ᠡᠯ᠎ᠡ ᠠᠢᠮᠠᠭ ᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ ᠂ ᠮᠠᠨᠵᠤᠤᠷ ᠬᠣᠲᠠ ᠂ ᠡᠷᠢᠶᠡᠨ ᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ ᠂
ᠲᠢᠩᠬᠢᠮ ᠪᠠᠢᠭᠤᠯᠭ᠎ᠠ᠎ᠶᠢᠨ ᠡᠯ᠎ᠡ ᠭᠠᠵᠠᠷ ᠭᠡᠷ ᠂ ᠬᠠᠷᠢᠶ᠎ᠠ ᠡᠯ᠎ᠡ ᠨᠢᠭᠡᠴᠢ᠎ᠳᠦ ᠄
ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ ᠬᠡᠮᠵᠢᠶ᠎ᠡ᠎ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠮᠠᠨ᠎ᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠬᠦᠷᠢᠶᠡᠨ᠎ᠳᠡᠬᠢ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠦᠶ᠋ᠯᠡ ᠠᠵᠢᠯᠯᠠᠭ᠎ᠠ᠎ᠶᠢ ᠵᠢᠷᠤᠮᠵᠢᠭᠤᠯᠬᠤ᠎ᠶᠢᠨ ᠲᠤᠰᠠᠳᠠ ᠂ ᠡᠳᠦᠭᠡ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠵᠠᠰᠠᠭ ᠵᠠᠬᠢᠷᠭᠠᠨ᠎ᠤ ᠪᠠᠢᠴᠠᠭᠠᠯᠲᠠ᠎ᠶᠢᠨ ᠲᠠᠰᠤᠯᠤᠯᠲᠠ᠎ᠶᠢᠨ ᠪᠠᠷᠢᠮᠵᠢᠶ᠎ᠠ 》᠎ᠶᠢ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ ᠂ 2025 ᠣᠨ᠎ᠤ 9 ᠳ᠋ᠦ᠍ᠭᠡᠷ ᠰᠠᠷ᠎ᠠ᠎ᠶᠢᠨ 1᠎ᠦ ᠡᠳᠦᠷ᠎ᠡᠴᠡ ᠡᠬᠢᠯᠡᠨ ᠬᠡᠷᠡᠭᠵᠢᠭᠦᠯᠦᠨ᠎ᠡ ᠂ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠵᠠᠰᠠᠭ ᠵᠠᠬᠢᠷᠭᠠᠨ᠎ᠤ ᠪᠠᠢᠴᠠᠭᠠᠯᠲᠠ᠎ᠶᠢᠨ ᠲᠠᠰᠤᠯᠤᠯᠲᠠ᠎ᠶᠢᠨ ᠪᠠᠷᠢᠮᠵᠢᠶ᠎ᠠ
1. ᠠᠵᠢᠯ ᠣᠯᠭᠣᠯᠲᠠ᠎ᠶᠢ ᠠᠬᠢᠭᠤᠯᠬᠤ ᠬᠣᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠎ᠢ ᠬᠡᠷᠡᠭᠵᠢᠭᠦᠯᠵᠦ ᠪᠠᠢᠭ᠎ᠠ ᠪᠠᠢᠳᠠᠯ᠎ᠢ ᠬᠢᠨᠠᠵᠤ ᠪᠠᠢᠴᠠᠭᠠᠬᠤ
1.1 ᠪᠠᠶ᠋ᠢᠭᠤᠯᠬᠤ ᠪᠠ ᠬᠡᠷᠡᠭᠵᠢᠭᠦᠯᠬᠦ ᠦᠨᠳᠦᠰᠦᠯᠡᠯ
《 ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠵᠢᠯ ᠣᠯᠭᠣᠯᠲᠠ᠎ᠶᠢ ᠠᠬᠢᠭᠤᠯᠬᠤ ᠬᠠᠤᠯᠢ 》
《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠣᠯᠭᠣᠯᠲᠠ᠎ᠶᠢ ᠠᠬᠢᠭᠤᠯᠬᠤ ᠳᠦᠷᠢᠮ 》
1.2 ᠬᠡᠷᠡᠭᠵᠢᠭᠦᠯᠬᠦ ᠭᠣᠣᠯ ᠴᠣᠭᠴᠠ
ᠥᠪᠡᠷᠲᠡᠭᠡᠨ ᠵᠠᠰᠠᠬᠤ ᠣᠷᠣᠨ᠂ ᠠᠢᠮᠠᠭ ᠬᠤᠳᠠ᠂ ᠬᠣᠰᠢᠭᠤ ᠰᠢᠶᠠᠨ᠎ᠤ ᠱᠠᠲᠤᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ᠋ ᠪᠠ ᠨᠡᠢᠭᠡᠮ᠎ᠤᠨ ᠪᠠᠲᠤᠯᠠᠭ᠎ᠠ᠎ᠶᠢᠨ ᠰᠠᠯᠠᠭ᠎ᠠ ᠮᠥᠴᠢᠷ
1.3 ᠪᠠᠢᠴᠠᠭᠠᠬᠤ ᠠᠭᠤᠯᠭ᠎ᠠ
ᠠᠵᠢᠯ ᠣᠯᠭᠣᠯᠲᠠ᠎ᠶᠢ ᠠᠬᠢᠭᠤᠯᠬᠤ ᠬᠣᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠎ᠢ ᠬᠡᠷᠡᠭᠵᠢᠭᠦᠯᠦᠭᠰᠡᠨ ᠪᠠᠢᠳᠠᠯ᠃
1.4 ᠪᠠᠢᠴᠠᠭᠠᠬᠤ ᠬᠦᠷᠢᠶ᠎ᠡ ᠬᠡᠪᠴᠢᠶ᠎ᠡ ( ᠡᠲᠡᠭᠡᠳ ) ᠪᠠ ᠪᠠᠷᠢᠮᠵᠢᠶ᠎ᠠ
ᠨᠢᠭᠡ᠂ ᠬᠥᠮᠥᠨ ᠬᠡᠷᠡᠭᠯᠡᠬᠦ ᠨᠢᠭᠡᠴᠢ ᠤᠯᠤᠰ᠎ᠤᠨ ᠬᠠᠤᠯᠢ ᠴᠠᠭᠠᠵᠠ᠂ ᠵᠠᠰᠠᠭ ᠵᠠᠬᠢᠷᠭᠠᠨ᠎ᠤ ᠬᠠᠤᠯᠢ ᠲᠣᠭᠲᠠᠭᠠᠯ ᠪᠠ ᠲᠦᠷᠦ᠎ᠶᠢᠨ ᠶᠠᠪᠤᠳᠠᠯ᠎ᠤᠨ ᠬᠣᠷᠢᠶᠠᠨ᠎ᠤ ᠡᠷᠡᠭᠦᠯ ᠬᠠᠮᠠᠭᠠᠯᠠᠯ᠎ᠤᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠡᠴᠡ ᠲᠣᠭᠲᠠᠭᠠᠭᠰᠠᠨ ᠡᠯᠢᠭᠡᠨᠦ B ᠦᠷᠪᠢᠰᠦᠯ᠎ᠦᠨ ᠡᠪᠡᠳᠴᠢᠨ ᠡᠭᠦᠰᠬᠡᠭᠴᠢ᠎ᠶᠢ ᠠᠪᠴᠤ ᠶᠠᠪᠤᠭᠰᠠᠳ᠎ᠤᠨ ᠬᠢᠬᠦ᠎ᠶᠢ ᠴᠠᠭᠠᠵᠠᠯᠠᠭᠰᠠᠨ ᠠᠵᠢᠯ᠎ᠤᠨ ᠪᠠᠢᠷᠢ᠎ᠠᠴᠠ ᠭᠠᠳᠠᠨ᠎ᠠ ᠬᠥᠮᠥᠨ ᠡᠯᠰᠡᠨ ᠬᠡᠷᠡᠭᠯᠡᠬᠦ ᠦᠶ᠎ᠡ᠎ᠳᠦ᠂ ᠡᠯᠢᠭᠡᠨᠦ B ᠦᠷᠪᠢᠰᠦᠯ᠎ᠦᠨ ᠸᠢᠷᠦ᠋ᠰ᠎ᠦᠨ ᠴᠢᠰᠤᠨ ᠴᠠᠢᠪᠠᠩ᠎ᠤᠨ ᠰᠤᠳᠤᠯᠤᠯ᠎ᠤᠨ ᠭᠦᠢᠴᠡᠳᠬᠡᠬᠦ ᠲᠣᠭ᠎ᠠ᠎ᠪᠠᠷ ᠪᠡᠶ᠎ᠡ᠎ᠶᠢᠨ ᠪᠠᠢᠴᠠᠭᠠᠯᠲᠠ᠎ᠶᠢᠨ ᠪᠠᠷᠢᠮᠵᠢᠶ᠎ᠠ ᠪᠣᠯᠭᠠᠭᠰᠠᠨ ᠪᠠᠢᠳᠠᠯ ᠣᠷᠣᠰᠢᠵᠤ ᠪᠠᠢᠬᠤ ᠡᠰᠡᠬᠦ᠃
ᠬᠣᠶᠠᠷ᠂ ᠭᠠᠳᠠᠭᠠᠳᠤ᠎ᠶᠢᠨ ᠬᠥᠮᠥᠨ ᠪᠠ ᠬᠥᠮᠥᠨ ᠬᠡᠷᠡᠭᠯᠡᠬᠦ ᠨᠢᠭᠡᠴᠢ ᠠᠵᠢᠯ ᠣᠯᠬᠤ ᠦᠨᠡᠮᠯᠡᠯ ᠪᠠ ᠵᠥᠪᠰᠢᠶᠡᠷᠡᠯ᠎ᠦᠨ ᠦᠨᠡᠮᠯᠡᠯ᠎ᠢ ᠬᠠᠭᠤᠷᠮᠠᠭᠯᠠᠨ ᠵᠣᠬᠢᠶᠠᠭᠰᠠᠨ᠂ ᠪᠠᠯᠠᠯᠤᠨ ᠵᠠᠰᠠᠭᠰᠠᠨ᠂ ᠬᠠᠭᠤᠷᠮᠠᠭᠯᠠᠨ ᠬᠡᠷᠡᠭᠯᠡᠭᠰᠡᠨ᠂ ᠰᠢᠯᠵᠢᠭᠦᠯᠦᠨ ᠥᠭᠭᠦᠭᠰᠡᠨ᠂ ᠬᠤᠳᠠᠯᠳᠤᠭᠠᠯᠠᠭᠰᠠᠨ ᠪᠠᠢᠳᠠᠯ ᠣᠷᠣᠰᠢᠵᠤ ᠪᠠᠢᠬᠤ ᠡᠰᠡᠬᠦ᠃
ᠭᠤᠷᠪᠠ ᠂ ᠠᠵᠢᠯ ᠮᠡᠷᠭᠡᠵᠢᠯ᠎ᠦᠨ ᠰᠤᠷᠭᠠᠭᠤᠯᠢ ᠂ ᠠᠵᠢᠯ ᠮᠡᠷᠭᠡᠵᠢᠯ᠎ᠦᠨ ᠪᠣᠯᠪᠠᠰᠤᠷᠠᠯ᠎ᠤᠨ ᠪᠠᠢᠭᠤᠯᠤᠮᠵᠢ᠎ᠶᠢᠨ 《 ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠬᠠᠤᠯᠢ 》᠎ᠶᠢᠨ ᠲᠣᠭᠲᠠᠭᠠᠯ᠎ᠢ ᠵᠥᠷᠢᠴᠡᠵᠦ ᠂ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠪᠠᠢᠭᠤᠯᠤᠮᠵᠢ ᠂ ᠬᠥᠳᠡᠯᠮᠦᠷᠢ ᠦᠢᠯᠡᠴᠢᠯᠡᠭᠡ ᠲᠣᠮᠢᠯᠠᠬᠤ ᠨᠢᠭᠡᠴᠢ ᠪᠤᠶᠤ ᠬᠠᠤᠯᠢ ᠪᠤᠰᠤ᠎ᠪᠠᠷ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡ ᠂ ᠬᠥᠳᠡᠯᠮᠦᠷᠢ ᠦᠢᠯᠡᠴᠢᠯᠡᠭᠡ ᠲᠣᠮᠢᠯᠠᠬᠤ ᠲᠤᠬᠠᠢᠯᠠᠭᠰᠠᠨ ᠠᠵᠢᠯ᠎ᠢ ᠡᠷᠭᠢᠯᠡᠵᠦ ᠪᠠᠢᠭ᠎ᠠ ᠨᠢᠭᠡᠴᠢ ᠪᠤᠶᠤ ᠬᠤᠪᠢ ᠬᠥᠮᠥᠨ᠎ᠢᠶᠡᠷ ᠳᠠᠮᠵᠢᠭᠤᠯᠤᠨ ᠰᠤᠷᠤᠭ᠍ᠴᠢᠳ᠎ᠤᠨ ᠳᠠᠳᠤᠯᠭ᠎ᠠ ᠪᠣᠯᠪᠠᠰᠤᠷᠠᠯ᠎ᠢ ᠵᠣᠬᠢᠶᠠᠨ ᠪᠠᠢᠭᠤᠯᠵᠤ ᠂ ᠲᠣᠬᠢᠷᠠᠭᠤᠯᠵᠤ ᠂ ᠬᠠᠮᠢᠶᠠᠷᠴᠤ ᠪᠠᠢᠭ᠎ᠠ ᠪᠠᠢᠳᠠᠯ ᠣᠷᠣᠰᠢᠵᠤ ᠪᠠᠢᠬᠤ ᠡᠰᠡᠬᠦ ᠃
ᠳᠥᠷᠪᠡ ᠂ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠪᠠᠢᠭᠤᠯᠤᠮᠵᠢ ᠂ ᠬᠥᠳᠡᠯᠮᠦᠷᠢ ᠦᠢᠯᠡᠴᠢᠯᠡᠭᠡ ᠲᠣᠮᠢᠯᠠᠬᠤ ᠨᠢᠭᠡᠴᠢ ᠪᠤᠶᠤ ᠬᠠᠤᠯᠢ ᠪᠤᠰᠤ᠎ᠪᠠᠷ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡ ᠂ ᠬᠥᠳᠡᠯᠮᠦᠷᠢ ᠦᠢᠯᠡᠴᠢᠯᠡᠭᠡ ᠲᠣᠮᠢᠯᠠᠬᠤ ᠲᠤᠬᠠᠢᠯᠠᠭᠰᠠᠨ ᠠᠵᠢᠯ᠎ᠢ ᠡᠷᠭᠢᠯᠡᠵᠦ ᠪᠠᠢᠭ᠎ᠠ ᠨᠢᠭᠡᠴᠢ ᠪᠤᠶᠤ ᠬᠤᠪᠢ ᠬᠥᠮᠥᠨ 《 ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠵᠢᠯ ᠮᠡᠷᠭᠡᠵᠢᠯ᠎ᠦᠨ ᠰᠤᠷᠭᠠᠨ ᠬᠥᠮᠦᠵᠢᠯ᠎ᠦᠨ ᠬᠠᠤᠯᠢ 》᠎ᠶᠢᠨ ᠲᠣᠭᠲᠠᠭᠠᠯ᠎ᠢ ᠵᠥᠷᠢᠴᠡᠵᠦ ᠂ ᠰᠣᠷᠣᠭ᠍ᠴᠢ᠎ᠶᠢᠨ ᠳᠠᠳᠤᠯᠭ᠎ᠠ ᠪᠣᠯᠪᠠᠰᠤᠷᠠᠯ᠎ᠢ ᠵᠣᠬᠢᠶᠠᠨ ᠪᠠᠢᠭᠤᠯᠵᠤ ᠂ ᠲᠣᠬᠢᠷᠠᠭᠤᠯᠵᠤ ᠂ ᠬᠠᠮᠢᠶᠠᠷᠴᠤ ᠪᠠᠢᠭ᠎ᠠ ᠪᠠᠢᠳᠠᠯ ᠣᠷᠣᠰᠢᠵᠤ ᠪᠠᠢᠬᠤ ᠡᠰᠡᠬᠦ ᠃
ᠲᠠᠪᠤ᠂ ᠠᠷᠠᠳ᠎ᠠᠴᠠ ᠡᠷᠬᠢᠯᠡᠭᠰᠡᠨ ᠠᠵᠢᠯ ᠮᠡᠷᠭᠡᠵᠢᠯ᠎ᠦᠨ ᠪᠣᠯᠪᠠᠰᠤᠷᠠᠯ᠎ᠤᠨ ᠰᠤᠷᠭᠠᠭᠤᠯᠢ᠎ᠳᠤ 《 ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠠᠳ᠎ᠠᠴᠠ ᠡᠷᠬᠢᠯᠡᠭᠰᠡᠨ ᠰᠤᠷᠭᠠᠨ ᠬᠥᠮᠦᠵᠢᠯ᠎ᠢ ᠠᠬᠢᠭᠤᠯᠬᠤ ᠬᠠᠤᠯᠢ 》᠎ᠶᠢᠨ ᠵᠢᠷᠠᠨ ᠬᠣᠶᠠᠳᠤᠭᠠᠷ ᠵᠦᠢᠯ᠎ᠳᠦ ᠵᠢᠭ᠍ᠰᠠᠭᠠᠭᠰᠠᠨ ᠦᠢᠯᠡ ᠠᠵᠢᠯᠯᠠᠭ᠎ᠠ ᠪᠠᠢᠬᠤ ᠡᠰᠡᠬᠦ᠃
ᠵᠢᠷᠭᠤᠭ᠎ᠠ ᠂ ᠠᠷᠠᠳ᠎ᠠᠴᠠ ᠡᠷᠭᠢᠯᠡᠭᠰᠡᠨ ᠠᠵᠢᠯ ᠮᠡᠷᠭᠡᠵᠢᠯ᠎ᠦᠨ ᠪᠣᠯᠪᠠᠰᠤᠷᠠᠯ᠎ᠤᠨ ᠰᠤᠷᠭᠠᠭᠤᠯᠢ᠎ᠳᠤ 《 ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠠᠳ᠎ᠠᠴᠠ ᠡᠷᠭᠢᠯᠡᠭᠰᠡᠨ ᠰᠤᠷᠭᠠᠨ ᠬᠥᠮᠦᠵᠢᠯ᠎ᠢ ᠠᠬᠢᠭᠤᠯᠬᠤ ᠬᠠᠤᠯᠢ᠎ᠶᠢ ᠬᠡᠷᠡᠭᠵᠢᠭᠦᠯᠬᠦ ᠳᠦᠷᠢᠮ 》᠎ᠤᠨ ᠵᠢᠷᠠᠨ ᠭᠤᠷᠪᠠᠳᠤᠭᠠᠷ ᠵᠦᠢᠯ᠎ᠳᠦ ᠵᠢᠭ᠍ᠰᠠᠭᠠᠭᠰᠠᠨ ᠦᠶ᠋ᠯᠡ ᠠᠵᠢᠯᠯᠠᠭ᠎ᠠ ᠪᠠᠢᠬᠤ ᠡᠰᠡᠬᠦ ᠃
ᠳᠣᠯᠣᠭ᠎ᠠ ᠂ ᠠᠷᠠᠳ᠎ᠠᠴᠠ ᠡᠷᠭᠢᠯᠡᠭᠰᠡᠨ ᠠᠵᠢᠯ ᠮᠡᠷᠭᠡᠵᠢᠯ᠎ᠦᠨ ᠪᠣᠯᠪᠠᠰᠤᠷᠠᠯ᠎ᠤᠨ ᠰᠤᠷᠭᠠᠭᠤᠯᠢ᠎ᠶᠢ ᠳᠤᠷ᠎ᠠ᠎ᠪᠠᠷ᠎ᠢᠶᠠᠨ ᠡᠷᠭᠢᠯᠡᠭᠰᠡᠨ ( ᠡᠷᠭᠢᠯᠡᠬᠦ᠎ᠳᠦ ᠣᠷᠣᠯᠴᠠᠭᠰᠠᠨ ) ᠂ ᠡᠰᠡᠬᠦᠯ᠎ᠡ ᠠᠷᠠᠳ᠎ᠠᠴᠠ ᠡᠷᠭᠢᠯᠡᠭᠰᠡᠨ ᠠᠵᠢᠯ ᠮᠡᠷᠭᠡᠵᠢᠯ᠎ᠦᠨ ᠪᠣᠯᠪᠠᠰᠤᠷᠠᠯ᠎ᠤᠨ ᠰᠤᠷᠭᠠᠭᠤᠯᠢ᠎ᠶᠢᠨ ᠪᠡᠯᠡᠳᠬᠡᠨ ᠪᠠᠢᠭᠤᠯᠬᠤ ᠬᠤᠭᠤᠴᠠᠭᠠᠨ᠎ᠳᠤ ᠰᠣᠷᠣᠭ᠍ᠴᠢ ᠡᠯᠰᠡᠭᠰᠡᠨ ᠪᠠᠢᠳᠠᠯ ᠣᠷᠣᠰᠢᠵᠤ ᠪᠠᠢᠬᠤ ᠡᠰᠡᠬᠦ ᠃
ᠨᠠᠢ᠍ᠮᠠ᠂ ᠵᠥᠪᠰᠢᠶᠡᠷᠡᠭᠦᠯᠦᠭᠰᠡᠨ ᠦᠭᠡᠢ᠎ᠪᠡᠷ ᠳᠤᠮᠳᠠᠳᠤ ᠭᠠᠳᠠᠭᠠᠳᠤ᠎ᠶᠢᠨ ᠬᠤᠷᠰᠢᠨ ᠰᠤᠷᠭᠠᠭᠤᠯᠢ ᠡᠷᠬᠢᠯᠡᠬᠦ ᠪᠠᠢᠭᠤᠯᠤᠮᠵᠢ᠎ᠶᠢ ᠳᠤᠷ᠎ᠠ᠎ᠪᠠᠷ᠎ᠢᠶᠠᠨ ᠪᠠᠢᠭᠤᠯᠤᠭᠰᠠᠨ᠂ ᠡᠰᠡᠬᠦᠯ᠎ᠡ ᠲᠥᠪ ᠪᠤᠰᠤ ᠠᠷᠭ᠎ᠠ᠎ᠪᠠᠷ ᠳᠤᠮᠳᠠᠳᠤ ᠭᠠᠳᠠᠭᠠᠳᠤ᠎ᠶᠢᠨ ᠬᠤᠷᠰᠢᠨ ᠰᠤᠷᠭᠠᠭᠤᠯᠢ ᠡᠷᠬᠢᠯᠡᠬᠦ ᠵᠥᠪᠰᠢᠶᠡᠷᠡᠯ᠎ᠦᠨ ᠦᠨᠡᠮᠯᠡᠯ᠎ᠢ ᠮᠡᠬᠡᠯᠡᠨ ᠣᠯᠣᠭᠰᠠᠨ ᠪᠠᠢᠳᠠᠯ ᠣᠷᠣᠰᠢᠵᠤ ᠪᠠᠢᠬᠤ ᠡᠰᠡᠬᠦ᠃
ᠶᠢᠰᠦ᠂ ᠳᠤᠮᠳᠠᠳᠤ ᠭᠠᠳᠠᠭᠠᠳᠤ᠎ᠶᠢᠨ ᠬᠤᠷᠰᠢᠨ ᠰᠤᠷᠭᠠᠭᠤᠯᠢ ᠡᠷᠬᠢᠯᠡᠬᠦ ᠪᠠᠢᠭᠤᠯᠤᠮᠵᠢ᠎ᠶᠢ ᠪᠡᠯᠡᠳᠬᠡᠨ ᠪᠠᠶ᠋ᠢᠭᠤᠯᠬᠤ ᠬᠤᠭᠤᠴᠠᠭᠠᠨ᠎ᠳᠤ ᠰᠤᠷᠤᠭ᠍ᠴᠢ ᠡᠯᠰᠡᠬᠦ ᠪᠠᠢᠳᠠᠯ ᠣᠷᠣᠰᠢᠵᠤ ᠪᠠᠢᠬᠤ ᠡᠰᠡᠬᠦ᠃
