ᠡᠯ᠎ᠡ ᠠᠢᠮᠠᠭ ᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ ᠂ ᠬᠠᠤᠯᠢ ᠴᠠᠭᠠᠵᠠ᠎ᠶᠢᠨ ᠲᠣᠪᠴᠢᠶ᠎ᠠ ᠂ ᠮᠠᠨᠵᠤᠤᠷ ᠬᠣᠲᠠ ᠂ ᠡᠷᠢᠶᠡᠨ ᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ ᠂ ᠬᠠᠤᠯᠢ ᠴᠠᠭᠠᠵᠠ᠎ᠶᠢᠨ ᠲᠣᠪᠴᠢᠶ᠎ᠠ ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠡᠯᠲᠡᠰ ᠂ ᠬᠣᠷᠢᠶ᠎ᠠ᠂ ᠠᠯᠪᠠᠨ ᠭᠡᠷ ᠂ ᠲᠢᠩᠬᠢᠮ ᠂ ᠲᠣᠪᠴᠢᠶ᠎ᠠ᠎ᠶᠢᠨ ᠠᠵᠢᠯᠲᠠᠨ᠎ᠤ ᠶᠠᠪᠤᠳᠠᠯ ( ᠺᠠᠳ᠋ᠷ )᠎ᠤᠨ ᠭᠠᠵᠠᠷ ᠂ ᠡᠯ᠎ᠡ ᠲᠣᠮᠣ᠌ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ( ᠠᠵᠢᠯᠲᠠᠨ᠎ᠤ ᠶᠠᠪᠤᠳᠠᠯ)᠎ᠤᠨ ᠰᠠᠯᠠᠭ᠎ᠠ ᠮᠥᠴᠢᠷ᠎ᠲᠦ᠄
《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ᠎ᠶᠢᠨ ᠬᠠᠤᠯᠢ ᠴᠠᠭᠠᠵᠠ᠎ᠶᠢᠨ ᠦᠢᠯᠡᠴᠢᠯᠡᠭᠡᠨ᠎ᠦ ᠴᠤᠪᠤᠷᠠᠯ᠎ᠤᠨ ᠬᠠᠤᠯᠢᠴᠢ᠎ᠶᠢᠨ ᠲᠤᠰᠬᠠᠢ ᠮᠡᠷᠭᠡᠵᠢᠯ᠎ᠦᠨ ᠴᠣᠯᠠ᠎ᠶᠢ ᠬᠢᠨᠠᠨ ᠲᠣᠭᠲᠠᠭᠠᠬᠤ ᠨᠥᠬᠥᠴᠡᠯ ( ᠲᠤᠷᠰᠢᠨ ᠬᠡᠷᠡᠭᠵᠢᠭᠦᠯᠬᠦ ) 》᠎ᠢ ᠡᠳᠦᠭᠡ ᠲᠠᠨᠠᠷ᠎ᠲᠤ ᠳᠠᠷᠤᠮᠠᠯᠯᠠᠨ ᠶᠠᠪᠤᠭᠤᠯᠤᠯ᠎ᠠ ᠂ ᠵᠢᠷᠤᠮᠯᠠᠨ ᠬᠡᠷᠡᠭᠵᠢᠭᠦᠯᠲᠦᠭᠡᠢ ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ᠎ᠶᠢᠨ ᠬᠠᠤᠯᠢ ᠴᠠᠭᠠᠵᠠ᠎ᠶᠢᠨ ᠦᠢᠯᠡᠴᠢᠯᠡᠭᠡᠨ᠎ᠦ ᠴᠤᠪᠤᠷᠠᠯ᠎ᠤᠨ ᠬᠠᠤᠯᠢᠴᠢ᠎ᠶᠢᠨ ᠲᠤᠰᠬᠠᠢ ᠮᠡᠷᠭᠡᠵᠢᠯ᠎ᠦᠨ ᠴᠣᠯᠠ᠎ᠶᠢ ᠬᠢᠨᠠᠨ ᠲᠣᠭᠲᠠᠭᠠᠬᠤ ᠨᠥᠬᠥᠴᠡᠯ ( ᠲᠤᠷᠰᠢᠨ ᠬᠡᠷᠡᠭᠵᠢᠭᠦᠯᠬᠦ )
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢᠯ ᠴᠢᠳᠠᠪᠤᠷᠢᠲᠠᠨ᠎ᠢ ᠦᠨᠡᠯᠡᠵᠦ ᠬᠥᠲᠥᠯᠥᠨ ᠳᠠᠭᠠᠭᠤᠯᠬᠤ ᠦᠢᠯᠡᠳᠦᠯ᠎ᠢ ᠰᠠᠢᠲᠤᠷ ᠪᠠᠳᠠᠷᠠᠭᠤᠯᠵᠤ ᠂ ᠬᠠᠤᠯᠢᠴᠢ᠎ᠶᠢᠨ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠢ ᠰᠢᠨᠵᠢᠯᠡᠬᠦ ᠤᠬᠠᠭᠠᠨᠴᠢ ᠂ ᠪᠤᠰᠤᠳᠴᠢ ᠂ ᠲᠥᠪ ᠭᠣᠣᠯᠴᠢ᠎ᠪᠠᠷ ᠦᠨᠡᠯᠡᠵᠦ ᠂ ᠮᠡᠷᠭᠡᠵᠢᠯ᠎ᠦᠨ ᠴᠣᠯᠠ ᠰᠢᠯᠭᠠᠷᠠᠭᠤᠯᠬᠤ ᠠᠵᠢᠯ᠎ᠤᠨ ᠳᠦᠷᠢᠮᠵᠢᠯᠲᠡ ᠂ ᠵᠢᠷᠤᠮᠵᠢᠭᠤᠯᠤᠯᠲᠠ ᠂ ᠰᠢᠨᠵᠢᠯᠡᠬᠦ ᠤᠬᠠᠭᠠᠨᠴᠢᠯᠠᠯᠲᠠ᠎ᠶᠢ ᠠᠬᠢᠭᠤᠯᠬᠤ᠎ᠶᠢᠨ ᠲᠥᠯᠥᠭᠡ ᠂ 《 ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠬᠠᠤᠯᠢᠴᠢ᠎ᠶᠢᠨ ᠬᠠᠤᠯᠢ 》 ᠂ 《 ᠳᠤᠮᠳᠠᠳᠤ ᠤᠯᠤᠰ ᠊ᠣᠠ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠡᠴᠡ 〈 ᠮᠡᠷᠭᠡᠵᠢᠯ᠎ᠦᠨ ᠴᠣᠯᠠ᠎ᠶᠢᠨ ᠳᠦᠷᠢᠮ᠎ᠦᠨ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ ᠲᠤᠬᠠᠢ ᠰᠠᠨᠠᠯ 〉᠎ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ 》 ᠂ 《 ᠮᠡᠷᠭᠡᠵᠢᠯ᠎ᠦᠨ ᠴᠣᠯᠠ ᠬᠢᠨᠠᠨ ᠲᠣᠭᠲᠠᠭᠠᠬᠤ ᠠᠵᠢᠯ᠎ᠢ ᠤᠯᠠᠮ ᠨᠢᠭᠡ ᠠᠯᠬᠤᠮ ᠰᠠᠢᠲᠤᠷ ᠬᠢᠬᠦ ᠲᠤᠬᠠᠢ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠎ᠤ ᠠᠯᠪᠠᠨ ᠲᠢᠩᠬᠢᠮ᠎ᠦᠨ ᠮᠡᠳᠡᠭᠳᠡᠯ 》 ( ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ ᠲᠠᠷᠬᠠᠭᠠᠭᠰᠠᠨ [ 2022 ] 60 ᠳ᠋ᠤᠭᠠᠷ ᠲᠣᠭᠠᠲᠤ ) ᠪᠠ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠦᠨ 〈 ᠮᠡᠷᠭᠡᠵᠢᠯ᠎ᠦᠨ ᠴᠣᠯᠠ᠎ᠶᠢᠨ ᠳᠦᠷᠢᠮ᠎ᠦᠨ ᠥᠭᠡᠷᠡᠴᠢᠯᠡᠯᠲᠡ᠎ᠶᠢ ᠭᠦᠨᠵᠡᠭᠡᠢᠷᠡᠭᠦᠯᠬᠦ ᠲᠤᠬᠠᠢ ᠬᠡᠷᠡᠭᠵᠢᠭᠦᠯᠬᠦ ᠰᠠᠨᠠᠯ 〉᠎ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ 》᠎ᠢ ᠦᠨᠳᠦᠰᠦᠯᠡᠵᠦ ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠤᠨ ᠂ ᠲᠣᠰ ᠬᠢᠨᠠᠨ ᠲᠣᠭᠲᠠᠭᠠᠬᠤ ᠨᠥᠬᠥᠴᠡᠯ᠎ᠢ ᠲᠣᠭᠲᠠᠭᠠᠪᠠ ᠃
ᠬᠣᠶᠠᠳᠤᠭᠠᠷ ᠵᠦᠢᠯ ᠲᠣᠰ ᠬᠢᠨᠠᠨ ᠲᠣᠭᠲᠠᠭᠠᠬᠤ ᠨᠥᠬᠥᠴᠡᠯ᠎ᠢ ᠥᠪᠡᠷᠲᠡᠭᠡᠨ ᠵᠠᠰᠠᠬᠤ ᠣᠷᠣᠨ᠎ᠤ ᠬᠡᠪᠴᠢᠶᠡᠨ᠎ᠳᠡᠬᠢ ᠠᠯᠪᠠᠲᠠᠨ ᠂ ᠠᠯᠪᠠᠲᠠᠨ᠎ᠤ ᠬᠠᠤᠯᠢ᠎ᠪᠠᠷ ᠯᠠᠪᠯᠠᠯᠲᠠ ᠪᠣᠯᠭᠠᠵᠤ ᠬᠠᠮᠢᠶᠠᠷᠴᠤ ᠪᠠᠢᠭ᠎ᠠ ᠠᠵᠢᠯᠲᠠᠨ ᠂ ᠠᠵᠢᠯ᠎ᠠᠴᠠ᠎ᠪᠠᠨ ᠳᠠᠷᠬᠠᠯᠠᠭᠳᠠᠭᠰᠠᠨ ᠪᠠ ᠠᠵᠢᠯ᠎ᠠᠴᠠ᠎ᠪᠠᠨ ᠪᠠᠭᠤᠵᠤ ᠠᠮᠠᠷᠠᠭᠰᠠᠨ ᠬᠥᠮᠥᠰ᠎ᠡᠴᠡ ᠪᠤᠰᠤᠳ ᠡᠯ᠎ᠡ ᠲᠥᠷᠥᠯ᠎ᠦᠨ ᠲᠤᠰᠬᠠᠢ ᠲᠤᠰᠢᠶᠠᠯᠲᠤ ᠬᠠᠤᠯᠢᠴᠢ ᠂ ᠬᠠᠤᠯᠢ ᠴᠠᠭᠠᠵᠠ᠎ᠶᠢᠨ ᠲᠤᠰᠠᠯᠠᠮᠵᠢ᠎ᠶᠢᠨ ᠬᠠᠤᠯᠢᠴᠢ ᠂ ᠺᠣᠮᠫᠠᠨᠢ᠎ᠶᠢᠨ ᠬᠠᠤᠯᠢᠴᠢ᠎ᠳᠤ ᠲᠣᠬᠢᠷᠠᠭᠤᠯᠤᠨ ᠬᠡᠷᠡᠭᠯᠡᠨ᠎ᠡ ᠃
ᠭᠤᠷᠪᠠᠳᠤᠭᠠᠷ ᠵᠦᠢᠯ ᠲᠤᠰ ᠬᠢᠨᠠᠨ ᠲᠣᠭᠲᠠᠭᠠᠬᠤ ᠨᠥᠬᠥᠴᠡᠯ᠎ᠳᠦ ᠵᠠᠩ ᠮᠣᠷᠠᠯ᠂ ᠴᠢᠳᠠᠪᠤᠷᠢ ᠪᠠ ᠠᠵᠢᠯ᠎ᠤᠨ ᠠᠮᠵᠢᠯᠲᠠ᠎ᠶᠢ ᠦᠨᠡᠯᠡᠬᠦ ᠤᠳᠤᠷᠢᠳᠤᠮᠵᠢ᠎ᠶᠢ ᠲᠤᠪᠤᠢ᠍ᠢᠯᠭᠠᠵᠤ᠂ ᠠᠵᠢᠯ ᠮᠡᠷᠭᠡᠵᠢᠯ᠎ᠦᠨ ᠶᠣᠰᠣ᠌ ᠮᠣᠷᠠᠯ᠎ᠢ ᠦᠨᠡᠯᠡᠬᠦ᠎ᠶᠢ ᠲᠡᠷᠢᠭᠦᠨ ᠪᠠᠢᠷᠢᠨ᠎ᠳᠤ ᠲᠠᠯᠪᠢᠬᠤ᠎ᠶᠢ ᠪᠠᠷᠢᠮᠲᠠᠯᠠᠵᠤ᠂ ᠬᠠᠤᠯᠢ᠎ᠶᠢ ᠵᠥᠷᠢᠴᠡᠭᠰᠡᠨ᠂ ᠢᠲᠡᠭᠡᠯ᠎ᠢᠶᠡᠨ ᠠᠯᠳᠠᠭᠰᠠᠨ ᠪᠠ ᠡᠷᠳᠡᠮ ᠰᠢᠨᠵᠢᠯᠡᠭᠡᠨ᠎ᠦ ᠲᠥᠪ ᠪᠤᠰᠤ ᠬᠥᠮᠥᠰ᠎ᠢ ᠬᠢᠨᠠᠨ ᠲᠣᠭᠲᠠᠭᠠᠬᠤ ᠶᠠᠪᠤᠴᠠ᠎ᠳᠤ ᠨᠢᠭᠡ ᠯᠡ ᠫᠢᠶᠣᠣ᠎ᠪᠠᠷ ᠦᠭᠡᠢᠰᠬᠡᠵᠦ᠂ ᠬᠠᠤᠯᠢᠴᠢ᠎ᠶᠢᠨ ᠲᠤᠰᠬᠠᠢ ᠮᠡᠷᠭᠡᠵᠢᠯ᠎ᠦᠨ ᠠᠵᠢᠯᠲᠠᠨ᠎ᠤ ᠠᠵᠢᠯ ᠮᠡᠷᠭᠡᠵᠢᠯ᠎ᠦᠨ ᠶᠣᠰᠣ᠌ ᠮᠣᠷᠠᠯ᠎ᠤᠨ ᠰᠠᠬᠢᠯᠭ᠎ᠠ᠎ᠪᠠᠨ ᠳᠡᠭᠡᠭᠰᠢᠯᠡᠭᠦᠯᠬᠦ᠎ᠶᠢ ᠵᠣᠷᠢᠭ᠍ᠵᠢᠭᠤᠯᠤᠨ᠎ᠠ᠃ ᠰᠤᠷᠤᠯᠭ᠎ᠠ᠎ᠶᠢᠨ ᠨᠠᠮᠲᠠᠷ ᠂ ᠬᠢᠷᠢ ᠬᠡᠮ ᠂ ᠥᠭᠦᠯᠡᠯ ᠂ ᠱᠠᠩᠨᠠᠯ᠎ᠤᠨ ᠵᠦᠢᠯ᠎ᠢ ᠯᠡ ᠡᠷᠬᠢᠮᠯᠡᠬᠦ ᠬᠡᠯᠪᠡᠷᠢᠯ᠎ᠢ ᠦᠨᠡᠨ ᠬᠦ᠌ ᠲᠡᠪᠴᠢᠵᠦ ᠂ ᠲᠤᠰᠬᠠᠢ ᠮᠡᠷᠭᠡᠵᠢᠯ᠎ᠦᠨ ᠴᠢᠳᠠᠪᠤᠷᠢᠲᠠᠨ᠎ᠤ ᠲᠤᠰᠬᠠᠢ ᠮᠡᠷᠭᠡᠵᠢᠯ᠎ᠦᠨ ᠴᠢᠨᠠᠷ ᠂ ᠰᠢᠨ᠎ᠡ᠎ᠶᠢ ᠡᠭᠦᠳᠬᠦ ᠴᠢᠨᠠᠷ ᠪᠠ ᠪᠣᠳᠠᠲᠠᠢ ᠬᠤᠪᠢ ᠨᠡᠮᠡᠷᠢ᠎ᠶᠢ ᠰᠢᠯᠭᠠᠨ ᠪᠠᠢᠴᠠᠭᠠᠬᠤ᠎ᠶᠢ ᠴᠢᠬᠤᠯᠠᠴᠢᠯᠠᠨ᠎ᠠ ᠃
ᠳᠥᠷᠪᠡᠳᠦᠭᠡᠷ ᠵᠦᠢᠯ ᠬᠠᠤᠯᠢᠴᠢ᠎ᠶᠢᠨ ᠲᠤᠰᠬᠠᠢ ᠮᠡᠷᠭᠡᠵᠢᠯ᠎ᠦᠨ ᠴᠣᠯᠠ᠎ᠶᠢᠨ ᠨᠡᠷᠡᠢᠳᠦᠯ ᠨᠢ᠄ ᠨᠢᠭᠡᠳᠦᠭᠡᠷ ᠳᠡᠰ᠎ᠤᠨ ᠬᠠᠤᠯᠢᠴᠢ᠂ ᠬᠣᠶᠠᠳᠤᠭᠠᠷ ᠳᠡᠰ᠎ᠤᠨ ᠬᠠᠤᠯᠢᠴᠢ᠂ ᠭᠤᠷᠪᠠᠳᠤᠭᠠᠷ ᠳᠡᠰ᠎ᠤᠨ ᠬᠠᠤᠯᠢᠴᠢ᠂ ᠳᠥᠷᠪᠡᠳᠦᠭᠡᠷ ᠳᠡᠰ᠎ᠤᠨ ᠬᠠᠤᠯᠢᠴᠢ ᠪᠣᠯᠣᠨ᠎ᠠ᠃ ᠡᠭᠦᠨ᠎ᠳᠦ ᠨᠢᠭᠡᠳᠦᠭᠡᠷ ᠳᠡᠰ᠎ᠤᠨ ᠬᠠᠤᠯᠢᠴᠢ ᠨᠢ ᠵᠢᠩᠬᠢᠨᠢ ᠳᠡᠭᠡᠳᠦ ᠵᠡᠷᠭᠡ᠂ ᠬᠣᠶᠠᠳᠤᠭᠠᠷ ᠳᠡᠰ᠎ᠤᠨ ᠬᠠᠤᠯᠢᠴᠢ ᠨᠢ ᠳᠡᠳ᠋ ᠳᠡᠭᠡᠳᠦ ᠵᠡᠷᠭᠡ᠂ ᠭᠤᠷᠪᠠᠳᠤᠭᠠᠷ ᠳᠡᠰ᠎ᠤᠨ ᠬᠠᠤᠯᠢᠴᠢ ᠨᠢ ᠳᠤᠮᠳᠠ ᠵᠡᠷᠭᠡ᠂ ᠳᠥᠷᠪᠡᠳᠦᠭᠡᠷ ᠳᠡᠰ᠎ᠤᠨ ᠬᠠᠤᠯᠢᠴᠢ ᠨᠢ ᠠᠩᠬ᠎ᠠ ᠵᠡᠷᠭᠡ ᠪᠣᠯᠣᠨ᠎ᠠ᠃ ᠬᠠᠤᠯᠢᠴᠢ᠎ᠶᠢᠨ ᠲᠤᠰᠬᠠᠢ ᠮᠡᠷᠭᠡᠵᠢᠯ᠎ᠦᠨ ᠴᠣᠯᠠ ᠨᠢ ᠠᠵᠢᠯ ᠦᠢᠯᠡᠰ᠎ᠦᠨ ᠨᠢᠭᠡᠴᠢ᠎ᠶᠢᠨ ᠲᠤᠰᠬᠠᠢ ᠮᠡᠷᠭᠡᠵᠢᠯ᠎ᠦᠨ ᠠᠵᠢᠯ᠎ᠤᠨ ᠪᠠᠢᠷᠢ᠎ᠶᠢᠨ ᠵᠡᠷᠭᠡ ᠳᠡᠰ᠎ᠲᠠᠢ ᠬᠠᠷᠢᠯᠴᠠᠨ ᠵᠣᠬᠢᠴᠠᠯᠳᠤᠵᠤ᠂ ᠵᠢᠩᠬᠢᠨᠢ ᠳᠡᠭᠡᠳᠦ ᠵᠡᠷᠭᠡ ᠨᠢ ᠲᠤᠰᠬᠠᠢ ᠮᠡᠷᠭᠡᠵᠢᠯ᠎ᠦᠨ ᠠᠵᠢᠯ᠎ᠤᠨ ᠪᠠᠢᠷᠢ᠎ᠶᠢᠨ ᠨᠢᠭᠡ᠎ᠡᠴᠡ ᠳᠥᠷᠪᠡᠳᠦᠭᠡᠷ ᠳᠡᠰ ᠲᠠᠢ ᠬᠠᠷᠠᠭᠠᠯᠵᠠᠵᠤ᠂ ᠳᠡᠳ᠋ ᠳᠡᠭᠡᠳᠦ ᠵᠡᠷᠭᠡ ᠨᠢ ᠲᠤᠰᠬᠠᠢ ᠮᠡᠷᠭᠡᠵᠢᠯ᠎ᠦᠨ ᠠᠵᠢᠯ᠎ᠤᠨ ᠪᠠᠢᠷᠢ᠎ᠶᠢᠨ ᠲᠠᠪᠤ᠎ᠠᠴᠠ ᠳᠣᠯᠣᠳᠤᠭᠠᠷ ᠳᠡᠰ ᠲᠠᠢ ᠬᠠᠷᠠᠭᠠᠯᠵᠠᠵᠤ᠂ ᠳᠤᠮᠳᠠ ᠵᠡᠷᠭᠡ ᠨᠢ ᠲᠤᠰᠬᠠᠢ ᠮᠡᠷᠭᠡᠵᠢᠯ᠎ᠦᠨ ᠠᠵᠢᠯ᠎ᠤᠨ ᠪᠠᠢᠷᠢ᠎ᠶᠢᠨ ᠨᠠᠢ᠍ᠮᠠ᠎ᠠᠴᠠ ᠠᠷᠪᠠᠳᠤᠭᠠᠷ ᠳᠡᠰ ᠲᠠᠢ ᠬᠠᠷᠠᠭᠠᠯᠵᠠᠵᠤ᠂ ᠠᠩᠬ᠎ᠠ ᠵᠡᠷᠭᠡ ᠨᠢ ᠲᠤᠰᠬᠠᠢ ᠮᠡᠷᠭᠡᠵᠢᠯ᠎ᠦᠨ ᠠᠵᠢᠯ᠎ᠤᠨ ᠪᠠᠢᠷᠢ᠎ᠶᠢᠨ ᠠᠷᠪᠠᠨ ᠨᠢᠭᠡᠳᠦᠭᠡᠷ ᠳᠡᠰ᠎ᠠᠴᠠ ᠠᠷᠪᠠᠨ ᠭᠤᠷᠪᠠᠳᠤᠭᠠᠷ ᠳᠡᠰ ᠲᠠᠢ ᠬᠠᠷᠠᠭᠠᠯᠵᠠᠨ᠎ᠠ᠃
ᠲᠠᠪᠤᠳᠤᠭᠠᠷ ᠵᠦᠢᠯ ᠬᠠᠤᠯᠢᠴᠢ᠎ᠶᠢᠨ ᠲᠤᠰᠬᠠᠢ ᠮᠡᠷᠭᠡᠵᠢᠯ᠎ᠦᠨ ᠴᠣᠯᠠ᠎ᠶᠢ ᠬᠠᠷᠠᠭᠠᠯᠵᠠᠭᠰᠠᠨ ᠬᠢᠨᠠᠨ ᠲᠣᠭᠲᠠᠭᠠᠬᠤ ᠺᠣᠮᠢᠰ᠎ᠢᠶᠠᠷ ᠬᠢᠨᠠᠨ ᠲᠣᠭᠲᠠᠭᠠᠯᠭᠠᠵᠤ᠂ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ᠎ᠡᠴᠡ ᠬᠢᠨᠠᠨ ᠵᠥᠪᠰᠢᠶᠡᠷᠡᠵᠦ ᠳᠠᠩᠰᠠᠯᠠᠭᠤᠯᠤᠭᠰᠠᠨ᠎ᠤ ᠲᠠᠷᠠᠭ᠎ᠠ ᠰᠠᠶᠢ ᠣᠯᠵᠤ ᠪᠣᠯᠣᠨ᠎ᠠ᠃
ᠬᠣᠶᠠᠳᠤᠭᠠᠷ ᠪᠦᠯᠦᠭ ᠭᠤᠶᠤᠴᠢᠯᠠᠨ ᠮᠡᠳᠡᠭᠦᠯᠬᠦ ᠦᠨᠳᠦᠰᠦᠨ ᠨᠥᠬᠥᠴᠡᠯ
ᠵᠢᠷᠭᠤᠳᠤᠭᠠᠷ ᠵᠦᠢᠯ ᠬᠠᠤᠯᠢᠴᠢ᠎ᠶᠢᠨ ᠮᠡᠷᠭᠡᠵᠢᠯ᠎ᠦᠨ ᠴᠣᠯᠠ ᠭᠤᠶᠤᠴᠢᠯᠠᠨ ᠮᠡᠳᠡᠭᠦᠯᠬᠦ ᠬᠥᠮᠥᠰ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶᠢ ᠬᠦᠷᠢᠶᠡᠯᠡᠬᠦ᠂ ᠡᠬᠡ ᠣᠷᠣᠨ᠎ᠢᠶᠠᠨ ᠬᠠᠢᠷᠠᠯᠠᠬᠤ᠂ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠨ ᠬᠠᠤᠯᠢ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ᠎ᠢ ᠵᠢᠷᠤᠮᠯᠠᠬᠤ᠎ᠶᠢ ᠪᠠᠷᠢᠮᠲᠠᠯᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠣᠣᠯ ᠰᠢᠵᠢᠮ ᠪᠣᠯᠭᠠᠬᠤ᠎ᠶᠢ ᠪᠠᠷᠢᠮᠲᠠᠯᠠᠵᠤ᠂ ᠨᠡᠢᠭᠡᠮ ᠵᠢᠷᠤᠮ᠎ᠤᠨ ᠭᠣᠣᠯᠯᠠᠬᠤ ᠦᠷᠳᠡᠭ᠎ᠦᠨ ᠦᠵᠡᠯᠲᠡ᠎ᠶᠢ ᠦᠢᠯᠡᠳᠦᠯᠭᠡᠵᠢᠭᠦᠯᠬᠦ ᠬᠡᠷᠡᠭᠲᠡᠢ᠃ ᠰᠠᠢᠨ ᠰᠠᠢᠬᠠᠨ ᠠᠵᠢᠯ ᠮᠡᠷᠭᠡᠵᠢᠯ᠎ᠦᠨ ᠶᠣᠰᠣ᠌ ᠮᠣᠷᠠᠯ ᠪᠠ ᠠᠵᠢᠯ ᠦᠢᠯᠡᠰ᠎ᠢᠶᠡᠨ ᠳᠡᠭᠡᠳᠦᠯᠡᠬᠦ ᠵᠣᠷᠢᠭ᠋ ᠰᠠᠨᠠᠭ᠎ᠠ᠎ᠲᠠᠢ ᠪᠠᠢᠵᠤ ᠂ ᠣᠪᠣᠷ ᠰᠤᠷᠲᠠᠯ ᠨᠢ ᠲᠥᠪ ᠂ ᠵᠣᠬᠢᠬᠤ ᠬᠠᠤᠯᠢᠴᠢ᠎ᠶᠢᠨ ᠲᠤᠰᠬᠠᠢ ᠮᠡᠷᠭᠡᠵᠢᠯ᠎ᠦᠨ ᠮᠡᠳᠡᠯᠭᠡ ᠪᠠ ᠲᠤᠬᠠᠢᠯᠠᠭᠰᠠᠨ ᠠᠵᠢᠯ᠎ᠤᠨ ᠤᠷ᠎ᠠ ᠴᠢᠳᠠᠪᠤᠷᠢ᠎ᠲᠠᠢ ᠪᠠᠢᠵᠤ ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠬᠥᠭᠵᠢᠯᠲᠡ᠎ᠳᠦ ᠢᠳᠡᠪᠬᠢᠲᠡᠢ᠎ᠪᠡᠷ ᠦᠢᠯᠡᠴᠢᠯᠡᠨ᠎ᠡ ᠃
ᠳᠣᠯᠣᠳᠤᠭᠠᠷ ᠵᠦᠢᠯ ᠬᠠᠤᠯᠢᠴᠢ᠎ᠶᠢᠨ ᠮᠡᠷᠭᠡᠵᠢᠯ᠎ᠦᠨ ᠴᠣᠯᠠ ᠭᠤᠶᠤᠴᠢᠯᠠᠨ ᠮᠡᠳᠡᠭᠦᠯᠬᠦ ᠬᠥᠮᠥᠰ ᠡᠷᠬᠡᠪᠰᠢ ᠤᠯᠤᠰ᠎ᠤᠨ ᠨᠢᠭᠡᠳᠦᠯᠲᠡᠢ ᠬᠠᠤᠯᠢ ᠴᠠᠭᠠᠵᠠ᠎ᠶᠢᠨ ᠠᠵᠢᠯ ᠮᠡᠷᠭᠡᠵᠢᠯ᠎ᠦᠨ ᠬᠢᠷᠢ ᠬᠡᠮ᠎ᠦᠨ ᠰᠢᠯᠭᠠᠯᠲᠠ᠎ᠶᠢ ᠥᠩᠭᠡᠷᠡᠭᠡᠵᠦ᠂ ᠬᠠᠤᠯᠢ ᠴᠠᠭᠠᠵᠠ᠎ᠶᠢᠨ ᠠᠵᠢᠯ ᠮᠡᠷᠭᠡᠵᠢᠯ᠎ᠦᠨ ᠬᠢᠷᠢ ᠬᠡᠮ ᠣᠯᠣᠭᠰᠠᠨ ᠪᠠᠢᠬᠤ ᠬᠡᠷᠡᠭᠲᠡᠢ ᠪᠥᠭᠡᠳ ᠤᠳᠤ᠎ᠶᠢᠨ ᠲᠤᠰᠢᠶᠠᠯ᠎ᠳᠤ ᠭᠠᠷᠤᠭᠰᠠᠨ᠎ᠠᠴᠠ ᠨᠠᠭᠠᠰᠢᠬᠢ 3 ᠵᠢᠯ ᠰᠢᠬᠠᠮ᠎ᠤᠨ ᠵᠢᠯ᠎ᠦᠨ ᠬᠢᠨᠠᠨ ᠰᠢᠯᠭᠠᠯᠲᠠ᠎ᠳᠤ ᠴᠥᠮ ᠲᠤᠰᠢᠶᠠᠯ᠎ᠳᠠᠭᠠᠨ ᠲᠡᠩᠴᠡᠭᠰᠡᠨ ( ᠬᠢᠷᠢ ᠲᠡᠩᠴᠡᠭᠰᠡᠨ )᠎ᠡᠴᠡ ᠳᠡᠭᠡᠭᠰᠢ ᠪᠠᠢᠬᠤ ᠬᠡᠷᠡᠭᠲᠡᠢ ᠪᠥᠭᠡᠳ ᠱᠠᠭᠠᠷᠳᠠᠯᠭ᠎ᠠ ᠶᠣᠰᠣᠭᠠᠷ ᠦᠷᠭᠦᠯᠵᠢᠯᠡᠭᠰᠡᠨ ᠬᠥᠮᠦᠵᠢᠯ᠎ᠳᠤ ᠣᠷᠣᠯᠴᠠᠭᠰᠠᠨ ᠪᠠᠢᠬᠤ ᠬᠡᠷᠡᠭᠲᠡᠢ᠃
ᠨᠠᠢ᠍ᠮᠠᠳᠤᠭᠠᠷ ᠵᠦᠢᠯ ᠰᠤᠷᠤᠯᠭ᠎ᠠ᠎ᠶᠢᠨ ᠨᠠᠮᠲᠠᠷ ( ᠡᠷᠳᠡᠮ᠎ᠦᠨ ᠴᠣᠯᠠ ) ᠂ ᠬᠢᠷᠢ ᠬᠡᠮ᠎ᠦᠨ ᠨᠥᠬᠥᠴᠡᠯ
( ᠨᠢᠭᠡ ) ᠨᠢᠭᠡᠳᠦᠭᠡᠷ ᠳᠡᠰ᠎ᠤᠨ ᠬᠠᠤᠯᠢᠴᠢ᠎ᠶᠢᠨ ᠮᠡᠷᠭᠡᠵᠢᠯ᠎ᠦᠨ ᠴᠣᠯᠠ ᠮᠡᠳᠡᠭᠦᠯᠬᠦ᠎ᠳᠦ ᠡᠷᠬᠡᠪᠰᠢ ᠳᠣᠣᠷ᠎ᠠ ᠵᠢᠭ᠍ᠰᠠᠭᠠᠭᠰᠠᠨ ᠨᠥᠬᠥᠴᠡᠯ᠎ᠦᠳ᠎ᠢ ᠪᠦᠷᠢᠯᠳᠦᠭᠦᠯᠦᠭᠰᠡᠨ ᠪᠠᠢᠬᠤ ᠬᠡᠷᠡᠭᠲᠡᠢ᠄
ᠶᠡᠬᠡ ᠰᠤᠷᠭᠠᠭᠤᠯᠢ᠎ᠶᠢᠨ ᠵᠢᠩᠬᠢᠨᠢ ᠠᠩᠭᠢ᠎ᠠᠴᠠ ᠳᠡᠭᠡᠭᠰᠢ ᠰᠤᠷᠤᠯᠭ᠎ᠠ᠎ᠶᠢᠨ ᠨᠠᠮᠲᠠᠷ᠎ᠲᠠᠢ ᠪᠤᠶᠤ ᠪᠠᠴᠸᠯᠸᠷ ᠡᠴᠡ ᠳᠡᠭᠡᠭᠰᠢ ᠡᠷᠳᠡᠮ᠎ᠦᠨ ᠴᠣᠯᠠ᠎ᠲᠠᠢ ᠪᠠᠢᠵᠤ᠂ ᠬᠣᠶᠠᠳᠤᠭᠠᠷ ᠳᠡᠰ᠎ᠤᠨ ᠬᠠᠤᠯᠢᠴᠢ᠎ᠶᠢᠨ ᠮᠡᠷᠭᠡᠵᠢᠯ᠎ᠦᠨ ᠴᠣᠯᠠ ᠣᠯᠣᠭᠰᠠᠨ᠎ᠤ ᠲᠠᠷᠠᠭ᠎ᠠ᠂ ᠬᠠᠤᠯᠢᠴᠢ᠎ᠶᠢᠨ ᠠᠵᠢᠯ᠎ᠢ ᠪᠦᠬᠦᠯᠢ 5 ᠵᠢᠯ ᠬᠢᠭᠰᠡᠨ ᠪᠠᠢᠬᠤ ᠬᠡᠷᠡᠭᠲᠡᠢ᠃
( ᠬᠣᠶᠠᠷ ) ᠬᠣᠶᠠᠳᠤᠭᠠᠷ ᠳᠡᠰ᠎ᠤᠨ ᠬᠠᠤᠯᠢᠴᠢ᠎ᠶᠢᠨ ᠮᠡᠷᠭᠡᠵᠢᠯ᠎ᠦᠨ ᠴᠣᠯᠠ ᠮᠡᠳᠡᠭᠦᠯᠬᠦ᠎ᠳᠦ ᠡᠷᠬᠡᠪᠰᠢ ᠳᠣᠣᠷ᠎ᠠ ᠵᠢᠭ᠍ᠰᠠᠭᠠᠭᠰᠠᠨ ᠨᠥᠬᠥᠴᠡᠯ᠎ᠦᠳ᠎ᠦᠨ ᠨᠢᠭᠡ᠎ᠶᠢ ᠪᠦᠷᠢᠯᠳᠦᠭᠦᠯᠦᠭᠰᠡᠨ ᠪᠠᠢᠬᠤ ᠬᠡᠷᠡᠭᠲᠡᠢ᠄
1. ᠳ᠋ᠣᠺᠲ᠋ᠣᠷ ᠴᠣᠯᠠ᠎ᠲᠠᠢ᠂ ᠭᠤᠷᠪᠠᠳᠤᠭᠠᠷ ᠳᠡᠰ᠎ᠤᠨ ᠬᠠᠤᠯᠢᠴᠢ᠎ᠶᠢᠨ ᠮᠡᠷᠭᠡᠵᠢᠯ᠎ᠦᠨ ᠴᠣᠯᠠ ᠣᠯᠣᠭᠰᠠᠨ᠎ᠤ ᠲᠠᠷᠠᠭ᠎ᠠ᠂ ᠬᠠᠤᠯᠢᠴᠢ᠎ᠶᠢᠨ ᠠᠵᠢᠯ᠎ᠢ ᠪᠦᠬᠦᠯᠢ 2 ᠵᠢᠯ ᠬᠢᠭᠰᠡᠨ ;
2. ᠶᠡᠬᠡ ᠰᠤᠷᠭᠠᠭᠤᠯᠢ᠎ᠶᠢᠨ ᠵᠢᠩᠬᠢᠨᠢ ᠠᠩᠭᠢ᠎ᠠᠴᠠ ᠳᠡᠭᠡᠭᠰᠢ ᠰᠤᠷᠤᠯᠭ᠎ᠠ᠎ᠶᠢᠨ ᠨᠠᠮᠲᠠᠷ᠎ᠲᠠᠢ᠂ ᠭᠤᠷᠪᠠᠳᠤᠭᠠᠷ ᠳᠡᠰ᠎ᠤᠨ ᠬᠠᠤᠯᠢᠴᠢ᠎ᠶᠢᠨ ᠮᠡᠷᠭᠡᠵᠢᠯ᠎ᠦᠨ ᠴᠣᠯᠠ ᠣᠯᠣᠭᠰᠠᠨ᠎ᠤ ᠲᠠᠷᠠᠭ᠎ᠠ᠂ ᠬᠠᠤᠯᠢᠴᠢ᠎ᠶᠢᠨ ᠠᠵᠢᠯ᠎ᠢ ᠪᠦᠬᠦᠯᠢ 5 ᠵᠢᠯ ᠬᠢᠭᠰᠡᠨ ᠪᠠᠢᠬᠤ᠃
( ᠭᠤᠷᠪᠠ ) ᠭᠤᠷᠪᠠᠳᠤᠭᠠᠷ ᠳᠡᠰ᠎ᠤᠨ ᠬᠠᠤᠯᠢᠴᠢ᠎ᠶᠢᠨ ᠮᠡᠷᠭᠡᠵᠢᠯ᠎ᠦᠨ ᠴᠣᠯᠠ ᠮᠡᠳᠡᠭᠦᠯᠬᠦ᠎ᠳᠦ ᠡᠷᠬᠡᠪᠰᠢ ᠳᠣᠣᠷ᠎ᠠ ᠵᠢᠭ᠍ᠰᠠᠭᠠᠭᠰᠠᠨ ᠨᠥᠬᠥᠴᠡᠯ᠎ᠦᠳ᠎ᠦᠨ ᠨᠢᠭᠡ᠎ᠶᠢ ᠪᠦᠷᠢᠯᠳᠦᠭᠦᠯᠦᠭᠰᠡᠨ ᠪᠠᠢᠬᠤ ᠬᠡᠷᠡᠭᠲᠡᠢ᠄
