᠤ ᠺᠣᠮᠫᠢᠦ᠋ᠲ᠋ᠧᠷ᠎ᠤᠨ ᠰᠦᠯᠵᠢᠶᠡᠨ᠎ᠤ ᠨᠢᠭᠤᠷ᠎ᠤᠨ ᠰᠢᠯᠵᠢᠶ᠎ᠡ᠎ᠲᠠᠢ ᠵᠡᠷᠭᠡ᠎ᠪᠠᠷ ᠰᠤᠷᠤᠯᠴᠠᠵᠤ ᠪᠣᠯᠬᠤ ᠪᠥᠭᠡᠳ ᠬᠢᠴᠢᠶᠡᠯ᠎ᠢ ᠪᠠᠭᠤᠯᠭ᠋ᠠᠨ ᠠᠪᠴᠤ ᠰᠦᠯᠵᠢᠶᠡᠨ᠎ᠠᠴᠠ ᠰᠠᠯᠭ᠋ᠠᠵᠤ ᠰᠤᠷᠤᠯᠴᠠᠬᠤ ᠵᠢ ᠳᠡᠮᠵᠢᠨ᠎ᠡ᠃
ᠥᠪᠥᠷ ᠮᠣᠩᠭᠣᠯ᠎ᠤᠨ ᠲᠤᠰᠬᠠᠢ ᠮᠡᠷᠭᠡᠵᠢᠯ᠎ᠤᠨ ᠠᠵᠢᠯᠲᠠᠨ᠎ᠤ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠤᠨ ᠪᠣᠯᠪᠠᠰᠤᠷᠠᠯ᠎ᠤᠨ ᠲᠠᠪᠴᠠᠩ (ᠰᠦᠯᠵᠢᠶᠡᠨ᠎ᠤ ᠬᠠᠶᠢᠭ᠄ https://nmg.wldsj.cn)᠃
ᠰᠢᠩ ᠮᠧᠩE ᠤᠬᠠᠭ᠋ᠠᠨ᠎ᠤ ᠲᠤᠰᠬᠠᠢ ᠮᠡᠷᠭᠡᠵᠢᠯ᠎ᠤᠨ ᠠᠵᠢᠯᠲᠠᠨ᠎ᠤ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠤᠨ ᠰᠦᠯᠵᠢᠶ᠎ᠡ (ᠰᠦᠯᠵᠢᠶᠡᠨ᠎ᠤ ᠬᠠᠶᠢᠭ᠄ https://xmex.nmgmsz.com)᠃
ᠥᠪᠥᠷ ᠮᠣᠩᠭᠣᠯ᠎ᠤᠨ ᠲᠤᠰᠬᠠᠢ ᠮᠡᠷᠭᠡᠵᠢᠯ᠎ᠤᠨ ᠠᠵᠢᠯᠲᠠᠨ᠎ᠤ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠤᠨ ᠲᠠᠪᠴᠠᠩ (ᠰᠦᠯᠵᠢᠶᠡᠨ᠎ᠤ ᠬᠠᠶᠢᠭ᠄ https://nmg.zgrsw.cn)᠃
2. ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ᠎ᠤ ᠪᠣᠯᠪᠠᠰᠤᠷᠠᠯ᠎ᠳᠤ ᠣᠷᠣᠯᠴᠠᠬᠤ ᠬᠢᠴᠢᠶᠡᠯ᠎ᠤᠨ ᠴᠠᠭ᠎ᠤᠨ ᠲᠤᠬᠠᠢ ᠲᠣᠭᠲᠠᠭ᠋ᠠᠯ᠃ ᠠᠵᠢᠯ ᠦᠢ᠍ᠯᠡᠰ᠎ᠤᠨ ᠨᠢᠭᠡᠴᠢ ᠵᠢᠨ ᠲᠤᠰᠬᠠᠢ ᠮᠡᠷᠭᠡᠵᠢᠯ᠎ᠤᠨ ᠠᠵᠢᠯᠲᠠᠨ ᠠᠵᠢᠯ᠎ᠤᠨ ᠪᠠᠶ᠋ᠢᠷᠢ᠎ᠳᠤ ᠭᠠᠷᠬᠤ᠎ᠠᠴᠠ ᠡᠮᠦᠨ᠎ᠡ᠂ ᠠᠵᠢᠯ᠎ᠤᠨ ᠪᠠᠶ᠋ᠢᠷᠢ᠎ᠳᠤ ᠪᠠᠶ᠋ᠢᠬᠤ᠂ ᠠᠵᠢᠯ᠎ᠤᠨ ᠪᠠᠶ᠋ᠢᠷᠢ ᠰᠢᠯᠵᠢᠬᠦ᠂ ᠲᠤᠰᠬᠠᠢ ᠵᠦᠢ᠍ᠯ᠎ᠤᠨ ᠪᠣᠯᠪᠠᠰᠤᠷᠠᠯ᠎ᠳᠤ ᠣᠷᠣᠯᠴᠠᠭᠰᠠᠨ ᠬᠢᠴᠢᠶᠡᠯ᠎ᠤᠨ ᠴᠠᠭ᠎ᠢ ᠴᠥᠮ ᠲᠤᠬᠠᠢ ᠵᠢᠨ ᠵᠢᠯ᠎ᠤᠨ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠤᠨ ᠨᠠᠢ᠌ᠳᠠ ᠵᠢᠨ ᠬᠡᠷᠡᠭᠴᠡᠭᠡᠨ᠎ᠤ ᠬᠢᠴᠢᠶᠡᠯ ᠲᠥᠷᠥᠯ ᠪᠠ ᠲᠤᠰᠬᠠᠢ ᠮᠡᠷᠭᠡᠵᠢᠯ᠎ᠤᠨ ᠬᠢᠴᠢᠶᠡᠯ ᠲᠥᠷᠥᠯ᠎ᠤᠨ ᠵᠣᠬᠢᠴᠠᠩᠭᠤᠢ ᠬᠢᠴᠢᠶᠡᠯ᠎ᠤᠨ ᠴᠠᠭ᠎ᠲᠤ ᠪᠤᠳᠤᠵᠤ ᠣᠷᠣᠭᠤᠯᠵᠤ ᠪᠣᠯᠣᠨ᠎ᠠ᠃ ᠠᠵᠢᠯ ᠦᠢ᠍ᠯᠡᠰ᠎ᠤᠨ ᠨᠢᠭᠡᠴᠢ ᠵᠢᠨ ᠥᠪᠡᠷᠲᠡᠭᠡᠨ ᠵᠣᠬᠢᠶᠠᠨ ᠪᠠᠢ᠌ᠭᠤᠯᠤᠭᠰᠠᠨ ᠵᠣᠬᠢᠬᠤ ᠪᠣᠯᠪᠠᠰᠤᠷᠠᠯ᠎ᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠶ᠋ᠡᠷ ᠬᠢᠨᠠᠨ ᠵᠥᠪᠰᠢᠶᠡᠷᠡᠭᠦᠯᠦᠭᠰᠡᠨ᠎ᠤ ᠳᠠᠷᠠᠭ᠎ᠠ ᠥᠷᠨᠢᠭᠦᠯᠬᠦ ᠬᠡᠷᠡᠭᠲᠡᠶ᠃
3. ᠠᠵᠢᠯ ᠳᠦᠷᠦᠯ᠎ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠠᠵᠢᠯ ᠳᠦᠷᠦᠯ᠎ᠤᠨ ᠨᠡᠢ᠌ᠭᠡᠮᠯᠢᠭ᠂ ᠬᠣᠯᠪᠣᠭ᠎ᠠ ᠵᠢᠨ ᠵᠣᠬᠢᠶᠠᠨ ᠪᠠᠢ᠌ᠭᠤᠯᠤᠭᠰᠠᠨ ᠲᠤᠰᠬᠠᠢ ᠮᠡᠷᠭᠡᠵᠢᠯ᠎ᠤᠨ ᠪᠣᠯᠪᠠᠰᠤᠷᠠᠯ᠎ᠳᠤ ᠣᠷᠣᠯᠴᠠᠭᠰᠠᠨ ᠬᠢᠴᠢᠶᠡᠯ᠎ᠤᠨ ᠴᠠᠭ᠎ᠤᠨ ᠲᠤᠬᠠᠢ ᠲᠣᠭᠲᠠᠭ᠋ᠠᠯ᠃ ᠲᠤᠰᠬᠠᠢ ᠮᠡᠷᠭᠡᠵᠢᠯ᠎ᠤᠨ ᠠᠵᠢᠯᠲᠠᠨ ᠡᠯ᠎ᠡ ᠱᠠᠲᠤᠨ᠎ᠤ ᠠᠵᠢᠯ ᠲᠥᠷᠥᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠵᠣᠬᠢᠶᠠᠨ ᠪᠠᠢ᠌ᠭᠤᠯᠤᠭᠰᠠᠨ᠂ ᠡᠰᠡᠬᠦᠯ᠎ᠡ ᠠᠵᠢᠯ ᠲᠥᠷᠥᠯ᠎ᠤᠨ ᠨᠡᠢ᠌ᠭᠡᠮᠯᠢᠭ᠂ ᠠᠵᠢᠯ ᠲᠥᠷᠥᠯ᠎ᠤᠨ ᠬᠣᠯᠪᠣᠭ᠎ᠠ ᠵᠢᠨ ᠵᠣᠬᠢᠶᠠᠨ ᠪᠠᠢ᠌ᠭᠤᠯᠤᠭᠰᠠᠨ ᠪᠥᠭᠡᠳ ᠠᠵᠢᠯ ᠲᠥᠷᠥᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠶ᠋ᠡᠷ ᠵᠥᠪᠰᠢᠶᠡᠷᠡᠭᠦᠯᠦᠭᠰᠡᠨ (ᠵᠥᠪᠰᠢᠶᠡᠷᠡᠭᠰᠡᠨ) ᠬᠠᠮᠢᠶ᠎ᠠ ᠪᠦᠬᠦᠢ ᠲᠤᠰᠬᠠᠢ ᠮᠡᠷᠭᠡᠵᠢᠯ᠎ᠤᠨ ᠪᠣᠯᠪᠠᠰᠤᠷᠠᠯ᠂ ᠳᠠᠪᠲᠠᠨ ᠪᠣᠯᠪᠠᠰᠤᠷᠠᠬᠤ᠎ᠳᠤ ᠣᠷᠣᠯᠴᠠᠭᠰᠠᠨ ᠬᠢᠴᠢᠶᠡᠯ᠎ᠤᠨ ᠴᠠᠭ᠎ᠢ ᠲᠣᠰ ᠣᠨ᠎ᠤ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠤᠨ ᠲᠤᠰᠬᠠᠢ ᠮᠡᠷᠭᠡᠵᠢᠯ᠎ᠤᠨ ᠬᠢᠴᠢᠶᠡᠯ ᠲᠥᠷᠥᠯ᠎ᠤᠨ ᠬᠢᠴᠢᠶᠡᠯ᠎ᠤᠨ ᠴᠠᠭ᠎ᠲᠤ ᠪᠤᠳᠤᠵᠤ ᠣᠷᠣᠭᠤᠯᠵᠤ ᠪᠣᠯᠣᠨ᠎ᠠ᠃