ᠠᠷᠪᠠ᠂ ᠳᠤᠮᠳᠠᠳᠤ ᠭᠠᠳᠠᠭᠠᠳᠤ᠎ᠶᠢᠨ ᠬᠣᠷᠰᠢᠨ ᠰᠤᠷᠭᠠᠭᠤᠯᠢ ᠡᠷᠬᠢᠯᠡᠭᠰᠡᠳ ᠬᠤᠳᠠᠯ ᠬᠠᠭᠤᠷᠮᠠᠭ᠎ᠢᠶᠠᠷ ᠪᠡᠯᠡ ᠭᠠᠷᠭᠠᠭᠰᠠᠨ ᠪᠤᠶᠤ ᠳᠤᠮᠳᠠᠳᠤ ᠭᠠᠳᠠᠭᠠᠳᠤ᠎ᠶᠢᠨ ᠬᠤᠷᠰᠢᠭ᠍ᠰᠠᠨ ᠰᠤᠷᠭᠠᠭᠤᠯᠢ ᠡᠷᠬᠢᠯᠡᠬᠦ ᠪᠠᠢᠭᠤᠯᠤᠮᠵᠢ ᠪᠠᠢᠭᠤᠯᠤᠭᠳᠠᠭᠰᠠᠨ᠎ᠤ ᠲᠠᠷᠠᠭ᠎ᠠ ᠭᠠᠷᠭᠠᠭᠰᠠᠨ ᠪᠡᠯᠡ᠎ᠪᠠᠨ ᠲᠠᠳᠠᠨ ᠠᠪᠴᠤ ᠵᠠᠢᠯᠠᠭᠤᠯᠤᠭᠰᠠᠨ ᠪᠠᠢᠳᠠᠯ ᠣᠷᠣᠰᠢᠵᠤ ᠪᠠᠢᠬᠤ ᠡᠰᠡᠬᠦ᠃
ᠠᠷᠪᠠᠨ ᠨᠢᠭᠡ᠂ ᠳᠤᠮᠳᠠᠳᠤ ᠭᠠᠳᠠᠭᠠᠳᠤ᠎ᠶᠢᠨ ᠬᠤᠷᠰᠢᠨ ᠰᠤᠷᠭᠠᠭᠤᠯᠢ ᠡᠷᠬᠢᠯᠡᠬᠦ ᠪᠠᠢᠭᠤᠯᠤᠮᠵᠢ᠎ᠶᠢᠨ ᠬᠠᠮᠢᠶᠠᠷᠤᠯᠲᠠ ᠡᠮᠬᠢ ᠵᠠᠮᠪᠠᠷᠠᠭ᠎ᠠ ᠦᠭᠡᠢ᠂ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠶᠠᠰᠤ ᠴᠢᠨᠠᠷ ᠳᠣᠣᠷ᠎ᠠ᠂ ᠮᠠᠭᠤ ᠨᠥᠯᠥᠭᠡ ᠭᠠᠷᠭᠠᠭᠰᠠᠨ ᠪᠠᠢᠳᠠᠯ ᠣᠷᠣᠰᠢᠵᠤ ᠪᠠᠢᠬᠤ ᠡᠰᠡᠬᠦ᠃
ᠠᠷᠪᠠᠨ ᠬᠣᠶᠠᠷ᠂ 《 ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠳᠤᠮᠳᠠᠳᠤ ᠭᠠᠳᠠᠭᠠᠳᠤ᠎ᠶᠢᠨ ᠬᠤᠷᠰᠢᠨ ᠰᠤᠷᠭᠠᠭᠤᠯᠢ ᠡᠷᠬᠢᠯᠡᠬᠦ ᠳᠦᠷᠢᠮ 》᠎ᠦᠨ ᠲᠣᠭᠲᠠᠭᠠᠯ᠎ᠢ ᠵᠥᠷᠢᠴᠡᠨ ᠰᠤᠷᠤᠬ᠍ᠴᠢ ᠡᠯᠰᠡᠬᠦ ᠲᠤᠬᠠᠢ ᠬᠤᠳᠠᠯ ᠬᠠᠭᠤᠷᠮᠠᠭ ᠲᠣᠪᠴᠢ ᠳᠦᠷᠢᠮ ᠨᠡᠢᠲᠡᠯᠡᠵᠦ᠂ ᠵᠣᠭᠣᠰ ᠮᠥᠩᠭᠥ ᠮᠡᠬᠡᠯᠡᠨ ᠠᠪᠤᠭᠰᠠᠨ ᠪᠠᠢᠳᠠᠯ ᠣᠷᠣᠰᠢᠵᠤ ᠪᠠᠢᠬᠤ ᠡᠰᠡᠬᠦ᠃
ᠠᠷᠪᠠᠨ ᠭᠤᠷᠪᠠ᠂ ᠵᠥᠪᠰᠢᠶᠡᠷᠡᠭᠦᠯᠦᠭᠰᠡᠨ ᠦᠭᠡᠢ᠎ᠪᠡᠷ ᠳᠤᠮᠳᠠᠳᠤ ᠭᠠᠳᠠᠭᠠᠳᠤ᠎ᠶᠢᠨ ᠬᠤᠷᠰᠢᠭ᠍ᠰᠠᠨ ᠠᠵᠢᠯ ᠮᠡᠷᠭᠡᠵᠢᠯ᠎ᠦᠨ ᠤᠷ᠎ᠠ ᠮᠡᠷᠭᠡᠵᠢᠯ᠎ᠦᠨ ᠪᠣᠯᠪᠠᠰᠤᠷᠠᠯ᠎ᠤᠨ ᠰᠤᠷᠭᠠᠭᠤᠯᠢ ᠡᠷᠬᠢᠯᠡᠬᠦ ᠵᠦᠢᠯᠡᠰ᠎ᠢ ᠳᠤᠷ᠎ᠠ᠎ᠪᠠᠷ᠎ᠢᠶᠠᠨ ᠡᠷᠬᠢᠯᠡᠭᠰᠡᠨ᠂ ᠡᠰᠡᠬᠦᠯ᠎ᠡ ᠲᠥᠪ ᠪᠤᠰᠤ ᠠᠷᠭ᠎ᠠ ᠪᠠᠷᠢᠯ᠎ᠢᠶᠠᠷ ᠳᠤᠮᠳᠠᠳᠤ ᠭᠠᠳᠠᠭᠠᠳᠤ᠎ᠶᠢᠨ ᠬᠤᠷᠰᠢᠭ᠍ᠰᠠᠨ ᠰᠤᠷᠭᠠᠭᠤᠯᠢ ᠡᠷᠬᠢᠯᠡᠬᠦ ᠵᠦᠢᠯᠡᠰ᠎ᠦᠨ ᠵᠥᠪᠰᠢᠶᠡᠷᠡᠯ᠎ᠦᠨ ᠪᠢᠴᠢᠭ᠎ᠢ ᠮᠡᠬᠡᠯᠡᠨ ᠣᠯᠣᠭᠰᠠᠨ ᠪᠠᠢᠳᠠᠯ ᠣᠷᠣᠰᠢᠵᠤ ᠪᠠᠢᠬᠤ ᠡᠰᠡᠬᠦ᠃
ᠠᠷᠪᠠᠨ ᠳᠥᠷᠪᠡ᠂ ᠳᠤᠮᠳᠠᠳᠤ ᠭᠠᠳᠠᠭᠠᠳᠤ᠎ᠶᠢᠨ ᠬᠤᠷᠰᠢᠭ᠍ᠰᠠᠨ ᠠᠵᠢᠯ ᠮᠡᠷᠭᠡᠵᠢᠯ᠎ᠤᠨ ᠤᠷ᠎ᠠ ᠮᠡᠷᠭᠡᠵᠢᠯ᠎ᠤᠨ ᠪᠣᠯᠪᠠᠰᠤᠷᠠᠯ᠎ᠤᠨ ᠰᠤᠷᠭᠠᠭᠤᠯᠢ ᠡᠷᠬᠢᠯᠡᠬᠥ ᠲᠥᠷᠥᠯ ᠵᠦᠢᠯ᠎ᠳᠤ ᠬᠤᠳᠠᠯ ᠬᠠᠭᠤᠷᠮᠠᠭ ᠰᠤᠷᠤᠭ᠍ᠴᠢ ᠡᠯᠰᠡᠬᠦ ᠲᠣᠪᠴᠢ ᠳᠦᠷᠢᠮ ᠪᠤᠶᠤ ᠰᠤᠷᠤᠭ᠍ᠴᠢ ᠡᠯᠰᠡᠬᠦ ᠵᠠᠷ ᠨᠡᠢᠲᠡᠯᠡᠵᠦ᠂ ᠵᠣᠭᠣᠰ ᠮᠥᠩᠭᠥ ᠮᠡᠬᠡᠯᠡᠨ ᠠᠪᠤᠭᠰᠠᠨ ᠪᠠᠢᠳᠠᠯ ᠣᠷᠣᠰᠢᠵᠤ ᠪᠠᠢᠬᠤ ᠡᠰᠡᠬᠦ᠃
1.5 ᠪᠠᠢᠴᠠᠭᠠᠬᠤ ᠠᠷᠭ᠎ᠠ ᠮᠠᠶᠢᠭ᠋
ᠲᠤᠬᠠᠢ᠎ᠶᠢᠨ ᠲᠠᠯᠠᠪᠤᠷ᠎ᠤᠨ ᠪᠠᠢᠴᠠᠭᠠᠯᠲᠠ ᠪᠠ ᠲᠤᠬᠠᠢ᠎ᠶᠢᠨ ᠲᠠᠯᠠᠪᠤᠷ᠎ᠤᠨ ᠪᠤᠰᠤ ᠪᠠᠢᠴᠠᠭᠠᠯᠲᠠ᠎ᠶᠢ ᠤᠶᠠᠯᠳᠤᠭᠤᠯᠤᠨ᠎ᠠ
1.6 ᠪᠠᠢᠴᠠᠭᠠᠬᠤ ᠳᠠᠪᠲᠠᠮᠵᠢ᠎ᠶᠢᠨ ᠳᠡᠭᠡᠳᠦ ᠬᠢᠵᠠᠭᠠᠷ
ᠠᠳᠠᠯᠢ ᠨᠢᠭᠡᠨ ᠵᠠᠰᠠᠭ ᠵᠠᠬᠢᠷᠭᠠᠨ᠎ᠤ ᠪᠠᠢᠭᠤᠯᠭ᠎ᠠ ᠨᠢ ᠠᠳᠠᠯᠢ ᠨᠢᠭᠡᠨ ᠪᠠᠢᠴᠠᠭᠠᠭᠳᠠᠬᠤ ᠡᠲᠡᠭᠡᠳ᠎ᠲᠦ ᠵᠢᠯ ᠪᠦᠷᠢ ᠨᠢᠭᠡ ᠤᠳᠠᠭ᠎ᠠ ᠪᠠᠢᠴᠠᠭᠠᠯᠲᠠ ᠬᠢᠨ᠎ᠡ᠃
2. ᠨᠡᠢᠭᠡᠮ᠎ᠦᠨ ᠳᠠᠭᠠᠳᠬᠠᠯ᠎ᠤᠨ ᠰᠠᠭᠤᠷᠢ ᠮᠥᠩᠭᠥ᠎ᠶᠢᠨ ᠣᠷᠣᠯᠭ᠎ᠠ ᠵᠠᠷᠤᠯᠭ᠎ᠠ᠂ ᠬᠠᠮᠢᠶᠠᠷᠤᠯᠲᠠ ᠪᠠ ᠪᠡᠯᠡ ᠣᠷᠣᠭᠤᠯᠵᠤ ᠡᠵᠡᠩᠨᠡᠭᠰᠡᠨ ᠪᠠᠢᠳᠠᠯ᠎ᠢ ᠬᠢᠨᠠᠵᠤ ᠪᠠᠢᠴᠠᠭᠠᠬᠤ
2.1 ᠪᠠᠶ᠋ᠢᠭᠤᠯᠬᠤ ᠪᠠ ᠬᠡᠷᠡᠭᠵᠢᠭᠦᠯᠬᠦ ᠦᠨᠳᠦᠰᠦ ᠪᠠᠷᠢᠮᠲᠠ
《 ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠨᠡᠢᠭᠡᠮ᠎ᠦᠨ ᠳᠠᠭᠠᠳᠬᠠᠯ᠎ᠤᠨ ᠬᠠᠤᠯᠢ 》
《 ᠨᠡᠢᠭᠡᠮ᠎ᠦᠨ ᠳᠠᠭᠠᠳᠬᠠᠯ᠎ᠤᠨ ᠰᠠᠭᠤᠷᠢ ᠮᠥᠩᠭᠥ᠎ᠳᠦ ᠵᠠᠰᠠᠭ ᠵᠠᠬᠢᠷᠭᠠᠨ᠎ᠤ ᠬᠢᠨᠠᠯᠲᠠ ᠲᠠᠯᠪᠢᠬᠤ ᠠᠷᠭ᠎ᠠ 》
2.2 ᠬᠡᠷᠡᠭᠵᠢᠭᠦᠯᠬᠦ ᠭᠣᠣᠯ ᠴᠣᠭᠴᠠ
ᠥᠪᠡᠷᠲᠡᠭᠡᠨ ᠵᠠᠰᠠᠬᠤ ᠣᠷᠣᠨ᠂ ᠠᠢᠮᠠᠭ ᠬᠤᠳᠠ᠂ ᠬᠣᠰᠢᠭᠤ ᠰᠢᠶᠠᠨ᠎ᠤ ᠱᠠᠲᠤᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ᠋ ᠪᠠ ᠨᠡᠢᠭᠡᠮ᠎ᠤᠨ ᠪᠠᠲᠤᠯᠠᠭ᠎ᠠ᠎ᠶᠢᠨ ᠰᠠᠯᠠᠭ᠎ᠠ ᠮᠥᠴᠢᠷ
2.3 ᠪᠠᠢᠴᠠᠭᠠᠬᠤ ᠠᠭᠤᠯᠭ᠎ᠠ
ᠨᠡᠢᠭᠡᠮ᠎ᠦᠨ ᠳᠠᠭᠠᠳᠬᠠᠯ᠎ᠤᠨ ᠬᠠᠤᠯᠢ ᠴᠠᠭᠠᠵᠠ ᠂ ᠬᠠᠤᠯᠢ ᠲᠣᠭᠲᠠᠭᠠᠯ᠎ᠢ ᠵᠢᠷᠤᠮᠯᠠᠭᠰᠠᠨ ᠪᠠᠢᠳᠠᠯ ᠂ ᠨᠡᠢᠭᠡᠮ᠎ᠦᠨ ᠳᠠᠭᠠᠳᠬᠠᠯ᠎ᠤᠨ ᠰᠠᠭᠤᠷᠢ ᠮᠥᠩᠭᠥ᠎ᠶᠢᠨ ᠣᠷᠣᠯᠭ᠎ᠠ ᠵᠠᠷᠤᠯᠭ᠎ᠠ ᠂ ᠬᠠᠮᠢᠶᠠᠷᠤᠯᠲᠠ ᠪᠠ ᠪᠡᠯᠡ ᠣᠷᠣᠭᠤᠯᠵᠤ ᠡᠵᠡᠩᠨᠡᠭᠰᠡᠨ ᠪᠠᠢᠳᠠᠯ᠃
2.4 ᠪᠠᠢᠴᠠᠭᠠᠬᠤ ᠬᠦᠷᠢᠶ᠎ᠡ ᠬᠡᠪᠴᠢᠶ᠎ᠡ ( ᠡᠲᠡᠭᠡᠳ ) ᠪᠠ ᠪᠠᠷᠢᠮᠵᠢᠶ᠎ᠠ
ᠨᠢᠭᠡ᠂ ᠬᠥᠮᠥᠨ ᠬᠡᠷᠡᠭᠯᠡᠬᠦ ᠨᠢᠭᠡᠴᠢ ᠨᠡᠢᠭᠡᠮ᠎ᠦᠨ ᠳᠠᠭᠠᠳᠬᠠᠯ᠎ᠤᠨ ᠳᠠᠩᠰᠠᠯᠠᠯᠲᠠ ᠬᠢᠯᠭᠡᠭᠰᠡᠨ ᠦᠭᠡᠢ ᠪᠠᠢᠳᠠᠯ ᠣᠷᠣᠰᠢᠵᠤ ᠪᠠᠢᠬᠤ ᠡᠰᠡᠬᠦ᠃
ᠬᠣᠶᠠᠷ ᠂ ᠰᠦᠢᠳᠬᠡᠯ ᠲᠤᠰᠢᠶᠠᠬᠤ ᠨᠢᠭᠡᠴᠢ ᠨᠡᠢᠭᠡᠮ᠎ᠦᠨ ᠳᠠᠭᠠᠳᠬᠠᠯ᠎ᠤᠨ ᠳᠠᠩᠰᠠᠯᠠᠯᠲᠠ ᠂ ᠳᠠᠩᠰᠠᠯᠠᠯᠲᠠ᠎ᠪᠡᠨ ᠬᠤᠪᠢᠷᠠᠭᠤᠯᠬᠤ ᠪᠤᠶᠤ ᠳᠠᠩᠰᠠᠯᠠᠯᠲᠠ᠎ᠪᠡᠨ ᠬᠦᠴᠦᠨ ᠦᠭᠡᠢ ᠪᠣᠯᠭᠠᠬᠤ ᠂ ᠡᠰᠡᠬᠦᠯ᠎ᠡ ᠲᠤᠰᠢᠶᠠᠬᠤ ᠶᠣᠰᠣᠲᠠᠢ ᠨᠡᠢᠭᠡᠮ᠎ᠦᠨ ᠳᠠᠭᠠᠳᠬᠠᠯ᠎ᠤᠨ ᠰᠦᠢᠳᠬᠡᠯ᠎ᠦᠨ ᠲᠣᠭ᠎ᠠ ᠬᠡᠮᠵᠢᠶ᠎ᠡ᠎ᠪᠡᠨ ᠲᠣᠭᠲᠠᠭᠠᠯ ᠶᠣᠰᠣᠭᠠᠷ ᠮᠡᠳᠡᠭᠦᠯᠦᠭᠰᠡᠨ ᠦᠭᠡᠢ ᠪᠠᠢᠳᠠᠯ ᠣᠷᠣᠰᠢᠵᠤ ᠪᠠᠢᠬᠤ ᠡᠰᠡᠬᠦ ᠃
ᠭᠤᠷᠪᠠ᠂ ᠬᠥᠮᠥᠨ ᠬᠡᠷᠡᠭᠯᠡᠬᠦ ᠨᠢᠭᠡᠴᠢ ᠨᠡᠢᠭᠡᠮ᠎ᠦᠨ ᠳᠠᠭᠠᠳᠬᠠᠯ᠎ᠤᠨ ᠰᠦᠢᠳᠬᠡᠯ᠎ᠢ ᠲᠤᠰᠢᠶᠠᠭᠰᠠᠨ ᠨᠠᠷᠢᠨ ᠪᠠᠢᠳᠠᠯ᠎ᠢᠶᠠᠨ ᠠᠵᠢᠯᠲᠠᠨ ᠠᠵᠢᠯᠴᠢᠨ ᠬᠤᠪᠢ ᠬᠥᠮᠥᠨ ᠳ᠋ᠦ᠍ᠨᠢ ᠰᠠᠷ᠎ᠠ᠎ᠪᠠᠷ ᠮᠡᠳᠡᠭᠳᠡᠭᠰᠡᠨ ᠦᠭᠡᠢ ᠪᠠᠢᠳᠠᠯ ᠣᠷᠣᠰᠢᠵᠤ ᠪᠠᠢᠬᠤ ᠡᠰᠡᠬᠦ᠃
ᠳᠥᠷᠪᠡ ᠂ ᠬᠥᠮᠥᠨ ᠬᠡᠷᠡᠭᠯᠡᠬᠦ ᠨᠢᠭᠡᠴᠢ 《 ᠠᠵᠢᠯ᠎ᠠᠴᠠ ᠪᠣᠯᠤᠭᠰᠠᠨ ᠭᠡᠮᠲᠦᠯ᠎ᠦᠨ ᠳᠠᠭᠠᠳᠬᠠᠯ᠎ᠤᠨ ᠳᠦᠷᠢᠮ 》᠎ᠦᠨ ᠲᠣᠭᠲᠠᠭᠠᠯ ᠶᠣᠰᠣᠭᠠᠷ ᠠᠵᠢᠯ᠎ᠠᠴᠠ ᠪᠣᠯᠤᠭᠰᠠᠨ ᠭᠡᠮᠲᠦᠯ᠎ᠦᠨ ᠳᠠᠭᠠᠳᠬᠠᠯ᠎ᠳᠤ ᠣᠷᠣᠯᠴᠠᠬᠤ ᠶᠣᠰᠣᠲᠠᠢ ᠪᠠᠢᠲᠠᠯ᠎ᠠ ᠣᠷᠣᠯᠴᠠᠭᠰᠠᠨ ᠦᠭᠡᠢ ᠪᠠᠢᠳᠠᠯ ᠣᠷᠣᠰᠢᠵᠤ ᠪᠠᠢᠬᠤ ᠡᠰᠡᠬᠦ ᠃
ᠲᠠᠪᠤ ᠂ ᠰᠦᠢᠳᠬᠡᠯ ᠲᠤᠰᠢᠶᠠᠬᠤ ᠨᠢᠭᠡᠴᠢ ᠨᠡᠢᠭᠡᠮ᠎ᠦᠨ ᠳᠠᠭᠠᠳᠬᠠᠯ᠎ᠤᠨ ᠳᠠᠩᠰᠠᠯᠠᠯᠲᠠ᠎ᠶᠢᠨ ᠦᠨᠡᠮᠯᠡᠯ᠎ᠢ ᠬᠠᠭᠤᠷᠮᠠᠭᠯᠠᠨ ᠵᠣᠬᠢᠶᠠᠭᠰᠠᠨ ᠂ ᠥᠭᠡᠷᠡᠲᠦᠭᠦᠯᠦᠨ ᠵᠣᠬᠢᠶᠠᠭᠰᠠᠨ ᠂ ᠡᠰᠡᠬᠦᠯ᠎ᠡ ᠲᠣᠭᠲᠠᠭᠠᠯ ᠶᠣᠰᠣᠭᠠᠷ ᠰᠦᠢᠳᠬᠡᠯ ᠲᠤᠰᠢᠶᠠᠬᠤ ᠬᠤᠪᠢ ᠬᠥᠮᠥᠨ᠎ᠦ ᠴᠠᠯᠢᠩ᠎ᠠᠴᠠ ᠨᠡᠢᠭᠡᠮ᠎ᠦᠨ ᠳᠠᠭᠠᠳᠬᠠᠯ᠎ᠤᠨ ᠰᠦᠢᠳᠬᠡᠯ᠎ᠢ ᠣᠷᠣᠯᠠᠨ ᠰᠠᠭᠤᠯᠭᠠᠨ ᠠᠪᠴᠤ ᠣᠷᠣᠯᠠᠨ ᠲᠤᠰᠢᠶᠠᠭᠰᠠᠨ ᠦᠭᠡᠢ ᠂ ᠡᠰᠡᠬᠦᠯ᠎ᠡ ᠲᠣᠭᠲᠠᠭᠠᠯ ᠶᠣᠰᠣᠭᠠᠷ ᠠᠵᠢᠯᠲᠠᠨ ᠠᠵᠢᠯᠴᠢᠨ᠎ᠳᠤ ᠲᠣᠰ ᠨᠢᠭᠡᠴᠢ᠎ᠶᠢᠨ ᠨᠡᠢᠭᠡᠮ᠎ᠦᠨ ᠳᠠᠭᠠᠳᠬᠠᠯ᠎ᠤᠨ ᠰᠦᠢᠳᠬᠡᠯ᠎ᠢ ᠲᠤᠰᠢᠶᠠᠭᠰᠠᠨ ᠪᠠᠢᠳᠠᠯ᠎ᠢᠶᠠᠨ ᠨᠡᠢᠲᠡᠯᠡᠭᠰᠡᠨ ᠦᠭᠡᠢ ᠪᠠᠢᠳᠠᠯ ᠣᠷᠣᠰᠢᠵᠤ ᠪᠠᠢᠬᠤ ᠡᠰᠡᠬᠦ ᠃
ᠵᠢᠷᠭᠤᠭ᠎ᠠ ᠂ ᠰᠦᠢᠳᠬᠡᠯ ᠲᠤᠰᠢᠶᠠᠬᠤ ᠨᠢᠭᠡᠴᠢ ᠨᠢ ᠬᠣᠯᠪᠣᠭᠳᠠᠯ ᠪᠦᠬᠦᠢ ᠡᠳ᠋᠎ᠦᠨ ᠶᠠᠪᠤᠳᠠᠯ ᠂ ᠨᠢᠭ᠍ᠲᠠᠯᠠᠨ ᠪᠤᠳᠤᠬᠤ ᠂ ᠲᠣᠭ᠎ᠠ ᠪᠦᠷᠢᠳᠬᠡᠯ᠎ᠦᠨ ᠬᠠᠤᠯᠢ ᠴᠠᠭᠠᠵᠠ ᠂ ᠵᠠᠰᠠᠭ ᠵᠠᠬᠢᠷᠭᠠᠨ᠎ᠤ ᠬᠠᠤᠯᠢ ᠲᠣᠭᠲᠠᠭᠠᠯ ᠪᠣᠯᠣᠨ ᠤᠯᠤᠰ᠎ᠤᠨ ᠬᠣᠯᠪᠣᠭᠳᠠᠯ ᠪᠦᠬᠦᠢ ᠲᠣᠭᠲᠠᠭᠠᠯ᠎ᠢ ᠵᠥᠷᠢᠴᠡᠵᠦ ᠂ ᠬᠣᠯᠪᠣᠭᠳᠠᠯ ᠪᠦᠬᠦᠢ ᠲᠠᠩᠰᠠ ᠂ ᠮᠠᠲᠧᠷᠢᠶᠠᠯ᠎ᠢ ᠬᠠᠭᠤᠷᠮᠠᠭᠯᠠᠨ ᠵᠣᠬᠢᠶᠠᠭᠰᠠᠨ ᠂ ᠬᠤᠪᠢᠷᠠᠭᠤᠯᠤᠨ ᠵᠣᠬᠢᠶᠠᠭᠰᠠᠨ ᠂ ᠵᠣᠷᠢᠭᠤᠳᠠ ᠤᠰᠠᠳᠬᠠᠭᠰᠠᠨ ᠂ ᠡᠰᠡᠬᠦᠯ᠎ᠡ ᠲᠠᠩᠰᠠ ᠪᠠᠢᠭᠤᠯᠤᠭᠰᠠᠨ ᠦᠭᠡᠢ᠎ᠡᠴᠡ ᠪᠣᠯᠵᠤ ᠨᠡᠢᠭᠡᠮ᠎ᠦᠨ ᠳᠠᠭᠠᠳᠬᠠᠯ᠎ᠤᠨ ᠰᠦᠢᠳᠬᠡᠯ᠎ᠦᠨ ᠰᠦᠢᠳᠬᠡᠯ ᠲᠤᠰᠢᠶᠠᠬᠤ ᠰᠠᠭᠤᠷᠢ ᠲᠣᠭ᠎ᠠ᠎ᠶᠢ ᠲᠣᠭᠲᠠᠭᠠᠬᠤ᠎ᠶᠢᠨ ᠠᠷᠭ᠎ᠠ ᠦᠭᠡᠢ ᠪᠣᠯᠭᠠᠵᠤ ᠂ ᠲᠤᠰᠢᠶᠠᠬᠤ᠎ᠶᠢ ᠤᠳᠠᠭᠠᠰᠢᠷᠠᠭᠤᠯᠤᠭᠰᠠᠨ ᠪᠠᠢᠳᠠᠯ ᠣᠷᠣᠰᠢᠵᠤ ᠪᠠᠢᠬᠤ ᠡᠰᠡᠬᠦ ᠃
ᠳᠣᠯᠣᠭ᠎ᠠ ᠂ 《 ᠠᠵᠤ ᠠᠬᠤᠢᠯᠠᠯ᠎ᠤᠨ ᠣᠨ᠎ᠤ ᠮᠥᠩᠭᠥ᠎ᠶᠢᠨ ᠠᠷᠭ᠎ᠠ 》᠎ᠶᠢ ᠵᠥᠷᠢᠴᠡᠭᠰᠡᠨ ᠪᠠᠢᠳᠠᠯ ᠣᠷᠣᠰᠢᠵᠤ ᠪᠠᠢᠬᠤ ᠡᠰᠡᠬᠦ ᠃
ᠨᠠᠢ᠍ᠮᠠ᠂ ᠨᠡᠢᠭᠡᠮ᠎ᠦᠨ ᠳᠠᠭᠠᠳᠬᠠᠯ᠎ᠤᠨ ᠰᠠᠭᠤᠷᠢ ᠮᠥᠩᠭᠥᠨ᠎ᠦ ᠵᠠᠷᠤᠯᠭ᠎ᠠ᠎ᠶᠢ ᠮᠡᠬᠡᠯᠡᠨ ᠠᠪᠤᠭᠰᠠᠨ ᠪᠠᠢᠳᠠᠯ ᠣᠷᠣᠰᠢᠵᠤ ᠪᠠᠢᠬᠤ ᠡᠰᠡᠬᠦ᠃
ᠶᠢᠰᠦ᠂ ᠮᠡᠬᠡᠯᠡᠨ ᠬᠢᠬᠠᠬᠤ᠂ ᠭᠡᠷᠡᠴᠢᠯᠡᠬᠦ ᠮᠠᠲᠧᠷᠢᠶᠠᠯ᠎ᠢ ᠬᠠᠭᠤᠷᠮᠠᠭᠯᠠᠨ ᠵᠣᠬᠢᠶᠠᠬᠤ ᠪᠤᠶᠤ ᠪᠤᠰᠤᠳ ᠠᠷᠭ᠎ᠠ ᠪᠠᠷᠢᠯ᠎ᠢᠶᠠᠷ ᠨᠡᠢᠭᠡᠮ᠎ᠦᠨ ᠳᠠᠭᠠᠳᠬᠠᠯ᠎ᠤᠨ ᠣᠯᠭᠣᠮᠵᠢ ᠬᠠᠷᠠᠭᠠᠯᠵᠠᠯ᠎ᠢ ᠮᠡᠬᠡᠯᠡᠨ ᠠᠪᠤᠭᠰᠠᠨ ᠪᠠᠢᠳᠠᠯ ᠣᠷᠣᠰᠢᠵᠤ ᠪᠠᠢᠬᠤ ᠡᠰᠡᠬᠦ᠃
ᠠᠷᠪᠠ ᠂ ᠬᠥᠳᠡᠯᠮᠦᠷᠢ᠎ᠶᠢᠨ ᠴᠢᠳᠠᠪᠤᠷᠢ᠎ᠶᠢ ᠬᠢᠨᠠᠨ ᠲᠣᠭᠲᠠᠭᠠᠬᠤ ᠵᠣᠬᠢᠶᠠᠨ ᠪᠠᠢᠭᠤᠯᠤᠯᠲᠠ ᠪᠤᠶᠤ ᠬᠤᠪᠢ ᠬᠥᠮᠥᠨ ᠬᠤᠳᠠᠯ ᠬᠠᠭᠤᠷᠮᠠᠭ ᠬᠢᠨᠠᠨ ᠲᠣᠭᠲᠠᠭᠠᠯᠲᠠ᠎ᠶᠢᠨ ᠰᠠᠨᠠᠯ ᠪᠤᠶᠤ ᠬᠤᠳᠠᠯ ᠬᠠᠭᠤᠷᠮᠠᠭ ᠣᠨᠣᠰᠢᠯᠠᠯᠲᠠ᠎ᠶᠢᠨ ᠭᠡᠷᠡᠴᠢ ᠬᠠᠩᠭᠠᠵᠤ ᠂ ᠲᠤᠬᠠᠢ᠎ᠶᠢᠨ ᠬᠥᠮᠥᠨ᠎ᠦ ᠵᠣᠭᠣᠰ ᠮᠥᠩᠭᠥ ᠡᠳ᠋ ᠪᠣᠳᠠᠰ᠎ᠢ ᠬᠣᠷᠢᠶᠠᠨ ᠠᠪᠤᠭᠰᠠᠨ ᠪᠠᠢᠳᠠᠯ ᠣᠷᠣᠰᠢᠵᠤ ᠪᠠᠢᠬᠤ ᠡᠰᠡᠬᠦ ᠃