1. ᠳ᠋ᠣᠺᠲ᠋ᠣᠷ ᠴᠣᠯᠠ᠎ᠲᠠᠢ᠂ ᠬᠠᠤᠯᠢᠴᠢ᠎ᠶᠢᠨ ᠠᠵᠢᠯ᠎ᠢ ᠪᠦᠬᠦᠯᠢ 1 ᠵᠢᠯ ᠬᠢᠭᠰᠡᠨ ᠪᠠᠢᠬᠤ ;
2. ᠮᠠᠰᠲᠧᠷ ᠴᠣᠯᠠ᠎ᠲᠠᠢ᠂ ᠳᠥᠷᠪᠡᠳᠦᠭᠡᠷ ᠳᠡᠰ᠎ᠤᠨ ᠬᠠᠤᠯᠢᠴᠢ᠎ᠶᠢᠨ ᠮᠡᠷᠭᠡᠵᠢᠯ᠎ᠦᠨ ᠴᠣᠯᠠ ᠣᠯᠣᠭᠰᠠᠨ᠎ᠤ ᠲᠠᠷᠠᠭ᠎ᠠ᠂ ᠬᠠᠤᠯᠢᠴᠢ᠎ᠶᠢᠨ ᠠᠵᠢᠯ᠎ᠢ ᠪᠦᠬᠦᠯᠢ 2 ᠵᠢᠯ ᠬᠢᠭᠰᠡᠨ ;
3. ᠶᠡᠬᠡ ᠰᠤᠷᠭᠠᠭᠤᠯᠢ᠎ᠶᠢᠨ ᠵᠢᠩᠬᠢᠨᠢ ᠠᠩᠭᠢ᠎ᠶᠢᠨ ᠰᠤᠷᠤᠯᠭ᠎ᠠ᠎ᠶᠢᠨ ᠨᠠᠮᠲᠠᠷ᠎ᠲᠠᠢ ᠪᠤᠶᠤ ᠣᠶᠤᠲᠠᠨ᠎ᠤ ᠡᠷᠳᠡᠮ᠎ᠦᠨ ᠴᠣᠯᠠ᠎ᠲᠠᠢ ᠪᠤᠶᠤ ᠶᠡᠬᠡ ᠰᠤᠷᠭᠠᠭᠤᠯᠢ᠎ᠶᠢᠨ ᠲᠤᠰᠬᠠᠢ ᠠᠩᠭᠢ᠎ᠶᠢᠨ ᠰᠤᠷᠤᠯᠭ᠎ᠠ᠎ᠶᠢᠨ ᠨᠠᠮᠲᠠᠷ᠎ᠲᠠᠢ ᠪᠠᠢᠵᠤ᠂ ᠳᠥᠷᠪᠡᠳᠦᠭᠡᠷ ᠳᠡᠰ᠎ᠤᠨ ᠬᠠᠤᠯᠢᠴᠢ᠎ᠶᠢᠨ ᠮᠡᠷᠭᠡᠵᠢᠯ᠎ᠦᠨ ᠴᠣᠯᠠ ᠣᠯᠣᠭᠰᠠᠨ᠎ᠤ ᠲᠠᠷᠠᠭ᠎ᠠ᠂ ᠬᠠᠤᠯᠢᠴᠢ᠎ᠶᠢᠨ ᠠᠵᠢᠯ᠎ᠢ ᠪᠦᠬᠦᠯᠢ 4 ᠵᠢᠯ ᠬᠢᠭᠰᠡᠨ ᠃
( ᠳᠥᠷᠪᠡ ) ᠳᠥᠷᠪᠡᠳᠦᠭᠡᠷ ᠳᠡᠰ᠎ᠤᠨ ᠬᠠᠤᠯᠢᠴᠢ᠎ᠶᠢᠨ ᠮᠡᠷᠭᠡᠵᠢᠯ᠎ᠦᠨ ᠴᠣᠯᠠ ᠮᠡᠳᠡᠭᠦᠯᠬᠦ᠎ᠳᠦ ᠡᠷᠬᠡᠪᠰᠢ ᠳᠣᠣᠷ᠎ᠠ ᠵᠢᠭ᠍ᠰᠠᠭᠠᠭᠰᠠᠨ ᠨᠥᠬᠥᠴᠡᠯ᠎ᠦᠳ᠎ᠦᠨ ᠨᠢᠭᠡ᠎ᠶᠢ ᠪᠦᠷᠢᠯᠳᠦᠭᠦᠯᠦᠭᠰᠡᠨ ᠪᠠᠢᠬᠤ ᠬᠡᠷᠡᠭᠲᠡᠢ᠄
1. ᠶᠡᠬᠡ ᠰᠤᠷᠭᠠᠭᠤᠯᠢ᠎ᠶᠢᠨ ᠵᠢᠩᠬᠢᠨᠢ ᠠᠩᠭᠢ ᠵᠢᠴᠢ ᠲᠡᠭᠦᠨ᠎ᠡᠴᠡ ᠳᠡᠭᠡᠭᠰᠢ ᠰᠤᠷᠤᠯᠭ᠎ᠠ᠎ᠶᠢᠨ ᠨᠠᠮᠲᠠᠷ᠎ᠲᠠᠢ ᠪᠤᠶᠤ ᠪᠠᠴᠸᠯᠸᠷ ᠵᠢᠴᠢ ᠲᠡᠭᠦᠨ᠎ᠡᠴᠡ ᠳᠡᠭᠡᠭᠰᠢ ᠡᠷᠳᠡᠮ᠎ᠦᠨ ᠴᠣᠯᠠ᠎ᠲᠠᠢ ᠪᠠᠢᠵᠤ᠂ ᠬᠠᠤᠯᠢᠴᠢ᠎ᠶᠢᠨ ᠠᠵᠢᠯ᠎ᠢ ᠪᠦᠬᠦᠯᠢ 1 ᠵᠢᠯ ᠬᠢᠭᠰᠡᠨ ᠪᠠᠢᠬᠤ ;
2. ᠶᠡᠬᠡ ᠰᠤᠷᠭᠠᠭᠤᠯᠢ᠎ᠶᠢᠨ ᠲᠤᠰᠬᠠᠢ ᠮᠡᠷᠭᠡᠵᠢᠯ᠎ᠦᠨ ᠰᠤᠷᠤᠯᠭ᠎ᠠ᠎ᠶᠢᠨ ᠨᠠᠮᠲᠠᠷ᠎ᠲᠠᠢ᠂ ᠬᠠᠤᠯᠢᠴᠢ᠎ᠶᠢᠨ ᠠᠵᠢᠯ᠎ᠢ ᠪᠦᠬᠦᠯᠢ 3 ᠵᠢᠯ ᠬᠢᠭᠰᠡᠨ ᠪᠠᠢᠬᠤ᠃
ᠶᠢᠰᠦᠳᠦᠭᠡᠷ ᠵᠦᠢᠯ ᠳᠦᠷᠢᠮ᠎ᠡᠴᠡ ᠭᠠᠳᠠᠨ᠎ᠠ ᠭᠤᠶᠤᠴᠢᠯᠠᠨ ᠮᠡᠳᠡᠭᠦᠯᠬᠦ ᠨᠥᠬᠥᠴᠡᠯ᠎ᠢ ᠭᠤᠶᠤᠴᠢᠯᠠᠨ ᠮᠡᠳᠡᠭᠦᠯᠵᠦ ᠬᠢᠨᠠᠨ ᠲᠣᠭᠲᠠᠭᠠᠬᠤ ᠣᠨ᠎ᠤ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠴᠣᠯᠠ᠎ᠶᠢᠨ ᠥᠭᠡᠷᠡᠴᠢᠯᠡᠯᠲᠡ᠎ᠶᠢᠨ ᠠᠵᠢᠯ᠎ᠤᠨ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃
ᠭᠤᠷᠪᠠᠳᠤᠭᠠᠷ ᠪᠦᠯᠦᠭ ᠴᠢᠳᠠᠪᠤᠷᠢ ᠠᠵᠢᠯ᠎ᠤᠨ ᠠᠮᠵᠢᠯᠲᠠ᠎ᠶᠢᠨ ᠨᠥᠬᠥᠴᠡᠯ
ᠠᠷᠪᠠᠳᠤᠭᠠᠷ ᠵᠦᠢᠯ ᠭᠤᠶᠤᠴᠢᠯᠠᠨ ᠮᠡᠳᠡᠭᠦᠯᠬᠦ ᠠᠵᠢᠯᠲᠠᠨ ᠬᠣᠶᠠᠳᠤᠭᠠᠷ ᠪᠦᠯᠦᠭ᠎ᠲᠦ ᠲᠣᠭᠲᠠᠭᠠᠭᠰᠠᠨ ᠭᠤᠶᠤᠴᠢᠯᠠᠨ ᠮᠡᠳᠡᠭᠦᠯᠬᠦ ᠦᠨᠳᠦᠰᠦᠨ ᠨᠥᠬᠥᠴᠡᠯ᠎ᠢ ᠪᠦᠷᠢᠳᠦᠭᠦᠯᠬᠦ᠎ᠡᠴᠡ ᠭᠠᠳᠠᠨ᠎ᠠ ᠂ ᠪᠠᠰᠠ ᠳᠣᠣᠷᠠᠬᠢ ᠮᠡᠲᠦ ᠵᠣᠬᠢᠬᠤ ᠴᠢᠳᠠᠪᠤᠷᠢ᠎ᠶᠢᠨ ᠠᠵᠢᠯ᠎ᠤᠨ ᠪᠦᠲᠦᠮᠵᠢ᠎ᠶᠢᠨ ᠨᠥᠬᠥᠴᠡᠯ᠎ᠳᠦ ᠬᠦᠷᠦᠭᠰᠡᠨ ᠪᠠᠢᠬᠤ ᠬᠡᠷᠡᠭᠲᠡᠢ ᠃
ᠠᠷᠪᠠᠨ ᠨᠢᠭᠡᠳᠦᠭᠡᠷ ᠵᠦᠢᠯ ᠨᠢᠭᠡᠳᠦᠭᠡᠷ ᠳᠡᠰ᠎ᠤᠨ ᠬᠠᠤᠯᠢᠴᠢ
( ᠨᠢᠭᠡ ) ᠲᠤᠰᠬᠠᠢ ᠮᠡᠷᠭᠡᠵᠢᠯ᠎ᠦᠨ ᠤᠨᠤᠯ᠎ᠤᠨ ᠬᠢᠷᠢ ᠬᠡᠮᠵᠢᠶ᠎ᠡ
1. ᠬᠠᠤᠯᠢᠴᠢ᠎ᠶᠢᠨ ᠪᠣᠳᠠᠲᠤ ᠠᠵᠢᠯ᠎ᠤᠨ ᠪᠠᠶᠠᠯᠢᠭ᠋ ᠲᠤᠷᠰᠢᠯᠭ᠎ᠠ᠎ᠲᠠᠢ ᠪᠠᠢᠵᠤ᠂ ᠬᠠᠤᠯᠢᠴᠢ᠎ᠶᠢᠨ ᠲᠤᠬᠠᠢᠯᠠᠭᠰᠠᠨ ᠠᠵᠢᠯ᠎ᠤᠨ ᠳᠤᠮᠳᠠ ᠢᠯᠡᠷᠡᠭᠰᠡᠨ ᠡᠯ᠎ᠡ ᠵᠦᠢᠯ᠎ᠦᠨ ᠴᠢᠬᠤᠯᠠ ᠶᠡᠬᠡ ᠬᠦᠴᠢᠷ ᠲᠦᠪᠡᠭᠲᠡᠢ ᠠᠰᠠᠭᠤᠳᠠᠯ᠎ᠢ ᠰᠢᠢᠳᠪᠦᠷᠢᠯᠡᠵᠦ ᠴᠢᠳᠠᠬᠤ᠂ ᠨᠠᠢᠳᠠᠭ᠍ᠴᠢ᠎ᠳᠤ ᠴᠢᠨᠠᠷ ᠰᠠᠢᠲᠠᠢ᠂ ᠥᠨᠳᠥᠷ ᠪᠦᠲᠦᠮᠵᠢᠲᠡᠶ᠂ ᠴᠠᠭ ᠲᠤᠬᠠᠢ ᠳ᠋ᠤᠨᠢ ᠬᠠᠤᠯᠢ ᠴᠠᠭᠠᠵᠠ᠎ᠶᠢᠨ ᠦᠢᠯᠡᠴᠢᠯᠡᠭᠡ ᠬᠠᠩᠭᠠᠵᠤ ᠲᠡᠢᠯᠬᠦ ᠬᠡᠷᠡᠭᠲᠡᠢ ;
2. ᠰᠢᠰᠲᠧᠮ᠎ᠲᠠᠢ᠂ ᠥᠷᠭᠡᠨ ᠳᠡᠯᠭᠡᠷ ᠬᠠᠤᠯᠢ ᠴᠠᠭᠠᠵᠠ᠎ᠶᠢᠨ ᠲᠤᠰᠬᠠᠢ ᠮᠡᠷᠭᠡᠵᠢᠯ᠎ᠦᠨ ᠤᠨᠤᠯ᠎ᠤᠨ ᠮᠡᠳᠡᠯᠭᠡ ᠪᠠ ᠬᠠᠤᠯᠢᠴᠢ᠎ᠶᠢᠨ ᠲᠤᠬᠠᠢᠯᠠᠭᠰᠠᠨ ᠠᠵᠢᠯ᠎ᠤᠨ ᠮᠡᠳᠡᠯᠭᠡ᠎ᠲᠠᠢ ᠪᠠᠢᠵᠤ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠬᠠᠤᠯᠢ᠎ᠶᠢᠨ ᠤᠬᠠᠭᠠᠨ᠎ᠤ ᠤᠨᠤᠯ᠎ᠤᠨ ᠰᠤᠳᠤᠯᠭᠠᠨ ᠵᠢᠴᠢ ᠬᠠᠤᠯᠢ᠎ᠪᠠᠷ ᠵᠠᠰᠠᠬᠤ ᠪᠠᠢᠭᠤᠯᠤᠯᠲᠠ ᠬᠢᠭᠡᠳ ᠬᠥᠭᠵᠢᠯᠲᠡ᠎ᠶᠢᠨ ᠣᠳᠣᠬᠢ ᠪᠠᠢᠳᠠᠯ᠎ᠢ ᠡᠵᠡᠮᠰᠢᠭᠰᠡᠨ ᠪᠠᠢᠬᠤ ᠬᠡᠷᠡᠭᠲᠡᠢ ;
3. ᠬᠠᠤᠯᠢᠴᠢ᠎ᠶᠢᠨ ᠲᠤᠬᠠᠢᠯᠠᠭᠰᠠᠨ ᠠᠵᠢᠯ᠎ᠤᠨ ᠬᠦᠷᠢᠶᠡᠨ᠎ᠳᠡᠬᠢ ᠰᠡᠳᠦᠪ᠎ᠦᠨ ᠰᠤᠳᠤᠯᠭᠠᠨ᠎ᠢ ᠵᠣᠬᠢᠶᠠᠨ ᠪᠠᠶ᠋ᠢᠭᠤᠯᠬᠤ᠂ ᠤᠳᠤᠷᠢᠳᠬᠤ ᠡᠷᠳᠡᠮ ᠰᠢᠨᠵᠢᠯᠡᠭᠡᠨ᠎ᠦ ᠬᠢᠷᠢ ᠬᠡᠮᠵᠢᠶ᠎ᠡ ᠪᠠ ᠴᠢᠳᠠᠪᠤᠷᠢ᠎ᠲᠠᠢ ᠪᠠᠢᠵᠤ᠂ ᠵᠢᠯᠤᠭᠣᠳᠬᠤ ᠠᠴᠢ ᠬᠣᠯᠪᠣᠭᠳᠠᠯ ᠪᠦᠬᠦᠢ ᠰᠤᠳᠤᠯᠭᠠᠨ᠎ᠤ ᠦᠷ᠎ᠡ ᠪᠦᠲᠦᠭᠡᠯ᠎ᠢ ᠪᠦᠷᠢᠯᠳᠦᠭᠦᠯᠬᠦ ᠬᠡᠷᠡᠭᠲᠡᠢ᠃
( ᠬᠣᠶᠠᠷ ) ᠠᠵᠢᠯ᠎ᠤᠨ ᠴᠢᠳᠠᠪᠤᠷᠢ
1. ᠬᠣᠶᠠᠳᠤᠭᠠᠷ ᠳᠡᠰ᠎ᠠᠴᠠ ᠳᠣᠷᠣᠭ᠍ᠰᠢᠬᠢ ᠬᠠᠤᠯᠢᠴᠢ᠎ᠶᠢᠨ ᠰᠤᠷᠤᠯᠴᠠᠬᠤ᠂ ᠠᠵᠢᠯᠯᠠᠬᠤ᠎ᠶᠢ ᠵᠢᠯᠤᠭᠣᠳᠬᠤ ᠴᠢᠳᠠᠪᠤᠷᠢ᠎ᠲᠠᠢ ᠪᠠᠢᠬᠤ ;
2. ᠥᠮᠥᠭᠯᠡᠬᠦ ᠦᠭᠡ ᠪᠤᠶᠤ ᠣᠷᠣᠯᠠᠬᠤ ᠦᠭᠡ ᠵᠡᠷᠭᠡ ᠵᠠᠷᠭᠤ᠎ᠶᠢᠨ ᠪᠤᠶᠤ ᠵᠠᠷᠭᠤ᠎ᠶᠢᠨ ᠪᠤᠰᠤ ᠬᠠᠤᠯᠢ ᠴᠠᠭᠠᠵᠠ᠎ᠶᠢᠨ ᠪᠢᠴᠢᠭ ᠬᠠᠷ᠎ᠠ᠎ᠶᠢᠨ ᠬᠡᠷᠡᠭᠯᠡᠭᠰᠡᠨ ᠬᠠᠤᠯᠢ ᠴᠠᠭᠠᠵᠠ ᠨᠢ ᠵᠥᠪ ᠣᠨᠣᠪᠴᠢᠲᠠᠶ᠂ ᠪᠦᠲᠦᠴᠡ ᠨᠢ ᠴᠢᠩᠭ᠎ᠠ ᠨᠢᠮᠪᠠᠢ᠂ ᠯᠣᠭᠢᠭ᠋ ᠨᠢ ᠨᠢᠭ᠍ᠲᠠ ᠴᠢᠩᠭ᠎ᠠ᠂ ᠬᠡᠷᠡᠭ᠎ᠦᠨ ᠡᠪᠬᠡᠮᠡᠯ᠎ᠢ ᠳᠡᠪᠲᠡᠷᠯᠡᠬᠦ ᠨᠢ ᠵᠢᠷᠤᠮᠵᠢᠯ᠎ᠲᠠᠢ ᠪᠥᠭᠡᠳ ᠪᠦᠬᠦ ᠲᠠᠯ᠎ᠠ᠎ᠶᠢᠨ ᠪᠠᠢᠵᠤ᠂ ᠮᠠᠰᠢ ᠰᠠᠢᠨ ᠵᠢᠱ᠌ᠢᠶ᠎ᠡ ᠦᠵᠡᠭᠦᠯᠬᠦ ᠦᠢᠯᠡᠳᠦᠯ᠎ᠲᠠᠢ᠃
( ᠭᠤᠷᠪᠠ ) ᠠᠵᠢᠯ᠎ᠦᠨ ᠠᠮᠵᠢᠯᠲᠠ ᠪᠦᠲᠦᠮᠵᠢ ᠬᠢᠭᠡᠳ ᠦᠷ᠎ᠡ ᠪᠦᠲᠦᠭᠡᠯ
ᠲᠤᠰ ᠲᠤᠰᠬᠠᠢ ᠮᠡᠷᠭᠡᠵᠢᠯ᠎ᠦᠨ ᠬᠣᠶᠠᠳᠤᠭᠠᠷ ᠳᠡᠰ᠎ᠤᠨ ᠬᠠᠤᠯᠢᠴᠢ᠎ᠶᠢᠨ ᠮᠡᠷᠭᠡᠵᠢᠯ᠎ᠦᠨ ᠴᠣᠯᠠ᠎ᠶᠢ ᠣᠯᠣᠭᠰᠠᠨ᠎ᠤ ᠲᠡᠷᠡᠭ᠎ᠠ᠂ ᠡᠷᠬᠡᠪᠰᠢ ᠳᠣᠣᠷ᠎ᠠ ᠵᠢᠭ᠍ᠰᠠᠭᠠᠭᠰᠠᠨ ᠨᠥᠬᠥᠴᠡᠯ᠎ᠦᠳ᠎ᠦᠨ ᠳᠣᠲᠣᠷᠠᠬᠢ 4 ᠵᠦᠢᠯ᠎ᠡᠴᠡ ᠳᠡᠭᠡᠭᠰᠢᠬᠢ᠎ᠶᠢ ᠪᠦᠷᠢᠯᠳᠦᠭᠦᠯᠦᠭᠰᠡᠨ ᠪᠠᠢᠬᠤ ᠬᠡᠷᠡᠭᠲᠡᠢ᠄
1. ᠡᠯ᠎ᠡ ᠵᠦᠢᠯ᠎ᠦᠨ ᠨᠥᠯᠥᠭᠡ ᠪᠦᠬᠦᠢ ᠬᠠᠤᠯᠢ ᠴᠠᠭᠠᠵᠠ᠎ᠶᠢᠨ ᠲᠤᠬᠠᠢᠯᠠᠭᠰᠠᠨ ᠠᠵᠢᠯ᠎ᠢ ᠵᠢᠯ ᠪᠦᠷᠢ ᠳᠤᠮᠳᠠᠴᠢ᠎ᠪᠠᠷ 3᠎ᠡᠴᠡ ᠳᠡᠭᠡᠭᠰᠢ ᠡᠷᠬᠢᠯᠡᠵᠦ᠂ ᠨᠡᠢᠭᠡᠮ᠎ᠦᠨ ᠰᠠᠢᠨ ᠦᠷ᠎ᠡ ᠠᠰᠢᠭ᠋ ᠪᠠ ᠠᠵᠤ ᠠᠬᠤᠢ᠎ᠶᠢᠨ ᠰᠠᠢᠨ ᠦᠷ᠎ᠡ ᠠᠰᠢᠭ᠋ ᠣᠯᠣᠭᠰᠠᠨ ;