4. ᠰᠤᠳᠤᠯᠤᠨ ᠶᠠᠷᠢᠯᠴᠠᠵᠤ ᠰᠣᠯᠢᠯᠴᠠᠨ ᠳᠠᠪᠲᠠᠨ ᠪᠣᠯᠪᠠᠰᠤᠷᠠᠬᠤ ᠵᠡᠷᠭᠡ ᠬᠢᠴᠢᠶᠡᠯ᠎ᠤᠨ ᠴᠠᠭ᠎ᠤᠨ ᠲᠤᠬᠠᠢ ᠲᠣᠭᠲᠠᠭ᠋ᠠᠯ᠃ ᠲᠤᠰᠬᠠᠢ ᠮᠡᠷᠭᠡᠵᠢᠯ᠎ᠤᠨ ᠠᠵᠢᠯᠲᠠᠨ ᠡᠯ᠎ᠡ ᠲᠥᠷᠥᠯ᠎ᠤᠨ ᠳᠡᠭᠡᠳᠦ ᠵᠡᠷᠭᠡ ᠵᠢᠨ ᠰᠤᠳᠤᠯᠭ᠋ᠠᠨ᠎ᠤ ᠠᠩᠭᠢ᠂ ᠶᠠᠷᠢᠯᠴᠠᠭ᠋ᠠᠨ᠎ᠤ ᠲᠠᠪᠴᠠᠩ᠂ ᠡᠷᠳᠡᠮ ᠰᠢᠨᠵᠢᠯᠡᠭᠡᠨ᠎ᠤ ᠰᠣᠯᠢᠯᠴᠠᠭ᠎ᠠ᠂ ᠳᠠᠪᠲᠠᠨ ᠪᠣᠯᠪᠠᠰᠤᠷᠠᠭᠤᠯᠵᠤ ᠰᠢᠨᠵᠢᠯᠡᠨ ᠪᠠᠢ᠌ᠴᠠᠭ᠋ᠠᠬᠤ ᠵᠡᠷᠭᠡ ᠪᠣᠯᠪᠠᠰᠤᠷᠠᠯ ᠰᠤᠷᠤᠯᠴᠠᠯᠭ᠎ᠠ᠎ᠳᠤ ᠣᠷᠣᠯᠴᠠᠭᠰᠠᠨ ᠬᠢᠴᠢᠶᠡᠯ᠎ᠤᠨ ᠴᠠᠭ᠎ᠢ ᠴᠥᠮ ᠬᠠᠮᠢᠶ᠎ᠠ ᠪᠦᠬᠦᠢ ᠭᠡᠷᠡᠴᠢ ᠦᠨᠡᠮᠯᠡᠯ᠎ᠢ ᠦᠨᠳᠦᠰᠦᠯᠡᠨ ᠲᠣᠰ ᠣᠨ᠎ᠤ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠤᠨ ᠲᠤᠰᠬᠠᠢ ᠮᠡᠷᠭᠡᠵᠢᠯ᠎ᠤᠨ ᠬᠢᠴᠢᠶᠡᠯ ᠲᠥᠷᠥᠯ᠎ᠤᠨ ᠬᠢᠴᠢᠶᠡᠯ᠎ᠤᠨ ᠴᠠᠭ ᠵᠶ᠋ᠠᠷ ᠨᠤᠭᠤᠯᠤᠨ ᠪᠤᠳᠤᠵᠤ ᠪᠣᠯᠣᠨ᠎ᠠ᠃
5. ᠠᠵᠢᠯ ᠮᠡᠷᠭᠡᠵᠢᠯ᠎ᠤᠨ ᠬᠢᠷᠢ ᠬᠡᠮ᠎ᠤᠨ ᠰᠢᠯᠭ᠋ᠠᠯᠲᠠ᠎ᠳᠤ ᠣᠷᠣᠯᠴᠠᠭᠰᠠᠨ ᠬᠢᠴᠢᠶᠡᠯ᠎ᠤᠨ ᠴᠠᠭ᠎ᠤᠨ ᠲᠤᠬᠠᠢ ᠲᠣᠭᠲᠠᠭ᠋ᠠᠯ᠃ ᠲᠤᠰᠬᠠᠢ ᠮᠡᠷᠭᠡᠵᠢᠯ᠎ᠤᠨ ᠠᠵᠢᠯᠲᠠᠨ ᠥᠪᠡᠷᠲᠡᠭᠡᠨ ᠵᠠᠰᠠᠬᠤ ᠣᠷᠣᠨ᠎ᠳᠤ ᠡᠯ᠎ᠡ ᠲᠥᠷᠥᠯ᠎ᠤᠨ ᠠᠵᠢᠯ ᠮᠡᠷᠭᠡᠵᠢᠯ᠎ᠤᠨ ᠬᠢᠷᠢ ᠬᠡᠮ᠎ᠤᠨ ᠰᠢᠯᠭ᠋ᠠᠯᠲᠠ᠎ᠳᠤ ᠣᠷᠣᠯᠴᠠᠭ᠋ᠠᠳ ᠬᠢᠷᠢ ᠲᠡᠩᠴᠡᠭᠰᠡᠨ ᠪᠠᠢ᠌ᠪᠠᠯ᠂ ᠦᠨᠡᠮᠯᠡᠯ ᠣᠯᠣᠭᠰᠠᠨ ᠣᠨ᠎ᠤ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠤᠨ ᠲᠤᠰᠬᠠᠢ ᠮᠡᠷᠭᠡᠵᠢᠯ᠎ᠤᠨ ᠬᠢᠴᠢᠶᠡᠯ ᠲᠥᠷᠥᠯ᠎ᠤᠨ ᠬᠢᠴᠢᠶᠡᠯ᠎ᠤᠨ ᠴᠠᠭ᠎ᠤᠨ ᠱᠠᠭ᠋ᠠᠷᠳᠠᠯᠭ᠎ᠠ ᠵᠢ ᠪᠡᠶᠡᠯᠡᠭᠦᠯᠦᠭᠰᠡᠨ᠎ᠲᠠᠢ ᠠᠳᠠᠯᠢ᠎ᠪᠠᠷ ᠦᠵᠡᠨ᠎ᠡ᠃
6. ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ᠎ᠳᠤ ᠣᠷᠣᠯᠴᠠᠭᠰᠠᠨ ᠬᠢᠴᠢᠶᠡᠯ᠎ᠤᠨ ᠴᠠᠭ᠎ᠤᠨ ᠲᠤᠬᠠᠢ ᠲᠣᠭᠲᠠᠭ᠋ᠠᠯ᠃ ᠳᠡᠭᠡᠳᠦ ᠮᠡᠷᠭᠡᠵᠢᠯ᠎ᠤᠨ ᠴᠢᠳᠠᠪᠤᠷᠢᠲᠠᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ᠎ᠪᠠᠷ ᠭᠤᠶᠤᠴᠢᠯᠠᠬᠤ ᠦᠶ᠎ᠡ᠎ᠳᠤ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠣᠯᠪᠠᠰᠤᠷᠠᠯ ᠪᠤᠶᠤ ᠪᠤᠰᠤᠳ ᠲᠤᠰᠬᠠᠢ ᠮᠡᠷᠭᠡᠵᠢᠯ᠎ᠤᠨ ᠪᠣᠯᠪᠠᠰᠤᠷᠠᠯ᠎ᠳᠤ ᠣᠷᠣᠯᠴᠠᠭᠰᠠᠨ ᠬᠢᠴᠢᠶᠡᠯ᠎ᠤᠨ ᠴᠠᠭ᠎ᠢ ᠲᠣᠰ ᠣᠨ᠎ᠤ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠤᠨ ᠲᠤᠰᠬᠠᠢ ᠮᠡᠷᠭᠡᠵᠢᠯ᠎ᠤᠨ ᠬᠢᠴᠢᠶᠡᠯ ᠲᠥᠷᠥᠯ᠎ᠤᠨ ᠬᠢᠴᠢᠶᠡᠯ᠎ᠤᠨ ᠴᠠᠭ ᠵᠶ᠋ᠠᠷ ᠨᠤᠭᠤᠯᠤᠨ ᠪᠤᠳᠤᠵᠤ ᠪᠣᠯᠣᠨ᠎ᠠ᠃
7. ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠬᠠᠮᠢᠶ᠎ᠠ ᠪᠦᠬᠦᠢ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ᠎ᠤᠨ ᠬᠢᠴᠢᠶᠡᠯ᠎ᠤᠨ ᠴᠠᠭ᠎ᠤᠨ ᠲᠣᠭᠲᠠᠭ᠋ᠠᠯ᠃ ᠳᠤᠮᠳᠠᠳᠤ ᠪᠠᠭ᠎ᠠ ᠰᠤᠷᠭ᠋ᠠᠭᠤᠯᠢ ᠵᠢᠨ ᠪᠠᠭᠰᠢ ᠵᠢᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠬᠠᠮᠢᠶ᠎ᠠ ᠪᠦᠬᠦᠢ ᠴᠢᠳᠠᠪᠤᠷᠢ ᠵᠢ ᠳᠡᠭᠡᠭᠰᠢᠯᠡᠭᠦᠯᠬᠦ ᠪᠣᠯᠪᠠᠰᠤᠷᠠᠯ᠎ᠳᠤ ᠣᠷᠣᠯᠴᠠᠭᠰᠠᠨ ᠬᠢᠴᠢᠶᠡᠯ᠎ᠤᠨ ᠴᠠᠭ᠎ᠢ ᠲᠣᠰ ᠣᠨ᠎ᠤ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠤᠨ ᠲᠤᠰᠬᠠᠢ ᠮᠡᠷᠭᠡᠵᠢᠯ᠎ᠤᠨ ᠬᠢᠴᠢᠶᠡᠯ ᠲᠥᠷᠥᠯ᠎ᠤᠨ ᠰᠤᠷᠤᠯᠭ᠎ᠠ ᠵᠢᠨ ᠴᠠᠭ᠎ᠲᠤ ᠪᠤᠳᠤᠵᠤ ᠣᠷᠣᠭᠤᠯᠵᠤ ᠪᠣᠯᠣᠨ᠎ᠠ᠃
ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠯ᠎ᠡ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ ᠵᠢᠨ ᠲᠤᠰᠬᠠᠢ ᠮᠡᠷᠭᠡᠵᠢᠯ᠎ᠤᠨ ᠠᠵᠢᠯᠲᠠᠨ ᠳᠡᠭᠡᠷᠡᠬᠢ ᠪᠣᠯᠪᠠᠰᠤᠷᠠᠯ᠎ᠳᠤ ᠣᠷᠣᠯᠴᠠᠭᠰᠠᠨ ᠪᠠᠢ᠌ᠪᠠᠯ᠂ ᠪᠠᠢ᠌ᠭ᠎ᠠ ᠨᠢᠭᠡᠴᠢ᠎ᠠᠴᠠ ᠬᠢᠴᠢᠶᠡᠯ᠎ᠤᠨ ᠴᠠᠭ᠎ᠢ ᠬᠢᠨᠠᠨ ᠲᠣᠭᠲᠠᠭ᠋ᠠᠬᠤ ᠵᠢ ᠬᠠᠷᠢᠭᠤᠴᠠᠵᠤ᠂ ᠪᠠᠷᠢᠮᠵᠢᠶ᠎ᠠ᠎ᠨᠢ ᠲᠣᠳᠣᠷᠬᠠᠢ ᠦᠭᠡᠢ ᠪᠤᠶᠤ ᠦᠷᠭᠦᠯᠵᠢᠯᠡᠨ ᠰᠤᠷᠭ᠋ᠠᠨ ᠬᠥᠮᠥᠵᠢᠭᠦᠯᠬᠦ ᠦᠶ᠎ᠡ ᠵᠢᠨ ᠱᠠᠭ᠋ᠠᠷᠳᠠᠯᠭ᠎ᠠ᠎ᠯᠤᠭ᠎ᠠ ᠨᠢᠭᠡᠳᠦᠯ ᠦᠭᠡᠢ ᠪᠠᠢ᠌ᠪᠠᠯ᠂ ᠴᠥᠮ 45 ᠮᠢᠨᠦ᠋ᠲ ᠵᠶ᠋ᠡᠷ 1 ᠬᠢᠴᠢᠶᠡᠯ᠎ᠤᠨ ᠴᠠᠭ᠎ᠢ ᠪᠤᠳᠤᠵᠤ ᠪᠣᠯᠣᠨ᠎ᠠ᠃
(ᠲᠠᠪᠤ) ᠬᠢᠴᠢᠶᠡᠯ᠎ᠤᠨ ᠴᠠᠭ᠎ᠢ ᠬᠠᠰᠤᠵᠤ ᠬᠡᠯᠲᠦᠷᠢᠭᠦᠯᠬᠦ ᠲᠣᠭᠲᠠᠭ᠋ᠠᠯ
1. ᠨᠠᠰᠤ ᠵᠢᠯ ᠵᠶ᠋ᠡᠷ ᠬᠢᠴᠢᠶᠡᠯ᠎ᠤᠨ ᠴᠠᠭ᠎ᠢ ᠬᠠᠰᠤᠵᠤ ᠬᠡᠯᠲᠦᠷᠢᠭᠦᠯᠬᠦ ᠲᠣᠭᠲᠠᠭ᠋ᠠᠯ᠃ ᠪᠦᠬᠦᠯᠢ 55 ᠨᠠᠰᠤ ᠬᠦᠷᠦᠭᠰᠡᠨ ᠡᠷᠡᠭᠲᠡᠢ᠂ ᠪᠦᠬᠦᠯᠢ 50 ᠨᠠᠰᠤ ᠬᠦᠷᠦᠭᠰᠡᠨ ᠡᠮᠡᠭᠲᠡᠢ ᠲᠤᠰᠬᠠᠢ ᠮᠡᠷᠭᠡᠵᠢᠯ᠎ᠤᠨ ᠠᠵᠢᠯᠲᠠᠨ ᠮᠡᠷᠭᠡᠵᠢᠯ᠎ᠤᠨ ᠴᠣᠯᠠ ᠵᠢᠨ ᠰᠢᠯᠭ᠋ᠠᠷᠠᠭᠤᠯᠤᠯᠲᠠ᠎ᠳᠤ ᠣᠷᠣᠯᠴᠠᠬᠤ ᠦᠶ᠎ᠡ᠎ᠳᠤ᠂ ᠦᠷᠭᠦᠯᠵᠢᠯᠡᠨ ᠰᠤᠷᠭ᠋ᠠᠨ ᠬᠥᠮᠥᠵᠢᠭᠦᠯᠬᠦ ᠬᠢᠴᠢᠶᠡᠯ᠎ᠤᠨ ᠴᠠᠭ᠎ᠢ ᠬᠢᠵᠠᠭ᠋ᠠᠷᠯᠠᠬᠤ ᠴᠢᠨᠠᠷᠲᠠᠢ ᠨᠥᠬᠥᠴᠡᠯ ᠪᠣᠯᠭ᠋ᠠᠬᠤ ᠦᠭᠡᠢ; ᠪᠦᠬᠦᠯᠢ 50 ᠨᠠᠰᠤ ᠬᠦᠷᠦᠭᠰᠡᠨ ᠡᠷᠡᠭᠲᠡᠢ᠂ ᠪᠦᠬᠦᠯᠢ 45 ᠨᠠᠰᠤ ᠬᠦᠷᠦᠭᠰᠡᠨ ᠡᠮᠡᠭᠲᠡᠢ ᠲᠤᠰᠬᠠᠢ ᠮᠡᠷᠭᠡᠵᠢᠯ᠎ᠤᠨ ᠠᠵᠢᠯᠲᠠᠨ ᠮᠡᠷᠭᠡᠵᠢᠯ᠎ᠤᠨ ᠴᠣᠯᠠ ᠵᠢᠨ ᠰᠢᠯᠭ᠋ᠠᠷᠠᠭᠤᠯᠤᠯᠲᠠ᠎ᠳᠤ ᠣᠷᠣᠯᠴᠠᠬᠤ ᠦᠶ᠎ᠡ᠎ᠳᠤ᠂ ᠣᠢ᠌ᠷ᠎ᠠ ᠵᠢᠨ ᠭᠤᠷᠪᠠᠨ ᠵᠢᠯ᠎ᠤᠨ ᠳᠣᠲᠣᠷᠠᠬᠢ ᠨᠢᠭᠡ ᠵᠢᠯ᠎ᠤᠨ ᠰᠤᠷᠤᠯᠭ᠎ᠠ ᠵᠢᠨ ᠴᠠᠭ᠎ᠤᠨ ᠱᠠᠭ᠋ᠠᠷᠳᠠᠯᠭ᠎ᠠ ᠵᠢ ᠪᠡᠶᠡᠯᠡᠭᠦᠯᠪᠡᠯ ᠪᠣᠯᠴᠢᠬᠠᠨ᠎ᠠ᠃
2. ᠨᠠᠢ᠌ᠳᠠ ᠵᠢᠨ ᠥᠮᠴᠢᠯᠡᠯ᠎ᠤᠨ ᠪᠤᠰᠤ ᠠᠵᠤ ᠠᠬᠤᠢ ᠵᠢᠨ ᠬᠦᠷᠢᠶ᠎ᠡ ᠪᠠ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠤᠨ ᠲᠤᠰᠬᠠᠢ ᠮᠡᠷᠭᠡᠵᠢᠯ᠎ᠤᠨ ᠠᠵᠢᠯᠲᠠᠨ᠎ᠤ ᠬᠢᠴᠢᠶᠡᠯ᠎ᠤᠨ ᠴᠠᠭ᠎ᠤᠨ ᠲᠤᠬᠠᠢ ᠲᠣᠭᠲᠠᠭ᠋ᠠᠯ᠃ ᠨᠠᠢ᠌ᠳᠠ ᠵᠢᠨ ᠥᠮᠴᠢᠯᠡᠯ᠎ᠤᠨ ᠪᠤᠰᠤ ᠠᠵᠤ ᠠᠬᠤᠢ ᠵᠢᠨ ᠬᠦᠷᠢᠶ᠎ᠡ ᠴᠠᠷᠠᠭ᠎ᠠ ᠪᠠ ᠰᠤᠮᠤ ᠰᠢᠶᠠᠩ ᠪᠠᠯᠭ᠋ᠠᠰᠤ ᠵᠡᠷᠭᠡ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠤᠨ ᠲᠤᠰᠬᠠᠢ ᠮᠡᠷᠭᠡᠵᠢᠯ᠎ᠤᠨ ᠠᠵᠢᠯᠲᠠᠨ᠎ᠤ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠳᠤ ᠢᠳᠡᠪᠬᠢᠲᠡᠢ ᠣᠷᠣᠯᠴᠠᠬᠤ ᠵᠢ ᠵᠣᠷᠢᠭᠵᠢᠭᠤᠯᠵᠤ᠂ 2025 ᠣᠨ᠎ᠤ ᠮᠡᠷᠭᠡᠵᠢᠯ᠎ᠤᠨ ᠴᠣᠯᠠ ᠵᠢᠨ ᠰᠢᠯᠭ᠋ᠠᠷᠠᠭᠤᠯᠤᠯᠲᠠ᠎ᠳᠤ ᠣᠷᠣᠯᠴᠠᠬᠤ᠎ᠳᠠᠭᠠᠨ᠂ ᠦᠷᠭᠦᠯᠵᠢᠯᠡᠨ ᠰᠤᠷᠭ᠋ᠠᠨ ᠬᠥᠮᠥᠵᠢᠭᠦᠯᠬᠦ ᠬᠢᠴᠢᠶᠡᠯ᠎ᠤᠨ ᠴᠠᠭ᠎ᠢ ᠬᠢᠵᠠᠭ᠋ᠠᠷᠯᠠᠬᠤ ᠴᠢᠨᠠᠷᠲᠠᠢ ᠨᠥᠬᠥᠴᠡᠯ ᠪᠣᠯᠭ᠋ᠠᠬᠤ ᠦᠭᠡᠢ᠂ ᠬᠠᠮᠢᠶ᠎ᠠ ᠪᠦᠬᠦᠢ ᠰᠤᠷᠤᠯᠴᠠᠭᠰᠠᠨ ᠥᠩᠭᠡᠷᠡᠯᠲᠡ ᠵᠢ ᠰᠢᠯᠭ᠋ᠠᠷᠠᠭᠤᠯᠤᠯᠲᠠ᠎ᠳᠤ ᠯᠠᠪᠯᠠᠯᠲᠠ ᠪᠣᠯᠭ᠋ᠠᠨ᠎ᠠ᠃
3. ᠥᠷᠲᠡᠭᠡᠨ᠎ᠠᠴᠠ ᠭᠠᠷᠤᠭᠰᠠᠨ ᠫᠤᠰᠲ ᠳ᠋ᠣᠺᠲ᠋ᠣᠷ᠎ᠤᠨ ᠬᠢᠴᠢᠶᠡᠯ᠎ᠤᠨ ᠴᠠᠭ᠎ᠤᠨ ᠲᠤᠬᠠᠢ ᠲᠣᠭᠲᠠᠭ᠋ᠠᠯ᠃ ᠥᠷᠲᠡᠭᠡᠨ᠎ᠳᠤ ᠪᠠᠶ᠋ᠢᠬᠤ ᠬᠤᠭᠤᠴᠠᠭ᠋ᠠᠨ᠎ᠳᠠᠭᠠᠨ ᠳᠤᠮᠳᠠᠳᠤ ᠤᠯᠤᠰ᠎ᠤᠨ ᠫᠤᠰᠲ ᠳ᠋ᠣᠺᠲ᠋ᠣᠷ᠎ᠤᠨ ᠰᠢᠨᠵᠢᠯᠡᠬᠦ ᠤᠬᠠᠭ᠋ᠠᠨ᠎ᠤ ᠰᠠᠭᠤᠷᠢ ᠮᠥᠩᠭᠥᠨ᠎ᠤ ᠲᠤᠰᠠᠯᠠᠮᠵᠢ ᠵᠢ ᠭᠥᠷᠳᠡᠭᠰᠡᠨ ᠪᠤᠶᠤ ᠮᠤᠵᠢ ᠶᠠᠮᠤᠨ᠎ᠤ ᠲᠠᠰ᠎ᠠᠴᠠ ᠳᠡᠭᠡᠭᠰᠢᠬᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠥᠷᠥᠯ ᠵᠦᠢ᠍ᠯ᠎ᠢ ᠡᠷᠭᠢᠯᠡᠵᠦ᠂ ᠥᠷᠲᠡᠭᠡᠨ᠎ᠠᠴᠠ ᠭᠠᠷᠤᠭᠰᠠᠨ᠎ᠤ ᠳᠠᠷᠠᠭ᠎ᠠ ᠥᠪᠡᠷᠲᠡᠭᠡᠨ ᠵᠠᠰᠠᠬᠤ ᠣᠷᠣᠨ᠎ᠳᠤ ᠦᠯᠡᠳᠡᠵᠦ ᠠᠵᠢᠯᠯᠠᠭᠰᠠᠨ ᠲᠤᠰᠬᠠᠢ ᠮᠡᠷᠭᠡᠵᠢᠯ᠎ᠤᠨ ᠠᠵᠢᠯᠲᠠᠨ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠵᠢᠨ ᠰᠢᠯᠭ᠋ᠠᠷᠠᠭᠤᠯᠤᠯᠲᠠ᠎ᠳᠤ ᠣᠷᠣᠯᠴᠠᠬᠤ᠎ᠪᠠᠷ ᠭᠤᠶᠤᠴᠢᠯᠠᠬᠤ ᠦᠶ᠎ᠡ᠎ᠳᠤ᠂ ᠦᠷᠭᠦᠯᠵᠢᠯᠡᠨ ᠰᠤᠷᠭ᠋ᠠᠨ ᠬᠥᠮᠥᠵᠢᠭᠦᠯᠬᠦ ᠬᠢᠴᠢᠶᠡᠯ᠎ᠤᠨ ᠴᠠᠭ᠎ᠢ ᠱᠠᠭ᠋ᠠᠷᠳᠠᠬᠤ ᠦᠭᠡᠢ᠃