ᠠᠷᠪᠠᠨ ᠨᠢᠭᠡ᠂ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭᠠᠳᠬᠠᠯ᠎ᠤᠨ ᠲᠤᠰᠠᠯᠠᠬᠤ ᠪᠠᠭᠠᠵᠢ ᠬᠡᠷᠡᠭᠰᠡᠯ᠎ᠢ ᠲᠣᠬᠢᠷᠠᠭᠤᠯᠤᠨ ᠨᠤᠲᠠᠯᠠᠬᠤ ᠠᠵᠢᠯ᠎ᠤᠨ ᠵᠣᠬᠢᠶᠠᠨ ᠪᠠᠢᠭᠤᠯᠤᠯᠲᠠ ᠪᠤᠶᠤ ᠬᠤᠪᠢ ᠬᠥᠮᠥᠨ ᠬᠤᠳᠠᠯ ᠬᠠᠭᠤᠷᠮᠠᠭ ᠨᠤᠲᠠᠯᠠᠭᠰᠠᠨ ᠰᠠᠨᠠᠯ ᠬᠠᠩᠭᠠᠭᠰᠠᠨ᠂ ᠬᠤᠳᠠᠯ ᠬᠠᠭᠤᠷᠮᠠᠭ ᠣᠨᠣᠰᠢᠯᠠᠭᠰᠠᠨ ᠭᠡᠷᠡᠴᠢ ᠪᠤᠶᠤ ᠡᠪᠡᠳᠴᠢᠨ᠎ᠤ ᠵᠢᠱ᠌ᠢᠶ᠎ᠡ ᠬᠠᠩᠭᠠᠭᠰᠠᠨ᠂ ᠲᠤᠬᠠᠢ᠎ᠶᠢᠨ ᠬᠥᠮᠥᠨ᠎ᠤ ᠡᠳ᠋᠎ᠦᠨ ᠶᠠᠪᠤᠳᠠᠯ᠎ᠢ ᠭᠥᠯᠢᠶᠡᠨ ᠠᠪᠤᠭᠰᠠᠨ ᠪᠠᠢᠳᠠᠯ ᠣᠷᠣᠰᠢᠵᠤ ᠪᠠᠢᠬᠤ ᠡᠰᠡᠬᠦ᠃
ᠠᠷᠪᠠᠨ ᠬᠣᠶᠠᠷ᠂ ᠬᠤᠪᠢ ᠬᠥᠮᠥᠨ ᠨᠢᠭᠡᠨᠲᠡ ᠭᠤᠷᠪᠠᠳᠠᠭᠢ ᠬᠥᠮᠥᠨ ᠪᠤᠶᠤ ᠬᠥᠮᠥᠨ ᠬᠡᠷᠡᠭᠯᠡᠬᠦ ᠨᠢᠭᠡᠴᠢ᠎ᠡᠴᠡ ᠣᠯᠣᠭᠰᠠᠨ ᠡᠮ ᠡᠮᠨᠡᠯᠭᠡ᠎ᠶᠢᠨ ᠵᠠᠷᠤᠳᠠᠯ᠂ ᠠᠵᠢᠯ᠎ᠤᠨ ᠬᠠᠷᠠᠭ᠎ᠠ᠎ᠠᠴᠠ ᠪᠣᠯᠤᠭᠰᠠᠨ ᠭᠡᠮᠲᠦᠯ᠎ᠦᠨ ᠡᠮ ᠡᠮᠨᠡᠯᠭᠡ᠎ᠶᠢᠨ ᠵᠠᠷᠤᠳᠠᠯ ᠪᠤᠶᠤ ᠠᠵᠢᠯ᠎ᠤᠨ ᠬᠠᠷᠠᠭ᠎ᠠ᠎ᠠᠴᠠ ᠪᠣᠯᠤᠭᠰᠠᠨ ᠭᠡᠮᠲᠦᠯ᠎ᠦᠨ ᠳᠠᠭᠠᠳᠬᠠᠯ᠎ᠤᠨ ᠣᠯᠭᠣᠮᠵᠢ ᠬᠠᠷᠠᠭᠠᠯᠵᠠᠯ᠎ᠢᠶᠠᠨ ᠨᠢᠭᠤᠨ ᠳᠠᠯᠳᠠᠯᠠᠵᠤ᠂ ᠨᠡᠢᠭᠡᠮ᠎ᠦᠨ ᠳᠠᠭᠠᠳᠬᠠᠯ᠎ᠢ ᠭᠠᠷᠳᠠᠨ ᠬᠢᠬᠦ ᠪᠠᠢᠭᠤᠯᠤᠮᠵᠢ᠎ᠳᠤ ᠭᠤᠶᠤᠴᠢᠯᠠᠯ ᠭᠠᠷᠭᠠᠬᠤ᠎ᠶᠢᠨ ᠬᠠᠮᠲᠤ ᠨᠡᠢᠭᠡᠮ᠎ᠦᠨ ᠳᠠᠭᠠᠳᠬᠠᠯ᠎ᠤᠨ ᠰᠠᠭᠤᠷᠢ ᠮᠥᠩᠭᠥ᠎ᠶᠢ ᠤᠷᠢᠳ᠎ᠢᠶᠠᠷ ᠲᠥᠯᠥᠬᠦ ᠵᠥᠪᠰᠢᠶᠡᠷᠡᠯ ᠣᠯᠣᠭᠰᠠᠨ ᠪᠠᠢᠳᠠᠯ ᠣᠷᠣᠰᠢᠵᠤ ᠪᠠᠢᠬᠤ ᠡᠰᠡᠬᠦ᠃
ᠠᠷᠪᠠᠨ ᠭᠤᠷᠪᠠ᠂ ᠬᠥᠮᠥᠨ ᠬᠡᠷᠡᠭᠯᠡᠬᠦ ᠨᠢᠭᠡᠴᠢ ᠨᠡᠢᠭᠡᠮ᠎ᠦᠨ ᠳᠠᠭᠠᠳᠬᠠᠯ᠎ᠤᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠲᠦ ᠬᠠᠮᠵᠢᠨ ᠡ᠊ᠨᠳᠡᠯ᠎ᠢ ᠪᠠᠢᠴᠠᠭᠠᠵᠤ ᠬᠢᠨᠠᠨ ᠬᠠᠷᠭᠤᠭᠤᠯᠬᠤ᠎ᠶᠢ ᠲᠡᠪᠴᠢᠭᠰᠡᠨ ᠪᠠᠢᠳᠠᠯ ᠣᠷᠣᠰᠢᠵᠤ ᠪᠠᠢᠬᠤ ᠡᠰᠡᠬᠦ᠃
ᠠᠷᠪᠠᠨ ᠳᠥᠷᠪᠡ᠂ ᠨᠡᠢᠭᠡᠮ᠎ᠦᠨ ᠳᠠᠭᠠᠳᠬᠠᠯ᠎ᠤᠨ ᠦᠢᠯᠡᠴᠢᠯᠡᠭᠡᠨ᠎ᠦ ᠪᠠᠢᠭᠤᠯᠤᠮᠵᠢ ᠨᠢ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠦᠨ ᠬᠢᠨᠠᠯᠲᠠ ᠪᠠᠢᠴᠠᠭᠠᠯᠲᠠ᠎ᠶᠢ ᠲᠡᠪᠴᠢᠭᠰᠡᠨ ᠪᠤᠶᠤ ᠬᠣᠯᠪᠣᠭᠳᠠᠯ ᠪᠦᠬᠦᠢ ᠪᠠᠢᠳᠠᠯ᠎ᠢ ᠬᠤᠳᠠᠯ᠎ᠢᠶᠠᠷ ᠮᠡᠳᠡᠭᠦᠯᠦᠭᠰᠡᠨ᠂ ᠳᠠᠷᠤᠭᠠᠳ ᠮᠡᠳᠡᠭᠦᠯᠦᠭᠰᠡᠨ ᠦᠭᠡᠢ ᠪᠠᠢᠳᠠᠯ ᠣᠷᠣᠰᠢᠵᠤ ᠪᠠᠢᠬᠤ ᠡᠰᠡᠬᠦ᠃
2.5 ᠪᠠᠢᠴᠠᠭᠠᠬᠤ ᠠᠷᠭ᠎ᠠ ᠮᠠᠶᠢᠭ᠋
ᠲᠤᠬᠠᠢ᠎ᠶᠢᠨ ᠲᠠᠯᠠᠪᠤᠷ᠎ᠤᠨ ᠪᠠᠢᠴᠠᠭᠠᠯᠲᠠ ᠪᠠ ᠲᠤᠬᠠᠢ᠎ᠶᠢᠨ ᠲᠠᠯᠠᠪᠤᠷ᠎ᠤᠨ ᠪᠤᠰᠤ ᠪᠠᠢᠴᠠᠭᠠᠯᠲᠠ᠎ᠶᠢ ᠤᠶᠠᠯᠳᠤᠭᠤᠯᠤᠨ᠎ᠠ᠃
2.6 ᠪᠠᠢᠴᠠᠭᠠᠬᠤ ᠳᠠᠪᠲᠠᠮᠵᠢ᠎ᠶᠢᠨ ᠳᠡᠭᠡᠳᠦ ᠬᠢᠵᠠᠭᠠᠷ
ᠠᠳᠠᠯᠢ ᠨᠢᠭᠡᠨ ᠵᠠᠰᠠᠭ ᠵᠠᠬᠢᠷᠭᠠᠨ᠎ᠤ ᠪᠠᠢᠭᠤᠯᠭ᠎ᠠ ᠨᠢ ᠠᠳᠠᠯᠢ ᠨᠢᠭᠡᠨ ᠪᠠᠢᠴᠠᠭᠠᠭᠳᠠᠬᠤ ᠡᠲᠡᠭᠡᠳ᠎ᠲᠦ ᠵᠢᠯ ᠪᠦᠷᠢ ᠨᠢᠭᠡ ᠤᠳᠠᠭ᠎ᠠ ᠪᠠᠢᠴᠠᠭᠠᠯᠲᠠ ᠬᠢᠨ᠎ᠡ᠃
3. ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠵᠠᠬ᠎ᠠ ᠳᠡᠯᠭᠡᠭᠦᠷ᠎ᠲᠦ ᠲᠠᠯᠪᠢᠬᠤ ᠬᠢᠨᠠᠯᠲᠠ ᠪᠠᠢᠴᠠᠭᠠᠯᠲᠠ
3.1 ᠪᠠᠶ᠋ᠢᠭᠤᠯᠬᠤ ᠪᠠ ᠬᠡᠷᠡᠭᠵᠢᠭᠦᠯᠬᠦ ᠦᠨᠳᠦᠰᠦᠯᠡᠯ
《 ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠵᠠᠬ᠎ᠠ ᠳᠡᠯᠭᠡᠭᠦᠷ᠎ᠦᠨ ᠲᠦᠷ ᠬᠡᠷᠡᠭᠵᠢᠭᠦᠯᠬᠦ ᠳᠦᠷᠢᠮ 》
《 ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠬᠠᠮᠢᠶᠠᠷᠤᠯᠲᠠ᠎ᠶᠢᠨ ᠲᠣᠭᠲᠠᠭᠠᠯ 》
3.2 ᠬᠡᠷᠡᠭᠵᠢᠭᠦᠯᠬᠦ ᠭᠣᠣᠯ ᠴᠣᠭᠴᠠ
ᠥᠪᠡᠷᠲᠡᠭᠡᠨ ᠵᠠᠰᠠᠬᠤ ᠣᠷᠣᠨ᠂ ᠠᠢᠮᠠᠭ ᠬᠤᠳᠠ᠂ ᠬᠣᠰᠢᠭᠤ ᠰᠢᠶᠠᠨ᠎ᠤ ᠱᠠᠲᠤᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ᠋ ᠪᠠ ᠨᠡᠢᠭᠡᠮ᠎ᠤᠨ ᠪᠠᠲᠤᠯᠠᠭ᠎ᠠ᠎ᠶᠢᠨ ᠰᠠᠯᠠᠭ᠎ᠠ ᠮᠥᠴᠢᠷ
3.3 ᠪᠠᠢᠴᠠᠭᠠᠬᠤ ᠠᠭᠤᠯᠭ᠎ᠠ
ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠵᠠᠬ᠎ᠠ ᠳᠡᠯᠭᠡᠭᠦᠷ᠎ᠦᠨ ᠬᠠᠮᠢᠶᠠᠷᠤᠯᠲᠠ᠎ᠶᠢᠨ ᠬᠠᠤᠯᠢ ᠴᠠᠭᠠᠵᠠ ᠬᠠᠤᠯᠢ ᠲᠣᠭᠲᠠᠭᠠᠯ᠎ᠢ ᠵᠢᠷᠤᠮᠯᠠᠭᠰᠠᠨ ᠪᠠᠢᠳᠠᠯ ᠃
3.4 ᠪᠠᠢᠴᠠᠭᠠᠬᠤ ᠬᠦᠷᠢᠶ᠎ᠡ ᠬᠡᠪᠴᠢᠶ᠎ᠡ ( ᠡᠲᠡᠭᠡᠳ ) ᠪᠠ ᠪᠠᠷᠢᠮᠵᠢᠶ᠎ᠠ
ᠨᠢᠭᠡ ᠂ ᠵᠥᠪᠰᠢᠶᠡᠷᠡᠯ ᠣᠯᠣᠭᠰᠠᠨ ᠦᠭᠡᠢ ᠪᠤᠶᠤ ᠳᠠᠩᠰᠠᠯᠠᠭᠤᠯᠤᠭᠰᠠᠨ ᠦᠭᠡᠢ᠎ᠪᠡᠷ ᠳᠤᠷ᠎ᠠ᠎ᠪᠠᠷ᠎ᠢᠶᠠᠨ ᠠᠵᠢᠯ ᠮᠡᠷᠭᠡᠵᠢᠯ᠎ᠦᠨ ᠵᠠᠭᠤᠴᠢᠯᠠᠬᠤ ᠠᠵᠢᠯᠯᠠᠭ᠎ᠠ ᠬᠢᠭᠰᠡᠨ ᠂ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠵᠥᠪᠰᠢᠶᠡᠷᠡᠯ᠎ᠦᠨ ᠦᠨᠡᠮᠯᠡᠯ ᠣᠯᠣᠭᠰᠠᠨ ᠦᠭᠡᠢ᠎ᠪᠡᠷ ᠳᠤᠷ᠎ᠠ᠎ᠪᠠᠷ᠎ᠢᠶᠠᠨ ᠰᠦᠯᠵᠢᠶ᠎ᠡ᠎ᠪᠡᠷ ᠤᠷᠢᠨ ᠡᠯᠰᠡᠬᠦ ᠦᠢᠯᠡᠴᠢᠯᠡᠭᠡ ᠬᠢᠭᠰᠡᠨ ᠪᠠᠢᠳᠠᠯ ᠣᠷᠣᠰᠢᠵᠤ ᠪᠠᠢᠬᠤ ᠡᠰᠡᠬᠦ ᠃
ᠬᠣᠶᠠᠷ᠂ ᠠᠵᠢᠯ ᠮᠡᠷᠭᠡᠵᠢᠯ᠎ᠦᠨ ᠵᠠᠭᠤᠴᠢ ᠪᠠᠢᠭᠤᠯᠤᠮᠵᠢ ᠬᠢᠨᠠᠨ ᠵᠥᠪᠰᠢᠶᠡᠷᠡᠭᠰᠡᠨ ᠲᠤᠬᠠᠢᠯᠠᠭᠰᠠᠨ ᠠᠵᠢᠯ᠎ᠤᠨ ᠬᠦᠷᠢᠶ᠎ᠡ ᠬᠡᠪᠴᠢᠶ᠎ᠡ᠎ᠡᠴᠡ ᠳᠠᠪᠠᠭᠤᠯᠤᠨ ᠡᠵᠡᠩᠨᠡᠭᠰᠡᠨ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ᠎ᠠᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ᠎ᠶᠢᠨ ᠪᠠᠢᠳᠠᠯ ᠣᠷᠣᠰᠢᠵᠤ ᠪᠠᠢᠬᠤ ᠡᠰᠡᠬᠦ᠃
ᠭᠤᠷᠪᠠ ᠂ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠲᠤᠬᠠᠢᠯᠠᠭᠰᠠᠨ ᠠᠵᠢᠯ᠎ᠢ ᠥᠷᠨᠢᠭᠦᠯᠬᠦ᠎ᠳᠦ ᠳᠠᠩᠰᠠᠯᠠᠭᠤᠯᠤᠭᠰᠠᠨ ᠦᠭᠡᠢ ᠂ ᠰᠠᠯᠪᠤᠷᠢ ᠪᠠᠢᠭᠤᠯᠤᠮᠵᠢ ᠪᠠᠢᠭᠤᠯᠤᠭᠰᠠᠨ ᠂ ᠬᠤᠪᠢᠷᠠᠭᠤᠯᠬᠤ ᠪᠤᠶᠤ ᠳᠠᠩᠰᠠᠯᠠᠯᠲᠠ᠎ᠶᠢ ᠬᠦᠴᠦᠨ ᠦᠭᠡᠢ ᠪᠣᠯᠭᠠᠬᠤ᠎ᠶᠢ ᠭᠦᠢᠴᠡᠳᠬᠡᠬᠦ᠎ᠳᠦ ᠪᠢᠴᠢᠭ᠎ᠢᠶᠡᠷ ᠮᠡᠳᠡᠭᠦᠯᠦᠭᠰᠡᠨ ᠦᠭᠡᠢ ᠪᠠᠢᠳᠠᠯ ᠣᠷᠣᠰᠢᠵᠤ ᠪᠠᠢᠬᠤ ᠡᠰᠡᠬᠦ ᠃
ᠳᠥᠷᠪᠡ ᠂ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠪᠠᠢᠭᠤᠯᠤᠮᠵᠢ ( ᠠᠵᠢᠯ ᠮᠡᠷᠭᠡᠵᠢᠯ᠎ᠦᠨ ᠵᠠᠭᠤᠴᠢ ᠪᠠᠢᠭᠤᠯᠤᠮᠵᠢ )᠎ᠶᠢᠨ ᠨᠡᠢᠲᠡᠯᠡᠭᠰᠡᠨ ᠠᠵᠢᠯᠲᠠᠨ ᠡᠯᠰᠡᠬᠦ ᠮᠡᠳᠡᠭᠡ ᠵᠠᠩᠭᠢ ᠨᠢ ᠦᠨᠡᠨ ᠪᠣᠳᠠᠲᠠᠢ ᠪᠢᠰᠢ ᠂ ᠬᠠᠤᠯᠢ᠎ᠳᠤ ᠨᠡᠢᠴᠡᠬᠦ ᠦᠭᠡᠢ ᠂ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠲᠤᠬᠠᠢᠯᠠᠭᠰᠠᠨ ᠠᠵᠢᠯ᠎ᠢ ᠬᠠᠤᠯᠢ ᠶᠣᠰᠣᠭᠠᠷ ᠥᠷᠨᠢᠭᠦᠯᠦᠭᠰᠡᠨ ᠦᠭᠡᠢ ᠪᠠᠢᠳᠠᠯ ᠣᠷᠣᠰᠢᠵᠤ ᠪᠠᠢᠬᠤ ᠡᠰᠡᠬᠦ ᠃
ᠲᠠᠪᠤ ᠂ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠪᠠᠢᠭᠤᠯᠤᠮᠵᠢ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠵᠥᠪᠰᠢᠶᠡᠷᠡᠯ᠎ᠦᠨ ᠦᠨᠡᠮᠯᠡᠯ᠎ᠢ ᠬᠠᠭᠤᠷᠮᠠᠭᠯᠠᠨ ᠵᠣᠬᠢᠶᠠᠭᠰᠠᠨ ᠂ ᠪᠠᠯᠠᠯᠤᠨ ᠥᠭᠡᠷᠡᠲᠦᠭᠦᠯᠦᠭᠰᠡᠨ
ᠵᠢᠷᠭᠤᠭ᠎ᠠ᠂ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠪᠠᠢᠭᠤᠯᠤᠮᠵᠢ᠎ᠠᠴᠠ ᠬᠠᠤᠯᠢ ᠶᠣᠰᠣᠨ᠎ᠤ ᠦᠨᠡᠮᠯᠡᠯ ᠦᠭᠡᠢ ᠬᠥᠮᠥᠨ ᠬᠡᠷᠡᠭᠯᠡᠬᠦ ᠨᠢᠭᠡᠴᠢ᠎ᠳᠦ ᠠᠵᠢᠯ ᠮᠡᠷᠭᠡᠵᠢᠯ᠎ᠦᠨ ᠵᠠᠭᠤᠴᠢᠯᠠᠬᠤ ᠦᠢᠯᠡᠴᠢᠯᠡᠭᠡ ᠬᠠᠩᠭᠠᠭᠰᠠᠨ ᠪᠠᠢᠳᠠᠯ ᠣᠷᠣᠰᠢᠵᠤ ᠪᠠᠢᠬᠤ ᠡᠰᠡᠬᠦ᠃
ᠲᠤᠯᠤᠭ᠎ᠠ᠂ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠪᠠᠢᠭᠤᠯᠤᠮᠵᠢ᠎ᠠᠴᠠ ᠬᠠᠤᠯᠢ ᠶᠣᠰᠣᠨ᠎ᠤ ᠪᠡᠶ᠎ᠡ᠎ᠶᠢᠨ ᠦᠨᠡᠮᠯᠡᠯ ᠦᠭᠡᠢ ᠬᠥᠳᠡᠯᠮᠦᠷᠢᠴᠢᠨ᠎ᠳᠦ ᠠᠵᠢᠯ ᠮᠡᠷᠭᠡᠵᠢᠯ᠎ᠦᠨ ᠵᠠᠭᠤᠴᠢᠯᠠᠬᠤ ᠦᠢᠯᠡᠴᠢᠯᠡᠭᠡ ᠬᠠᠩᠭᠠᠵᠤ᠂ ᠬᠥᠳᠡᠯᠮᠦᠷᠢᠴᠢᠨ᠎ᠦ ᠬᠠᠤᠯᠢ ᠴᠠᠭᠠᠵᠠ᠂ ᠬᠠᠤᠯᠢ ᠲᠣᠭᠲᠠᠭᠠᠯ᠎ᠳᠤ ᠡᠷᠬᠢᠯᠡᠬᠦ᠎ᠶᠢ ᠴᠠᠭᠠᠵᠠᠯᠠᠭᠰᠠᠨ ᠠᠵᠢᠯ ᠮᠡᠷᠭᠡᠵᠢᠯ᠎ᠢ ᠲᠠᠨᠢᠯᠴᠠᠭᠤᠯᠬᠤ ᠪᠠᠢᠳᠠᠯ ᠣᠷᠣᠰᠢᠵᠤ ᠪᠠᠢᠬᠤ ᠡᠰᠡᠬᠦ᠃
ᠨᠠᠢ᠍ᠮᠠ᠂ ᠬᠥᠮᠥᠨ᠎ᠤ ᠬᠦᠴᠦᠨ᠎ᠤ ᠡᠬᠢ ᠪᠠᠶᠠᠯᠢᠭ᠋᠎ᠤᠨ ᠦᠢᠯᠡᠴᠢᠯᠡᠭᠡᠨ᠎ᠤ ᠪᠠᠢᠭᠤᠯᠤᠮᠵᠢ᠎ᠠᠴᠠ ᠬᠥᠮᠥᠨ ᠬᠡᠷᠡᠭᠯᠡᠬᠦ ᠨᠢᠭᠡᠴᠢ᠂ ᠬᠥᠳᠡᠯᠮᠦᠷᠢᠯᠡᠭᠴᠢ᠎ᠶᠢ ᠬᠠᠤᠯᠢ᠎ᠠᠴᠠ ᠵᠥᠷᠢᠴᠡᠭᠰᠡᠨ ᠠᠵᠢᠯᠯᠠᠭ᠎ᠠ ᠬᠢᠯᠭᠡᠬᠦ᠂ ᠮᠡᠬᠡᠯᠡᠬᠦ᠂ ᠬᠦᠴᠦᠷᠬᠡᠭᠯᠡᠬᠦ᠂ ᠰᠦᠷᠳᠡᠭᠦᠯᠬᠦ ᠵᠡᠷᠭᠡ ᠠᠷᠭ᠎ᠠ ᠮᠠᠶᠢᠭ᠋᠎ᠢᠶᠠᠷ ᠬᠠᠮᠢᠶ᠎ᠠ ᠪᠦᠬᠦᠢ ᠦᠢᠯᠡᠴᠢᠯᠡᠭᠡᠨ᠎ᠤ ᠠᠵᠢᠯᠯᠠᠭ᠎ᠠ ᠥᠷᠨᠢᠭᠦᠯᠬᠦ᠂ ᠬᠠᠮᠢᠶ᠎ᠠ ᠪᠦᠬᠦᠢ ᠦᠢᠯᠡᠴᠢᠯᠡᠭᠡ ᠥᠷᠨᠢᠭᠦᠯᠬᠦ ᠨᠡᠷ᠎ᠡ᠎ᠪᠡᠷ ᠵᠦᠢ ᠶᠣᠰᠣᠨ᠎ᠤ ᠪᠤᠰᠤ ᠠᠰᠢᠭ᠋ ᠣᠯᠬᠤ ᠪᠠᠢᠳᠠᠯ ᠣᠷᠣᠰᠢᠵᠤ ᠪᠠᠢᠬᠤ ᠡᠰᠡᠬᠦ᠃
ᠶᠢᠰᠦ ᠂ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠪᠠᠢᠭᠤᠯᠤᠮᠵᠢ ᠬᠠᠤᠯᠢ ᠶᠣᠰᠣᠭᠠᠷ ᠲᠤᠬᠠᠢ᠎ᠶᠢᠨ ᠲᠠᠯᠠᠪᠤᠷ᠎ᠤᠨ ᠠᠵᠢᠯᠲᠠᠨ ᠡᠯᠰᠡᠬᠦ ᠴᠤᠭᠯᠠᠭᠠᠨ᠎ᠤ ᠠᠵᠢᠯᠯᠠᠭ᠎ᠠ ᠡᠷᠭᠢᠯᠡᠭᠰᠡᠨ ᠦᠭᠡᠢ ᠂ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠭᠠᠳᠠᠭ᠍ᠰᠢ ᠳᠠᠭᠠᠭᠠᠴᠢᠯᠠᠭᠤᠯᠤᠯᠲᠠ᠎ᠶᠢ ᠬᠠᠤᠯᠢ ᠶᠣᠰᠣᠭᠠᠷ ᠥᠷᠨᠢᠭᠦᠯᠦᠭᠰᠡᠨ ᠦᠭᠡᠢ ᠪᠠᠢᠳᠠᠯ ᠣᠷᠣᠰᠢᠵᠤ ᠪᠠᠢᠬᠤ ᠡᠰᠡᠬᠦ ᠃