2. ᠪᠡᠶ᠎ᠡ᠎ᠪᠡᠨ ᠳᠠᠭᠠᠭᠠᠭᠰᠠᠨ ᠪᠤᠶᠤ ᠨᠢᠭᠡᠳᠦᠭᠡᠷ ᠵᠣᠬᠢᠶᠠᠭ᠍ᠴᠢ᠎ᠶᠢᠨ ᠨᠡᠷ᠎ᠡ᠎ᠪᠡᠷ ᠢᠯᠡ᠎ᠪᠡᠷ ᠬᠡᠪᠯᠡᠨ ᠲᠠᠷᠬᠠᠭᠠᠭᠰᠠᠨ ᠥᠪᠡᠷᠲᠡᠭᠡᠨ ᠵᠠᠰᠠᠬᠤ ᠣᠷᠣᠨ ( ᠮᠤᠵᠢ ᠂ ᠶᠠᠮᠤᠨ )᠎ᠤ ᠲᠠᠰ᠎ᠠᠴᠠ ᠳᠡᠭᠡᠭᠰᠢᠬᠢ ᠡᠷᠳᠡᠮ ᠰᠢᠨᠵᠢᠯᠡᠭᠡᠨ᠎ᠦ ᠰᠡᠳᠬᠦᠯ ᠳᠡᠭᠡᠷ᠎ᠡ 5᠎ᠠᠴᠠ ᠳᠡᠭᠡᠭᠰᠢ ᠲᠤᠰᠬᠠᠢ ᠮᠡᠷᠭᠡᠵᠢᠯ᠎ᠦᠨ ᠥᠭᠦᠯᠡᠯ ᠨᠡᠢᠲᠡᠯᠡᠭᠦᠯᠦᠭᠰᠡᠨ ;
3. 1᠎ᠡᠴᠡ ᠳᠡᠭᠡᠭᠰᠢ ᠪᠡᠶ᠎ᠡ᠎ᠪᠡᠨ ᠳᠠᠭᠠᠭᠠᠭᠰᠠᠨ ᠪᠤᠶᠤ ᠪᠤᠰᠤᠳ ᠲᠠᠢ ᠬᠠᠮᠲᠤᠷᠠᠵᠤ ᠲᠤᠰ ᠲᠤᠰᠬᠠᠢ ᠮᠡᠷᠭᠡᠵᠢᠯ᠎ᠤᠨ ᠢᠯᠡ᠎ᠪᠡᠷ ᠬᠡᠪᠯᠡᠨ ᠲᠠᠷᠬᠠᠭᠠᠭᠰᠠᠨ ᠲᠤᠰᠬᠠᠢ ᠵᠣᠬᠢᠶᠠᠯ᠂ ᠣᠷᠴᠢᠭᠤᠯᠭ᠎ᠠ᠎ᠶᠢᠨ ᠵᠣᠬᠢᠶᠠᠯ᠂ ᠬᠠᠮᠲᠤᠷᠠᠭᠰᠠᠨ ᠵᠣᠬᠢᠶᠠᠯ ᠲᠠᠢ ( ᠲᠤᠰ ᠬᠥᠮᠥᠨ᠎ᠦ ᠪᠢᠴᠢᠭᠰᠡᠨ ᠬᠡᠰᠡᠭ ᠨᠢ 5 ᠲᠦᠮᠡᠨ ᠦᠰᠦᠭ᠎ᠡᠴᠡ ᠳᠤᠲᠠᠭᠤ ᠪᠠᠢᠵᠤ ᠪᠣᠯᠬᠤ ᠦᠭᠡᠢ ) ;
4. ᠲᠤᠰ ᠬᠥᠮᠥᠨ᠎ᠦ ᠰᠢᠢᠳᠪᠦᠷᠢᠯᠡᠭᠰᠡᠨ ᠬᠠᠤᠯᠢ ᠴᠠᠭᠠᠵᠠ᠎ᠶᠢᠨ ᠲᠤᠬᠠᠢᠯᠠᠭᠰᠠᠨ ᠠᠵᠢᠯ᠎ᠤᠨ ᠳ᠋ᠦᠩᠨᠡᠯᠲᠡ᠎ᠶᠢ ᠵᠣᠬᠢᠬᠤ ᠵᠢᠯᠤᠭᠣᠳᠬᠤ ᠠᠴᠢ ᠬᠣᠯᠪᠣᠭᠳᠠᠯ᠎ᠲᠠᠢ ᠨᠡᠢᠲᠡᠯᠢᠭ ᠬᠡᠷᠡᠭ᠎ᠦᠨ ᠵᠢᠱ᠌ᠢᠶ᠎ᠡ ᠪᠣᠯᠭᠠᠨ ᠬᠤᠷᠢᠶᠠᠩᠭᠤᠢᠯᠠᠵᠤ᠂ ᠬᠠᠤᠯᠢ ᠴᠠᠭᠠᠵᠠ᠎ᠶᠢᠨ ᠶᠠᠮᠤᠨ᠂ ᠠᠷᠠᠳ᠎ᠤᠨ ᠳᠡᠭᠡᠳᠦ ᠰᠢᠭᠦᠬᠦ ᠬᠣᠷᠢᠶ᠎ᠠ᠂ ᠠᠷᠠᠳ᠎ᠤᠨ ᠳᠡᠭᠡᠳᠦ ᠪᠠᠢᠴᠠᠭᠠᠬᠤ ᠬᠣᠷᠢᠶᠠᠨ᠎ᠤ ᠬᠡᠷᠡᠭ᠎ᠦᠨ ᠵᠢᠱ᠌ᠢᠶ᠎ᠡ᠎ᠶᠢᠨ ᠬᠥᠮᠥᠷᠭᠡ᠎ᠳᠦ ᠣᠷᠣᠭᠤᠯᠤᠭᠰᠠᠨ ᠪᠤᠶᠤ ᠢᠯᠡ᠎ᠪᠡᠷ ᠬᠡᠪᠯᠡᠭᠦᠯᠦᠭᠰᠡᠨ ᠥᠪᠡᠷᠲᠡᠭᠡᠨ ᠵᠠᠰᠠᠬᠤ ᠣᠷᠣᠨ (ᠮᠤᠵᠢ᠂ ᠶᠠᠮᠤᠨ)᠎ᠤ ᠱᠠᠲᠤᠨ᠎ᠠᠴᠠ ᠳᠡᠭᠡᠭᠰᠢᠬᠢ ᠬᠤᠭᠤᠴᠠᠭᠠᠲᠤ ᠰᠡᠳᠬᠦᠯ᠂ ᠡᠮᠬᠢᠳᠬᠡᠯ᠂ ᠰᠡᠳᠬᠦᠯ᠎ᠳᠦ 2᠎ᠡᠴᠡ ᠳᠡᠭᠡᠭᠰᠢ ᠣᠷᠣᠭᠤᠯᠤᠭᠰᠠᠨ ;
5. ᠬᠠᠤᠯᠢᠴᠢ᠎ᠶᠢᠨ ᠪᠣᠳᠠᠲᠤ ᠶᠠᠪᠤᠳᠠᠯ ᠂ ᠬᠠᠤᠯᠢ᠎ᠶᠢᠨ ᠤᠬᠠᠭᠠᠨ᠎ᠤ ᠣᠨᠣᠯ᠎ᠤᠨ ᠰᠤᠳᠤᠯᠭᠠᠨ᠎ᠤ ᠲᠥᠷᠥᠯ ᠵᠦᠢᠯ ( ᠪᠠᠢᠴᠠᠭᠠᠨ ᠰᠤᠳᠤᠯᠬᠤ ᠰᠡᠳᠦᠪ )᠎ᠢ ᠡᠷᠭᠢᠯᠡᠬᠦ ᠪᠤᠶᠤ ᠲᠡᠭᠦᠨ᠎ᠳᠦ ᠣᠷᠣᠯᠴᠠᠵᠤ ᠂ ᠥᠪᠡᠷᠲᠡᠭᠡᠨ ᠵᠠᠰᠠᠬᠤ ᠣᠷᠣᠨ ( ᠮᠤᠵᠢ ᠂ ᠶᠠᠮᠤᠨ )᠎ᠤ ᠱᠠᠲᠤᠨ᠎ᠤ ᠰᠡᠳᠦᠪ᠎ᠲᠤ 1 ᠠᠴᠠ ᠳᠡᠭᠡᠭᠰᠢ ᠂ ᠡᠰᠡᠬᠦᠯ᠎ᠡ ᠠᠢᠮᠠᠭ ᠬᠣᠲᠠ ( ᠲᠢᠩᠬᠢᠮ ᠂ ᠲᠣᠪᠴᠢᠶ᠎ᠠ )᠎ᠶᠢᠨ ᠱᠠᠲᠤᠨ᠎ᠤ ᠰᠡᠳᠦᠪᠲᠦ 2 ᠠᠴᠠ ᠳᠡᠭᠡᠭᠰᠢ ( ᠣᠷᠣᠯᠴᠠᠭᠰᠠᠳ ᠨᠢ ᠨᠡᠶ᠋ᠢᠲᠡ ᠭᠤᠷᠪᠠᠨ᠎ᠤ ᠨᠢᠭᠡ᠎ᠡᠴᠡ ᠳᠡᠭᠡᠭᠰᠢᠬᠢ ᠠᠭᠤᠯᠭ᠎ᠠ᠎ᠶᠢ ᠪᠢᠴᠢᠭᠰᠡᠨ ᠪᠠᠢᠬᠤ ᠬᠡᠷᠡᠭᠲᠡᠢ ) ᠣᠷᠣᠯᠴᠠᠵᠤ ᠪᠡᠶᠡᠯᠡᠭᠦᠯᠦᠭᠰᠡᠨ ;
6. ᠬᠠᠤᠯᠢ ᠲᠣᠭᠲᠠᠭᠠᠬᠤ ᠰᠠᠨᠠᠭᠤᠯᠭ᠎ᠠ ᠪᠠ ᠰᠠᠨᠠᠯ᠎ᠢ ᠬᠠᠤᠯᠢ ᠲᠣᠭᠲᠠᠭᠠᠬᠤ ᠪᠠᠢᠭᠤᠯᠭ᠎ᠠ ᠬᠦᠯᠢᠶᠡᠨ ᠠᠪᠤᠭᠰᠠᠨ᠂ ᠡᠰᠡᠬᠦᠯ᠎ᠡ ᠬᠠᠤᠯᠢ ᠲᠣᠭᠲᠠᠭᠠᠬᠤ ᠲᠥᠯᠥᠪᠯᠡᠭᠡ᠂ ᠲᠥᠯᠦᠪᠵᠢᠭᠦᠯᠭᠡ᠎ᠳᠦ 2᠎ᠡᠴᠡ ᠳᠡᠭᠡᠭᠰᠢ ᠣᠷᠣᠭᠤᠯᠤᠭᠰᠠᠨ ᠪᠤᠶᠤ ᠬᠣᠯᠪᠣᠭᠳᠠᠯ ᠪᠦᠬᠦᠢ ᠪᠠᠢᠭᠤᠯᠭ᠎ᠠ᠎ᠶᠢᠨ ᠨᠠᠶ᠋ᠢᠳᠠᠯᠭ᠎ᠠ᠎ᠪᠠᠷ ᠬᠠᠤᠯᠢ ᠲᠣᠭᠲᠠᠭᠠᠬᠤ ᠲᠥᠰᠥᠯ᠎ᠳᠦ 3᠎ᠡᠴᠡ ᠳᠡᠭᠡᠭᠰᠢ ᠣᠷᠣᠯᠴᠠᠭᠰᠠᠨ ;
7. ᠬᠠᠤᠯᠢᠴᠢ᠎ᠶᠢᠨ ᠠᠵᠢᠯ ᠲᠥᠷᠥᠯ᠎ᠦᠨ ᠬᠥᠭᠵᠢᠯᠲᠡ᠎ᠶᠢᠨ ᠬᠠᠮᠢᠶ᠎ᠠ ᠪᠦᠬᠦᠢ ᠪᠠᠢᠴᠠᠭᠠᠨ ᠰᠤᠳᠤᠯᠤᠯᠲᠠ᠎ᠶᠢᠨ ᠮᠡᠳᠡᠭᠦᠯᠦᠯᠲᠡ ᠪᠤᠶᠤ ᠲᠤᠬᠠᠢᠯᠠᠭᠰᠠᠨ ᠠᠵᠢᠯ᠎ᠤᠨ ᠠᠵᠢᠯᠯᠠᠭᠠᠨ᠎ᠤ ᠵᠢᠯᠣᠭᠣᠳᠤᠯᠭ᠎ᠠ᠎ᠶᠢ ᠡᠷᠭᠢᠯᠡᠨ ᠪᠡᠶᠡᠯᠡᠭᠦᠯᠵᠦ ᠂ ᠬᠠᠤᠯᠢᠴᠢ᠎ᠶᠢᠨ ᠠᠵᠢᠯ ᠲᠥᠷᠥᠯ᠎ᠦᠨ ᠲᠥᠷᠥ᠎ᠶᠢᠨ ᠪᠣᠳᠣᠯᠭ᠎ᠠ ᠂ ᠳᠦᠷᠢᠮ᠎ᠦᠨ ᠰᠤᠳᠤᠯᠭᠠᠨ᠎ᠢ ᠥᠷᠨᠢᠭᠦᠯᠦᠭᠡᠳ ᠂ ᠥᠪᠡᠷᠲᠡᠭᠡᠨ ᠵᠠᠰᠠᠬᠤ ᠣᠷᠣᠨ ( ᠮᠤᠵᠢ ᠂ ᠶᠠᠮᠤᠨ )᠎ᠤ ᠱᠠᠲᠤᠨ᠎ᠠᠴᠠ ᠳᠡᠭᠡᠭᠰᠢᠬᠢ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ ᠪᠤᠶᠤ ᠥᠪᠡᠷᠲᠡᠭᠡᠨ ᠵᠠᠰᠠᠬᠤ ᠣᠷᠣᠨ ( ᠮᠤᠵᠢ ᠂ ᠶᠠᠮᠤᠨ )᠎ᠤ ᠱᠠᠲᠤᠨ᠎ᠠᠴᠠ ᠳᠡᠭᠡᠭᠰᠢᠬᠢ ᠬᠠᠤᠯᠢᠴᠢ᠎ᠶᠢᠨ ᠨᠡᠢᠭᠡᠮᠯᠢᠭ᠎ᠡᠴᠡ 2 ᠠᠴᠠ ᠳᠡᠭᠡᠭᠰᠢ ᠬᠠᠤᠯᠢᠴᠢ᠎ᠶᠢᠨ ᠨᠡᠢᠭᠡᠮᠯᠢᠭ᠎ᠲᠦ ᠠᠰᠢᠭ᠍ᠯᠠᠭᠳᠠᠭᠰᠠᠨ ;
8. ᠭᠤᠷᠪᠠᠨ ᠵᠢᠯ ᠳᠠᠷᠠᠭᠠᠯᠠᠨ ᠨᠠᠮ ᠵᠠᠰᠠᠭ᠎ᠤᠨ ᠪᠠᠢᠭᠤᠯᠭ᠎ᠠ ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ ᠂ ᠤᠯᠤᠰ ᠲᠥᠷᠥ᠎ᠶᠢᠨ ᠵᠥᠪᠯᠡᠯᠭᠡᠨ ᠂ ᠠᠵᠢᠯ ᠦᠢᠯᠡᠰ᠎ᠦᠨ ᠨᠢᠭᠡᠴᠢ ᠂ ᠨᠡᠢᠭᠡᠮ᠎ᠦᠨ ᠪᠦᠯᠬᠦᠮ ᠂ ᠠᠵᠤ ᠠᠬᠤᠢᠯᠠᠯ᠎ᠤᠨ ᠬᠠᠤᠯᠢ ᠴᠠᠭᠠᠵᠠ᠎ᠶᠢᠨ ᠵᠥᠪᠯᠡᠭᠴᠢ᠎ᠶᠢᠨ ᠲᠤᠰᠢᠶᠠᠯ᠎ᠢ 5 ᠡᠴᠡ ᠳᠡᠭᠡᠭᠰᠢ ᠡᠭᠦᠷᠭᠡᠯᠡᠭᠰᠡᠨ ᠃
ᠠᠷᠪᠠᠨ ᠬᠣᠶᠠᠳᠤᠭᠠᠷ ᠵᠦᠢᠯ ᠬᠣᠶᠠᠳᠤᠭᠠᠷ ᠳᠡᠰ᠎ᠤᠨ ᠬᠠᠤᠯᠢᠴᠢ
( ᠨᠢᠭᠡ ) ᠲᠤᠰᠬᠠᠢ ᠮᠡᠷᠭᠡᠵᠢᠯ᠎ᠦᠨ ᠤᠨᠤᠯ᠎ᠤᠨ ᠬᠢᠷᠢ ᠬᠡᠮᠵᠢᠶ᠎ᠡ
1. ᠬᠠᠤᠯᠢᠴᠢ᠎ᠶᠢᠨ ᠠᠵᠢᠯ ᠡᠷᠬᠢᠯᠡᠬᠦ ᠦᠢᠯᠡᠳᠦᠯᠭᠡ᠎ᠶᠢᠨ ᠪᠠᠶᠠᠯᠢᠭ᠋ ᠲᠤᠷᠰᠢᠯᠭ᠎ᠠ᠎ᠲᠠᠢ ᠪᠠᠢᠵᠤ᠂ ᠬᠠᠤᠯᠢᠴᠢ᠎ᠶᠢᠨ ᠠᠵᠢᠯ᠎ᠤᠨ ᠳᠤᠮᠳᠠᠬᠢ ᠬᠦᠴᠢᠷ ᠲᠦᠪᠡᠭᠲᠡᠢ ᠠᠰᠠᠭᠤᠳᠠᠯ᠎ᠢ ᠰᠢᠢᠳᠪᠦᠷᠢᠯᠡᠵᠦ᠂ ᠨᠠᠢᠳᠠᠭ᠍ᠴᠢ᠎ᠳᠤ ᠬᠦᠴᠦᠨ ᠪᠦᠬᠦᠢ ᠬᠠᠤᠯᠢ ᠴᠠᠭᠠᠵᠠ᠎ᠶᠢᠨ ᠦᠢᠯᠡᠴᠢᠯᠡᠭᠡ ᠬᠠᠩᠭᠠᠵᠤ ᠲᠡᠢᠯᠬᠦ ᠬᠡᠷᠡᠭᠲᠡᠢ ;
2. ᠡᠯᠪᠡᠭ ᠪᠠᠶᠠᠯᠢᠭ᠋᠂ ᠯᠠᠪᠳᠠᠭᠤᠨ ᠪᠠᠲᠤᠲᠠᠢ ᠬᠠᠤᠯᠢ ᠴᠠᠭᠠᠵᠠ᠎ᠶᠢᠨ ᠲᠤᠰᠬᠠᠢ ᠮᠡᠷᠭᠡᠵᠢᠯ᠎ᠦᠨ ᠤᠨᠤᠯ᠎ᠤᠨ ᠮᠡᠳᠡᠯᠭᠡ ᠪᠠ ᠬᠠᠤᠯᠢᠴᠢ᠎ᠶᠢᠨ ᠲᠤᠬᠠᠢᠯᠠᠭᠰᠠᠨ ᠠᠵᠢᠯ᠎ᠤᠨ ᠮᠡᠳᠡᠯᠭᠡ᠎ᠲᠠᠢ ᠪᠠᠢᠬᠤ ᠬᠡᠷᠡᠭᠲᠡᠢ ;
3. ᠤᠯᠤᠰ᠎ᠤᠨ ᠳᠣᠲᠣᠭᠠᠳᠤ ᠭᠠᠳᠠᠭᠠᠳᠤ᠎ᠶᠢᠨ ᠬᠠᠤᠯᠢ᠎ᠶᠢᠨ ᠤᠬᠠᠭᠠᠨ᠎ᠤ ᠰᠤᠳᠤᠯᠭᠠᠨ᠎ᠤ ᠣᠳᠣᠬᠢ ᠪᠠᠢᠳᠠᠯ ᠪᠠ ᠬᠠᠨᠳᠤᠰᠢ᠎ᠶᠢ ᠣᠢᠯᠠᠭᠠᠨ ᠡᠵᠡᠮᠰᠢᠵᠦ᠂ ᠬᠠᠤᠯᠢᠴᠢ᠎ᠶᠢᠨ ᠬᠡᠷᠡᠭ ᠶᠠᠪᠤᠳᠠᠯ᠎ᠤᠨ ᠳᠤᠮᠳᠠᠬᠢ ᠴᠢᠬᠤᠯᠠ ᠶᠡᠬᠡ ᠬᠦᠴᠢᠷ ᠲᠦᠪᠡᠭᠲᠡᠢ ᠠᠰᠠᠭᠤᠳᠠᠯ᠎ᠢ ᠰᠤᠳᠤᠯᠵᠤ ᠵᠠᠳᠠᠯᠤᠨ ᠰᠢᠢᠳᠪᠦᠷᠢᠯᠡᠬᠦ ᠡᠷᠳᠡᠮ ᠰᠢᠨᠵᠢᠯᠡᠭᠡᠨ᠎ᠦ ᠤᠨᠦᠯ᠎ᠤᠨ ᠬᠢᠷᠢ ᠬᠡᠮᠵᠢᠶ᠎ᠡ᠎ᠲᠠᠢ ᠪᠥᠭᠡᠳ ᠵᠣᠬᠢᠬᠤ ᠵᠢᠯᠤᠭᠣᠳᠬᠤ ᠠᠴᠢ ᠬᠣᠯᠪᠣᠭᠳᠠᠯ᠎ᠲᠠᠢ ᠰᠤᠳᠤᠯᠭᠠᠨ᠎ᠤ ᠦᠷ᠎ᠡ ᠪᠦᠲᠦᠭᠡᠯ ᠭᠠᠷᠭᠠᠭᠰᠠᠨ᠃
( ᠬᠣᠶᠠᠷ ) ᠠᠵᠢᠯ᠎ᠤᠨ ᠴᠢᠳᠠᠪᠤᠷᠢ
1. ᠭᠤᠷᠪᠠᠳᠤᠭᠠᠷ ᠳᠡᠰ᠎ᠠᠴᠠ ᠳᠣᠷᠣᠭ᠍ᠰᠢᠬᠢ ᠬᠠᠤᠯᠢᠴᠢ᠎ᠶᠢᠨ ᠰᠤᠷᠤᠯᠴᠠᠬᠤ᠂ ᠠᠵᠢᠯᠯᠠᠬᠤ᠎ᠶᠢ ᠵᠢᠯᠤᠭᠣᠳᠬᠤ ᠴᠢᠳᠠᠪᠤᠷᠢ᠎ᠲᠠᠢ ᠪᠠᠢᠬᠤ ;