4. ᠬᠢᠵᠢᠭ᠎ᠤᠨ ᠪᠠᠶ᠋ᠢᠳᠠᠯ᠎ᠢ ᠰᠡᠷᠭᠡᠢ᠌ᠯᠡᠨ ᠡᠵᠡᠮᠳᠡᠬᠦ ᠨᠢᠭᠡᠳᠦᠭᠡᠷ ᠹᠷᠣᠨᠲ᠎ᠤᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠲᠤᠰᠬᠠᠢ ᠮᠡᠷᠭᠡᠵᠢᠯ᠎ᠤᠨ ᠠᠵᠢᠯᠲᠠᠨ᠎ᠤ ᠬᠢᠴᠢᠶᠡᠯ᠎ᠤᠨ ᠴᠠᠭ᠎ᠤᠨ ᠲᠤᠬᠠᠢ ᠲᠣᠭᠲᠠᠭ᠋ᠠᠯ᠃ ᠬᠢᠵᠢᠭ᠎ᠤᠨ ᠪᠠᠶ᠋ᠢᠳᠠᠯ᠎ᠢ ᠰᠡᠷᠭᠡᠢ᠌ᠯᠡᠨ ᠡᠵᠡᠮᠳᠡᠬᠦ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ᠎ᠳᠤ ᠬᠡᠯᠪᠡᠢ᠌ᠯᠭᠡᠬᠦ ᠲᠥᠷᠥ ᠵᠢᠨ ᠪᠣᠳᠣᠯᠭ᠎ᠠ᠎ᠳᠤ ᠨᠡᠶ᠋ᠢᠴᠡᠬᠦ ᠲᠤᠰᠬᠠᠢ ᠮᠡᠷᠭᠡᠵᠢᠯ᠎ᠤᠨ ᠠᠵᠢᠯᠲᠠᠨ ᠮᠡᠷᠭᠡᠵᠢᠯ᠎ᠤᠨ ᠴᠣᠯᠠ ᠭᠤᠶᠤᠴᠢᠯᠠᠨ ᠮᠡᠳᠡᠭᠦᠯᠬᠦ ᠦᠶ᠎ᠡ᠎ᠳᠤ᠂ ᠬᠢᠵᠢᠭ᠎ᠤᠨ ᠪᠠᠶ᠋ᠢᠳᠠᠯ᠎ᠢ ᠰᠡᠷᠭᠡᠢ᠌ᠯᠡᠨ ᠡᠵᠡᠮᠳᠡᠬᠦ ᠲᠤᠬᠠᠢ ᠵᠢᠨ ᠵᠢᠯ᠎ᠤᠨ ᠦᠷᠭᠦᠯᠵᠢᠯᠡᠨ ᠰᠤᠷᠭ᠋ᠠᠨ ᠬᠥᠮᠥᠵᠢᠭᠦᠯᠬᠦ ᠬᠢᠴᠢᠶᠡᠯ᠎ᠤᠨ ᠴᠠᠭ᠎ᠢ ᠱᠠᠭ᠋ᠠᠷᠳᠠᠬᠤ ᠦᠭᠡᠢ᠃
5. ᠨᠠᠮ ᠵᠠᠰᠠᠭ᠎ᠤᠨ ᠪᠠᠢ᠌ᠭᠤᠯᠭ᠎ᠠ᠎ᠠᠴᠠ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ᠎ᠳᠤ ᠰᠢᠯᠵᠢᠨ ᠣᠷᠣᠭᠰᠠᠨ ᠠᠵᠢᠯᠲᠠᠨ᠎ᠤ ᠬᠢᠴᠢᠶᠡᠯ᠎ᠤᠨ ᠴᠠᠭ᠎ᠤᠨ ᠲᠤᠬᠠᠢ ᠲᠣᠭᠲᠠᠭ᠋ᠠᠯ᠃ ᠨᠠᠮ ᠵᠠᠰᠠᠭ᠎ᠤᠨ ᠪᠠᠢ᠌ᠭᠤᠯᠭ᠎ᠠ ᠵᠢᠨ ᠠᠵᠢᠯᠲᠠᠨ᠎ᠢ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ ᠵᠢᠨ ᠲᠤᠰᠬᠠᠢ ᠮᠡᠷᠭᠡᠵᠢᠯ᠎ᠤᠨ ᠠᠵᠢᠯ᠎ᠤᠨ ᠪᠠᠶ᠋ᠢᠷᠢ᠎ᠳᠤ ᠰᠢᠯᠵᠢᠭᠦᠯᠦᠨ ᠲᠣᠮᠢᠯᠠᠵᠤ᠂ ᠲᠤᠬᠠᠢ ᠵᠢᠨ ᠵᠢᠯ᠎ᠳᠤ ᠮᠡᠷᠭᠡᠵᠢᠯ᠎ᠤᠨ ᠴᠣᠯᠠ ᠵᠢᠨ ᠰᠢᠯᠭ᠋ᠠᠷᠠᠭᠤᠯᠤᠯᠲᠠ᠎ᠳᠤ ᠣᠷᠣᠯᠴᠠᠬᠤ ᠦᠶ᠎ᠡ᠎ᠳᠤ᠂ ᠦᠷᠭᠦᠯᠵᠢᠯᠡᠨ ᠰᠤᠷᠭ᠋ᠠᠨ ᠬᠥᠮᠥᠵᠢᠭᠦᠯᠬᠦ ᠬᠢᠴᠢᠶᠡᠯ᠎ᠤᠨ ᠴᠠᠭ᠎ᠢ ᠱᠠᠭ᠋ᠠᠷᠳᠠᠬᠤ ᠦᠭᠡᠢ; ᠲᠤᠬᠠᠢ ᠵᠢᠨ ᠵᠢᠯ᠎ᠳᠤ ᠰᠢᠯᠭ᠋ᠠᠷᠠᠭᠤᠯᠤᠯᠲᠠ᠎ᠳᠤ ᠣᠷᠣᠯᠴᠠᠭᠰᠠᠨ ᠦᠭᠡᠢ ᠪᠠᠢ᠌ᠪᠠᠯ᠂ ᠰᠢᠯᠵᠢᠭᠦᠯᠦᠨ ᠲᠣᠮᠢᠯᠠᠭᠰᠠᠨ ᠪᠣᠳᠠᠲᠠᠢ ᠵᠢᠯ ᠬᠤᠭᠤᠴᠠᠭ᠎ᠠ (ᠣᠨ)᠎ᠪᠠᠷ ᠦᠷᠭᠦᠯᠵᠢᠯᠡᠨ ᠰᠤᠷᠭ᠋ᠠᠨ ᠬᠥᠮᠥᠵᠢᠭᠦᠯᠬᠦ ᠬᠢᠴᠢᠶᠡᠯ᠎ᠤᠨ ᠴᠠᠭ᠎ᠤᠨ ᠱᠠᠭ᠋ᠠᠷᠳᠠᠯᠭ᠎ᠠ ᠵᠢ ᠪᠡᠶᠡᠯᠡᠭᠦᠯᠬᠦ ᠬᠡᠷᠡᠭᠲᠡᠶ᠃
6. ᠳᠦᠷᠢᠮ᠎ᠠᠴᠠ ᠭᠠᠳᠠᠭᠤᠷ ᠬᠥᠮᠥᠰ᠎ᠤᠨ ᠬᠢᠴᠢᠶᠡᠯ᠎ᠤᠨ ᠴᠠᠭ᠎ᠤᠨ ᠲᠤᠬᠠᠢ ᠲᠣᠭᠲᠠᠭ᠋ᠠᠯ᠃ ᠲᠤᠰᠬᠠᠢ ᠮᠡᠷᠭᠡᠵᠢᠯ᠎ᠤᠨ ᠠᠵᠢᠯᠲᠠᠨ ᠳᠦᠷᠢᠮ᠎ᠠᠴᠠ ᠭᠠᠳᠠᠭᠤᠷ ᠮᠡᠷᠭᠡᠵᠢᠯ᠎ᠤᠨ ᠴᠣᠯᠠ ᠵᠢ ᠬᠢᠨᠠᠨ ᠰᠢᠯᠭ᠋ᠠᠷᠠᠭᠤᠯᠬᠤ᠎ᠪᠠᠷ ᠭᠤᠶᠤᠴᠢᠯᠠᠨ ᠮᠡᠳᠡᠭᠦᠯᠦᠭᠰᠡᠨ ᠪᠠᠢ᠌ᠪᠠᠯ᠂ ᠪᠣᠳᠠᠲᠠᠢ ᠲᠤᠰᠢᠶᠠᠯ ᠡᠭᠦᠷᠭᠡᠯᠡᠭᠰᠡᠨ ᠵᠢᠯ ᠬᠤᠭᠤᠴᠠᠭ᠎ᠠ (ᠣᠨ) ᠶᠣᠰᠣᠭ᠋ᠠᠷ᠂ ᠦᠷᠭᠦᠯᠵᠢᠯᠡᠨ ᠰᠤᠷᠭ᠋ᠠᠨ ᠬᠥᠮᠥᠵᠢᠭᠦᠯᠬᠦ ᠬᠢᠴᠢᠶᠡᠯ᠎ᠤᠨ ᠴᠠᠭ᠎ᠤᠨ ᠱᠠᠭ᠋ᠠᠷᠳᠠᠯᠭ᠎ᠠ ᠵᠢ ᠪᠡᠶᠡᠯᠡᠭᠦᠯᠬᠦ ᠬᠡᠷᠡᠭᠲᠡᠶ᠃
(ᠵᠢᠷᠭᠤᠭ᠎ᠠ) ᠬᠢᠨᠠᠨ ᠰᠢᠯᠭ᠋ᠠᠬᠤ ᠲᠣᠭᠲᠠᠭ᠋ᠠᠯ
ᠡᠯ᠎ᠡ ᠠᠶ᠋ᠢᠮᠠᠭ ᠬᠣᠲᠠ ᠵᠢᠴᠢ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠡᠯ᠎ᠡ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ ᠲᠤᠰ ᠭᠠᠵᠠᠷ ᠣᠷᠣᠨ᠂ ᠲᠤᠰ ᠨᠢᠭᠡᠴᠢ ᠵᠢᠨ ᠵᠶ᠋ᠡᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠬᠦ ᠬᠡᠷᠡᠭᠴᠡᠭᠡ ᠱᠠᠭ᠋ᠠᠷᠳᠠᠯᠭ᠎ᠠ᠎ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠵᠣᠬᠢᠬᠤ ᠬᠢᠷᠢ ᠬᠡᠮ᠎ᠲᠠᠢ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠤᠨ ᠰᠠᠭᠤᠷᠢᠨ ᠭᠠᠵᠠᠷ ᠵᠢᠴᠢ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠤᠨ ᠰᠠᠭᠤᠷᠢᠨ ᠭᠠᠵᠠᠷ ᠪᠤᠶᠤ ᠠᠵᠢᠯ ᠲᠥᠷᠥᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠵᠥᠪᠰᠢᠶᠡᠷᠡᠭᠰᠡᠨ ᠰᠤᠷᠭ᠋ᠠᠨ ᠬᠥᠮᠦᠵᠢᠯ᠎ᠤᠨ ᠪᠣᠯᠪᠠᠰᠤᠷᠠᠯ᠎ᠤᠨ ᠪᠠᠢ᠌ᠭᠤᠯᠤᠮᠵᠢ (ᠲᠠᠪᠴᠠᠩ) ᠵᠢ ᠥᠪᠡᠰᠦᠪᠡᠨ ᠵᠣᠬᠢᠶᠠᠨ ᠪᠠᠢ᠌ᠭᠤᠯᠬᠤ ᠪᠤᠶᠤ ᠰᠣᠩᠭᠣᠵᠤ ᠲᠤᠰᠬᠠᠢ ᠮᠡᠷᠭᠡᠵᠢᠯ᠎ᠤᠨ ᠠᠵᠢᠯᠲᠠᠨ᠎ᠤ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠤᠨ ᠪᠣᠯᠪᠠᠰᠤᠷᠠᠯ᠎ᠢ ᠥᠷᠨᠢᠭᠦᠯᠦᠨ᠎ᠡ᠂ ᠪᠣᠳᠠᠲᠠᠢ ᠠᠵᠢᠯ᠎ᠤᠨ ᠱᠠᠭ᠋ᠠᠷᠳᠠᠯᠭ᠎ᠠ᠎ᠨᠢ ᠳᠣᠣᠷᠠᠬᠢ ᠮᠡᠲᠦ᠄