ᠠᠷᠪᠠ ᠂ ᠡᠵᠡᠩᠨᠡᠯᠲᠡ᠎ᠶᠢᠨ ᠴᠢᠨᠠᠷᠲᠠᠢ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠦᠢᠯᠡᠴᠢᠯᠡᠭᠡᠨ᠎ᠦ ᠪᠠᠢᠭᠤᠯᠤᠮᠵᠢ ᠬᠤᠪᠢ ᠬᠥᠮᠥᠨ᠎ᠡᠴᠡ ᠲᠣᠳᠣᠷᠬᠠᠢᠯᠠᠭᠰᠠᠨ ᠦᠢᠯᠡᠴᠢᠯᠡᠭᠡᠨ᠎ᠦ ᠲᠥᠷᠥᠯ ᠵᠦᠢᠯ᠎ᠡᠴᠡ ᠭᠠᠳᠠᠨᠠᠬᠢ ᠦᠢᠯᠡᠴᠢᠯᠡᠭᠡᠨ᠎ᠦ ᠵᠠᠷᠤᠳᠠᠯ᠎ᠢ ᠬᠤᠷᠢᠶᠠᠭᠰᠠᠨ ᠂ ᠡᠰᠡᠬᠦᠯ᠎ᠡ ᠡᠯ᠎ᠡ ᠵᠦᠢᠯ᠎ᠦᠨ ᠨᠡᠷ᠎ᠡ᠎ᠪᠡᠷ ᠬᠤᠪᠢ ᠬᠥᠮᠥᠨ᠎ᠢ ᠬᠥᠲᠥᠯᠥᠨ ᠵᠢᠯᠤᠭᠣᠳᠴᠤ ᠂ ᠠᠯᠪᠠᠳᠠᠵᠤ ᠪᠠᠢᠭᠠᠳ ᠵᠢᠭᠡᠯᠡᠯᠭᠡ ᠲᠠᠯᠪᠢᠬᠤ ᠂ ᠬᠤᠪᠢ ᠣᠷᠣᠭᠤᠯᠬᠤ ᠂ ᠪᠡᠯᠡ ᠴᠤᠭᠯᠠᠭᠤᠯᠬᠤ ᠵᠡᠷᠭᠡ ᠠᠵᠢᠯᠯᠠᠭ᠎ᠠ᠎ᠳᠤ ᠣᠷᠣᠯᠴᠠᠭᠤᠯᠤᠭᠰᠠᠨ ᠪᠠᠢᠳᠠᠯ ᠣᠷᠣᠰᠢᠵᠤ ᠪᠠᠢᠬᠤ ᠡᠰᠡᠬᠦ ᠃
ᠠᠷᠪᠠᠨ ᠨᠢᠭᠡ᠂ ᠠᠵᠢᠯ ᠮᠡᠷᠭᠡᠵᠢᠯ᠎ᠦᠨ ᠵᠠᠭᠤᠴᠢ ᠪᠠᠢᠭᠤᠯᠤᠮᠵᠢ ᠬᠠᠤᠯᠢ᠎ᠶᠢ ᠵᠥᠷᠢᠴᠡᠨ ᠬᠥᠳᠡᠯᠮᠦᠷᠢᠴᠢᠨ᠎ᠡᠴᠡ ᠪᠡᠷᠢᠴᠠᠭᠠᠨ᠎ᠤ ᠮᠥᠩᠭᠥ ᠬᠤᠷᠢᠶᠠᠭᠰᠠᠨ ᠪᠠᠢᠳᠠᠯ ᠣᠷᠣᠰᠢᠵᠤ ᠪᠠᠢᠬᠤ ᠡᠰᠡᠬᠦ᠃
ᠠᠷᠪᠠᠨ ᠬᠣᠶᠠᠷ᠂ ᠠᠵᠢᠯ ᠮᠡᠷᠭᠡᠵᠢᠯ᠎ᠦᠨ ᠵᠠᠭᠤᠴᠢ ᠪᠠᠢᠭᠤᠯᠤᠮᠵᠢ ᠬᠥᠳᠡᠯᠮᠦᠷᠢᠴᠢᠨ᠎ᠦ ᠰᠠᠭᠤᠭᠠᠯᠢ ᠠᠷᠠᠳ᠎ᠤᠨ ᠪᠡᠶ᠎ᠡ᠎ᠶᠢᠨ ᠦᠨᠡᠮᠯᠡᠯ ᠵᠡᠷᠭᠡ ᠦᠨᠡᠮᠯᠡᠯ᠎ᠢ ᠬᠠᠤᠯᠢ᠎ᠠᠴᠠ ᠵᠥᠷᠢᠴᠡᠨ ᠳᠠᠷᠤᠵᠤ ᠠᠪᠤᠭᠰᠠᠨ ᠪᠠᠢᠳᠠᠯ ᠣᠷᠣᠰᠢᠵᠤ ᠪᠠᠢᠬᠤ ᠡᠰᠡᠬᠦ᠃
ᠠᠷᠪᠠᠨ ᠭᠤᠷᠪᠠ᠂ ᠠᠵᠢᠯ ᠮᠡᠷᠭᠡᠵᠢᠯ᠎ᠦᠨ ᠵᠠᠭᠤᠴᠢ ᠪᠠᠢᠭᠤᠯᠤᠮᠵᠢ ᠠᠵᠢᠯ ᠮᠡᠷᠭᠡᠵᠢᠯ᠎ᠦᠨ ᠵᠠᠭᠤᠴᠢᠯᠠᠬᠤ ᠵᠥᠪᠰᠢᠶᠡᠷᠡᠯ᠎ᠦᠨ ᠦᠨᠡᠮᠯᠡᠯ᠂ ᠬᠢᠨᠠᠯᠲᠠ ᠲᠠᠯᠪᠢᠬᠤ ᠤᠲᠠᠰᠤᠨ ᠨᠣᠮᠧᠷ᠎ᠢᠶᠠᠨ ᠲᠣᠳᠣᠷᠬᠠᠢ ᠢᠯᠡᠳᠬᠡᠭᠰᠡᠨ ᠦᠭᠡᠢ ᠪᠠᠢᠳᠠᠯ ᠣᠷᠣᠰᠢᠵᠤ ᠪᠠᠢᠬᠤ ᠡᠰᠡᠬᠦ᠃
ᠠᠷᠪᠠᠨ ᠳᠥᠷᠪᠡ᠂ ᠠᠵᠢᠯ ᠮᠡᠷᠭᠡᠵᠢᠯ᠎ᠦᠨ ᠵᠠᠭᠤᠴᠢ ᠪᠠᠢᠭᠤᠯᠤᠮᠵᠢ ᠦᠢᠯᠡᠴᠢᠯᠡᠭᠡᠨ᠎ᠦ ᠡᠬᠡ ᠲᠠᠨᠭᠰᠠ ᠪᠠᠢᠭᠤᠯᠤᠭᠰᠠᠨ ᠦᠭᠡᠢ ᠪᠤᠶᠤ ᠦᠢᠯᠡᠴᠢᠯᠡᠭᠡᠨ᠎ᠦ ᠡᠬᠡ ᠲᠠᠨᠭᠰᠠ ᠪᠠᠢᠭᠤᠯᠤᠭᠰᠠᠨ ᠪᠣᠯᠪᠠᠴᠤ ᠦᠢᠯᠡᠴᠢᠯᠡᠭᠡ᠎ᠳᠦ ᠦᠢᠯᠡᠴᠢᠯᠡᠬᠦ ᠡᠲᠡᠭᠡᠳ᠂ ᠦᠢᠯᠡᠴᠢᠯᠡᠬᠦ ᠶᠠᠪᠤᠴᠠ᠂ ᠦᠢᠯᠡᠴᠢᠯᠡᠭᠡᠨ᠎ᠦ ᠦᠷ᠎ᠡ ᠳ᠋ᠦᠩ ᠪᠠ ᠰᠦᠢᠳᠬᠡᠯ ᠬᠤᠷᠢᠶᠠᠭᠰᠠᠨ ᠪᠠᠢᠳᠠᠯ ᠣᠷᠣᠰᠢᠵᠤ ᠪᠠᠢᠬᠤ ᠡᠰᠡᠬᠦ᠎ᠶᠢ ᠲᠡᠮᠳᠡᠭᠯᠡᠭᠰᠡᠨ ᠦᠭᠡᠢ ᠪᠠᠢᠳᠠᠯ ᠣᠷᠣᠰᠢᠵᠤ ᠪᠠᠢᠬᠤ ᠡᠰᠡᠬᠦ᠃
ᠠᠷᠪᠠᠨ ᠲᠠᠪᠤ᠂ ᠠᠵᠢᠯ ᠮᠡᠷᠭᠡᠵᠢᠯ᠎ᠦᠨ ᠵᠠᠭᠤᠴᠢ ᠪᠠᠢᠭᠤᠯᠤᠮᠵᠢ ᠨᠢ ᠠᠵᠢᠯ ᠮᠡᠷᠭᠡᠵᠢᠯ᠎ᠦᠨ ᠵᠠᠭᠤᠴᠢ ᠦᠢᠯᠡᠴᠢᠯᠡᠭᠡ ᠪᠦᠲᠦᠭᠰᠡᠨ ᠦᠭᠡᠢ ᠪᠠᠢᠲᠠᠯ᠎ᠠ ᠬᠥᠳᠡᠯᠮᠦᠷᠢᠴᠢᠨ᠎ᠳᠦ ᠬᠤᠷᠢᠶᠠᠭᠰᠠᠨ ᠵᠠᠭᠤᠴᠢ ᠦᠢᠯᠡᠴᠢᠯᠡᠭᠡᠨ᠎ᠦ ᠰᠦᠢᠳᠬᠡᠯ᠎ᠢ ᠪᠤᠴᠠᠭᠠᠵᠤ ᠥᠭᠭᠦᠭᠰᠡᠨ ᠦᠭᠡᠢ ᠪᠠᠢᠳᠠᠯ ᠣᠷᠣᠰᠢᠵᠤ ᠪᠠᠢᠬᠤ ᠡᠰᠡᠬᠦ᠃
ᠠᠷᠪᠠᠨ ᠵᠢᠷᠭᠤᠭ᠎ᠠ ᠂ ᠲᠣᠭᠲᠠᠭᠠᠯ ᠶᠣᠰᠣᠭᠠᠷ ᠬᠣᠯᠪᠣᠭᠳᠠᠯ ᠪᠦᠬᠦᠢ ᠵᠦᠢᠯᠡᠰ᠎ᠢ ᠲᠣᠳᠣᠷᠬᠠᠢᠯᠠᠭᠰᠠᠨ ᠦᠭᠡᠢ ᠂ ᠳᠣᠲᠣᠭᠠᠳᠤ᠎ᠶᠢᠨ ᠳᠦᠷᠢᠮ᠎ᠢ ᠪᠠᠢᠭᠤᠯᠤᠨ ᠪᠦᠷᠢᠨᠰᠢᠬᠦᠯᠦᠭᠰᠡᠨ ᠦᠭᠡᠢ ᠪᠤᠶᠤ ᠦᠢᠯᠡᠴᠢᠯᠡᠭᠡᠨ᠎ᠦ ᠡᠬᠡ ᠲᠠᠩᠰᠠ᠎ᠶᠢ ᠬᠠᠳᠠᠭᠠᠯᠠᠭᠰᠠᠨ ᠦᠭᠡᠢ ᠂ ᠡᠵᠡᠩᠨᠡᠯᠲᠡ᠎ᠶᠢᠨ ᠪᠠᠢᠳᠠᠯ᠎ᠤᠨ ᠣᠨ᠎ᠤ ᠮᠡᠳᠡᠭᠦᠯᠦᠯᠲᠡ᠎ᠪᠡᠨ ᠲᠤᠰᠢᠶᠠᠭᠰᠠᠨ ᠦᠭᠡᠢ ᠪᠠᠢᠳᠠᠯ ᠣᠷᠣᠰᠢᠵᠤ ᠪᠠᠢᠬᠤ ᠡᠰᠡᠬᠦ ᠃
ᠠᠷᠪᠠᠨ ᠳᠣᠯᠣᠭ᠎ᠠ ᠂ ᠬᠥᠮᠥᠨ᠎ᠦ ᠬᠦᠴᠦᠨ᠎ᠦ ᠡᠬᠢ ᠪᠠᠶᠠᠯᠢᠭ᠋᠎ᠤᠨ ᠰᠢᠯᠵᠢᠯᠲᠡ᠎ᠶᠢ ᠬᠢᠵᠠᠭᠠᠷᠯᠠᠬᠤ ᠨᠥᠬᠥᠴᠡᠯ᠎ᠢ ᠬᠠᠤᠯᠢ᠎ᠠᠴᠠ ᠵᠥᠷᠢᠴᠡᠨ ᠲᠣᠭᠲᠠᠭᠠᠭᠰᠠᠨ ᠂ ᠮᠡᠳᠡᠭᠡ ᠵᠠᠩᠭᠢ᠎ᠶᠢ ᠬᠢᠨᠠᠨ ᠪᠠᠢᠴᠠᠭᠠᠬᠤ ᠡᠭᠦᠷᠭᠡ᠎ᠪᠡᠨ ᠬᠠᠤᠯᠢ ᠶᠣᠰᠣᠭᠠᠷ ᠭᠦᠢᠴᠡᠳᠬᠡᠭᠰᠡᠨ ᠦᠭᠡᠢ ᠪᠠᠢᠳᠠᠯ ᠣᠷᠣᠰᠢᠵᠤ ᠪᠠᠢᠬᠤ ᠡᠰᠡᠬᠦ ᠃
ᠠᠷᠪᠠᠨ ᠨᠠᠢ᠍ᠮᠠ ᠂ ᠬᠠᠷᠭᠤᠭᠤᠯᠤᠨ ᠪᠠᠢᠴᠠᠭᠠᠬᠤ ᠂ ᠳᠠᠩᠰᠠᠯᠠᠬᠤ ᠡᠭᠦᠷᠭᠡ᠎ᠪᠡᠨ ᠭᠦᠢᠴᠡᠳᠬᠡᠭᠰᠡᠨ ᠦᠭᠡᠢ ᠂ ᠤᠷᠢᠬᠤ ᠮᠡᠳᠡᠭᠡ ᠵᠠᠩᠭᠢ ᠂ ᠦᠢᠯᠡᠴᠢᠯᠡᠭᠡᠨ᠎ᠦ ᠮᠡᠳᠡᠭᠡ ᠵᠠᠩᠭᠢ᠎ᠶᠢ ᠬᠠᠳᠠᠭᠠᠯᠠᠬᠤ ᠡᠭᠦᠷᠭᠡ᠎ᠪᠡᠨ ᠭᠦᠢᠴᠡᠳᠬᠡᠭᠰᠡᠨ ᠦᠭᠡᠢ ᠪᠠᠢᠳᠠᠯ ᠣᠷᠣᠰᠢᠵᠤ ᠪᠠᠢᠬᠤ ᠡᠰᠡᠬᠦ ᠃
ᠠᠷᠪᠠ ᠶᠢᠰᠦ ᠂ ᠬᠥᠮᠥᠨ ᠬᠡᠷᠡᠭᠯᠡᠬᠦ ᠨᠢᠭᠡᠴᠢ ᠬᠤᠳᠠᠯ ᠬᠠᠭᠤᠷᠮᠠᠭ᠎ᠢᠶᠠᠷ ᠠᠵᠢᠯᠲᠠᠨ ᠡᠯᠰᠡᠬᠦ ᠮᠡᠳᠡᠭᠡ ᠵᠠᠩᠭᠢ ᠬᠠᠩᠭᠠᠭᠰᠠᠨ ᠂ ᠬᠤᠳᠠᠯ ᠬᠠᠭᠤᠷᠮᠠᠭ᠎ᠢᠶᠠᠷ ᠠᠵᠢᠯᠲᠠᠨ ᠡᠯᠰᠡᠬᠦ ᠵᠠᠷ ᠨᠡᠢᠲᠡᠯᠡᠭᠰᠡᠨ ᠂ ᠬᠠᠤᠯᠢ ᠶᠣᠰᠣᠨ᠎ᠤ ᠪᠡᠶ᠎ᠡ᠎ᠶᠢᠨ ᠭᠡᠷᠡᠴᠢ ᠦᠨᠡᠮᠯᠡᠯ ᠦᠭᠡᠢ ᠬᠥᠮᠥᠰ᠎ᠢ ᠡᠯᠰᠡᠨ ᠬᠡᠷᠡᠭᠯᠡᠭᠰᠡᠨ ᠂ ᠡᠯᠰᠡᠨ ᠬᠡᠷᠡᠭᠯᠡᠭᠰᠡᠨ ᠬᠥᠮᠥᠨ᠎ᠦ ᠨᠡᠷ᠎ᠡ᠎ᠪᠡᠷ ᠵᠦᠢ ᠪᠤᠰᠤ ᠠᠰᠢᠭ᠋ ᠣᠯᠣᠭᠰᠠᠨ ᠪᠤᠶᠤ ᠬᠠᠤᠯᠢ᠎ᠶᠢ ᠵᠥᠷᠢᠴᠡᠭᠰᠡᠨ ᠪᠤᠰᠤᠳ ᠠᠵᠢᠯᠯᠠᠭ᠎ᠠ ᠬᠢᠭᠰᠡᠨ ᠪᠠᠢᠳᠠᠯ ᠣᠷᠣᠰᠢᠵᠤ ᠪᠠᠢᠬᠤ ᠡᠰᠡᠬᠦ ᠃
3.5 ᠪᠠᠢᠴᠠᠭᠠᠬᠤ ᠠᠷᠭ᠎ᠠ ᠮᠠᠶᠢᠭ᠋
ᠲᠤᠬᠠᠢ᠎ᠶᠢᠨ ᠲᠠᠯᠠᠪᠤᠷ᠎ᠤᠨ ᠪᠠᠢᠴᠠᠭᠠᠯᠲᠠ ᠪᠠ ᠲᠤᠬᠠᠢ᠎ᠶᠢᠨ ᠲᠠᠯᠠᠪᠤᠷ᠎ᠤᠨ ᠪᠤᠰᠤ ᠪᠠᠢᠴᠠᠭᠠᠯᠲᠠ᠎ᠶᠢ ᠤᠶᠠᠯᠳᠤᠭᠤᠯᠤᠨ᠎ᠠ
3.6 ᠪᠠᠢᠴᠠᠭᠠᠬᠤ ᠳᠠᠪᠲᠠᠮᠵᠢ᠎ᠶᠢᠨ ᠳᠡᠭᠡᠳᠦ ᠬᠢᠵᠠᠭᠠᠷ
ᠠᠳᠠᠯᠢ ᠨᠢᠭᠡᠨ ᠵᠠᠰᠠᠭ ᠵᠠᠬᠢᠷᠭᠠᠨ᠎ᠤ ᠪᠠᠢᠭᠤᠯᠭ᠎ᠠ ᠨᠢ ᠠᠳᠠᠯᠢ ᠨᠢᠭᠡᠨ ᠪᠠᠢᠴᠠᠭᠠᠭᠳᠠᠬᠤ ᠡᠲᠡᠭᠡᠳ᠎ᠲᠦ ᠵᠢᠯ ᠪᠦᠷᠢ ᠨᠢᠭᠡ ᠤᠳᠠᠭ᠎ᠠ ᠪᠠᠢᠴᠠᠭᠠᠯᠲᠠ ᠬᠢᠨ᠎ᠡ᠃
4. ᠮᠡᠷᠭᠡᠵᠢᠯ᠎ᠦᠨ ᠴᠣᠯᠠ᠎ᠶᠢ ᠬᠢᠨᠠᠨ ᠲᠣᠭᠲᠠᠭᠠᠬᠤ ᠠᠵᠢᠯ᠎ᠳᠤ ᠬᠢᠨᠠᠯᠲᠠ ᠲᠠᠯᠪᠢᠵᠤ ᠪᠠᠢᠴᠠᠭᠠᠬᠤ
4.1 ᠪᠠᠶ᠋ᠢᠭᠤᠯᠬᠤ ᠪᠠ ᠬᠡᠷᠡᠭᠵᠢᠭᠦᠯᠬᠦ ᠦᠨᠳᠦᠰᠦᠯᠡᠯ
《 ᠮᠡᠷᠭᠡᠵᠢᠯ᠎ᠦᠨ ᠴᠣᠯᠠ ᠬᠢᠨᠠᠨ ᠲᠣᠭᠲᠠᠭᠠᠬᠤ ᠬᠠᠮᠢᠶᠠᠷᠤᠯᠲᠠ᠎ᠶᠢᠨ ᠲᠦᠷ ᠬᠡᠷᠡᠭᠵᠢᠭᠦᠯᠬᠦ ᠲᠣᠭᠲᠠᠭᠠᠯ 》
4.2 ᠬᠡᠷᠡᠭᠵᠢᠭᠦᠯᠬᠦ ᠭᠣᠣᠯ ᠴᠣᠭᠴᠠ
ᠥᠪᠡᠷᠲᠡᠭᠡᠨ ᠵᠠᠰᠠᠬᠤ ᠣᠷᠣᠨ᠂ ᠠᠢᠮᠠᠭ ᠬᠤᠳᠠ᠂ ᠬᠣᠰᠢᠭᠤ ᠰᠢᠶᠠᠨ᠎ᠤ ᠱᠠᠲᠤᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ᠋ ᠪᠠ ᠨᠡᠢᠭᠡᠮ᠎ᠤᠨ ᠪᠠᠲᠤᠯᠠᠭ᠎ᠠ᠎ᠶᠢᠨ ᠰᠠᠯᠠᠭ᠎ᠠ ᠮᠥᠴᠢᠷ
4.3 ᠪᠠᠢᠴᠠᠭᠠᠬᠤ ᠠᠭᠤᠯᠭ᠎ᠠ
ᠮᠡᠷᠭᠡᠵᠢᠯ᠎ᠦᠨ ᠴᠣᠯᠠ᠎ᠶᠢ ᠬᠢᠨᠠᠨ ᠲᠣᠭᠲᠠᠭᠠᠬᠤ ᠠᠵᠢᠯ᠎ᠢ ᠥᠷᠨᠢᠭᠦᠯᠦᠭᠰᠡᠨ ᠪᠠᠢᠳᠠᠯ ᠃
4.4 ᠪᠠᠢᠴᠠᠭᠠᠬᠤ ᠬᠦᠷᠢᠶ᠎ᠡ ᠬᠡᠪᠴᠢᠶ᠎ᠡ ( ᠡᠲᠡᠭᠡᠳ ) ᠪᠠ ᠪᠠᠷᠢᠮᠵᠢᠶ᠎ᠠ
ᠨᠢᠭᠡ ᠂ 《 ᠮᠡᠷᠭᠡᠵᠢᠯ᠎ᠦᠨ ᠴᠣᠯᠠ ᠬᠢᠨᠠᠨ ᠲᠣᠭᠲᠠᠭᠠᠬᠤ ᠬᠠᠮᠢᠶᠠᠷᠤᠯᠲᠠ᠎ᠶᠢᠨ ᠲᠦᠷ ᠬᠡᠷᠡᠭᠵᠢᠭᠦᠯᠬᠦ ᠲᠣᠭᠲᠠᠭᠠᠯ 》᠎ᠤᠨ ᠨᠠᠢ᠍ᠮᠠᠳᠤᠭᠠᠷ ᠵᠦᠢᠯ᠎ᠦᠨ ᠲᠣᠭᠲᠠᠭᠠᠯ᠎ᠢ ᠵᠥᠷᠢᠴᠡᠵᠦ ᠂ ᠮᠡᠷᠭᠡᠵᠢᠯ᠎ᠦᠨ ᠴᠣᠯᠠ ᠬᠢᠨᠠᠨ ᠲᠣᠭᠲᠠᠭᠠᠬᠤ ᠺᠣᠮᠢᠰ ᠬᠢᠨᠠᠨ ᠵᠥᠪᠰᠢᠶᠡᠷᠡᠵᠦ ᠳᠠᠩᠰᠠᠯᠠᠭᠤᠯᠤᠭᠰᠠᠨ ᠦᠭᠡᠢ ᠂ ᠬᠦᠴᠦᠨ᠎ᠲᠠᠢ ᠬᠤᠭᠤᠴᠠᠭ᠎ᠠ ᠨᠢ ᠳᠦᠭᠦᠷᠦᠭᠰᠡᠨ ᠪᠠᠢᠲᠠᠯ᠎ᠠ ᠳᠠᠭᠢᠵᠤ ᠬᠢᠨᠠᠨ ᠵᠥᠪᠰᠢᠶᠡᠷᠡᠵᠦ ᠳᠠᠩᠰᠠᠯᠠᠭᠤᠯᠤᠭᠰᠠᠨ ᠦᠭᠡᠢ ᠪᠤᠶᠤ ᠮᠡᠷᠭᠡᠵᠢᠯ᠎ᠦᠨ ᠴᠣᠯᠠ ᠬᠢᠨᠠᠨ ᠲᠣᠭᠲᠠᠭᠠᠬᠤ ᠡᠷᠬᠡ ᠮᠡᠳᠡᠯ᠎ᠡᠴᠡ ᠳᠠᠪᠠᠵᠤ ᠂ ᠮᠡᠷᠭᠡᠵᠢᠯ᠎ᠦᠨ ᠴᠣᠯᠠ ᠬᠢᠨᠠᠨ ᠲᠣᠭᠲᠠᠭᠠᠬᠤ ᠬᠦᠷᠢᠶ᠎ᠡ ᠬᠡᠪᠴᠢᠶ᠎ᠡ᠎ᠶᠢ ᠳᠤᠷ᠎ᠠ᠎ᠪᠠᠷ᠎ᠢᠶᠠᠨ ᠥᠷᠭᠡᠳᠬᠡᠭᠰᠡᠨ ᠪᠠᠢᠳᠠᠯ ᠣᠷᠣᠰᠢᠵᠤ ᠪᠠᠢᠬᠤ ᠡᠰᠡᠬᠦ ᠃
ᠬᠣᠶᠠᠷ ᠂ 《 ᠮᠡᠷᠭᠡᠵᠢᠯ᠎ᠦᠨ ᠴᠣᠯᠠ ᠬᠢᠨᠠᠨ ᠲᠣᠭᠲᠠᠭᠠᠬᠤ ᠬᠠᠮᠢᠶᠠᠷᠤᠯᠲᠠ᠎ᠶᠢᠨ ᠲᠦᠷ ᠬᠡᠷᠡᠭᠵᠢᠭᠦᠯᠬᠦ ᠲᠣᠭᠲᠠᠭᠠᠯ 》᠎ᠤᠨ ᠠᠷᠪᠠᠨ ᠭᠤᠷᠪᠠᠳᠤᠭᠠᠷ ᠵᠦᠢᠯ ᠂ ᠠᠷᠪᠠᠨ ᠲᠠᠪᠤᠳᠤᠭᠠᠷ ᠵᠦᠢᠯ᠎ᠦᠨ ᠲᠣᠭᠲᠠᠭᠠᠯ᠎ᠢ ᠵᠥᠷᠢᠴᠡᠵᠦ ᠂ ᠮᠡᠳᠡᠭᠦᠯᠦᠭᠴᠢ ᠨᠢ ᠬᠤᠳᠠᠯ ᠬᠠᠭᠤᠷᠮᠠᠭ ᠮᠠᠲᠧᠷᠢᠶᠠᠯ ᠬᠠᠩᠭᠠᠬᠤ ᠂ ᠪᠤᠰᠤᠳ᠎ᠤᠨ ᠪᠦᠲᠦᠭᠡᠯ ᠪᠠ ᠡᠷᠳᠡᠮ ᠰᠢᠨᠵᠢᠯᠡᠭᠡᠨ᠎ᠦ ᠦᠷ᠎ᠡ ᠪᠦᠲᠦᠭᠡᠯ᠎ᠢ ᠬᠤᠯᠠᠭᠠᠢᠯᠠᠬᠤ ᠪᠤᠶᠤ ᠪᠤᠰᠤᠳ ᠵᠦᠢ ᠪᠤᠰᠤ ᠠᠷᠭ᠎ᠠ ᠪᠠᠷᠢᠯ᠎ᠢᠶᠠᠷ ᠮᠡᠷᠭᠡᠵᠢᠯ᠎ᠦᠨ ᠴᠣᠯᠠ ᠣᠯᠣᠭᠰᠠᠨ ᠪᠠᠢᠳᠠᠯ ᠣᠷᠣᠰᠢᠵᠤ ᠪᠠᠢᠬᠤ ᠡᠰᠡᠬᠦ ᠃
ᠭᠤᠷᠪᠠ ᠂ 《 ᠮᠡᠷᠭᠡᠵᠢᠯ᠎ᠦᠨ ᠴᠣᠯᠠ᠎ᠶᠢ ᠬᠢᠨᠠᠨ ᠲᠣᠭᠲᠠᠭᠠᠬᠤ ᠬᠠᠮᠢᠶᠠᠷᠤᠯᠲᠠ᠎ᠶᠢᠨ ᠲᠦᠷ ᠬᠡᠷᠡᠭᠵᠢᠭᠦᠯᠬᠦ ᠲᠣᠭᠲᠠᠭᠠᠯ》᠎ᠤᠨ ᠠᠷᠪᠠᠨ ᠵᠢᠷᠭᠤᠳᠤᠭᠠᠷ ᠵᠦᠢᠯ᠎ᠦᠨ ᠲᠣᠭᠲᠠᠭᠠᠯ᠎ᠢ ᠵᠥᠷᠢᠴᠡᠵᠦ ᠂ ᠮᠡᠳᠡᠭᠦᠯᠦᠭᠴᠢ᠎ᠶᠢᠨ ᠠᠵᠢᠯᠯᠠᠵᠤ ᠪᠠᠢᠭ᠎ᠠ ᠨᠢᠭᠡᠴᠢ ᠨᠢ ᠬᠢᠨᠠᠨ ᠬᠠᠷᠭᠤᠭᠤᠯᠬᠤ ᠡᠭᠦᠷᠭᠡ ᠬᠠᠷᠢᠭᠤᠴᠠᠯᠭ᠎ᠠ᠎ᠪᠠᠨ ᠬᠠᠤᠯᠢ ᠶᠣᠰᠣᠭᠠᠷ ᠭᠦᠢᠴᠡᠳᠬᠡᠭᠰᠡᠨ ᠦᠭᠡᠢ ᠪᠠᠢᠳᠠᠯ ᠣᠷᠣᠰᠢᠵᠤ ᠪᠠᠢᠬᠤ ᠡᠰᠡᠬᠦ ᠃
ᠳᠥᠷᠪᠡ ᠂ 《 ᠮᠡᠷᠭᠡᠵᠢᠯ᠎ᠦᠨ ᠴᠣᠯᠠ᠎ᠶᠢ ᠬᠢᠨᠠᠨ ᠲᠣᠭᠲᠠᠭᠠᠬᠤ ᠬᠠᠮᠢᠶᠠᠷᠤᠯᠲᠠ᠎ᠶᠢᠨ ᠲᠦᠷ ᠬᠡᠷᠡᠭᠵᠢᠭᠦᠯᠬᠦ ᠲᠣᠭᠲᠠᠭᠠᠯ》᠎ᠤᠨ ᠠᠷᠪᠠᠨ ᠳᠣᠯᠣᠳᠤᠭᠠᠷ ᠵᠦᠢᠯ᠎ᠦᠨ ᠲᠣᠭᠲᠠᠭᠠᠯ᠎ᠢ ᠵᠥᠷᠢᠴᠡᠵᠦ ᠂ ᠨᠡᠶ᠋ᠢᠲᠡ᠎ᠶᠢᠨ ᠥᠮᠴᠢᠯᠡᠯ᠎ᠦᠨ ᠪᠤᠰᠤ ᠠᠵᠤ ᠠᠬᠤᠢ᠎ᠶᠢᠨ ᠵᠣᠬᠢᠶᠠᠨ ᠪᠠᠢᠭᠤᠯᠤᠯᠲᠠ ᠪᠤᠶᠤ ᠠᠵᠢᠯᠲᠠᠨ᠎ᠤ ᠶᠠᠪᠤᠳᠠᠯ᠎ᠤᠨ ᠣᠷᠣᠯᠠᠬᠤ ᠪᠠᠢᠭᠤᠯᠤᠮᠵᠢ ᠵᠡᠷᠭᠡ ᠨᠢ ᠬᠢᠨᠠᠨ ᠬᠠᠷᠭᠤᠭᠤᠯᠬᠤ ᠡᠭᠦᠷᠭᠡ ᠬᠠᠷᠢᠭᠤᠴᠠᠯᠭ᠎ᠠ᠎ᠪᠠᠨ ᠬᠠᠤᠯᠢ ᠶᠣᠰᠣᠭᠠᠷ ᠭᠦᠢᠴᠡᠳᠬᠡᠭᠰᠡᠨ ᠦᠭᠡᠢ ᠪᠠᠢᠳᠠᠯ ᠣᠷᠣᠰᠢᠵᠤ ᠪᠠᠢᠬᠤ ᠡᠰᠡᠬᠦ ᠃
