ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠄
ᠡᠳᠦᠭᠡ ᠳᠤᠮᠳᠠᠳᠤ ᠤᠯᠤᠰ᠎ᠤᠨ ᠠᠵᠢᠯ ᠣᠯᠭᠣᠯᠲᠠ ᠵᠢᠨ ᠪᠣᠯᠪᠠᠰᠤᠷᠠᠯ᠎ᠤᠨ ᠮᠡᠷᠭᠡᠵᠢᠯ᠎ᠤᠨ ᠵᠢᠭ᠋ᠠᠨ ᠵᠢᠯᠤᠭᠣᠳᠬᠤ ᠲᠥᠪ᠎ᠤᠨ 《2025 ᠣᠨ᠎ᠤ ᠳᠡᠭᠡᠷ᠎ᠡ ᠬᠠᠭ᠋ᠠᠰ ᠵᠢᠯ᠎ᠤᠨ ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ ᠵᠢᠨ ᠠᠵᠢᠯᠯᠠᠵᠤ ᠰᠤᠷᠤᠯᠴᠠᠬᠤ ᠵᠢ ᠨᠢᠭᠡ ᠴᠣᠭᠴᠠᠵᠢᠭᠤᠯᠤᠭᠰᠠᠨ ᠪᠠᠭᠰᠢ ᠵᠢᠨ ᠪᠣᠯᠪᠠᠰᠤᠷᠠᠯ᠎ᠤᠨ ᠮᠡᠳᠡᠭᠡ ᠵᠠᠩᠭᠢ ᠵᠢ ᠨᠡᠢ᠌ᠲᠡᠯᠡᠬᠦ ᠲᠤᠬᠠᠢ ᠵᠠᠬᠢᠳᠠᠯ》 (ᠳᠤᠮᠳᠠᠳᠤ ᠠᠵᠢᠯ ᠣᠯᠭᠣᠯᠲᠠ ᠪᠣᠯᠪᠠᠰᠤᠷᠠᠯ ᠵᠠᠬᠢᠳᠠᠯ [2024] 93 ᠳ᠋ᠤᠭ᠋ᠠᠷ ᠲᠣᠭ᠋ᠠᠲᠤ)᠎ᠢ ᠲᠠᠨᠠᠷ᠎ᠲᠤ ᠳᠠᠮᠵᠢᠭᠤᠯᠤᠨ ᠶᠠᠪᠤᠭᠤᠯᠬᠤ ᠵᠢᠨ ᠬᠠᠮᠲᠤ ᠳᠣᠣᠷᠠᠬᠢ ᠮᠡᠲᠦ ᠠᠵᠢᠯ᠎ᠤᠨ ᠱᠠᠭ᠋ᠠᠷᠳᠠᠯᠭ᠎ᠠ ᠵᠢ ᠳᠤᠷᠠᠳᠪᠠ᠂ ᠬᠠᠮᠲᠤᠳᠤᠨᠢ ᠰᠠᠶ᠋ᠢᠲᠤᠷ ᠠᠳᠬᠤᠵᠤ ᠨᠠᠢ᠌ᠳᠠᠪᠤᠷᠢᠵᠢᠭᠤᠯᠬᠤ ᠵᠢ ᠬᠦᠰᠡᠵᠦ ᠪᠠᠢ᠌ᠨ᠎ᠠ᠃
ᠨᠢᠭᠡ᠂ ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠎ᠨᠢ ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ ᠵᠢᠨ ᠠᠵᠢᠯᠯᠠᠵᠤ ᠰᠤᠷᠤᠯᠴᠠᠬᠤ ᠵᠢ ᠨᠢᠭᠡ ᠴᠣᠭᠴᠠᠵᠢᠭᠤᠯᠤᠭᠰᠠᠨ ᠪᠠᠭᠰᠢ ᠵᠢᠨ ᠡᠩᠨᠡᠭᠡ ᠵᠢᠨ ᠪᠠᠢ᠌ᠭᠤᠯᠤᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ ᠵᠢᠨ ᠠᠵᠢᠯᠯᠠᠵᠤ ᠰᠤᠷᠤᠯᠴᠠᠬᠤ ᠵᠢ ᠨᠢᠭᠡ ᠴᠣᠭᠴᠠᠵᠢᠭᠤᠯᠤᠭᠰᠠᠨ ᠮᠡᠷᠭᠡᠵᠢᠯ᠎ᠤᠨ ᠴᠢᠳᠠᠪᠤᠷᠢᠲᠠᠨ᠎ᠢ ᠬᠥᠮᠥᠵᠢᠭᠦᠯᠬᠦ ᠵᠠᠭᠪᠤᠷ᠎ᠢ ᠲᠦᠯᠬᠢᠨ ᠠᠬᠢᠭᠤᠯᠬᠤ ᠵᠢ ᠬᠡᠷᠡᠭᠵᠢᠭᠦᠯᠬᠦ ᠲᠥᠰᠥᠯ》᠎ᠤᠨ ᠱᠠᠭ᠋ᠠᠷᠳᠠᠯᠭ᠎ᠠ ᠶᠣᠰᠣᠭ᠋ᠠᠷ᠂ ᠭᠠᠵᠠᠷ ᠣᠷᠣᠨ᠎ᠤ ᠠᠵᠤ ᠠᠬᠤᠢ ᠵᠢᠨ ᠬᠥᠭᠵᠢᠯᠲᠡ ᠵᠢᠨ ᠬᠡᠷᠡᠭᠴᠡᠭᠡ᠎ᠲᠠᠢ᠎ᠪᠠᠨ ᠤᠶᠠᠯᠳᠤᠭᠤᠯᠤᠨ᠂ ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ ᠵᠢᠨ ᠪᠠᠭᠰᠢ ᠵᠢᠨ ᠪᠣᠯᠪᠠᠰᠤᠷᠠᠯ᠎ᠢ ᠨᠢᠭᠡᠳᠦᠯᠲᠡᠢ ᠲᠥᠯᠥᠪᠯᠡᠨ ᠰᠠᠶ᠋ᠢᠲᠤᠷ ᠬᠢᠵᠦ᠂ ᠭᠣᠣᠯᠳᠠᠯᠭ᠎ᠠ᠎ᠲᠠᠢ ᠲᠤᠰᠬᠠᠢ ᠮᠡᠷᠭᠡᠵᠢᠯ᠂ ᠰᠣᠳᠣᠨ ᠲᠤᠰᠬᠠᠢ ᠮᠡᠷᠭᠡᠵᠢᠯ᠎ᠢ ᠲᠣᠪᠤᠢ᠌ᠯᠭ᠋ᠠᠨ᠂ ᠠᠵᠢᠯᠯᠠᠵᠤ ᠰᠤᠷᠤᠯᠴᠠᠬᠤ ᠵᠢ ᠨᠢᠭᠡ ᠴᠣᠭᠴᠠᠵᠢᠭᠤᠯᠤᠭᠰᠠᠨ ᠪᠠᠭᠰᠢ ᠵᠢᠨ ᠲᠣᠭ᠎ᠠ ᠬᠡᠮᠵᠢᠶ᠎ᠡ ᠪᠠ ᠪᠠᠭᠰᠢ ᠵᠢᠨ ᠵᠢᠭ᠋ᠠᠨ ᠰᠤᠷᠭ᠋ᠠᠬᠤ ᠴᠢᠳᠠᠪᠤᠷᠢ ᠵᠢ ᠳᠡᠭᠡᠭᠰᠢᠯᠡᠭᠦᠯᠬᠦ ᠲᠠᠯ᠎ᠠ᠎ᠪᠠᠷ ᠰᠢᠨ᠎ᠡ ᠦᠷ᠎ᠡ ᠪᠦᠲᠦᠮᠵᠢ ᠣᠯᠬᠤ ᠬᠡᠷᠡᠭᠲᠡᠶ᠃
ᠬᠣᠶᠠᠷ᠂ ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠎ᠨᠢ 2025 ᠣᠨ᠎ᠤ ᠳᠡᠭᠡᠷ᠎ᠡ ᠬᠠᠭ᠋ᠠᠰ ᠵᠢᠯ᠎ᠤᠨ ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ ᠵᠢᠨ ᠠᠵᠢᠯᠯᠠᠵᠤ ᠰᠤᠷᠤᠯᠴᠠᠬᠤ ᠵᠢ ᠨᠢᠭᠡ ᠴᠣᠭᠴᠠᠵᠢᠭᠤᠯᠤᠭᠰᠠᠨ ᠪᠠᠭᠰᠢ ᠵᠢᠨ ᠪᠣᠯᠪᠠᠰᠤᠷᠠᠯ᠎ᠤᠨ ᠬᠠᠮᠢᠶ᠎ᠠ ᠪᠦᠬᠦᠢ ᠮᠡᠳᠡᠭᠡ ᠵᠠᠩᠭᠢ ᠵᠢᠨ ᠶᠣᠰᠣᠭ᠋ᠠᠷ᠂ ᠡᠯ᠎ᠡ ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ ᠵᠢᠨ ᠵᠣᠬᠢᠬᠤ ᠲᠣᠭ᠋ᠠᠨ᠎ᠤ ᠲᠤᠰᠬᠠᠢ ᠮᠡᠷᠭᠡᠵᠢᠯ᠎ᠤᠨ ᠪᠠᠭᠰᠢ ᠵᠢ ᠰᠣᠩᠭᠣᠨ ᠲᠣᠮᠢᠯᠠᠵᠤ ᠪᠣᠯᠪᠠᠰᠤᠷᠠᠯ᠎ᠳᠤ ᠢᠳᠡᠪᠬᠢᠲᠡᠢ ᠣᠷᠣᠯᠴᠠᠭᠤᠯᠬᠤ ᠵᠢ ᠵᠢᠯᠤᠭᠣᠳᠴᠤ᠂ ᠪᠣᠯᠪᠠᠰᠤᠷᠠᠯ᠎ᠤᠨ ᠦᠷ᠎ᠡ ᠪᠦᠲᠦᠮᠵᠢ ᠵᠢ ᠭᠦᠢ᠍ᠴᠡᠳ ᠰᠠᠶ᠋ᠢᠲᠤᠷ ᠬᠡᠷᠡᠭᠯᠡᠨ᠂ ᠠᠶ᠋ᠢᠮᠠᠭ ᠬᠣᠲᠠ ᠵᠢᠨ ᠲᠠᠰ᠂ ᠳᠡᠭᠡᠳᠦ ᠰᠤᠷᠭ᠋ᠠᠭᠤᠯᠢ ᠵᠢᠨ ᠲᠠᠰ᠎ᠤᠨ ᠠᠵᠢᠯᠯᠠᠵᠤ ᠰᠤᠷᠤᠯᠴᠠᠬᠤ ᠵᠢ ᠨᠢᠭᠡ ᠴᠣᠭᠴᠠᠵᠢᠭᠤᠯᠤᠭᠰᠠᠨ ᠪᠠᠭᠰᠢ ᠵᠢᠨ ᠪᠣᠯᠪᠠᠰᠤᠷᠠᠯ᠎ᠢ ᠢᠳᠡᠪᠬᠢᠲᠡᠢ ᠥᠷᠨᠢᠭᠦᠯᠬᠦ ᠬᠡᠷᠡᠭᠲᠡᠶ᠃
ᠭᠤᠷᠪᠠ᠂ ᠡᠯ᠎ᠡ ᠠᠶ᠋ᠢᠮᠠᠭ ᠬᠣᠲᠠ ᠵᠢᠨ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠡᠯ᠎ᠡ ᠮᠡᠷᠭᠡᠵᠢᠯ᠎ᠤᠨ ᠠᠵᠢᠯᠴᠢᠨ᠎ᠤ ᠳᠡᠭᠡᠳᠦ ᠰᠤᠷᠭ᠋ᠠᠭᠤᠯᠢ᠎ᠨᠤᠭᠤᠳ ᠬᠡᠷᠪᠡ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠠᠴᠠ ᠥᠪᠡᠷᠲᠡᠭᠡᠨ ᠵᠠᠰᠠᠬᠤ ᠣᠷᠣᠨ᠎ᠤ ᠭᠠᠳᠠᠨᠠᠬᠢ ᠠᠵᠢᠯᠯᠠᠵᠤ ᠰᠤᠷᠤᠯᠴᠠᠬᠤ ᠵᠢ ᠨᠢᠭᠡ ᠴᠣᠭᠴᠠᠵᠢᠭᠤᠯᠤᠭᠰᠠᠨ ᠪᠠᠭᠰᠢ ᠵᠢᠨ ᠪᠣᠯᠪᠠᠰᠤᠷᠠᠯ᠎ᠤᠨ ᠬᠠᠮᠢᠶ᠎ᠠ ᠪᠦᠬᠦᠢ ᠵᠦᠢ᠍ᠯᠡᠰ᠎ᠢ ᠵᠣᠬᠢᠴᠠᠭᠤᠯᠤᠨ ᠵᠣᠯᠭ᠋ᠠᠭᠤᠯᠬᠤ ᠴᠢᠬᠤᠯᠠᠲᠠᠢ ᠪᠣᠯ᠂ ᠴᠠᠭ ᠲᠤᠬᠠᠢᠳᠤᠨᠢ ᠮᠠᠨᠤᠰ᠎ᠲᠠᠢ ᠬᠠᠷᠢᠯᠴᠠᠭ᠋ᠠᠷᠠᠢ᠃
ᠬᠠᠷᠢᠯᠴᠠᠬᠤ ᠬᠥᠮᠥᠨ᠄ ᠫᠠᠩ ᠳ᠋ᠦᠩ ᠢᠦᠢ
ᠬᠠᠷᠢᠯᠴᠠᠬᠤ ᠤᠲᠠᠰᠤ᠄ (0471) 6944622
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ
ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ
2024 ᠣᠨ᠎ᠤ 12 ᠰᠠᠷ᠎ᠠ ᠵᠢᠨ 13᠎ᠤ ᠡᠳᠦᠷ