2. ᠥᠮᠥᠭᠯᠡᠬᠦ ᠦᠭᠡ ᠪᠤᠶᠤ ᠣᠷᠣᠯᠠᠬᠤ ᠦᠭᠡ ᠵᠡᠷᠭᠡ ᠵᠠᠷᠭᠤ᠎ᠶᠢᠨ ᠪᠤᠶᠤ ᠵᠠᠷᠭᠤ᠎ᠶᠢᠨ ᠪᠤᠰᠤ ᠬᠠᠤᠯᠢ ᠴᠠᠭᠠᠵᠠ᠎ᠶᠢᠨ ᠪᠢᠴᠢᠭ ᠬᠠᠷ᠎ᠠ᠎ᠶᠢᠨ ᠬᠡᠷᠡᠭᠯᠡᠭᠰᠡᠨ ᠬᠠᠤᠯᠢ ᠴᠠᠭᠠᠵᠠ ᠨᠢ ᠵᠥᠪ ᠣᠨᠣᠪᠴᠢᠲᠠᠶ᠂ ᠪᠦᠲᠦᠴᠡ ᠨᠢ ᠴᠢᠩᠭ᠎ᠠ ᠨᠢᠮᠪᠠᠢ᠂ ᠯᠣᠭᠢᠭ᠋ ᠨᠢ ᠨᠢᠭ᠍ᠲᠠ ᠴᠢᠩᠭ᠎ᠠ᠂ ᠬᠡᠷᠡᠭ᠎ᠦᠨ ᠡᠪᠬᠡᠮᠡᠯ᠎ᠢ ᠳᠡᠪᠲᠡᠷᠯᠡᠬᠦ ᠨᠢ ᠵᠢᠷᠤᠮᠵᠢᠯ᠎ᠲᠠᠢ ᠪᠥᠭᠡᠳ ᠪᠦᠬᠦ ᠲᠠᠯ᠎ᠠ᠎ᠶᠢᠨ ᠪᠠᠢᠵᠤ᠂ ᠮᠠᠰᠢ ᠰᠠᠢᠨ ᠵᠢᠱ᠌ᠢᠶ᠎ᠡ ᠦᠵᠡᠭᠦᠯᠬᠦ ᠦᠢᠯᠡᠳᠦᠯ᠎ᠲᠠᠢ᠃
( ᠭᠤᠷᠪᠠ ) ᠠᠵᠢᠯ ᠦ᠋ᠨ᠌ᠠᠮᠵᠢᠯᠲᠠ ᠪᠦᠲᠦᠮᠵᠢ ᠬᠢᠭᠡᠳ ᠦᠷ᠎ᠡ ᠪᠦᠲᠦᠭᠡᠯ
ᠲᠣᠰ ᠲᠤᠰᠬᠠᠢ ᠮᠡᠷᠭᠡᠵᠢᠯ᠎ᠦᠨ ᠭᠤᠷᠪᠠᠳᠤᠭᠠᠷ ᠳᠡᠰ᠎ᠤᠨ ᠬᠠᠤᠯᠢᠴᠢ᠎ᠶᠢᠨ ᠮᠡᠷᠭᠡᠵᠢᠯ᠎ᠦᠨ ᠴᠣᠯᠠ᠎ᠶᠢ ᠣᠯᠣᠭᠰᠠᠨ᠎ᠤ ᠳᠠᠷᠠᠭ᠎ᠠ ᠂ ᠡᠷᠬᠡᠪᠰᠢ ᠳᠣᠣᠷ᠎ᠠ ᠵᠢᠭ᠍ᠰᠠᠭᠠᠭᠰᠠᠨ ᠨᠥᠬᠥᠴᠡᠯ᠎ᠦᠳ᠎ᠦᠨ 4 ᠵᠤᠷᠪᠤᠰ᠎ᠠᠴᠠ ᠳᠡᠭᠡᠭᠰᠢᠬᠢ᠎ᠶᠢ ᠪᠦᠷᠢᠯᠳᠦᠭᠦᠯᠦᠭᠰᠡᠨ ᠪᠠᠢᠬᠤ ᠬᠡᠷᠡᠭᠲᠡᠢ ᠄
1. ᠵᠢᠯ ᠪᠦᠷᠢ ᠳᠤᠮᠳᠠᠴᠢ᠎ᠪᠠᠷ ᠡᠯ᠎ᠡ ᠲᠥᠷᠥᠯ᠎ᠦᠨ ᠬᠠᠤᠯᠢ ᠴᠠᠭᠠᠵᠠ᠎ᠶᠢᠨ ᠲᠤᠬᠠᠢᠯᠠᠭᠰᠠᠨ ᠠᠵᠢᠯ ( ᠬᠠᠤᠯᠢ ᠴᠠᠭᠠᠵᠠ᠎ᠶᠢᠨ ᠯᠠᠪᠯᠠᠭ᠎ᠠ ᠪᠠᠭᠲᠠᠬᠤ ᠦᠭᠡᠢ )᠎ᠢ 10 ᠠᠴᠠ ᠳᠡᠭᠡᠭᠰᠢ ᠪᠤᠶᠤ ᠲᠤᠰᠬᠠᠢ ᠲᠤᠰᠢᠶᠠᠯᠲᠤ ᠬᠠᠤᠯᠢ ᠴᠠᠭᠠᠵᠠ᠎ᠶᠢᠨ ᠲᠤᠰᠠᠯᠠᠮᠵᠢ᠎ᠶᠢᠨ ᠬᠠᠤᠯᠢᠴᠢ᠎ᠪᠠᠷ ᠵᠢᠯ ᠪᠦᠷᠢ ᠳᠤᠮᠳᠠᠴᠢ᠎ᠪᠠᠷ ᠬᠠᠤᠯᠢ ᠴᠠᠭᠠᠵᠠ᠎ᠶᠢᠨ ᠲᠤᠰᠠᠯᠠᠮᠵᠢ᠎ᠶᠢᠨ ᠬᠡᠷᠡᠭ ( ᠬᠠᠤᠯᠢ ᠴᠠᠭᠠᠵᠠ᠎ᠶᠢᠨ ᠯᠠᠪᠯᠠᠭ᠎ᠠ ᠪᠠᠭᠲᠠᠬᠤ ᠦᠭᠡᠢ )᠎ᠢ 6 ᠠᠴᠠ ᠳᠡᠭᠡᠭᠰᠢ ᠭᠦᠢᠴᠡᠳᠬᠡᠭᠰᠡᠨ ;
2. ᠡᠯ᠎ᠡ ᠵᠦᠢᠯ᠎ᠦᠨ ᠨᠥᠯᠥᠭᠡ ᠪᠦᠬᠦᠢ ᠬᠠᠤᠯᠢ ᠴᠠᠭᠠᠵᠠ᠎ᠶᠢᠨ ᠲᠤᠬᠠᠢᠯᠠᠭᠰᠠᠨ ᠠᠵᠢᠯ᠎ᠢ ᠵᠢᠯ ᠪᠦᠷᠢ ᠳᠤᠮᠳᠠᠴᠢ᠎ᠪᠠᠷ 2᠎ᠡᠴᠡ ᠳᠡᠭᠡᠭᠰᠢ ᠡᠷᠬᠢᠯᠡᠵᠦ᠂ ᠨᠡᠯᠢᠶᠡᠳ ᠰᠠᠢᠨ ᠨᠡᠢᠭᠡᠮ᠎ᠦᠨ ᠦᠷ᠎ᠡ ᠠᠰᠢᠭ᠋ ᠪᠠ ᠠᠵᠤ ᠠᠬᠤᠢ᠎ᠶᠢᠨ ᠦᠷ᠎ᠡ ᠠᠰᠢᠭ᠋ ᠣᠯᠣᠭᠰᠠᠨ ;
3. ᠥᠪᠡᠷᠲᠡᠭᠡᠨ ᠵᠠᠰᠠᠬᠤ ᠣᠷᠣᠨ (ᠮᠤᠵᠢ᠂ ᠶᠠᠮᠤᠨ)᠎ᠤ ᠱᠠᠲᠤᠨ᠎ᠠᠴᠠ ᠳᠡᠭᠡᠭᠰᠢᠬᠢ ᠬᠤᠭᠤᠴᠠᠭᠠᠲᠤ ᠰᠡᠳᠬᠦᠯ᠂ ᠡᠮᠬᠢᠳᠬᠡᠯ᠂ ᠰᠡᠳᠬᠦᠯ ᠳᠡᠭᠡᠷ᠎ᠡ ᠪᠡᠶ᠎ᠡ᠎ᠪᠡᠨ ᠳᠠᠭᠠᠭᠠᠭᠰᠠᠨ ᠪᠤᠶᠤ ᠨᠢᠭᠡᠳᠦᠭᠡᠷ ᠵᠣᠬᠢᠶᠠᠭ᠍ᠴᠢ᠎ᠪᠠᠷ ᠵᠣᠬᠢᠬᠤ ᠡᠷᠳᠡᠮ ᠰᠢᠨᠵᠢᠯᠡᠭᠡᠨ᠎ᠦ ᠬᠢᠷᠢ ᠬᠡᠮᠵᠢᠶ᠎ᠡ ᠪᠤᠶᠤ ᠪᠣᠳᠠᠲᠤ ᠬᠡᠷᠡᠭᠯᠡᠭᠡᠨ᠎ᠦ ᠦᠨ᠎ᠡ ᠦᠷᠳᠡᠭ᠎ᠲᠠᠢ ᠬᠠᠤᠯᠢ ᠴᠠᠭᠠᠵᠠ᠎ᠶᠢᠨ ᠲᠤᠰᠬᠠᠢ ᠮᠡᠷᠭᠡᠵᠢᠯ᠎ᠦᠨ ᠥᠭᠦᠯᠡᠯ᠎ᠢ 2᠎ᠡᠴᠡ ᠳᠡᠭᠡᠭᠰᠢ ᠨᠡᠢᠲᠡᠯᠡᠭᠰᠡᠨ ;
4. ᠭᠣᠣᠯ ᠵᠣᠬᠢᠶᠠᠭ᠍ᠴᠢ ᠪᠤᠶᠤ ᠣᠷᠣᠯᠴᠠᠭ᠍ᠴᠢ ᠵᠣᠬᠢᠶᠠᠭ᠍ᠴᠢ᠎ᠶᠢᠨ ᠬᠤᠪᠢ᠎ᠳᠤ ᠂ ᠵᠣᠬᠢᠬᠤ ᠡᠷᠳᠡᠮ ᠰᠢᠨᠵᠢᠯᠡᠭᠡᠨ᠎ᠦ ᠦᠨ᠎ᠡ ᠥᠷᠲᠡᠭ ᠪᠤᠶᠤ ᠪᠣᠳᠠᠲᠤ ᠶᠠᠪᠤᠳᠠᠯ᠎ᠤᠨ ᠬᠡᠷᠡᠭᠯᠡᠭᠡᠨ᠎ᠦ ᠦᠨ᠎ᠡ ᠥᠷᠲᠡᠭ᠎ᠲᠠᠢ ᠲᠤᠰᠬᠠᠢ ᠵᠣᠬᠢᠶᠠᠯ ᠂ ᠣᠷᠴᠢᠭᠤᠯᠭ᠎ᠠ᠎ᠶᠢᠨ ᠵᠣᠬᠢᠶᠠᠯ ᠂ ᠬᠠᠮᠲᠤᠷᠠᠭᠰᠠᠨ ᠵᠣᠬᠢᠶᠠᠯ ᠂ ᠬᠠᠤᠯᠢ᠎ᠶᠢᠨ ᠤᠬᠠᠭᠠᠨ᠎ᠤ ᠵᠢᠭᠠᠬᠤ ᠮᠠᠲᠧᠷᠢᠶᠠᠯ ᠂ ᠬᠡᠷᠡᠭ᠎ᠦᠨ ᠵᠢᠱ᠌ᠢᠶ᠎ᠡ᠎ᠶᠢᠨ ᠲᠡᠭᠦᠪᠦᠷᠢ ᠂ ᠥᠭᠦᠯᠡᠯ᠎ᠦᠨ ᠲᠡᠭᠦᠪᠦᠷᠢ ( ᠲᠣᠰ ᠬᠥᠮᠥᠨ᠎ᠦ ᠪᠢᠴᠢᠭᠰᠡᠨ ᠬᠡᠰᠡᠭ ᠨᠢ ᠨᠡᠶ᠋ᠢᠲᠡ 2 ᠲᠦᠮᠡᠨ ᠥᠰᠥᠭ᠎ᠡᠴᠡ ᠳᠡᠭᠡᠭᠰᠢ) ᠶ᠋ᠢ ᠢᠯᠡ᠎ᠪᠡᠷ ᠬᠡᠪᠯᠡᠭᠦᠯᠦᠭᠰᠡᠨ ;
5. ᠲᠤᠰ ᠬᠥᠮᠥᠨ᠎ᠦ ᠰᠢᠢᠳᠪᠦᠷᠢᠯᠡᠭᠰᠡᠨ ᠬᠠᠤᠯᠢ ᠴᠠᠭᠠᠵᠠ᠎ᠶᠢᠨ ᠲᠤᠬᠠᠢᠯᠠᠭᠰᠠᠨ ᠠᠵᠢᠯ᠎ᠤᠨ ᠳ᠋ᠦᠩᠨᠡᠯᠲᠡ᠎ᠶᠢ ᠵᠣᠬᠢᠬᠤ ᠵᠢᠯᠤᠭᠣᠳᠬᠤ ᠠᠴᠢ ᠬᠣᠯᠪᠣᠭᠳᠠᠯ᠎ᠲᠠᠢ ᠨᠡᠢᠲᠡᠯᠢᠭ ᠬᠡᠷᠡᠭ᠎ᠦᠨ ᠵᠢᠱ᠌ᠢᠶ᠎ᠡ ᠪᠣᠯᠭᠠᠨ ᠬᠤᠷᠢᠶᠠᠩᠭᠤᠢᠯᠠᠵᠤ᠂ ᠬᠠᠤᠯᠢ ᠴᠠᠭᠠᠵᠠ᠎ᠶᠢᠨ ᠶᠠᠮᠤᠨ᠂ ᠠᠷᠠᠳ᠎ᠤᠨ ᠳᠡᠭᠡᠳᠦ ᠰᠢᠭᠦᠬᠦ ᠬᠣᠷᠢᠶ᠎ᠠ᠂ ᠠᠷᠠᠳ᠎ᠤᠨ ᠳᠡᠭᠡᠳᠦ ᠪᠠᠢᠴᠠᠭᠠᠬᠤ ᠬᠣᠷᠢᠶᠠᠨ᠎ᠤ ᠬᠡᠷᠡᠭ᠎ᠦᠨ ᠵᠢᠱ᠌ᠢᠶ᠎ᠡ᠎ᠶᠢᠨ ᠬᠥᠮᠥᠷᠭᠡ᠎ᠳᠦ ᠣᠷᠣᠭᠤᠯᠤᠭᠰᠠᠨ ᠪᠤᠶᠤ ᠢᠯᠡ᠎ᠪᠡᠷ ᠬᠡᠪᠯᠡᠭᠦᠯᠦᠭᠰᠡᠨ ᠥᠪᠡᠷᠲᠡᠭᠡᠨ ᠵᠠᠰᠠᠬᠤ ᠣᠷᠣᠨ ( ᠮᠤᠵᠢ᠂ ᠶᠠᠮᠤᠨ )᠎ᠤ ᠱᠠᠲᠤᠨ᠎ᠠᠴᠠ ᠳᠡᠭᠡᠭᠰᠢᠬᠢ ᠬᠤᠭᠤᠴᠠᠭᠠᠲᠤ ᠰᠡᠳᠬᠦᠯ᠂ ᠡᠮᠬᠢᠳᠬᠡᠯ᠂ ᠰᠡᠳᠬᠦᠯ᠎ᠳᠦ 1᠎ᠡᠴᠡ ᠳᠡᠭᠡᠭᠰᠢ ᠣᠷᠣᠭᠤᠯᠤᠭᠰᠠᠨ ;
6. ᠬᠠᠤᠯᠢᠴᠢ᠎ᠶᠢᠨ ᠪᠣᠳᠠᠲᠤ ᠶᠠᠪᠤᠳᠠᠯ ᠂ ᠬᠠᠤᠯᠢ᠎ᠶᠢᠨ ᠤᠬᠠᠭᠠᠨ᠎ᠤ ᠣᠨᠣᠯ᠎ᠤᠨ ᠰᠤᠳᠤᠯᠭᠠᠨ᠎ᠤ ᠲᠥᠷᠥᠯ ᠵᠦᠢᠯ ( ᠪᠠᠢᠴᠠᠭᠠᠨ ᠰᠤᠳᠤᠯᠬᠤ ᠰᠡᠳᠦᠪ )᠎ᠢ ᠡᠷᠭᠢᠯᠡᠬᠦ ᠪᠤᠶᠤ ᠲᠡᠭᠦᠨ᠎ᠳᠦ ᠣᠷᠣᠯᠴᠠᠵᠤ ᠂ ᠥᠪᠡᠷᠲᠡᠭᠡᠨ ᠵᠠᠰᠠᠬᠤ ᠣᠷᠣᠨ ( ᠮᠤᠵᠢ ᠂ ᠶᠠᠮᠤᠨ )᠎ᠤ ᠱᠠᠲᠤᠨ᠎ᠤ ᠰᠡᠳᠦᠪᠲᠦ 1 ᠠᠴᠠ ᠳᠡᠭᠡᠭᠰᠢ ᠂ ᠡᠰᠡᠬᠦᠯ᠎ᠡ ᠠᠢᠮᠠᠭ ᠬᠣᠲᠠ ( ᠲᠢᠩᠬᠢᠮ ᠂ ᠲᠣᠪᠴᠢᠶ᠎ᠠ )᠎ᠶᠢᠨ ᠱᠠᠲᠤᠨ᠎ᠤ ᠰᠡᠳᠦᠪᠲᠦ 2 ᠠᠴᠠ ᠳᠡᠭᠡᠭᠰᠢ ( ᠣᠷᠣᠯᠴᠠᠭᠰᠠᠳ ᠨᠢ ᠨᠡᠶ᠋ᠢᠲᠡ ᠭᠤᠷᠪᠠᠨ᠎ᠤ ᠨᠢᠭᠡ᠎ᠡᠴᠡ ᠳᠡᠭᠡᠭᠰᠢᠬᠢ ᠠᠭᠤᠯᠭ᠎ᠠ᠎ᠶᠢ ᠪᠢᠴᠢᠭᠰᠡᠨ ᠪᠠᠢᠬᠤ ᠬᠡᠷᠡᠭᠲᠡᠢ ) ᠣᠷᠣᠯᠴᠠᠵᠤ ᠪᠡᠶᠡᠯᠡᠭᠦᠯᠦᠭᠰᠡᠨ ;
7. ᠬᠠᠤᠯᠢ ᠲᠣᠭᠲᠠᠭᠠᠬᠤ ᠰᠠᠨᠠᠭᠤᠯᠭ᠎ᠠ ᠪᠠ ᠰᠠᠨᠠᠯ᠎ᠢ ᠬᠠᠤᠯᠢ ᠲᠣᠭᠲᠠᠭᠠᠬᠤ ᠪᠠᠢᠭᠤᠯᠭ᠎ᠠ ᠬᠦᠯᠢᠶᠡᠨ ᠠᠪᠤᠭᠰᠠᠨ᠂ ᠡᠰᠡᠬᠦᠯ᠎ᠡ ᠬᠠᠤᠯᠢ ᠲᠣᠭᠲᠠᠭᠠᠬᠤ ᠲᠥᠯᠥᠪᠯᠡᠭᠡ᠂ ᠲᠥᠯᠦᠪᠵᠢᠭᠦᠯᠭᠡ᠎ᠳᠦ 1 ᠡᠴᠡ ᠳᠡᠭᠡᠭᠰᠢ ᠣᠷᠣᠭᠤᠯᠤᠭᠰᠠᠨ ᠪᠤᠶᠤ ᠬᠣᠯᠪᠣᠭᠳᠠᠯ ᠪᠦᠬᠦᠢ ᠪᠠᠢᠭᠤᠯᠭ᠎ᠠ᠎ᠶᠢᠨ ᠨᠠᠶ᠋ᠢᠳᠠᠯᠭ᠎ᠠ᠎ᠪᠠᠷ 2 ᠡᠴᠡ ᠳᠡᠭᠡᠭᠰᠢ ᠬᠠᠤᠯᠢ ᠲᠣᠭᠲᠠᠭᠠᠬᠤ ᠲᠥᠰᠥᠯ᠎ᠢ ᠲᠤᠭᠤᠷᠪᠢᠨ ᠪᠢᠴᠢᠬᠦ᠎ᠳᠦ ᠣᠷᠣᠯᠴᠠᠭᠰᠠᠨ ;
8. ᠭᠤᠷᠪᠠᠨ ᠵᠢᠯ ᠳᠠᠷᠠᠭᠠᠯᠠᠨ ᠨᠠᠮ ᠵᠠᠰᠠᠭ᠎ᠤᠨ ᠪᠠᠢᠭᠤᠯᠭ᠎ᠠ ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ ᠂ ᠤᠯᠤᠰ ᠲᠥᠷᠥ᠎ᠶᠢᠨ ᠵᠥᠪᠯᠡᠯᠭᠡᠨ ᠂ ᠠᠵᠢᠯ ᠦᠢᠯᠡᠰ᠎ᠦᠨ ᠨᠢᠭᠡᠴᠢ ᠂ ᠨᠡᠢᠭᠡᠮ᠎ᠦᠨ ᠪᠦᠯᠬᠦᠮ ᠂ ᠠᠵᠤ ᠠᠬᠤᠢᠯᠠᠯ᠎ᠤᠨ ᠬᠠᠤᠯᠢ ᠴᠠᠭᠠᠵᠠ᠎ᠶᠢᠨ ᠵᠥᠪᠯᠡᠭᠴᠢ᠎ᠶᠢᠨ ᠲᠤᠰᠢᠶᠠᠯ᠎ᠢ ᠭᠤᠷᠪᠠ᠎ᠠᠴᠠ ᠳᠡᠭᠡᠭᠰᠢ ᠡᠭᠦᠷᠭᠡᠯᠡᠭᠰᠡᠨ ᠃
ᠠᠷᠪᠠᠨ ᠭᠤᠷᠪᠠᠳᠤᠭᠠᠷ ᠵᠦᠢᠯ ᠭᠤᠷᠪᠠᠳᠤᠭᠠᠷ ᠳᠡᠰ᠎ᠤᠨ ᠬᠠᠤᠯᠢᠴᠢ
( ᠨᠢᠭᠡ ) ᠲᠤᠰᠬᠠᠢ ᠮᠡᠷᠭᠡᠵᠢᠯ᠎ᠦᠨ ᠤᠨᠤᠯ᠎ᠤᠨ ᠬᠢᠷᠢ ᠬᠡᠮᠵᠢᠶ᠎ᠡ
1. ᠬᠠᠤᠯᠢᠴᠢ᠎ᠶᠢᠨ ᠠᠵᠢᠯ ᠡᠷᠬᠢᠯᠡᠬᠦ ᠵᠣᠬᠢᠬᠤ ᠦᠢᠯᠡᠳᠦᠯᠭᠡ᠎ᠶᠢᠨ ᠲᠤᠷᠰᠢᠯᠭ᠎ᠠ᠎ᠲᠠᠢ ᠪᠠᠢᠵᠤ᠂ ᠡᠯ᠎ᠡ ᠲᠦᠷᠦᠯ᠎ᠦᠨ ᠡᠩ᠎ᠦᠨ ᠬᠠᠤᠯᠢᠴᠢ᠎ᠶᠢᠨ ᠲᠤᠬᠠᠢᠯᠠᠭᠰᠠᠨ ᠠᠵᠢᠯ᠎ᠢ ᠳᠠᠭᠠᠭᠠᠨ ᠠᠪᠴᠤ ᠭᠦᠢᠴᠡᠳᠬᠡᠵᠦ ᠲᠡᠢᠯᠬᠦ ᠬᠡᠷᠡᠭᠲᠡᠢ ;