ᠲᠠᠪᠤ ᠂ 《 ᠮᠡᠷᠭᠡᠵᠢᠯ᠎ᠦᠨ ᠴᠣᠯᠠ ᠬᠢᠨᠠᠨ ᠲᠣᠭᠲᠠᠭᠠᠬᠤ ᠬᠠᠮᠢᠶᠠᠷᠤᠯᠲᠠ᠎ᠶᠢᠨ ᠲᠦᠷ ᠬᠡᠷᠡᠭᠵᠢᠭᠦᠯᠬᠦ ᠲᠣᠭᠲᠠᠭᠠᠯ 》᠎ᠤᠨ ᠠᠷᠪᠠᠨ ᠨᠠᠢ᠍ᠮᠠᠳᠤᠭᠠᠷ ᠵᠦᠢᠯ᠎ᠦᠨ ᠲᠣᠭᠲᠠᠭᠠᠯ᠎ᠢ ᠵᠥᠷᠢᠴᠡᠵᠦ ᠂ ᠮᠡᠷᠭᠡᠵᠢᠯ᠎ᠦᠨ ᠴᠣᠯᠠ ᠬᠢᠨᠠᠨ ᠲᠣᠭᠲᠠᠭᠠᠬᠤ ᠵᠥᠪᠯᠡᠯ᠎ᠢ ᠪᠠᠢᠭᠤᠯᠤᠭᠰᠠᠨ ᠨᠢᠭᠡᠴᠢ ᠨᠢ ᠬᠢᠨᠠᠨ ᠬᠠᠷᠭᠤᠭᠤᠯᠬᠤ ᠡᠭᠦᠷᠭᠡ ᠬᠠᠷᠢᠭᠤᠴᠠᠯᠭ᠎ᠠ᠎ᠪᠠᠨ ᠬᠠᠤᠯᠢ ᠶᠣᠰᠣᠭᠠᠷ ᠭᠦᠢᠴᠡᠳᠬᠡᠭᠰᠡᠨ ᠦᠭᠡᠢ ᠪᠠᠢᠳᠠᠯ ᠣᠷᠣᠰᠢᠵᠤ ᠪᠠᠢᠬᠤ ᠡᠰᠡᠬᠦ ᠃
ᠵᠢᠷᠭᠤᠭ᠎ᠠ ᠂ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ 《 ᠮᠡᠷᠭᠡᠵᠢᠯ᠎ᠦᠨ ᠴᠣᠯᠠ ᠬᠢᠨᠠᠨ ᠲᠣᠭᠲᠠᠭᠠᠬᠤ ᠬᠠᠮᠢᠶᠠᠷᠤᠯᠲᠠ᠎ᠶᠢᠨ ᠲᠦᠷ ᠬᠡᠷᠡᠭᠵᠢᠭᠦᠯᠬᠦ ᠲᠣᠭᠲᠠᠭᠠᠯ 》᠎ᠤᠨ ᠬᠣᠷᠢᠨ ᠳᠥᠷᠪᠡᠳᠦᠭᠡᠷ ᠵᠦᠢᠯ ᠂ ᠬᠣᠷᠢᠨ ᠲᠠᠪᠤᠳᠤᠭᠠᠷ ᠵᠦᠢᠯ᠎ᠦᠨ ᠲᠣᠭᠲᠠᠭᠠᠯ᠎ᠢ ᠵᠥᠷᠢᠴᠡᠭᠰᠡᠨ ᠪᠠᠢᠳᠠᠯ ᠣᠷᠣᠰᠢᠵᠤ ᠪᠠᠢᠬᠤ ᠡᠰᠡᠬᠦ ᠃
ᠳᠣᠯᠣᠭ᠎ᠠ ᠂ ᠮᠡᠷᠭᠡᠵᠢᠯ᠎ᠦᠨ ᠴᠣᠯᠠ ᠬᠢᠨᠠᠨ ᠲᠣᠭᠲᠠᠭᠠᠬᠤ ᠬᠡᠷᠡᠭ ᠡᠷᠭᠢᠯᠡᠬᠦ ᠪᠠᠢᠭᠤᠯᠤᠮᠵᠢ᠎ᠶᠢᠨ ᠠᠵᠢᠯᠲᠠᠨ 《 ᠮᠡᠷᠭᠡᠵᠢᠯ᠎ᠦᠨ ᠴᠣᠯᠠ ᠬᠢᠨᠠᠨ ᠲᠣᠭᠲᠠᠭᠠᠬᠤ ᠬᠠᠮᠢᠶᠠᠷᠤᠯᠲᠠ᠎ᠶᠢᠨ ᠲᠦᠷ ᠬᠡᠷᠡᠭᠵᠢᠭᠦᠯᠬᠦ ᠲᠣᠭᠲᠠᠭᠠᠯ 》᠎ᠤᠨ ᠬᠣᠷᠢᠨ ᠳᠥᠷᠪᠡᠳᠦᠭᠡᠷ ᠵᠦᠢᠯ ᠂ ᠬᠣᠷᠢᠨ ᠲᠠᠪᠤᠳᠤᠭᠠᠷ ᠵᠦᠢᠯ᠎ᠦᠨ ᠲᠣᠭᠲᠠᠭᠠᠯ᠎ᠢ ᠵᠥᠷᠢᠴᠡᠭᠰᠡᠨ ᠪᠠᠢᠳᠠᠯ ᠣᠷᠣᠰᠢᠵᠤ ᠪᠠᠢᠬᠤ ᠡᠰᠡᠬᠦ ᠃
ᠨᠠᠢ᠍ᠮᠠ ᠂ 《 ᠮᠡᠷᠭᠡᠵᠢᠯ᠎ᠦᠨ ᠴᠣᠯᠠ ᠬᠢᠨᠠᠨ ᠲᠣᠭᠲᠠᠭᠠᠬᠤ ᠬᠢᠨᠠᠯᠲᠠ ᠬᠠᠮᠢᠶᠠᠷᠤᠯᠲᠠ᠎ᠶᠢᠨ ᠲᠦᠷ ᠬᠡᠷᠡᠭᠵᠢᠭᠦᠯᠬᠦ ᠠᠷᠭ᠎ᠠ》 ( ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ ᠲᠠᠷᠬᠠᠭᠠᠭᠰᠠᠨ [ 2024 ] 56 ᠳ᠋ᠤᠭᠠᠷ ᠲᠣᠭᠠᠲᠤ )᠎ᠳᠤ ᠲᠣᠭᠲᠠᠭᠠᠭᠰᠠᠨ ᠬᠢᠨᠠᠯᠲᠠ ᠬᠠᠮᠢᠶᠠᠷᠤᠯᠲᠠ᠎ᠶᠢᠨ ᠪᠠᠢᠳᠠᠯ ᠣᠷᠣᠰᠢᠵᠤ ᠪᠠᠢᠬᠤ ᠡᠰᠡᠬᠦ ᠃
4.5 ᠪᠠᠢᠴᠠᠭᠠᠬᠤ ᠠᠷᠭ᠎ᠠ ᠮᠠᠶᠢᠭ᠋
ᠲᠤᠬᠠᠢ᠎ᠶᠢᠨ ᠲᠠᠯᠠᠪᠤᠷ᠎ᠤᠨ ᠪᠠᠢᠴᠠᠭᠠᠯᠲᠠ ᠪᠠ ᠲᠤᠬᠠᠢ᠎ᠶᠢᠨ ᠲᠠᠯᠠᠪᠤᠷ᠎ᠤᠨ ᠪᠤᠰᠤ ᠪᠠᠢᠴᠠᠭᠠᠯᠲᠠ᠎ᠶᠢ ᠤᠶᠠᠯᠳᠤᠭᠤᠯᠤᠨ᠎ᠠ᠃
4.6 ᠪᠠᠢᠴᠠᠭᠠᠬᠤ ᠳᠠᠪᠲᠠᠮᠵᠢ᠎ᠶᠢᠨ ᠳᠡᠭᠡᠳᠦ ᠬᠢᠵᠠᠭᠠᠷ
ᠠᠳᠠᠯᠢ ᠨᠢᠭᠡᠨ ᠵᠠᠰᠠᠭ ᠵᠠᠬᠢᠷᠭᠠᠨ᠎ᠤ ᠪᠠᠢᠭᠤᠯᠭ᠎ᠠ ᠨᠢ ᠠᠳᠠᠯᠢ ᠨᠢᠭᠡᠨ ᠪᠠᠢᠴᠠᠭᠠᠭᠳᠠᠬᠤ ᠡᠲᠡᠭᠡᠳ᠎ᠲᠦ ᠵᠢᠯ ᠪᠦᠷᠢ ᠨᠢᠭᠡ ᠤᠳᠠᠭ᠎ᠠ ᠪᠠᠢᠴᠠᠭᠠᠯᠲᠠ ᠬᠢᠨ᠎ᠡ᠃
5. ᠲᠤᠰᠬᠠᠢ ᠮᠡᠷᠭᠡᠵᠢᠯ᠎ᠦᠨ ᠠᠵᠢᠯᠲᠠᠨ᠎ᠤ ᠬᠢᠷᠢ ᠬᠡᠮ᠎ᠦᠨ ᠰᠢᠯᠭᠠᠯᠲᠠ᠎ᠶᠢ ᠬᠢᠨᠠᠵᠤ ᠪᠠᠢᠴᠠᠭᠠᠬᠤ
5.1 ᠪᠠᠶ᠋ᠢᠭᠤᠯᠬᠤ ᠪᠠ ᠬᠡᠷᠡᠭᠵᠢᠭᠦᠯᠬᠦ ᠦᠨᠳᠦᠰᠦᠯᠡᠯ
《 ᠲᠤᠰᠬᠠᠢ ᠮᠡᠷᠭᠡᠵᠢᠯ᠎ᠦᠨ ᠠᠵᠢᠯᠲᠠᠨ᠎ᠤ ᠬᠢᠷᠢ ᠬᠡᠮ᠎ᠦᠨ ᠰᠢᠯᠭᠠᠯᠲᠠ᠎ᠶᠢᠨ ᠰᠠᠬᠢᠯᠭ᠎ᠠ ᠪᠠᠲᠤ ᠳᠦᠷᠢᠮ ᠲᠣᠭᠲᠠᠭᠠᠯ᠎ᠠᠴᠠ ᠵᠥᠷᠢᠴᠡᠭᠰᠡᠨ ᠦᠶ᠋ᠯᠡ ᠠᠵᠢᠯᠯᠠᠭ᠎ᠠ᠎ᠶᠢ ᠰᠢᠢᠳᠪᠦᠷᠢᠯᠡᠬᠦ ᠲᠣᠭᠲᠠᠭᠠᠯ 》
5.2 ᠬᠡᠷᠡᠭᠵᠢᠭᠦᠯᠬᠦ ᠭᠣᠣᠯ ᠴᠣᠭᠴᠠ
ᠥᠪᠡᠷᠲᠡᠭᠡᠨ ᠵᠠᠰᠠᠬᠤ ᠣᠷᠣᠨ᠂ ᠠᠢᠮᠠᠭ ᠬᠤᠳᠠ᠎ᠶᠢᠨ ᠱᠠᠲᠤᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ᠋ ᠪᠠ ᠨᠡᠢᠭᠡᠮ᠎ᠤᠨ ᠪᠠᠲᠤᠯᠠᠭ᠎ᠠ᠎ᠶᠢᠨ ᠰᠠᠯᠠᠭ᠎ᠠ ᠮᠥᠴᠢᠷ
5.3 ᠪᠠᠢᠴᠠᠭᠠᠬᠤ ᠠᠭᠤᠯᠭ᠎ᠠ
ᠲᠤᠰᠬᠠᠢ ᠮᠡᠷᠭᠡᠵᠢᠯ᠎ᠦᠨ ᠠᠵᠢᠯᠲᠠᠨ᠎ᠤ ᠬᠢᠷᠢ ᠬᠡᠮ᠎ᠦᠨ ᠰᠢᠯᠭᠠᠯᠲᠠ᠎ᠶᠢᠨ ᠠᠵᠢᠯ᠎ᠢ ᠥᠷᠨᠢᠭᠦᠯᠦᠭᠰᠡᠨ ᠪᠠᠢᠳᠠᠯ ᠃
5.4 ᠪᠠᠢᠴᠠᠭᠠᠬᠤ ᠬᠦᠷᠢᠶ᠎ᠡ ᠬᠡᠪᠴᠢᠶ᠎ᠡ ( ᠡᠲᠡᠭᠡᠳ ) ᠪᠠ ᠪᠠᠷᠢᠮᠵᠢᠶ᠎ᠠ
ᠨᠢᠭᠡ ᠂ ᠰᠢᠯᠭᠠᠯᠲᠠ᠎ᠳᠤ ᠣᠷᠣᠯᠴᠠᠭᠰᠠᠳ ᠰᠢᠯᠭᠠᠯᠲᠠ᠎ᠶᠢᠨ ᠶᠠᠪᠤᠴᠠ᠎ᠳᠤ ᠳᠣᠣᠷᠠᠬᠢ ᠮᠡᠲᠦ ᠰᠠᠬᠢᠯᠭ᠎ᠠ ᠪᠠᠲᠤ ᠳᠦᠷᠢᠮ ᠲᠣᠭᠲᠠᠭᠠᠯ᠎ᠢ ᠵᠥᠷᠢᠴᠡᠭᠰᠡᠨ ᠦᠶ᠋ᠯᠡ ᠠᠵᠢᠯᠯᠠᠭ᠎ᠠ᠎ᠲᠠᠢ ᠪᠠᠢᠬᠤ ᠡᠰᠡᠬᠦ ᠄
( ᠨᠢᠭᠡ ) ᠮᠡᠳᠡᠭᠡ ᠬᠣᠯᠪᠣᠭᠠᠨ᠎ᠤ ᠪᠠᠭᠠᠵᠢ ᠬᠡᠷᠡᠭᠰᠡᠯ᠂ ᠲᠣᠭᠲᠠᠭᠠᠯ᠎ᠠᠴᠠ ᠭᠠᠳᠠᠨᠠᠬᠢ ᠡᠯᠧᠺᠲᠷᠣᠨ ᠬᠡᠷᠡᠭᠰᠡᠯ ᠪᠤᠶᠤ ᠰᠢᠯᠭᠠᠯᠲᠠ᠎ᠶᠢᠨ ᠠᠭᠤᠯᠭ᠎ᠠ᠎ᠳᠤ ᠬᠣᠯᠪᠣᠭᠳᠠᠬᠤ ᠮᠠᠲᠧᠷᠢᠶᠠᠯ᠎ᠢ ᠠᠪᠴᠤ ᠰᠢᠯᠭᠠᠯᠲᠠ᠎ᠶᠢᠨ ᠲᠠᠯᠠᠪᠤᠷ᠎ᠲᠤ ᠣᠷᠣᠵᠤ ᠰᠠᠨᠠᠭᠤᠯᠤᠭᠰᠠᠨ ᠪᠠᠢᠲᠠᠯ᠎ᠠ ᠮᠥᠨ ᠡᠰᠡ ᠵᠠᠯᠠᠷᠠᠭᠤᠯᠤᠭᠰᠠᠨ ;
( ᠬᠣᠶᠠᠷ ) ᠰᠠᠨᠠᠭᠤᠯᠤᠭᠰᠠᠨ ᠪᠠᠢᠲᠠᠯ᠎ᠠ ᠲᠣᠰ ᠬᠥᠮᠥᠨ᠎ᠦ ᠪᠡᠶ᠎ᠡ᠎ᠶᠢᠨ ᠬᠢᠷᠢ ᠬᠡᠮ ᠪᠠ ᠰᠢᠯᠭᠠᠯᠲᠠ᠎ᠶᠢᠨ ᠮᠡᠳᠡᠭᠡ ᠵᠠᠩᠭᠢ᠎ᠪᠠᠨ ᠮᠥᠨ ᠲᠣᠭᠲᠠᠭᠠᠯ ᠶᠣᠰᠣᠭᠠᠷ ᠥᠯᠥ ᠪᠢᠴᠢᠵᠦ ᠂ ᠥᠯᠥ ᠲᠠᠭᠯᠠᠭᠰᠠᠨ ;
( ᠭᠤᠷᠪᠠ ) ᠰᠢᠯᠭᠠᠯᠲᠠ᠎ᠶᠢᠨ ᠬᠠᠭᠤᠳᠠᠰᠤ᠂ ᠰᠡᠳᠦᠪ ᠬᠠᠷᠢᠭᠤᠯᠬᠤ ᠴᠠᠭᠠᠰᠤ᠂ ᠰᠡᠳᠦᠪ ᠬᠠᠷᠢᠭᠤᠯᠬᠤ ᠺᠠᠷᠲ᠎ᠤᠨ ᠲᠣᠭᠲᠠᠭᠠᠯ᠎ᠠᠴᠠ ᠭᠠᠳᠠᠨᠠᠬᠢ ᠪᠠᠢᠷᠢᠨ᠎ᠳᠤ ᠲᠤᠰ ᠬᠥᠮᠥᠨ᠎ᠦ ᠮᠡᠳᠡᠭᠡ ᠵᠠᠩᠭᠢ ᠪᠤᠶᠤ ᠪᠤᠰᠤᠳ ᠣᠨᠴᠠᠭᠠᠶ ᠲᠡᠮᠳᠡᠭ ᠬᠢᠭᠰᠡᠨ ;
( ᠳᠥᠷᠪᠡ ) ᠲᠣᠭᠲᠠᠭᠰᠠᠨ ᠰᠠᠭᠤᠳᠠᠯ᠎ᠳᠤ ᠰᠢᠯᠭᠠᠯᠲᠠ᠎ᠳᠤ ᠣᠷᠣᠯᠴᠠᠭᠰᠠᠨ ᠦᠭᠡᠢ ᠪᠤᠶᠤ ᠰᠢᠯᠭᠠᠯᠲᠠ᠎ᠶᠢᠨ ᠠᠵᠢᠯᠲᠠᠨ᠎ᠤ ᠵᠥᠪᠰᠢᠶᠡᠷᠡᠯ ᠦᠭᠡᠢ᠎ᠪᠡᠷ ᠰᠠᠭᠤᠳᠠᠯ ᠪᠤᠶᠤ ᠰᠢᠯᠭᠠᠯᠲᠠ᠎ᠶᠢᠨ ᠲᠠᠯᠠᠪᠤᠷ᠎ᠠᠴᠠ ᠳᠤᠷ᠎ᠠ᠎ᠪᠠᠷ᠎ᠢᠶᠠᠨ ᠰᠠᠯᠵᠤ᠂ ᠰᠠᠨᠠᠭᠤᠯᠤᠭᠰᠠᠨ ᠪᠠᠢᠲᠠᠯ᠎ᠠ ᠮᠥᠨ ᠡᠰᠡ ᠵᠠᠯᠠᠷᠠᠭᠤᠯᠤᠭᠰᠠᠨ ;
( ᠲᠠᠪᠤ ) ᠲᠣᠭᠲᠠᠭᠠᠭᠰᠠᠨ ᠴᠠᠭᠠᠰᠤ᠂ ᠪᠢᠷ᠎ᠢᠶᠡᠷ ᠬᠠᠷᠢᠭᠤᠯᠤᠭᠰᠠᠨ ᠦᠭᠡᠢ ᠪᠤᠶᠤ ᠰᠢᠯᠭᠠᠯᠲᠠ᠎ᠶᠢᠨ ᠬᠠᠭᠤᠳᠠᠰᠤ᠎ᠶᠢᠨ ᠡᠮᠦᠨ᠎ᠡ ᠬᠣᠢᠨ᠎ᠠ ᠪᠢᠴᠢᠭᠰᠡᠨ ᠬᠠᠷᠢᠭᠤᠯᠲᠠ᠎ᠶᠢᠨ ᠭᠠᠷᠤᠨ ᠲᠢᠭ ᠨᠢ ᠠᠳᠠᠯᠢ ᠦᠭᠡᠢ ᠪᠠᠢᠬᠤ ;
( ᠵᠢᠷᠭᠤᠭ᠎ᠠ ) ᠰᠢᠯᠭᠠᠯᠲᠠ ᠡᠬᠢᠯᠡᠬᠦ ᠳᠣᠬᠢᠶ᠎ᠠ ᠥᠭᠬᠦ᠎ᠠᠴᠠ ᠡᠮᠦᠨ᠎ᠡ ᠰᠡᠳᠦᠪ ᠬᠠᠷᠢᠭᠤᠯᠤᠭᠰᠠᠨ᠂ ᠡᠰᠡᠬᠦᠯ᠎ᠡ ᠰᠢᠯᠭᠠᠯᠲᠠ ᠳᠠᠭᠤᠰᠤᠭᠰᠠᠨ ᠳᠣᠬᠢᠶ᠎ᠠ ᠥᠭᠭᠦᠭᠰᠡᠨ᠎ᠤ ᠳᠠᠷᠠᠭ᠎ᠠ ᠦᠷᠭᠦᠯᠵᠢᠯᠡᠨ ᠰᠡᠳᠦᠪ ᠬᠠᠷᠢᠭᠤᠯᠤᠭᠰᠠᠨ ;
( ᠲᠤᠯᠤᠭ᠎ᠠ ) ᠰᠢᠯᠭᠠᠯᠲᠠ᠎ᠶᠢᠨ ᠬᠠᠭᠤᠳᠠᠰᠤ᠂ ᠰᠡᠳᠦᠪ ᠬᠠᠷᠢᠭᠤᠯᠬᠤ ᠺᠠᠷᠲ᠂ ᠰᠡᠳᠦᠪ ᠬᠠᠷᠢᠭᠤᠯᠬᠤ ᠴᠠᠭᠠᠰᠤ᠎ᠶᠢ ᠰᠢᠯᠭᠠᠯᠲᠠ᠎ᠶᠢᠨ ᠲᠠᠯᠠᠪᠤᠷ᠎ᠠᠴᠠ ᠠᠪᠴᠤ ᠭᠠᠷᠤᠭᠰᠠᠨ ;
( ᠨᠠᠢ᠍ᠮᠠ ) ᠰᠢᠯᠭᠠᠯᠲᠠ᠎ᠶᠢᠨ ᠬᠠᠭᠤᠳᠠᠰᠤ᠂ ᠰᠡᠳᠦᠪ ᠬᠠᠷᠢᠭᠤᠯᠬᠤ ᠴᠠᠭᠠᠰᠤ᠂ ᠰᠡᠳᠦᠪ ᠬᠠᠷᠢᠭᠤᠯᠬᠤ ᠺᠠᠷᠲ᠂ ᠡᠯᠧᠺᠲ᠋ᠣᠷᠣᠨᠴᠢᠯᠠᠭᠰᠠᠨ ᠰᠢᠰᠲᠧᠮ᠎ᠦᠨ ᠲᠥᠬᠦᠭᠡᠷᠦᠮᠵᠢ᠎ᠶᠢ ᠵᠣᠷᠢᠭᠤᠳᠠ ᠡᠪᠳᠡᠭᠰᠡᠨ ;
( ᠶᠢᠰᠦ ) ᠰᠢᠯᠭᠠᠯᠲᠠ᠎ᠶᠢᠨ ᠰᠢᠰᠲᠧᠮ᠎ᠢ ᠲᠣᠭᠲᠠᠭᠠᠯ ᠶᠣᠰᠣᠭᠠᠷ ᠬᠡᠷᠡᠭᠯᠡᠭᠰᠡᠨ ᠦᠭᠡᠢ᠂ ᠰᠠᠨᠠᠭᠤᠯᠤᠭᠰᠠᠨ ᠪᠠᠢᠲᠠᠯ᠎ᠠ ᠮᠥᠨ ᠡᠰᠡ ᠵᠠᠯᠠᠷᠠᠭᠤᠯᠤᠭᠰᠠᠨ ;
( ᠠᠷᠪᠠ ) ᠲᠣᠰ ᠤᠳᠠᠭᠠᠨ᠎ᠤ ᠲᠣᠰ ᠬᠢᠴᠢᠶᠡᠯ ᠲᠥᠷᠥᠯ᠎ᠦᠨ ᠰᠢᠯᠭᠠᠯᠲᠠ᠎ᠶᠢᠨ ᠬᠢᠷᠢ ᠪᠦᠲᠦᠮᠵᠢ᠎ᠶᠢ ᠬᠦᠴᠦᠨ ᠦᠭᠡᠢ᠎ᠪᠡᠷ ᠰᠢᠢᠳᠪᠦᠷᠢᠯᠡᠬᠦ ᠶᠣᠰᠣᠲᠠᠢ ᠰᠠᠬᠢᠯᠭ᠎ᠠ ᠪᠠᠲᠤ ᠳᠦᠷᠢᠮ ᠲᠣᠭᠲᠠᠭᠠᠯ᠎ᠠᠴᠠ ᠵᠥᠷᠢᠴᠡᠭᠰᠡᠨ ᠪᠤᠰᠤᠳ ᠦᠶ᠋ᠯᠡ ᠠᠵᠢᠯᠯᠠᠭ᠎ᠠ ᠃
ᠬᠣᠶᠠᠷ ᠂ ᠰᠢᠯᠭᠠᠯᠲᠠ᠎ᠳᠤ ᠣᠷᠣᠯᠴᠠᠭᠰᠠᠳ ᠰᠢᠯᠭᠠᠯᠲᠠ᠎ᠶᠢᠨ ᠶᠠᠪᠤᠴᠠ᠎ᠳᠤ ᠳᠣᠣᠷᠠᠬᠢ ᠮᠡᠲᠦ ᠰᠠᠬᠢᠯᠭ᠎ᠠ ᠪᠠᠲᠤ ᠳᠦᠷᠢᠮ ᠲᠣᠭᠲᠠᠭᠠᠯ᠎ᠢ ᠬᠦᠨᠳᠦ ᠨᠣᠴᠢᠲᠠᠢ ᠵᠥᠷᠢᠴᠡᠭᠰᠡᠨ ᠦᠶ᠋ᠯᠡ ᠠᠵᠢᠯᠯᠠᠭ᠎ᠠ᠎ᠲᠠᠢ ᠪᠠᠢᠬᠤ ᠡᠰᠡᠬᠦ ᠄
( ᠨᠢᠭᠡ ) ᠰᠢᠯᠭᠠᠯᠲᠠ᠎ᠶᠢᠨ ᠰᠡᠳᠦᠪ᠎ᠦᠨ ᠬᠠᠷᠢᠭᠤᠯᠲᠠ ᠪᠤᠶᠤ ᠰᠢᠯᠭᠠᠯᠲᠠ᠎ᠶᠢᠨ ᠠᠭᠤᠯᠭ᠎ᠠ᠎ᠳᠤ ᠬᠣᠯᠪᠣᠭᠳᠠᠬᠤ ᠮᠠᠲᠧᠷᠢᠶᠠᠯ᠎ᠢ ᠬᠠᠭᠤᠯᠤᠭᠰᠠᠨ᠂ ᠪᠤᠰᠤᠳ᠎ᠲᠤ ᠬᠠᠮᠵᠢᠨ ᠬᠠᠭᠤᠯᠤᠭᠰᠠᠨ ;
( ᠬᠣᠶᠠᠷ ) ᠰᠢᠯᠭᠠᠯᠲᠠ᠎ᠶᠢᠨ ᠬᠠᠭᠤᠳᠠᠰᠤ᠂ ᠰᠡᠳᠦᠪ ᠬᠠᠷᠢᠭᠤᠯᠬᠤ ᠴᠠᠭᠠᠰᠤ᠂ ᠰᠡᠳᠦᠪ ᠬᠠᠷᠢᠭᠤᠯᠬᠤ ᠺᠠᠷᠲ᠂ ᠡᠬᠡ ᠪᠢᠴᠢᠭ᠎ᠦᠨ ᠴᠠᠭᠠᠰᠤ ᠵᠡᠷᠭᠡ᠎ᠶᠢ ᠬᠠᠷᠢᠯᠴᠠᠨ ᠳᠠᠮᠵᠢᠭᠤᠯᠤᠭᠰᠠᠨ ;
( ᠭᠤᠷᠪᠠ ) ᠬᠠᠭᠤᠷᠮᠠᠭ ᠭᠡᠷᠡᠴᠢ ᠦᠨᠡᠮᠯᠡᠯ ᠵᠣᠬᠢᠶᠠᠵᠤ ᠰᠢᠯᠭᠠᠯᠲᠠ᠎ᠳᠤ ᠣᠷᠣᠯᠴᠠᠭᠰᠠᠨ ;
( ᠳᠥᠷᠪᠡ ) ᠲᠤᠰ ᠬᠥᠮᠥᠨ ᠨᠢ ᠰᠢᠯᠭᠠᠯᠲᠠ᠎ᠶᠢᠨ ᠲᠠᠯᠠᠪᠤᠷ᠎ᠠᠴᠠ ᠰᠠᠯᠤᠭᠰᠠᠨ᠎ᠤ ᠲᠠᠷᠠᠭ᠎ᠠ᠂ ᠰᠢᠯᠭᠠᠯᠲᠠ ᠳᠠᠭᠤᠰᠬᠤ᠎ᠠᠴᠠ ᠡᠮᠦᠨ᠎ᠡ ᠰᠢᠯᠭᠠᠯᠲᠠ᠎ᠶᠢᠨ ᠰᠡᠳᠦᠪ ᠪᠣᠯᠣᠨ ᠬᠠᠷᠢᠭᠤᠯᠲᠠ᠎ᠶᠢ ᠤᠯᠠᠮᠵᠢᠯᠠᠨ ᠲᠠᠷᠬᠠᠭᠠᠭᠰᠠᠨ ;
( ᠲᠠᠪᠤ ) ᠰᠢᠯᠭᠠᠯᠲᠠ᠎ᠶᠢᠨ ᠲᠠᠯᠠᠪᠤᠷ᠎ᠲᠤ ᠠᠪᠴᠤ ᠣᠷᠣᠬᠤ᠎ᠶᠢ ᠴᠠᠭᠠᠵᠠᠯᠠᠭᠰᠠᠨ ᠮᠡᠳᠡᠭᠡ ᠬᠣᠯᠪᠣᠭᠠᠨ᠎ᠤ ᠪᠠᠭᠠᠵᠢ᠂ ᠲᠣᠭᠲᠠᠭᠠᠯ᠎ᠠᠴᠠ ᠭᠠᠳᠠᠨᠠᠬᠢ ᠡᠯᠧᠺᠲᠷᠣᠨ ᠬᠡᠷᠡᠭᠰᠡᠯ᠎ᠢ ᠬᠡᠷᠡᠭᠯᠡᠭᠰᠡ ;
( ᠵᠢᠷᠭᠤᠭ᠎ᠠ ) ᠲᠣᠰ ᠤᠳᠠᠭᠠᠨ᠎ᠤ ᠪᠥᠬᠥ ᠬᠢᠴᠢᠶᠡᠯ ᠲᠥᠷᠥᠯ᠎ᠦᠨ ᠰᠢᠯᠭᠠᠯᠲᠠ᠎ᠶᠢᠨ ᠬᠢᠷᠢ ᠪᠦᠲᠦᠮᠵᠢ᠎ᠶᠢ ᠬᠦᠴᠦᠨ ᠦᠭᠡᠢ᠎ᠪᠡᠷ ᠰᠢᠢᠳᠪᠦᠷᠢᠯᠡᠬᠦ ᠶᠣᠰᠣᠲᠠᠢ ᠰᠠᠬᠢᠯᠭ᠎ᠠ ᠪᠠᠲᠤ ᠳᠦᠷᠢᠮ ᠲᠣᠭᠲᠠᠭᠠᠯ᠎ᠢ ᠬᠦᠨᠳᠦ ᠨᠣᠴᠢᠲᠠᠢ ᠵᠥᠷᠢᠴᠡᠭᠰᠡᠨ ᠪᠤᠰᠤᠳ ᠦᠶ᠋ᠯᠡ ᠠᠵᠢᠯᠯᠠᠭ᠎ᠠ ᠃