1. ᠪᠣᠯᠪᠠᠰᠤᠷᠠᠯ᠎ᠤᠨ ᠲᠥᠯᠥᠪᠯᠡᠭᠡ ᠲᠣᠭᠲᠠᠭ᠋ᠠᠵᠤ᠂ ᠪᠣᠯᠪᠠᠰᠤᠷᠠᠯ᠎ᠤᠨ ᠳ᠋ᠦᠩᠨᠡᠯᠲᠡ᠎ᠪᠠᠨ ᠴᠠᠭ ᠲᠤᠬᠠᠢᠳᠤᠨᠢ ᠮᠡᠳᠡᠭᠦᠯᠦᠨ ᠬᠦᠷᠭᠡᠬᠦ ᠬᠡᠷᠡᠭᠲᠡᠶ᠃ ᠡᠯ᠎ᠡ ᠠᠶ᠋ᠢᠮᠠᠭ ᠬᠣᠲᠠ ᠵᠢᠴᠢ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠯ᠎ᠡ ᠨᠢᠭᠡᠴᠢ᠂ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠤᠨ ᠰᠠᠭᠤᠷᠢᠨ ᠭᠠᠵᠠᠷ᠎ᠨᠢ ᠡᠷᠬᠡᠪᠰᠢ ᠪᠣᠯᠪᠠᠰᠤᠷᠠᠯ ᠥᠷᠨᠢᠭᠦᠯᠬᠦ᠎ᠠᠴᠠ ᠬᠣᠶᠠᠷ ᠭᠠᠷᠠᠭ᠎ᠤᠨ ᠡᠮᠦᠨ᠎ᠡ ᠲᠣᠰ ᠭᠠᠵᠠᠷ ᠣᠷᠣᠨ᠂ ᠲᠣᠰ ᠨᠢᠭᠡᠴᠢ᠂ ᠲᠣᠰ ᠰᠠᠭᠤᠷᠢᠨ ᠭᠠᠵᠠᠷ᠎ᠤᠨ 《ᠲᠤᠰᠬᠠᠢ ᠮᠡᠷᠭᠡᠵᠢᠯ᠎ᠤᠨ ᠠᠵᠢᠯᠲᠠᠨ᠎ᠤ ᠣᠨ᠎ᠤ ᠪᠣᠯᠪᠠᠰᠤᠷᠠᠯ᠎ᠤᠨ ᠲᠥᠯᠥᠪᠯᠡᠭᠡ ᠵᠢᠨ ᠳᠠᠩᠰᠠᠯᠠᠭᠤᠯᠬᠤ ᠬᠦᠰᠦᠨᠦᠭᠲᠦ》 (ᠳᠠᠭ᠋ᠠᠯᠳᠤᠭᠤᠯᠤᠯ 1 ᠵᠢ ᠦᠵᠡ) ᠵᠢ ᠥᠪᠥᠷ ᠮᠣᠩᠭᠣᠯ᠎ᠤᠨ ᠴᠢᠳᠠᠪᠤᠷᠢᠲᠠᠨ᠎ᠤ ᠮᠡᠳᠡᠭᠡ ᠵᠠᠩᠭᠢ ᠵᠢᠨ ᠬᠥᠮᠥᠷᠭᠡ (www.nmgrck.cn/jxjy)᠎ᠳᠤ ᠳᠠᠮᠵᠢᠭᠤᠯᠵᠤ᠂ ᠬᠢᠨᠠᠨ ᠬᠠᠷᠭᠤᠭᠤᠯᠤᠭᠰᠠᠨ᠎ᠤ ᠳᠠᠷᠠᠭ᠎ᠠ ᠪᠣᠯᠪᠠᠰᠤᠷᠠᠯ᠎ᠢ ᠵᠣᠬᠢᠶᠠᠨ ᠪᠠᠢ᠌ᠭᠤᠯᠤᠨ ᠥᠷᠨᠢᠭᠦᠯᠬᠦ ᠵᠢᠨ ᠬᠠᠮᠲᠤ ᠪᠣᠯᠪᠠᠰᠤᠷᠠᠯ ᠳᠠᠭᠤᠰᠤᠭᠰᠠᠨ᠎ᠤ ᠳᠠᠷᠠᠭ᠎ᠠ ᠬᠣᠶᠠᠷ ᠭᠠᠷᠠᠭ᠎ᠤᠨ ᠳᠣᠲᠣᠷ᠎ᠠ ᠪᠣᠯᠪᠠᠰᠤᠷᠠᠯ᠎ᠤᠨ ᠮᠡᠳᠡᠭᠳᠡᠯ᠂ 《ᠲᠤᠰᠬᠠᠢ ᠮᠡᠷᠭᠡᠵᠢᠯ᠎ᠤᠨ ᠠᠵᠢᠯᠲᠠᠨ᠎ᠤ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠤᠨ ᠪᠣᠯᠪᠠᠰᠤᠷᠠᠯ᠎ᠤᠨ ᠨᠡᠷᠡᠰ᠎ᠤᠨ ᠪᠦᠷᠢᠳᠬᠡᠯ》 (ᠳᠠᠭ᠋ᠠᠯᠳᠤᠭᠤᠯᠤᠯ 2᠎ᠢ ᠦᠵᠡ)᠎ᠢ ᠥᠪᠥᠷ ᠮᠣᠩᠭᠣᠯ᠎ᠤᠨ ᠴᠢᠳᠠᠪᠤᠷᠢᠲᠠᠨ᠎ᠤ ᠮᠡᠳᠡᠭᠡ ᠵᠠᠩᠭᠢ ᠵᠢᠨ ᠬᠥᠮᠥᠷᠭᠡ᠎ᠳᠤ ᠳᠠᠮᠵᠢᠭᠤᠯᠬᠤ ᠬᠡᠷᠡᠭᠲᠡᠢ᠃
2. ᠲᠣᠭ᠎ᠠ ᠪᠠᠷᠢᠮᠲᠠ ᠵᠢ ᠴᠠᠭ ᠲᠤᠬᠠᠢᠳᠤᠨᠢ ᠳᠠᠮᠵᠢᠭᠤᠯᠵᠤ᠂ ᠦᠷᠭᠦᠯᠵᠢᠯᠡᠨ ᠰᠤᠷᠭ᠋ᠠᠨ ᠬᠥᠮᠥᠵᠢᠯ᠎ᠢ ᠬᠢᠨᠠᠨ ᠰᠢᠯᠭ᠋ᠠᠬᠤ ᠵᠢ ᠪᠡᠶᠡᠯᠡᠭᠦᠯᠦᠨ᠎ᠡ᠃ ᠡᠯ᠎ᠡ ᠠᠶ᠋ᠢᠮᠠᠭ ᠬᠣᠲᠠ ᠵᠢᠴᠢ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠯ᠎ᠡ ᠨᠢᠭᠡᠴᠢ᠂ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠤᠨ ᠰᠠᠭᠤᠷᠢᠨ ᠭᠠᠵᠠᠷ᠎ᠤᠳ ᠨᠡᠪᠲᠡᠷᠡᠯᠴᠡᠨ ᠵᠣᠬᠢᠴᠠᠭᠤᠯᠬᠤ ᠵᠢ ᠰᠠᠶ᠋ᠢᠲᠤᠷ ᠬᠢᠵᠦ᠂ ᠥᠪᠥᠷ ᠮᠣᠩᠭᠣᠯ᠎ᠤᠨ ᠴᠢᠳᠠᠪᠤᠷᠢᠲᠠᠨ᠎ᠤ ᠮᠡᠳᠡᠭᠡ ᠵᠠᠩᠭᠢ ᠵᠢᠨ ᠬᠥᠮᠥᠷᠭᠡ᠎ᠲᠠᠢ ᠢᠳᠡᠪᠬᠢᠲᠡᠢ ᠵᠣᠯᠭ᠋ᠠᠭᠤᠯᠤᠨ᠂ ᠲᠣᠰ ᠭᠠᠵᠠᠷ ᠣᠷᠣᠨ᠂ ᠲᠣᠰ ᠨᠢᠭᠡᠴᠢ᠂ ᠲᠣᠰ ᠰᠠᠭᠤᠷᠢᠨ ᠭᠠᠵᠠᠷ᠎ᠤᠨ ᠲᠤᠰᠬᠠᠢ ᠮᠡᠷᠭᠡᠵᠢᠯ᠎ᠤᠨ ᠠᠵᠢᠯᠲᠠᠨ᠎ᠤ ᠪᠣᠯᠪᠠᠰᠤᠷᠠᠯ᠎ᠤᠨ ᠬᠢᠴᠢᠶᠡᠯ᠎ᠤᠨ ᠴᠠᠭ᠎ᠢ ᠨᠤᠲᠠᠯᠠᠨ ᠲᠣᠭᠲᠠᠭ᠋ᠠᠬᠤ ᠵᠢᠴᠢ ᠲᠣᠭ᠎ᠠ ᠪᠠᠷᠢᠮᠲᠠ ᠵᠢ ᠳᠠᠮᠵᠢᠭᠤᠯᠬᠤ ᠠᠵᠢᠯ᠎ᠢ ᠥᠨᠳᠥᠷ ᠦᠷ᠎ᠡ ᠪᠦᠲᠦᠮᠵᠢᠲᠡᠢ ᠪᠡᠶᠡᠯᠡᠭᠦᠯᠵᠦ᠂ ᠲᠤᠰᠬᠠᠢ ᠮᠡᠷᠭᠡᠵᠢᠯ᠎ᠤᠨ ᠠᠵᠢᠯᠲᠠᠨ᠎ᠳᠤ ᠴᠠᠭ ᠲᠤᠬᠠᠢᠳᠤᠨᠢ ᠥᠪᠥᠷ ᠮᠣᠩᠭᠣᠯ᠎ᠤᠨ ᠴᠢᠳᠠᠪᠤᠷᠢᠲᠠᠨ᠎ᠤ ᠮᠡᠳᠡᠭᠡ ᠵᠠᠩᠭᠢ ᠵᠢᠨ ᠬᠥᠮᠥᠷᠭᠡ (www.nmgrck.cn)᠎ᠳᠤ ᠨᠡᠪᠳᠡᠷᠡᠵᠦ ᠬᠢᠨᠠᠨ ᠰᠢᠯᠭ᠋ᠠᠬᠤ ᠺᠠᠷᠲ ᠵᠶ᠋ᠠᠨ ᠥᠪᠡᠷᠲᠡᠭᠡᠨ ᠳᠠᠷᠤᠮᠠᠯᠯᠠᠵᠤ ᠠᠪᠬᠤ ᠵᠢ ᠮᠡᠳᠡᠭᠳᠡᠬᠦ ᠬᠡᠷᠡᠭᠲᠡᠶ᠃
ᠬᠣᠶᠠᠷ᠂ ᠳᠡᠭᠡᠳᠦ ᠵᠡᠷᠭᠡ ᠵᠢᠨ ᠰᠤᠳᠤᠯᠤᠨ ᠰᠤᠷᠤᠯᠴᠠᠬᠤ ᠲᠥᠷᠥᠯ ᠵᠦᠢ᠍ᠯ᠎ᠢ ᠬᠡᠷᠡᠭᠵᠢᠭᠦᠯᠦᠨ᠎ᠡ