2. ᠲᠤᠰ ᠪᠡᠶ᠎ᠡ᠎ᠶᠢᠨ᠎ᠢᠶᠡᠨ ᠬᠠᠤᠯᠢ ᠴᠠᠭᠠᠵᠠ᠎ᠶᠢᠨ ᠲᠤᠰᠬᠠᠢ ᠮᠡᠷᠭᠡᠵᠢᠯ᠎ᠦᠨ ᠰᠠᠭᠤᠷᠢ ᠤᠨᠤᠯ᠎ᠤᠨ ᠮᠡᠳᠡᠯᠭᠡ ᠪᠠ ᠬᠠᠤᠯᠢᠴᠢ᠎ᠶᠢᠨ ᠲᠤᠬᠠᠢᠯᠠᠭᠰᠠᠨ ᠠᠵᠢᠯ᠎ᠤᠨ ᠮᠡᠳᠡᠯᠭᠡ᠎ᠶᠢ ᠬᠠᠤᠯᠢᠴᠢ᠎ᠶᠢᠨ ᠲᠤᠬᠠᠢᠯᠠᠭᠰᠠᠨ ᠠᠵᠢᠯ᠎ᠳᠤ ᠵᠥᠪ᠎ᠢᠶᠡᠷ ᠬᠡᠷᠡᠭᠯᠡᠵᠦ᠂ ᠠᠩᠬ᠎ᠠ ᠠᠯᠬᠤᠮ᠎ᠤᠨ ᠰᠤᠳᠤᠯᠭᠠᠨ᠎ᠤ ᠦᠷ᠎ᠡ ᠪᠦᠲᠦᠭᠡᠯ ᠭᠠᠷᠭᠠᠭᠰᠠᠨ᠃
( ᠬᠣᠶᠠᠷ ) ᠠᠵᠢᠯ᠎ᠤᠨ ᠴᠢᠳᠠᠪᠤᠷᠢ
1. ᠳᠥᠷᠪᠡᠳᠦᠭᠡᠷ ᠳᠡᠰ᠎ᠠᠴᠠ ᠳᠣᠷᠣᠭ᠍ᠰᠢᠬᠢ ᠬᠠᠤᠯᠢᠴᠢ᠎ᠶᠢᠨ ᠰᠤᠷᠤᠯᠴᠠᠬᠤ᠂ ᠠᠵᠢᠯᠯᠠᠬᠤ᠎ᠶᠢ ᠵᠢᠯᠤᠭᠣᠳᠬᠤ ᠴᠢᠳᠠᠪᠤᠷᠢ᠎ᠲᠠᠢ ᠪᠠᠢᠬᠤ ;
2. ᠥᠮᠥᠭᠯᠡᠬᠦ ᠦᠭᠡ ᠪᠤᠶᠤ ᠣᠷᠣᠯᠠᠬᠤ ᠦᠭᠡ ᠵᠡᠷᠭᠡ ᠵᠠᠷᠭᠤ᠎ᠶᠢᠨ ᠪᠤᠶᠤ ᠵᠠᠷᠭᠤ᠎ᠶᠢᠨ ᠪᠤᠰᠤ ᠬᠠᠤᠯᠢ ᠴᠠᠭᠠᠵᠠ᠎ᠶᠢᠨ ᠪᠢᠴᠢᠭ ᠬᠠᠷ᠎ᠠ᠎ᠶᠢᠨ ᠬᠡᠷᠡᠭᠯᠡᠭᠰᠡᠨ ᠬᠠᠤᠯᠢ ᠴᠠᠭᠠᠵᠠ ᠨᠢ ᠵᠥᠪ ᠣᠨᠣᠪᠴᠢᠲᠠᠶ᠂ ᠪᠦᠲᠦᠴᠡ ᠨᠢ ᠴᠢᠩᠭ᠎ᠠ ᠨᠢᠮᠪᠠᠢ᠂ ᠯᠣᠭᠢᠭ᠋ ᠨᠢ ᠨᠢᠭ᠍ᠲᠠ ᠴᠢᠩᠭ᠎ᠠ᠂ ᠬᠡᠷᠡᠭ᠎ᠦᠨ ᠡᠪᠬᠡᠮᠡᠯ᠎ᠢ ᠳᠡᠪᠲᠡᠷᠯᠡᠬᠦ ᠨᠢ ᠵᠢᠷᠤᠮᠵᠢᠯ᠎ᠲᠠᠢ ᠪᠥᠭᠡᠳ ᠪᠦᠬᠦ ᠲᠠᠯ᠎ᠠ᠎ᠶᠢᠨ ᠪᠠᠢᠵᠤ᠂ ᠮᠠᠰᠢ ᠰᠠᠢᠨ ᠵᠢᠱ᠌ᠢᠶ᠎ᠡ ᠦᠵᠡᠭᠦᠯᠬᠦ ᠦᠢᠯᠡᠳᠦᠯ᠎ᠲᠠᠢ᠃
( ᠭᠤᠷᠪᠠ ) ᠠᠵᠢᠯ᠎ᠦᠨ ᠠᠮᠵᠢᠯᠲᠠ ᠪᠦᠲᠦᠮᠵᠢ ᠬᠢᠭᠡᠳ ᠦᠷ᠎ᠡ ᠪᠦᠲᠦᠭᠡᠯ
ᠲᠤᠰ ᠲᠤᠰᠬᠠᠢ ᠮᠡᠷᠭᠡᠵᠢᠯ᠎ᠦᠨ ᠳᠥᠷᠪᠡᠳᠦᠭᠡᠷ ᠳᠡᠰ᠎ᠤᠨ ᠬᠠᠤᠯᠢᠴᠢ᠎ᠶᠢᠨ ᠮᠡᠷᠭᠡᠵᠢᠯ᠎ᠦᠨ ᠴᠣᠯᠠ᠎ᠶᠢ ᠣᠯᠣᠭᠰᠠᠨ᠎ᠤ ᠳᠠᠷᠠᠭ᠎ᠠ᠂ ᠡᠷᠬᠡᠪᠰᠢ ᠳᠣᠣᠷ᠎ᠠ ᠵᠢᠭ᠍ᠰᠠᠭᠠᠭᠰᠠᠨ ᠨᠥᠬᠥᠴᠡᠯ᠎ᠦᠨ ᠳᠣᠲᠣᠷᠠᠬᠢ 4 ᠵᠤᠷᠪᠤᠰ᠎ᠠᠴᠠ ᠳᠡᠭᠡᠭᠰᠢᠬᠢ᠎ᠶᠢ ᠪᠦᠷᠢᠯᠳᠦᠭᠦᠯᠦᠭᠰᠡᠨ ᠪᠠᠢᠬᠤ ᠬᠡᠷᠡᠭᠲᠡᠢ᠄
1. ᠵᠢᠯ ᠪᠦᠷᠢ ᠳᠤᠮᠳᠠᠴᠢ᠎ᠪᠠᠷ ᠡᠯ᠎ᠡ ᠲᠥᠷᠥᠯ᠎ᠦᠨ ᠬᠠᠤᠯᠢ ᠴᠠᠭᠠᠵᠠ᠎ᠶᠢᠨ ᠲᠤᠬᠠᠢᠯᠠᠭᠰᠠᠨ ᠠᠵᠢᠯ ( ᠬᠠᠤᠯᠢ ᠴᠠᠭᠠᠵᠠ᠎ᠶᠢᠨ ᠯᠠᠪᠯᠠᠭ᠎ᠠ ᠪᠠᠭᠲᠠᠬᠤ ᠦᠭᠡᠢ )᠎ᠢ 10 ᠠᠴᠠ ᠳᠡᠭᠡᠭᠰᠢ ᠪᠤᠶᠤ ᠲᠤᠰᠬᠠᠢ ᠲᠤᠰᠢᠶᠠᠯᠲᠤ ᠬᠠᠤᠯᠢ ᠴᠠᠭᠠᠵᠠ᠎ᠶᠢᠨ ᠲᠤᠰᠠᠯᠠᠮᠵᠢ᠎ᠶᠢᠨ ᠬᠠᠤᠯᠢᠴᠢ᠎ᠪᠠᠷ ᠵᠢᠯ ᠪᠦᠷᠢ ᠳᠤᠮᠳᠠᠴᠢ᠎ᠪᠠᠷ ᠬᠠᠤᠯᠢ ᠴᠠᠭᠠᠵᠠ᠎ᠶᠢᠨ ᠲᠤᠰᠠᠯᠠᠮᠵᠢ᠎ᠶᠢᠨ ᠬᠡᠷᠡᠭ ( ᠬᠠᠤᠯᠢ ᠴᠠᠭᠠᠵᠠ᠎ᠶᠢᠨ ᠯᠠᠪᠯᠠᠭ᠎ᠠ ᠪᠠᠭᠲᠠᠬᠤ ᠦᠭᠡᠢ )᠎ᠢ 6 ᠠᠴᠠ ᠳᠡᠭᠡᠭᠰᠢ ᠭᠦᠢᠴᠡᠳᠬᠡᠭᠰᠡᠨ ;
2. ᠨᠥᠯᠥᠭᠡ ᠪᠦᠬᠦᠢ ᠬᠠᠤᠯᠢ ᠴᠠᠭᠠᠵᠠ᠎ᠶᠢᠨ ᠲᠤᠬᠠᠢᠯᠠᠭᠰᠠᠨ ᠠᠵᠢᠯ᠎ᠢ 1᠎ᠡᠴᠡ ᠳᠡᠭᠡᠭᠰᠢ ᠡᠷᠬᠢᠯᠡᠵᠦ᠂ ᠵᠣᠬᠢᠬᠤ ᠨᠡᠢᠭᠡᠮ᠎ᠦᠨ ᠦᠷ᠎ᠡ ᠠᠰᠢᠭ᠋ ᠪᠠ ᠠᠵᠤ ᠠᠬᠤᠢ᠎ᠶᠢᠨ ᠦᠷ᠎ᠡ ᠠᠰᠢᠭ᠋ ᠣᠯᠣᠭᠰᠠᠨ ;
3. ᠢᠯᠡ᠎ᠪᠡᠷ ᠬᠡᠪᠯᠡᠭᠦᠯᠦᠭᠰᠡᠨ ᠬᠤᠭᠤᠴᠠᠭᠠᠲᠤ ᠰᠡᠳᠬᠦᠯ᠂ ᠡᠮᠬᠢᠳᠬᠡᠯ᠂ ᠰᠡᠳᠬᠦᠯ ᠪᠤᠶᠤ ᠬᠠᠤᠯᠢᠴᠢ᠎ᠶᠢᠨ ᠨᠡᠢᠭᠡᠮᠯᠢᠭ ( ᠬᠠᠤᠯᠢ᠎ᠶᠢᠨ ᠤᠬᠠᠭᠠᠨ᠎ᠤ ᠨᠡᠢᠭᠡᠮᠯᠢᠭ ) ᠵᠢᠴᠢ ᠲᠡᠭᠦᠨ᠎ᠦ ᠲᠤᠰᠬᠠᠢ ᠠᠵᠢᠯ᠎ᠤᠨ ᠺᠣᠮᠢᠰ᠎ᠤᠨ ᠵᠣᠬᠢᠶᠠᠨ ᠪᠠᠢᠭᠤᠯᠤᠭᠰᠠᠨ ᠲᠤᠬᠠᠢᠯᠠᠭᠰᠠᠨ ᠠᠵᠢᠯ᠎ᠤᠨ ᠰᠣᠯᠢᠯᠴᠠᠭᠠᠨ᠎ᠤ ᠠᠵᠢᠯᠯᠠᠭ᠎ᠠ᠎ᠶᠢᠨ ᠳᠤᠮᠳᠠ᠂ ᠪᠡᠶ᠎ᠡ᠎ᠪᠡᠨ ᠳᠠᠭᠠᠭᠠᠭᠰᠠᠨ ᠪᠤᠶᠤ ᠨᠢᠭᠡᠳᠦᠭᠡᠷ ᠵᠣᠬᠢᠶᠠᠭ᠍ᠴᠢ᠎ᠪᠠᠷ ᠬᠠᠤᠯᠢ ᠴᠠᠭᠠᠵᠠ᠎ᠶᠢᠨ ᠲᠤᠰᠬᠠᠢ ᠮᠡᠷᠭᠡᠵᠢᠯ ᠪᠤᠶᠤ ᠬᠠᠤᠯᠢᠴᠢ᠎ᠶᠢᠨ ᠪᠣᠳᠠᠲᠤ ᠶᠠᠪᠤᠳᠠᠯ᠎ᠤᠨ ᠲᠤᠬᠠᠢ ᠥᠭᠦᠯᠡᠯ᠎ᠢ 1᠎ᠡᠴᠡ ᠳᠡᠭᠡᠭᠰᠢ ᠨᠡᠢᠲᠡᠯᠡᠭᠦᠯᠦᠭᠰᠡᠨ ;
4. ᠭᠣᠣᠯ ᠵᠣᠬᠢᠶᠠᠭ᠍ᠴᠢ ᠪᠤᠶᠤ ᠣᠷᠣᠯᠴᠠᠭᠰᠠᠨ ᠵᠣᠬᠢᠶᠠᠭ᠍ᠴᠢ᠎ᠶᠢᠨ ᠬᠤᠪᠢ᠎ᠳᠤ᠂ ᠬᠠᠤᠯᠢ ᠴᠠᠭᠠᠵᠠ᠎ᠶᠢᠨ ᠲᠤᠰᠬᠠᠢ ᠮᠡᠷᠭᠡᠵᠢᠯ᠎ᠦᠨ ᠲᠤᠰᠬᠠᠢ ᠵᠣᠬᠢᠶᠠᠯ᠂ ᠣᠷᠴᠢᠭᠤᠯᠭ᠎ᠠ᠎ᠶᠢᠨ ᠵᠣᠬᠢᠶᠠᠯ᠂ ᠬᠡᠷᠡᠭ᠎ᠦᠨ ᠵᠢᠱ᠌ᠢᠶ᠎ᠡ᠎ᠶᠢᠨ ᠲᠡᠭᠦᠪᠦᠷᠢ᠂ ᠥᠭᠦᠯᠡᠯ᠎ᠦᠨ ᠲᠡᠭᠦᠪᠦᠷᠢ᠎ᠶᠢ 1 ᠡᠴᠡ ᠳᠡᠭᠡᠭᠰᠢ ( ᠵᠣᠬᠢᠶᠠᠯ ᠪᠦᠷᠢ᠎ᠶᠢ 5 ᠲᠦᠮᠡᠨ ᠦᠰᠦᠭ᠎ᠡᠴᠡ ᠳᠡᠭᠡᠭᠰᠢ ᠪᠢᠴᠢᠭᠰᠡᠨ ᠪᠠᠢᠬᠤ ᠬᠡᠷᠡᠭᠲᠡᠢ )᠎ᠪᠡᠷ ᠢᠯᠡ᠎ᠪᠡᠷ ᠬᠡᠪᠯᠡᠭᠦᠯᠦᠭᠰᠡᠨ ;
5. ᠳᠠᠭᠠᠭᠠᠨ ᠭᠦᠢᠴᠡᠳᠬᠡᠭᠰᠡᠨ ᠬᠡᠷᠡᠭ᠎ᠦᠨ ᠵᠢᠱ᠌ᠢᠶ᠎ᠡ ( ᠵᠠᠷᠭᠤ ᠢᠯᠠᠭᠰᠠᠨ ᠲᠠᠯ᠎ᠠ ᠪᠤᠶᠤ ᠠᠰᠢᠭ᠍ᠲᠠᠢ ᠦᠷ᠎ᠡ ᠳ᠋ᠦᠩ ᠣᠯᠣᠭᠰᠠᠨ ᠲᠠᠯ᠎ᠠ )᠎ᠶᠢ ᠰᠢᠭᠦᠬᠦ ᠬᠣᠷᠢᠶ᠎ᠠ᠂ ᠪᠠᠢᠴᠠᠭᠠᠬᠤ ᠬᠣᠷᠢᠶ᠎ᠠ᠂ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠂ ᠬᠠᠤᠯᠢᠴᠢ᠎ᠶᠢᠨ ᠨᠡᠢᠭᠡᠮᠯᠢᠭ᠂ ᠬᠠᠤᠯᠢ᠎ᠶᠢᠨ ᠤᠬᠠᠭᠠᠨ᠎ᠤ ᠨᠡᠢᠭᠡᠮᠯᠢᠭ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠬᠡᠷᠡᠭ᠎ᠦᠨ ᠵᠢᠱ᠌ᠢᠶ᠎ᠡ᠎ᠶᠢᠨ ᠬᠥᠮᠥᠷᠭᠡ ᠪᠤᠶᠤ ᠬᠡᠷᠡᠭ᠎ᠦᠨ ᠵᠢᠱ᠌ᠢᠶ᠎ᠡ᠎ᠶᠢᠨ ᠡᠮᠬᠢᠳᠬᠡᠯ᠎ᠳᠦ 1᠎ᠡᠴᠡ ᠳᠡᠭᠡᠭᠰᠢ ᠣᠷᠣᠭᠤᠯᠤᠭᠰᠠᠨ ᠪᠤᠶᠤ ᠬᠠᠤᠯᠢᠴᠢ᠎ᠶᠢᠨ ᠨᠡᠢᠭᠡᠮᠯᠢᠭ ( ᠬᠠᠤᠯᠢ᠎ᠶᠢᠨ ᠤᠬᠠᠭᠠᠨ᠎ᠤ ᠨᠡᠢᠭᠡᠮᠯᠢᠭ ) ᠵᠢᠴᠢ ᠲᠡᠭᠦᠨ᠎ᠦ ᠲᠤᠰᠬᠠᠢ ᠮᠡᠷᠭᠡᠵᠢᠯ᠎ᠦᠨ ᠺᠣᠮᠢᠰ᠎ᠤᠨ ᠵᠣᠬᠢᠶᠠᠨ ᠪᠠᠢᠭᠤᠯᠤᠭᠰᠠᠨ ᠲᠤᠬᠠᠢᠯᠠᠭᠰᠠᠨ ᠠᠵᠢᠯ᠎ᠤᠨ ᠰᠣᠯᠢᠯᠴᠠᠭᠠᠨ᠎ᠤ ᠠᠵᠢᠯᠯᠠᠭ᠎ᠠ ᠳᠡᠭᠡᠷ᠎ᠡ 1᠎ᠡᠴᠡ ᠳᠡᠭᠡᠭᠰᠢ ᠨᠡᠢᠲᠡᠯᠡᠭᠰᠡᠨ ;
6. ᠠᠢᠮᠠᠭ ᠬᠣᠲᠠ ( ᠲᠢᠩᠬᠢᠮ ᠂ ᠲᠣᠪᠴᠢᠶ᠎ᠠ )᠎ᠶᠢᠨ ᠱᠠᠲᠤᠨ᠎ᠠᠴᠠ ᠳᠡᠭᠡᠭᠰᠢᠬᠢ ᠬᠠᠤᠯᠢᠴᠢ᠎ᠶᠢᠨ ᠪᠣᠳᠠᠲᠤ ᠶᠠᠪᠤᠳᠠᠯ ᠪᠤᠶᠤ ᠬᠠᠤᠯᠢ᠎ᠶᠢᠨ ᠤᠬᠠᠭᠠᠨ᠎ᠤ ᠣᠨᠣᠯ᠎ᠤᠨ ᠰᠤᠳᠤᠯᠭᠠᠨ᠎ᠤ ᠲᠥᠷᠥᠯ ᠵᠦᠢᠯ ( ᠰᠡᠳᠦᠪ )᠎ᠢ 1 ᠠᠴᠠ ᠳᠡᠭᠡᠭᠰᠢ ᠡᠷᠭᠢᠯᠡᠬᠦ ᠪᠤᠶᠤ ᠲᠡᠭᠦᠨ᠎ᠳᠦ ᠣᠷᠣᠯᠴᠠᠭᠰᠠᠨ ᠂ ᠣᠷᠣᠯᠴᠠᠭᠰᠠᠳ ᠨᠢ ᠭᠤᠷᠪᠠᠨ᠎ᠤ ᠨᠢᠭᠡ᠎ᠡᠴᠡ ᠳᠡᠭᠡᠭᠰᠢᠬᠢ ᠠᠭᠤᠯᠭ᠎ᠠ᠎ᠶᠢ ᠲᠤᠭᠤᠷᠪᠢᠨ ᠪᠢᠴᠢᠭᠰᠡᠨ ᠪᠠᠢᠬᠤ ᠬᠡᠷᠡᠭᠲᠡᠢ ;
7. ᠬᠠᠤᠯᠢ ᠴᠠᠭᠠᠵᠠ᠎ᠶᠢᠨ ᠲᠤᠰᠬᠠᠢ ᠮᠡᠷᠭᠡᠵᠢᠯ᠎ᠦᠨ ᠮᠡᠳᠡᠯᠭᠡ ᠪᠠ ᠦᠢᠯᠡᠳᠦᠯᠭᠡ᠎ᠶᠢᠨ ᠲᠤᠷᠰᠢᠯᠭ᠎ᠠ᠎ᠶᠢ ᠬᠡᠷᠡᠭᠯᠡᠨ ᠬᠠᠤᠯᠢ ᠲᠣᠭᠲᠠᠭᠠᠬᠤ ᠲᠥᠰᠥᠯ᠎ᠢ 1᠎ᠡᠴᠡ ᠳᠡᠭᠡᠭᠰᠢ ᠲᠤᠭᠤᠷᠪᠢᠨ ᠪᠢᠴᠢᠬᠦ᠎ᠳᠦ ᠣᠷᠣᠯᠴᠠᠭᠰᠠᠨ ;
8. ᠨᠠᠮ ᠵᠠᠰᠠᠭ᠎ᠤᠨ ᠪᠠᠢᠭᠤᠯᠭ᠎ᠠ ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ ᠂ ᠤᠯᠤᠰ ᠲᠥᠷᠥ᠎ᠶᠢᠨ ᠵᠥᠪᠯᠡᠯᠭᠡᠨ ᠂ ᠠᠵᠢᠯ ᠦᠢᠯᠡᠰ᠎ᠦᠨ ᠨᠢᠭᠡᠴᠢ ᠂ ᠨᠡᠢᠭᠡᠮ᠎ᠦᠨ ᠪᠦᠯᠬᠦᠮ ᠂ ᠠᠵᠤ ᠠᠬᠤᠢᠯᠠᠯ᠎ᠤᠨ ᠬᠠᠤᠯᠢ ᠴᠠᠭᠠᠵᠠ᠎ᠶᠢᠨ ᠵᠥᠪᠯᠡᠭᠴᠢ᠎ᠶᠢᠨ ᠲᠤᠰᠢᠶᠠᠯ᠎ᠢ ᠭᠤᠷᠪᠠ᠎ᠠᠴᠠ ᠳᠡᠭᠡᠭᠰᠢ ᠡᠭᠦᠷᠭᠡᠯᠡᠭᠰᠡᠨ ᠃