ᠭᠤᠷᠪᠠ ᠂ ᠰᠢᠯᠭᠠᠯᠲᠠ᠎ᠳᠤ ᠣᠷᠣᠯᠴᠠᠭᠰᠠᠳ ᠰᠢᠯᠭᠠᠯᠲᠠ᠎ᠶᠢᠨ ᠶᠠᠪᠤᠴᠠ᠎ᠳᠤ ᠳᠣᠣᠷᠠᠬᠢ ᠮᠡᠲᠦ ᠰᠠᠬᠢᠯᠭ᠎ᠠ ᠪᠠᠲᠤ ᠳᠦᠷᠢᠮ ᠲᠣᠭᠲᠠᠭᠠᠯ᠎ᠢ ᠣᠨᠴᠠᠭᠠᠶ ᠬᠦᠨᠳᠦ ᠨᠣᠴᠢᠲᠠᠢ ᠵᠥᠷᠢᠴᠡᠭᠰᠡᠨ ᠦᠶ᠋ᠯᠡ ᠠᠵᠢᠯᠯᠠᠭ᠎ᠠ᠎ᠲᠠᠢ ᠪᠠᠢᠬᠤ ᠡᠰᠡᠬᠦ ᠄
( ᠨᠢᠭᠡ ) ᠰᠥᠯᠪᠡᠭᠡᠯᠳᠦᠨ ᠭᠡᠮ ᠬᠢᠭᠰᠡᠨ ᠪᠤᠶᠤ ᠵᠣᠬᠢᠶᠠᠨ ᠪᠠᠢᠭᠤᠯᠤᠯᠲᠠ᠎ᠲᠠᠢ᠎ᠪᠠᠷ ᠭᠡᠮ ᠬᠢᠬᠦ ᠠᠵᠢᠯᠯᠠᠭ᠎ᠠ᠎ᠳᠦ ᠣᠷᠣᠯᠴᠠᠭᠰᠠᠨ ;
( ᠬᠣᠶᠠᠷ ) ᠪᠤᠰᠤᠳ᠎ᠢ ᠣᠷᠣᠯᠠᠬᠤ ᠪᠤᠶᠤ ᠪᠤᠰᠤᠳ᠎ᠢᠶᠠᠷ ᠥᠪᠡᠷ᠎ᠢ᠎ᠪᠡᠨ ᠣᠷᠣᠯᠠᠭᠤᠯᠤᠨ ᠰᠢᠯᠭᠠᠯᠲᠠ᠎ᠳᠤ ᠣᠷᠣᠯᠴᠠᠭᠤᠯᠤᠭᠰᠠᠨ ;
( ᠭᠤᠷᠪᠠ ) ᠰᠠᠬᠢᠯᠭ᠎ᠠ ᠪᠠᠲᠤ᠎ᠶᠢ ᠵᠥᠷᠢᠴᠡᠭᠰᠡᠨ ᠲᠣᠭᠲᠠᠭᠠᠯ᠎ᠢ ᠵᠥᠷᠢᠴᠡᠭᠰᠡᠨ ᠦᠢᠯᠡ ᠪᠠᠢᠳᠠᠯ ᠨᠢ ᠣᠨᠴᠠᠭᠠᠶ ᠬᠦᠨᠳᠦ ᠨᠣᠴᠢᠲᠠᠢ᠂ ᠨᠥᠯᠥᠭᠡ᠎ᠪᠡᠷ ᠲᠤᠢᠯ᠎ᠤᠨ ᠮᠠᠭᠤ ᠪᠤᠰᠤᠳ ᠦᠢᠯᠡ ᠠᠵᠢᠯᠯᠠᠭ᠎ᠠ᠎ᠲᠠᠢ ᠪᠠᠢᠬᠤ᠃
ᠳᠥᠷᠪᠡ ᠂ ᠰᠢᠯᠭᠠᠯᠲᠠ᠎ᠳᠤ ᠣᠷᠣᠯᠴᠠᠭᠰᠠᠳ ᠰᠢᠯᠭᠠᠯᠲᠠ᠎ᠶᠢᠨ ᠠᠵᠢᠯ᠎ᠤᠨ ᠲᠠᠯᠠᠪᠤᠷ᠎ᠤᠨ ᠡᠮᠬᠢ ᠵᠢᠷᠤᠮ᠎ᠢ ᠤᠬᠠᠮᠰᠠᠷ᠎ᠠᠴᠠ᠎ᠪᠠᠨ ᠬᠠᠮᠠᠭᠠᠯᠠᠬᠤ ᠂ ᠰᠢᠯᠭᠠᠯᠲᠠ᠎ᠶᠢᠨ ᠠᠵᠢᠯᠲᠠᠨ᠎ᠤ ᠬᠠᠮᠢᠶᠠᠷᠤᠯᠲᠠ᠎ᠶᠢ ᠳᠠᠭᠠᠬᠤ ᠲᠠᠯ᠎ᠠ᠎ᠪᠠᠷ ᠳᠣᠣᠷᠠᠬᠢ ᠮᠡᠲᠦ ᠦᠶ᠋ᠯᠡ ᠠᠵᠢᠯᠯᠠᠭ᠎ᠠ᠎ᠲᠠᠢ ᠪᠠᠢᠬᠤ ᠡᠰᠡᠬᠦ ᠄
( ᠨᠢᠭᠡ ) ᠰᠢᠯᠭᠠᠯᠲᠠ᠎ᠶᠢᠨ ᠴᠡᠭ᠂ ᠰᠢᠯᠭᠠᠯᠲᠠ᠎ᠶᠢᠨ ᠲᠠᠯᠠᠪᠤᠷ ᠵᠡᠷᠭᠡ ᠰᠢᠯᠭᠠᠯᠲᠠ᠎ᠶᠢᠨ ᠠᠵᠢᠯ᠎ᠤᠨ ᠲᠠᠯᠠᠪᠤᠷ᠎ᠤᠨ ᠡᠮᠬᠢ ᠵᠢᠷᠤᠮ᠎ᠢ ᠵᠣᠷᠢᠭᠤᠳᠠ ᠰᠠᠮᠠᠭᠤᠷᠠᠭᠤᠯᠤᠭᠰᠠᠨ ;
( ᠬᠣᠶᠠᠷ ) ᠰᠢᠯᠭᠠᠯᠲᠠ᠎ᠶᠢᠨ ᠠᠵᠢᠯᠲᠠᠨ᠎ᠤ ᠬᠠᠮᠢᠶᠠᠷᠤᠯᠲᠠ᠎ᠶᠢᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠎ᠶᠢ ᠲᠡᠪᠴᠢᠵᠦ᠂ ᠬᠠᠷᠰᠢᠯᠠᠭᠰᠠᠨ ;
( ᠭᠤᠷᠪᠠ ) ᠠᠵᠢᠯᠲᠠᠨ ᠪᠤᠶᠤ ᠰᠢᠯᠭᠠᠯᠲᠠ᠎ᠳᠤ ᠣᠷᠣᠯᠴᠠᠬᠤ ᠪᠤᠰᠤᠳ ᠬᠥᠮᠥᠰ᠎ᠢ ᠰᠦᠷᠳᠡᠭᠦᠯᠦᠭᠰᠡᠨ᠂ ᠭᠤᠲᠤᠭᠠᠨ ᠳᠣᠷᠣᠮᠵᠢᠯᠠᠭᠰᠠᠨ᠂ ᠭᠦᠵᠢᠷᠯᠡᠭᠰᠡᠨ᠂ ᠭᠦᠳᠬᠡᠭᠰᠡᠨ ;
( ᠳᠥᠷᠪᠡ ) ᠰᠢᠯᠭᠠᠯᠲᠠ᠎ᠶᠢᠨ ᠬᠠᠮᠢᠶᠠᠷᠤᠯᠲᠠ᠎ᠶᠢᠨ ᠡᠮᠬᠢ ᠵᠢᠷᠤᠮ᠎ᠢ ᠰᠠᠮᠠᠭᠤᠷᠠᠭᠤᠯᠤᠭᠰᠠᠨ ᠪᠤᠰᠤᠳ ᠦᠶ᠋ᠯᠡ ᠠᠵᠢᠯᠯᠠᠭ᠎ᠠ ᠃
ᠲᠠᠪᠤ ᠂ ᠰᠢᠯᠭᠠᠯᠲᠠ᠎ᠳᠤ ᠣᠷᠣᠯᠴᠠᠭᠰᠠᠳ ᠬᠤᠳᠠᠯ ᠬᠠᠭᠤᠷᠮᠠᠭ ᠭᠡᠷᠡᠴᠢ ᠮᠠᠲᠧᠷᠢᠶᠠᠯ ᠬᠠᠩᠭᠠᠭᠰᠠᠨ ᠪᠤᠶᠤ ᠪᠤᠰᠤᠳ ᠵᠦᠢ ᠪᠤᠰᠤ ᠠᠷᠭ᠎ᠠ ᠪᠠᠷᠢᠯ᠎ᠢᠶᠠᠷ ᠵᠣᠬᠢᠴᠠᠩᠭᠤᠢ ᠬᠢᠷᠢ ᠬᠡᠮ᠎ᠦᠨ ᠦᠨᠡᠮᠯᠡᠯ ᠪᠤᠶᠤ ᠬᠢᠷᠢ ᠪᠦᠲᠦᠮᠵᠢ᠎ᠶᠢᠨ ᠭᠡᠷᠡᠴᠢ ᠣᠯᠣᠭᠰᠠᠨ ᠵᠡᠷᠭᠡ ᠰᠠᠬᠢᠯᠭ᠎ᠠ ᠪᠠᠲᠤ ᠳᠦᠷᠢᠮ ᠲᠣᠭᠲᠠᠭᠠᠯ᠎ᠢ ᠬᠦᠨᠳᠦ ᠨᠣᠴᠢᠲᠠᠢ ᠵᠥᠷᠢᠴᠡᠭᠰᠡᠨ ᠦᠢᠯᠡ ᠠᠵᠢᠯᠯᠠᠭ᠎ᠠ ᠪᠠᠢᠬᠤ ᠡᠰᠡᠬᠦ ᠃
ᠵᠢᠷᠭᠤᠭ᠎ᠠ ᠂ ᠰᠢᠯᠭᠠᠯᠲᠠ ᠦᠵᠡᠬᠦ ᠶᠠᠪᠤᠴᠠ᠎ᠳᠤ ᠰᠢᠯᠭᠠᠯᠲᠠ᠎ᠳᠤ ᠣᠷᠣᠯᠴᠠᠭᠰᠠᠳ᠎ᠤᠨ ᠬᠣᠭᠣᠷᠣᠨᠳᠣᠬᠢ ᠠᠳᠠᠯᠢ ᠨᠢᠭᠡᠨ ᠬᠢᠴᠢᠶᠡᠯ ᠲᠥᠷᠥᠯ᠎ᠦᠨ ᠬᠠᠷᠢᠭᠤᠯᠲᠠ᠎ᠶᠢᠨ ᠠᠭᠤᠯᠭ᠎ᠠ ᠨᠢ ᠠᠳᠠᠯᠢ ᠪᠠᠢᠬᠤ᠎ᠶᠢ ᠢᠯᠡᠷᠡᠭᠦᠯᠦᠭᠰᠡᠨ ᠪᠠᠢᠳᠠᠯ ᠣᠷᠣᠰᠢᠵᠤ ᠪᠠᠢᠬᠤ ᠡᠰᠡᠬᠦ ᠃
5.5 ᠪᠠᠢᠴᠠᠭᠠᠬᠤ ᠠᠷᠭ᠎ᠠ ᠮᠠᠶᠢᠭ᠋
ᠲᠤᠬᠠᠢ᠎ᠶᠢᠨ ᠲᠠᠯᠠᠪᠤᠷ᠎ᠤᠨ ᠪᠠᠢᠴᠠᠭᠠᠯᠲᠠ ᠪᠠ ᠲᠤᠬᠠᠢ᠎ᠶᠢᠨ ᠲᠠᠯᠠᠪᠤᠷ᠎ᠤᠨ ᠪᠤᠰᠤ ᠪᠠᠢᠴᠠᠭᠠᠯᠲᠠ᠎ᠶᠢ ᠤᠶᠠᠯᠳᠤᠭᠤᠯᠤᠨ᠎ᠠ᠃
5.6 ᠪᠠᠢᠴᠠᠭᠠᠬᠤ ᠳᠠᠪᠲᠠᠮᠵᠢ᠎ᠶᠢᠨ ᠳᠡᠭᠡᠳᠦ ᠬᠢᠵᠠᠭᠠᠷ
ᠠᠳᠠᠯᠢ ᠨᠢᠭᠡᠨ ᠵᠠᠰᠠᠭ ᠵᠠᠬᠢᠷᠭᠠᠨ᠎ᠤ ᠪᠠᠢᠭᠤᠯᠭ᠎ᠠ ᠨᠢ ᠠᠳᠠᠯᠢ ᠨᠢᠭᠡᠨ ᠪᠠᠢᠴᠠᠭᠠᠭᠳᠠᠬᠤ ᠡᠲᠡᠭᠡᠳ᠎ᠲᠦ ᠵᠢᠯ ᠪᠦᠷᠢ ᠨᠢᠭᠡ ᠤᠳᠠᠭ᠎ᠠ ᠪᠠᠢᠴᠠᠭᠠᠯᠲᠠ ᠬᠢᠨ᠎ᠡ᠃
6. ᠬᠥᠳᠡᠯᠮᠦᠷᠢ᠎ᠶᠢᠨ ᠪᠠᠲᠤᠯᠠᠭ᠎ᠠ᠎ᠶᠢᠨ ᠬᠢᠨᠠᠨ ᠪᠠᠢᠴᠠᠭᠠᠯᠲᠠ᠎ᠶᠢᠨ ᠡᠳᠦᠷ ᠲᠤᠲᠤᠮ᠎ᠤᠨ ᠲᠣᠭᠣᠷᠢᠨ ᠪᠠᠢᠴᠠᠭᠠᠯᠲᠠ ᠂ ᠲᠤᠰᠬᠠᠢ ᠪᠠᠢᠴᠠᠭᠠᠯᠲᠠ ᠂ ᠪᠢᠴᠢᠭ᠎ᠦᠨ ᠬᠢᠨᠠᠨ ᠪᠠᠢᠴᠠᠭᠠᠯᠲᠠ ᠂ ᠢᠯᠡᠴᠢᠯᠡᠨ ᠮᠡᠳᠡᠭᠦᠯᠦᠯᠲᠡ ᠵᠠᠭᠠᠯᠳᠤᠯᠭ᠎ᠠ᠎ᠶᠢ ᠭᠥᠯᠢᠶᠡᠨ ᠠᠪᠬᠤ
6.1 ᠪᠠᠶ᠋ᠢᠭᠤᠯᠬᠤ ᠪᠠ ᠬᠡᠷᠡᠭᠵᠢᠭᠦᠯᠬᠦ ᠦᠨᠳᠦᠰᠦᠯᠡᠯ
《 ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠬᠥᠳᠡᠯᠮᠦᠷᠢ᠎ᠶᠢᠨ ᠬᠠᠤᠯᠢ 》
《 ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠢᠴᠠᠭᠠᠬᠤ ᠳᠦᠷᠢᠮ 》
6.2 ᠬᠡᠷᠡᠭᠵᠢᠭᠦᠯᠬᠦ ᠭᠣᠣᠯ ᠴᠣᠭᠴᠠ
ᠥᠪᠡᠷᠲᠡᠭᠡᠨ ᠵᠠᠰᠠᠬᠤ ᠣᠷᠣᠨ᠂ ᠠᠢᠮᠠᠭ ᠬᠤᠳᠠ᠂ ᠬᠣᠰᠢᠭᠤ ᠰᠢᠶᠠᠨ᠎ᠤ ᠱᠠᠲᠤᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ᠋ ᠪᠠ ᠨᠡᠢᠭᠡᠮ᠎ᠤᠨ ᠪᠠᠲᠤᠯᠠᠭ᠎ᠠ᠎ᠶᠢᠨ ᠰᠠᠯᠠᠭ᠎ᠠ ᠮᠥᠴᠢᠷ
6.3 ᠪᠠᠢᠴᠠᠭᠠᠬᠤ ᠠᠭᠤᠯᠭ᠎ᠠ
ᠬᠥᠳᠡᠯᠮᠦᠷᠢ᠎ᠶᠢᠨ ᠬᠠᠤᠯᠢ ᠴᠠᠭᠠᠵᠠ ᠬᠠᠤᠯᠢ ᠲᠣᠭᠲᠠᠭᠠᠯ᠎ᠢ ᠵᠢᠷᠤᠮᠯᠠᠭᠰᠠᠨ ᠪᠠᠢᠳᠠᠯ᠃
6.4 ᠪᠠᠢᠴᠠᠭᠠᠬᠤ ᠬᠦᠷᠢᠶ᠎ᠡ ᠬᠡᠪᠴᠢᠶ᠎ᠡ ( ᠡᠲᠡᠭᠡᠳ ) ᠪᠠ ᠪᠠᠷᠢᠮᠵᠢᠶ᠎ᠠ
ᠨᠢᠭᠡ ᠂ ᠬᠥᠮᠥᠨ ᠬᠡᠷᠡᠭᠯᠡᠬᠦ ᠨᠢᠭᠡᠴᠢ᠎ᠡᠴᠡ ᠨᠡᠢᠭᠡᠮ᠎ᠦᠨ ᠳᠠᠭᠠᠳᠬᠠᠯ᠎ᠤᠨ ᠭᠦᠢᠴᠡᠳᠬᠡᠬᠦ ᠪᠠᠢᠭᠤᠯᠤᠮᠵᠢ᠎ᠳᠤ ᠲᠤᠰᠢᠶᠠᠬᠤ ᠶᠣᠰᠣᠲᠠᠢ ᠨᠡᠢᠭᠡᠮ᠎ᠦᠨ ᠳᠠᠭᠠᠳᠬᠠᠯ᠎ᠤᠨ ᠰᠦᠢᠳᠬᠡᠯ᠎ᠦᠨ ᠲᠣᠭ᠎ᠠ ᠶᠢ ᠮᠡᠳᠡᠭᠦᠯᠬᠦ ᠦᠶ᠎ᠡ᠎ᠳᠦ ᠴᠠᠯᠢᠩ᠎ᠤᠨ ᠶᠡᠷᠦᠩᠬᠡᠢ ᠲᠣᠭ᠎ᠠ ᠪᠤᠶᠤ ᠠᠵᠢᠯᠲᠠᠨ ᠠᠵᠢᠯᠴᠢᠨ᠎ᠤ ᠲᠣᠭ᠎ᠠ ᠶᠢ ᠮᠡᠳᠡᠭᠦᠯᠬᠦ ᠦᠭᠡᠢ ᠨᠢᠭᠤᠭᠰᠠᠨ ᠪᠠᠢᠳᠠᠯ ᠣᠷᠣᠰᠢᠵᠤ ᠪᠠᠢᠬᠤ ᠡᠰᠡᠬᠦ ᠃
ᠬᠣᠶᠠᠷ᠂ ᠬᠥᠮᠥᠨ ᠬᠡᠷᠡᠭᠯᠡᠬᠦ ᠨᠢᠭᠡᠴᠢ᠎ᠶᠢᠨ ᠲᠣᠭᠲᠠᠭᠠᠭᠰᠠᠨ ᠬᠥᠳᠡᠯᠮᠦᠷᠢ᠎ᠶᠢᠨ ᠳᠦᠷᠢᠮ ᠲᠣᠭᠲᠠᠭᠠᠯ ᠨᠢ ᠬᠠᠤᠯᠢ ᠴᠠᠭᠠᠵᠠ᠂ ᠬᠠᠤᠯᠢ ᠲᠣᠭᠲᠠᠭᠠᠯ᠎ᠤᠨ ᠲᠣᠭᠲᠠᠭᠠᠯ᠎ᠢ ᠵᠥᠷᠢᠴᠡᠭᠰᠡᠨ ᠪᠠᠢᠳᠠᠯ ᠣᠷᠣᠰᠢᠵᠤ ᠪᠠᠢᠬᠤ ᠡᠰᠡᠬᠦ᠃
ᠭᠤᠷᠪᠠ᠂ ᠬᠥᠮᠥᠨ ᠬᠡᠷᠡᠭᠯᠡᠬᠦ ᠨᠢᠭᠡᠴᠢ ᠲᠣᠭᠲᠠᠭᠠᠯ᠎ᠢ ᠵᠥᠷᠢᠴᠡᠵᠦ᠂ ᠬᠥᠳᠡᠯᠮᠦᠷᠢᠴᠢᠨ᠎ᠦ ᠠᠵᠢᠯᠯᠠᠬᠤ ᠴᠠᠭ᠎ᠢ ᠤᠷᠲᠤᠳᠬᠠᠭᠰᠠᠨ ᠪᠠᠢᠳᠠᠯ ᠣᠷᠣᠰᠢᠵᠤ ᠪᠠᠢᠬᠤ ᠡᠰᠡᠬᠦ᠃
ᠳᠥᠷᠪᠡ᠂ ᠬᠥᠮᠥᠨ ᠬᠡᠷᠡᠭᠯᠡᠬᠦ ᠨᠢᠭᠡᠴᠢ᠎ᠶᠢᠨ ᠬᠥᠳᠡᠯᠮᠦᠷᠢ᠎ᠶᠢᠨ ᠠᠶᠤᠯᠭᠦᠢ᠎ᠶᠢᠨ ᠲᠥᠬᠦᠭᠡᠷᠦᠮᠵᠢ ᠪᠠ ᠬᠥᠳᠡᠯᠮᠦᠷᠢ᠎ᠶᠢᠨ ᠡᠷᠡᠭᠦᠯ ᠬᠠᠮᠠᠭᠠᠯᠠᠯ᠎ᠤᠨ ᠨᠥᠬᠥᠴᠡᠯ ᠨᠢ ᠤᠯᠤᠰ᠎ᠤᠨ ᠲᠣᠭᠲᠠᠭᠠᠯ᠎ᠳᠤ ᠨᠡᠢᠴᠡᠬᠦ ᠦᠭᠡᠢ ᠪᠤᠶᠤ ᠬᠥᠳᠡᠯᠮᠦᠷᠢᠴᠢᠨ᠎ᠳᠦ ᠴᠢᠬᠤᠯᠠ ᠪᠦᠬᠦᠢ ᠬᠥᠳᠡᠯᠮᠦᠷᠢ᠎ᠶᠢᠨ ᠬᠠᠮᠠᠭᠠᠯᠠᠯᠲᠠ᠎ᠶᠢᠨ ᠬᠡᠷᠡᠭᠰᠡᠯ ᠪᠠ ᠬᠥᠳᠡᠯᠮᠦᠷᠢ᠎ᠶᠢᠨ ᠬᠠᠮᠠᠭᠠᠯᠠᠯᠲᠠ᠎ᠶᠢᠨ ᠲᠥᠬᠦᠭᠡᠷᠦᠮᠵᠢ᠎ᠶᠢ ᠦᠯᠦ ᠬᠠᠩᠭᠠᠭᠰᠠᠨ ᠪᠠᠢᠳᠠᠯ ᠣᠷᠣᠰᠢᠵᠤ ᠪᠠᠢᠬᠤ ᠡᠰᠡᠬᠦ᠃
ᠲᠠᠪᠤ᠂ ᠬᠥᠮᠥᠨ ᠬᠡᠷᠡᠭᠯᠡᠬᠦ ᠨᠢᠭᠡᠴᠢ ᠬᠥᠳᠡᠯᠮᠦᠷᠢᠴᠢᠨ᠎ᠦ ᠰᠠᠭᠤᠭᠠᠯᠢ ᠠᠷᠠᠳ᠎ᠤᠨ ᠪᠡᠶ᠎ᠡ᠎ᠶᠢᠨ ᠦᠨᠡᠮᠯᠡᠯ ᠵᠡᠷᠭᠡ ᠦᠨᠡᠮᠯᠡᠯ᠎ᠢ ᠬᠠᠤᠯᠢ᠎ᠶᠢ ᠵᠥᠷᠢᠴᠡᠨ ᠳᠠᠷᠤᠵᠤ ᠠᠪᠤᠭᠰᠠᠨ᠂ ᠳᠠᠭᠠᠭᠠᠯᠲᠠ ᠪᠤᠶᠤ ᠪᠤᠰᠤᠳ ᠨᠡᠷ᠎ᠡ᠎ᠪᠡᠷ ᠬᠥᠳᠡᠯᠮᠦᠷᠢᠴᠢᠨ᠎ᠡᠴᠡ ᠡᠳ᠋ ᠪᠣᠳᠠᠰ ᠬᠣᠷᠢᠶᠠᠨ ᠠᠪᠤᠭᠰᠠᠨ᠂ ᠬᠥᠳᠡᠯᠮᠦᠷᠢᠴᠢᠨ ᠬᠠᠤᠯᠢ ᠶᠣᠰᠣᠭᠠᠷ ᠬᠥᠳᠡᠯᠮᠦᠷᠢ᠎ᠶᠢᠨ ᠭᠡᠷ᠎ᠡ᠎ᠶᠢ ᠴᠤᠴᠠᠯᠠᠭᠰᠠᠨ ᠪᠤᠶᠤ ᠳᠠᠭᠤᠰᠬᠠᠭᠰᠠᠨ᠂ ᠬᠥᠮᠥᠨ ᠬᠡᠷᠡᠭᠯᠡᠬᠦ ᠨᠢᠭᠡᠴᠢ ᠬᠥᠳᠡᠯᠮᠦᠷᠢᠴᠢᠨ᠎ᠦ ᠲᠠᠨᠭᠰᠠ ᠡᠪᠬᠡᠮᠡᠯ ᠪᠤᠶᠤ ᠪᠤᠰᠤᠳ ᠡᠳ᠋ ᠪᠣᠳᠠᠰ᠎ᠢ ᠳᠠᠷᠤᠵᠤ ᠠᠪᠤᠭᠰᠠᠨ ᠪᠠᠢᠳᠠᠯ ᠣᠷᠣᠰᠢᠵᠤ ᠪᠠᠢᠬᠤ ᠡᠰᠡᠬᠦ᠃
ᠵᠢᠷᠭᠤᠭ᠎ᠠ᠂ ᠵᠥᠪᠰᠢᠶᠡᠷᠡᠭᠦᠯᠦᠭᠰᠡᠨ ᠦᠭᠡᠢ᠎ᠪᠡᠷ ᠳᠤᠷ᠎ᠠ᠎ᠪᠠᠷ᠎ᠢᠶᠠᠨ ᠬᠥᠳᠡᠯᠮᠦᠷᠢ ᠦᠢᠯᠡᠴᠢᠯᠡᠭᠡ ᠲᠣᠮᠢᠯᠠᠬᠤ ᠲᠤᠬᠠᠢᠯᠠᠭᠰᠠᠨ ᠠᠵᠢᠯ᠎ᠢ ᠡᠵᠡᠩᠨᠡᠭᠰᠡᠨ ᠪᠠᠢᠳᠠᠯ ᠣᠷᠣᠰᠢᠵᠤ ᠪᠠᠢᠬᠤ ᠡᠰᠡᠬᠦ᠃
ᠲᠤᠯᠤᠭ᠎ᠠ᠂ ᠬᠥᠳᠡᠯᠮᠦᠷᠢ ᠦᠢᠯᠡᠴᠢᠯᠡᠭᠡ ᠲᠣᠮᠢᠯᠠᠬᠤ ᠨᠢᠭᠡᠴᠢ᠎ᠶᠢᠨ ᠬᠠᠤᠯᠢ ᠴᠠᠭᠠᠵᠠ ᠬᠠᠤᠯᠢ ᠲᠣᠭᠲᠠᠭᠠᠯ᠎ᠳᠠᠬᠢ ᠬᠥᠳᠡᠯᠮᠦᠷᠢ ᠦᠢᠯᠡᠴᠢᠯᠡᠭᠡ ᠲᠣᠮᠢᠯᠠᠬᠤ ᠬᠣᠯᠪᠣᠭᠳᠠᠯ ᠪᠦᠬᠦᠢ ᠲᠣᠭᠲᠠᠭᠠᠯ᠎ᠢ ᠵᠥᠷᠢᠴᠡᠭᠰᠡᠨ ᠪᠠᠢᠳᠠᠯ ᠣᠷᠣᠰᠢᠵᠤ ᠪᠠᠢᠬᠤ ᠡᠰᠡᠬᠦ᠃
ᠨᠠᠢ᠍ᠮᠠ᠂ ᠬᠥᠳᠡᠯᠮᠦᠷᠢ ᠦᠢᠯᠡᠴᠢᠯᠡᠭᠡ ᠲᠣᠮᠢᠯᠠᠬᠤ ᠨᠢᠭᠡᠴᠢ ᠦᠨᠡᠨ ᠪᠠᠢᠳᠠᠯ᠎ᠢᠶᠠᠨ ᠨᠢᠭᠤᠨ ᠳᠠᠯᠳᠠᠯᠠᠭᠰᠠᠨ ᠪᠤᠶᠤ ᠬᠤᠳᠠᠯ ᠬᠠᠭᠤᠷᠮᠠᠭ ᠮᠠᠲᠧᠷᠢᠶᠠᠯ ᠲᠤᠰᠢᠶᠠᠵᠤ ᠬᠥᠳᠡᠯᠮᠦᠷᠢ ᠦᠢᠯᠡᠴᠢᠯᠡᠭᠡ ᠲᠣᠮᠢᠯᠠᠬᠤ ᠵᠠᠰᠠᠭ ᠵᠠᠬᠢᠷᠭᠠᠨ᠎ᠤ ᠵᠥᠪᠰᠢᠶᠡᠷᠡᠯ᠎ᠢ ᠣᠯᠣᠭᠰᠠᠨ᠂ ᠮᠡᠬᠡᠯᠡᠬᠦ᠂ ᠬᠡᠭᠡᠯᠢ ᠲᠦᠯᠬᠢᠬᠦ ᠵᠡᠷᠭᠡ ᠵᠦᠢ ᠪᠤᠰᠤ ᠠᠷᠭ᠎ᠠ ᠪᠠᠷᠢᠯ᠎ᠢᠶᠠᠷ ᠬᠥᠳᠡᠯᠮᠦᠷᠢ ᠦᠢᠯᠡᠴᠢᠯᠡᠭᠡ ᠲᠣᠮᠢᠯᠠᠬᠤ ᠵᠠᠰᠠᠭ ᠵᠠᠬᠢᠷᠭᠠᠨ᠎ᠤ ᠵᠥᠪᠰᠢᠶᠡᠷᠡᠯ᠎ᠢ ᠣᠯᠣᠭᠰᠠᠨ ᠪᠠᠢᠳᠠᠯ ᠣᠷᠣᠰᠢᠵᠤ ᠪᠠᠢᠬᠤ ᠡᠰᠡᠬᠦ᠃