ᠤᠯᠤᠰ ᠪᠣᠯᠣᠨ ᠭᠠᠵᠠᠷ ᠣᠷᠣᠨ᠎ᠳᠤ ᠦᠢ᠍ᠯᠡᠴᠢᠯᠡᠬᠦ ᠴᠢᠬᠤᠯᠠ ᠶᠡᠬᠡ ᠪᠠᠢ᠌ᠯᠳᠤᠬᠤ ᠪᠣᠳᠣᠯᠭ᠎ᠠ ᠵᠢᠨ ᠲᠣᠭᠣᠷᠢᠨ᠎ᠳᠤ᠂ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ ᠪᠠ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠬᠥᠭᠵᠢᠯᠲᠡ ᠵᠢ ᠲᠣᠪᠤᠢ᠌ᠯᠭ᠋ᠠᠨ᠂ ᠥᠨᠳᠥᠷ ᠬᠢᠷᠢ ᠲᠦᠪᠰᠢᠨ᠂ ᠪᠠᠭ᠎ᠠ ᠬᠡᠪᠴᠢᠶᠡᠨ᠎ᠤ᠂ ᠣᠨᠴᠠᠯᠢᠭ᠎ᠢ ᠴᠢᠬᠤᠯᠠᠴᠢᠯᠠᠬᠤ ᠱᠠᠭ᠋ᠠᠷᠳᠠᠯᠭ᠎ᠠ ᠶᠣᠰᠣᠭ᠋ᠠᠷ᠂ ᠳᠤᠮᠳᠠ ᠳᠡᠭᠡᠳᠦ ᠲᠠᠰ ᠳᠠᠪᠬᠤᠷᠭ᠎ᠠ ᠵᠢᠨ ᠲᠤᠰᠬᠠᠢ ᠮᠡᠷᠭᠡᠵᠢᠯ᠎ᠤᠨ ᠠᠵᠢᠯᠲᠠᠨ ᠪᠠ ᠡᠵᠡᠩᠨᠡᠯᠲᠡ ᠬᠠᠮᠢᠶᠠᠷᠤᠯᠲᠠ ᠵᠢᠨ ᠠᠵᠢᠯᠲᠠᠨ᠎ᠳᠤ ᠬᠠᠨᠳᠤᠭᠤᠯᠤᠨ᠂ ᠤᠯᠤᠰ᠎ᠤᠨ ᠲᠠᠰ᠎ᠤᠨ ᠳᠡᠭᠡᠳᠦ ᠲᠠᠰ᠎ᠤᠨ ᠰᠤᠳᠤᠯᠤᠨ ᠰᠤᠷᠤᠯᠴᠠᠬᠤ ᠲᠥᠷᠥᠯ ᠵᠦᠢ᠍ᠯ᠎ᠢ ᠭᠤᠶᠤᠴᠢᠯᠠᠨ ᠡᠷᠭᠢᠯᠡᠵᠦ᠂ ᠡᠯ᠎ᠡ ᠠᠵᠢᠯ ᠲᠥᠷᠥᠯ᠎ᠤᠨ ᠰᠠᠯᠠᠭ᠎ᠠ ᠮᠥᠴᠢᠷ᠎ᠤᠨ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠳᠡᠭᠡᠳᠦ ᠲᠠᠰ᠎ᠤᠨ ᠰᠤᠳᠤᠯᠤᠨ ᠰᠤᠷᠤᠯᠴᠠᠬᠤ ᠲᠥᠷᠥᠯ ᠵᠦᠢ᠍ᠯ᠎ᠢ ᠥᠷᠨᠢᠭᠦᠯᠬᠦ ᠵᠢ ᠵᠣᠷᠢᠭᠵᠢᠭᠤᠯᠵᠤ᠂ ᠨᠢᠭᠡ ᠪᠦᠯᠦᠭ ᠳᠡᠭᠡᠳᠦ ᠲᠠᠰ ᠳᠠᠪᠬᠤᠷᠭ᠎ᠠ ᠵᠢᠨ᠂ ᠪᠠᠴᠢᠮ ᠬᠡᠷᠡᠭᠴᠡᠭᠡ᠎ᠲᠠᠢ ᠳᠤᠲᠠᠭᠳᠠᠵᠤ ᠪᠠᠢ᠌ᠭ᠎ᠠ ᠪᠠ ᠭᠣᠣᠯᠯᠠᠭᠴᠢ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠦᠨ᠎ᠡ᠃
ᠭᠤᠷᠪᠠ᠂ ᠮᠡᠳᠡᠯᠭᠡ ᠵᠢ ᠰᠢᠨᠡᠳᠬᠡᠵᠦ ᠴᠢᠳᠠᠪᠤᠷᠢ ᠵᠢ ᠳᠡᠭᠡᠭᠰᠢᠯᠡᠭᠦᠯᠬᠦ ᠶᠡᠬᠡ ᠬᠡᠪᠴᠢᠶᠡᠨ᠎ᠤ ᠠᠵᠢᠯᠯᠠᠭ᠎ᠠ ᠵᠢ ᠥᠷᠨᠢᠭᠦᠯᠦᠨ᠎ᠡ
ᠡᠯ᠎ᠡ ᠠᠶ᠋ᠢᠮᠠᠭ ᠬᠣᠲᠠ᠂ ᠥᠪᠡᠷᠲᠡᠭᠡᠨ ᠵᠠᠰᠠᠬᠤ ᠣᠷᠣᠨ᠎ᠤ ᠡᠯ᠎ᠡ ᠠᠵᠢᠯ ᠲᠥᠷᠥᠯ᠎ᠤᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠎ᠤᠳ ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ᠎ᠳᠤ ᠦᠢ᠍ᠯᠡᠴᠢᠯᠡᠬᠦ ᠬᠡᠷᠡᠭᠴᠡᠭᠡ ᠱᠠᠭ᠋ᠠᠷᠳᠠᠯᠭ᠎ᠠ ᠵᠢᠨ ᠲᠣᠭᠣᠷᠢᠨ᠎ᠳᠤ᠂ ᠰᠢᠨ᠎ᠡ ᠨᠢᠭᠡ ᠦᠶ᠎ᠡ ᠵᠢᠨ ᠮᠡᠳᠡᠭᠡ ᠵᠠᠩᠭᠢ ᠵᠢᠨ ᠮᠡᠷᠭᠡᠵᠢᠯ᠂ ᠰᠢᠨ᠎ᠡ ᠡᠨᠧᠷᠭᠢ ᠪᠠ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠡᠷᠭᠡ ᠭᠣᠣᠯᠳᠠᠯᠭ᠎ᠠ᠎ᠲᠠᠢ ᠬᠦᠷᠢᠶᠡᠨ᠎ᠳᠤ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠤ ᠮᠡᠳᠡᠯᠭᠡ ᠵᠢᠨ ᠰᠢᠨᠡᠴᠢᠯᠡᠯᠲᠡ ᠵᠢᠨ ᠴᠢᠳᠠᠪᠤᠷᠢ ᠵᠢ ᠳᠡᠭᠡᠭᠰᠢᠯᠡᠭᠦᠯᠬᠦ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠬᠡᠷᠡᠭᠵᠢᠭᠦᠯᠵᠦ᠂ 2025 ᠣᠨ᠎ᠤ 1 ᠰᠠᠷ᠎ᠠ ᠵᠢᠨ ᠰᠡᠭᠦᠯᠴᠢ᠎ᠠᠴᠠ ᠡᠮᠦᠨ᠎ᠡ ᠲᠣᠰ ᠵᠢᠯ᠎ᠤᠨ ᠬᠥᠮᠥᠵᠢᠭᠦᠯᠦᠨ ᠪᠣᠯᠪᠠᠰᠤᠷᠠᠭᠤᠯᠬᠤ ᠲᠥᠯᠥᠪᠯᠡᠭᠡ (ᠳᠠᠭ᠋ᠠᠯᠳᠤᠭᠤᠯᠤᠯ 3 ᠵᠢ ᠦᠵᠡ)᠎ᠪᠠᠨ ᠲᠣᠭᠲᠠᠭ᠋ᠠᠬᠤ ᠵᠢᠨ ᠬᠠᠮᠲᠤ 11 ᠰᠠᠷ᠎ᠠ ᠵᠢᠨ ᠰᠡᠭᠦᠯᠴᠢ᠎ᠠᠴᠠ ᠡᠮᠦᠨ᠎ᠡ ᠲᠥᠷᠥᠯ ᠵᠦᠢ᠍ᠯ᠎ᠢ ᠬᠡᠷᠡᠭᠵᠢᠭᠦᠯᠦᠭᠰᠡᠨ ᠪᠠᠶ᠋ᠢᠳᠠᠯ᠎ᠤᠨ ᠳ᠋ᠦᠩᠨᠡᠯᠲᠡ᠎ᠪᠠᠨ ᠮᠡᠳᠡᠭᠦᠯᠦᠨ ᠬᠦᠷᠭᠡᠬᠦ ᠬᠡᠷᠡᠭᠲᠡᠶ᠃ ᠲᠥᠯᠥᠪᠯᠡᠭᠡ ᠵᠢᠨ ᠬᠦᠰᠦᠨᠦᠭᠲᠦ ᠵᠢᠴᠢ ᠳ᠋ᠦᠩᠨᠡᠯᠲᠡ ᠵᠢ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠲᠤᠰᠬᠠᠢ ᠮᠡᠷᠭᠡᠵᠢᠯ᠎ᠤᠨ ᠭᠠᠵᠠᠷ᠎ᠤᠨ ᠰᠢᠤᠳᠠᠨ᠎ᠤ ᠬᠠᠢ᠌ᠷᠴᠠᠭ (rstzjc2021@126.com)᠎ᠲᠤ ᠬᠦᠷᠭᠡᠨ᠎ᠡ᠃ ᠪᠥᠬᠥ ᠣᠷᠣᠨ᠎ᠳᠤ ᠵᠢᠯ᠎ᠳᠤ ᠡᠯ᠎ᠡ ᠲᠥᠷᠥᠯ᠎ᠤᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ 2 ᠲᠦᠮᠡᠨ ᠬᠥᠮᠥᠨ ᠬᠥᠮᠥᠵᠢᠭᠦᠯᠦᠨ ᠪᠣᠯᠪᠠᠰᠤᠷᠠᠭᠤᠯᠬᠤ᠎ᠪᠠᠷ ᠲᠥᠯᠥᠪᠯᠡᠵᠦ ᠪᠤᠢ᠃