ᠠᠷᠪᠠᠨ ᠳᠥᠷᠪᠡᠳᠦᠭᠡᠷ ᠵᠦᠢᠯ ᠳᠥᠷᠪᠡᠳᠦᠭᠡᠷ ᠳᠡᠰ᠎ᠤᠨ ᠬᠠᠤᠯᠢᠴᠢ
( ᠨᠢᠭᠡ ) ᠬᠠᠤᠯᠢᠴᠢ᠎ᠶᠢᠨ ᠬᠣᠯᠪᠣᠭᠳᠠᠯ ᠪᠦᠬᠦᠢ ᠬᠠᠤᠯᠢ᠎ᠶᠢᠨ ᠤᠬᠠᠭᠠᠨ᠎ᠤ ᠤᠨᠤᠯ ᠪᠠ ᠲᠤᠰᠬᠠᠢ ᠮᠡᠷᠭᠡᠵᠢᠯ᠎ᠦᠨ ᠮᠡᠳᠡᠯᠭᠡ᠎ᠶᠢ ᠦᠨᠳᠦᠰᠦᠨ᠎ᠳᠡᠭᠡᠨ ᠡᠵᠡᠮᠰᠢᠵᠦ᠂ ᠬᠣᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠦ᠎ᠶᠢᠨ ᠪᠣᠳᠣᠯᠭ᠎ᠠ ᠪᠠ ᠠᠵᠢᠯ᠎ᠤᠨ ᠳᠦᠷᠢᠮ᠎ᠢ ᠨᠠᠷᠢᠨ ᠬᠢᠨᠠᠮᠠᠭᠠᠢ ᠬᠡᠷᠡᠭᠵᠢᠭᠦᠯᠦᠭᠰᠡᠨ ;
( ᠬᠣᠶᠠᠷ ) ᠬᠠᠤᠯᠢᠴᠢ᠎ᠶᠢᠨ ᠠᠵᠢᠯ ᠡᠷᠬᠢᠯᠡᠬᠦ ᠤᠷ᠎ᠠ ᠴᠢᠳᠠᠪᠤᠷᠢ᠎ᠶᠢ ᠠᠩᠬ᠎ᠠ ᠠᠯᠬᠤᠮ ᠡᠵᠡᠮᠰᠢᠵᠦ᠂ ᠬᠠᠤᠯᠢᠴᠢ᠎ᠶᠢᠨ ᠦᠨᠳᠦᠰᠦᠨ ᠲᠤᠬᠠᠢᠯᠠᠭᠰᠠᠨ ᠠᠵᠢᠯ᠎ᠢ ᠪᠡᠶ᠎ᠡ᠎ᠪᠡᠨ ᠳᠠᠭᠠᠭᠠᠵᠤ ᠬᠢᠵᠦ ᠲᠡᠢᠯᠬᠦ ;
( ᠭᠤᠷᠪᠠ ) ᠬᠠᠤᠯᠢ ᠴᠠᠭᠠᠵᠠ᠎ᠶᠢᠨ ᠲᠤᠬᠠᠢᠯᠠᠭᠰᠠᠨ ᠠᠵᠢᠯ᠎ᠤᠨ ᠬᠢᠷᠢ ᠬᠡᠮ᠎ᠢ ᠣᠯᠣᠭᠰᠠᠨ᠎ᠠᠴᠠ ᠨᠠᠭᠠᠰᠢ᠂ ᠬᠠᠤᠯᠢ ᠴᠠᠭᠠᠵᠠ᠎ᠶᠢᠨ ᠬᠡᠷᠡᠭ᠎ᠲᠦ 8᠎ᠡᠴᠡ ᠳᠡᠭᠡᠭᠰᠢ ᠣᠷᠣᠯᠴᠠᠭᠰᠠᠨ ᠪᠠ ᠰᠢᠢᠳᠪᠦᠷᠢᠯᠡᠭᠰᠡᠨ᠃
ᠳᠥᠷᠪᠡᠳᠦᠭᠡᠷ ᠪᠦᠯᠦᠭ ᠳᠠᠭᠠᠯᠳᠤᠭᠤᠯᠤᠭᠰᠠᠨ ᠳᠦᠷᠢᠮ
ᠠᠷᠪᠠᠨ ᠲᠠᠪᠤᠳᠤᠭᠠᠷ ᠵᠦᠢᠯ ᠲᠤᠰ ᠬᠢᠨᠠᠨ ᠲᠣᠭᠲᠠᠭᠠᠬᠤ ᠨᠥᠬᠥᠴᠡᠯ᠎ᠳᠤ ᠬᠣᠯᠪᠣᠭᠳᠠᠬᠤ ᠠᠵᠢᠯ᠎ᠤᠨ ᠴᠢᠳᠠᠪᠤᠷᠢ᠂ ᠠᠵᠢᠯ᠎ᠤᠨ ᠠᠮᠵᠢᠯᠲᠠ ᠪᠦᠲᠦᠮᠵᠢ᠂ ᠰᠤᠳᠤᠯᠭᠠᠨ᠎ᠤ ᠦᠷ᠎ᠡ ᠪᠦᠲᠦᠭᠡᠯ᠂ ᠥᠭᠦᠯᠡᠯ ᠵᠣᠬᠢᠶᠠᠯ ᠵᠡᠷᠭᠡ ᠨᠢ ᠴᠥᠮ ᠬᠠᠤᠯᠢ ᠴᠠᠭᠠᠵᠠ᠎ᠶᠢᠨ ᠲᠤᠰᠬᠠᠢ ᠮᠡᠷᠭᠡᠵᠢᠯ ᠯᠦ᠍ᠭᠡ ᠬᠣᠯᠪᠣᠭᠳᠠᠯ᠎ᠲᠠᠢ ᠪᠠᠢᠬᠤ ᠬᠡᠷᠡᠭᠲᠡᠢ ᠪᠥᠭᠡᠳ ᠤᠳᠤ ᠪᠠᠢᠭ᠎ᠠ ᠮᠡᠷᠭᠡᠵᠢᠯ᠎ᠤᠨ ᠴᠣᠯᠠ ᠣᠯᠣᠭᠰᠠᠨ᠎ᠠᠴᠠ ᠨᠠᠭᠠᠰᠢ ᠣᠯᠣᠭᠰᠠᠨ ᠪᠠᠢᠬᠤ ᠬᠡᠷᠡᠭᠲᠡᠢ ᠪᠥᠭᠡᠳ ᠡᠷᠬᠡᠪᠰᠢ ᠬᠠᠷᠠᠭᠠᠯᠵᠠᠭᠰᠠᠨ ᠭᠡᠷᠡᠴᠢᠯᠡᠬᠦ ᠮᠠᠲᠧᠷᠢᠶᠠᠯ᠎ᠢᠶᠠᠨ ᠬᠠᠩᠭᠠᠬᠤ ᠬᠡᠷᠡᠭᠲᠡᠢ᠃
ᠠᠷᠪᠠᠨ ᠵᠢᠷᠭᠤᠳᠤᠭᠠᠷ ᠵᠦᠢᠯ ᠲᠤᠰ ᠠᠷᠭ᠎ᠠ᠎ᠳᠤ ᠬᠣᠯᠪᠣᠭᠳᠠᠬᠤ ᠲᠤᠰᠬᠠᠢ ᠨᠡᠷ᠎ᠡ ᠦᠭᠡ᠎ᠶᠢᠨ ᠤᠳᠬ᠎ᠠ᠄
( ᠨᠢᠭᠡ ) ᠡᠨᠳᠡ ᠬᠡᠯᠡᠵᠦ ᠪᠠᠢᠭ᠎ᠠ 《 ᠳᠡᠭᠡᠭᠰᠢ 》 ᠭᠡᠳᠡᠭ᠎ᠲᠦ ᠲᠤᠰ ᠱᠠᠲᠤ ᠪᠤᠶᠤ ᠲᠤᠰ ᠲᠣᠭ᠎ᠠ᠎ᠶᠢ ᠪᠠᠭᠲᠠᠭᠠᠨ᠎ᠠ;
( ᠬᠣᠶᠠᠷ ) ᠡᠨᠳᠡ ᠬᠡᠯᠡᠵᠦ ᠪᠠᠢᠭ᠎ᠠ 《 ᠵᠢᠯ ᠳᠤᠮᠳᠠᠴᠢ 》 ᠭᠡᠳᠡᠭ ᠨᠢ ᠲᠣᠭᠲᠠᠭᠠᠭᠰᠠᠨ ᠮᠡᠳᠡᠭᠦᠯᠬᠦ ᠵᠢᠯ ᠬᠤᠭᠤᠴᠠᠭ᠎ᠠ᠎ᠶᠢᠨ ᠳᠣᠲᠣᠷᠠᠬᠢ ᠲᠣᠭ᠎ᠠ ᠬᠡᠮᠵᠢᠶᠡᠨ᠎ᠦ ᠳᠤᠮᠳᠠᠴᠢ ᠬᠡᠮᠵᠢᠭᠳᠡᠯ᠎ᠢ ᠵᠢᠭᠠᠵᠤ ᠪᠠᠢᠨ᠎ᠠ ;
( ᠭᠤᠷᠪᠠ ) ᠡᠨᠳᠡ ᠬᠡᠯᠡᠵᠦ ᠪᠠᠢᠭ᠎ᠠ 《 ᠪᠠᠢᠭ᠎ᠠ ᠨᠢᠭᠡᠴᠢ 》 ᠭᠡᠳᠡᠭ ᠨᠢ ᠲᠤᠰᠬᠠᠢ ᠲᠤᠰᠢᠶᠠᠯᠲᠤ ᠬᠠᠤᠯᠢᠴᠢ᠎ᠶᠢᠨ ᠠᠵᠢᠯ ᠡᠷᠬᠢᠯᠡᠵᠦ ᠪᠠᠢᠭ᠎ᠠ ᠬᠠᠤᠯᠢᠴᠢ᠎ᠶᠢᠨ ᠬᠡᠷᠡᠭ ᠡᠷᠬᠢᠯᠡᠬᠦ ᠭᠠᠵᠠᠷ᠂ ᠬᠠᠤᠯᠢ ᠴᠠᠭᠠᠵᠠ᠎ᠶᠢᠨ ᠲᠤᠰᠠᠯᠠᠮᠵᠢ᠎ᠶᠢᠨ ᠬᠠᠤᠯᠢᠴᠢ᠎ᠶᠢᠨ ᠪᠠᠢᠭ᠎ᠠ ᠬᠠᠤᠯᠢ ᠴᠠᠭᠠᠵᠠ᠎ᠶᠢᠨ ᠲᠤᠰᠠᠯᠠᠮᠵᠢ᠎ᠶᠢᠨ ᠪᠠᠢᠭᠤᠯᠤᠮᠵᠢ᠂ ᠺᠣᠮᠫᠠᠨᠢ᠎ᠶᠢᠨ ᠬᠠᠤᠯᠢᠴᠢ᠎ᠶᠢᠨ ᠪᠠᠢᠭ᠎ᠠ ᠺᠣᠮᠫᠠᠨᠢ᠎ᠶᠢ ᠵᠢᠭᠠᠵᠤ ᠪᠠᠢᠨ᠎ᠠ ;
( ᠳᠥᠷᠪᠡ ) ᠲᠤᠰᠬᠠᠢ ᠵᠣᠬᠢᠶᠠᠯ᠎ᠤᠨ ᠣᠷᠴᠢᠭᠤᠯᠭ᠎ᠠ᠎ᠶᠢᠨ ᠲᠠᠢᠯᠪᠤᠷᠢ ᠭᠡᠳᠡᠭ ᠪᠣᠯ ISBN ᠨᠢᠭᠡᠳᠦᠯᠲᠡᠢ ᠨᠣᠮ᠎ᠤᠨ ᠳ᠋ᠤᠭᠠᠷ᠎ᠢ ᠣᠯᠣᠭᠠᠳ ᠢᠯᠡ᠎ᠪᠡᠷ ᠬᠡᠪᠯᠡᠨ ᠲᠠᠷᠬᠠᠭᠠᠭᠰᠠᠨ ᠲᠤᠰᠬᠠᠢ ᠮᠡᠷᠭᠡᠵᠢᠯ᠎ᠦᠨ ᠡᠷᠳᠡᠮ ᠰᠢᠨᠵᠢᠯᠡᠭᠡᠨ᠎ᠦ ᠲᠤᠰᠬᠠᠢ ᠵᠣᠬᠢᠶᠠᠯ ᠪᠤᠶᠤ ᠣᠷᠴᠢᠭᠤᠯᠭ᠎ᠠ᠎ᠶᠢᠨ ᠵᠣᠬᠢᠶᠠᠯ᠎ᠢ ᠬᠡᠯᠡᠵᠦ ᠪᠠᠢᠨ᠎ᠠ᠃ ᠡᠷᠳᠡᠮ ᠰᠢᠨᠵᠢᠯᠡᠭᠡᠨ᠎ᠦ ᠬᠤᠭᠤᠴᠠᠭᠠᠲᠤ ᠰᠡᠳᠬᠦᠯ ᠭᠡᠳᠡᠭ ᠨᠢ ᠤᠯᠤᠰ᠎ᠤᠨ ᠰᠣᠨᠢᠨ ᠮᠡᠳᠡᠭᠡ ᠬᠡᠪᠯᠡᠯ᠎ᠦᠨ ᠵᠠᠰᠠᠭ ᠵᠠᠬᠢᠷᠭᠠᠨ᠎ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ᠎ᠢᠶᠡᠷ ᠵᠥᠪᠰᠢᠶᠡᠷᠡᠭᠦᠯᠦᠭᠡᠳ ᠤᠯᠤᠰ᠎ᠤᠨ ᠳᠣᠲᠣᠭᠠᠳᠤ᠎ᠶᠢᠨ ᠨᠢᠭᠡᠳᠦᠯᠲᠡᠢ ᠦᠷᠭᠦᠯᠵᠢᠯᠡᠭᠰᠡᠨ ᠬᠡᠪᠯᠡᠯ᠎ᠦᠨ ᠰᠡᠳᠬᠦᠯ᠎ᠦᠨ ᠳ᠋ᠤᠭᠠᠷ᠎ᠲᠠᠢ ᠂ ᠬᠤᠭᠤᠴᠠᠭᠠᠲᠤ ᠰᠡᠳᠬᠦᠯ᠎ᠦᠨ ᠬᠡᠪᠯᠡᠯ᠎ᠦᠨ ᠵᠥᠪᠰᠢᠶᠡᠷᠡᠯ᠎ᠦᠨ ᠦᠨᠡᠮᠯᠡᠯ ᠠᠪᠤᠭᠰᠠᠨ ᠂ ᠰᠤᠳᠤᠯᠭᠠᠨ᠎ᠢᠶᠠᠷ ᠢᠯᠡᠷᠡᠭᠦᠯᠦᠭᠰᠡᠨ ᠪᠠ ᠰᠢᠨ᠎ᠡ᠎ᠶᠢ ᠡᠭᠦᠳᠦᠭᠰᠡᠨ ᠦᠷ᠎ᠡ ᠪᠦᠲᠦᠭᠡᠯ᠎ᠢ ᠨᠡᠢᠲᠡᠯᠡᠬᠦ ᠡᠷᠳᠡᠮ ᠰᠢᠨᠵᠢᠯᠡᠭᠡᠨ᠎ᠦ ᠥᠭᠦᠯᠡᠯ ᠂ ᠲᠤᠯᠭᠤᠷ ᠪᠢᠴᠢᠭ᠎ᠢ ᠨᠡᠢᠲᠡᠯᠡᠬᠦ᠎ᠪᠡᠷ ᠭᠣᠣᠯ ᠪᠣᠯᠭᠠᠭᠰᠠᠨ ᠲᠣᠭᠲᠠᠮᠠᠯ ᠬᠤᠭᠤᠴᠠᠭᠠᠲᠤ ᠦᠷᠭᠦᠯᠵᠢᠯᠡᠭᠰᠡᠨ ᠬᠡᠪᠯᠡᠭᠳᠡᠬᠦᠨ᠎ᠢ ᠵᠢᠭᠠᠵᠤ ᠪᠣᠶ ᠃
ᠠᠷᠪᠠᠨ ᠳᠣᠯᠣᠳᠤᠭᠠᠷ ᠵᠦᠢᠯ ᠨᠥᠯᠥᠭᠡ ᠪᠦᠬᠦᠢ ᠬᠠᠤᠯᠢ ᠴᠠᠭᠠᠵᠠ᠎ᠶᠢᠨ ᠲᠤᠬᠠᠢᠯᠠᠭᠰᠠᠨ ᠠᠵᠢᠯ ᠨᠢ ᠳᠣᠣᠷ᠎ᠠ ᠵᠢᠭ᠍ᠰᠠᠭᠠᠭᠰᠠᠨ ᠨᠥᠬᠥᠴᠡᠯ᠎ᠦᠳ᠎ᠦᠨ ᠨᠢᠭᠡ᠎ᠳᠦ ᠨᠡᠢᠴᠡᠭᠰᠡᠨ ᠪᠠᠢᠬᠤ ᠬᠡᠷᠡᠭᠲᠡᠢ᠄
( ᠨᠢᠭᠡ ) ᠨᠠᠢᠳᠠᠭ᠍ᠴᠢ᠎ᠶᠢᠨ ᠨᠡᠯᠢᠶᠡᠳ ᠶᠡᠬᠡ ᠠᠵᠤ ᠠᠬᠤᠢ᠎ᠶᠢᠨ ᠬᠣᠬᠢᠷᠠᠯ᠎ᠢ ᠡᠭᠡᠭᠦᠯᠦᠨ ᠠᠪᠴᠢᠷᠠᠬᠤ ᠪᠤᠶᠤ ᠵᠠᠢᠯᠠᠭᠤᠯᠬᠤ ᠬᠠᠤᠯᠢ ᠴᠠᠭᠠᠵᠠ᠎ᠶᠢᠨ ᠲᠤᠬᠠᠢᠯᠠᠭᠰᠠᠨ ᠠᠵᠢᠯ᠎ᠢ ᠠᠮᠵᠢᠯᠲᠠ᠎ᠲᠠᠢ᠎ᠪᠠᠷ ᠭᠦᠢᠴᠡᠳᠬᠡᠵᠦ ᠥᠩᠭᠡᠷᠡᠭᠰᠡᠨ ;
( ᠬᠣᠶᠠᠷ ) ᠶᠠᠯ᠎ᠠ ᠦᠭᠡᠢ ( ᠬᠡᠷᠡᠭ᠎ᠢ ᠬᠦᠴᠦᠨ ᠦᠭᠡᠢ ᠪᠣᠯᠭᠠᠬᠤ᠂ ᠦᠯᠦ ᠵᠠᠭᠠᠯᠳᠤᠬᠤ᠂ ᠡᠷᠡᠭᠦᠦ᠎ᠶᠢᠨ ᠰᠢᠢᠳᠬᠡᠯ᠎ᠡᠴᠡ ᠬᠡᠯᠲᠦᠷᠢᠭᠦᠯᠬᠦ ᠵᠡᠷᠭᠡ᠎ᠶᠢ ᠪᠠᠭᠲᠠᠭᠠᠨ᠎ᠠ )᠂ ᠡᠰᠡᠬᠦᠯ᠎ᠡ ᠰᠢᠨᠵᠢ ᠴᠢᠨᠠᠷ᠎ᠢ ᠨᠢ ᠬᠤᠪᠢᠷᠠᠭᠤᠯᠤᠭᠰᠠᠨ ᠪᠥᠭᠡᠳ ᠬᠥᠩᠭᠡᠷᠡᠭᠦᠯᠦᠨ ᠰᠢᠢᠳᠬᠡᠬᠦ ᠵᠡᠷᠭᠡ ᠬᠦᠴᠦᠨ ᠪᠦᠬᠦᠢ ᠥᠮᠥᠭᠯᠡᠯ ᠬᠢᠭᠰᠡᠨ ᠡᠷᠡᠭᠦᠦ᠎ᠶᠢᠨ ᠬᠡᠷᠡᠭ᠎ᠢ ᠠᠮᠵᠢᠯᠲᠠ᠎ᠲᠠᠢ᠎ᠪᠠᠷ ᠭᠦᠢᠴᠡᠳᠬᠡᠵᠦ ᠥᠩᠭᠡᠷᠡᠭᠰᠡᠨ ;
( ᠭᠤᠷᠪᠠ ) ᠤᠯᠤᠰ᠎ᠤᠨ ᠵᠠᠰᠠᠭ᠎ᠤᠨ ᠣᠷᠳᠣᠨ᠎ᠤ ᠭᠣᠣᠯᠳᠠᠯᠭ᠎ᠠ᠎ᠲᠠᠢ ᠲᠥᠷᠥᠯ ᠵᠦᠢᠯᠡᠰ ᠪᠤᠶᠤ ᠠᠵᠤ ᠠᠬᠤᠢᠯᠠᠯ᠎ᠤᠨ ᠭᠣᠣᠯᠳᠠᠯᠭ᠎ᠠ᠎ᠲᠠᠢ ᠠᠵᠤ ᠠᠬᠤᠢ᠎ᠶᠢᠨ ᠲᠥᠷᠥᠯ ᠵᠦᠢᠯᠡᠰ ᠵᠡᠷᠭᠡ᠎ᠳᠦ ᠬᠦᠴᠦᠨ ᠲᠡᠭᠦᠯᠳᠡᠷ ᠬᠠᠤᠯᠢ ᠴᠠᠭᠠᠵᠠ᠎ᠶᠢᠨ ᠦᠢᠯᠡᠴᠢᠯᠡᠭᠡ ᠬᠠᠩᠭᠠᠵᠤ᠂ ᠨᠡᠯᠢᠶᠡᠳ ᠰᠠᠢᠨ ᠨᠡᠢᠭᠡᠮ᠎ᠦᠨ ᠦᠷ᠎ᠡ ᠠᠰᠢᠭ᠋ ᠪᠠ ᠠᠵᠤ ᠠᠬᠤᠢ᠎ᠶᠢᠨ ᠦᠷ᠎ᠡ ᠠᠰᠢᠭ᠋ ᠣᠯᠣᠭᠰᠠᠨ ;