ᠶᠢᠰᠦ᠂ ᠠᠵᠢᠯᠴᠢᠨ ᠬᠡᠷᠡᠭᠯᠡᠬᠦ ᠨᠢᠭᠡᠴᠢ᠎ᠶᠢᠨ ᠬᠠᠤᠯᠢ ᠴᠠᠭᠠᠵᠠ ᠬᠠᠤᠯᠢ ᠲᠣᠭᠲᠠᠭᠠᠯ᠎ᠳᠠᠬᠢ ᠬᠥᠳᠡᠯᠮᠦᠷᠢ ᠦᠢᠯᠡᠴᠢᠯᠡᠭᠡ ᠲᠣᠮᠢᠯᠠᠬᠤ ᠬᠣᠯᠪᠣᠭᠳᠠᠯ ᠪᠦᠬᠦᠢ ᠲᠣᠭᠲᠠᠭᠠᠯ᠎ᠢ ᠵᠥᠷᠢᠴᠡᠭᠰᠡᠨ ᠪᠠᠢᠳᠠᠯ ᠣᠷᠣᠰᠢᠵᠤ ᠪᠠᠢᠬᠤ ᠡᠰᠡᠬᠦ᠃
ᠠᠷᠪᠠ᠂ ᠬᠥᠮᠥᠨ ᠬᠡᠷᠡᠭᠯᠡᠬᠦ ᠨᠢᠭᠡᠴᠢ 《 ᠡᠮᠡᠭᠲᠡᠢ ᠠᠵᠢᠯᠲᠠᠨ ᠠᠵᠢᠯᠴᠢᠨ᠎ᠤ ᠬᠥᠳᠡᠯᠮᠦᠷᠢ᠎ᠶᠢᠨ ᠬᠠᠮᠠᠭᠠᠯᠠᠯᠲᠠ᠎ᠶᠢᠨ ᠣᠨᠴᠠᠭᠠᠶ ᠲᠣᠭᠲᠠᠭᠠᠯ 》᠎ᠢ ᠵᠥᠷᠢᠴᠡᠵᠦ᠂ ᠵᠢᠷᠮᠦᠰᠦᠯᠡᠭᠡᠳ 7 ᠰᠠᠷ᠎ᠠ᠎ᠠᠴᠠ ᠳᠡᠭᠡᠭᠰᠢ ᠪᠣᠯᠤᠭᠰᠠᠨ ᠡᠮᠡᠭᠲᠡᠢ ᠠᠵᠢᠯᠲᠠᠨ ᠠᠵᠢᠯᠴᠢᠨ᠎ᠤ ᠬᠥᠳᠡᠯᠮᠦᠷᠢᠯᠡᠬᠦ ᠴᠠᠭ᠎ᠢ ᠤᠷᠲᠤᠳᠬᠠᠵᠤ᠂ ᠰᠥᠨᠢ᠎ᠶᠢᠨ ᠡᠭᠡᠯᠵᠢᠨᠦ ᠬᠥᠳᠡᠯᠮᠦᠷᠢ ᠲᠣᠬᠢᠷᠠᠭᠤᠯᠤᠭᠰᠠᠨ ᠪᠤᠶᠤ ᠬᠥᠳᠡᠯᠮᠦᠷᠢᠯᠡᠬᠦ ᠴᠠᠭ᠎ᠤᠨ ᠳᠣᠲᠣᠷ᠎ᠠ ᠵᠣᠬᠢᠬᠤ ᠠᠮᠠᠷᠠᠯᠲᠠ᠎ᠶᠢᠨ ᠴᠠᠭ᠎ᠢ ᠲᠣᠬᠢᠷᠠᠭᠤᠯᠤᠭᠰᠠᠨ ᠦᠭᠡᠢ ᠪᠠᠢᠳᠠᠯ ᠣᠷᠣᠰᠢᠵᠤ ᠪᠠᠢᠬᠤ ᠡᠰᠡᠬᠦ᠃
ᠠᠷᠪᠠᠨ ᠨᠢᠭᠡ᠂ ᠬᠥᠮᠥᠨ ᠬᠡᠷᠡᠭᠯᠡᠬᠦ ᠨᠢᠭᠡᠴᠢ 《 ᠡᠮᠡᠭᠲᠡᠢ ᠠᠵᠢᠯᠲᠠᠨ ᠠᠵᠢᠯᠴᠢᠨ᠎ᠤ ᠬᠥᠳᠡᠯᠮᠦᠷᠢ᠎ᠶᠢᠨ ᠬᠠᠮᠠᠭᠠᠯᠠᠯᠲᠠ᠎ᠶᠢᠨ ᠣᠨᠴᠠᠭᠠᠶ ᠲᠣᠭᠲᠠᠭᠠᠯ 》᠎ᠢ ᠵᠥᠷᠢᠴᠡᠵᠦ᠂ ᠡᠮᠡᠭᠲᠡᠢ ᠠᠵᠢᠯᠲᠠᠨ ᠠᠵᠢᠯᠴᠢᠨ᠎ᠤ ᠬᠥᠩᠭᠡᠵᠢᠬᠦ ᠴᠢᠯᠦᠭᠡᠨ᠎ᠦ ᠡᠷᠬᠡ᠎ᠳᠦ ᠬᠠᠯᠳᠠᠭᠰᠠᠨ ᠪᠠᠢᠳᠠᠯ ᠣᠷᠣᠰᠢᠵᠤ ᠪᠠᠢᠬᠤ ᠡᠰᠡᠬᠦ᠃
ᠠᠷᠪᠠᠨ ᠬᠣᠶᠠᠷ᠂ ᠬᠥᠮᠥᠨ ᠬᠡᠷᠡᠭᠯᠡᠬᠦ ᠨᠢᠭᠡᠴᠢ 《 ᠡᠮᠡᠭᠲᠡᠢ ᠠᠵᠢᠯᠲᠠᠨ ᠠᠵᠢᠯᠴᠢᠨ᠎ᠤ ᠬᠥᠳᠡᠯᠮᠦᠷᠢ᠎ᠶᠢᠨ ᠬᠠᠮᠠᠭᠠᠯᠠᠯᠲᠠ᠎ᠶᠢᠨ ᠣᠨᠴᠠᠭᠠᠶ ᠲᠣᠭᠲᠠᠭᠠᠯ 》᠎ᠢ ᠵᠥᠷᠢᠴᠡᠵᠦ᠂ ᠪᠦᠬᠦᠯᠢ 1 ᠨᠠᠰᠤ ᠬᠦᠷᠦᠭᠡᠳᠦᠢ ᠨᠢᠯᠬ᠎ᠠ ᠬᠡᠦᠬᠡᠳ᠎ᠢᠶᠡᠨ ᠬᠥᠬᠥᠭᠦᠯᠵᠦ ᠪᠠᠢᠭ᠎ᠠ ᠡᠮᠡᠭᠲᠡᠢ ᠠᠵᠢᠯᠲᠠᠨ ᠠᠵᠢᠯᠴᠢᠨ᠎ᠤ ᠬᠥᠳᠡᠯᠮᠦᠷᠢᠯᠡᠬᠦ ᠴᠠᠭ᠎ᠢ ᠤᠷᠲᠤᠳᠬᠠᠭᠰᠠᠨ ᠪᠤᠶᠤ ᠰᠥᠨᠢ᠎ᠶᠢᠨ ᠡᠭᠡᠯᠵᠢᠨᠦ ᠬᠥᠳᠡᠯᠮᠦᠷᠢ ᠲᠣᠬᠢᠷᠠᠭᠤᠯᠤᠭᠰᠠᠨ ᠪᠠᠢᠳᠠᠯ ᠣᠷᠣᠰᠢᠵᠤ ᠪᠠᠢᠬᠤ ᠡᠰᠡᠬᠦ᠃
ᠠᠷᠪᠠᠨ ᠭᠤᠷᠪᠠ᠂ ᠬᠥᠮᠥᠨ ᠬᠡᠷᠡᠭᠯᠡᠬᠦ ᠨᠢᠭᠡᠴᠢ ᠪᠦᠬᠦᠯᠢ 16 ᠨᠠᠰᠤ ᠬᠦᠷᠦᠭᠡᠳᠦᠢ ᠨᠠᠰᠤᠨ᠎ᠳᠤ ᠦᠯᠤ ᠬᠥᠷᠦᠭᠰᠡᠳ᠎ᠢ ᠬᠠᠤᠯᠢ ᠪᠤᠰᠤ᠎ᠪᠠᠷ ᠡᠯᠰᠡᠨ ᠬᠡᠷᠡᠭᠯᠡᠭᠰᠡᠨ ᠪᠠᠢᠳᠠᠯ ᠣᠷᠣᠰᠢᠵᠤ ᠪᠠᠢᠬᠤ ᠡᠰᠡᠬᠦ᠃
ᠠᠷᠪᠠᠨ ᠳᠥᠷᠪᠡ᠂ ᠪᠦᠬᠦᠯᠢ 16 ᠨᠠᠰᠤ ᠬᠦᠷᠦᠭᠡᠳᠦᠢ ᠨᠠᠰᠤᠨ᠎ᠳᠤ ᠦᠯᠤ ᠬᠥᠷᠦᠭᠰᠡᠳ᠎ᠲᠦ ᠠᠵᠢᠯ ᠲᠠᠨᠢᠯᠴᠠᠭᠤᠯᠵᠤ ᠥᠭᠭᠦᠭᠰᠡᠨ ᠪᠠᠢᠳᠠᠯ ᠣᠷᠣᠰᠢᠵᠤ ᠪᠠᠢᠬᠤ ᠡᠰᠡᠬᠦ᠃
ᠠᠷᠪᠠᠨ ᠲᠠᠪᠤ᠂ ᠬᠥᠮᠥᠨ ᠬᠡᠷᠡᠭᠯᠡᠬᠦ ᠨᠢᠭᠡᠴᠢ ᠡᠯᠰᠡᠨ ᠬᠡᠷᠡᠭᠯᠡᠬᠦ ᠳᠠᠩᠰᠠᠯᠠᠯᠲᠠ᠎ᠶᠢᠨ ᠮᠠᠲᠧᠷᠢᠶᠠᠯ᠎ᠢᠶᠠᠨ ᠲᠣᠭᠲᠠᠭᠠᠯ ᠶᠣᠰᠣᠭᠠᠷ ᠬᠠᠳᠠᠭᠠᠯᠠᠭᠰᠠᠨ ᠦᠭᠡᠢ ᠪᠤᠶᠤ ᠡᠯᠰᠡᠨ ᠬᠡᠷᠡᠭᠯᠡᠬᠦ ᠳᠠᠩᠰᠠᠯᠠᠯᠲᠠ᠎ᠶᠢᠨ ᠮᠠᠲᠧᠷᠢᠶᠠᠯ᠎ᠢ ᠬᠠᠭᠤᠷᠮᠠᠭᠯᠠᠨ ᠵᠣᠬᠢᠶᠠᠭᠰᠠᠨ ᠪᠠᠢᠳᠠᠯ ᠣᠷᠣᠰᠢᠵᠤ ᠪᠠᠢᠬᠤ ᠡᠰᠡᠬᠦ᠃
ᠠᠷᠪᠠᠨ ᠵᠢᠷᠭᠤᠭ᠎ᠠ᠂ ᠡᠵᠡᠩᠨᠡᠯᠲᠡ᠎ᠶᠢᠨ ᠦᠨᠡᠮᠯᠡᠯ ᠦᠭᠡᠢ᠂ ᠡᠵᠡᠩᠨᠡᠯᠲᠡ᠎ᠶᠢᠨ ᠦᠨᠡᠮᠯᠡᠯ᠎ᠢᠶᠡᠨ ᠬᠠᠤᠯᠢ ᠶᠣᠰᠣᠭᠠᠷ ᠬᠤᠷᠢᠶᠠᠭᠳᠠᠨ ᠬᠦᠴᠦᠨ ᠦᠭᠡᠢ ᠪᠣᠯᠭᠠᠭᠳᠠᠭᠰᠠᠨ ᠨᠢᠭᠡᠴᠢ ᠵᠢᠴᠢ ᠬᠠᠤᠯᠢ ᠶᠣᠰᠣᠭᠠᠷ ᠪᠦᠷᠢᠳᠬᠡᠨ ᠳᠠᠩᠰᠠᠯᠠᠭᠤᠯᠤᠭᠰᠠᠨ ᠦᠭᠡᠢ ᠨᠢᠭᠡᠴᠢ ᠬᠡᠦᠬᠡᠳ ᠠᠵᠢᠯᠴᠢᠨ᠎ᠢ ᠬᠡᠷᠡᠭᠯᠡᠭᠰᠡᠨ ᠪᠤᠶᠤ ᠬᠡᠦᠬᠡᠳ ᠠᠵᠢᠯᠴᠢᠨ᠎ᠢ ᠲᠠᠨᠢᠯᠴᠠᠭᠤᠯᠵᠤ ᠠᠵᠢᠯ ᠣᠯᠭᠣᠭᠰᠠᠨ ᠪᠠᠢᠳᠠᠯ ᠣᠷᠣᠰᠢᠵᠤ ᠪᠠᠢᠬᠤ ᠡᠰᠡᠬᠦ᠃
ᠠᠷᠪᠠᠨ ᠲᠤᠯᠤᠭ᠎ᠠ᠂ ᠬᠥᠮᠥᠨ ᠬᠡᠷᠡᠭᠯᠡᠬᠦ ᠨᠢᠭᠡᠴᠢ ᠬᠥᠳᠡᠯᠮᠦᠷᠢ᠎ᠶᠢᠨ ᠭᠡᠷ᠎ᠡ᠎ᠶᠢᠨ ᠬᠠᠤᠯᠢ᠎ᠳᠠᠬᠢ ᠠᠵᠢᠯᠲᠠᠨ ᠠᠵᠢᠯᠴᠢᠨ᠎ᠤ ᠨᠡᠷᠡᠰ᠎ᠦᠨ ᠲᠠᠨᠭᠰᠠ᠎ᠶᠢ ᠪᠠᠶ᠋ᠢᠭᠤᠯᠬᠤ ᠲᠤᠬᠠᠢ ᠲᠣᠭᠲᠠᠭᠠᠯ᠎ᠢ ᠵᠥᠷᠢᠴᠡᠭᠰᠡᠨ ᠪᠠᠢᠳᠠᠯ ᠣᠷᠣᠰᠢᠵᠤ ᠪᠠᠢᠬᠤ ᠡᠰᠡᠬᠦ᠃
ᠠᠷᠪᠠᠨ ᠨᠠᠢ᠍ᠮᠠ᠂ ᠡᠮᠡᠭᠲᠡᠢ ᠠᠵᠢᠯᠲᠠᠨ ᠠᠵᠢᠯᠴᠢᠨ᠎ᠢ ᠠᠭᠤᠷᠬᠠᠢ᠎ᠶᠢᠨ ᠬᠤᠳᠳᠤᠭ ᠳᠣᠲᠣᠷ᠎ᠠ ᠬᠥᠳᠡᠯᠮᠦᠷᠢᠯᠡᠭᠦᠯᠬᠦ᠂ ᠤᠯᠤᠰ᠎ᠠᠴᠠ ᠲᠣᠭᠲᠠᠭᠠᠭᠰᠠᠨ ᠪᠡᠶ᠎ᠡ᠎ᠶᠢᠨ ᠬᠥᠳᠡᠯᠮᠦᠷᠢ᠎ᠶᠢᠨ ᠳᠥᠷᠪᠡᠳᠦᠭᠡᠷ ᠳᠡᠰ᠎ᠤᠨ ᠡᠷᠴᠢᠮ᠎ᠦᠨ ᠬᠥᠳᠡᠯᠮᠦᠷᠢ ᠪᠤᠶᠤ ᠪᠤᠰᠤᠳ ᠴᠡᠭᠡᠷ᠎ᠲᠠᠢ ᠬᠥᠳᠡᠯᠮᠦᠷᠢ ᠬᠢᠯᠭᠡᠬᠦ᠎ᠪᠡᠷ ᠲᠣᠬᠢᠷᠠᠭᠤᠯᠤᠭᠰᠠᠨ ᠪᠠᠢᠳᠠᠯ ᠣᠷᠣᠰᠢᠵᠤ ᠪᠠᠢᠬᠤ ᠡᠰᠡᠬᠦ᠃
ᠠᠷᠪᠠ ᠶᠢᠰᠦ᠂ ᠡᠮᠡᠭᠲᠡᠢ ᠠᠵᠢᠯᠲᠠᠨ ᠠᠵᠢᠯᠴᠢᠨ᠎ᠢ ᠰᠠᠷ᠎ᠠ᠎ᠶᠢᠨ ᠭᠬᠢᠷ᠎ᠦᠨ ᠬᠤᠭᠤᠴᠠᠭᠠᠨ᠎ᠳᠤ ᠥᠨᠳᠥᠷ ᠭᠠᠵᠠᠷ᠂ ᠳᠣᠣᠷ᠎ᠠ ᠳᠤᠯᠠᠭᠠᠨ᠂ ᠬᠦᠢᠲᠡᠨ ᠤᠰᠤᠨ᠎ᠳᠤ ᠠᠵᠢᠯᠯᠠᠭᠤᠯᠬᠤ ᠪᠤᠶᠤ ᠤᠯᠤᠰ᠎ᠠᠴᠠ ᠲᠣᠭᠲᠠᠭᠠᠭᠰᠠᠨ ᠪᠡᠶ᠎ᠡ᠎ᠶᠢᠨ ᠬᠥᠳᠡᠯᠮᠦᠷᠢ᠎ᠶᠢᠨ ᠭᠤᠷᠪᠠᠳᠤᠭᠠᠷ ᠳᠡᠰ᠎ᠤᠨ ᠡᠷᠴᠢᠮ᠎ᠦᠨ ᠬᠥᠳᠡᠯᠮᠦᠷᠢ ᠬᠢᠯᠭᠡᠬᠦ᠎ᠪᠡᠷ ᠲᠣᠬᠢᠷᠠᠭᠤᠯᠤᠭᠰᠠᠨ ᠪᠠᠢᠳᠠᠯ ᠣᠷᠣᠰᠢᠵᠤ ᠪᠠᠢᠬᠤ ᠡᠰᠡᠬᠦ᠃
ᠬᠣᠷᠢ᠂ ᠡᠮᠡᠭᠲᠡᠢ ᠠᠵᠢᠯᠲᠠᠨ ᠠᠵᠢᠯᠴᠢᠨ᠎ᠢ ᠵᠢᠷᠮᠦᠰᠦᠨ ᠬᠤᠭᠤᠴᠠᠭᠠᠨ ᠳ᠋ᠤᠨᠢ ᠤᠯᠤᠰ᠎ᠠᠴᠠ ᠲᠣᠭᠲᠠᠭᠠᠭᠰᠠᠨ ᠪᠡᠶ᠎ᠡ᠎ᠶᠢᠨ ᠬᠥᠳᠡᠯᠮᠦᠷᠢ᠎ᠶᠢᠨ ᠭᠤᠷᠪᠠᠳᠤᠭᠠᠷ ᠳᠡᠰ᠎ᠤᠨ ᠡᠷᠴᠢᠮ᠎ᠦᠨ ᠬᠥᠳᠡᠯᠮᠦᠷᠢ ᠪᠤᠶᠤ ᠵᠢᠷᠮᠦᠰᠦᠨ ᠬᠤᠭᠤᠴᠠᠭᠠᠨ᠎ᠳᠠᠬᠢ ᠴᠡᠭᠡᠷ᠎ᠲᠠᠢ ᠬᠥᠳᠡᠯᠮᠦᠷᠢ ᠬᠢᠯᠭᠡᠬᠦ᠎ᠪᠡᠷ ᠲᠣᠬᠢᠷᠠᠭᠤᠯᠤᠭᠰᠠᠨ ᠪᠠᠢᠳᠠᠯ ᠣᠷᠣᠰᠢᠵᠤ ᠪᠠᠢᠬᠤ ᠡᠰᠡᠬᠦ᠃
ᠬᠣᠷᠢᠨ ᠨᠢᠭᠡ᠂ ᠨᠠᠰᠤᠨ᠎ᠳᠤ ᠬᠦᠷᠦᠭᠡᠳᠦᠢ ᠠᠵᠢᠯᠴᠢᠨ᠎ᠢ ᠠᠭᠤᠷᠬᠠᠢ᠎ᠶᠢᠨ ᠬᠤᠳᠳᠤᠭ᠎ᠲᠤ ᠠᠵᠢᠯᠯᠠᠭᠤᠯᠬᠤ᠂ ᠬᠣᠣᠷ ᠬᠥᠨᠥᠭᠡᠯ᠎ᠲᠠᠢ᠂ ᠤᠯᠤᠰ᠎ᠠᠴᠠ ᠲᠣᠭᠲᠠᠭᠠᠭᠰᠠᠨ ᠪᠡᠶ᠎ᠡ᠎ᠶᠢᠨ ᠬᠥᠳᠡᠯᠮᠦᠷᠢ᠎ᠶᠢᠨ ᠳᠥᠷᠪᠡᠳᠦᠭᠡᠷ ᠳᠡᠰ᠎ᠤᠨ ᠡᠷᠴᠢᠮ᠎ᠦᠨ ᠬᠥᠳᠡᠯᠮᠦᠷᠢ ᠪᠤᠶᠤ ᠪᠤᠰᠤᠳ ᠴᠡᠭᠡᠷ᠎ᠲᠠᠢ ᠬᠥᠳᠡᠯᠮᠦᠷᠢ ᠬᠢᠯᠭᠡᠬᠦ᠎ᠪᠡᠷ ᠲᠣᠬᠢᠷᠠᠭᠤᠯᠤᠭᠰᠠᠨ ᠪᠠᠢᠳᠠᠯ ᠣᠷᠣᠰᠢᠵᠤ ᠪᠠᠢᠬᠤ ᠡᠰᠡᠬᠦ᠃
ᠬᠣᠷᠢᠨ ᠬᠣᠶᠠᠷ᠂ ᠨᠠᠰᠤᠨ᠎ᠳᠤ ᠬᠦᠷᠦᠭᠡᠳᠦᠢ ᠠᠵᠢᠯᠴᠢᠨ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠡᠷᠡᠭᠦᠯ ᠮᠡᠨᠳᠦ᠎ᠶᠢᠨ ᠪᠠᠢᠴᠠᠭᠠᠯᠲᠠ ᠬᠢᠭᠰᠡᠨ ᠦᠭᠡᠢ ᠪᠠᠢᠳᠠᠯ ᠣᠷᠣᠰᠢᠵᠤ ᠪᠠᠢᠬᠤ ᠡᠰᠡᠬᠦ᠃
ᠬᠣᠷᠢᠨ ᠭᠤᠷᠪᠠ᠂ ᠠᠵᠢᠯ ᠮᠡᠷᠭᠡᠵᠢᠯ ᠲᠠᠨᠢᠯᠴᠠᠭᠤᠯᠬᠤ ᠪᠠᠢᠭᠤᠯᠤᠮᠵᠢ᠂ ᠠᠵᠢᠯ ᠮᠡᠷᠭᠡᠵᠢᠯ᠎ᠦᠨ ᠤᠷ᠎ᠠ ᠮᠡᠷᠭᠡᠵᠢᠯ᠎ᠦᠨ ᠪᠣᠯᠪᠠᠰᠤᠷᠠᠯ᠎ᠤᠨ ᠪᠠᠢᠭᠤᠯᠤᠮᠵᠢ ᠪᠤᠶᠤ ᠠᠵᠢᠯ ᠮᠡᠷᠭᠡᠵᠢᠯ᠎ᠦᠨ ᠤᠷ᠎ᠠ ᠮᠡᠷᠭᠡᠵᠢᠯ᠎ᠢ ᠬᠢᠨᠠᠨ ᠰᠢᠯᠭᠠᠵᠤ ᠬᠢᠨᠠᠨ ᠲᠣᠭᠲᠠᠭᠠᠬᠤ ᠪᠠᠢᠭᠤᠯᠤᠮᠵᠢ ᠤᠯᠤᠰ᠎ᠤᠨ ᠬᠣᠯᠪᠣᠭᠳᠠᠯ ᠪᠦᠬᠦᠢ ᠠᠵᠢᠯ ᠮᠡᠷᠭᠡᠵᠢᠯ ᠲᠠᠨᠢᠯᠴᠠᠭᠤᠯᠬᠤ᠂ ᠠᠵᠢᠯ ᠮᠡᠷᠭᠡᠵᠢᠯ᠎ᠦᠨ ᠤᠷ᠎ᠠ ᠮᠡᠷᠭᠡᠵᠢᠯ᠎ᠦᠨ ᠪᠣᠯᠪᠠᠰᠤᠷᠠᠯ ᠪᠤᠶᠤ ᠠᠵᠢᠯ ᠮᠡᠷᠭᠡᠵᠢᠯ᠎ᠦᠨ ᠤᠷ᠎ᠠ ᠮᠡᠷᠭᠡᠵᠢᠯ᠎ᠢ ᠬᠢᠨᠠᠨ ᠰᠢᠯᠭᠠᠵᠤ ᠬᠢᠨᠠᠨ ᠲᠣᠭᠲᠠᠭᠠᠬᠤ ᠲᠣᠭᠲᠠᠭᠠᠯ᠎ᠢ ᠵᠥᠷᠢᠴᠡᠭᠰᠡᠨ ᠪᠠᠢᠳᠠᠯ ᠣᠷᠣᠰᠢᠵᠤ ᠪᠠᠢᠬᠤ ᠡᠰᠡᠬᠦ᠃
ᠬᠣᠷᠢᠨ ᠳᠥᠷᠪᠡ᠂ ᠬᠥᠳᠡᠯᠮᠦᠷᠢ᠎ᠶᠢᠨ ᠪᠠᠲᠤᠯᠠᠭ᠎ᠠ᠎ᠶᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠦᠨ 《 ᠬᠥᠳᠡᠯᠮᠦᠷᠢ᠎ᠶᠢᠨ ᠪᠠᠲᠤᠯᠠᠭ᠎ᠠ᠎ᠶᠢᠨ ᠬᠢᠨᠠᠨ ᠪᠠᠢᠴᠠᠭᠠᠬᠤ ᠳᠦᠷᠢᠮ 》᠎ᠦᠨ ᠲᠣᠭᠲᠠᠭᠠᠯ ᠶᠣᠰᠣᠭᠠᠷ ᠬᠥᠳᠡᠯᠮᠦᠷᠢ᠎ᠶᠢᠨ ᠪᠠᠲᠤᠯᠠᠭ᠎ᠠ᠎ᠶᠢᠨ ᠬᠢᠨᠠᠨ ᠪᠠᠢᠴᠠᠭᠠᠯᠲᠠ ᠬᠢᠬᠦ᠎ᠶᠢ ᠶᠣᠰᠣ᠌ ᠪᠤᠰᠤ᠎ᠪᠠᠷ ᠡᠰᠡᠷᠭᠦᠴᠡᠭᠰᠡᠨ᠂ ᠬᠠᠷᠰᠢᠯᠠᠭᠰᠠᠨ ᠪᠠᠢᠳᠠᠯ ᠣᠷᠣᠰᠢᠵᠤ ᠪᠠᠢᠬᠤ ᠡᠰᠡᠬᠦ᠃
ᠬᠣᠷᠢᠨ ᠲᠠᠪᠤ᠂ ᠬᠥᠳᠡᠯᠮᠦᠷᠢ᠎ᠶᠢᠨ ᠪᠠᠲᠤᠯᠠᠭ᠎ᠠ᠎ᠶᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠦᠨ ᠱᠠᠭᠠᠷᠳᠠᠯᠭ᠎ᠠ ᠶᠣᠰᠣᠭᠠᠷ ᠪᠢᠴᠢᠭ᠎ᠦᠨ ᠮᠠᠲᠧᠷᠢᠶᠠᠯ᠎ᠢᠶᠠᠨ ᠦᠯᠦ ᠮᠡᠳᠡᠭᠦᠯᠦᠨ ᠬᠦᠷᠭᠡᠭᠰᠡᠨ᠂ ᠪᠣᠳᠠᠲᠤ ᠬᠡᠷᠡᠭ᠎ᠦᠨ ᠦᠨᠡᠨ ᠪᠠᠢᠳᠠᠯ᠎ᠢ ᠨᠢᠭᠤᠨ ᠳᠠᠯᠳᠠᠯᠠᠭᠰᠠᠨ᠂ ᠬᠠᠭᠤᠷᠮᠠᠭ ᠭᠡᠷᠡᠴᠢ ᠭᠠᠷᠭᠠᠵᠤ ᠥᠭᠭᠦᠭᠰᠡᠨ ᠪᠤᠶᠤ ᠭᠡᠷᠡᠴᠢ ᠪᠠᠷᠢᠮᠲᠠ᠎ᠶᠢ ᠨᠢᠭᠤᠨ ᠳᠠᠯᠳᠠᠯᠠᠭᠰᠠᠨ᠂ ᠤᠰᠠᠳᠬᠠᠭᠰᠠᠨ ᠪᠠᠢᠳᠠᠯ ᠣᠷᠣᠰᠢᠵᠤ ᠪᠠᠢᠬᠤ ᠡᠰᠡᠬᠦ᠃
ᠬᠣᠷᠢᠨ ᠵᠢᠷᠭᠤᠭ᠎ᠠ᠂ ᠬᠥᠳᠡᠯᠮᠦᠷᠢ᠎ᠶᠢᠨ ᠪᠠᠲᠤᠯᠠᠭ᠎ᠠ᠎ᠶᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠡᠴᠡ ᠵᠠᠷᠯᠢᠭ᠍ᠳᠠᠨ ᠵᠠᠯᠠᠷᠠᠭᠤᠯᠤᠭᠰᠠᠨ ᠪᠠᠢᠲᠠᠯ᠎ᠠ ᠵᠠᠯᠠᠷᠠᠭᠤᠯᠬᠤ᠎ᠶᠢ ᠲᠡᠪᠴᠢᠭᠰᠡᠨ ᠪᠤᠶᠤ ᠬᠥᠳᠡᠯᠮᠦᠷᠢ᠎ᠶᠢᠨ ᠪᠠᠲᠤᠯᠠᠭ᠎ᠠ᠎ᠶᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠦᠨ ᠵᠠᠰᠠᠭ ᠵᠠᠬᠢᠷᠭᠠᠨ᠎ᠤ ᠰᠢᠢᠳᠪᠦᠷᠢᠯᠡᠭᠰᠡᠨ ᠲᠣᠭᠲᠠᠭᠠᠯ᠎ᠢ ᠭᠦᠢᠴᠡᠳᠬᠡᠬᠦ᠎ᠶᠢ ᠲᠡᠪᠴᠢᠭᠰᠡᠨ ᠪᠠᠢᠳᠠᠯ ᠣᠷᠣᠰᠢᠵᠤ ᠪᠠᠢᠬᠤ ᠡᠰᠡᠬᠦ᠃
ᠬᠣᠷᠢᠨ ᠳᠣᠯᠣᠭ᠎ᠠ᠂ ᠬᠥᠮᠥᠨ ᠬᠡᠷᠡᠭᠯᠡᠬᠦ ᠨᠢᠭᠡᠴᠢ ᠨᠢ ᠪᠣᠳᠠᠲᠤ ᠶᠠᠭᠤᠮ᠎ᠠ᠂ ᠦᠨᠡᠲᠦ ᠲᠡᠮᠳᠡᠭᠲᠦ ᠵᠡᠷᠭᠡ ᠬᠡᠯᠪᠡᠷᠢ᠎ᠪᠡᠷ ᠬᠥᠯᠥᠰᠦᠨ ᠠᠵᠢᠯᠴᠢᠨ᠎ᠤ ᠴᠠᠯᠢᠩ᠎ᠢ ᠣᠷᠣᠯᠠᠭᠤᠯᠵᠤ ᠥᠭᠭᠦᠭᠰᠡᠨ ᠪᠠᠢᠳᠠᠯ ᠣᠷᠣᠰᠢᠵᠤ ᠪᠠᠢᠬᠤ ᠡᠰᠡᠬᠦ᠃