ᠳᠥᠷᠪᠡ᠂ ᠲᠣᠭ᠋ᠠᠴᠢᠯᠠᠭᠰᠠᠨ ᠮᠡᠷᠭᠡᠵᠢᠯ᠎ᠤᠨ ᠢᠨᠵᠧᠨᠧᠷ᠎ᠢ ᠪᠣᠢ᠌ᠵᠢᠭᠤᠯᠬᠤ ᠲᠥᠷᠥᠯ ᠵᠦᠢ᠍ᠯ᠎ᠢ ᠠᠬᠢᠭᠤᠯᠤᠨ᠎ᠠ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠋ᠠᠴᠢᠯᠠᠭᠰᠠᠨ ᠴᠢᠳᠠᠪᠤᠷᠢᠲᠠᠨ᠎ᠢ ᠬᠥᠮᠥᠵᠢᠭᠦᠯᠬᠦ᠎ᠪᠠᠷ ᠲᠣᠭ᠋ᠠᠴᠢᠯᠠᠭᠰᠠᠨ ᠠᠵᠤ ᠠᠬᠤᠢ ᠵᠢᠨ ᠬᠥᠭᠵᠢᠯᠲᠡ ᠵᠢ ᠲᠤᠯᠭ᠋ᠠᠭᠤᠷᠢᠯᠠᠬᠤ ᠠᠵᠢᠯᠯᠠᠭ᠎ᠠ ᠵᠢ ᠲᠦᠷᠭᠡᠳᠬᠡᠨ ᠬᠡᠷᠡᠭᠵᠢᠭᠦᠯᠬᠦ ᠲᠥᠰᠥᠯ (2024 — 2026 ᠣᠨ)》 (ᠥᠪᠥᠷ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠲᠠᠷᠬᠠᠭ᠋ᠠᠭᠰᠠᠨ [2024] 26 ᠳ᠋ᠤᠭ᠋ᠠᠷ ᠲᠣᠭ᠋ᠠᠲᠤ)᠎ᠢ ᠦᠨᠳᠦᠰᠦᠯᠡᠨ᠂ ᠲᠣᠮᠣ ᠳ᠋ᠠᠢ᠌ᠲ᠋ᠠ᠂ ᠪᠣᠳᠠᠰ᠎ᠤᠨ ᠣᠶᠤᠨᠴᠢ ᠰᠦᠯᠵᠢᠶ᠎ᠡ᠂ ᠵᠣᠬᠢᠶᠠᠮᠠᠯ ᠣᠶᠤᠨᠴᠢ ᠴᠢᠳᠠᠪᠤᠷᠢ ᠵᠡᠷᠭᠡ ᠲᠣᠭ᠋ᠠᠴᠢᠯᠠᠭᠰᠠᠨ ᠮᠡᠷᠭᠡᠵᠢᠯ᠎ᠤᠨ ᠬᠦᠷᠢᠶᠡᠨ᠎ᠳᠠᠬᠢ ᠰᠢᠨ᠎ᠡ ᠠᠵᠢᠯ ᠮᠡᠷᠭᠡᠵᠢᠯ (ᠠᠵᠢᠯ ᠲᠥᠷᠥᠯ)᠎ᠤᠨ ᠲᠣᠭᠣᠷᠢᠨ᠎ᠳᠤ᠂ ᠲᠣᠭ᠋ᠠᠴᠢᠯᠠᠭᠰᠠᠨ ᠮᠡᠷᠭᠡᠵᠢᠯ᠎ᠤᠨ ᠢᠨᠵᠧᠨᠧᠷ᠎ᠤᠨ ᠪᠣᠯᠪᠠᠰᠤᠷᠠᠯ᠎ᠤᠨ ᠪᠠᠢ᠌ᠭᠤᠯᠤᠮᠵᠢ ᠵᠢ ᠪᠦᠯᠦᠭ ᠤᠳᠠᠭ᠎ᠠ ᠬᠤᠪᠢᠶᠠᠨ ᠰᠢᠯᠢᠨ ᠰᠣᠩᠭᠣᠨ᠎ᠠ᠃ ᠪᠣᠯᠪᠠᠰᠤᠷᠠᠯ᠎ᠤᠨ ᠪᠠᠢ᠌ᠭᠤᠯᠤᠮᠵᠢ ᠵᠢ ᠵᠢᠭ᠋ᠠᠨ ᠵᠢᠯᠤᠭᠣᠳᠴᠤ ᠪᠠᠶ᠋ᠢᠭ᠋ᠠᠳ ᠤᠯᠤᠰ᠎ᠤᠨ ᠠᠵᠢᠯ ᠮᠡᠷᠭᠡᠵᠢᠯ᠎ᠤᠨ ᠪᠠᠷᠢᠮᠵᠢᠶ᠎ᠠ ᠶᠣᠰᠣᠭ᠋ᠠᠷ᠂ ᠠᠵᠢᠯ ᠮᠡᠷᠭᠡᠵᠢᠯ᠂ ᠴᠢᠭᠯᠡᠯ᠂ ᠲᠠᠰ ᠬᠤᠪᠢᠶᠠᠨ 《ᠰᠦᠯᠵᠢᠶᠡᠨ ᠳᠡᠭᠡᠷ᠎ᠡ + ᠰᠦᠯᠵᠢᠶᠡᠨ᠎ᠠᠴᠠ ᠭᠠᠳᠠᠨ᠎ᠠ》 ᠪᠣᠯᠪᠠᠰᠤᠷᠠᠯ᠎ᠢ ᠥᠷᠨᠢᠭᠦᠯᠵᠦ᠂ ᠲᠣᠭ᠋ᠠᠴᠢᠯᠠᠭᠰᠠᠨ ᠴᠢᠳᠠᠪᠤᠷᠢᠲᠠᠨ᠎ᠢ ᠪᠡᠶ᠎ᠡ᠎ᠪᠠᠨ ᠳᠠᠭ᠋ᠠᠭ᠋ᠠᠵᠤ ᠬᠥᠮᠥᠵᠢᠭᠦᠯᠬᠦ ᠰᠢᠨ᠎ᠡ ᠤᠷᠤᠯᠳᠤᠭ᠋ᠠᠨ᠎ᠤ ᠵᠠᠮ᠎ᠳᠤ ᠣᠷᠣᠭᠤᠯᠬᠤ ᠵᠢ ᠬᠥᠲᠥᠯᠥᠨ ᠳᠠᠭ᠋ᠠᠭᠤᠯᠵᠤ᠂ ᠲᠣᠭ᠋ᠠᠴᠢᠯᠠᠭᠰᠠᠨ ᠴᠢᠳᠠᠪᠤᠷᠢᠲᠠᠨ᠎ᠤ ᠴᠤᠭᠯᠠᠷᠠᠯ᠎ᠢ ᠲᠦᠷᠭᠡᠳᠬᠡᠨ᠎ᠡ᠃
ᠲᠠᠪᠤ᠂ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠣᠨᠴᠠᠭ᠋ᠠᠢ ᠬᠥᠮᠥᠵᠢᠭᠦᠯᠬᠦ ᠲᠥᠯᠥᠪᠯᠡᠭᠡ ᠵᠢ ᠬᠡᠷᠡᠭᠵᠢᠭᠦᠯᠦᠨ᠎ᠡ
ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠂ ᠡᠷᠡᠭᠦᠯ ᠬᠠᠮᠠᠭ᠋ᠠᠯᠠᠯ᠂ ᠲᠠᠷᠢᠶᠠᠯᠠᠩ ᠮᠠᠯ ᠠᠵᠤ ᠠᠬᠤᠢ ᠵᠡᠷᠭᠡ ᠤᠯᠠᠮᠵᠢᠯᠠᠯᠲᠤ ᠠᠵᠤ ᠦᠢ᠍ᠯᠡᠰ᠎ᠤᠨ ᠬᠦᠷᠢᠶ᠎ᠡ ᠪᠣᠯᠣᠨ ᠠᠮᠢᠳᠤ ᠪᠣᠳᠠᠰ᠎ᠤᠨ ᠮᠡᠷᠭᠡᠵᠢᠯ᠂ ᠵᠣᠬᠢᠶᠠᠮᠠᠯ ᠣᠶᠤᠨ ᠴᠢᠳᠠᠪᠤᠷᠢ ᠵᠡᠷᠭᠡ ᠰᠢᠨ᠎ᠡ ᠮᠠᠶᠢᠭ᠎ᠤᠨ ᠲᠤᠰᠬᠠᠢ ᠮᠡᠷᠭᠡᠵᠢᠯ᠎ᠤᠨ ᠬᠦᠷᠢᠶᠡᠨ᠎ᠤ ᠴᠢᠳᠠᠪᠤᠷᠢᠲᠠᠨ᠎ᠢ ᠬᠥᠮᠥᠵᠢᠭᠦᠯᠬᠦ ᠬᠠᠷᠠᠯᠲᠠ᠂ ᠵᠢᠴᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠤᠳᠤᠯᠤᠨ ᠨᠡᠭᠡᠭᠡᠬᠦ ᠪᠠ ᠪᠡᠶ᠎ᠡ᠎ᠪᠠᠨ ᠳᠠᠭ᠋ᠠᠭ᠋ᠠᠵᠤ ᠰᠢᠨ᠎ᠡ ᠵᠢ ᠡᠭᠦᠳᠬᠦ ᠴᠢᠬᠤᠯᠠ ᠶᠡᠬᠡ ᠢᠨᠵᠧᠨᠧᠷᠢᠩ᠎ᠤᠨ ᠲᠥᠷᠥᠯ ᠵᠦᠢ᠍ᠯ᠎ᠤᠨ ᠴᠢᠳᠠᠪᠤᠷᠢᠲᠠᠨ᠎ᠤ ᠬᠡᠷᠡᠭᠴᠡᠭᠡ ᠱᠠᠭ᠋ᠠᠷᠳᠠᠯᠭ᠎ᠠ ᠵᠢ ᠦᠨᠳᠦᠰᠦᠯᠡᠨ᠂ ᠬᠥᠭᠵᠢᠯᠲᠡ ᠵᠢᠨ ᠳᠠᠯᠳᠠ ᠬᠦᠴᠦᠨ᠎ᠲᠠᠢ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠰᠢᠯᠢᠨ ᠰᠣᠩᠭᠣᠵᠤ ᠣᠷᠣᠨ᠎ᠤ ᠳᠣᠲᠣᠷ᠎ᠠ ᠭᠠᠳᠠᠨᠠᠬᠢ ᠲᠡᠷᠢᠭᠦᠨ ᠲᠠᠰ᠎ᠤᠨ ᠳᠡᠭᠡᠳᠦ ᠰᠤᠷᠭ᠋ᠠᠭᠤᠯᠢ᠂ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠬᠦᠷᠢᠶᠡᠯᠡᠩ ᠭᠠᠵᠠᠷ᠎ᠲᠤ ᠣᠴᠢᠭᠤᠯᠤᠨ 1 ᠵᠢᠯ᠎ᠤᠨ ᠬᠤᠭᠤᠴᠠᠭ᠎ᠠ᠎ᠲᠠᠢ ᠪᠣᠯᠪᠠᠰᠤᠷᠠᠭᠤᠯᠤᠨ ᠰᠤᠷᠤᠯᠴᠠᠭᠤᠯᠤᠨ᠎ᠠ᠃ 2025 ᠣᠨ᠎ᠳᠤ 100᠎ᠠᠴᠠ ᠳᠡᠭᠡᠭᠰᠢ ᠬᠥᠮᠥᠨ᠎ᠢ ᠬᠥᠮᠥᠵᠢᠭᠦᠯᠦᠨ ᠪᠣᠯᠪᠠᠰᠤᠷᠠᠭᠤᠯᠬᠤ᠎ᠪᠠᠷ ᠲᠥᠯᠥᠪᠯᠡᠵᠦ ᠪᠠᠢ᠌ᠨ᠎ᠠ᠃