( ᠳᠥᠷᠪᠡ ) ᠰᠢᠢᠳᠪᠦᠷᠢᠯᠡᠭᠰᠡᠨ ᠬᠠᠤᠯᠢ ᠴᠠᠭᠠᠵᠠ᠎ᠶᠢᠨ ᠲᠤᠰᠠᠯᠠᠮᠵᠢ᠎ᠶᠢᠨ ᠬᠡᠷᠡᠭ ᠨᠢ ᠠᠢᠮᠠᠭ ᠬᠣᠲᠠ ᠵᠢᠴᠢ ᠲᠡᠭᠦᠨ᠎ᠡᠴᠡ ᠳᠡᠭᠡᠭᠰᠢᠬᠢ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠦᠨ ᠣᠨ᠎ᠤ ᠬᠡᠷᠡᠭ᠎ᠢ ᠦᠨᠡᠯᠡᠨ ᠪᠠᠢᠴᠠᠭᠠᠬᠤ ᠠᠵᠢᠯ ᠳᠤᠮᠳᠠ ᠰᠢᠯᠢᠳᠡᠭ ᠲᠠᠰ᠎ᠢᠶᠠᠷ ᠦᠨᠡᠯᠡᠨ ᠲᠣᠭᠲᠠᠭᠠᠭᠳᠠᠭᠰᠠᠨ ᠃
ᠠᠷᠪᠠᠨ ᠨᠠᠢ᠍ᠮᠠᠳᠤᠭᠠᠷ ᠵᠦᠢᠯ ᠬᠠᠤᠯᠢᠴᠢ᠎ᠶᠢᠨ ᠮᠡᠷᠭᠡᠵᠢᠯ᠎ᠦᠨ ᠴᠣᠯᠠ᠎ᠶᠢᠨ
ᠰᠢᠯᠭᠠᠷᠠᠭᠤᠯᠤᠯᠲᠠ᠎ᠳᠤ ᠣᠷᠣᠯᠴᠠᠬᠤ᠎ᠪᠠᠷ ᠭᠤᠶᠤᠴᠢᠯᠠᠨ ᠮᠡᠳᠡᠭᠦᠯᠦᠭᠰᠡᠨ ᠬᠥᠮᠥᠰ ᠳᠣᠣᠷ᠎ᠠ ᠵᠢᠭ᠍ᠰᠠᠭᠠᠭᠰᠠᠨ ᠪᠠᠢᠳᠠᠯ᠎ᠤᠨ ᠨᠢᠭᠡ ᠨᠢ ᠪᠠᠢᠪᠠᠯ᠂ ᠬᠠᠷᠠᠭᠠᠯᠵᠠᠭᠰᠠᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ᠎ᠡᠴᠡ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠪᠠᠢᠭᠤᠯᠭ᠎ᠠ᠎ᠲᠠᠢ ᠬᠠᠮᠲᠤᠷᠠᠨ ᠲᠡᠭᠦᠨ᠎ᠦ ᠭᠤᠶᠤᠴᠢᠯᠠᠬᠤ ᠬᠢᠷᠢ ᠬᠡᠮ᠎ᠢ ᠨᠢ ᠬᠠᠰᠤᠵᠤ᠂ ᠮᠡᠷᠭᠡᠵᠢᠯ᠎ᠦᠨ ᠴᠣᠯᠠ ᠣᠯᠣᠭᠰᠠᠨ ᠪᠠᠢᠪᠠᠯ᠂ ᠲᠡᠭᠦᠨ᠎ᠦ ᠮᠡᠷᠭᠡᠵᠢᠯ᠎ᠦᠨ ᠴᠣᠯᠠ᠎ᠶᠢ ᠨᠢ ᠬᠠᠰᠤᠵᠤ᠂ ᠦᠨᠡᠮᠯᠡᠯ ᠣᠯᠭᠣᠭᠰᠠᠨ ᠪᠠᠢᠭᠤᠯᠭ᠎ᠠ᠎ᠠᠴᠠ ᠲᠡᠭᠦᠨ᠎ᠦ ᠮᠡᠷᠭᠡᠵᠢᠯ᠎ᠦᠨ ᠴᠣᠯᠠ᠎ᠶᠢᠨ ᠦᠨᠡᠮᠯᠡᠯ᠎ᠢ ᠨᠢ ᠬᠣᠷᠢᠶᠠᠨ ᠠᠪᠴᠤ᠂ ᠮᠡᠷᠭᠡᠵᠢᠯ᠎ᠦᠨ ᠴᠣᠯᠠ᠎ᠶᠢ ᠬᠢᠨᠠᠨ ᠲᠣᠭᠲᠠᠭᠠᠬᠤ ᠦᠨᠡᠨᠴᠢ ᠢᠲᠡᠭᠡᠮᠵᠢ᠎ᠶᠢᠨ ᠳᠠᠨᠭᠰᠠ ᠡᠪᠬᠡᠮᠡᠯ᠎ᠦᠨ ᠬᠥᠮᠥᠷᠭᠡ᠎ᠳᠦ ᠲᠡᠮᠳᠡᠭᠯᠡᠨ ᠣᠷᠣᠭᠤᠯᠵᠤ᠂ ᠪᠦᠬᠦ ᠤᠯᠤᠰ᠎ᠤᠨ ᠬᠠᠤᠯᠢᠴᠢ᠎ᠶᠢᠨ ᠦᠨᠡᠨᠴᠢ ᠢᠲᠡᠭᠡᠮᠵᠢ᠎ᠶᠢ ᠵᠠᠷᠯᠠᠨ ᠨᠡᠢᠲᠡᠯᠡᠬᠦ ᠲᠠᠪᠴᠠᠩ᠎ᠳᠤ ᠣᠷᠣᠭᠤᠯᠤᠨ᠎ᠠ᠂ ᠲᠡᠮᠳᠡᠭᠯᠡᠬᠦ ᠬᠤᠭᠤᠴᠠᠭ᠎ᠠ ᠨᠢ 3 ᠵᠢᠯ ᠪᠣᠯᠣᠨ᠎ᠠ᠄
( ᠨᠢᠭᠡ ) ᠰᠠᠬᠢᠯᠭ᠎ᠠ ᠪᠠᠲᠤ᠎ᠶᠢ ᠵᠥᠷᠢᠴᠡᠵᠦ ᠬᠠᠤᠯᠢ᠎ᠶᠢ ᠵᠥᠷᠢᠴᠡᠭᠰᠡᠨ ᠦᠢᠯᠡ ᠠᠵᠢᠯᠯᠠᠭ᠎ᠠ᠎ᠲᠠᠢ ᠪᠠᠢᠵᠤ ᠮᠥᠨ ᠯᠡ ᠰᠢᠢᠳᠪᠦᠷᠢᠯᠡᠭᠳᠡᠬᠦ᠂ ᠰᠢᠢᠳᠬᠡᠭᠳᠡᠬᠦ ᠱᠠᠲᠤᠨ᠎ᠳᠤ ᠪᠠᠢᠬᠤ ᠪᠤᠶᠤ ᠤᠳᠤ᠎ᠶᠢᠨ ᠲᠤᠰᠢᠶᠠᠯ᠎ᠤᠨ ᠴᠣᠯᠠ ᠣᠯᠣᠭᠰᠠᠨ ᠬᠤᠭᠤᠴᠠᠭᠠᠨ᠎ᠳᠠᠭᠠᠨ ᠰᠠᠬᠢᠯᠭ᠎ᠠ ᠪᠠᠲᠤ᠎ᠶᠢ ᠵᠥᠷᠢᠴᠡᠵᠦ ᠬᠠᠤᠯᠢ᠎ᠶᠢ ᠵᠥᠷᠢᠴᠡᠭᠰᠡᠨ ᠬᠦᠨᠳᠦ ᠨᠣᠴᠢᠲᠠᠢ ᠦᠢᠯᠡ ᠠᠵᠢᠯᠯᠠᠭ᠎ᠠ᠎ᠲᠠᠢ ᠪᠠᠢᠵᠤ᠂ ᠭᠤᠶᠤᠴᠢᠯᠠᠨ ᠮᠡᠳᠡᠭᠦᠯᠬᠦ ᠮᠠᠲᠧᠷᠢᠶᠠᠯ᠎ᠳᠠᠭᠠᠨ ᠡᠳᠡᠭᠡᠷ ᠪᠠᠢᠳᠠᠯ᠎ᠢᠶᠠᠨ ᠦᠨᠡᠨ ᠮᠥᠨ᠎ᠢᠶᠡᠷ ᠨᠢ ᠲᠠᠭᠯᠠᠵᠤ ᠪᠢᠴᠢᠭᠰᠡᠨ ᠦᠭᠡᠢ ;
( ᠬᠣᠶᠠᠷ ) ᠭᠡᠷᠡᠴᠢ ᠦᠨᠡᠮᠯᠡᠯ᠂ ᠭᠡᠷᠡᠴᠢ ᠪᠢᠴᠢᠭ᠎ᠢ ᠬᠠᠭᠤᠷᠮᠠᠭᠯᠠᠨ ᠵᠣᠬᠢᠶᠠᠭᠰᠠᠨ᠂ ᠥᠭᠡᠷᠡᠲᠦᠭᠦᠯᠦᠨ ᠵᠣᠬᠢᠶᠠᠭᠰᠠᠨ;
( ᠭᠤᠷᠪᠠ ) ᠬᠤᠳᠠᠯ ᠬᠠᠭᠤᠷᠮᠠᠭ ᠭᠤᠶᠤᠴᠢᠯᠠᠨ ᠮᠡᠳᠡᠭᠦᠯᠬᠦ ᠮᠠᠲᠧᠷᠢᠶᠠᠯ ᠬᠠᠩᠭᠠᠭᠰᠠᠨ᠂ ᠪᠤᠰᠤᠳ᠎ᠤᠨ ᠪᠦᠲᠦᠭᠡᠯ ᠪᠠ ᠡᠷᠳᠡᠮ ᠰᠢᠨᠵᠢᠯᠡᠭᠡᠨ᠎ᠦ ᠦᠷ᠎ᠡ ᠪᠦᠲᠦᠭᠡᠯ᠎ᠢ ᠬᠤᠯᠠᠭᠠᠢᠯᠠᠭᠰᠠᠨ ;
( ᠳᠥᠷᠪᠡ ) ᠰᠢᠯᠭᠠᠷᠠᠭᠤᠯᠬᠤ ᠺᠣᠮᠢᠰ᠎ᠤᠨ ᠭᠡᠰᠢᠭᠦᠨ ᠪᠤᠶᠤ ᠠᠵᠢᠯᠲᠠᠨ᠎ᠳᠤ ᠬᠡᠭᠡᠯᠢ ᠲᠦᠯᠬᠢᠬᠦ ᠵᠡᠷᠭᠡ ᠲᠥᠪ ᠪᠤᠰᠤ ᠠᠷᠭ᠎ᠠ ᠪᠠᠷᠢᠯ᠎ᠢᠶᠠᠷ ᠮᠡᠷᠭᠡᠵᠢᠯ᠎ᠦᠨ ᠴᠣᠯᠠ ᠣᠯᠣᠭᠰᠠᠨ ;
( ᠲᠠᠪᠤ ) ᠬᠠᠤᠯᠢ ᠴᠠᠭᠠᠵᠠ ᠬᠠᠤᠯᠢ ᠲᠣᠭᠲᠠᠭᠠᠯ ᠪᠠ ᠬᠢᠨᠠᠨ ᠲᠣᠭᠲᠠᠭᠠᠬᠤ ᠲᠣᠭᠲᠠᠭᠠᠯ᠎ᠢ ᠵᠥᠷᠢᠴᠡᠭᠰᠡᠨ ᠵᠡᠷᠭᠡ ᠪᠤᠰᠤᠳ ᠦᠢᠯᠡ ᠠᠵᠢᠯᠯᠠᠭ᠎ᠠ᠎ᠲᠠᠢ ᠪᠠᠢᠬᠤ᠃
ᠠᠷᠪᠠ ᠶᠢᠰᠦᠳᠦᠭᠡᠷ ᠵᠦᠢᠯ ᠭᠤᠶᠤᠴᠢᠯᠠᠨ ᠮᠡᠳᠡᠭᠦᠯᠦᠭᠴᠢ ᠨᠢ ᠲᠣᠰ ᠬᠢᠨᠠᠨ ᠲᠣᠭᠲᠠᠭᠠᠬᠤ ᠨᠥᠬᠥᠴᠡᠯ᠎ᠳᠦ ᠲᠣᠳᠣᠷᠬᠠᠢᠯᠠᠭᠰᠠᠨ ᠱᠠᠭᠠᠷᠳᠠᠯᠭ᠎ᠠ᠎ᠳᠤ ᠨᠡᠢᠴᠡᠬᠦ᠎ᠡᠴᠡ ᠭᠠᠳᠠᠨ᠎ᠠ ᠂ ᠪᠠᠰᠠ ᠬᠢᠨᠠᠨ ᠲᠣᠭᠲᠠᠭᠠᠬᠤ᠎ᠪᠠᠷ ᠭᠤᠶᠤᠴᠢᠯᠠᠨ ᠮᠡᠳᠡᠭᠦᠯᠬᠦ ᠣᠨ᠎ᠤ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠦᠨ ᠴᠣᠯᠠ᠎ᠶᠢᠨ ᠠᠵᠢᠯ᠎ᠤᠨ ᠲᠣᠬᠢᠷᠠᠭᠤᠯᠤᠯᠲᠠ᠎ᠶᠢᠨ ᠬᠣᠯᠪᠣᠭᠳᠠᠯ ᠪᠦᠬᠦᠢ ᠲᠣᠭᠲᠠᠭᠠᠯ᠎ᠳᠤ ᠨᠡᠢᠴᠡᠭᠰᠡᠨ ᠪᠠᠢᠬᠤ ᠬᠡᠷᠡᠭᠲᠡᠢ ᠂ ᠲᠣᠰ ᠬᠢᠨᠠᠨ ᠲᠣᠭᠲᠠᠭᠠᠬᠤ ᠨᠥᠬᠥᠴᠡᠯ᠎ᠦᠨ ᠬᠠᠮᠢᠶ᠎ᠠ ᠪᠦᠬᠦᠢ ᠵᠦᠢᠯ ᠵᠤᠷᠪᠤᠰ᠎ᠤᠨ ᠲᠤᠬᠠᠢ ᠬᠢᠨᠠᠨ ᠲᠣᠭᠲᠠᠭᠠᠬᠤ ᠣᠨ᠎ᠤ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠦᠨ ᠴᠣᠯᠠ᠎ᠶᠢᠨ ᠠᠵᠢᠯ᠎ᠤᠨ ᠲᠣᠬᠢᠷᠠᠭᠤᠯᠤᠯᠲᠠ᠎ᠳᠤ ᠠᠰᠲᠠᠭᠠᠨ ᠲᠣᠭᠲᠠᠭᠠᠯ᠎ᠲᠠᠢ ᠪᠠᠢᠪᠠᠯ ᠂ ᠲᠡᠷᠡ ᠲᠣᠭᠲᠠᠭᠠᠯ᠎ᠢ ᠳᠠᠭᠠᠬᠤ ᠬᠡᠷᠡᠭᠲᠡᠢ ᠃
ᠬᠣᠷᠢᠳᠤᠭᠠᠷ ᠵᠦᠢᠯ ᠲᠤᠰ ᠠᠷᠭ᠎ᠠ᠎ᠳᠤ ᠲᠣᠳᠣᠷᠬᠠᠢ ᠲᠣᠭᠲᠠᠭᠠᠭᠰᠠᠨ ᠦᠭᠡᠢ ᠵᠦᠢᠯ᠎ᠢ ᠤᠯᠤᠰ ᠪᠣᠯᠣᠨ ᠥᠪᠡᠷᠲᠡᠭᠡᠨ ᠵᠠᠰᠠᠬᠤ ᠣᠷᠣᠨ᠎ᠤ ᠤᠳᠤ᠎ᠶᠢᠨ ᠬᠡᠷᠡᠭᠵᠢᠭᠦᠯᠵᠦ ᠪᠠᠢᠭ᠎ᠠ ᠬᠠᠮᠢᠶ᠎ᠠ ᠪᠦᠬᠦᠢ ᠲᠥᠷᠥ᠎ᠶᠢᠨ ᠪᠣᠳᠣᠯᠭ᠎ᠠ᠎ᠶᠢᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠠᠵᠢᠯ᠎ᠤᠨ ᠶᠠᠪᠤᠴᠠ᠎ᠳᠤ ᠪᠤᠰᠤᠳ ᠴᠢᠬᠤᠯᠠ ᠶᠡᠬᠡ ᠲᠥᠷᠥ᠎ᠶᠢᠨ ᠪᠣᠳᠣᠯᠭ᠎ᠠ᠎ᠶᠢᠨ ᠲᠣᠬᠢᠷᠠᠭᠤᠯᠤᠯᠲᠠ ᠲᠣᠬᠢᠶᠠᠯᠳᠤᠪᠠᠯ ᠂ ᠰᠢᠨ᠎ᠡ ᠲᠥᠷᠥ᠎ᠶᠢᠨ ᠪᠣᠳᠣᠯᠭ᠎ᠠ᠎ᠶᠢᠨ ᠶᠣᠰᠣᠭᠠᠷ ᠬᠡᠷᠡᠭᠵᠢᠭᠦᠯᠦᠨ᠎ᠡ ᠃ ᠲᠣᠰ ᠠᠷᠭ᠎ᠠ᠎ᠶᠢ ᠥᠪᠡᠷᠲᠡᠭᠡᠨ ᠵᠠᠰᠠᠬᠤ ᠣᠷᠣᠨ᠎ᠤ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠢᠩᠬᠢᠮ ᠵᠢᠴᠢ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠲᠢᠩᠬᠢᠮ᠎ᠡᠴᠡ ᠡᠭᠦᠷᠭᠡ ᠬᠠᠷᠢᠭᠤᠴᠠᠯᠭ᠎ᠠ᠎ᠶᠢᠨ ᠬᠤᠪᠢᠶᠠᠷᠢᠯᠠᠯ ᠶᠣᠰᠣᠭᠠᠷ ᠲᠠᠢᠯᠪᠤᠷᠢ ᠬᠢᠬᠦ᠎ᠶᠢ ᠬᠠᠷᠢᠭᠤᠴᠠᠨ᠎ᠠ ᠃
ᠬᠣᠷᠢᠨ ᠨᠢᠭᠡᠳᠦᠭᠡᠷ ᠵᠦᠢᠯ ᠲᠤᠰ ᠠᠷᠭ᠎ᠠ᠎ᠶᠢ ᠳᠠᠷᠤᠮᠠᠯᠯᠠᠨ ᠶᠠᠪᠤᠭᠤᠯᠤᠭᠰᠠᠨ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠃ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢᠴᠢ᠎ᠶᠢᠨ ᠴᠤᠪᠤᠷᠠᠯ᠎ᠤᠨ ᠳᠡᠭᠡᠳᠦ ( ᠳᠤᠮᠳᠠ ) ᠲᠤᠰᠬᠠᠢ ᠮᠡᠷᠭᠡᠵᠢᠯ᠎ᠦᠨ ᠬᠢᠷᠢ ᠬᠡᠮ᠎ᠢ ᠬᠢᠨᠠᠨ ᠲᠣᠭᠲᠠᠭᠠᠬᠤ ᠨᠥᠬᠥᠴᠡᠯ ( ᠲᠤᠷᠰᠢᠨ ᠬᠡᠷᠡᠭᠵᠢᠭᠦᠯᠬᠦ ) 》 ( ᠥᠪᠥᠷ ᠮᠣᠩᠭᠣᠯ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ ᠲᠠᠷᠬᠠᠭᠠᠭᠰᠠᠨ [ 2015 ] 130 ᠳ᠋ᠤᠭᠠᠷ ᠲᠣᠭᠠᠲᠤ )᠎ᠢ ᠬᠠᠮᠲᠤ ᠳ᠋ᠤᠨᠢ ᠬᠦᠴᠦᠨ ᠦᠭᠡᠢ ᠪᠣᠯᠭᠠᠨ᠎ᠠ ᠃