ᠬᠣᠷᠢᠨ ᠨᠠᠢ᠍ᠮᠠ᠂ ᠬᠥᠮᠥᠨ ᠬᠡᠷᠡᠭᠯᠡᠬᠦ ᠨᠢᠭᠡᠴᠢ ᠴᠠᠯᠢᠩ ᠥᠭᠬᠦ ᠡᠬᠡ ᠲᠠᠨᠭᠰᠠ᠎ᠶᠢ ᠨᠠᠢᠷᠠᠭᠤᠯᠤᠨ ᠵᠣᠬᠢᠶᠠᠭᠰᠠᠨ ᠦᠭᠡᠢ ᠪᠥᠭᠡᠳ ᠬᠠᠤᠯᠢ ᠶᠣᠰᠣᠭᠠᠷ ᠬᠠᠳᠠᠭᠠᠯᠠᠭᠰᠠᠨ ᠦᠭᠡᠢ᠂ ᠡᠰᠡᠬᠦᠯ᠎ᠡ ᠬᠥᠯᠥᠰᠦᠨ ᠠᠵᠢᠯᠴᠢᠨ᠎ᠳᠤ ᠴᠠᠯᠢᠩ᠎ᠤᠨ ᠲᠣᠳᠣᠷᠬᠠᠢ ᠬᠠᠭᠤᠳᠠᠰᠤ᠎ᠶᠢ ᠬᠠᠩᠭᠠᠭᠰᠠᠨ ᠦᠭᠡᠢ ᠪᠠᠢᠳᠠᠯ ᠣᠷᠣᠰᠢᠵᠤ ᠪᠠᠢᠬᠤ ᠡᠰᠡᠬᠦ᠃
ᠬᠣᠷᠢ ᠶᠢᠰᠦ ᠂ ᠬᠥᠮᠥᠨ ᠬᠡᠷᠡᠭᠯᠡᠬᠦ ᠨᠢᠭᠡᠴᠢ ᠬᠥᠯᠥᠰᠦᠨ ᠠᠵᠢᠯᠴᠢᠨ᠎ᠤ ᠴᠠᠯᠢᠩ᠎ᠢ ᠥᠭᠬᠦ᠎ᠳᠦ ᠬᠡᠷᠡᠭᠯᠡᠬᠦ ᠪᠠᠩᠬᠢ᠎ᠶᠢᠨ ᠳᠠᠩᠰᠠᠨ ᠡᠷᠦᠬᠡ ᠲᠠᠢ ᠬᠣᠯᠪᠣᠭᠰᠠᠨ ᠬᠥᠯᠥᠰᠦᠨ ᠠᠵᠢᠯᠴᠢᠨ᠎ᠤ ᠲᠤᠰ ᠬᠥᠮᠥᠨ᠎ᠦ ᠨᠡᠢᠭᠡᠮ᠎ᠦᠨ ᠪᠠᠲᠤᠯᠠᠭ᠎ᠠ᠎ᠶᠢᠨ ᠺᠠᠷᠲ ᠪᠤᠶᠤ ᠪᠠᠩᠬᠢ᠎ᠶᠢᠨ ᠺᠠᠷᠲ᠎ᠢ ᠳᠠᠷᠤᠵᠤ ᠠᠪᠤᠭᠰᠠᠨ ᠪᠤᠶᠤ ᠬᠡᠯᠪᠡᠷᠢ᠎ᠶᠢ ᠨᠢ ᠥᠭᠡᠷᠡᠲᠦᠭᠦᠯᠦᠨ ᠳᠠᠷᠤᠵᠤ ᠠᠪᠤᠭᠰᠠᠨ ᠪᠠᠢᠳᠠᠯ ᠣᠷᠣᠰᠢᠵᠤ ᠪᠠᠢᠬᠤ ᠡᠰᠡᠬᠦ ᠃
ᠭᠤᠴᠢ᠂ ᠪᠠᠷᠢᠯᠭ᠎ᠠ᠎ᠶᠢᠨ ᠠᠵᠢᠯ᠎ᠢ ᠶᠡᠷᠦᠩᠬᠡᠢᠯᠡᠨ ᠳᠠᠭᠠᠭᠠᠴᠢᠯᠠᠭᠰᠠᠨ ᠨᠢᠭᠡᠴᠢ ᠲᠣᠭᠲᠠᠭᠠᠯ ᠶᠣᠰᠣᠭᠠᠷ ᠴᠠᠯᠢᠩ᠎ᠤᠨ ᠪᠠᠲᠤᠯᠠᠭ᠎ᠠ᠎ᠶᠢᠨ ᠮᠥᠩᠭᠥ᠎ᠪᠡᠨ ᠬᠠᠳᠠᠭᠠᠯᠠᠭᠰᠠᠨ ᠦᠭᠡᠢ ᠪᠤᠶᠤ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠶᠢᠨ ᠪᠠᠲᠤᠯᠠᠭ᠎ᠠ᠎ᠶᠢᠨ ᠪᠢᠴᠢᠭ᠎ᠢ ᠬᠠᠩᠭᠠᠭᠰᠠᠨ ᠦᠭᠡᠢ ᠪᠠᠢᠳᠠᠯ ᠣᠷᠣᠰᠢᠵᠤ ᠪᠠᠢᠬᠤ ᠡᠰᠡᠬᠦ᠃
ᠭᠤᠴᠢᠨ ᠨᠢᠭᠡ᠂ ᠬᠤᠪᠢᠶᠠᠨ ᠳᠠᠭᠠᠭᠠᠴᠢᠯᠠᠭᠰᠠᠨ ᠨᠢᠭᠡᠴᠢ ᠬᠥᠯᠥᠰᠦᠨ ᠠᠵᠢᠯᠴᠢᠨ᠎ᠤ ᠠᠵᠢᠯ᠎ᠤᠨ ᠬᠡᠮᠵᠢᠶ᠎ᠡ᠎ᠶᠢ ᠰᠠᠷ᠎ᠠ᠎ᠪᠠᠷ ᠬᠢᠨᠠᠨ ᠰᠢᠯᠭᠠᠭᠰᠠᠨ ᠦᠭᠡᠢ᠂ ᠴᠠᠯᠢᠩ ᠥᠭᠬᠦ ᠬᠦᠰᠦᠨᠦᠭᠲᠦ᠎ᠶᠢ ᠨᠠᠢᠷᠠᠭᠤᠯᠤᠨ ᠵᠣᠬᠢᠶᠠᠭᠰᠠᠨ ᠦᠭᠡᠢ ᠪᠥᠭᠡᠳ ᠬᠥᠯᠥᠰᠦᠨ ᠠᠵᠢᠯᠴᠢᠨ ᠲᠤᠰ ᠬᠥᠮᠥᠨ᠎ᠢᠶᠡᠷ ᠭᠠᠷᠤᠨ ᠦᠰᠦᠭ ᠵᠢᠷᠤᠭᠤᠯᠵᠤ ᠨᠤᠲᠠᠯᠠᠭᠤᠯᠤᠭᠰᠠᠨ ᠦᠭᠡᠢ ᠪᠠᠢᠳᠠᠯ ᠣᠷᠣᠰᠢᠵᠤ ᠪᠠᠢᠬᠤ ᠡᠰᠡᠬᠦ᠃
ᠭᠤᠴᠢᠨ ᠬᠣᠶᠠᠷ᠂ ᠪᠠᠷᠢᠯᠭ᠎ᠠ᠎ᠶᠢᠨ ᠠᠵᠢᠯ᠎ᠢ ᠶᠡᠷᠦᠩᠬᠡᠢᠯᠡᠨ ᠳᠠᠭᠠᠭᠠᠴᠢᠯᠠᠭᠰᠠᠨ ᠨᠢᠭᠡᠴᠢ ᠨᠢ ᠬᠤᠪᠢᠶᠠᠨ ᠳᠠᠭᠠᠭᠠᠴᠢᠯᠠᠭᠰᠠᠨ ᠨᠢᠭᠡᠴᠢ᠎ᠶᠢᠨ ᠬᠥᠳᠡᠯᠮᠦᠷᠢ᠎ᠶᠢᠨ ᠠᠵᠢᠯᠴᠢᠨ ᠬᠡᠷᠡᠭᠯᠡᠬᠦ᠎ᠳᠦ ᠬᠢᠨᠠᠯᠲᠠ ᠬᠠᠮᠢᠶᠠᠷᠤᠯᠲᠠ ᠶᠠᠪᠤᠭᠤᠯᠤᠭᠰᠠᠨ ᠦᠭᠡᠢ ᠪᠠᠢᠳᠠᠯ ᠣᠷᠣᠰᠢᠵᠤ ᠪᠠᠢᠬᠤ ᠡᠰᠡᠬᠦ᠃
ᠭᠤᠴᠢᠨ ᠭᠤᠷᠪᠠ᠂ ᠬᠤᠪᠢᠶᠠᠨ ᠳᠠᠭᠠᠭᠠᠴᠢᠯᠠᠭᠰᠠᠨ ᠨᠢᠭᠡᠴᠢ ᠨᠢ ᠪᠠᠷᠢᠯᠭ᠎ᠠ᠎ᠶᠢᠨ ᠠᠵᠢᠯ᠎ᠢ ᠶᠡᠷᠦᠩᠬᠡᠢᠯᠡᠨ ᠳᠠᠭᠠᠭᠠᠴᠢᠯᠠᠭᠰᠠᠨ ᠨᠢᠭᠡᠴᠢ᠎ᠲᠠᠢ ᠬᠠᠮᠵᠢᠯᠴᠠᠨ ᠲᠡᠭᠦᠨ᠎ᠦ ᠬᠥᠳᠡᠯᠮᠦᠷᠢ᠎ᠶᠢᠨ ᠠᠵᠢᠯᠴᠢᠨ ᠬᠡᠷᠡᠭᠯᠡᠬᠦ᠎ᠳᠦ ᠬᠢᠨᠠᠯᠲᠠ ᠬᠠᠮᠢᠶᠠᠷᠤᠯᠲᠠ ᠶᠠᠪᠤᠭᠤᠯᠤᠭᠰᠠᠨ ᠦᠭᠡᠢ ᠪᠠᠢᠳᠠᠯ ᠣᠷᠣᠰᠢᠵᠤ ᠪᠠᠢᠬᠤ ᠡᠰᠡᠬᠦ᠃
ᠭᠤᠴᠢᠨ ᠳᠥᠷᠪᠡ᠂ ᠪᠠᠷᠢᠯᠭ᠎ᠠ᠎ᠶᠢᠨ ᠠᠵᠢᠯ᠎ᠢ ᠶᠡᠷᠦᠩᠬᠡᠢᠯᠡᠨ ᠳᠠᠭᠠᠭᠠᠴᠢᠯᠠᠭᠰᠠᠨ ᠨᠢᠭᠡᠴᠢ ᠪᠠᠷᠢᠯᠭ᠎ᠠ᠎ᠶᠢᠨ ᠲᠤᠬᠠᠢ᠎ᠶᠢᠨ ᠭᠠᠵᠠᠷ᠎ᠤᠨ ᠡᠷᠬᠡ᠎ᠪᠡᠨ ᠬᠠᠮᠠᠭᠠᠯᠠᠬᠤ ᠮᠡᠳᠡᠭᠡ ᠵᠠᠩᠭᠢ᠎ᠶᠢ ᠵᠠᠷᠯᠠᠨ ᠨᠡᠢᠲᠡᠯᠡᠬᠦ ᠳᠦᠷᠢᠮ᠎ᠢ ᠬᠡᠷᠡᠭᠵᠢᠭᠦᠯᠦᠭᠰᠡᠨ ᠦᠭᠡᠢ ᠪᠠᠢᠳᠠᠯ ᠣᠷᠣᠰᠢᠵᠤ ᠪᠠᠢᠬᠤ ᠡᠰᠡᠬᠦ᠃
ᠭᠤᠴᠢᠨ ᠲᠠᠪᠤ᠂ ᠪᠦᠲᠦᠭᠡᠨ ᠪᠠᠶ᠋ᠢᠭᠤᠯᠬᠤ ᠨᠢᠭᠡᠴᠢ ᠪᠠᠷᠢᠯᠭ᠎ᠠ᠎ᠶᠢᠨ ᠵᠣᠭᠣᠰ᠎ᠢ ᠥᠭᠬᠦ ᠳᠠᠭᠠᠭᠠᠯᠲᠠ᠎ᠶᠢ ᠬᠠᠤᠯᠢ ᠶᠣᠰᠣᠭᠠᠷ ᠬᠠᠩᠭᠠᠭᠰᠠᠨ ᠦᠭᠡᠢ ᠪᠠᠢᠳᠠᠯ ᠣᠷᠣᠰᠢᠵᠤ ᠪᠠᠢᠬᠤ ᠡᠰᠡᠬᠦ᠃
ᠭᠤᠴᠢᠨ ᠵᠢᠷᠭᠤᠭ᠎ᠠ᠂ ᠪᠦᠲᠦᠭᠡᠨ ᠪᠠᠢᠭᠤᠯᠤᠯᠲᠠ᠎ᠶᠢᠨ ᠨᠢᠭᠡᠴᠢ ᠪᠣᠯᠵᠣᠨ ᠲᠣᠭᠲᠠᠭᠰᠠᠨ ᠶᠣᠰᠣᠭᠠᠷ ᠬᠥᠯᠥᠰᠦᠨ ᠠᠵᠢᠯᠴᠢᠨ᠎ᠤ ᠴᠠᠯᠢᠩ᠎ᠤᠨ ᠲᠤᠰᠬᠠᠢ ᠲᠠᠨᠭᠰᠠᠨ ᠡᠷᠦᠭᠡ᠎ᠳᠦ ᠪᠠᠷᠢᠯᠭ᠎ᠠ᠎ᠶᠢᠨ ᠵᠣᠭᠣᠰ᠎ᠤᠨ ᠳᠣᠲᠣᠷᠠᠬᠢ ᠬᠥᠮᠥᠨ᠎ᠦ ᠬᠦᠴᠦᠨ᠎ᠦ ᠵᠠᠷᠤᠳᠠᠯ᠎ᠢ ᠴᠠᠭ ᠲᠤᠬᠠᠢ ᠳ᠋ᠤᠨᠢ ᠲᠣᠭ᠎ᠠ ᠶᠣᠰᠣᠭᠠᠷ ᠰᠢᠯᠵᠢᠭᠦᠯᠦᠨ ᠥᠭᠭᠦᠭᠰᠡᠨ ᠦᠭᠡᠢ ᠪᠠᠢᠳᠠᠯ ᠣᠷᠣᠰᠢᠵᠤ ᠪᠠᠢᠬᠤ ᠡᠰᠡᠬᠦ᠃
ᠭᠤᠴᠢᠨ ᠲᠤᠯᠤᠭ᠎ᠠ᠂ ᠪᠦᠲᠦᠭᠡᠨ ᠪᠠᠶ᠋ᠢᠭᠤᠯᠬᠤ ᠨᠢᠭᠡᠴᠢ ᠪᠤᠶᠤ ᠪᠠᠷᠢᠯᠭ᠎ᠠ ᠪᠠᠷᠢᠬᠤ᠎ᠶᠢ ᠶᠡᠷᠦᠩᠬᠡᠢᠯᠡᠨ ᠳᠠᠭᠠᠭᠠᠴᠢᠯᠠᠭᠰᠠᠨ ᠨᠢᠭᠡᠴᠢ ᠪᠠᠷᠢᠯᠭ᠎ᠠ᠎ᠶᠢᠨ ᠠᠵᠢᠯ᠎ᠤᠨ ᠭᠡᠷ᠎ᠡ᠂ ᠬᠥᠯᠥᠰᠦᠨ ᠠᠵᠢᠯᠴᠢᠨ᠎ᠤ ᠴᠠᠯᠢᠩ᠎ᠤᠨ ᠲᠤᠰᠬᠠᠢ ᠲᠠᠨᠭᠰᠠᠨ ᠡᠷᠦᠭᠡ᠎ᠶᠢᠨ ᠬᠣᠯᠪᠣᠭᠳᠠᠯ ᠪᠦᠬᠦᠢ ᠮᠠᠲᠧᠷᠢᠶᠠᠯ᠎ᠢ ᠬᠠᠩᠭᠠᠬᠤ᠎ᠶᠢ ᠲᠡᠪᠴᠢᠭᠰᠡᠨ ᠪᠤᠶᠤ ᠬᠠᠩᠭᠠᠬᠤ᠎ᠶᠢᠨ ᠠᠷᠭ᠎ᠠ ᠦᠭᠡᠢ ᠪᠠᠢᠳᠠᠯ ᠣᠷᠣᠰᠢᠵᠤ ᠪᠠᠢᠬᠤ ᠡᠰᠡᠬᠦ᠃
ᠭᠤᠴᠢᠨ ᠨᠠᠢ᠍ᠮᠠ᠂ ᠬᠥᠮᠥᠨ ᠬᠡᠷᠡᠭᠯᠡᠬᠦ ᠨᠢᠭᠡᠴᠢ ᠤᠯᠤᠰ᠎ᠤᠨ ᠠᠵᠢᠯ ᠮᠡᠷᠭᠡᠵᠢᠯ᠎ᠦᠨ ᠬᠢᠷᠢ ᠬᠡᠮ᠎ᠦᠨ ᠦᠨᠡᠮᠯᠡᠯ ᠣᠯᠣᠭᠰᠠᠨ ᠦᠭᠡᠢ ᠬᠥᠳᠡᠯᠮᠦᠷᠢᠴᠢᠨ᠎ᠢ ᠬᠠᠤᠯᠢ᠎ᠶᠢ ᠵᠥᠷᠢᠴᠡᠨ ᠡᠯᠰᠡᠨ ᠬᠡᠷᠡᠭᠯᠡᠵᠦ ᠤᠯᠠᠨ ᠨᠡᠶ᠋ᠢᠲᠡ᠎ᠶᠢᠨ ᠠᠮᠤᠷ ᠲᠦᠪᠰᠢᠨ᠂ ᠬᠥᠮᠥᠨ᠎ᠦ ᠪᠡᠶ᠎ᠡ᠎ᠶᠢᠨ ᠡᠷᠡᠭᠦᠯ ᠮᠡᠨᠳᠤ᠂ ᠠᠮᠢ ᠨᠠᠰᠤ ᠡᠳ᠋ ᠬᠥᠷᠥᠩᠭᠡ᠎ᠶᠢᠨ ᠠᠮᠤᠷ ᠲᠦᠪᠰᠢᠨ ᠵᠡᠷᠭᠡ᠎ᠳᠤ ᠬᠣᠯᠪᠣᠭᠳᠠᠭᠰᠠᠨ ᠣᠨᠴᠠᠭᠠᠶ ᠠᠵᠢᠯ ᠲᠦᠷᠦᠯ ᠬᠢᠯᠭᠡᠭᠰᠡᠨ ᠪᠠᠢᠳᠠᠯ ᠣᠷᠣᠰᠢᠵᠤ ᠪᠠᠢᠬᠤ ᠡᠰᠡᠬᠦ᠃
ᠭᠤᠴᠢ ᠶᠢᠰᠦ ᠂ ᠬᠥᠮᠥᠨ ᠬᠡᠷᠡᠭᠯᠡᠬᠦ ᠨᠢᠭᠡᠴᠢ ᠴᠠᠯᠢᠩ ᠥᠭᠬᠦ ᠡᠬᠡ ᠲᠠᠩᠰᠠ᠎ᠶᠢ ᠬᠠᠭᠤᠷᠮᠠᠭᠯᠠᠨ ᠵᠣᠬᠢᠶᠠᠭᠰᠠᠨ ᠂ ᠨᠠᠢᠷᠠᠭᠤᠯᠤᠨ ᠵᠣᠬᠢᠶᠠᠭᠰᠠᠨ ᠂ ᠨᠢᠭᠤᠨ ᠳᠠᠷᠤᠭᠰᠠᠨ ᠂ ᠨᠢᠭᠤᠨ ᠳᠠᠯᠳᠠᠯᠠᠭᠰᠠᠨ ᠪᠤᠶᠤ ᠬᠠᠮᠢᠶ᠎ᠠ ᠪᠦᠬᠦᠢ ᠠᠵᠢᠯ᠎ᠤᠨ ᠡᠬᠡ ᠲᠠᠩᠰᠠ᠎ᠶᠢ ᠬᠠᠤᠯᠢ ᠶᠣᠰᠣᠭᠠᠷ ᠥᠯᠥ ᠬᠠᠩᠭᠠᠭᠰᠠᠨ ᠪᠠᠢᠳᠠᠯ ᠣᠷᠣᠰᠢᠵᠤ ᠪᠠᠢᠬᠤ ᠡᠰᠡᠬᠦ ᠃
ᠳᠥᠴᠢ᠂ ᠪᠠᠷᠢᠯᠭ᠎ᠠ᠎ᠶᠢᠨ ᠪᠦᠲᠦᠭᠡᠨ ᠪᠠᠢᠭᠤᠯᠤᠯᠲᠠ᠎ᠶᠢᠨ ᠬᠦᠷᠢᠶᠡᠨ᠎ᠳᠡᠬᠢ ᠪᠠᠷᠢᠯᠭ᠎ᠠ᠎ᠶᠢᠨ ᠠᠵᠢᠯ᠎ᠢ ᠶᠡᠷᠦᠩᠬᠡᠢᠯᠡᠨ ᠳᠠᠭᠠᠭᠠᠴᠢᠯᠠᠭᠰᠠᠨ ᠨᠢᠭᠡᠴᠢ ᠬᠥᠯᠥᠰᠦᠨ ᠠᠵᠢᠯᠴᠢᠨ᠎ᠤ ᠴᠠᠯᠢᠩ ᠥᠭᠬᠦ᠎ᠶᠢ ᠬᠢᠨᠠᠨ ᠡᠵᠡᠮᠳᠡᠵᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ᠎ᠢᠶᠠᠷ ᠳᠠᠮᠵᠢᠭᠤᠯᠤᠨ ᠴᠠᠯᠢᠩ ᠥᠭᠬᠦ ᠬᠦᠰᠦᠨᠦᠭᠲᠦ᠎ᠶᠢ ᠳᠡᠭᠡᠭᠰᠢ ᠳᠠᠮᠵᠢᠭᠤᠯᠤᠭᠰᠠᠨ ᠦᠭᠡᠢ ᠪᠤᠶᠤ ᠬᠥᠯᠥᠰᠦᠨ ᠠᠵᠢᠯᠴᠢᠨ᠎ᠤ ᠴᠠᠯᠢᠩ ᠥᠭᠬᠦ᠎ᠶᠢ ᠬᠢᠨᠠᠨ ᠡᠵᠡᠮᠳᠡᠵᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ᠎ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ᠎ᠶᠢ ᠴᠠᠭ ᠲᠤᠬᠠᠢ ᠳ᠋ᠤᠨᠢ ᠰᠢᠢᠳᠪᠦᠷᠢᠯᠡᠭᠰᠡᠨ ᠦᠭᠡᠢ ᠪᠠᠢᠳᠠᠯ ᠣᠷᠣᠰᠢᠵᠤ ᠪᠠᠢᠬᠤ ᠡᠰᠡᠬᠦ᠃
ᠳᠥᠴᠢᠨ ᠨᠢᠭᠡ᠂ ᠪᠦᠲᠦᠭᠡᠨ ᠪᠠᠶ᠋ᠢᠭᠤᠯᠬᠤ ᠨᠢᠭᠡᠴᠢ᠂ ᠪᠠᠷᠢᠯᠭ᠎ᠠ᠎ᠶᠢᠨ ᠠᠵᠢᠯ᠎ᠢ ᠶᠡᠷᠦᠩᠬᠡᠢᠯᠡᠨ ᠳᠠᠭᠠᠭᠠᠴᠢᠯᠠᠭᠰᠠᠨ ᠨᠢᠭᠡᠴᠢ ᠪᠠᠢᠭᠤᠯᠵᠤ ᠪᠠᠢᠭ᠎ᠠ ᠲᠥᠷᠥᠯ ᠵᠦᠢᠯᠡᠰ᠎ᠢᠶᠡᠨ ᠬᠥᠯᠥᠰᠦᠨ ᠠᠵᠢᠯᠴᠢᠨ᠎ᠤ ᠴᠠᠯᠢᠩ ᠥᠭᠬᠦ᠎ᠶᠢ ᠬᠢᠨᠠᠨ ᠡᠵᠡᠮᠳᠡᠵᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ᠎ᠳᠤ ᠴᠠᠭ ᠲᠤᠬᠠᠢ ᠳ᠋ᠤᠨᠢ ᠣᠷᠣᠭᠤᠯᠵᠤ ᠬᠢᠨᠠᠨ ᠬᠠᠮᠢᠶᠠᠷᠤᠭᠰᠠᠨ ᠦᠭᠡᠢ ᠪᠠᠢᠳᠠᠯ ᠣᠷᠣᠰᠢᠵᠤ ᠪᠠᠢᠬᠤ ᠡᠰᠡᠬᠦ᠃
ᠳᠥᠴᠢᠨ ᠬᠣᠶᠠᠷ᠂ ᠪᠠᠷᠢᠯᠭ᠎ᠠ᠎ᠶᠢᠨ ᠠᠵᠢᠯ᠎ᠢ ᠶᠡᠷᠦᠩᠬᠡᠢᠯᠡᠨ ᠳᠠᠭᠠᠭᠠᠴᠢᠯᠠᠭᠰᠠᠨ ᠨᠢᠭᠡᠴᠢ᠂ ᠬᠤᠪᠢᠶᠠᠨ ᠳᠠᠭᠠᠭᠠᠴᠢᠯᠠᠭᠰᠠᠨ ᠨᠢᠭᠡᠴᠢ ᠨᠢ ᠪᠠᠷᠢᠯᠭ᠎ᠠ᠎ᠳᠤ ᠣᠷᠣᠯᠴᠠᠭᠰᠠᠨ ᠨᠢᠭᠡᠴᠢ᠎ᠶᠢᠨ ᠮᠡᠳᠡᠭᠡ ᠵᠠᠩᠭᠢ᠂ ᠪᠠᠷᠢᠯᠭ᠎ᠠ᠎ᠶᠢᠨ ᠠᠵᠢᠯ ᠬᠢᠬᠦ ᠵᠥᠪᠰᠢᠶᠡᠷᠡᠯ᠂ ᠪᠠᠷᠢᠯᠭ᠎ᠠ᠎ᠶᠢᠨ ᠵᠣᠭᠣᠰ᠎ᠢ ᠥᠭᠬᠦ ᠳᠠᠭᠠᠭᠠᠯᠲᠠ᠂ ᠠᠵᠢᠯᠴᠢᠨ ᠬᠡᠷᠡᠭᠯᠡᠬᠦ ᠬᠠᠮᠢᠶᠠᠷᠤᠯᠲᠠ᠂ ᠴᠠᠯᠢᠩ ᠥᠭᠬᠦ ᠵᠡᠷᠭᠡ ᠮᠡᠳᠡᠭᠡ ᠵᠠᠩᠭᠢ᠎ᠶᠢ ᠬᠥᠯᠥᠰᠦᠨ ᠠᠵᠢᠯᠴᠢᠨ᠎ᠤ ᠴᠠᠯᠢᠩ ᠥᠭᠬᠦ᠎ᠶᠢ ᠬᠢᠨᠠᠨ ᠡᠵᠡᠮᠳᠡᠵᠦ ᠤᠷᠢᠳᠴᠢᠯᠠᠨ ᠰᠡᠷᠡᠮᠵᠢᠯᠡᠭᠦᠯᠬᠦ ᠲᠠᠪᠴᠠᠩ᠎ᠳᠤ ᠴᠠᠭ ᠲᠤᠬᠠᠢ ᠳ᠋ᠤᠨᠢ ᠳᠠᠮᠵᠢᠭᠤᠯᠤᠭᠰᠠᠨ ᠦᠭᠡᠢ ᠪᠠᠢᠳᠠᠯ ᠣᠷᠣᠰᠢᠵᠤ ᠪᠠᠢᠬᠤ ᠡᠰᠡᠬᠦ᠃
ᠳᠥᠴᠢᠨ ᠭᠤᠷᠪᠠ᠂ ᠦᠨᠡᠨ ᠨᠡᠷ᠎ᠡ᠎ᠶᠢᠨ ᠳᠦᠷᠢᠮᠲᠦ ᠠᠵᠢᠯ᠎ᠳᠤ ᠭᠠᠷᠬᠤ᠎ᠶᠢ ᠰᠢᠯᠭᠠᠬᠤ ᠲᠥᠬᠦᠭᠡᠷᠦᠮᠵᠢ᠎ᠪᠡᠷ ᠳᠠᠮᠵᠢᠭᠤᠯᠤᠨ ᠦᠨᠡᠨ ᠮᠥᠨ᠎ᠢᠶᠡᠷ ᠨᠢ ᠲᠡᠮᠳᠡᠭᠯᠡᠭᠰᠡᠨ ᠦᠭᠡᠢ ᠪᠥᠭᠡᠳ ᠡᠯᠰᠡᠨ ᠬᠡᠷᠡᠭᠯᠡᠭᠰᠡᠨ ᠬᠥᠯᠥᠰᠦᠨ ᠠᠵᠢᠯᠴᠢᠨ᠎ᠤ ᠮᠡᠳᠡᠭᠡ ᠵᠠᠩᠭᠢᠴᠢᠯᠠᠯᠲᠠ᠎ᠶᠢᠨ ᠦᠨᠡᠨ ᠨᠡᠷ᠎ᠡ᠎ᠶᠢᠨ ᠳᠦᠷᠢᠮᠲᠦ ᠠᠵᠢᠯ᠎ᠳᠤ ᠭᠠᠷᠬᠤ᠎ᠶᠢ ᠰᠢᠯᠭᠠᠭᠰᠠᠨ ᠪᠠᠢᠳᠠᠯ᠎ᠢ ᠳᠡᠭᠡᠭᠰᠢ ᠳᠠᠮᠵᠢᠭᠤᠯᠤᠭᠰᠠᠨ ᠦᠭᠡᠢ ᠪᠠᠢᠳᠠᠯ ᠣᠷᠣᠰᠢᠵᠤ ᠪᠠᠢᠬᠤ ᠡᠰᠡᠬᠦ᠃
6.5 ᠪᠠᠢᠴᠠᠭᠠᠬᠤ ᠠᠷᠭ᠎ᠠ ᠮᠠᠶᠢᠭ᠋
ᠲᠤᠬᠠᠢ᠎ᠶᠢᠨ ᠲᠠᠯᠠᠪᠤᠷ᠎ᠤᠨ ᠪᠠᠢᠴᠠᠭᠠᠯᠲᠠ ᠪᠠ ᠲᠤᠬᠠᠢ᠎ᠶᠢᠨ ᠲᠠᠯᠠᠪᠤᠷ᠎ᠤᠨ ᠪᠤᠰᠤ ᠪᠠᠢᠴᠠᠭᠠᠯᠲᠠ᠎ᠶᠢ ᠤᠶᠠᠯᠳᠤᠭᠤᠯᠤᠨ᠎ᠠ᠃
6.6 ᠪᠠᠢᠴᠠᠭᠠᠬᠤ ᠳᠠᠪᠲᠠᠮᠵᠢ᠎ᠶᠢᠨ ᠳᠡᠭᠡᠳᠦ ᠬᠢᠵᠠᠭᠠᠷ
ᠠᠳᠠᠯᠢ ᠨᠢᠭᠡᠨ ᠵᠠᠰᠠᠭ ᠵᠠᠬᠢᠷᠭᠠᠨ᠎ᠤ ᠪᠠᠢᠭᠤᠯᠭ᠎ᠠ ᠨᠢ ᠠᠳᠠᠯᠢ ᠨᠢᠭᠡᠨ ᠪᠠᠢᠴᠠᠭᠠᠭᠳᠠᠬᠤ ᠡᠲᠡᠭᠡᠳ᠎ᠲᠦ ᠵᠢᠯ ᠪᠦᠷᠢ ᠨᠢᠭᠡ ᠤᠳᠠᠭ᠎ᠠ ᠪᠠᠢᠴᠠᠭᠠᠯᠲᠠ ᠬᠢᠨ᠎ᠡ᠃