ᠦᠷᠭᠦᠯᠵᠢᠯᠡᠨ ᠰᠤᠷᠭ᠋ᠠᠨ ᠬᠥᠮᠥᠵᠢᠭᠦᠯᠬᠦ ᠠᠵᠢᠯ ᠪᠣᠯ ᠥᠪᠡᠷᠲᠡᠭᠡᠨ ᠵᠠᠰᠠᠬᠤ ᠣᠷᠣᠨ᠎ᠤ ᠲᠤᠰᠬᠠᠢ ᠮᠡᠷᠭᠡᠵᠢᠯ᠎ᠤᠨ ᠠᠵᠢᠯᠲᠠᠳ᠎ᠤᠨ ᠡᠩᠨᠡᠭᠡᠨ᠎ᠤ ᠪᠠᠢ᠌ᠭᠤᠯᠤᠯᠲᠠ ᠵᠢ ᠴᠢᠩᠭ᠋ᠠᠳᠬᠠᠬᠤ ᠴᠢᠬᠤᠯᠠ ᠠᠷᠭ᠎ᠠ ᠬᠡᠮᠵᠢᠶ᠎ᠡ ᠪᠣᠯᠬᠤ ᠲᠤᠯᠠ᠂ ᠬᠣᠯᠪᠣᠭᠳᠠᠯ ᠪᠦᠬᠦᠢ ᠨᠢᠭᠡᠴᠢ᠎ᠨᠦᠭᠦᠳ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ᠂ ᠤᠳᠤᠷᠢᠳᠤᠯᠭ᠎ᠠ᠎ᠪᠠᠨ ᠴᠢᠩᠭ᠋ᠠᠳᠬᠠᠨ᠂ ᠬᠠᠷᠢᠭᠤᠴᠠᠯᠭ᠎ᠠ᠎ᠪᠠᠨ ᠲᠣᠳᠣᠷᠬᠠᠢ᠌ᠯᠠᠵᠤ᠂ ᠨᠠᠷᠢᠨ ᠨᠢᠮᠪᠠᠢ ᠵᠣᠬᠢᠶᠠᠨ ᠪᠠᠢ᠌ᠭᠤᠯᠵᠤ᠂ ᠬᠠᠮᠢᠶ᠎ᠠ ᠪᠦᠬᠦᠢ ᠠᠵᠢᠯ᠎ᠢ ᠬᠢᠨᠠᠮᠠᠭ᠋ᠠᠢ ᠰᠠᠶ᠋ᠢᠲᠤᠷ ᠬᠢᠬᠦ ᠬᠡᠷᠡᠭᠲᠡᠶ᠃
ᠥᠪᠥᠷ ᠮᠣᠩᠭᠣᠯ᠎ᠤᠨ ᠺᠠᠳ᠋ᠷ᠎ᠤᠨ ᠰᠦᠯᠵᠢᠶᠡᠨ᠎ᠤ ᠳᠡᠭᠡᠳᠦ ᠰᠤᠷᠭ᠋ᠠᠭᠤᠯᠢ ᠵᠢᠨ ᠠᠵᠢᠯ ᠦᠢ᠍ᠯᠡᠰ᠎ᠤᠨ ᠨᠢᠭᠡᠴᠢ ᠵᠢᠨ ᠬᠤᠪᠢᠶᠠᠷᠢ ᠰᠤᠷᠭ᠋ᠠᠭᠤᠯᠢ
ᠤᠲᠠᠰᠤ᠄ (0471) 6944094
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠢ ᠮᠡᠷᠭᠡᠵᠢᠯ᠎ᠤᠨ ᠠᠵᠢᠯᠲᠠᠨ᠎ᠤ ᠦᠷᠭᠦᠯᠵᠢᠯᠡᠭᠰᠡᠨ ᠰᠤᠷᠭ᠋ᠠᠨ ᠬᠥᠮᠥᠵᠢᠯ᠎ᠤᠨ ᠰᠦᠯᠵᠢᠶᠡᠨ ᠳᠡᠭᠡᠷ᠎ᠡ ᠰᠤᠷᠤᠯᠴᠠᠬᠤ ᠰᠦᠯᠵᠢᠶ᠎ᠡ
ᠤᠲᠠᠰᠤ᠄ 400-015-0009᠂ 400-680-8008
ᠥᠪᠥᠷ ᠮᠣᠩᠭᠣᠯ᠎ᠤᠨ ᠴᠢᠳᠠᠪᠤᠷᠢᠲᠠᠨ ᠪᠣᠯᠪᠠᠰᠤᠷᠠᠭᠤᠯᠬᠤ ᠰᠦᠯᠵᠢᠶ᠎ᠡ
ᠤᠲᠠᠰᠤ᠄ 400-160-8686
ᠥᠪᠥᠷ ᠮᠣᠩᠭᠣᠯ᠎ᠤᠨ ᠠᠵᠢᠯᠲᠠᠨ᠎ᠤ ᠶᠠᠪᠤᠳᠠᠯ᠎ᠤᠨ ᠦᠢ᠍ᠯᠡᠴᠢᠯᠡᠭᠡᠨ᠎ᠤ ᠰᠦᠯᠵᠢᠶ᠎ᠡ
ᠤᠲᠠᠰᠤ᠄ 400-883-6501
ᠥᠪᠥᠷ ᠮᠣᠩᠭᠣᠯ᠎ᠤᠨ ᠲᠤᠰᠬᠠᠢ ᠮᠡᠷᠭᠡᠵᠢᠯ᠎ᠤᠨ ᠠᠵᠢᠯᠲᠠᠨ᠎ᠤ ᠦᠷᠭᠦᠯᠵᠢᠯᠡᠭᠰᠡᠨ ᠬᠥᠮᠦᠵᠢᠯ ᠪᠣᠯᠪᠠᠰᠤᠷᠠᠯ᠎ᠤᠨ ᠲᠠᠪᠴᠠᠩ
ᠤᠲᠠᠰᠤ᠄ 400-186-0607
ᠰᠢᠩ ᠮᠧᠩ E ᠤᠬᠠᠭ᠋ᠠᠨ᠎ᠤ ᠲᠤᠰᠬᠠᠢ ᠮᠡᠷᠭᠡᠵᠢᠯ᠎ᠤᠨ ᠠᠵᠢᠯᠲᠠᠨ᠎ᠤ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠤᠨ ᠰᠦᠯᠵᠢᠶ᠎ᠡ
ᠤᠲᠠᠰᠤ᠄ 400-875-7650
ᠥᠪᠥᠷ ᠮᠣᠩᠭᠣᠯ᠎ᠤᠨ ᠲᠤᠰᠬᠠᠢ ᠮᠡᠷᠭᠡᠵᠢᠯ᠎ᠤᠨ ᠠᠵᠢᠯᠲᠠᠨ᠎ᠤ ᠦᠷᠭᠦᠯᠵᠢᠯᠡᠨ ᠰᠤᠷᠭ᠋ᠠᠨ ᠬᠥᠮᠥᠵᠢᠭᠦᠯᠬᠦ ᠲᠠᠪᠴᠠᠩ
ᠤᠲᠠᠰᠤ᠄ 400-833-9296
ᠥᠪᠥᠷ ᠮᠣᠩᠭᠣᠯ᠎ᠤᠨ ᠴᠢᠳᠠᠪᠤᠷᠢᠲᠠᠨ ᠮᠡᠳᠡᠭᠡ ᠵᠠᠩᠭᠢ ᠵᠢᠨ ᠬᠥᠮᠥᠷᠭᠡ
ᠬᠠᠷᠢᠯᠴᠠᠬᠤ ᠬᠥᠮᠥᠨ᠄ ᠴᠧᠨ ᠵᠧᠩ ᠰᠢᠨ (ᠲᠣᠭ᠎ᠠ ᠪᠠᠷᠢᠮᠲᠠ ᠵᠢᠨ ᠳᠠᠮᠵᠢᠭᠤᠯᠭ᠎ᠠ ᠵᠢ ᠵᠣᠯᠭ᠋ᠠᠭᠤᠯᠬᠤ) ᠤᠲᠠᠰᠤ᠄ 13847188220
ᠦᠢ᠍ᠯᠡᠴᠢᠯᠡᠭᠡᠨ᠎ᠤ ᠯᠠᠪᠯᠠᠭ᠎ᠠ (ᠬᠢᠨᠠᠨ ᠰᠢᠯᠭ᠋ᠠᠬᠤ ᠺᠠᠷᠲ ᠳᠠᠷᠤᠮᠠᠯᠯᠠᠬᠤ) ᠤᠲᠠᠰᠤ᠄ (0471) 6928486᠂ 6923739
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠲᠠᠨ᠎ᠤ ᠶᠠᠪᠤᠳᠠᠯ᠎ᠤᠨ ᠰᠢᠯᠭ᠋ᠠᠯᠲᠠ ᠵᠢᠨ ᠬᠦᠷᠢᠶᠡᠯᠡᠩ
ᠬᠠᠷᠢᠯᠴᠠᠬᠤ ᠬᠥᠮᠥᠨ᠄ ᠵᠧᠩ ᠶᠠᠨ ᠫᠢᠩ ᠤᠲᠠᠰᠤ᠄ (0471) 6944663
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ
ᠬᠠᠷᠢᠯᠴᠠᠬᠤ ᠬᠥᠮᠥᠨ᠄ ᠸᠠᠩ ᠬᠣᠢ ᠤᠲᠠᠰᠤ᠄ (0471) 6944061
ᠳᠠᠭ᠋ᠠᠯᠳᠤᠭᠤᠯᠤᠯ᠄ 1. ᠲᠤᠰᠬᠠᠢ ᠮᠡᠷᠭᠡᠵᠢᠯ᠎ᠤᠨ ᠠᠵᠢᠯᠲᠠᠨ᠎ᠤ ᠣᠨ᠎ᠤ ᠪᠣᠯᠪᠠᠰᠤᠷᠠᠯ᠎ᠤᠨ ᠲᠥᠯᠥᠪᠯᠡᠭᠡ ᠵᠢᠨ ᠳᠠᠩᠰᠠᠯᠠᠭᠤᠯᠬᠤ ᠬᠦᠰᠦᠨᠦᠭᠲᠦ
2. 2025 ᠣᠨ᠎ᠤ ᠲᠤᠰᠬᠠᠢ ᠮᠡᠷᠭᠡᠵᠢᠯ᠎ᠤᠨ ᠠᠵᠢᠯᠲᠠᠨ᠎ᠤ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠤᠨ ᠪᠣᠯᠪᠠᠰᠤᠷᠠᠯ᠎ᠤᠨ ᠨᠡᠷᠡᠰ᠎ᠤᠨ ᠪᠦᠷᠢᠳᠬᠡᠯ
3. 2025 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠳᠡᠯᠭᠡ ᠰᠢᠨᠡᠳᠬᠡᠬᠦ ᠢᠨᠵᠧᠨᠧᠷᠢᠩ᠎ᠤᠨ ᠲᠤᠰᠬᠠᠢ ᠮᠡᠷᠭᠡᠵᠢᠯ᠎ᠤᠨ ᠠᠵᠢᠯᠲᠠᠨ᠎ᠤ ᠴᠢᠳᠠᠪᠤᠷᠢ ᠵᠢ ᠳᠡᠭᠡᠭᠰᠢᠯᠡᠭᠦᠯᠬᠦ ᠲᠥᠷᠥᠯ ᠵᠦᠢ᠍ᠯ᠎ᠤᠨ ᠬᠥᠮᠥᠵᠢᠭᠦᠯᠦᠨ ᠪᠣᠯᠪᠠᠰᠤᠷᠠᠭᠤᠯᠬᠤ ᠲᠥᠯᠥᠪᠯᠡᠭᠡ ᠵᠢᠨ ᠬᠦᠰᠦᠨᠦᠭᠲᠦ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ
ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ
2024 ᠣᠨ᠎ᠤ 12 ᠰᠠᠷ᠎ᠠ ᠵᠢᠨ 13᠎ᠤ ᠡᠳᠦᠷ